ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢᠶᠠᠷ | ᠢᠯᠡ ᠪᠣᠯᠭᠠᠬᠤ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | 0 ﹇2022﹈ 41 ᠳ᠋ᠤᠭᠡᠷ ᠲᠣᠭᠠᠲᠤ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠭᠤᠶᠤᠴᠢᠯᠠᠯ ᠢᠶᠠᠷ ᠢᠯᠡ ᠪᠣᠯᠭᠠᠬᠤ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠬᠠᠷᠢᠶ᠎ᠠ ᠡᠯ᠎ᠡ | ᠨᠢᠭᠡᠴᠡ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠠᠷᠪᠠᠨ ᠬᠤᠶᠠᠳᠤᠭᠠᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ | ᠵᠥᠪᠰᠢᠶᠡᠷᠡᠯ ᠢᠶᠠᠷ᠂ ᠡᠳᠦᠭᠡ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠭᠤᠶᠤᠴᠢᠯᠠᠯ ᠶᠣᠰᠣᠭᠠᠷ ᠢᠯᠡ ᠪᠣᠯᠭᠠᠬᠤ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ | ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠭᠤᠶᠤᠴᠢᠯᠠᠯ ᠢᠶᠠᠷ ᠢᠯᠡ ᠪᠣᠯᠭᠠᠨ᠎ᠠ | ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶ | ᠪᠥᠬᠦ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢᠶᠠᠷ ᠢᠯᠡ ᠪᠣᠯᠭᠠᠬᠤ | ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠢ ᠦᠨᠳᠦᠰᠦᠯᠡᠨ᠂ ᠮᠠᠨ ᠤ ᠬᠤᠰᠢᠭᠤᠨ ᠤ | ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠦᠷᠢᠮ ᠢ ᠲᠣᠭᠲᠠᠭᠠᠪᠠ᠃ | ᠲᠤᠰ ᠳᠦᠷᠢᠮ ᠳᠤ ᠲᠣᠭᠲᠠᠭᠠᠭᠰᠠᠨ ᠭᠤᠶᠤᠴᠢᠯᠠᠯ ᠢᠶᠠᠷ ᠢᠯᠡ ᠪᠣᠯᠭᠠᠬᠤ ᠭᠡᠳᠡᠭ ᠪᠣᠯ ᠵᠠᠰᠠᠭ ᠵᠠᠬᠢᠷᠭᠠᠨ ᠤ | ᠪᠠᠶᠢᠭᠤᠯᠭ᠎ᠠ ︵ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠠᠷᠭᠠᠪᠠᠯ | ︶ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ︵ᠳᠣᠷᠣᠭᠰᠢ ᠭᠤᠶᠤᠴᠢᠯᠠᠭᠴᠢ | ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠦᠨᠳᠦᠰᠦᠯᠡᠨ ᠲᠤᠰ ᠪᠡᠶ᠎ᠡ ᠶᠢᠨ ᠦᠢᠯᠡᠳᠪᠦᠷᠢᠯᠡᠯ᠂ ᠠᠮᠢᠳᠤᠷᠠᠯ᠂ | ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠣᠨᠴᠠᠭᠠᠶ ᠬᠡᠷᠡᠭᠴᠡᠭᠡ ᠪᠠᠨ ᠦᠨᠳᠦᠰᠦᠯᠡᠵᠦ᠂ ᠮᠠᠨ ᠤ ᠬᠤᠰᠢᠭᠤᠨ ᠤ | ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ︵ᠳᠣᠷᠣᠭᠰᠢ ᠵᠠᠰᠠᠭ ᠵᠠᠬᠢᠷᠭᠠᠨ ᠤ ᠪᠠᠶᠢᠭᠤᠯᠭ᠎ᠠ | ᠭᠡᠵᠦ ᠶᠡᠷᠦᠩᠬᠡᠶᠢᠯᠡᠨ ᠨᠡᠷᠡᠶᠢᠳᠦᠨ᠎ᠡ︶ ᠲᠤ ᠭᠤᠶᠤᠴᠢᠯᠠᠬᠤ ᠳᠤ᠂ ᠬᠠᠤᠯᠢ ᠴᠠᠭᠠᠵᠠ ᠶᠢᠨ ᠲᠣᠭᠲᠠᠭᠠᠯ ᠪᠠ ᠲᠣᠰ | ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠭᠤᠶᠤᠴᠢᠯᠠᠭᠴᠢ ᠳᠤ ᠵᠠᠰᠠᠭ ᠤᠨ ᠣᠷᠳᠣᠨ ᠤ ᠮᠡᠳᠡᠭᠡ | ᠵᠠᠩᠭᠢ ᠶᠢᠨ ᠵᠠᠰᠠᠭ ᠵᠠᠬᠢᠷᠭᠠᠨ ᠤ ᠤᠶᠢᠯᠡ ᠠᠵᠢᠯᠯᠠᠭ᠎ᠠ ᠶᠢ ᠢᠯᠡ ᠪᠣᠯᠭᠠᠨ᠎ᠠ᠃ | ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠠᠵᠢᠯ ᠢ ᠬᠢᠬᠦ ᠳᠡᠭᠡᠨ ᠲᠥᠪ ᠭᠤᠤᠯᠴᠢ᠂ ᠡᠷᠬᠡ ᠲᠡᠭᠰᠢ᠂ | ᠠᠷᠠᠳ ᠲᠤ ᠲᠥᠬᠦᠮ ᠦᠵᠡᠭᠦᠯᠬᠦ ᠪᠠ ᠴᠠᠭ ᠲᠤᠬᠠᠶ ᠳᠤᠨᠢ᠂ ᠣᠨᠣᠪᠴᠢᠲᠠᠶ ᠪᠠᠶᠢᠯᠭᠠᠬᠤ ᠵᠠᠷᠴᠢᠮ ᠢ ᠪᠠᠷᠢᠮᠲᠠᠯᠠᠵᠤ᠂ | ᠲᠠᠰ ᠬᠤᠪᠢᠶᠠᠬᠤ᠂ ᠡᠭᠦᠷᠭᠡ ᠴᠢᠳᠠᠪᠤᠷᠢ ᠪᠠᠷ ᠨᠢ ᠭᠥᠯᠢᠶᠡᠨ ᠠᠪᠴᠤ ᠰᠢᠢᠳᠪᠤᠷᠢᠯᠡᠬᠦ ᠵᠠᠷᠴᠢᠮ ᠢ ᠪᠠᠷᠢᠮᠲᠠᠯᠠᠬᠤ | ᠬᠡᠷᠡᠭᠲᠡᠶ᠃ | ᠨᠢᠭᠡ᠂ ᠬᠦᠯᠢᠶᠡᠨ ᠠᠪᠬᠤ ᠪᠠᠶᠢᠭᠤᠯᠤᠮᠵᠢ | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ ᠨᠢᠭᠡᠴᠡ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ | ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠪᠠ ᠣᠯᠠᠨ | ᠲᠦᠮᠡᠨ ᠤ ᠠᠰᠢᠭ ᠲᠤᠰᠠ ᠯᠤᠭ᠎ᠠ ᠨᠢᠭᠲᠠ ᠬᠤᠯᠪᠣᠭ᠎ᠠ ᠲᠠᠢ ᠠᠵᠢᠯ ᠤᠶᠢᠯᠡᠰ ᠤᠨ ᠨᠢᠭᠡᠴᠡ ︵ᠳᠣᠷᠣᠭᠰᠢ ᠭᠥᠯᠢᠶᠡᠨ | ᠠᠪᠴᠤ ᠰᠢᠢᠳᠪᠤᠷᠢᠯᠡᠬᠦ ᠪᠠᠶᠢᠭᠤᠯᠤᠮᠵᠢ ᠭᠡᠵᠦ ᠲᠣᠪᠴᠢᠯᠠᠨ᠎ᠠ︶ ᠨᠢ ᠠᠵᠢᠯ ᠤᠨ ᠡᠭᠦᠷᠭᠡ ᠬᠠᠷᠢᠭᠤᠴᠠᠯᠭ᠎ᠠ ᠪᠠᠨ | ᠦᠨᠳᠦᠰᠦᠯᠡᠨ᠂ ᠭᠤᠶᠤᠴᠢᠯᠠᠭᠴᠢ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠤᠷᠢᠯᠡᠨ᠎ᠡ᠃ | ᠬᠤᠶᠠᠷ᠂ ᠢᠯᠡ ᠪᠣᠯᠭᠠᠬᠤ ᠲᠠᠰ ᠳᠠᠷᠠᠭᠠᠯᠠᠯ | ︵ᠨᠢᠭᠡ︶ ᠢᠯᠡ ᠪᠣᠯᠭᠠᠬᠤ ᠪᠠᠷ ᠭᠤᠶᠤᠴᠢᠯᠠᠬᠤ ᠶᠢ ᠳᠤᠷᠠᠳᠬᠤ | ᠭᠤᠶᠤᠴᠢᠯᠠᠭᠴᠢ ᠠᠴᠠ ᠬᠦᠯᠢᠶᠡᠨ ᠠᠪᠬᠤ ᠪᠠᠶᠢᠭᠤᠯᠤᠮᠵᠢ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠪᠠᠷ ᠭᠤᠶᠤᠴᠢᠯᠠᠬᠤ ᠦᠶ᠎ᠡ ᠳᠤ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ︾ ᠶᠢ ᠦᠨᠡᠨ ᠮᠥᠨ ᠢᠶᠠᠷ ᠨᠢ | ᠲᠠᠭᠯᠠᠵᠤ ᠪᠢᠴᠢᠬᠦ ᠬᠡᠷᠡᠭᠲᠡᠶ᠃ | ︽ᠭᠤᠶᠤᠴᠢᠯᠠᠯ ᠤᠨ ᠬᠦᠰᠦᠨᠦᠭᠲᠦ︾ ᠶᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ︵www.cyhq.gov.cn︶ ᠠᠴᠠ ᠪᠠᠭᠤᠯᠭᠠᠨ ᠠᠪᠴᠤ | ᠪᠣᠯᠤᠨ᠎ᠠ᠂ ᠪᠠᠰᠠ ᠭᠥᠯᠢᠶᠡᠨ ᠠᠪᠴᠤ ᠰᠢᠢᠳᠪᠤᠷᠢᠯᠡᠬᠦ ᠪᠠᠶᠢᠭᠤᠯᠤᠮᠵᠢ ᠠᠴᠠ ᠭᠠᠷᠭᠠᠨ ᠠᠪᠴᠤ ᠪᠣᠯᠤᠨ᠎ᠠ᠃ | ᠭᠤᠶᠤᠴᠢᠯᠠᠯ ᠢ ᠰᠢᠢᠳᠪᠤᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠭᠤᠶᠤᠴᠢᠯᠠᠭᠴᠢ ᠠᠴᠠ | ᠬᠡᠷᠡᠭᠰᠡᠬᠦ ᠮᠡᠳᠡᠭᠡ ᠵᠠᠩᠭᠢ ᠪᠠᠨ ᠠᠯᠢ ᠴᠢᠳᠠᠬᠤ ᠪᠠᠷ ᠨᠠᠷᠢᠨ ᠲᠣᠳᠣᠷᠬᠠᠶ ᠳᠦᠷᠰᠦᠯᠡᠨ ᠲᠣᠭᠠᠴᠢᠬᠤ ᠬᠡᠷᠡᠭᠲᠡᠶ᠂ | ᠪᠣᠯᠤᠯᠴᠠᠭ᠎ᠠ ᠲᠠᠢ ᠪᠣᠯ᠂ ᠲᠣᠰ ᠮᠡᠳᠡᠭᠡ ᠵᠠᠩᠭᠢ ᠶᠢᠨ ᠭᠠᠷᠴᠠᠭ᠂ ᠨᠡᠶᠢᠲᠡᠯᠡᠬᠦ ᠴᠠᠭ᠂ ᠲᠠᠷᠬᠠᠭᠠᠬᠤ ᠪᠢᠴᠢᠭ ᠤᠨ | ᠳ᠋ᠤᠭᠠᠷ ᠪᠤᠶᠤ ᠲᠣᠰ ᠮᠡᠳᠡᠭᠡ ᠵᠠᠩᠭᠢ ᠶᠢ ᠲᠣᠳᠣᠷᠬᠠᠶᠢᠯᠠᠬᠤ ᠳᠤ ᠲᠤᠰᠠᠲᠠᠶ ᠪᠤᠰᠤᠳ ᠰᠠᠨᠠᠭᠤᠯᠤᠮᠵᠢ ᠶᠢ ᠬᠠᠩᠭᠠᠭᠠᠷᠠᠶ | ᠭᠡᠵᠦ ᠭᠤᠶᠤᠴᠢᠯᠠᠯ ᠢ ᠰᠢᠢᠳᠪᠤᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ | ᠭᠤᠶᠤᠴᠢᠯᠠᠭᠴᠢ ᠠᠴᠠ ᠱᠠᠭᠠᠷᠳᠠᠵᠤ ᠪᠠᠶᠢᠭ᠎ᠠ ᠮᠡᠳᠡᠭᠡ ᠵᠠᠩᠭᠢ ᠶᠢ ᠠᠯᠢ ᠴᠢᠳᠠᠬᠤ ᠪᠠᠷ ᠨᠠᠷᠢᠨ ᠲᠣᠳᠣᠷᠬᠠᠶ | ᠳᠦᠷᠰᠦᠯᠡᠨ ᠲᠣᠭᠠᠴᠢᠬᠤ ᠬᠡᠷᠡᠭᠲᠡᠶ᠃ | ︵ᠬᠤᠶᠠᠷ︶ ᠢᠯᠡ ᠪᠣᠯᠭᠠᠬᠤ ᠪᠠᠷ ᠭᠤᠶᠤᠴᠢᠯᠠᠬᠤ ᠶᠢᠨ ᠲᠤᠰᠢᠶᠠᠬᠤ ᠠᠷᠭ᠎ᠠ ᠮᠠᠶ᠋ᠢᠭ | 1. ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠭᠤᠶᠤᠴᠢᠯᠠᠯ ᠳᠡᠪᠰᠢᠭᠦᠯᠦᠨ᠎ᠡ | ᠭᠤᠶᠤᠴᠢᠯᠠᠭᠴᠢ ᠶᠢᠨ ᠲᠠᠭᠯᠠᠭᠰᠠᠨ ︽ᠭᠤᠶᠤᠴᠢᠯᠠᠯ ᠤᠨ ᠬᠦᠰᠦᠨᠦᠭᠲᠦ︾ ᠶᠢ ᠡᠯᠧᠺᠲᠷᠣᠨ ᠰᠢᠤᠳᠠᠨ ᠤ | ᠵᠤᠶᠢᠯ ᠢᠶᠠᠷ ᠳᠠᠮᠵᠢᠭᠤᠯᠤᠨ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ | ᠡᠯᠧᠺᠲᠷᠣᠨ ᠰᠢᠤᠳᠠᠨ ᠤ ᠬᠠᠶᠢᠷᠴᠠᠭ ᠲᠤ ᠶᠠᠪᠤᠭᠤᠯᠵᠤ᠂ ᠵᠣᠬᠢᠬᠤ ᠨᠢᠭᠡᠴᠡ ᠶᠢᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠪᠠᠶᠢᠭᠤᠯᠤᠮᠵᠢ ᠠᠴᠠ ᠭᠥᠯᠢᠶᠡᠨ ᠠᠪᠴᠤ ᠰᠢᠢᠳᠪᠤᠷᠢᠯᠡᠨ᠎ᠡ᠃ | 2. ᠵᠠᠬᠢᠳᠠᠯ᠂ ᠹᠠᠺᠰ ᠵᠡᠷᠭᠡ ᠪᠠᠷ ᠭᠤᠶᠤᠴᠢᠯᠠᠯ ᠢᠶᠠᠨ ᠲᠤᠰᠢᠶᠠᠨ᠎ᠠ | ᠭᠤᠶᠤᠴᠢᠯᠠᠭᠴᠢ ᠠᠴᠠ ᠲᠠᠭᠯᠠᠨ ᠪᠢᠴᠢᠭᠰᠡᠨ ︽ᠭᠤᠶᠤᠴᠢᠯᠠᠯ ᠤᠨ ᠬᠦᠰᠦᠨᠦᠭᠲᠦ︾ ᠪᠠᠨ ᠵᠠᠬᠢᠳᠠᠯ᠂ | ᠳᠦᠷᠰᠦ ᠨᠡᠪᠲᠡᠷᠡᠭᠦᠯᠭᠡ ᠪᠠᠷ ᠳᠠᠮᠵᠢᠭᠤᠯᠤᠨ ᠬᠦᠯᠢᠶᠡᠨ ᠠᠪᠴᠤ ᠰᠢᠢᠳᠪᠤᠷᠢᠯᠡᠬᠦ ᠪᠠᠶᠢᠭᠤᠯᠤᠮᠵᠢ ᠳᠤ ᠢᠯᠡᠭᠡᠬᠦ ᠶᠢᠨ | ᠬᠠᠮᠲᠤ ᠵᠠᠬᠢᠳᠠᠯ᠂ ᠳᠦᠷᠰᠦ ᠨᠡᠪᠲᠡᠷᠡᠭᠦᠯᠭᠡ ᠶᠢᠨ ᠵᠡᠭᠦᠨ ᠳᠡᠭᠡᠷ᠎ᠡ ᠥᠨᠴᠥᠭ ᠲᠤ ︽ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠭᠤᠶᠤᠴᠢᠯᠠᠯ︾ ᠭᠡᠰᠡᠨ ᠦᠰᠦᠭ ᠢ ᠲᠣᠳᠣᠷᠬᠠᠶᠢᠯᠠᠨ᠎ᠠ᠃ | 3. ᠲᠤᠬᠠᠢ ᠶᠢᠨ ᠲᠠᠯᠠᠪᠠᠢ ᠪᠠᠷ ᠳᠠᠮᠵᠢᠭᠤᠯᠤᠨ ᠭᠤᠶᠤᠴᠢᠯᠠᠯ ᠢᠶᠠᠨ ᠲᠤᠰᠢᠶᠠᠨ᠎ᠠ | ᠭᠤᠶᠤᠴᠢᠯᠠᠭᠴᠢ ᠨᠢ ᠬᠦᠯᠢᠶᠡᠨ ᠠᠪᠴᠤ ᠰᠢᠢᠳᠪᠤᠷᠢᠯᠡᠬᠦ ᠪᠠᠶᠢᠭᠤᠯᠤᠮᠵᠢ ᠳᠤ ᠣᠴᠢᠵᠤ | ᠭᠤᠶᠤᠴᠢᠯᠠᠯ ᠢᠶᠠᠨ ᠨᠢᠭᠤᠷᠳᠠᠨ ᠲᠤᠰᠢᠶᠠᠵᠤ᠂ ︽ᠭᠤᠶᠤᠴᠢᠯᠠᠯ ᠤᠨ ᠬᠦᠰᠦᠨᠦᠭᠲᠦ︾ ᠶᠢ ᠲᠠᠭᠯᠠᠵᠤ ᠪᠣᠯᠤᠨ᠎ᠠ᠃ | ᠭᠤᠶᠤᠴᠢᠯᠠᠭᠴᠢ ᠶᠢᠨ ᠪᠢᠴᠢᠬᠦ ᠳᠤ ᠬᠦᠴᠢᠷ ᠲᠠᠢ ᠪᠣᠯ ᠬᠦᠯᠢᠶᠡᠨ ᠠᠪᠴᠤ ᠰᠢᠢᠳᠪᠤᠷᠢᠯᠡᠬᠦ ᠪᠠᠶᠢᠭᠤᠯᠤᠮᠵᠢ ᠶᠢᠨ | ᠠᠵᠢᠯᠲᠠᠨ ᠣᠷᠣᠯᠠᠨ ᠪᠢᠴᠢᠨ᠎ᠡ᠃ ᠬᠦᠯᠢᠶᠡᠨ ᠠᠪᠴᠤ ᠰᠢᠢᠳᠪᠤᠷᠢᠯᠡᠬᠦ ᠪᠠᠶᠢᠭᠤᠯᠤᠮᠵᠢ ᠨᠢ ᠭᠤᠶᠤᠴᠢᠯᠠᠭᠴᠢ ᠶᠢᠨ | ᠦᠨᠳᠦᠰᠦᠨ ᠪᠠᠶᠢᠳᠠᠯ ︵ᠵᠢᠱᠢᠶᠡᠯᠡᠪᠡᠯ ᠭᠤᠶᠤᠴᠢᠯᠠᠭᠴᠢ ᠶᠢᠨ ᠤᠪᠤᠭ ᠨᠡᠷ᠎ᠡ᠂ ᠠᠵᠢᠯᠯᠠᠵᠤ ᠪᠠᠶᠢᠭ᠎ᠠ ᠨᠢᠭᠡᠴᠢ᠂ ᠭᠡᠷ | ᠪᠦᠯᠢ ᠶᠢᠨ ᠬᠠᠶ᠋ᠢᠭ᠂ ᠭᠡᠷᠡᠴᠢ ᠦᠨᠡᠮᠯᠡᠯ ᠤᠨ ᠨᠡᠷᠡᠶᠢᠳᠦᠯ ᠵᠢᠴᠢ ᠨᠣᠮᠧᠷ᠂ ᠬᠠᠷᠢᠯᠴᠠᠬᠤ ᠠᠷᠭ᠎ᠠ ᠮᠠᠶ᠋ᠢᠭ ᠵᠡᠷᠭᠡ︶ | ᠪᠣᠯᠤᠨ ᠭᠤᠶᠤᠴᠢᠯᠠᠭᠰᠠᠨ ᠭᠤᠣᠯ ᠠᠭᠤᠯᠭ᠎ᠠ ᠶᠢ ᠰᠠᠶᠢᠲᠤᠷ ᠲᠡᠮᠳᠡᠭᠯᠡᠬᠦ ᠬᠡᠷᠡᠭᠲᠡᠶ᠃ | ᠬᠦᠯᠢᠶᠡᠨ ᠠᠪᠴᠤ ᠰᠢᠢᠳᠪᠤᠷᠢᠯᠡᠬᠦ ᠪᠠᠶᠢᠭᠤᠯᠤᠮᠵᠢ ᠨᠢ ᠳ᠋ᠢᠶᠠᠩᠬᠤᠸᠠ ᠶᠢᠨ ᠬᠡᠯᠪᠡᠷᠢ ᠪᠠᠷ ᠳᠤᠷᠠᠳᠤᠭᠰᠠᠨ | ᠭᠤᠶᠤᠴᠢᠯᠠᠯ ᠢ ᠰᠢᠭᠤᠳ ᠬᠦᠯᠢᠶᠡᠨ ᠠᠪᠴᠤ ᠰᠢᠶ᠋ᠳᠪᠦᠷᠢᠯᠡᠬᠦ ᠦᠭᠡᠢ᠂ ᠭᠡᠪᠡᠴᠦ ᠭᠤᠶᠤᠴᠢᠯᠠᠭᠴᠢ ᠨᠢ | ᠳ᠋ᠢᠶᠠᠩᠬᠤᠸᠠ ᠪᠠᠷ ᠳᠠᠮᠵᠢᠭᠤᠯᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠠᠰᠠᠭᠤᠨ ᠯᠠᠪᠯᠠᠵᠤ ᠪᠣᠯᠤᠨ᠎ᠠ᠃ | ︵ᠭᠤᠷᠪᠠ︶ ᠢᠯᠡ ᠪᠣᠯᠭᠠᠬᠤ ᠪᠠᠷ ᠭᠤᠶᠤᠴᠢᠯᠠᠭᠰᠠᠨ ᠢ ᠰᠢᠢᠳᠪᠤᠷᠢᠯᠡᠬᠦ | 1᠂ ᠬᠢᠨᠠᠨ ᠪᠠᠶᠢᠴᠠᠭᠠᠬᠤ | ︵1︶ ᠬᠦᠯᠢᠶᠡᠨ ᠠᠪᠴᠤ ᠰᠢᠢᠳᠪᠤᠷᠢᠯᠡᠬᠦ ᠪᠠᠶᠢᠭᠤᠯᠤᠮᠵᠢ ᠭᠤᠶᠤᠴᠢᠯᠠᠯ ᠢ ᠣᠯᠤᠭᠰᠠᠨ ᠤ ᠳᠠᠷᠠᠭ᠎ᠠ᠂ | ᠭᠤᠶᠤᠴᠢᠯᠠᠯ ᠤᠨ ᠬᠡᠯᠪᠡᠷᠢ ᠶᠢᠨ ᠴᠢᠬᠤᠯᠠ ᠨᠥᠬᠦᠴᠡᠯ ᠤᠨ ᠪᠦᠷᠢᠨ ᠭᠦᠢᠴᠡᠳ ᠪᠠᠶᠢᠬᠤ ᠡᠰᠡᠬᠦ ᠶᠢ ᠬᠢᠨᠠᠨ | ᠪᠠᠶᠢᠴᠠᠭᠠᠵᠤ᠂ ᠴᠢᠬᠤᠯᠠ ᠨᠥᠬᠦᠴᠡᠯ ᠤᠨ ᠪᠦᠷᠢᠨ ᠭᠦᠢᠴᠡᠳ ᠪᠤᠰᠤ ᠶᠢ ᠨᠢ ᠨᠥᠬᠦᠪᠥᠷᠢᠯᠡᠨ ᠵᠠᠯᠠᠷᠠᠭᠤᠯᠬᠤ ᠶᠢ | ᠭᠤᠶᠤᠴᠢᠯᠠᠭᠴᠢ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃ | ︵2︶ ᠭᠤᠶᠤᠴᠢᠯᠠᠭᠴᠢ ᠶᠢᠨ ᠭᠠᠭᠴᠠ ᠵᠦᠢᠯ ᠤᠨ ᠭᠤᠶᠤᠴᠢᠯᠠᠯ ᠳᠤ ᠬᠡᠳᠦᠨ ᠵᠦᠢᠯ ᠤᠨ ᠲᠤᠰᠠᠭᠠᠷ | ᠱᠠᠭᠠᠷᠳᠠᠯᠭ᠎ᠠ ᠶᠢ ᠬᠠᠮᠲᠤ ᠳᠤᠨᠢ ᠳᠤᠷᠠᠳᠤᠭᠰᠠᠨ ᠪᠠᠶᠢᠪᠠᠯ᠂ ᠠᠳᠠᠯᠢ ᠪᠤᠰᠤ ᠱᠠᠭᠠᠷᠳᠠᠯᠭ᠎ᠠ ᠳᠤ ᠴᠢᠭᠯᠡᠭᠦᠯᠦᠭᠰᠡᠨ | ᠬᠠᠷᠢᠭᠤᠯᠲᠠ ᠥᠭᠬᠦ ᠪᠠᠶᠢᠭᠤᠯᠤᠮᠵᠢ ᠶᠢᠨ ᠠᠳᠠᠯᠢ ᠪᠤᠰᠤ ᠪᠠᠶᠢᠵᠤ ᠮᠡᠳᠡᠬᠦ ᠶᠢ ᠪᠣᠳᠣᠯᠬᠢᠯᠠᠨ᠂ ᠰᠢᠶ᠋ᠳᠪᠦᠷᠢᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠭᠤᠶᠤᠴᠢᠯᠠᠭᠴᠢ ᠠᠳᠠᠯᠢ ᠪᠤᠰᠤ ᠱᠠᠭᠠᠷᠳᠠᠯᠭ᠎ᠠ ᠶᠢᠨ ᠲᠤᠬᠠᠶ ᠲᠤᠰ | ᠲᠤᠰ ᠭᠤᠶᠤᠴᠢᠯᠠᠯ ᠭᠠᠷᠭᠠᠬᠤ ᠬᠡᠷᠡᠭᠲᠡᠶ᠃ | 2᠂ ᠳᠠᠩᠰᠠᠯᠠᠬᠤ | ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠭᠤᠶᠤᠴᠢᠯᠠᠯ ᠤᠨ ᠬᠦᠰᠦᠨᠦᠭᠲᠦ︾ ᠶᠢ ᠪᠦᠷᠢᠨ ᠪᠦᠲᠦᠨ ᠲᠠᠭᠯᠠᠭᠰᠠᠨ ᠮᠥᠷᠲᠡᠭᠡᠨ ᠭᠤᠶᠤᠴᠢᠯᠠᠭᠴᠢ ᠶᠢᠨ | ᠬᠦᠴᠦᠨ ᠪᠥᠬᠦᠶ ᠪᠡᠶ᠎ᠡ ᠶᠢᠨ ᠦᠨᠡᠮᠯᠡᠯ ᠢ ᠬᠠᠩᠭᠠᠭᠰᠠᠨ ᠭᠤᠶᠤᠴᠢᠯᠠᠯ ᠢ ᠴᠠᠭ ᠲᠤᠬᠠᠶ ᠳᠤᠨᠢ ᠳᠡᠩᠰᠡᠯᠡᠵᠦ᠂ ᠭᠥᠯᠢᠶᠡᠨ | ᠠᠪᠴᠤ ᠰᠢᠢᠳᠪᠤᠷᠢᠯᠡᠬᠦ ᠪᠠᠶᠢᠭᠤᠯᠤᠮᠵᠢ ᠭᠤᠶᠤᠴᠢᠯᠠᠯ ᠢ ᠭᠥᠯᠢᠶᠡᠨ ᠠᠪᠤᠭᠰᠠᠨ ᠡᠮᠦᠨ᠎ᠡ ᠬᠤᠶᠢᠨᠠᠬᠢ ᠳᠠᠷᠠᠭᠠᠯᠠᠯ ᠢ | ᠦᠨᠳᠦᠰᠦᠯᠡᠨ ᠰᠢᠢᠳᠪᠤᠷᠢᠯᠡᠬᠦ ᠶᠢᠨ ᠬᠠᠮᠲᠤ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠭᠥᠯᠢᠶᠡᠨ ᠠᠪᠴᠤ ᠰᠢᠢᠳᠪᠤᠷᠢᠯᠡᠬᠦ ᠮᠡᠳᠡᠭᠳᠡᠯ ᠤᠨ ᠪᠢᠴᠢᠭ︾ | ᠭᠠᠷᠭᠠᠵᠤ ᠥᠭᠭᠦᠨ᠎ᠡ᠂ ᠡᠭᠦᠨ ᠤ ᠬᠠᠮᠲᠤ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠭᠥᠯᠢᠶᠡᠨ ᠠᠪᠴᠤ ᠰᠢᠢᠳᠪᠤᠷᠢᠯᠡᠬᠦ ᠮᠡᠳᠡᠭᠳᠡᠯ ᠤᠨ ᠪᠢᠴᠢᠭ︾ ᠢ | ᠭᠠᠷᠭᠠᠵᠤ ᠥᠭᠭᠦᠨ᠎ᠡ᠃ | 3. ᠬᠠᠷᠢᠭᠤᠯᠲᠠ | ᠬᠦᠯᠢᠶᠡᠨ ᠠᠪᠴᠤ ᠰᠢᠢᠳᠪᠤᠷᠢᠯᠡᠬᠦ ᠪᠠᠶᠢᠭᠤᠯᠤᠮᠵᠢ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠭᠤᠶᠤᠴᠢᠯᠠᠯ ᠢ ᠣᠯᠤᠭᠰᠠᠨ ᠤ ᠳᠠᠷᠠᠭ᠎ᠠ᠂ ᠲᠡᠷᠡ ᠳᠣᠣᠷ᠎ᠠ ᠨᠢ ᠬᠠᠷᠢᠭᠤᠯᠲᠠ ᠥᠭᠴᠦ ᠳᠡᠶᠢᠯᠬᠦ ᠳᠤ | ᠬᠦᠷᠪᠡᠯ᠂ ᠲᠡᠷᠡ ᠳᠣᠣᠷ᠎ᠠ ᠨᠢ ᠬᠠᠷᠢᠭᠤᠯᠲᠠ ᠥᠭᠬᠦ ᠬᠡᠷᠡᠭᠲᠡᠶ᠃ ᠲᠤᠬᠠᠶ ᠶᠢᠨ ᠲᠠᠯᠠᠪᠤᠷ ᠲᠤᠨᠢ ᠬᠠᠷᠢᠭᠤᠯᠲᠠ ᠥᠭᠴᠦ | ᠳᠡᠶᠢᠯᠬᠦ ᠦᠭᠡᠢ ᠪᠠᠶᠢᠪᠠᠯ᠂ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ | ᠳᠣᠲᠣᠷ᠎ᠠ ᠬᠠᠷᠢᠭᠤᠯᠲᠠ ᠥᠭᠬᠦ ᠬᠡᠷᠡᠭᠲᠡᠶ᠃ ᠬᠡᠷᠪᠡ ᠬᠠᠷᠢᠭᠤᠯᠲᠠ ᠥᠭᠬᠦ ᠬᠤᠭᠤᠴᠠᠭ᠎ᠠ ᠶᠢ ᠤᠷᠲᠤᠳᠬᠠᠬᠤ | ᠴᠢᠬᠤᠯᠠᠲᠠᠶ ᠪᠣᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢᠨ | ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠬᠦ ᠶᠢᠨ ᠬᠠᠮᠲᠤ᠂ ︽ᠬᠤᠶᠢᠰᠢᠯᠠᠭᠤᠯᠤᠨ ᠬᠠᠷᠢᠭᠤᠯᠲᠠ ᠥᠭᠬᠦ ᠶᠢ ᠮᠡᠳᠡᠭᠳᠡᠬᠦ | ᠪᠢᠴᠢᠭ︾ ᠭᠠᠷᠭᠠᠵᠤ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃ ᠬᠠᠷᠢᠭᠤᠯᠲᠠ ᠥᠭᠬᠦ ᠬᠤᠭᠤᠴᠠᠭ᠎ᠠ ᠶᠢ | ᠬᠠᠮᠤᠭ ᠤᠨ ᠤᠷᠳᠦ ᠳᠠᠭᠠᠨ 20 ᠠᠵᠢᠯ ᠤᠨ ᠡᠳᠦᠷ ᠠᠴᠠ ᠬᠡᠲᠦᠷᠡᠭᠦᠯᠵᠦ ᠪᠣᠯᠬᠤ ᠤᠢᠭᠡᠢ᠃ ᠢᠯᠡ ᠪᠣᠯᠭᠠᠬᠤ ᠪᠠᠷ | ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠭᠤᠷᠪᠠᠳᠠᠬᠢ ᠡᠲᠡᠭᠡᠳ ᠤᠨ ᠡᠷᠬᠡ ᠠᠰᠢᠭ ᠲᠤ | ᠬᠤᠯᠪᠣᠭᠳᠠᠪᠠᠯ᠂ ᠬᠦᠯᠢᠶᠡᠨ ᠠᠪᠴᠤ ᠰᠢᠶ᠋ᠳᠪᠦᠷᠢᠯᠡᠬᠦ ᠰᠠᠯᠠᠭ᠎ᠠ ᠮᠥᠴᠢᠷ ᠠᠴᠠ ᠭᠤᠷᠪᠠᠳᠠᠬᠢ ᠡᠲᠡᠭᠡᠳ ᠤᠨ ᠰᠠᠨᠠᠯ ᠢ | ᠬᠤᠷᠢᠶᠠᠬᠤ ᠳᠤ ᠬᠡᠷᠡᠭᠰᠡᠬᠦ ᠴᠠᠭ ᠢ ᠳᠡᠭᠡᠷ᠎ᠡ ᠳᠤᠷᠠᠳᠤᠭᠰᠠᠨ ᠲᠣᠭᠲᠠᠭᠠᠯ ᠤᠨ ᠬᠤᠭᠤᠴᠠᠭᠠᠨ ᠳᠤ ᠪᠤᠳᠤᠵᠤ | ᠣᠷᠣᠭᠤᠯᠬᠤ ᠦᠭᠡᠶ᠃ | ᠬᠦᠯᠢᠶᠡᠨ ᠠᠪᠴᠤ ᠰᠢᠢᠳᠪᠤᠷᠢᠯᠡᠬᠦ ᠪᠠᠶᠢᠭᠤᠯᠤᠮᠵᠢ ᠬᠠᠷᠢᠭᠤᠯᠲᠠ ᠥᠭᠬᠦ ᠳᠡᠭᠡᠨ ᠳᠣᠣᠷ᠎ᠠ ᠵᠢᠭᠰᠠᠭᠠᠭᠰᠠᠨ | ᠪᠠᠶᠢᠳᠠᠯ ᠤᠨ ᠶᠣᠰᠣᠭᠠᠷ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠄ | ︵1︶ ᠢᠯᠡ ᠪᠣᠯᠭᠠᠵᠤ ᠪᠣᠯᠬᠤ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠬᠠᠷᠢᠶᠠᠯᠠᠭᠳᠠᠪᠠᠯ᠂ | ᠭᠤᠶᠤᠴᠢᠯᠠᠭᠴᠢ ᠳᠤ ᠮᠡᠳᠡᠭᠡ ᠵᠠᠩᠭᠢ ᠤᠯᠬᠤ ᠠᠷᠭ᠎ᠠ ᠮᠠᠶ᠋ᠢᠭ ᠢ ᠮᠡᠳᠡᠭᠳᠡᠵᠦ᠂ ︽ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠮᠡᠳᠡᠭᠳᠡᠬᠦ ᠪᠢᠴᠢᠭ︾ ᠢ ᠭᠠᠷᠭᠠᠵᠤ | ᠥᠭᠭᠦᠨ᠎ᠡ᠃ | ︵2︶ ᠬᠡᠰᠡᠭ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠲᠣᠭᠠᠴᠠᠭᠳᠠᠨ᠎ᠠ᠂ | ᠬᠡᠷᠪᠡ ᠢᠯᠭᠠᠨ ᠰᠢᠢᠳᠪᠤᠷᠢᠯᠡᠵᠤ ᠳᠡᠶᠢᠯᠪᠡᠯ᠂ ᠭᠤᠶᠤᠴᠢᠯᠠᠭᠴᠢ ᠳᠤ ᠮᠡᠳᠡᠭᠡ ᠵᠠᠩᠭᠢ ᠤᠯᠬᠤ ᠠᠷᠭ᠎ᠠ ᠮᠠᠶ᠋ᠢᠭ ᠢ | ᠮᠡᠳᠡᠭᠳᠡᠵᠦ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ | ᠬᠡᠰᠡᠭ ᠢ ᠢᠯᠡ ᠪᠣᠯᠭᠠᠭᠰᠠᠨ ᠮᠡᠳᠡᠭᠳᠡᠯ ᠤᠨ ᠪᠢᠴᠢᠭ︾ ᠢ ᠭᠠᠷᠭᠠᠵᠤ ᠥᠭᠭᠦᠨ᠎ᠡ᠃ | | ︵3︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠥᠬᠡᠶ ᠪᠣᠯ ᠭᠤᠶᠤᠴᠢᠯᠠᠭᠴᠢ ᠳᠤ | ᠢᠯᠡ ᠪᠣᠯᠭᠠᠬᠤ ᠥᠬᠡᠶ ᠰᠢᠯᠲᠠᠭᠠᠨ ᠢᠶᠠᠨ ᠮᠡᠳᠡᠭᠳᠡᠵᠦ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠥᠬᠡᠶ ᠪᠠᠶᠢᠬᠤ ᠶᠢ ᠮᠡᠳᠡᠭᠳᠡᠬᠦ ᠪᠢᠴᠢᠭ︾ ᠢ ᠭᠠᠷᠭᠠᠵᠤ | ᠥᠭᠭᠦᠨ᠎ᠡ᠃ | ︵4︶ ᠲᠤᠰ ᠪᠠᠶᠢᠭᠤᠯᠤᠮᠵᠢ ᠳᠤ ᠬᠠᠷᠢᠶᠠᠯᠠᠭᠳᠠᠬᠤ ᠦᠭᠡᠶ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠪᠠᠶᠢᠭᠤᠯᠭ᠎ᠠ ᠶᠢ ᠲᠣᠭᠲᠠᠭᠠᠵᠤ ᠳᠡᠶᠢᠯᠬᠦ ᠳᠤ ᠬᠦᠷᠪᠡᠯ᠂ ᠭᠤᠶᠤᠴᠢᠯᠠᠭᠴᠢ ᠳᠤ ᠲᠤᠰ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠡᠵᠡᠮᠰᠢᠬᠦ ᠪᠠᠶᠢᠭᠤᠯᠤᠮᠵᠢ ᠵᠢᠴᠢ ᠬᠠᠷᠢᠯᠴᠠᠬᠤ ᠠᠷᠭ᠎ᠠ ᠮᠠᠶ᠋ᠢᠭ ᠢ ᠮᠡᠳᠡᠭᠳᠡᠵᠦ᠂ ︽ | ᠲᠤᠰ ᠪᠠᠶᠢᠭᠤᠯᠭ᠎ᠠ ᠶᠢᠨ ᠪᠤᠰᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠮᠡᠳᠡᠭᠳᠡᠬᠦ ᠪᠢᠴᠢᠭ︾ ᠢ ᠭᠠᠷᠭᠠᠵᠤ | ᠥᠭᠭᠦᠨ᠎ᠡ᠃ | ︵5︶ ᠢᠯᠡ ᠪᠣᠯᠭᠠᠬᠤ ᠭᠤᠶᠤᠴᠢᠯᠠᠯ ᠤᠨ ᠠᠭᠤᠯᠭ᠎ᠠ ᠨᠢ ᠲᠣᠳᠣᠷᠬᠠᠶ ᠥᠬᠡᠶ ᠪᠠᠶᠢᠪᠠᠯ᠂ | ᠭᠤᠶᠤᠴᠢᠯᠠᠭᠴᠢ ᠳᠤ ᠥᠭᠡᠷᠡᠴᠢᠯᠡᠬᠦ᠂ ᠨᠥᠬᠦᠪᠥᠷᠢᠯᠡᠬᠦ ᠭᠤᠶᠤᠴᠢᠯᠠᠯ ᠢ ᠮᠡᠳᠡᠭᠳᠡᠵᠦ᠂ ︽ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠨᠥᠬᠦᠪᠥᠷᠢᠯᠡᠨ ᠵᠠᠯᠠᠷᠠᠭᠤᠯᠬᠤ ᠭᠤᠶᠤᠴᠢᠯᠠᠯ ᠤᠨ ᠮᠡᠳᠡᠭᠳᠡᠯ ᠤᠨ ᠪᠢᠴᠢᠭ︾ ᠢ ᠭᠠᠷᠭᠠᠵᠤ | ᠥᠭᠭᠦᠨ᠎ᠡ᠃ | ︵6︶ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠪᠠᠶᠢᠬᠤ ᠥᠬᠡᠶ | ᠪᠣᠯ᠂ ᠭᠤᠶᠤᠴᠢᠯᠠᠭᠴᠢ ᠳᠤ ᠪᠣᠳᠠᠲᠠᠶ ᠪᠠᠶᠢᠳᠠᠯ ᠢᠶᠠᠨ ᠮᠡᠳᠡᠭᠳᠡᠵᠦ᠂ ︽ᠵᠠᠰᠠᠭ ᠤᠨ ᠣᠷᠳᠣᠨ ᠤ ᠮᠡᠳᠡᠭᠡ ᠵᠠᠩᠭᠢ | ᠪᠠᠶᠢᠬᠤ ᠥᠬᠡᠶ ᠪᠠᠶᠢᠬᠤ ᠶᠢ ᠮᠡᠳᠡᠭᠳᠡᠬᠦ ᠪᠢᠴᠢᠭ︾ ᠢ ᠭᠠᠷᠭᠠᠵᠤ ᠥᠭᠭᠦᠨ᠎ᠡ᠃ | ᠭᠤᠷᠪᠠ᠂ ᠬᠢᠨᠠᠯᠲᠠ ᠲᠠᠯᠪᠢᠬᠤ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ | ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠ | ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠳᠡᠭᠡᠷ᠎ᠡ ᠨᠢᠭᠡ ᠱᠠᠲᠤᠨ ᠤ ᠵᠠᠰᠠᠭ | ᠵᠠᠬᠢᠷᠭᠠᠨ ᠤ ᠪᠠᠶᠢᠭᠤᠯᠭ᠎ᠠ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠵᠤ᠂ ᠢᠯᠡᠴᠢᠯᠡᠨ ᠮᠡᠳᠡᠭᠦᠯᠵᠦ ᠪᠣᠯᠤᠨ᠎ᠠ᠂ ᠪᠠᠰᠠ ᠬᠠᠤᠯᠢ ᠶᠣᠰᠣᠭᠠᠷ | ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃ | | ᠲᠣᠰ ᠲᠦᠷᠢᠮ ᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠢ ᠢᠯᠡ | ᠪᠣᠯᠭᠠᠬᠤ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠵᠤ᠂ ᠨᠡᠶᠢᠲᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | | | |