ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ | ᠬᠠᠮᠢᠶ᠎ᠠ ᠪᠥᠬᠦᠶ ᠨᠢᠭᠡᠴᠡ ᠳᠤ᠄ | | ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠣᠷᠣᠨ ᠰᠠᠭᠤᠴᠠ ᠶᠢᠨ ᠬᠠᠮᠢᠶᠠᠷᠤᠯᠲᠠ ᠶᠢᠨ | ᠲᠦᠷ ᠬᠡᠷᠡᠭᠵᠢᠭᠦᠯᠬᠦ ᠠᠷᠭ᠎ᠠ︾ ᠶᠢ ᠬᠤᠰᠢᠭᠤᠨ ᠠᠷᠠᠳ ᠤᠨ ᠵᠠᠰᠠᠭ ᠤᠨ ᠣᠷᠳᠣᠨ ᠤ 2022 ᠣᠨ ᠤ ᠬᠤᠶᠠᠳᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | | 2022 ᠣᠨ ᠤ 3 ᠰᠠᠷ᠎ᠠ ᠶᠢᠨ 8 ᠤ | | | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠣᠷᠣᠨ ᠰᠠᠭᠤᠴᠠ ᠶᠢᠨ | ᠬᠠᠮᠢᠶᠠᠷᠤᠯᠲᠠ ᠶᠢᠨ ᠲᠤᠷ ᠬᠡᠷᠡᠭᠵᠢᠭᠦᠯᠬᠦ ᠠᠷᠭ᠎ᠠ | | ᠨᠢᠭᠡᠳᠦᠭᠡᠷ ᠪᠦᠯᠦᠭ ᠵᠡᠷᠦᠩᠬᠡᠶ ᠲᠦᠷᠢᠮ | | ᠨᠢᠭᠡᠳᠦᠭᠡᠷ ᠵᠤᠶᠢᠯ ᠠᠷᠠᠳ ᠤᠨ ᠪᠠᠶᠢᠷᠢ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ | ᠠᠷᠠᠳ ᠤᠨ ᠪᠠᠶᠢᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠮᠠᠨ ᠤ ᠬᠤᠰᠢᠭᠤᠨ ᠤ ᠠᠷᠠᠳ ᠤᠨ ᠪᠠᠶᠢᠷᠢ ᠶᠢᠨ ᠠᠵᠤ | ᠤᠶᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠢᠭᠤᠯᠴᠢᠯᠠᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠂ ︽ᠪᠠᠭᠤᠳᠠᠯ ᠤᠨ ᠤᠶᠢᠯᠡᠰ | ᠠᠷᠠᠳ ᠤᠨ ᠪᠠᠶᠢᠷᠢ ᠶᠢᠨ ᠤᠶᠢᠯᠡᠴᠢᠯᠡᠭᠡᠨ ᠤ ᠶᠠᠰᠤ ᠴᠢᠨᠠᠷ ᠤᠨ ᠵᠢᠷᠤᠮᠵᠢᠯ︾ ︵GB/T 39000 — | 2020︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠤᠶᠢᠯ ᠲᠣᠰ ᠠᠷᠭ᠎ᠠ ᠶᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠠᠷᠠᠳ ᠤᠨ ᠣᠷᠣᠨ ᠰᠠᠭᠤᠴᠠ ᠶᠢᠨ ᠡᠵᠡᠩᠨᠡᠯᠲᠡ ᠶᠢᠨ ᠠᠵᠢᠯᠯᠠᠭ᠎ᠠ ᠵᠢᠴᠢ | ᠬᠢᠨᠠᠯᠲᠠ ᠬᠠᠮᠢᠶᠠᠷᠤᠯᠲᠠ ᠳᠤ ᠬᠡᠷᠡᠭᠯᠡᠨ᠎ᠡ᠃ | ᠲᠣᠰ ᠠᠷᠭ᠎ᠠ ᠳᠤ ᠬᠡᠯᠡᠵᠦ ᠪᠠᠶᠢᠭ᠎ᠠ ᠠᠷᠠᠳ ᠤᠨ ᠣᠷᠣᠨ ᠰᠠᠭᠤᠴᠠ ᠭᠡᠳᠡᠭ ᠨᠢ ᠲᠤᠬᠠᠶ ᠶᠢᠨ ᠭᠠᠵᠠᠷ ᠤᠨ | ᠰᠠᠭᠤᠭᠠᠯᠢ ᠠᠷᠠᠳ ᠥᠪᠡᠷ ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠲᠠᠢ ᠣᠷᠣᠨ ᠰᠠᠭᠤᠴᠠ ᠪᠤᠶᠤ ᠪᠤᠰᠤᠳ | ᠨᠥᠬᠦᠴᠡᠯ ᠢᠶᠠᠨ ᠠᠰᠢᠭᠯᠠᠨ ᠡᠷᠭᠢᠯᠡᠭᠰᠡᠨ᠂ ᠠᠷᠠᠳ ᠤᠨ ᠠᠮᠢᠳᠤᠷᠠᠯ ᠤᠨ ᠡᠵᠡᠨ ᠨᠢ ᠭᠥᠯᠢᠶᠡᠨ ᠠᠪᠬᠤ ᠳᠤ | ᠣᠷᠣᠯᠴᠠᠵᠤ᠂ ᠵᠢᠭᠤᠯᠴᠢᠯᠠᠭᠴᠢ ᠳᠤ ᠲᠤᠬᠠᠶ ᠶᠢᠨ ᠭᠠᠵᠠᠷ ᠤᠨ ᠪᠠᠶᠢᠭᠠᠯᠢ ᠶᠢᠨ ᠦᠵᠡᠮᠵᠢ᠂ ᠣᠨᠴᠠᠯᠢᠭᠲᠤ ᠰᠣᠶᠣᠯ | ᠬᠢᠭᠡᠳ ᠤᠶᠢᠯᠡᠳᠪᠤᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠡᠶᠡᠴᠢᠯᠡᠨ ᠣᠶᠢᠯᠠᠭᠠᠬᠤ ᠵᠢᠵᠢᠭ ᠬᠡᠯᠪᠡᠷᠢ ᠶᠢᠨ | ᠬᠤᠨᠣᠭᠯᠠᠬᠤ ᠪᠡᠯᠡᠳᠬᠡᠮᠵᠢ ᠶᠢ ᠬᠠᠩᠭᠠᠬᠤ ᠶᠢ ᠵᠢᠭᠠᠵᠤ ᠪᠣᠶ᠃ | ᠭᠤᠷᠪᠠᠳᠤᠭᠠᠷ ᠵᠤᠶᠢᠯ ᠠᠷᠠᠳ ᠤᠨ ᠪᠠᠶᠢᠷᠢ ᠶᠢᠨ ᠬᠠᠮᠢᠶᠠᠷᠤᠯᠲᠠ ᠳᠤ ᠲᠥᠷᠥ ᠶᠢᠨ ᠪᠣᠳᠣᠯᠭ᠎ᠠ ᠪᠠᠷ ᠬᠥᠲᠥᠯᠦᠨ | ᠵᠢᠯᠣᠭᠤᠳᠬᠤ᠂ ᠵᠥᠪᠰᠢᠶᠡᠷᠡᠨ ᠣᠷᠣᠭᠤᠯᠬᠤ ᠳᠤ ᠲᠥᠬᠦᠮ ᠦᠵᠡᠭᠦᠯᠬᠦ᠂ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠠᠷᠴᠢᠮ ᠢ ᠴᠢᠩᠭᠠᠳᠬᠠᠪᠠ᠃ | ᠳᠥᠷᠪᠡᠳᠦᠭᠡᠷ ᠵᠤᠶᠢᠯ ᠬᠤᠰᠢᠭᠤᠨ ᠠᠷᠠᠳ ᠤᠨ ᠵᠠᠰᠠᠭ ᠤᠨ ᠣᠷᠳᠣᠨ ᠨᠢ ᠠᠷᠠᠳ ᠤᠨ ᠣᠷᠣᠨ ᠰᠠᠭᠤᠴᠠ ᠶᠢᠨ | ᠬᠥᠭᠵᠢᠯᠲᠡ ᠶᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠠᠷᠠᠳ ᠤᠨ | ᠣᠷᠣᠨ ᠰᠠᠭᠤᠴᠠ ᠶᠢᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠤᠨ ᠰᠢᠢᠳᠪᠤᠷᠢᠳᠤ ᠪᠣᠳᠣᠯᠭ᠎ᠠ | ᠲᠣᠭᠲᠠᠭᠠᠬᠤ ᠵᠢᠴᠢ ᠵᠣᠬᠢᠴᠠᠭᠤᠯᠤᠨ ᠰᠢᠢᠳᠪᠤᠷᠢᠯᠡᠬᠦ ᠶᠢ ᠬᠠᠷᠢᠭᠤᠴᠠᠨ᠎ᠠ᠃ | ᠵᠢᠭᠤᠯᠴᠢᠯᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠷᠠᠳ ᠤᠨ ᠣᠷᠣᠨ ᠰᠠᠭᠤᠴᠠ ᠶᠢᠨ | ᠬᠥᠭᠵᠢᠯᠲᠡ ᠶᠢᠨ ᠡᠳᠦᠷ ᠲᠤᠲᠤᠮ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ | ᠠᠷᠠᠳ ᠤᠨ ᠣᠷᠣᠨ ᠰᠠᠭᠤᠴᠠ ᠶᠢᠨ ᠬᠠᠮᠢᠶ᠎ᠠ ᠪᠥᠬᠦᠶ ᠤᠶᠢᠯᠡᠴᠢᠯᠡᠭᠡᠨ ᠤ ᠪᠠᠷᠢᠮᠵᠢᠶ᠎ᠠ ᠲᠣᠭᠲᠠᠭᠠᠬᠤ ᠶᠢ ᠠᠬᠢᠭᠤᠯᠤᠨ᠂ | ᠠᠷᠠᠳ ᠤᠨ ᠣᠷᠣᠨ ᠰᠠᠭᠤᠴᠠ ᠶᠢᠨ ᠤᠬᠠᠭᠤᠯᠤᠨ ᠳᠡᠯᠭᠡᠷᠡᠭᠦᠯᠬᠦ ᠶᠢ ᠥᠷᠨᠢᠭᠦᠯᠵᠦ᠂ ᠠᠷᠠᠳ ᠤᠨ ᠣᠷᠣᠨ | ᠰᠠᠭᠤᠴᠠ ᠶᠢᠨ ᠡᠵᠡᠩᠨᠡᠯᠲᠡ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠢᠯᠣᠭᠤᠳᠤᠨ | ᠥᠷᠨᠢᠭᠦᠯᠦᠨ᠎ᠡ᠃ | ᠳᠣᠲᠣᠭᠠᠳᠤ ᠶᠢ ᠬᠠᠮᠠᠭᠠᠯᠠᠬᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠠᠷᠠᠳ ᠤᠨ ᠣᠷᠣᠨ ᠰᠠᠭᠤᠴᠠ ᠶᠢᠨ | ᠡᠳᠦᠷ ᠲᠤᠳᠤᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠠᠷᠠᠳ ᠤᠨ ᠣᠷᠣᠨ | ᠰᠠᠭᠤᠴᠠ ᠶᠢᠨ ᠡᠵᠡᠩᠨᠡᠭᠴᠢ ᠶᠢ ᠵᠢᠯᠣᠭᠤᠳᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠢ ᠤᠭᠰᠠᠷᠠᠭᠤᠯᠬᠤ ᠪᠠ ᠬᠠᠮᠠᠭᠠᠯᠠᠵᠤ᠂ ᠴᠢᠬᠤᠯᠠ ᠪᠦᠬᠦᠢ ᠠᠶᠤᠯᠭᠦᠶ ᠶᠢᠨ ᠮᠡᠷᠭᠡᠵᠢᠯ ᠤᠨ | ᠰᠡᠷᠭᠡᠶᠢᠯᠡᠯᠲᠡ ᠶᠢᠨ ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠶ᠃ | ᠭᠠᠯ ᠤᠨᠲᠠᠷᠠᠭᠠᠬᠤ ᠰᠠᠯᠠᠭ᠎ᠠ ᠮᠥᠴᠢᠷ ᠤᠳ ᠠᠷᠠᠳ ᠤᠨ ᠪᠠᠶᠢᠷᠢ ᠶᠢᠨ ᠡᠵᠡᠩᠨᠡᠭᠴᠢ ᠶᠢᠨ ᠭᠠᠯ ᠤᠨᠲᠠᠷᠠᠭᠠᠬᠤ | ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ | ᠬᠢᠨᠠᠯᠲᠠ ᠲᠠᠯᠪᠢᠵᠤ ᠪᠠᠶᠢᠴᠠᠭᠠᠬᠤ ᠶᠢ ᠬᠡᠷᠡᠭᠵᠢᠭᠦᠯᠵᠦ᠂ ᠠᠷᠠᠳ ᠤᠨ ᠪᠠᠶᠢᠷᠢ ᠶᠢᠨ ᠭᠠᠯ ᠤᠨᠲᠠᠷᠠᠭᠠᠬᠤ ᠠᠮᠤᠷ | ᠲᠦᠪᠰᠢᠨ ᠤ ᠲᠠᠯᠳᠠ ᠭᠡᠮ ᠢ ᠴᠡᠭᠴᠡᠯᠡᠨ ᠵᠠᠰᠠᠬᠤ ᠪᠠ ᠠᠷᠠᠳ ᠤᠨ ᠪᠠᠶᠢᠷᠢ ᠶᠢᠨ ᠭᠠᠯ ᠤᠨᠲᠠᠷᠠᠭᠠᠬᠤ ᠠᠮᠤᠷ | ᠲᠦᠪᠰᠢᠨ ᠤᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ ᠥᠷᠨᠢᠭᠦᠯᠬᠦ ᠬᠡᠷᠡᠭᠲᠡᠶ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠷᠠᠳ ᠤᠨ ᠣᠷᠣᠨ ᠰᠠᠭᠤᠴᠠ ᠶᠢᠨ | ᠡᠵᠡᠩᠨᠡᠯᠲᠡ ᠶᠢᠨ ᠭᠤᠤᠯ ᠴᠣᠭᠴᠠ ᠶᠢᠨ ᠬᠤᠳᠠᠯᠳᠤᠭᠠᠨ ᠤ ᠶᠠᠪᠤᠳᠠᠯ ᠤᠨ ᠳᠡᠩᠰᠡᠯᠡᠯᠲᠡ ᠶᠢ ᠬᠠᠷᠢᠭᠤᠴᠠᠨ | ᠭᠦᠢᠴᠡᠳᠬᠡᠵᠤ᠂ ᠠᠷᠠᠳ ᠤᠨ ᠣᠷᠣᠨ ᠰᠠᠭᠤᠴᠠ ᠶᠢᠨ ᠡᠵᠡᠩᠨᠡᠭᠴᠢ ᠶᠢᠨ ᠦᠨᠡᠨᠴᠢ ᠢᠲᠡᠭᠡᠮᠵᠢᠲᠡᠶ᠂ ᠡᠷᠬᠡ | ᠲᠡᠭᠰᠢ ᠪᠠᠷ ᠥᠷᠢᠰᠥᠯᠳᠦᠬᠦ ᠶᠢ ᠬᠥᠲᠥᠯᠦᠨ ᠵᠢᠯᠣᠭᠤᠳᠴᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ | | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ | ᠡᠷᠡᠭᠦᠯ ᠬᠠᠮᠠᠭᠠᠯᠠᠯ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠠᠷᠠᠳ ᠤᠨ ᠣᠷᠣᠨ | ᠰᠠᠭᠤᠴᠠ ᠶᠢᠨ ᠡᠵᠡᠩᠨᠡᠯᠲᠡ ᠶᠢᠨ ᠬᠠᠮᠢᠶ᠎ᠠ ᠪᠥᠬᠦᠶ ᠵᠢᠯᠣᠭᠤᠳᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠢ | ᠬᠠᠮᠵᠢᠨ ᠠᠷᠠᠳ ᠤᠨ ᠪᠠᠶᠢᠷᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠬᠡᠷᠡᠭᠲᠡᠶ᠃ | ᠲᠠᠪᠤᠳᠤᠭᠠᠷ ᠵᠤᠶᠢᠯ ᠬᠤᠰᠢᠭᠤᠨ ᠠᠷᠠᠳ ᠤᠨ ᠵᠠᠰᠠᠭ ᠤᠨ ᠣᠷᠳᠣᠨ ᠠᠷᠠᠳ ᠤᠨ ᠣᠷᠣᠨ ᠰᠠᠭᠤᠴᠠ ᠶᠢᠨ | ᠬᠥᠭᠵᠢᠯᠲᠡ ᠶᠢ ᠲᠡᠳᠬᠦᠬᠦ ᠵᠣᠬᠢᠴᠠᠩᠭᠤᠶ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠵᠢᠭᠤᠯᠴᠢᠯᠠᠯ ᠤᠨ ᠡᠬᠢ | ᠪᠠᠶᠠᠯᠢᠭ ᠲᠠᠢ ᠬᠥᠳᠡᠭᠡ ᠲᠣᠰᠬᠤᠨ ᠳᠤ ᠠᠷᠠᠳ ᠤᠨ ᠣᠷᠣᠨ ᠰᠠᠭᠤᠴᠠ ᠶᠢ ᠬᠥᠭᠵᠢᠭᠦᠯᠬᠦ ᠶᠢ ᠳᠡᠮᠵᠢᠨ᠎ᠡ᠃ | ᠲᠠᠷᠢᠶᠠᠴᠢᠨ ᠡᠷᠦᠬᠡ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ | ᠲᠤᠰᠬᠠᠶᠢᠵᠢᠭᠰᠠᠨ ᠡᠵᠡᠩᠨᠡᠯᠲᠡ ᠶᠢᠨ ᠴᠢᠳᠠᠪᠤᠷᠢ ᠲᠠᠢ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠡᠷᠭᠡ ᠶᠢ | ᠵᠣᠷᠢᠭᠵᠢᠭᠤᠯᠵᠤ ᠪᠠᠶᠢᠭᠠᠳ ᠥᠪᠡᠷ ᠢᠶᠠᠨ ᠡᠵᠡᠨ ᠮᠡᠳᠡᠨ ᠡᠵᠡᠩᠨᠡᠬᠦ᠂ ᠲᠦᠷᠢᠶᠡᠰᠦᠯᠡᠭᠦᠯᠬᠦ᠂ ᠬᠠᠮᠲᠤᠷᠠᠨ ᠡᠵᠡᠩᠨᠡᠬᠦ | ᠵᠡᠷᠭᠡ ᠠᠷᠭ᠎ᠠ ᠮᠠᠶ᠋ᠢᠭ ᠢᠶᠠᠷ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠡᠵᠡᠩᠨᠡᠯᠲᠡ | ᠬᠠᠮᠢᠶᠠᠷᠤᠯᠲᠠ ᠳᠤ ᠣᠷᠣᠯᠴᠠᠭᠤᠯᠤᠨ᠎ᠠ᠃ | | ᠬᠤᠶᠠᠳᠤᠭᠠᠷ ᠪᠦᠯᠦᠭ ᠮᠡᠳᠡᠭᠦᠯᠬᠦ ᠨᠥᠬᠦᠴᠡᠯ ᠬᠢᠭᠡᠳ ᠬᠠᠮᠲᠤᠷᠠᠨ ᠬᠢᠨᠠᠵᠤ ᠳᠠᠩᠰᠠᠯᠠᠬᠤ ᠵᠢᠷᠤᠮ | | ᠵᠢᠷᠭᠤᠳᠤᠭᠠᠷ ᠵᠤᠶᠢᠯ ᠠᠷᠠᠳ ᠤᠨ ᠣᠷᠣᠨ ᠰᠠᠭᠤᠴᠠ ᠶᠢᠨ ᠵᠣᠴᠢᠨ ᠤ ᠥᠷᠥᠭᠡ ᠶᠢᠨ ᠬᠡᠪᠴᠢᠶ᠎ᠡ ᠶᠢ ︽ | ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠦᠨᠳᠦᠰᠦᠨ ᠱᠠᠭᠠᠷᠳᠠᠯᠭ᠎ᠠ ᠬᠢᠭᠡᠳ ᠦᠨᠡᠯᠡᠯᠲᠡ︾ ︵ | LB/T065 — 2017︶ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠡᠵᠡᠩᠨᠡᠯᠲᠡ ᠳᠤ ᠬᠡᠷᠡᠭᠯᠡᠬᠦ ᠵᠣᠴᠢᠨ ᠤ | ᠥᠷᠥᠭᠡ 4 ᠳᠠᠪᠬᠤᠷᠭ᠎ᠠ ᠠᠴᠠ ᠬᠡᠲᠦᠷᠡᠵᠦ ᠪᠣᠯᠬᠤ ᠥᠬᠡᠶ᠂ ᠪᠠᠷᠢᠯᠭ᠎ᠠ ᠶᠢᠨ ᠲᠠᠯᠠᠪᠠᠶ 800 ᠲᠥᠭᠦᠷᠢᠭ ᠠᠴᠠ | ᠬᠡᠲᠦᠷᠡᠵᠦ ᠪᠣᠯᠬᠤ ᠥᠬᠡᠶ᠃ | ᠠᠷᠠᠳ ᠤᠨ ᠪᠠᠭᠤᠳᠠᠯ ᠪᠠᠶᠢᠭᠤᠯᠬᠤ ᠳᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠤᠯᠤᠰ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠠᠮᠤᠷ ᠢ ᠬᠠᠮᠠᠭᠠᠯᠠᠬᠤ᠂ | ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ᠂ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠠᠮᠢᠶ᠎ᠠ ᠪᠥᠬᠦᠶ | ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃ ᠳᠣᠣᠷ᠎ᠠ ᠵᠢᠭᠰᠠᠭᠠᠭᠰᠠᠨ ᠦᠨᠳᠦᠰᠦᠨ ᠨᠥᠬᠦᠴᠡᠯ ᠤᠳ ᠢ | ᠪᠦᠷᠢᠳᠦᠭᠦᠯᠦᠭᠰᠡᠨ ᠪᠠᠶᠢᠬᠤ ᠬᠡᠷᠡᠭᠲᠡᠶ᠄ | ︵ᠨᠢᠭᠡ︶ ᠠᠷᠠᠳ ᠤᠨ ᠣᠷᠣᠨ ᠰᠠᠭᠤᠴᠠ ᠶᠢᠨ ᠭᠠᠵᠠᠷ ᠰᠣᠩᠭᠤᠬᠤ ᠳᠠᠭᠠᠨ ᠲᠣᠰ ᠬᠠᠷᠢᠶ᠎ᠠ ᠣᠷᠣᠨ ᠤ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠭᠠᠵᠠᠷ ᠰᠢᠷᠣᠶ ᠶᠢᠨ ᠠᠰᠢᠭᠯᠠᠯᠲᠠ᠂ ᠨᠤᠲᠤᠭ ᠪᠡᠯᠴᠢᠭᠡᠷ ᠤᠨ | ᠬᠠᠮᠠᠭᠠᠯᠠᠯᠲᠠ᠂ ᠵᠢᠭᠤᠯᠴᠢᠯᠠᠯ ᠤᠨ ᠬᠥᠭᠵᠢᠯᠲᠡ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠮᠢᠶ᠎ᠠ ᠪᠥᠬᠦᠶ ᠲᠥᠯᠥᠪᠵᠢᠭᠦᠯᠭᠡ ᠵᠢᠴᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ | ︵ᠬᠤᠶᠠᠷ︶ ᠬᠡᠷ ᠪᠠᠶᠢᠰᠢᠩ ᠤᠨ ᠪᠠᠷᠢᠯᠭ᠎ᠠ ᠶᠢᠨ ᠥᠩᠭᠡ ᠦᠵᠡᠮᠵᠢ ᠨᠢ ᠲᠤᠬᠠᠶ ᠶᠢᠨ ᠭᠠᠵᠠᠷ ᠤᠨ ᠬᠥᠮᠦᠨ | ᠨᠡᠶᠢᠭᠡᠮ ᠤᠨ ᠡᠬᠢ ᠪᠠᠶᠠᠯᠢᠭ᠂ ᠠᠶᠢᠯ ᠲᠣᠰᠬᠤᠨ ᠤ ᠣᠷᠴᠢᠨ ᠲᠣᠭᠤᠷᠢᠨ ᠤ ᠦᠵᠡᠮᠵᠢ ᠯᠦᠭᠡ ᠬᠠᠷᠢᠯᠴᠠᠨ | ᠵᠣᠬᠢᠴᠠᠯᠳᠤᠵᠤ᠂ ᠪᠦᠲᠦᠴᠡ ᠨᠢ ᠠᠮᠤᠷ ᠲᠦᠪᠰᠢᠨ ᠪᠥᠭᠡᠳ ᠪᠠᠲᠤ ᠪᠠᠬᠢ ᠪᠠᠶᠢᠬᠤ ᠬᠡᠷᠡᠭᠲᠡᠶ︔ | ︵ᠭᠤᠷᠪᠠ︶ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠤᠶᠤ | ᠨᠢᠭᠡᠨᠲᠡ ᠪᠠᠶᠢᠭ᠎ᠠ ᠪᠠᠷᠢᠯᠭ᠎ᠠ ᠪᠠᠷ ᠠᠷᠠᠳ ᠤᠨ ᠪᠠᠶᠢᠷᠢ ᠳᠤ ᠬᠡᠷᠡᠭᠯᠡᠬᠦ ᠳᠤ ᠬᠡᠷ ᠪᠠᠶᠢᠰᠢᠩ ᠤᠨ ᠪᠠᠷᠢᠯᠭ᠎ᠠ ᠶᠢᠨ ᠠᠮᠤᠷ | ᠲᠦᠪᠰᠢᠨ ᠤ ᠬᠠᠮᠢᠶ᠎ᠠ ᠪᠥᠬᠦᠶ ᠲᠣᠭᠲᠠᠭᠠᠯ ᠪᠠ ᠬᠤᠯᠪᠣᠭᠳᠠᠯ ᠪᠥᠬᠦᠶ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ | ︵ᠲᠦᠷᠪᠡ︶ ᠬᠠᠤᠯᠢ ᠶᠣᠰᠣᠨ ᠤ ᠭᠠᠵᠠᠷ ᠰᠢᠷᠣᠶ ᠶᠢ ᠬᠡᠷᠡᠭᠯᠡᠬᠦ ᠡᠷᠬᠡ ᠪᠤᠶᠤ ᠭᠡᠷ ᠪᠠᠶᠢᠰᠢᠩ ᠢ ᠥᠮᠴᠢᠯᠡᠬᠦ | ᠡᠷᠬᠡ ᠲᠠᠢ ᠪᠠᠶᠢᠬᠤ︔ | ︵ᠲᠠᠪᠤ︶ ᠴᠢᠬᠤᠯᠠ ᠪᠦᠬᠦᠢ ᠪᠣᠬᠢᠷᠲᠤᠯ ᠢ ᠵᠠᠰᠠᠬᠤ ᠪᠠ ᠠᠶᠤᠯᠭᠦᠶ ᠶᠢᠨ ᠬᠠᠮᠠᠭᠠᠯᠠᠯᠲᠠ ᠵᠡᠷᠭᠡ ᠰᠠᠭᠤᠷᠢ ᠢᠵᠢ | ᠪᠦᠷᠢᠳᠦᠭᠦᠯᠬᠦ ᠲᠥᠬᠦᠭᠡᠷᠦᠮᠵᠢ ᠲᠠᠢ ᠪᠠᠶᠢᠬᠤ ᠶᠢᠨ ᠬᠠᠮᠲᠤ ᠣᠷᠴᠢᠨ ᠠᠬᠤᠶ ᠶᠢ ᠬᠠᠮᠠᠭᠠᠯᠠᠬᠤ ᠱᠠᠭᠠᠷᠳᠠᠯᠭ᠎ᠠ ᠳᠤ | ᠬᠦᠷᠦᠭᠰᠡᠨ︔ | ︵ᠵᠢᠷᠭᠤᠭ᠎ᠠ︶ ᠵᠠᠮ ᠨᠡᠪᠲᠡᠷᠡᠬᠦ ᠨᠥᠬᠦᠴᠡᠯ ᠢᠶᠠᠷ ᠨᠡᠯᠢᠶᠡᠳ ᠰᠠᠶᠢᠨ᠂ ᠪᠠᠷᠢᠯᠭ᠎ᠠ ᠳᠤ ᠭᠠᠵᠠᠷ ᠤᠨ ᠭᠠᠮᠰᠢᠭ ᠪᠠ | ᠤᠯᠠᠨ ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠪᠤᠰᠤᠳ ᠲᠠᠯᠳᠠ ᠭᠡᠮ ᠪᠠᠶᠢᠬᠤ ᠦᠭᠡᠢ︔ | ︵ᠲᠤᠯᠤᠭ᠎ᠠ︶ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠨᠢ ᠡᠶ᠎ᠡ ᠵᠣᠬᠢᠴᠠᠯ ᠲᠠᠢ ᠪᠠᠶᠢᠵᠤ᠂ ᠬᠠᠤᠯᠢ ᠴᠠᠭᠠᠵᠠ | ᠬᠠᠤᠯᠢ ᠲᠣᠭᠲᠠᠭᠠᠯ ᠪᠠ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ | ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠬᠦᠴᠦᠨ ᠵᠦᠢᠯ ᠣᠷᠣᠰᠢᠬᠤ ᠦᠭᠡᠢ ᠪᠠᠶᠢᠬᠤ︔ | ︵ᠨᠠᠢᠮᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃ | | ᠳᠣᠯᠣᠳᠤᠭᠠᠷ ᠵᠦᠢᠯ ᠬᠠᠤᠯᠢ ᠠᠴᠠ ᠵᠥᠷᠢᠴᠡᠵᠦ ᠲᠥᠷᠢᠮ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ | ᠠᠰᠢᠭᠯᠠᠨ ᠠᠷᠠᠳ ᠤᠨ ᠣᠷᠣᠨ ᠰᠠᠭᠤᠴᠠ ᠶᠢᠨ ᠦᠢᠯᠡᠰ ᠬᠥᠭᠵᠢᠭᠦᠯᠬᠦ ᠶᠢ ᠴᠠᠭᠠᠵᠠᠯᠠᠨ᠎ᠠ᠃ | ᠨᠠᠢᠮᠠᠳᠤᠭᠠᠷ ᠵᠤᠶᠢᠯ ᠠᠷᠠᠳ ᠤᠨ ᠣᠷᠣᠨ ᠰᠠᠭᠤᠴᠠ ᠶᠢ ᠭᠤᠶᠤᠴᠢᠯᠠᠨ ᠮᠡᠳᠡᠭᠦᠯᠵᠦ ᠬᠠᠮᠲᠤᠷᠠᠨ ᠬᠢᠨᠠᠬᠤ | ᠲᠣᠭᠲᠠᠴᠠ ᠶᠢ ᠪᠠᠶᠢᠭᠤᠯᠤᠨ᠎ᠠ᠄ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠪᠠᠷ ᠲᠦᠷᠦᠭᠦᠯᠡᠭᠦᠯᠦᠭᠰᠡᠨ᠂ | ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠠᠮᠢ ᠠᠬᠤᠶ ᠶᠢᠨ ᠣᠷᠴᠢᠨ ᠲᠣᠭᠤᠷᠢᠨ᠂ ᠡᠷᠡᠭᠦᠯ ᠬᠠᠮᠠᠭᠠᠯᠠᠯ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ᠂ ᠣᠶ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ᠬᠤᠰᠢᠭᠤᠨ ᠤ | ᠠᠷᠠᠳ ᠤᠨ ᠣᠷᠣᠨ ᠰᠠᠭᠤᠴᠠ ᠶᠢᠨ ᠬᠠᠮᠲᠤᠷᠠᠨ ᠬᠢᠨᠠᠬᠤ ᠳᠤᠭᠤᠶᠢᠯᠠᠩ ᠢ ᠪᠠᠶᠢᠭᠤᠯᠵᠤ᠂ ᠬᠠᠮᠲᠤᠷᠠᠨ ᠬᠢᠨᠠᠬᠤ | ᠤᠶᠢᠯᠡᠴᠢᠯᠡᠭᠡ ᠬᠠᠩᠭᠠᠵᠤ᠂ ᠠᠵᠢᠯᠲᠠᠨ ᠤ ᠬᠠᠮᠢᠶ᠎ᠠ ᠪᠥᠬᠦᠶ ᠠᠵᠢᠯ ᠥᠷᠨᠢᠭᠦᠯᠬᠦ ᠶᠢ ᠲᠣᠳᠣᠷᠬᠠᠶᠢᠯᠠᠨ᠎ᠠ᠃ | ︵ᠨᠢᠭᠡ︶ ᠬᠥᠳᠡᠭᠡ ᠲᠣᠰᠬᠤᠨ ᠤ ᠠᠷᠠᠳ ᠤᠨ ᠪᠠᠶᠢᠷᠢ ᠶᠢᠨ ᠡᠵᠡᠩᠨᠡᠯᠲᠡ ᠶᠢᠨ ᠭᠤᠤᠯ ᠴᠣᠭᠴᠠ ᠠᠴᠠ | ᠭᠤᠶᠤᠴᠢᠯᠠᠯ ᠭᠠᠷᠭᠠᠵᠤ᠂ ᠲᠣᠰᠬᠤᠨ ᠤ ᠠᠷᠠᠳ ᠤᠨ ᠵᠥᠪᠯᠡᠯ ᠠᠴᠠ ᠠᠩᠬᠠᠨ ᠤ ᠬᠢᠨᠠᠯᠲᠠ ᠬᠢᠬᠦ ᠶᠢᠨ ᠬᠠᠮᠲᠤ | ᠰᠠᠨᠠᠯ ᠢᠶᠠᠨ ᠳᠤᠷᠠᠳᠤᠭᠰᠠᠨ ᠤ ᠳᠠᠷᠠᠭ᠎ᠠ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠳᠤ ᠲᠤᠰᠢᠶᠠᠨ᠎ᠠ᠃ | ︵ᠬᠤᠶᠠᠷ︶ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠨᠢ ᠲᠤᠬᠠᠶ ᠶᠢᠨ ᠭᠠᠵᠠᠷ ᠲᠤᠨᠢ ᠬᠠᠶᠢᠨ | ᠰᠢᠨᠵᠢᠬᠦ ᠶᠢ ᠵᠣᠬᠢᠶᠠᠨ ᠪᠠᠶᠢᠭᠤᠯᠵᠤ᠂ ᠬᠡᠷ ᠪᠠᠶᠢᠰᠢᠩ ᠤᠨ ᠬᠠᠤᠯᠢ ᠶᠣᠰᠣᠴᠢ ᠴᠢᠨᠠᠷ᠂ ᠠᠮᠤᠷ ᠲᠦᠪᠰᠢᠨ ᠴᠢᠨᠠᠷ᠂ | ᠪᠠᠶᠢᠷᠢᠰᠢᠭᠤᠯᠤᠯᠲᠠ ᠶᠢᠨ ᠵᠦᠶ ᠶᠣᠰᠣᠴᠢ ᠴᠢᠨᠠᠷ ᠵᠡᠷᠭᠡ ᠬᠠᠮᠢᠶ᠎ᠠ ᠪᠥᠬᠦᠶ ᠨᠥᠬᠦᠴᠡᠯ ᠢ ᠬᠢᠨᠠᠨ ᠬᠠᠷᠭᠤᠭᠤᠯᠬᠤ ᠶᠢᠨ | ᠬᠠᠮᠲᠤ ᠰᠠᠨᠠᠯ ᠢᠶᠠᠨ ᠭᠠᠷ ᠤᠨ ᠥᠰᠥᠭ ᠵᠢᠷᠤᠵᠤ᠂ ᠬᠤᠰᠢᠭᠤ ᠰᠢᠶᠠᠩ ᠲᠣᠰᠬᠤᠨ ᠤ ᠠᠷᠠᠳ ᠤᠨ ᠣᠷᠣᠨ | ᠰᠠᠭᠤᠴᠠ ᠶᠢᠨ ᠬᠥᠭᠵᠢᠯᠲᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ︵ᠰᠣᠶᠣᠯ ᠵᠢᠭᠤᠯᠴᠢᠯᠠᠯ ᠤᠨ | ᠲᠣᠪᠴᠢᠶ᠎ᠠ︶ ᠳᠤ ᠳᠡᠪᠰᠢᠭᠦᠯᠦᠨ ᠳᠠᠩᠰᠠᠯᠠᠭᠤᠯᠤᠨ᠎ᠠ᠃ | ︵ᠭᠤᠷᠪᠠ︶ ᠬᠡᠪᠴᠢᠶ᠎ᠡ ᠪᠠᠷ ᠨᠡᠯᠢᠶᠡᠳ ᠶᠡᠭᠡ ᠠᠷᠠᠳ ᠤᠨ ᠣᠷᠣᠨ ᠰᠠᠭᠤᠴᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠤᠶᠢᠯ ᠵᠢᠴᠢ ᠪᠥᠬᠦ ᠲᠣᠰᠬᠤᠨ ᠢᠶᠠᠷ ᠢᠶᠠᠨ ᠠᠬᠢᠭᠤᠯᠬᠤ ᠳᠤ ᠬᠤᠯᠪᠣᠭᠳᠠᠬᠤ | ᠠᠷᠠᠳ ᠤᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠬᠤᠰᠢᠭᠤᠨ ᠰᠣᠶᠣᠯ | ᠵᠢᠭᠤᠯᠴᠢᠯᠠᠯ ᠤᠨ ᠠᠵᠤ ᠤᠶᠢᠯᠡᠰ ᠢ ᠠᠬᠢᠭᠤᠯᠬᠤ ᠤᠳᠤᠷᠢᠳᠬᠤ ᠳᠤᠭᠤᠶᠢᠯᠠᠩ ᠠᠴᠠ ᠵᠥᠪᠰᠢᠶᠡᠷᠡᠭᠰᠡᠨ ᠤ ᠳᠠᠷᠠᠭ᠎ᠠ | ᠰᠠᠶ᠋ᠢ ᠪᠥᠲᠥᠭᠡᠨ ᠪᠠᠶᠢᠭᠤᠯᠵᠤ ᠪᠣᠯᠤᠨ᠎ᠠ᠃ | ︵ᠳᠥᠷᠪᠡ︶ ᠠᠷᠠᠳ ᠤᠨ ᠣᠷᠣᠨ ᠰᠠᠭᠤᠴᠠ ᠶᠢᠨ ᠲᠥᠷᠥᠯ ᠵᠤᠶᠢᠯ ᠢ ᠪᠠᠶᠢᠭᠤᠯᠵᠤ ᠳᠠᠭᠤᠰᠤᠭᠰᠠᠨ ᠤ | ᠳᠠᠷᠠᠭ᠎ᠠ᠂ ᠬᠤᠰᠢᠭᠤᠨ ᠰᠣᠶᠣᠯ ᠤᠨ ᠪᠠᠷᠢᠭᠠᠳᠠ ᠶᠢᠨ ᠠᠵᠤ ᠤᠶᠢᠯᠡᠰ ᠢ ᠠᠬᠢᠭᠤᠯᠬᠤ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠠᠴᠠ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢ ᠬᠠᠮᠲᠤᠷᠠᠨ | ᠭᠥᠯᠢᠶᠡᠨ ᠠᠪᠴᠤ ᠰᠢᠢᠳᠪᠤᠷᠢᠯᠡᠬᠦ᠂ ᠬᠠᠮᠲᠤᠷᠠᠨ ᠬᠠᠶᠢᠨ ᠰᠢᠨᠵᠢᠬᠦ᠂ ᠬᠠᠮᠲᠤᠷᠠᠨ ᠬᠢᠨᠠᠨ ᠬᠠᠷᠭᠤᠭᠤᠯᠬᠤ ᠶᠢ | ᠬᠡᠷᠡᠭᠵᠢᠭᠦᠯᠦᠨ᠎ᠡ᠃ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ᠂ ᠡᠯ᠎ᠡ ᠰᠠᠯᠠᠭ᠎ᠠ ᠮᠥᠴᠢᠷ ᠤᠳ ᠬᠠᠮᠢᠶ᠎ᠠ | ᠪᠥᠬᠦᠶ ᠭᠡᠷᠡᠴᠢ ᠦᠨᠡᠮᠯᠡᠯ ᠤᠨ ᠭᠠᠷᠳᠠᠮ ᠢ ᠬᠦᠢᠴᠡᠳᠬᠡᠬᠦ ᠪᠤᠶᠤ ᠳᠠᠩᠰᠠᠯᠠᠬᠤ ᠠᠵᠢᠯ ᠢ ᠰᠠᠶᠢᠲᠤᠷ ᠬᠢᠬᠦ ᠳᠤ᠂ | ᠪᠤᠰᠤᠳ ᠤᠷᠢᠳᠠᠴᠢ ᠨᠥᠬᠦᠴᠡᠯ ᠳᠣᠭᠢᠷᠠᠭᠤᠯᠵᠤ ᠪᠣᠯᠬᠤ ᠥᠬᠡᠶ᠃ ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂ | ᠭᠤᠶᠤᠴᠢᠯᠠᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠨ᠎ᠡ᠃ | ᠶᠢᠰᠦᠳᠦᠭᠡᠷ ᠵᠤᠶᠢᠯ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠤᠨ ᠡᠵᠡᠩᠨᠡᠯᠲᠡ ᠶᠢ ᠨᠡᠭᠡᠭᠡᠨ | ᠡᠷᠭᠢᠯᠡᠬᠦ ᠳᠤ ᠪᠦᠷᠢᠳᠬᠡᠨ ᠳᠠᠩᠰᠠᠯᠠᠬᠤ ᠲᠦᠷᠢᠮ ᠢ ᠬᠡᠷᠡᠭᠵᠢᠭᠦᠯᠦᠨ᠎ᠡ᠃ ᠠᠷᠠᠳ ᠤᠨ ᠣᠷᠣᠨ ᠰᠠᠭᠤᠴᠠ ᠶᠢᠨ | ᠳᠡᠩᠰᠡᠯᠡᠯᠲᠡ ᠶᠢ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤ ᠠᠴᠠ ᠬᠠᠷᠢᠭᠤᠴᠠᠵᠤ᠂ ᠠᠷᠠᠳ ᠤᠨ ᠣᠷᠣᠨ | ᠰᠠᠭᠤᠴᠠ ᠶᠢᠨ ᠳᠡᠩᠰᠡᠯᠡᠯᠲᠡ ᠶᠢ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠬᠠᠷᠢᠭᠤᠴᠠᠨ᠎ᠠ᠃ | ᠠᠷᠠᠳ ᠤᠨ ᠪᠠᠶᠢᠷᠢ ᠶᠢᠨ ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠬᠤᠯᠪᠣᠭᠳᠠᠯ ᠪᠥᠬᠦᠶ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠬᠠᠮᠲᠤᠪᠠᠷ ᠭᠥᠷᠳᠡᠬᠦ ᠬᠡᠷᠡᠭᠲᠡᠶ᠃ | ᠠᠷᠪᠠᠳᠤᠭᠠᠷ ᠵᠤᠶᠢᠯ ᠠᠷᠠᠳ ᠤᠨ ᠪᠠᠶᠢᠷᠢ ᠶᠢᠨ ᠪᠦᠷᠢᠳᠬᠡᠨ ᠳᠠᠩᠰᠠᠯᠠᠭᠤᠯᠬᠤ ᠵᠤᠶᠢᠯᠡᠰ ᠲᠤ ᠳᠣᠤᠷᠠᠬᠢ | ᠵᠤᠶᠢᠯᠡᠰ ᠪᠠᠭᠲᠠᠨ᠎ᠠ᠄ | ︵ᠨᠢᠭᠡ︶ ᠠᠷᠠᠳ ᠤᠨ ᠪᠠᠶᠢᠷᠢ ᠶᠢᠨ ᠨᠡᠷᠡᠶᠢᠳᠦᠯ᠂ ᠬᠠᠶ᠋ᠢᠭ᠂ ᠡᠵᠡᠩᠨᠡᠭᠴᠢ ᠶᠢᠨ ᠣᠪᠣᠭ ᠨᠡᠷ᠎ᠡ ᠵᠢᠴᠢ ᠬᠠᠷᠢᠯᠴᠠᠬᠤ | ᠠᠷᠭ᠎ᠠ ᠮᠠᠶ᠋ᠢᠭ︔ | ︵ᠬᠤᠶᠠᠷ︶ ᠠᠷᠠᠳ ᠤᠨ ᠪᠠᠶᠢᠷᠢ ᠶᠢᠨ ᠪᠠᠷᠢᠯᠭ᠎ᠠ ᠶᠢᠨ ᠲᠠᠯᠠᠪᠠᠶ᠂ ᠪᠠᠷᠢᠯᠭ᠎ᠠ ᠶᠢᠨ ᠳᠠᠪᠬᠤᠷᠭ᠎ᠠ ᠶᠢᠨ ᠲᠤᠭ᠎ᠠ᠂ | ᠵᠣᠴᠢᠨ ᠤ ᠥᠷᠥᠭᠡ ᠶᠢᠨ ᠲᠤᠭ᠎ᠠ ᠬᠡᠮᠵᠢᠶ᠎ᠡ︔ | ︵ᠭᠤᠷᠪᠠ︶ ᠠᠷᠠᠳ ᠤᠨ ᠣᠷᠣᠨ ᠰᠠᠭᠤᠴᠠ ᠶᠢᠨ ᠪᠠᠷᠢᠯᠭ᠎ᠠ ᠶᠢᠨ ᠡᠷᠬᠡ ᠶᠢᠨ ᠬᠠᠷᠢᠶᠠᠯᠠᠯ ᠬᠢᠭᠡᠳ ᠲᠥᠷᠥᠯ | ᠢᠯᠭᠠᠯ︔ | ︵ᠲᠥᠷᠪᠡ︶ ᠬᠤᠯᠪᠣᠭᠳᠠᠯ ᠪᠥᠬᠦᠢ ᠭᠡᠷᠡᠴᠢ ᠦᠨᠡᠮᠯᠡᠯ᠃ | | ᠠᠷᠠᠳ ᠤᠨ ᠪᠠᠶᠢᠷᠢ ᠶᠢᠨ ᠡᠵᠡᠩᠨᠡᠭᠴᠢ ᠥᠪᠡᠷ ᠤᠨ ᠬᠠᠩᠭᠠᠭᠰᠠᠨ ᠳᠠᠩᠰᠠᠯᠠᠭᠤᠯᠤᠭᠰᠠᠨ ᠵᠦᠢᠯᠡᠰ ᠤᠨ ᠮᠡᠳᠡᠭᠡ | ᠵᠠᠩᠭᠢ ᠪᠤᠶᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠂ ᠦᠨᠡᠨ ᠪᠣᠳᠠᠲᠤ ᠪᠠᠶᠢᠳᠠᠯ ᠢ | ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠵᠤ ᠪᠣᠯᠬᠤ ᠦᠭᠡᠢ᠃ | ᠭᠤᠷᠪᠠᠳᠤᠭᠠᠷ ᠪᠦᠯᠦᠭ ᠡᠵᠡᠩᠨᠡᠯᠲᠡ ᠶᠢᠨ ᠵᠢᠷᠤᠮᠵᠢᠯ | ᠠᠷᠪᠠᠨ ᠨᠢᠭᠡᠳᠦᠭᠡᠷ ᠵᠤᠶᠢᠯ ᠠᠷᠠᠳ ᠤᠨ ᠪᠠᠶᠢᠷᠢ ᠶᠢᠨ ᠡᠵᠡᠩᠨᠡᠭᠴᠢ ᠡᠵᠡᠩᠨᠡᠯᠲᠡ ᠶᠢᠨ ᠦᠨᠡᠮᠯᠡᠯ ᠵᠢᠴᠢ | ᠬᠠᠮᠢᠶ᠎ᠠ ᠪᠥᠬᠦᠶ ᠦᠨᠡᠮᠯᠡᠯ ᠢᠶᠠᠨ ᠡᠵᠡᠩᠨᠡᠯᠲᠡ ᠶᠢᠨ ᠲᠠᠯᠠᠪᠤᠷ ᠭᠠᠵᠠᠷ ᠤᠨ ᠢᠯᠡᠷᠬᠡᠶ ᠪᠠᠶᠢᠷᠢᠨ ᠳᠤ ᠲᠠᠯᠪᠢᠵᠤ᠂ | ᠤᠶᠢᠯᠡᠴᠢᠯᠡᠭᠡᠨ ᠤ ᠲᠥᠷᠥᠯ ᠵᠤᠶᠢᠯ ᠪᠠ ᠤᠶᠢᠯᠡᠴᠢᠯᠡᠭᠡᠨ ᠤ ᠰᠤᠶᠢᠳᠬᠡᠯ ᠬᠤᠷᠢᠶᠠᠬᠤ ᠪᠠᠷᠢᠮᠵᠢᠶ᠎ᠠ ᠪᠠᠨ ᠢᠯᠡ ᠪᠣᠯᠭᠠᠵᠤ | ᠂ ᠦᠨ᠎ᠡ ᠬᠠᠩᠰᠢ ᠶᠢ ᠢᠯᠡ ᠲᠡᠮᠳᠡᠭᠯᠡᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠠᠷᠠᠳ ᠤᠨ ᠪᠠᠭᠤᠳᠠᠯ ᠤᠨ ᠡᠵᠡᠩᠨᠡᠭᠴᠢ ᠠᠶᠤᠯ ᠥᠭᠡᠢ ᠦᠢᠯᠡᠳᠪᠦᠷᠢᠯᠡᠯ | ᠪᠣᠯᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ | ᠠᠶᠤᠯ ᠥᠭᠡᠢ ᠶᠢᠨ ᠬᠠᠮᠢᠶᠠᠷᠤᠯᠲᠠ ᠶᠢᠨ ᠲᠥᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ | ᠲᠣᠭᠲᠠᠭᠠᠨ᠂ ᠠᠶᠤᠯ ᠥᠭᠡᠢ ᠶᠢᠨ ᠬᠠᠮᠢᠶᠠᠷᠤᠯᠲᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠠᠶᠤᠯ ᠥᠭᠡᠢ ᠶᠢᠨ | ᠡᠭᠦᠷᠭᠡ ᠪᠠᠨ ᠭᠦᠢᠴᠡᠳᠬᠡᠬᠦ ᠬᠡᠷᠡᠭᠲᠡᠶ᠃ | ᠬᠤᠨᠤᠭ ᠤᠨ ᠡᠵᠡᠩᠨᠡᠭᠴᠢ ᠠᠴᠠ ᠬᠤᠨᠤᠭ ᠤᠨ ᠵᠣᠴᠢᠳ ᠤᠨ ᠪᠡᠶ᠎ᠡ᠂ ᠡᠳ᠋ ᠬᠥᠷᠥᠩᠭᠡ ᠶᠢᠨ ᠠᠮᠤᠷ | ᠲᠦᠪᠰᠢᠨ ᠳᠤ ᠠᠶᠤᠯ ᠤᠴᠠᠷᠠᠭᠤᠯᠵᠤ ᠮᠡᠳᠡᠬᠦ ᠪᠠᠶᠢᠳᠠᠯ ᠢ ᠬᠤᠨᠤᠭ ᠤᠨ ᠡᠵᠡᠩᠨᠡᠭᠴᠢ ᠠᠴᠠ ᠬᠤᠨᠤᠭ ᠤᠨ | ᠵᠣᠴᠢᠳ ᠲᠤ ᠲᠣᠳᠣᠷᠬᠠᠶᠢᠯᠠᠬᠤ ᠪᠤᠶᠤ ᠰᠡᠷᠡᠮᠵᠢᠯᠡᠭᠦᠯᠬᠦ ᠬᠡᠷᠡᠭᠲᠡᠶ᠃ | ᠰᠢᠷᠦᠭᠦᠨ ᠪᠣᠷᠣᠭᠠᠨ᠂ ᠰᠢᠷᠦᠭᠦᠨ ᠴᠠᠰᠤ᠂ ᠦᠶᠡᠷ ᠵᠡᠷᠭᠡ ᠰᠡᠷᠡᠮᠵᠢᠯᠡᠭᠦᠯᠬᠦ ᠤᠠᠷᠠᠳ ᠤᠨ ᠪᠠᠭᠤᠳᠠᠯ ᠨᠢ | ᠡᠵᠡᠩᠨᠡᠯᠲᠡ ᠪᠠᠨ ᠵᠣᠭᠰᠣᠭᠠᠬᠤ᠂ ᠬᠠᠮᠢᠶ᠎ᠠ ᠪᠥᠬᠦᠢ ᠣᠷᠣᠨ ᠢ ᠬᠠᠭᠠᠬᠤ᠂ ᠬᠥᠮᠦᠰ ᠢ ᠵᠣᠬᠢᠶᠠᠨ ᠪᠠᠶᠢᠭᠤᠯᠤᠨ | ᠠᠶᠤᠯ ᠠᠴᠠ ᠵᠠᠶᠢᠯᠠᠭᠤᠯᠬᠤ ᠵᠡᠷᠭᠡ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠠᠷᠭ᠎ᠠ ᠬᠡᠮᠵᠢᠶ᠎ᠡ ᠶᠢ ᠴᠠᠭ ᠲᠤᠨᠢ | ᠲᠣᠬᠢᠷᠠᠭᠤᠯᠤᠨ ᠠᠪᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠡᠷᠠᠳ ᠤᠨ ᠣᠷᠣᠨ ᠰᠠᠭᠤᠴᠠ ᠶᠢᠨ ᠡᠵᠡᠩᠨᠡᠭᠴᠢ ᠶᠢᠨ ᠬᠠᠩᠭᠠᠭᠰᠠᠨ | ᠠᠷᠠᠳ ᠤᠨ ᠣᠷᠣᠨ ᠰᠠᠭᠤᠴᠠ ᠶᠢᠨ ᠦᠢᠯᠡᠴᠢᠯᠡᠭᠡᠨ ᠤ ᠮᠡᠳᠡᠭᠡ ᠵᠠᠩᠭᠢ ᠨᠢ ᠪᠤᠰᠤᠳᠴᠢ᠂ ᠦᠨᠡᠨ ᠪᠣᠳᠠᠲᠠᠶ ᠪᠠᠶᠢᠬᠤ | ᠬᠡᠷᠡᠭᠲᠡᠶ᠂ ᠵᠠᠷ ᠤᠨ ᠤᠬᠠᠭᠤᠯᠭ᠎ᠠ ᠨᠢ ᠡᠷᠬᠡᠪᠰᠢ ᠦᠨᠡᠨ ᠪᠣᠳᠠᠲᠠᠶ᠂ ᠬᠠᠤᠯᠢ ᠶᠣᠰᠣᠨ ᠤ ᠪᠠᠶᠢᠬᠤ ᠬᠡᠷᠡᠭᠲᠡᠶ᠂ ᠬᠤᠳᠠᠯ | ᠬᠠᠭᠤᠷᠮᠠᠭ ᠤᠬᠠᠭᠤᠯᠭ᠎ᠠ ᠬᠢᠵᠦ ᠪᠣᠯᠬᠤ ᠦᠭᠡᠢ᠂ ᠬᠡᠷᠡᠭᠯᠡᠭᠴᠢᠳ ᠢ ᠮᠡᠬᠡᠯᠡᠬᠦ ᠪᠠ ᠪᠤᠷᠤᠭᠤ ᠵᠦᠭ ᠬᠥᠲᠥᠯᠵᠦ ᠪᠣᠯᠬᠤ | ᠦᠭᠡᠢ᠃ | ᠠᠷᠠᠳ ᠤᠨ ᠪᠠᠶᠢᠷᠢ ᠶᠢᠨ ᠡᠵᠡᠩᠨᠡᠭᠴᠢᠳ ᠤᠨ ᠡᠵᠡᠩᠨᠡᠯᠲᠡ ᠶᠢᠨ ᠵᠢᠷᠤᠮᠵᠢᠯ ᠪᠠ ᠤᠶᠢᠯᠡᠴᠢᠯᠡᠭᠡᠨ ᠤ ᠪᠠᠷᠢᠮᠵᠢᠶ᠎ᠠ ᠶᠢ | ᠢᠯᠡ ᠪᠠᠷ ᠠᠮᠠᠯᠠᠬᠤ ᠶᠢ ᠠᠵᠢᠯ ᠲᠥᠷᠥᠯ ᠤᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠠᠷᠠᠳ ᠤᠨ ᠪᠠᠶᠢᠷᠢ ᠶᠢᠨ ᠣᠶᠢᠯᠡᠴᠢᠯᠡᠭᠡᠨ ᠤ ᠶᠠᠰᠤ ᠴᠢᠨᠠᠷ ᠬᠢᠭᠡᠳ ᠢᠲᠡᠭᠡᠮᠵᠢ ᠶᠢᠨ ᠦᠨᠡᠯᠡᠯᠲᠡ ᠥᠷᠨᠢᠭᠦᠯᠬᠦ ᠶᠢ | ᠵᠣᠷᠢᠭᠵᠢᠭᠤᠯᠵᠤ᠂ ᠨᠡᠶᠢᠭᠡᠮ ᠤᠨ ᠬᠦᠴᠦᠨ ᠢ ᠬᠥᠲᠥᠯᠦᠨ ᠵᠢᠯᠣᠭᠤᠳᠴᠤ ᠪᠠᠶᠢᠭᠠᠳ ᠬᠢᠨᠠᠯᠲᠠ ᠲᠠᠯᠪᠢᠬᠤ ᠳᠤ | ᠣᠷᠣᠯᠴᠠᠭᠤᠯᠤᠨ᠎ᠠ᠃ | ᠠᠷᠪᠠᠨ ᠳᠥᠷᠪᠡᠳᠦᠭᠡᠷ ᠵᠤᠶᠢᠯ ᠰᠦᠯᠵᠢᠶᠡᠨ ᠤ ᠠᠷᠠᠯᠵᠢᠶ᠎ᠠ ᠶᠢᠨ ᠭᠤᠷᠪᠠᠳᠠᠬᠢ ᠡᠲᠡᠭᠡᠳ ᠤᠨ ᠲᠠᠪᠴᠠᠩ ᠨᠢ | ᠠᠷᠠᠳ ᠤᠨ ᠣᠷᠣᠨ ᠰᠠᠭᠤᠴᠠ ᠶᠢᠨ ᠡᠵᠡᠩᠨᠡᠭᠴᠢ ᠳᠤ ᠠᠷᠠᠯᠵᠢᠶ᠎ᠠ ᠶᠢᠨ ᠤᠶᠢᠯᠡᠴᠢᠯᠡᠭᠡ ᠬᠠᠩᠭᠠᠬᠤ ᠳᠤ᠂ ᠦᠨᠡᠨ | ᠨᠡᠷ᠎ᠡ ᠪᠠᠷ ᠢᠶᠠᠨ ᠳᠡᠩᠰᠡᠯᠡᠵᠦ᠂ ᠠᠷᠠᠳ ᠤᠨ ᠣᠷᠣᠨ ᠰᠠᠭᠤᠴᠠ ᠶᠢᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠢ | ᠬᠢᠨᠠᠨ ᠪᠠᠶᠢᠴᠠᠭᠠᠬᠤ ᠬᠡᠷᠡᠭᠲᠡᠶ᠃ ᠬᠤᠳᠠᠯ ᠬᠠᠭᠤᠷᠮᠠᠭ ᠮᠡᠳᠡᠭᠡ ᠵᠠᠩᠭᠢ ᠪᠤᠶᠤ ᠬᠠᠤᠯᠢ ᠶᠢ ᠵᠥᠷᠢᠴᠡᠭᠰᠡᠨ ᠦᠢᠯᠡ | ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠦᠢᠯᠡᠴᠢᠯᠡᠭᠡ ᠬᠠᠩᠭᠠᠬᠤ ᠪᠠᠨ ᠵᠣᠭᠰᠣᠬᠤ ᠬᠡᠷᠡᠭᠲᠡᠶ᠃ | ᠠᠷᠪᠠᠨ ᠲᠠᠪᠤᠳᠤᠭᠠᠷ ᠵᠤᠶᠢᠯ ᠠᠷᠠᠳ ᠤᠨ ᠪᠠᠶᠢᠷᠢ ᠶᠢᠨ ᠡᠵᠡᠩᠨᠡᠭᠴᠢ ᠮᠠᠰᠢᠨ ᠲᠡᠷᠭᠡ ᠲᠦᠷᠢᠶᠡᠰᠦᠯᠡᠬᠦ᠂ | ᠬᠤᠷᠢᠮ ᠤᠨ ᠬᠡᠷᠡᠯ ᠵᠢᠷᠤᠭ ᠠᠪᠬᠤ᠂ ᠵᠢᠭᠠᠰᠤ ᠭᠥᠬᠢᠳᠡᠬᠦ᠂ ᠲᠡᠭᠦᠬᠦ᠂ ᠵᠢᠭᠤᠯᠴᠢᠯᠠᠯ ᠤᠨ ᠲᠠᠸᠠᠷ ᠤᠨ ᠪᠣᠷᠣᠯᠠᠭᠤᠯᠭ᠎ᠠ | ᠵᠢᠴᠢ ᠪᠤᠰᠤᠳ ᠵᠤᠭ᠎ᠠ ᠴᠡᠩᠭᠡᠯ ᠰᠡᠯᠡᠭᠦᠴᠡᠯ ᠤᠨ ᠤᠶᠢᠯᠡᠴᠢᠯᠡᠭᠡ ᠬᠠᠩᠭᠠᠬᠤ ᠳᠤ᠂ ᠬᠠᠮᠢᠶ᠎ᠠ ᠪᠥᠬᠦᠶ ᠠᠵᠢᠯ | ᠲᠥᠷᠥᠯ ᠤᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠵᠤ᠂ | ᠤᠶᠢᠯᠡᠴᠢᠯᠡᠭᠡᠨ ᠤ ᠠᠮᠤᠷ ᠲᠦᠪᠰᠢᠨ ᠤ ᠵᠢᠷᠤᠮᠵᠢᠯ ᠢ ᠦᠨᠡᠨᠬᠦ ᠪᠠᠲᠤᠯᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠠᠷᠠᠳ ᠤᠨ ᠪᠠᠶᠢᠷᠢ ᠶᠢᠨ ᠡᠵᠡᠩᠨᠡᠭᠴᠢ ᠶᠢᠨ ᠤᠯᠠᠨ ᠨᠡᠶᠢᠳᠡ ᠶᠢᠨ | ᠬᠠᠷᠢᠭᠤᠴᠠᠯᠭ᠎ᠠ ᠶᠢᠨ ᠳᠠᠭᠠᠳᠬᠠᠯ᠂ ᠭᠠᠯ ᠤᠨ ᠠᠶᠤᠯ ᠤᠨ ᠡ᠊ᠨᠳᠡᠯ ᠤᠨ ᠳᠠᠭᠠᠳᠬᠠᠯ᠂ ᠬᠥᠯᠥᠰᠥᠯᠡᠭᠰᠡᠨ ᠬᠥᠮᠦᠨ ᠤ | ᠪᠡᠶ᠎ᠡ ᠶᠢᠨ ᠭᠡᠮᠲᠦᠯ ᠤᠨ ᠰᠠᠨᠠᠭᠠᠨ ᠠᠴᠠ ᠭᠠᠳᠠᠭᠤᠷ ᠤᠨ ᠳᠠᠭᠠᠳᠬᠠᠯ ᠵᠡᠷᠭᠡ ᠬᠤᠳᠠᠯᠳᠤᠭᠠᠨ ᠤ ᠳᠠᠭᠠᠳᠬᠠᠯ ᠳᠤ | ᠳᠠᠭᠠᠳᠬᠠᠭᠤᠯᠬᠤ ᠶᠢ ᠵᠣᠷᠢᠭᠵᠢᠭᠤᠯᠵᠤ᠂ ᠡᠵᠡᠩᠨᠡᠯᠲᠡ ᠶᠢᠨ ᠲᠦᠭᠰᠢᠭᠦᠷᠢ ᠶᠢ ᠰᠡᠷᠭᠡᠶᠢᠯᠡᠨ᠎ᠡ᠃ | | ᠠᠷᠪᠠᠨ ᠳᠣᠯᠣᠳᠤᠭᠠᠷ ᠵᠦᠢᠯ ᠠᠷᠠᠳ ᠤᠨ ᠣᠷᠣᠨ ᠰᠠᠭᠤᠴᠠ ᠶᠢᠨ ᠠᠷᠢᠭᠤᠨ ᠴᠡᠪᠡᠷ ᠠᠷᠢᠭᠤᠨ ᠴᠡᠪᠡᠷ ᠪᠠᠶᠢᠬᠤ | ᠵᠢᠪᠠᠲᠤᠯᠠᠵᠤ᠂ ᠠᠷᠢᠭᠤᠨ ᠴᠡᠪᠡᠷ ᠤᠨ ᠬᠠᠮᠢᠶᠠᠷᠤᠯᠲᠠ ᠶᠢ ᠴᠢᠩᠭᠠᠳᠬᠠᠨ᠂ ᠤᠯᠠᠨ ᠨᠡᠶᠢᠳᠡ ᠶᠢᠨ ᠬᠡᠷᠡᠭᠯᠡᠭᠡᠨ ᠤ | ᠬᠡᠷᠡᠭᠰᠡᠯ ᠢ ᠨᠢᠭᠡ ᠵᠣᠴᠢᠨ ᠨᠢᠭᠡ ᠰᠣᠯᠢᠵᠤ ᠨᠢᠭᠡ ᠠᠷᠢᠭᠤᠳᠬᠠᠨ᠂ ᠨᠢᠭᠡ ᠤᠳᠠᠭ᠎ᠠ ᠶᠢᠨ ᠴᠢᠨᠠᠷᠲᠠᠶ ᠬᠡᠷᠡᠭᠯᠡᠭᠡᠨ ᠤ | ᠬᠡᠷᠡᠭᠰᠡᠯ ᠢ ᠨᠢᠭᠡ ᠵᠣᠴᠢᠨ ᠨᠢᠭᠡ ᠰᠣᠯᠢᠬᠤ ᠬᠡᠷᠡᠭᠲᠡᠶ᠃ | ᠵᠣᠴᠢᠳ ᠲᠤ ᠰᠢᠭᠤᠳ ᠦᠢᠯᠡᠴᠢᠯᠡᠬᠦ ᠬᠥᠮᠦᠰ ᠬᠦᠴᠦᠨ ᠪᠦᠬᠦᠢ ᠡᠷᠡᠭᠦᠯ ᠮᠡᠨᠳᠦ ᠶᠢᠨ ᠭᠡᠷᠡᠴᠢ ᠪᠠᠨ ᠠᠪᠴᠤ | ᠶᠠᠪᠤᠬᠤ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠡᠷᠠᠳ ᠤᠨ ᠪᠠᠭᠤᠳᠠᠯ ᠨᠢ ᠢᠳᠡᠭᠡᠨ ᠤ ᠪᠣᠷᠣᠯᠠᠭᠤᠯᠭ᠎ᠠ ᠪᠠ ᠬᠤᠭᠤᠯᠠ ᠤᠮᠳᠠᠭᠠᠨ ᠤ | ᠦᠢᠯᠡᠴᠢᠯᠡᠭᠡ ᠶᠢ ᠬᠠᠪᠰᠤᠷᠭᠠᠨ ᠡᠵᠡᠩᠨᠡᠵᠦ ᠪᠠᠶᠢᠪᠠᠯ᠂ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ | ᠭᠦᠢᠴᠡᠳᠬᠡᠬᠦ ᠶᠢᠨ ᠬᠠᠮᠲᠤ ᠢᠳᠡᠭᠡᠨ ᠤ ᠠᠶᠤᠯᠭᠦᠢ ᠶᠢᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠲᠣᠭᠲᠠᠭᠠᠯ ᠵᠢᠴᠢ ᠢᠳᠡᠭᠡᠨ ᠤ ᠠᠶᠤᠯᠭᠦᠢ ᠶᠢᠨ ᠬᠤᠯᠪᠣᠭᠳᠠᠯ ᠪᠦᠬᠦᠢ ᠪᠠᠷᠢᠮᠵᠢᠶ᠎ᠠ ᠶᠢᠨ | ᠲᠣᠭᠲᠠᠭᠠᠯ ᠢ ᠵᠢᠷᠤᠮᠯᠠᠵᠤ᠂ ᠵᠢᠷᠤᠮᠵᠢᠯ ᠲᠠᠢ ᠡᠵᠡᠩᠨᠡᠵᠦ᠂ ᠢᠳᠡᠭᠡᠨ ᠤ ᠠᠶᠤᠯᠭᠦᠢ ᠶᠢ ᠪᠠᠲᠤᠯᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠡᠷᠠᠳ ᠤᠨ ᠣᠷᠣᠨ ᠰᠠᠭᠤᠴᠠ ᠶᠢᠨ ᠪᠣᠬᠢᠷ ᠤᠰᠤ ᠶᠢ ᠭᠠᠳᠠᠭᠰᠢᠯᠠᠭᠤᠯᠬᠤ ᠳᠠᠭᠠᠨ | ᠤᠤᠭᠤᠬᠤ ᠤᠰᠤᠨ ᠤ ᠡᠬᠢ ᠰᠤᠷᠪᠤᠯᠵᠢ ᠶᠢ ᠨᠥᠯᠥᠭᠡᠯᠡᠵᠦ ᠪᠣᠯᠬᠤ ᠦᠭᠡᠢ᠂ ᠨᠥᠬᠦᠴᠡᠯ ᠲᠠᠢ ᠠᠷᠠᠳ ᠤᠨ ᠣᠷᠣᠨ | ᠰᠠᠭᠤᠴᠠ ᠶᠢ ᠪᠣᠬᠢᠷ ᠤᠰᠤᠨ ᠤ ᠬᠤᠭᠤᠯᠠᠶ ᠶᠢᠨ ᠲᠣᠣᠷ ᠲᠤ ᠵᠠᠯᠭᠠᠵᠤ ᠣᠷᠣᠭᠤᠯᠬᠤ ᠪᠤᠶᠤ ᠴᠢᠬᠤᠯᠠ ᠪᠦᠬᠦᠢ ᠪᠣᠬᠢᠷ | ᠤᠰᠤ ᠶᠢ ᠰᠢᠢᠳᠪᠤᠷᠢᠯᠡᠬᠦ ᠲᠥᠬᠦᠭᠡᠷᠦᠮᠵᠢ ᠲᠣᠬᠢᠷᠠᠭᠤᠯᠬᠤ ᠬᠡᠷᠡᠭᠲᠡᠶ᠃ ᠠᠮᠢᠳᠤᠷᠠᠯ ᠤᠨ ᠬᠤᠭ ᠨᠣᠪᠰᠢ ᠶᠢ ᠲᠦᠷᠦᠯ | ᠬᠤᠪᠢᠶᠠᠨ ᠰᠢᠢᠳᠪᠤᠷᠢᠯᠡᠬᠦ ᠬᠡᠷᠡᠭᠲᠡᠶ᠃ | ᠬᠤᠷᠢᠳᠤᠭᠠᠷ ᠵᠦᠢᠯ ᠠᠷᠠᠳ ᠤᠨ ᠣᠷᠣᠨ ᠰᠠᠭᠤᠴᠠ ᠡᠵᠡᠩᠨᠡᠭᠴᠢ ᠬᠠᠤᠯᠢ ᠴᠠᠭᠠᠵᠠ ᠬᠠᠤᠯᠢ ᠲᠣᠭᠲᠠᠭᠠᠯ | ᠪᠣᠯᠤᠨ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢ ᠤᠬᠠᠮᠰᠠᠷ ᠠᠴᠠ ᠪᠠᠨ ᠵᠢᠷᠤᠮᠯᠠᠵᠤ᠂ ᠲᠤᠬᠠᠶ ᠶᠢᠨ ᠭᠠᠵᠠᠷ | ᠤᠨ ᠠᠷᠠᠳ ᠤᠨ ᠵᠠᠩ ᠥᠢᠯᠨ ᠶᠢ ᠬᠦᠨᠳᠦᠳᠬᠡᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠨ᠂ | ᠡᠵᠡᠨ ᠵᠣᠴᠢᠨ ᠬᠠᠮᠲᠤᠪᠠᠷ ᠡᠳ᠋ᠯᠡᠬᠦ᠂ ᠪᠣᠯᠪᠠᠰᠤᠨ ᠪᠥᠭᠡᠳ ᠡᠶ᠎ᠡ ᠵᠣᠬᠢᠴᠠᠯ ᠲᠠᠢ ᠵᠢᠭᠤᠯᠴᠢᠯᠠᠯ ᠤᠨ ᠣᠷᠴᠢᠨ | ᠲᠣᠭᠤᠷᠢᠨ ᠢ ᠡᠭᠦᠳᠦᠨ ᠪᠠᠶᠢᠭᠤᠯᠬᠤ ᠬᠡᠷᠡᠭᠲᠡᠶ᠃ | | ᠳᠥᠷᠪᠡᠳᠦᠭᠡᠷ ᠪᠦᠯᠦᠭ ᠤᠶᠢᠯᠡᠴᠢᠯᠡᠭᠡ ᠪᠠ ᠬᠢᠨᠠᠯᠲᠠ ᠬᠠᠮᠢᠶᠠᠷᠤᠯᠲᠠ | | ᠬᠤᠷᠢᠨ ᠨᠢᠭᠡᠳᠦᠭᠡᠷ ᠵᠤᠶᠢᠯ ᠬᠤᠰᠢᠭᠤᠨ ᠠᠷᠠᠳ ᠤᠨ ᠵᠠᠰᠠᠭ ᠤᠨ ᠣᠷᠳᠣᠨ ᠡᠯ᠎ᠡ ᠭᠠᠵᠠᠷ ᠤᠨ ᠠᠷᠠᠳ ᠤᠨ | ᠣᠷᠣᠨ ᠰᠠᠭᠤᠴᠠ ᠶᠢᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠰᠠᠭᠤᠷᠢ ᠪᠡᠯᠡᠳᠬᠡᠮᠵᠢ ᠪᠠ ᠣᠯᠠᠨ | ᠨᠡᠶᠢᠲᠡ ᠶᠢᠨ ᠤᠶᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠲᠡᠭᠦᠯᠳᠡᠷᠵᠢᠭᠦᠯᠦᠨ᠎ᠡ᠃ | ᠬᠤᠷᠢᠨ ᠬᠤᠶᠠᠳᠤᠭᠠᠷ ᠵᠤᠶᠢᠯ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠷᠠᠳ ᠤᠨ ᠣᠷᠣᠨ ᠰᠠᠭᠤᠴᠠ ᠶᠢᠨ | ᠡᠵᠡᠩᠨᠡᠭᠴᠢ ᠶᠢ ᠬᠥᠲᠥᠯᠦᠨ ᠵᠢᠯᠣᠭᠤᠳᠬᠤ ᠪᠠ ᠳᠡᠮᠵᠢᠵᠦ ᠪᠠᠶᠢᠭᠠᠳ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ | ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠪᠠᠷ ᠵᠢᠷᠤᠮᠵᠢᠭᠤᠯᠤᠨ ᠡᠵᠡᠩᠨᠡᠨ ᠬᠠᠮᠢᠶᠠᠷᠤᠭᠤᠯᠤᠨ᠎ᠠ᠃ | ᠬᠤᠷᠢᠨ ᠭᠤᠷᠪᠠᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠳ ᠠᠷᠠᠳ ᠤᠨ ᠣᠷᠣᠨ | ᠰᠠᠭᠤᠴᠠ ᠶᠢᠨ ᠤᠬᠠᠭᠤᠯᠭ᠎ᠠ ᠳᠡᠯᠭᠡᠷᠡᠭᠦᠯᠦᠯᠲᠡ ᠶᠢ ᠣᠨ ᠤ ᠰᠣᠶᠣᠯ ᠪᠠ ᠵᠢᠭᠤᠯᠴᠢᠯᠠᠯ ᠤᠨ ᠤᠬᠠᠭᠤᠯᠭ᠎ᠠ | ᠳᠡᠯᠭᠡᠷᠡᠭᠦᠯᠦᠯᠲᠡ ᠵᠢᠨᠲ᠋ᠥ᠋ᠯᠥᠪᠯᠡᠭᠡ ᠲᠡᠭᠡᠨ ᠣᠷᠣᠭᠤᠯᠵᠤ᠂ ᠣᠷᠣᠨ ᠨᠤᠲᠤᠭ ᠤᠨᠠᠷᠠᠳ ᠤᠨ ᠣᠷᠣᠨ ᠰᠠᠭᠤᠴᠠ | ᠶᠢᠨ ᠲᠦᠷᠦᠯ ᠳᠡᠮᠳᠡᠭ ᠪᠤᠶᠢᠵᠢᠭᠤᠯᠬᠤ ᠶᠢ ᠳᠡᠮᠵᠢᠵᠦ᠂ ᠠᠷᠠᠳ ᠤᠨ ᠣᠷᠣᠨ ᠰᠠᠭᠤᠴᠠ ᠶᠢᠨ ᠪᠦᠲᠦᠭᠡᠭᠳᠡᠬᠦᠨ ᠶᠢ | ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ᠂ ᠠᠷᠠᠳ ᠤᠨ ᠣᠷᠣᠨ ᠰᠠᠭᠤᠴᠠ ᠶᠢᠨ ᠨᠡᠷᠡᠰ ᠤᠨ ᠵᠢᠭᠰᠠᠭᠠᠯᠲᠠ ᠶᠢ | ᠰᠢᠨ᠎ᠡ ᠪᠠᠷ ᠨᠡᠶᠢᠲᠡᠯᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠤᠶᠢᠯ ᠵᠢᠭᠤᠯᠴᠢᠯᠠᠯ᠂ ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠷᠠᠳ ᠤᠨ | ᠪᠠᠶᠢᠷᠢ ᠶᠢᠨ ᠡᠵᠡᠩᠨᠡᠯᠲᠡ ᠬᠠᠮᠢᠶᠠᠷᠤᠯᠲᠠ ᠪᠠ ᠤᠶᠢᠯᠡᠴᠢᠯᠡᠭᠡᠨ ᠤ ᠠᠵᠢᠯᠲᠠᠨ ᠤ ᠲᠤᠰᠬᠠᠶ ᠮᠡᠷᠭᠡᠵᠢᠯ ᠤᠨ ᠮᠡᠷᠭᠡᠵᠢᠯ | ᠴᠢᠳᠠᠪᠤᠷᠢ᠂ ᠠᠮᠤᠷ ᠲᠦᠪᠰᠢᠨ ᠤ ᠰᠡᠷᠭᠡᠶᠢᠯᠡᠯᠲᠡ᠂ ᠡᠵᠡᠩᠨᠡᠯᠲᠡ ᠬᠠᠮᠢᠶᠠᠷᠤᠯᠲᠠ ᠵᠡᠷᠭᠡ ᠶᠢᠨ ᠪᠣᠯᠪᠠᠰᠤᠷᠠᠭᠤᠯᠤᠯ ᠢ | ᠴᠢᠩᠭᠠᠳᠬᠠᠵᠤ᠂ ᠠᠵᠢᠯ ᠡᠷᠭᠢᠯᠡᠭᠰᠡᠳ ᠤᠨ ᠤᠶᠢᠯᠡᠴᠢᠯᠡᠭᠡᠨ ᠤ ᠮᠡᠷᠭᠡᠵᠢᠯ ᠴᠢᠳᠠᠪᠤᠷᠢ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠦᠵᠡᠯ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠂ ᠲᠤᠰᠬᠠᠶᠢᠵᠢᠭᠰᠠᠨ ᠠᠷᠠᠳ ᠤᠨ ᠪᠠᠶᠢᠷᠢ ᠶᠢᠨ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠬᠤ | ᠬᠡᠷᠡᠭᠲᠡᠶ᠃ | ᠬᠤᠷᠢᠨ ᠲᠠᠪᠤᠳᠤᠭᠠᠷ ᠵᠤᠶᠢᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠡᠳᠦᠷ | ᠲᠤᠲᠤᠮ ᠤᠨ ᠬᠢᠨᠠᠨ ᠬᠠᠮᠢᠶᠠᠷᠴᠤ ᠪᠠᠶᠢᠴᠠᠭᠠᠬᠤ ᠶᠠᠪᠤᠴᠠ ᠳᠤ᠂ ᠬᠠᠷᠢᠶ᠎ᠠ ᠣᠷᠣᠨ ᠤ ᠳᠣᠲᠣᠷᠠᠬᠢ ᠠᠷᠠᠳ ᠤᠨ ᠣᠷᠣᠨ | ᠰᠠᠭᠤᠴᠠ ᠶᠢ ᠬᠠᠤᠯᠢ ᠶᠣᠰᠣᠭᠠᠷ ᠳᠠᠩᠰᠠᠯᠠᠭᠤᠯᠤᠭᠰᠠᠨ ᠥᠬᠡᠶ ᠶᠢ ᠣᠯᠵᠤ ᠮᠡᠳᠡᠪᠡᠯ᠂ ᠠᠷᠠᠳ ᠤᠨ ᠣᠷᠣᠨ | ᠰᠠᠭᠤᠴᠠ ᠶᠢᠨ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠴᠠᠭ ᠲᠤᠬᠠᠶ ᠳᠤᠨᠢ ᠳᠠᠩᠰᠠᠯᠠᠭᠤᠯᠬᠤ ᠬᠡᠷᠡᠭᠲᠡᠶ︔ | ᠠᠷᠠᠳ ᠤᠨ ᠪᠠᠶᠢᠷᠢ ᠶᠢᠨ ᠡᠵᠡᠩᠨᠡᠭᠴᠢ ᠶᠢᠨ ᠦᠨᠡᠮᠯᠡᠯ ᠥᠬᠡᠶ ᠪᠠᠷ ᠡᠵᠡᠩᠨᠡᠬᠦ ᠪᠤᠶᠤ ᠪᠤᠰᠤᠳ ᠬᠠᠤᠯᠢ ᠠᠴᠠ ᠵᠥᠷᠢᠴᠡᠨ | ᠡᠵᠡᠩᠨᠡᠬᠦ ᠤᠶᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠪᠠᠶᠢᠴᠠᠭᠠᠨ ᠰᠢᠢᠳᠪᠤᠷᠢᠯᠡᠬᠦ | ᠪᠤᠶᠤ ᠬᠤᠯᠪᠣᠭᠳᠠᠯ ᠪᠥᠬᠦᠶ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠠᠤᠯᠢ ᠶᠣᠰᠣᠭᠠᠷ ᠪᠠᠶᠢᠴᠠᠭᠠᠨ | ᠰᠢᠢᠳᠪᠤᠷᠢᠯᠡᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠵᠢᠭᠤᠯᠴᠢᠯᠠᠯ᠂ ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ᠂ ᠵᠠᠬ᠎ᠠ ᠳᠡᠯᠭᠡᠭᠦᠷ | ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠠᠷᠠᠳ ᠤᠨ ᠣᠷᠣᠨ ᠰᠠᠭᠤᠴᠠ | ᠶᠢᠨ ᠡᠵᠡᠩᠨᠡᠯᠲᠡ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠷᠠᠳ ᠤᠨ | ᠣᠷᠣᠨ ᠰᠠᠭᠤᠴᠠ ᠶᠢᠨ ᠡᠵᠡᠩᠨᠡᠯᠲᠡ ᠶᠢᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠴᠠᠭ ᠲᠤᠬᠠᠶ ᠳᠤ | ᠨᠢ ᠪᠠᠶᠢᠴᠠᠭᠠᠨ ᠰᠢᠢᠳᠪᠤᠷᠢᠯᠡᠵᠤ᠂ ᠠᠷᠠᠳ ᠤᠨ ᠣᠷᠣᠨ ᠰᠠᠭᠤᠴᠠ ᠶᠢᠨ ᠬᠠᠤᠯᠢ ᠠᠴᠠ ᠬᠦᠨᠳᠦ ᠨᠣᠴᠢᠲᠠᠶ ᠵᠥᠷᠢᠴᠡᠨ | ᠡᠵᠡᠩᠨᠡᠬᠦ ᠥᠢᠯᠡ ᠠᠵᠢᠯᠯᠠᠭ᠎ᠠ ᠵᠡᠷᠭᠡ ᠬᠠᠮᠢᠶ᠎ᠠ ᠪᠥᠬᠦᠢ ᠬᠢᠨᠠᠯᠲᠠ ᠲᠠᠯᠪᠢᠵᠤ ᠪᠠᠶᠢᠴᠠᠭᠠᠭᠰᠠᠨ ᠮᠡᠳᠡᠭᠡ ᠵᠠᠩᠭᠢ ᠶᠢ | ᠨᠡᠪᠲᠡᠷᠡᠭᠦᠯᠵᠦ᠂ ᠴᠢᠬᠤᠯᠠ ᠲᠠᠢ ᠦᠶ᠎ᠡ ᠳᠤ ᠵᠠᠰᠠᠭ ᠤᠨ ᠣᠷᠳᠣᠨ ᠤ ᠰᠦᠯᠵᠢᠶᠡᠨ ᠥᠷᠳᠡᠭᠡ ᠪᠤᠶᠤ ᠭᠤᠣᠯ ᠪᠣᠯᠬᠤ | ᠵᠠᠭᠤᠴᠢᠯᠠᠭᠤᠷ ᠲᠤ ᠨᠡᠶᠢᠭᠡᠮ ᠳᠤ ᠵᠠᠷᠯᠠᠨ ᠨᠡᠶᠢᠲᠡᠯᠡᠵᠦ ᠪᠣᠯᠤᠨ᠎ᠠ᠃ | | ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | | ᠬᠤᠷᠢᠨ ᠳᠣᠯᠣᠳᠤᠭᠠᠷ ᠵᠦᠢᠯ ᠳᠣᠰ ᠠᠷᠭ᠎ᠠ ᠶᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠣᠶᠣᠯ | ᠪᠠ ᠵᠢᠭᠤᠯᠴᠢᠯᠠᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | | ᠬᠤᠷᠢᠨ ᠨᠠᠢᠮᠠᠳᠤᠭᠠᠷ ᠵᠤᠶᠢᠯ ᠲᠣᠰ ᠠᠷᠭ᠎ᠠ ᠶᠢ 2022 ᠣᠨ ᠤ 3 ᠳ᠋ᠤᠭᠠᠷ ᠰᠠᠷ᠎ᠠ ᠶᠢᠨ 8 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | | | | |