ᠵᠠᠩ ᠳ᠋ᠧᠩ ᠹᠧᠩ ︽ᠨᠠᠢᠮᠠᠨ ᠰᠠᠷ᠎ᠠ ᠶᠢᠨ ᠨᠢᠭᠡᠨ︾ ᠠᠴᠠ ᠡᠮᠦᠨ᠎ᠡ ᠬᠤᠰᠢᠭᠤᠨ ᠤ | ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠪᠠ | | 7 ᠰᠠᠷ᠎ᠠ ᠶᠢᠨ 28 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠠᠳ ᠡᠷᠭᠢᠯᠡᠭᠴᠢ ᠵᠠᠩ ᠳ᠋ᠧᠩ ᠹᠧᠩ ︽8.1︾ ᠤ ᠴᠡᠷᠢᠭ ᠪᠠᠶᠢᠭᠤᠯᠤᠭᠳᠠᠭᠰᠠᠨ | ᠪᠠᠶᠠᠷ ᠬᠦᠷᠴᠦ ᠢᠷᠡᠬᠦ ᠲᠠᠰᠢᠷᠠᠮ ᠢᠶᠠᠷ ᠬᠤᠰᠢᠭᠤᠨ ᠤ ᠳᠦᠷᠪᠡᠨ ᠪᠠᠭ ᠢ ᠲᠥᠯᠥᠭᠡᠯᠡᠨ ᠬᠤᠰᠢᠭᠤᠨ ᠤ ᠠᠷᠠᠳ ᠤᠨ | ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠬᠤ ᠶᠢᠨ ᠬᠠᠮᠲᠤ ᠶᠠᠷᠢᠯᠴᠠᠬᠤ ᠬᠤᠷᠠᠯ | ᠬᠢᠵᠡᠶ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ | ᠬᠡᠯᠲᠡᠰ ᠤᠨ ᠳᠠᠷᠤᠭ᠎ᠠ ᠵᠧᠤ ᠶᠦᠩ ᠭᠠᠩ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠯᠢᠦ ᠸᠧᠶ᠂ | ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠣᠷᠣᠯᠴᠠᠵᠠᠶ᠃ | | | | | | ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠂ ᠵᠠᠩ ᠳ᠋ᠧᠩ ᠹᠧᠩ ᠳᠠᠷᠤᠭ᠎ᠠ | ᠪᠠᠶᠢᠯᠳᠤᠭᠴᠢᠳ ᠲᠠᠢ ᠨᠢᠭᠡᠳ ᠨᠢᠭᠡ ᠪᠠᠷ ᠭᠠᠷ ᠠᠳᠬᠤᠵᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ | ᠵᠢᠩᠬᠢᠨᠢᠴᠢᠯᠡᠬᠦ ᠪᠠᠶᠢᠭᠤᠯᠤᠯᠲᠠ ᠪᠣᠯᠤᠨ ᠴᠡᠷᠢᠭ ᠡᠯᠰᠡᠬᠦ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ | ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ | ᠲᠣᠬᠤᠨᠢᠭᠤᠯᠬᠤ ᠮᠥᠩᠭᠦ ᠬᠦᠷᠭᠡᠪᠡ᠃ ᠵᠠᠩ ᠳ᠋ᠧᠩ ᠹᠧᠩ ᠠᠷᠠᠳᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ | ᠪᠠᠶᠢᠯᠳᠤᠭᠴᠢᠳ ᠤᠨ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠪᠠ ᠠᠷᠠᠳ ᠣᠯᠠᠨ ᠤ ᠠᠮᠢ ᠨᠠᠰᠤ ᠡᠳ᠋ | ᠬᠤᠭᠰᠢᠯ ᠤᠨ ᠠᠮᠤᠷ ᠲᠦᠪᠰᠢᠨ ᠢ ᠬᠠᠮᠠᠭᠠᠯᠠᠬᠤ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳᠨᠤᠲᠠᠯᠠᠭᠰᠠᠨ ᠤ | ᠬᠠᠮᠲᠤ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠵᠠᠰᠠᠭ ᠢᠶᠠᠨ | ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ | ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠮᠠᠨ ᠤ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠳᠡᠮᠵᠢᠯᠭᠡ ᠦᠵᠡᠭᠦᠯᠬᠦ ᠶᠢ ᠬᠦᠰᠡᠪᠡ᠃ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠨ ᠬᠥᠭᠵᠢᠭᠦᠯᠬᠦ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠪᠣᠳᠠᠲᠠᠶ ᠬᠦᠴᠢᠷᠳᠡᠯ ᠢ ᠪᠥᠬᠦ | ᠬᠦᠴᠦᠨ ᠢᠶᠠᠷ ᠢᠶᠠᠨ ᠬᠠᠪᠰᠤᠷᠤᠨ ᠰᠢᠢᠳᠪᠦᠷᠢᠯᠡᠵᠤ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠳᠡᠭᠲᠡᠷ ᠲᠤ | ᠭᠠᠷᠬᠤ ᠶᠢ ᠠᠬᠢᠭᠤᠯᠤᠨ᠎ᠠ᠃ ᠵᠧᠦ ᠶᠦᠩ ᠭᠠᠩ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ᠂ ᠬᠤᠰᠢᠭᠤᠨ ᠤ ᠠᠷᠠᠳ ᠤᠨ | ᠵᠡᠪᠰᠡᠭᠲᠦ ᠬᠦᠴᠦᠨ ᠤ ᠬᠡᠯᠲᠡᠰ ᠡᠭᠦᠨ ᠢᠶᠠᠷ ᠬᠥᠳᠡᠯᠭᠡᠬᠦ ᠬᠦᠴᠦᠨ ᠪᠣᠯᠭᠠᠵᠤ᠂ ᠡᠩᠨᠡᠭᠡᠨ ᠤ ᠪᠠᠶᠢᠭᠤᠯᠤᠯᠲᠠ ᠶᠢ | ᠴᠢᠷᠮᠠᠶᠢᠨ ᠴᠢᠩᠭᠠᠳᠬᠠᠵᠤ᠂ ᠴᠡᠷᠢᠭ ᠠᠩᠭᠢ ᠶᠢᠨ ᠪᠣᠳᠠᠲᠤ ᠬᠦᠴᠦᠨ ᠢ ᠳᠡᠭᠡᠭᠰᠢᠯᠡᠭᠦᠯᠦᠨ᠂ ᠬᠤᠰᠢᠭᠤᠨ ᠤ ᠲᠠᠰ ᠤᠨ | ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ | ᠵᠣᠶᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ︽ᠵᠠᠷᠯᠢᠭ ᠪᠠᠭᠤᠯᠭᠠᠪᠠᠯ᠂ ᠲᠠᠲᠠᠵᠤ ᠳᠡᠶᠢᠯᠬᠦ᠂ ᠪᠠᠶᠢᠯᠳᠤᠵᠤ | ᠳᠡᠶᠢᠯᠬᠦ︾ ᠶᠢ ᠪᠡᠶᠡᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ | ᠰᠠᠶᠢᠲᠤᠷ ᠬᠠᠮᠠᠭᠠᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠮᠠᠭᠠᠯᠠᠨ᠎ᠠ᠃ |