︽ᠴᠠᠭ ᠠᠭᠤᠷ ᠡᠶᠢᠮᠦ ᠬᠠᠯᠠᠭᠤᠨ︾ ᠬᠢᠵᠢᠭ ᠰᠡᠷᠭᠡᠶᠢᠯᠡᠬᠦ ᠬᠥᠮᠦᠰ ᠨᠢᠭᠡᠳᠦᠭᠡᠷ ᠹᠷᠣᠨᠲ ᠲᠤ ᠪᠠᠲᠤ | ᠰᠠᠬᠢᠵᠤ᠂ ᠲᠠᠨᠠᠷ ᠵᠦᠳᠡᠷᠡᠯ᠎ᠡ︕ ᠮᠠᠨ ᠤ ᠭᠠᠵᠠᠷ ᠤᠨ ᠰᠦᠢᠳᠬᠡᠯ ᠬᠤᠷᠢᠶᠠᠬᠤ ᠠᠭᠤᠳᠠᠮ ᠲᠠᠯᠠᠪᠠᠢ ᠳᠤ ᠰᠠᠭᠤᠭ᠎ᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠬᠥᠮᠦᠰ 24 ᠴᠠᠭ ᠢᠶᠠᠷ ᠵᠢᠵᠢᠭᠦᠷᠯᠡᠵᠦ᠂ | ᠡᠳᠦᠷ ᠪᠦᠷᠢ ᠬᠥᠯᠥᠰᠥ ᠠᠰᠬᠠᠷᠠᠭᠤᠯᠤᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠨᠣᠮᠧᠷ ᠰᠢᠷᠪᠢᠵᠦ ᠪᠠᠶᠢᠴᠠᠭᠠᠨ | ᠰᠢᠯᠭᠠᠬᠤ᠂ ᠠᠰᠠᠭᠤᠨ ᠳᠠᠩᠰᠠᠯᠠᠬᠤ ᠵᠡᠷᠭᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ | ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠳᠠᠭ᠃ | | ᠲᠠ ᠨᠠᠷ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ᠂ ᠪᠢᠳᠡ ᠠᠷᠤ ᠲᠠᠯ᠎ᠠ ᠳᠤ ᠨᠢ ᠪᠠᠳᠤᠯᠠᠶ᠎ᠠ᠃ 7 | ᠰᠠᠷ᠎ᠠ ᠶᠢᠨ 14 ᠤ ᠡᠳᠦᠷ ᠤᠨ ᠦᠳᠡ ᠳᠤ ᠳ᠋ᠠ ᠯᠢᠦ ᠬᠤᠣ ᠲᠣᠭᠤᠷᠢᠯᠲᠠ ᠶᠢᠨ ᠵᠠᠮ ᠤᠨ ᠰᠦᠢᠳᠬᠡᠯ ᠬᠤᠷᠢᠶᠠᠬᠤ | ᠭᠠᠵᠠᠷ ᠤᠨ ᠠᠵᠢᠯᠲᠠᠳ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠬᠥᠮᠦᠰ ᠢ ᠲᠣᠬᠤᠨᠢᠭᠤᠯᠤᠭᠰᠠᠨ ᠪᠥᠭᠡᠳ | ᠲᠡᠳᠡᠨ ᠳᠤ ᠨᠣᠭᠤᠭᠠᠨ ᠪᠤᠷᠴᠠᠭ ᠤᠨ ᠱᠦᠯᠦ᠂ ᠬᠥᠯᠳᠡᠭᠡᠭᠰᠡᠨ ᠲᠠᠷᠪᠤᠰ ᠵᠡᠷᠭᠡ ᠬᠠᠯᠠᠭᠤᠨ ᠢ ᠰᠡᠷᠭᠡᠶᠢᠯᠡᠬᠦ ᠢᠳᠡᠭᠡᠨ | ᠬᠦᠷᠭᠡᠵᠦ ᠥᠭᠪᠡ᠃ ᠡᠭᠦᠨ ᠤ ᠬᠠᠮᠲᠤ ᠲᠡᠳᠡᠨ ᠤ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠳᠤ | ᠬᠦᠨᠳᠦᠳᠬᠡᠯ ᠳᠡᠪᠰᠢᠭᠦᠯᠵᠦ ᠪᠠᠶᠢᠨ᠎ᠠ᠃ ᠲᠣᠰ ᠤᠳᠠᠭᠠᠨ ᠤ ︽ᠵᠣᠨ ᠤ ᠬᠠᠯᠠᠭᠤᠨ ᠳᠤ ᠰᠡᠷᠢᠭᠦᠴᠡᠭᠦᠯᠬᠦ︾ | ᠠᠵᠢᠯᠯᠠᠭ᠎ᠠ ᠨᠢ ᠬᠢᠵᠢᠭ ᠢ ᠰᠡᠷᠭᠡᠶᠢᠯᠡᠬᠦ ᠠᠵᠢᠯᠲᠠᠳ ᠲᠤ ᠨᠢᠭᠡ ᠬᠤᠪᠢ ᠬᠠᠯᠠᠮᠵᠢᠯᠠᠯ ᠬᠦᠷᠲᠡᠭᠡᠭᠰᠡᠨ ᠢᠶᠠᠷ ᠪᠠᠷᠠᠬᠤ | ᠥᠬᠡᠶ᠂ ᠰᠡᠷᠢᠭᠦᠴᠡᠭᠦᠯᠦᠭᠰᠡᠨ ᠶᠠᠪᠤᠳᠠᠯ ᠨᠢ ᠨᠠᠩ ᠴᠤ ᠮᠠᠨ ᠤ ᠠᠵᠢᠯᠲᠠᠳ ᠤᠨ ᠬᠠᠶᠢᠷ᠎ᠠ ᠬᠠᠯᠠᠮᠵᠢ ᠪᠠᠷ ᠳᠦᠭᠦᠷᠡᠩ | ᠪᠠᠶᠢᠬᠤ ᠶᠢ ᠬᠠᠷᠠᠭᠤᠯᠵᠤ ᠪᠠᠶᠢᠬᠤ ᠪᠥᠭᠡᠳ ᠶᠡᠭᠡ ᠵᠢᠷᠭᠤᠳᠤᠭᠠᠷ ᠲᠣᠭᠤᠷᠢᠭ ᠵᠠᠮ ᠤᠨ ᠰᠦᠢᠳᠬᠡᠯ ᠬᠤᠷᠢᠶᠠᠬᠤ | ᠭᠠᠵᠠᠷ ᠤᠨ ᠴᠣᠩᠬᠤᠨ ᠤ ᠰᠠᠶᠢᠨ ᠰᠠᠶᠢᠬᠠᠨ ᠳᠦᠷᠢ ᠲᠥᠷᠬᠦ ᠶᠢ ᠪᠦᠲᠦᠭᠡᠭᠰᠡᠨ ᠪᠠᠶᠢᠨ᠎ᠠ᠃ |