ᠭᠤᠣᠯ ᠰᠡᠳᠦᠪ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ᠂ ᠠᠷᠠᠳ ᠣᠯᠠᠨ ᠤ ᠬᠡᠷᠡᠭᠯᠡᠭᠡᠨ ᠤ ᠠᠮᠤᠷ ᠳᠦᠪᠰᠢᠨ | ᠴᠠᠭ᠄ 2022 ᠣᠨ ᠤ 6 ᠰᠠᠷ᠎ᠠ ᠶᠢᠨ 29 ᠤ ᠡᠳᠦᠷ ᠤᠨ 09 ᠴᠠᠭ | ᠵᠣᠴᠢᠨ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠦᠦ ᡁᠢ ᠢᠩ | ᠲᠣᠪᠴᠢᠯᠠᠯ | | | | ᠡᠨᠡ ᠵᠢᠯ ᠠᠴᠠ ᠨᠠᠰᠢ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ | ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠶ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠳᠣᠤᠷ᠎ᠠ᠂ ᠣᠷᠣᠨ ᠨᠤᠲᠤᠭ ᠤᠨ ᠠᠵᠤ ᠠᠬᠤᠶ ᠳᠤ ᠦᠢᠯᠡᠴᠢᠯᠡᠬᠦ ᠪᠠᠷ ᠥᠪᠡᠷ ᠤᠨ ᠡᠭᠦᠷᠭᠡ ᠪᠠᠨ | ᠪᠣᠯᠭᠠᠵᠤ᠂ ︽ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ︾ | ᠠᠵᠢᠯ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠪᠥᠬᠦ | ᠲᠠᠯ᠎ᠠ ᠪᠠᠷ ᠭᠦᠢᠴᠡᠳᠭᠡᠵᠦ᠂ ᠡᠯ᠎ᠡ ᠵᠦᠢᠯ ᠤᠨ ᠠᠵᠢᠯ ᠳᠤ ᠵᠣᠬᠢᠬᠤ ᠦᠷ᠎ᠡ ᠪᠦᠲᠦᠮᠵᠢ ᠣᠯᠤᠭᠰᠠᠨ ᠪᠠᠶᠢᠨ᠎ᠠ᠃ | ᠬᠥᠲᠥᠯᠥᠭᠴᠢ᠄ ︽ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢᠨ ᠫᠷᠤᠭ᠍ᠷᠠᠮ ᠳᠤ ᠣᠯᠠᠨ ᠲᠠᠢ ᠠᠭᠤᠯᠵᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠂ ᠥᠨᠥᠳᠦᠷ ᠤᠨ | ᠰᠤᠷᠪᠤᠯᠵᠢᠯᠠᠭ᠎ᠠ ᠶᠢᠨ ᠭᠤᠤᠯ ᠰᠡᠳᠦᠪ ᠪᠣᠯ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠵᠦ᠂ ᠠᠷᠠᠳ ᠣᠯᠠᠨ ᠤ ᠬᠡᠷᠡᠭᠯᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ︾ | ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠪᠦᠦ ᡁᠢ ᠢᠩ ᠪᠣᠯ ᠫᠷᠤᠭ᠍ᠷᠠᠮ ᠤᠨ | ᠲᠤᠬᠠᠶ ᠶᠢᠨ ᠲᠠᠯᠠᠪᠠᠶ ᠳᠤ ᠤᠷᠢᠭᠳᠠᠨ ᠢᠷᠡᠭᠰᠡᠨ ᠵᠣᠴᠢᠨ ᠪᠣᠯᠤᠨ᠎ᠠ᠃ ᠪᠦᠦ ᠲᠣᠪᠴᠢᠶᠠᠨ ᠳᠠᠷᠤᠭ᠎ᠠ ᠲᠠ ᠰᠠᠶᠢᠨ ᠤᠤ᠂ | ᠲᠠ ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠳᠤ ᠬᠦᠷᠴᠦ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢ ᠬᠦᠯᠢᠶᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ | | ︽ᠪᠦᠦ ᡁᠢ ᠶᠢᠩ︾ ᠄ ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠤ ᠠᠨᠳᠠ ᠨᠠᠷ ᠰᠠᠶᠢᠨ | ᠪᠠᠶᠢᠨ᠎ᠠ ᠤᠤ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠤᠨ ᠰᠢᠭᠤᠳ ᠨᠡᠪᠲᠡᠷᠡᠭᠦᠯᠭᠡ ᠶᠢᠨ | ᠳᠠᠰᠤᠭ ᠲᠤ ᠢᠷᠡᠵᠤ᠂ ᠥᠷᠭᠡᠨ ᠤᠯᠠᠨ ᠰᠦᠯᠵᠢᠶᠡᠨ ᠠᠨᠳᠠ ᠲᠠᠢ ᠰᠠᠨᠠᠯ ᠢᠶᠠᠨ ᠰᠣᠯᠢᠯᠴᠠᠭᠰᠠᠨ ᠳᠠᠭᠠᠨ ᠮᠠᠰᠢ | ᠪᠠᠶᠠᠷᠲᠠᠢ ᠪᠠᠶᠢᠨ᠎ᠠ᠃ ᠪᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ | ᠲᠥᠯᠥᠭᠡᠯᠡᠵᠦ᠂ ᠮᠠᠨ ᠤ ᠲᠣᠪᠴᠢᠶ᠎ᠠ ᠶᠢᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠨᠠᠶᠢᠵᠠ ᠨᠠᠷ ᠲᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ᠂ ᠲᠠ ᠪᠦᠬᠦᠨ ᠳᠤ ᠲᠠᠯᠠᠷᠬᠠᠵᠤ ᠪᠠᠶᠢᠨ᠎ᠠ︕ | ︽ᠬᠥᠲᠥᠯᠥᠭᠴᠢ︾᠂ ᠪᠦᠦ ᠲᠣᠪᠴᠢᠶᠠᠨ ᠳᠠᠷᠤᠭ᠎ᠠ ᠳᠤ ᠲᠠᠯᠠᠷᠬᠠᠯ᠎ᠠ︕ ᠪᠦᠦ ᠲᠣᠪᠴᠢᠶᠠᠨ ᠳᠠᠷᠤᠭ᠎ᠠ | ᠣᠳᠣᠬᠠᠨ ᠤ ᠬᠤᠰᠢᠭᠤᠨ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯ ᠤᠨ | ᠬᠠᠷᠢᠭᠤᠴᠠᠯᠭ᠎ᠠ ᠶᠢ ᠲᠠᠨᠢᠯᠴᠠᠭᠤᠯᠤᠭᠠᠳ ᠥᠭᠭᠦᠨ᠎ᠡ ᠤᠤ︖ | ︽ᠪᠦᠦ ᡁᠢ ᠶᠢᠩ︾ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠰᠢᠨ᠎ᠡ | ᠨᠢᠭᠡ ᠡᠭᠡᠯᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠤᠮᠳᠠ ᠪᠠᠶᠢᠭᠤᠯᠤᠭᠰᠠᠨ ᠬᠤᠰᠢᠭᠤᠨ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠦᠶ᠋ᠯᠡᠳᠪᠦᠷᠢ ᠬᠤᠳᠠᠯᠳᠤᠭ᠎ᠠ᠂ ᠢᠳᠡᠭᠡᠨ ᠪᠠ ᠡᠮ᠂ ᠶᠠᠰᠤ | ᠴᠢᠨᠠᠷ ᠤᠨ ᠪᠠᠶᠢᠴᠠᠭᠠᠯᠲᠠ ᠵᠡᠷᠭᠡ ᠡᠭᠦᠷᠭᠡ ᠴᠢᠳᠠᠪᠤᠷᠢ ᠶᠢ ᠨᠢᠭᠡᠳᠬᠡᠵᠦ᠂ 2019 ᠣᠨ ᠳᠤ ᠪᠠᠶᠢᠭᠤᠯᠤᠭᠳᠠᠪᠠ᠃ | ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ | ᠪᠣᠯ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠨᠢᠭᠡᠳᠦᠯᠲᠡᠶ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ︔ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ | ᠬᠠᠷᠢᠭᠤᠴᠠᠨ᠎ᠠ︔ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠴᠤ᠂ ᠬᠡᠷᠡᠭᠯᠡᠭᠴᠢᠳ ᠤᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠬᠤ ᠬᠤᠷᠸ᠎ᠠ ᠶᠠᠰᠤ ᠴᠢᠨᠠᠷ᠂ ᠬᠡᠮᠵᠢᠯᠲᠡ ᠶᠢᠨ ᠬᠠᠮᠢᠶᠠᠷᠤᠯᠲᠠ᠂ ᠭᠡᠷᠡᠴᠢᠯᠡᠯ | ᠵᠥᠪᠰᠢᠶᠡᠷᠡᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠪᠠ ᠬᠠᠮᠠᠭᠠᠯᠠᠯᠲᠠ ᠶᠢᠨ | ᠠᠵᠢᠯ ᠢ ᠬᠠᠷᠢᠭᠤᠴᠠᠨ᠎ᠠ︔ ᠢᠳᠡᠭᠡᠨ᠂ ᠡᠮ ᠤᠨ ᠵᠦᠢᠯ᠂ ᠦᠢᠯᠡᠳᠬᠦᠨ ᠤ ᠶᠠᠰᠤ ᠴᠢᠨᠠᠷ᠂ ᠣᠨᠴᠠ ᠲᠥᠷᠥᠯ ᠤᠨ | ᠲᠤᠨᠤᠭ ᠲᠥᠬᠦᠭᠡᠷᠦᠮᠵᠢ ᠶᠢᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠪᠠᠶᠢᠭᠤᠯᠤᠭᠳᠠᠭᠰᠠᠨ ᠠᠴᠠ ᠨᠠᠰᠢ᠂ ᠪᠢᠳᠡ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠪᠴᠢᠶ᠎ᠠ ᠪᠣᠯᠤᠨ | ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ | ᠦᠢᠯᠡᠴᠢᠯᠡᠭᠡ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠠᠮᠤᠷ ᠲᠦᠪᠰᠢᠨ ᠢ ᠪᠠᠲᠤᠯᠠᠬᠤ ᠠᠵᠢᠯ ᠤᠨ | ᠬᠠᠷᠠᠯᠲᠠ ᠶᠢᠨ ᠲᠣᠭᠤᠷᠢᠨ ᠳᠤ᠂ ᠥᠭᠡᠷᠡᠴᠢᠯᠡᠯᠲᠡ ᠶᠢᠨ ᠠᠭᠤᠰᠤᠯᠴᠠᠯ ᠢ ᠲᠦᠷᠭᠡᠳᠬᠡᠵᠦ᠂ ᠬᠢᠨᠠᠯᠲᠠ | ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠡᠮᠦᠷ ᠴᠡᠷᠢᠭ ᠢ ᠴᠣᠭᠴᠠᠯᠠᠪᠠ᠃ | ︽ᠬᠥᠲᠥᠯᠥᠭᠴᠢ︾ ᠲᠠᠨ ᠤ ᠲᠠᠨᠢᠯᠴᠠᠭᠤᠯᠭ᠎ᠠ ᠶᠢ ᠰᠣᠨᠣᠰᠤᠭᠠᠳ᠂ ᠮᠠᠨ ᠤ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯ ᠢ ᠴᠡᠭ ᠣᠯᠠᠨ ᠬᠡᠪᠴᠢᠶ᠎ᠡ ᠥᠷᠭᠡᠨ᠂ ᠡᠭᠦᠷᠭᠡ ᠬᠦᠨᠳᠦ᠂ | ᠳᠠᠷᠤᠯᠲᠠ ᠶᠡᠭᠡ ᠭᠡᠵᠦ ᠬᠡᠯᠡᠵᠦ ᠪᠣᠯᠤᠨ᠎ᠠ ᠭᠡᠳᠡᠭ ᠢ ᠣᠶᠢᠯᠠᠭᠠᠭᠰᠠᠨ ᠪᠠᠶᠢᠨ᠎ᠠ᠂ ᠲᠡᠭᠡᠪᠡᠯ ᠡᠨᠡ ᠵᠢᠯ ᠪᠢᠳᠡ | ᠭᠤᠤᠯᠳᠠᠭᠤ ᠶᠠᠮᠠᠷ ᠶᠠᠮᠠᠷ ᠠᠵᠢᠯ ᠤᠨ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠪᠣᠶ︖ | ︽ᠪᠦᠦ ᡁᠢ ᠶᠢᠩ︾ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠬᠤ ᠪᠠᠷ ᠪᠠᠷᠠᠬᠤ ᠥᠬᠡᠶ ᠪᠠᠰᠠ ᠦᠢᠯᠡᠴᠢᠯᠡᠭᠡᠨ ᠤ ᠰᠠᠯᠠᠭ᠎ᠠ | ᠮᠥᠴᠢᠷ ᠪᠣᠯᠤᠨ᠎ᠠ᠂ ᠡᠨᠡ ᠵᠢᠯ ᠪᠢᠳᠡ ᠦᠷᠭᠦᠯᠵᠢᠯᠡᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡ ᠶᠢ ᠨᠢᠭᠡᠳᠦᠯᠲᠡᠶ | ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠵᠠᠬ᠎ᠠ ᠳᠡᠯᠭᠡᠭᠦᠷ ᠤᠨ ᠣᠷᠴᠢᠨ | ᠲᠣᠭᠤᠷᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠨᠡᠶᠢᠭᠡᠮ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ | ᠪᠠᠲᠤᠯᠠᠨ᠎ᠠ᠂ ᠪᠢᠳᠡ ᠳᠣᠤᠷᠠᠬᠢ ᠬᠡᠳᠦᠨ ᠲᠠᠯ᠎ᠠ ᠪᠠᠷ ᠭᠤᠤᠯᠳᠠᠯᠭ᠎ᠠ ᠲᠠᠢ ᠬᠦᠴᠦᠯᠡᠨ᠎ᠡ᠄ ᠨᠢᠭᠡ ᠳᠤ ᠬᠥᠭᠵᠢᠯᠲᠡ ᠶᠢᠨ | ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠥᠬᠦ | ᠲᠠᠯ᠎ᠠ ᠪᠠᠷ ᠰᠢᠯᠢᠳᠡᠭᠵᠢᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ︽ᠡᠵᠡᠩᠨᠡᠬᠦ ᠶᠢ ᠵᠥᠪᠰᠢᠶᠡᠷᠡᠬᠦ ᠳᠤ | ᠬᠦᠴᠢᠷ᠂ ᠤᠬᠤᠷᠢᠨ ᠭᠠᠷᠬᠤ ᠳᠤ ᠬᠦᠴᠢᠷ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠷᠬᠡ | ᠬᠠᠷᠢᠭᠤᠴᠠᠯᠭ᠎ᠠ ᠲᠣᠳᠣᠷᠬᠠᠶ᠂ ᠢᠯᠡ ᠲᠣᠳᠣ᠂ ᠳᠥᠭᠦᠮ ᠳᠥᠲᠡ ᠥᠨᠳᠥᠷ ᠪᠦᠲᠦᠮᠵᠢᠲᠡᠶ ᠤᠴᠢᠷ ᠶᠠᠪᠤᠳᠠᠯ ᠤᠨ | ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠳᠤ ᠨᠠᠩ ᠵᠢᠷᠤᠮᠵᠢᠯ ᠲᠠᠢ᠂ ᠳᠥᠭᠦᠮ ᠳᠥᠲᠡ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠬᠠᠩᠭᠠᠨ᠎ᠠ᠃ ᠬᠤᠶᠠᠷ ᠲᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠳᠠ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠵᠢᠯ ᠤᠨ ᠡᠬᠢ ᠪᠠᠷ᠂ ᠮᠠᠨ ᠤ ᠳᠤᠪᠴᠢᠶ᠎ᠡ | ᠪᠠᠶᠢᠭᠤᠯᠭ᠎ᠠ ᠶᠢᠨ ᠬᠤᠪᠢ ᠣᠷᠣᠭᠤᠯᠤᠭᠰᠠᠨ ᠲᠠᠰᠤᠭ᠂ ᠦᠨᠳᠦᠰᠦᠨ ᠱᠠᠲᠤᠨ ᠤ ᠬᠢᠨᠠᠨ ᠬᠠᠮᠢᠶᠠᠷᠬᠤ ᠭᠠᠵᠠᠷ᠂ | ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠶᠡᠭᠡ ᠠᠩᠬᠢ ᠶᠢᠨ ᠲᠤᠬᠠᠶᠢᠯᠠᠭᠰᠠᠨ ᠠᠵᠢᠯ ᠤᠨ ᠭᠤᠣᠯᠯᠠᠭᠴᠢ | ᠬᠦᠴᠦᠨ ᠢ 9 ᠳᠤᠭᠤᠶᠢᠯᠠᠩ ᠬᠤᠪᠢᠶᠠᠨ ᠪᠦᠬᠦ ᠬᠤᠳᠠ ᠶᠢᠨ ᠬᠡᠪᠴᠢᠶᠡᠨ ᠳᠤ ᠬᠤᠳᠠ ᠪᠠᠶᠢᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠡᠩ ᠲᠡᠷᠢᠭᠦᠨ ᠳᠤ ᠬᠢᠵᠦ᠂ ᠰᠲ᠋ᠣᠺ᠂ ᠭᠠᠵᠠᠷ᠂ ᠠᠩᠬᠢ ᠬᠠᠮᠵᠢᠯᠴᠠᠬᠤ᠂ | ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠬᠤ ᠠᠷᠭ᠎ᠠ ᠶᠢ ᠠᠪᠴᠤ᠂ ᠬᠥᠮᠦᠨ ᠢ ᠲᠣᠭᠲᠠᠭᠠᠵᠤ᠂ ᠴᠠᠭ | ᠲᠣᠭᠲᠠᠭᠠᠵᠤ᠂ ᠣᠷᠣᠨ ᠪᠦᠰᠡ ᠶᠢ ᠲᠣᠭᠲᠠᠭᠠᠨ ᠴᠡᠭᠴᠡᠯᠡᠨ ᠵᠢᠷᠤᠮᠵᠢᠭᠤᠯᠵᠤ᠂ ᠱᠠᠳᠤ ᠱᠠᠳᠤ ᠪᠠᠷ ᠳᠠᠷᠤᠯᠲᠠ ᠪᠠ | ᠬᠠᠷᠢᠭᠤᠴᠠᠯᠭ᠎ᠠ ᠶᠢ ᠳᠠᠮᠵᠢᠭᠤᠯᠪᠠ᠃ ᠬᠠᠮᠤᠭ ᠤᠨ ᠴᠢᠩᠭ᠎ᠠ ᠪᠠᠷᠢᠮᠵᠢᠶ᠎ᠠ ᠪᠠᠷ ᠬᠤᠲᠠ ᠶᠢ ᠴᠣᠭᠴᠠᠯᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠬᠤᠰᠢᠭᠤᠨ ᠤ ᠠᠷᠠᠳ | ᠤᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠤᠳᠠᠳᠠᠢ ᠪᠠᠲᠤᠯᠠᠨ᠎ᠠ᠃ ᠭᠤᠷᠪᠠ ᠳᠤ ᠬᠤᠰᠢᠭᠤ ᠪᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠲᠥᠷᠥᠯ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠮᠠᠨ ᠤ ᠬᠤᠰᠢᠭᠤᠨ ᠤ ᠴᠠᠭᠠᠨ ᠢᠳᠡᠭᠡᠨ ᠤ ᠠᠵᠤ ᠦᠢᠯᠡᠰ ᠨᠢᠭᠡᠨᠲᠡ | ᠣᠯᠠᠨ ᠵᠢᠯ ᠤᠨ ᠲᠡᠤᠬᠡ ᠶᠢᠨ ᠤᠯᠠᠮᠵᠢᠯᠠᠯ ᠲᠠᠢ ᠪᠣᠯᠵᠣ᠂ ᠡᠯᠪᠡᠭ ᠪᠠᠶᠠᠯᠢᠭ ᠦᠢᠯᠡᠳᠭᠡᠯ ᠤᠨ ᠦᠢᠯᠡᠳᠤᠯᠭᠡ ᠶᠢᠨ | ᠲᠤᠷᠰᠢᠯᠭ᠎ᠠ ᠬᠤᠷᠠᠮᠳᠤᠭᠤᠯᠵᠤ᠂ ᠨᠢᠭᠡᠨᠲᠡ ᠲᠤᠬᠠᠶ ᠶᠢᠨ ᠭᠠᠵᠠᠷ ᠤᠨ ᠣᠯᠠᠨ ᠲᠦᠮᠡᠨ ᠤ ᠬᠤᠭᠤᠯᠠ ᠤᠮᠳᠠ ᠶᠢᠨ | ᠳᠤᠲᠠᠭᠳᠠᠵᠤ ᠪᠣᠯᠤᠰᠢ ᠥᠬᠡᠶ ᠨᠢᠭᠡ ᠬᠡᠰᠡᠭ ᠪᠣᠯᠤᠭᠰᠠᠨ ᠪᠠᠶᠢᠨ᠎ᠠ᠃ ᠣᠳᠣᠬᠠᠨ ᠳᠤ ᠬᠤᠷᠤᠳ᠂ ᠦᠷᠤᠮ᠎ᠡ᠂ | ᠪᠢᠰᠢᠯᠠᠭ᠂ ᠰᠢᠷ᠎ᠠ ᠲᠣᠰᠣ᠂ ᠵᠦᠬᠡᠢ᠂ ᠲᠦᠳᠡ᠂ ᠪᠢᠰᠢᠯᠠᠭ ᠵᠡᠷᠭᠡ 30 ᠭᠠᠷᠤᠶ ᠵᠦᠢᠯ ᠤᠨ ᠤᠯᠠᠮᠵᠢᠯᠠᠯᠲᠤ ᠲᠦᠷᠦᠯ | ᠵᠦᠢᠯ ᠢ ᠪᠤᠶᠢᠵᠢᠭᠤᠯᠵᠠᠶ᠃ ᠣᠳᠣᠬᠠᠨ ᠳᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠡᠯ᠎ᠡ | ᠱᠠᠲᠤᠨ ᠤ ᠬᠢᠨ ᠴᠥᠮ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠢᠯ ᠢᠶᠠᠷ ᠴᠢᠬᠤᠯᠠᠴᠢᠯᠠᠵᠤ᠂ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠭᠠᠵᠠᠷ | ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠪᠠ ᠪᠥᠬᠦ ᠲᠠᠯ᠎ᠠ ᠶᠢᠨ | ᠦᠨᠳᠦᠷᠴᠡ ᠠᠴᠠ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠯᠢ ᠣᠯᠠᠨ ᠠᠰᠢᠭᠲᠠᠶ ᠲᠥᠷᠥ ᠶᠢᠨ | ᠪᠣᠳᠣᠯᠭ᠎ᠠ ᠶᠢ ᠳᠤᠷᠠᠳᠤᠨ ᠭᠠᠷᠭᠠᠵᠤ᠂ ᠪᠢᠳᠡᠨ ᠤ ᠴᠠᠭᠠᠨ ᠢᠳᠡᠭᠡᠨ ᠤ ᠠᠵᠤ ᠦᠢᠯᠡᠰ ᠢ ᠲᠦᠷᠭᠡᠳᠬᠡᠨ | ᠠᠬᠢᠭᠤᠯᠬᠤ ᠳᠤ ᠲᠦᠢᠯ ᠤᠨ ᠬᠤᠪᠣᠷ ᠨᠠᠨᠳᠢᠨ ᠠᠵᠠ ᠲᠣᠬᠢᠶᠠᠯ ᠪᠠ ᠠᠰᠢᠭᠲᠠᠶ ᠨᠥᠬᠦᠴᠡᠯ ᠢ ᠡᠭᠦᠳᠴᠦ ᠥᠭᠭᠦᠭᠰᠡᠨ | ᠪᠠᠶᠢᠨ᠎ᠠ᠃ ᠰᠦ ᠶᠢᠨ ᠦᠢᠯᠡᠰ ᠢ ᠴᠢᠬᠤᠯᠠ ᠤᠨᠴᠠᠯᠢᠭᠳᠤ ᠠᠷᠠᠳ ᠢ ᠪᠠᠶᠠᠵᠢᠭᠤᠯᠬᠤ ᠭᠤᠣᠯᠯᠠᠭᠴᠢ ᠠᠵᠤ | ᠦᠢᠯᠡᠰ ᠢᠶᠠᠷ ᠭᠤᠣᠯᠳᠠᠯᠭ᠎ᠠ ᠲᠠᠢ ᠪᠤᠶᠢᠵᠢᠭᠤᠯᠬᠤ ᠪᠠᠷ ᠲᠣᠭᠲᠠᠭᠠᠵᠤ᠂ ᠳᠠᠷᠢᠵᠤ ᠲᠡᠵᠢᠭᠡᠬᠦ ᠨᠡᠮᠡᠵᠦ ᠪᠣᠷᠣᠯᠠᠭᠤᠯᠬᠤ ᠶᠢ | ᠨᠢᠭᠡ ᠴᠤᠭᠴᠠᠵᠢᠭᠤᠯᠤᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠠᠴᠠ ᠪᠣᠳᠣᠯᠬᠢᠯᠠᠵᠤ᠂ ︽ | ᠲᠠᠪᠤ ᠶᠢ ᠨᠢᠭᠡ ᠴᠤᠭᠴᠠᠵᠢᠭᠤᠯᠬᠤ︾ ︵ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ᠂ ᠪᠦᠲᠦᠭᠡᠭᠳᠡᠬᠦᠨ | ᠡᠳ᠋ᠰᠢᠭᠦᠯᠬᠦ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ᠂ ᠨᠡᠷᠡᠲᠦ ᠲᠡᠮᠳᠡᠭᠲᠦ ᠶᠢᠨ ᠴᠣᠭᠴᠠᠯᠠᠯᠲᠠ᠂ | ᠰᠣᠶᠣᠯ ᠤᠨ ᠵᠢᠭᠤᠯᠴᠢᠯᠠᠯ︶ ᠬᠥᠭᠵᠢᠯᠲᠡ ᠶᠢᠨ ᠰᠡᠳᠬᠢᠴᠡ ᠶᠢ ᠲᠣᠭᠲᠠᠭᠠᠵᠤ᠂ ᠣᠷᠣᠨ ᠪᠠᠶᠢᠷᠢ ᠪᠠᠨ ᠣᠨᠣᠪᠴᠢᠲᠠᠶ | ᠲᠣᠭᠲᠠᠭᠠᠵᠤ᠂ ᠠᠯᠤᠰ ᠬᠡᠳᠦ ᠶᠢᠨ ᠠᠷᠭ᠎ᠠ ᠪᠣᠳᠣᠯᠭ᠎ᠠ᠂ ᠲᠤᠰᠬᠠᠶ ᠠᠵᠢᠯ ᠤᠨ ᠪᠠᠶᠢᠭᠤᠯᠤᠮᠵᠢ ᠶᠢ ᠤᠷᠢᠵᠤ᠂ | ᠰᠦ ᠶᠢᠨ ᠦᠢᠯᠡᠰ ᠢ ᠬᠥᠭᠵᠢᠭᠦᠯᠬᠦ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠠᠭᠠᠨ | ᠢᠳᠡᠭᠡᠨ ᠢ ᠤᠨᠴᠠᠯᠢᠭᠳᠤ ᠳᠠᠪᠠᠭᠤᠯᠢᠭ ᠭᠤᠭᠴᠤᠭ᠎ᠠ ᠪᠣᠯᠭᠠᠨ ᠭᠤᠤᠯᠳᠠᠯᠭ᠎ᠠ ᠲᠠᠢ ᠪᠣᠶ ᠪᠣᠯᠭᠠᠵᠤ᠂ ᠠᠵᠤ | ᠦᠢᠯᠡᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠭᠠᠵᠠᠷ ᠣᠷᠣᠨ ᠤ ᠭᠤᠤᠯᠯᠠᠬᠤ ᠥᠷᠢᠰᠦᠯᠳᠦᠬᠦ ᠬᠦᠴᠦᠨ ᠢ | ᠴᠢᠩᠭᠠᠷᠠᠭᠤᠯᠵᠤ᠂ 2025 ᠣᠨ ᠪᠣᠯᠬᠤ ᠳᠤ᠂ ︽ᠲᠤᠯᠤᠭᠠᠨ ᠨᠢᠭᠡᠳᠦᠯᠲᠡᠶ︾ ᠴᠠᠭᠠᠨ ᠢᠳᠡᠭᠡᠨ ᠤ ᠠᠵᠤ | ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠨᠢᠭᠡᠳᠦᠯᠲᠡᠶ ᠣᠷᠣᠨ ᠪᠦᠰᠡ ᠶᠢᠨ ᠣᠯᠠᠨ ᠨᠡᠶᠢᠲᠡ ᠶᠢᠨ | ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ᠂ ᠪᠠᠷᠢᠮᠵᠢᠶᠠᠵᠢᠭᠤᠯᠤᠨ ᠡᠳ᠋ᠰᠢᠭᠦᠯᠬᠦ ᠠᠵᠤ ᠠᠬᠤᠶᠢᠯᠠᠯ ᠢ | 10 ᠳᠤ ᠬᠦᠷᠦᠭᠦᠯᠵᠦ᠂ ᠪᠠᠷᠢᠮᠵᠢᠶᠠᠵᠢᠭᠤᠯᠤᠭᠰᠠᠨ ᠦᠢᠯᠡᠳᠭᠡᠯ ᠤᠨ ᠭᠠᠵᠠᠷ ᠢ 40 ᠳᠤ ᠬᠦᠷᠦᠭᠦᠯᠵᠦ᠂ ᠴᠠᠭᠠᠨ | ᠢᠳᠡᠭᠡᠨ ᠤ ᠡᠳ᠋ᠰᠢᠭᠦᠯᠦᠭᠰᠡᠨ ᠭᠠᠷᠤᠯᠲᠠ ᠶᠢᠨ ᠬᠡᠮᠵᠢᠶ᠎ᠡ ᠶᠢ 10000 ᠲᠣᠨ ᠳᠤ ᠬᠦᠷᠦᠭᠦᠯᠵᠦ᠂ ᠴᠠᠭᠠᠨ | ᠢᠳᠡᠭᠡᠨ ᠤ ᠲᠥᠷᠥᠯ ᠵᠦᠢᠯ ᠢ 100 ᠭᠠᠷᠤᠶ ᠵᠦᠢᠯ ᠳᠤ ᠬᠦᠷᠦᠭᠦᠯᠬᠦ ᠪᠠᠷ ᠴᠢᠷᠮᠠᠶᠢᠨ᠎ᠠ᠃ ᠲᠦᠷᠪᠡ ᠳᠤ᠂ ᠬᠦᠨᠳᠦ | ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠦᠷᠪᠡᠨ ᠶᠡᠭᠡ ᠠᠮᠤᠷ | ᠲᠦᠪᠰᠢᠨ︾ ᠤ ᠬᠤᠷᠢᠭ᠎ᠠ ᠱᠤᠭᠤᠮ ᠢ ᠪᠠᠲᠤ ᠴᠣᠭᠴᠠᠯᠠᠨ᠎ᠠ᠃ ᠢᠳᠡᠭᠡᠨ᠂ ᠡᠮ ᠤᠨ ᠵᠦᠢᠯ᠂ ᠣᠨᠴᠠ ᠲᠥᠷᠥᠯ ᠤᠨ | ᠲᠥᠬᠦᠭᠡᠷᠦᠮᠵᠢ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ | ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠳᠠᠬᠢ ᠢᠳᠡᠭᠡᠨ ᠤ ᠦᠢᠯᠡᠳᠪᠦᠷᠢᠯᠡᠯ | ᠡᠵᠡᠩᠨᠡᠯᠲᠡ ᠶᠢᠨ ᠭᠤᠤᠯ ᠴᠣᠭᠴᠠ ᠳᠤ ᠪᠦᠬᠦᠨ ᠢ ᠬᠠᠮᠤᠷᠤᠭᠰᠠᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ | ᠡᠮ ᠤᠨ ᠵᠦᠢᠯ ᠪᠠ ᠭᠤᠤᠯᠳᠠᠯᠭ᠎ᠠ ᠲᠠᠢ ᠦᠢᠯᠡᠳᠭᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠠᠷᠠᠳ ᠤᠨ ᠠᠮᠢᠳᠤᠷᠠᠯ ᠤᠨ ᠡᠷᠡᠭᠦᠯ ᠮᠡᠨᠳᠦ | ᠠᠮᠤᠷ ᠲᠦᠪᠰᠢᠨ ᠤ ᠲᠥᠷᠥᠯ᠂ ᠭᠤᠤᠯᠳᠠᠯᠭ᠎ᠠ ᠲᠠᠢ ᠦᠢᠯᠡᠳᠭᠦᠨ ᠤ ᠶᠠᠰᠤ ᠴᠢᠨᠠᠷ ᠢ ᠬᠠᠮᠢᠶᠠᠷᠤᠨ ᠡᠵᠡᠮᠳᠡᠬᠦ ᠶᠢ | ᠴᠢᠩᠭᠠᠳᠬᠠᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠠᠪᠤ ᠳᠤ ᠭᠤᠣᠯᠴᠢ ᠥᠷᠢᠰᠥᠯᠳᠦᠭᠡᠨ ᠳᠤ | ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠦᠬᠦ ᠲᠠᠯ᠎ᠠ ᠪᠠᠷ ᠵᠢᠷᠤᠮᠵᠢᠭᠤᠯᠤᠨ᠎ᠠ | ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠬᠦ | ᠡᠷᠴᠢᠮ ᠢ ᠴᠢᠩᠭᠠᠷᠠᠭᠤᠯᠵᠤ᠂ ᠬᠤᠳᠠᠯ ᠬᠠᠭᠤᠷᠮᠠᠭ ᠤᠬᠠᠭᠤᠯᠭ᠎ᠠ᠂ ᠬᠤᠳᠠᠯ ᠬᠠᠭᠤᠷᠮᠠᠭ ᠴᠢᠨᠠᠷ ᠮᠠᠭᠤ᠂ | ᠰᠦᠯᠵᠢᠶ᠎ᠡ ᠪᠠᠷ ᠳᠠᠮᠵᠢᠭᠤᠯᠤᠨ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠦᠨ᠎ᠡ ᠬᠠᠩᠰᠢ ᠶᠢᠨ ᠡᠮᠬᠢ ᠵᠢᠷᠤᠮ᠂ ᠵᠠᠷ | ᠮᠡᠳᠡᠭᠡ ᠨᠡᠶᠢᠲᠡᠯᠡᠬᠦ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠬᠤ ᠵᠡᠷᠭᠡ ᠬᠦᠷᠢᠶ᠎ᠡ ᠴᠠᠷᠠᠭ᠎ᠠ ᠶᠢᠨ | ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠥᠬᠦ ᠲᠠᠯ᠎ᠠ ᠪᠠᠷ | ᠴᠡᠪᠡᠷᠰᠢᠭᠦᠯᠦᠨ᠎ᠡ᠃ ᠵᠢᠷᠭᠤᠭ᠎ᠠ ᠳᠤ ᠠᠷᠠᠳ ᠤᠨ ᠠᠮᠢᠳᠤᠷᠠᠯ ᠤᠨ ᠬᠠᠯᠠᠭᠤᠨ ᠴᠡᠭ ᠲᠤ ᠠᠩᠬᠠᠷᠤᠯ ᠢᠶᠠᠨ | ᠲᠥᠪᠯᠡᠷᠡᠭᠦᠯᠵᠦ᠂ ᠬᠠᠤᠯᠢ ᠬᠡᠷᠡᠭᠵᠢᠭᠦᠯᠦᠯᠲᠡ ᠶᠢᠨ ᠰᠦᠷᠳᠡᠭᠦᠯᠬᠦ ᠦᠢᠯᠡᠳᠦᠯ ᠢ ᠴᠢᠩᠭᠠᠳᠬᠠᠪᠠ᠃ ᠠᠷᠠᠳ ᠤᠨ | ᠬᠦᠰᠡᠯ ᠡᠷᠡᠮᠡᠯᠵᠡᠯ ᠲᠠᠢ᠂ ᠬᠤᠣᠷ ᠬᠥᠨᠥᠭᠡᠯ ᠢᠶᠠᠷ ᠨᠡᠯᠢᠶᠡᠳ ᠶᠡᠭᠡ ᠭᠤᠣᠯᠳᠠᠯᠭ᠎ᠠ ᠲᠠᠢ ᠬᠦᠷᠢᠶ᠎ᠡ ᠲᠠᠢ | ᠤᠶᠠᠯᠳᠤᠭᠤᠯᠤᠨ᠂ ᠬᠠᠤᠯᠢ ᠬᠡᠷᠡᠭᠵᠢᠭᠦᠯᠬᠦ ᠡᠬᠢ ᠪᠠᠶᠠᠯᠢᠭ ᠢ ᠲᠥᠪᠯᠡᠷᠡᠭᠦᠯᠦᠨ ᠴᠢᠩᠭ᠎ᠠ ᠪᠠᠷ ᠰᠢᠢᠳᠭᠡᠵᠤ | ᠬᠦᠨᠳᠦ ᠪᠠᠷ ᠰᠢᠢᠳᠭᠡᠵᠤ ᠂ ᠨᠢᠭᠡ ᠪᠦᠯᠦᠭ ᠭᠤᠣᠯᠳᠠᠯᠭ᠎ᠠ ᠲᠠᠢ ᠬᠡᠷᠡᠭ ᠢ ᠠᠶᠤᠩᠭ᠎ᠠ ᠨᠢᠵᠢᠭᠢᠨᠡᠬᠦ ᠪᠠᠶᠢᠳᠠᠯ ᠢᠶᠠᠷ | ᠪᠠᠶᠢᠴᠠᠭᠠᠨ ᠰᠢᠢᠳᠪᠦᠷᠢᠯᠡᠵᠤ᠂ ᠨᠢᠭᠡ ᠪᠦᠯᠦᠭ ᠬᠠᠤᠯᠢ ᠶᠢ ᠵᠥᠷᠢᠴᠡᠭᠰᠡᠨ ᠪᠡᠶᠡᠴᠢ ᠴᠣᠭᠴᠠ ᠶᠢ ᠴᠢᠩᠭ᠎ᠠ ᠰᠢᠢᠳᠭᠡᠵᠤ | ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠪᠡ᠃ ᠲᠤᠯᠤᠭ᠎ᠠ ᠳᠤ᠂ ᠬᠡᠷᠡᠭᠯᠡᠭᠡᠨ ᠤ ᠡᠷᠬᠡ ᠶᠢ | ᠬᠠᠮᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠶᠣᠰᠣᠨ ᠤ ᠡᠷᠬᠡ ᠠᠰᠢᠭ ᠢ ᠪᠦᠬᠦ ᠰᠠᠨᠠᠭ᠎ᠠ ᠠᠮᠤᠷ | ᠬᠡᠷᠡᠭᠯᠡᠭᠡ ᠶᠢ ᠡᠭᠦᠳᠦᠨ ᠪᠠᠶᠢᠭᠤᠯᠬᠤ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠠᠨᠠᠭ᠎ᠠ ᠠᠮᠤᠷ | ᠬᠡᠷᠡᠭᠯᠡᠭᠡ ᠶᠢᠨ ᠨᠢᠭᠡ ᠪᠦᠯᠦᠭ ᠵᠢᠱᠢᠶ᠎ᠡ ᠦᠵᠡᠭᠦᠯᠬᠦ ᠨᠢᠭᠡᠴᠡ ᠶᠢ ᠪᠤᠶᠢᠵᠢᠭᠤᠯᠤᠨ ᠬᠥᠭᠵᠢᠭᠦᠯᠵᠦ᠂ ᠵᠠᠭᠠᠯᠳᠤᠵᠤ | ᠢᠯᠡᠴᠢᠯᠡᠨ ᠮᠡᠳᠡᠭᠦᠯᠬᠦ ᠠᠵᠢᠯ ᠢ ᠰᠢᠢᠳᠪᠦᠷᠢᠯᠡᠬᠦ ᠪᠠᠷᠢᠮᠵᠢᠶ᠎ᠠ ᠶᠢᠨ ᠰᠢᠰᠲ᠋ᠧᠮᠵᠢ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠬᠡᠷᠡᠭᠯᠡᠭᠡ ᠶᠢᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢᠨ | ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠬᠡᠷᠡᠭᠯᠡᠭᠡ ᠶᠢᠨ ᠡᠷᠬᠡ ᠪᠠᠨ ᠬᠠᠮᠠᠭᠠᠯᠠᠵᠤ ᠬᠠᠮᠲᠤᠪᠠᠷ ᠵᠠᠰᠠᠬᠤ ᠪᠠᠶᠢᠷᠢᠰᠢᠯ ᠢ | ᠪᠠᠶᠢᠭᠤᠯᠤᠨ᠎ᠠ᠃ | 【 ᠬᠥᠲᠥᠯᠥᠭᠴᠢ 】 ᠣᠳᠣᠬᠠᠨ ᠳᠤ ᠬᠢᠵᠢᠭ ᠤᠨ ᠪᠠᠶᠢᠳᠠᠯ ᠮᠠᠰᠢ ᠨᠠᠷᠢᠨ ᠪᠤᠳᠤᠯᠢᠶᠠᠨᠲᠠᠶ ᠪᠠᠶᠢᠨ᠎ᠠ᠂ ᠬᠢᠵᠢᠭ ᠢ | ᠰᠡᠷᠭᠡᠶᠢᠯᠡᠨ ᠬᠢᠵᠠᠭᠠᠷᠯᠠᠬᠤ ᠵᠠᠩᠭᠢᠯᠠᠭ᠎ᠠ ᠶᠢᠨ ᠬᠤᠭᠤᠴᠠᠭᠠᠨ ᠳᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠰᠢᠨᠵᠢᠯᠡᠬᠦ ᠤᠬᠠᠭᠠᠨᠴᠢ᠂ ᠵᠢᠷᠤᠮᠵᠢᠭᠤᠨ᠂ ᠡᠮᠬᠢ ᠵᠢᠷᠤᠮ ᠲᠠᠢ ᠥᠷᠨᠢᠭᠦᠯᠵᠦ᠂ ᠬᠢᠵᠢᠭ ᠢ ᠰᠡᠷᠭᠡᠶᠢᠯᠡᠬᠦ ᠪᠠ ᠪᠠᠴᠢᠮ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠬᠤᠭᠤᠴᠠᠭᠠᠨ ᠳᠤ ᠡᠮ ᠤᠨ ᠵᠦᠢᠯᠡᠰ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠳᠤ ᠶᠠᠮᠠᠷ ᠶᠠᠮᠠᠷ ᠬᠢᠨᠠᠨ | ᠬᠠᠮᠢᠶᠠᠷᠬᠤ ᠠᠷᠭ᠎ᠠ ᠬᠡᠮᠵᠢᠶ᠎ᠡ ᠪᠠ ᠠᠵᠢᠯ ᠤᠨ ᠱᠠᠭᠠᠷᠳᠠᠯᠭ᠎ᠠ ᠠᠪᠤᠭᠰᠠᠨ ᠪᠣᠶ︖ | ︽ᠪᠦᠦ ᡁᠢ ᠶᠢᠩ︾ ᠡᠮ ᠤᠨ ᠵᠦᠢᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠮ ᠤᠨ ᠵᠦᠢᠯ ᠢ ᠵᠢᠵᠢᠭᠯᠡᠨ ᠬᠤᠳᠠᠯᠳᠤᠬᠤ | ᠠᠵᠤ ᠠᠬᠤᠶᠢᠯᠠᠯ ᠤᠨ ᠬᠠᠷᠠᠭᠤᠯ ᠤᠨ ᠴᠡᠭ ᠤᠨ ᠦᠢᠯᠡᠳᠤᠯ ᠢ ᠭᠦᠢᠴᠡᠳ ᠪᠠᠳᠠᠷᠠᠭᠤᠯᠤᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠢ | ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠮᠠᠨ ᠤ ᠲᠣᠪᠴᠢᠶ᠎ᠠ ᠰᠠᠯᠠᠭ᠎ᠠ ᠮᠥᠴᠢᠷ ᠤᠨ ᠬᠢᠨᠠᠨ | ᠬᠠᠮᠢᠶᠠᠷᠬᠤ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ | ᠬᠢᠵᠠᠭᠠᠷᠯᠠᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ᠨᠢᠭᠡ ᠳᠤ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠭᠤᠣᠯᠳᠠᠯᠭ᠎ᠠ ᠲᠠᠢ ᠦᠢᠯᠡᠳᠬᠦᠨ ᠪᠠ ᠭᠤᠣᠯᠳᠠᠯᠭ᠎ᠠ ᠲᠠᠢ ᠵᠠᠩᠭᠢᠯᠠᠭ᠎ᠠ ᠶᠢᠨ ᠬᠢᠨᠠᠯᠲᠠ | ᠪᠠᠶᠢᠴᠠᠭᠠᠯᠲᠠ ᠶᠢ ᠲᠤᠪᠤᠶᠢᠯᠭᠠᠪᠠ᠃ ᠡᠮ ᠤᠨ ᠵᠦᠢᠯ ᠪᠠ ᠡᠮᠨᠡᠯᠭᠡ ᠳᠤ ᠬᠡᠷᠡᠭᠯᠡᠬᠦ ᠠᠮᠠᠪᠴᠢ᠂ ᠬᠠᠮᠠᠭᠠᠯᠠᠯᠲᠠ ᠶᠢᠨ | ᠬᠤᠪᠴᠠᠰᠤ᠂ ᠳᠤᠯᠠᠭᠠᠨ ᠤ ᠬᠡᠮᠵᠢᠭᠦᠷ ᠵᠡᠷᠭᠡ ᠪᠦᠲᠦᠭᠡᠭᠳᠡᠬᠦᠨ ᠤ ᠪᠠᠷᠠᠭ᠎ᠠ ᠣᠷᠣᠭᠤᠯᠬᠤ ᠶᠢ ᠰᠡᠷᠭᠡᠶᠢᠯᠡᠨ ᠡᠵᠡᠮᠳᠡᠬᠦ | ᠠᠷᠭ᠎ᠠ ᠵᠠᠮ ᠵᠢᠴᠢ ᠪᠦᠲᠦᠭᠡᠭᠳᠡᠬᠦᠨ ᠤ ᠬᠠᠤᠯᠢ ᠶᠣᠰᠣᠨ ᠤ ᠴᠢᠨᠠᠷ ᠤᠨ ᠪᠠᠶᠢᠴᠠᠭᠠᠯᠲᠠ ᠶᠢ ᠴᠢᠨᠠᠭᠰᠢᠳᠠ | ᠴᠢᠩᠭᠠᠳᠬᠠᠵᠤ᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠪᠥᠭᠡᠮ ᠢᠶᠠᠷ ᠬᠤᠳᠠᠯᠳᠤᠬᠤ᠂ ᠵᠢᠵᠢᠭᠯᠡᠨ | ᠬᠤᠳᠠᠯᠳᠤᠬᠤ ᠠᠵᠤ ᠠᠬᠤᠶᠢᠯᠠᠯ ᠪᠣᠯᠤᠨ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ | ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ᠂ ᠦᠶ᠋ᠯᠡᠳᠬᠦᠨ ᠤ ᠶᠠᠰᠤ ᠴᠢᠨᠠᠷ ᠢ | ᠨᠡᠬᠡᠮᠵᠢᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ ᠶᠢ ᠴᠢᠩᠭᠠᠷᠠᠭᠤᠯᠤᠨ᠂ ᠶᠠᠰᠤ ᠴᠢᠨᠠᠷ ᠨᠢ ᠬᠢᠷᠢ | ᠲᠡᠩᠴᠡᠭᠦ ᠥᠬᠡᠶ ᠦᠢᠯᠡᠳᠭᠦᠨ ᠤ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠵᠦ᠂ ᠬᠠᠭᠤᠷᠮᠠᠭ ᠮᠠᠭᠤ | ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠳᠡᠯᠭᠡᠭᠦᠷ ᠲᠤ ᠣᠷᠣᠵᠤ ᠯᠠᠩᠭᠦᠶ ᠳᠤ ᠭᠠᠷᠬᠤ ᠶᠢ ᠲᠠᠰᠤ | ᠵᠣᠭᠰᠣᠭᠠᠬᠤ ᠬᠡᠷᠡᠭᠲᠡᠶ᠃ ᠬᠤᠶᠠᠷ ᠲᠤ᠂ ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ | ᠨᠡᠶᠢᠭᠡᠮ ᠤᠨ ᠬᠠᠮᠲᠤᠪᠠᠷ ᠵᠠᠰᠠᠬᠤ ᠶᠢ ᠠᠬᠢᠭᠤᠯᠤᠨ᠎ᠠ᠃ ᠷᠠᠳᠢᠣ᠋ ᠨᠡᠪᠲᠡᠷᠡᠭᠦᠯᠭᠡ᠂ ᠲᠧᠯᠸᠢᠰ᠂ ᠸᠢᠴᠠᠲ ᠵᠡᠷᠭᠡ | ᠵᠠᠭᠤᠴᠢᠯᠠᠭᠤᠷ ᠢᠶᠠᠷ ᠳᠠᠮᠵᠢᠭᠤᠯᠤᠨ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ | ᠲᠦᠪᠰᠢᠨ ᠤ ᠮᠡᠳᠡᠭᠡ ᠵᠠᠩᠭᠢ ᠶᠢ ᠨᠡᠶᠢᠲᠡᠯᠡᠵᠦ᠂ ᠣᠯᠠᠨ ᠨᠡᠶᠢᠲᠡ ᠶᠢᠨ ᠡᠮ ᠤᠨ ᠵᠦᠢᠯ ᠡᠮᠴᠢᠯᠡᠭᠡᠨ ᠤ ᠪᠠᠭᠠᠵᠢ | ᠬᠡᠷᠡᠭᠰᠡᠯ ᠢ ᠵᠥᠪ ᠣᠨᠣᠪᠴᠢᠲᠠᠶ ᠰᠣᠩᠭᠤᠨ ᠬᠤᠳᠠᠯᠳᠤᠨ ᠠᠪᠬᠤ᠂ ᠵᠦᠶ ᠵᠣᠬᠢᠰᠲᠠᠶ ᠬᠡᠷᠡᠭᠯᠡᠬᠦ ᠶᠢ ᠵᠢᠯᠣᠭᠤᠳᠤᠨ᠎ᠠ᠃ | ᠠᠵᠤ ᠠᠬᠤᠶᠢᠯᠠᠯ ᠤᠨ LED ᠳᠡᠯᠭᠡᠴᠡ᠂ ᠤᠬᠠᠭᠤᠯᠭ᠎ᠠ ᠶᠢᠨ ᠪᠤᠯᠤᠩ ᠵᠡᠷᠭᠡ ᠪᠡᠯᠡᠳᠬᠡᠮᠵᠢ ᠶᠢ ᠠᠰᠢᠭᠯᠠᠨ᠂ ᠠᠮᠤᠷ | ᠲᠦᠪᠰᠢᠨ ᠢᠶᠠᠷ ᠬᠡᠷᠡᠭᠯᠡᠬᠦ ᠡᠮ ᠳᠤ ᠬᠡᠷᠡᠭᠯᠡᠬᠦ ᠪᠠᠭᠠᠵᠢ ᠬᠡᠷᠡᠭᠰᠡᠯ ᠤᠨ ᠮᠡᠳᠡᠯᠭᠡ ᠶᠢ ᠣᠯᠠᠨ ᠨᠡᠶᠢᠲᠡ ᠳᠤ | ᠲᠦᠭᠡᠮᠡᠯᠵᠢᠭᠦᠯᠦᠨ᠎ᠡ᠃ 12315 ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠵᠠᠮ ᠢ ᠰᠠᠭᠠᠳ ᠥᠬᠡᠶ | ᠨᠡᠪᠲᠡᠷᠡᠭᠦᠯᠵᠦ᠂ ᠨᠡᠶᠢᠭᠡᠮ ᠨᠡᠶᠢᠲᠡ ᠶᠢᠨ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠦᠭᠰᠡᠨ ᠶᠠᠰᠤ ᠴᠢᠨᠠᠷ ᠨᠢ ᠬᠢᠷᠢ | ᠲᠡᠩᠴᠡᠭᠦ ᠥᠬᠡᠶ ᠦᠢᠯᠡᠳᠭᠦᠨ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠤ ᠠᠬᠤᠶᠢᠯᠠᠯ ᠢ ᠵᠣᠷᠢᠭᠵᠢᠭᠤᠯᠤᠨ᠂ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠤᠯ ᠢ ᠭᠦᠢᠴᠡᠳ ᠪᠠᠳᠠᠷᠠᠭᠤᠯᠵᠤ᠂ ᠨᠡᠶᠢᠭᠡᠮ | ᠨᠡᠶᠢᠲᠡ ᠪᠠᠷ ᠢᠶᠠᠨ ᠬᠠᠮᠲᠤᠪᠠᠷ ᠵᠠᠰᠠᠬᠤ ᠶᠢ ᠠᠬᠢᠭᠤᠯᠤᠨ᠎ᠠ᠃ ᠭᠤᠷᠪᠠ ᠳᠤ᠂ ᠳ᠋ᠠᠶᠢᠲ᠋ᠠᠴᠢᠯᠠᠭᠰᠠᠨ ᠲᠠᠪᠴᠠᠩ ᠢ | ᠠᠰᠢᠭᠯᠠᠨ ᠬᠦᠷᠭᠡᠵᠦ᠂ ᠣᠶᠤᠨᠴᠢ ᠪᠠᠷ ᠬᠢᠨᠠᠨ ᠬᠠᠮᠢᠶᠠᠷᠤᠨ᠎ᠠ᠃ ᠮᠠᠨ ᠤ ᠲᠣᠪᠴᠢᠶ᠎ᠠ ᠡᠮ ᠤᠨ ᠵᠦᠢᠯ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠰᠢᠨ᠎ᠡ ᠳᠢᠲᠢᠮ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠲᠣᠭᠲᠠᠭᠠᠵᠤ᠂ ᠡᠮ ᠤᠨ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠢ | ︽ᠳᠥᠷᠪᠡᠨ ᠲᠥᠷᠥᠯ︾ ᠤᠨ ᠡᠮ ᠤᠨ ᠵᠦᠢᠯ ᠤᠨ ᠪᠣᠷᠣᠯᠠᠭᠤᠯᠭ᠎ᠠ ᠶᠢᠨ ᠦᠨᠡᠨ ᠨᠡᠷ᠎ᠡ ᠪᠠᠷ ᠳᠠᠩᠰᠠᠯᠠᠭᠤᠯᠤᠨ | ᠳᠡᠭᠡᠭᠰᠢ ᠮᠡᠳᠡᠭᠦᠯᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠮᠳᠡᠭᠯᠡᠭᠰᠡᠨ ᠮᠡᠳᠡᠭᠡ ᠵᠠᠩᠭᠢ ᠶᠢ ᠨᠡᠬᠡᠮᠵᠢᠯᠡᠵᠦ ᠪᠣᠯᠬᠤ ᠶᠢ | ᠰᠢᠪᠠᠳᠠᠨ ᠱᠠᠭᠠᠷᠳᠠᠪᠠ᠃ ᠲᠦᠷᠪᠡ ᠳᠤ᠂ ᠰᠡᠷᠭᠡᠶᠢᠯᠡᠨ ᠡᠵᠡᠮᠳᠡᠬᠦ ᠪᠠᠶᠢᠳᠠᠯ ᠢ ᠲᠣᠳᠣᠷᠬᠠᠢ ᠲᠠᠨᠢᠵᠤ᠂ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠮ ᠤᠨ ᠠᠵᠤ ᠠᠬᠤᠶᠢᠯᠠᠯ ᠤᠨ ᠬᠢᠨ ᠡᠮ | ᠬᠤᠳᠠᠯᠳᠤᠨ ᠠᠪᠤᠭᠰᠠᠳ ᠤᠨ ᠬᠠᠯᠠᠭᠤᠷᠠᠭᠰᠠᠨ᠂ ᠬᠠᠭᠤᠷᠠᠶ ᠪᠠᠷ ᠬᠠᠨᠢᠶᠠᠯᠭᠠᠭᠰᠠᠨ᠂ ᠲᠠᠮᠢᠷᠳᠠᠭᠰᠠᠨ ᠵᠡᠷᠭᠡ | ᠰᠡᠵᠢᠭᠯᠡᠯᠲᠡᠶ ᠡᠪᠡᠳᠴᠢᠨ ᠤ ᠪᠠᠶᠢᠳᠠᠯ ᠢ ᠣᠯᠵᠤ ᠮᠡᠳᠡᠪᠡᠯ᠂ ᠲᠡᠷᠡ ᠳᠠᠷᠤᠶ ᠳᠤᠨᠢ ᠬᠢᠵᠢᠭᠲᠦ ᠣᠷᠣᠨ ᠳᠤ ᠵᠢᠭᠤᠯᠴᠢᠯᠠᠨ | ᠰᠠᠭᠤᠭᠰᠠᠨ ᠲᠡᠤᠬᠡ ᠪᠤᠶᠤ ᠬᠠᠮᠢᠶ᠎ᠠ ᠪᠥᠬᠦᠶ ᠬᠥᠮᠦᠰ ᠲᠠᠢ ᠨᠢᠭᠲᠠ ᠣᠶᠢᠷᠠᠲᠤᠭᠰᠠᠨ ᠲᠡᠤᠬᠡ ᠶᠢ ᠨᠠᠷᠢᠨ ᠠᠰᠠᠭᠤᠨ | ᠯᠠᠪᠯᠠᠵᠤ ᠲᠡᠮᠳᠡᠭᠯᠡᠨ᠂ ᠬᠢᠵᠢᠭᠲᠦ ᠣᠷᠣᠨ ᠳᠤ ᠵᠢᠭᠤᠯᠴᠢᠯᠠᠨ ᠰᠠᠭᠤᠭᠰᠠᠨ ᠲᠡᠤᠬᠡ ᠥᠬᠡᠶ ᠪᠤᠶᠤ ᠬᠠᠮᠢᠶ᠎ᠠ ᠪᠥᠬᠦᠶ | ᠬᠥᠮᠦᠰ ᠲᠠᠢ ᠨᠢᠭᠲᠠ ᠣᠶᠢᠷᠠᠲᠤᠭᠰᠠᠨ ᠲᠡᠤᠬᠡ ᠲᠠᠢ ᠬᠥᠮᠦᠰ ᠢ ᠵᠢᠭᠠᠨ ᠲᠣᠭᠲᠠᠭᠠᠭᠰᠠᠨ ᠬᠠᠯᠠᠭᠤᠷᠠᠯ ᠤᠨ ᠡᠭᠦᠳᠡᠨ | ᠡᠮᠨᠡᠯᠭᠡ ᠳᠤ ᠡᠮᠴᠢᠯᠡᠭᠦᠯᠬᠦ ᠪᠠᠷ ᠢᠳᠬᠠᠬᠤ ᠬᠡᠷᠡᠭᠲᠡᠶ︔ ᠬᠢᠵᠢᠭᠲᠦ ᠣᠷᠣᠨ ᠳᠤ ᠵᠢᠭᠤᠯᠴᠢᠯᠠᠨ ᠰᠠᠭᠤᠭᠰᠠᠨ | ᠲᠡᠦᠬᠡ ᠲᠠᠢ ᠪᠤᠶᠤ ᠬᠠᠮᠢᠶ᠎ᠠ ᠪᠦᠬᠦᠢ ᠬᠥᠮᠦᠰ ᠲᠠᠢ ᠨᠢᠭᠲᠠ ᠤᠢᠢᠷᠠᠳᠤᠭᠰᠠᠨ ᠲᠡᠦᠬᠡ ᠲᠠᠢ ᠬᠥᠮᠦᠰ ᠲᠤ᠂ ᠪᠠᠶᠢᠭ᠎ᠠ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ | ᠭᠠᠵᠠᠷ ᠲᠤ ᠳᠠᠷᠦ᠋ᠢᠬᠠᠨ ᠬᠦᠷᠴᠦ᠂ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠳᠦᠷᠢᠮ ᠢ ᠡᠷᠬᠡᠪᠰᠢ ᠴᠢᠩᠭ᠎ᠠ | ᠬᠡᠷᠡᠭᠵᠢᠭᠦᠯᠬᠦ ᠬᠡᠷᠡᠭᠲᠡᠢ᠃ | ︽ᠬᠥᠲᠥᠯᠥᠭᠴᠢ︾ ᠵᠠ ᠵᠠ᠂ ᠴᠠᠭ ᠤᠨ ᠬᠠᠷᠠᠭ᠎ᠠ ᠠᠴᠠ ᠪᠣᠯᠵᠣ᠂ ᠥᠨᠥᠳᠦᠷ ᠤᠨ ᠰᠤᠷᠪᠤᠯᠵᠢᠯᠠᠭ᠎ᠠ ᠠᠳᠡ | ᠬᠦᠷᠦᠭᠡᠳ ᠪᠦᠷ ᠳᠠᠭᠤᠰᠤᠯ᠎ᠠ᠂ ᠪᠢᠳᠡ ᠪᠦᠦ ᠲᠣᠪᠴᠢᠶᠠᠨ ᠳᠠᠷᠤᠭ᠎ᠠ ᠶᠢᠨ ᠬᠠᠯᠠᠰᠢᠷᠠᠯ ᠥᠬᠡᠶ ᠬᠠᠷᠢᠭᠤᠯᠤᠭᠰᠠᠨ ᠳᠤ | ᠳᠠᠬᠢᠨᠲᠠ ᠲᠠᠯᠠᠷᠬᠠᠵᠤ ᠪᠠᠶᠢᠨ᠎ᠠ᠂ ᠪᠠᠰᠠ ᠥᠷᠭᠡᠨ ᠣᠯᠠᠨ ᠰᠦᠯᠵᠢᠶᠡᠨ ᠨᠠᠶᠢᠵᠠ ᠨᠠᠷ ᠤᠨ ᠢᠳᠡᠪᠬᠢᠲᠡᠶ | ᠶᠠᠷᠢᠯᠴᠠᠭ᠎ᠠ ᠳᠤ ᠲᠠᠯᠠᠷᠬᠠᠵᠤ ᠪᠠᠶᠢᠨ᠎ᠠ᠂ ᠲᠠᠷᠠᠭᠠᠴᠢ ᠶᠢᠨ ᠫᠷᠤᠭ᠍ᠷᠠᠮ ᠳᠤ ᠪᠢᠳᠡ ᠪᠠᠶᠠᠷᠲᠠᠶ ᠵᠣᠯᠭᠠᠶ᠎ᠠ︕ | ︽ᠪᠦᠦ ᡁᠢ ᠶᠢᠩ︾ ᠤᠯᠠᠨ ᠳᠤ ᠲᠠᠯᠠᠷᠬᠠᠵᠤ ᠪᠠᠶᠢᠨ᠎ᠠ᠂ ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠠᠵᠢᠯ ᠳᠤ ᠨᠡᠩ ᠤᠯᠠᠨ ᠰᠠᠨᠠᠯ ᠰᠠᠨᠠᠭᠤᠯᠭ᠎ᠠ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠃ |