ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ | ᠬᠠᠮᠢᠶ᠎ᠠ ᠪᠥᠬᠦᠶ ᠨᠢᠭᠡᠴᠡ ᠳᠤ᠄ | | ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ ᠵᠢᠯᠣᠭᠤᠳᠬᠤ ᠰᠠᠨᠠᠯ︾ ᠢ ᠬᠤᠰᠢᠭᠤᠨ ᠠᠷᠠᠳ ᠤᠨ ᠵᠠᠰᠠᠭ ᠤᠨ ᠣᠷᠳᠣᠨ ᠤ 2022 | ᠣᠨ ᠤ 2 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ | ᠳᠠᠷᠤᠮᠠᠯᠯᠠᠨ ᠲᠠᠷᠬᠠᠭᠠᠪᠠ᠂ ᠪᠣᠳᠠᠲᠠᠶ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | | 2022 ᠣᠨ ᠤ 3 ᠰᠠᠷ᠎ᠠ ᠶᠢᠨ 8 ᠤ | | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠪᠠ | | ᠵᠢᠯᠣᠭᠤᠳᠬᠤ ᠰᠠᠨᠠᠯ | | | ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠭᠡᠳᠡᠭ ᠨᠢ ᠮᠠᠯᠵᠢᠬᠤ ᠲᠠᠷᠢᠶᠠᠯᠠᠬᠤ ᠣᠷᠣᠨ ᠤ | ᠲᠣᠰᠬᠤᠨ ᠤ ᠠᠷᠠᠳ ᠤᠨ ᠥᠪᠡᠷ ᠤᠨ ᠣᠷᠣᠨ ᠰᠠᠭᠤᠴᠠ ᠪᠤᠶᠤ ᠪᠤᠰᠤᠳ ᠬᠠᠤᠯᠢ ᠶᠣᠰᠣᠨ ᠤ ᠪᠠᠷᠢᠯᠭ᠎ᠠ ᠶᠢ | ᠠᠰᠢᠭᠯᠠᠨ᠂ ᠲᠣᠰ ᠭᠠᠵᠠᠷ ᠤᠨ ᠬᠥᠮᠦᠨ ᠨᠡᠶᠢᠭᠡᠮ ᠤᠨ ᠣᠷᠴᠢᠨ ᠲᠣᠭᠤᠷᠢᠨ᠂ ᠪᠠᠶᠢᠭᠠᠯᠢ ᠶᠢᠨ ᠦᠵᠡᠮᠵᠢ᠂ ᠠᠮᠢ | ᠠᠬᠤᠶ ᠶᠢᠨ ᠡᠬᠢ ᠪᠠᠶᠠᠯᠢᠭ ᠵᠢᠴᠢ ᠦᠢᠯᠡᠳᠪᠦᠷᠢᠯᠡᠯ᠂ ᠠᠮᠢᠳᠤᠷᠠᠯ ᠤᠨ ᠠᠷᠭ᠎ᠠ ᠮᠠᠶ᠋ᠢᠭ ᠲᠠᠢ ᠤᠶᠠᠯᠳᠤᠭᠤᠯᠤᠨ᠂ | ᠵᠢᠭᠤᠯᠴᠢᠯᠠᠭᠴᠢᠳ ᠲᠤ ᠬᠤᠨᠤᠭ᠂ ᠬᠤᠭᠤᠯᠠ ᠤᠮᠳᠠᠭᠠᠨ ᠤ ᠦᠢᠯᠡᠴᠢᠯᠡᠭᠡ ᠬᠠᠩᠭᠠᠬᠤ ᠶᠢᠨ ᠬᠠᠮᠲᠤ ᠲᠤᠬᠠᠶ ᠶᠢᠨ | ᠭᠠᠵᠠᠷ ᠤᠨ ᠪᠠᠶᠢᠭᠠᠯᠢ ᠶᠢᠨ ᠦᠵᠡᠮᠵᠢ᠂ ᠣᠨᠴᠠᠯᠢᠭᠲᠤ ᠰᠣᠶᠣᠯ ᠬᠢᠭᠡᠳ ᠦᠢᠯᠡᠳᠪᠦᠷᠢᠯᠡᠯ ᠠᠮᠢᠳᠤᠷᠠᠯ ᠤᠨ ᠠᠷᠭ᠎ᠠ | ᠮᠠᠶ᠋ᠢᠭ ᠢ ᠪᠡᠶᠡᠴᠢᠯᠡᠨ ᠣᠶᠢᠯᠠᠭᠠᠵᠤ ᠳᠡᠶᠢᠯᠬᠦ ᠲᠠᠯᠠᠪᠤᠷ ᠭᠠᠵᠠᠷ ᠢ ᠵᠢᠭᠠᠵᠤ ᠪᠣᠶ᠃ ᠠᠷᠠᠳ ᠤᠨ ᠰᠠᠭᠤᠴᠠ ᠪᠣᠯ ᠪᠦᠬᠦ | ᠣᠷᠣᠨ ᠪᠦᠰᠡ ᠶᠢᠨ ᠵᠤᠭᠠᠴᠠᠯ ᠤᠨ ᠬᠥᠭᠵᠢᠯᠲᠡ ᠶᠢ ᠠᠬᠢᠭᠤᠯᠬᠤ ᠬᠦᠴᠦᠲᠡᠢ ᠭᠠᠷᠳᠠᠴᠠ ᠮᠥᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠠᠷᠭ᠎ᠠ ᠵᠠᠮ ᠮᠥᠨ᠂ | ᠪᠠᠰᠠᠴᠤ ᠰᠣᠶᠣᠯ ᠪᠠ ᠵᠤᠭᠠᠴᠠᠯ ᠤᠨ ᠬᠡᠷᠡᠭᠯᠡᠭᠡ ᠶᠢ ᠠᠬᠢᠭᠤᠯᠬᠤ ᠪᠦᠲᠦᠮᠵᠢᠲᠡᠢ ᠠᠷᠭ᠎ᠠ ᠵᠠᠮ ᠮᠥᠨ᠃ | | ᠰᠢ ᠶᠢᠨ ᠫᠢᠩ ᠶᠡᠷᠦᠩᠬᠡᠶ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ︵2018 2022︶︾ ᠶᠢᠨ | ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ︽ᠤᠯᠠᠭᠠᠨᠴᠠᠪ ᠬᠤᠲᠠ ᠶᠢᠨ ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 | ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠠᠴᠠ ᠮᠠᠨ ᠤ ᠬᠤᠰᠢᠭᠤᠨ ᠳᠤ ᠣᠯᠭᠤᠭᠰᠠᠨ ᠴᠢᠳᠠᠮᠵᠢ ᠶᠢᠨ | ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠲᠠᠢ ᠤᠶᠠᠯᠳᠤᠭᠤᠯᠤᠨ᠂ | ᠤᠯᠠᠭᠠᠨᠴᠠᠪ ᠤᠨ ᠬᠤᠲᠠ ᠶᠢᠨ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠤᠯᠠᠮ ᠨᠢᠭᠡ | ᠠᠯᠬᠤᠮ ᠬᠠᠷᠭᠤᠭᠤᠯᠵᠤ᠂ ᠮᠠᠨ ᠤ ᠬᠤᠰᠢᠭᠤᠨ ᠤ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠯᠠᠩ | ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠲᠦᠷᠭᠡᠳᠬᠡᠨ ᠪᠣᠶ ᠪᠣᠯᠭᠠᠬᠤ ᠳᠤ ᠲᠣᠰ | ᠵᠢᠯᠣᠭᠤᠳᠬᠤ ᠰᠠᠨᠠᠯ ᠢ ᠣᠨᠴᠠᠭᠠᠶᠢᠯᠠᠨ ᠲᠣᠭᠲᠠᠭᠠᠪᠠ᠃ | | ᠨᠢᠭᠡ᠂ ᠵᠢᠯᠣᠭᠤᠳᠬᠤ ᠦᠵᠡᠯ ᠰᠠᠨᠠᠭ᠎ᠠ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠲᠤᠰ ᠬᠤᠰᠢᠭᠤᠨ ᠤ ᠪᠠᠨ ᠳᠠᠪᠠᠭᠤᠯᠢᠭ ᠣᠷᠣᠨ ᠪᠠᠶᠢᠷᠢ᠂ ᠳᠥᠭᠦᠮ ᠳᠥᠲᠡ ᠵᠠᠮ | ᠬᠠᠷᠢᠯᠴᠠᠭ᠎ᠠ ᠪᠠ ᠣᠯᠠᠨ ᠠᠴᠠ ᠬᠡᠲᠦ᠋ᠢᠳᠦᠭᠰᠡᠨ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ | ᠬᠥᠳᠡᠭᠡ ᠲᠣᠰᠬᠤᠨ ᠤ ᠬᠥᠭᠵᠢᠯᠲᠡ ᠶᠢᠨ ᠵᠢᠮ᠎ᠡ ᠶᠣᠰᠣ ᠶᠢ ᠬᠥᠳᠡᠭᠡ ᠲᠣᠰᠬᠤᠨ ᠤ ᠠᠷᠠᠳ ᠤᠨ ᠣᠷᠣᠨ | ᠰᠠᠭᠤᠴᠠ ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ᠂ ᠲᠠᠷᠢᠶᠠᠴᠢᠳ ᠤᠨ | ᠪᠠᠶᠠᠵᠢᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠳᠠᠶᠢᠴᠢᠯᠠᠬᠤ ᠢᠳᠡᠪᠬᠢ ᠦᠢᠯᠡᠳᠣᠯ ᠢ | ᠭᠦᠢᠴᠡᠳ ᠪᠠᠳᠠᠷᠠᠭᠤᠯᠵᠤ᠂ ︽ᠭᠤᠷᠪᠠᠨ ᠠᠵᠤ ᠦᠢᠯᠡᠰ ᠬᠤᠯᠪᠣᠭᠠᠯᠠᠨ ᠬᠥᠳᠡᠯᠦᠯᠴᠡᠬᠦ᠂ ᠣᠯᠠᠨ ᠠᠵᠤ ᠦᠢᠯᠡᠰ | ᠠᠭᠤᠰᠤᠯᠴᠠᠭᠰᠠᠨ︾ ᠠᠷᠠᠳ ᠤᠨ ᠣᠷᠣᠨ ᠰᠠᠭᠤᠴᠠ ᠶᠢᠨ ᠠᠵᠤ ᠠᠬᠤᠶ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠴᠢᠷᠮᠠᠶᠢᠨ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠶ᠋ᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ | ᠵᠣᠬᠢᠶᠠᠨ ᠪᠠᠶᠢᠭᠤᠯᠤᠯᠲᠠ ᠵᠡᠷᠭᠡ ᠲᠠᠯ᠎ᠠ ᠶᠢᠨ ᠪᠥᠬᠦ ᠲᠠᠯ᠎ᠠ ᠶᠢᠨ ᠬᠥᠭᠵᠢᠯ ᠮᠠᠨᠳᠤᠯ ᠢ ᠪᠡᠶᠡᠯᠡᠭᠦᠯᠵᠦ᠂ ᠡᠶ᠎ᠡ | ᠵᠣᠬᠢᠴᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠪᠥᠲᠥᠭᠡᠨ ᠪᠠᠶᠢᠭᠤᠯᠤᠨ᠎ᠠ᠃ | | ᠬᠤᠶᠠᠷ᠂ ᠦᠨᠳᠦᠰᠦᠨ ᠵᠠᠷᠴᠢᠮ | | ︵ᠨᠢᠭᠡ︶ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠵᠤ᠂ ᠡᠮᠬᠢ ᠵᠢᠷᠤᠮ ᠲᠠᠢ ᠪᠠᠷ ᠬᠥᠭᠵᠢᠭᠦᠯᠦᠨ᠎ᠡ᠃ | ᠬᠤᠳᠠ ᠬᠥᠳᠡᠭᠡ ᠶᠢᠨ ᠲᠥᠯᠥᠪᠵᠢᠭᠦᠯᠭᠡ᠂ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠵᠡᠷᠭᠡ ᠡᠯ᠎ᠡ | ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠎ᠠ᠃ ᠪᠥᠬᠦ ᠬᠤᠰᠢᠭᠤᠨ ᠤ ᠣᠷᠣᠨ | ᠪᠦᠰᠡ ᠶᠢᠨ ᠣᠨᠴᠠᠯᠢᠭ᠂ ᠡᠬᠢ ᠪᠠᠶᠠᠯᠢᠭ ᠤᠨ ᠳᠠᠪᠠᠭᠤᠯᠢᠭ ᠢ ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠠᠭᠠᠨ | ᠳᠣᠭᠢᠷᠠᠭᠤᠯᠤᠨ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠵᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠣᠷᠣᠨ ᠵᠠᠶ ᠶᠢᠨ ᠪᠠᠶᠢᠷᠢᠰᠢᠯ᠂ ᠣᠷᠣᠨ | ᠪᠦᠰᠡ ᠶᠢᠨ ᠣᠨᠴᠠᠯᠢᠭ ᠢ ᠲᠣᠳᠣᠷᠬᠠᠶᠢᠯᠠᠨ᠂ ᠬᠠᠤᠯᠢ ᠶᠣᠰᠣᠨ ᠤ ᠡᠮᠬᠢ ᠵᠢᠷᠤᠮ ᠲᠠᠢ ᠬᠥᠭᠵᠢᠯᠲᠡ ᠶᠢᠨ ᠤᠷᠢᠲᠠᠯ | ᠳᠣᠤᠷ᠎ᠠ ᠯᠠᠪᠳᠠᠭᠤᠨ ᠢᠶᠠᠷ ᠠᠬᠢᠭᠤᠯᠵᠤ᠂ ᠨᠢᠭᠡ ᠯᠡ ᠳᠣᠤᠷ᠎ᠠ ᠳᠦᠷᠭᠢᠯᠳᠦᠨ᠂ ᠲᠣᠭᠲᠠᠭᠠᠯ ᠠᠴᠠ ᠵᠥᠷᠢᠴᠡᠨ | ᠬᠥᠭᠵᠢᠬᠦ ᠶᠢ ᠰᠡᠷᠭᠡᠶᠢᠯᠡᠨ᠂ ᠲᠥᠯᠥᠪᠵᠢᠭᠦᠯᠭᠡ ᠲᠣᠳᠣᠷᠬᠠᠶ᠂ ᠪᠠᠶᠢᠷᠢᠰᠢᠯ ᠵᠦᠶ ᠵᠣᠬᠢᠰᠲᠠᠶ᠂ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠬᠥᠭᠵᠢᠯᠲᠡ ᠶᠢᠨ ᠪᠠᠶᠢᠷᠢᠰᠢᠯ ᠢ | ᠴᠢᠷᠮᠠᠶᠢᠨ ᠪᠣᠶ ᠪᠣᠯᠭᠠᠨ᠎ᠠ᠃ | | ︵ᠬᠤᠶᠠᠷ︶ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠪᠠᠷ ᠬᠥᠭᠵᠢᠭᠦᠯᠦᠨ᠎ᠡ᠃ ︽ | ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠ ᠮᠥᠩᠭᠦᠨ ᠠᠭᠤᠯᠠ ᠮᠥᠨ︾ ᠭᠡᠬᠦ | ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠠᠮᠢ ᠠᠬᠤᠶ ᠶᠢᠨ ᠬᠠᠮᠠᠭᠠᠯᠠᠯᠲᠠ ᠶᠢ ᠴᠢᠬᠤᠯᠠᠴᠢᠯᠠᠵᠤ᠂ ᠠᠮᠢ | ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠪᠠᠶᠢᠬᠤ ᠶᠢ ᠳᠣᠪᠤᠶᠢᠯᠭᠠᠨ᠂ ᠢᠯᠠᠩᠭᠤᠶ᠎ᠠ ᠨᠤᠲᠤᠭ | ᠪᠡᠯᠴᠢᠭᠡᠷ ᠤᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠣᠲᠣᠷ᠎ᠠ᠂ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠠᠷᠠᠳ ᠤᠨ ᠣᠷᠣᠨ ᠰᠠᠭᠤᠴᠠ ᠶᠢ ᠬᠥᠭᠵᠢᠭᠦᠯᠬᠦ ᠬᠢᠭᠡᠳ ᠨᠤᠲᠤᠭ | ᠪᠡᠯᠴᠢᠭᠡᠷ ᠢ ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠤ᠂ ᠬᠥᠳᠡᠭᠡ ᠲᠣᠰᠬᠤᠨ ᠢ ᠬᠥᠲᠥᠯᠦᠨ | ᠵᠢᠯᠣᠭᠤᠳᠴᠤ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠬᠢᠯᠭᠡᠵᠦ᠂ ᠬᠥᠳᠡᠭᠡ ᠲᠣᠰᠬᠤᠨ ᠤ | ᠵᠢᠭᠤᠯᠴᠢᠯᠠᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠣᠷᠴᠢᠨ ᠲᠣᠭᠤᠷᠢᠨ ᠭᠤᠶᠢᠳᠠ ᠰᠠᠶᠢᠬᠠᠨ᠂ ᠠᠮᠢ ᠠᠬᠤᠶ ᠡᠶ᠎ᠡ ᠵᠣᠬᠢᠴᠠᠯ ᠲᠠᠢ ᠬᠥᠳᠡᠭᠡ | ᠲᠣᠰᠬᠤᠨ ᠤ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠣᠶ ᠪᠣᠯᠭᠠᠬᠤ | ᠬᠡᠷᠡᠭᠲᠡᠶ᠃ | | ︵ᠭᠤᠷᠪᠠ︶ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ᠂ ᠶᠠᠰᠤ ᠴᠢᠨᠠᠷ ᠢ ᠬᠥᠭᠵᠢᠭᠦᠯᠦᠨ᠎ᠡ᠃ | ᠥᠪᠡᠷᠮᠢᠴᠡ ᠣᠨᠴᠠᠯᠢᠭ ᠪᠦᠬᠦᠢ ᠰᠣᠶᠣᠯ ᠤᠨ ᠭᠤᠸ᠎ᠠ ᠲᠠᠭᠠᠰᠢᠶᠠᠯ ᠪᠠ ᠨᠤᠲᠤᠭ ᠤᠨ ᠵᠠᠩ ᠠᠭᠠᠯᠢ ᠨᠤᠲᠤᠭ ᠤᠨ | ᠳᠤᠷ᠎ᠠ ᠰᠣᠨᠢᠷᠬᠠᠯ ᠢ ᠳᠣᠪᠤᠶᠢᠯᠭᠠᠵᠤ᠂ ᠲᠤᠬᠠᠶ ᠶᠢᠨ ᠭᠠᠵᠠᠷ ᠤᠨ ᠤᠯᠠᠮᠵᠢᠯᠠᠯᠲᠤ ᠰᠣᠶᠣᠯ ᠪᠠ ᠨᠤᠲᠤᠭ ᠤᠨ ᠵᠠᠩ | ᠦᠢᠯᠡ ᠶᠢ ᠭᠦᠨᠵᠡᠭᠡᠶ ᠠᠭᠤᠳᠠᠯᠵᠤ᠂ ᠰᠣᠶᠣᠯ᠂ ᠪᠡᠶ᠎ᠡ ᠶᠢᠨ ᠲᠠᠮᠢᠷ᠂ ᠵᠤᠭ᠎ᠠ ᠴᠡᠩᠭᠡᠯ᠂ ᠪᠠᠶᠠᠷ ᠳᠤᠷᠠᠰᠬᠠᠯ ᠤᠨ | ᠠᠵᠢᠯᠯᠠᠭ᠎ᠠ ᠪᠠᠷ ᠭᠤᠤᠯ ᠰᠡᠳᠦᠪ ᠪᠣᠯᠭᠠᠭᠰᠠᠨ᠂ ᠦᠵᠡᠮᠵᠢ ᠶᠢᠨ ᠣᠷᠣᠨ ᠤ ᠵᠢᠭᠤᠯᠴᠢᠯᠠᠯ᠂ ᠠᠷᠠᠳ ᠤᠨ ᠵᠠᠩ | ᠦᠢᠯᠡ ᠶᠢᠨ ᠰᠣᠶᠣᠯ ᠤᠨ ᠣᠶᠢᠯᠠᠭᠠᠯᠲᠠ᠂ ᠲᠠᠷᠢᠶᠠᠯᠠᠩ ᠤᠨ ᠣᠨᠴᠠ ᠭᠠᠷᠤᠯᠲᠠ ᠶᠢ ᠳᠡᠯᠭᠡᠨ ᠪᠣᠷᠣᠯᠠᠭᠤᠯᠬᠤ ᠯᠤᠭ᠎ᠠ | ᠬᠠᠷᠢᠯᠴᠠᠨ ᠤᠶᠠᠯᠳᠤᠭᠤᠯᠤᠭᠰᠠᠨ ᠨᠢᠭᠡ ᠪᠦᠯᠦᠭ ᠰᠣᠳᠣᠨ᠂ ᠨᠠᠷᠠᠲᠤ ᠲᠡᠮᠳᠡᠭᠴᠢᠯᠡᠭᠰᠡᠨ ᠠᠷᠠᠳ ᠤᠨ ᠣᠷᠣᠨ | ᠰᠠᠭᠤᠴᠠ ᠶᠢ ᠪᠣᠶ ᠪᠣᠯᠭᠠᠵᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠠᠬᠢᠭᠤᠯᠤᠨ᠂ ᠡᠯᠪᠡᠭ ᠪᠠᠶᠠᠯᠢᠭ ᠠᠭᠤᠯᠤᠭᠳᠠᠬᠤᠨ ᠲᠠᠢ᠂ ᠢᠯᠡ ᠲᠣᠳᠣ | ᠣᠨᠴᠠᠯᠢᠭ ᠲᠠᠢ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ ᠪᠠᠶᠢᠷᠢᠰᠢᠯ ᠢ | ᠴᠢᠷᠮᠠᠶᠢᠨ ᠪᠣᠶ ᠪᠣᠯᠭᠠᠨ᠎ᠠ᠃ | | ︵ᠳᠥᠷᠪᠡ︶ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠴᠤ᠂ ᠵᠠᠬ᠎ᠠ ᠳᠡᠯᠭᠡᠭᠦᠷ ᠢᠶᠠᠷ | ᠭᠤᠤᠯᠯᠠᠭᠤᠯᠤᠨ᠎ᠠ᠃ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠪᠠᠷ ᠲᠡᠳᠬᠦᠬᠦ᠂ ᠣᠯᠠᠨ ᠨᠡᠶᠢᠲᠡ ᠶᠢᠨ | ᠦᠢᠯᠡᠴᠢᠯᠡᠭᠡ᠂ ᠵᠢᠷᠤᠮᠵᠢᠭᠤᠯᠤᠨ ᠬᠠᠮᠢᠶᠠᠷᠬᠤ᠂ ᠣᠷᠴᠢᠨ ᠲᠣᠭᠤᠷᠢᠨ ᠢ ᠪᠣᠶ ᠪᠣᠯᠭᠠᠬᠤ ᠵᠡᠷᠭᠡ ᠲᠠᠯ᠎ᠠ ᠪᠠᠷ ᠬᠢ | ᠦᠢᠯᠡᠳᠣᠯ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢ | ᠠᠬᠢᠭᠤᠯᠬᠤ ᠰᠠᠶᠢᠨ ᠰᠠᠶᠢᠬᠠᠨ ᠪᠠᠶᠢᠭᠤᠯᠤᠯ ᠲᠣᠭᠲᠠᠴᠠ ᠶᠢ ᠪᠠᠶᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ | ᠭᠠᠵᠠᠷ ᠰᠢᠷᠣᠶ ᠶᠢᠨ ᠥᠮᠴᠢᠯᠡᠯ ᠤᠨ ᠡᠷᠬᠡ ᠶᠢᠨ ᠭᠤᠣᠯ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠦᠶ᠋ᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠬᠥᠭᠵᠢᠯᠲᠡ ᠶᠢᠨ ᠵᠢᠮ᠎ᠡ ᠶᠣᠰᠣ ᠶᠢ | ᠬᠦᠨᠳᠦᠳᠬᠡᠬᠦ ᠪᠠ ᠵᠢᠷᠤᠮᠯᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ | ᠰᠢᠢᠳᠪᠦᠷᠢᠯᠡᠭᠴᠢ ᠴᠢᠨᠠᠷᠲᠠᠶ ᠦᠢᠯᠡᠳᠣᠯ ᠢ ᠴᠢᠩᠭᠠᠷᠠᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ ᠠᠴᠠ ᠨᠢᠭᠡᠳᠦᠯᠲᠡᠶ ᠲᠥᠯᠥᠪᠯᠡᠭᠰᠡᠨ᠂ ᠲᠠᠷᠢᠶᠠᠴᠢᠨ ᠡᠷᠦᠬᠡ ᠪᠠ ᠨᠡᠶᠢᠭᠡᠮ ᠤᠨ | ᠬᠥᠷᠥᠩᠭᠡ ᠶᠢᠨ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠡᠵᠡᠩᠨᠡᠯᠲᠡ ᠪᠥᠲᠥᠭᠡᠨ | ᠪᠠᠶᠢᠭᠤᠯᠤᠯᠲᠠ ᠳᠤ ᠣᠷᠣᠯᠴᠠᠬᠤ ᠶᠢ ᠬᠥᠲᠥᠯᠦᠨ ᠵᠢᠯᠣᠭᠤᠳᠬᠤ ᠪᠠ ᠳᠡᠮᠵᠢᠵᠦ᠂ ᠵᠠᠰᠠᠭ ᠤᠨ ᠣᠷᠳᠣᠨ ᠠᠴᠠ | ᠬᠥᠲᠥᠯᠦᠨ ᠵᠢᠯᠣᠭᠤᠳᠤᠭᠰᠠᠨ᠂ ᠵᠠᠬ᠎ᠠ ᠳᠡᠯᠭᠡᠭᠦᠷ ᠢᠶᠠᠷ ᠭᠤᠤᠯᠯᠠᠭᠤᠯᠤᠭᠰᠠᠨ᠂ ᠪᠥᠬᠦ ᠨᠡᠶᠢᠭᠡᠮ ᠢᠶᠠᠷ ᠢᠶᠠᠨ | ᠣᠷᠣᠯᠴᠠᠭᠰᠠᠨ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ ᠪᠠᠶᠢᠷᠢᠰᠢᠯ ᠢ | ᠴᠢᠷᠮᠠᠶᠢᠨ ᠪᠣᠶ ᠪᠣᠯᠭᠠᠨ᠎ᠠ᠃ | | ︵ᠲᠠᠪᠤ︶ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ᠂ ᠲᠠᠷᠢᠶᠠᠯᠠᠩ ᠢᠶᠠᠷ ᠦᠨᠳᠦᠰᠦ ᠪᠣᠯᠭᠠᠨ᠎ᠠ᠃ | ᠮᠠᠯᠴᠢᠨ ᠲᠠᠷᠢᠶᠠᠴᠢᠨ ᠢᠶᠠᠷ ᠠᠰᠢᠭ ᠣᠷᠣᠯᠭ᠎ᠠ ᠶᠢᠨ ᠭᠤᠣᠯ ᠴᠣᠭᠴᠠ ᠪᠣᠯᠭᠠᠬᠤ ᠶᠢ ᠪᠠᠷᠢᠮᠲᠠᠯᠠᠵᠤ᠂ ᠲᠠᠷᠢᠶᠠᠯᠠᠩ ᠮᠠᠯ | ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠢᠶᠠᠷ ᠰᠠᠭᠤᠷᠢ ᠲᠦᠰᠢᠭ ᠪᠣᠯᠭᠠᠵᠤ᠂ ᠮᠠᠯᠴᠢᠨ ᠲᠠᠷᠢᠶᠠᠴᠢᠳ ᠤᠨ | ᠬᠦᠰᠡᠯ ᠰᠠᠨᠠᠭ᠎ᠠ ᠶᠢ ᠬᠦᠨᠳᠦᠳᠬᠡᠵᠦ᠂ ᠮᠠᠯᠴᠢᠨ ᠲᠠᠷᠢᠶᠠᠴᠢᠳ ᠤᠨ ᠪᠥᠬᠦ ᠶᠠᠪᠤᠴᠠ ᠳᠤ ᠣᠷᠣᠯᠴᠠᠬᠤ ᠶᠢ | ᠴᠢᠬᠤᠯᠠᠴᠢᠯᠠᠨ᠂ ᠮᠠᠯᠴᠢᠨ ᠲᠠᠷᠢᠶᠠᠴᠢᠳ ᠤᠨ ᠢᠳᠡᠪᠬᠢᠵᠢᠯ᠂ ᠪᠦᠲᠦᠭᠡᠯᠴᠢ ᠴᠢᠨᠠᠷ ᠪᠠ ᠣᠷᠣᠯᠴᠠᠬᠤ ᠴᠢᠨᠠᠷ ᠢ | ᠳᠠᠶᠢᠴᠢᠯᠠᠵᠤ᠂ ᠮᠠᠯᠴᠢᠨ ᠲᠠᠷᠢᠶᠠᠴᠢᠳ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ᠂ ᠠᠵᠢᠯ ᠣᠯᠵᠤ | ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ | ᠬᠥᠭᠵᠢᠯᠲᠡ ᠶᠢᠨ ᠦᠷ᠎ᠡ ᠪᠦᠲᠦᠭᠡᠯ ᠢ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠳ ᠲᠤ ᠡᠳ᠋ᠯᠡᠭᠦᠯᠬᠦ ᠶᠢ ᠦᠨᠡᠨᠬᠦ | ᠪᠠᠲᠤᠯᠠᠵᠤ᠂ ᠲᠠᠷᠢᠶᠠᠯᠠᠩ ᠢ ᠲᠡᠳᠬᠦᠵᠦ ᠲᠠᠷᠢᠶᠠᠯᠠᠩ ᠢ ᠲᠤᠰᠠᠯᠠᠬᠤ᠂ ᠲᠠᠷᠢᠶᠠᠴᠢᠳ ᠲᠤ ᠠᠰᠢᠭ ᠬᠦᠷᠲᠡᠭᠡᠵᠦ | ᠲᠠᠷᠢᠶᠠᠴᠢᠳ ᠢ ᠪᠠᠶᠠᠵᠢᠭᠤᠯᠬᠤ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ | ᠪᠠᠶᠢᠷᠢᠰᠢᠯ ᠢ ᠴᠢᠷᠮᠠᠶᠢᠨ ᠪᠣᠶ ᠪᠣᠯᠭᠠᠨ᠎ᠠ᠃ | | ᠭᠤᠷᠪᠠ᠂ ᠬᠥᠭᠵᠢᠯᠲᠡ ᠶᠢᠨ ᠬᠠᠷᠠᠯᠲᠠ | | ︵ᠨᠢᠭᠡ︶ ᠣᠶᠢᠷ᠎ᠠ ᠶᠢᠨ ᠬᠤᠭᠤᠴᠠᠭᠠᠨ ᠤ ᠬᠠᠷᠠᠯᠲᠠ᠄ ᠡᠬᠢᠯᠡᠬᠦ ᠬᠤᠭᠤᠴᠠᠭ᠎ᠠ ︵2022 ᠣᠨ — | 2024 ᠣᠨ︶ ᠶᠢ ᠪᠥᠬᠦ ᠲᠠᠯ᠎ᠠ ᠪᠠᠷ ᠡᠬᠢᠯᠡᠭᠦᠯᠵᠦ᠂ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ | | ᠨᠢᠭᠡ ᠳᠤ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ | ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢ ᠬᠠᠤᠯᠢ ᠶᠣᠰᠣᠨ ᠤ ᠪᠣᠯᠭᠠᠬᠤ ᠪᠣᠭᠤᠮᠢ ᠶᠢᠨ ᠠᠰᠠᠭᠤᠳᠠᠯ ᠢ | ᠰᠢᠢᠳᠪᠦᠷᠢᠯᠡᠨ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢᠨ ︽ᠵᠠᠰᠠᠭ ᠤᠨ | ᠣᠷᠳᠣᠨ ᠬᠥᠲᠥᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠬᠤ︾ ᠰᠠᠶᠢᠨ ᠰᠠᠶᠢᠬᠠᠨ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ | | ᠬᠤᠶᠠᠷ ᠲᠤ ᠬᠡᠪ ᠳᠠᠭᠤᠷᠢᠶᠠᠯ ᠤᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ ︽6+1︾ ᠠᠷᠠᠳ ᠤᠨ | ᠣᠷᠣᠨ ᠰᠠᠭᠤᠴᠠ ᠶᠢᠨ ᠠᠵᠤ ᠦᠢᠯᠡᠰ ᠤᠨ ᠭᠤᠣᠯ ᠰᠡᠳᠦᠪ ᠢ ᠪᠦᠬᠦ ᠲᠠᠯ᠎ᠠ ᠪᠠᠷ ᠡᠬᠢᠯᠡᠭᠦᠯᠬᠦ ᠶᠢᠨ ᠬᠠᠮᠲᠤ ᠠᠩᠬ᠎ᠠ | ᠠᠯᠬᠤᠮ ᠤᠨ ᠦᠷ᠎ᠡ ᠪᠦᠲᠦᠮᠵᠢ ᠤᠯᠪᠠ᠃ | | ᠭᠤᠷᠪᠠ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠦᠭᠦ ᠴᠠᠷᠠᠭᠠᠨ ᠤ ᠵᠢᠭᠤᠯᠴᠢᠯᠠᠯ ᠤᠨ | ᠤᠬᠠᠭᠤᠯᠭ᠎ᠠ ᠶᠢᠨ ᠠᠵᠢᠯ ᠢ ᠪᠦᠭᠦ ᠲᠠᠯ᠎ᠠ ᠪᠠᠷ ᠪᠠᠶᠢᠷᠢᠯᠠᠭᠤᠯᠤᠨ ᠡᠬᠢᠯᠡᠭᠦᠯᠵᠦ᠂ ᠬᠤᠶᠢᠲᠤ ᠬᠤᠰᠢᠭᠤᠨ ᠤ ᠦᠯᠢᠬᠡᠷ ᠢ | ᠰᠠᠶᠢᠬᠠᠨ ᠶᠠᠷᠢᠨ᠎ᠠ᠃ | | ︵ᠬᠤᠶᠠᠷ︶ ᠳᠤᠮᠳᠠ ᠬᠤᠭᠤᠴᠠᠭᠠᠨ ᠤ ᠬᠠᠷᠠᠯᠲᠠ᠄ ᠪᠤᠶᠢᠵᠢᠯᠲᠠ ᠶᠢᠨ ᠬᠤᠭᠤᠴᠠᠭ᠎ᠠ ︵2024 ᠣᠨ — | 2026 ᠣᠨ︶ ᠠᠩᠬ᠎ᠠ ᠠᠯᠬᠤᠮ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠡᠪᠴᠢᠶ᠎ᠡ᠂ ᠴᠢᠨᠠᠷ | ᠴᠢᠨᠰᠠᠭ᠎ᠠ ᠲᠠᠢ ᠪᠣᠯᠵᠣ᠂ ᠵᠣᠬᠢᠬᠤ ᠬᠡᠮᠵᠢᠶᠡᠨ ᠤ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠲᠠᠢ ᠪᠣᠯᠪᠠ | | ᠨᠢᠭᠡ ᠳᠤ᠂ 30 ᠠᠴᠠ ᠳᠡᠭᠡᠭᠰᠢ ᠰᠣᠳᠣᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ | ᠲᠡᠮᠳᠡᠭᠲᠦ ᠶᠢ ᠬᠡᠪᠴᠢᠶᠡᠵᠢᠭᠦᠯᠦᠨ ᠪᠣᠶ ᠪᠣᠯᠭᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠦᠷᠢᠶ᠎ᠡ ᠶᠢ | 150 ᠠᠴᠠ ᠳᠡᠭᠡᠭᠰᠢ᠂ ᠣᠷᠣ ᠶᠢᠨ ᠲᠤᠭ᠎ᠠ ᠶᠢ 2000 ᠠᠴᠠ ᠳᠡᠭᠡᠭᠰᠢ ᠪᠣᠯᠭᠠᠨ᠎ᠠ︔ | | ᠬᠤᠶᠠᠷ ᠲᠤ᠂ ᠤᠯᠤᠰ ᠤᠨ ᠳᠣᠲᠣᠭᠠᠳᠤ ᠳᠤ ᠨᠠᠷᠠᠲᠠᠶ᠂ ᠤᠮᠠᠷᠠᠲᠤ ᠳᠤ ᠨᠠᠷᠠᠲᠠᠶ᠂ ᠣᠷᠣᠨ ᠪᠦᠰᠡ ᠳᠤ ᠨᠠᠷᠠᠲᠠᠶ | ᠨᠠᠷᠠᠲᠤ ᠲᠥᠷᠥᠯ ᠲᠡᠮᠳᠡᠭᠲᠦ ᠶᠢᠨ ᠨᠡᠶᠢᠯᠡᠮᠡᠯ ᠪᠦᠲᠦᠴᠡ ᠶᠢ ᠪᠦᠷᠢᠯᠳᠦᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠨᠠᠷᠠᠲᠠᠶ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢ ᠬᠦᠴᠦᠯᠡᠨ | ᠬᠥᠮᠦᠵᠢᠭᠦᠯᠦᠨ᠎ᠡ︔ | | ᠭᠤᠷᠪᠠ ᠳᠤ᠂ ᠠᠷᠠᠳ ᠤᠨ ᠣᠷᠣᠨ ᠰᠠᠭᠤᠴᠠ ᠶᠢᠨ ᠬᠤᠪᠢ ᠶᠢᠨ ᠨᠠᠷᠠᠲᠤ ᠲᠥᠷᠥᠯ ᠲᠡᠮᠳᠡᠭᠲᠦ ᠶᠢ | ᠳᠡᠯᠭᠡᠷᠡᠭᠦᠯᠬᠦ ᠶᠢᠨ ᠬᠠᠮᠲᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠣᠷᠣᠨ | ᠰᠠᠭᠤᠴᠠ ᠶᠢᠨ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠪᠥᠬᠦ ᠲᠠᠯ᠎ᠠ ᠪᠠᠷ | ᠭᠤᠤᠯᠳᠠᠯᠭ᠎ᠠ ᠲᠠᠢ ᠪᠣᠶ ᠪᠣᠯᠭᠠᠬᠤ ᠪᠠ ᠳᠡᠯᠭᠡᠷᠡᠭᠦᠯᠦᠨ᠎ᠡ᠃ | | ᠲᠦᠷᠪᠡ ᠳᠤ᠂ ᠠᠷᠠᠳ ᠤᠨ ᠣᠷᠣᠨ ᠰᠠᠭᠤᠴᠠ ᠶᠢᠨ ᠰᠣᠶᠣᠯ᠂ ᠪᠡᠶ᠎ᠡ ᠶᠢᠨ ᠲᠠᠮᠢᠷ᠂ ᠰᠣᠶᠣᠯ ᠤᠨ ᠡᠭᠦᠳᠦᠯᠲᠡ᠂ | ᠣᠨᠴᠠ ᠭᠠᠷᠤᠯᠲᠠ ᠵᠡᠷᠭᠡ ᠠᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠭᠤᠷᠪᠠᠨ ᠪᠦᠷᠢᠨ︾ ︵ᠪᠦᠬᠦ | ᠭᠠᠵᠠᠷ ᠣᠷᠣᠨ᠂ ᠪᠦᠬᠦ ᠡᠵᠡᠩᠨᠡᠯᠲᠡ ᠶᠢᠨ ᠬᠡᠯᠪᠡᠷᠢ᠂ ᠪᠦᠬᠦ ᠡᠯᠧᠮᠧᠨ᠋ᠲ︶ ᠬᠤᠯᠪᠣᠭᠠᠯᠠᠨ ᠬᠥᠳᠡᠯᠦᠯᠴᠡᠵᠦ ᠡᠨᠧᠷᠭᠢ | ᠣᠯᠭᠤᠨ ᠬᠥᠭᠵᠢᠭᠦᠯᠦᠨ᠎ᠡ︔ | | ᠲᠠᠪᠤ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠪ ᠳᠠᠭᠤᠷᠢᠶᠠᠯ ᠤᠨ ᠲᠦᠷᠦᠯ ᠵᠦᠢᠯ ᠪᠣᠯᠤᠨ | ᠲᠥᠯᠥᠭᠡᠯᠡᠬᠦ ᠴᠢᠨᠠᠷᠲᠠᠢ ᠬᠥᠮᠦᠰ ᠢ ᠪᠤᠢ ᠪᠣᠯᠭᠠᠵᠤ᠂ ᠬᠥᠬᠢᠭᠦᠯᠦᠨ ᠰᠠᠶᠢᠰᠢᠶᠠᠵᠤ᠂ ᠤᠬᠠᠭᠤᠯᠤᠨ᠎ᠠ︔ ᠵᠢᠷᠭᠤᠭ᠎ᠠ ᠳᠤ | ᠣᠷᠣᠨ ᠪᠦᠰᠡ ᠶᠢᠨ ᠪᠣᠯᠪᠠᠰᠤᠷᠠᠩᠭᠤᠶ ᠨᠠᠷᠠᠲᠤ ᠲᠥᠷᠥᠯ ᠲᠡᠮᠳᠡᠭᠲᠦ ᠶᠢ ᠭᠠᠳᠠᠭᠰᠢ ᠭᠠᠷᠭᠠᠵᠤ ᠬᠥᠭᠵᠢᠭᠦᠯᠬᠦ ᠶᠢ | ᠵᠣᠷᠢᠭᠵᠢᠭᠤᠯᠬᠤ ᠶᠢᠨ ᠬᠠᠮᠲᠤ ᠲᠡᠳᠬᠦᠨ ᠳᠡᠮᠵᠢᠨ᠎ᠡ᠃ | | ︵ᠭᠤᠷᠪᠠ︶ ᠣᠷᠳᠣ ᠬᠤᠭᠤᠴᠠᠭᠠᠨ ᠤ ᠬᠠᠷᠠᠯᠲᠠ᠄ ᠪᠣᠯᠪᠠᠰᠤᠷᠠᠭᠰᠠᠨ ᠬᠤᠭᠤᠴᠠᠭ᠎ᠠ ︵2026 ᠣᠨ —︶ | ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ | ᠲᠦᠷᠪᠡ᠂ ᠪᠠᠶᠢᠭᠤᠯᠬᠤ ᠨᠥᠬᠦᠴᠡᠯ | | ︵ᠨᠢᠭᠡ︶ ᠡᠵᠡᠩᠨᠡᠯᠲᠡ ᠶᠢᠨ ᠭᠤᠤᠯ ᠴᠣᠭᠴᠠ᠃ ᠬᠥᠳᠡᠭᠡ ᠲᠣᠰᠬᠤᠨ ᠤ ᠠᠷᠠᠳ ᠤᠨ ᠪᠠᠶᠢᠷᠢ ᠶᠢᠨ | ᠡᠵᠡᠩᠨᠡᠯᠲᠡ ᠶᠢᠨ ᠭᠤᠣᠯ ᠴᠣᠭᠴᠠ ᠳᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠠᠷᠢᠶᠠᠴᠢᠨ ᠤ | ᠲᠤᠰᠬᠠᠶ ᠠᠵᠢᠯ ᠤᠨ ᠬᠤᠷᠰᠢᠶ᠎ᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ | ᠪᠠ ᠠᠵᠤ ᠠᠬᠤᠶᠢᠯᠠᠯ ᠤᠨ ᠨᠥᠬᠦᠴᠡᠯ ᠲᠠᠢ ᠲᠠᠷᠢᠶᠠᠴᠢᠨ ᠡᠷᠦᠬᠡ ᠶᠢᠨ ᠥᠪᠡᠷ ᠤᠨ ᠬᠡᠷ ᠪᠠᠶᠢᠰᠢᠩ ᠢᠶᠠᠨ ᠠᠰᠢᠭᠯᠠᠨ | ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢ ᠡᠵᠡᠩᠨᠡᠬᠦ ᠶᠢ ᠪᠣᠳᠠᠲᠤ ᠬᠦᠴᠦᠨ ᠲᠠᠢ ᠲᠠᠷᠢᠶᠠᠴᠢᠳ ᠤᠨ | ᠲᠤᠰᠬᠠᠶ ᠠᠵᠢᠯ ᠤᠨ ᠬᠤᠷᠰᠢᠶ᠎ᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ | ᠂ ᠲᠤᠰᠬᠠᠶᠢᠵᠢᠭᠰᠠᠨ ᠡᠵᠡᠩᠨᠡᠯᠲᠡ ᠶᠢᠨ ᠴᠢᠳᠠᠪᠤᠷᠢ ᠲᠠᠢ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠪᠠᠯᠠ | ᠣᠷᠣᠭᠤᠯᠬᠤ᠂ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠳᠡᠭᠡ ᠲᠣᠰᠬᠤᠨ ᠤ ᠠᠷᠠᠳ ᠤᠨ | ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ | ᠡᠭᠦᠨ ᠤ ᠳᠣᠲᠣᠷ᠎ᠠ᠂ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠪᠤᠶᠤ ᠠᠵᠤ ᠠᠬᠤᠶᠢᠯᠠᠯ ᠬᠠᠤᠯᠢ ᠶᠢᠨ | ᠬᠥᠮᠦᠨ ᠢᠶᠠᠷ ᠳᠠᠮᠵᠢᠭᠤᠯᠤᠨ ᠡᠵᠡᠩᠨᠡᠭᠦᠯᠦᠭᠰᠡᠨ ᠪᠠᠶᠢᠪᠠᠯ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠠᠴᠠ ᠨᠢᠭᠡᠳᠦᠯᠲᠡᠶ ᠵᠣᠬᠢᠶᠠᠨ ᠪᠠᠶᠢᠭᠤᠯᠵᠤ ᠭᠠᠳᠠᠭᠠᠳᠤ ᠲᠠᠢ ᠬᠠᠮᠲᠤᠷᠠᠯᠴᠠᠭ᠎ᠠ ᠥᠷᠨᠢᠭᠦᠯᠬᠦ ᠬᠡᠷᠡᠭᠲᠡᠶ | ᠪᠥᠭᠡᠳ ᠵᠣᠬᠢᠴᠠᠩᠭᠤᠶ ᠠᠰᠢᠭ ᠣᠷᠣᠯᠭ᠎ᠠ ᠣᠯᠵᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠣᠯᠭᠠᠵᠤ ᠪᠣᠯᠤᠨ᠎ᠠ᠃ | | | ︵ᠬᠤᠶᠠᠷ︶ ᠡᠵᠡᠩᠨᠡᠯᠲᠡ ᠳᠤ ᠬᠡᠷᠡᠭᠯᠡᠬᠦ ᠭᠡᠷ ᠪᠠᠶᠢᠰᠢᠩ᠃ ᠬᠥᠳᠡᠭᠡ ᠲᠣᠰᠬᠤᠨ ᠤ ᠠᠷᠠᠳ ᠤᠨ ᠪᠠᠶᠢᠷᠢ ᠶᠢᠨ | ᠡᠵᠡᠩᠨᠡᠯᠲᠡ ᠳᠤ ᠬᠡᠷᠡᠭᠯᠡᠬᠦ ᠬᠡᠷ ᠪᠠᠶᠢᠰᠢᠩ ᠨᠢ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠭᠡᠷᠡᠴᠢ ᠶᠢ ᠬᠠᠩᠭᠠᠵᠤ᠂ | ᠬᠡᠷ ᠪᠠᠶᠢᠰᠢᠩ ᠨᠢ ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠶᠢᠯᠡᠯᠲᠡ ᠶᠢᠨ ᠱᠠᠭᠠᠷᠳᠠᠯᠭ᠎ᠠ᠂ ᠭᠠᠯ ᠤᠨᠲᠠᠷᠠᠭᠠᠬᠤ | ᠠᠮᠤᠷ ᠲᠦᠪᠰᠢᠨ ᠤ ᠱᠠᠭᠠᠷᠳᠠᠯᠭ᠎ᠠ ᠪᠣᠯᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠪᠠᠷᠢᠯᠭ᠎ᠠ ᠶᠢᠨ ᠪᠦᠲᠦᠴᠡ ᠨᠢ ᠠᠮᠤᠷ ᠲᠦᠪᠰᠢᠨ ᠪᠥᠭᠡᠳ ᠪᠠᠲᠤ | ᠪᠠᠬᠢ ᠪᠠᠶᠢᠵᠤ᠂ ᠠᠮᠤᠷ ᠲᠦᠪᠰᠢᠨ ᠤ ᠳᠠᠯᠳᠠ ᠭᠡᠮ ᠦᠭᠡᠢ ᠪᠠᠶᠢᠬᠤ ᠬᠡᠷᠡᠭᠲᠡᠶ᠃ ᠵᠢᠷᠤᠭᠯᠠᠨ ᠲᠥᠯᠥᠪᠯᠡᠬᠦ᠂ ᠰᠡᠯᠪᠢᠨ | ᠵᠠᠰᠠᠬᠤ ᠪᠠ ᠥᠭᠡᠷᠡᠴᠢᠯᠡᠬᠦ ᠲᠤ᠂ ᠪᠠᠷᠢᠯᠭ᠎ᠠ ᠲᠤ ᠬᠡᠷᠡᠭᠯᠡᠬᠦ ᠭᠠᠵᠠᠷ ᠤᠨᠬᠡᠪᠴᠢᠶᠡ ᠶᠢ ᠬᠤᠪᠢᠷᠠᠭᠤᠯᠬᠤ ᠥᠭᠡᠢ ᠪᠠᠷ | ᠪᠠᠶᠢᠯᠭᠠᠵᠤ᠂ ᠪᠠᠷᠢᠯᠭ᠎ᠠ ᠶᠢᠨ ᠲᠠᠯᠠᠪᠠᠢ᠂ ᠪᠠᠷᠢᠯᠭ᠎ᠠ ᠶᠢᠨ ᠥᠨᠳᠥᠷ ᠤᠨ ᠬᠡᠮᠵᠢᠶ᠎ᠡ ᠶᠢ ᠣᠷᠣᠨ ᠪᠦᠰᠡ ᠶᠢᠨ | ᠲᠥᠯᠥᠪᠵᠢᠭᠦᠯᠭᠡ ᠶᠢᠨ ᠱᠠᠭᠠᠷᠳᠠᠯᠭ᠎ᠠ ᠲᠤ ᠨᠡᠶᠢᠴᠡᠭᠦᠯᠬᠦ ᠬᠡᠷᠡᠭᠲᠡᠶ᠃ ᠪᠥᠬᠦ ᠤᠯᠤᠰ ᠤᠨ ᠵᠢᠭᠤᠯᠴᠢᠯᠠᠯ ᠤᠨ | ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ | ᠭᠤᠶᠤᠴᠢᠯᠠᠨ ᠮᠡᠳᠡᠭᠦᠯᠬᠦ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠠᠷᠠᠳ ᠤᠨ ᠣᠷᠣᠨ | ᠰᠠᠭᠤᠴᠠ ᠶᠢᠨ ᠡᠵᠡᠩᠨᠡᠯᠲᠡ ᠳᠤ ᠬᠡᠷᠡᠭᠯᠡᠬᠦ ᠵᠣᠴᠢᠨ ᠤ ᠥᠷᠥᠭᠡ 4 ᠳᠠᠪᠬᠤᠷᠭ᠎ᠠ ᠠᠴᠠ ᠬᠡᠲᠦᠷᠡᠵᠦ ᠪᠣᠯᠬᠤ ᠥᠬᠡᠶ᠂ | ᠪᠠᠷᠢᠯᠭ᠎ᠠ ᠶᠢᠨ ᠲᠠᠯᠠᠪᠠᠶ 800 ᠲᠥᠭᠦᠷᠢᠭ ᠠᠴᠠ ᠬᠡᠲᠦᠷᠡᠵᠦ ᠪᠣᠯᠬᠤ ᠥᠬᠡᠶ᠃ | | ︵ᠭᠤᠷᠪᠠ︶ ᠠᠮᠢ ᠠᠬᠤᠶ ᠶᠢᠨ ᠣᠷᠴᠢᠨ ᠲᠣᠭᠤᠷᠢᠨ᠃ ᠬᠥᠳᠡᠭᠡ ᠲᠣᠰᠬᠤᠨ ᠤ ᠠᠷᠠᠳ ᠤᠨ ᠣᠷᠣᠨ | ᠰᠠᠭᠤᠴᠠ ᠨᠢ ᠪᠠᠶᠢᠭ᠎ᠠ ᠭᠠᠵᠠᠷ ᠤᠨ ᠢᠶᠠᠨ ᠣᠷᠴᠢᠨ ᠲᠣᠭᠤᠷᠢᠨ ᠤ ᠪᠠᠭᠲᠠᠭᠠᠮᠵᠢ ᠪᠠ ᠬᠠᠮᠢᠶ᠎ᠠ ᠪᠥᠬᠦᠶ ᠬᠠᠤᠯᠢ | ᠴᠠᠭᠠᠵᠠ᠂ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠶᠡᠷᠦᠩᠬᠡᠶᠢᠯᠡᠨ ᠪᠣᠳᠣᠯᠬᠢᠯᠠᠵᠤ᠂ ᠪᠣᠬᠢᠷ ᠤᠰᠤ ᠶᠢ | ᠰᠢᠶ᠋ᠳᠪᠦᠷᠢᠯᠡᠬᠦ ᠵᠡᠷᠭᠡ ᠪᠡᠯᠡᠳᠬᠡᠮᠵᠢ ᠶᠢ ᠵᠡᠷᠭᠡ ᠳᠤᠨᠢ ᠢᠵᠢ ᠪᠥᠷᠢᠳᠦᠭᠦᠯᠦᠨ ᠪᠠᠶᠢᠭᠤᠯᠵᠤ᠂ ᠵᠢᠷᠤᠮᠵᠢᠯ ᠲᠠᠢ ᠪᠠᠷ | ᠭᠠᠳᠠᠭᠰᠢᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠰᠢᠢᠳᠪᠦᠷᠢᠯᠡᠬᠦ ᠶᠢ ᠨᠠᠶᠢᠳᠠᠪᠤᠷᠢᠵᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠥᠬᠦᠭᠡᠷᠦᠮᠵᠢ | ᠪᠡᠯᠡᠳᠬᠡᠮᠵᠢ ᠶᠢ ᠪᠦᠷᠢᠨ ᠳᠣᠭᠢᠷᠠᠭᠤᠯᠬᠤ ᠬᠡᠷᠡᠭᠲᠡᠶ᠃ ᠡᠵᠡᠩᠨᠡᠯᠲᠡ ᠶᠢᠨ ᠣᠷᠣᠨ ᠪᠦᠰᠡ ᠶᠢᠨ ᠬᠠᠤᠯᠢ ᠠᠴᠠ | ᠵᠥᠷᠢᠴᠡᠭᠰᠡᠨ ᠬᠡᠷ ᠤᠨ ᠭᠠᠳᠠᠨᠠᠬᠢ ᠵᠠᠷ ᠮᠡᠳᠡᠭᠡ ᠶᠢᠨ ᠪᠡᠯᠡᠳᠬᠡᠮᠵᠢ ᠵᠢᠴᠢ ᠬᠡᠰᠡᠭ ᠪᠤᠰᠠᠭ ᠢᠶᠠᠷ ᠳᠤᠷ᠎ᠠ ᠪᠠᠷ ᠢᠶᠠᠨ | ᠳᠡᠯᠭᠡᠭᠡ ᠮᠠᠶᠢᠮᠠᠶ ᠭᠠᠷᠭᠠᠬᠤ ᠶᠢ ᠪᠥᠬᠦ ᠲᠠᠯ᠎ᠠ ᠪᠠᠷ ᠠᠷᠢᠯᠭᠠᠵᠤ᠂ ᠲᠣᠰᠬᠤᠨ ᠤ ᠳᠦᠷᠰᠦ ᠪᠠᠶᠢᠳᠠᠯ ᠴᠡᠪᠡᠷ ᠲᠡᠭᠰᠢ | ᠪᠠᠶᠢᠬᠤ ᠶᠢ ᠪᠠᠲᠤᠯᠠᠬᠤ ᠬᠡᠷᠡᠭᠲᠡᠶ᠃ ᠬᠡᠷ ᠪᠠᠶᠢᠰᠢᠩ ᠤᠨ ᠪᠠᠷᠢᠯᠭ᠎ᠠ ᠶᠢᠨ ᠥᠩᠭᠡ ᠦᠵᠡᠮᠵᠢ ᠶᠢ ᠲᠤᠬᠠᠶ ᠶᠢᠨ | ᠭᠠᠵᠠᠷ ᠤᠨ ᠠᠶᠢᠯ ᠲᠣᠰᠬᠤᠨ ᠤ ᠥᠩᠭᠡ ᠦᠵᠡᠮᠵᠢ᠂ ᠠᠶᠢᠯ ᠲᠣᠰᠬᠤᠨ ᠤ ᠣᠷᠴᠢᠨ ᠲᠣᠭᠤᠷᠢᠨ ᠤ ᠦᠵᠡᠮᠵᠢ ᠯᠦᠭᠡ | ᠬᠠᠷᠢᠯᠴᠠᠨ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠲᠠᠢ ᠤᠶᠠᠯᠳᠤᠭᠤᠯᠵᠤ᠂ ᠵᠥᠷᠢᠴᠡᠭᠰᠡᠨ ᠢ ᠠᠷᠢᠯᠭᠠᠵᠤ ᠨᠣᠭᠤᠭᠠᠷᠠᠭᠤᠯᠵᠤ᠂ ᠠᠶᠢᠯ ᠲᠣᠰᠬᠤᠨ ᠤ | ᠨᠣᠭᠤᠭᠠᠷᠠᠭᠤᠯᠤᠯᠲᠠ ᠶᠢᠨ ᠬᠡᠮᠵᠢᠶ᠎ᠡ ᠪᠠ ᠭᠤᠸ᠎ᠠ ᠰᠠᠶᠢᠬᠠᠨ ᠤ ᠲᠥᠷᠥᠭᠳᠡᠯ ᠢ ᠨᠡᠮᠡᠭᠳᠡᠭᠦᠯᠦᠨ᠎ᠡ᠃ | | ︵ᠳᠥᠷᠪᠡ︶ ᠣᠯᠠᠨ ᠨᠡᠶᠢᠲᠡ ᠶᠢᠨ ᠠᠮᠤᠷ ᠲᠦᠪᠰᠢᠨ᠃ ᠬᠥᠳᠡᠭᠡ ᠲᠣᠰᠬᠤᠨ ᠤ ᠠᠷᠠᠳ ᠤᠨ ᠪᠠᠶᠢᠷᠢ ᠨᠢ | ᠬᠥᠳᠡᠭᠡ ᠲᠣᠰᠬᠤᠨ ᠤ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶ᠎ᠠ ᠪᠥᠬᠦᠶ ᠲᠣᠭᠲᠠᠭᠠᠯ ᠢ | ᠦᠨᠳᠦᠰᠦᠯᠡᠨ᠂ ᠴᠢᠬᠤᠯᠠ ᠪᠥᠬᠦᠶ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ ᠳᠣᠭᠢᠷᠠᠭᠤᠯᠵᠤ᠂ ᠡᠳᠦᠷ | ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠦᠷᠢᠮ ᠢ ᠨᠠᠶᠢᠳᠠᠪᠤᠷᠢᠵᠢᠭᠤᠯᠤᠨ᠂ ᠭᠠᠯ ᠤᠨᠲᠠᠷᠠᠭᠠᠬᠤ | ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠶ᠃ ᠢᠳᠡᠭᠡᠨ ᠤ ᠠᠮᠤᠷ ᠲᠦᠪᠰᠢᠨ᠂ | ᠡᠷᠡᠭᠦᠯ ᠬᠠᠮᠠᠭᠠᠯᠠᠯ ᠤᠨ ᠠᠮᠤᠷ ᠲᠦᠪᠰᠢᠨ᠂ ᠠᠮᠤᠷ ᠲᠦᠪᠰᠢᠨ ᠤ ᠠᠮᠤᠷ ᠲᠦᠪᠰᠢᠨ᠂ ᠣᠷᠴᠢᠨ ᠲᠣᠭᠤᠷᠢᠨ ᠤ ᠠᠮᠤᠷ | ᠲᠦᠪᠰᠢᠨ ᠵᠡᠷᠭᠡ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠵᠢᠷᠤᠮᠯᠠᠨ ᠰᠠᠬᠢᠵᠤ᠂ ᠵᠣᠬᠢᠬᠤ ᠬᠠᠮᠢᠶᠠᠷᠤᠯᠲᠠ ᠶᠢᠨ | ᠲᠦᠷᠢᠮ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠶᠢᠭᠤᠯᠤᠨ᠎ᠠ᠃ | | ︵ᠲᠠᠪᠤ︶ ᠠᠵᠢᠯᠯᠠᠵᠤ ᠪᠠᠶᠢᠭ᠎ᠠ ᠬᠥᠮᠦᠰ᠃ ᠬᠥᠳᠡᠭᠡ ᠲᠣᠰᠬᠤᠨ ᠤ ᠠᠷᠠᠳ ᠤᠨ ᠪᠠᠶᠢᠷᠢ ᠳᠤ ᠠᠵᠢᠯᠯᠠᠵᠤ | ᠪᠠᠶᠢᠭ᠎ᠠ ᠬᠥᠮᠦᠰ ᠬᠠᠤᠯᠢ ᠶᠣᠰᠣᠨ ᠤ ᠪᠡᠶ᠎ᠡ ᠶᠢᠨ ᠦᠨᠡᠮᠯᠡᠯ ᠪᠤᠶᠤ ᠬᠥᠯᠥᠰᠥᠨ ᠠᠵᠢᠯ ᠬᠢᠵᠦ ᠪᠠᠶᠢᠭ᠎ᠠ ᠭᠡᠷᠡᠴᠢ ᠲᠠᠢ | ᠪᠠᠶᠢᠬᠤ ᠬᠡᠷᠡᠭᠲᠡᠶ᠂ ᠬᠢᠯᠢ ᠶᠢᠨ ᠭᠠᠳᠠᠨ᠎ᠠ ᠠᠵᠢᠯᠯᠠᠵᠤ ᠪᠠᠶᠢᠭ᠎ᠠ ᠬᠥᠮᠦᠰ ᠪᠠᠰᠠ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ᠠᠵᠢᠯᠯᠠᠵᠤ ᠪᠠᠶᠢᠭ᠎ᠠ ᠬᠥᠮᠦᠰ ᠡᠷᠡᠭᠦᠯ ᠮᠡᠨᠳᠦ ᠶᠢᠨ ᠭᠡᠷᠡᠴᠢ | ᠣᠯᠤᠭᠰᠠᠨ ᠤ ᠳᠠᠷᠠᠭ᠎ᠠ ᠠᠵᠢᠯ ᠤᠨ ᠪᠠᠶᠢᠷᠢ ᠳᠤ ᠭᠠᠷᠬᠤ ᠶᠢᠨ ᠬᠠᠮᠲᠤ ᠣᠨ ᠤ ᠡᠷᠡᠭᠦᠯ ᠮᠡᠨᠳᠦ ᠶᠢᠨ ᠪᠠᠶᠢᠴᠠᠭᠠᠯᠲᠠ | ᠪᠠ ᠬᠠᠮᠢᠶ᠎ᠠ ᠪᠥᠬᠦᠶ ᠠᠮᠤᠷ ᠲᠦᠪᠰᠢᠨ ᠤ ᠪᠣᠯᠪᠠᠰᠤᠷᠠᠯ ᠬᠢᠬᠦ ᠬᠡᠷᠡᠭᠲᠡᠶ᠃ | | ︵ᠵᠢᠷᠭᠤᠭ᠎ᠠ︶ ᠵᠢᠷᠤᠮᠵᠢᠭᠰᠠᠨ ᠡᠵᠡᠩᠨᠡᠯᠲᠡ᠃ ᠬᠥᠳᠡᠭᠡ ᠲᠣᠰᠬᠤᠨ ᠤ ᠠᠷᠠᠳ ᠤᠨ ᠪᠠᠶᠢᠷᠢ ᠶᠢᠨ ᠡᠵᠡᠩᠨᠡᠭᠴᠢ | ᠡᠵᠡᠩᠨᠡᠯᠲᠡ ᠶᠢᠨ ᠦᠨᠡᠮᠯᠡᠯ᠂ ᠤᠯᠠᠨ ᠨᠡᠶᠢᠲᠡ ᠶᠢᠨ ᠲᠠᠯᠠᠪᠤᠷ ᠤᠨ ᠠᠷᠢᠭᠤᠨ ᠴᠡᠪᠡᠷ ᠤᠨ ᠵᠥᠪᠰᠢᠶᠡᠷᠡᠯ ᠤᠨ ᠦᠨᠡᠮᠯᠡᠯ᠂ | ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ︵ᠵᠢᠱᠢᠶᠡᠯᠡᠪᠡᠯ ᠢᠳᠡᠭᠡᠨ ᠤᠮᠳᠠᠭᠠᠨ ᠡᠵᠡᠩᠨᠡᠬᠦ︶᠂ ᠣᠨᠴᠠ | ᠲᠦᠷᠦᠯ ᠤᠨ ᠠᠵᠢᠯ ᠲᠦᠷᠦᠯ ᠤᠨ ᠵᠥᠪᠰᠢᠶᠡᠷᠡᠯ ᠤᠨ ᠦᠨᠡᠮᠯᠡᠯ᠂ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ | ᠬᠢᠷᠢ ᠲᠡᠩᠴᠡᠭᠰᠡᠨ ᠦᠨᠡᠮᠯᠡᠯ ᠢ ᠬᠠᠤᠯᠢ ᠶᠣᠰᠣᠭᠠᠷ ᠭᠦᠢᠴᠡᠳᠬᠡᠬᠦ ᠶᠢᠨ ᠬᠠᠮᠲᠤ ᠬᠡᠷᠡᠮ ᠳᠡᠭᠡᠷ᠎ᠡ ᠨᠡᠶᠢᠲᠡᠯᠡᠵᠦ | ᠨᠡᠶᠢᠲᠡᠯᠡᠬᠦ ᠬᠡᠷᠡᠭᠲᠡᠶ᠃ ᠱᠠᠭᠠᠷᠳᠠᠯᠭ᠎ᠠ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠮᠡᠳᠡᠭᠡ ᠵᠠᠩᠭᠢ | ᠴᠤᠭᠯᠠᠭᠤᠯᠬᠤ ᠰᠢᠰᠲ᠋ᠧᠮ ᠢ ᠤᠭᠰᠠᠷᠠᠨ ᠬᠡᠷᠡᠭᠯᠡᠵᠦ᠂ ᠠᠶᠠᠨᠴᠢᠳ ᠤᠨ ᠬᠤᠨᠤᠭ ᠤᠨ ᠳᠡᠩᠰᠡᠯᠡᠯᠲᠡ᠂ | ᠠᠶᠢᠯᠴᠢᠯᠠᠭᠰᠠᠳ ᠤᠨ ᠳᠡᠩᠰᠡᠯᠡᠯᠲᠡ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ | ᠨᠠᠶᠢᠳᠠᠪᠤᠷᠢᠵᠢᠭᠤᠯᠤᠨ᠎ᠠ᠃ ᠦᠨ᠎ᠡ ᠬᠠᠩᠰᠢ ᠶᠢ ᠢᠯᠡ ᠬᠠᠳᠠᠭᠰᠠᠨ ᠰᠦᠢᠳᠭᠡᠯ ᠬᠤᠷᠢᠶᠠᠬᠤ ᠪᠠᠷᠢᠮᠵᠢᠶ᠎ᠠ᠂ ᠰᠠᠭᠤᠭᠠᠯᠢ | ᠠᠷᠠᠳ ᠤᠨ ᠡᠷᠬᠡᠪᠰᠢ ᠮᠡᠳᠡᠬᠦ ᠵᠣᠶᠢᠯ ᠪᠠ ᠠᠮᠤᠷ ᠲᠦᠪᠰᠢᠨ ᠤ ᠰᠠᠨᠠᠭᠤᠯᠤᠮᠵᠢ ᠲᠠᠢ ᠪᠠᠶᠢᠬᠤ ᠶᠢᠨ ᠬᠠᠮᠲᠤ᠂ ᠦᠨᠡᠨ | ᠪᠣᠳᠠᠲᠠᠶ ᠵᠥᠪ ᠣᠨᠣᠪᠴᠢᠲᠠᠶ ᠬᠤᠨᠤᠭ ᠪᠠᠭᠤᠳᠠᠯ᠂ ᠬᠤᠭᠤᠯᠠ ᠤᠮᠳᠠ ᠵᠡᠷᠭᠡ ᠮᠡᠳᠡᠭᠡ ᠵᠠᠩᠭᠢ ᠶᠢ ᠬᠠᠩᠭᠠᠬᠤ | ᠬᠡᠷᠡᠭᠲᠡᠶ᠃ | | ᠲᠠᠪᠤ᠂ ᠬᠢᠨᠠᠨ ᠵᠥᠪᠰᠢᠶᠡᠷᠡᠬᠦ ᠶᠠᠪᠤᠴᠠ | | ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢ ᠵᠥᠪᠰᠢᠶᠡᠷᠡᠨ ᠣᠷᠣᠭᠤᠯᠬᠤ ᠳᠤ ᠬᠠᠮᠲᠤᠷᠠᠨ ᠬᠢᠨᠠᠨ | ᠬᠠᠷᠭᠤᠭᠤᠯᠬᠤ ᠠᠷᠭ᠎ᠠ ᠮᠠᠶ᠋ᠢᠭ ᠢ ᠠᠪᠴᠤ᠂ ᠦᠨᠡᠮᠯᠡᠯ ᠭᠦᠢᠴᠡᠳᠭᠡᠬᠦ ᠭᠠᠷᠳᠠᠮ ᠢ ᠳᠥᠭᠦᠮᠴᠢᠯᠡᠬᠦ ᠪᠠ | ᠰᠢᠯᠢᠳᠡᠭᠵᠢᠭᠦᠯᠵᠦ᠂ ᠬᠤᠰᠢᠭᠤ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ︵ᠰᠣᠶᠣᠯ ᠵᠢᠭᠤᠯᠴᠢᠯᠠᠯ ᠤᠨ ᠲᠣᠪᠴᠢᠶ᠎ᠠ︶ ᠨᠢ ᠬᠥᠳᠡᠭᠡ ᠲᠣᠰᠬᠤᠨ ᠤ | ᠠᠷᠠᠳ ᠤᠨ ᠣᠷᠣᠨ ᠰᠠᠭᠤᠴᠠ ᠶᠢ ᠬᠢᠨᠠᠨ ᠵᠥᠪᠰᠢᠶᠡᠷᠡᠬᠦ ᠳᠤ ᠬᠠᠮᠲᠤᠷᠠᠨ ᠭᠥᠯᠢᠶᠡᠨ ᠠᠪᠴᠤ ᠰᠢᠢᠳᠪᠦᠷᠢᠯᠡᠬᠦ᠂ | ᠬᠠᠮᠲᠤᠷᠠᠨ ᠬᠢᠨᠠᠨ ᠬᠠᠷᠭᠤᠭᠤᠯᠬᠤ᠂ ᠬᠠᠮᠲᠤᠷᠠᠨ ᠬᠠᠶᠢᠨ ᠰᠢᠨᠵᠢᠬᠦ᠂ ᠨᠢᠭᠡ ᠬᠦᠰᠦᠨᠦᠭᠲᠦ ᠶᠢᠨ ᠬᠡᠯᠪᠡᠷᠢ ᠪᠠᠷ ᠬᠢᠨᠠᠨ | ᠵᠥᠪᠰᠢᠶᠡᠷᠡᠬᠦ ᠶᠢ ᠬᠡᠷᠡᠭᠵᠢᠭᠦᠯᠦᠨ᠎ᠡ᠃ | | ︵ᠨᠢᠭᠡ︶ ᠬᠥᠳᠡᠭᠡ ᠲᠣᠰᠬᠤᠨ ᠤ ᠠᠷᠠᠳ ᠤᠨ ᠪᠠᠶᠢᠷᠢ ᠶᠢᠨ ᠡᠵᠡᠩᠨᠡᠯᠲᠡ ᠶᠢᠨ ᠭᠤᠤᠯ ᠴᠣᠭᠴᠠ ᠠᠴᠠ | ᠭᠤᠶᠤᠴᠢᠯᠠᠯ ᠭᠠᠷᠭᠠᠵᠤ᠂ ᠲᠣᠰᠬᠤᠨ ᠤ ᠠᠷᠠᠳ ᠤᠨ ᠵᠥᠪᠯᠡᠯ ᠠᠴᠠ ᠠᠩᠬᠠᠨ ᠤ ᠬᠢᠨᠠᠯᠲᠠ ᠬᠢᠬᠦ ᠶᠢᠨ ᠬᠠᠮᠲᠤ | ᠰᠠᠨᠠᠯ ᠢᠶᠠᠨ ᠳᠤᠷᠠᠳᠤᠭᠰᠠᠨ ᠤ ᠳᠠᠷᠠᠭ᠎ᠠ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠳᠤ ᠲᠤᠰᠢᠶᠠᠨ᠎ᠠ᠃ | | ︵ᠬᠤᠶᠠᠷ︶ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠨᠢ ᠲᠤᠬᠠᠶ ᠶᠢᠨ ᠭᠠᠵᠠᠷ ᠲᠤᠨᠢ ᠬᠠᠶᠢᠨ | ᠰᠢᠨᠵᠢᠬᠦ ᠶᠢ ᠵᠣᠬᠢᠶᠠᠨ ᠪᠠᠶᠢᠭᠤᠯᠵᠤ᠂ ᠬᠡᠷ ᠪᠠᠶᠢᠰᠢᠩ ᠤᠨ ᠬᠠᠤᠯᠢ ᠶᠣᠰᠣᠴᠢ ᠴᠢᠨᠠᠷ᠂ ᠠᠮᠤᠷ ᠲᠦᠪᠰᠢᠨ ᠴᠢᠨᠠᠷ᠂ | ᠪᠠᠶᠢᠷᠢᠰᠢᠭᠤᠯᠤᠯᠲᠠ ᠶᠢᠨ ᠵᠦᠶ ᠶᠣᠰᠣᠴᠢ ᠴᠢᠨᠠᠷ ᠵᠡᠷᠭᠡ ᠬᠠᠮᠢᠶ᠎ᠠ ᠪᠥᠬᠦᠶ ᠨᠥᠬᠦᠴᠡᠯ ᠢ ᠬᠢᠨᠠᠨ ᠬᠠᠷᠭᠤᠭᠤᠯᠬᠤ ᠶᠢᠨ | ᠬᠠᠮᠲᠤ ᠰᠠᠨᠠᠯ ᠢᠶᠠᠨ ᠭᠠᠷ ᠤᠨ ᠥᠰᠥᠭ ᠵᠢᠷᠤᠵᠤ᠂ ᠬᠤᠰᠢᠭᠤ ᠰᠢᠶᠠᠩ ᠲᠣᠰᠬᠤᠨ ᠤ ᠠᠷᠠᠳ ᠤᠨ ᠣᠷᠣᠨ | ᠰᠠᠭᠤᠴᠠ ᠶᠢᠨ ᠬᠥᠭᠵᠢᠯᠲᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ︵ᠰᠣᠶᠣᠯ ᠵᠢᠭᠤᠯᠴᠢᠯᠠᠯ ᠤᠨ | ᠲᠣᠪᠴᠢᠶ᠎ᠠ︶ ᠳᠤ ᠳᠡᠪᠰᠢᠭᠦᠯᠦᠨ ᠳᠠᠩᠰᠠᠯᠠᠭᠤᠯᠤᠨ᠎ᠠ᠃ | | ︵ᠭᠤᠷᠪᠠ︶ ᠬᠡᠪᠴᠢᠶ᠎ᠡ ᠪᠠᠷ ᠨᠡᠯᠢᠶᠡᠳ ᠶᠡᠭᠡ ᠠᠷᠠᠳ ᠤᠨ ᠣᠷᠣᠨ ᠰᠠᠭᠤᠴᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠣᠶᠢᠯ ᠵᠢᠴᠢ ᠪᠥᠬᠦ ᠲᠣᠰᠬᠤᠨ ᠢᠶᠠᠷ ᠢᠶᠠᠨ ᠠᠬᠢᠭᠤᠯᠬᠤ ᠳᠤ ᠬᠤᠯᠪᠣᠭᠳᠠᠬᠤ | ᠠᠷᠠᠳ ᠤᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠣᠶᠢᠯ ᠢ ᠬᠤᠰᠢᠭᠤᠨ ᠰᠣᠶᠣᠯ | ᠵᠢᠭᠤᠯᠴᠢᠯᠠᠯ ᠤᠨ ᠠᠵᠤ ᠦᠢᠯᠡᠰ ᠢ ᠠᠬᠢᠭᠤᠯᠬᠤ ᠳᠤᠭᠤᠶᠢᠯᠠᠩ ᠠᠴᠠ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ | ᠳᠠᠷᠠᠭ᠎ᠠ ᠰᠠᠶ᠋ᠢ ᠪᠥᠲᠥᠭᠡᠨ ᠪᠠᠶᠢᠭᠤᠯᠵᠤ ᠪᠣᠯᠤᠨ᠎ᠠ᠃ | | ︵ᠳᠥᠷᠪᠡ︶ ᠠᠷᠠᠳ ᠤᠨ ᠣᠷᠣᠨ ᠰᠠᠭᠤᠴᠠ ᠶᠢᠨ ᠲᠥᠷᠥᠯ ᠵᠦᠶ᠋ᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ | ᠂ ᠬᠤᠰᠢᠭᠤᠨ ᠰᠣᠶᠣᠯ ᠤᠨ ᠪᠠᠷᠢᠭᠠᠳᠠ ᠶᠢᠨ ᠠᠵᠤ ᠦᠢᠯᠡᠰ ᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠠᠴᠠ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢ ᠬᠠᠮᠲᠤᠷᠠᠨ ᠭᠥᠯᠢᠶᠡᠨ ᠠᠪᠴᠤ ᠰᠢᠢᠳᠪᠦᠷᠢᠯᠡᠬᠦ | ᠂ ᠬᠠᠮᠲᠤᠷᠠᠨ ᠬᠠᠶᠢᠨ ᠰᠢᠨᠵᠢᠬᠦ᠂ ᠬᠠᠮᠲᠤᠷᠠᠨ ᠬᠢᠨᠠᠨ ᠬᠠᠷᠭᠤᠭᠤᠯᠬᠤ ᠶᠢ ᠬᠡᠷᠡᠭᠵᠢᠭᠦᠯᠦᠨ᠎ᠡ᠃ ᠬᠢᠨᠠᠨ ᠬᠠᠷᠭᠤᠭᠤᠯᠵᠤ | ᠵᠥᠪᠰᠢᠶᠡᠷᠡᠭᠰᠡᠨ ᠤ ᠳᠠᠷᠠᠭ᠎ᠠ᠂ ᠡᠯ᠎ᠡ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠭᠡᠷᠡᠴᠢ ᠦᠨᠡᠮᠯᠡᠯ ᠤᠨ ᠭᠠᠷᠳᠠᠮ ᠢ | ᠭᠦᠢᠴᠡᠳᠭᠡᠬᠦ ᠪᠤᠶᠤ ᠳᠠᠩᠰᠠᠯᠠᠬᠤ ᠠᠵᠢᠯ ᠢ ᠰᠠᠶᠢᠲᠤᠷ ᠬᠢᠬᠦ ᠳᠤ᠂ ᠪᠤᠰᠤᠳ ᠤᠷᠢᠳᠠᠴᠢ ᠨᠥᠬᠦᠴᠡᠯ ᠳᠣᠭᠢᠷᠠᠭᠤᠯᠵᠤ | ᠪᠣᠯᠬᠤ ᠥᠬᠡᠶ᠃ ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂ ᠭᠤᠶᠤᠴᠢᠯᠠᠭᠴᠢ ᠳᠤ ᠨᠢᠭᠡ ᠯᠡ ᠤᠳᠠᠭ᠎ᠠ ᠶᠢᠨ | ᠴᠢᠨᠠᠷᠲᠠᠶ ᠪᠠᠷ ᠮᠡᠳᠡᠭᠳᠡᠨ᠎ᠡ᠃ | | ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ | | ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠰᠢᠨ᠎ᠡ ᠶᠢ | ᠡᠭᠦᠳᠴᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠬᠤᠰᠢᠭᠤ᠂ ᠰᠤᠮᠤ ᠰᠢᠶᠠᠩ | ᠪᠠᠯᠭᠠᠰᠤ ᠶᠢᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠬᠤᠰᠢᠭᠤᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠠᠴᠠ ᠬᠥᠳᠡᠭᠡ ᠲᠣᠰᠬᠤᠨ ᠤ ᠠᠷᠠᠳ ᠤᠨ ᠪᠠᠶᠢᠷᠢ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠬᠠᠷᠢᠭᠤᠴᠠᠨ ᠲᠣᠭᠲᠠᠭᠠᠵᠤ᠂ ᠬᠥᠳᠡᠭᠡ ᠲᠣᠰᠬᠤᠨ ᠤ ᠠᠷᠠᠳ ᠤᠨ ᠪᠠᠶᠢᠷᠢ ᠶᠢᠨ | ᠬᠥᠭᠵᠢᠯᠲᠡ ᠶᠢ ᠠᠬᠢᠭᠤᠯᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠂ ᠡᠯ᠎ᠡ ᠲᠥᠷᠥᠯ ᠤᠨ ᠵᠣᠷᠢᠭᠵᠢᠭᠤᠯᠬᠤ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠠᠷᠢᠯᠢᠬᠵᠢᠭᠤᠯᠵᠤ᠂ ᠲᠥᠷᠥ ᠶᠢᠨ ᠪᠣᠳᠣᠯᠭ᠎ᠠ ᠶᠢᠨ ᠬᠤᠷᠠᠮᠳᠤᠯ ᠢ | ᠴᠢᠩᠭᠠᠳᠬᠠᠨ᠂ ᠬᠥᠳᠡᠭᠡ ᠲᠣᠰᠬᠤᠨ ᠤ ᠠᠷᠠᠳ ᠤᠨ ᠪᠠᠶᠢᠷᠢ ᠶᠢᠨ ᠬᠠᠮᠲᠤᠷᠠᠨ ᠬᠢᠨᠠᠨ ᠬᠠᠷᠭᠤᠭᠤᠯᠵᠤ ᠬᠢᠨᠠᠨ | ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠠᠷᠠᠳ ᠤᠨ ᠪᠠᠶᠢᠷᠢ ᠶᠢᠨ ᠣᠷᠴᠢᠨ ᠲᠣᠭᠤᠷᠢᠨ᠂ | ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ᠂ ᠠᠮᠤᠷ ᠢ ᠬᠠᠮᠠᠭᠠᠯᠠᠬᠤ ᠵᠡᠷᠭᠡ ᠲᠠᠯ᠎ᠠ ᠶᠢᠨ ᠤᠴᠢᠷ ᠶᠠᠪᠤᠳᠠᠯ ᠤᠨ | ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠥᠳᠡᠭᠡ | ᠲᠣᠰᠬᠤᠨ ᠤ ᠠᠷᠠᠳ ᠤᠨ ᠣᠷᠣᠨ ᠰᠠᠭᠤᠴᠠ ᠶᠢᠨ ᠦᠢᠯᠡᠴᠢᠯᠡᠭᠡᠨ ᠤ ᠵᠠᠭᠠᠯᠳᠤᠬᠤ ᠪᠠ ᠰᠢᠶ᠋ᠳᠪᠦᠷᠢᠯᠡᠬᠦ | ᠲᠣᠭᠲᠠᠴᠠ ᠶᠢ ᠪᠠᠶᠢᠭᠤᠯᠵᠤ᠂ ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠨᠢ ᠵᠣᠬᠢᠬᠤ | ᠪᠠᠶᠢᠭᠤᠯᠤᠮᠵᠢ ᠶᠢ ᠲᠣᠳᠣᠷᠬᠠᠶᠢᠯᠠᠨ᠂ ᠠᠵᠢᠯᠲᠠᠨ ᠳᠣᠭᠢᠷᠠᠭᠤᠯᠵᠤ᠂ ᠬᠠᠷᠢᠶ᠎ᠠ ᠣᠷᠣᠨ ᠤ ᠬᠤᠲᠠ ᠶᠢᠨ ᠳᠣᠲᠣᠷᠠᠬᠢ | ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠬᠢᠨᠠᠨ ᠬᠠᠷᠭᠤᠭᠤᠯᠵᠤ ᠭᠤᠶᠤᠴᠢᠯᠠᠨ ᠮᠡᠳᠡᠭᠦᠯᠬᠦ᠂ | ᠡᠳᠦᠷ ᠲᠤᠲᠤᠮ ᠤᠨ ᠦᠢᠯᠡᠴᠢᠯᠡᠭᠡᠨ ᠵᠢᠴᠢ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠶ᠃ | | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | | ︵ᠨᠢᠭᠡ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ | | ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠢ ᠢᠵᠢ ᠪᠥᠷᠢᠳᠦᠭᠦᠯᠬᠦ᠂ ᠡᠷᠡᠭᠦᠯ ᠬᠠᠮᠠᠭᠠᠯᠠᠯ ᠠᠮᠤᠷ | ᠲᠦᠪᠰᠢᠨ᠂ ᠠᠮᠤᠷ ᠢ ᠬᠠᠮᠠᠭᠠᠯᠠᠬᠤ ᠭᠠᠯ ᠤᠨᠲᠠᠷᠠᠭᠠᠬᠤ ᠬᠠᠮᠢᠶᠠᠷᠤᠯᠲᠠ ᠵᠡᠷᠭᠡ ᠲᠠᠯ᠎ᠠ ᠶᠢᠨ ᠲᠣᠭᠤᠷᠢᠨ ᠳᠤ᠂ ᠬᠥᠳᠡᠭᠡ | ᠲᠣᠰᠬᠤᠨ ᠤ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢ ᠠᠬᠢᠭᠤᠯᠬᠤ ᠲᠥᠬᠦᠷ ᠲᠥᠷᠥ ᠶᠢᠨ ᠪᠣᠳᠣᠯᠭ᠎ᠠ ᠶᠢ | ᠲᠣᠭᠲᠠᠭᠠᠬᠤ ᠬᠡᠷᠡᠭᠲᠡᠶ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠣᠲᠣ ᠶᠢᠨ ᠬᠡᠷᠡᠭᠵᠢᠭᠦᠯᠵᠦ | ᠪᠠᠶᠢᠭ᠎ᠠ ᠲᠥᠷᠥ ᠶᠢᠨ ᠪᠣᠳᠣᠯᠭ᠎ᠠ ᠶᠢᠨ ᠶᠣᠰᠣᠭᠠᠷ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠳᠤ | ᠬᠤᠯᠪᠣᠭᠳᠠᠬᠤ ᠪᠣᠭᠤᠮᠢ ᠶᠢᠨ ᠵᠠᠮ᠂ ᠨᠣᠭᠤᠭᠠᠷᠠᠭᠤᠯᠤᠯᠲᠠ᠂ ᠲᠡᠷᠭᠡᠨ ᠵᠣᠭᠰᠣᠭᠠᠯ᠂ ᠦᠵᠡᠮᠵᠢ ᠰᠣᠨᠢᠷᠬᠠᠬᠤ | ᠲᠠᠪᠴᠠᠩ ᠵᠡᠷᠭᠡ ᠢᠵᠢ ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠠᠷᠠᠳ ᠤᠨ ᠪᠠᠶᠢᠷᠢ ᠲᠥᠪᠯᠡᠷᠡᠭᠰᠡᠨ ᠵᠠᠰᠠᠭ ᠵᠠᠬᠢᠷᠭᠠᠨ ᠤ ᠲᠣᠰᠬᠤᠨ ᠤ | ᠪᠣᠬᠢᠷ ᠤᠰᠤ ᠶᠢ ᠵᠠᠰᠠᠬᠤ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ | | ︵ᠬᠤᠶᠠᠷ︶ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠶ | | ᠱᠠᠩᠨᠠᠬᠤ᠂ ᠳᠠᠮ ᠬᠦᠤ ᠥᠭᠬᠦ ᠵᠡᠷᠭᠡ ᠣᠯᠠᠨ ᠵᠣᠶᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠳᠡᠭᠡ | ᠲᠣᠰᠬᠤᠨ ᠤ ᠠᠷᠠᠳ ᠤᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢ ᠲᠡᠳᠬᠦᠨ | ᠳᠡᠮᠵᠢᠵᠦ᠂ ᠮᠠᠯᠴᠢᠨ ᠲᠠᠷᠢᠶᠠᠴᠢᠨ ᠣᠯᠠᠨ ᠲᠦᠮᠡᠨ᠂ ᠨᠡᠶᠢᠭᠡᠮ ᠤᠨ ᠬᠥᠷᠥᠩᠭᠡ ᠶᠢᠨ ᠬᠥᠳᠡᠭᠡ ᠲᠣᠰᠬᠤᠨ ᠤ | ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠳᠤ ᠣᠷᠣᠯᠴᠠᠬᠤ ᠢᠳᠡᠪᠬᠢᠵᠢᠯ ᠢ ᠭᠦᠢᠴᠡᠳᠲ᠋ᠠᠶᠢᠴᠢᠯᠠᠬᠤ | ᠬᠡᠷᠡᠭᠲᠡᠶ᠃ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠱᠠᠩᠨᠠᠯ ᠤᠨ ᠪᠠᠯᠠ ᠮᠥᠩᠭᠦ ᠶᠢ ᠪᠠᠶᠢᠭᠤᠯᠵᠤ | ᠂ ᠨᠡᠶᠢᠲᠡᠯᠢᠭ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠣᠯ ᠲᠠᠢ ᠠᠷᠠᠳ ᠤᠨ ᠣᠷᠣᠨ ᠰᠠᠭᠤᠴᠠ ᠳᠤ | ᠦᠨᠡᠯᠡᠨ ᠲᠣᠭᠲᠠᠭᠠᠭᠰᠠᠨ ᠤ ᠳᠠᠷᠠᠭ᠎ᠠ ᠪᠠᠯᠠ ᠮᠥᠩᠭᠦ ᠶᠢᠨ ᠱᠠᠩᠨᠠᠯ ᠣᠯᠭᠤᠨ᠎ᠠ᠃ ᠬᠥᠳᠡᠭᠡ ᠲᠣᠰᠬᠤᠨ ᠤ ᠠᠷᠠᠳ ᠤᠨ | ᠣᠷᠣᠨ ᠰᠠᠭᠤᠴᠠ ᠶᠢᠨ ᠪᠠᠯᠠ ᠣᠷᠣᠭᠤᠯᠤᠨ ᠪᠥᠲᠥᠭᠡᠨ ᠪᠠᠶᠢᠭᠤᠯᠬᠤ᠂ ᠥᠭᠡᠷᠡᠴᠢᠯᠡᠨ ᠲᠠᠰ ᠳᠡᠪᠰᠢᠭᠦᠯᠬᠦ | ᠵᠢᠭᠡᠯᠡᠯᠭᠡ ᠳᠤ ᠳᠠᠮ ᠬᠦᠤ ᠮᠥᠩᠭᠦ ᠣᠯᠭᠤᠨ᠎ᠠ᠃ ᠭᠠᠵᠠᠷ ᠣᠷᠣᠨ ᠤ ᠬᠥᠳᠡᠭᠡ ᠲᠣᠰᠬᠤᠨ ᠤ ᠠᠷᠠᠳ ᠤᠨ ᠣᠷᠣᠨ | ᠰᠠᠭᠤᠴᠠ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠶ᠋ᠯᠡᠳᠦᠯ ᠦᠵᠡᠭᠦᠯᠦᠭᠰᠡᠨ ᠠᠵᠢᠯ ᠲᠥᠷᠥᠯ ᠤᠨ | ᠵᠣᠬᠢᠶᠠᠨ ᠪᠠᠶᠢᠭᠤᠯᠤᠯᠲᠠ ᠳᠤ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠡᠮᠵᠢᠨ ᠲᠡᠳᠬᠦᠮᠵᠢ | ᠦᠵᠡᠭᠦᠯᠦᠨ᠎ᠡ᠃ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾ ᠤ ᠪᠥᠲᠥᠭᠡᠨ ᠪᠠᠶᠢᠭᠤᠯᠤᠯᠲᠠ ᠪᠠᠷ | ᠳᠠᠮᠵᠢᠭᠤᠯᠤᠨ᠂ ᠥᠨᠳᠥᠷ ᠪᠠᠷᠢᠮᠵᠢᠶ᠎ᠠ ᠪᠠᠷ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ | ᠬᠥᠭᠵᠢᠯᠲᠡ ᠶᠢ ᠳᠥᠯᠭᠢᠨ ᠠᠬᠢᠭᠤᠯᠬᠤ ᠲᠥᠪᠯᠡᠷᠡᠯ ᠤᠨ ᠭᠠᠵᠠᠷ ᠤᠨ ᠲᠣᠭᠤᠷᠢᠨ ᠳᠤ᠂ ᠬᠥᠳᠡᠭᠡ ᠲᠣᠰᠬᠤᠨ ᠤ | ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠪᠠ ᠨᠡᠯᠢᠶᠡᠳ ᠪᠦᠷᠢᠨ ᠲᠥᠬᠦᠷ ᠬᠥᠳᠡᠭᠡ ᠲᠣᠰᠬᠤᠨ ᠤ | ᠰᠠᠭᠤᠷᠢ ᠪᠡᠯᠡᠳᠬᠡᠮᠵᠢ ᠶᠢ ᠪᠣᠶ ᠪᠣᠯᠭᠠᠨ᠎ᠠ᠃ ᠣᠲᠣ ᠶᠢᠨ ᠪᠠᠶᠢᠭ᠎ᠠ ᠲᠠᠷᠢᠶᠠᠯᠠᠩ ᠢ ᠳᠡᠮᠵᠢᠬᠦ ᠲᠥᠷᠥ ᠶᠢᠨ | ᠪᠣᠳᠣᠯᠭ᠎ᠠ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠠᠰᠢᠭᠯᠠᠵᠤ᠂ ᠱᠠᠩᠨᠠᠬᠤ ᠪᠠᠷ ᠨᠥᠬᠦᠪᠥᠷᠢᠯᠡᠬᠦ ᠶᠢ | ᠣᠷᠣᠯᠠᠭᠤᠯᠤᠨ ᠲᠣᠰᠬᠤᠨ ᠤ ᠬᠠᠮᠲᠤ ᠨᠡᠶᠢᠲᠡ᠂ ᠬᠤᠷᠰᠢᠶ᠎ᠠ ᠶᠢᠨ ᠰᠤᠯᠠ ᠪᠠᠶᠢᠭ᠎ᠠ ᠲᠠᠷᠢᠶᠠᠴᠢᠨ ᠤ ᠣᠷᠣᠨ | ᠰᠠᠭᠤᠴᠠ ᠶᠢ ᠠᠮᠢᠳᠤᠯᠢᠭ ᠪᠣᠯᠭᠠᠵᠤ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢ ᠬᠥᠭᠵᠢᠭᠦᠯᠬᠦ ᠶᠢ | | ︵ᠭᠤᠷᠪᠠ︶ ᠦᠢᠯᠡᠴᠢᠯᠡᠭᠡᠨ ᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ | | ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠬᠥᠳᠡᠭᠡ | ᠲᠣᠰᠬᠤᠨ ᠤ ᠬᠡᠪ ᠨᠠᠮᠪᠠ᠂ ᠪᠦᠲᠦᠭᠡᠯᠴᠢ ᠵᠢᠷᠤᠭ ᠲᠥᠯᠥᠪᠯᠡᠭᠡ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠴᠢᠩᠭᠠᠳᠬᠠᠵᠤ᠂ | ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠲᠤᠰᠬᠠᠶᠢᠵᠢᠬᠤ᠂ ᠣᠨᠴᠠᠯᠢᠬᠵᠢᠬᠤ᠂ ᠴᠢᠨᠠᠷᠵᠢᠨ | ᠬᠥᠭᠵᠢᠬᠦ ᠶᠢ ᠬᠥᠲᠥᠯᠦᠨ ᠵᠢᠯᠣᠭᠤᠳᠤᠨ᠎ᠠ᠃ ᠠᠵᠢᠯ ᠲᠥᠷᠥᠯ ᠤᠨ ᠨᠡᠶᠢᠭᠡᠮᠯᠢᠭ ᠪᠣᠯᠤᠨ ᠲᠠᠷᠢᠶᠠᠴᠢᠳ ᠤᠨ ᠲᠤᠰᠬᠠᠶ | ᠠᠵᠢᠯ ᠤᠨ ᠬᠤᠷᠰᠢᠶ᠎ᠠ ᠵᠡᠷᠭᠡ ᠵᠣᠬᠢᠶᠠᠨ ᠪᠠᠶᠢᠭᠤᠯᠤᠯᠲᠠ ᠶᠢᠨ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ | ᠳᠡᠭᠡᠭᠰᠢᠯᠡᠭᠦᠯᠬᠦ᠂ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ᠂ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ᠂ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ᠂ | ᠵᠠᠰᠠᠭ ᠤᠨ ᠣᠷᠳᠣᠨ ᠤ ᠬᠠᠮᠢᠶᠠᠷᠤᠯᠲᠠ ᠳᠤ ᠬᠠᠮᠵᠢᠯᠴᠠᠬᠤ ᠵᠡᠷᠭᠡ ᠲᠠᠯ᠎ᠠ ᠶᠢᠨ ᠦᠢᠯᠡᠳᠣᠯ ᠢ ᠭᠦᠢᠴᠡᠳ | ᠪᠠᠳᠠᠷᠠᠭᠤᠯᠵᠤ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠤᠨ᠎ᠠ᠃ | | ︵ᠲᠥᠷᠪᠡ︶ ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠬᠤ ᠬᠡᠷᠡᠭᠲᠡᠶ | | ᠬᠥᠳᠡᠭᠡ ᠲᠣᠰᠬᠤᠨ ᠤ ᠠᠷᠠᠳ ᠤᠨ ᠪᠠᠶᠢᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠰᠢᠶᠠᠩ ᠢ ᠳᠡᠮᠵᠢᠨ᠎ᠡ | | | | |