| | ᠴᠠᠩ ᠧ ᠳᠥᠷᠪᠡᠳᠦᠭᠡᠷ ᠤᠨ ᠬᠠᠮᠤᠭ ᠤᠨ ᠰᠢᠨ᠎ᠡ ᠰᠤᠳᠤᠯᠭᠠᠨ ᠤ | ᠦᠷ᠎ᠡ ᠪᠦᠲᠦᠭᠡᠯ᠄ ᠭᠠᠵᠠᠷ ᠪᠠᠭᠤᠬᠤ ᠣᠷᠣᠨ ᠤ ᠣᠶᠢᠷᠠᠯᠴᠠᠭ᠎ᠠ | ᠰᠠᠷᠠᠨ ᠤ ᠬᠥᠷᠥᠰᠥᠨ ᠳᠠᠬᠢ ᠪᠠᠷᠢᠯᠳᠤᠯ ᠨᠡᠯᠢᠶᠡᠳ ᠶᠡᠭᠡ ᠪᠠᠶᠢᠨ᠎ᠠ | | 2022 ᠣᠨ ᠤ ᠡᠬᠢᠨ ᠳᠤ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠠᠰᠢᠨ | ᠬᠥᠮᠦᠨ ᠤ ᠮᠡᠷᠭᠡᠵᠢᠯ ᠪᠠ ᠰᠢᠰᠲ᠋ᠧᠮ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠠᠴᠠ | ᠪᠡᠭᠡᠵᠢᠩ ᠤᠨ ᠰᠠᠨᠰᠠᠷ ᠤᠨ ᠠᠶᠠᠯᠠᠯ ᠤᠨ ᠨᠢᠰᠦᠯᠲᠡ ᠶᠢᠨ ᠡᠵᠡᠮᠳᠡᠯ ᠤᠨ ᠲᠥᠪ᠂ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠮᠡᠳᠡᠭᠡ ᠵᠠᠩᠭᠢ ᠶᠢᠨ ᠰᠤᠳᠤᠯᠭᠠᠨ ᠤ | ᠭᠠᠵᠠᠷ ᠤᠨ ᠠᠯᠤᠰ ᠰᠡᠷᠡᠯ ᠤᠨ ᠰᠢᠨᠵᠢᠯᠡᠬᠦ ᠤᠬᠠᠭᠠᠨ ᠤ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ | ᠳᠤᠮᠳᠠᠳᠤ ᠤᠯᠤᠰ ᠤᠨ ᠣᠭᠲᠠᠷᠭᠤᠶ ᠶᠢᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠺᠠᠨᠠᠳᠠ ᠶᠢᠨ ᠷᠠᠶᠢᠷᠰᠤᠨ | ᠶᠡᠭᠡ ᠰᠤᠷᠭᠠᠭᠤᠯᠢ ᠵᠡᠷᠭᠡ ᠣᠯᠠᠨ ᠨᠢᠭᠡᠴᠡ ᠬᠠᠮᠲᠤᠷᠠᠨ ᠣᠯᠠᠨ ᠤᠯᠤᠰ ᠤᠨ ᠠᠯᠳᠠᠷᠲᠤ ᠡᠷᠳᠡᠮ ᠰᠢᠨᠵᠢᠯᠡᠭᠡᠨ ᠤ | ᠬᠤᠭᠤᠴᠠᠭᠠᠲᠤ ᠰᠡᠳᠬᠦᠯ ︽Science Robotics︾ ᠳᠡᠭᠡᠷ᠎ᠡ ︽A2-year locomotive | exploration and scientificinvestigation of the lunar farside by the | Yutu-2 rover( ︽ᠬᠠᠰ ᠲᠠᠤᠯᠠᠢ ᠬᠤᠶᠠᠳᠤᠭᠠᠷ︾ ᠨᠡᠷᠡᠮᠵᠢᠲᠦ ︽ᠰᠠᠷᠠᠨ ᠪᠥᠮᠪᠥᠷᠴᠡᠭ ᠤᠨ ᠲᠡᠷᠭᠡ 2 | ᠵᠢᠯ ᠤᠨ ᠣᠶ ᠳᠤ ᠰᠠᠷᠠᠨ ᠪᠥᠮᠪᠥᠷᠴᠡᠭ ᠤᠨ ᠠᠷᠤ ᠲᠠᠯ᠎ᠠ ᠳᠤ ᠰᠢᠯᠵᠢᠬᠦ ᠪᠠ ᠰᠢᠨᠵᠢᠯᠡᠬᠦ ᠤᠬᠠᠭᠠᠨ ᠤ ᠬᠠᠶᠢᠯᠲᠠ ᠬᠢᠬᠦ︾ | ᠭᠡᠬᠦ ᠨᠢᠭᠤᠷ ᠤᠨ ᠨᠢᠭᠤᠷ ᠤᠨ ᠥᠭᠦᠯᠡᠯ ᠢ ᠪᠢᠴᠢᠵᠡᠶ᠃ ) | | | | | ᠲᠤᠰ ᠪᠦᠯᠬᠦᠮ ᠨᠢ ᠰᠠᠷᠠᠨ ᠪᠥᠮᠪᠥᠷᠴᠡᠭ ᠤᠨ ᠲᠡᠷᠭᠡᠨ ᠬᠦᠷᠳᠦ ᠪᠣᠯᠤᠨ ᠰᠠᠷᠠᠨ ᠪᠥᠮᠪᠥᠷᠴᠡᠭ ᠤᠨ | ᠭᠠᠳᠠᠷᠭᠤ ᠶᠢᠨ ᠦᠢᠯᠡᠳᠦᠯ ᠤᠨ ᠰᠤᠷᠠᠭ ᠵᠠᠩᠭᠢ ᠪᠣᠯᠤᠨ ᠭᠠᠵᠠᠷ ᠤᠨ ᠭᠠᠳᠠᠷᠭᠤ ᠶᠢᠨ ᠬᠦᠴᠦᠨ ᠤ ᠤᠬᠠᠭᠠᠨ ᠤ | ᠵᠠᠭᠪᠤᠷ ᠢ ᠦᠨᠳᠦᠰᠦᠯᠡᠨ ᠰᠠᠷᠠᠨ ᠬᠥᠷᠥᠰᠥᠨ ᠤ ᠬᠦᠴᠦᠨ ᠤ ᠤᠬᠠᠭᠠᠨ ᠤ ᠣᠨᠴᠠᠯᠢᠭ ᠢ ᠵᠢᠱᠢᠵᠦ᠂ ᠰᠠᠷᠠᠨ | ᠬᠥᠷᠥᠰᠥᠨ ᠤ ᠥᠭᠢᠷᠡᠰᠢᠭᠰᠡᠨ ᠳᠠᠪᠬᠤᠷᠭ᠎ᠠ ᠶᠢᠨ ᠳᠠᠷᠤᠯᠲᠠ ᠶᠢ ᠳᠠᠭᠠᠭᠠᠬᠤ ᠣᠨᠴᠠᠯᠢᠭ ᠨᠢ ᠳᠡᠯᠡᠬᠡᠶ ᠶᠢᠨ ᠪᠥᠮᠪᠥᠷᠴᠡᠭ | ᠳᠡᠭᠡᠷᠡᠬᠢ ᠬᠠᠭᠤᠷᠠᠶ ᠡᠯᠡᠰᠦ ᠪᠣᠯᠤᠨ ᠡᠯᠡᠰᠦᠷᠬᠡᠭ ᠰᠢᠷᠣᠶ ᠲᠠᠢ ᠠᠳᠠᠯᠢᠪᠲᠤᠷ ᠪᠠᠶᠢᠵᠤ᠂ ᠠᠮᠧᠷᠢᠺᠠ ᠶᠢᠨ ᠠᠫᠤᠯᠯᠤ ᠶᠢᠨ | ᠲᠥᠯᠥᠪᠯᠡᠭᠡ ᠳᠠᠬᠢ ᠨᠡᠶᠢᠲᠡᠯᠢᠭ ᠰᠠᠷᠠᠨ ᠬᠥᠷᠥᠰᠥ ᠲᠠᠢ ᠬᠠᠷᠢᠴᠠᠭᠤᠯᠪᠠᠯ ᠨᠡᠩ ᠴᠢᠩᠭ᠎ᠠ ᠳᠠᠷᠤᠯᠲᠠ ᠶᠢ ᠳᠠᠭᠠᠭᠠᠬᠤ | ᠣᠨᠴᠠᠯᠢᠭ ᠲᠠᠢ ᠭᠡᠳᠡᠭ ᠢ ᠬᠠᠷᠠᠭᠤᠯᠵᠠᠶ᠃ ᠠᠳᠠᠯᠢ ᠪᠤᠰᠤ ᠭᠠᠵᠠᠷ ᠤᠨ ᠣᠯᠠᠨ ᠵᠢᠷᠤᠭ ᠳᠦᠷᠰᠦ ᠠᠴᠠ ︽ᠬᠠᠰ | ᠲᠠᠤᠯᠠᠢ ᠬᠤᠶᠠᠳᠤᠭᠠᠷ︾ ᠲᠡᠷᠭᠡᠨ ᠬᠦᠷᠳᠦᠨ ᠳᠤ ᠲᠣᠮᠣ ᠬᠡᠰᠡᠭᠲᠦ ᠪᠥᠭᠡᠮ ᠬᠥᠷᠥᠰᠥ ᠨᠠᠭᠠᠯᠳᠤᠵᠤ ᠪᠠᠶᠢᠬᠤ ᠪᠥᠭᠡᠳ | ︽ᠬᠠᠰ ᠲᠠᠤᠯᠠᠢ ᠨᠡᠷᠡᠮᠵᠢᠲᠦ︾ ᠲᠡᠷᠭᠡᠨ ᠬᠦᠷᠳᠦᠨ ᠳᠤ ᠨᠠᠩᠭᠢ ᠰᠢᠷᠣᠶ ᠶᠢᠨ ᠦᠵᠡᠭᠳᠡᠯ ᠦᠨᠳᠦᠰᠦᠨ ᠳᠡᠭᠡᠨ | ᠣᠷᠣᠰᠢᠬᠤ ᠦᠭᠡᠶ ᠪᠠᠶᠢᠬᠤ ᠶᠢ ᠠᠵᠢᠭᠯᠠᠵᠤ ᠣᠯᠤᠭᠰᠠᠨ ᠪᠠᠶᠢᠨ᠎ᠠ᠂ ᠡᠨᠡ ᠨᠢ ᠴᠠᠩ ᠧ ᠳᠥᠷᠪᠡᠳᠦᠭᠡᠷ ᠤᠨ ᠭᠠᠵᠠᠷ | ᠪᠠᠭᠤᠬᠤ ᠣᠷᠣᠨ ᠤ ᠣᠶᠢᠷ᠎ᠠ ᠬᠠᠪᠢ ᠶᠢᠨ ᠰᠠᠷᠠᠨ ᠤ ᠬᠥᠷᠥᠰᠥᠨ ᠳᠠᠬᠢ ᠪᠠᠷᠢᠯᠳᠤᠯ ᠤᠨ ᠬᠦᠴᠦ ᠨᠡᠯᠢᠶᠡᠳ ᠶᠡᠭᠡ | ᠪᠠᠶᠢᠬᠤ ᠶᠢ ᠬᠠᠷᠠᠭᠤᠯᠵᠤ ᠪᠠᠶᠢᠨ᠎ᠠ᠂ ᠡᠭᠦᠨ ᠤ ᠰᠢᠯᠲᠠᠭᠠᠨ ᠨᠢ ᠨᠡᠯᠢᠶᠡᠳ ᠥᠨᠳᠥᠷ ᠬᠠᠷᠢᠴᠠᠯ ᠤᠨ ᠴᠠᠷᠴᠠᠮᠠᠯ ᠪᠣᠳᠠᠰ | ᠠᠭᠤᠯᠵᠤ᠂ ᠬᠥᠷᠥᠰᠥᠨ ᠤ ᠮᠥᠬᠦᠯᠢᠭ ᠢ ᠲᠡᠷᠭᠡᠨ ᠬᠦᠷᠳᠦᠨ ᠳᠤ ᠳᠠᠷᠤᠨ ᠳᠠᠷᠤᠬᠤ ᠳᠤ ᠨᠡᠩ ᠠᠮᠠᠷᠬᠠᠨ | ᠪᠥᠭᠡᠮᠨᠡᠷᠡᠭᠦᠯᠦᠭᠰᠡᠨ ᠠᠴᠠ ᠪᠣᠯᠤᠭᠰᠠᠨ ᠪᠠᠶᠢᠵᠤ ᠮᠡᠳᠡᠨ᠎ᠡ᠃ | | | | | ᠲᠤᠰ ᠰᠤᠳᠤᠯᠭᠠᠨ ᠨᠢ ᠮᠠᠨ ᠤ ᠤᠯᠤᠰ ᠤᠨ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠡᠭᠦᠷᠭᠡ ᠳᠤ | ᠰᠠᠭᠤᠷᠢᠯᠠᠨ᠂ ᠢᠨᠵᠧᠨᠧᠷᠢᠩ ᠤᠨ ᠰᠢᠨᠵᠢᠯᠡᠬᠦ ᠤᠬᠠᠭᠠᠨ ᠤ ᠠᠰᠠᠭᠤᠳᠠᠯ ᠳᠤ ᠬᠠᠨᠳᠤᠭᠤᠯᠵᠤ᠂ ᠬᠤᠯᠪᠣᠭᠳᠠᠯ ᠪᠦᠬᠦᠢ | ᠦᠷ᠎ᠡ ᠳ᠋ᠦᠩ ᠨᠢ ᠢᠷᠡᠭᠡᠳᠦᠶ ᠶᠢᠨ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠡᠭᠦᠷᠭᠡ ᠳᠤ ᠣᠨᠣᠯ ᠪᠠ ᠮᠡᠷᠭᠡᠵᠢᠯ ᠤᠨ | ᠳᠡᠮᠵᠢᠯᠭᠡ ᠬᠠᠩᠭᠠᠬᠤ ᠪᠣᠯᠤᠨ᠎ᠠ᠃ ᠲᠤᠰ ᠰᠤᠳᠤᠯᠭᠠᠨ ᠨᠢ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠰᠠᠭᠤᠷᠢ ᠮᠥᠩᠭᠦ ︵51822502᠂ 91948202᠂ 41771488︶᠂ ᠤᠯᠤᠰ ᠤᠨ ᠭᠤᠣᠯᠳᠠᠯᠭ᠎ᠠ ᠲᠠᠢ | ᠰᠤᠳᠤᠯᠤᠨ ᠨᠡᠭᠡᠭᠡᠬᠦ ᠲᠥᠯᠥᠪᠯᠡᠭᠡ ︵2019YFB1309500︶᠂ ︽111︾ ᠰᠢᠨ᠎ᠡ ᠶᠢ ᠡᠭᠦᠳᠴᠦ | ᠤᠶᠤᠨ ᠤᠬᠠᠭᠠᠨ ᠣᠷᠣᠭᠤᠯᠬᠤ ᠲᠥᠯᠥᠪᠯᠡᠭᠡ ︵BP0719002︶ ᠵᠡᠷᠭᠡ ᠲᠤᠰᠠᠯᠠᠮᠵᠢ ᠶᠢ ᠬᠦᠷᠳᠡᠵᠡᠢ᠃ | | | | | ᠦᠷ᠎ᠡ ᠪᠦᠲᠦᠭᠡᠯ ᠢ ᠨᠡᠶᠢᠲᠡᠯᠡᠭᠰᠡᠨ ᠤᠭ ᠵᠣᠬᠢᠶᠠᠯ ᠤᠨ ᠴᠥᠷᠬᠡᠯᠡᠭᠡ᠄ https://www.science. | org/doi/10.1126/scirobotics.abj6660 | ᠣᠳᠣᠬᠠᠨ ᠳᠤ ᠴᠠᠩ ᠧ ᠳᠥᠷᠪᠡᠳᠦᠭᠡᠷ ᠪᠣᠯ 41 ᠳ᠋ᠤᠭᠡᠷ ᠰᠠᠷ᠎ᠠ ᠶᠢᠨ ᠰᠥᠨᠢ ᠮᠥᠨ᠂ ᠰᠠᠷᠠᠨ | ᠪᠥᠮᠪᠥᠷᠴᠡᠭ ᠤᠨ ᠲᠡᠷᠭᠡᠨ ᠤ ᠰᠢᠯᠵᠢᠮᠡᠯ ᠵᠠᠮ ᠤᠨ ᠣᠷᠳᠣ ᠨᠢ 1142.39 ᠮᠧᠲᠷ ᠲᠤ ᠬᠦᠷᠴᠦ᠂ ᠬᠤᠶᠠᠷ ᠪᠠᠭᠠᠵᠢ | ᠨᠢᠭᠡ ᠣᠳᠣᠨ ᠤ ᠪᠠᠶᠢᠳᠠᠯ ᠮᠠᠰᠢ ᠰᠠᠶᠢᠨ ᠪᠠᠶᠢᠨ᠎ᠠ᠃ | | | |