ᠪᠠᠶᠠᠨᠴᠠᠭᠠᠨ ᠨᠢᠭᠡᠳᠦᠭᠡᠷ ᠲᠣᠮᠢᠯᠠᠭᠰᠠᠨ ᠰᠠᠯᠪᠤᠷᠢ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠬᠦᠴᠦᠲᠡᠶ ᠠᠬᠢᠭᠤᠯᠵᠤ ᠠᠵᠢᠯ ᠲᠥᠷᠥᠯ ᠤᠨ ᠲᠠᠯᠠᠪᠤᠷ ᠭᠠᠵᠠᠷ ᠢ ᠢᠯᠭᠠᠷᠠᠭᠤᠯᠤᠨ ᠪᠠᠶᠢᠴᠠᠭᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ
ᠨᠡᠶᠢᠲᠡᠯᠡᠭᠰᠡᠨ ᠴᠠᠭ᠄
2022/7/29
         ᠪᠠᠶᠠᠨᠴᠠᠭᠠᠨ ᠨᠢᠭᠡᠳᠦᠭᠡᠷ ᠲᠣᠮᠢᠯᠠᠭᠰᠠᠨ ᠰᠠᠯᠪᠤᠷᠢ ᠵᠤᠨ ᠤ ᠤᠯᠠᠷᠢᠯ ᠤᠨ ᠠᠮᠤᠷ ᠢ          ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ          ᠡᠳᠦᠷ ᠤᠨ ᠠᠵᠢᠯᠯᠠᠭ᠎ᠠ︾ ᠶᠢ ᠬᠦᠴᠦᠲᠡᠶ ᠠᠬᠢᠭᠤᠯᠵᠤ ᠠᠵᠢᠯ ᠲᠥᠷᠥᠯ ᠤᠨ          ᠲᠠᠯᠠᠪᠤᠷ ᠭᠠᠵᠠᠷ ᠢ ᠢᠯᠭᠠᠷᠠᠭᠤᠯᠤᠨ ᠪᠠᠶᠢᠴᠠᠭᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ      ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠬᠤ ᠶᠢᠨ ᠲᠤᠰᠠᠳᠠ᠂ ᠬᠠᠷᠢᠶᠠᠲᠤ ᠣᠷᠣᠨ ᠤ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠡᠷᠡᠰ ᠠᠷᠢᠯᠭᠠᠵᠤ᠂ ᠡᠯ᠎ᠡ ᠠᠵᠢᠯ ᠲᠥᠷᠥᠯ ᠤᠨ ᠲᠠᠯᠠᠪᠤᠷ ᠭᠠᠵᠠᠷ ᠤᠨ ᠠᠮᠤᠷ ᠲᠦᠪᠰᠢᠨ ᠲᠣᠭᠲᠠᠭᠤᠨ᠂ ᠡᠷᠡᠭᠦᠯ ᠪᠥᠭᠡᠳ ᠡᠮᠬᠢ ᠵᠢᠷᠤᠮ ᠲᠠᠢ ᠡᠵᠡᠩᠨᠡᠯᠲᠡ ᠶᠢ ᠠᠬᠢᠭᠤᠯᠤᠨ᠎ᠠ᠃ ᠣᠶᠢᠷ᠎ᠠ ᠳᠤ᠂ ᠪᠠᠶᠠᠨᠴᠠᠭᠠᠨ ᠨᠢᠭᠡᠳᠦᠭᠡᠷ ᠲᠣᠮᠢᠯᠠᠭᠰᠠᠨ ᠰᠠᠯᠪᠤᠷᠢ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃
    ᠢᠯᠭᠠᠷᠠᠭᠤᠯᠤᠨ ᠪᠠᠶᠢᠴᠠᠭᠠᠬᠤ ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠬᠠᠷᠢᠶ᠎ᠠ ᠣᠷᠣᠨ ᠤ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠬᠡᠰᠡᠭ ᠲᠤ ᠲᠣᠣᠷ ᠲᠠᠲᠠᠬᠤ ᠮᠠᠶ᠋ᠢᠭ ᠤᠨ ᠪᠠᠶᠢᠴᠠᠭᠠᠯᠲᠠ ᠬᠢᠵᠦ᠂ ᠭᠤᠣᠯᠳᠠᠭᠤ ᠵᠣᠴᠢᠳ ᠤᠨ ᠪᠠᠭᠤᠳᠠᠯ᠂ ᠵᠤᠭ᠎ᠠ ᠴᠡᠩᠭᠡᠯ ᠤᠨ ᠭᠠᠵᠠᠷ ᠲᠤ ︽ᠱᠠᠯᠢᠭ ᠵᠠᠪᠬᠠᠶ ᠵᠦᠢᠯ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠬᠤ︾ ᠪᠠᠶᠢᠳᠠᠯ ᠣᠷᠣᠰᠢᠵᠤ ᠪᠠᠶᠢᠬᠤ ᠡᠰᠡᠬᠦ᠂ ᠬᠤᠨᠤᠭ ᠤᠨ ᠭᠠᠵᠠᠷ ᠨᠢ ᠦᠨᠡᠨ ᠨᠡᠷ᠎ᠡ ᠪᠠᠷ ᠢᠶᠠᠨ ᠪᠦᠷᠢᠳᠬᠡᠭᠦᠯᠦᠭᠰᠡᠨ ᠡᠰᠡᠬᠦ᠂ ᠵᠤᠭ᠎ᠠ ᠴᠡᠩᠭᠡᠯ ᠤᠨ ᠭᠠᠵᠠᠷ ᠲᠤ ᠨᠠᠰᠤᠨ ᠳᠤ ᠥᠯᠥ ᠭᠦᠷᠦᠭᠰᠡᠳ ᠢ ᠲᠣᠭᠲᠠᠭᠠᠯ ᠠᠴᠠ ᠵᠥᠷᠢᠴᠡᠨ ᠭᠥᠯᠢᠶᠡᠨ ᠠᠪᠤᠭᠰᠠᠨ ᠡᠰᠡᠬᠦ᠂ ᠠᠵᠢᠯ ᠲᠥᠷᠥᠯ ᠤᠨ ᠲᠠᠯᠠᠪᠤᠷ ᠭᠠᠵᠠᠷ ᠤᠨ ᠡᠵᠡᠩᠨᠡᠯᠲᠡ ᠶᠢᠨ ᠵᠥᠪᠰᠢᠶᠡᠷᠡᠯ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠦᠨᠡᠮᠯᠡᠯ ᠨᠢ ᠪᠦᠷᠢᠨ ᠲᠡᠭᠦᠯᠳᠡᠷ ᠪᠥᠭᠡᠳ ᠪᠦᠲᠦᠮᠵᠢᠲᠡᠶ ᠪᠠᠶᠢᠬᠤ ᠡᠰᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠬᠤᠶᠠᠷ ᠨᠣᠮᠧᠷ ᠢ ᠨᠢᠭᠡ ᠪᠠᠶᠢᠴᠠᠭᠠᠬᠤ︾᠂ ᠦᠨᠡᠨ ᠨᠡᠷ᠎ᠡ ᠪᠠᠷ ᠳᠠᠩᠰᠠᠯᠠᠬᠤ ᠠᠵᠢᠯ ᠢ ᠨᠠᠶᠢᠳᠠᠪᠤᠷᠢᠵᠢᠭᠤᠯᠤᠭᠰᠠᠨ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠲᠥᠬᠦᠭᠡᠷᠦᠮᠵᠢ ᠨᠢ ᠪᠦᠷᠢᠨ ᠪᠦᠲᠦᠨ ᠪᠠᠶᠢᠬᠤ ᠡᠰᠡᠬᠦ᠂ ᠲᠠᠷᠬᠠᠭᠠᠨ ᠶᠠᠪᠤᠭᠤᠯᠬᠤ ᠵᠠᠮ ᠨᠢ ᠰᠠᠭᠠᠳ ᠥᠬᠡᠶ ᠪᠠᠶᠢᠬᠤ ᠡᠰᠡᠬᠦ᠂ ᠬᠢᠨᠠᠨ ᠡᠵᠡᠮᠳᠡᠬᠦ ᠨᠢ ᠪᠠᠷᠢᠮᠵᠢᠶ᠎ᠠ ᠳᠤ ᠬᠦᠷᠦᠭᠰᠡᠨ ᠡᠰᠡᠬᠦ ᠵᠡᠷᠭᠡ ᠳᠤ ᠪᠠᠶᠢᠴᠠᠭᠠᠯᠲᠠ ᠬᠢᠭᠰᠡᠨ ᠪᠠᠶᠢᠨ᠎ᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠮᠤᠷ ᠲᠦᠪᠰᠢᠨ ᠤ ᠳᠠᠯᠳᠠ ᠬᠡᠮ ᠪᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠠᠷᠠᠳ ᠤᠨ ᠴᠠᠭᠳᠠᠭ᠎ᠠ ᠦᠨᠡᠨ ᠮᠥᠨ ᠢᠶᠠᠷ ᠨᠢ ᠲᠡᠮᠳᠡᠭᠯᠡᠵᠦ᠂ ᠴᠡᠭᠴᠡᠯᠡᠨ ᠥᠭᠡᠷᠡᠴᠢᠯᠡᠬᠦ ᠮᠡᠳᠡᠭᠳᠡᠯ ᠤᠨ ᠪᠢᠴᠢᠭ ᠪᠠᠭᠤᠯᠭᠠᠵᠤ᠂ ᠴᠡᠭᠴᠡᠯᠡᠨ ᠥᠭᠡᠷᠡᠴᠢᠯᠡᠬᠦ ᠪᠣᠳᠠᠲᠠᠶ ᠬᠤᠭᠤᠴᠠᠭ᠎ᠠ ᠪᠠ ᠱᠠᠭᠠᠷᠳᠠᠯᠭ᠎ᠠ ᠶᠢ ᠲᠣᠳᠣᠷᠬᠠᠶ ᠪᠣᠯᠭᠠᠭᠰᠠᠨ ᠪᠥᠭᠡᠳ ᠨᠢᠭᠡᠳᠦᠭᠡᠷ ᠬᠠᠷᠢᠭᠤᠴᠠᠯᠭᠠᠲᠠᠨ ᠢ ᠵᠠᠷᠯᠢᠭᠳᠠᠵᠤ ᠪᠠᠶᠢᠭᠠᠳ ᠬᠢᠨᠠᠮᠠᠭᠠᠶ ᠴᠡᠭᠴᠡᠯᠡᠨ ᠥᠭᠡᠷᠡᠴᠢᠯᠡᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠠᠯᠳᠠ ᠬᠡᠮ ᠢ ᠴᠡᠭᠴᠡᠯᠡᠨ ᠵᠠᠰᠠᠬᠤ ᠳᠤ ᠥᠨᠴᠥᠭ ᠪᠤᠯᠤᠩ ᠥᠬᠡᠶ ᠪᠠᠶᠢᠬᠤ ᠶᠢ ᠦᠨᠡᠨ ᠬᠦ ᠪᠠᠲᠤᠯᠠᠭᠰᠠᠨ ᠪᠠᠶᠢᠨ᠎ᠠ᠃ ᠲᠣᠰ ᠤᠳᠠᠭᠠᠨ ᠤ ᠢᠯᠭᠠᠷᠠᠭᠤᠯᠤᠨ ᠪᠠᠶᠢᠴᠠᠭᠠᠬᠤ ᠠᠵᠢᠯᠯᠠᠭ᠎ᠠ ᠳᠤ ᠴᠠᠭᠳᠠᠭᠠᠨ ᠤ ᠬᠦᠴᠦᠨ ᠢ ᠨᠡᠶᠢᠲᠡ 10 ᠬᠥᠮᠦᠨ ᠤᠳᠠᠭ᠎ᠠ ᠭᠠᠷᠭᠠᠵᠤ᠂ 31 ᠵᠣᠴᠢᠳ ᠤᠨ ᠪᠠᠭᠤᠳᠠᠯ᠂ 1 ᠤᠬᠢᠶᠠᠯᠭ᠎ᠠ᠂ 1 ᠰᠦᠯᠵᠢᠶᠡᠨ ᠤ ᠪᠠᠭᠠᠷ᠂ 5 ᠰᠢᠷᠠᠮᠠᠯ ᠤᠨ ᠳᠡᠯᠭᠡᠭᠦᠷ ᠢ ᠢᠯᠭᠠᠷᠠᠭᠤᠯᠤᠨ ᠪᠠᠶᠢᠴᠠᠭᠠᠵᠤ᠂ 5 ᠠᠰᠠᠭᠤᠳᠠᠯ ᠢ ᠢᠯᠡᠷᠡᠭᠦᠯᠦᠭᠰᠡᠨ ᠪᠥᠭᠡᠳ ᠲᠤᠬᠠᠶ ᠶᠢᠨ ᠲᠠᠯᠠᠪᠤᠷ ᠲᠤ ᠴᠡᠭᠴᠡᠯᠡᠨ ᠵᠠᠰᠠᠵᠠᠶ᠃
       ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠦᠷᠳᠡᠭᠦᠯᠬᠦ ᠬᠦᠴᠦᠨ ᠢ ᠴᠢᠩᠭᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠪᠥᠭᠡᠳ ᠲᠣᠭᠲᠠᠭᠤᠨ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃
 
ᠢᠷᠡᠯᠲᠡ᠄ ᠪᠠᠶᠠᠨᠴᠠᠭᠠᠨ ᠨᠢᠭᠡᠳᠣᠭᠡᠷ ᠲᠣᠮᠢᠯᠠᠭᠰᠡᠨ ᠰᠠᠯᠪᠣᠷᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号