ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠳᠤ᠄ | ︽ᠬᠦᠨᠳᠦ ᠣᠨᠴᠠ ᠶᠡᠭᠡ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ | ᠳᠦᠷᠢᠮ ᠢ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ | ᠲᠥᠷᠥ ᠠᠯᠪᠠᠨ ᠲᠠᠷᠬᠠᠭᠠᠭᠰᠠᠨ ﹇2021﹈ 42 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠦᠴᠢᠷᠳᠡᠯᠲᠡᠶ ᠣᠯᠠᠨ ᠲᠦᠮᠡᠨ ᠪᠠ ᠬᠦᠨᠳᠦ | ᠡᠪᠡᠳᠴᠢᠲᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠦ᠂ | ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠬᠢᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ ᠮᠡᠲᠦ ᠰᠠᠨᠠᠯ ᠢ | ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠴᠢᠬᠤᠯᠠ ᠶᠠᠷᠢᠶᠠᠨ ᠤ | ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠠᠮᠲᠤᠪᠠᠷ ᠴᠢᠨᠡᠭᠡᠯᠢᠭᠵᠢᠬᠦ ᠴᠢᠭᠯᠡᠯ ᠢ ᠪᠠᠷᠢᠮᠲᠠᠯᠠᠵᠤ᠂ ᠪᠠᠲᠤᠯᠠᠬᠤ | ᠶᠣᠰᠣᠲᠠᠢ ᠶᠢ ᠨᠢ ᠪᠦᠬᠦᠨ ᠢ ᠪᠠᠲᠤᠯᠠᠵᠤ᠂ ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠴᠢᠳᠠᠯ ᠤᠨ ᠢᠶᠠᠨ | ᠬᠢᠷᠢ ᠪᠠᠷ ᠠᠵᠢᠯᠯᠠᠵᠤ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠨᠡᠩ ᠦᠷᠭᠦᠯᠵᠢᠯᠡᠭᠦᠯᠬᠦ ᠶᠢ ᠠᠬᠢᠭᠤᠯᠤᠨ᠎ᠠ᠃ | ᠬᠦᠴᠢᠷᠳᠡᠯ ᠲᠠᠢ ᠣᠯᠠᠨ ᠲᠦᠮᠡᠨ ᠤ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠡᠮᠴᠢᠯᠡᠭᠡᠨ ᠤ ᠵᠠᠷᠤᠳᠠᠯ ᠤᠨ | ᠳᠠᠷᠤᠭᠠᠰᠤ ᠶᠢ ᠡᠪᠡᠳᠴᠢᠨ ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠ ᠠᠷᠢᠯᠭᠠᠬᠤ | ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠨ | ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ︵ | ᠳᠣᠷᠣᠭᠰᠢ ᠭᠤᠷᠪᠠᠨ ᠵᠦᠢᠯ ᠤᠨ ᠲᠦᠷᠢᠮ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢᠨ ᠶᠡᠷᠦᠩᠬᠡᠶᠢᠯᠡᠭᠰᠡᠨ | ᠪᠠᠲᠤᠯᠠᠭ᠎ᠠ ᠶᠢ ᠴᠢᠩᠭᠠᠷᠠᠭᠤᠯᠵᠤ᠂ ᠬᠦᠴᠢᠷᠳᠡᠯᠲᠡᠶ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ | ᠣᠯᠭᠤᠮᠵᠢ ᠶᠢᠨ ᠪᠠᠷᠢᠮᠵᠢᠶ᠎ᠠ ᠶᠢ ᠦᠨᠡᠨ ᠢ ᠪᠠᠷᠢᠮᠲᠠᠯᠠᠨ ᠲᠣᠭᠲᠠᠭᠠᠵᠤ᠂ ᠬᠦᠴᠢᠷᠳᠡᠯᠲᠡᠶ ᠣᠯᠠᠨ ᠲᠦᠮᠡᠨ ᠤ | ᠦᠨᠳᠦᠰᠦᠨ ᠡᠮᠴᠢᠯᠡᠭᠡᠨ ᠤ ᠪᠠᠲᠤᠯᠠᠭ᠎ᠠ ᠲᠠᠢ ᠪᠠᠶᠢᠬᠤ ᠶᠢ ᠦᠨᠡᠨᠬᠦ ᠪᠠᠲᠤᠯᠠᠵᠤ᠂ ᠬᠦᠨᠳᠦ ᠣᠨᠴᠠ ᠶᠡᠭᠡ ᠡᠪᠡᠳᠴᠢᠨ | ᠡᠮᠭᠡᠭ ᠲᠤ ᠨᠡᠷᠪᠡᠭᠳᠡᠭᠰᠡᠨ ᠠᠴᠠ ᠪᠣᠯᠵᠣ ᠦᠨᠳᠦᠰᠦᠨ ᠠᠮᠢᠳᠤᠷᠠᠯ ᠢ ᠨᠥᠯᠥᠭᠡᠯᠡᠬᠦ ᠥᠬᠡᠶ ᠪᠠᠶᠢᠬᠤ ᠶᠢᠨ ᠬᠠᠮᠲᠤ ᠬᠡᠲᠦ | ᠪᠠᠲᠤᠯᠠᠭ᠎ᠠ ᠠᠴᠠ ᠵᠠᠶᠢᠯᠠᠰᠬᠢᠨ᠎ᠡ᠃ ᠭᠤᠷᠪᠠᠨ ᠵᠦᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢ | ᠨᠢᠭᠦᠯᠡᠰᠦᠩᠭᠦᠶ ᠶᠢᠨ ᠠᠪᠤᠷᠠᠨ ᠲᠤᠰᠠᠯᠠᠬᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠡᠷᠭᠡ ᠯᠦᠭᠡ | ᠵᠣᠬᠢᠴᠠᠯᠳᠤᠭᠤᠯᠤᠨ ᠬᠥᠭᠵᠢᠭᠦᠯᠬᠦ᠂ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠢᠶᠠᠷ | ᠭᠤᠤᠯᠯᠠᠭᠤᠯᠤᠭᠰᠠᠨ᠂ ᠣᠯᠠᠨ ᠲᠠᠯ᠎ᠠ ᠶᠢᠨ ᠬᠢᠨ ᠣᠷᠣᠯᠴᠠᠭᠰᠠᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ | ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠠᠵᠢᠯ | ︵ᠨᠢᠭᠡ︶ ᠡᠮᠴᠢᠯᠡᠭᠡᠨ ᠤ ᠲᠤᠰᠠᠯᠠᠮᠵᠢ ᠭᠥᠷᠳᠡᠬᠦ ᠡᠲᠡᠭᠡᠳ ᠤᠨ ᠬᠦᠷᠢᠶ᠎ᠡ ᠬᠡᠪᠴᠢᠶ᠎ᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠨ᠎ᠠ᠃ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤᠪᠠᠷ | ᠡᠳ᠋ᠯᠡᠬᠦ ᠶᠢ ᠴᠢᠩᠭᠠᠳᠬᠠᠵᠤ᠂ ᠠᠪᠤᠷᠠᠨ ᠲᠤᠰᠠᠯᠠᠬᠤ ᠡᠲᠡᠭᠡᠳ ᠢ ᠴᠠᠭ ᠲᠤᠬᠠᠶ ᠳᠤᠨᠢ ᠣᠨᠣᠪᠴᠢᠲᠠᠶ ᠢᠯᠭᠠᠨ ᠲᠠᠨᠢᠬᠤ | ᠲᠣᠭᠲᠠᠴᠠ ᠶᠢ ᠪᠠᠶᠢᠭᠤᠯᠤᠨ᠎ᠠ᠃ ᠡᠮᠴᠢᠯᠡᠭᠡᠨ ᠤ ᠵᠠᠷᠤᠳᠠᠯ ᠤᠨ ᠳᠠᠷᠤᠭᠠᠰᠤ ᠪᠠᠷ ᠨᠡᠯᠢᠶᠡᠳ ᠬᠦᠨᠳᠦ ᠪᠠᠶᠢᠭ᠎ᠠ | ᠬᠦᠴᠢᠷᠳᠡᠯᠲᠡᠶ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠢ ᠡᠮᠴᠢᠯᠡᠭᠡᠨ ᠤ | ᠲᠡᠩᠬᠡᠷᠡᠭᠦᠯᠦᠨ ᠲᠤᠰᠠᠯᠠᠬᠤ ᠳᠤ ᠭᠤᠤᠯᠴᠢ ᠪᠠᠷ ᠬᠠᠮᠤᠷᠴᠤ᠂ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠲᠥᠷᠥᠯ | ᠢᠯᠭᠠᠯ ᠢ ᠦᠨᠳᠦᠰᠦᠯᠡᠨ ᠲᠥᠷᠥᠯ ᠬᠤᠪᠢᠶᠠᠨ ᠲᠡᠩᠬᠡᠷᠡᠭᠦᠯᠦᠨ ᠣᠨᠴᠠ ᠬᠦᠴᠢᠷᠳᠡᠯᠲᠡᠶ ᠬᠥᠮᠦᠰ᠂ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠡᠷ ᠪᠦᠯᠢ ᠶᠢᠨ | ᠪᠦᠷᠢᠯᠳᠦᠬᠦᠨ ᠪᠣᠯᠤᠨ ᠬᠢᠨᠠᠨ ᠬᠡᠮᠵᠢᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ | ᠠᠮᠠᠷᠬᠠᠨ ᠪᠤᠴᠠᠵᠤ ᠶᠠᠳᠠᠭᠤᠷᠠᠭᠰᠠᠨ ᠠᠴᠠ ᠪᠣᠯᠵᠣ ᠶᠠᠳᠠᠭᠤᠷᠠᠭᠰᠠᠨ ᠬᠥᠮᠦᠨ ᠠᠮᠠ ᠶᠢ ᠲᠣᠭᠲᠠᠭᠠᠯ ᠶᠣᠰᠣᠭᠠᠷ | ᠠᠪᠤᠷᠠᠨ ᠲᠤᠰᠠᠯᠠᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ | ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠤᠶᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ | ᠬᠢᠵᠠᠭᠠᠷ ᠤᠨ ᠭᠡᠷ ᠪᠦᠯᠢ ᠶᠢᠨ ᠨᠥᠬᠦᠴᠡᠯ ᠳᠤ ᠨᠡᠶᠢᠴᠡᠬᠦ ᠦᠭᠡᠶ ᠭᠡᠪᠡᠴᠦ ᠶᠡᠭᠡ ᠬᠡᠮᠵᠢᠶᠡᠨ ᠤ ᠡᠮ ᠡᠮᠨᠡᠯᠭᠡ ᠶᠢᠨ | ᠵᠠᠷᠤᠳᠠᠯ ᠤᠨ ᠵᠠᠷᠤᠯᠭ᠎ᠠ ᠠᠴᠠ ᠪᠣᠯᠵᠤ ᠭᠡᠷ ᠪᠦᠯᠢ ᠶᠢᠨ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠶ | ᠬᠦᠴᠢᠷᠳᠡᠯ ᠳᠤ ᠤᠴᠠᠷᠠᠭᠰᠠᠨ ᠬᠦᠨᠳᠦ ᠡᠪᠡᠳᠴᠢᠲᠡᠨ ︵ᠳᠣᠷᠣᠭᠰᠢ ᠡᠪᠡᠳᠴᠢᠨ ᠠᠴᠠ ᠪᠣᠯᠵᠤ ᠶᠠᠳᠠᠭᠤᠷᠠᠭᠰᠠᠨ | ᠬᠦᠨᠳᠦ ᠡᠪᠡᠳᠴᠢᠲᠡᠨ ᠭᠡᠵᠦ ᠨᠡᠷᠡᠶᠢᠳᠦᠨ᠎ᠡ᠃ ᠶᠡᠷᠦ ᠳᠡᠭᠡᠨ ᠲᠤᠬᠠᠶ ᠶᠢᠨ ᠭᠠᠵᠠᠷ ᠤᠨ ᠡᠷᠦᠬᠡ ᠠᠮᠠ ᠶᠢᠨ | ᠳᠠᠩᠰᠠ ᠲᠠᠢ ᠬᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠵᠢᠯ ᠤᠨ ᠣᠷᠣᠯᠭ᠎ᠠ ᠨᠢ ᠳᠡᠭᠡᠷ᠎ᠡ ᠵᠢᠯ ᠤᠨ ᠲᠤᠬᠠᠶ ᠶᠢᠨ | ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ | ᠣᠷᠣᠯᠭ᠎ᠠ ᠠᠴᠠ ᠳᠣᠤᠷ᠎ᠠ ᠪᠠᠶᠢᠪᠠᠯ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ | ᠵᠡᠷᠭᠡ ᠪᠠᠷ ᠳᠡᠮᠵᠢᠨ ᠵᠠᠷᠤᠴᠠᠭᠤᠯᠤᠭᠰᠠᠨ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠢ ᠬᠠᠰᠤᠭᠰᠠᠨ ᠤ | ᠳᠠᠷᠠᠭ᠎ᠠ᠂ ᠬᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠳᠣᠤᠷ᠎ᠠ ᠪᠠᠶᠢᠬᠤ ᠮᠥᠷᠲᠡᠭᠡᠨ ᠬᠡᠷ | ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠬᠦ ᠬᠦᠨᠳᠦ ᠡᠪᠡᠳᠴᠢᠲᠡᠨ ᠳᠤ | ︶᠂ ᠪᠣᠳᠠᠲᠠᠶ ᠪᠠᠶᠢᠳᠠᠯ ᠢ ᠦᠨᠳᠦᠰᠦᠯᠡᠨ ᠵᠣᠬᠢᠬᠤ ᠬᠡᠮᠵᠢᠶᠡᠨ ᠤ ᠠᠪᠤᠷᠠᠨ ᠲᠤᠰᠠᠯᠠᠯᠲᠠ ᠣᠯᠭᠤᠨ᠎ᠠ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠣᠨᠴᠣᠭᠤᠶ | ᠬᠦᠴᠢᠷᠳᠡᠯᠲᠡᠶ ᠬᠥᠮᠦᠰ ᠲᠤ ᠳᠡᠭᠡᠷ᠎ᠡ ᠳᠤᠷᠠᠳᠤᠭᠰᠠᠨ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠲᠥᠷᠥᠯ | ᠢᠯᠭᠠᠯ ᠢᠶᠠᠷ ᠵᠣᠬᠢᠴᠠᠩᠭᠤᠶ ᠲᠡᠩᠬᠡᠷᠡᠭᠦᠯᠦᠨ ᠲᠤᠰᠠᠯᠠᠨ᠎ᠠ᠃ | ︵ᠬᠤᠶᠠᠷ︶ ᠬᠦᠴᠢᠷᠳᠡᠯᠲᠡᠶ ᠣᠯᠠᠨ ᠲᠦᠮᠡᠨ ᠤ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ ᠶᠢ | ᠦᠨᠡᠨᠬᠦ ᠪᠠᠲᠤᠯᠠᠬᠤ ᠬᠡᠷᠡᠭᠲᠡᠶ᠃ ᠪᠦᠬᠦ ᠠᠷᠠᠳ ᠢ ᠬᠠᠮᠤᠷᠤᠭᠰᠠᠨ᠂ ᠬᠠᠤᠯᠢ ᠶᠣᠰᠣᠭᠠᠷ ᠣᠷᠣᠯᠴᠠᠭᠰᠠᠨ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠨᠤᠷᠮ᠎ᠠ ᠶᠢ 95% ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ | ᠦᠨᠡᠨ ᠬᠦ ᠪᠠᠲᠤᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠪᠠ ᠬᠠᠤᠯᠢ | ᠶᠣᠰᠣᠭᠠᠷ ᠳᠠᠭᠠᠳᠬᠠᠯ ᠳᠤ ᠣᠷᠣᠯᠴᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠢᠶᠠᠷ | ᠭᠤᠤᠯᠯᠠᠭᠤᠯᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠠᠮᠲᠤᠷᠠᠨ | ᠬᠥᠳᠡᠯᠦᠯᠴᠡᠬᠦ ᠶᠢ ᠪᠠᠷᠢᠮᠲᠠᠯᠠᠨ᠂ ᠰᠢᠯᠭᠠᠨ ᠬᠢᠨᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠭᠤᠤᠯ | ᠴᠣᠭᠴᠠ ᠶᠢᠨ ᠬᠠᠷᠢᠭᠤᠴᠠᠯᠭ᠎ᠠ ᠪᠠ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠠᠵᠢᠯ ᠤᠨ ᠬᠠᠷᠢᠭᠤᠴᠠᠯᠭ᠎ᠠ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ | ᠮᠥᠴᠢᠷ ᠤᠳ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠠᠤᠯᠢ ᠴᠠᠭᠠᠵᠠ ᠶᠢᠨ | ᠵᠠᠰᠠᠭ ᠵᠠᠬᠢᠷᠭᠠᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠭᠠᠶᠢᠯᠢ ᠶᠢᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠲᠤᠭ᠎ᠠ ᠪᠠᠷᠢᠮᠲᠠ ᠶᠢ | ᠬᠠᠮᠲᠤᠪᠠᠷ ᠭᠥᠷᠳᠡᠵᠦ ᠰᠣᠯᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯᠲᠠᠨ ᠤ ᠮᠡᠳᠡᠭᠡ ᠵᠠᠩᠭᠢ ᠶᠢᠨ | ᠬᠠᠷᠢᠴᠠᠭᠤᠯᠤᠯ ᠢ ᠴᠢᠩᠭᠠᠳᠬᠠᠨ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃ ᠬᠦᠴᠢᠷᠳᠡᠯᠲᠡᠶ ᠣᠯᠠᠨ | ᠲᠦᠮᠡᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠵᠤ᠂ ᠲᠣᠭᠲᠠᠭᠠᠯ ᠶᠣᠰᠣᠭᠠᠷ | ᠭᠤᠷᠪᠠᠨ ᠵᠦᠢᠯ ᠤᠨ ᠲᠦᠷᠢᠮ ᠤᠨ ᠪᠠᠲᠤᠯᠠᠭ᠎ᠠ ᠶᠢᠨ ᠡᠷᠬᠡ ᠠᠰᠢᠭ ᠢ ᠡᠳ᠋ᠯᠡᠨ᠎ᠡ᠃ ᠬᠥᠮᠦᠨ ᠠᠮᠠ ᠶᠢᠨ ᠰᠢᠯᠵᠢᠯᠲᠡ | ᠪᠠ ᠳᠠᠭᠠᠳᠬᠠᠯ ᠳᠤ ᠣᠷᠣᠯᠴᠠᠬᠤ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠳᠤ ᠵᠣᠬᠢᠴᠠᠭᠤᠯᠤᠨ᠂ ᠠᠪᠤᠷᠠᠨ | ᠲᠤᠰᠠᠯᠠᠬᠤ ᠡᠲᠡᠭᠡᠳ ᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠷᠭ᠎ᠠ ᠮᠠᠶ᠋ᠢᠭ ᠢ ᠠᠮᠢᠳᠤᠯᠢᠭ ᠢᠶᠠᠷ | ᠳᠣᠭᠢᠷᠠᠭᠤᠯᠵᠤ᠂ ᠬᠤᠪᠢ ᠬᠥᠮᠦᠨ ᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠦᠢᠯᠡᠴᠢᠯᠡᠭᠡᠨ ᠤ | ᠲᠣᠭᠲᠠᠴᠠ ᠶᠢ ᠲᠡᠭᠦᠯᠳᠡᠷᠵᠢᠭᠦᠯᠦᠨ᠂ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ | ᠦᠷᠭᠦᠯᠵᠢᠯᠡᠭᠦᠯᠬᠦ ᠠᠵᠢᠯ ᠢ ᠰᠠᠶᠢᠲᠤᠷ ᠬᠢᠵᠦ᠂ ᠴᠠᠭ ᠲᠤᠬᠠᠶ ᠳᠤᠨᠢ ᠳᠠᠭᠠᠳᠬᠠᠯ ᠳᠤ ᠣᠷᠣᠯᠴᠠᠬᠤ᠂ ᠳᠠᠭᠠᠳᠬᠠᠪᠠᠰᠤ | ᠵᠣᠬᠢᠬᠤ ᠶᠢ ᠨᠢ ᠴᠥᠮ ᠪᠠᠲᠤᠯᠠᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠲᠥᠷᠥᠯ ᠬᠤᠪᠢᠶᠠᠨ ᠵᠣᠭᠤᠰ ᠢᠶᠠᠷ ᠲᠤᠰᠠᠯᠠᠵᠤ ᠳᠠᠭᠠᠳᠬᠠᠯ ᠳᠤ ᠣᠷᠣᠯᠴᠠᠭᠤᠯᠬᠤ | ᠠᠵᠢᠯ ᠢ ᠰᠠᠶᠢᠲᠤᠷ ᠬᠢᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠳᠠᠭᠠᠳᠬᠠᠯ ᠳᠤ ᠣᠷᠣᠯᠴᠠᠬᠤ ᠡᠳ᠋ ᠤᠨ ᠵᠠᠰᠠᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠤᠪᠢ ᠬᠥᠮᠦᠨ ᠤ ᠰᠦᠢᠳᠭᠡᠯ ᠲᠤᠰᠢᠶᠠᠬᠤ ᠳᠤ ᠦᠨᠡᠨᠬᠦ ᠬᠦᠴᠢᠷᠳᠡᠯᠲᠡᠶ ᠣᠯᠠᠨ | ᠲᠦᠮᠡᠨ ᠳᠤ ᠲᠥᠷᠥᠯ ᠬᠤᠪᠢᠶᠠᠨ ᠵᠣᠭᠤᠰ ᠮᠥᠩᠭᠦ ᠪᠠᠷ ᠲᠤᠰᠠᠯᠠᠨ᠎ᠠ᠃ ᠣᠨᠴᠠ ᠬᠦᠴᠢᠷᠳᠡᠯᠲᠡᠶ ᠬᠥᠮᠦᠰ ᠢ ᠪᠥᠬᠦ | ᠲᠤᠭ᠎ᠠ ᠪᠠᠷ ᠲᠤᠰᠠᠯᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠳᠠᠬᠢᠨ ᠶᠠᠳᠠᠭᠤᠷᠠᠭᠰᠠᠨ ᠠᠴᠠ ᠪᠣᠯᠵᠣ | ᠶᠠᠳᠠᠭᠤᠷᠠᠭᠰᠠᠨ ᠬᠥᠮᠦᠨ ᠠᠮᠠ ᠶᠢ ᠲᠣᠭᠲᠠᠭᠰᠠᠨ ᠲᠤᠭ᠎ᠠ ᠪᠠᠷ ᠲᠤᠰᠠᠯᠠᠵᠤ᠂ ᠲᠣᠭᠲᠠᠭᠰᠠᠨ ᠲᠤᠭ᠎ᠠ ᠪᠠᠷ ᠲᠤᠰᠠᠯᠠᠬᠤ | ᠪᠠᠷᠢᠮᠵᠢᠶ᠎ᠠ ᠶᠢ ᠲᠣᠰ ᠬᠤᠭᠤᠴᠠᠭᠠᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ | ᠰᠦᠢᠳᠭᠡᠯ ᠲᠤᠰᠢᠶᠠᠬᠤ ᠪᠠᠷᠢᠮᠵᠢᠶ᠎ᠠ ᠶᠢᠨ 45% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠪᠣᠳᠠᠲᠠᠶ ᠲᠤᠰᠠᠯᠠᠬᠤ | ᠲᠥᠷᠥ ᠶᠢᠨ ᠪᠣᠳᠣᠯᠭ᠎ᠠ ᠶᠢ ᠥᠪᠡᠷᠲᠡᠭᠡᠨ ᠵᠠᠰᠠᠬᠤ ᠣᠷᠣᠨ ᠠᠴᠠ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ | ᠮᠥᠩᠭᠦ ᠶᠢ ᠴᠤᠭᠯᠠᠭᠤᠯᠤᠨ ᠬᠡᠷᠡᠭᠯᠡᠬᠦ ᠪᠠ ᠬᠦᠴᠢᠷᠳᠡᠯᠲᠡᠶ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢᠨ | ᠪᠠᠶᠢᠳᠠᠯ ᠢ ᠦᠨᠳᠦᠰᠦᠯᠡᠨ ᠴᠠᠭ ᠲᠤᠨᠢ ᠳᠣᠭᠢᠷᠠᠭᠤᠯᠤᠨ ᠳᠣᠭᠢᠷᠠᠭᠤᠯᠤᠨ᠎ᠠ᠃ ᠬᠦᠴᠢᠷᠳᠡᠯᠲᠡᠶ ᠣᠯᠠᠨ ᠲᠦᠮᠡᠨ ᠨᠢ | ᠣᠯᠠᠨ ᠳᠠᠪᠬᠤᠷ ᠣᠨᠴᠣᠭᠤᠶ ᠪᠡᠶ᠎ᠡ ᠬᠡᠮ ᠤᠨ ᠰᠢᠨᠵᠢ ᠴᠢᠨᠠᠷ ᠲᠠᠢ ᠪᠠᠶᠢᠪᠠᠯ ︽ᠥᠨᠳᠥᠷ ᠢ ᠨᠢ ᠳᠣᠤᠷ᠎ᠠ ᠪᠠᠶᠢᠯᠭᠠᠬᠤ | ᠥᠬᠡᠶ︾ ᠪᠠᠶᠢᠬᠤ ᠵᠠᠷᠴᠢᠮ ᠢᠶᠠᠷ ᠳᠠᠭᠠᠳᠬᠠᠯ ᠳᠤ ᠣᠷᠣᠯᠴᠠᠭᠰᠠᠨ ᠲᠤᠰᠠᠯᠠᠮᠵᠢ ᠶᠢ ᠭᠥᠷᠳᠡᠨ᠎ᠡ᠂ ᠳᠠᠪᠬᠤᠷᠳᠠᠭᠤᠯᠤᠨ | ᠲᠤᠰᠠᠯᠠᠵᠤ ᠪᠣᠯᠬᠤ ᠥᠬᠡᠶ᠃ | ︵ᠳᠥᠷᠪᠡ︶ ᠣᠯᠠᠨ ᠡᠰᠢᠲᠦ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠪᠠᠯᠠ ᠴᠤᠭᠯᠠᠭᠤᠯᠬᠤ | ᠲᠣᠭᠲᠠᠴᠠ ᠶᠢ ᠪᠦᠷᠢᠨᠰᠢᠭᠦᠯᠦᠨ᠎ᠡ᠃ ᠡᠮᠴᠢᠯᠡᠭᠡᠨ ᠤ ᠲᠤᠰᠠᠯᠠᠮᠵᠢ ᠶᠢᠨ ᠰᠠᠭᠤᠷᠢ ᠮᠥᠩᠭᠦ ᠶᠢ ᠣᠯᠠᠨ ᠨᠡᠶᠢᠲᠡ ᠶᠢᠨ | ᠡᠳ᠋ ᠤᠨ ᠵᠠᠰᠠᠭ ᠤᠨ ᠲᠥᠰᠦᠪ᠂ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠ | ᠨᠡᠶᠢᠭᠡᠮ ᠤᠨ ᠡᠯ᠎ᠡ ᠡᠲᠡᠭᠡᠳ ᠤᠨ ᠬᠠᠨᠳᠢᠪᠯᠠᠬᠤ ᠵᠡᠷᠭᠡ ᠠᠷᠭ᠎ᠠ ᠮᠠᠶ᠋ᠢᠭ ᠢᠶᠠᠷ ᠴᠤᠭᠯᠠᠭᠤᠯᠵᠤ᠂ ᠢᠯᠡ᠂ ᠣᠯᠠᠨ | ᠨᠡᠶᠢᠲᠡ ᠶᠢᠨ᠂ ᠲᠥᠪ ᠭᠤᠤᠯᠴᠢ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ᠂ ᠣᠷᠣᠯᠭ᠎ᠠ ᠵᠠᠷᠤᠯᠭ᠎ᠠ ᠶᠢ | ᠲᠡᠩᠴᠡᠭᠦᠷᠢᠲᠡᠶ ᠪᠠᠶᠢᠯᠭᠠᠬᠤ ᠵᠠᠷᠴᠢᠮ ᠶᠣᠰᠣᠭᠠᠷ ᠬᠠᠮᠢᠶᠠᠷᠴᠤ ᠬᠡᠷᠡᠭᠯᠡᠨ᠎ᠡ᠃ ᠲᠦᠷᠢᠮ ᠲᠥᠷᠥ ᠶᠢᠨ ᠪᠣᠳᠣᠯᠭ᠎ᠠ ᠶᠢ | ᠨᠢᠭᠡᠳᠦᠯᠲᠡᠶ ᠪᠠᠶᠢᠯᠭᠠᠬᠤ᠂ ᠰᠠᠭᠤᠷᠢ ᠮᠥᠩᠭᠦ ᠶᠢ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠬᠤ᠂ ᠬᠠᠮᠢᠶᠠᠷᠤᠯᠲᠠ | ᠦᠢᠯᠡᠴᠢᠯᠡᠭᠡ ᠶᠢ ᠨᠢᠭᠡ ᠴᠣᠠᠠᠴᠠᠵᠢᠭᠤᠯᠥᠠᠠᠰᠠᠨ ᠪᠠᠷᠢᠮᠵᠢᠶ᠎ᠠ ᠶᠣᠰᠣᠭᠠᠷ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ | ᠠᠶᠢᠮᠠᠭ ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠵᠢᠭᠦᠯᠭᠡ ᠶᠢ ᠪᠥᠬᠦ ᠲᠠᠯ᠎ᠠ ᠪᠠᠷ ᠪᠣᠳᠠᠲᠠᠶᠢᠵᠢᠭᠤᠯᠤᠨ | ᠨᠠᠷᠢᠯᠢᠬᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠣᠷᠣᠭᠤᠯᠤᠯᠲᠠ ᠶᠢᠨ ᠪᠠᠲᠤᠯᠠᠭ᠎ᠠ ᠶᠢᠨ | ᠬᠠᠷᠢᠭᠤᠴᠠᠯᠭ᠎ᠠ ᠶᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠡᠮᠴᠢᠯᠡᠭᠡᠨ ᠤ ᠠᠪᠤᠷᠠᠨ ᠲᠤᠰᠠᠯᠠᠬᠤ | ᠬᠡᠷᠡᠭᠴᠡᠭᠡ ᠱᠠᠭᠠᠷᠳᠠᠯᠭ᠎ᠠ᠂ ᠣᠷᠣᠨ ᠨᠤᠲᠤᠭ ᠤᠨ ᠡᠳ᠋ ᠤᠨ ᠵᠠᠰᠠᠭ ᠤᠨ ᠡᠭᠦᠷᠭᠡᠯᠡᠬᠦ ᠴᠢᠳᠠᠪᠤᠷᠢ ᠵᠡᠷᠭᠡ ᠬᠦᠴᠦᠨ | ᠵᠦᠢᠯ ᠢ ᠨᠢᠭᠡᠳᠦᠯᠲᠡᠶ ᠲᠥᠯᠥᠪᠯᠡᠨ᠂ ᠡᠮᠴᠢᠯᠡᠭᠡᠨ ᠤ ᠠᠪᠤᠷᠠᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢ | ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠵᠤ᠂ ᠬᠦᠷᠦᠯᠴᠡᠬᠦ ᠥᠬᠡᠶ ᠬᠡᠰᠡᠭ ᠢ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠪᠦᠬᠦᠨ ᠢ ᠪᠠᠲᠤᠯᠠᠨ᠎ᠠ᠃ ᠪᠡᠯᠡ ᠮᠥᠩᠭᠦ ᠴᠤᠭᠯᠠᠭᠤᠯᠬᠤ ᠠᠷᠭ᠎ᠠ | ᠵᠠᠮ ᠢ ᠥᠷᠭᠡᠳᠬᠡᠵᠦ᠂ ᠨᠡᠶᠢᠭᠡᠮ ᠤᠨ ᠬᠦᠴᠦᠨ ᠢ ᠲᠠᠶᠢᠴᠢᠯᠠᠨ᠂ ᠨᠢᠭᠦᠯᠡᠰᠦᠩᠭᠦᠶ ᠶᠢᠨ ᠦᠢᠯᠡᠰ ᠪᠠ ᠨᠡᠶᠢᠭᠡᠮ ᠤᠨ | ᠲᠤᠰᠠᠯᠠᠮᠵᠢ ᠵᠡᠷᠭᠡ ᠤᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠬᠤ ᠬᠡᠷᠡᠭᠲᠡᠶ᠃ | ︵ᠲᠠᠪᠤ︶ ᠭᠤᠷᠪᠠᠨ ᠵᠦᠢᠯ ᠤᠨ ᠲᠦᠷᠢᠮ ᠤᠨ ᠬᠠᠷᠢᠯᠴᠠᠨ ᠨᠥᠬᠦᠪᠥᠷᠢᠯᠡᠵᠦ ᠵᠣᠯᠭᠠᠭᠤᠯᠬᠤ ᠶᠢ | ᠠᠬᠢᠭᠤᠯᠤᠨ᠎ᠠ᠃ ᠤᠯᠠᠨ ᠲᠡᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠭᠤᠷᠪᠠᠨ ᠵᠦᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠮᠵᠢ ᠶᠢ | ᠴᠢᠩᠭᠠᠳᠬᠠᠨ᠎ᠠ᠃ ᠤᠯᠤᠰ ᠠᠴᠠ ᠪᠠᠶᠢᠭᠤᠯᠤᠭᠰᠠᠨ ᠡᠮᠴᠢᠯᠡᠭᠡᠨ ᠤ ᠪᠠᠲᠤᠯᠠᠭ᠎ᠠ ᠶᠢᠨ ᠦᠨᠳᠦᠰᠦᠨ ᠲᠦᠷᠢᠮ ᠢ ᠴᠢᠩᠭ᠎ᠠ | ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠦᠨᠳᠦᠰᠦᠨ ᠲᠥᠷᠥ ᠶᠢᠨ | ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠂ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶ᠎ᠡ ᠪᠠ ᠲᠣᠭᠠᠴᠠᠭ᠎ᠠ ᠬᠢᠬᠦ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠭᠤᠤᠯ | ᠴᠣᠭᠴᠠ ᠶᠢᠨ ᠪᠠᠲᠤᠯᠠᠭ᠎ᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠡᠮᠨᠡᠯᠭᠡ ᠳᠤ ᠰᠠᠭᠤᠬᠤ ᠣᠯᠭᠤᠮᠵᠢ ᠶᠢᠨ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠠᠬᠢᠵᠢᠭᠦᠯᠵᠦ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠬᠦᠨᠳᠦ | ᠡᠪᠡᠳᠴᠢᠨ ᠤ ᠳᠠᠭᠠᠳᠬᠠᠯ ᠤᠨ ᠳᠠᠷᠤᠭᠠᠰᠤ ᠶᠢ ᠬᠥᠩᠭᠡᠷᠡᠭᠦᠯᠬᠦ ᠴᠢᠳᠠᠮᠵᠢ ᠶᠢ ᠴᠢᠩᠭᠠᠳᠬᠠᠵᠤ᠂ ᠡᠬᠢᠯᠡᠵᠦ ᠳᠥᠯᠥᠬᠦ | ᠪᠠᠷᠢᠮᠵᠢᠶ᠎ᠠ ᠶᠢ ᠨᠢᠭᠡᠳᠦᠯᠲᠡᠶ ᠪᠣᠯᠭᠠᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠳᠥᠯᠥᠬᠦ ᠬᠠᠷᠢᠴᠠᠯ ᠢ | 60% ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ︔ ᠣᠨᠴᠠ ᠬᠦᠴᠢᠷᠳᠡᠯᠲᠡᠶ ᠬᠥᠮᠦᠰ᠂ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ ᠳᠠᠬᠢᠨ ᠶᠠᠳᠠᠭᠤᠷᠠᠭᠰᠠᠨ ᠠᠴᠠ ᠪᠣᠯᠵᠣ | ᠶᠠᠳᠠᠭᠤᠷᠠᠭᠰᠠᠨ ᠬᠥᠮᠦᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠳᠥᠯᠥᠬᠦ ᠪᠠᠷᠢᠮᠵᠢᠶ᠎ᠠ ᠶᠢ | 50% ᠪᠠᠷ ᠪᠠᠭᠤᠷᠠᠭᠤᠯᠵᠤ᠂ ᠳᠥᠯᠥᠬᠦ ᠬᠠᠷᠢᠴᠠᠯ ᠢ 5 ᠵᠠᠭᠤᠨ ᠤ ᠨᠢᠭᠡᠴᠢ ᠳᠡᠭᠡᠭᠰᠢᠯᠡᠭᠦᠯᠬᠦ ᠶᠢᠨ ᠬᠠᠮᠲᠤ | ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠬᠦᠴᠦᠨ ᠥᠬᠡᠶ ᠪᠣᠯᠭᠠᠨ᠎ᠠ᠃ ᠡᠮᠴᠢᠯᠡᠭᠡᠨ ᠤ ᠲᠡᠩᠬᠡᠷᠡᠭᠦᠯᠦᠨ | ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠴᠢᠳᠠᠮᠵᠢ ᠶᠢ ᠪᠠᠬᠢᠵᠢᠭᠦᠯᠵᠦ᠂ ᠨᠢᠭᠡᠳᠦᠯᠲᠡᠶ ᠵᠢᠷᠤᠮᠵᠢᠭᠰᠠᠨ | ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠲᠦᠷᠢᠮ ᠢ ᠲᠡᠭᠦᠯᠳᠡᠷᠵᠢᠭᠦᠯᠦᠨ᠂ ᠲᠡᠩᠬᠡᠷᠡᠭᠦᠯᠦᠨ ᠲᠤᠰᠠᠯᠠᠬᠤ ᠬᠢᠷᠢ | ᠬᠡᠮᠵᠢᠶ᠎ᠡ ᠪᠠ ᠣᠨ ᠤ ᠲᠡᠩᠬᠡᠷᠡᠭᠦᠯᠦᠨ ᠲᠤᠰᠠᠯᠠᠬᠤ ᠬᠢᠵᠠᠭᠠᠷ ᠲᠤᠭ᠎ᠠ ᠶᠢ ᠵᠦᠶ ᠵᠣᠬᠢᠰᠲᠠᠶ ᠲᠣᠭᠲᠠᠭᠠᠵᠤ᠂ ᠲᠣᠭᠲᠠᠭᠠᠯ | ᠶᠣᠰᠣᠭᠠᠷ ᠲᠥᠷᠥᠯ ᠬᠤᠪᠢᠶᠠᠨ ᠲᠡᠩᠬᠡᠷᠡᠭᠦᠯᠦᠨ ᠲᠤᠰᠠᠯᠠᠬᠤ ᠠᠵᠢᠯ ᠢ ᠰᠠᠶᠢᠲᠤᠷ ᠬᠢᠨ᠎ᠠ᠃ ᠮᠠᠯᠵᠢᠬᠤ ᠲᠠᠷᠢᠶᠠᠯᠠᠬᠤ | ᠣᠷᠣᠨ ᠤ ᠳᠠᠬᠢᠨ ᠶᠠᠳᠠᠭᠤᠷᠠᠬᠤ ᠠᠴᠠ ᠪᠣᠯᠵᠣ ᠶᠠᠳᠠᠭᠤᠷᠠᠭᠰᠠᠨ ᠬᠥᠮᠦᠨ ᠠᠮᠠ ᠶᠢᠨ ᠡᠮᠴᠢᠯᠡᠭᠡᠨ ᠤ ᠪᠠᠲᠤᠯᠠᠭ᠎ᠠ ᠶᠢᠨ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠡᠮᠴᠢᠯᠡᠭᠡᠨ ᠤ | ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠨ᠎ᠡ᠃ | ︵ᠵᠢᠷᠭᠤᠭ᠎ᠠ︶ ᠲᠡᠩᠬᠡᠷᠡᠭᠦᠯᠦᠨ ᠲᠤᠰᠠᠯᠠᠬᠤ ᠵᠠᠷᠤᠳᠠᠯ ᠤᠨ ᠪᠠᠲᠤᠯᠠᠭ᠎ᠠ ᠶᠢᠨ ᠬᠡᠪᠴᠢᠶ᠎ᠡ ᠶᠢ | ᠲᠣᠳᠣᠷᠬᠠᠶᠢᠯᠠᠬᠤ ᠬᠡᠷᠡᠭᠲᠡᠶ᠃ ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠠᠪᠤᠷᠠᠨ ᠲᠤᠰᠠᠯᠠᠬᠤ | ᠡᠲᠡᠭᠡᠳ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠦᠨᠳᠦᠰᠦᠨ ᠡᠮᠴᠢᠯᠡᠭᠡ ᠶᠢᠨ ᠬᠡᠷᠡᠭᠴᠡᠭᠡ | ᠱᠠᠭᠠᠷᠳᠠᠯᠭ᠎ᠠ ᠶᠢ ᠲᠣᠬᠢᠲᠠᠶ ᠰᠢᠢᠳᠪᠦᠷᠢᠯᠡᠨ᠎ᠡ᠃ ᠠᠪᠤᠷᠠᠨ ᠲᠤᠰᠠᠯᠠᠬᠤ ᠵᠠᠷᠤᠳᠠᠯ ᠨᠢ ᠭᠤᠤᠯᠳᠠᠭᠤ ᠠᠪᠤᠷᠠᠨ | ᠲᠤᠰᠠᠯᠠᠬᠤ ᠡᠲᠡᠭᠡᠳ ᠤᠨ ᠴᠢᠬ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠭᠦᠰᠦᠭᠰᠡᠨ ᠡᠮᠨᠡᠯᠭᠡ ᠳᠤ | ᠰᠠᠭᠤᠭᠰᠠᠨ ᠵᠠᠷᠤᠳᠠᠯ᠂ ᠤᠳᠠᠭᠠᠨ ᠴᠢᠨᠠᠷᠲᠠᠶ ᠡᠪᠡᠳᠴᠢᠨ ᠠᠴᠠ ᠪᠣᠯᠵᠣ ᠣᠷᠳᠣ ᠬᠤᠭᠤᠴᠠᠭ᠎ᠠ ᠪᠠᠷ ᠡᠮ ᠤᠤᠭᠤᠬᠤ | ᠪᠤᠶᠤ ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠨᠡᠷᠪᠡᠭᠳᠡᠭᠡᠳ ᠣᠷᠳᠣ ᠬᠤᠭᠤᠴᠠᠭ᠎ᠠ ᠪᠠᠷ ᠡᠭᠦᠳᠡᠨ ᠡᠮᠨᠡᠯᠭᠡ ᠳᠤ | ᠡᠮᠨᠡᠭᠦᠯᠬᠦ ᠴᠢᠬᠤᠯᠠᠲᠠᠶ ᠵᠠᠷᠤᠳᠠᠯ ᠢ ᠬᠠᠮᠤᠷᠤᠨ᠎ᠠ᠃ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ | ᠳᠠᠭᠠᠳᠬᠠᠯ ᠤᠨ ᠡᠬᠢᠯᠡᠵᠦ ᠳᠥᠯᠥᠬᠦ ᠱᠤᠭᠤᠮ ᠠᠴᠠ ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ | ᠳᠣᠲᠣᠷ᠎ᠠ ᠬᠤᠪᠢ ᠬᠥᠮᠦᠨ ᠤ ᠥᠪᠡᠷ ᠢᠶᠠᠨ ᠳᠥᠯᠥᠬᠦ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ | ᠲᠡᠩᠬᠡᠷᠡᠭᠦᠯᠦᠨ ᠲᠤᠰᠠᠯᠠᠬᠤ ᠳᠤ ᠣᠷᠣᠭᠤᠯᠤᠨ᠎ᠠ᠃ ᠡᠮᠴᠢᠯᠡᠭᠡᠨ ᠤ ᠲᠤᠰᠠᠯᠠᠮᠵᠢ ᠶᠢᠨ ᠰᠠᠭᠤᠷᠢ ᠮᠥᠩᠭᠦ ᠶᠢᠨ | ᠣᠯᠭᠤᠬᠤ ᠬᠦᠷᠢᠶ᠎ᠡ ᠬᠡᠪᠴᠢᠶ᠎ᠡ ᠨᠢ ᠵᠠᠷᠴᠢᠮ ᠳᠡᠭᠡᠷ᠎ᠡ ᠪᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠣᠯᠭᠤᠬᠤ ᠬᠦᠷᠢᠶ᠎ᠡ ᠬᠡᠪᠴᠢᠶ᠎ᠡ ᠶᠢᠨ ᠬᠤᠯᠪᠣᠭᠳᠠᠯ ᠪᠥᠬᠦᠶ ᠲᠣᠭᠲᠠᠭᠠᠯ ᠳᠤ | ᠨᠡᠶᠢᠴᠡᠭᠰᠡᠨ ᠪᠠᠶᠢᠬᠤ ᠬᠡᠷᠡᠭᠲᠡᠶ᠃ ᠤᠯᠤᠰ ᠠᠴᠠ ᠠᠰᠲᠠᠭᠠᠨ ᠲᠣᠳᠣᠷᠬᠠᠶ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ | ᠡᠯ᠎ᠡ ᠭᠠᠵᠠᠷ ᠣᠷᠣᠨ ᠥᠪᠡᠷᠲᠡᠭᠡᠨ ᠲᠣᠭᠲᠠᠭᠠᠬᠤ ᠪᠤᠶᠤ ᠵᠣᠬᠢᠴᠠᠭᠤᠯᠬᠤ ᠠᠷᠭ᠎ᠠ ᠪᠠᠷ ᠡᠮ ᠡᠮᠨᠡᠯᠭᠡ ᠶᠢᠨ | ᠲᠤᠰᠠᠯᠠᠮᠵᠢ ᠶᠢᠨ ᠵᠠᠷᠤᠳᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ | ᠦᠭᠡᠢ᠃ | ︵ᠳᠣᠯᠤᠭ᠎ᠠ︶ ᠡᠮᠴᠢᠯᠡᠭᠡᠨ ᠤ ᠠᠪᠤᠷᠠᠨ ᠲᠤᠰᠠᠯᠠᠬᠤ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠨ᠎ᠠ᠃ | ᠲᠡᠩᠬᠡᠷᠡᠭᠦᠯᠦᠨ ᠲᠤᠰᠠᠯᠠᠬᠤ ᠡᠲᠡᠭᠡᠳ ᠤᠨ ᠬᠡᠷ ᠪᠦᠯᠢ ᠶᠢᠨ ᠬᠦᠴᠢᠷᠳᠡᠯ ᠲᠠᠢ ᠪᠠᠶᠢᠳᠠᠯ ᠢ ᠦᠨᠳᠦᠰᠦᠯᠡᠨ᠂ ᠣᠨ ᠤ | ᠲᠡᠩᠬᠡᠷᠡᠭᠦᠯᠦᠨ ᠲᠤᠰᠠᠯᠠᠬᠤ ᠶᠢᠨ ᠡᠬᠢᠯᠡᠵᠦ ᠣᠯᠭᠤᠬᠤ ᠪᠠᠷᠢᠮᠵᠢᠶ᠎ᠠ ︵ᠳᠣᠷᠣᠭᠰᠢ ᠡᠬᠢᠯᠡᠵᠦ ᠣᠯᠭᠤᠬᠤ ᠪᠠᠷᠢᠮᠵᠢᠶ᠎ᠠ | ᠭᠡᠵᠦ ᠲᠣᠪᠴᠢᠯᠠᠨ᠎ᠠ︶ ᠶᠢ ᠲᠥᠷᠥᠯ ᠬᠤᠪᠢᠶᠠᠨ ᠲᠣᠭᠲᠠᠭᠠᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ | ᠡᠲᠡᠭᠡᠳ ᠲᠤ᠂ ᠣᠨᠴᠠ ᠬᠦᠴᠢᠷᠳᠡᠯᠲᠡᠶ ᠬᠥᠮᠦᠰ ᠤᠨ ᠡᠬᠢᠯᠡᠵᠦ ᠳᠥᠯᠥᠬᠦ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ | ᠬᠦᠴᠦᠨ ᠥᠬᠡᠶ ᠪᠣᠯᠭᠠᠵᠤ᠂ ᠲᠦᠷ ᠨᠥᠬᠦᠴᠡᠯ ᠪᠦᠷᠢᠯᠳᠦᠭᠦᠯᠦᠭᠡᠳᠦᠶ ᠭᠠᠵᠠᠷ ᠣᠷᠣᠨ ᠤ ᠡᠬᠢᠯᠡᠵᠦ ᠳᠥᠯᠥᠬᠦ | ᠪᠠᠷᠢᠮᠵᠢᠶ᠎ᠠ ᠶᠢ ᠪᠠᠶᠢᠭ᠎ᠠ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠲᠦᠷᠦᠭᠦᠤ ᠵᠢᠯ ᠤᠨ ᠪᠥᠬᠦ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 5% ᠠᠴᠠ ᠥᠨᠳᠥᠷ ᠪᠠᠶᠢᠯᠭᠠᠵᠤ ᠪᠣᠯᠬᠤ | ᠥᠬᠡᠶ ᠪᠥᠭᠡᠳ ᠡᠬᠢᠯᠡᠵᠦ ᠳᠥᠯᠥᠬᠦ ᠪᠠᠷᠢᠮᠵᠢᠶ᠎ᠠ ᠶᠢ ᠬᠦᠴᠦᠨ ᠥᠬᠡᠶ ᠪᠣᠯᠭᠠᠬᠤ ᠶᠢ ᠠᠯᠬᠤᠮ ᠠᠯᠬᠤᠮ ᠢᠶᠠᠷ | ᠰᠦᠪᠡᠭᠴᠢᠯᠡᠨ᠎ᠡ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠲᠠᠬᠢ ᠬᠡᠷ ᠪᠦᠯᠢ ᠶᠢᠨ ᠪᠦᠷᠢᠯᠳᠦᠬᠦᠨ ᠤ | ᠡᠬᠢᠯᠡᠵᠦ ᠳᠥᠯᠥᠬᠦ ᠪᠠᠷᠢᠮᠵᠢᠶ᠎ᠠ ᠶᠢ ᠠᠶᠢᠮᠠᠭ ᠬᠤᠲᠠ ᠶᠢᠨ ᠲᠦᠷᠦᠭᠦᠤ ᠵᠢᠯ ᠤᠨ ᠪᠥᠬᠦ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 10% ᠣᠷᠴᠢᠮ ᠢᠶᠠᠷ ᠲᠣᠭᠲᠠᠭᠠᠵᠤ᠂ | ᠡᠪᠡᠳᠴᠢᠨ ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ ᠢ ᠠᠶᠢᠮᠠᠭ ᠬᠤᠲᠠ ᠶᠢᠨ ᠲᠦᠷᠦᠭᠦᠤ ᠵᠢᠯ ᠤᠨ | ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 25% ᠣᠷᠴᠢᠮ ᠢᠶᠠᠷ | ᠲᠣᠭᠲᠠᠭᠠᠨ᠎ᠠ᠃ ︽ᠤᠷᠢᠳᠠᠪᠠᠷ ᠳᠠᠭᠠᠳᠬᠠᠵᠤ ᠳᠠᠷᠠᠭ᠎ᠠ ᠨᠢ ᠠᠪᠤᠷᠠᠨ ᠲᠤᠰᠠᠯᠠᠬᠤ︾ ᠵᠠᠷᠴᠢᠮ ᠶᠣᠰᠣᠭᠠᠷ᠂ | ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠶᠢ ᠳᠥᠯᠥᠭᠰᠡᠨ ᠤ ᠳᠠᠷᠠᠭ᠎ᠠ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠦᠨ ᠤ ᠥᠪᠡᠷᠲᠡᠭᠡᠨ ᠳᠥᠯᠥᠬᠦ ᠡᠮᠴᠢᠯᠡᠭᠡᠨ ᠤ | ᠵᠠᠷᠤᠳᠠᠯ ᠨᠢ ᠮᠥᠨ ᠨᠡᠯᠢᠶᠡᠳ ᠬᠦᠨᠳᠦ ᠪᠠᠶᠢᠭ᠎ᠠ ᠠᠪᠤᠷᠠᠨ ᠲᠤᠰᠠᠯᠠᠬᠤ ᠡᠲᠡᠭᠡᠳ ᠲᠤ ᠲᠣᠭᠲᠠᠭᠠᠯ ᠶᠣᠰᠣᠭᠠᠷ ᠠᠪᠤᠷᠠᠨ | ᠲᠤᠰᠠᠯᠠᠬᠤ ᠶᠢ ᠬᠡᠷᠡᠭᠵᠢᠭᠦᠯᠵᠦ᠂ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ | ᠬᠦᠴᠦ ᠪᠠᠨ ᠬᠠᠮᠲᠤᠳᠬᠠᠨ ᠰᠡᠷᠭᠡᠶᠢᠯᠡᠨ᠎ᠡ᠃ ᠣᠨ ᠤ ᠲᠡᠩᠬᠡᠷᠡᠭᠦᠯᠦᠨ ᠲᠤᠰᠠᠯᠠᠬᠤ ᠬᠢᠵᠠᠭᠠᠷ ᠲᠤᠭ᠎ᠠ ᠶᠢᠨ ᠳᠣᠲᠣᠷ᠎ᠠ᠂ | ᠣᠨᠴᠠ ᠬᠦᠴᠢᠷᠳᠡᠯᠲᠡᠶ ᠬᠥᠮᠦᠰ ᠲᠤ ᠪᠥᠬᠦ ᠲᠤᠭ᠎ᠠ ᠪᠠᠷ ᠲᠡᠩᠬᠡᠷᠡᠭᠦᠯᠦᠨ ᠲᠤᠰᠠᠯᠠᠬᠤ ᠶᠢ ᠬᠡᠷᠡᠭᠵᠢᠭᠦᠯᠵᠦ᠂ ᠨᠠᠭᠠᠳᠤ | ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠲᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠵᠠᠷᠤᠳᠠᠯ ᠢ | 70% ᠠᠴᠠ ᠳᠣᠤᠷ᠎ᠠ ᠪᠠᠶᠢᠯᠭᠠᠬᠤ ᠥᠬᠡᠶ ᠬᠠᠷᠢᠴᠠᠯ ᠢᠶᠠᠷ ᠲᠡᠩᠬᠡᠷᠡᠭᠦᠯᠦᠨ ᠲᠤᠰᠠᠯᠠᠵᠤ᠂ ᠪᠤᠰᠤᠳ ᠲᠡᠩᠬᠡᠷᠡᠭᠦᠯᠦᠨ | ᠲᠤᠰᠠᠯᠠᠬᠤ ᠡᠲᠡᠭᠡᠳ ᠲᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠵᠠᠷᠤᠳᠠᠯ ᠤᠨ ᠲᠡᠩᠬᠡᠷᠡᠭᠦᠯᠦᠨ | ᠲᠤᠰᠠᠯᠠᠬᠤ ᠬᠠᠷᠢᠴᠠᠯ ᠢ 60% ᠠᠴᠠ ᠳᠣᠤᠷ᠎ᠠ ᠪᠠᠶᠢᠯᠭᠠᠬᠤ ᠥᠬᠡᠶ᠃ ᠡᠯ᠎ᠡ ᠠᠶᠢᠮᠠᠭ ᠬᠤᠲᠠ ᠨᠤᠭᠤᠳ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠠᠷᠠᠳ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ | ᠱᠠᠭᠠᠷᠳᠠᠯᠭ᠎ᠠ᠂ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠦ ᠶᠢᠨ ᠲᠤᠯᠭᠠᠭᠤᠷᠢᠯᠠᠬᠤ ᠴᠢᠳᠠᠪᠤᠷᠢ ᠶᠢ | ᠦᠨᠳᠦᠰᠦᠯᠡᠨ᠂ ᠲᠤᠬᠠᠶ ᠶᠢᠨ ᠭᠠᠵᠠᠷ ᠤᠨ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠬᠠᠷᠢᠴᠠᠯ ᠪᠠ ᠣᠨ ᠤ | ᠲᠡᠩᠬᠡᠷᠡᠭᠦᠯᠦᠨ ᠲᠤᠰᠠᠯᠠᠬᠤ ᠬᠢᠵᠠᠭᠠᠷ ᠲᠤᠭ᠎ᠠ ᠶᠢ ᠵᠦᠶ ᠵᠣᠬᠢᠰᠲᠠᠶ ᠲᠣᠭᠲᠠᠭᠠᠵᠤ᠂ ᠡᠩ ᠤᠨ ᠠᠰᠠᠷᠠᠮᠵᠢ ᠶᠢᠨ | ᠬᠠᠨᠳᠤᠰᠢ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠳᠠᠬᠢᠨ ᠶᠠᠳᠠᠭᠤᠷᠠᠬᠤ ᠠᠴᠠ | ᠪᠣᠯᠵᠣ ᠶᠠᠳᠠᠭᠤᠷᠠᠭᠰᠠᠨ ᠬᠥᠮᠦᠨ ᠠᠮᠠ ᠶᠢ ᠠᠪᠤᠷᠠᠨ ᠲᠤᠰᠠᠯᠠᠬᠤ ᠬᠢᠷᠢ ᠲᠦᠪᠰᠢᠨ ᠢ ᠡᠮᠴᠢᠯᠡᠭᠡᠨ ᠤ ᠪᠠᠲᠤᠯᠠᠭ᠎ᠠ ᠶᠢᠨ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠬᠤᠯᠪᠣᠭᠳᠠᠯ | ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠬᠦᠴᠢᠷᠳᠡᠯᠲᠡᠶ ᠣᠯᠠᠨ ᠲᠦᠮᠡᠨ ᠨᠢ | ᠣᠯᠠᠨ ᠵᠦᠢᠯ ᠤᠨ ᠣᠨᠴᠣᠭᠤᠶ ᠪᠡᠶ᠎ᠡ ᠬᠡᠮ ᠤᠨ ᠰᠢᠨᠵᠢ ᠴᠢᠨᠠᠷ ᠲᠠᠢ ᠪᠠᠶᠢᠪᠠᠯ ︽ᠥᠨᠳᠥᠷ ᠢ ᠨᠢ ᠳᠣᠤᠷ᠎ᠠ ᠪᠠᠶᠢᠯᠭᠠᠬᠤ | ᠥᠬᠡᠶ︾ ᠵᠠᠷᠴᠢᠮ ᠢᠶᠠᠷ ᠠᠪᠤᠷᠠᠨ ᠲᠤᠰᠠᠯᠠᠯᠲᠠ ᠭᠥᠷᠳᠡᠵᠦ᠂ ᠳᠠᠪᠬᠤᠷᠳᠠᠭᠤᠯᠤᠨ ᠠᠪᠤᠷᠠᠨ ᠲᠤᠰᠠᠯᠠᠵᠤ ᠪᠣᠯᠬᠤ ᠥᠬᠡᠶ | ᠃ | ︵ᠨᠠᠢᠮᠠ︶ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠶ | ᠲᠥᠯᠥᠪᠯᠡᠨ ᠲᠡᠭᠦᠯᠳᠡᠷᠵᠢᠭᠦᠯᠦᠨ᠎ᠡ᠃ ᠡᠮᠨᠡᠯᠭᠡ ᠳᠤ ᠰᠠᠭᠤᠬᠤ᠂ ᠡᠩ ᠤᠨ ᠡᠭᠦᠳᠡᠨ ᠡᠮᠨᠡᠯᠭᠡ᠂ ᠡᠭᠦᠳᠡᠨ ᠡᠮᠨᠡᠯᠭᠡ ᠶᠢᠨ | ᠤᠳᠠᠭᠠᠨ ᠴᠢᠨᠠᠷᠲᠠᠶ ᠣᠨᠴᠠ ᠡᠪᠡᠳᠴᠢᠨ ᠢ ᠠᠪᠤᠷᠠᠨ ᠲᠤᠰᠠᠯᠠᠬᠤ ᠪᠠᠲᠤᠯᠠᠭ᠎ᠠ᠂ ᠡᠭᠦᠳᠡᠨ ᠡᠮᠨᠡᠯᠭᠡ ᠪᠠ ᠡᠮᠨᠡᠯᠭᠡ ᠳᠤ | ᠰᠠᠭᠤᠵᠤ ᠠᠪᠤᠷᠠᠨ ᠲᠤᠰᠠᠯᠠᠬᠤ ᠳᠤ ᠣᠨ ᠤ ᠠᠪᠤᠷᠠᠨ ᠲᠤᠰᠠᠯᠠᠬᠤ ᠬᠢᠵᠠᠭᠠᠷ ᠲᠤᠭ᠎ᠠ ᠶᠢ ᠬᠠᠮᠲᠤ ᠪᠠᠷ ᠬᠡᠷᠡᠭᠯᠡᠬᠦ ᠶᠢ | ᠴᠢᠩᠭᠠᠳᠬᠠᠨ᠎ᠠ᠃ ᠰᠢᠯᠵᠢᠭᠦᠯᠦᠨ ᠡᠮᠨᠡᠭᠦᠯᠬᠦ ᠶᠢ ᠵᠢᠷᠤᠮᠵᠢᠭᠤᠯᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ | ᠬᠡᠪᠴᠢᠶᠡᠨ ᠳᠤ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ ᠲᠤ᠂ ᠭᠤᠷᠪᠠᠨ ᠳᠠᠪᠬᠤᠷ ᠲᠦᠷᠢᠮ ᠢᠶᠠᠷ | ᠶᠡᠷᠦᠩᠬᠡᠶᠢᠯᠡᠨ ᠪᠠᠲᠤᠯᠠᠭᠰᠠᠨ ᠤ ᠳᠠᠷᠠᠭ᠎ᠠ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠬᠤᠪᠢ ᠬᠥᠮᠦᠨ ᠤ | ᠳᠠᠷᠤᠭᠠᠰᠤ ᠮᠥᠨ ᠨᠡᠯᠢᠶᠡᠳ ᠬᠦᠨᠳᠦ ᠪᠠᠶᠢᠪᠠᠯ᠂ ᠬᠡᠯᠪᠠᠶᠢᠯᠭᠡᠵᠦ ᠠᠪᠤᠷᠠᠨ ᠲᠤᠰᠠᠯᠠᠨ᠎ᠠ᠂ ᠬᠡᠯᠪᠠᠶᠢᠯᠭᠡᠵᠦ ᠠᠪᠤᠷᠠᠨ | ᠲᠤᠰᠠᠯᠠᠬᠤ ᠶᠢᠨ ᠡᠬᠢᠯᠡᠵᠦ ᠥᠭᠬᠦ ᠱᠤᠭᠤᠮ ᠢ ᠬᠦᠨᠳᠦ ᠡᠪᠡᠳᠴᠢᠨ ᠤ ᠳᠠᠭᠠᠳᠬᠠᠯ ᠤᠨ ᠬᠤᠯᠪᠣᠭᠳᠠᠯ ᠪᠥᠬᠦᠶ | ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ ᠲᠣᠭᠲᠠᠭᠠᠵᠤ ᠪᠣᠯᠤᠨ᠎ᠠ᠂ ᠪᠣᠳᠠᠲᠠᠶ ᠠᠪᠤᠷᠠᠨ ᠲᠤᠰᠠᠯᠠᠬᠤ ᠨᠥᠬᠦᠴᠡᠯ | ᠪᠠ ᠪᠠᠷᠢᠮᠵᠢᠶ᠎ᠠ ᠶᠢ ᠡᠯ᠎ᠡ ᠠᠶᠢᠮᠠᠭ ᠬᠤᠲᠠ ᠠᠴᠠ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠪᠠᠯᠠ | ᠴᠤᠭᠯᠠᠭᠤᠯᠤᠭᠰᠠᠨ ᠪᠠᠶᠢᠳᠠᠯ ᠢ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠡᠲᠦ ᠪᠠᠲᠤᠯᠠᠬᠤ ᠠᠴᠠ | ᠵᠠᠶᠢᠯᠠᠰᠬᠢᠨ᠎ᠡ᠃ | ︵ᠶᠢᠰᠦ︶ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠶᠢ ᠤᠷᠢᠳᠴᠢᠯᠠᠨ | ᠰᠡᠷᠡᠮᠵᠢᠯᠡᠭᠦᠯᠵᠦ ᠬᠢᠨᠠᠨ ᠡᠮᠴᠢᠯᠡᠭᠡ ᠪᠠᠷ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢᠨ | ᠬᠥᠳᠡᠯᠦᠩᠭᠦᠶ ᠬᠠᠮᠢᠶᠠᠷᠤᠯᠲᠠ ᠶᠢ ᠡᠪᠡᠳᠴᠢᠨ ᠠᠴᠠ ᠪᠣᠯᠵᠣ ᠶᠠᠳᠠᠭᠤᠷᠠᠬᠤ ᠪᠠ ᠡᠪᠡᠳᠴᠢᠨ ᠠᠴᠠ ᠪᠣᠯᠵᠣ ᠳᠠᠬᠢᠨ | ᠶᠠᠳᠠᠭᠤᠷᠠᠬᠤ ᠶᠢᠨ ᠬᠤᠤᠰ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠥᠷᠥᠯ ᠬᠤᠪᠢᠶᠠᠨ ᠪᠦᠷᠢᠨᠰᠢᠬᠦᠯᠵᠦ᠂ | ᠨᠥᠬᠦᠴᠡᠯ ᠳᠤ ᠨᠡᠶᠢᠴᠡᠭᠰᠡᠨ ᠢ ᠨᠢ ᠴᠠᠭ ᠲᠤᠬᠠᠶ ᠳᠤᠨᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃ | ᠣᠨ ᠤ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ | ᠵᠡᠷᠭᠡ ᠪᠠᠷ ᠳᠥᠯᠥᠭᠰᠡᠨ ᠤ ᠳᠠᠷᠠᠭ᠎ᠠ᠂ ᠬᠤᠪᠢ ᠬᠥᠮᠦᠨ ᠤ ᠨᠡᠶᠢᠲᠡ ᠡᠭᠦᠷᠭᠡᠯᠡᠯ ᠨᠢ ᠲᠤᠬᠠᠶ ᠶᠢᠨ ᠭᠠᠵᠠᠷ ᠤᠨ | ᠲᠦᠷᠦᠭᠦᠤ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠬᠡᠲᠦᠷᠡᠭᠰᠡᠨ ᠪᠠᠶᠢᠪᠠᠯ᠂ ᠡᠪᠡᠳᠴᠢᠨ ᠠᠴᠠ ᠪᠣᠯᠵᠣ | ᠶᠠᠳᠠᠭᠤᠷᠠᠭᠰᠠᠨ ᠢ ᠬᠢᠨᠠᠨ ᠬᠡᠮᠵᠢᠬᠦ ᠳᠤ ᠣᠷᠣᠭᠤᠯᠤᠨ᠎ᠠ︔ ᠬᠤᠪᠢ ᠬᠥᠮᠦᠨ ᠤ ᠨᠡᠶᠢᠲᠡ ᠡᠭᠦᠷᠭᠡᠯᠡᠯ ᠨᠢ ᠲᠤᠬᠠᠶ ᠶᠢᠨ | ᠭᠠᠵᠠᠷ ᠤᠨ ᠲᠦᠷᠦᠭᠦᠤ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50% ᠠᠴᠠ ᠬᠡᠲᠦᠷᠡᠭᠰᠡᠨ ᠪᠠᠶᠢᠪᠠᠯ᠂ | ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ ᠬᠢᠨᠠᠨ ᠬᠡᠮᠵᠢᠬᠦ ᠳᠤ ᠣᠷᠣᠭᠤᠯᠤᠨ᠎ᠠ᠃ ᠦᠨᠳᠦᠰᠦᠨ | ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ ᠳᠡᠮᠵᠢᠨ ᠳᠥᠯᠥᠭᠰᠡᠨ ᠤ ᠳᠠᠷᠠᠭᠠᠬᠢ | ᠬᠤᠪᠢ ᠬᠥᠮᠦᠨ ᠤ ᠣᠨ ᠤ ᠡᠮᠴᠢᠯᠡᠭᠡᠨ ᠤ ᠵᠠᠷᠤᠳᠠᠯ ᠤᠨ ᠡᠭᠦᠷᠭᠡᠯᠡᠯ ᠨᠢ ᠮᠥᠨ ᠬᠦ ᠨᠡᠯᠢᠶᠡᠳ ᠬᠦᠨᠳᠦ ᠪᠠᠶᠢᠭ᠎ᠠ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠡᠷ ᠪᠦᠯᠢ ᠶᠢᠨ ᠪᠦᠷᠢᠯᠳᠦᠬᠦᠨ ᠪᠣᠯᠤᠨ ᠮᠠᠯᠵᠢᠬᠤ | ᠲᠠᠷᠢᠶᠠᠯᠠᠬᠤ ᠣᠷᠣᠨ ᠤ ᠠᠮᠠᠷᠬᠠᠨ ᠪᠤᠴᠠᠵᠤ ᠶᠠᠳᠠᠭᠤᠷᠠᠭᠰᠠᠨ ᠠᠴᠠ ᠪᠣᠯᠵᠣ ᠶᠠᠳᠠᠭᠤᠷᠠᠭᠰᠠᠨ ᠬᠥᠮᠦᠨ ᠠᠮᠠ ᠶᠢ | ᠭᠤᠤᠯᠳᠠᠯᠭ᠎ᠠ ᠲᠠᠢ ᠬᠢᠨᠠᠨ ᠬᠡᠮᠵᠢᠵᠦ᠂ ᠴᠠᠭ ᠲᠤᠬᠠᠶ ᠳᠤᠨᠢ ᠰᠡᠷᠡᠮᠵᠢᠯᠡᠭᠦᠯᠬᠦ ᠶᠢ ᠪᠡᠶᠡᠯᠡᠭᠦᠯᠦᠨ᠎ᠡ᠃ ᠡᠮ ᠡᠮᠨᠡᠯᠭᠡ ᠶᠢᠨ | ᠳᠠᠭᠠᠳᠬᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ | ᠡᠷᠡᠭᠦᠯ ᠮᠡᠨᠳᠦ᠂ ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠨ | ᠬᠠᠮᠵᠢᠯᠴᠠᠬᠤ ᠪᠠᠨ ᠴᠢᠩᠭᠠᠳᠬᠠᠵᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠶᠢ ᠰᠠᠶᠢᠲᠤᠷ | ᠬᠢᠵᠦ᠂ ᠬᠦᠴᠢᠷᠳᠡᠯᠲᠡᠶ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠬᠥᠳᠡᠯᠦᠩᠭᠦᠶ ᠪᠠᠷ ᠬᠢᠨᠠᠨ | ᠬᠡᠮᠵᠢᠬᠦ᠂ ᠬᠠᠷᠭᠤᠭᠤᠯᠤᠨ ᠪᠠᠶᠢᠴᠠᠭᠠᠵᠤ ᠬᠠᠷᠢᠴᠠᠭᠤᠯᠬᠤ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ | ᠴᠢᠩᠭᠠᠳᠬᠠᠬᠤ ᠬᠡᠷᠡᠭᠲᠡᠶ᠃ | ︵ᠠᠷᠪᠠ︶ ᠭᠤᠶᠤᠴᠢᠯᠠᠯ ᠶᠣᠰᠣᠭᠠᠷ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠭᠤᠶᠤᠴᠢᠯᠠᠯ ᠶᠣᠰᠣᠭᠠᠷ ᠲᠡᠩᠬᠡᠷᠡᠭᠦᠯᠦᠨ ᠲᠤᠰᠠᠯᠠᠬᠤ ᠲᠣᠭᠲᠠᠴᠠ ᠶᠢ ᠪᠥᠬᠦ ᠲᠠᠯ᠎ᠠ ᠪᠠᠷ | ᠪᠠᠶᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠲᠠᠬᠢ ᠬᠡᠷ ᠪᠦᠯᠢ ᠶᠢᠨ | ᠪᠦᠷᠢᠯᠳᠦᠬᠦᠨ ᠪᠠ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠪᠤᠴᠠᠵᠤ ᠶᠠᠳᠠᠭᠤᠷᠠᠭᠠᠳ ᠶᠠᠳᠠᠭᠤᠷᠠᠭᠰᠠᠨ ᠬᠥᠮᠦᠨ | ᠠᠮᠠ᠂ ᠡᠪᠡᠳᠴᠢᠨ ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ ᠢ ᠲᠡᠩᠬᠡᠷᠡᠭᠦᠯᠦᠨ ᠲᠤᠰᠠᠯᠠᠬᠤ ᠪᠠᠷ | ᠭᠤᠶᠤᠴᠢᠯᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠭᠤᠶᠤᠴᠢᠯᠠᠬᠤ ᠲᠠᠰ ᠳᠠᠷᠠᠭᠠᠯᠠᠯ ᠢ ᠳᠥᠭᠦᠮᠴᠢᠯᠡᠨ᠂ | ᠲᠡᠩᠬᠡᠷᠡᠭᠦᠯᠦᠨ ᠲᠤᠰᠠᠯᠠᠬᠤ ᠬᠤᠭᠤᠴᠠᠭᠠᠲᠤ ᠴᠢᠨᠠᠷ ᠢ ᠴᠢᠩᠭᠠᠷᠠᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ ᠢᠶᠠᠷ ᠨᠢᠭᠡᠨᠲᠡ ᠦᠨᠡᠮᠰᠢᠭᠰᠡᠨ ᠪᠠᠶᠢᠪᠠᠯ᠂ ᠰᠢᠭᠤᠳ | ᠡᠮᠴᠢᠯᠡᠭᠡᠨ ᠤ ᠠᠪᠤᠷᠠᠨ ᠲᠤᠰᠠᠯᠠᠯᠲᠠ ᠭᠥᠷᠳᠡᠨ᠎ᠡ᠃ ᠨᠡᠶᠢᠭᠡᠮ ᠤᠨ ᠬᠦᠴᠦᠨ ᠢ ᠬᠥᠲᠥᠯᠦᠨ ᠵᠢᠯᠣᠭᠤᠳᠴᠤ ᠪᠠᠶᠢᠭᠠᠳ | ᠠᠪᠤᠷᠠᠨ ᠲᠤᠰᠠᠯᠠᠬᠤ ᠳᠤ ᠣᠷᠣᠯᠴᠠᠭᠤᠯᠬᠤ ᠲᠣᠭᠲᠠᠴᠠ ᠶᠢ ᠪᠦᠷᠢᠨᠰᠢᠬᠦᠯᠵᠦ᠂ ᠡᠮᠴᠢᠯᠡᠭᠡᠨ ᠤ ᠠᠪᠤᠷᠠᠨ ᠲᠤᠰᠠᠯᠠᠬᠤ᠂ | ᠲᠦᠷ ᠴᠠᠭ ᠤᠨ ᠠᠪᠤᠷᠠᠨ ᠲᠤᠰᠠᠯᠠᠬᠤ᠂ ᠨᠢᠭᠦᠯᠡᠰᠦᠩᠭᠦᠶ ᠶᠢᠨ ᠠᠪᠤᠷᠠᠨ ᠲᠤᠰᠠᠯᠠᠬᠤ ᠵᠡᠷᠭᠡ ᠶᠡᠷᠦᠩᠬᠡᠶᠢᠯᠡᠭᠰᠡᠨ | ᠴᠢᠨᠠᠷᠲᠠᠶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠡᠯ᠎ᠡ ᠭᠠᠵᠠᠷ ᠣᠷᠣᠨ ᠨᠤᠭᠤᠳ ᠠᠪᠤᠷᠠᠨ | ᠲᠤᠰᠠᠯᠠᠬᠤ ᠡᠲᠡᠭᠡᠳ ᠤᠨ ᠪᠣᠳᠠᠲᠠᠶ ᠪᠠᠶᠢᠳᠠᠯ ᠢ ᠦᠨᠳᠦᠰᠦᠯᠡᠨ᠂ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ | ᠮᠠᠶ᠋ᠢᠭ ᠢ ᠠᠪᠴᠤ᠂ ᠲᠠᠰ ᠳᠠᠪᠬᠤᠷᠭ᠎ᠠ ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠨᠠᠷᠢᠯᠢᠭ ᠣᠨᠣᠴᠠᠲᠠᠶ ᠪᠠᠷ | ᠥᠷᠨᠢᠭᠦᠯᠵᠦ ᠪᠣᠯᠤᠨ᠎ᠠ᠃ ᠶᠡᠷᠦᠩᠬᠡᠶᠢᠯᠡᠨ ᠲᠡᠩᠬᠡᠷᠡᠭᠦᠯᠦᠨ ᠲᠤᠰᠠᠯᠠᠬᠤ ᠬᠢᠷᠢ ᠬᠡᠮᠵᠢᠶ᠎ᠡ ᠶᠢ ᠬᠡᠷ ᠪᠦᠯᠢ ᠶᠢᠨ ᠠᠵᠤ | ᠠᠬᠤᠶ ᠶᠢᠨ ᠪᠠᠶᠢᠳᠠᠯ᠂ ᠬᠤᠪᠢ ᠬᠥᠮᠦᠨ ᠤ ᠪᠣᠳᠠᠲᠠᠶ ᠵᠠᠷᠤᠳᠠᠯ ᠢ ᠡᠭᠦᠷᠭᠡᠯᠡᠵᠦ ᠪᠠᠶᠢᠭ᠎ᠠ ᠪᠠᠶᠢᠳᠠᠯ ᠢ ᠦᠨᠳᠦᠰᠦᠯᠡᠨ | ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠬᠡᠪᠴᠢᠶᠡᠨ ᠳᠤ | ᠣᠷᠣᠭᠤᠯᠤᠭᠰᠠᠨ ᠬᠥᠮᠦᠰ ᠲᠤ ᠲᠣᠭᠲᠠᠭᠠᠯ ᠶᠣᠰᠣᠭᠠᠷ ᠡᠮ ᠡᠮᠨᠡᠯᠭᠡ ᠶᠢᠨ ᠠᠪᠤᠷᠠᠨ ᠲᠤᠰᠠᠯᠠᠯᠲᠠ ᠣᠯᠭᠤᠨ᠎ᠠ᠃ | ︵ᠠᠷᠪᠠᠨ ᠨᠢᠭᠡ︶ ᠨᠢᠭᠦᠯᠡᠰᠦᠩᠭᠦᠶ ᠶᠢᠨ ᠠᠪᠤᠷᠠᠨ ᠲᠤᠰᠠᠯᠠᠯᠲᠠ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ | ᠃ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠦᠨᠳᠦ | ᠡᠪᠡᠳᠴᠢᠨ ᠤ ᠠᠪᠤᠷᠠᠨ ᠲᠤᠰᠠᠯᠠᠬᠤ ᠵᠦᠢᠯᠡᠰ ᠪᠠᠶᠢᠭᠤᠯᠬᠤ ᠶᠢ ᠵᠣᠷᠢᠭᠵᠢᠭᠤᠯᠵᠤ᠂ ᠨᠥᠬᠦᠪᠥᠷᠢᠯᠡᠨ ᠠᠪᠤᠷᠠᠨ | ᠲᠤᠰᠠᠯᠠᠬᠤ ᠦᠢᠯᠡᠳᠤᠯ ᠢ ᠪᠠᠳᠠᠷᠠᠭᠤᠯᠤᠨ᠎ᠠ᠃ ᠢᠨᠲ᠋ᠧᠷ ᠰᠦᠯᠵᠢᠶᠡᠨ ᠤ ᠢᠯᠡ ᠪᠠᠷ ᠬᠠᠨᠳᠢᠪ ᠴᠤᠭᠯᠠᠭᠤᠯᠬᠤ ᠮᠡᠳᠡᠭᠡ | ᠵᠠᠩᠭᠢ ᠶᠢᠨ ᠲᠠᠪᠴᠠᠩ ᠤᠨ ᠦᠢᠯᠡᠳᠤᠯ ᠢ ᠭᠦᠢᠴᠡᠳ ᠪᠠᠳᠠᠷᠠᠭᠤᠯᠵᠤ᠂ ᠮᠡᠳᠡᠭᠡ ᠵᠠᠩᠭᠢ ᠨᠡᠶᠢᠲᠡᠯᠡᠬᠦ ᠶᠢ | ᠵᠢᠷᠤᠮᠵᠢᠭᠤᠯᠤᠨ᠂ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠢᠯᠡ ᠪᠠᠷ ᠠᠪᠤᠷᠠᠨ ᠲᠤᠰᠠᠯᠠᠬᠤ ᠶᠢ | ᠬᠡᠷᠡᠭᠵᠢᠭᠦᠯᠦᠨ᠎ᠡ᠃ ᠡᠮᠴᠢᠯᠡᠭᠡ ᠪᠠᠷ ᠲᠡᠩᠬᠡᠷᠡᠭᠦᠯᠦᠨ ᠲᠤᠰᠠᠯᠠᠬᠤ ᠬᠦᠷᠢᠶ᠎ᠡ ᠴᠠᠷᠠᠭ᠎ᠠ ᠶᠢᠨ ᠨᠡᠶᠢᠭᠡᠮ ᠤᠨ ᠠᠵᠢᠯ ᠤᠨ | ᠦᠢᠯᠡᠴᠢᠯᠡᠭᠡᠨ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢ ᠳᠡᠮᠵᠢᠵᠦ᠂ ᠲᠡᠩᠬᠡᠷᠡᠭᠦᠯᠦᠨ ᠲᠤᠰᠠᠯᠠᠬᠤ | ᠦᠢᠯᠡᠴᠢᠯᠡᠭᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠡᠯ᠎ᠡ ᠲᠠᠯ᠎ᠠ ᠶᠢᠨ ᠬᠢᠨ ᠤ | ᠳᠠᠭᠠᠭᠠᠬᠤ ᠴᠢᠳᠠᠪᠤᠷᠢ ᠶᠢ ᠦᠨᠳᠦᠰᠦᠯᠡᠨ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ | ᠪᠠᠲᠤᠯᠠᠭ᠎ᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠠᠪᠤᠷᠠᠨ | ᠲᠤᠰᠠᠯᠠᠯᠲᠠ᠂ ᠨᠢᠭᠦᠯᠡᠰᠦᠩᠭᠦᠶ ᠶᠢᠨ ᠬᠠᠪᠰᠤᠷᠤᠨ ᠲᠡᠳᠬᠦᠬᠦ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠶᠡᠷᠦᠩᠬᠡᠶᠢᠯᠡᠭᠰᠡᠨ ᠪᠠᠲᠤᠯᠠᠭ᠎ᠠ ᠶᠢ ᠬᠡᠷᠡᠭᠵᠢᠭᠦᠯᠦᠨ᠎ᠡ᠃ ᠨᠢᠭᠦᠯᠡᠰᠦᠩᠭᠦᠶ ᠶᠢᠨ ᠠᠵᠢᠯᠯᠠᠭ᠎ᠠ ᠳᠤ ᠣᠷᠣᠯᠴᠠᠬᠤ ᠶᠢ | ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠵᠣᠬᠢᠴᠠᠩᠭᠤᠶ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠵᠠᠷᠤᠳᠠᠯ ᠢ | ᠬᠠᠰᠤᠵᠤ ᠬᠡᠯᠲᠦᠷᠢᠭᠦᠯᠬᠦ ᠵᠡᠷᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ | ︵ᠠᠷᠪᠠᠨ ᠬᠤᠶᠠᠷ︶ ᠡᠮᠴᠢᠯᠡᠭᠡ ᠶᠢᠨ ᠬᠠᠷᠢᠯᠴᠠᠨ ᠬᠠᠪᠰᠤᠷᠤᠯᠴᠠᠬᠤ ᠪᠠ ᠬᠤᠳᠠᠯᠳᠤᠭᠠᠨ ᠤ ᠡᠷᠡᠭᠦᠯ | ᠮᠡᠨᠳᠦ ᠶᠢᠨ ᠳᠠᠭᠠᠳᠬᠠᠯ ᠤᠨ ᠬᠥᠭᠵᠢᠯᠲᠡ ᠶᠢ ᠵᠣᠷᠢᠭᠵᠢᠭᠤᠯᠤᠨ᠎ᠠ᠃ ᠠᠵᠢᠯᠲᠠᠨ ᠠᠵᠢᠯᠴᠢᠨ ᠤ ᠡᠮ ᠡᠮᠨᠡᠯᠭᠡ ᠶᠢᠨ | ᠬᠠᠪᠰᠤᠷᠤᠯᠴᠠᠭ᠎ᠠ ᠥᠷᠨᠢᠭᠦᠯᠬᠦ ᠶᠢ ᠳᠡᠮᠵᠢᠵᠦ᠂ ᠢᠨᠲ᠋ᠧᠷ ᠰᠦᠯᠵᠢᠶᠡᠨ ᠤ ᠲᠠᠪᠴᠠᠩ ᠤᠨ ᠬᠠᠪᠰᠤᠷᠤᠯᠴᠠᠭ᠎ᠠ ᠶᠢ | ᠵᠢᠷᠤᠮᠵᠢᠭᠤᠯᠤᠨ᠂ ᠲᠦᠭᠰᠢᠭᠦᠷᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠡᠮ ᠡᠮᠨᠡᠯᠭᠡ ᠶᠢᠨ | ᠬᠠᠪᠰᠤᠷᠤᠯᠴᠠᠭ᠎ᠠ ᠶᠢᠨ ᠡᠷᠡᠭᠦᠯ ᠢᠶᠠᠷ ᠬᠥᠭᠵᠢᠬᠦ ᠶᠢ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ | ᠰᠢᠰᠲ᠋ᠧᠮᠵᠢ ᠳᠠᠬᠢ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠤᠯ ᠢ ᠭᠦᠢᠴᠡᠳ ᠪᠠᠳᠠᠷᠠᠭᠤᠯᠵᠤ | ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠬᠥᠭᠵᠢᠯᠲᠡ ᠶᠢ ᠳᠡᠮᠵᠢᠵᠦ᠂ ᠡᠮᠴᠢᠯᠡᠭᠡᠨ ᠤ ᠰᠢᠨ᠎ᠡ | ᠮᠡᠷᠭᠡᠵᠢᠯ᠂ ᠰᠢᠨ᠎ᠡ ᠡᠮ ᠤᠨ ᠵᠦᠢᠯ᠂ ᠰᠢᠨ᠎ᠡ ᠪᠠᠭᠠᠵᠢ ᠬᠡᠷᠡᠭᠰᠡᠯ ᠤᠨ ᠬᠡᠷᠡᠭᠯᠡᠯᠲᠡ ᠶᠢ ᠬᠤᠳᠠᠯᠳᠤᠭᠠᠨ ᠤ ᠡᠷᠡᠭᠦᠯ | ᠮᠡᠨᠳᠦ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠤᠨ᠎ᠠ᠃ | ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠲᠠᠢ ᠬᠠᠷᠢᠯᠴᠠᠨ | ᠵᠣᠯᠭᠠᠯᠳᠤᠭᠰᠠᠨ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠭᠦᠨ ᠢ ᠨᠡᠭᠡᠭᠡᠨ ᠬᠥᠭᠵᠢᠭᠦᠯᠬᠦ ᠶᠢ | ᠳᠡᠮᠵᠢᠵᠦ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠥᠯᠥᠬᠦ ᠥᠬᠡᠶ ᠵᠠᠷᠤᠳᠠᠯ ᠢ ᠨᠠᠩ ᠰᠠᠶᠢᠲᠤᠷ ᠬᠠᠮᠤᠷᠤᠨ᠎ᠠ᠃ | | ︵ᠠᠷᠪᠠᠨ ᠭᠤᠷᠪᠠ︶ ᠨᠢᠭᠡ ᠴᠣᠠᠠᠴᠠᠵᠢᠭᠤᠯᠥᠠᠠᠰᠠᠨ ᠭᠠᠷᠲᠠᠨ ᠭᠦᠢᠴᠡᠳᠭᠡᠬᠦ ᠬᠠᠮᠢᠶᠠᠷᠤᠯᠲᠠ ᠶᠢᠨ | ᠦᠢᠯᠡᠴᠢᠯᠡᠭᠡᠨ ᠢ ᠲᠦᠷᠭᠡᠳᠬᠡᠨ ᠠᠬᠢᠭᠤᠯᠤᠨ᠎ᠠ᠃ ᠪᠥᠬᠦ ᠣᠷᠣᠨ ᠤ ᠨᠢᠭᠡᠳᠦᠯᠲᠡᠶ ᠡᠮᠴᠢᠯᠡᠭᠡᠨ ᠤ ᠲᠡᠩᠬᠡᠷᠡᠭᠦᠯᠦᠨ | ᠲᠤᠰᠠᠯᠠᠬᠤ ᠶᠢᠨ ᠭᠠᠷᠲᠠᠨ ᠭᠦᠢᠴᠡᠳᠭᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠷᠢᠮ ᠲᠣᠭᠲᠠᠭᠠᠯ ᠪᠠ | ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠲᠡᠩᠬᠡᠷᠡᠭᠦᠯᠦᠨ ᠲᠤᠰᠠᠯᠠᠭᠤᠯᠬᠤ | ᠡᠲᠡᠭᠡᠳ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠵᠦ ᠬᠠᠷᠢᠯᠴᠠᠨ ᠮᠡᠳᠡᠷᠡᠬᠦ᠂ ᠳᠠᠭᠠᠳᠬᠠᠯ ᠳᠤ ᠣᠷᠣᠯᠴᠠᠬᠤ᠂ | ᠣᠯᠭᠤᠮᠵᠢ ᠣᠯᠭᠤᠬᠤ ᠵᠡᠷᠭᠡ ᠭᠠᠷᠲᠠᠨ ᠭᠦᠢᠴᠡᠳᠭᠡᠬᠦ ᠦᠢᠯᠡᠴᠢᠯᠡᠭᠡᠨ ᠢ ᠵᠣᠭᠤᠰ ᠢᠶᠠᠷ ᠲᠤᠰᠠᠯᠠᠬᠤ ᠶᠢ ᠰᠠᠶᠢᠲᠤᠷ ᠬᠢᠬᠦ | ᠬᠡᠷᠡᠭᠲᠡᠶ᠃ ᠪᠥᠬᠦ ᠤᠯᠤᠰ ᠤᠨ ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ | ᠲᠦᠰᠢᠭᠯᠡᠨ᠂ ᠬᠠᠤᠯᠢ ᠲᠣᠭᠲᠠᠭᠠᠯ ᠶᠣᠰᠣᠭᠠᠷ ᠲᠤᠭ᠎ᠠ ᠪᠠᠷᠢᠮᠲᠠ ᠶᠢ ᠰᠢᠰᠲ᠋ᠧᠮᠵᠢᠭᠦᠯᠦᠨ ᠬᠠᠮᠢᠶᠠᠷᠬᠤ ᠶᠢ | ᠴᠢᠩᠭᠠᠳᠬᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠯᠦᠭᠡ ᠠᠭᠤᠰᠤᠯᠴᠠᠭᠤᠯᠬᠤ ᠶᠢ | ᠴᠢᠩᠭᠠᠳᠬᠠᠨ᠂ ᠡᠮᠴᠢᠯᠡᠭᠡᠨ ᠤ ᠠᠪᠤᠷᠠᠨ ᠲᠤᠰᠠᠯᠠᠵᠤ ᠳ᠋ᠦᠩᠨᠡᠨ ᠪᠤᠳᠤᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠵᠥᠪᠳᠡᠯᠴᠡᠬᠡᠷ ᠤᠨ ᠬᠠᠮᠢᠶᠠᠷᠤᠯᠲᠠ ᠶᠢ | ᠨᠢᠭᠡᠳᠦᠯᠲᠡᠶ ᠪᠣᠯᠭᠠᠵᠤ᠂ ᠡᠮᠴᠢᠯᠡᠭᠡᠨ ᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠠᠭᠤᠯᠭ᠎ᠠ ᠶᠢ | ᠵᠥᠪᠳᠡᠯᠴᠡᠬᠡᠷ ᠤᠨ ᠬᠡᠪᠴᠢᠶᠡᠨ ᠳᠤ ᠣᠷᠣᠭᠤᠯᠤᠨ᠂ ᠵᠥᠪᠳᠡᠯᠴᠡᠬᠡᠷ ᠢ ᠭᠦᠢᠴᠡᠳᠭᠡᠭᠰᠡᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠠᠷᠭ᠎ᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠵᠢᠷᠤᠮᠵᠢᠯ᠂ ᠦᠢᠯᠡᠴᠢᠯᠡᠭᠡᠨ ᠤ | ᠶᠠᠰᠤ ᠴᠢᠨᠠᠷ᠂ ᠵᠠᠷᠤᠳᠠᠯ ᠢ ᠡᠵᠡᠮᠳᠡᠬᠦ ᠵᠡᠷᠭᠡ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠭᠡᠯ | ᠲᠤᠭ᠎ᠠ ᠶᠢ ᠲᠣᠳᠣᠷᠬᠠᠶᠢᠯᠠᠨ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠴᠢᠬ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠢ ᠬᠠᠮᠢᠶᠠᠷᠤᠨ ᠡᠵᠡᠮᠳᠡᠬᠦ ᠭᠤᠤᠯ ᠴᠣᠭᠴᠠ ᠶᠢᠨ | ᠬᠠᠷᠢᠭᠤᠴᠠᠯᠭ᠎ᠠ ᠶᠢ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠮᠡᠬᠡᠯᠡᠨ ᠬᠢᠬᠠᠬᠤ ᠪᠠ ᠳᠠᠭᠠᠳᠬᠠᠯ ᠢ ᠮᠡᠬᠡᠯᠡᠨ ᠠᠪᠬᠤ ᠳᠤ ᠴᠣᠬᠢᠯᠲᠠ ᠥᠭᠬᠦ ᠥᠨᠳᠥᠷ ᠳᠠᠷᠤᠯᠲᠠᠲᠤ | ᠪᠠᠶᠢᠳᠠᠯ ᠢ ᠪᠠᠲᠤᠯᠠᠵᠤ᠂ ᠬᠡᠷᠡᠭ ᠤᠨ ᠡᠮᠦᠨ᠎ᠡ ᠰᠠᠨᠠᠭᠤᠯᠬᠤ᠂ ᠬᠡᠷᠡᠭ ᠤᠨ ᠳᠤᠮᠳᠠ ᠰᠡᠷᠡᠮᠵᠢᠯᠡᠭᠦᠯᠬᠦ᠂ ᠬᠡᠷᠡᠭ ᠤᠨ | ᠳᠠᠷᠠᠭ᠎ᠠ ᠬᠢᠨᠠᠨ ᠬᠠᠮᠢᠶᠠᠷᠬᠤ ᠶᠢᠨ ᠨᠢᠭᠡ ᠴᠤᠭᠴᠠᠵᠢᠭᠰᠠᠨ ᠣᠶᠤᠨᠴᠢ ᠬᠢᠨᠠᠨ ᠡᠵᠡᠮᠳᠡᠬᠦ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠮᠥᠷᠳᠡᠨ ᠪᠠᠶᠢᠴᠠᠭᠠᠵᠤ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠵᠦ᠂ ᠡᠮᠴᠢᠯᠡᠭᠡᠨ ᠤ | ᠠᠪᠤᠷᠠᠨ ᠲᠤᠰᠠᠯᠠᠬᠤ ᠦᠢᠯᠡᠴᠢᠯᠡᠭᠡᠨ ᠤ ᠴᠢᠬ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠭᠤᠤᠯᠳᠠᠯᠭ᠎ᠠ ᠲᠠᠢ | ᠬᠢᠨᠠᠨ ᠡᠵᠡᠮᠳᠡᠬᠦ ᠶᠢ ᠬᠡᠷᠡᠭᠵᠢᠭᠦᠯᠦᠨ᠂ ᠰᠠᠭᠤᠷᠢ ᠮᠥᠩᠭᠦ ᠶᠢᠨ ᠠᠮᠤᠷ ᠲᠦᠪᠰᠢᠨ᠂ ᠥᠨᠳᠥᠷ ᠦᠷ᠎ᠡ ᠪᠦᠲᠦᠮᠵᠢᠲᠡᠶ᠂ | ᠵᠦᠶ ᠵᠣᠬᠢᠰᠲᠠᠶ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ | ᠂ ︽ᠨᠢᠭᠡ ᠴᠣᠩᠬᠤ︾ ᠪᠠᠷ ᠭᠦᠢᠴᠡᠳᠬᠡᠬᠦ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠳ᠋ᠦᠩᠨᠡᠨ ᠪᠤᠳᠤᠬᠤ | ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠎ᠡ᠃ | ︵ᠠᠷᠪᠠᠨ ᠳᠥᠷᠪᠡ︶ ᠲᠡᠩᠬᠡᠷᠡᠭᠦᠯᠦᠨ ᠲᠤᠰᠠᠯᠠᠬᠤ ᠭᠤᠶᠤᠴᠢᠯᠠᠯ ᠢ ᠬᠢᠨᠠᠨ ᠬᠠᠷᠭᠤᠭᠤᠯᠬᠤ ᠲᠠᠰ | ᠳᠠᠷᠠᠭᠠᠯᠠᠯ ᠢ ᠰᠢᠯᠢᠳᠡᠭᠵᠢᠭᠦᠯᠦᠨ᠎ᠡ᠃ ᠭᠦᠢᠴᠡᠳᠭᠡᠬᠦ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠭᠤᠶᠤᠴᠢᠯᠠᠬᠤ᠂ ᠬᠢᠨᠠᠨ | ᠬᠠᠷᠭᠤᠭᠤᠯᠬᠤ᠂ ᠠᠪᠤᠷᠠᠨ ᠲᠤᠰᠠᠯᠠᠬᠤ ᠮᠥᠩᠭᠦ ᠥᠭᠬᠦ ᠴᠤᠪᠤᠷᠠᠯ ᠢ ᠳᠥᠭᠦᠮᠴᠢᠯᠡᠨ᠂ ᠡᠮᠴᠢᠯᠡᠭᠡᠨ ᠤ ᠠᠪᠤᠷᠠᠨ | ᠲᠤᠰᠠᠯᠠᠬᠤ ᠡᠲᠡᠭᠡᠳ ᠤᠨ ᠬᠡᠪᠴᠢᠶᠡᠨ ᠳᠤ ᠨᠡᠶᠢᠴᠡᠭᠰᠡᠨ ᠢ ᠨᠢ ︽ᠨᠢᠭᠡ ᠯᠡ ᠥᠷᠲᠡᠭᠡᠨ ᠤ ᠮᠠᠶ᠋ᠢᠭ︾ ᠤᠨ ᠳ᠋ᠦᠩᠨᠡᠨ | ᠪᠤᠳᠤᠬᠤ ᠳᠤ ᠣᠷᠣᠭᠤᠯᠤᠨ᠎ᠠ᠃ ᠰᠠᠯᠠᠭ᠎ᠠ ᠮᠥᠴᠢᠷ ᠤᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ | ᠨᠡᠶᠢᠭᠡᠮ ᠤᠨ ᠠᠪᠤᠷᠠᠨ ᠲᠤᠰᠠᠯᠠᠯᠲᠠ ᠶᠢᠨ ᠭᠠᠷᠲᠠᠨ ᠭᠦᠢᠴᠡᠳᠭᠡᠬᠦ ᠦᠢᠯᠡᠴᠢᠯᠡᠭᠡ ᠶᠢ ᠪᠥᠬᠦ ᠲᠠᠯ᠎ᠠ ᠪᠠᠷ ᠵᠣᠯᠭᠠᠭᠤᠯᠵᠤ᠂ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠦᠴᠢᠷᠳᠡᠯᠲᠡᠶ ᠣᠯᠠᠨ ᠲᠦᠮᠡᠨ ᠤ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠰᠠᠯᠭᠠᠨ ᠭᠦᠢᠴᠡᠳᠭᠡᠬᠦ ᠠᠴᠠ ᠰᠢᠯᠵᠢᠭᠦᠯᠦᠨ | ᠭᠦᠢᠴᠡᠳᠭᠡᠬᠦ ᠵᠢᠴᠢ ᠦᠷ᠎ᠡ ᠳ᠋ᠦᠩ ᠢ ᠬᠠᠷᠢᠭᠤ ᠲᠤᠰᠬᠠᠬᠤ ᠠᠵᠢᠯ ᠢ ᠰᠠᠶᠢᠲᠤᠷ ᠬᠢᠨ᠎ᠠ᠃ ᠦᠨᠳᠦᠰᠦᠨ ᠱᠠᠲᠤᠨ ᠤ | ᠺᠠᠳ᠋ᠷᠴᠤᠳ ᠢ ᠳᠠᠶᠢᠴᠢᠯᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ | ᠲᠦᠰᠢᠭᠯᠡᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠠᠪᠤᠷᠠᠨ ᠲᠤᠰᠠᠯᠠᠬᠤ ᠭᠤᠶᠤᠴᠢᠯᠠᠯ ᠢ ᠨᠠᠶᠢᠳᠠᠵᠤ | ᠣᠷᠣᠯᠠᠨ ᠭᠦᠢᠴᠡᠳᠭᠡᠬᠦᠯᠬᠦ ᠵᠡᠷᠭᠡ ᠶᠢ ᠰᠠᠶᠢᠲᠤᠷ ᠬᠢᠵᠦ᠂ ᠬᠦᠴᠢᠷᠳᠡᠯᠲᠡᠶ ᠣᠯᠠᠨ ᠲᠦᠮᠡᠨ ᠢ ᠴᠠᠭ ᠲᠤᠬᠠᠶ ᠳᠤᠨᠢ | ᠰᠠᠨᠠᠭᠠᠴᠢᠯᠠᠭ᠎ᠠ ᠠᠴᠠ ᠪᠠᠨ ᠬᠠᠪᠰᠤᠷᠬᠤ ᠬᠡᠷᠡᠭᠲᠡᠶ᠃ | ︵ᠠᠷᠪᠠᠨ ᠲᠠᠪᠤ︶ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠡᠮᠴᠢᠯᠡᠭᠡ ᠪᠠᠷ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠡᠪᠡᠳᠴᠢᠨ ᠦᠵᠡᠭᠦᠯᠬᠦ ᠦᠢᠯᠡ | ᠠᠵᠢᠯᠯᠠᠭ᠎ᠠ ᠶᠢ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠦᠨᠳᠦᠰᠦᠨ ᠱᠠᠲᠤᠨ ᠳᠤ ᠠᠩᠬ᠎ᠠ ᠡᠮᠨᠡᠭᠦᠯᠬᠦ᠂ | ᠰᠢᠯᠵᠢᠭᠦᠯᠦᠨ ᠡᠮᠨᠡᠭᠦᠯᠬᠦ ᠶᠢ ᠵᠢᠷᠤᠮᠵᠢᠭᠤᠯᠬᠤ ᠶᠢ ᠬᠡᠷᠡᠭᠵᠢᠭᠦᠯᠦᠨ᠂ ᠵᠦᠶ ᠵᠣᠬᠢᠰᠲᠠᠶ ᠪᠠᠷ ᠡᠪᠡᠳᠴᠢᠨ ᠦᠵᠡᠭᠦᠯᠬᠦ ᠶᠢ | ᠠᠬᠢᠭᠤᠯᠤᠨ᠎ᠠ᠃ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠠᠪᠤᠷᠠᠨ ᠲᠤᠰᠠᠯᠠᠬᠤ | ᠦᠢᠯᠡᠴᠢᠯᠡᠭᠡᠨ ᠤ ᠠᠭᠤᠯᠭ᠎ᠠ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ | ᠦᠨᠳᠦᠰᠦᠨ ᠡᠮᠴᠢᠯᠡᠭᠡᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠵᠠᠷᠤᠳᠠᠯ ᠢ ᠳ᠋ᠦᠩᠨᠡᠨ ᠪᠤᠳᠤᠬᠤ ᠶᠢ | ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠶ᠃ ᠣᠨᠣᠰᠢᠯᠠᠨ ᠡᠮᠨᠡᠬᠦ ᠲᠥᠰᠦᠯ ᠢ ᠲᠣᠳᠣᠷᠬᠠᠶᠢᠯᠠᠬᠤ᠂ | ᠭᠠᠷᠴᠠᠭ ᠠᠴᠠ ᠭᠠᠳᠠᠨᠠᠬᠢ ᠵᠠᠷᠤᠳᠠᠯ ᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠮᠴᠢᠯᠡᠭᠡᠨ ᠤ | ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠵᠦᠶ ᠵᠣᠬᠢᠰᠲᠠᠶ᠂ ᠴᠢᠬᠤᠯᠠ ᠪᠥᠬᠦᠶ ᠡᠮᠴᠢᠯᠡᠭᠡᠨ ᠤ | ᠦᠢᠯᠡᠴᠢᠯᠡᠭᠡ ᠬᠠᠩᠭᠠᠯᠭᠠᠵᠤ᠂ ᠵᠦᠶ ᠵᠣᠬᠢᠰ ᠥᠬᠡᠶ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ | ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠥᠪᠡᠷᠲᠡᠭᠡᠨ ᠳᠥᠯᠥᠬᠦ ᠵᠠᠷᠤᠳᠠᠯ ᠤᠨ ᠬᠠᠷᠢᠴᠠᠯ ᠢ ᠵᠦᠶ ᠵᠣᠬᠢᠰᠲᠠᠶ | ᠬᠢᠵᠠᠭᠠᠷᠯᠠᠵᠤ᠂ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠦᠴᠦᠯᠡᠨ | ᠬᠥᠩᠭᠡᠷᠡᠭᠦᠯᠵᠦ᠂ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠤᠨ ᠭᠠᠳᠠᠨᠠᠬᠢ ᠬᠠᠷᠢᠴᠠᠯ ᠢ | 5% ᠠᠴᠠ ᠳᠠᠪᠠᠭᠤᠯᠬᠤ ᠥᠬᠡᠶ᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠤᠨ | ᠭᠠᠳᠠᠨᠠᠬᠢ ᠵᠠᠷᠤᠳᠠᠯ ᠤᠨ ᠬᠠᠷᠢᠴᠠᠯ ᠢ 10% ᠠᠴᠠ ᠳᠠᠪᠠᠭᠤᠯᠬᠤ ᠥᠬᠡᠶ ᠦᠨᠳᠦᠰᠦᠨ ᠱᠠᠲᠤᠨ ᠳᠤ ᠠᠩᠬ᠎ᠠ | ᠡᠮᠨᠡᠭᠦᠯᠵᠦ ᠰᠢᠯᠵᠢᠭᠦᠯᠦᠨ ᠡᠮᠨᠡᠭᠦᠯᠦᠭᠰᠡᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ | ᠬᠥᠮᠦᠰ ᠬᠤᠲᠠ ᠶᠢᠨ ᠬᠡᠪᠴᠢᠶᠡᠨ ᠳᠣᠲᠣᠷᠠᠬᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ | ᠰᠠᠭᠤᠪᠠᠯ᠂ ︽ᠤᠷᠢᠳᠠᠪᠠᠷ ᠡᠮᠨᠡᠭᠦᠯᠵᠦ ᠳᠠᠷᠠᠭ᠎ᠠ ᠨᠢ ᠵᠠᠷᠤᠳᠠᠯ ᠲᠤᠰᠢᠶᠠᠬᠤ︾ ᠶᠢ ᠬᠡᠷᠡᠭᠵᠢᠭᠦᠯᠵᠦ᠂ ᠲᠡᠳᠡᠨ ᠤ | ᠡᠮᠨᠡᠯᠭᠡ ᠳᠤ ᠰᠠᠭᠤᠬᠤ ᠪᠠᠷᠢᠴᠠᠭᠠᠨ ᠤ ᠮᠥᠩᠭᠦ ᠶᠢ ᠪᠥᠬᠦ ᠲᠠᠯ᠎ᠠ ᠪᠠᠷ ᠭᠡᠯᠳᠦᠷᠢᠭᠦᠯᠦᠨ᠎ᠡ᠃ ᠣᠨᠳᠣᠤ ᠭᠠᠵᠠᠷ ᠲᠤ | ᠲᠥᠪᠬᠢᠨᠡᠭᠦᠯᠬᠦ ᠪᠠ ᠣᠨᠳᠣᠤ ᠭᠠᠵᠠᠷ ᠲᠤ ᠰᠢᠯᠵᠢᠭᠦᠯᠦᠨ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ ᠢ | ᠪᠦᠷᠢᠳᠬᠡᠨ ᠳᠠᠩᠰᠠᠯᠠᠬᠤ᠂ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠶᠢ ᠰᠠᠶᠢᠲᠤᠷ ᠬᠢᠵᠦ᠂ ᠲᠣᠭᠲᠠᠭᠠᠯ | ᠶᠣᠰᠣᠭᠠᠷ ᠰᠢᠯᠵᠢᠭᠦᠯᠦᠨ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ ᠲᠤ ᠡᠷᠦᠬᠡ ᠠᠮᠠ ᠶᠢᠨ ᠪᠠᠶᠢᠭ᠎ᠠ ᠭᠠᠵᠠᠷ ᠤᠨ | ᠪᠠᠶᠢᠭ᠎ᠠ ᠭᠠᠵᠠᠷ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠲᠣᠭᠲᠠᠭᠠᠯ ᠶᠣᠰᠣᠭᠠᠷ ᠰᠢᠯᠵᠢᠭᠦᠯᠦᠨ | ᠡᠮᠨᠡᠭᠦᠯᠦᠭᠰᠡᠨ ᠦᠭᠡᠢ ᠠᠪᠤᠷᠠᠨ ᠲᠤᠰᠠᠯᠠᠬᠤ ᠡᠲᠡᠭᠡᠳ ᠤᠨ ᠵᠠᠷᠤᠴᠠᠭᠤᠯᠤᠭᠰᠠᠨ ᠡᠮ ᠡᠮᠨᠡᠯᠭᠡ ᠶᠢᠨ ᠵᠠᠷᠤᠳᠠᠯ ᠢ | ᠵᠠᠷᠴᠢᠮ ᠳᠡᠭᠡᠷ᠎ᠡ ᠪᠠᠨ ᠡᠮ ᠡᠮᠨᠡᠯᠭᠡ ᠶᠢᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠬᠤ ᠦᠭᠡᠢ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠠᠷᠪᠠᠨ ᠵᠢᠷᠭᠤᠭ᠎ᠠ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ | ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠭᠤᠣᠯᠯᠠᠨ ᠤᠳᠤᠷᠢᠳᠤᠭᠰᠠᠨ᠂ ᠰᠠᠯᠠᠭ᠎ᠠ ᠮᠥᠴᠢᠷ | ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠬᠦᠨᠳᠦ ᠣᠨᠴᠠ ᠶᠡᠭᠡ ᠡᠪᠡᠳᠴᠢᠨ ᠡᠮᠭᠡᠭ ᠢ | ᠪᠠᠲᠤᠯᠠᠬᠤ ᠠᠵᠢᠯ ᠤᠨ ᠲᠣᠭᠲᠠᠴᠠ ᠶᠢ ᠴᠢᠩᠭᠠᠳᠬᠠᠨ᠎ᠠ᠃ ᠬᠦᠴᠢᠷᠳᠡᠯᠲᠡᠶ ᠣᠯᠠᠨ ᠲᠦᠮᠡᠨ ᠤ ᠬᠦᠨᠳᠦ ᠣᠨᠴᠠ ᠶᠡᠭᠡ | ᠡᠪᠡᠳᠴᠢᠨ ᠡᠮᠭᠡᠭ ᠤᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠷᠠᠳ ᠤᠨ ᠠᠮᠢᠳᠤᠷᠠᠯ ᠢ ᠴᠢᠩᠭᠠᠳᠬᠠᠨ ᠰᠠᠶᠢᠵᠢᠷᠠᠭᠤᠯᠬᠤ ᠶᠢᠨ | ᠴᠢᠬᠤᠯᠠ ᠭᠦᠢᠴᠡᠳᠭᠡᠯ ᠲᠤᠭ᠎ᠠ ᠪᠣᠯᠭᠠᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠠᠵᠢᠯ ᠤᠨ ᠠᠮᠵᠢᠯᠲᠠ | ᠪᠦᠲᠦᠮᠵᠢ ᠶᠢᠨ ᠦᠨᠡᠯᠡᠯᠲᠡ ᠳᠤ ᠣᠷᠣᠭᠤᠯᠤᠨ᠎ᠠ᠃ ᠡᠯ᠎ᠡ ᠠᠶᠢᠮᠠᠭ ᠬᠤᠲᠠ ᠨᠤᠭᠤᠳ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ | ᠂ 2022 ᠣᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠵᠢᠭᠦᠯᠬᠦ ᠲᠥᠰᠦᠯ ᠢᠶᠠᠨ ᠨᠡᠶᠢᠲᠡᠯᠡᠵᠦ᠂ | 2023 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠂ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠣᠯᠭᠤᠮᠵᠢ ᠶᠢ ᠨᠠᠶᠢᠳᠠᠪᠤᠷᠢᠵᠢᠭᠤᠯᠵᠤ᠂ ᠣᠯᠠᠨ ᠲᠦᠮᠡᠨ ᠳᠤ ᠪᠣᠳᠠᠲᠤ ᠠᠰᠢᠭ ᠬᠦᠷᠲᠡᠭᠡᠬᠦ ᠶᠢ | ᠦᠨᠡᠨᠬᠦ ᠪᠠᠲᠤᠯᠠᠬᠤ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠲᠠᠩᠰᠠ ᠶᠢᠨ ᠲᠦᠷᠢᠮ ᠢ | ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠡᠮᠴᠢᠯᠡᠭᠡᠨ ᠤ ᠠᠪᠤᠷᠠᠨ ᠲᠤᠰᠠᠯᠠᠬᠤ ᠪᠠᠲᠤᠯᠠᠭ᠎ᠠ ᠶᠢᠨ ᠬᠡᠪᠴᠢᠶ᠎ᠡ ᠶᠢ | ᠦᠨᠡᠨᠬᠦ ᠵᠢᠷᠤᠮᠵᠢᠭᠤᠯᠵᠤ᠂ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠢᠮᠲᠠᠯᠠᠨ᠂ ᠲᠦᠷᠢᠮ ᠤᠨ ᠦᠷᠭᠦᠯᠵᠢᠯᠡᠨ | ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠪᠠᠶᠢᠳᠠᠯ ᠵᠢᠴᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ ᠳᠤ ᠮᠡᠳᠡᠭᠦᠯᠬᠦ ᠶᠢᠨ ᠬᠠᠮᠲᠤ᠂ 2024 ᠣᠨ ᠤ ᠵᠢᠯ ᠤᠨ ᠰᠡᠭᠦᠯᠴᠢ ᠠᠴᠠ ᠡᠮᠦᠨ᠎ᠡ | ᠬᠡᠷᠡᠭᠵᠢᠭᠦᠯᠬᠦ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠬᠦᠨᠳᠦ ᠣᠨᠴᠠ ᠶᠡᠭᠡ ᠡᠪᠡᠳᠴᠢᠨ ᠡᠮᠭᠡᠭ ᠤᠨ | ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ | ︵ᠠᠷᠪᠠᠨ ᠳᠣᠯᠤᠭ᠎ᠠ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠰᠠᠯᠠᠭ᠎ᠠ | ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠦᠷᠢᠨᠰᠢᠬᠦᠯᠵᠦ᠂ ᠡᠮ ᠡᠮᠨᠡᠯᠭᠡ ᠶᠢᠨ | ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠲᠦᠷᠢᠮ ᠤᠨ ᠲᠦᠷᠦ ᠶᠢᠨ | ᠪᠤᠳᠤᠯᠭ᠎ᠠ ᠵᠢᠴᠢ ᠭᠠᠷᠳᠠᠨ ᠭᠦᠢᠴᠡᠳᠬᠡᠬᠦ ᠦᠢᠯᠡᠴᠢᠯᠡᠭᠡ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ | ᠴᠢᠩᠭᠠᠳᠬᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠡᠮᠴᠢᠯᠡᠭᠡᠨ ᠤ ᠳᠠᠭᠠᠳᠬᠠᠯ᠂ | ᠡᠮᠴᠢᠯᠡᠭᠡᠨ ᠤ ᠠᠪᠤᠷᠠᠨ ᠲᠤᠰᠠᠯᠠᠬᠤ ᠲᠦᠷᠢᠮ ᠤᠨ ᠥᠭᠡᠷᠡᠴᠢᠯᠡᠯᠲᠡ ᠪᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠭᠥᠷᠳᠡᠬᠦ ᠵᠠᠬ᠎ᠠ ᠬᠢᠵᠠᠭᠠᠷ ᠤᠨ ᠬᠡᠷ ᠪᠦᠯᠢ ᠶᠢᠨ ᠪᠦᠷᠢᠯᠳᠦᠬᠦᠨ ᠵᠡᠷᠭᠡ ᠠᠪᠤᠷᠠᠨ ᠲᠤᠰᠠᠯᠠᠬᠤ ᠡᠲᠡᠭᠡᠳ ᠢ | ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠠᠪᠤᠷᠠᠨ ᠲᠤᠰᠠᠯᠠᠬᠤ ᠶᠢ ᠵᠣᠯᠭᠠᠭᠤᠯᠬᠤ ᠶᠢ | ᠴᠢᠩᠭᠠᠳᠬᠠᠨ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠡᠪᠡᠳᠴᠢᠨ ᠠᠴᠠ ᠪᠣᠯᠵᠣ ᠶᠠᠳᠠᠭᠤᠷᠠᠭᠰᠠᠨ | ᠬᠦᠨᠳᠦ ᠡᠪᠡᠳᠴᠢᠲᠡᠨ ᠢ ᠮᠠᠭᠠᠳᠯᠠᠨ ᠲᠣᠭᠲᠠᠭᠠᠬᠤ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠰᠠᠶᠢᠲᠤᠷ ᠬᠢᠵᠦ᠂ | ᠨᠢᠭᠦᠯᠡᠰᠦᠩᠭᠦᠶ ᠶᠢᠨ ᠠᠪᠤᠷᠠᠨ ᠲᠤᠰᠠᠯᠠᠬᠤ ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠶ᠃ ᠡᠳ᠋ ᠤᠨ ᠵᠠᠰᠠᠭ ᠤᠨ | ᠰᠠᠯᠠᠭ᠎ᠠ ᠮᠥᠴᠢᠷ ᠤᠳ ᠲᠣᠭᠲᠠᠭᠠᠯ ᠶᠣᠰᠣᠭᠠᠷ ᠪᠠᠯᠠ ᠮᠥᠩᠭᠦ ᠶᠢᠨ ᠳᠡᠮᠵᠢᠯᠭᠡ ᠶᠢ ᠰᠠᠶᠢᠲᠤᠷ ᠬᠢᠬᠦ ᠬᠡᠷᠡᠭᠲᠡᠶ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠡᠮᠴᠢᠯᠡᠭᠡᠨ ᠤ ᠪᠠᠶᠢᠭᠤᠯᠤᠮᠵᠢ ᠶᠢᠨ ᠠᠵᠢᠯ | ᠲᠥᠷᠥᠯ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠣᠨᠣᠰᠢᠯᠠᠨ ᠡᠮᠨᠡᠬᠦ ᠠᠷᠭ᠎ᠠ ᠵᠠᠮ ᠢ ᠵᠢᠷᠤᠮᠵᠢᠭᠤᠯᠤᠨ᠂ ᠱᠠᠲᠤ | ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠬᠡᠷᠡᠭᠲᠡᠶ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ ᠲᠤᠰᠢᠶᠠᠬᠤ ᠬᠤᠯᠪᠣᠭᠳᠠᠯ ᠪᠥᠬᠦᠶ ᠠᠵᠢᠯ ᠢ | ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ ᠡᠮᠴᠢᠯᠡᠭᠡᠨ ᠤ | ᠳᠠᠭᠠᠳᠬᠠᠯ ᠤᠨ ᠭᠠᠷᠲᠠᠨ ᠬᠦᠢᠴᠡᠳᠭᠡᠬᠦ ᠪᠠ ᠰᠦᠢᠳᠭᠡᠯ ᠲᠤᠰᠢᠶᠠᠬᠤ ᠲᠤᠬᠠᠶᠢᠯᠠᠭᠰᠠᠨ ᠠᠵᠢᠯ ᠤᠨ ᠴᠤᠪᠤᠷᠠᠯ ᠢ | ᠰᠢᠯᠢᠳᠡᠭᠵᠢᠭᠦᠯᠵᠦ᠂ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡ ᠬᠠᠩᠭᠠᠬᠤ ᠬᠡᠷᠡᠭᠲᠡᠶ᠃ | ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠠᠭᠠᠳᠬᠠᠯ ᠤᠨ | ᠪᠠᠶᠢᠭᠤᠯᠤᠮᠵᠢ ᠶᠢᠨ ᠬᠦᠨᠳᠦ ᠡᠪᠡᠳᠴᠢᠨ ᠤ ᠳᠠᠭᠠᠳᠬᠠᠯ ᠢ ᠳᠠᠭᠠᠭᠠᠨ ᠭᠦᠢᠴᠡᠳᠭᠡᠬᠦ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠳᠠᠭᠠᠳᠬᠠᠯ ᠤᠨ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ | ᠬᠦᠴᠢᠷᠳᠡᠯᠲᠡᠶ ᠣᠯᠠᠨ ᠲᠦᠮᠡᠨ ᠤ ᠳᠡᠮᠵᠢᠯᠭᠡ ᠳᠠᠰᠢ ᠬᠡᠯᠪᠠᠶᠢᠯᠭᠡᠵᠦ᠂ ᠲᠥᠯᠥᠪᠦᠷᠢ ᠥᠭᠬᠦ ᠭᠠᠷᠳᠠᠮ ᠢ ᠳᠥᠭᠦᠮᠴᠢᠯᠡᠨ᠂ | ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠵᠦ᠂ ᠬᠦᠴᠢᠷᠳᠡᠯᠲᠡᠶ ᠣᠯᠠᠨ ᠲᠦᠮᠡᠨ ᠤ ᠴᠠᠭ ᠲᠤᠬᠠᠶ ᠳᠤᠨᠢ᠂ | ᠳᠥᠭᠦᠮ ᠳᠥᠲᠡ ᠪᠠᠷ ᠣᠯᠭᠤᠮᠵᠢ ᠭᠥᠷᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ | ᠬᠢᠨᠠᠨ ᠬᠡᠮᠵᠢᠯᠲᠡ ᠶᠢᠨ ᠠᠵᠢᠯ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠲᠣᠭᠲᠠᠭᠤᠨ ᠪᠤᠰᠤ ᠡᠷᠦᠬᠡ᠂ | ᠵᠠᠬ᠎ᠠ ᠬᠢᠵᠠᠭᠠᠷ ᠤᠨ ᠠᠮᠠᠷᠬᠠᠨ ᠡᠭᠦᠰᠬᠦ ᠶᠠᠳᠠᠭᠤ ᠬᠦᠴᠢᠷᠳᠡᠯᠲᠡᠢ ᠡᠷᠦᠬᠡ ᠪᠠ ᠭᠡᠨᠡᠳᠲᠡ ᠡᠭᠦᠰᠬᠦ ᠬᠦᠨᠳᠦ ᠨᠣᠴᠢᠲᠠᠢ | ᠬᠦᠴᠢᠷᠳᠡᠯᠲᠡᠢ ᠡᠷᠦᠬᠡ ᠵᠡᠷᠭᠡ ᠭᠤᠣᠯᠳᠠᠯᠭ᠎ᠠ ᠲᠠᠢ ᠬᠥᠮᠦᠰ ᠲᠤ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ | ᠲᠡᠳᠬᠦᠬᠦ ᠶᠢ ᠭᠤᠣᠯᠳᠠᠯᠭ᠎ᠠ ᠲᠠᠢ ᠥᠷᠨᠢᠭᠦᠯᠵᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤᠪᠠᠷ ᠡᠳ᠋ᠯᠡᠬᠦ | ᠬᠡᠷᠡᠭᠲᠡᠢ᠃ ᠠᠵᠢᠯᠴᠢᠨ ᠤ ᠡᠪᠯᠡᠯ ᠨᠢ ᠬᠦᠴᠢᠷᠳᠡᠯ ᠲᠠᠢ ᠠᠵᠢᠯᠳᠠᠨ ᠠᠵᠢᠯᠴᠢᠨ ᠢ ᠬᠠᠪᠰᠤᠷᠤᠨ ᠲᠡᠳᠬᠦᠬᠦ | ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠬᠦᠨᠳᠦ ᠡᠪᠡᠳᠴᠢᠨ ᠳᠤ ᠨᠡᠷᠪᠡᠭᠳᠡᠭᠰᠡᠨ᠂ ᠨᠥᠬᠦᠴᠡᠯ ᠳᠤ ᠨᠡᠶᠢᠴᠡᠬᠦ | ᠬᠦᠴᠢᠷᠳᠡᠯ ᠲᠠᠢ ᠠᠵᠢᠯᠳᠠᠨ ᠠᠵᠢᠯᠴᠢᠨ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠠᠵᠢᠯᠳᠠᠨ | ᠠᠵᠢᠯᠴᠢᠨ ᠤ ᠡᠮ ᠡᠮᠨᠡᠯᠭᠡ ᠶᠢᠨ ᠲᠠᠯ᠎ᠠ ᠪᠠᠷ ᠬᠠᠷᠢᠯᠴᠠᠨ ᠬᠠᠪᠰᠤᠷᠤᠯᠴᠠᠵᠤ ᠡᠷᠡᠭᠦᠯ ᠢᠶᠠᠷ ᠬᠥᠭᠵᠢᠬᠦ ᠶᠢ ᠢᠳᠡᠪᠬᠢᠲᠡᠶ | ᠳᠡᠮᠵᠢᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ᠂ ᠵᠡᠮᠳᠡᠭᠴᠦᠳ ᠤᠨ ᠬᠤᠯᠪᠣᠭ᠎ᠠ ᠵᠡᠷᠭᠡ | ᠰᠠᠯᠠᠭ᠎ᠠ ᠮᠥᠴᠢᠷ ᠤᠳ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠠᠵᠢᠯᠲᠠᠨ ᠤ ᠮᠡᠳᠡᠭᠡ | ᠵᠠᠩᠭᠢ ᠶᠢ ᠬᠠᠮᠲᠤᠪᠠᠷ ᠭᠥᠷᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ︵ᠠᠷᠪᠠᠨ ᠨᠡᠢᠮᠠ︶ ᠰᠠᠭᠤᠷᠢ ᠮᠥᠩᠭᠦᠨ ᠤ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠨ᠎ᠠ᠃ | ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠣᠷᠣᠭᠤᠯᠤᠯᠲᠠ ᠶᠢᠨ ᠪᠠᠲᠤᠯᠠᠭ᠎ᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ | ᠲᠥᠰᠦᠪ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠥᠰᠦᠪ ᠤᠨ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠶᠢ ᠴᠢᠩᠭᠠᠳᠬᠠᠨ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠮᠴᠢᠯᠡᠭᠡᠨ ᠤ | ᠲᠡᠩᠬᠡᠷᠡᠭᠦᠯᠦᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ᠂ ᠦᠨᠡᠯᠡᠬᠦ ᠪᠠ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ | ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠠᠷᠪᠠ ᠶᠢᠰᠦ︶ ᠦᠨᠳᠦᠰᠦᠨ ᠱᠠᠲᠤᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ | ᠪᠠ ᠦᠢᠯᠡᠴᠢᠯᠡᠭᠡᠨ ᠤ ᠴᠢᠳᠠᠪᠤᠷᠢ ᠶᠢᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ᠂ ᠵᠣᠬᠢᠬᠤ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠢ ᠬᠠᠮᠤᠷᠤᠭᠰᠠᠨ ᠡᠮᠴᠢᠯᠡᠭᠡᠨ ᠤ | ᠪᠠᠲᠤᠯᠠᠭ᠎ᠠ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠤᠨ᠎ᠠ᠃ ᠨᠡᠶᠢᠭᠡᠮ ᠤᠨ ᠬᠦᠴᠦᠨ ᠢ | ᠢᠳᠡᠪᠬᠢᠲᠡᠶ ᠪᠠᠷ ᠲᠡᠳᠡᠨ ᠣᠷᠣᠭᠤᠯᠵᠤ ᠪᠠᠶᠢᠭᠠᠳ ᠭᠠᠷᠲᠠᠨ ᠭᠦᠢᠴᠡᠳᠭᠡᠬᠦ ᠦᠢᠯᠡᠴᠢᠯᠡᠭᠡᠨ ᠳᠤ ᠣᠷᠣᠯᠴᠠᠭᠤᠯᠵᠤ᠂ | ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠭᠠᠷᠲᠠᠨ ᠭᠦᠢᠴᠡᠳᠭᠡᠬᠦ ᠦᠢᠯᠡᠴᠢᠯᠡᠭᠡᠨ ᠢ ᠳᠣᠷᠣᠭᠰᠢ ᠪᠠᠭᠤᠯᠭᠠᠬᠤ ᠶᠢ | ᠶᠡᠬᠡᠪᠡᠷ ᠠᠬᠢᠭᠤᠯᠵᠤ᠂ ᠮᠡᠳᠡᠭᠡ ᠵᠠᠩᠭᠢᠵᠢᠯᠲᠠ ᠪᠠ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ | ᠭᠤᠤᠯᠳᠠᠯᠭ᠎ᠠ ᠲᠠᠢ ᠳᠡᠭᠡᠭᠰᠢᠯᠡᠭᠦᠯᠦᠨ᠎ᠡ᠃ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠪᠠ | ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠶᠡᠷᠦᠩᠬᠡᠶᠢᠯᠡᠭᠰᠡᠨ ᠬᠡᠪ | ᠴᠢᠨᠠᠷ ᠢᠶᠠᠷ ᠥᠨᠳᠥᠷ᠂ ᠠᠵᠢᠯ ᠤᠨ ᠰᠤᠷᠲᠠᠯ ᠢᠶᠠᠷ ᠰᠠᠶᠢᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ | ᠦᠨᠳᠦᠰᠦᠨ ᠱᠠᠲᠤᠨ ᠤ ᠭᠠᠷᠲᠠᠨ ᠭᠦᠢᠴᠡᠳᠭᠡᠬᠦ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠶ᠃ | ︵ᠬᠤᠷᠢ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠮᠡᠳᠡᠭᠡ ᠵᠠᠩᠭᠢ ᠶᠢ | ᠢᠯᠡ ᠪᠣᠯᠭᠠᠬᠤ ᠪᠠ ᠰᠣᠨᠢᠨ ᠮᠡᠳᠡᠭᠡ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠡᠷᠬᠡ ᠰᠦᠷᠲᠦ ᠮᠡᠳᠡᠭᠡ ᠵᠠᠩᠭᠢ ᠶᠢ | ᠣᠨᠣᠪᠴᠢᠲᠠᠶ ᠨᠡᠶᠢᠲᠡᠯᠡᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ | ᠬᠠᠷᠢᠭᠤᠯᠲᠠ ᠥᠭᠭᠦᠨ᠎ᠡ᠃ ᠤᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ | ᠥᠷᠨᠢᠭᠦᠯᠵᠦ᠂ ᠲᠦᠷᠦ ᠶᠢᠨ ᠪᠤᠳᠤᠯᠭ᠎ᠠ ᠶᠢ ᠣᠶᠢᠯᠠᠭᠠᠬᠤ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ |