ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠢᠯᠴᠢ ᠴᠠᠬᠢᠯᠭᠠᠨ ᠤ | ᠬᠠᠮᠲᠤᠷᠠᠭᠰᠠᠨ ᠲᠦᠷᠤᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ | | 7 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠵᠠᠩ ᠵᠢᠶᠠᠨ ᠪᠢᠨ ᠢᠯᠴᠢ ᠴᠠᠬᠢᠯᠭᠠᠨ ᠤ ᠬᠠᠮᠲᠤᠷᠠᠭᠰᠠᠨ ᠤᠶᠢᠯᠡᠳᠪᠤᠷᠢᠯᠡᠯ ᠤᠨ ᠲᠥᠷᠥᠯ ᠵᠤᠶᠢᠯ ᠢ ᠠᠬᠢᠭᠤᠯᠬᠤ | ᠬᠤᠷᠠᠯ ᠢ ᠡᠷᠭᠢᠯᠡᠨ ᠬᠤᠷᠠᠯᠳᠤᠭᠤᠯᠪᠠ᠃ ᠱᠠᠨ ᠰᠢ ᠮᠤᠵᠢ ᠶᠢᠨ ᠤᠭᠰᠠᠷᠠᠬᠤ ᠪᠦᠯᠦᠭᠯᠡᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ | ᠸᠠᠩ ᠯᠢ ᠮᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ | ᠬᠤᠰᠢᠭᠤᠨ ᠳᠠᠷᠤᠭ᠎ᠠ ᠾᠧᠦ ᠵᠢᠶᠦ᠋ᠨ ᠢᠦᠶ᠂ ᠳᠡᠳ᠋ ᠬᠤᠰᠢᠭᠤᠨ ᠳᠠᠷᠤᠭ᠎ᠠ ᠰᠦᠨ ᠶᠠᠨ ᠵᠢᠶᠧ ᠬᠤᠷᠠᠯ ᠳᠤ | ᠣᠷᠣᠯᠴᠠᠵᠠᠶ᠃ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠣᠪᠴᠢᠶ᠎ᠠ᠂ ᠠᠵᠤ ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠬᠢᠯᠭᠠᠨ ᠬᠠᠩᠭᠠᠯᠭ᠎ᠠ ᠶᠢᠨ ᠬᠤᠪᠢᠶᠠᠷᠢ ᠲᠣᠪᠴᠢᠶ᠎ᠠ᠂ | ᠪᠠᠶᠠᠨᠴᠠᠭᠠᠨ ᠪᠠᠯᠭᠠᠰᠤᠨ ᠤ ᠬᠠᠷᠢᠭᠤᠴᠠᠯᠭᠠᠲᠠᠨ ᠵᠢᠴᠢ ᠱᠠᠨ ᠰᠢ ᠮᠤᠵᠢ ᠶᠢᠨ ᠤᠭᠰᠠᠷᠠᠬᠤ ᠪᠦᠯᠦᠭᠯᠡᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | ᠬᠤᠷᠠᠯ ᠠᠴᠠ ᠱᠠᠨ ᠠᠨ ᠪᠦᠯᠦᠭᠯᠡᠯ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ | ᠪᠠᠶᠢᠭᠤᠯᠤᠭᠰᠠᠨ ᠢᠯᠴᠢ ᠶᠢᠨ ᠴᠠᠬᠢᠯᠭᠠᠨ ᠤ ᠬᠠᠮᠲᠤᠷᠠᠭᠰᠠᠨ ᠲᠦᠷᠦᠯ ᠵᠦᠢᠯ ᠤᠨ ᠬᠤᠯᠪᠣᠭᠳᠠᠯ ᠪᠦᠬᠦᠢ ᠪᠠᠶᠢᠳᠠᠯ ᠢ | ᠮᠡᠳᠡᠭᠳᠡᠵᠦ᠂ ᠰᠦᠨ ᠶᠠᠨ ᠵᠢᠶᠧ ᠢᠯᠴᠢ ᠶᠢᠨ ᠴᠠᠬᠢᠯᠭᠠᠨ ᠤ ᠬᠠᠮᠲᠤᠷᠠᠭᠰᠠᠨ ᠲᠦᠷᠦᠯ ᠵᠦᠢᠯ ᠢ ᠠᠬᠢᠭᠤᠯᠤᠭᠰᠠᠨ | ᠪᠠᠶᠢᠳᠠᠯ ᠤᠨ ᠲᠣᠭᠤᠷᠢᠨ ᠳᠤ ᠨᠥᠬᠦᠪᠥᠷᠢ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠳ ᠲᠦᠷᠦᠯ ᠵᠦᠢᠯ ᠢ | ᠠᠬᠢᠭᠤᠯᠤᠭᠰᠠᠨ ᠪᠠᠶᠢᠳᠠᠯ᠂ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠶᠢᠨ ᠲᠤᠬᠠᠢ ᠶᠠᠷᠢᠯᠴᠠᠨ | ᠶᠠᠷᠢᠯᠴᠠᠪᠠ᠃ ᠸᠠᠩ ᠯᠢ ᠮᠢᠨ ᠺᠣᠮᠫᠠᠨᠢ ᠶᠢᠨ ᠲᠦᠢᠮᠣ ᠪᠠᠶᠢᠳᠠᠯ ᠢ ᠲᠣᠪᠴᠢ ᠲᠠᠨᠢᠯᠴᠠᠭᠤᠯᠬᠤ ᠳᠠᠭᠠᠨ᠂ ᠣᠪᠣᠷ ᠢᠶᠠᠨ | ᠢᠯᠡᠳᠬᠡᠬᠦ ᠶᠠᠷᠢᠶᠠᠨ ᠳᠠᠭᠠᠨ᠂ ᠪᠠᠯᠠ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠥᠷᠥᠯ | ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠲᠥᠷᠥᠯ ᠵᠤᠶᠢᠯ ᠤᠨ ᠪᠥᠲᠥᠭᠡᠨ | ᠪᠠᠶᠢᠭᠤᠯᠤᠯᠲᠠ ᠶᠢᠨ ᠡᠭᠦᠷᠭᠡ ᠶᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠦᠨ᠎ᠡ ᠭᠡᠵᠡᠶ᠃ ᠵᠠᠩ ᠵᠢᠶᠠᠨ | ᠪᠢᠨ ᠢᠯᠡᠷᠬᠡᠶᠢᠯᠡᠬᠦ ᠳᠡᠭᠡᠨ᠂ ᠢᠯᠴᠢ ᠴᠠᠬᠢᠯᠭᠠᠨ ᠤ ᠬᠤᠯᠪᠣᠭᠠᠯᠠᠨ ᠤᠶᠢᠯᠡᠳᠪᠤᠷᠢᠯᠡᠬᠦ ᠲᠥᠷᠥᠯ ᠵᠤᠶᠢᠯ ᠢ ᠠᠬᠢᠭᠤᠯᠬᠤ | ᠪᠣᠯ ᠣᠲᠣ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠲᠤᠰᠠ ᠲᠠᠢ ᠴᠢᠬᠤᠯᠠ ᠶᠡᠭᠡ ᠠᠷᠠᠳ ᠤᠨ | ᠠᠮᠢᠳᠤᠷᠠᠯ ᠤᠨ ᠢᠨᠵᠧᠨᠧᠷᠢᠩ ᠮᠥᠨ ᠪᠥᠭᠡᠳ ᠪᠠᠰᠠ ᠴᠤ ᠬᠤᠲᠠ ᠬᠥᠳᠡᠭᠡ ᠶᠢᠨ ᠣᠷᠴᠢᠨ ᠲᠣᠭᠤᠷᠢᠨ ᠢ | ᠰᠠᠶᠢᠵᠢᠷᠠᠭᠤᠯᠬᠤ᠂ ᠢᠯᠴᠢ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ︽ᠠᠷᠠᠳ ᠤᠨ | ᠰᠡᠳᠬᠢᠯ︾ ᠤᠨ ᠤᠶᠢᠯᠡᠰ ᠮᠥᠨ᠂ ᠡᠨᠡ ᠨᠢ ᠮᠠᠨ ᠤ ᠬᠤᠰᠢᠭᠤᠨ ᠤ ᠢᠯᠴᠢ ᠬᠠᠩᠭᠠᠯᠭ᠎ᠠ ᠶᠢᠨ ᠲᠡᠤᠬᠡᠨ ᠳᠤ ᠬᠥᠰᠢᠶ᠎ᠡ | ᠳᠤᠷᠠᠰᠬᠠᠯ ᠤᠨ ᠴᠢᠨᠠᠷᠲᠠᠶ ᠠᠴᠢ ᠬᠤᠯᠪᠣᠭᠳᠠᠯ ᠲᠠᠢ ᠪᠠᠶᠢᠵᠤ᠂ ᠮᠠᠨ ᠤ ᠬᠤᠰᠢᠭᠤᠨ ᠤ ᠲᠡᠤᠬᠡ ᠶᠢᠨ | ᠬᠠᠭᠤᠳᠠᠰᠤᠨ ᠳᠤ ᠲᠡᠮᠳᠡᠭᠯᠡᠭᠳᠡᠬᠦ ᠨᠢ ᠯᠠᠪᠲᠠᠶ ᠶᠤᠮ ᠭᠡᠵᠡᠶ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠡᠷᠬᠡᠪᠰᠢ ᠲᠠᠨᠢᠯᠲᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠵᠦ᠂ ᠢᠯᠴᠢ | ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠲᠦᠷᠦᠯ ᠵᠦᠢᠯ ᠤᠨ ᠲᠦᠷᠦᠯ ᠵᠦᠢᠯ ᠲᠣᠭᠲᠠᠭᠠᠬᠤ ᠶᠢᠨ ᠠᠴᠢ | ᠬᠤᠯᠪᠣᠭᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠣᠬᠢᠴᠠᠭᠤᠯᠤᠨ | ᠬᠠᠮᠵᠢᠯᠴᠠᠬᠤ ᠪᠠᠨ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ | ᠲᠦᠷᠭᠡᠳᠬᠡᠨ ᠠᠬᠢᠭᠤᠯᠵᠤ᠂ ᠤᠯᠠᠨ ᠲᠦᠮᠡᠨ ᠤ ᠰᠢᠨ᠎ᠡ ᠵᠢᠯ ᠢ ᠥᠩᠭᠡᠷᠡᠭᠦᠯᠬᠦ ᠶᠢ ᠪᠠᠲᠤᠯᠠᠵᠤ᠂ ᠤᠯᠠᠨ ᠲᠦᠮᠡᠨ ᠤ | ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ᠃ |