ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ︽ ᠶᠢᠨ ᠱᠧᠩ ᠺᠠᠶ ᠬᠤᠨᠳᠠᠭᠠᠲᠤ︾  ᠨᠠᠢᠮᠠᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2022/7/19
          ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ︽ ᠶᠢᠨ ᠱᠧᠩ ᠺᠠᠶ           ᠬᠤᠨᠳᠠᠭᠠᠲᠤ︾  ᠨᠠᠢᠮᠠᠨ ᠬᠥᠮᠦᠨ ᠤ ᠳᠦᠷᠢᠮᠲᠦ ᠬᠥᠯ ᠪᠥᠮᠪᠦᠭᠡ ᠶᠢᠨ           ᠤᠷᠤᠯᠳᠤᠭᠠᠨ ᠶᠠᠪᠤᠭᠤᠯᠪᠠ          7 ᠰᠠᠷ᠎ᠠ ᠶᠢᠨ 15 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠯ ᠪᠥᠮᠪᠦᠭᠡ‌‍ᠶᠢᠨ ᠨᠡᠶᠢᠭᠡᠮᠯᠢᠭ᠂ ᠤᠯᠠᠭᠠᠨᠴᠠᠪ ᠬᠤᠲᠠ ᠶᠢᠨ  ᠶᠢᠨ ᠱᠧᠩ ᠺᠠᠶ ᠪᠠᠷᠢᠯᠭ᠎ᠠ ᠶᠢᠨ ᠤᠭᠰᠠᠷᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠲᠤᠷᠠᠨ ︽ ᠶᠢᠨ ᠱᠧᠩ ᠺᠠᠶ ᠬᠤᠨᠳᠠᠭᠠᠲᠤ︾ ᠨᠠᠢᠮᠠᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠡᠷᠭᠢᠯᠡᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠡᠯ᠎ᠡ ᠭᠡᠰᠢᠭᠦᠳ ᠤᠷᠤᠯᠳᠤᠭᠠᠨ ᠳᠤ ᠣᠷᠣᠯᠴᠠᠵᠠᠶ᠃ ᠲᠤᠰ ᠤᠳᠠᠭᠠᠨ ᠤ ᠠᠵᠢᠯᠯᠠᠭ᠎ᠠ‌ᠨᠢ ᠡᠷᠡᠭᠲᠡᠶ ᠶᠢᠨ 8 ᠬᠥᠮᠦᠨ ᠢᠶᠠᠷ ᠪᠦᠷᠢᠯᠳᠦᠵᠡᠶ᠃
     3 ᠡᠳᠦᠷ ᠤᠨ ᠤᠷᠤᠯᠳᠤᠭᠠᠨ ᠳᠤ᠂ ᠬᠦᠯ ᠪᠥᠮᠪᠦᠭᠡ ᠶᠢᠨ ᠲᠠᠮᠢᠷᠴᠢᠳ ᠠᠭᠠᠭᠢᠮ᠎ᠠ ᠬᠠᠯᠠᠭᠤᠨ ᠨᠡᠷᠡᠨ ᠤ ᠳᠣᠣᠷ᠎ᠠ ᠬᠥᠯᠥᠰᠥ ᠪᠠᠨ ᠤᠷᠤᠰᠬᠠᠵᠤ᠂ ᠤᠷᠢᠬᠠᠨ ᠰᠠᠯᠬᠢ ᠨᠠᠮᠢᠷᠠᠭ᠎ᠠ ᠪᠣᠷᠣᠭᠠᠨ ᠤ ᠳᠤᠮᠳᠠ ᠣᠷᠭᠢᠯᠤᠮ᠎ᠠ ᠬᠠᠯᠠᠭᠤᠨ ᠰᠡᠳᠬᠢᠯᠭᠡ ᠪᠠᠨ ᠪᠠᠳᠠᠷᠠᠭᠤᠯᠵᠤ᠂ ᠪᠦᠯᠬᠦᠮᠳᠡᠨ ᠲᠡᠮᠡᠴᠡᠬᠦ᠂ ᠡᠷᠡᠯᠬᠡᠭᠯᠡᠨ ᠲᠠᠪᠰᠢᠬᠤ ᠲᠠᠮᠢᠷ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠥᠨᠳᠥᠷ ᠲᠦᠪᠰᠢᠨ ᠲᠠᠢ᠂ ᠬᠡᠪ ᠨᠠᠮᠪᠠ ᠲᠠᠢ᠂ ᠨᠥᠬᠦᠷᠯᠡᠯ ᠲᠠᠢ ᠤᠷᠤᠯᠳᠤᠵᠤ᠂ ᠢᠳᠡᠪᠬᠢᠲᠡᠢ ᠪᠠᠷ ᠤᠷᠤᠭᠰᠢᠯᠠᠨ ᠲᠠᠪᠰᠢᠬᠤ᠂ ᠡᠷᠡᠮᠡᠬᠡᠶᠢᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠭᠦᠢᠴᠡᠳ ᠢᠯᠡᠷᠡᠭᠦᠯᠪᠡ᠃
      ᠨᠢᠭᠡ ᠤᠳᠠᠭᠠᠨ ᠤ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠡᠴᠦᠰ ᠤᠨ ᠤᠷᠤᠯᠳᠤᠭᠠᠨ ᠳᠤ A1 ᠠᠩᠭᠢ ᠶᠢᠨ ᠢᠯᠠᠯᠲᠠ ᠪᠠᠷ ᠲᠡᠭᠦᠰᠪᠡ᠃
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号