| | @ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ᠂ | ᠭᠠᠳᠠᠭᠠᠳᠤ ᠭᠠᠷᠭᠠᠯᠲᠠ ᠶᠢᠨ ᠭᠠᠶᠢᠯᠢ | ᠪᠤᠴᠠᠭᠠᠯᠲᠠ᠂ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠬᠦ ᠳᠤ | ᠡᠶᠢᠮᠦ ᠰᠠᠶᠢᠨ ᠲᠥᠷᠥ ᠶᠢᠨ ᠪᠣᠳᠣᠯᠭ᠎ᠠ ᠨᠤᠭᠤᠳ | ᠪᠠᠶᠢᠨ᠎ᠠ︕ | ᠲᠦᠷᠦ ᠶᠢᠨ ᠪᠣᠳᠣᠯᠭ᠎ᠠ ᠶᠢᠨ Q&A | ᠲᠥᠷᠥ ᠶᠢᠨ ᠶᠠᠪᠤᠳᠠᠯ ᠤᠨ ᠬᠤᠷᠢᠶᠠᠨ ᠤ | ᠰᠣᠨᠢᠨ ᠮᠡᠳᠡᠭᠡᠨ ᠤ ᠠᠯᠪᠠᠨ ᠭᠡᠷ 4 ᠳ᠋ᠦ᠋ᠭᠡᠷ | ᠰᠠᠷ᠎ᠠ ᠶᠢᠨ 28 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠲᠥᠷᠥ ᠶᠢᠨ | ᠪᠣᠳᠣᠯᠭ᠎ᠠ ᠨᠡᠶᠢᠲᠡᠯᠡᠬᠦ ᠵᠤᠷᠰᠢᠯ ᠬᠤᠷᠠᠯ | ᠬᠢᠵᠦ᠂ ᠭᠠᠳᠠᠭᠠᠳᠤ ᠭᠠᠷᠭᠠᠯᠲᠠ ᠶᠢᠨ ᠭᠠᠶᠢᠯᠢ | ᠪᠤᠴᠠᠭᠠᠯᠲᠠ ᠶᠢ ᠳᠡᠮᠵᠢᠬᠦ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ | ᠠᠬᠤᠶᠢᠯᠠᠯ ᠢ ᠬᠠᠪᠰᠤᠷᠤᠨ ᠭᠠᠳᠠᠭᠠᠳᠤ | ᠠᠷᠠᠯᠵᠢᠶ᠎ᠠ ᠶᠢ ᠲᠣᠭᠲᠠᠪᠤᠷᠢᠵᠢᠭᠤᠯᠬᠤ | ᠬᠠᠮᠢᠶ᠎ᠠ ᠪᠦᠬᠦᠢ ᠪᠠᠶᠢᠳᠠᠯ ᠢ | ᠲᠠᠨᠢᠯᠴᠠᠭᠤᠯᠪᠠ᠃ ᠬᠠᠮᠲᠤ ᠪᠠᠷ | ᠠᠩᠬᠠᠷᠴᠠᠭᠠᠶ᠎ᠠ︕ | Q1 | Q᠄ ᠬᠦᠴᠢᠷᠳᠡᠯ ᠢ ᠲᠠᠶᠢᠯᠬᠤ᠂ ᠭᠠᠶᠢᠯᠢ | ᠪᠤᠴᠠᠭᠠᠬᠤ ᠵᠡᠷᠭᠡ ᠲᠠᠯ᠎ᠠ ᠪᠠᠷ ᠶᠠᠮᠠᠷ ᠰᠢᠨ᠎ᠡ | ᠲᠥᠷᠥ ᠶᠢᠨ ᠪᠣᠳᠣᠯᠭ᠎ᠠ ᠪᠠᠶᠢᠬᠤ ᠪᠤᠶ︖ | A᠄ 10 ᠰᠠᠯᠠᠭ᠎ᠠ ᠮᠥᠴᠢᠷ 4 ᠳ᠋ᠦ᠋ᠭᠡᠷ | ᠰᠠᠷ᠎ᠠ ᠶᠢᠨ 20 ᠤ ᠡᠳᠦᠷ ᠬᠠᠮᠲᠤᠷᠠᠨ | ︽ᠭᠠᠳᠠᠭᠠᠳᠤ | ᠭᠠᠷᠭᠠᠯᠲᠠ ᠶᠢᠨ ᠭᠠᠶᠢᠯᠢ ᠪᠤᠴᠠᠭᠠᠯᠲᠠ ᠶᠢ | ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ ᠭᠠᠳᠠᠭᠠᠳᠤ ᠠᠷᠠᠯᠵᠢᠶᠠᠨ ᠤ | ᠲᠣᠭᠲᠠᠭᠤᠨ ᠬᠥᠭᠵᠢᠯᠲᠡ ᠶᠢ ᠠᠬᠢᠭᠤᠯᠬᠤ ᠲᠤᠬᠠᠢ | ᠮᠡᠳᠡᠭᠳᠡᠯ︾ ᠢ ᠲᠣᠭᠲᠠᠭᠠᠨ ᠲᠠᠷᠬᠠᠭᠠᠪᠠ᠂ | ᠡᠭᠦᠨ ᠳᠤ ᠭᠤᠷᠪᠠᠨ ᠲᠠᠯ᠎ᠠ 15 ᠵᠦᠢᠯ ᠤᠨ ᠠᠷᠭ᠎ᠠ | ᠬᠡᠮᠵᠢᠶ᠎ᠡ ᠪᠠᠭᠲᠠᠨ᠎ᠠ᠂ ᠪᠣᠳᠠᠲᠠᠢ ᠪᠠᠷ | ᠬᠡᠯᠡᠪᠡᠯ᠄ | ᠲᠥᠷᠥ ᠶᠢᠨ ᠪᠣᠳᠣᠯᠭ᠎ᠠ ᠪᠠᠷ | ᠬᠦᠴᠢᠷᠳᠡᠯ ᠢ ᠰᠢᠢᠳᠪᠦᠷᠢᠯᠡᠬᠦ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠵᠦ᠂ | ᠭᠠᠳᠠᠭᠠᠳᠤ ᠭᠠᠷᠭᠠᠯᠲᠠ ᠶᠢᠨ ᠠᠵᠤ | ᠠᠬᠤᠶᠢᠯᠠᠯ ᠤᠨ ᠳᠠᠷᠤᠭᠠᠰᠤ ᠶᠢ ᠬᠦᠴᠦᠯᠡᠨ | ᠬᠥᠩᠭᠡᠷᠡᠭᠦᠯᠬᠦ ᠲᠠᠯ᠎ᠠ ᠪᠠᠷ᠂ | ︽ᠮᠡᠳᠡᠭᠳᠡᠯ︾ ᠳᠤ 3 ᠵᠦᠢᠯ ᠤᠨ ᠳᠡᠮᠵᠢᠬᠦ | ᠲᠥᠷᠥ ᠶᠢᠨ ᠪᠣᠳᠣᠯᠭ᠎ᠠ ᠶᠢ ᠲᠣᠳᠣᠷᠬᠠᠢ | ᠲᠣᠭᠲᠠᠭᠠᠪᠠ᠄ | · ᠭᠠᠳᠠᠭᠠᠳᠤ ᠭᠠᠷᠭᠠᠯᠲᠠ ᠶᠢᠨ | ᠢᠲᠡᠭᠡᠮᠵᠢ ᠶᠢᠨ ᠳᠠᠭᠠᠳᠬᠠᠯ ᠬᠢᠭᠡᠳ | ᠭᠠᠳᠠᠭᠠᠳᠤ ᠭᠠᠷᠭᠠᠯᠲᠠ ᠶᠢᠨ ᠭᠠᠶᠢᠯᠢ | ᠪᠤᠴᠠᠭᠠᠯᠲᠠ ᠶᠢᠨ ᠲᠥᠷᠥ ᠶᠢᠨ | ᠪᠣᠳᠣᠯᠭ᠎ᠠ ᠶᠢᠨ ᠵᠣᠯᠭᠠᠯᠴᠠᠭ᠎ᠠ ᠶᠢ | ᠴᠢᠩᠭᠠᠳᠬᠠᠵᠤ᠂ ᠳᠠᠭᠠᠳᠬᠠᠯ ᠤᠨ | ᠲᠥᠯᠥᠪᠦᠷᠢ ᠶᠢᠨ ᠵᠣᠭᠤᠰ ᠢ | ᠭᠤᠪᠢᠭᠤᠯᠭ᠎ᠠ ᠶᠢᠨ ᠣᠷᠣᠯᠭ᠎ᠠ ᠲᠠᠢ | ᠠᠳᠠᠯᠢ ᠪᠠᠷ ᠦᠵᠡᠵᠦ ᠭᠠᠶᠢᠯᠢ ᠪᠤᠴᠠᠭᠠᠯᠲᠠ ᠶᠢ | ᠭᠦᠢᠴᠡᠳᠬᠡᠨ᠎ᠡ︔ | · ᠡᠳ᠋ᠰᠢᠭᠦᠯᠬᠦ ᠠᠷᠠᠯᠵᠢᠶ᠎ᠠ ᠶᠢᠨ | ᠭᠠᠳᠠᠭᠠᠳᠤ ᠭᠠᠷᠭᠠᠯᠲᠠ ᠶᠢᠨ ᠭᠠᠶᠢᠯᠢ | ᠪᠤᠴᠠᠭᠠᠯᠲᠠ ᠶᠢᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠡᠳ᠋ᠰᠢᠭᠦᠯᠬᠦ | ᠠᠷᠠᠯᠵᠢᠶ᠎ᠠ ᠶᠢᠨ ᠠᠵᠤ ᠠᠬᠤᠶᠢᠯᠠᠯ ᠤᠨ | ᠥᠩᠭᠡᠷᠡᠭᠰᠡᠨ ᠳᠤ ᠭᠠᠳᠠᠭᠠᠳᠤ ᠳᠤ | ᠭᠠᠷᠭᠠᠭᠰᠠᠨ ᠦᠢᠯᠡᠳᠬᠦᠨ ᠤ ᠭᠠᠶᠢᠯᠢ | ᠲᠠᠲᠠᠪᠤᠷᠢᠯᠠᠬᠤ ᠪᠠ ᠪᠤᠴᠠᠭᠠᠬᠤ ᠨᠣᠷᠮ᠎ᠠ ᠨᠢ | ᠨᠢᠭᠡᠳᠦᠯ ᠦᠭᠡᠢ ᠠᠴᠠ ᠪᠣᠯᠵᠤ ᠲᠤᠯᠭᠠᠨ | ᠰᠠᠭᠤᠯᠭᠠᠵᠤ ᠳᠡᠶᠢᠯᠬᠦ ᠦᠭᠡᠢ ᠪᠣᠯᠤᠭᠰᠠᠨ | ᠣᠷᠣᠯᠭ᠎ᠠ ᠶᠢᠨ ᠭᠠᠶᠢᠯᠢ ᠶᠢᠨ ᠨᠣᠷᠮ᠎ᠠ ᠶᠢ | ᠣᠳᠣ ᠣᠷᠣᠯᠭ᠎ᠠ ᠶᠢᠨ ᠭᠠᠶᠢᠯᠢ ᠶᠢᠨ | ᠨᠣᠷᠮ᠎ᠠ ᠪᠠᠷ ᠥᠷᠲᠡᠭ ᠨᠡᠮᠡᠭᠳᠡᠯ ᠤᠨ | ᠭᠠᠶᠢᠯᠢ ᠶᠢ ᠲᠤᠯᠭᠠᠨ ᠰᠠᠭᠤᠯᠭᠠᠵᠤ ᠪᠣᠯᠬᠤ ᠶᠢ | ᠵᠥᠪᠰᠢᠶᠡᠷᠡᠪᠡ︔ | · ᠬᠢᠯᠢ ᠠᠴᠠ ᠭᠠᠷᠴᠤ ᠭᠠᠶᠢᠯᠢ ᠪᠤᠴᠠᠭᠠᠬᠤ | ᠲᠥᠷᠥ ᠶᠢᠨ ᠪᠣᠳᠣᠯᠭ᠎ᠠ ᠶᠢᠨ ᠳᠠᠯᠳᠠ ᠬᠦᠴᠦᠨ ᠢ | ᠠᠭᠤᠳᠠᠯᠵᠤ᠂ ᠲᠥᠷᠥ ᠶᠢᠨ ᠪᠣᠳᠣᠯᠭ᠎ᠠ ᠶᠢᠨ | ᠬᠠᠮᠤᠷᠬᠤ ᠬᠡᠪᠴᠢᠶ᠎ᠡ ᠶᠢ ᠦᠷᠭᠦᠯᠵᠢᠯᠡᠨ | ᠥᠷᠭᠡᠳᠬᠡᠵᠦ᠂ ᠭᠠᠶᠢᠯᠢ ᠪᠤᠴᠠᠭᠠᠬᠤ | ᠳᠡᠯᠭᠡᠭᠦᠷ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠦᠨ᠂ ᠲᠥᠬᠦᠮ ᠦᠵᠡᠭᠦᠯᠬᠦ | ᠠᠷᠭ᠎ᠠ ᠬᠡᠮᠵᠢᠶ᠎ᠡ ᠶᠢ ᠶᠡᠭᠡ ᠪᠠᠷ | ᠬᠡᠷᠡᠭᠵᠢᠭᠦᠯᠦᠨ᠎ᠡ᠃ | ᠳᠥᠭᠦᠮ ᠳᠥᠲᠡ ᠪᠠᠷ ᠭᠠᠶᠢᠯᠢ | ᠪᠤᠴᠠᠭᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠪᠡᠯᠡ ᠮᠥᠩᠭᠦᠨ ᠤ | ᠡᠷᠭᠢᠯᠲᠡ ᠶᠢᠨ ᠪᠦᠲᠦᠮᠵᠢ ᠶᠢ ᠬᠦᠴᠦᠯᠡᠨ | ᠳᠡᠭᠡᠭᠰᠢᠯᠡᠭᠦᠯᠬᠦ ᠲᠠᠯ᠎ᠠ ᠪᠠᠷ᠂ | ︽ᠮᠡᠳᠡᠭᠳᠡᠯ︾ ᠳᠤ 7 ᠵᠦᠢᠯ ᠤᠨ ᠲᠥᠬᠦᠮ | ᠦᠵᠡᠭᠦᠯᠬᠦ ᠠᠷᠭ᠎ᠠ ᠬᠡᠮᠵᠢᠶ᠎ᠡ ᠶᠢ ᠳᠤᠷᠠᠳᠪᠠ᠄ | · ᠭᠠᠳᠠᠭᠠᠳᠤ ᠳᠤ ᠭᠠᠷᠭᠠᠬᠤ | ᠲᠤᠬᠠᠶᠢᠯᠠᠭᠰᠠᠨ ᠠᠵᠢᠯ ᠢ ︽ᠥᠯᠥ | ᠣᠶᠢᠷᠠᠲᠤᠯᠴᠠᠬᠤ︾ ᠪᠠᠷ ᠭᠦᠢᠴᠡᠳᠬᠡᠬᠦ ᠶᠢ | ᠶᠡᠭᠡ ᠪᠠᠷ ᠳᠡᠯᠭᠡᠷᠡᠭᠦᠯᠵᠦ᠂ ᠭᠠᠳᠠᠭᠠᠳᠤ | ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ | ᠮᠡᠳᠡᠭᠦᠯᠬᠦ᠂ ᠬᠢᠨᠠᠨ ᠬᠠᠷᠭᠤᠭᠤᠯᠬᠤ᠂ ᠬᠠᠷᠢᠭᠤ | ᠲᠤᠰᠬᠠᠬᠤ ᠪᠥᠬᠦ ᠶᠠᠪᠤᠴᠠ ᠶᠢ ᠰᠦᠯᠵᠢᠶᠡᠨ | ᠳᠡᠭᠡᠷ᠎ᠡ ᠭᠦᠢᠴᠡᠳᠬᠡᠬᠦ ᠪᠣᠯᠭᠠᠨ᠎ᠠ︔ | · ᠳ᠋ᠠᠶᠢᠲ᠋ᠠ ᠶᠢ ᠬᠠᠮᠲᠤ ᠳᠤ ᠪᠠᠨ | ᠬᠦᠷᠲᠡᠬᠦ ᠶᠢ ᠴᠢᠩᠭᠠᠳᠬᠠᠵᠤ᠂ ᠭᠠᠳᠠᠭᠠᠳᠤ | ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ | ᠮᠡᠳᠡᠭᠦᠯᠦᠨ ᠬᠦᠷᠭᠡᠬᠦ ᠮᠠᠲ᠋ᠧᠷᠢᠶᠠᠯ ᠢ ᠤᠯᠠᠮ | ᠨᠢᠭᠡ ᠠᠯᠬᠤᠮ ᠨᠠᠷᠢᠯᠢᠭᠵᠢᠭᠤᠯᠤᠨ | ᠳᠥᠭᠦᠮᠴᠢᠯᠡᠨ᠎ᠡ︔ | · ᠭᠠᠳᠠᠭᠠᠳᠤ ᠭᠠᠷᠭᠠᠯᠲᠠ ᠶᠢᠨ ᠭᠠᠶᠢᠯᠢ | ᠪᠤᠴᠠᠭᠠᠯᠲᠠ ᠶᠢ ᠳᠠᠩᠰᠠᠯᠠᠭᠤᠯᠬᠤ ᠪᠢᠴᠢᠭ | ᠪᠠᠷᠢᠮᠲᠠ ᠶᠢ ᠡᠯᠧᠺᠲᠷᠤᠨᠴᠢᠯᠡᠬᠦ ᠶᠢ | ᠢᠳᠡᠪᠬᠢᠲᠡᠢ ᠬᠡᠷᠡᠭᠵᠢᠭᠦᠯᠵᠦ᠂ ᠠᠵᠤ | ᠠᠬᠤᠶᠢᠯᠠᠯ ᠲᠣᠰ ᠪᠡᠶ᠎ᠡ ᠶᠢᠨ ᠪᠣᠳᠠᠲᠤ | ᠪᠠᠶᠢᠳᠠᠯ ᠢᠶᠠᠨ ᠦᠨᠳᠦᠰᠦᠯᠡᠨ ᠲᠣᠭᠠᠴᠢᠯᠠᠬᠤ᠂ | ᠳᠦᠷᠢᠴᠢᠯᠡᠬᠦ ᠪᠤᠶᠤ ᠴᠠᠭᠠᠰᠤᠵᠢᠭᠤᠯᠬᠤ ᠪᠢᠴᠢᠭ | ᠪᠠᠷᠢᠮᠲᠠ ᠶᠢ ᠦᠯᠡᠳᠡᠭᠡᠨ ᠬᠠᠳᠠᠭᠠᠯᠠᠬᠤ | ᠠᠷᠭ᠎ᠠ ᠶᠢ ᠠᠮᠢᠳᠤᠯᠢᠭ ᠢᠶᠠᠷ | ᠰᠣᠩᠭᠤᠬᠤ ᠶᠢ ᠨᠢ ᠳᠡᠮᠵᠢᠨ᠎ᠡ︔ | · ᠭᠠᠳᠠᠭᠠᠳᠤ ᠭᠠᠷᠭᠠᠯᠲᠠ ᠶᠢᠨ ᠭᠠᠶᠢᠯᠢ | ᠪᠤᠴᠠᠭᠠᠯᠲᠠ ᠶᠢᠨ ᠣᠶᠤᠨᠴᠢ | ᠮᠡᠳᠡᠭᠦᠯᠦᠯᠲᠡ ᠶᠢᠨ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ | ᠪᠣᠭᠤᠮᠲᠠ ᠳᠤ ᠮᠡᠳᠡᠭᠦᠯᠬᠦ ᠪᠢᠴᠢᠭ᠂ | ᠪᠠᠷᠢᠮᠲᠠ ᠶᠢᠨ ᠮᠡᠳᠡᠭᠡ ᠵᠠᠩᠭᠢ ᠶᠢ ᠲᠠᠭᠯᠠᠨ | ︽ᠮᠡᠳᠡᠭᠦᠯᠬᠦ ᠠᠴᠠ ᠬᠡᠯᠲᠦᠷᠢᠭᠦᠯᠬᠦ︾ ᠪᠡᠶᠡᠯᠡᠭᠳᠡᠯ ᠢ | ᠠᠬᠢᠭᠤᠯᠤᠨ᠎ᠠ︔ | · ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠵᠢᠯ ᠤᠨ ᠴᠢᠨᠠᠷ ᠪᠠ ᠪᠦᠲᠦᠮᠵᠢ ᠶᠢ ᠳᠡᠭᠡᠭᠰᠢᠯᠡᠭᠦᠯᠵᠦ᠂ 2022 ᠣᠨ ᠳᠤ ᠪᠥᠬᠦ ᠤᠯᠤᠰ ᠤᠨ ᠬᠡᠪ ᠤᠨ ᠭᠠᠶᠢᠯᠢ ᠪᠤᠴᠠᠭᠠᠯᠲᠠ ᠶᠢ | ᠭᠦᠢᠴᠡᠳᠬᠡᠬᠦ ᠳᠤᠮᠳᠠᠴᠢ ᠴᠠᠭ ᠢ 6 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠬᠦ ᠪᠣᠯᠭᠠᠨ ᠪᠣᠭᠤᠨᠢᠰᠬᠠᠨ᠎ᠠ︔ | · ᠪᠣᠭᠤᠮᠲᠠ ᠪᠠ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ ᠭᠠᠷᠭᠠᠯᠲᠠ ᠶᠢᠨ ᠪᠠᠷᠠᠭ᠎ᠠ ᠶᠢ ᠪᠤᠴᠠᠭᠠᠨ | ᠲᠡᠭᠡᠭᠡᠪᠦᠷᠢᠯᠡᠬᠦ ᠳᠤ ᠪᠣᠭᠤᠮᠲᠠ ᠪᠠᠷ ᠥᠩᠭᠡᠷᠡᠭᠦᠯᠬᠦ ᠪᠦᠲᠦᠮᠵᠢ ᠶᠢ ᠳᠡᠭᠡᠭᠰᠢᠯᠡᠭᠦᠯᠦᠨ᠎ᠡ︔ | · ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠵᠦᠢᠯᠡᠰ ᠢ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠦᠨ ᠳᠥᠭᠦᠮᠴᠢᠯᠡᠵᠦ᠂ ︽ᠳᠤᠲᠠᠭᠤ ᠪᠠᠷ ᠨᠢ ᠵᠥᠪᠰᠢᠶᠡᠷᠡᠨ ᠭᠦᠢᠴᠡᠳᠬᠡᠬᠦ︾ ᠶᠢ | ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠶᠢ ᠪᠠᠶᠢᠩᠭᠤᠵᠢᠭᠤᠯᠤᠨ ᠬᠡᠷᠡᠭᠵᠢᠭᠦᠯᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠭᠡᠷᠡᠴᠢᠯᠡᠭᠡ ᠶᠢᠨ ᠪᠥᠬᠦ | ᠴᠤᠪᠤᠷᠠᠯ ᠳᠤ ᠴᠠᠭᠠᠰᠤ ᠦᠭᠡᠶᠢᠵᠢᠭᠦᠯᠬᠦ ᠶᠢ ᠢᠳᠡᠪᠬᠢᠲᠡᠢ ᠠᠬᠢᠭᠤᠯᠤᠨ᠂ ᠭᠠᠶᠢᠯᠢ ᠪᠤᠴᠠᠭᠠᠯᠲᠠ ᠶᠢ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ | ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠪᠡᠯᠡ ᠮᠥᠩᠭᠦ ᠶᠢᠨ ᠡᠷᠭᠢᠯᠲᠡ ᠶᠢ ᠲᠦᠷᠭᠡᠳᠬᠡᠨ᠎ᠡ᠃ | ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠳᠠᠭᠠᠳᠤ ᠠᠷᠠᠯᠵᠢᠶᠠᠨ ᠤ ᠲᠣᠭᠲᠠᠭᠤᠨ ᠬᠥᠭᠵᠢᠯᠲᠡ ᠶᠢ ᠬᠦᠴᠦᠯᠡᠨ ᠠᠬᠢᠭᠤᠯᠬᠤ ᠲᠠᠯ᠎ᠠ ᠪᠠᠷ᠂ | ︽ᠮᠡᠳᠡᠭᠳᠡᠯ︾ ᠳᠤ 5 ᠵᠦᠢᠯ ᠤᠨ ᠳᠡᠮᠵᠢᠬᠦ ᠠᠷᠭ᠎ᠠ ᠬᠡᠮᠵᠢᠶ᠎ᠡ ᠨᠡᠶᠢᠲᠡᠯᠡᠪᠡ᠄ | · ᠤᠬᠠᠭᠤᠯᠭ᠎ᠠ ᠶᠢᠨ ᠠᠷᠭ᠎ᠠ ᠵᠠᠮ ᠵᠢᠴᠢ ᠨᠠᠷᠢᠯᠢᠭ ᠣᠨᠣᠴᠠᠲᠠᠢ ᠰᠠᠨᠠᠭᠤᠯᠬᠤ ᠠᠭᠤᠯᠭ᠎ᠠ ᠶᠢ ᠪᠠᠶᠠᠯᠢᠭᠵᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠭᠠᠳᠠᠭᠠᠳᠤ ᠳᠤ | ᠭᠠᠷᠭᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠎ᠡ︔ | · ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠷᠡᠭᠦᠯ᠂ ᠦᠷᠭᠦᠯᠵᠢᠯᠡᠬᠦᠶᠢᠴᠡ᠂ ᠰᠢᠨᠡᠴᠢᠯᠡᠭᠰᠡᠨ ᠬᠥᠭᠵᠢᠯᠲᠡ ᠶᠢ ᠨᠢ ᠳᠡᠮᠵᠢᠨ᠎ᠡ︔ | · ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠭᠠᠶᠢᠯᠢ ᠪᠤᠴᠠᠭᠠᠯᠲᠠ ᠶᠢᠨ ᠲᠥᠪᠯᠡᠷᠡᠭᠦᠯᠵᠦ ᠣᠷᠣᠯᠠᠨ ᠭᠦᠢᠴᠡᠳᠬᠡᠬᠦ ᠶᠢ ᠳᠠᠩᠰᠠᠯᠠᠬᠤ | ᠴᠤᠪᠤᠷᠠᠯ ᠢ ᠳᠥᠭᠦᠮᠴᠢᠯᠡᠵᠦ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠯᠲᠡ ᠳᠤ ᠲᠥᠬᠦᠮ ᠨᠥᠬᠦᠴᠡᠯ ᠪᠦᠷᠢᠯᠳᠦᠭᠦᠯᠵᠦ ᠥᠭᠭᠦᠨ᠎ᠡ︔ | · ᠢᠲᠡᠭᠡᠮᠵᠢ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠢᠲᠡᠭᠡᠮᠵᠢᠲᠡᠢ ᠡᠵᠡᠩᠨᠡᠬᠦ ᠶᠢ ᠵᠢᠯᠣᠭᠤᠳᠴᠤ᠂ ᠨᠢᠭᠡᠨᠲᠡ ᠭᠠᠶᠢᠯᠢ ᠲᠤᠰᠢᠶᠠᠬᠤ ᠢᠲᠡᠭᠡᠮᠵᠢ ᠪᠠᠨ | ᠰᠡᠷᠭᠦᠭᠡᠭᠰᠡᠨ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠲᠥᠷᠥᠯ ᠬᠤᠪᠢᠶᠠᠭᠰᠠᠨ ᠬᠠᠮᠢᠶᠠᠷᠤᠯᠲᠠ ᠶᠢᠨ ᠲᠥᠷᠥᠯ ᠢ ᠳᠠᠬᠢᠨ ᠲᠣᠭᠲᠠᠭᠠᠬᠤ ᠶᠢ ᠨᠢ | ᠵᠥᠪᠰᠢᠶᠡᠷᠡᠨ᠎ᠡ︔ | · ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ ᠶᠢᠨ ᠬᠠᠮᠲᠤ ᠬᠤᠳᠠᠯ ᠬᠡᠯᠡᠵᠦ ᠭᠠᠶᠢᠯᠢ ᠮᠡᠬᠡᠯᠡᠨ ᠠᠪᠬᠤ ᠠᠵᠢᠯᠯᠠᠭ᠎ᠠ ᠳᠤ ᠬᠤᠯᠪᠣᠭᠠᠯᠠᠨ ᠴᠣᠬᠢᠯᠲᠠ ᠥᠭᠬᠦ ᠡᠷᠴᠢᠮ ᠢᠶᠠᠨ | ᠴᠢᠩᠭᠠᠷᠠᠭᠤᠯᠵᠤ᠂ ᠡᠷᠬᠡ ᠲᠡᠭᠰᠢ ᠲᠥᠪ ᠭᠤᠣᠯᠴᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠢᠳᠡᠪᠬᠢᠲᠡᠢ ᠪᠣᠶ ᠪᠣᠯᠭᠠᠨ᠎ᠠ᠃ | Q2 | Q᠄ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠥᠭᠡᠷᠡᠴᠢᠯᠡᠯᠲᠡ ᠶᠢᠨ ᠲᠠᠯ᠎ᠠ ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠᠶᠢᠬᠤ ᠪᠤᠶ︖ | A᠄ ᠮᠡᠳᠡᠭᠦᠯᠬᠦ ᠳᠤ ᠲᠥᠬᠦᠮ ᠦᠵᠡᠭᠦᠯᠬᠦ ᠲᠠᠯ᠎ᠠ ᠪᠠᠷ᠂ ︽ᠤᠷᠢᠳᠴᠢᠯᠠᠨ ᠮᠡᠳᠡᠭᠦᠯᠬᠦ︾ ︽ᠬᠤᠶᠠᠷ ᠠᠯᠬᠤᠮ ᠢᠶᠠᠷ ᠮᠡᠳᠡᠭᠦᠯᠬᠦ︾ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶᠢᠯᠠᠯ ᠤᠳ ᠲᠤ ᠠᠳᠠᠯᠢ ᠪᠤᠰᠤ ᠠᠵᠤ ᠠᠬᠤᠶᠢᠯᠠᠯ ᠳᠤ ᠲᠣᠬᠢᠷᠠᠭᠰᠠᠨ ᠮᠡᠳᠡᠭᠦᠯᠬᠦ ᠵᠠᠭᠪᠤᠷ ᠤᠨ ᠰᠣᠩᠭᠤᠯᠲᠠ ᠬᠠᠩᠭᠠᠨ᠎ᠠ᠃ | ᠪᠠᠷᠠᠭᠠᠨ ᠤ ᠭᠦᠢᠯᠭᠡᠭᠡ ᠶᠢ ᠰᠠᠭᠠᠳ ᠦᠭᠡᠢ ᠨᠡᠪᠲᠡᠷᠡᠭᠦᠯᠬᠦ ᠲᠠᠯ᠎ᠠ ᠪᠠᠷ᠂ ︽ᠬᠤᠶᠠᠷ ᠬᠡᠰᠡᠭ ᠲᠤ ᠵᠥᠪᠰᠢᠶᠡᠷᠡᠨ ᠣᠷᠣᠭᠤᠯᠬᠤ︾ ︽ᠵᠣᠷᠢᠭᠰᠠᠨ ᠭᠠᠵᠠᠷ ᠪᠠᠶᠢᠴᠠᠭᠠᠬᠤ︾ ᠵᠡᠷᠭᠡ ᠠᠷᠭ᠎ᠠ | ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠣᠭᠤᠮᠲᠠ ᠠᠴᠠ ᠪᠠᠷᠠᠭ᠎ᠠ ᠪᠠᠨ ᠲᠦᠷᠭᠡᠨ ᠭᠠᠷᠭᠠᠨ ᠠᠪᠬᠤ ᠳᠤ ᠲᠥᠬᠦᠮ ᠦᠵᠡᠭᠦᠯᠦᠨ᠎ᠡ᠃ ᠡᠭᠦᠨ ᠤ ᠵᠡᠷᠭᠡ ᠪᠠᠷ᠂ | ᠣᠩᠭᠤᠴᠠᠨ ᠤ ᠳᠡᠷᠭᠡᠳᠡ ︽ᠰᠢᠭᠤᠳ ᠠᠪᠴᠤ ᠰᠢᠭᠤᠳ ᠲᠡᠭᠡᠭᠡᠪᠦᠷᠢᠯᠡᠬᠦ︾ ᠲᠤᠷᠰᠢᠯᠲᠠ ᠶᠢ ᠪᠥᠬᠦ ᠤᠯᠤᠰ ᠤᠨ ᠨᠥᠬᠦᠴᠡᠯ ᠪᠦᠷᠢᠳᠦᠭᠰᠡᠨ ᠰᠢᠭᠤᠳ ᠬᠠᠷᠢᠶ᠎ᠠ ᠪᠣᠭᠤᠮᠲᠠ ᠳᠤ ᠴᠥᠮ ᠪᠦᠷᠬᠦᠭᠦᠯᠬᠦ ᠶᠢ | ᠠᠬᠢᠭᠤᠯᠤᠨ᠎ᠠ᠃ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠣᠷᠣᠨ ᠪᠦᠰᠡ ᠳᠤ ᠠᠶᠤᠯ ᠲᠦᠭᠰᠢᠭᠦᠷᠢ ᠶᠢ ᠪᠠᠶᠢᠷᠢᠯᠠᠭᠤᠯᠤᠨ | ᠡᠵᠡᠮᠳᠡᠬᠦ᠂ ᠡᠳ᠋ ᠪᠠᠷᠠᠭ᠎ᠠ ᠶᠢ ᠬᠢᠨᠠᠨ ᠬᠠᠮᠢᠶᠠᠷᠬᠤ ᠪᠠ ᠭᠠᠶᠢᠯᠢ ᠲᠤᠰᠢᠶᠠᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠪᠣᠭᠤᠮᠲᠠ ᠪᠠ ᠣᠷᠣᠨ ᠠᠯᠤᠰᠯᠠᠨ ᠬᠠᠮᠵᠢᠯᠴᠠᠨ ᠬᠠᠮᠢᠶᠠᠷᠬᠤ ᠶᠢ | ᠤᠷᠢᠳ ᠢᠶᠠᠷ ᠠᠬᠢᠭᠤᠯᠵᠤ᠂ ᠪᠣᠭᠤᠮᠲᠠ ᠳᠤ ᠮᠡᠳᠡᠭᠦᠯᠬᠦ ᠨᠢᠭᠡᠴᠢ ᠶᠢᠨ ᠳᠠᠩᠰᠠᠯᠠᠯ ᠤᠨ ᠴᠠᠭᠠᠰᠤ ᠦᠭᠡᠶᠢᠵᠢᠭᠦᠯᠬᠦ ᠶᠢ ᠪᠡᠶᠡᠯᠡᠭᠦᠯᠵᠦ᠂ ︽ᠪᠦᠬᠦ ᠶᠠᠪᠤᠴᠠ ᠶᠢ ᠰᠦᠯᠵᠢᠶᠡᠨ ᠳᠤ ᠭᠦᠢᠴᠡᠳᠬᠡᠬᠦ︾ | ︽ᠪᠦᠬᠦ ᠤᠯᠤᠰ ᠲᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠳᠡᠭᠡᠳᠦ ᠰᠢᠨ᠎ᠡ | ᠮᠡᠷᠭᠡᠵᠢᠯ ᠤᠨ ᠦᠢᠯᠡᠳᠬᠦᠨ ᠤ ᠪᠣᠭᠤᠮᠲᠠ ᠪᠠᠷ ᠳᠥᠭᠦᠮ ᠳᠥᠲᠡ ᠥᠩᠭᠡᠷᠡᠬᠦ ᠪᠠ ᠪᠠᠶᠢᠳᠠᠯ ᠳᠤ ᠨᠢ ᠲᠣᠬᠢᠷᠠᠭᠤᠯᠤᠨ ᠬᠢᠨᠠᠨ ᠬᠠᠮᠢᠶᠠᠷᠬᠤ ᠶᠢ ᠠᠬᠢᠭᠤᠯᠤᠨ᠎ᠠ᠃ | ᠪᠣᠭᠤᠮᠲᠠ ᠶᠢᠨ ᠶᠡᠷᠦᠩᠬᠡᠢ ᠵᠠᠬᠢᠷᠭ᠎ᠠ ᠪᠠᠰᠠ ᠰᠢᠭᠤᠳ ᠬᠠᠷᠢᠶ᠎ᠠ ᠪᠣᠭᠤᠮᠲᠠ ᠨᠤᠭᠤᠳ ᠢ ᠵᠢᠯᠤᠭᠤᠳᠴᠤ ᠪᠠᠶᠢᠭᠠᠳ ᠠᠳᠠᠯᠢ ᠪᠤᠰᠤ ᠲᠡᠭᠡᠭᠡᠪᠦᠷᠢ ᠶᠢᠨ ᠠᠷᠭ᠎ᠠ ᠮᠠᠶ᠋ᠢᠭ᠂ ᠠᠳᠠᠯᠢ ᠪᠤᠰᠤ ᠠᠵᠢᠯ | ᠲᠤᠶᠢᠷᠦᠯ ᠪᠠ ᠦᠢᠯᠡᠳᠬᠦᠨ ᠤ ᠣᠨᠴᠠᠯᠢᠭ ᠢ ᠦᠨᠳᠦᠰᠦᠯᠡᠨ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ | ᠪᠣᠭᠤᠮᠲᠠ ᠪᠠᠷ ᠥᠩᠭᠡᠷᠡᠭᠦᠯᠬᠦ ᠶᠠᠪᠤᠴᠠ ᠳᠠᠬᠢ ᠬᠦᠴᠢᠷᠳᠡᠯ ᠢ ᠨᠢ ᠰᠢᠢᠳᠪᠦᠷᠢᠯᠡᠵᠦ ᠥᠭᠭᠦᠨ᠎ᠡ᠃ ᠵᠢᠱᠢᠶᠡᠯᠡᠪᠡᠯ᠂ ᠠᠷᠠᠳ ᠤᠨ ᠠᠮᠢᠳᠤᠷᠠᠯ ᠤᠨ ᠴᠢᠬᠤᠯᠠ ᠡᠳ᠋ ᠪᠣᠳᠠᠰ ᠢ ᠭᠠᠳᠠᠭᠠᠳᠤ ᠠᠴᠠ | ᠣᠷᠣᠭᠤᠯᠬᠤ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠠᠭᠠᠷ ᠠᠶᠠᠯᠠᠯ᠂ ᠬᠤᠷᠠᠮᠠᠯ ᠴᠠᠬᠢᠯᠭᠠᠨ ᠬᠡᠯᠬᠢᠶ᠎ᠡ᠂ ᠮᠠᠰᠢᠨ ᠲᠡᠷᠭᠡ ᠦᠢᠯᠡᠳᠬᠦ ᠵᠡᠷᠭᠡ ᠠᠵᠤ ᠦᠢᠯᠡᠰ ᠲᠤ ᠪᠣᠭᠤᠮᠲᠠ ᠪᠠᠷ | ᠥᠩᠭᠡᠷᠡᠭᠦᠯᠬᠦ ᠳᠡᠮᠵᠢᠯᠭᠡ ᠬᠠᠩᠭᠠᠵᠤ᠂ ᠵᠠᠩᠭᠢᠯᠠᠭ᠎ᠠ ᠶᠢᠨ ᠰᠡᠯᠪᠢᠭ ᠲᠤᠨᠤᠭ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠪᠠᠲᠤᠯᠠᠵᠤ᠂ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠬᠤ ᠳᠤ ᠬᠦᠴᠦᠨ ᠨᠡᠮᠡᠷᠢᠯᠡᠨ᠎ᠡ᠃ | Q3 | Q᠄ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠪᠠᠨ ᠪᠤᠴᠠᠭᠠᠬᠤ ᠰᠣᠯᠢᠬᠤ ᠬᠠᠮᠢᠶᠠᠷᠤᠯᠲᠠ ᠳᠤ ᠶᠠᠮᠠᠷ ᠶᠠᠮᠠᠷ | ᠲᠤᠰᠠᠲᠠᠢ ᠠᠷᠭ᠎ᠠ ᠬᠡᠮᠵᠢᠶ᠎ᠡ ᠪᠠᠶᠢᠬᠤ ᠪᠣᠶ︖ | A᠄ 2020 ᠣᠨ ᠠᠴᠠ ᠣᠲᠣ ᠪᠣᠯᠲᠠᠯ᠎ᠠ ᠣᠯᠠᠨ ᠠᠯᠪᠠᠨ ᠵᠠᠷ ᠨᠡᠶᠢᠲᠡᠯᠡᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠲᠠᠸᠠᠷ ᠤᠨ ᠪᠠᠷᠠᠭ᠎ᠠ ᠪᠤᠴᠠᠭᠠᠬᠤ ᠴᠤᠪᠤᠷᠠᠯ ᠢ ᠰᠢᠯᠢᠳᠡᠭᠵᠢᠭᠦᠯᠪᠡ᠃ 2021 ᠣᠨ ᠤ 9 ᠳ᠋ᠦ᠋ᠭᠡᠷ ᠰᠠᠷ᠎ᠠ ᠳᠤ᠂ ᠪᠣᠭᠤᠮᠲᠠ ᠶᠢᠨ ᠶᠡᠷᠦᠩᠬᠡᠢ ᠵᠠᠬᠢᠷᠭ᠎ᠠ ᠪᠠᠰᠠ ︽ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠵᠢᠭᠯᠡᠨ ᠬᠤᠳᠠᠯᠳᠤᠬᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠪᠠᠷᠠᠭ᠎ᠠ ᠪᠤᠴᠠᠭᠠᠬᠤ ᠲᠥᠪ ᠬᠥᠮᠥᠷᠭᠡ ᠶᠢᠨ ᠵᠠᠭᠪᠤᠷ ᠢ ᠪᠥᠬᠦ | ᠲᠠᠯ᠎ᠠ ᠪᠠᠷ ᠳᠡᠯᠭᠡᠷᠡᠭᠦᠯᠬᠦ ᠲᠤᠬᠠᠢ ᠠᠯᠪᠠᠨ ᠵᠠᠷ︾ ᠢ ᠨᠡᠶᠢᠲᠡᠯᠡᠨ ᠬᠡᠷᠡᠭᠵᠢᠭᠦᠯᠵᠦ᠂ ᠪᠠᠷᠠᠭ᠎ᠠ ᠪᠤᠴᠠᠭᠠᠬᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠷᠠᠭ᠎ᠠ ᠪᠤᠴᠠᠭᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠷᠲᠡᠭ ᠪᠠ ᠴᠠᠭ ᠤᠨ | ᠥᠷᠲᠡᠭ ᠢ ᠪᠠᠭᠤᠷᠠᠭᠤᠯᠤᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠬᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠪᠠ᠃ | ᠠᠳᠡ ᠬᠡᠯᠡᠵᠦ ᠪᠠᠶᠢᠭ᠎ᠠ ︽ᠪᠠᠷᠠᠭ᠎ᠠ ᠪᠤᠴᠠᠭᠠᠬᠤ ᠲᠥᠪ ᠬᠥᠮᠥᠷᠭᠡ︾ ᠭᠡᠳᠡᠭ ᠨᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠬᠢᠯᠢ ᠶᠢᠨ ᠳᠣᠲᠣᠷᠠᠬᠢ ᠣᠷᠣᠯᠠᠭᠴᠢ | ᠪᠤᠶᠤ ᠲᠡᠭᠦᠨ ᠤ ᠨᠠᠶᠢᠳᠠᠭᠰᠠᠨ ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ ᠣᠷᠣᠨ ᠪᠦᠰᠡ ᠶᠢᠨ ᠳᠣᠲᠣᠷᠠᠬᠢ ᠬᠥᠮᠥᠷᠭᠡᠯᠡᠨ ᠬᠠᠳᠠᠭᠠᠯᠠᠬᠤ ᠠᠵᠤ ᠠᠬᠤᠶᠢᠯᠠᠯ ᠢ ᠵᠢᠭᠠᠵᠤ ᠪᠣᠶ᠃ ᠪᠣᠭᠤᠮᠲᠠ ᠶᠢᠨ | ᠣᠨᠴᠠᠭᠠᠢ ᠬᠢᠨᠠᠯᠲᠠ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷ᠎ᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠢ | ᠬᠠᠳᠠᠭᠠᠯᠠᠬᠤ ᠳᠤ ᠲᠤᠰᠬᠠᠢ ᠬᠡᠷᠡᠭᠯᠡᠬᠦ ᠪᠠᠷᠠᠭ᠎ᠠ ᠪᠤᠴᠠᠭᠠᠬᠤ ᠲᠤᠰᠬᠠᠢ ᠬᠡᠷᠡᠭᠯᠡᠭᠡᠨ ᠤ ᠬᠠᠳᠠᠭᠠᠯᠠᠬᠤ ᠭᠠᠵᠠᠷ ᠢ ᠪᠠᠶᠢᠭᠤᠯᠵᠤ᠂ ᠪᠤᠴᠠᠭᠠᠭᠰᠠᠨ ᠲᠠᠸᠠᠷ ᠢ ᠭᠥᠯᠢᠶᠡᠨ ᠠᠪᠬᠤ ᠪᠠ ᠢᠯᠭᠠᠬᠤ | ᠵᠡᠷᠭᠡ ᠴᠤᠪᠤᠷᠠᠯ ᠢ ᠪᠣᠭᠤᠮᠲᠠ ᠶᠢᠨ ᠣᠨᠴᠠᠭᠠᠢ ᠬᠢᠨᠠᠯᠲᠠ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷ᠎ᠠ ᠥᠷᠨᠢᠭᠦᠯᠵᠦ᠂ ᠭᠠᠳᠠᠭᠠᠳᠤ ᠠᠴᠠ ᠬᠤᠳᠠᠯᠳᠤᠨ ᠠᠪᠤᠭᠰᠠᠨ ᠪᠠᠷᠠᠭ᠎ᠠ ᠶᠢ | ᠪᠤᠴᠠᠭᠠᠬᠤ ᠳᠤ ᠪᠣᠭᠤᠮᠲᠠ ᠪᠠᠷ ᠳᠥᠭᠦᠮ ᠳᠥᠲᠡ ᠥᠩᠭᠡᠷᠡᠭᠦᠯᠬᠦ ᠦᠢᠯᠡᠴᠢᠯᠡᠭᠡ ᠬᠠᠩᠭᠠᠵᠤ ᠪᠣᠯᠣᠨ᠎ᠠ᠃ | Q4 | Q᠄ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠳᠤ ᠳᠥᠭᠦᠮ ᠦᠵᠡᠭᠦᠯᠬᠦ ᠬᠡᠮᠵᠢᠶ᠎ᠡ ᠶᠢ ᠬᠡᠷᠬᠢᠨ ᠳᠡᠭᠡᠭᠰᠢᠯᠡᠭᠦᠯᠬᠦ ᠪᠤᠢ︖ | A᠄ ᠡᠨᠡ ᠵᠢᠯ ︽ᠭᠤᠷᠪᠠ ᠶᠢ ᠬᠠᠰᠤᠬᠤ᠂ ᠭᠤᠷᠪᠠ ᠶᠢ ᠨᠡᠮᠡᠬᠦ᠂ ᠭᠤᠷᠪᠠ ᠶᠢ ᠲᠦᠷᠭᠡᠳᠬᠡᠬᠦ︾ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠠᠳᠠᠭᠠᠳᠤ ᠭᠠᠷᠭᠠᠯᠲᠠ ᠶᠢᠨ ᠭᠠᠶᠢᠯᠢ | ᠪᠤᠴᠠᠭᠠᠯᠲᠠ ᠶᠢ ᠭᠦᠢᠴᠡᠳᠬᠡᠬᠦ ᠳᠤ ᠲᠥᠬᠦᠮ ᠦᠵᠡᠭᠦᠯᠬᠦ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ︽ᠭᠤᠷᠪᠠ ᠶᠢ ᠬᠠᠰᠤᠬᠤ︾ ᠭᠡᠳᠡᠭ ᠨᠢ ᠮᠠᠲ᠋ᠧᠷᠢᠶᠠᠯ ᠢ ᠬᠠᠰᠤᠬᠤ᠂ ᠤᠴᠢᠷ ᠶᠠᠪᠤᠳᠠᠯ ᠢ ᠬᠠᠰᠤᠬᠤ᠂ ᠴᠠᠭᠠᠰᠤᠨ ᠭᠡᠷᠡᠴᠢᠯᠡᠭᠡ ᠶᠢ ᠬᠠᠰᠤᠬᠤ ᠶᠢ ᠵᠢᠭᠠᠵᠤ ᠪᠠᠶᠢᠨ᠎ᠠ᠃ | · ᠮᠠᠲ᠋ᠧᠷᠢᠶᠠᠯ ᠢ ᠬᠠᠰᠤᠬᠤ ᠭᠡᠳᠡᠭ ᠨᠢ ᠭᠠᠶᠢᠯᠢ ᠲᠠᠲᠠᠪᠤᠷᠢ ᠶᠢᠨ ᠲᠣᠮᠣ ᠳ᠋ᠠᠶᠢᠲ᠋ᠠ ᠪᠠᠷ ᠲᠦᠰᠢᠭ ᠪᠣᠯᠭᠠᠵᠤ᠂ ᠭᠠᠳᠠᠭᠠᠳᠤ ᠳᠤ ᠭᠠᠷᠭᠠᠭᠰᠠᠨ ᠦᠢᠯᠡᠳᠬᠦᠨ ᠤ ᠭᠠᠶᠢᠯᠢ ᠪᠤᠴᠠᠭᠠᠯᠲᠠ ᠪᠠᠷ | ᠮᠡᠳᠡᠭᠦᠯᠬᠦ᠂ ᠭᠡᠷᠡᠴᠢᠯᠡᠭᠦᠯᠬᠦ ᠵᠡᠷᠭᠡ ᠤᠴᠢᠷ ᠶᠠᠪᠤᠳᠠᠯ ᠳᠤ ᠮᠡᠳᠡᠭᠦᠯᠦᠨ ᠬᠦᠷᠭᠡᠬᠦ ᠴᠢᠬᠤᠯᠠᠲᠠᠢ ᠣᠯᠠᠨ ᠵᠦᠢᠯ ᠤᠨ ᠴᠠᠭᠠᠰᠤᠨ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠤᠶᠤ ᠲᠣᠬᠢᠷᠠᠭᠤᠯᠬᠤ | ᠶᠠᠪᠤᠳᠠᠯ ᠪᠣᠯᠣᠨ᠎ᠠ᠃ | · ᠤᠴᠢᠷ ᠶᠠᠪᠤᠳᠠᠯ ᠢ ᠬᠠᠰᠤᠬᠤ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠭᠰᠠᠨ ᠪᠠᠷᠠᠭ᠎ᠠ ᠶᠢ ᠬᠤᠷᠢᠶᠠᠨ ᠭᠤᠪᠢᠭᠤᠯᠬᠤ ᠶᠢᠨ ᠠᠷᠭ᠎ᠠ ᠦᠭᠡᠢ ᠦᠶᠡᠰ ᠳᠠᠭᠢᠵᠤ ᠬᠡᠷᠡᠭ ᠤᠨ | ᠡᠮᠦᠨ᠎ᠡ ᠮᠡᠳᠡᠭᠦᠯᠬᠦ ᠶᠢ ᠱᠠᠭᠠᠷᠳᠠᠬᠤ ᠦᠭᠡᠢ᠂ ᠠᠵᠤ ᠠᠬᠤᠶᠢᠯᠠᠯ ᠨᠢ ᠬᠤᠯᠪᠣᠭᠳᠠᠯ ᠪᠦᠬᠦᠢ ᠮᠠᠲ᠋ᠧᠷᠢᠶᠠᠯ ᠢ ᠥᠪᠡᠷᠲᠡᠭᠡᠨ ᠦᠯᠡᠳᠡᠭᠡᠨ ᠬᠠᠳᠠᠭᠠᠯᠠᠵᠤ᠂ ᠬᠢᠨᠠᠨ ᠪᠠᠶᠢᠴᠠᠭᠠᠬᠤ ᠳᠤ | ᠪᠡᠯᠡᠳᠬᠡᠬᠦ ᠶᠢ ᠬᠡᠯᠡᠨ᠎ᠡ᠃ | · ᠴᠠᠭᠠᠰᠤᠨ ᠭᠡᠷᠡᠴᠢᠯᠡᠭᠡ ᠶᠢ ᠬᠠᠰᠤᠬᠤ ᠭᠡᠳᠡᠭ ᠨᠢ ︽ᠪᠠᠷᠠᠭ᠎ᠠ ᠶᠢ ᠭᠠᠳᠠᠭᠠᠳᠤ ᠳᠤ ᠣᠷᠣᠯᠠᠨ ᠭᠠᠷᠭᠠᠬᠤ ᠭᠡᠷᠡᠴᠢᠯᠡᠭᠡ︾ ᠵᠡᠷᠭᠡ 6 ᠲᠥᠷᠥᠯ ᠤᠨ ᠭᠠᠷᠭᠠᠯᠲᠠ ᠶᠢᠨ ᠭᠠᠶᠢᠯᠢ | ᠪᠤᠴᠠᠭᠠᠯᠲᠠ ᠶᠢᠨ ᠭᠡᠷᠡᠴᠢᠯᠡᠭᠡ ᠭᠠᠷᠭᠠᠬᠤ ᠠᠷᠭ᠎ᠠ ᠶᠢ ᠴᠠᠭᠠᠰᠤᠨ ᠭᠡᠷᠡᠴᠢᠯᠡᠭᠡ ᠠᠴᠠ ᠨᠢ ᠡᠯᠧᠺᠲᠷᠣᠨ ᠭᠡᠷᠡᠴᠢᠯᠡᠭᠡ ᠪᠣᠯᠭᠠᠵᠤ᠂ ᠠᠵᠤ ᠠᠬᠤᠶᠢᠯᠠᠯ ᠬᠤᠶᠢᠰᠢᠳᠠ ᠶᠢᠨ ᠭᠠᠶᠢᠯᠢ ᠳᠤ | ᠬᠤᠯᠪᠣᠭᠳᠠᠬᠤ ᠤᠴᠢᠷ ᠶᠠᠪᠤᠳᠠᠯ ᠢ ᠰᠢᠢᠳᠪᠦᠷᠢᠯᠡᠬᠦ ᠳᠤ ᠪᠠᠨ ᠴᠠᠭᠠᠰᠤᠨ ᠭᠡᠷᠡᠴᠢᠯᠡᠭᠡ ᠶᠢ ᠠᠰ ᠲᠤ ᠨᠢ ᠮᠡᠳᠡᠭᠦᠯᠦᠨ ᠬᠦᠷᠭᠡᠬᠦ ᠴᠢᠬᠤᠯᠠ ᠦᠭᠡᠢ᠂ ᠬᠠᠷᠢᠨ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠡᠯᠧᠺᠲᠷᠣᠨ ᠭᠡᠷᠡᠴᠢᠯᠡᠭᠡ ᠶᠢᠨ ᠮᠡᠳᠡᠭᠡ ᠵᠠᠩᠭᠢ ᠶᠢ ᠪᠠᠶᠢᠴᠠᠭᠠᠬᠤ ᠶᠢ ᠬᠡᠯᠡᠨ᠎ᠡ᠃ | ︽ᠭᠤᠷᠪᠠ ᠶᠢ ᠨᠡᠮᠡᠬᠦ︾ ᠭᠡᠳᠡᠭ ᠨᠢ ᠡᠷᠴᠢᠮ ᠢ ᠴᠢᠩᠭᠠᠷᠠᠭᠤᠯᠵᠤ᠂ ᠠᠷᠭ᠎ᠠ ᠮᠠᠶ᠋ᠢᠭ ᠨᠡᠮᠡᠬᠦ᠂ ᠳᠥᠭᠦᠮ ᠦᠢᠯᠡᠴᠢᠯᠡᠭᠡ ᠨᠡᠮᠡᠬᠦ ᠶᠢ ᠵᠢᠭᠠᠵᠤ ᠪᠠᠶᠢᠨ᠎ᠠ᠃ | · ᠡᠷᠴᠢᠮ ᠢᠶᠠᠨ ᠴᠢᠩᠭᠠᠷᠠᠭᠤᠯᠬᠤ ᠭᠡᠳᠡᠭ ᠨᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ︽ᠥᠯᠥ ᠣᠶᠢᠷᠠᠲᠤᠯᠴᠠᠬᠤ︾ ᠭᠦᠢᠴᠡᠳᠬᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠭᠠᠷᠭᠠᠯᠲᠠ ᠶᠢᠨ ᠦᠢᠯᠡᠳᠬᠦᠨ ᠤ ᠭᠠᠶᠢᠯᠢ ᠪᠤᠴᠠᠭᠠᠯᠲᠠ ᠶᠢᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠠᠷᠢᠭᠤ ᠲᠤᠰᠬᠠᠬᠤ ᠪᠥᠬᠦ ᠶᠠᠪᠤᠴᠠ ᠶᠢ | ᠰᠦᠯᠵᠢᠶᠡᠨ ᠳᠡᠭᠡᠷ᠎ᠡ ᠭᠦᠢᠴᠡᠳᠬᠡᠬᠦ ᠶᠢ ᠬᠡᠷᠡᠭᠵᠢᠭᠦᠯᠬᠦ ᠶᠠᠪᠤᠳᠠᠯ ᠪᠣᠯᠣᠨ᠎ᠠ᠃ | · ᠠᠷᠭ᠎ᠠ ᠮᠠᠶ᠋ᠢᠭ ᠨᠡᠮᠡᠬᠦ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠳᠠᠩᠰᠠᠯᠠᠯᠲᠠ ᠶᠢᠨ ᠪᠢᠴᠢᠭ ᠪᠠᠷᠢᠮᠲᠠ ᠶᠢ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ | ᠪᠡᠯᠡᠳᠬᠡᠬᠦ ᠠᠷᠭ᠎ᠠ ᠮᠠᠶ᠋ᠢᠭ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠥᠪᠡᠷᠰᠡᠳ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠴᠠᠭᠠᠰᠤᠵᠢᠭᠤᠯᠬᠤ᠂ ᠳᠦᠷᠢᠴᠢᠯᠡᠬᠦ᠂ ᠲᠣᠭᠠᠴᠢᠯᠠᠬᠤ ᠠᠷᠭ᠎ᠠ | ᠮᠠᠶ᠋ᠢᠭ ᠢ ᠠᠮᠢᠳᠤᠯᠢᠭ ᠢᠶᠠᠷ ᠰᠣᠩᠭᠤᠵᠤ ᠳᠠᠩᠰᠠᠯᠠᠯᠲᠠ ᠶᠢᠨ ᠪᠢᠴᠢᠭ ᠪᠠᠷᠢᠮᠲᠠ ᠪᠠᠨ ᠦᠯᠡᠳᠡᠭᠡᠨ ᠬᠠᠳᠠᠭᠠᠯᠠᠬᠤ ᠶᠢ ᠨᠢ ᠳᠡᠮᠵᠢᠨ᠎ᠡ᠃ | · ᠳᠥᠭᠦᠮ ᠦᠢᠯᠡᠴᠢᠯᠡᠭᠡ ᠨᠡᠮᠡᠬᠦ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠮᠡᠳᠡᠭᠦᠯᠦᠯᠲᠡ ᠶᠢᠨ ︽ᠲᠠᠭᠯᠠᠨ ᠮᠡᠳᠡᠭᠦᠯᠬᠦ ᠠᠴᠠ ᠬᠡᠯᠲᠦᠷᠢᠭᠦᠯᠬᠦ︾ ᠵᠦᠢᠯ ᠢ ᠨᠡᠮᠡᠵᠦ᠂ | ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠵᠢᠯ ᠢ ᠭᠦᠢᠴᠡᠳᠬᠡᠬᠦ ᠠᠬᠢᠴᠠ ᠵᠡᠷᠭᠡ ᠳᠤ ᠰᠠᠨᠠᠭᠤᠯᠬᠤ ᠦᠢᠯᠡᠴᠢᠯᠡᠭᠡ ᠨᠡᠮᠡᠬᠦ ᠶᠠᠪᠤᠳᠠᠯ ᠪᠣᠯᠣᠨ᠎ᠠ᠃ | ︽ᠭᠤᠷᠪᠠ ᠶᠢ ᠲᠦᠷᠭᠡᠳᠬᠡᠬᠦ︾ ᠭᠡᠳᠡᠭ ᠨᠢ ᠭᠠᠶᠢᠯᠢ ᠪᠤᠴᠠᠭᠠᠯᠲᠠ ᠶᠢᠨ ᠭᠦᠢᠴᠡᠳᠬᠡᠬᠦ ᠬᠤᠷᠳᠤᠴᠠ ᠶᠢ ᠲᠦᠷᠭᠡᠳᠬᠡᠵᠦ᠂ ᠪᠤᠴᠠᠭᠠᠨ ᠲᠡᠭᠡᠭᠡᠪᠦᠷᠢᠯᠡᠬᠦ ᠳᠤ ᠪᠣᠭᠤᠮᠲᠠ ᠪᠠᠷ ᠥᠩᠭᠡᠷᠡᠬᠦ ᠶᠢ | ᠲᠦᠷᠭᠡᠳᠬᠡᠵᠦ᠂ ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠶᠢ ᠲᠦᠷᠭᠡᠳᠬᠡᠬᠦ ᠶᠢ ᠵᠢᠭᠠᠵᠤ ᠪᠣᠶ᠃ | · ᠭᠠᠶᠢᠯᠢ ᠪᠤᠴᠠᠭᠠᠯᠲᠠ ᠶᠢᠨ ᠭᠦᠢᠴᠡᠳᠬᠡᠬᠦ ᠬᠤᠷᠳᠤᠴᠠ ᠶᠢ ᠲᠦᠷᠭᠡᠳᠬᠡᠬᠦ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠡᠯ᠎ᠡ ᠵᠦᠢᠯ ᠤᠨ ᠳᠡᠮᠵᠢᠯᠭᠡ ᠶᠢᠨ ᠠᠷᠭ᠎ᠠ | ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ ᠦᠷᠭᠦᠯᠵᠢᠯᠡᠭᠦᠯᠦᠨ ᠲᠦᠷᠭᠡᠳᠬᠡᠬᠦ ᠶᠠᠪᠤᠳᠠᠯ | ᠪᠣᠯᠣᠨ᠎ᠠ᠃ | · ᠪᠤᠴᠠᠭᠠᠨ ᠲᠡᠭᠡᠭᠡᠪᠦᠷᠢᠯᠡᠬᠦ ᠳᠤ ᠪᠣᠭᠤᠮᠲᠠ ᠪᠠᠷ ᠥᠩᠭᠡᠷᠡᠬᠦ ᠬᠤᠷᠳᠤᠴᠠ ᠶᠢ ᠲᠦᠷᠭᠡᠳᠬᠡᠬᠦ ᠭᠡᠳᠡᠭ ᠨᠢ ︽ᠭᠠᠳᠠᠭᠠᠳᠤ ᠳᠤ ᠭᠠᠷᠭᠠᠬᠤ ᠪᠠᠷᠠᠭᠠᠨ ᠤ ᠭᠠᠶᠢᠯᠢ ᠨᠥᠬᠦᠪᠦᠷᠢᠯᠡᠭᠰᠡᠨ / | ᠭᠠᠶᠢᠯᠢ ᠦᠯᠦ ᠪᠤᠴᠠᠭᠠᠭᠰᠠᠨ ᠭᠡᠷᠡᠴᠢᠯᠡᠭᠡ︾ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠢᠳᠡᠪᠬᠢᠲᠡᠢ ᠪᠠᠷ | ᠠᠬᠢᠭᠤᠯᠵᠤ᠂ ᠭᠠᠳᠠᠭᠠᠳᠤ ᠳᠤ ᠭᠠᠷᠭᠠᠬᠤ ᠪᠠᠷᠠᠭᠠᠨ ᠤ ᠪᠤᠴᠠᠭᠠᠨ ᠲᠡᠭᠡᠭᠡᠪᠦᠷᠢᠯᠡᠵᠦ ᠪᠣᠭᠤᠮᠲᠠ ᠪᠠᠷ ᠥᠩᠭᠡᠷᠡᠬᠦ ᠳᠤ ᠮᠡᠳᠡᠭᠡ ᠵᠠᠩᠭᠢ ᠶᠢ ᠪᠠᠶᠢᠴᠠᠭᠠᠨ ᠰᠢᠯᠭᠠᠵᠤ ᠪᠣᠯᠬᠤᠶᠢᠴᠠ ᠵᠦᠢᠯ ᠳᠤ | ᠴᠠᠭᠠᠰᠤᠨ ᠭᠡᠷᠡᠴᠢᠯᠡᠭᠡ ᠶᠢ ᠳᠠᠭᠢᠵᠤ ᠮᠡᠳᠡᠭᠦᠯᠦᠨ ᠬᠦᠷᠭᠡᠭᠦᠯᠬᠦ ᠪᠠᠷ ᠱᠠᠭᠠᠷᠳᠠᠬᠤ ᠦᠭᠡᠢ ᠪᠠᠶᠢᠵᠤ᠂ ᠪᠤᠴᠠᠭᠠᠨ ᠲᠡᠭᠡᠭᠡᠪᠦᠷᠢᠯᠡᠬᠦ ᠳᠤ ᠪᠣᠭᠤᠮᠲᠠ ᠪᠠᠷ ᠥᠩᠭᠡᠷᠡᠬᠦ ᠶᠢ ᠲᠦᠷᠭᠡᠳᠬᠡᠬᠦ | ᠶᠠᠪᠤᠳᠠᠯ ᠪᠣᠯᠣᠨ᠎ᠠ᠃ | · ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠶᠢ ᠲᠦᠷᠭᠡᠳᠬᠡᠬᠦ ᠭᠡᠳᠡᠭ ᠨᠢ ᠲᠤᠬᠠᠢ ᠶᠢᠨ ᠭᠠᠵᠠᠷ ᠲᠤ ᠨᠢ ︽ᠳᠤᠲᠠᠭᠤ ᠶᠢ ᠨᠢ ᠭᠦᠢᠴᠡᠳᠬᠡᠬᠦ︾ ᠬᠠᠷᠭᠤᠭᠤᠯᠤᠨ | ᠪᠠᠶᠢᠴᠠᠭᠠᠯᠲᠠ ᠶᠢ ᠢᠳᠡᠪᠬᠢᠲᠡᠢ ᠬᠡᠷᠡᠭᠵᠢᠭᠦᠯᠵᠦ᠂ ᠭᠠᠶᠢᠯᠢ ᠪᠤᠴᠠᠭᠠᠯᠲᠠ ᠶᠢ ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠠᠪᠤᠳᠠᠯ | ᠪᠣᠯᠣᠨ᠎ᠠ᠃ | Q5 | Q᠄ ᠡᠨᠡ ᠵᠢᠯ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠲᠠᠯ᠎ᠠ ᠪᠠᠷ ᠶᠠᠮᠠᠷ ᠠᠷᠭ᠎ᠠ ᠬᠡᠮᠵᠢᠶ᠎ᠡ ᠪᠠᠶᠢᠬᠤ | ᠪᠤᠢ︖ | A᠄ ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠭᠤᠪᠢᠭᠤᠯᠭ᠎ᠠ ᠶᠢᠨ ᠠᠮᠤᠷ ᠲᠦᠪᠰᠢᠨ ᠢ ᠪᠠᠲᠤᠯᠠᠨ᠎ᠠ᠃ ᠡᠨᠡ ᠵᠢᠯ ᠤᠨ 2 ᠳ᠋ᠤᠭᠠᠷ ᠰᠠᠷ᠎ᠠ ᠳᠤ᠂ | ᠬᠤᠳᠠᠯᠳᠤᠭᠠᠨ ᠤ ᠶᠠᠪᠤᠳᠠᠯ ᠤᠨ ᠶᠠᠮᠤᠨ ᠪᠣᠯᠣᠨ ᠳᠤᠮᠳᠠᠳᠤ ᠤᠯᠤᠰ ᠤᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠺᠣᠮᠫᠠᠨᠢ ᠬᠤᠯᠪᠣᠭᠠᠯᠠᠨ ᠭᠠᠳᠠᠭᠠᠳᠤ ᠭᠠᠷᠭᠠᠯᠲᠠ ᠶᠢᠨ | ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠶᠢ ᠨᠡᠮᠡᠭᠳᠡᠭᠦᠯᠵᠦ ᠭᠠᠳᠠᠭᠠᠳᠤ ᠠᠷᠠᠯᠵᠢᠶ᠎ᠠ ᠶᠢᠨ ᠠᠵᠢᠯ ᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠲᠤᠬᠠᠢ ᠮᠡᠳᠡᠭᠳᠡᠯ ᠳᠠᠷᠤᠮᠠᠯᠯᠠᠨ | ᠲᠠᠷᠬᠠᠭᠠᠪᠠ᠃ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠪᠠᠶᠢᠭᠤᠯᠤᠮᠵᠢ ᠶᠢᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠠᠭᠠᠳᠬᠠᠯ ᠬᠦᠯᠢᠶᠡᠬᠦ ᠪᠠ | ᠲᠥᠯᠥᠪᠦᠷᠢ ᠥᠭᠬᠦ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | · ᠲᠤᠰᠬᠠᠢ ᠪᠡᠯᠡ ᠮᠥᠩᠭᠦ ᠶᠢᠨ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠨᠢ ᠥᠷᠭᠡᠳᠬᠡᠨ᠎ᠡ᠃ ᠡᠯ᠎ᠡ ᠭᠠᠵᠠᠷ ᠢ ᠵᠢᠯᠣᠭᠤᠳᠴᠤ ᠭᠠᠳᠠᠭᠠᠳᠤ ᠠᠵᠤ | ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠦᠵᠡᠰᠬᠦᠯᠡᠩ ᠳᠤ ᠣᠷᠤᠯᠴᠠᠬᠤ ᠶᠢ ᠳᠡᠮᠵᠢᠬᠦ ᠪᠠᠷ ᠳᠠᠮᠵᠢᠭᠤᠯᠤᠨ᠂ | ᠠᠷᠠᠯᠵᠢᠶᠠᠨ ᠤ ᠲᠣᠭᠠᠴᠢᠯᠠᠭᠰᠠᠨ ᠬᠥᠭᠵᠢᠯᠲᠡ ᠶᠢ ᠲᠦᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠠᠩᠭᠠᠨ ᠪᠣᠷᠣᠯᠠᠭᠤᠯᠬᠤ ᠠᠷᠭ᠎ᠠ ᠵᠠᠮ ᠢ ᠬᠤᠯᠪᠣᠬᠤ ᠵᠡᠷᠭᠡ ᠪᠣᠯᠣᠨ᠎ᠠ᠃ | · ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠨᠡᠶᠢᠯᠡᠭᠦᠯᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠡᠯ᠎ᠡ ᠭᠠᠵᠠᠷ ᠤᠨ ᠬᠤᠳᠠᠯᠳᠤᠭᠠᠨ ᠤ | ᠶᠠᠪᠤᠳᠠᠯ ᠤᠨ ᠰᠢᠰᠲ᠋ᠧᠮ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠬᠤ ᠶᠢ ᠨᠢ ᠵᠢᠯᠤᠭᠤᠳᠴᠤ᠂ ᠵᠣᠯᠭᠠᠭᠤᠯᠬᠤ ᠲᠠᠪᠴᠠᠩ | ᠪᠠᠶᠢᠭᠤᠯᠬᠤ᠂ ᠲᠤᠭ᠎ᠠ ᠪᠠᠷᠢᠮᠲᠠ ᠶᠢᠨ ᠢᠲᠡᠭᠡᠮᠵᠢ ᠶᠢ ᠨᠡᠮᠡᠭᠳᠡᠭᠦᠯᠬᠦ ᠳᠡᠮᠵᠢᠯᠭᠡ ᠦᠵᠡᠭᠦᠯᠬᠦ᠂ ᠰᠠᠭᠠᠳ ᠦᠭᠡᠢ ᠨᠡᠪᠲᠡᠷᠡᠬᠦ ᠵᠠᠮ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ᠂ ᠭᠠᠳᠠᠭᠠᠳᠤ ᠠᠷᠠᠯᠵᠢᠶ᠎ᠠ ᠶᠢᠨ ᠢᠲᠡᠭᠡᠮᠵᠢᠲᠦ ᠵᠢᠭᠡᠯᠡᠯᠭᠡ ᠲᠠᠯᠪᠢᠬᠤ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢ ᠨᠢ ᠠᠬᠢᠭᠤᠯᠵᠤ᠂ ᠪᠠᠩᠬᠢ ᠬᠢᠭᠡᠳ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠪᠠᠶᠢᠭᠤᠯᠤᠮᠵᠢ ᠶᠢᠨ | ᠵᠣᠯᠭᠠᠭᠤᠯᠬᠤ ᠪᠠᠨ ᠴᠢᠩᠭᠠᠳᠬᠠᠬᠤ ᠶᠢ ᠵᠣᠷᠢᠭᠵᠢᠭᠤᠯᠤᠨ᠂ ᠳᠠᠭᠠᠳᠬᠠᠯ ᠤᠨ ᠬᠠᠭᠤᠳᠠᠰᠤ ᠶᠢᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢ ᠥᠷᠭᠡᠳᠬᠡᠨ᠎ᠡ᠃ | · ᠭᠠᠳᠠᠭᠠᠳᠤ ᠭᠤᠪᠢᠭᠤᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠢᠳᠤᠨᠤᠨ ᠠᠴᠠ | ᠨᠠᠭᠠᠰᠢ᠂ ᠬᠤᠳᠠᠯᠳᠤᠭᠠᠨ ᠤ ᠶᠠᠪᠤᠳᠠᠯ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠰᠦᠯᠵᠢᠶᠡᠨ ᠳᠡᠭᠡᠷᠡᠬᠢ ᠪᠣᠯᠪᠠᠰᠤᠷᠠᠯ ᠡᠷᠬᠢᠯᠡᠵᠦ᠂ ᠭᠤᠪᠢᠭᠤᠯᠭ᠎ᠠ ᠶᠢᠨ | ᠨᠤᠷᠮ᠎ᠠ ᠶᠢᠨ ᠠᠶᠤᠯ ᠠᠴᠠ ᠵᠠᠶᠢᠯᠠᠬᠤ ᠭᠠᠷ ᠳᠡᠪᠲᠡᠷ ᠢ ᠨᠠᠶᠢᠷᠠᠭᠤᠯᠤᠨ ᠲᠠᠷᠬᠠᠭᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠢ ᠬᠠᠪᠰᠤᠷᠤᠨ | ᠭᠤᠪᠢᠭᠤᠯᠭ᠎ᠠ ᠶᠢᠨ ᠨᠤᠷᠮ᠎ᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠢᠳᠡᠪᠬᠢᠲᠡᠢ ᠦᠷ᠎ᠡ ᠪᠦᠲᠦᠮᠵᠢ ᠣᠯᠪᠠ᠃ ᠲᠠᠷᠠᠭᠠᠴᠢ ᠶᠢᠨ ᠠᠯᠬᠤᠮ ᠳᠤ | ᠠᠶᠤᠯ ᠠᠴᠠ ᠵᠠᠶᠢᠯᠠᠬᠤ ᠦᠢᠯᠡᠳᠬᠦᠨ ᠤ ᠦᠢᠯᠡᠴᠢᠯᠡᠭᠡ ᠶᠢ ᠲᠡᠭᠦᠯᠳᠡᠷᠵᠢᠭᠦᠯᠬᠦ ᠶᠢ ᠠᠬᠢᠭᠤᠯᠬᠤ᠂ ᠪᠠᠩᠬᠢ ᠪᠠ ᠠᠵᠤ ᠠᠬᠤᠶᠢᠯᠠᠯ ᠤᠨ ᠵᠣᠯᠭᠠᠯᠴᠠᠭ᠎ᠠ ᠶᠢ ᠠᠬᠢᠭᠤᠯᠬᠤ᠂ ᠠᠷᠠᠳ ᠤᠨ ᠵᠣᠭᠤᠰ ᠤᠨ ᠬᠢᠯᠢ | ᠠᠯᠤᠰᠯᠠᠨ ᠲᠡᠰᠦᠯᠦᠨ ᠪᠤᠳᠤᠬᠤ ᠶᠢᠨ ᠲᠥᠬᠦᠮ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠤᠯᠪᠣᠭᠳᠠᠯ ᠪᠦᠬᠦᠢ ᠠᠵᠢᠯ ᠢ ᠦᠷᠭᠦᠯᠵᠢᠯᠡᠨ ᠠᠬᠢᠭᠤᠯᠤᠨ᠎ᠠ᠃ | |