ᠭᠤᠣᠯ ᠰᠡᠳᠦᠪ ᠨᠢ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠵᠦ᠂ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠵᠦ᠂ ᠣᠳᠣᠬᠢᠴᠢᠯᠠᠭᠰᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | 2022 ᠤᠨ ᠤ 01 ᠰᠠᠷ᠎ᠠ ᠶᠢᠨ 21 ᠤ ᠡᠳᠦᠷ ᠤᠨ 10 ᠴᠠᠭ ᠲᠤ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠵᠠᠩ ᠵᠢᠶᠠᠨ ᠪᠢᠨ | ᠲᠣᠪᠴᠢᠯᠠᠯ | 2022 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠬᠦ ᠶᠢ ᠠᠬᠢᠭᠤᠯᠬᠤ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠬᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠶᠡᠷᠦᠩᠬᠡᠢ | ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ | ᠬᠦᠭ ᠠᠶᠠᠰ ᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠵᠠᠮᠨᠠᠵᠤ᠂ | ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠬᠤ ᠪᠣᠯᠤᠨ᠎ᠠ᠃ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢ ᠪᠠᠶᠠᠷᠯᠠᠨ ᠤᠭᠲᠤᠵᠤ ᠪᠠᠶᠢᠨ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠠᠩ ᠵᠢᠶᠠᠨ ᠪᠢᠨ ᠲᠣᠰ ᠬᠤᠭᠤᠴᠠᠭᠠᠨ ᠤ ᠰᠤᠷᠪᠤᠯᠵᠢᠯᠠᠭ᠎ᠠ ᠪᠠᠷ | ᠤᠷᠢᠭᠰᠠᠨ ᠰᠤᠷᠪᠤᠯᠵᠢᠯᠠᠭ᠎ᠠ ᠶᠢᠨ ᠬᠦᠨᠳᠦᠲᠦ ᠵᠣᠴᠢᠳ ᠪᠣᠯ ︽ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ | ᠨᠡᠭᠡᠭᠡᠵᠦ᠂ ᠣᠳᠣᠬᠢᠴᠢᠯᠠᠭᠰᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠰᠢᠨ᠎ᠡ ᠬᠠᠭᠤᠳᠠᠰᠤ︾ ᠶᠢᠨ ᠭᠤᠤᠯ ᠰᠡᠳᠦᠪ ᠤᠨ ᠲᠣᠭᠤᠷᠢᠨ ᠳᠤ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠨ᠎ᠡ᠃ ᠵᠠᠩ ᠬᠤᠰᠢᠭᠤᠨ ᠳᠠᠷᠤᠭ᠎ᠠ ᠲᠠ ᠰᠠᠶᠢᠨ ᠤᠤ᠂ | ᠲᠠᠨ ᠤ ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠳᠤ ᠬᠦᠷᠴᠦ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢ ᠬᠦᠯᠢᠶᠡᠬᠦ ᠶᠢ ᠪᠠᠶᠠᠷᠯᠠᠨ ᠤᠭᠲᠤᠵᠤ ᠪᠠᠶᠢᠨ᠎ᠠ᠃ | ᠵᠠᠩ ᠵᠢᠶᠠᠨ ᠪᠢᠨ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︖ ᠲᠠ | ᠪᠦᠬᠦᠨ ᠲᠠᠢ ᠠᠭᠤᠯᠵᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ | | ᠬᠥᠲᠥᠯᠥᠭᠴᠢ᠄ ᠵᠠᠩ ᠬᠤᠰᠢᠭᠤ ᠳᠠᠷᠤᠭ᠎ᠠ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ | ᠪᠠᠷᠢᠮᠲᠠᠯᠠᠬᠤ ᠪᠣᠯ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠰᠢᠨ᠎ᠡ ᠴᠠᠭ | ᠦᠶ᠎ᠡ ᠶᠢᠨ ᠥᠪᠥᠷ ᠮᠣᠩᠭᠤᠯ ᠤᠨ ᠬᠥᠭᠵᠢᠯᠲᠡ ᠳᠤ ᠲᠣᠭᠲᠠᠭᠠᠭᠰᠠᠨ ᠠᠵᠢᠯᠯᠠᠭᠠᠨ ᠤ ᠬᠥᠲᠥᠯᠪᠦᠷᠢ ᠮᠥᠨ᠃ ᠰᠢᠨ᠎ᠡ | ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ᠂ ᠮᠠᠨ ᠤ ᠬᠤᠰᠢᠭᠤᠨ ᠤ ᠬᠢᠨ ᠰᠢ ᠶᠢᠨ ᠫᠢᠩ ᠠᠵᠤ ᠠᠬᠤᠶ ᠶᠢᠨ ᠦᠵᠡᠯ | ᠰᠠᠨᠠᠭ᠎ᠠ ᠶᠢ ᠬᠡᠷᠬᠢᠨ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢ ᠡᠬᠢᠯᠡᠭᠦᠯᠵᠦ᠂ ᠣᠳᠣᠬᠢᠴᠢᠯᠠᠯᠲᠠ ᠶᠢᠨ ᠰᠢᠨ᠎ᠡ ᠠᠶᠠᠨ ᠢᠶᠠᠨ ᠡᠬᠢᠯᠡᠭᠦᠯᠦᠨ᠎ᠡ | — ᠡᠭᠦᠨ ᠢ ᠲᠠ ᠲᠥᠬᠦᠮ ᠢᠶᠠᠷ ᠲᠠᠨᠢᠯᠴᠠᠭᠤᠯᠤᠭᠠᠷᠠᠶ᠃ | ᠵᠠᠩ ᠵᠢᠶᠠᠨ ᠪᠢᠨ᠄ ᠵᠠ᠂ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠬᠤᠶᠢᠰᠢᠳᠠ ᠶᠢᠨ ᠲᠠᠪᠤᠨ | ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠣᠨᠣᠪᠴᠢᠲᠠᠶ | ᠪᠦᠬᠦ ᠲᠠᠯ᠎ᠠ ᠪᠠᠷ ᠲᠤᠤᠱᠯᠠᠭᠤᠯᠵᠤ᠂ ᠦᠢᠯᠡᠴᠢᠯᠡᠭᠡ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠬᠤ ᠶᠢ ᠲᠦᠷᠭᠡᠳᠬᠡᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ | ᠪᠠᠲᠤᠲᠠᠶ ᠵᠠᠮᠨᠠᠵᠤ᠂ ︽ᠠᠮᠢ ᠠᠬᠤᠶ ᠭᠤᠶᠣ᠂ ᠠᠵᠤ ᠤᠶᠢᠯᠡᠰ ᠬᠦᠴᠦᠷᠬᠡᠭ᠂ ᠬᠥᠳᠡᠭᠡ ᠲᠣᠰᠬᠤᠨ ᠬᠥᠭᠵᠢᠨ | ᠮᠠᠨᠳᠤᠭᠰᠠᠨ᠂ ᠬᠤᠲᠠ ᠪᠠᠯᠭᠠᠰᠤ ᠬᠡᠭᠡᠨᠴᠢᠷ︾ ᠳᠥᠷᠪᠡᠨ ᠫᠠᠶᠢᠰᠠ ᠶᠢ ᠰᠠᠶᠢᠲᠤᠷ ᠡᠷᠭᠦᠵᠦ᠂ ᠭᠠᠯᠲᠤ ᠠᠭᠤᠯᠠ ᠶᠢᠨ | ᠲᠠᠯ᠎ᠠ ᠨᠤᠲᠤᠭ ᠤᠨ ᠰᠤᠳᠤᠯᠤᠨ ᠰᠤᠷᠤᠯᠴᠠᠬᠤ ᠺᠠᠩ ᠰᠤᠪᠢᠯᠠᠯᠲᠠ ᠰᠡᠯᠡᠭᠦᠴᠡᠯ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠤᠶᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ | ᠦᠵᠡᠭᠦᠯᠬᠦ ᠰᠠᠭᠤᠷᠢᠨ ᠭᠠᠵᠠᠷ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ | ᠨᠢᠭᠡ ᠪᠠᠬᠢᠯᠡᠯᠲᠡ︾ ᠶᠢ ᠪᠥᠲᠥᠭᠡᠨ ᠪᠠᠶᠢᠭᠤᠯᠬᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠬᠥᠲᠥᠯᠥᠭᠴᠢ᠄ ᠵᠠᠩ ᠬᠤᠰᠢᠭᠤᠨ ᠳᠠᠷᠤᠭ᠎ᠠ ᠠ᠂ ᠲᠠ ᠪᠢᠳᠡᠨ ᠳᠤ ᠮᠠᠰᠢ ᠰᠡᠳᠬᠢᠮᠵᠢ ᠶᠢ ᠵᠢᠷᠤᠭᠯᠠᠵᠤ | ᠥᠭᠴᠡᠶ᠂ ᠮᠢᠨᠦ ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ 18766 ᠶᠠᠳᠠᠭᠤ ᠬᠦᠴᠢᠷᠳᠡᠯᠲᠡᠶ ᠬᠥᠮᠦᠨ ᠠᠮᠠ | ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ 66 ᠭᠤᠤᠯᠳᠠᠯᠭ᠎ᠠ ᠲᠠᠢ ᠶᠠᠳᠠᠭᠤ ᠬᠦᠴᠢᠷᠳᠡᠯᠲᠡᠶ ᠲᠣᠰᠬᠤᠨ | ᠪᠦᠬᠦᠨ ᠢᠶᠠᠷ ᠢᠶᠠᠨ ᠭᠠᠷᠴᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠬᠦ ᠡᠭᠦᠷᠭᠡ ᠪᠠᠨ | ᠲᠡᠭᠦᠰ ᠠᠮᠵᠢᠯᠲᠠ ᠲᠠᠢ ᠪᠡᠶᠡᠯᠡᠭᠦᠯᠵᠡᠶ᠂ ᠡᠨᠡ ᠪᠣᠯ ᠤᠯᠠᠭᠠᠨᠴᠠᠪ ᠬᠤᠲᠠ ᠶᠢᠨ ᠠᠩᠬᠠᠳᠠᠭᠴᠢ ᠶᠠᠳᠠᠭᠤ ᠠᠴᠠ | ᠠᠩᠭᠢᠵᠢᠷᠠᠭᠰᠠᠨ ᠤᠯᠤᠰ ᠤᠨ ᠶᠠᠳᠠᠭᠤ ᠬᠦᠴᠢᠷᠳᠡᠯᠲᠡᠶ ᠬᠤᠰᠢᠭᠤ ᠮᠥᠨ᠂ ᠦᠨᠳᠦᠰᠦᠲᠡᠨ ᠨᠦᠭᠦᠳ ᠤᠨ ᠣᠯᠠᠨ | ᠲᠦᠮᠡᠨ ᠪᠥᠬᠦ ᠲᠠᠯ᠎ᠠ ᠶᠢᠨ ᠴᠢᠨᠡᠭᠡᠯᠢᠭ ᠨᠡᠶᠢᠭᠡᠮ ᠳᠤ ᠭᠠᠷ ᠬᠤᠯᠪᠣᠯᠴᠠᠨ ᠤᠷᠤᠭᠰᠢᠯᠠᠭᠰᠠᠨ ᠶᠤᠮ᠃ ᠵᠠᠯᠭᠠᠭᠠᠳ᠂ | ᠬᠡᠪᠴᠢᠶᠡᠵᠢᠭᠰᠡᠨ ᠴᠢᠨᠠᠷᠲᠠᠢ ᠪᠠᠷ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠬᠤ ᠲᠠᠯ᠎ᠠ ᠪᠠᠷ ᠶᠠᠮᠠᠷ | ᠰᠢᠨ᠎ᠡ ᠠᠷᠭ᠎ᠠ ᠬᠡᠮᠵᠢᠶ᠎ᠡ ᠠᠪᠬᠤ ᠪᠤᠢ︖ | ᠵᠠᠩ ᠵᠢᠶᠠᠨ ᠪᠢᠨ᠄ ᠪᠢᠳᠡ ︽ᠳᠥᠷᠪᠡ ᠶᠢ ᠰᠠᠯᠭᠠᠬᠤ ᠥᠬᠡᠶ︾ ᠪᠠᠶᠢᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠥᠷᠥᠯ | ᠬᠤᠪᠢᠶᠠᠨ ᠳᠠᠭᠠᠵᠤ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ | ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠤᠶᠢᠯᠡᠴᠢᠯᠡᠬᠡᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ᠤᠨ ᠭᠤᠷᠪᠠᠳᠤᠭᠠᠷ ᠬᠤᠭᠤᠴᠠᠭ᠎ᠠ᠂ ᠠᠮᠤ ᠪᠤᠳᠠᠭᠠᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ | ᠬᠤᠶᠠᠳᠤᠭᠠᠷ ᠬᠤᠭᠤᠴᠠᠭᠠᠨ ᠤ ᠲᠥᠷᠥᠯ ᠵᠤᠶᠢᠯ ᠢ ᠲᠦᠷᠭᠡᠳᠬᠡᠨ ᠬᠡᠷᠡᠭᠵᠢᠭᠦᠯᠵᠦ᠂ ᠬᠥᠲᠥᠴᠢ ᠠᠵᠤ ᠠᠬᠤᠶᠢᠯᠠᠯ ᠤᠨ | ᠳᠠᠶᠢᠴᠢᠯᠠᠬᠤ ᠲᠣᠭᠲᠠᠴᠠ ᠶᠢ ᠪᠦᠷᠢᠨᠰᠢᠬᠦᠯᠦᠨ᠂ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠵᠤ᠂ | ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠨᠡᠶᠢᠭᠡᠮᠯᠢᠭ ᠤᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ | ᠮᠣᠩᠭᠤᠯ ᠤᠨ ᠬᠠᠮᠵᠢᠯᠴᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ ᠥᠷᠭᠡᠳᠬᠡᠵᠦ᠂ ᠴᠢᠳᠠᠪᠤᠷᠢᠲᠠᠨ᠂ | ᠰᠤᠷᠭᠠᠨ ᠬᠥᠮᠦᠵᠢᠯ᠂ ᠡᠮᠴᠢᠯᠡᠭᠡ᠂ ᠠᠵᠤ ᠤᠶᠢᠯᠡᠰ᠂ ᠬᠡᠷᠡᠭᠯᠡᠭᠡ ᠵᠡᠷᠭᠡ ᠶᠢᠨ ᠪᠥᠬᠦ ᠲᠠᠯ᠎ᠠ ᠶᠢᠨ ᠰᠣᠯᠢᠯᠴᠠᠭ᠎ᠠ | ᠬᠠᠮᠵᠢᠯᠴᠠᠭ᠎ᠠ ᠶᠢ ᠠᠬᠢᠭᠤᠯᠤᠨ᠎ᠠ᠃ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠰᠠᠶᠢᠲᠤᠷ | ᠬᠢᠵᠦ᠂ ᠲᠥᠪᠬᠢᠨᠡᠭᠦᠯᠬᠦ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡ ᠪᠠ ᠢᠵᠢ ᠪᠦᠷᠢᠳᠦᠭᠰᠡᠨ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ ᠨᠡᠭᠦᠯᠭᠡᠭᠰᠡᠨ ᠤᠯᠠᠨ ᠲᠦᠮᠡᠨ ᠢ ᠯᠠᠪᠳᠠᠭᠤᠨ ᠲᠣᠭᠲᠠᠭᠤᠨ᠂ ᠠᠵᠢᠯ ᠣᠯᠵᠤ ᠳᠡᠶᠢᠯᠬᠦ᠂ | ᠪᠠᠶᠠᠵᠢᠵᠤ ᠳᠡᠶᠢᠯᠬᠦ ᠪᠣᠯᠭᠠᠨ᠎ᠠ᠃ | ᠬᠥᠲᠥᠯᠥᠭᠴᠢ᠄ ᠵᠠ᠂ ᠵᠠᠩ ᠬᠤᠰᠢᠭᠤᠨ ᠤ ᠳᠠᠷᠤᠭ᠎ᠠ ᠳᠤ ᠪᠠᠶᠠᠷᠯᠠᠯ᠎ᠠ᠃ ᠮᠠᠨ ᠤ ᠬᠤᠰᠢᠭᠤᠨ ᠤ ᠠᠮᠢ | ᠠᠬᠤᠶ ᠶᠢᠨ ᠠᠭᠤᠷ ᠠᠮᠢᠰᠬᠤᠯ ᠰᠢᠯᠢᠳᠡᠭ ᠰᠠᠶᠢᠨ ᠪᠠᠶᠢᠵᠤ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠮᠠᠰᠢ ᠶᠡᠭᠡ ᠳᠠᠪᠠᠭᠤᠯᠢᠭ ᠲᠠᠢ ᠶᠤᠮ᠃ ᠰᠦᠯᠵᠢᠶᠡᠨ ᠤ ᠠᠨᠳᠠ ᠨᠠᠷ ᠮᠠᠨ ᠤ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠠᠯ᠎ᠠ ᠪᠠᠷ ᠬᠡᠷᠬᠢᠨ ᠲᠥᠯᠥᠪᠵᠢᠭᠦᠯᠵᠦ | ᠪᠠᠶᠢᠭ᠎ᠠ ᠶᠢ ᠣᠶᠢᠯᠠᠭᠠᠬᠤ ᠰᠠᠨᠠᠭ᠎ᠠ ᠲᠠᠢ ᠪᠠᠶᠢᠨ᠎ᠠ᠃ | ᠵᠠᠩ ᠵᠢᠶᠠᠨ ᠪᠢᠨ᠄ ᠪᠢᠳᠡ ᠮᠠᠨ ᠤ ᠬᠤᠰᠢᠭᠤᠨ ᠤ ᠰᠢᠯᠢᠳᠡᠭ ᠰᠠᠶᠢᠨ ᠠᠮᠢ ᠠᠬᠤᠶ ᠶᠢᠨ ᠠᠭᠤᠷ ᠠᠮᠢᠰᠬᠤᠯ ᠪᠠ | ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠪᠠᠭᠤᠯᠢᠭ ᠲᠤ ᠲᠦᠰᠢᠭᠯᠡᠨ᠂ | ᠤᠶᠢᠯᠡᠳᠪᠤᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠲᠦᠷᠭᠡᠨ ᠬᠤᠪᠢᠷᠠᠭᠤᠯᠵᠤ᠂ ᠲᠥᠮᠥᠰᠥ᠂ ᠠᠯᠠᠰᠢᠨ ᠦᠬᠡᠷ | ᠠᠯᠠᠰᠢᠨ ᠬᠤᠨᠢ ᠵᠡᠷᠭᠡ ᠳᠠᠪᠠᠭᠤᠯᠢᠭ ᠠᠵᠤ ᠤᠶᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠡᠬᠢ ᠰᠤᠷᠪᠤᠯᠵᠢ ᠶᠢ ᠡᠷᠢᠬᠦ ᠰᠢᠰᠲ᠋ᠧᠮᠵᠢ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯ ᠢᠶᠠᠷ ᠰᠣᠩᠭᠤᠬᠤ︾ ᠣᠷᠣᠨ | ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠢ ᠦᠷᠭᠦᠯᠵᠢᠯᠡᠨ ᠥᠷᠭᠡᠳᠬᠡᠨ᠎ᠡ᠃ | ᠠᠮᠤ ᠪᠤᠳᠠᠭᠠᠨ ᠤ ᠠᠮᠤᠷ ᠲᠦᠪᠰᠢᠨ ᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ 1 | ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ 10 ᠲᠦᠮᠡᠨ ᠮᠥ | ᠲᠠᠷᠢᠶᠠᠯᠠᠩ ᠤᠨ ᠮᠠᠰᠢᠨ ᠢ ᠰᠤᠯᠠᠷᠠᠭᠤᠯᠬᠤ ᠲᠥᠷᠥᠯ ᠵᠤᠶᠢᠯ ᠢ ᠰᠠᠶᠢᠲᠤᠷ ᠬᠡᠷᠡᠭᠵᠢᠭᠦᠯᠵᠦ᠂ ᠠᠮᠤ ᠪᠤᠳᠠᠭᠠᠨ ᠤ ᠠᠮᠤᠷ | ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠭᠠᠨᠢᠭ ᠬᠠᠭᠤᠷᠠᠶ ᠪᠠᠷ ᠳᠠᠷᠢᠬᠤ ᠲᠠᠷᠢᠶᠠᠯᠠᠩ ᠢ | ᠶᠡᠬᠡᠪᠡᠷ ᠬᠥᠭᠵᠢᠭᠦᠯᠵᠦ᠂ ᠡᠭᠡᠯᠵᠢᠯᠡᠨ ᠳᠠᠷᠢᠵᠤ ᠲᠣᠩᠭᠤᠷᠠᠭᠤᠯᠬᠤ ᠲᠥᠷᠥᠯ ᠵᠤᠶᠢᠯ ᠢ ᠬᠡᠷᠡᠭᠵᠢᠭᠦᠯᠦᠨ᠂ ᠵᠢᠯ ᠤᠨ | ᠳᠣᠲᠣᠷ᠎ᠠ ᠰᠢᠬᠢᠷ ᠯᠤᠤᠪᠠᠩ᠂ ᠨᠡᠷᠡᠨ ᠬᠤᠸᠠᠷ ᠵᠡᠷᠭᠡ ᠤᠰᠤ ᠶᠡᠭᠡ ᠬᠤᠷᠣᠭᠳᠠᠭᠤᠯᠬᠤ ᠲᠠᠷᠢᠮᠠᠯ ᠢ 2.3 ᠲᠦᠮᠡᠨ ᠮᠥ | ᠪᠠᠭᠠᠰᠬᠠᠵᠤ᠂ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠭᠠᠵᠠᠷ ᠳᠣᠤᠷᠠᠬᠢ ᠤᠰᠤ ᠶᠢ 2439 ᠲᠦᠮᠡᠨ ᠪᠣᠰᠤᠭ᠎ᠠ | ᠳᠥᠷᠪᠡᠯᠵᠢᠨ ᠮᠧᠲᠷ ᠲᠤ ᠬᠢᠵᠠᠭᠠᠷᠯᠠᠵᠤ᠂ ᠲᠠᠷᠢᠶᠠᠯᠠᠩ ᠤᠨ ᠤᠶᠢᠯᠡᠳᠪᠤᠷᠢᠯᠡᠯ ᠤᠨ ᠤᠰᠤ ᠠᠷᠪᠢᠯᠠᠬᠤ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠠᠯᠠᠰᠢᠨ ᠦᠬᠡᠷ ᠤᠨ ᠰᠦᠷᠦᠭ ᠢᠶᠠᠨ ᠥᠷᠭᠡᠳᠬᠡᠨ ᠳᠠᠬᠢᠨ ᠢᠶᠠᠷ | ᠨᠡᠮᠡᠭᠳᠡᠭᠦᠯᠬᠦ ᠠᠵᠢᠯᠯᠠᠭ᠎ᠠ︾ ᠶᠢ ᠬᠡᠷᠡᠭᠵᠢᠭᠦᠯᠵᠦ᠂ ᠳ᠋ᠢᠩ ᠱᠧᠩ ᠠᠬ᠎ᠠ ᠳᠡᠭᠦᠤ᠂ ᠭᠠᠯᠲᠤ ᠠᠭᠤᠯᠠ ᠶᠢᠨ ᠬᠡᠭᠡᠷ᠎ᠡ | ᠲᠠᠯ᠎ᠠ ᠵᠡᠷᠭᠡ 5 ᠠᠯᠠᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠤᠶᠢᠯ ᠤᠨ ᠭᠠᠷᠤᠯᠲᠠ ᠦᠷ᠎ᠡ ᠪᠦᠲᠦᠮᠵᠢ ᠳᠤ | ᠬᠦᠷᠦᠭᠦᠯᠬᠦ ᠶᠢ ᠠᠬᠢᠭᠤᠯᠵᠤ᠂ ᠣᠳᠣᠬᠢᠴᠢᠯᠠᠭᠰᠠᠨ ᠠᠯᠠᠰᠢᠨ ᠦᠬᠡᠷ ᠪᠠ ᠨᠠᠷᠢᠯᠢᠭ ᠡᠳ᠋ᠰᠢᠭᠦᠯᠬᠦ ᠲᠥᠷᠥᠯ ᠵᠤᠶᠢᠯ ᠢ | ᠢᠵᠢ ᠪᠥᠷᠢᠳᠦᠭᠦᠯᠦᠨ ᠬᠡᠷᠡᠭᠵᠢᠭᠦᠯᠵᠦ᠂ ᠲᠢᠶᠠᠨ ᠷᠦᠨ ᠮᠠᠯ ᠲᠡᠵᠢᠭᠡᠪᠦᠷᠢ ᠶᠢᠨ ᠪᠣᠷᠳᠣᠭᠠᠨ ᠤ ᠤᠶᠢᠯᠡᠳᠪᠤᠷᠢ ᠶᠢ | ᠠᠮᠢᠳᠤᠯᠢᠭᠵᠢᠭᠤᠯᠤᠨ ᠥᠭᠡᠷᠡᠴᠢᠯᠡᠵᠦ᠂ ᠳᠤᠯᠤᠭᠠᠨᠬᠤᠳᠳᠤᠭ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ | ᠤᠶᠢᠯᠡᠰ ᠤᠨ ᠬᠦᠷᠢᠶᠡᠯᠡᠩ ᠢᠶᠠᠷ ᠲᠥᠪ ᠪᠣᠯᠭᠠᠭᠰᠠᠨ᠂ ᠲᠦᠮᠠᠯᠲᠠᠶ ᠶᠢᠨ ᠠᠮᠢᠳᠤ ᠮᠠᠯ ᠤᠨ ᠠᠷᠠᠯᠵᠢᠶ᠎ᠠ᠂ ᠳ᠋ᠠ ᠯᠢᠤ ᠬᠤ᠋ | ᠰᠢᠨᠵᠢᠯᠡᠬᠦ ᠤᠬᠠᠭᠠᠨ ᠮᠡᠷᠭᠡᠵᠢᠯ ᠤᠨ ᠣᠶᠢᠯᠡᠴᠢᠯᠡᠬᠡᠨ ᠤ ᠢᠵᠢ ᠪᠥᠷᠢᠳᠦᠭᠰᠡᠨ ᠠᠯᠠᠰᠢᠨ ᠦᠬᠡᠷ ᠲᠡᠵᠢᠭᠡᠨ | ᠦᠷᠡᠵᠢᠭᠦᠯᠬᠦ ︽ᠬᠤᠶᠠᠷ ᠬᠦᠷᠢᠶᠡᠯᠡᠩ ᠨᠢᠭᠡ ᠲᠥᠪ︾ ᠢ ᠪᠥᠲᠥᠭᠡᠨ ᠪᠠᠶᠢᠭᠤᠯᠤᠨ᠎ᠠ᠃ ︽ᠲᠥᠮᠥᠰᠥ ᠶᠢᠨ | ᠤᠶᠢᠯᠡᠰ ᠤᠨ ᠦᠷ᠎ᠡ ᠠᠰᠢᠭ ᠢ ᠳᠡᠭᠡᠭᠰᠢᠯᠡᠭᠦᠯᠦᠨ ᠥᠷᠲᠡᠭ ᠢ ᠨᠡᠮᠡᠭᠳᠡᠭᠦᠯᠬᠦ ᠠᠵᠢᠯᠯᠠᠭ᠎ᠠ︾ ᠶᠢ ᠬᠡᠷᠡᠭᠵᠢᠭᠦᠯᠵᠦ᠂ | ᠲᠥᠮᠥᠰᠥ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠬᠤᠶᠠᠳᠤᠭᠠᠷ | ᠬᠤᠭᠤᠴᠠᠭᠠᠨ ᠤ ᠲᠥᠷᠥᠯ ᠵᠤᠶᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ | ᠲᠥᠮᠥᠰᠥ ᠶᠢᠨ ᠦᠷ᠎ᠡ ᠲᠥᠮᠥᠰᠥ ᠶᠢᠨ ᠠᠵᠤ ᠤᠶᠢᠯᠡᠰ ᠢ ᠶᠡᠬᠡᠪᠡᠷ ᠬᠥᠭᠵᠢᠭᠦᠯᠦᠨ᠎ᠡ᠃ ︽ᠠᠯᠠᠰᠢᠨ ᠬᠤᠨᠢ ᠶᠢ | ᠰᠠᠶᠢᠵᠢᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ︾ ᠶᠢ ᠬᠡᠷᠡᠭᠵᠢᠭᠦᠯᠵᠦ᠂ ᠪᠠᠶ ᠰᠠ ᠹᠦ᠋ ᠺᠧ ᠵᠡᠷᠭᠡ | ᠰᠢᠯᠢᠳᠡᠭ ᠠᠯᠠᠰᠢᠨ ᠬᠤᠨᠢᠨ ᠤ ᠡᠭᠦᠯᠳᠡᠷ ᠢ ᠣᠷᠣᠭᠤᠯᠤᠨ ᠠᠪᠴᠢᠷᠠᠵᠤ᠂ ᠡᠷᠯᠢᠰᠡᠵᠢᠭᠦᠯᠦᠨ ᠰᠠᠶᠢᠵᠢᠷᠠᠭᠤᠯᠬᠤ ᠪᠠᠷ | ᠳᠠᠮᠵᠢᠭᠤᠯᠤᠨ ᠠᠯᠠᠰᠢᠨ ᠬᠤᠨᠢᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠬᠥᠲᠥᠯᠥᠭᠴᠢ᠄ ᠵᠠ᠂ ᠵᠠᠩ ᠬᠤᠰᠢᠭᠤᠨ ᠤ ᠳᠠᠷᠤᠭ᠎ᠠ ᠳᠤ ᠪᠠᠶᠠᠷᠯᠠᠯ᠎ᠠ᠃ ᠮᠠᠨ ᠤ ᠬᠤᠰᠢᠭᠤᠨ ᠤ ᠠᠵᠤ | ᠦᠶ᠋ᠯᠡᠳᠪᠦᠷᠢ ᠶᠢᠨ ᠬᠥᠭᠵᠢᠯᠲᠡ ᠶᠢᠨ ᠰᠠᠭᠤᠷᠢ ᠨᠡᠯᠢᠶᠡᠳ ᠰᠠᠶᠢᠨ᠂ ᠠᠷᠠᠳ ᠤᠨ ᠵᠠᠩ ᠰᠤᠷᠲᠠᠯ ᠪᠣᠷᠣᠭᠵᠢᠭᠤᠨ᠂ | ᠠᠵᠢᠯ ᠶᠠᠪᠤᠳᠠᠯ ᠬᠢᠵᠦ ᠤᠶᠢᠯᠡᠰ ᠪᠦᠲᠦᠭᠡᠬᠦ ᠰᠠᠶᠢᠨ ᠭᠠᠵᠠᠷ ᠪᠣᠯᠤᠨ᠎ᠠ᠃ ᠠᠰᠠᠭᠤᠬᠤ ᠨᠢ᠂ ᠮᠠᠨ ᠤ ᠬᠤᠰᠢᠭᠤ ᠠᠵᠤ | ᠦᠢᠯᠡᠳᠪᠦᠷᠢ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠲᠠᠯ᠎ᠠ ᠪᠠᠷ ᠶᠠᠮᠠᠷ ᠲᠥᠯᠥᠪᠯᠡᠭᠡ ᠲᠠᠢ ᠪᠤᠢ︖ | | ᠵᠠᠩ ᠵᠢᠶᠠᠨ ᠪᠢᠨ᠄ ᠠᠵᠤ ᠤᠶᠢᠯᠡᠳᠪᠤᠷᠢ ᠶᠢᠨ ᠠᠵᠤ ᠤᠶᠢᠯᠡᠰ ᠨᠢ ᠮᠠᠨ ᠤ ᠬᠤᠰᠢᠭᠤᠨ ᠤ ᠤᠯᠠᠮᠵᠢᠯᠠᠯᠲᠤ | ᠠᠵᠤ ᠤᠶᠢᠯᠡᠰ ᠪᠣᠯᠬᠤ ᠮᠥᠷᠲᠡᠭᠡᠨ ᠪᠠᠰᠠ ᠬᠥᠭᠵᠢᠯᠲᠡ ᠶᠢ ᠬᠥᠭᠡᠭᠡᠵᠦ ᠭᠦᠶ᠋ᠴᠡᠨ ᠳᠠᠪᠠᠭ᠋ᠤ ᠲᠤᠯᠭᠠᠭᠤᠷᠢ ᠠᠵᠤ | ᠤᠶᠢᠯᠡᠰ ᠪᠣᠯᠤᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ | ᠴᠢᠭᠯᠡᠯ ᠤᠨ ᠲᠣᠭᠤᠷᠢᠨ ᠳᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ | ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ | ᠰᠢᠨ᠎ᠡ ᠡᠨᠧᠷᠭᠢ ᠶᠢᠨ ᠠᠵᠤ ᠦᠢᠯᠡᠰ ᠤᠨ ᠨᠢᠭᠡ ᠴᠤᠬᠴᠠᠵᠢᠬᠰᠠᠨ ᠬᠥᠭᠵᠢᠯᠲᠡ ᠶᠢ ᠠᠬᠢᠭᠤᠯᠵᠤ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ᠨᠢᠭᠡ ᠳᠤ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ᠴᠣᠬᠤᠶ ᠶᠢᠨ ᠴᠢᠯᠠᠭᠤ ᠶᠢᠨ ᠡᠬᠢ ᠪᠠᠶᠠᠯᠢᠭ ᠢᠶᠠᠷ ᠲᠥᠯᠥᠭᠡᠯᠡᠭᠦᠯᠦᠭᠰᠡᠨ ᠡᠬᠢ ᠪᠠᠶᠠᠯᠢᠭ ᠢ ᠢᠯᠭᠠᠨ ᠰᠣᠩᠭᠤᠵᠤ | ᠶᠡᠷᠦᠩᠬᠡᠶᠢᠯᠡᠨ ᠠᠰᠢᠭᠯᠠᠬᠤ ᠠᠯᠬᠤᠴᠠ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠥᠬᠡᠶ ᠠᠭᠤᠷᠬᠠᠶ᠂ ᠡᠶ᠎ᠡ | ᠵᠣᠬᠢᠴᠠᠯ ᠲᠠᠢ ᠠᠭᠤᠷᠬᠠᠶ ᠶᠢ ᠪᠥᠲᠥᠭᠡᠨ ᠪᠠᠶᠢᠭᠤᠯᠤᠨ᠎ᠠ᠃ ᠴᠠᠬᠢᠯᠠᠭᠤᠷ ᠴᠢᠯᠠᠭᠤ ᠶᠢᠨ ᠬᠢᠮᠢ ᠶᠢᠨ ᠠᠵᠤ ᠤᠶᠢᠯᠡᠳᠪᠤᠷᠢ | ᠂ ᠱᠤᠶᠢᠨᠢ ᠶᠢᠨ ᠠᠵᠤ ᠤᠶᠢᠯᠡᠰ ᠤᠨ ᠤᠶᠤᠨᠴᠢᠯᠠᠬᠤ᠂ ᠲᠣᠭᠠᠵᠢᠭᠤᠯᠬᠤ ᠥᠭᠡᠷᠡᠴᠢᠯᠡᠯᠲᠡ ᠶᠢᠨ ᠠᠬᠢᠴᠠ ᠶᠢ | ᠠᠬᠢᠭᠤᠯᠵᠤ᠂ ᠠᠵᠤ ᠠᠬᠤᠶᠢᠯᠠᠯ ᠤᠨ ᠡᠨᠧᠷᠭᠢ ᠶᠢ ᠱᠠᠲᠤᠯᠠᠨ ᠠᠰᠢᠭᠯᠠᠬᠤ᠂ ᠦᠯᠡᠳᠡᠪᠦᠷᠢ ᠬᠡᠶ ᠦᠯᠡᠳᠡᠪᠦᠷᠢ | ᠢᠯᠴᠢ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠂ ᠠᠵᠤ ᠣᠶᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ | ᠤᠷᠤᠰᠬᠠᠯ ᠢ ᠵᠣᠯᠭᠠᠭᠤᠯᠬᠤ᠂ ᠡᠷᠭᠢᠯᠲᠡ ᠶᠢᠨ ᠮᠠᠶ᠋ᠢᠭ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ᠃ | ᠨᠠᠷᠢᠯᠢᠭ ᠬᠢᠮᠢ ᠶᠢᠨ ᠠᠵᠤ ᠤᠶᠢᠯᠡᠳᠪᠤᠷᠢ ᠶᠢᠨ ᠲᠥᠷᠥᠯ ᠵᠤᠶᠢᠯ ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ | ᠴᠢᠩᠭ᠎ᠠ ᠵᠢᠷᠤᠮᠵᠢᠭᠤᠯᠵᠤ᠂ ᠴᠡᠴᠡᠷᠯᠢᠭ ᠲᠤ ᠣᠷᠣᠭᠤᠯᠬᠤ ᠲᠥᠷᠥᠯ ᠵᠤᠶᠢᠯ ᠤᠨ ᠲᠠᠰ ᠳᠠᠪᠬᠤᠷᠭ᠎ᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠬᠦᠯᠤᠨ᠎ᠡ᠃ | | ᠬᠤᠶᠠᠷ ᠲᠤ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠲᠦᠯᠬᠢᠨ | ᠠᠬᠢᠭᠤᠯᠤᠨ᠎ᠠ᠃ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠠᠵᠤ ᠤᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ | ᠠᠷᠭ᠎ᠠ ᠵᠠᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠠᠵᠤ | ᠤᠶᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ ᠯᠢᠲ᠋ᠢ | ᠴᠠᠬᠢᠯᠭᠠᠨ ᠴᠡᠨᠡᠭ ᠤᠨ ᠠᠵᠤ ᠤᠶᠢᠯᠡᠰ ᠤᠨ ᠣᠳᠣᠨ ᠪᠥᠮᠪᠥᠷᠴᠡᠭ ᠤᠨ ᠪᠠᠯ ᠴᠢᠯᠠᠭᠤ᠂ ᠰᠢᠨ᠎ᠡ ᠮᠠᠲ᠋ᠧᠷᠢᠶᠠᠯ | ᠪᠠᠶᠢᠭᠤᠯᠬᠤ ᠬᠤᠶᠠᠷ ᠲᠥᠷᠥᠯ ᠵᠤᠶᠢᠯ ᠢ ᠪᠥᠬᠦ ᠠᠵᠤ ᠤᠶᠢᠯᠡᠰ ᠤᠨ ᠬᠡᠯᠬᠢᠶ᠎ᠡ ᠳᠠᠰᠢ ᠤᠷᠲᠤᠳᠬᠠᠬᠤ ᠶᠢ ᠠᠬᠢᠭᠤᠯᠤᠨ᠎ᠠ | ᠃ ᠱᠧᠨᠵᠧᠨ ᠤ ᠪᠤᠲᠷᠦ᠋ᠢ᠂ ᠱᠠᠩᠬᠠᠶ ᠶᠢᠨ ᠱᠠᠨ ᠱᠠᠨ ᠰᠢᠨᠵᠢᠯᠡᠬᠦ ᠤᠬᠠᠭᠠᠨ ᠮᠡᠷᠭᠡᠵᠢᠯ᠂ ᠳᠤᠮᠳᠠᠳᠤ ᠤᠯᠤᠰ ᠤᠨ | ᠪᠤᠯᠤᠳ ᠲᠡᠮᠤᠷ ᠤᠨ ᠺᠣᠮᠫᠠᠨᠢ ᠶᠢᠨ ᠢᠯᠴᠢ ᠶᠢᠨ ᠡᠨᠧᠷᠭᠢ ᠶᠢᠨ ᠬᠦᠷᠢᠶᠡᠯᠡᠩ ᠤᠨ ᠵᠢᠯ ᠳᠤ 10 ᠲᠦᠮᠡᠨ ᠲᠣᠨ ᠯᠢᠲ᠋ᠢ | ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠦᠢᠯᠡᠳᠪᠦᠷᠢᠯᠡᠬᠦ 3 ᠵᠦᠢᠯᠡᠰ ᠢ ᠬᠡᠷᠡᠭᠵᠢᠭᠦᠯᠪᠡ᠃ | ᠭᠤᠷᠪᠠ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠨᠢᠭᠡ ᠴᠤᠭᠴᠠᠵᠢᠭᠤᠯᠤᠨ | ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠡᠨᠧᠷᠭᠢ ᠬᠡᠷᠡᠭᠯᠡᠬᠦ ᠠᠵᠤ ᠠᠬᠤᠶᠢᠯᠠᠯ ᠬᠢᠭᠡᠳ ᠰᠢᠨ᠎ᠡ ᠡᠨᠧᠷᠭᠢ ᠶᠢᠨ | ᠠᠵᠤ ᠠᠬᠤᠶᠢᠯᠠᠯ ᠤᠨ ︽ᠬᠦᠴᠦᠷᠬᠡᠭ ᠨᠢ ᠬᠦᠴᠦᠷᠬᠡᠭ ᠲᠠᠢ ᠪᠠᠨ ᠬᠠᠮᠲᠤᠷᠠᠯᠴᠠᠬᠤ︾᠂ ᠲᠤᠬᠠᠶ ᠶᠢᠨ ᠭᠠᠵᠠᠷ ᠲᠤᠨᠢ | ᠰᠢᠩᠭᠡᠭᠡᠨ ᠠᠪᠬᠤ ᠶᠢ ᠵᠣᠷᠢᠭᠵᠢᠭᠤᠯᠵᠤ᠂ ᠥᠩᠭᠡ ᠦᠵᠡᠮᠵᠢ ᠶᠢᠨ ᠡᠨᠧᠷᠭᠢ ᠶᠢᠨ ︽ᠨᠡᠭᠦᠷᠡᠰᠦᠲᠥ᠋ᠷᠥᠭᠴᠢ ᠥᠬᠡᠶ | ᠨᠣᠭᠤᠭᠠᠨ ᠴᠠᠬᠢᠯᠭᠠᠨ︾ ᠢ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠲᠤ ᠬᠦᠷᠭᠡᠨ᠎ᠡ᠃ ᠰᠢᠨ᠎ᠡ | ᠡᠨᠧᠷᠭᠢ ᠶᠢᠨ ᠠᠵᠤ ᠤᠶᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ᠂ ᠴᠠᠬᠢᠯᠭᠠᠨ ᠤ ᠲᠣᠤᠷ ᠤᠨ ᠬᠠᠵᠠᠭᠤ ᠶᠢᠨ | ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠵᠢᠱᠢᠶ᠎ᠡ ᠦᠵᠡᠭᠦᠯᠬᠦ ᠲᠥᠷᠥᠯ ᠵᠤᠶᠢᠯ᠂ ᠡᠬᠢ ᠰᠤᠷᠪᠤᠯᠵᠢ ᠪᠠ | ᠴᠡᠨᠡᠭ ᠬᠠᠷᠢᠯᠴᠠᠨ ᠦᠶ᠋ᠯᠡᠳᠦᠯᠴᠡᠭᠰᠡᠨ ᠪᠣᠬᠢᠷᠲᠤᠯ ᠥᠬᠡᠶ ᠲᠣᠮᠣ ᠳ᠋ᠠᠶᠢᠲ᠋ᠠ ᠶᠢᠨ ᠲᠥᠪ ᠤᠨ ᠵᠢᠱᠢᠶ᠎ᠡ ᠦᠵᠡᠭᠦᠯᠬᠦ | ᠲᠥᠷᠥᠯ ᠵᠤᠶᠢᠯ ᠢ ᠬᠡᠷᠡᠭᠵᠢᠭᠦᠯᠵᠦ᠂ ᠰᠠᠯᠬᠢ ᠭᠡᠷᠡᠯ ᠤᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ | ᠵᠠᠭᠤᠨ ᠲᠦᠮᠡᠨ ᠺᠢᠯᠣᠸᠠᠲ ᠠᠴᠠ ᠳᠠᠪᠠᠭᠤᠯᠬᠤ ᠪᠠᠷ ᠴᠢᠷᠮᠠᠶᠢᠨ᠎ᠠ᠃ | ᠲᠦᠷᠪᠡ ᠳᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠪᠯᠡᠷᠡᠨ ᠬᠥᠭᠵᠢᠬᠦ ᠶᠢ ᠲᠦᠯᠬᠢᠨ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠤᠶᠢᠯᠡᠳᠪᠤᠷᠢ ᠶᠢᠨ ᠲᠥᠪᠯᠡᠷᠡᠭᠰᠡᠨ ᠣᠷᠣᠨ ᠤ | ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠬᠠᠷᠭᠤᠭᠤᠯᠵᠤ᠂ ᠬᠦᠷᠢᠶᠡᠯᠡᠩ ᠲᠣᠭᠤᠷᠢᠭ ᠤᠨ ᠰᠠᠭᠤᠷᠢ | ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠠᠭᠠᠷ ᠮᠠᠨᠳᠠᠯ ᠢ ᠬᠢᠨᠠᠨ | ᠬᠡᠮᠵᠢᠬᠦ ᠲᠠᠪᠴᠠᠩ᠂ ᠭᠠᠵᠠᠷ ᠳᠣᠣᠷᠠᠬᠢ ᠤᠰᠤᠨ ᠤ ᠣᠷᠴᠢᠨ ᠲᠣᠭᠤᠷᠢᠨ ᠤ ᠲᠣᠣᠷ ᠰᠦᠯᠵᠢᠶᠡᠨ ᠤ ᠬᠢᠨᠠᠨ ᠬᠡᠮᠵᠢᠬᠦ | ᠲᠥᠷᠥᠯ ᠵᠦᠢᠯ ᠢ ᠬᠡᠷᠡᠭᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠢᠯᠴᠢ ᠬᠠᠩᠭᠠᠬᠤ᠂ ᠤᠰᠤ ᠬᠠᠩᠭᠠᠬᠤ᠂ | ᠪᠣᠬᠢᠷ ᠤᠰᠤᠨ ᠤ ᠬᠤᠭᠤᠯᠠᠶ ᠶᠢᠨ ᠲᠣᠤᠷ ᠪᠠ ᠭᠠᠯ ᠤᠨᠲᠠᠷᠠᠭᠠᠬᠤ ᠥᠷᠲᠡᠭᠡ ᠶᠢᠨ ᠲᠥᠷᠥᠯ ᠵᠤᠶᠢᠯ ᠢ ᠨᠢᠭᠡᠳᠦᠯᠲᠡᠶ | ᠲᠥᠯᠥᠪᠯᠡᠨ ᠪᠥᠲᠥᠭᠡᠨ ᠪᠠᠶᠢᠭᠤᠯᠵᠤ᠂ ᠲᠦᠮᠠᠯᠲᠠᠶ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠤᠷᠢᠯᠡᠬᠦ | ᠤᠶᠢᠯᠡᠳᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ᠂ ᠪᠠᠷᠢᠯᠭ᠎ᠠ ᠶᠢᠨ ᠮᠠᠲ᠋ᠧᠷᠢᠶᠠᠯ ᠤᠨ | ᠬᠢᠮᠢ ᠶᠢᠨ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠠᠶᠤᠯᠲᠠᠶ ᠬᠢᠮᠢ ᠶᠢᠨ ᠮᠠᠰᠢᠨ ᠲᠡᠷᠭᠡᠨ ᠤ | ᠵᠣᠭᠰᠣᠭᠠᠯ ᠤᠨ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠣᠷᠣᠨ | ᠪᠦᠰᠡ ᠶᠢᠨ ᠬᠢᠨᠠᠨ ᠲᠣᠭᠲᠠᠭᠠᠬᠤ ᠠᠵᠢᠯ ᠢ ᠰᠠᠶᠢᠲᠤᠷ ᠠᠳᠬᠤᠵᠤ᠂ ᠬᠦᠷᠢᠶᠡᠯᠡᠩ ᠳᠤ ᠤᠷᠤᠭᠰᠠᠨ ᠠᠵᠤ | ᠠᠬᠤᠶᠢᠯᠠᠯ ᠤᠨ ︽ᠲᠠᠩ ᠴᠣᠭᠴᠠ ᠶᠢᠨ ᠦᠨᠡᠯᠡᠯᠲᠡ︾ ᠠᠴᠠ ︽ᠪᠦᠬᠦᠯᠢ ᠴᠣᠭᠴᠠ ᠶᠢᠨ ᠦᠨᠡᠯᠡᠯᠲᠡ︾ ᠳᠠᠰᠢ | ᠬᠤᠪᠢᠷᠠᠭᠤᠯᠬᠤ ᠶᠢ ᠠᠬᠢᠭᠤᠯᠵᠤ᠂ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠦᠶᠡᠯᠡᠯ ᠤᠨ | ᠬᠤᠭᠤᠴᠠᠭ᠎ᠠ ᠶᠢ ᠪᠣᠭᠤᠨᠢᠰᠬᠠᠨ᠎ᠠ᠃ | ᠬᠥᠲᠥᠯᠥᠭᠴᠢ᠄ ᠮᠠᠨ ᠤ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠭᠠᠯᠲᠤ | ᠠᠭᠤᠯᠠ ᠶᠢᠨ ᠲᠠᠯ᠎ᠠ ᠨᠤᠲᠤᠭ ᠤᠨ ᠠᠯᠳᠠᠷᠰᠢᠯ ᠤᠯᠠᠮ ᠠᠴᠠ ᠤᠯᠠᠮ ᠥᠨᠳᠥᠷ ᠪᠣᠯᠵᠣ ᠪᠠᠶᠢᠨ᠎ᠠ᠂ ᠮᠠᠨ ᠤ ᠬᠤᠰᠢᠭᠤ | ᠭᠠᠯᠲᠤ ᠠᠭᠤᠯᠠ ᠶᠢᠨ ᠲᠠᠯ᠎ᠠ ᠨᠤᠲᠤᠭ ᠤᠨ ᠳᠠᠪᠠᠭᠤᠯᠢᠭ ᠲᠠᠢ ᠪᠠᠨ ᠤᠶᠠᠯᠳᠤᠭᠤᠯᠤᠨ ᠵᠢᠭᠤᠯᠴᠢᠯᠠᠯ ᠤᠨ ᠠᠵᠤ | ᠤᠶᠢᠯᠡᠰ ᠢ ᠬᠡᠷᠬᠢᠨ ᠬᠥᠭᠵᠢᠭᠦᠯᠬᠦ ᠪᠣᠶ︖ | ᠵᠠᠩ ᠵᠢᠶᠠᠨ ᠪᠢᠨ᠄ ᠭᠠᠯᠲᠤ ᠠᠭᠤᠯᠠ ᠶᠢᠨ ᠬᠡᠭᠡᠷ᠎ᠡ ᠲᠠᠯ᠎ᠠ ᠪᠣᠯ ᠲᠡᠦᠬᠡ ᠠᠴᠠ ᠪᠢᠳᠡᠨ ᠳᠤ ᠦᠯᠡᠳᠡᠭᠡᠵᠦ | ᠥᠭᠭᠦᠭᠰᠡᠨ ᠡᠷᠬᠢᠮ ᠨᠠᠨᠳᠢᠨ ᠥᠪ ᠬᠥᠷᠥᠩᠭᠡ ᠮᠥᠨ᠂ ᠭᠠᠯᠲᠤ ᠠᠭᠤᠯᠠ ᠶᠢᠨ ᠬᠡᠭᠡᠷ᠎ᠡ ᠲᠠᠯ᠎ᠠ ᠶᠢ ᠰᠠᠶᠢᠲᠤᠷ | ᠬᠠᠮᠠᠭᠠᠯᠠᠬᠤ ᠪᠣᠯ ᠪᠢᠳᠡᠨ ᠤ ᠵᠠᠶᠢᠯᠠᠭᠤᠯᠵᠤ ᠪᠣᠯᠤᠰᠢ ᠦᠭᠡᠶ ᠬᠠᠷᠢᠭᠤᠴᠠᠯᠭ᠎ᠠ ᠮᠥᠨ᠃ ᠬᠠᠮᠠᠭᠠᠯᠠᠯᠲᠠ ᠶᠢᠨ | ᠬᠡᠯᠪᠡᠷᠢ ᠪᠠᠷ ᠨᠡᠭᠡᠭᠡᠨ ᠬᠥᠭᠵᠢᠭᠦᠯᠬᠦ᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ | ᠴᠣᠭᠴᠠᠯᠠᠨ ᠪᠠᠶᠢᠭᠤᠯᠬᠤ᠂ ᠴᠢᠨᠠᠷ ᠰᠠᠶᠢᠲᠠᠶ ᠠᠭᠤᠰᠤᠯᠴᠠᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠠᠵᠤ ᠤᠶᠢᠯᠡᠰ ᠢ | ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠨᠡᠮᠡᠭᠳᠡᠯ ᠤᠨ ᠲᠦᠢᠯ ᠪᠣᠯᠭᠠᠬᠤ ᠶᠢ ᠲᠠᠰᠤᠷᠠᠯᠲᠠ | ᠥᠬᠡᠶ ᠠᠬᠢᠭᠤᠯᠤᠨ᠎ᠠ᠃ ᠡᠨᠡ ᠵᠢᠯ᠂ ᠮᠠᠨ ᠤ ᠬᠤᠰᠢᠭᠤ ᠭᠤᠤᠯᠳᠠᠭᠤ ᠳᠣᠤᠷᠠᠬᠢ ᠭᠤᠷᠪᠠᠨ ᠲᠠᠯ᠎ᠠ ᠪᠠᠷ ᠬᠦᠴᠦᠯᠡᠨ᠎ᠡ᠃ | | ᠨᠢᠭᠡ ᠳᠤ᠂ ᠪᠦᠬᠦ ᠣᠷᠣᠨ ᠪᠦᠰᠡ ᠪᠦᠬᠦ ᠤᠯᠠᠷᠢᠯ ᠤᠨ ᠵᠤᠭᠠᠴᠠᠯ ᠢ ᠲᠦᠷᠭᠡᠳᠬᠡᠨ ᠬᠥᠭᠵᠢᠭᠦᠯᠦᠨ᠎ᠡ᠃ | ᠪᠠᠶᠢᠭᠠᠯᠢᠯᠢᠭ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠡᠷᠬᠢᠮᠯᠡᠬᠦ ᠶᠢ ᠳᠣᠪᠤᠶᠢᠯᠭᠠᠨ᠂ ᠭᠠᠯᠲᠤ ᠠᠭᠤᠯᠠ ᠶᠢᠨ | ᠤᠤᠯ ᠳᠦᠷᠰᠦ᠂ ᠭᠠᠵᠠᠷ ᠣᠷᠣᠨ ᠤ ᠣᠨᠴᠠᠯᠢᠭ᠂ ᠰᠣᠶᠣᠯ ᠤᠨ ᠣᠨᠴᠠᠯᠢᠭ ᠢ ᠭᠠᠯᠲᠤ ᠠᠭᠤᠯᠠ ᠶᠢᠨ ᠦᠵᠡᠮᠵᠢ ᠶᠢᠨ | ᠣᠷᠣᠨ ᠤ ᠵᠢᠷᠤᠭ ᠲᠥᠯᠥᠪᠯᠡᠭᠡ ᠶᠢᠨ ᠣᠨᠣᠯᠵᠢᠬᠤᠨ ᠳᠤ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠵᠤ᠂ | ᠦᠵᠡᠮᠵᠢ ᠶᠢᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠷᠡᠮᠵᠢ᠂ ᠨᠢᠭᠤᠴᠠ ᠳᠠᠯᠳᠠ ᠮᠡᠳᠡᠷᠡᠮᠵᠢ᠂ | ᠪᠡᠶᠡᠴᠢᠯᠡᠨ ᠣᠶᠢᠯᠠᠭᠠᠬᠤ ᠮᠡᠳᠡᠷᠡᠮᠵᠢ ᠶᠢ ᠨᠡᠮᠡᠭᠳᠡᠭᠦᠯᠦᠨ᠎ᠡ᠃ ︽ᠵᠣᠨ ᠤ ᠤᠯᠠᠷᠢᠯ ᠳᠤ ᠲᠠᠯ᠎ᠠ ᠨᠤᠲᠤᠭ ᠢᠶᠠᠷ | ᠵᠤᠭᠠᠴᠠᠵᠤ᠂ ᠡᠪᠦᠯ ᠤᠨ ᠤᠯᠠᠷᠢᠯ ᠳᠤ ᠮᠥᠰᠥ ᠴᠠᠰᠤ ᠪᠠᠷ ᠨᠠᠭᠠᠳᠬᠤ︾ ᠠᠵᠢᠯ ᠢ ᠬᠦᠢᠴᠡᠳ ᠬᠢᠵᠦ᠂ ᠺᠠᠩ ᠶᠠᠩ | ᠬᠠᠯᠠᠭᠤᠨ ᠷᠠᠰᠢᠶᠠᠨ ᠤ ᠵᠢᠵᠢᠭ ᠪᠠᠯᠭᠠᠰᠤ ᠶᠢ ᠲᠦᠷᠭᠡᠳᠬᠡᠨ ᠪᠠᠶᠢᠭᠤᠯᠵᠤ᠂ ᠳᠣᠤᠷ᠎ᠠ ᠠᠭᠠᠷ ᠤᠨ ᠨᠢᠰᠦᠯᠲᠡ᠂ | ᠴᠠᠰᠤᠨ ᠳᠤ ᠭᠤᠯᠭᠤᠬᠤ ᠲᠠᠯᠠᠪᠠᠶ ᠵᠡᠷᠭᠡ ᠲᠥᠷᠥᠯ ᠵᠤᠶᠢᠯ ᠤᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ᠂ | ᠭᠠᠯᠲᠤ ᠠᠭᠤᠯᠠ ᠶᠢᠨ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠢᠶᠠᠷ ᠭᠤᠤᠯ ᠪᠣᠯᠭᠠᠭᠰᠠᠨ᠂ ᠰᠤᠳᠤᠯᠤᠨ | ᠰᠤᠷᠤᠯᠴᠠᠬᠤ᠂ ᠺᠠᠩ ᠶᠠᠩ ᠰᠤᠪᠢᠯᠠᠯᠲᠠ᠂ ᠰᠡᠯᠡᠭᠦᠴᠡᠯ ᠵᠢᠭᠤᠯᠴᠢᠯᠠᠯ ᠢ ᠵᠣᠬᠢᠴᠠᠯᠳᠤᠭᠤᠯᠤᠨ ᠬᠥᠭᠵᠢᠭᠦᠯᠬᠦ | ᠪᠠᠶᠢᠷᠢᠰᠢᠯ ᠢ ᠪᠠᠶᠢᠭᠤᠯᠤᠨ᠎ᠠ᠃ | ᠬᠤᠶᠠᠷ ᠲᠤ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ | ᠲᠡᠭᠦᠯᠳᠡᠷᠵᠢᠭᠦᠯᠦᠨ᠎ᠡ᠃ ᠪᠠᠷᠢᠮᠵᠢᠶᠠᠲᠤ ᠤᠯᠤᠰ ᠤᠨ ᠲᠠᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠪᠥᠲᠥᠭᠡᠨ | ᠪᠠᠶᠢᠭᠤᠯᠤᠯᠲᠠ ᠶᠢᠨ ᠱᠠᠭᠠᠷᠳᠠᠯᠭ᠎ᠠ ᠳᠤ ᠴᠢᠭᠯᠡᠭᠦᠯᠦᠨ᠂ ᠵᠢᠭᠤᠯᠴᠢᠯᠠᠭᠴᠢᠳ ᠤᠨ ᠤᠶᠢᠯᠡᠴᠢᠯᠡᠬᠡᠨ ᠤ ᠲᠥᠪ᠂ ᠲᠡᠷᠭᠡᠨ | ᠵᠣᠭᠰᠣᠭᠠᠯ᠂ ᠵᠢᠭᠤᠯᠴᠢᠯᠠᠯ ᠤᠨ ᠲᠡᠮᠳᠡᠭ ᠤᠨ ᠰᠢᠰᠲ᠋ᠧᠮ ᠢ ᠠᠵᠢᠯ ᠭᠠᠯᠲᠤ ᠠᠭᠤᠯᠠᠨ ᠤ ᠲᠠᠯ᠎ᠠ ᠨᠤᠲᠤᠭ ᠤᠨ | ᠵᠢᠭᠤᠯᠴᠢᠯᠠᠯ ᠤᠨ ᠵᠡᠭᠦᠨ ᠵᠠᠮ ᠤᠨ ᠲᠥᠷᠥᠯ ᠵᠦᠢᠯ ᠢ ᠬᠡᠷᠡᠭᠵᠢᠭᠦᠯᠦᠨ᠎ᠡ᠃ ᠵᠢᠯ ᠤᠨ ᠳᠣᠲᠣᠷ᠎ᠠ 3A ᠲᠠᠰ ᠤᠨ | ᠦᠵᠡᠮᠵᠢ ᠶᠢᠨ ᠣᠷᠣᠨ ᠢ ᠭᠤᠶᠤᠴᠢᠯᠠᠨ ᠮᠡᠳᠡᠭᠦᠯᠬᠦ ᠠᠵᠢᠯ ᠢ ᠪᠡᠶᠡᠯᠡᠭᠦᠯᠵᠦ᠂ ᠭᠠᠯᠲᠤ ᠠᠭᠤᠯᠠ ᠶᠢᠨ ᠲᠠᠯ᠎ᠠ | ᠨᠤᠲᠤᠭ ᠤᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠡᠮᠬᠢ ᠳᠢᠭᠯᠢᠮ ᠢ ᠪᠥᠬᠦ ᠲᠠᠯ᠎ᠠ ᠪᠠᠷ ᠪᠦᠷᠢᠨᠰᠢᠬᠦᠯᠪᠡ᠃ | ᠭᠤᠷᠪᠠ ᠳᠤ ᠠᠷᠠᠳ ᠤᠨ ᠣᠷᠣᠨ ᠰᠠᠭᠤᠴᠠ ᠶᠢᠨ ᠠᠵᠤ ᠤᠶᠢᠯᠡᠰ ᠤᠨ ︽ᠠᠵᠤ ᠠᠬᠤᠶ ᠶᠢᠨ ᠲᠣᠭᠤᠷᠢᠭ︾ ᠢ | ᠪᠣᠶ ᠪᠣᠯᠭᠠᠨ᠎ᠠ᠃ ᠠᠷᠠᠳ ᠤᠨ ᠣᠷᠣᠨ ᠰᠠᠭᠤᠴᠠ ᠶᠢᠨ ᠠᠵᠤ ᠤᠶᠢᠯᠡᠰ ᠤᠨ ᠵᠢᠯᠣᠭᠤᠳᠬᠤ ᠰᠠᠨᠠᠯ᠂ | ᠬᠠᠮᠢᠶᠠᠷᠤᠯᠲᠠ ᠶᠢᠨ ᠠᠷᠭ᠎ᠠ᠂ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠠᠷᠠᠳ ᠤᠨ ᠣᠷᠣᠨ | ᠰᠠᠭᠤᠴᠠ ᠶᠢᠨ ᠡᠵᠡᠩᠨᠡᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠰᠢᠯᠢ ᠥᠨᠳᠥᠷ ᠠᠭᠤᠯᠠ ᠶᠢᠨ ᠨᠤᠭᠤ ᠶᠢᠨ | ᠲᠠᠯ᠎ᠠ ᠨᠤᠲᠤᠭ — ᠤᠯᠠᠭᠠᠨᠬᠠᠳᠠ ᠭᠠᠯᠲᠤ ᠠᠭᠤᠯᠠ ᠶᠢᠨ ᠲᠠᠯ᠎ᠠ ᠨᠤᠲᠤᠭ — ᠲᠦᠮᠠᠯᠲᠠᠶ ᠶᠢᠨ ᠬᠠᠲᠠᠨ | ᠥᠰᠥᠭ ᠤᠨ ᠬᠠᠲᠠᠨ ᠵᠢᠷᠤᠭ ᠤᠨ ᠵᠢᠭᠤᠯᠴᠢᠯᠠᠯ ᠤᠨ ᠵᠠᠮ ᠱᠤᠭᠤᠮ ᠤᠨ ᠲᠣᠭᠤᠷᠢᠨ ᠳᠤ ᠴᠤᠭᠯᠠᠷᠠᠭᠤᠯᠤᠨ | ᠬᠥᠭᠵᠢᠭᠦᠯᠦᠨ᠎ᠡ᠃ ᠪᠦᠬᠦ ᠲᠣᠰᠬᠤᠨ ᠢᠶᠠᠷ ᠢᠶᠠᠨ ᠮᠠ ᠵᠢᠶᠠ ᠼᠦᠨ᠂ ᠶᠠᠩ ᠭᠤᠤ ᠹᠠᠩ᠂ ᠭᠠᠩ ᠬᠠᠢ ᠽᠢ᠂ | ᠮᠦᠸᠧᠭᠠᠢᠢᠲᠤ ᠵᠡᠷᠭᠡ ᠠᠷᠠᠳ ᠤᠨ ᠣᠷᠣᠨ ᠰᠠᠭᠤᠴᠠ ᠶᠢᠨ ᠥᠭᠡᠷᠡᠴᠢᠯᠡᠯᠲᠡ ᠶᠢ ᠠᠬᠢᠭᠤᠯᠵᠤ᠂ ᠴᠢ ᠴᠢᠩ ᠳ᠋ᠢ᠂ | ᠨᠢᠦ ᠮᠢᠩ ᠲᠣᠰᠬᠤᠨ ᠤ ᠤᠳᠤ ᠪᠠᠶᠢᠭ᠎ᠠ ᠠᠷᠠᠳ ᠤᠨ ᠣᠷᠣᠨ ᠰᠠᠭᠤᠴᠠ ᠶᠢ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃ | ᠠᠷᠠᠳ ᠤᠨ ᠣᠷᠣᠨ ᠰᠠᠭᠤᠴᠠ ᠶᠢᠨ ᠠᠵᠤ ᠤᠶᠢᠯᠡᠰ ᠢ ᠤᠷᠲᠤᠳᠬᠠᠨ ᠥᠷᠭᠡᠳᠬᠡᠬᠦ ᠶᠢ ᠳᠡᠮᠵᠢᠵᠦ᠂ ︽ | ᠬᠤᠨᠤᠭ ᠤᠨ ᠠᠵᠤ ᠠᠬᠤᠶ︾ ︽ᠬᠦᠷᠢᠶ᠎ᠡ ᠬᠠᠰᠢᠶ᠎ᠠ ᠶᠢᠨ ᠠᠵᠤ ᠠᠬᠤᠶ︾ ︽ᠪᠡᠯᠡᠳᠬᠡᠯ ᠠᠪᠳᠠᠷ᠎ᠠ ᠶᠢᠨ ᠠᠵᠤ | ᠠᠬᠤᠶ︾ ᠪᠠ ︽ᠠᠷᠠᠳ ᠤᠨ ᠵᠠᠩ ᠤᠶᠢᠯᠡ ᠶᠢᠨ ᠰᠣᠶᠣᠯ ᠤᠨ ᠠᠵᠤ ᠠᠬᠤᠶ︾ ᠶᠢ ᠬᠥᠭᠵᠢᠭᠦᠯᠵᠦ᠂ ᠴᠢᠨᠠᠷ | ᠰᠠᠶᠢᠲᠠᠶ ︽ᠠᠷᠠᠳ ᠤᠨ ᠣᠷᠣᠨ ᠰᠠᠭᠤᠴᠠ ᠶᠢᠨ ᠠᠵᠤ ᠠᠬᠤᠶ ᠶᠢᠨ ᠲᠣᠭᠤᠷᠢᠭ︾ ᠢ ᠪᠠᠶᠢᠭᠤᠯᠤᠨ᠎ᠠ᠃ | ᠬᠥᠲᠥᠯᠥᠭᠴᠢ᠄ ᠵᠠ᠂ ᠵᠠᠩ ᠬᠤᠰᠢᠭᠤᠨ ᠳᠠᠷᠤᠭ᠎ᠠ ᠪᠢᠳᠡᠨ ᠤ ᠰᠤᠷᠪᠤᠯᠵᠢᠯᠠᠭ᠎ᠠ ᠶᠢ ᠬᠦᠯᠢᠶᠡᠵᠦ ᠠᠪᠤᠭᠰᠠᠨ ᠳᠤ | ᠮᠠᠰᠢ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠠ᠂ ᠪᠠᠶᠠᠷᠲᠠᠶ᠃ | ᠵᠠᠩ ᠵᠢᠶᠠᠨ ᠪᠢᠨ᠄ ᠪᠠᠶᠠᠷᠲᠠᠶ᠃ | | | | |