︽ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ | ᠠᠵᠢᠯᠯᠠᠭ᠎ᠠ︾ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠱᠦᠵᠢ ᠴᠡᠷᠢᠭ ᠤᠨ ᠡᠷᠳᠡᠮ ᠤᠨ ᠮᠥᠷᠦ᠋ᠢᠴᠡᠭᠡᠨ ᠳᠤ ᠣᠷᠣᠯᠴᠠᠵᠤ | ᠪᠣᠳᠠᠲᠤ ᠪᠦᠲᠦᠮᠵᠢ ᠪᠠᠨ ᠬᠠᠮᠲᠤ ᠪᠠᠷ ᠳᠡᠯᠭᠡᠨ ᠦᠵᠡᠭᠦᠯᠵᠦ ᠵᠡᠷᠭᠡ | ᠳᠡᠪᠰᠢᠬᠦ ᠶᠢ ᠠᠬᠢᠭᠤᠯᠤᠨ᠎ᠠ | | ᠠᠭᠠᠭᠢᠮ᠎ᠠ ᠬᠠᠯᠠᠭᠤᠨ ᠵᠤᠨ ᠤ ᠡᠳᠦᠷ᠂ ᠠᠭᠠᠭᠢᠮ᠎ᠠ ᠨᠠᠷᠠ ᠭᠠᠯ ᠮᠡᠲᠦ ᠬᠠᠯᠠᠭᠤᠨ ᠨᠡᠷᠡᠨ ᠤ ᠲᠤᠶᠠᠭ᠎ᠠ ᠪᠠᠷ | ᠪᠢᠯᠬᠠᠨ᠎ᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ | ᠴᠢᠷᠮᠠᠶᠢᠬᠤ ᠠᠵᠢᠯᠯᠠᠭ᠎ᠠ ᠲᠠᠢ ᠤᠶᠠᠯᠳᠤᠭᠤᠯᠤᠨ᠂ ᠪᠦᠭᠦ ᠬᠤᠰᠢᠭᠤᠨ ᠤ ᠪᠠᠶᠢᠭᠤᠯᠤᠯᠭ᠎ᠠ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠡᠷ ᠤᠨ | ᠤᠷᠤᠯᠳᠤᠭᠠᠨ ᠳᠤ ᠣᠷᠣᠯᠴᠠᠵᠤ᠂ ᠡᠯ᠎ᠡ ᠨᠠᠮ ᠤᠨ ᠡᠭᠦᠷ ᠤᠨ ᠱᠦᠵᠢ ᠨᠡᠷ ᠤᠨ ᠢᠲᠡᠭᠡᠯ ᠵᠣᠷᠢᠭ ᠲᠡᠭᠦᠯᠳᠡᠷ᠂ ᠴᠤᠭ | ᠵᠢᠪᠬᠤᠭ᠎ᠠ ᠲᠠᠢ᠂ ᠲᠤᠬᠠᠶ ᠶᠢᠨ ᠲᠠᠯᠠᠪᠠᠢ ᠶᠢᠨ ᠥᠷᠢᠰᠥᠯᠳᠦᠭᠡᠨ ᠬᠤᠷᠴᠠ ᠰᠢᠷᠦᠭᠦᠨ᠂ ᠬᠦᠷ ᠬᠥᠭᠵᠢᠶᠡᠨ ᠲᠠᠢ | ᠶᠠᠪᠤᠭᠳᠠᠵᠤ ᠪᠠᠶᠢᠯ᠎ᠠ᠃ ︽ᠲᠠᠶᠢᠰᠠᠨ ᠤ ᠮᠥᠷᠦ᠋ᠢᠴᠡᠭᠡᠨ︾ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠥᠬᠦ | ᠬᠤᠰᠢᠭᠤᠨ ᠤ ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠤᠨ ᠵᠣᠬᠢᠶᠠᠨ | ᠪᠠᠶᠢᠭᠤᠯᠤᠯᠲᠠ ︽ᠠᠳᠠᠯᠢᠳᠬᠠᠬᠤ︾ ᠡᠷᠴᠢ ᠵᠣᠷᠢᠭ ᠢᠶᠠᠨ ᠬᠥᠪᠴᠢᠯᠡᠨ᠂ ︽ᠰᠤᠷᠤᠯᠴᠠᠬᠤ︾ ᠶᠢᠨ ᠰᠠᠨᠠᠭᠠᠴᠢᠯᠠᠭᠠᠲᠤ | ᠴᠢᠨᠠᠷ ᠢ ᠴᠢᠩᠭᠠᠳᠬᠠᠵᠤ᠂ ︽ᠠᠮᠵᠢᠬᠤ︾ ᠬᠥᠳᠡᠯᠭᠡᠬᠦ ᠬᠦᠴᠦᠨ ᠢ ᠬᠥᠭᠵᠢᠭᠡᠨ᠂ ︽ᠳᠠᠪᠠᠭ᠋ᠤ︾ ᠬᠥᠭᠡᠭᠡᠴᠡᠯᠳᠦᠯ ᠢ | ᠴᠢᠩᠭᠠᠳᠬᠠᠵᠤ᠂ ︽ᠠᠳᠠᠯᠢᠳᠬᠠᠬᠤ᠂ ᠰᠤᠷᠤᠯᠴᠠᠬᠤ᠂ ᠠᠮᠵᠢᠬᠤ᠂ ᠳᠠᠪᠠᠭ᠋ᠤ︾ ᠰᠠᠶᠢᠨ ᠰᠠᠶᠢᠬᠠᠨ ᠪᠠᠶᠢᠳᠠᠯ ᠢ ᠪᠣᠶ | ᠪᠣᠯᠭᠠᠪᠠ᠃ | | | | | | | | ︽ᠠᠳᠠᠯᠢᠳᠬᠠᠵᠤ︾᠂ ︽ᠥᠷᠢᠰᠥᠯᠳᠦᠭᠡᠨ︾ ᠢᠶᠠᠷ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠤᠨ | ᠡᠭᠦᠷ ᠤᠨ ᠠᠩᠬᠠᠨ ᠤ ᠰᠢᠯᠭᠠᠷᠠᠭᠤᠯᠤᠯᠲᠠ ᠳᠤ᠂ ᠶᠡᠷᠦᠩᠬᠡᠶ ᠡᠭᠦᠷ ᠤᠨ ᠱᠦᠵᠢ ᠡᠴᠦᠰ ᠤᠨ ᠬᠢᠨᠠᠨ | ᠲᠣᠭᠲᠠᠭᠠᠯᠲᠠ ᠳᠤ᠂ ᠪᠠᠶᠢᠭᠤᠯᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠦᠷᠢᠶ᠎ᠡ ᠬᠡᠪᠴᠢᠶ᠎ᠡ ᠪᠠᠷ | ᠠᠳᠠᠯᠢᠳᠬᠠᠨ ᠰᠢᠯᠭᠠᠷᠠᠭᠤᠯᠬᠤ ᠤᠷᠤᠯᠳᠤᠭᠠᠨ ᠤ ᠲᠠᠪᠴᠠᠩ ᠪᠠᠶᠢᠭᠤᠯᠵᠤ᠂ ᠲᠥᠷᠥᠯ ᠬᠤᠪᠢᠶᠠᠨ ᠠᠳᠠᠯᠢᠳᠬᠠᠨ | ᠰᠢᠯᠭᠠᠷᠠᠭᠤᠯᠬᠤ ᠠᠭᠤᠯᠭ᠎ᠠ ᠶᠢ ᠨᠠᠷᠢᠯᠢᠬᠵᠢᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠡᠨᠡ ᠤᠳᠠᠭ᠎ᠠ ᠶᠢᠨ ︽ᠲᠠᠶᠢᠰᠠᠨ ᠤ ᠮᠥᠷᠦ᠋ᠢᠴᠡᠭᠡᠨ︾ ᠢ ᠨᠢᠭᠡ | ᠤᠳᠠᠭᠠᠨ ᠤ ᠴᠡᠷᠢᠭ ᠤᠨ ᠪᠣᠯᠪᠠᠰᠤᠷᠠᠯ ᠢᠶᠠᠷ ᠦᠵᠡᠵᠦ᠂ ᠪᠠᠶᠢᠭᠤᠯᠤᠯᠭ᠎ᠠ ᠶᠢᠨ ᠨᠠᠮ ᠤᠨ ᠠᠵᠢᠯ ᠢ ᠰᠢᠯᠭᠠᠬᠤ ᠴᠢᠬᠤᠯᠠ | ᠭᠠᠷᠳᠠᠴᠠ ᠮᠥᠨ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ | ᠲᠠᠶᠢᠰᠠᠨ ᠳᠤ ᠮᠥᠷᠦ᠋ᠢᠴᠡᠬᠦ︾ ᠠᠵᠢᠯᠯᠠᠭ᠎ᠠ ᠥᠷᠨᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠪᠥᠬᠦ | ᠬᠤᠰᠢᠭᠤ ᠪᠠᠷ ᠢᠶᠠᠨ ᠬᠦᠷᠢᠶ᠎ᠡ ᠴᠠᠷᠠᠭ᠎ᠠ ᠪᠠᠷ ᠢᠶᠠᠨ ᠨᠡᠶᠢᠲᠡ 8 ᠴᠡᠷᠢᠭ ᠤᠨ ᠡᠷᠳᠡᠮ ᠤᠨ ᠮᠥᠷᠦ᠋ᠢᠴᠡᠭᠡᠨ ᠤ | ᠳᠤᠭᠤᠶᠢᠯᠠᠩ ᠬᠤᠪᠢᠶᠠᠵᠤ᠂ ᠴᠡᠷᠢᠭ ᠤᠨ ᠡᠷᠳᠡᠮ ᠤᠨ ᠮᠥᠷᠦ᠋ᠢᠴᠡᠭᠡᠨ ᠤ ᠳᠤᠭᠤᠶᠢᠯᠠᠩ ᠨᠢᠭᠡᠪᠦᠷᠢ ᠳᠤ ᠨᠢᠭᠡ | ᠲᠦᠷᠦᠭᠦᠯᠡᠬᠦ ᠨᠢᠭᠡᠴᠡ ᠲᠣᠭᠲᠠᠭᠠᠨ᠂ ︽ᠵᠣᠬᠢᠶᠠᠨ ᠪᠠᠶᠢᠭᠤᠯᠬᠤ ᠬᠡᠯᠲᠡᠰ ᠪᠥᠬᠦ ᠲᠠᠯ᠎ᠠ ᠪᠠᠷ ᠳᠣᠭᠢᠷᠠᠭᠤᠯᠵᠤ᠂ | ᠲᠦᠷᠦᠭᠦᠯᠡᠬᠦ ᠨᠢᠭᠡᠴᠡ ᠬᠠᠷᠢᠭᠤᠴᠠᠨ ᠶᠡᠷᠦᠩᠬᠡᠶ ᠳᠤᠨᠢ ᠠᠳᠬᠤᠵᠤ᠂ ᠬᠠᠮᠤᠭ ᠡᠴᠦᠰ ᠲᠤ ᠳ᠋ᠦᠩᠨᠡᠨ ᠵᠠᠳᠠᠯᠬᠤ︾ | ᠠᠵᠢᠯ ᠤᠨ ᠲᠣᠭᠲᠠᠴᠠ ᠶᠢ ᠪᠠᠶᠢᠭᠤᠯᠵᠤ᠂ ᠤᠯᠤᠰ ᠲᠥᠷᠥ ᠶᠢᠨ ᠴᠢᠳᠠᠪᠤᠷᠢ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠵᠡᠷᠭᠡ 5 ᠲᠠᠯ᠎ᠠ ᠶᠢᠨ | ᠠᠭᠤᠯᠭ᠎ᠠ ᠶᠢᠨ ᠲᠣᠭᠤᠷᠢᠨ ᠳᠤ ᠠᠳᠠᠯᠢᠳᠬᠠᠨ ᠰᠢᠯᠭᠠᠷᠠᠭᠤᠯᠤᠨ᠎ᠠ᠃ ᠤᠷᠤᠯᠳᠤᠭᠠᠨ ᠤ ᠲᠠᠶᠢᠰᠠᠨ ᠳᠠᠬᠢ ᠵᠡᠪᠰᠡᠭ ᠤᠨ | ᠮᠥᠷᠦ᠋ᠢᠴᠡᠭᠡᠨ ᠤ ᠠᠷᠭ᠎ᠠ ᠪᠠᠷ ︽ᠲᠥᠪᠯᠡᠷᠡᠭᠦᠯᠦᠨ ᠴᠠᠬᠢᠯᠭᠠᠨ ᠴᠡᠨᠡᠭᠯᠡᠬᠦ︾ ᠶᠢ ᠪᠡᠶᠡᠯᠡᠭᠦᠯᠵᠦ᠂ ᠤᠷᠤᠯᠳᠤᠭᠠᠨ ᠤ | ᠠᠮᠵᠢᠯᠲᠠ ᠶᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠨ᠎ᠠ᠃ | ᠣᠲᠣ ᠪᠣᠯᠲᠠᠯ᠎ᠠ ᠪᠥᠬᠦ ᠬᠤᠰᠢᠭᠤᠨ ᠤ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠲᠠᠶᠢᠰᠠᠨ ᠳᠤ ᠮᠥᠷᠦ᠋ᠢᠴᠡᠬᠦ︾ ᠠᠵᠢᠯᠯᠠᠭ᠎ᠠ ᠨᠢᠭᠡᠨᠲᠡ | ᠪᠦᠬᠦᠨ ᠢᠶᠠᠷ ᠢᠶᠠᠨ ᠳᠠᠭᠤᠰᠴᠤ᠂ 32 ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠰᠢᠯᠢᠳᠡᠭ ᠬᠢᠷᠢ ᠪᠦᠲᠦᠮᠵᠢ | ᠤᠯᠪᠠ᠃ | | | | | | | | ᠬᠠᠷᠢᠯᠴᠠᠨ ︽ᠰᠤᠷᠤᠯᠴᠠᠵᠤ︾᠂ ︽ᠵᠡᠪᠰᠡᠭ ᠤᠨ ᠡᠷᠳᠡᠮ ᠤᠨ ᠮᠥᠷᠦ᠋ᠢᠴᠡᠭᠡᠨ︾ ᠢᠶᠠᠷ ᠰᠡᠳᠬᠢᠴᠡ ᠪᠠᠨ | ᠥᠷᠭᠡᠳᠬᠡᠨ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠲᠤᠷᠰᠢᠯᠭ᠎ᠠ ᠪᠠᠨ ᠰᠣᠯᠢᠯᠴᠠᠬᠤ᠂ ᠲᠠᠶᠢᠰᠠᠨ ᠳᠤ | ᠭᠠᠷᠴᠤ ᠵᠡᠪᠰᠡᠭ ᠤᠨ ᠡᠷᠳᠡᠮ ᠤᠨ ᠮᠥᠷᠦ᠋ᠢᠴᠡᠭᠡᠨ᠂ ᠲᠤᠬᠠᠶ ᠶᠢᠨ ᠲᠠᠯᠠᠪᠤᠷ ᠲᠤ ᠠᠰᠠᠭᠤᠯᠲᠠ ᠬᠠᠷᠢᠭᠤᠯᠲᠠ ᠥᠭᠬᠦ | ᠵᠡᠷᠭᠡ ᠤᠯᠠᠨ ᠵᠦᠢᠯ ᠤᠨ ᠬᠡᠯᠪᠡᠷᠢ ᠶᠢᠨ ᠠᠳᠠᠯᠢᠳᠬᠠᠨ ᠰᠢᠯᠭᠠᠷᠠᠭᠤᠯᠬᠤ ᠠᠷᠭ᠎ᠠ ᠶᠢ ᠬᠡᠷᠡᠭᠯᠡᠵᠦ᠂ ᠬᠤᠯᠪᠣᠭᠳᠠᠬᠤ | ᠬᠦᠷᠢᠶ᠎ᠡ ᠬᠡᠪᠴᠢᠶ᠎ᠡ ᠨᠢ ᠥᠷᠭᠡᠨ᠂ ᠬᠦᠷᠢᠶ᠎ᠡ ᠬᠡᠪᠴᠢᠶ᠎ᠡ ᠨᠢ ᠶᠡᠭᠡ ᠪᠠᠶᠢᠵᠤ᠂ ᠰᠤᠷᠤᠯᠴᠠᠯᠭ᠎ᠠ ᠶᠢᠨ ᠦᠷ᠎ᠡ | ᠪᠦᠲᠦᠮᠵᠢ ᠶᠢ ᠦᠨᠡᠨ ᠬᠦ ᠴᠢᠩᠭᠠᠳᠬᠠᠪᠠ᠃ ᠲᠣᠰ ᠤᠳᠠᠭᠠᠨ ᠤ ︽ᠲᠠᠶᠢᠰᠠᠨ ᠤ ᠮᠥᠷᠦ᠋ᠢᠴᠡᠭᠡᠨ︾ ᠨᠢ ᠨᠢᠭᠡ | ᠤᠳᠠᠭᠠᠨ ᠤ ᠤᠷᠤᠯᠳᠤᠭᠠᠨ ᠪᠣᠯᠬᠤ ᠪᠠᠷ ᠪᠠᠷᠠᠬᠤ ᠥᠬᠡᠶ᠂ ᠪᠠᠰᠠ ᠴᠤ ᠡᠯ᠎ᠡ ᠨᠢᠭᠡᠴᠡ ᠶᠢᠨ ᠠᠵᠢᠯ ᠢᠶᠠᠨ ᠳᠡᠯᠭᠡᠨ | ᠦᠵᠡᠭᠦᠯᠬᠦ ᠲᠣᠬᠢᠶᠠᠯ ᠮᠥᠨ᠂ ᠤᠷᠤᠯᠳᠤᠭᠠᠨ ᠳᠤ ᠣᠷᠣᠯᠴᠠᠭᠰᠠᠨ ᠡᠯ᠎ᠡ ᠨᠢᠭᠡᠴᠡ ᠶᠢᠨ ᠨᠠᠮ ᠤᠨ ᠡᠭᠦᠷ ᠤᠨ ᠱᠦᠵᠢ | ᠴᠥᠮ ᠲᠣᠰ ᠨᠢᠭᠡᠴᠡ ᠶᠢᠨ ᠢᠶᠠᠨ ᠬᠢᠯᠠᠰ ᠴᠡᠭᠲᠦ ᠠᠵᠢᠯ ᠢ ᠣᠯᠠᠨ ᠳᠤ ᠢᠳᠡᠪᠬᠢᠲᠡᠶ ᠲᠠᠨᠢᠯᠴᠠᠭᠤᠯᠵᠤ ᠪᠠᠶᠢᠨ᠎ᠠ᠃ | ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠨᠠᠮ ᠤᠨ ᠡᠭᠦᠷ ᠰᠢᠨ᠎ᠡ ᠴᠠᠭ ᠦᠶ᠎ᠡ ᠶᠢᠨ ᠨᠠᠮ ᠤᠨ ᠠᠯᠪᠠᠨ | ᠬᠡᠷ ᠤᠨ ᠬᠥᠮᠦᠰ ᠤᠨ ᠪᠠᠲᠤ ᠴᠡᠭᠡᠵᠢᠯᠡᠭᠰᠡᠨ ︽ᠵᠢᠷᠭᠤᠭᠠᠨ ᠵᠠᠩᠭᠢᠯᠠᠭ᠎ᠠ ᠶᠢᠨ ᠦᠭᠡ︾ ᠶᠢ ᠲᠠᠶᠢᠯᠪᠤᠷᠢᠯᠠᠨ ᠶᠠᠷᠢᠵᠤ᠂ | ᠵᠤᠭᠠᠴᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠨᠠᠮ ᠤᠨ ᠡᠭᠦᠷ ᠠᠴᠠ ᠭᠠᠯᠲᠤ ᠠᠭᠤᠯᠠ ᠶᠢᠨ ᠦᠵᠡᠮᠵᠢ ᠶᠢᠨ | ᠣᠷᠣᠨ ᠤ ᠵᠤᠭᠠᠴᠠᠭᠰᠠᠳ ᠤᠨ ᠦᠢᠯᠡᠴᠢᠯᠡᠭᠡᠨ ᠤ ᠲᠥᠪ ᠤᠨ ᠡᠮᠦᠨ᠎ᠡ ᠲᠡᠷᠭᠡᠨ ᠵᠣᠭᠰᠣᠭᠠᠯ ᠤᠨ ᠭᠠᠵᠠᠷ ᠢ ᠰᠣᠩᠭᠤᠨ | ᠪᠠᠶᠢᠭᠤᠯᠬᠤ ᠵᠡᠷᠭᠡ ᠠᠵᠢᠯ ᠢ ᠲᠠᠨᠢᠯᠴᠠᠭᠤᠯᠬᠤ ᠳᠠᠭᠠᠨ ᠦᠵᠡᠭᠴᠢᠳ ᠤᠨ ᠠᠩᠬᠠᠷᠤᠯ ᠢ ᠪᠠᠶᠢᠨ ᠳᠠᠬᠢᠨ ᠲᠠᠲᠠᠵᠤ | ᠪᠠᠶᠢᠯ᠎ᠠ᠃ ᠬᠠᠷᠢᠯᠴᠠᠨ ᠶᠠᠷᠢᠯᠴᠠᠬᠤ ᠶᠠᠪᠤᠴᠠ ᠳᠤ ︽ᠬᠤᠷᠴᠠ ᠰᠡᠷᠡᠯ ᠤᠨ ᠣᠴᠢ︾ ᠮᠥᠷᠭᠦᠯᠳᠦᠵᠦ᠂ ᠪᠠᠰᠠ ᠥᠪᠡᠷ | ᠥᠪᠡᠷ ᠤᠨ ︽ᠳᠠᠯᠳᠠᠭᠤᠷ ᠦᠵᠡᠯᠴᠡᠵᠦ︾᠂ ᠲᠠᠷᠠᠭᠠᠴᠢ ᠶᠢᠨ ᠠᠯᠬᠤᠮ ᠤᠨ ᠴᠢᠷᠮᠠᠶᠢᠬᠤ ᠴᠢᠭᠯᠡᠯ ᠳᠤ ᠬᠠᠷᠠᠯᠲᠠ ᠪᠠ | ᠠᠷᠭ᠎ᠠ ᠬᠡᠮᠵᠢᠶ᠎ᠡ ᠪᠠᠨ ᠲᠣᠳᠣᠷᠬᠠᠶ ᠲᠣᠭᠲᠠᠭᠠᠪᠠ᠂ ᠨᠠᠮ ᠤᠨ ᠡᠭᠦᠷ ᠤᠨ ᠱᠦᠵᠢ ᠨᠡᠷ ᠴᠥᠮ ᠡᠨᠡ ᠤᠳᠠᠭ᠎ᠠ ᠶᠢᠨ ︽ | ᠲᠠᠶᠢᠰᠠᠨ ᠤ ᠮᠥᠷᠦ᠋ᠢᠴᠡᠭᠡᠨ︾ ᠢᠶᠠᠷ ᠳᠠᠮᠵᠢᠭᠠᠳ ᠡᠯᠪᠡᠭ ᠬᠤᠷᠢᠶᠠᠯᠲᠠ ᠣᠯᠵᠤ᠂ ᠲᠤᠬᠠᠶ ᠶᠢᠨ ᠲᠠᠯᠠᠪᠤᠷ ᠢ | ᠨᠢᠳᠦ ᠪᠠᠷ ᠢᠶᠠᠨ ᠦᠵᠡᠵᠦ᠂ ᠵᠥᠷᠢᠶ᠎ᠡ ᠪᠠᠨ ᠮᠡᠳᠡᠷᠡᠵᠦ᠂ ᠬᠠᠷᠢᠯᠴᠠᠨ ᠯᠠᠪᠯᠠᠯᠲᠠ ᠪᠣᠯᠭᠠᠵᠤ᠂ ᠣᠨᠴᠠᠭᠠᠶᠢᠯᠠᠨ | ᠬᠥᠨᠳᠡᠭᠳᠡᠵᠦ ᠪᠠᠶᠢᠨ᠎ᠠ ᠭᠡᠵᠦ ᠢᠯᠡᠳᠬᠡᠵᠡᠭᠡᠪᠡ᠃ | | | | | | | | ︽ᠪᠤᠯᠢᠶᠠᠯᠳᠤᠵᠤ︾᠂ ︽ᠤᠬᠠᠬᠤ︾ ᠪᠠᠷ ᠴᠢᠳᠠᠪᠤᠷᠢ ᠪᠠᠨ ᠳᠡᠭᠡᠭᠰᠢᠯᠡᠭᠦᠯᠪᠡᠯ᠂ ᠶᠠᠭᠠᠬᠢᠪᠠᠯ ᠰᠠᠶ᠋ᠢ ᠲᠤᠰ | ᠤᠳᠠᠭᠠᠨ ᠤ ᠤᠷᠤᠯᠳᠤᠭᠠᠨ ᠤ ᠲᠠᠶᠢᠰᠠᠨ ᠤ ᠤᠷᠤᠯᠳᠤᠭᠠᠨ ᠤ ᠦᠷ᠎ᠡ ᠪᠦᠲᠦᠮᠵᠢ ᠶᠢ ᠬᠤᠵᠢᠮ ᠤᠨ ᠠᠵᠢᠯ ᠤᠨ | ᠪᠣᠳᠠᠲᠤ ᠦᠢᠯᠡᠳᠦᠯᠭᠡ ᠪᠣᠯᠭᠠᠨ ᠬᠤᠪᠢᠷᠠᠭᠤᠯᠵᠤ ᠴᠢᠳᠠᠬᠤ ᠪᠤᠶ ᠠᠳᠠᠯᠢᠳᠬᠠᠨ ᠰᠢᠯᠭᠠᠷᠠᠭᠤᠯᠬᠤ ᠠᠵᠢᠯ | ᠳᠠᠭᠤᠰᠤᠭᠰᠠᠨ ᠤ ᠲᠠᠷᠠᠭ᠎ᠠ᠂ ᠡᠯ᠎ᠡ ᠪᠠᠶᠢᠭᠤᠯᠭ᠎ᠠ ᠶᠢᠨ ᠨᠠᠮ ᠤᠨ ᠡᠭᠦᠷ ᠪᠠᠰᠠ ᠪᠣᠯᠵᠣᠭᠰᠠᠨ ᠶᠤᠮ ᠰᠢᠭ᠋ ︽ᠠᠰᠲᠠᠭᠠᠨ | ᠬᠠᠷᠠᠭᠠᠯᠵᠠᠯ ᠦᠵᠡᠭᠦᠯᠵᠦ︾᠂ ᠤᠷᠤᠯᠳᠤᠭᠠᠨ ᠤ ᠲᠡᠮᠳᠡᠭᠯᠡᠯ ᠢ ᠤᠷᠪᠠᠭᠤᠯᠤᠨ ᠦᠵᠡᠵᠦ᠂ ᠲᠤᠷᠰᠢᠯᠭ᠎ᠠ ᠪᠠᠨ | ᠰᠣᠯᠢᠯᠴᠠᠵᠤ᠂ ᠨᠠᠮ ᠤᠨ ᠡᠭᠦᠷ ᠠᠴᠠ ᠲᠥᠪᠯᠡᠷᠡᠭᠦᠯᠦᠨ ᠰᠤᠷᠤᠯᠴᠠᠵᠤ᠂ ᠤᠳᠠᠭ᠎ᠠ ᠪᠦᠷᠢ ᠶᠢᠨ ︽ᠲᠠᠷᠢᠬᠢ | ᠲᠣᠯᠣᠭᠠᠶ ᠶᠢᠨ ᠰᠢᠭᠤᠷᠭ᠎ᠠ︾ ᠶᠠᠪᠤᠭᠳᠠᠵᠤ ᠪᠠᠶᠢᠪᠠ᠃ ᠨᠠᠮ ᠤᠨ ᠡᠭᠦᠷ ᠤᠨ ᠶᠠᠷᠢᠯᠴᠠᠨ ᠰᠤᠷᠤᠯᠴᠠᠬᠤ ᠪᠠᠷ ᠳᠡᠮᠵᠢᠨ᠂ | ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠵᠢᠯ ᠤᠨ ᠠᠷᠭ᠎ᠠ ᠬᠡᠯᠪᠡᠷᠢ ᠪᠠᠨ ᠬᠠᠯᠠᠨ | ᠰᠠᠶᠢᠵᠢᠷᠠᠭᠤᠯᠬᠤ ᠶᠠᠪᠤᠴᠠ ᠳᠤ᠂ ᠨᠠᠮ ᠤᠨ ᠠᠵᠢᠯ ᠪᠠ ᠲᠤᠬᠠᠶᠢᠯᠠᠭᠰᠠᠨ ᠠᠵᠢᠯ ᠤᠨ ᠤᠶᠠᠯᠳᠤᠯ᠂ ᠬᠢᠯᠠᠰ ᠴᠡᠭ ᠢ | ᠡᠭᠦᠳᠦᠨ ᠪᠠᠶᠢᠭᠤᠯᠬᠤ ᠲᠠᠯ᠎ᠠ ᠪᠠᠷ ᠦᠨᠡᠨ ᠬᠦ ᠬᠡᠷᠡᠭᠵᠢᠭᠦᠯᠵᠦ ᠪᠣᠯᠬᠤ ᠠᠰᠠᠭᠤᠳᠠᠯ ᠢ ᠴᠠᠭ ᠲᠤᠬᠠᠶ ᠳᠤᠨᠢ | ᠬᠤᠷᠢᠶᠠᠩᠭᠤᠶᠢᠯᠠᠨ ᠳ᠋ᠦᠩᠨᠡᠵᠦ᠂ ᠪᠣᠯᠪᠠᠰᠤᠷᠠᠭᠤᠯᠤᠨ ᠳᠡᠭᠡᠭᠰᠢᠯᠡᠭᠦᠯᠵᠦ᠂ ᠥᠩᠭᠡᠷᠡᠭᠰᠡᠨ ᠳᠤ ᠣᠮᠲᠣᠭᠠᠶᠢᠯᠠᠵᠤ | ᠪᠠᠶᠢᠭᠰᠠᠨ ᠮᠠᠰᠢ ᠣᠯᠠᠨ ᠨᠠᠷᠢᠨ ᠵᠣᠶᠢᠯᠡᠰ ᠪᠠ ᠬᠢᠯᠠᠰ ᠴᠡᠭ ᠢ ᠢᠯᠡᠷᠡᠭᠦᠯᠦᠨ᠂ ᠪᠠᠰᠠ ᠳᠡᠯᠭᠡᠷᠡᠭᠦᠯᠦᠭᠦᠰᠢᠲᠡᠶ | ᠠᠵᠢᠯ ᠤᠨ ᠠᠷᠭ᠎ᠠ ᠶᠢ ᠣᠯᠵᠤ ᠬᠠᠷᠠᠨ᠂ ᠪᠥᠬᠦ ᠬᠤᠰᠢᠭᠤᠨ ᠤ ᠠᠵᠢᠯ ᠤᠨ ᠳᠤᠮᠳᠠ ᠪᠠᠨ ᠬᠠᠷᠢᠯᠴᠠᠨ ᠬᠥᠭᠡᠭᠡᠴᠡᠯᠳᠦᠨ | ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ | ᠪᠠᠶᠢᠨ᠎ᠠ᠃ | | | | | | | | | ᠬᠦᠴᠦ ᠪᠠᠨ ᠰᠢᠪᠬᠠᠨ ︽ᠳᠠᠪᠠᠵᠤ︾᠂ ︽ᠪᠣᠳᠠᠲᠠᠢ ᠠᠵᠢᠯᠯᠠᠬᠤ︾ ᠪᠠᠷ ᠢᠲᠡᠭᠡᠯ ᠵᠣᠷᠢᠭ ᠢᠶᠠᠨ | ᠴᠢᠩᠭᠠᠷᠠᠭᠤᠯᠵᠤ᠂ ᠵᠢᠱᠢᠶᠡᠴᠢ ᠪᠠᠶᠢᠭᠤᠯᠤᠯᠭ᠎ᠠ ᠶᠢ ᠡᠭᠦᠳᠦᠨ ᠪᠠᠶᠢᠭᠤᠯᠬᠤ᠂ ᠪᠠᠶᠢᠭᠤᠯᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ︽ᠳ᠋ᠧᠩ ᠤᠨ ᠳᠣᠣᠷᠠᠬᠢ ᠬᠠᠷᠠᠩᠭᠤᠢ︾ ᠶᠢ ᠲᠤᠰᠬᠠᠢ ᠴᠡᠭᠴᠡᠯᠡᠨ ᠵᠠᠰᠠᠬᠤ ᠵᠡᠷᠭᠡ ᠠᠵᠢᠯ ᠢ | ᠠᠭᠤᠰᠤᠯᠴᠠᠭᠤᠯᠤᠨ ᠥᠷᠨᠢᠭᠦᠯᠬᠦ ᠲᠠᠢ ᠤᠶᠠᠯᠳᠤᠭᠤᠯᠵᠤ᠂ ᠤᠷᠤᠯᠳᠤᠭᠠᠨ ᠤ ᠲᠠᠶᠢᠰᠠᠨ ᠳᠠᠬᠢ ᠤᠷᠤᠯᠳᠤᠭᠠᠨ ᠤ | ᠮᠥᠷᠦ᠋ᠢᠴᠡᠭᠡᠨ ᠤ ᠶᠠᠪᠤᠴᠠ ᠳᠠᠬᠢ ᠠᠳᠠᠯᠢ ᠪᠤᠰᠤ ᠭᠤᠭᠴᠤᠭ᠎ᠠ ᠶᠢᠨ ᠰᠢᠯᠭᠠᠷᠠᠭᠤᠯᠤᠯᠲᠠ ᠪᠠᠷ ᠳᠠᠮᠵᠢᠨ᠂ | ᠤᠷᠤᠯᠳᠤᠭᠠᠨ ᠤ ᠲᠠᠶᠢᠰᠠᠨ ᠳᠠᠬᠢ ᠤᠷᠤᠯᠳᠤᠭᠠᠨ ᠤ ᠮᠥᠷᠦ᠋ᠢᠴᠡᠭᠡᠨ ᠳᠠᠭᠤᠰᠤᠭᠰᠠᠨ ᠤ ᠳᠠᠷᠠᠭ᠎ᠠ᠂ ᠨᠢᠭᠡ ᠪᠦᠯᠦᠭ | ᠲᠡᠷᠢᠭᠦᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠪᠣᠯᠤᠨ᠎ᠠ᠃ ᠲᠤᠰ ᠤᠳᠠᠭ᠎ᠠ ᠶᠢᠨ | ᠤᠷᠤᠯᠳᠤᠭᠠᠨ ᠤ ᠲᠠᠶᠢᠰᠠᠨ ᠳᠠᠬᠢ ᠵᠡᠪᠰᠡᠭ ᠤᠨ ᠮᠥᠷᠦ᠋ᠢᠴᠡᠭᠡᠨ ᠤ ᠶᠡᠭᠡ ᠵᠢᠷᠤᠮᠵᠢᠯ ᠨᠢ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠨᠡᠷ ᠲᠤ ᠪᠤᠰᠤᠳ ᠨᠠᠮ ᠤᠨ ᠡᠭᠦᠷ ᠤᠨ ᠬᠢᠯᠠᠰ ᠴᠡᠭ ᠪᠠ ᠣᠨᠴᠠᠯᠢᠭ ᠢ ᠶᠡᠭᠡ ᠬᠡᠪᠴᠢᠶ᠎ᠡ | ᠪᠠᠷ ᠦᠵᠡᠭᠦᠯᠵᠦ᠂ ᠳᠠᠷᠤᠭᠠᠰᠤ ᠶᠢ ᠮᠡᠳᠡᠷᠡᠭᠦᠯᠵᠦ᠂ ᠬᠦᠷᠦᠯᠴᠡᠬᠦ ᠦᠭᠡᠢ ᠲᠠᠯ᠎ᠠ ᠶᠢ ᠲᠠᠨᠢᠭᠤᠯᠵᠠᠢ᠃ ︽ | ᠣᠳᠣᠬᠠᠨ ᠳᠤ ᠨᠠᠮ ᠤᠨ ᠡᠭᠦᠷ ᠨᠢᠭᠡᠪᠦᠷᠢ ᠶᠢᠨ ᠠᠵᠢᠯ ᠴᠥᠮ ᠮᠠᠰᠢ ᠥᠪᠡᠷᠮᠢᠴᠡ ᠣᠨᠴᠠᠯᠢᠭ ᠲᠠᠢ ᠪᠠᠶᠢᠨ᠎ᠠ᠂ | ᠰᠤᠷᠤᠯᠴᠠᠵᠤ ᠯᠠᠪᠯᠠᠯᠲᠠ ᠪᠣᠯᠭᠠᠬᠤ ᠥᠬᠡᠶ ᠪᠣᠯ ᠬᠥᠭᠡᠭᠡᠵᠦ ᠭᠦᠢᠴᠡᠭᠡᠳ ᠳᠠᠪᠠᠵᠤ ᠭᠠᠷᠬᠤ ᠪᠣᠯᠤᠨ᠎ᠠ᠂ ᠬᠡᠳᠦ᠋ᠢᠪᠡᠷ | ᠲᠣᠰ ᠤᠳᠠᠭᠠᠨ ᠤ ᠤᠷᠤᠯᠳᠤᠭᠠᠨ ᠤ ᠲᠠᠶᠢᠰᠠᠨ ᠳᠠᠬᠢ ᠴᠡᠷᠢᠭ ᠤᠨ ᠡᠷᠳᠡᠮ ᠤᠨ ᠮᠥᠷᠦ᠋ᠢᠴᠡᠭᠡᠨ ᠳᠤ ᠮᠠᠨ ᠤ | ᠠᠵᠢᠯ ᠤᠨ ᠮᠠᠰᠢ ᠣᠯᠠᠨ ᠳᠤᠲᠠᠭᠤᠳᠠᠯ ᠢ ᠢᠯᠡᠷᠡᠭᠦᠯᠦᠭᠰᠡᠨ ᠪᠣᠯᠪᠠᠴᠤ ᠲᠠᠷᠠᠭᠠᠴᠢ ᠶᠢᠨ ᠠᠵᠢᠯ ᠤᠨ ᠳᠤᠮᠳᠠ ᠪᠠᠨ ᠨᠠᠩ | ᠰᠠᠶᠢᠨ ᠬᠢᠬᠦ ᠢᠲᠡᠭᠡᠯ ᠲᠠᠢ ᠪᠠᠶᠢᠨ᠎ᠠ︕︾ ᠭᠡᠵᠡᠶ᠃ ᠤᠷᠤᠯᠳᠤᠭᠠᠨ ᠳᠤ ᠣᠷᠣᠯᠴᠠᠭᠰᠠᠨ ᠨᠢᠭᠡ ᠲᠠᠮᠢᠷᠴᠢᠨ | ᠤᠷᠤᠯᠳᠤᠭᠠᠨ ᠤ ᠳᠠᠷᠠᠭ᠎ᠠ ᠬᠡᠯᠡᠪᠡ᠃ ᠵᠠᠯᠭᠠᠭᠠᠳ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠠᠴᠠ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ︽ᠲᠠᠶᠢᠰᠠᠨ ᠳᠤ ᠮᠥᠷᠦ᠋ᠢᠴᠡᠬᠦ︾ | ᠠᠵᠢᠯᠯᠠᠭ᠎ᠠ ᠶᠢᠨ ᠦᠷ᠎ᠡ ᠳ᠋ᠦᠩ ᠢᠶᠠᠷ ᠳᠡᠮᠵᠢᠨ᠂ ᠡᠯ᠎ᠡ ᠲᠡᠷᠢᠭᠦᠨ ᠤ ᠲᠤᠷᠰᠢᠯᠭ᠎ᠠ ᠶᠢ ᠶᠡᠭᠡ ᠪᠠᠷ ᠳᠡᠯᠭᠡᠷᠡᠭᠦᠯᠵᠦ᠂ | ᠬᠦᠷᠦᠯᠴᠡᠬᠦ ᠥᠬᠡᠶ ᠲᠠᠯ᠎ᠠ ᠪᠠᠨ ᠨᠥᠬᠦᠪᠥᠷᠢᠯᠡᠵᠦ᠂ ᠡᠯ᠎ᠡ ᠨᠢᠭᠡᠴᠡ ᠶᠢᠨ ᠲᠣᠰ ᠪᠡᠶ᠎ᠡ ᠶᠢᠨ ᠬᠥᠳᠡᠯᠭᠡᠬᠦ ᠬᠦᠴᠦᠨ ᠢ | ᠭᠦᠢᠴᠡᠳ ᠬᠥᠭᠵᠢᠭᠡᠨ᠂ ᠪᠥᠬᠦ ᠬᠤᠰᠢᠭᠤᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠱᠦᠵᠢ ᠶᠢᠨ ᠲᠣᠰ | ᠪᠡᠶ᠎ᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ | ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ | | |