︽ᠵᠥᠪᠳᠡᠯᠴᠡᠨ ᠰᠢᠢᠳᠪᠦᠷᠢᠯᠡᠭᠰᠡᠨ ᠤ ᠳᠠᠷᠠᠭ᠎ᠠ᠂ ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠭᠰᠡᠨ | ᠬᠤᠯᠠᠭᠠᠶ ᠶᠢ ᠰᠡᠷᠭᠡᠶᠢᠯᠡᠬᠦ ᠡᠭᠦᠳᠡ ᠶᠢ ᠰᠢᠯᠵᠢᠭᠦᠯᠵᠡᠶ᠂ ᠪᠢᠳᠡ ᠭᠠᠳᠠᠭᠰᠢ ᠭᠠᠷᠬᠤ ᠳᠤ ᠳᠥᠭᠦᠮ ᠦᠭᠡᠢ ᠠᠴᠠ | ᠵᠣᠪᠠᠭ᠋ᠤ ᠬᠡᠷᠡᠭ ᠦᠭᠡᠶ ᠪᠣᠯᠵᠠᠶ︾ ᠰᠠᠭᠤᠭᠠᠯᠢ ᠠᠷᠠᠳ ᠤᠨ ᠲᠣᠭᠤᠷᠢᠭ ᠤᠨ ᠬᠢᠨ ᠰᠤᠷᠪᠤᠯᠵᠢᠯᠠᠭᠴᠢ ᠳᠤ ᠭᠡᠯᠡᠪᠡ᠃ | | ᠣᠶᠢᠷ᠎ᠠ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠯᠧᠺᠲᠷᠣᠨ ᠵᠠᠰᠠᠭ ᠤᠨ | ᠶᠠᠪᠤᠳᠠᠯ ᠤᠨ ᠰᠦᠯᠵᠢᠶ᠎ᠡ ᠶᠢᠨ ᠦᠢᠯᠡᠴᠢᠯᠡᠭᠡᠨ ᠤ ᠲᠥᠪ ᠤᠯᠠᠭᠠᠨᠴᠠᠪ ᠬᠤᠲᠠ ᠶᠢᠨ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤ ᠶᠢ ᠲᠤᠰᠴᠤ ᠰᠢᠯᠵᠢᠭᠦᠯᠦᠨ ᠬᠦᠢᠴᠡᠳᠭᠡᠪᠠ᠂ ᠣᠯᠠᠨ ᠲᠦᠮᠡᠨ ᠤ | ᠲᠤᠰᠬᠠᠭᠰᠠᠨ ᠢᠶᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠶ ᠰᠢᠭᠤᠶ ᠶᠢᠨ ᠲᠣᠪᠴᠢᠶ᠎ᠠ ᠶᠢᠨ ᠬᠡᠷ | ᠪᠦᠯᠢ ᠶᠢᠨ ᠠᠰᠠᠷ ᠤᠨ ᠣᠯᠠᠨ ᠨᠡᠶᠢᠲᠡ ᠶᠢᠨ ᠲᠣᠭᠤᠷᠢᠭ ᠲᠤ ᠬᠠᠶᠠᠭᠳᠠᠭᠰᠠᠨ ᠬᠤᠯᠠᠭᠠᠶ ᠶᠢ ᠰᠡᠷᠭᠡᠶᠢᠯᠡᠬᠦ ᠡᠭᠦᠳᠡ | ᠲᠣᠭᠲᠠᠭᠠᠯ ᠠᠴᠠ ᠵᠥᠷᠢᠴᠡᠨ ᠡᠵᠡᠯᠡᠭᠳᠡᠵᠦ᠂ ᠰᠠᠭᠤᠭᠠᠯᠢ ᠠᠷᠠᠳ ᠤᠨ ᠠᠮᠢᠳᠤᠷᠠᠯ ᠳᠤ ᠲᠦᠢᠯ ᠤᠨ ᠳᠥᠭᠦᠮ ᠦᠭᠡᠢ | ᠪᠣᠯᠤᠭᠰᠠᠨ ᠪᠥᠭᠡᠳ ᠭᠠᠯ ᠤᠨ ᠭᠠᠮᠰᠢᠭ ᠤᠨ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠵᠢᠵᠢᠭ ᠲᠣᠭᠤᠷᠢᠭ ᠲᠤ ᠶᠡᠭᠡ ᠬᠡᠮᠵᠢᠶᠡᠨ ᠤ ᠰᠠᠭᠤᠭᠠᠯᠢ ᠠᠷᠠᠳ ᠣᠷᠣᠰᠢᠨ ᠰᠠᠭᠤᠵᠤ᠂ | ᠬᠤᠯᠠᠭᠠᠶ ᠶᠢ ᠰᠡᠷᠭᠡᠶᠢᠯᠡᠬᠦ ᠬᠠᠶᠠᠭᠳᠠᠮᠠᠯ ᠡᠭᠦᠳᠡ ᠶᠢ ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠵᠦ᠂ ᠵᠢᠵᠢᠭ | ᠲᠣᠭᠤᠷᠢᠭ ᠤᠨ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠲᠦᠢᠯ ᠤᠨ ᠳᠥᠭᠦᠮ ᠦᠭᠡᠢ | ᠪᠣᠯᠭᠠᠭᠰᠠᠨ ᠪᠥᠭᠡᠳ ᠠᠮᠤᠷ ᠲᠦᠪᠰᠢᠨ ᠤ ᠵᠠᠮ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠢ ᠴᠦ ᠰᠠᠭᠤᠭᠠᠯᠢ | ᠠᠷᠠᠳ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠳᠤ ᠲᠦᠢᠯ ᠤᠨ ᠶᠡᠭᠡ ᠳᠠᠯᠳᠠ ᠬᠡᠮ ᠠᠪᠴᠢᠷᠠᠭᠰᠠᠨ | ᠪᠠᠶᠢᠨ᠎ᠠ᠃ | | | | | 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠵᠢᠯ ᠤᠨ | ᠤᠲᠠᠰᠤᠨ ᠤ ᠠᠵᠢᠯ ᠤᠨ ᠬᠠᠭᠤᠳᠠᠰᠤ ᠶᠢ ᠣᠯᠤᠭᠰᠠᠨ ᠤ ᠳᠠᠷᠠᠭ᠎ᠠ᠂ ᠬᠤᠰᠢᠭᠤᠨ ᠤ ᠭᠠᠯ ᠤᠨᠲᠠᠷᠠᠭᠠᠬᠤ ᠠᠩᠭᠢ | ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠲᠤ ᠬᠦᠷᠴᠦ ᠲᠤᠬᠠᠶ ᠶᠢᠨ ᠬᠥᠮᠦᠨ ᠲᠠᠢ ᠨᠡᠪᠲᠡᠷᠡᠯᠴᠡᠨ | ᠵᠣᠬᠢᠴᠠᠭᠤᠯᠬᠤ ᠶᠢᠨ ᠬᠠᠮᠲᠤ ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ ᠪᠠᠭᠤᠯᠭᠠᠪᠠ᠃ | ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠭᠰᠡᠨ ᠲᠤᠬᠠᠶ ᠶᠢᠨ ᠬᠥᠮᠦᠨ ᠴᠡᠭᠴᠡᠯᠡᠨ ᠥᠭᠡᠷᠡᠴᠢᠯᠡᠬᠦ ᠬᠥᠮᠦᠵᠢᠯ | ᠭᠥᠷᠳᠡᠭᠰᠡᠨ ᠪᠥᠭᠡᠳ ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠭᠰᠡᠨ ᠲᠤᠬᠠᠶ ᠶᠢᠨ ᠬᠥᠮᠦᠨ ᠢ ᠠᠯᠢ | ᠲᠦᠷᠭᠡᠨ ᠢᠶᠠᠷ ᠨᠡᠭᠦᠯᠭᠡᠨ ᠰᠢᠯᠵᠢᠭᠦᠯᠬᠦ ᠪᠠᠷ ᠵᠥᠪᠰᠢᠶᠡᠷᠡᠵᠡᠶ᠃ ᠬᠤᠶᠠᠷ ᠡᠳᠦᠷ ᠤᠨ ᠳᠠᠷᠠᠭ᠎ᠠ᠂ ᠭᠠᠯ ᠤᠨᠲᠠᠷᠠᠭᠠᠬᠤ | ᠠᠩᠭᠢ ᠶᠢᠨ ᠠᠵᠢᠯᠲᠠᠨ ᠤ ᠰᠢᠪᠠᠳᠠᠯᠭ᠎ᠠ ᠪᠠᠷ᠂ ᠬᠤᠯᠠᠭᠠᠶ ᠶᠢ ᠰᠡᠷᠭᠡᠶᠢᠯᠡᠬᠦ ᠬᠠᠭᠠᠯᠭ᠎ᠠ ᠶᠢ ᠬᠠᠶᠠᠭᠠᠳ ᠲᠤᠰ | ᠲᠣᠭᠤᠷᠢᠭ ᠠᠴᠠ ᠨᠡᠭᠦᠵᠦ ᠶᠠᠪᠤᠵᠠᠶ᠃ ᠡᠭᠦᠨ ᠤ ᠵᠡᠷᠭᠡ ᠳᠤ ᠭᠠᠯ ᠤᠨᠲᠠᠷᠠᠭᠠᠭᠴᠢ ᠠᠴᠠ ᠣᠯᠠᠨ ᠨᠡᠶᠢᠲᠡ ᠶᠢᠨ | ᠲᠠᠯᠠᠪᠤᠷ ᠲᠤ ᠡᠯᠳᠡᠪ ᠶᠠᠭᠤᠮ᠎ᠠ ᠪᠣᠯᠤᠨ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠪᠣᠯᠬᠤ ᠦᠭᠡᠶ᠂ ᠭᠠᠯ | ᠤᠨᠲᠠᠷᠭᠠᠬᠤ ᠵᠠᠮ ᠤᠨ ᠠᠮᠤᠷ ᠲᠦᠪᠰᠢᠨ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ ᠭᠡᠵᠦ ᠣᠯᠠᠨ ᠳᠤ | ᠰᠠᠨᠠᠭᠤᠯᠵᠤ ᠪᠠᠶᠢᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠬᠠᠯᠠᠭᠤᠨ ᠤᠲᠠᠰᠤ ᠪᠣᠯ ᠵᠥᠪᠯᠡᠯᠭᠡ ᠥᠭᠬᠦ ᠭᠤᠮᠣᠳᠠᠯ ᠱᠠᠭᠠᠷᠳᠠᠯᠭ᠎ᠠ ᠶᠢ ᠲᠥᠪᠯᠡᠷᠡᠭᠦᠯᠦᠨ ᠭᠥᠯᠢᠶᠡᠨ ᠠᠪᠴᠤ | ᠰᠢᠢᠳᠪᠦᠷᠢᠯᠡᠬᠦ ᠲᠠᠪᠴᠠᠩ ᠮᠥᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠣᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠰᠣᠨᠣᠰᠬᠤ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠳᠤ ᠬᠠᠷᠢᠭᠤ ᠥᠭᠬᠦ᠂ ᠣᠯᠠᠨ | ᠲᠦᠮᠡᠨ ᠤ ᠬᠦᠴᠢᠷᠳᠡᠯ ᠢ ᠰᠢᠢᠳᠪᠦᠷᠢᠯᠡᠬᠦ ᠬᠠᠮᠤᠭ ᠤᠨ ᠴᠢᠬᠤᠯᠠ ᠠᠷᠭ᠎ᠠ ᠵᠠᠮ ᠮᠥᠨ᠃ 12345 ᠬᠤᠲᠠ ᠶᠢᠨ | ᠠᠷᠠᠳ ᠤᠨ ᠦᠢᠯᠡᠴᠢᠯᠡᠭᠡᠨ ᠤ ᠬᠠᠯᠠᠮᠰᠢᠯ ᠤᠲᠠᠰᠤ ᠨᠢ ︽ᠲᠦᠷᠭᠡᠨ᠂ ᠣᠨᠣᠪᠴᠢᠲᠠᠶ᠂ ᠬᠦᠴᠦᠲᠡᠶ᠂ ᠯᠠᠪᠳᠠᠭᠤᠨ︾ | ᠬᠠᠲᠠᠭᠤ ᠠᠷᠭ᠎ᠠ ᠬᠡᠮᠵᠢᠶ᠎ᠡ ᠪᠠ ᠶᠡᠷᠦᠩᠬᠡᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠪᠢ ᠣᠯᠠᠨ ᠲᠦᠮᠡᠨ ᠳᠤ | ᠪᠣᠳᠠᠲᠠᠶ ᠠᠵᠢᠯ ᠬᠢᠵᠦ ᠥᠭᠬᠦ︾ ᠲᠠᠢ ᠤᠶᠠᠯᠳᠤᠭᠤᠯᠤᠨ ᠵᠥᠪᠯᠡᠯᠭᠡ ᠥᠭᠴᠦ ᠵᠠᠭᠠᠯᠳᠤᠬᠤ᠂ ᠰᠠᠯᠠᠭ᠎ᠠ ᠮᠥᠴᠢᠷ ᠲᠠᠢ | ᠬᠠᠷᠢᠯᠴᠠᠬᠤ᠂ ᠵᠥᠪ ᠲᠠᠯ᠎ᠠ ᠠᠴᠠ ᠬᠥᠲᠥᠯᠦᠨ ᠵᠢᠯᠣᠭᠤᠳᠬᠤ ᠵᠡᠷᠭᠡ ᠴᠢᠬᠤᠯᠠ ᠡᠭᠦᠷᠭᠡ ᠶᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠣᠯᠠᠨ ᠲᠦᠮᠡᠨ ᠤ ᠭᠤᠮᠣᠳᠠᠯ ᠲᠣᠭᠠᠴᠢᠬᠤ ᠠᠷᠭ᠎ᠠ ᠵᠠᠮ ᠢ ᠰᠠᠭᠠᠳ ᠥᠬᠡᠶ | ᠨᠡᠪᠲᠡᠷᠡᠭᠦᠯᠵᠦ᠂ ᠣᠯᠠᠨ ᠲᠦᠮᠡᠨ ᠤ ᠵᠥᠪᠯᠡᠯᠭᠡ ᠥᠭᠴᠦ ᠵᠠᠭᠠᠯᠳᠤᠬᠤ ᠶᠢ ᠰᠢᠢᠳᠪᠦᠷᠢᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠣᠯᠠᠨ ᠲᠦᠮᠡᠨ ᠤ ᠵᠦᠶ ᠵᠣᠬᠢᠰᠲᠠᠶ ᠭᠤᠮᠣᠳᠠᠯ ᠱᠠᠭᠠᠷᠳᠠᠯᠭ᠎ᠠ ᠶᠢ ᠴᠠᠭ ᠲᠤᠬᠠᠶ ᠳᠤᠨᠢ | ᠪᠦᠲᠦᠮᠵᠢᠲᠡᠶ ᠬᠠᠷᠢᠭᠤᠯᠬᠤ ᠪᠠ ᠲᠣᠬᠢᠲᠠᠶ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ |