ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ | ᠦᠢᠯᠡᠰ ᠤᠨ 2022 ᠣᠨ ᠤ ᠠᠵᠢᠯ ᠤᠨ ᠲᠥᠯᠥᠪᠯᠡᠭᠡ᠂ ᠬᠢᠯᠠᠰ ᠴᠡᠭ ᠪᠠ | ᠲᠣᠪᠤᠶᠢᠮ᠎ᠠ ᠠᠮᠵᠢᠯᠲᠠ | 2022 ᠤᠨ 5 ᠰᠠᠷ᠎ᠠ ᠶᠢᠨ 24 ᠤ ᠡᠳᠦᠷ ᠤᠨ 09 ᠴᠠᠭ | ᠡᠷᠬᠢᠮ ᠵᠤᠴᠢᠨ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠪᠠ ᠪᠡᠶ᠎ᠡ ᠶᠢᠨ ᠲᠠᠮᠢᠷ ᠤᠨ ᠲᠣᠪᠴᠢᠶᠠᠨ ᠤ | ᠳᠠᠷᠤᠭ᠎ᠠ ᠰᠢᠶᠠ ᠫᠧᠶ ᠬᠤᠩ | ᠲᠣᠪᠴᠢᠯᠠᠯ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠰᠤᠷᠭᠠᠨ ᠬᠥᠮᠦᠵᠢᠯ ᠤᠨ ᠲᠤᠬᠠᠶ ᠴᠢᠬᠤᠯᠠ | ᠥᠭᠦᠯᠡᠯᠲᠡ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠭᠤᠤ ᠶᠡᠭᠡ ᠨᠠᠮ | ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠣᠨᠣᠪᠴᠢᠲᠠᠶ᠂ ᠪᠦᠬᠦ ᠲᠠᠯᠠᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠳᠤ ᠦᠢᠯᠡᠴᠢᠯᠡᠵᠦ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠵᠤ᠂ ᠦᠵᠡᠯᠲᠡ ᠪᠠᠨ ᠬᠤᠪᠢᠷᠠᠭᠤᠯᠵᠤ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠤᠷᠢᠭ᠎ᠠ ᠱᠤᠭᠤᠮ ᠢ ᠰᠠᠬᠢᠵᠤ᠂ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠠᠬᠢᠭᠤᠯᠵᠤ᠂ ᠰᠤᠷᠭᠠᠨ | ᠬᠥᠮᠦᠵᠢᠯ ᠤᠨ ᠬᠦᠴᠦᠷᠬᠡᠭ ᠲᠤᠭ ᠢ ᠪᠠᠶᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ | ᠬᠥᠮᠦᠵᠢᠯ ᠢ ᠰᠠᠶᠢᠲᠤᠷ ᠡᠷᠬᠢᠯᠡᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ | ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ | ᠬᠥᠮᠦᠵᠢᠭᠦᠯᠦᠨ᠎ᠡ᠃ | | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢ ᠠᠩᠬᠠᠷᠬᠤ ᠶᠢ ᠪᠠᠶᠠᠷᠯᠠᠨ ᠤᠭᠲᠤᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠᠶᠢᠨ | ᠤᠷᠢᠯᠭ᠎ᠠ ᠪᠠᠷ ᠰᠤᠷᠪᠤᠯᠵᠢᠯᠠᠭ᠎ᠠ ᠳᠤ ᠣᠷᠣᠯᠴᠠᠭᠰᠠᠨ ᠵᠣᠴᠢᠨ ᠪᠣᠯ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠰᠤᠷᠭᠠᠨ ᠬᠥᠮᠦᠵᠢᠯ ᠪᠠ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠰᠢᠶᠠ ᠫᠸᠢ ᠬᠤᠩ | ᠪᠣᠯᠤᠨ᠎ᠠ᠂ ︽2022 ᠣᠨ ᠤ ᠠᠵᠢᠯ ᠤᠨ ᠲᠥᠯᠥᠪᠯᠡᠭᠡ᠂ ᠬᠢᠯᠠᠰ ᠴᠡᠭ ᠪᠠ ᠲᠣᠪᠤᠶᠢᠮ᠎ᠠ ᠠᠮᠵᠢᠯᠲᠠ︾ ᠭᠡᠬᠦ | ᠭᠤᠤᠯ ᠰᠡᠳᠦᠪ ᠤᠨ ᠲᠣᠭᠤᠷᠢᠨ ᠳᠤ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠲᠤᠰᠬᠠᠶ ᠰᠤᠷᠪᠤᠯᠵᠢᠯᠠᠭ᠎ᠠ ᠶᠢ | ᠬᠦᠯᠢᠶᠡᠨ᠎ᠡ᠃ ᠰᠢᠶᠠ ᠲᠣᠪᠴᠢᠶᠠᠨ ᠳᠠᠷᠤᠭ᠎ᠠ ᠲᠠ ᠰᠠᠶᠢᠨ ᠤᠤ᠂ ᠲᠠᠨ ᠤ ᠬᠤᠰᠢᠭᠤᠨ ᠤ ᠵᠠᠰᠠᠭ ᠤᠨ ᠣᠷᠳᠣᠨ ᠤ | ᠰᠦᠯᠵᠢᠶᠡᠨ ᠤ ᠥᠷᠲᠡᠭᠡ ᠳᠤ ᠬᠦᠷᠴᠦ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠬᠦ ᠶᠢ ᠪᠠᠶᠠᠷᠯᠠᠨ | ᠤᠭᠲᠤᠵᠤ ᠪᠠᠶᠢᠨ᠎ᠠ᠃ | | ᠰᠢᠶᠠ ᠫᠸᠢ ᠬᠤᠩ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︖ ᠲᠠ | ᠪᠦᠬᠦᠨ ᠲᠠᠢ ᠠᠭᠤᠯᠵᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ | | ᠬᠥᠲᠥᠯᠥᠭᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2022 ᠣᠨ ᠤ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠭᠤᠤᠯᠳᠠᠯᠭ᠎ᠠ ᠲᠠᠢ ᠡᠭᠦᠷᠭᠡ ᠨᠢ ᠶᠠᠭᠤ ᠪᠣᠶ︖ | | ᠰᠢᠶᠠ ᠫᠸᠢ ᠬᠤᠩ᠄ 2022 ᠣᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠤᠷᠭᠠᠨ | ᠬᠥᠮᠦᠵᠢᠯ ᠤᠨ ᠠᠵᠢᠯ ᠨᠢ ᠭᠤᠤᠯᠳᠠᠭᠤ ︽ᠲᠠᠪᠤᠨ ᠶᠡᠭᠡ ᠢᠨᠵᠧᠨᠧᠷᠢᠩ︾ ᠤᠨ ᠲᠣᠭᠤᠷᠢᠨ ᠳᠤ ᠠᠵᠢᠯ ᠢᠶᠠᠨ | ᠥᠷᠨᠢᠭᠦᠯᠪᠡ᠃ | ᠨᠢᠭᠡ ᠳᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠳᠤᠲᠠᠭᠤᠳᠠᠯ ᠢ ᠨᠥᠬᠦᠪᠥᠷᠢᠯᠡᠬᠦ | ᠢᠨᠵᠧᠨᠧᠷᠢᠩ ᠢ ᠬᠡᠷᠡᠭᠵᠢᠭᠦᠯᠦᠨ᠎ᠡ᠃ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠪᠥᠲᠥᠭᠡᠨ | ᠪᠠᠶᠢᠭᠤᠯᠤᠯᠲᠠ ᠶᠢᠨ ︽ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠬᠡᠪᠴᠢᠶ᠎ᠡ ᠶᠢ ᠵᠣᠬᠢᠰᠲᠠᠶ | ᠪᠠᠶᠢᠯᠭᠠᠬᠤ᠂ ᠳᠥᠭᠦᠮ ᠪᠥᠭᠡᠳ ᠪᠣᠳᠠᠲᠤ ᠬᠡᠷᠡᠭᠴᠡᠭᠡ ᠲᠠᠢ ᠪᠠᠶᠢᠯᠭᠠᠬᠤ᠂ ᠣᠶᠢᠷ᠎ᠠ ᠬᠠᠪᠢ ᠳᠠᠭᠠᠨ ᠴᠡᠴᠡᠷᠯᠢᠭ ᠲᠤ | ᠣᠷᠣᠭᠤᠯᠬᠤ᠂ ᠲᠣᠰᠴᠤ ᠬᠦᠷᠭᠡᠬᠦ ᠳᠤ ᠳᠥᠭᠦᠮ ᠪᠠᠶᠢᠯᠭᠠᠬᠤ︾ ᠵᠠᠷᠴᠢᠮ ᠶᠣᠰᠣᠭᠠᠷ᠂ ᠣᠯᠠᠨ ᠲᠠᠯ᠎ᠠ ᠪᠡᠯᠡ ᠮᠥᠩᠭᠦ | ᠴᠤᠭᠯᠠᠭᠤᠯᠤᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ ᠬᠤᠲᠠ ᠶᠢᠨ ᠲᠣᠭᠤᠷᠢᠭ ᠤᠨ ᠵᠣᠬᠢᠬᠤ ᠨᠠᠰᠤᠨ ᠤ ᠬᠡᠦᠬᠡᠳ ᠤᠨ ᠴᠡᠴᠡᠷᠯᠢᠭ ᠲᠤ ᠣᠷᠣᠬᠤ ᠳᠤ | ᠬᠦᠴᠢᠷ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠤ᠂ ᠮᠣᠩᠭᠤᠯ ᠦᠨᠳᠦᠰᠦᠲᠡᠨ ᠤ ᠬᠡᠤᠬᠡᠳ ᠤᠨ | ᠴᠡᠴᠡᠷᠯᠢᠭ᠂ ᠬᠤᠰᠢᠭᠤᠨ ᠤ ᠬᠡᠤᠬᠡᠳ ᠤᠨ ᠴᠡᠴᠡᠷᠯᠢᠭ ᠤᠨ ᠡᠮᠦᠨ᠎ᠡ ᠬᠦᠷᠢᠶᠡᠯᠡᠩ ᠳᠤ ᠲᠣᠰ ᠲᠣᠰ ᠨᠢᠭᠡ | ᠶᠡᠷᠦᠩᠬᠡᠶᠢᠯᠡᠭᠰᠡᠨ ᠬᠥᠳᠡᠯᠭᠡᠭᠡᠨ ᠤ ᠲᠠᠰᠤᠭ ᠪᠠᠶᠢᠭᠤᠯᠵᠤ᠂ ᠪᠠᠯᠠ ᠣᠷᠣᠭᠤᠯᠤᠨ ᠨᠢᠭᠡ ᠬᠡᠤᠬᠡᠳ ᠤᠨ ᠴᠡᠴᠡᠷᠯᠢᠭ ᠢ | ᠰᠢᠨ᠎ᠡ ᠪᠠᠷ ᠪᠠᠶᠢᠭᠤᠯᠵᠤ᠂ ᠤᠤᠯ ᠤᠨ ᠲᠠᠯ᠎ᠠ ᠨᠤᠲᠤᠭ ᠤᠨ ᠭᠡᠷᠡᠯᠲᠦ ᠰᠤᠪᠤᠳ ᠬᠡᠤᠬᠡᠳ ᠤᠨ ᠴᠡᠴᠡᠷᠯᠢᠭ ᠢ | ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠲᠥᠪ ᠪᠣᠯᠭᠠᠨ ᠥᠭᠡᠷᠡᠴᠢᠯᠡᠨ ᠪᠠᠶᠢᠭᠤᠯᠵᠤ᠂ ᠬᠤᠲᠠ ᠶᠢᠨ ᠲᠣᠭᠤᠷᠢᠭ ᠤᠨ ᠬᠡᠤᠬᠡᠳ ᠤᠨ | ᠴᠡᠴᠡᠷᠯᠢᠭ ᠤᠨ ᠪᠠᠶᠢᠷᠢᠰᠢᠭᠤᠯᠤᠯᠲᠠ ᠶᠢ ᠨᠠᠩ ᠵᠦᠶ ᠵᠣᠬᠢᠰᠲᠠᠶ ᠪᠣᠯᠭᠠᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠨᠠᠩ | ᠶᠡᠭᠡ ᠪᠠᠷ ᠰᠠᠶᠢᠵᠢᠷᠠᠭᠤᠯᠤᠨ᠂ ᠬᠤᠲᠠ ᠬᠥᠳᠡᠭᠡ ᠶᠢᠨ ᠰᠤᠷᠬᠤ ᠨᠠᠰᠤᠨ ᠤ ᠬᠡᠤᠬᠡᠳ ᠲᠤ ᠴᠥᠮ ᠰᠤᠷᠬᠤ | ᠨᠠᠰᠤᠨ ᠠᠴᠠ ᠡᠮᠦᠨᠡᠬᠢ ᠰᠢᠯᠢᠳᠡᠭ ᠰᠤᠷᠭᠠᠨ ᠬᠥᠮᠦᠵᠢᠯ ᠬᠦᠷᠲᠡᠭᠡᠨ᠎ᠡ᠃ ᠠᠷᠠᠳ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠢ ᠢᠳᠡᠪᠬᠢᠲᠡᠶ ᠪᠠᠷ ᠨᠡᠶᠢᠭᠡᠮ ᠤᠨ ᠬᠦᠴᠦᠨ ᠤ ᠣᠯᠠᠨ ᠵᠦᠢᠯ ᠤᠨ ᠬᠡᠯᠪᠡᠷᠢ ᠪᠠᠷ ᠠᠷᠠᠳ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠡᠷᠭᠢᠯᠡᠬᠦ ᠶᠢ ᠵᠣᠷᠢᠭᠵᠢᠭᠤᠯᠤᠨ ᠳᠡᠮᠵᠢᠵᠦ᠂ ᠠᠷᠠᠳ ᠠᠴᠠ ᠡᠷᠭᠢᠯᠡᠭᠰᠡᠨ ᠬᠡᠤᠬᠡᠳ ᠤᠨ | ᠴᠡᠴᠡᠷᠯᠢᠭ ᠤᠨ ᠣᠯᠠᠨ ᠲᠦᠮᠡᠨ ᠳᠤ ᠬᠠᠨᠳᠤᠭᠤᠯᠤᠭᠰᠠᠨ᠂ ᠰᠦᠢᠳᠬᠡᠯ ᠬᠤᠷᠢᠶᠠᠬᠤ ᠨᠢ ᠵᠦᠶ ᠵᠣᠬᠢᠰᠲᠠᠶ᠂ ᠶᠠᠰᠤ | ᠴᠢᠨᠠᠷ ᠨᠢ ᠬᠢᠷᠢ ᠲᠡᠩᠴᠡᠭᠰᠡᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ | ᠪᠥᠬᠦ ᠬᠤᠰᠢᠭᠤᠨ ᠤ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠡᠷᠡᠭᠦᠯ ᠬᠥᠭᠵᠢᠯᠲᠡ ᠶᠢ ᠬᠠᠤᠯᠢ | ᠶᠣᠰᠣᠭᠠᠷ ᠵᠢᠷᠤᠮᠵᠢᠭᠤᠯᠵᠤ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠠᠭᠤᠯᠤᠭᠳᠠᠬᠤᠨ ᠤ | ᠬᠥᠭᠵᠢᠯᠲᠡ᠂ ᠤᠨᠴᠠᠯᠢᠭᠳᠤ ᠬᠥᠭᠵᠢᠯᠲᠡ ᠶᠢ ᠠᠬᠢᠭᠤᠯᠤᠨ᠂ ᠨᠢᠭᠡ ᠪᠦᠯᠦᠭ ᠰᠢᠨᠵᠢᠯᠡᠬᠦ ᠤᠬᠠᠭᠠᠨᠴᠢ | ᠬᠠᠮᠢᠶᠠᠷᠤᠯᠲᠠ ᠲᠠᠢ᠂ ᠠᠰᠠᠷᠠᠨ ᠬᠥᠮᠦᠵᠢᠭᠦᠯᠬᠦ ᠬᠢᠷᠢ ᠲᠦᠪᠰᠢᠨ ᠢᠶᠠᠷ ᠥᠨᠳᠥᠷ ᠠᠷᠠᠳ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠢ ᠰᠠᠶᠢᠲᠤᠷ ᠡᠷᠭᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠰᠢᠯᠢᠳᠡᠭ ᠡᠬᠢ ᠪᠠᠶᠠᠯᠢᠭ ᠢ ᠴᠢᠷᠮᠠᠶᠢᠨ ᠥᠷᠭᠡᠳᠬᠡᠨ᠎ᠡ᠃ ᠬᠡᠦᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ | ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ᠃ ᠬᠡᠦᠬᠡᠳ ᠤᠨ ᠰᠤᠷᠭᠠᠨ ᠬᠥᠮᠦᠵᠢᠯ ᠤᠨ ᠤᠷᠠᠯᠢᠭ᠂ ᠡᠷᠡᠭᠦᠯ ᠮᠡᠨᠳᠦ᠂ | ᠨᠡᠶᠢᠭᠡᠮ᠂ ᠰᠢᠨᠵᠢᠯᠡᠬᠦ ᠤᠬᠠᠭᠠᠨ᠂ ᠦᠭᠡ ᠬᠡᠯᠡ ᠵᠡᠷᠭᠡ ᠲᠠᠪᠤᠨ ᠶᠡᠭᠡ ᠬᠦᠷᠢᠶᠡᠨ ᠳᠤ ᠭᠤᠣᠯ ᠰᠡᠳᠦᠪᠲᠦ ᠬᠢᠴᠢᠶᠡᠯ | ᠨᠡᠭᠡᠭᠡᠵᠦ᠂ ᠲᠥᠪᠯᠡᠷᠡᠭᠦᠯᠬᠦ᠂ ᠰᠠᠯᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠪᠠᠯᠴᠢᠷ ᠬᠡᠦᠬᠡᠳ ᠤᠨ | ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠬᠦ ᠠᠵᠢᠯᠯᠠᠭ᠎ᠠ ᠶᠢ ᠥᠷᠨᠢᠭᠦᠯᠵᠦ᠂ ᠪᠠᠯᠴᠢᠷ ᠬᠡᠦᠬᠡᠳ ᠤᠨ ᠪᠡᠶ᠎ᠡ | ᠰᠡᠳᠬᠢᠯ ᠤᠨ ᠬᠥᠭᠵᠢᠯᠲᠡ ᠳᠤ ᠠᠰᠢᠭᠲᠠᠶ ᠣᠷᠴᠢᠨ ᠲᠣᠭᠤᠷᠢᠨ ᠢ ᠪᠤᠢ ᠪᠣᠯᠭᠠᠵᠤ᠂ ᠭᠡᠷ ᠤᠨ ᠭᠠᠳᠠᠨᠠᠬᠢ | ᠬᠥᠳᠡᠯᠭᠡᠭᠡᠨ ᠤ ᠴᠠᠭ ᠢ ᠪᠠᠲᠤᠯᠠᠵᠤ᠂ ᠡᠷᠬᠡ ᠲᠡᠭᠰᠢ ᠳᠣᠲᠣᠨᠣ ᠣᠪᠣᠷ᠂ ᠬᠠᠶᠢᠷ᠎ᠠ ᠬᠠᠯᠠᠮᠵᠢ ᠪᠠ ᠬᠠᠷᠢᠭᠤᠴᠠᠯᠭᠠᠲᠤ | ᠰᠡᠳᠬᠢᠯᠭᠡ ᠪᠠᠷ ᠪᠠᠯᠴᠢᠷ ᠬᠡᠦᠬᠡᠳ ᠨᠢᠭᠡᠪᠦᠷᠢ ᠳᠤ ᠬᠠᠨᠳᠤᠵᠤ᠂ ᠪᠠᠯᠴᠢᠷ ᠬᠡᠦᠬᠡᠳ ᠨᠢᠭᠡᠪᠦᠷᠢ ᠶᠢᠨ ᠪᠡᠶ᠎ᠡ ᠰᠡᠳᠬᠢᠯ ᠢ | ᠡᠷᠡᠭᠦᠯ ᠢᠶᠠᠷ ᠬᠥᠭᠵᠢᠭᠦᠯᠬᠦ ᠬᠡᠷᠡᠭᠲᠡᠶ᠃ ᠬᠡᠤᠬᠡᠳ ᠤᠨ ᠴᠡᠴᠡᠷᠯᠢᠭ ᠤᠨ ᠬᠡᠤᠬᠡᠳ ᠤᠨ ᠴᠡᠴᠡᠷᠯᠢᠭ ᠡᠷᠭᠢᠯᠡᠬᠦ ᠦᠢᠯᠡ | ᠠᠵᠢᠯᠯᠠᠭ᠎ᠠ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠡᠤᠬᠡᠳ ᠤᠨ | ᠴᠡᠴᠡᠷᠯᠢᠭ ᠤᠨ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠪᠠ ᠠᠰᠠᠷᠠᠨ ᠬᠥᠮᠦᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠵᠦ ᠪᠠᠶᠢᠭᠠᠳ ᠬᠤᠲᠠ ᠶᠢᠨ ᠲᠣᠭᠤᠷᠢᠭ ᠤᠨ | ᠬᠡᠤᠬᠡᠳ ᠤᠨ ᠴᠡᠴᠡᠷᠯᠢᠭ ᠤᠨ ᠲᠣᠭᠤᠷᠢᠭ ᠤᠨ ᠲᠠᠰ ᠤᠨ ᠵᠢᠱᠢᠶ᠎ᠡ ᠦᠵᠡᠭᠦᠯᠬᠦ ᠴᠡᠴᠡᠷᠯᠢᠭ ᠪᠠᠶᠢᠭᠤᠯᠬᠤ᠂ ᠰᠢᠶᠠᠩ | ᠪᠠᠯᠭᠠᠰᠤ ᠶᠢᠨ ᠭᠤᠤᠯ ᠬᠡᠤᠬᠡᠳ ᠤᠨ ᠴᠡᠴᠡᠷᠯᠢᠭ ᠤᠨ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠴᠡᠴᠡᠷᠯᠢᠭ | ᠪᠠᠶᠢᠭᠤᠯᠬᠤ ᠶᠢ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠵᠥᠪᠰᠢᠶᠡᠷᠡᠨ ᠣᠷᠣᠭᠤᠯᠬᠤ ᠶᠢ | ᠴᠢᠩᠳᠠᠯᠠᠵᠤ᠂ ᠬᠢᠨᠠᠨ ᠬᠠᠮᠢᠶᠠᠷᠬᠤ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠤᠨ᠂ ︽ᠪᠠᠭ᠎ᠠ | ᠰᠤᠷᠭᠠᠭᠤᠯᠢᠴᠢᠯᠠᠭᠰᠠᠨ︾ ᠬᠡᠤᠬᠡᠳ ᠤᠨ ᠴᠡᠴᠡᠷᠯᠢᠭ ᠡᠷᠭᠢᠯᠡᠬᠦ ᠬᠠᠨᠳᠤᠰᠢ ᠶᠢ ᠵᠠᠯᠠᠷᠠᠭᠤᠯᠤᠨ᠎ᠠ᠃ | ᠬᠤᠶᠠᠷ ᠲᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠦᠯᠬᠦ | ᠢᠨᠵᠧᠨᠧᠷᠢᠩ ᠢ ᠬᠡᠷᠡᠭᠵᠢᠭᠦᠯᠦᠨ᠎ᠡ᠃ ᠰᠤᠷᠭᠠᠭᠤᠯᠢ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠡᠯ᠎ᠡ ᠲᠥᠷᠥᠯ ᠤᠨ | ᠰᠤᠷᠭᠠᠨ ᠬᠥᠮᠦᠵᠢᠯ ᠤᠨ ᠲᠤᠰᠬᠠᠶ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠵᠡᠭᠦᠨ ᠡᠮᠦᠨ᠎ᠡ ᠨᠢᠭᠡ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ | ᠰᠤᠷᠭᠠᠭᠤᠯᠢ ᠶᠢ ᠲᠥᠯᠥᠪᠵᠢᠭᠦᠯᠦᠨ ᠪᠠᠶᠢᠭᠤᠯᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠳᠤ ᠨᠠᠩ ᠣᠯᠠᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠩᠭᠠᠨ᠎ᠠ︔ ᠬᠥᠳᠡᠭᠡ | ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ᠂ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ | ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ | ᠪᠠᠶᠢᠷᠢᠰᠢᠯ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠰᠤᠷᠤᠭᠴᠢᠳ ᠲᠤ ᠲᠥᠪ ᠭᠤᠣᠯᠴᠢ ᠪᠥᠭᠡᠳ ᠴᠢᠨᠠᠷ | ᠴᠢᠨᠰᠠᠭ᠎ᠠ ᠲᠠᠢ ᠰᠤᠷᠭᠠᠨ ᠬᠥᠮᠦᠵᠢᠯ ᠢ ᠬᠠᠩᠭᠠᠨ᠎ᠠ᠃ ᠡᠬᠢ ᠪᠠᠶᠠᠯᠢᠭ ᠤᠨ ᠲᠤᠬᠢᠷᠠᠭᠤᠯᠤᠯᠳᠠ ᠶᠢ ᠲᠡᠭᠦᠯᠳᠡᠷᠵᠢᠭᠦᠯᠦᠨ᠎ᠡ | ᠃ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠲᠠᠯ᠎ᠠ ᠪᠠ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ | ᠭᠦᠨᠵᠡᠭᠡᠶ ᠳᠥᠯᠭᠢᠨ ᠠᠬᠢᠭᠤᠯᠬᠤ ᠬᠡᠷᠡᠭᠵᠢᠭᠦᠯᠬᠦ ᠲᠥᠰᠦᠯ︾ ︵ᠥᠪᠥᠷ ᠰᠤᠷᠭᠠᠨ ᠬᠥᠮᠦᠵᠢᠯ ᠡᠳ᠋ ᠦᠰᠦᠭ ﹇ | 2021﹈ 84 ᠳ᠋ᠤᠭᠡᠷ ᠲᠣᠭᠠᠲᠤ︶ ᠶᠣᠰᠣᠭᠠᠷ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠬᠤᠰᠢᠭᠤ ᠰᠢᠶᠠᠨ ᠢ ᠦᠨᠡᠯᠡᠨ ᠵᠢᠱᠢᠵᠦ ᠰᠢᠯᠭᠠᠨ ᠠᠪᠬᠤ ᠶᠢ | ᠤᠭᠲᠤᠬᠤ ᠪᠠᠷ ᠠᠵᠠ ᠲᠣᠬᠢᠶᠠᠯ ᠪᠣᠯᠭᠠᠵᠤ᠂ ᠪᠥᠬᠦ ᠬᠤᠰᠢᠭᠤᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ | ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ | ᠭᠤᠤᠯᠳᠠᠯᠭ᠎ᠠ ᠲᠠᠢ ᠡᠭᠦᠷᠭᠡ ᠶᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠡᠷᠬᠡ ᠲᠡᠭᠰᠢ ᠬᠥᠭᠵᠢᠯᠲᠡ ᠶᠢ ᠪᠠᠲᠤᠯᠠᠨ ᠠᠬᠢᠭᠤᠯᠵᠤ᠂ 2022 ᠣᠨ ᠳᠤ ᠤᠯᠤᠰ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠦᠨᠡᠯᠡᠨ ᠵᠢᠱᠢᠵᠦ ᠰᠢᠯᠭᠠᠨ | ᠠᠪᠬᠤ ᠶᠢ ᠪᠠᠲᠤᠯᠠᠨ᠎ᠠ᠃ ︽ᠬᠤᠶᠠᠷ ᠢ ᠪᠠᠭᠠᠰᠬᠠᠬᠤ︾ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ︽ᠳᠠᠰᠬᠠᠯ ᠬᠢᠬᠦ᠂ ᠤᠨᠲᠠᠬᠤ᠂ ᠭᠠᠷ ᠤᠲᠠᠰᠤ᠂ ᠤᠩᠰᠢᠬᠤ | ᠪᠢᠴᠢᠭ᠂ ᠪᠡᠶ᠎ᠡ ᠮᠠᠬᠠᠪᠣᠳ︾ ᠵᠡᠷᠭᠡ ᠲᠠᠪᠤᠨ ᠵᠦᠢᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠪᠠᠷ ᠳᠠᠮᠵᠢᠭᠤᠯᠤᠨ᠂ | ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠢᠳᠡᠪᠬᠢᠲᠡᠶ ᠥᠷᠨᠢᠭᠦᠯᠬᠦ ᠪᠠ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠢ ᠴᠢᠩᠭ᠎ᠠ ᠵᠢᠷᠤᠮᠵᠢᠭᠤᠯᠬᠤ ᠭᠤᠷᠪᠠᠨ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ | ᠵᠢᠷᠤᠮᠵᠢᠭᠤᠯᠵᠤ᠂ ︽ᠬᠤᠶᠠᠷ ᠢ ᠪᠠᠭᠠᠰᠬᠠᠬᠤ︾ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠲᠦᠯᠬᠢᠨ | ᠠᠬᠢᠭᠤᠯᠤᠨ᠎ᠠ᠃ | ᠭᠤᠷᠪᠠ ᠳᠤ᠂ ᠥᠨᠳᠥᠷ ᠳᠤᠮᠳᠠᠳᠤ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠦᠨ᠎ᠡ᠃ ᠵᠢᠭᠠᠨ ᠰᠤᠷᠭᠠᠯᠲᠠ ᠶᠢᠨ ᠵᠤᠷᠰᠢᠯ ᠢ ᠴᠢᠩᠭ᠎ᠠ ᠠᠳᠬᠤᠨ᠎ᠠ᠃ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠲᠥᠰᠦᠯ ᠤᠨ ᠶᠣᠰᠣᠭᠠᠷ᠂ ᠬᠢᠴᠢᠶᠡᠯ ᠤᠨ ᠲᠥᠯᠥᠪᠯᠡᠭᠡ ᠶᠢ ᠴᠢᠩᠭ᠎ᠠ | ᠵᠢᠷᠤᠮᠯᠠᠨ᠂ ᠬᠢᠴᠢᠶᠡᠯ ᠲᠥᠷᠥᠯ ᠢ ᠪᠦᠷᠢᠨ ᠨᠡᠭᠡᠭᠡᠵᠦ᠂ ᠬᠢᠴᠢᠶᠡᠯ ᠤᠨ ᠴᠠᠭ ᠢ ᠭᠦᠢᠴᠡᠳ ᠨᠡᠭᠡᠭᠡᠵᠦ᠂ ᠬᠢᠴᠢᠶᠡᠯ ᠢ | ᠰᠠᠶᠢᠲᠤᠷ ᠨᠡᠭᠡᠭᠡᠵᠦ᠂ ᠶᠡᠷᠦᠩᠬᠡᠶᠢᠯᠡᠭᠰᠡᠨ ᠦᠢᠯᠡᠳᠤᠯᠭᠡ᠂ ᠲᠠᠭᠤ ᠲᠠᠮᠢᠷ ᠭᠤᠸ᠎ᠠ ᠰᠠᠶᠢᠬᠠᠨ ᠵᠡᠷᠭᠡ ᠬᠢᠴᠢᠶᠡᠯ ᠢ | ᠨᠡᠭᠡᠭᠡᠬᠦ ᠪᠠ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃ ︽ᠬᠢᠴᠢᠶᠡᠯ ᠪᠡᠯᠡᠳᠬᠡᠬᠦ ᠳᠡᠭᠡᠨ ᠨᠠᠷᠢᠨ᠂ ᠬᠢᠴᠢᠶᠡᠯ | ᠣᠷᠣᠬᠤ ᠳᠠᠭᠠᠨ ᠪᠣᠳᠠᠲᠠᠶ᠂ ᠳᠠᠰᠬᠠᠯ ᠬᠢᠬᠦ ᠳᠡᠭᠡᠨ ᠴᠠᠭᠠᠷᠠᠭᠰᠠᠨ᠂ ᠬᠠᠪᠰᠤᠷᠤᠨ ᠵᠢᠯᠣᠭᠤᠳᠬᠤ ᠳᠠᠭᠠᠨ ᠠᠮᠢᠳᠤᠯᠢᠭ᠂ | ᠰᠢᠯᠭᠠᠯᠲᠠ ᠴᠢᠩᠭ᠎ᠠ᠂ ᠦᠨᠡᠯᠡᠯᠲᠡ ᠣᠨᠣᠪᠴᠢᠲᠠᠶ︾ ᠪᠠᠶᠢᠬᠤ ᠡᠩ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠰᠤᠷᠤᠯᠴᠠᠬᠤ ᠪᠠᠷ ᠵᠢᠭᠠᠨ ᠰᠤᠷᠭᠠᠬᠤ ᠶᠢ ᠲᠣᠭᠲᠠᠭᠠᠵᠤ᠂ ᠰᠣᠷᠣᠭᠰᠠᠨ ᠢᠶᠠᠷ ᠵᠢᠭᠠᠨ | ᠰᠤᠷᠭᠠᠬᠤ︾ ᠶᠢ ᠪᠠᠷᠢᠮᠲᠠᠯᠠᠨ᠂ ︽ᠵᠢᠭᠠᠨ ᠰᠤᠷᠭᠠᠬᠤ ᠪᠠᠷ ᠤᠳᠤᠷᠢᠳᠤᠮᠵᠢ ᠪᠣᠯᠭᠠᠬᠤ᠂ ᠰᠤᠷᠤᠯᠴᠠᠬᠤ ᠪᠠᠷ ᠭᠤᠤᠯ | ᠴᠣᠭᠴᠠ ᠪᠣᠯᠭᠠᠬᠤ᠂ ᠪᠣᠯᠪᠠᠰᠤᠷᠠᠬᠤ ᠪᠠᠷ ᠭᠤᠤᠯ ᠰᠢᠵᠢᠮ ᠪᠣᠯᠭᠠᠬᠤ᠂ ᠰᠡᠵᠢᠭᠯᠡᠬᠦ ᠪᠠᠷ ᠭᠤᠤᠯ ᠲᠡᠩᠭᠡᠯᠢᠭ ᠪᠣᠯᠭᠠᠬᠤ︾ | ᠵᠠᠷᠴᠢᠮ ᠢ ᠵᠢᠷᠤᠮᠯᠠᠵᠤ᠂ ᠠᠬᠤᠶ ᠪᠠᠶᠢᠳᠠᠯ᠂ ᠠᠰᠠᠭᠤᠳᠠᠯ ᠢᠶᠠᠷ ᠤᠳᠤᠷᠢᠳᠤᠮᠵᠢ ᠪᠣᠯᠭᠠᠭᠰᠠᠨ ᠬᠠᠷᠢᠯᠴᠠᠨ | ᠬᠥᠳᠡᠯᠦᠯᠴᠡᠬᠦ ᠬᠡᠯᠪᠡᠷᠢ᠂ ᠰᠡᠩᠬᠡᠷᠡᠭᠦᠯᠬᠦ ᠬᠡᠯᠪᠡᠷᠢ᠂ ᠰᠦᠪᠡᠭᠴᠢᠯᠡᠬᠦ ᠬᠡᠯᠪᠡᠷᠢ᠂ ᠣᠶᠢᠯᠠᠭᠠᠬᠤ ᠬᠡᠯᠪᠡᠷᠢ ᠵᠡᠷᠭᠡ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠢᠳᠡᠪᠬᠢᠲᠡᠶ ᠪᠠᠷ ᠰᠦᠪᠡᠭᠴᠢᠯᠡᠨ ᠦᠢᠯᠡᠳᠤᠯᠭᠡᠵᠢᠭᠦᠯᠵᠤ᠂ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢᠨ ᠰᠡᠳᠬᠢᠴᠡ ᠪᠠ ᠦᠨᠳᠦᠰᠦᠨ ᠵᠠᠭᠪᠤᠷ ᠢ ᠪᠣᠶ ᠪᠣᠯᠭᠠᠨ᠎ᠠ᠃ ᠵᠢᠭᠠᠨ | ᠰᠤᠷᠭᠠᠯᠲᠠ ᠶᠢᠨ ᠰᠤᠳᠤᠯᠭᠠᠨ ᠢ ᠴᠢᠩᠭᠠᠳᠬᠠᠨ᠎ᠠ᠃ ︽ᠰᠢᠨ᠎ᠡ ᠴᠠᠭ ᠦᠶ᠎ᠡ ᠳᠤ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠢ ᠭᠦᠨᠵᠡᠭᠡᠶ ᠰᠤᠷᠤᠯᠴᠠᠨ | ᠲᠤᠤᠱᠯᠠᠭᠤᠯᠵᠤ᠂ ᠵᠢᠭᠠᠨ ᠰᠤᠳᠤᠯᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠨ᠎ᠠ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠩᠭᠤᠵᠢᠭᠰᠠᠨ ᠵᠢᠭᠠᠨ ᠰᠤᠷᠭᠠᠯᠲᠠ ᠰᠤᠳᠤᠯᠭᠠᠨ ᠤ ᠠᠵᠢᠯᠯᠠᠭ᠎ᠠ ᠶᠢᠨ | ᠰᠢᠰᠲ᠋ᠧᠮ ᠢ ᠪᠠᠶᠢᠭᠤᠯᠵᠤ᠂ ᠵᠢᠭᠠᠨ ᠰᠤᠷᠭᠠᠯᠲᠠ ᠰᠤᠳᠤᠯᠭᠠᠨ ᠤ ᠠᠵᠢᠯᠯᠠᠭ᠎ᠠ ᠶᠢᠨ ᠲᠦᠷᠢᠮ᠂ ᠬᠠᠮᠲᠤ ᠪᠠᠷ ᠬᠢᠴᠢᠶᠡᠯ | ᠪᠡᠯᠡᠳᠬᠡᠬᠦ ᠲᠦᠷᠢᠮ᠂ ᠬᠢᠴᠢᠶᠡᠯ ᠰᠣᠨᠣᠰᠴᠤ ᠬᠢᠴᠢᠶᠡᠯ ᠦᠨᠡᠯᠡᠬᠦ ᠲᠦᠷᠢᠮ᠂ ᠵᠢᠭᠠᠨ ᠰᠤᠷᠭᠠᠯᠲᠠ ᠰᠤᠳᠤᠯᠭᠠᠨ ᠤ | ᠦᠷ᠎ᠡ ᠪᠦᠲᠦᠭᠡᠯ ᠢ ᠱᠠᠩᠨᠠᠬᠤ ᠲᠦᠷᠢᠮ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠯᠠᠭ᠎ᠠ ᠶᠢᠨ ᠪᠠᠲᠤᠯᠠᠭ᠎ᠠ ᠶᠢᠨ ᠲᠦᠷᠢᠮ ᠢ ᠪᠦᠷᠢᠨᠰᠢᠬᠦᠯᠦᠨ᠎ᠠ᠃ ᠰᠢᠨ᠎ᠡ ︽ᠬᠢᠴᠢᠶᠡᠯ ᠤᠨ ᠪᠠᠷᠢᠮᠵᠢᠶ᠎ᠠ︾ ︽ | ᠬᠢᠴᠢᠶᠡᠯ ᠤᠨ ᠲᠥᠰᠦᠯ︾ ᠤᠨ ᠰᠤᠷᠤᠯᠴᠠᠯᠭ᠎ᠠ ᠰᠤᠳᠤᠯᠭᠠᠨ ᠢ ᠴᠢᠩᠭᠠᠳᠬᠠᠵᠤ᠂ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠰᠤᠷᠤᠯᠭ᠎ᠠ ᠶᠢᠨ ᠬᠢᠷᠢ ᠬᠡᠮᠵᠢᠶ᠎ᠡ ᠶᠢᠨ | ᠰᠢᠯᠭᠠᠯᠲᠠ᠂ ᠥᠨᠳᠥᠷ ᠳᠤᠮᠳᠠᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢ ᠵᠣᠯᠭᠠᠭᠤᠯᠬᠤ ᠰᠤᠳᠤᠯᠭᠠᠨ ᠢ | ᠴᠢᠩᠭᠠᠳᠬᠠᠨ᠂ ᠰᠤᠷᠭᠠᠭᠤᠯᠢ ᠶᠢᠨ ᠳᠣᠲᠣᠭᠠᠳᠤ ᠶᠢᠨ ᠰᠤᠳᠤᠯᠤᠨ ᠶᠠᠷᠢᠯᠴᠠᠬᠤ ᠬᠢᠴᠢᠶᠡᠯ᠂ ᠦᠵᠡᠭᠦᠯᠦᠯᠭᠡ ᠶᠢᠨ | ᠬᠢᠴᠢᠶᠡᠯ᠂ ᠢᠯᠡ ᠬᠢᠴᠢᠶᠡᠯ᠂ ᠵᠢᠱᠢᠶ᠎ᠡ ᠦᠵᠡᠭᠦᠯᠬᠦ ᠬᠢᠴᠢᠶᠡᠯ᠂ ᠵᠢᠭᠠᠨ ᠰᠤᠷᠭᠠᠯᠲᠠ ᠶᠢᠨ ᠲᠠᠶᠢᠯᠤᠮᠵᠢ ᠵᠡᠷᠭᠡ | ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠪᠥᠬᠦ ᠠᠵᠢᠯᠲᠠᠨ ᠢᠶᠠᠷ ᠢᠶᠠᠨ ᠣᠷᠣᠯᠴᠠᠵᠤ᠂ ᠬᠠᠷᠢᠯᠴᠠᠨ ᠰᠤᠷᠤᠯᠴᠠᠵᠤ᠂ | ᠬᠠᠷᠢᠯᠴᠠᠨ ᠰᠣᠯᠢᠯᠴᠠᠵᠤ᠂ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠪᠠᠨ ᠬᠠᠮᠲᠤᠪᠠᠷ ᠳᠡᠭᠡᠭᠰᠢᠯᠡᠭᠦᠯᠵᠦ᠂ ᠵᠢᠭᠠᠨ | ᠰᠤᠷᠭᠠᠯᠲᠠ ᠶᠢᠨ ᠴᠢᠳᠠᠪᠤᠷᠢ ᠪᠠ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠰᠤᠳᠤᠯᠭᠠᠨ ᠢ ᠴᠢᠩᠭᠠᠳᠬᠠᠵᠤ᠂ | ᠰᠢᠯᠭᠠᠯᠲᠠ ᠶᠢᠨ ᠬᠥᠳᠡᠯᠦᠯ ᠪᠠᠶᠢᠳᠠᠯ ᠪᠠ ᠰᠡᠳᠦᠪ ᠭᠠᠷᠭᠠᠬᠤ ᠴᠢᠭᠯᠡᠯ ᠢ ᠦᠨᠳᠦᠰᠦᠯᠡᠨ ᠰᠢᠯᠭᠠᠯᠲᠠ ᠳᠤ ᠪᠡᠯᠡᠳᠬᠡᠬᠦ | ᠲᠥᠰᠦᠯ ᠢ ᠴᠠᠭ ᠲᠤ ᠨᠢ ᠳᠣᠭᠢᠷᠠᠭᠤᠯᠤᠨ ᠲᠡᠭᠦᠯᠳᠡᠷᠵᠢᠭᠦᠯᠵᠦ᠂ ᠣᠷᠣᠨ ᠤ ᠳᠣᠲᠣᠷ᠎ᠠ ᠭᠠᠳᠠᠨᠠᠬᠢ ᠨᠠᠷᠠᠲᠤ | ᠰᠤᠷᠭᠠᠭᠤᠯᠢ ᠯᠤᠭ᠎ᠠ ᠵᠣᠯᠭᠠᠭᠤᠯᠤᠨ ᠰᠤᠳᠤᠯᠤᠨ ᠶᠠᠷᠢᠯᠴᠠᠬᠤ ᠶᠢ ᠢᠳᠡᠪᠬᠢᠲᠡᠶ ᠬᠢᠵᠦ᠂ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ᠂ ᠰᠢᠯᠭᠠᠯᠲᠠ ᠳᠤ ᠪᠡᠯᠡᠳᠬᠡᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠤᠷᠭᠠᠭᠤᠯᠢ ᠶᠢ ᠬᠠᠮᠲᠤᠷᠠᠨ ᠵᠠᠰᠠᠬᠤ ᠶᠢ ᠬᠡᠷᠡᠭᠵᠢᠭᠦᠯᠪᠡ᠃ ᠵᠢᠨᠢᠩ ᠤᠨ | ᠪᠠᠭᠰᠢ ᠶᠢᠨ ᠳᠡᠭᠡᠳᠦ ᠰᠤᠷᠭᠠᠭᠤᠯᠢ ᠶᠢᠨ ᠬᠦᠴᠦᠷᠬᠡᠭ ᠶᠡᠭᠡ ᠪᠠᠭᠰᠢ ᠶᠢᠨ ᠨᠥᠭᠡᠴᠡ ᠪᠠ ᠵᠢᠭᠠᠨ ᠰᠤᠳᠤᠯᠬᠤ | ᠴᠢᠳᠠᠪᠤᠷᠢ ᠳᠤ ᠲᠦᠰᠢᠭᠯᠡᠨ᠂ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢ ᠵᠢᠨᠢᠩ ᠤᠨ ᠪᠠᠭᠰᠢ ᠶᠢᠨ | ᠳᠡᠭᠡᠳᠦ ᠰᠤᠷᠭᠠᠭᠤᠯᠢ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠷᠢᠶᠠᠲᠤ ᠳᠤᠮᠳᠠᠳᠤ ᠰᠤᠷᠭᠠᠭᠤᠯᠢ | ᠪᠣᠯᠭᠠᠨ ᠥᠭᠡᠷᠡᠴᠢᠯᠡᠨ ᠪᠠᠶᠢᠭᠤᠯᠵᠤ᠂ ᠬᠠᠮᠲᠤᠷᠠᠨ ᠰᠤᠷᠭᠠᠭᠤᠯᠢ ᠡᠷᠬᠢᠯᠡᠬᠦ ᠶᠢ ᠬᠡᠷᠡᠭᠵᠢᠭᠦᠯᠦᠨ᠎ᠡ᠃ ᠵᠢᠨᠢᠩ | ᠪᠠᠭᠰᠢ ᠶᠢᠨ ᠳᠡᠭᠡᠳᠦ ᠰᠤᠷᠭᠠᠭᠤᠯᠢ ᠬᠠᠮᠢᠶᠠᠷᠤᠯᠲᠠ ᠶᠢᠨ ᠠᠵᠢᠯᠲᠠᠨ ᠵᠢᠴᠢ ᠨᠠᠷᠠᠲᠤ ᠪᠠᠭᠰᠢ ᠶᠢ ᠲᠣᠮᠢᠯᠠᠵᠤ᠂ | ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠶᠢᠨ ᠲᠦᠷᠭᠡᠨ ᠪᠤᠶᠢᠵᠢᠯᠲᠠ ᠶᠢ ᠠᠬᠢᠭᠤᠯᠤᠨ᠂ | ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠦᠬᠦᠯᠢ ᠴᠣᠭᠴᠠ ᠶᠢᠨ ᠰᠤᠷᠭᠠᠭᠤᠯᠢ ᠡᠷᠭᠢᠯᠡᠬᠦ ᠬᠢᠷᠢ | ᠲᠦᠪᠰᠢᠨ ᠢ ᠳᠡᠭᠡᠭᠰᠢᠯᠡᠭᠦᠯᠵᠦ᠂ ︽ᠳᠣᠤᠷ᠎ᠠ ᠱᠠᠲᠤᠨ ᠳᠤ ᠣᠷᠣᠭᠤᠯᠵᠤ ᠥᠨᠳᠥᠷ ᠱᠠᠲᠤᠨ ᠳᠤ ᠭᠠᠷᠭᠠᠬᠤ᠂ ᠳᠡᠭᠡᠳᠦ | ᠱᠠᠲᠤᠨ ᠳᠤ ᠣᠷᠣᠭᠤᠯᠵᠤ ᠰᠢᠯᠢᠳᠡᠭ ᠱᠠᠲᠤᠨ ᠳᠤ ᠭᠠᠷᠭᠠᠬᠤ︾ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ | ᠲᠦᠷᠪᠡ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠨᠴᠠᠯᠢᠭᠳᠤ ᠬᠥᠭᠵᠢᠯᠲᠡ ᠶᠢᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠮᠣ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠰᠡᠳᠬᠢᠴᠡ ᠶᠣᠰᠣᠭᠠᠷ᠂ ᠲᠥᠪ᠂ ᠥᠪᠡᠷᠲᠡᠭᠡᠨ ᠵᠠᠰᠠᠬᠤ ᠣᠷᠣᠨ ᠤ ᠱᠠᠲᠤᠨ ᠤ | ᠡᠳ᠋ ᠤᠨ ᠵᠠᠰᠠᠭ ᠠᠴᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠳᠡᠮᠵᠢᠬᠦ ᠰᠠᠭᠤᠷᠢ | ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠶ ᠰᠦᠪᠡᠭᠴᠢᠯᠡᠨ ᠤᠯᠬᠤ ᠪᠠ | ᠬᠡᠷᠡᠭᠵᠢᠭᠦᠯᠵᠦ᠂ ᠬᠤᠰᠢᠭᠤᠨ ᠤ ᠬᠡᠪᠴᠢᠶᠡᠨ ᠳᠠᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ | ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠰᠠᠶᠢᠲᠤᠷ ᠪᠥᠲᠥᠭᠡᠨ ᠪᠠᠶᠢᠭᠤᠯᠤᠨ᠎ᠠ᠃ | ᠭᠤᠣᠯᠯᠠᠭᠴᠢ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠮᠢᠴᠡ ᠣᠨᠴᠠᠯᠢᠭ ᠲᠠᠢ ᠲᠤᠰᠬᠠᠶ | ᠮᠡᠷᠭᠡᠵᠢᠯ ᠤᠨ ᠪᠠᠶᠢᠭᠤᠯᠤᠯᠲᠠ ᠶᠢ ᠳᠣᠪᠤᠶᠢᠯᠭᠠᠵᠤ᠂ ᠣᠲᠣ ᠶᠢᠨ ᠪᠠᠶᠢᠭ᠎ᠠ ᠰᠠᠭᠤᠷᠢᠨ ᠳᠡᠭᠡᠷ᠎ᠡ ᠲᠤᠰᠬᠠᠶ ᠮᠡᠷᠭᠡᠵᠢᠯ ᠤᠨ | ᠰᠦᠷᠦᠭᠵᠢᠯ ᠢ ᠲᠠᠰᠤᠷᠠᠯᠲᠠ ᠥᠬᠡᠶ ᠥᠷᠭᠡᠳᠬᠡᠨ᠎ᠡ᠃ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ | ᠬᠥᠮᠦᠵᠢᠭᠦᠯᠬᠦ ᠥᠭᠡᠷᠡᠴᠢᠯᠡᠯᠲᠡ ᠶᠢ ᠲᠦᠷᠭᠡᠳᠬᠡᠵᠦ᠂ ᠦᠢᠯᠡᠴᠢᠯᠡᠭᠡᠨ ᠤ ᠴᠢᠭᠯᠡᠯ ᠢ ᠳᠣᠭᠢᠷᠠᠭᠤᠯᠤᠨ ᠡᠵᠡᠮᠳᠡᠵᠦ᠂ | ᠣᠷᠣᠨ ᠨᠤᠲᠤᠭ ᠤᠨ ᠠᠵᠤ ᠦᠢᠯᠡᠰ ᠤᠨ ︽ᠴᠢᠳᠠᠪᠤᠷᠢᠲᠠᠨ ᠤ ᠬᠡᠯᠬᠢᠶ᠎ᠡ︾ ᠶᠢ ᠪᠣᠶ ᠪᠣᠯᠭᠠᠨ᠂ ︽ᠠᠵᠤ | ᠦᠢᠯᠡᠰ ᠤᠨ ᠬᠡᠯᠬᠢᠶ᠎ᠡ︾ ᠶᠢ ᠵᠣᠯᠭᠠᠭᠤᠯᠵᠤ᠂ ᠥᠪᠡᠷᠮᠢᠴᠡ ᠣᠨᠴᠠᠯᠢᠭ ᠲᠠᠢ ︽ᠲᠤᠰᠬᠠᠶ ᠮᠡᠷᠭᠡᠵᠢᠯ ᠤᠨ ᠬᠡᠯᠬᠢᠶ᠎ᠡ︾ | ᠶᠢ ᠪᠣᠶ ᠪᠣᠯᠭᠠᠨ᠎ᠠ᠃ ︽ᠠᠵᠤ ᠠᠬᠤᠶᠢᠯᠠᠯ ᠢ ᠲᠠᠲᠠᠵᠤ ᠰᠤᠷᠭᠠᠭᠤᠯᠢ ᠳᠤ ᠣᠷᠣᠭᠤᠯᠬᠤ︾ ︽ᠰᠤᠷᠭᠠᠭᠤᠯᠢ ᠶᠢ | ᠠᠵᠤ ᠠᠬᠤᠶᠢᠯᠠᠯ ᠳᠤ ᠣᠷᠣᠭᠤᠯᠬᠤ ᠶᠢ ᠠᠬᠢᠭᠤᠯᠬᠤ︾ ᠶᠢ ᠰᠦᠪᠡᠭᠴᠢᠯᠡᠨ ᠬᠡᠷᠡᠭᠵᠢᠭᠦᠯᠵᠦ᠂ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠯᠴᠠᠭᠠᠨ ᠤ ᠲᠠᠰᠤᠭ ᠢ ᠪᠠᠶᠢᠭᠤᠯᠤᠨ᠂ ᠠᠵᠤ ᠠᠬᠤᠶᠢᠯᠠᠯ ᠯᠤᠭ᠎ᠠ ᠵᠠᠪᠰᠠᠷ ᠥᠬᠡᠶ | ᠵᠣᠯᠭᠠᠭᠤᠯᠬᠤ ᠶᠢ ᠪᠡᠶᠡᠯᠡᠭᠦᠯᠦᠨ᠎ᠡ᠃ ᠬᠥᠮᠦᠨ ᠬᠡᠷᠡᠭᠯᠡᠬᠦ ᠲᠣᠭᠲᠠᠴᠠ ᠶᠢᠨ ᠥᠭᠡᠷᠡᠴᠢᠯᠡᠯᠲᠡ ᠶᠢ ᠲᠦᠷᠭᠡᠳᠬᠡᠨ᠎ᠡ᠃ | ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ︽ᠬᠤᠤᠰ ᠪᠠᠭᠰᠢ ᠶᠢᠨ ᠬᠡᠯᠪᠡᠷᠢ︾ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠰᠤᠳᠤᠯᠬᠤ ᠵᠢᠭᠠᠨ ᠰᠤᠷᠭᠠᠬᠤ ᠥᠭᠡᠷᠡᠴᠢᠯᠡᠯᠲᠡ ᠶᠢᠨ | ᠠᠵᠢᠯ ᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠵᠠᠬᠢᠷᠤᠯ ᠪᠠᠭᠰᠢ ᠶᠢᠨ ᠪᠥᠬᠦ ᠠᠵᠢᠯᠲᠠᠨ ᠤ | ᠪᠣᠯᠪᠠᠰᠤᠷᠠᠭᠤᠯᠤᠯ ᠪᠠ ᠪᠠᠭᠰᠢ ᠶᠢᠨ ᠠᠵᠤ ᠠᠬᠤᠶᠢᠯᠠᠯ ᠤᠨ ᠦᠢᠯᠡᠳᠤᠯᠭᠡ ᠶᠢᠨ ᠲᠦᠷᠢᠮ ᠢ ᠨᠠᠶᠢᠳᠠᠪᠤᠷᠢᠵᠢᠭᠤᠯᠤᠨ᠂ | ᠠᠵᠢᠯ ᠮᠡᠷᠭᠡᠵᠢᠯ ᠤᠨ ᠰᠤᠷᠭᠠᠭᠤᠯᠢ ᠶᠢᠨ ︽ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠪᠠ ︽ᠤᠷᠠᠨ ᠳᠠᠷᠬᠠᠨ ᠤ | ᠠᠵᠢᠯᠯᠠᠬᠤ ᠲᠠᠰᠤᠭ︾ ᠢ ᠪᠠᠶᠢᠭᠤᠯᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ | ᠲᠥᠯᠥᠪᠯᠡᠭᠡ ᠶᠢ ᠬᠡᠷᠡᠭᠵᠢᠭᠦᠯᠦᠨ᠎ᠡ᠃ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ᠂ ᠠᠵᠢᠯ ᠣᠯᠭᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠯᠴᠠᠬᠤ ᠶᠢ ᠴᠢᠩᠭᠠᠳᠬᠠᠵᠤ᠂ ᠥᠷᠭᠡᠨ | ᠣᠯᠠᠨ ᠠᠵᠢᠯ ᠬᠥᠳᠡᠯᠮᠦᠷᠢ ᠬᠢᠭᠰᠡᠳ ᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ᠂ ᠠᠵᠢᠯ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠰ | ᠴᠣᠭᠴᠠᠯᠠᠬᠤ ᠰᠤᠷᠭᠠᠨ ᠬᠥᠮᠦᠵᠢᠯ ᠢ ᠴᠢᠩᠭᠠᠳᠬᠠᠨ᠂ ᠪᠥᠬᠦ ᠬᠤᠰᠢᠭᠤᠨ ᠤ ᠠᠵᠤ ᠦᠢᠯᠡᠰ ᠤᠨ ᠬᠥᠭᠵᠢᠯᠲᠡ ᠳᠤ | ᠤᠷ᠎ᠠ ᠴᠢᠳᠠᠪᠤᠷᠢᠲᠠᠨ ᠢ ᠬᠥᠮᠦᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠰᠠᠶᠢᠲᠤᠷ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦᠨ ᠨᠡᠮᠡᠷᠢᠯᠡᠨ᠎ᠡ᠃ | | ᠲᠠᠪᠤ ᠳᠤ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠪᠠᠭᠰᠢ ᠶᠢᠨ ᠶᠣᠰᠣ | ᠮᠣᠷᠠᠯ ᠤᠨ ᠰᠤᠷᠭᠠᠨ ᠬᠥᠮᠦᠵᠢᠯ ᠤᠨ ᠪᠠᠭᠰᠢ ᠶᠢᠨ ᠮᠣᠷᠠᠯ ᠤᠨ ᠵᠢᠷᠤᠮᠵᠢᠯ ᠢ ᠲᠡᠭᠦᠯᠳᠡᠷᠵᠢᠭᠦᠯᠵᠦ᠂ ᠪᠠᠭᠰᠢ ᠶᠢᠨ ᠶᠣᠰᠣ | ᠮᠣᠷᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ᠂ ᠤᠷᠲᠤ ᠬᠤᠭᠤᠴᠠᠭ᠎ᠠ ᠬᠦᠴᠦᠨ ᠲᠠᠢ ᠪᠠᠶᠢᠯᠭᠠᠬᠤ ᠶᠢ | ᠠᠬᠢᠭᠤᠯᠵᠤ᠂ ᠥᠷᠭᠡᠨ ᠤᠯᠠᠨ ᠪᠠᠭᠰᠢ ᠶᠢ ᠬᠦᠳᠦᠯᠦᠨ ᠵᠢᠯᠣᠭᠤᠳᠴᠤ ᠪᠠᠶᠢᠭᠠᠳ ᠶᠣᠰᠣ ᠰᠤᠷᠲᠠᠬᠤᠨ ᠢᠶᠠᠷ | ᠪᠡᠶ᠎ᠡ ᠪᠠᠨ ᠲᠣᠭᠲᠠᠨᠢᠭᠤᠯᠬᠤ᠂ ᠶᠣᠰᠣ ᠰᠤᠷᠲᠠᠬᠤᠨ ᠢᠶᠠᠷ ᠵᠢᠭᠠᠨ ᠰᠤᠷᠭᠠᠬᠤ᠂ ᠶᠣᠰᠣ ᠰᠤᠷᠲᠠᠬᠤᠨ ᠢᠶᠠᠷ ᠶᠣᠰᠣ | ᠰᠤᠷᠲᠠᠬᠤᠨ ᠢ ᠬᠥᠮᠦᠵᠢᠭᠦᠯᠬᠦ ᠶᠢ ᠤᠶᠠᠯᠳᠤᠭᠤᠯᠵᠤ᠂ ᠪᠢᠴᠢᠭ ᠵᠢᠭᠠᠬᠤ ᠪᠠ ᠬᠥᠮᠦᠨ ᠢ ᠬᠥᠮᠦᠵᠢᠭᠦᠯᠬᠦ ᠶᠢ ᠨᠢᠭᠡᠳᠬᠡᠬᠦ᠂ | ᠦᠭᠡ ᠶᠠᠷᠢᠶ᠎ᠠ ᠪᠠ ᠪᠡᠶ᠎ᠡ ᠪᠠᠷ ᠢᠶᠠᠨ ᠵᠢᠭᠠᠨ ᠰᠤᠷᠭᠠᠬᠤ ᠶᠢ ᠨᠢᠭᠡᠳᠬᠡᠬᠦ᠂ ᠨᠢᠭᠡ ᠰᠡᠳᠬᠢᠯ ᠢᠶᠠᠷ ᠠᠰᠠᠭᠤᠬᠤ ᠪᠠ | ᠨᠡᠶᠢᠭᠡᠮ ᠳᠤ ᠠᠩᠬᠠᠷᠤᠯ ᠲᠠᠯᠪᠢᠬᠤ ᠶᠢ ᠨᠢᠭᠡᠳᠬᠡᠬᠦ᠂ ᠡᠷᠳᠡᠮ ᠰᠢᠨᠵᠢᠯᠡᠭᠡᠨ ᠤ ᠡᠷᠬᠡ ᠴᠢᠯᠥᠭᠡ ᠪᠠ ᠡᠷᠳᠡᠮ | ᠰᠢᠨᠵᠢᠯᠡᠭᠡᠨ ᠤ ᠵᠢᠷᠤᠮᠵᠢᠯ ᠢ ᠨᠢᠭᠡᠳᠬᠡᠬᠦ ᠶᠢ ᠪᠠᠷᠢᠮᠲᠠᠯᠠᠵᠤ᠂ ︽ᠲᠦᠷᠪᠡ ᠶᠢ ᠪᠦᠷᠢᠳᠦᠭᠦᠯᠦᠭᠰᠡᠨ︾ ᠰᠠᠶᠢᠨ ᠪᠠᠭᠰᠢ | ᠪᠣᠯᠬᠤ ᠪᠠᠷ ᠴᠢᠷᠮᠠᠶᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠤᠷᠤᠭᠴᠢᠳ ᠤᠨ ᠵᠠᠩ ᠰᠤᠷᠲᠠᠯ ᠢᠶᠠᠨ ᠳᠠᠪᠲᠠᠨ | ᠪᠣᠯᠪᠠᠰᠤᠷᠠᠭᠤᠯᠬᠤ᠂ ᠮᠡᠳᠡᠯᠭᠡ ᠰᠤᠷᠤᠯᠴᠠᠬᠤ᠂ ᠰᠢᠨ᠎ᠡ ᠶᠢ ᠡᠭᠦᠳᠬᠦ᠂ ᠡᠬᠡ ᠤᠯᠤᠰ ᠲᠠᠭᠠᠨ ᠬᠦᠴᠦ ᠪᠠᠨ ᠡᠷᠭᠦᠬᠦ | ᠵᠠᠮᠴᠢᠯᠠᠭᠴᠢ ᠪᠣᠯᠬᠤ ᠬᠡᠷᠡᠭᠲᠡᠢ᠃ ᠪᠠᠭᠰᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ᠂ ᠪᠠᠭᠰᠢ ᠶᠢᠨ | ᠮᠣᠷᠠᠯ ᠪᠠᠭᠰᠢ ᠶᠢᠨ ᠰᠤᠷᠲᠠᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠠᠭᠰᠢ ᠶᠢᠨ ᠮᠣᠷᠠᠯ ᠢ | ᠰᠢᠯᠭᠠᠨ ᠦᠨᠡᠯᠡᠬᠦ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠠᠮᠠᠯᠠᠯᠲᠠ ᠪᠠ ᠢᠲᠡᠭᠡᠯ ᠠᠯᠳᠠᠭᠰᠠᠳ ᠢ | ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢᠨ ᠮᠣᠷᠠᠯ ᠤᠨ ᠵᠢᠷᠤᠮᠵᠢᠯ ᠢᠶᠠᠨ ᠠᠯᠳᠠᠬᠤ᠂ | ᠡᠷᠳᠡᠮ ᠰᠢᠨᠵᠢᠯᠡᠭᠡᠨ ᠤ ᠲᠥᠪ ᠪᠤᠰᠤ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠪᠠᠭᠰᠢ ᠶᠢᠨ | ᠡᠩᠨᠡᠭᠡ ᠶᠢᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ ᠪᠠᠭᠰᠢ ᠶᠢ ᠣᠷᠣᠭᠤᠯᠤᠨ ᠠᠪᠴᠢᠷᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠪᠠᠭᠰᠢ ᠶᠢ ᠨᠥᠬᠦᠪᠥᠷᠢᠯᠡᠬᠦ ᠡᠷᠴᠢᠮ ᠢ ᠴᠢᠩᠭᠠᠷᠠᠭᠤᠯᠤᠨ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠳᠤ ᠬᠡᠪ ᠴᠢᠨᠠᠷ ᠢᠶᠠᠷ ᠪᠥᠬᠦ ᠲᠠᠯ᠎ᠠ ᠶᠢᠨ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ | ᠵᠢᠩᠬᠢᠨᠢ ᠠᠩᠭᠢ ᠶᠢᠨ ᠲᠠᠰ ᠳᠠᠪᠬᠤᠷᠭ᠎ᠠ ᠶᠢᠨ ᠪᠠᠭᠰᠢ ᠶᠢ ᠣᠷᠣᠭᠤᠯᠤᠨ ᠠᠪᠴᠢᠷᠠᠬᠤ ᠪᠠᠷ ᠭᠤᠤᠯᠳᠠᠯᠭ᠎ᠠ ᠪᠣᠯᠭᠠᠵᠤ᠂ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠲᠤᠰᠬᠠᠶ ᠮᠡᠷᠭᠡᠵᠢᠯ ᠢᠶᠠᠷ ᠲᠣᠪᠤᠶᠢᠮ᠎ᠠ᠂ ᠭᠦᠨ ᠵᠤᠵᠠᠭᠠᠨ ᠰᠠᠭᠤᠷᠢ | ᠪᠥᠬᠦᠶ ᠠᠰᠫᠢᠷᠠᠨᠲ ᠤᠨ ᠲᠠᠰ ᠳᠠᠪᠬᠤᠷᠭ᠎ᠠ ᠶᠢᠨ ᠪᠠᠭᠰᠢ ᠶᠢ ᠣᠷᠣᠭᠤᠯᠤᠨ ᠠᠪᠴᠢᠷᠠᠬᠤ ᠪᠠᠷ ᠭᠤᠤᠯᠳᠠᠯᠭ᠎ᠠ ᠪᠣᠯᠭᠠᠨ᠎ᠠ | ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠠᠵᠢᠯ ᠦᠢᠯᠡᠰ ᠤᠨ ᠨᠢᠭᠡᠴᠡ ᠶᠢᠨ ᠰᠢᠯᠭᠠᠨ ᠡᠯᠰᠡᠬᠦ᠂ ︽ | ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ︽ᠬᠥᠳᠡᠭᠡ ᠲᠣᠰᠬᠤᠨ ᠤ ᠣᠨᠴᠠᠭᠠᠶ ᠠᠵᠢᠯ ᠤᠨ ᠪᠠᠶᠢᠷᠢ ᠶᠢᠨ | ᠪᠠᠭᠰᠢ ᠶᠢᠨ ᠲᠥᠯᠥᠪᠯᠡᠭᠡ︾ ᠵᠡᠷᠭᠡ ᠣᠯᠠᠨ ᠵᠦᠢᠯ ᠤᠨ ᠠᠷᠭ᠎ᠠ ᠵᠠᠮ ᠵᠢᠴᠢ ᠳᠡᠭᠡᠳᠦ ᠵᠡᠷᠭᠡ ᠶᠢᠨ ᠰᠤᠷᠭᠠᠭᠤᠯᠢ ᠶᠢᠨ | ᠱᠠᠲᠤᠨ ᠠᠴᠠ ᠳᠣᠤᠷ᠎ᠠ ᠵᠡᠷᠭᠡ ᠶᠢᠨ ᠰᠤᠷᠭᠠᠭᠤᠯᠢ ᠶᠢᠨ ᠱᠠᠲᠤᠨ ᠳᠤ ᠠᠵᠢᠯ ᠤᠨ ᠪᠠᠶᠢᠷᠢ ᠰᠣᠯᠢᠵᠤ ᠪᠣᠯᠪᠠᠰᠤᠷᠠᠭᠤᠯᠬᠤ | ᠵᠡᠷᠭᠡ ᠬᠡᠯᠪᠡᠷᠢ ᠪᠠᠷ ᠳᠠᠮᠵᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠪᠠ | ᠬᠡᠤᠬᠡᠳ ᠤᠨ ᠴᠡᠴᠡᠷᠯᠢᠭ ᠲᠤ ᠪᠠᠭᠰᠢ ᠨᠥᠬᠦᠪᠥᠷᠢᠯᠡᠨ᠎ᠡ᠃ ᠪᠠᠭᠰᠢ ᠶᠢᠨ ᠡᠩᠨᠡᠭᠡᠨ ᠤ ᠬᠠᠮᠢᠶᠠᠷᠤᠯᠲᠠ ᠶᠢ ᠰᠤᠷᠭᠠᠨ | ᠬᠥᠮᠦᠵᠢᠯ ᠤᠨ ᠠᠵᠢᠯᠲᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠤᠯᠠᠭᠠᠨᠴᠠᠪ | ᠬᠤᠲᠠ ᠶᠢᠨ ︿ᠰᠢᠶᠠᠨ ᠠᠴᠠ ᠰᠤᠷᠭᠠᠭᠤᠯᠢ ᠤᠷᠢᠬᠤ ᠶᠢ ᠬᠠᠮᠢᠶᠠᠷᠬᠤ﹀ ᠠᠵᠢᠯ ᠤᠨ ᠬᠡᠷᠡᠭᠵᠢᠭᠦᠯᠬᠦ ᠲᠥᠰᠦᠯ︾ | ᠶᠣᠰᠣᠭᠠᠷ᠂ ︽ᠰᠢᠶᠠᠨ ᠠᠴᠠ ᠰᠤᠷᠭᠠᠭᠤᠯᠢ ᠤᠷᠢᠬᠤ ᠶᠢ ᠬᠠᠮᠢᠶᠠᠷᠬᠤ︾ ᠠᠵᠢᠯ ᠢ ᠦᠷᠭᠦᠯᠵᠢᠯᠡᠨ ᠠᠬᠢᠭᠤᠯᠵᠤ᠂ | ᠬᠤᠰᠢᠭᠤᠨ ᠤ ᠬᠡᠪᠴᠢᠶᠡᠨ ᠳᠠᠬᠢ ᠪᠠᠭᠰᠢ ᠶᠢᠨ ᠵᠦᠶ ᠵᠣᠬᠢᠰᠲᠠᠶ ᠰᠢᠯᠵᠢᠬᠦ ᠶᠢ ᠠᠬᠢᠭᠤᠯᠤᠨ᠂ ᠣᠲᠣ ᠶᠢᠨ ᠪᠠᠶᠢᠭ᠎ᠠ | ᠪᠠᠭᠰᠢ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠬᠡᠷᠡᠭᠯᠡᠵᠦ ᠪᠠᠭᠰᠢ ᠶᠢ ᠲᠡᠩᠴᠡᠭᠦᠷᠢᠲᠡᠶ ᠳᠣᠭᠢᠷᠠᠭᠤᠯᠬᠤ ᠶᠢ | ᠪᠡᠶᠡᠯᠡᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠲᠤᠰᠬᠠᠶ ᠮᠡᠷᠭᠡᠵᠢᠯ ᠤᠨ ᠲᠤᠰᠢᠶᠠᠯ ᠳᠤ ᠤᠷᠢᠨ | ᠲᠣᠮᠢᠯᠠᠬᠤ ᠬᠠᠮᠢᠶᠠᠷᠤᠯᠲᠠ ᠶᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠲᠤᠰᠢᠶᠠᠯ ᠳᠤ | ᠤᠷᠢᠨ ᠲᠣᠮᠢᠯᠠᠬᠤ ᠲᠦᠷᠢᠮ ᠢ ᠲᠡᠭᠦᠯᠳᠡᠷᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠲᠤᠰᠬᠠᠢ | ᠮᠡᠷᠭᠡᠵᠢᠯ ᠤᠨ ᠠᠵᠢᠯ ᠤᠨ ᠪᠠᠶᠢᠷᠢ ᠳᠤ ᠱᠠᠳᠤ ᠬᠤᠪᠢᠶᠠᠨ ᠤᠷᠢᠨ ᠲᠣᠮᠢᠯᠠᠬᠤ ᠲᠦᠷᠢᠮ ᠢ ᠬᠡᠷᠡᠭᠵᠢᠭᠦᠯᠵᠦ᠂ | ᠰᠤᠷᠭᠠᠭᠤᠯᠢ ᠶᠢᠨ ᠬᠥᠮᠦᠨ ᠬᠡᠷᠡᠭᠯᠡᠬᠦ ᠲᠠᠯ᠎ᠠ ᠪᠠᠷ ᠬᠢ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠲᠤᠰᠢᠶᠠᠯ ᠳᠤ ᠤᠷᠢᠨ ᠲᠣᠮᠢᠯᠠᠬᠤ ᠪᠠ ᠠᠵᠢᠯ ᠤᠨ ᠪᠠᠶᠢᠷᠢ ᠳᠤ | ᠤᠷᠢᠨ ᠬᠡᠷᠡᠭᠯᠡᠬᠦ ᠶᠢ ᠨᠢᠭᠡᠳᠦᠯᠲᠡᠢ ᠪᠠᠶᠢᠯᠭᠠᠬᠤ ᠶᠢ ᠪᠡᠶᠡᠯᠡᠭᠦᠯᠵᠦ᠂ ᠪᠠᠭᠰᠢ ᠶᠢᠨ ᠮᠡᠷᠭᠡᠵᠢᠯ ᠤᠨ ᠴᠣᠯᠠ ᠶᠢ | ᠰᠢᠯᠭᠠᠷᠠᠭᠤᠯᠪᠠᠯ ᠳᠠᠷᠤᠢ ᠤᠷᠢᠨ ᠬᠡᠷᠡᠭᠯᠡᠬᠦ ᠰᠠᠶᠢᠨ ᠰᠠᠶᠢᠬᠠᠨ ᠤᠷᠮᠠᠰᠢᠭᠤᠯᠬᠤ ᠲᠣᠭᠲᠠᠴᠠ ᠶᠢ ᠪᠤᠢ ᠪᠣᠯᠭᠠᠵᠤ᠂ ︽ | ᠠᠵᠢᠯ ᠤᠨ ᠪᠠᠶᠢᠷᠢ ᠪᠠᠶᠢᠲᠠᠯ᠎ᠠ ᠦᠯᠦ ᠤᠷᠢᠨ ᠬᠡᠷᠡᠭᠯᠡᠬᠦ︾ ᠦᠵᠡᠭᠳᠡᠯ ᠢ ᠡᠷᠡᠰ ᠬᠤᠷᠢᠭᠯᠠᠨ᠎ᠠ᠃ ᠤᠷᠢᠭᠳᠠᠭᠰᠠᠨ ᠤ | ᠳᠠᠷᠠᠭ᠎ᠠ ᠮᠥᠨ ᠯᠡ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠪᠠᠶᠢᠭ᠎ᠠ ᠪᠠᠭᠰᠢ ᠶᠢ ᠥᠨᠳᠥᠷ ᠳᠤᠮᠳᠠᠳᠤ ᠶᠢᠨ | ᠨᠢᠭᠡᠳᠦᠭᠡᠷ ᠳᠡᠰ ᠤᠨ ᠤᠷᠢᠨ ᠲᠣᠮᠢᠯᠠᠬᠤ ᠨᠥᠬᠦᠴᠡᠯ ᠳᠤ ᠨᠡᠶᠢᠴᠡᠬᠦ ᠶᠢ ᠨᠢ ᠥᠨᠳᠥᠷ ᠳᠤᠮᠳᠠᠳᠤ ᠶᠢᠨ ᠨᠢᠭᠡᠳᠦᠭᠡᠷ | ᠳᠡᠰ ᠲᠤ ᠤᠷᠢᠨ ᠲᠣᠮᠢᠯᠠᠵᠤ᠂ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠤᠨ ᠪᠠᠭᠰᠢ ᠶᠢᠨ ᠠᠵᠢᠯ ᠤᠨ | ᠢᠳᠡᠪᠬᠢᠵᠢᠯ ᠢ ᠬᠦᠢᠴᠡᠳ ᠳᠠᠶᠢᠴᠢᠯᠠᠨ᠂ ᠪᠠᠭᠰᠢ ᠶᠢᠨ ᠲᠤᠰᠬᠠᠶ ᠮᠡᠷᠭᠡᠵᠢᠯ ᠤᠨ ᠪᠤᠶᠢᠵᠢᠯᠲᠠ ᠶᠢ ᠠᠬᠢᠭᠤᠯᠬᠤ᠂ | ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤᠮᠳᠠᠬᠢ ᠪᠠᠭᠰᠢ ᠶᠢᠨ | ᠲᠤᠰᠢᠶᠠᠯ ᠤᠨ ᠰᠢᠯᠭᠠᠷᠠᠭᠤᠯᠤᠨ ᠤᠷᠢᠬᠤ ᠠᠵᠢᠯ ᠤᠨ ᠦᠢᠯᠡᠳᠤᠯ ᠢ ᠦᠨᠡᠨᠬᠦ ᠪᠠᠳᠠᠷᠠᠭᠤᠯᠬᠤ ᠬᠡᠷᠡᠭᠲᠡᠶ᠃ | ᠬᠥᠲᠥᠯᠥᠭᠴᠢ᠄ ᠠᠵᠢᠯ ᠤᠨ ᠬᠠᠷᠠᠯᠲᠠ ᠨᠢᠭᠡᠨᠲᠡ ᠲᠣᠭᠲᠠᠭᠰᠠᠨ᠂ ᠰᠢᠶᠠ ᠲᠣᠪᠴᠢᠶᠠᠨ ᠳᠠᠷᠤᠭ᠎ᠠ ᠶᠢᠨ ᠠᠵᠢᠯ ᠤᠨ | ᠭᠤᠤᠯ ᠠᠷᠭ᠎ᠠ ᠬᠡᠮᠵᠢᠶ᠎ᠡ ᠨᠢ ᠶᠠᠮᠠᠷ ᠶᠠᠮᠠᠷ ᠲᠠᠯ᠎ᠠ ᠠᠴᠠ ᠭᠠᠷᠳᠠᠬᠤ ᠴᠢᠬᠤᠯᠠᠲᠠᠶ ᠪᠣᠶ︖ | | ᠰᠢᠶᠠ ᠫᠸᠢ ᠬᠤᠩ᠄ 2022 ᠣᠨ ᠤ ᠠᠵᠢᠯ ᠤᠨ ᠡᠭᠦᠷᠭᠡ ᠶᠢᠨ ᠲᠣᠭᠤᠷᠢᠨ ᠳᠤ᠂ ᠮᠠᠨ ᠤ ᠭᠤᠤᠯ ᠪᠣᠯᠬᠤ | ᠠᠵᠢᠯ ᠤᠨ ᠠᠷᠭ᠎ᠠ ᠬᠡᠮᠵᠢᠶ᠎ᠡ ᠳᠣᠤᠷᠠᠬᠢ ᠮᠡᠲᠦ ᠬᠡᠳᠦᠨ ᠵᠦᠢᠯ ᠪᠣᠶ᠃ | ︵ᠨᠢᠭᠡ︶ ᠬᠦᠳᠦᠯᠦᠨ ᠳᠠᠭᠠᠭᠤᠯᠬᠤ ᠶᠢ ᠴᠢᠬᠤᠯᠠᠴᠢᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ | ᠪᠠᠷᠢᠮᠵᠢᠶᠠᠵᠢᠭᠤᠯᠤᠯᠲᠠ ᠶᠢ ᠴᠢᠩᠭᠠᠳᠬᠠᠨ᠎ᠠ᠃ | 2022 ᠣᠨ ᠳᠤ᠂ ᠪᠦᠬᠦ ᠰᠢᠰᠲ᠋ᠧᠮ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠬᠤ ᠪᠠ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠥᠷᠭᠡᠨ ᠤᠯᠠᠨ ᠺᠠᠳ᠋ᠷ ᠪᠠᠭᠰᠢ ᠰᠤᠷᠤᠭᠴᠢᠳ ᠤᠨ | ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠬᠦ | ᠬᠡᠷᠡᠭᠲᠡᠢ᠃ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ | ᠲᠦᠷᠢᠮ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠨᠠᠮ ᠤᠨ ᠲᠡᠦᠬᠡ ᠪᠠ ᠤᠨᠤᠯ ᠤᠨ ᠰᠢᠨ᠎ᠡ ᠶᠢ | ᠡᠭᠦᠳᠬᠦ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ | ᠲᠣᠯᠣᠭᠠᠢ ᠳᠤ ᠣᠷᠣᠭᠤᠯᠬᠤ ᠶᠢ ᠭᠦᠨᠵᠡᠭᠡᠢ ᠠᠬᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭᠠᠨ ᠤ | ᠰᠤᠳᠤᠯᠭᠠᠨ ᠤ ᠴᠢᠬᠤᠯᠠ ᠶᠡᠭᠡ ᠲᠤᠰᠬᠠᠢ ᠵᠦᠢᠯᠡᠰ ᠢ ᠬᠡᠷᠡᠭᠵᠢᠭᠦᠯᠵᠦ᠂ ︽ᠲᠦᠷᠪᠡᠨ ᠲᠡᠦᠬᠡ︾ ᠶᠢᠨ ᠬᠥᠮᠦᠵᠢᠯ ᠢ | ᠭᠦᠨᠵᠡᠭᠡᠶᠢᠷᠡᠭᠦᠯᠦᠨ᠎ᠡ᠃ | ᠳᠤᠮᠳᠠᠳᠤ ᠰᠤᠷᠭᠠᠭᠤᠯᠢ ᠶᠢᠨ ᠠᠯᠪᠠᠨ ᠲᠢᠩᠬᠢᠮ ᠤᠨ ︽ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ | ᠲᠦᠷᠢᠮ ᠢ ᠪᠠᠶᠢᠭᠤᠯᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾ ᠢ ᠨᠠᠶᠢᠳᠠᠪᠤᠷᠢᠵᠢᠭᠤᠯᠵᠤ᠂ ︽ᠨᠢᠭᠡ | ᠰᠤᠷᠭᠠᠭᠤᠯᠢ ᠳᠤ ᠨᠢᠭᠡ ᠬᠡᠷᠡᠭ︾ ᠢ ᠪᠠᠷᠢᠮᠲᠠᠯᠠᠨ᠂ ᠳᠤᠮᠳᠠᠳᠤ ᠪᠠᠭ᠎ᠠ ᠰᠤᠷᠭᠠᠭᠤᠯᠢ ᠳᠠᠬᠢ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ | ᠬᠥᠭᠵᠢᠬᠦ ᠶᠢ ᠠᠬᠢᠭᠤᠯᠵᠤ᠂ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢ | ᠪᠠᠲᠤᠳᠬᠠᠵᠤ᠂ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠶᠢ ᠭᠤᠣᠯ ᠬᠠᠷᠢᠭᠤᠴᠠᠯᠭ᠎ᠠ ᠭᠤᠣᠯ ᠠᠵᠢᠯ | ᠳᠡᠭᠡᠷ᠎ᠡ᠂ ᠪᠣᠳᠠᠲᠠᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠬᠦ ᠪᠠ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ | ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ︽ᠭᠤᠷᠪᠠᠨ ᠬᠤᠷᠠᠯ | ᠨᠢᠭᠡ ᠬᠢᠴᠢᠶᠡᠯ︾᠂ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠬᠤᠷᠠᠯ᠂ ᠨᠠᠮ ᠤᠨ ᠭᠡᠰᠢᠭᠦᠨ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠠᠷᠠᠳᠴᠢᠯᠠᠯ ᠢᠶᠠᠷ ᠦᠨᠡᠯᠡᠨ | ᠶᠠᠷᠢᠯᠴᠠᠬᠤ ᠨᠠᠮ ᠤᠨ ᠬᠢᠴᠢᠶᠡᠯ ᠣᠷᠣᠬᠤ᠂ ᠭᠤᠣᠯ ᠰᠡᠳᠦᠪᠲᠦ ᠨᠠᠮ ᠤᠨ ᠡᠳᠦᠷ᠂ ᠰᠡᠳᠬᠢᠯ ᠤᠨ ᠦᠭᠡ ᠪᠠᠨ | ᠬᠡᠯᠡᠯᠴᠡᠨ ᠶᠠᠷᠢᠯᠴᠠᠬᠤ᠂ ᠵᠢᠭᠠᠪᠤᠷᠢ ᠠᠪᠴᠤ ᠮᠡᠳᠡᠭᠦᠯᠦᠯᠲᠡ ᠬᠢᠬᠦ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ | ᠠᠰᠠᠭᠤᠳᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠴᠢᠩᠭ᠎ᠠ ᠰᠠᠶᠢᠲᠤᠷ ᠠᠳᠬᠤᠨ᠎ᠠ᠃ | ᠮᠠᠷᠺᠰ ᠤᠨ ᠦᠵᠡᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠢᠯᠣᠭᠤᠳᠬᠤ ᠪᠠᠶᠢᠷᠢ | ᠰᠠᠭᠤᠷᠢ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ | ᠴᠢᠩᠭᠠᠳᠬᠠᠨ᠂ ︽ᠪᠢᠴᠢᠯ ᠪᠦᠷᠭᠡ ᠨᠢᠭᠡ ᠦᠵᠦᠭᠦᠷ︾ ᠵᠡᠷᠭᠡ ᠵᠢᠭᠰᠠᠭᠠᠯ ᠤᠨ ᠭᠠᠵᠠᠷ ᠢ ᠪᠠᠲᠤ ᠴᠣᠭᠴᠠᠯᠠᠨ᠎ᠠ᠃ | ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠲᠤᠰᠬᠠᠶ ᠴᠡᠭᠴᠡᠯᠡᠯᠲᠡ ᠶᠢᠨ ᠦᠷ᠎ᠡ ᠪᠦᠲᠦᠮᠵᠢ ᠶᠢ ᠰᠤᠷᠭᠠᠨ ᠬᠥᠮᠦᠵᠢᠯ ᠤᠨ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠢᠨᠠᠨ ᠬᠡᠮᠵᠢᠬᠦ᠂ ᠰᠤᠳᠤᠯᠤᠨ ᠮᠠᠭᠠᠳᠯᠠᠬᠤ᠂ ᠮᠡᠳᠡᠭᠦᠯᠬᠦ᠂ ᠰᠢᠢᠳᠪᠦᠷᠢᠯᠡᠬᠦ ᠵᠡᠷᠭᠡ ᠴᠤᠪᠤᠷᠠᠯ | ᠲᠣᠭᠲᠠᠴᠠ ᠶᠢ ᠰᠢᠯᠢᠳᠡᠭᠵᠢᠭᠦᠯᠦᠨ᠎ᠡ᠃ | ︵ᠬᠤᠶᠠᠷ︶ ᠴᠢᠳᠠᠪᠤᠷᠢ ᠶᠢ ᠴᠢᠬᠤᠯᠠᠴᠢᠯᠠᠵᠤ᠂ ᠰᠤᠷᠤᠭᠴᠢᠳ ᠤᠨ ᠴᠢᠳᠠᠪᠤᠷᠢᠲᠠᠨ ᠬᠥᠮᠦᠵᠢᠭᠦᠯᠬᠦ ᠶᠢ | ᠪᠡᠶᠡᠯᠡᠭᠦᠯᠦᠨ᠎ᠡ | | ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠴᠢᠩᠭ᠎ᠠ | ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠤᠨ ᠬᠦᠰᠡᠯᠡᠩ ᠢᠲᠡᠭᠡᠯ ᠪᠢᠰᠢᠷᠡᠯ ᠪᠠ ᠦᠵᠡᠯ ᠰᠠᠨᠠᠭ᠎ᠠ ᠶᠣᠰᠣ | ᠰᠤᠷᠲᠠᠬᠤᠨ ᠢ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠡᠶᠢᠭᠡᠮ | ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠢ ᠬᠢᠨᠠᠮᠠᠭᠠᠶ ᠰᠠᠶᠢᠲᠤᠷ ᠨᠡᠭᠡᠭᠡᠵᠦ᠂ ᠣᠨᠣᠯ ᠢᠶᠠᠷ ᠵᠡᠪᠰᠡᠭᠯᠡᠬᠦ᠂ ᠥᠷᠲᠡᠭ ᠢᠶᠠᠷ | ᠬᠥᠲᠥᠯᠥᠨ ᠳᠠᠭᠠᠭᠤᠯᠬᠤ᠂ ᠦᠢᠯᠡᠳᠦᠯᠭᠡ ᠪᠠᠷ ᠬᠥᠮᠦᠵᠢᠭᠦᠯᠬᠦ ᠵᠡᠷᠭᠡ ᠲᠠᠯ᠎ᠠ ᠪᠠᠷ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠲᠥᠪ ᠭᠤᠣᠯᠴᠢ ᠶᠢ ᠰᠠᠬᠢᠵᠤ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠶ ᠠᠬᠢᠭᠤᠯᠵᠤ᠂ ᠰᠤᠷᠤᠭᠴᠢᠳ ᠢ ᠬᠥᠲᠥᠯᠥᠨ ᠵᠢᠯᠣᠭᠤᠳᠴᠤ | ᠪᠠᠶᠢᠭᠠᠳ ᠬᠥᠮᠦᠨ ᠤ ᠠᠮᠢᠳᠤᠷᠠᠯ ᠤᠨ ᠦᠰᠦᠨ ᠪᠤᠶᠢᠵᠢᠯᠲᠠ ᠶᠢᠨ ᠵᠠᠮ ᠳᠡᠭᠡᠷ᠎ᠡ ᠵᠥᠪ ᠦᠵᠡᠯ ᠰᠠᠨᠠᠭ᠎ᠠ ᠤᠯᠤᠰ | ᠲᠦᠷᠦ ᠶᠢᠨ ᠴᠢᠭᠯᠡᠯ ᠢ ᠡᠵᠡᠮᠰᠢᠭᠦᠯᠵᠦ᠂ ᠡᠷᠬᠢᠮ ᠳᠡᠭᠡᠳᠦ ᠦᠵᠡᠯ ᠰᠠᠨᠠᠭ᠎ᠠ ᠶᠣᠰᠣ ᠮᠣᠷᠠᠯ ᠪᠠ ᠰᠠᠶᠢᠨ ᠰᠠᠶᠢᠬᠠᠨ | ᠦᠢᠯᠡ ᠠᠵᠢᠯᠯᠠᠭᠠᠨ ᠤ ᠵᠠᠩ ᠳᠠᠳᠬᠠᠯ ᠢ ᠬᠥᠮᠦᠵᠢᠭᠦᠯᠵᠦ᠂ ᠵᠥᠪ ᠠᠮᠢᠳᠤᠷᠠᠬᠤᠶ ᠶᠢᠨ ᠦᠵᠡᠯᠲᠡ᠂ ᠶᠢᠷᠲᠢᠨᠴᠦ ᠶᠢᠨ | ᠦᠵᠡᠯᠲᠡ᠂ ᠦᠷᠳᠡᠭ ᠤᠨ ᠦᠵᠡᠯᠲᠡ ᠶᠢ ᠪᠤᠢ ᠪᠣᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ | ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠪᠣᠯᠭᠠᠨ᠎ᠠ᠃ ᠰᠤᠷᠭᠠᠨ ᠬᠥᠮᠦᠵᠢᠯ ᠤᠨ ᠡᠬᠢ ᠪᠠᠶᠠᠯᠢᠭ ᠢ | ᠨᠢᠭᠡᠳᠦᠯᠲᠡᠶ ᠲᠥᠯᠥᠪᠯᠡᠵᠦ᠂ ᠶᠣᠰᠣ ᠰᠤᠷᠲᠠᠬᠤᠨ ᠤ ᠬᠥᠮᠦᠵᠢᠯ ᠤᠨ ᠬᠡᠯᠪᠡᠷᠢ ᠶᠢᠨ ᠰᠢᠨ᠎ᠡ ᠬᠢᠴᠢᠶᠡᠯ ᠢᠶᠠᠷ ᠬᠥᠮᠦᠨ ᠢ | ᠬᠥᠮᠦᠵᠢᠭᠦᠯᠬᠦ᠂ ᠰᠣᠶᠣᠯ ᠢᠶᠠᠷ ᠬᠥᠮᠦᠨ ᠢ ᠬᠥᠮᠦᠵᠢᠭᠦᠯᠬᠦ᠂ ᠠᠵᠢᠯᠯᠠᠭ᠎ᠠ ᠪᠠᠷ ᠬᠥᠮᠦᠨ ᠢ ᠬᠥᠮᠦᠵᠢᠭᠦᠯᠬᠦ᠂ | ᠬᠠᠮᠢᠶᠠᠷᠤᠯᠲᠠ ᠪᠠᠷ ᠬᠥᠮᠦᠨ ᠢ ᠬᠥᠮᠦᠵᠢᠭᠦᠯᠬᠦ ᠶᠢᠨ ᠬᠠᠮᠵᠢᠯᠴᠠᠨ ᠬᠥᠮᠦᠨ ᠢ ᠬᠥᠮᠦᠵᠢᠭᠦᠯᠬᠦ ᠰᠢᠨ᠎ᠡ ᠵᠠᠮ ᠢ ᠢᠳᠡᠪᠬᠢᠲᠡᠶ | ᠰᠦᠪᠡᠭᠴᠢᠯᠡᠵᠦ᠂ ︽ᠲᠠᠪᠤᠨ ᠨᠠᠰᠤᠲᠠᠨ︾ ᠤ ᠳᠠᠪᠠᠭᠤᠯᠢᠭ ᠢ ᠪᠠᠳᠠᠷᠠᠭᠤᠯᠵᠤ᠂ ᠤᠯᠤᠰ ᠢᠶᠠᠨ ᠬᠠᠶᠢᠷᠠᠯᠠᠬᠤ | ᠦᠵᠡᠯ ᠤᠨ ᠬᠥᠮᠦᠵᠢᠯ᠂ ︽ᠬᠥᠮᠦᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠣᠪᠴᠢᠯᠠᠬᠤ︾ ᠭᠤᠣᠯ | ᠰᠡᠳᠦᠪᠲᠦ ᠬᠥᠮᠦᠵᠢᠯ᠂ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠤᠨ ᠰᠤᠷᠤᠯᠴᠠᠯᠭ᠎ᠠ ᠤᠬᠠᠭᠤᠯᠭ᠎ᠠ᠂ ︽ | ᠬᠤᠪᠢᠰᠬᠠᠯ ᠤᠨ ᠤᠳᠤᠮᠰᠢᠯ ᠢ ᠤᠯᠠᠮᠵᠢᠯᠠᠬᠤ︾ ᠬᠥᠮᠦᠵᠢᠯ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠨᠢᠭᠡ ᠪᠦᠯᠦᠭ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾᠂ ︽ᠰᠢᠯᠢᠳᠡᠭ ᠡᠪ ᠬᠠᠮᠲᠤ | ᠵᠠᠯᠠᠭᠤᠴᠤᠳ ᠤᠨ ᠡᠪᠯᠡᠯ ᠤᠨ ᠭᠡᠰᠢᠭᠦᠨ︾᠂ ︽ᠰᠢᠯᠢᠳᠡᠭ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠨ ᠢ | ᠰᠢᠯᠭᠠᠷᠠᠭᠤᠯᠤᠨ᠎ᠠ᠃ | | ᠨᠡᠶᠢᠲᠡᠯᠢᠭ ᠴᠢᠨᠠᠷ ᠢ ᠨᠡᠮᠡᠭᠳᠡᠭᠦᠯᠬᠦ ᠪᠠᠷ ᠴᠢᠭᠯᠡᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠪᠠᠬᠢ ᠪᠤᠢ ᠪᠣᠯᠭᠠᠬᠤ ᠪᠠ ᠳᠤᠮᠳᠠᠳᠤ ᠪᠠᠭ᠎ᠠ ᠰᠤᠷᠭᠠᠭᠤᠯᠢ ᠶᠢᠨ | ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠨᠢᠭᠲᠠ ᠠᠭᠤᠰᠤᠯᠴᠠᠯ ᠢ ᠠᠬᠢᠭᠤᠯᠤᠨ᠎ᠠ᠃ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠰᠤᠷᠬᠤ | ᠨᠠᠰᠤᠨ ᠠᠴᠠ ᠡᠮᠦᠨᠡᠬᠢ ᠬᠡᠦᠬᠡᠳ ᠤᠨ ᠨᠡᠶᠢᠲᠡᠯᠢᠭ ᠬᠡᠯᠡᠨ ᠤ ᠬᠥᠮᠦᠵᠢᠯ ᠢ ᠲᠦᠯᠬᠢᠨ ᠠᠬᠢᠭᠤᠯᠵᠤ᠂ ᠳᠤᠮᠳᠠᠳᠤ ᠶᠢᠨ | ᠰᠣᠩᠭᠤᠳᠠᠭ ᠵᠣᠬᠢᠶᠠᠯ ᠢ ᠤᠩᠰᠢᠨ ᠤᠩᠰᠢᠬᠤ ᠢᠨᠵᠧᠨᠧᠷᠢᠩ᠂ ᠡᠷᠲᠡᠨ ᠤ ᠦᠰᠦᠭ ᠪᠢᠴᠢᠭ ᠬᠢᠭᠡᠳ ᠳᠤᠮᠳᠠᠳᠤ ᠶᠢᠨ | ᠪᠣᠯᠪᠠᠰᠤᠨ ᠢ ᠤᠯᠠᠮᠵᠢᠯᠠᠨ ᠬᠥᠭᠵᠢᠭᠦᠯᠬᠦ ᠢᠨᠵᠧᠨᠧᠷᠢᠩ᠂ ᠳᠤᠮᠳᠠᠳᠤ ᠶᠢᠨ ᠦᠵᠡᠯ ᠰᠠᠨᠠᠭ᠎ᠠ ᠰᠣᠶᠣᠯ ᠤᠨ ᠨᠡᠷ᠎ᠡ | ᠲᠣᠮᠢᠶ᠎ᠠ ᠶᠢ ᠤᠯᠠᠮᠵᠢᠯᠠᠨ ᠳᠡᠯᠭᠡᠷᠡᠭᠦᠯᠬᠦ ᠢᠨᠵᠧᠨᠧᠷᠢᠩ᠂ ᠳᠤᠮᠳᠠᠳᠤ ᠤᠯᠤᠰ ᠤᠨ ᠬᠡᠯᠡᠨ ᠤ ᠡᠬᠢ ᠪᠠᠶᠠᠯᠢᠭ ᠢ | ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ | | ᠪᠥᠬᠦ ᠲᠠᠯ᠎ᠠ ᠪᠠᠷ ᠬᠥᠭᠵᠢᠭᠦᠯᠬᠦ ᠬᠥᠮᠦᠨ ᠢ ᠬᠥᠮᠦᠵᠢᠭᠦᠯᠬᠦ ᠪᠠᠷ ᠭᠤᠤᠯᠯᠠᠭᠤᠯᠤᠨ᠂ ᠬᠡᠪ ᠴᠢᠨᠠᠷ ᠤᠨ ᠰᠤᠷᠭᠠᠨ | ᠬᠥᠮᠦᠵᠢᠯ ᠢ ᠶᠡᠬᠡᠪᠡᠷ ᠬᠡᠷᠡᠭᠵᠢᠭᠦᠯᠵᠦ᠂ ᠰᠤᠷᠤᠭᠴᠢᠳ ᠤᠨ ᠭᠤᠤᠯᠯᠠᠬᠤ ᠬᠡᠪ ᠪᠣᠯᠪᠠᠰᠤᠷᠠᠯ ᠢ ᠪᠤᠶᠢᠵᠢᠭᠤᠯᠬᠤ ᠶᠢ | ᠰᠠᠭᠤᠷᠢ ᠢᠨᠵᠧᠨᠧᠷᠢᠩ ᠪᠣᠯᠭᠠᠨ ᠴᠢᠩᠭ᠎ᠠ ᠠᠳᠬᠤᠵᠤ ᠪᠣᠳᠠᠲᠠᠶ ᠪᠠᠷ ᠠᠳᠬᠤᠨ᠎ᠠ᠃ ᠰᠤᠷᠤᠭᠴᠢᠳ ᠤᠨ | ᠰᠡᠳᠬᠢᠴᠡ ᠶᠢᠨ ᠡᠷᠡᠭᠦᠯ ᠮᠡᠨᠳᠤ ᠶᠢᠨ ᠬᠥᠮᠦᠵᠢᠯ ᠢ ᠴᠢᠬᠤᠯᠠᠴᠢᠯᠠᠵᠤ᠂ ᠰᠤᠷᠤᠭᠴᠢᠳ ᠤᠨ ᠪᠡᠶ᠎ᠡ ︽ᠰᠢᠨ᠎ᠡ ᠴᠠᠭ | ᠦᠶ᠎ᠡ ᠶᠢᠨ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠵᠢᠴᠢ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ | ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ︵ | ᠥᠪᠥᠷ ᠨᠠᠮ ᠲᠠᠷᠬᠠᠭᠠᠭᠰᠠᠨ ︹ 2021 ︺ 30 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ 2025 ᠣᠨ ᠤ ᠥᠨᠳᠥᠷ ᠳᠤᠮᠳᠠᠳᠤ ᠶᠢᠨ | ᠰᠢᠯᠭᠠᠯᠲᠠ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠳᠤ ᠬᠤᠪᠢ ᠨᠡᠮᠡᠬᠦ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠪᠠ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠨ᠎ᠠ᠃ ᠪᠡᠶ᠎ᠡ ᠶᠢᠨ ᠲᠠᠮᠢᠷ ᠤᠨ | ᠵᠢᠭᠠᠨ ᠰᠤᠷᠭᠠᠯᠲᠠ ᠶᠢ ᠬᠦᠨᠳᠦᠳᠬᠡᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠳᠠᠳᠬᠠᠯ ᠢ ᠪᠤᠢ ᠪᠣᠯᠭᠠᠵᠤ᠂ | ᠡᠷᠡᠭᠦᠯ ᠴᠢᠭᠢᠷᠠᠭ ᠪᠡᠶ᠎ᠡ ᠮᠠᠬᠠᠪᠣᠳ ᠪᠠ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠵᠣᠷᠢᠭ ᠰᠠᠨᠠᠭ᠎ᠠ ᠶᠢ | ᠬᠥᠮᠦᠵᠢᠭᠦᠯᠦᠨ᠎ᠡ᠃ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ︾ ᠪᠠᠷ ᠭᠤᠣᠯ ᠰᠡᠳᠦᠪ ᠪᠣᠯᠭᠠᠨ᠂ | ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠤᠯᠠᠨ ᠶᠠᠩᠵᠤ ᠶᠢᠨ ᠰᠤᠷᠤᠭᠴᠢᠳ ᠤᠨ ᠳᠤᠷ᠎ᠠ ᠰᠣᠨᠢᠷᠬᠠᠯ ᠤᠨ | ᠨᠡᠶᠢᠭᠡᠮᠯᠢᠭ᠂ ᠤᠷᠠᠯᠢᠭ ᠤᠨ ᠠᠵᠢᠯ ᠤᠨ ᠭᠠᠵᠠᠷ᠂ ᠤᠷᠠᠯᠢᠭ ᠤᠨ ᠨᠠᠶᠢᠷ ᠵᠡᠷᠭᠡ ᠠᠵᠢᠯᠯᠠᠭ᠎ᠠ ᠶᠢ ᠰᠠᠶᠢᠲᠤᠷ | ᠥᠷᠨᠢᠭᠦᠯᠵᠦ᠂ ᠰᠤᠷᠤᠭᠴᠢᠳ ᠤᠨ ᠥᠷᠭᠡᠨ ᠳᠡᠯᠭᠡᠷ ᠳᠤᠷ᠎ᠠ ᠰᠣᠨᠢᠷᠬᠠᠯ ᠢ ᠬᠥᠮᠦᠵᠢᠭᠦᠯᠦᠨ᠂ ᠰᠤᠷᠤᠭᠴᠢᠳ ᠤᠨ | ᠳᠠᠯᠳᠠ ᠴᠢᠳᠠᠪᠤᠷᠢ ᠶᠢ ᠠᠭᠤᠳᠠᠯᠵᠤ᠂ ᠰᠤᠷᠤᠭᠴᠢᠳ ᠤᠨ ᠤᠶᠤᠨ ᠴᠢᠳᠠᠪᠤᠷᠢ ᠶᠢ ᠨᠡᠭᠡᠭᠡᠨ ᠬᠥᠭᠵᠢᠭᠦᠯᠵᠦ᠂ | ᠰᠤᠷᠤᠭᠴᠢᠳ ᠤᠨ ᠥᠪᠡᠷᠮᠢᠴᠡ ᠣᠨᠴᠠᠯᠢᠭ ᠢ ᠬᠥᠮᠦᠵᠢᠭᠦᠯᠵᠦ᠂ ᠰᠤᠷᠤᠭᠴᠢᠳ ᠤᠨ ᠢᠷᠡᠭᠡᠳᠦᠶ ᠶᠢᠨ ᠠᠵᠢᠯ | ᠮᠡᠷᠭᠡᠵᠢᠯ ᠤᠨ ᠠᠮᠢᠳᠤᠷᠠᠯ ᠤᠨ ᠲᠥᠯᠥᠪᠵᠢᠭᠦᠯᠭᠡ ᠳᠤ ᠰᠠᠭᠤᠷᠢ ᠲᠠᠯᠪᠢᠵᠤ ᠥᠭᠭᠦᠨ᠎ᠡ᠃ | ︵ᠭᠤᠷᠪᠠ︶ ᠵᠢᠷᠤᠮᠵᠢᠭᠤᠯᠤᠨ ᠳᠡᠭᠡᠭᠰᠢᠯᠡᠭᠦᠯᠵᠦ᠂ ᠰᠤᠷᠭᠠᠭᠤᠯᠢ ᠶᠢᠨ ᠬᠠᠮᠢᠶᠠᠷᠤᠯᠲᠠ ᠶᠢ ᠨᠠᠷᠢᠯᠢᠬᠵᠢᠭᠤᠯᠬᠤ ᠶᠢ | ᠠᠬᠢᠭᠤᠯᠤᠨ᠎ᠠ | | ᠰᠤᠷᠭᠠᠭᠤᠯᠢ ᠶᠢᠨ ᠲᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠰᠤᠷᠭᠠᠭᠤᠯᠢ ᠨᠤᠭᠤᠳ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠭᠠᠭᠤᠯᠢ ᠶᠢᠨ ᠲᠦᠷᠢᠮ ᠢᠶᠠᠨ ᠲᠡᠭᠦᠯᠳᠡᠷᠵᠢᠭᠦᠯᠵᠦ᠂ ᠰᠢᠨ᠎ᠡ ᠴᠠᠭ | ᠦᠶ᠎ᠡ᠂ ᠰᠢᠨ᠎ᠡ ᠡᠭᠦᠷᠭᠡ ᠪᠠ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ︽ᠳᠣᠭᠢᠷᠬᠠᠰᠠᠨ ᠢ ᠨᠢ ᠦᠯᠡᠳᠡᠭᠡᠬᠦ᠂ | ᠴᠠᠭ ᠠᠴᠠ ᠥᠩᠭᠡᠷᠡᠭᠰᠡᠨ ᠢ ᠨᠢ ᠬᠦᠴᠦᠨ ᠥᠬᠡᠶ ᠪᠣᠯᠭᠠᠬᠤ᠂ ᠬᠤᠭᠤᠰᠣᠨ ᠢ ᠲᠣᠭᠲᠠᠭᠠᠬᠤ︾ ᠵᠠᠷᠴᠢᠮ ᠶᠣᠰᠣᠭᠠᠷ᠂ | ᠡᠯ᠎ᠡ ᠵᠦᠢᠯ ᠤᠨ ᠲᠦᠷᠢᠮ ᠢ ᠡᠮᠬᠢᠳᠬᠡᠨ ᠳᠡᠪᠲᠡᠷᠯᠡᠵᠦ᠂ ᠲᠦᠷᠢᠮ ᠢ ᠪᠦᠷᠢᠨᠰᠢᠬᠦᠯᠬᠦ᠂ ᠵᠢᠷᠤᠮᠯᠠᠬᠤ ᠲᠦᠷᠢᠮ ᠲᠠᠢ᠂ | ᠵᠠᠰᠠᠭ ᠤᠨ ᠵᠠᠷᠯᠢᠭ ᠢ ᠰᠠᠭᠠᠳ ᠥᠬᠡᠶ᠂ ᠡᠷᠬᠡ ᠲᠡᠭᠰᠢ ᠲᠥᠪ ᠭᠤᠤᠯᠴᠢ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠶ᠃ | ᠰᠤᠷᠭᠠᠭᠤᠯᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠬᠢᠷᠢ ︽ᠳᠦᠷᠢᠮ ᠲᠣᠭᠲᠠᠭᠠᠬᠤ᠂ | ᠵᠢᠷᠤᠮᠵᠢᠭᠤᠯᠬᠤ ᠶᠢ ᠠᠬᠢᠭᠤᠯᠬᠤ᠂ ᠬᠢᠷᠢ ᠲᠦᠪᠰᠢᠨ ᠢ ᠳᠡᠭᠡᠭᠰᠢᠯᠡᠭᠦᠯᠬᠦ︾ ᠠᠵᠢᠯ ᠤᠨ ᠱᠠᠭᠠᠷᠳᠠᠯᠭ᠎ᠠ ᠶᠢ ᠪᠠᠷᠢᠮᠲᠠᠯᠠᠵᠤ | ᠂ ᠰᠤᠷᠭᠠᠭᠤᠯᠢ ᠶᠢᠨ ᠪᠠᠭᠰᠢ ᠶᠢᠨ ᠬᠠᠮᠢᠶᠠᠷᠤᠯᠲᠠ᠂ ᠰᠤᠷᠤᠭᠴᠢ ᠶᠢᠨ ᠬᠠᠮᠢᠶᠠᠷᠤᠯᠲᠠ᠂ ᠵᠢᠭᠠᠨ ᠰᠤᠷᠭᠠᠯᠲᠠ ᠶᠢᠨ | ᠬᠠᠮᠢᠶᠠᠷᠤᠯᠲᠠ᠂ ᠲᠤᠷᠰᠢᠯᠲᠠ ᠶᠢᠨ ᠬᠠᠮᠢᠶᠠᠷᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ᠂ ᠡᠳ᠋ ᠤᠨ | ᠶᠠᠪᠤᠳᠠᠯ ᠤᠨ ᠬᠠᠮᠢᠶᠠᠷᠤᠯᠲᠠ᠂ ᠠᠮᠤᠷ ᠲᠦᠪᠰᠢᠨ ᠤ ᠬᠠᠮᠢᠶᠠᠷᠤᠯᠲᠠ᠂ ᠠᠩᠭᠢ ᠶᠢᠨ ᠬᠠᠮᠢᠶᠠᠷᠤᠯᠲᠠ ᠵᠡᠷᠭᠡ | ᠪᠠᠶᠢᠩᠭᠤ ᠶᠢᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ | ᠬᠠᠮᠢᠶᠠᠷᠬᠤ ᠪᠠ ᠠᠷᠠᠳᠴᠢᠯᠠᠯ ᠢᠶᠠᠷ ᠬᠠᠮᠢᠶᠠᠷᠬᠤ ᠲᠠᠯ᠎ᠠ ᠪᠠᠷ ᠠᠷᠭ᠎ᠠ ᠤᠬᠠᠭᠠᠨ ᠭᠠᠷᠭᠠᠵᠤ᠂ ᠴᠢᠬᠤᠯᠠ ᠶᠡᠭᠡ ᠤᠴᠢᠷ | ᠶᠠᠪᠤᠳᠠᠯ ᠢ ᠠᠷᠠᠳᠴᠢᠯᠠᠯ ᠢᠶᠠᠷ ᠬᠢᠨᠠᠨ ᠵᠥᠪᠯᠡᠵᠦ᠂ ᠴᠢᠬᠤᠯᠠ ᠶᠡᠭᠡ ᠲᠣᠭᠲᠠᠭᠠᠯ ᠢ ᠬᠠᠮᠲᠤ ᠪᠠᠷ ᠪᠠᠲᠤᠯᠠᠵᠤ᠂ | ᠬᠡᠷᠡᠭᠵᠢᠭᠦᠯᠬᠦ ᠶᠠᠪᠤᠴᠠ ᠳᠤ ᠬᠢᠨᠠᠯᠲᠠ ᠲᠠᠯᠪᠢᠵᠤ᠂ ᠬᠡᠷᠡᠭᠵᠢᠭᠦᠯᠦᠭᠰᠡᠨ ᠦᠷ᠎ᠡ ᠳ᠋ᠦᠩ ᠳᠤ ᠰᠢᠯᠭᠠᠨ ᠦᠨᠡᠯᠡᠯᠲᠡ ᠲᠠᠢ | ᠪᠠᠶᠢᠵᠤ᠂ ︽ᠶᠠᠪᠤᠳᠠᠯ ᠪᠣᠯᠭᠠᠨ ᠳᠤ ᠬᠠᠮᠢᠶᠠᠷᠬᠤ ᠬᠥᠮᠦᠨ ᠲᠠᠢ᠂ ᠬᠥᠮᠦᠨ ᠪᠣᠯᠭᠠᠨ ᠳᠤ ᠬᠢᠬᠦ ᠠᠵᠢᠯ ᠲᠠᠢ︾ ᠪᠠᠶᠢᠬᠤ | ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ᠰᠤᠷᠭᠠᠭᠤᠯᠢ ᠶᠢᠨ ᠬᠠᠮᠢᠶᠠᠷᠤᠯᠲᠠ ᠶᠢᠨ ᠠᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠨᠠᠷᠠᠲᠤ ᠲᠥᠷᠥᠯ ᠲᠡᠮᠳᠡᠭᠲᠦ ᠰᠤᠷᠭᠠᠭᠤᠯᠢ ᠶᠢ ᠡᠭᠦᠳᠦᠨ | ᠪᠠᠶᠢᠭᠤᠯᠤᠨ᠎ᠠ᠃ ︽ᠵᠢᠱᠢᠶ᠎ᠡ ᠦᠵᠡᠭᠦᠯᠵᠦ᠂ ᠥᠪᠡᠷᠮᠢᠴᠡ ᠣᠨᠴᠠᠯᠢᠭ ᠡᠭᠦᠳᠬᠦ︾ ᠵᠠᠷᠴᠢᠮ ᠶᠣᠰᠣᠭᠠᠷ᠂ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠰᠠᠭᠤᠷᠢᠨ ᠳᠡᠭᠡᠷ᠎ᠡ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠬᠢᠭᠡᠳ | ᠬᠥᠮᠥᠡᠯᠢᠭ ᠰᠣᠶᠣᠯ ᠤᠨ ᠵᠣᠷᠢᠭ ᠰᠠᠨᠠᠭ᠎ᠠ ᠬᠠᠷᠢᠯᠴᠠᠨ ᠠᠭᠤᠰᠤᠯᠴᠠᠭᠰᠠᠨ᠂ ᠵᠢᠭᠠᠨ ᠰᠤᠷᠭᠠᠯᠲᠠ ᠶᠢᠨ ᠶᠠᠰᠤ ᠴᠢᠨᠠᠷ | ᠬᠢᠭᠡᠳ ᠠᠭᠤᠯᠤᠭᠳᠠᠬᠤᠨ ᠤ ᠬᠥᠭᠵᠢᠯᠲᠡ ᠶᠢ ᠵᠡᠷᠭᠡᠪᠡᠷ ᠳᠡᠭᠡᠭᠰᠢᠯᠡᠭᠦᠯᠦᠭᠰᠡᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠠᠷᠭ᠎ᠠ ᠮᠠᠶ᠋ᠢᠭ ᠢ ᠪᠣᠶ ᠪᠣᠯᠭᠠᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠳᠤ ᠬᠢᠷᠢ ᠲᠡᠩᠴᠡᠭᠰᠡᠨ | ᠰᠤᠷᠭᠠᠭᠤᠯᠢ ᠳᠤ ᠨᠢᠭᠡ ᠪᠦᠯᠦᠭ ︽ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠰᠤᠷᠭᠠᠭᠤᠯᠢ︾ | ᠶᠢ ᠡᠭᠦᠳᠦᠨ ᠪᠠᠶᠢᠭᠤᠯᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠰᠤᠷᠭᠠᠭᠤᠯᠢ ᠳᠤ | ᠨᠢᠭᠡ ᠪᠦᠯᠦᠭ ︽ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠨᠠᠷᠠᠲᠤ ᠲᠥᠷᠥᠯ ᠲᠡᠮᠳᠡᠭᠲᠦ ᠶᠢᠨ ᠰᠤᠷᠭᠠᠭᠤᠯᠢ︾ ᠶᠢ | ᠡᠭᠦᠳᠦᠨ ᠪᠠᠶᠢᠭᠤᠯᠤᠨ᠎ᠠ᠃ | ︵ᠲᠦᠷᠪᠡ︶ ᠴᠢᠭᠯᠡᠯ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠵᠢᠭᠠᠬᠤ ᠶᠢ ᠰᠤᠳᠤᠯᠬᠤ ᠵᠢᠭᠠᠬᠤ ᠶᠢ | ᠥᠭᠡᠷᠡᠴᠢᠯᠡᠬᠦ ᠶᠢ ᠴᠢᠨᠠᠷᠵᠢᠭᠤᠯᠬᠤ ᠶᠢ ᠠᠬᠢᠭᠤᠯᠤᠨ᠎ᠠ | | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠨᠠᠷᠠᠲᠤ ᠪᠠᠭᠰᠢ ᠶᠢᠨ ᠠᠵᠢᠯ ᠤᠨ | ᠲᠠᠰᠤᠭ ᠪᠠ ᠬᠢᠴᠢᠶᠡᠯ ᠲᠥᠷᠥᠯ ᠤᠨ ᠨᠢᠷᠤᠭᠤᠪᠴᠢ ᠪᠠᠭᠰᠢ ᠶᠢᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ | ᠦᠢᠯᠡᠳᠤᠯ ᠢ ᠭᠦᠢᠴᠡᠳ ᠪᠠᠳᠠᠷᠠᠭᠤᠯᠵᠤ᠂ ᠬᠤᠰᠢᠭᠤ᠂ ᠰᠢᠶᠠᠩ᠂ ᠰᠤᠷᠭᠠᠭᠤᠯᠢ ᠭᠤᠷᠪᠠᠨ ᠱᠠᠲᠤᠨ ᠤ ᠵᠢᠭᠠᠨ | ᠰᠤᠳᠤᠯᠬᠤ ᠲᠣᠤᠷ ᠰᠦᠯᠵᠢᠶ᠎ᠡ ᠶᠢ ᠪᠣᠶ ᠪᠣᠯᠭᠠᠵᠤ᠂ ᠰᠤᠷᠤᠯᠭ᠎ᠠ ᠶᠢᠨ ᠬᠡᠰᠡᠭ ᠬᠤᠪᠢᠶᠠᠨ᠂ ᠬᠢᠴᠢᠶᠡᠯ ᠲᠥᠷᠥᠯ | ᠬᠤᠪᠢᠶᠠᠨ ᠲᠤᠰᠬᠠᠶ ᠲᠤᠰᠢᠶᠠᠯᠲᠤ ᠵᠢᠭᠠᠨ ᠰᠤᠳᠤᠯᠬᠤ ᠠᠵᠢᠯᠲᠠᠨ ᠢ ᠳᠣᠭᠢᠷᠠᠭᠤᠯᠵᠤ᠂ ᠵᠢᠭᠠᠨ ᠰᠤᠷᠭᠠᠯᠲᠠ ᠶᠢᠨ | ᠤᠷ᠎ᠠ ᠴᠢᠳᠠᠪᠤᠷᠢ ᠪᠠᠷ ᠴᠢᠩᠭ᠎ᠠ᠂ ᠵᠢᠭᠠᠨ ᠰᠤᠳᠤᠯᠬᠤ ᠬᠢᠷᠢ ᠬᠡᠮᠵᠢᠶ᠎ᠡ ᠪᠠᠷ ᠥᠨᠳᠥᠷ ᠨᠢᠭᠡᠨ ᠰᠠᠯᠠᠭ᠎ᠠ ᠵᠢᠭᠠᠨ | ᠰᠤᠳᠤᠯᠬᠤ ᠡᠩᠨᠡᠭᠡ ᠶᠢ ᠵᠢᠩᠬᠢᠨᠢ ᠪᠠᠷ ᠪᠠᠶᠢᠭᠤᠯᠤᠨ᠎ᠠ᠃ ᠰᠢᠨᠵᠢᠯᠡᠭᠡᠨ ᠤ ᠰᠠᠯᠠᠭ᠎ᠠ ᠶᠢᠨ ᠵᠢᠭᠠᠨ ᠰᠤᠳᠤᠯᠤᠭᠴᠢ᠂ | ᠭᠤᠤᠯᠯᠠᠭᠴᠢ ᠪᠠᠭᠰᠢ ᠶᠢ ᠪᠣᠯᠪᠠᠰᠤᠷᠠᠭᠤᠯᠤᠨ ᠬᠥᠮᠦᠵᠢᠭᠦᠯᠬᠦ ᠶᠢ ᠴᠢᠩᠭᠠᠳᠬᠠᠵᠤ᠂ ᠣᠷᠣᠨ ᠤ ᠳᠣᠲᠣᠷ᠎ᠠ ᠭᠠᠳᠠᠨᠠᠬᠢ | ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ ᠢ ᠤᠷᠢᠨ ᠪᠣᠯᠪᠠᠰᠤᠷᠠᠭᠤᠯᠤᠨ ᠵᠢᠯᠣᠭᠤᠳᠴᠤ᠂ ᠬᠥᠭᠵᠢᠭᠰᠡᠨ ᠭᠠᠵᠠᠷ | ᠣᠷᠣᠨ ᠪᠠ ᠲᠡᠷᠢᠭᠦᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠣᠨᠣᠯᠵᠢᠬᠤᠨ᠂ ᠲᠤᠷᠰᠢᠯᠭ᠎ᠠ ᠠᠷᠭ᠎ᠠ ᠬᠢᠳᠡᠯ᠂ | ᠵᠢᠭᠠᠨ ᠰᠤᠳᠤᠯᠬᠤ ᠦᠷ᠎ᠡ ᠪᠦᠲᠦᠭᠡᠯ ᠢ ᠰᠤᠷᠤᠯᠴᠠᠵᠤ᠂ ᠵᠢᠭᠠᠨ ᠰᠤᠳᠤᠯᠤᠭᠴᠢ ᠪᠠ ᠪᠠᠭᠰᠢ ᠶᠢᠨ ᠰᠤᠷᠭᠠᠨ | ᠬᠥᠮᠦᠵᠢᠯ ᠤᠨ ᠣᠨᠣᠯᠵᠢᠬᠤᠨ ᠢ ᠲᠠᠰᠤᠷᠠᠯᠲᠠ ᠥᠬᠡᠶ ᠰᠢᠨᠡᠳᠬᠡᠬᠦ ᠬᠡᠷᠡᠭᠲᠡᠶ᠃ | | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠵᠢᠭᠠᠨ ᠰᠤᠳᠤᠯᠤᠭᠴᠢ ᠦᠷᠭᠦᠯᠵᠢ | ᠬᠢᠴᠢᠶᠡᠯ ᠤᠨ ᠲᠠᠩᠬᠢᠮ ᠳᠤ ᠭᠦᠨᠵᠡᠭᠡᠶᠢᠷᠡᠨ ᠬᠢᠴᠢᠶᠡᠯ ᠦᠨᠡᠯᠡᠬᠦ ᠶᠢ ᠰᠣᠨᠣᠰᠴᠤ᠂ ᠵᠢᠭᠠᠨ ᠰᠤᠷᠭᠠᠯᠲᠠ ᠶᠢᠨ | ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠ ᠦᠨᠡᠯᠡᠯᠲᠡ ᠶᠢ ᠴᠢᠩᠭᠠᠳᠬᠠᠵᠤ᠂ ᠦᠨᠡᠯᠡᠯᠲᠡ ᠰᠣᠨᠣᠰᠬᠤ᠂ ᠬᠠᠷᠢᠭᠤ | ᠲᠤᠰᠬᠠᠬᠤ᠂ ᠰᠣᠯᠢᠯᠴᠠᠬᠤ᠂ ᠰᠤᠳᠤᠯᠤᠨ ᠶᠠᠷᠢᠯᠴᠠᠬᠤ ᠪᠠᠷ ᠳᠡᠮᠵᠢᠨ᠂ ᠬᠡᠪ ᠤᠨ ᠵᠢᠭᠠᠨ ᠰᠤᠷᠭᠠᠯᠲᠠ ᠶᠢᠨ ᠠᠰᠠᠭᠤᠨ | ᠣᠨᠣᠰᠢᠯᠠᠬᠤ ᠳᠤ ᠰᠤᠳᠠᠯ ᠪᠠᠷᠢᠵᠤ᠂ ᠬᠢᠴᠢᠶᠡᠯ ᠤᠨ ᠲᠠᠩᠬᠢᠮ ᠤᠨ ᠬᠡᠮ ᠰᠣᠭᠤᠭ ᠢ ᠡᠷᠢᠵᠦ᠂ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠳᠤᠮᠳᠠ ᠣᠷᠣᠰᠢᠵᠤ ᠪᠠᠶᠢᠭ᠎ᠠ ᠨᠡᠶᠢᠲᠡᠯᠢᠭ ᠴᠢᠨᠠᠷᠲᠠᠶ ᠠᠰᠠᠭᠤᠳᠠᠯ ᠪᠠ | ᠪᠠᠭᠤᠷᠠᠶ ᠭᠤᠭᠴᠤᠭ᠎ᠠ ᠶᠢ ᠴᠢᠩᠭ᠎ᠠ ᠠᠳᠬᠤᠨ ᠵᠢᠭᠠᠨ ᠰᠤᠳᠤᠯᠬᠤ ᠠᠵᠢᠯᠯᠠᠭ᠎ᠠ ᠥᠷᠨᠢᠭᠦᠯᠵᠦ᠂ ᠲᠡᠷᠢᠭᠦᠨ ᠤ | ᠣᠨᠣᠯᠵᠢᠬᠤᠨ ᠢ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠣᠷᠣᠭᠤᠯᠤᠨ ᠪᠣᠳᠠᠲᠠᠶ ᠬᠦᠴᠢᠷᠳᠡᠯ ᠢ ᠰᠢᠢᠳᠪᠦᠷᠢᠯᠡᠵᠤ᠂ | ᠠᠰᠠᠭᠤᠳᠠᠯ ᠢ ᠰᠢᠢᠳᠪᠦᠷᠢᠯᠡᠬᠦ ᠠᠷᠭ᠎ᠠ ᠪᠣᠳᠣᠯᠭ᠎ᠠ ᠶᠢ ᠡᠷᠢᠵᠦ᠂ ᠪᠠᠭᠰᠢ ᠶᠢ ᠰᠢᠪᠠᠳᠠᠨ ᠵᠢᠭᠠᠨ ᠰᠤᠷᠭᠠᠯᠲᠠ ᠶᠢᠨ | ᠬᠡᠪ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠢᠭᠠᠨ ᠰᠤᠳᠤᠯᠬᠤ ᠠᠵᠢᠯ ᠤᠨ | ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ | ︵ᠲᠠᠪᠤ︶ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ | ᠥᠨᠳᠥᠷ ᠦᠷ᠎ᠡ ᠪᠦᠲᠦᠮᠵᠢᠲᠡᠶ ᠪᠣᠯᠭᠠᠬᠤ ᠶᠢ ᠪᠠᠷᠢᠮᠲᠠᠯᠠᠨ᠎ᠠ | ᠬᠢᠴᠢᠶᠡᠯ ᠪᠡᠯᠡᠳᠬᠡᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ | ᠨᠡᠪᠲᠡᠷᠬᠡᠢ ᠣᠶᠢᠯᠠᠭᠠᠵᠤ᠂ ᠬᠢᠴᠢᠶᠡᠯ ᠲᠦᠷᠦᠯ ᠤᠨ ᠵᠢᠭᠠᠨ ᠰᠤᠷᠭᠠᠯᠲᠠ ᠶᠢᠨ ᠬᠠᠷᠠᠯᠲᠠ᠂ ᠵᠢᠭᠠᠬᠤ ᠮᠠᠲ᠋ᠧᠷᠢᠶᠠᠯ ᠤᠨ | ᠰᠢᠰᠲᠧᠮ ᠪᠣᠯᠤᠨ ᠦᠨᠳᠦᠰᠦᠨ ᠠᠭᠤᠯᠭ᠎ᠠ ᠶᠢ ᠡᠮᠬᠢᠯᠡᠵᠦ᠂ ᠵᠢᠭᠠᠬᠤ ᠮᠠᠲ᠋ᠧᠷᠢᠶᠠᠯ ᠤᠨ ᠪᠦᠬᠦ ᠠᠭᠤᠯᠭ᠎ᠠ ᠶᠢ | ᠪᠣᠯᠪᠠᠰᠤᠷᠠᠩᠭᠤᠢ ᠡᠵᠡᠮᠰᠢᠵᠦ᠂ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠰᠠᠨᠠᠭ᠎ᠠ᠂ ᠵᠣᠬᠢᠶᠠᠨ | ᠪᠠᠶᠢᠭᠤᠯᠤᠯᠲᠠ ᠶᠢᠨ ᠪᠦᠲᠦᠴᠡ᠂ ᠲᠠᠨᠢᠨ ᠮᠡᠳᠡᠬᠦᠢ ᠶᠢᠨ ᠪᠦᠲᠦᠴᠡ᠂ ᠭᠤᠣᠯᠳᠠᠯᠭ᠎ᠠ ᠲᠠᠢ ᠪᠦᠯᠦᠭ ᠬᠡᠰᠡᠭ᠂ | ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠲᠣᠳᠣᠷᠬᠠᠶᠢᠯᠠᠨ᠎ᠠ︔ ᠰᠤᠷᠤᠭᠴᠢᠳ ᠤᠨ ᠪᠦᠬᠦᠯᠢ ᠴᠣᠭᠴᠠ ᠶᠢᠨ | ᠣᠲᠣ ᠶᠢᠨ ᠪᠠᠶᠢᠭ᠎ᠠ ᠮᠡᠳᠡᠯᠭᠡ ᠶᠢᠨ ᠬᠢᠷᠢ ᠬᠡᠮᠵᠢᠶ᠎ᠡ᠂ ᠲᠠᠨᠢᠨ ᠮᠡᠳᠡᠬᠦᠶ ᠶᠢᠨ ᠠᠷᠭ᠎ᠠ ᠮᠠᠶ᠋ᠢᠭ᠂ ᠰᠤᠷᠤᠯᠴᠠᠬᠤ | ᠴᠢᠳᠠᠪᠤᠷᠢ ᠵᠢᠴᠢ ᠠᠳᠠᠯᠢ ᠪᠤᠰᠤ ᠲᠥᠷᠥᠯ ᠬᠡᠯᠪᠡᠷᠢ ᠶᠢᠨ ᠰᠤᠷᠤᠭᠴᠢᠳ ᠤᠨ ᠰᠤᠷᠤᠯᠴᠠᠭᠰᠠᠨ ᠪᠠᠶᠢᠳᠠᠯ᠂ | ᠰᠤᠷᠤᠯᠴᠠᠬᠤ ᠳᠠᠳᠬᠠᠯ ᠪᠠ ᠥᠪᠡᠷᠮᠢᠴᠡ ᠴᠢᠨᠠᠷ ᠤᠨ ᠵᠥᠷᠢᠶ᠎ᠡ ᠶᠢ ᠪᠥᠬᠦ ᠲᠠᠯ᠎ᠠ ᠪᠠᠷ ᠡᠵᠡᠮᠰᠢᠨ᠎ᠡ᠃ ᠵᠢᠭᠠᠬᠤ | ᠮᠠᠲ᠋ᠧᠷᠢᠶᠠᠯ ᠢ ᠪᠥᠬᠦ ᠲᠠᠯ᠎ᠠ ᠪᠠᠷ ᠨᠡᠪᠲᠡᠷᠡᠲᠡᠯ᠎ᠡ ᠣᠶᠢᠯᠠᠭᠠᠵᠤ᠂ ᠰᠤᠷᠤᠯᠭ᠎ᠠ ᠶᠢᠨ ᠪᠠᠶᠢᠳᠠᠯ ᠢ ᠪᠥᠬᠦ ᠲᠠᠯ᠎ᠠ ᠪᠠᠷ | ᠡᠵᠡᠮᠰᠢᠭᠰᠡᠨ ᠰᠠᠭᠤᠷᠢᠨ ᠳᠡᠭᠡᠷ᠎ᠡ᠂ ᠬᠢᠴᠢᠶᠡᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ᠂ | ᠪᠦᠷᠢᠨ ᠪᠦᠲᠦᠨ ᠢᠶᠠᠷ ᠢᠯᠡᠷᠡᠭᠦᠯᠵᠦ᠂ ᠡᠯ᠎ᠡ ᠵᠦᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ ᠰᠢᠯᠢᠳᠡᠭᠵᠢᠭᠦᠯᠦᠨ᠂ ᠲᠡᠷᠢᠭᠦᠨ ᠤ ᠵᠢᠭᠠᠨ ᠰᠤᠷᠭᠠᠯᠲᠠ ᠶᠢᠨ ᠣᠨᠣᠯᠵᠢᠬᠤᠨ ᠪᠠ ᠠᠷᠭ᠎ᠠ ᠶᠢ ᠬᠡᠷᠡᠭᠯᠡᠨ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠱᠠᠭᠠᠷᠳᠠᠯᠭ᠎ᠠ ᠶᠢ ᠪᠡᠶᠡᠯᠡᠭᠦᠯᠵᠦ᠂ ︽40 ᠮᠢᠨᠦ᠋ᠲ ᠤᠨ | ᠬᠢᠴᠢᠶᠡᠯ ᠤᠨ ᠲᠠᠩᠬᠢᠮ︾ ᠠᠴᠠ ᠶᠠᠰᠤ ᠴᠢᠨᠠᠷ ᠤᠯᠬᠤ ᠪᠠᠷ ᠴᠢᠷᠮᠠᠶᠢᠨ᠎ᠠ᠃ | | ᠬᠢᠴᠢᠶᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠤᠷᠤᠭᠴᠢ ᠪᠠᠷ ᠦᠨᠳᠦᠰᠦ ᠪᠣᠯᠭᠠᠬᠤ | ᠣᠨᠣᠯᠵᠢᠬᠤᠨ ᠢ ᠪᠠᠷᠢᠮᠲᠠᠯᠠᠵᠤ᠂ ᠰᠡᠩᠬᠡᠷᠡᠭᠦᠯᠬᠦ ᠮᠠᠶ᠋ᠢᠭ ᠤᠨ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ᠂ | ᠰᠦᠪᠡᠭᠴᠢᠯᠡᠨ ᠰᠤᠳᠤᠯᠬᠤ ᠮᠠᠶ᠋ᠢᠭ ᠤᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠵᠢᠭᠠᠨ ᠰᠤᠷᠭᠠᠯᠲᠠ ᠶᠢ | ᠴᠢᠬᠤᠯᠠᠴᠢᠯᠠᠨ᠂ ᠦᠨᠡᠨ ᠪᠣᠳᠠᠲᠠᠶ᠂ ᠯᠠᠪᠳᠠᠭᠤᠨ ᠪᠠᠲᠤᠲᠠᠶ᠂ ᠪᠣᠷᠣᠭᠵᠢᠭᠤᠨ ᠥᠨᠳᠥᠷ ᠦᠷ᠎ᠡ ᠪᠦᠲᠦᠮᠵᠢᠲᠡᠶ | ᠬᠢᠴᠢᠶᠡᠯ ᠤᠨ ᠲᠠᠩᠬᠢᠮ ᠢ ᠪᠣᠶ ᠪᠣᠯᠭᠠᠨ᠎ᠠ᠃ ᠪᠠᠭᠰᠢ ᠨᠠᠷ ᠬᠢᠴᠢᠶᠡᠯ ᠠᠴᠠ ᠡᠮᠦᠨ᠎ᠡ ᠰᠤᠷᠤᠭᠴᠢᠳ ᠢ ᠵᠢᠭᠠᠨ | ᠵᠢᠯᠣᠭᠤᠳᠴᠤ ᠤᠷᠢᠳᠴᠢᠯᠠᠨ ᠳᠠᠪᠲᠠᠬᠤ ᠶᠢ ᠰᠠᠶᠢᠲᠤᠷ ᠬᠢᠯᠭᠡᠵᠦ᠂ ᠬᠢᠴᠢᠶᠡᠯ ᠳᠡᠭᠡᠷ᠎ᠡ ᠭᠤᠣᠯᠳᠠᠯᠭ᠎ᠠ ᠲᠠᠢ ᠬᠦᠴᠢᠷ | ᠠᠰᠠᠭᠤᠳᠠᠯ᠂ ᠮᠡᠳᠡᠯᠭᠡ ᠶᠢᠨ ᠰᠢᠰᠲᠧᠮ ᠢ ᠲᠣᠳᠣᠷᠬᠠᠢ ᠶᠠᠷᠢᠵᠤ᠂ ᠰᠤᠷᠤᠭᠴᠢᠳ ᠤᠨ ᠰᠠᠨᠠᠭᠠᠴᠢᠯᠠᠭ᠎ᠠ ᠠᠴᠠ ᠪᠠᠨ | ᠰᠡᠳᠬᠢᠬᠦ᠂ ᠢᠳᠡᠪᠬᠢᠲᠡᠢ ᠪᠠᠷ ᠠᠰᠠᠭᠤᠯᠲᠠ ᠳᠤᠷᠠᠳᠬᠤ᠂ ᠪᠡᠶ᠎ᠡ ᠪᠠᠨ ᠳᠠᠭᠠᠭᠠᠨ ᠰᠦᠪᠡᠭᠴᠢᠯᠡᠬᠦ ᠶᠢ ᠬᠦᠳᠦᠯᠦᠨ | ᠵᠢᠯᠣᠭᠤᠳᠬᠤ ᠬᠡᠷᠡᠭᠲᠡᠢ᠃ ᠤᠯᠠᠮᠵᠢᠯᠠᠯ ᠪᠠ ᠣᠲᠣ ᠦᠶ᠎ᠡ ᠶᠢᠨ ᠮᠡᠷᠭᠡᠵᠢᠯ ᠤᠨ ᠠᠷᠭ᠎ᠠ ᠪᠠᠷᠢᠯ ᠢ ᠠᠭᠤᠰᠤᠯᠴᠠᠭᠤᠯᠤᠨ | ᠬᠡᠷᠡᠭᠯᠡᠵᠦ᠂ ᠠᠬᠤᠶ ᠣᠷᠴᠢᠨ ᠤ ᠵᠢᠭᠠᠨ ᠰᠤᠷᠭᠠᠯᠲᠠ ᠶᠢ ᠴᠢᠬᠤᠯᠠᠴᠢᠯᠠᠨ᠎ᠠ᠃ ᠰᠤᠷᠤᠯᠭ᠎ᠠ ᠶᠢᠨ ᠪᠠᠶᠢᠳᠠᠯ ᠢ ᠨᠠᠷᠢᠯᠢᠭ | ᠣᠨᠣᠴᠠᠲᠠᠶ ᠪᠠᠷ ᠵᠠᠳᠠᠯᠵᠤ᠂ ᠵᠦᠷᠢᠶᠡᠴᠢᠯᠡᠭᠰᠡᠨ ᠵᠢᠭᠠᠨ ᠰᠤᠷᠭᠠᠯᠲᠠ ᠪᠠ ᠲᠤᠰᠬᠠᠢᠴᠢᠯᠠᠭᠰᠠᠨ ᠵᠢᠯᠣᠭᠤᠳᠣᠯᠭ᠎ᠠ ᠶᠢ | ᠴᠢᠬᠤᠯᠠᠴᠢᠯᠠᠨ᠂ ᠣᠯᠠᠨ ᠡᠰᠢᠲᠦ᠂ ᠬᠥᠭᠵᠢᠯᠲᠡ ᠶᠢᠨ ᠴᠢᠨᠠᠷᠲᠠᠶ ᠦᠨᠡᠯᠡᠯᠲᠡ ᠶᠢᠨ ᠬᠦᠢᠴᠡᠳᠭᠡᠯ ᠲᠤᠭ᠎ᠠ ᠶᠢ | ᠬᠡᠷᠡᠭᠯᠡᠵᠦ᠂ ᠢᠯᠠᠩᠭᠤᠶ᠎ᠠ ᠡᠩ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠡᠳᠦᠷ ᠲᠤᠲᠤᠮ ᠤᠨ | ᠦᠨᠡᠯᠡᠯᠲᠡ ᠶᠢᠨ ᠠᠵᠢᠯ ᠢ ᠴᠢᠩᠭᠠᠳᠬᠠᠨ᠎ᠠ᠃ ᠠᠵᠢᠯ ᠤᠨ ᠵᠢᠷᠤᠭ ᠲᠥᠯᠥᠪᠯᠡᠭᠡ ᠶᠢᠨ ᠶᠠᠰᠤ ᠴᠢᠨᠠᠷ ᠢ | ᠳᠡᠭᠡᠭᠰᠢᠯᠡᠭᠦᠯᠵᠦ᠂ ᠰᠠᠭᠤᠷᠢ ᠴᠢᠨᠠᠷᠲᠠᠶ ᠠᠵᠢᠯ ᠢ ᠨᠠᠷᠢᠨ ᠨᠢᠮᠪᠠᠶ ᠵᠢᠷᠤᠭᠯᠠᠨ ᠲᠥᠯᠥᠪᠯᠡᠵᠦ᠂ ᠰᠦᠪᠡᠭᠴᠢᠯᠡᠯᠲᠡ ᠶᠢᠨ | ᠴᠢᠨᠠᠷᠲᠠᠶ᠂ ᠦᠢᠯᠡᠳᠤᠯᠭᠡ ᠶᠢᠨ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ ᠠᠵᠢᠯ ᠢ ᠵᠣᠬᠢᠰᠲᠠᠶ ᠨᠡᠮᠡᠭᠳᠡᠭᠦᠯᠦᠨ᠎ᠡ᠃ | ᠠᠵᠢᠯ ᠤᠨ ᠵᠢᠷᠤᠭ ᠲᠥᠯᠥᠪᠯᠡᠭᠡ ᠶᠢᠨ ᠰᠢᠯᠢᠳᠡᠭ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ ᠠᠵᠢᠯᠯᠠᠭ᠎ᠠ ᠶᠢ ᠡᠷᠬᠢᠯᠡᠨ᠎ᠠ | ᠃ | ᠮᠡᠳᠡᠭᠡ ᠵᠠᠩᠬᠢᠴᠢᠯᠠᠭᠰᠠᠨ ᠵᠢᠭᠠᠨ ᠰᠤᠷᠭᠠᠯᠲᠠ ᠶᠢ ᠴᠢᠩᠭᠠᠳᠬᠠᠨ᠎ᠠ᠃ ᠮᠡᠳᠡᠭᠡ ᠵᠠᠩᠭᠢᠵᠢᠯᠲᠠ ᠶᠢᠨ ᠰᠤᠷᠭᠠᠨ | ᠬᠥᠮᠦᠵᠢᠯ ᠤᠨ ᠲᠥᠬᠦᠭᠡᠷᠦᠮᠵᠢ ᠶᠢᠨ ᠬᠡᠷᠡᠭᠯᠡᠯᠲᠡ ᠶᠢᠨ ᠡᠷᠴᠢᠮ ᠢ ᠴᠢᠩᠭᠠᠷᠠᠭᠤᠯᠵᠤ᠂ ︽ᠬᠢᠴᠢᠶᠡᠯ ᠤᠨ ᠲᠠᠩᠬᠢᠮ ᠳᠤ | ᠬᠡᠷᠡᠭᠯᠡᠬᠦ᠂ ᠪᠠᠶᠢᠩᠭᠤ ᠬᠡᠷᠡᠭᠯᠡᠬᠦ᠂ ᠨᠡᠶᠢᠳᠡᠮ ᠬᠡᠷᠡᠭᠯᠡᠬᠦ︾ ᠰᠠᠭᠤᠷᠢᠨ ᠳᠡᠭᠡᠷ᠎ᠡ᠂ ︽ᠰᠤᠷᠭᠠᠭᠤᠯᠢ ᠳᠤ ᠬᠡᠷᠡᠭᠯᠡᠬᠦ | ᠲᠠᠪᠴᠠᠩ᠂ ᠠᠩᠭᠢ ᠳᠤ ᠬᠡᠷᠡᠭᠯᠡᠬᠦ ᠡᠬᠢ ᠪᠠᠶᠠᠯᠢᠭ᠂ ᠬᠥᠮᠦᠨ ᠪᠦᠬᠦᠨ ᠳᠤ ᠬᠡᠷᠡᠭᠯᠡᠬᠦ ᠣᠷᠣᠨ ᠵᠠᠶ︾ ᠶᠢ ᠪᠣᠶ | ᠪᠣᠯᠭᠠᠵᠤ᠂ ︽ᠰᠢᠯᠢᠳᠡᠭ ᠡᠬᠢ ᠪᠠᠶᠠᠯᠢᠭ ᠢ ᠠᠩᠭᠢ ᠳᠤ ᠨᠡᠪᠲᠡᠷᠡᠭᠦᠯᠬᠦ︾ ᠪᠠ ︽ᠰᠦᠯᠵᠢᠶᠡᠨ ᠤ ᠰᠤᠷᠤᠯᠴᠠᠯᠭ᠎ᠠ ᠶᠢᠨ | ᠣᠷᠣᠨ ᠵᠠᠶ ᠶᠢ ᠬᠥᠮᠦᠨ ᠪᠦᠬᠦᠨ ᠳᠤ ᠨᠡᠪᠲᠡᠷᠡᠭᠦᠯᠬᠦ︾ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠢᠳᠡᠪᠬᠢᠲᠡᠶ ᠠᠬᠢᠭᠤᠯᠤᠨ᠎ᠠ︔ ᠮᠡᠳᠡᠭᠡ ᠵᠠᠩᠭᠢ ᠶᠢᠨ ᠮᠡᠷᠭᠡᠵᠢᠯ ᠪᠣᠯᠤᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠭᠦᠨᠵᠡᠭᠡᠶ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠦᠯᠵᠢᠶ᠎ᠡ ᠪᠠᠷ ᠵᠢᠭᠠᠨ | ᠰᠤᠳᠤᠯᠬᠤ᠂ ᠰᠦᠯᠵᠢᠶ᠎ᠡ ᠪᠠᠷ ᠬᠢᠴᠢᠶᠡᠯ ᠪᠡᠯᠡᠳᠬᠡᠬᠦ᠂ ᠤᠶᠤᠨᠲᠤ ᠬᠢᠴᠢᠶᠡᠯ ᠤᠨ ᠲᠠᠩᠬᠢᠮ᠂ ᠰᠦᠯᠵᠢᠶ᠎ᠡ ᠪᠠᠷ | ᠠᠵᠢᠯᠯᠠᠬᠤ ᠵᠡᠷᠭᠡ ᠵᠢᠭᠠᠨ ᠰᠤᠷᠭᠠᠯᠲᠠ ᠶᠢᠨ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠡᠯ᠎ᠡ | ᠰᠤᠷᠭᠠᠭᠤᠯᠢ ᠶᠢ ᠵᠢᠯᠣᠭᠤᠳᠤᠨ ᠲᠣᠭᠠᠴᠢᠯᠠᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠥᠮᠥᠷᠭᠡ ᠶᠢᠨ | ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ ᠣᠨ ᠪᠠ ᠰᠢᠨᠵᠢᠯᠡᠭᠡᠨ ᠤ ᠰᠠᠯᠠᠭ᠎ᠠ ᠬᠤᠪᠢᠶᠠᠨ ᠵᠢᠭᠠᠨ | ᠰᠤᠷᠭᠠᠯᠲᠠ ᠶᠢᠨ ᠰᠦᠯᠵᠢᠶᠡᠨ ᠤ ᠬᠢᠴᠢᠶᠡᠯ ᠤᠨ ᠡᠬᠢ ᠪᠠᠶᠠᠯᠢᠭ ᠤᠨ ᠪᠥᠲᠥᠭᠡᠨ ᠪᠠᠶᠢᠭᠤᠯᠤᠯᠲᠠ ᠶᠢ ᠬᠢᠵᠦ᠂ ᠡᠯ᠎ᠡ | ᠰᠤᠷᠤᠯᠭ᠎ᠠ ᠶᠢᠨ ᠱᠠᠲᠤ ᠦᠶ᠎ᠡ᠂ ᠡᠯ᠎ᠡ ᠰᠢᠨᠵᠢᠯᠡᠭᠡᠨ ᠤ ᠰᠠᠯᠠᠭ᠎ᠠ ᠶᠢ ᠬᠠᠮᠤᠷᠤᠭᠰᠠᠨ ᠡᠬᠢ ᠪᠠᠶᠠᠯᠢᠭ ᠤᠨ | ᠰᠢᠰᠲ᠋ᠧᠮᠵᠢ ᠶᠢ ᠪᠣᠶ ᠪᠣᠯᠭᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠭᠥᠷᠳᠡᠬᠦ | ᠪᠠ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠎ᠠ᠃ | ᠵᠢᠭᠠᠨ ᠰᠤᠷᠭᠠᠬᠤ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠦᠨ᠎ᠡ᠃ ᠪᠠᠭᠰᠢ ᠶᠢᠨ ᠲᠤᠰᠬᠠᠶ ᠮᠡᠷᠭᠡᠵᠢᠯ ᠤᠨ | ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠪᠠᠭᠰᠢ ᠶᠢᠨ ᠵᠢᠭᠠᠨ ᠰᠤᠷᠭᠠᠯᠲᠠ ᠶᠢᠨ ᠤᠷ᠎ᠠ ᠮᠡᠷᠭᠡᠵᠢᠯ ᠢ | ᠳᠡᠭᠡᠭᠰᠢᠯᠡᠭᠦᠯᠬᠦ ᠪᠠᠷ ᠬᠦᠴᠦᠯᠡᠬᠦ ᠴᠡᠭ ᠪᠣᠯᠭᠠᠵᠤ᠂ ᠪᠠᠭᠰᠢ ᠶᠢᠨ ᠬᠤᠪᠢ ᠬᠥᠮᠦᠨ ᠤ ᠬᠡᠪ ᠴᠢᠨᠠᠷ ᠪᠠ ᠲᠤᠬᠠᠶᠢᠯᠠᠭᠰᠠᠨ | ᠠᠵᠢᠯ ᠤᠨ ᠬᠥᠭᠵᠢᠯᠲᠡ ᠶᠢᠨ ᠲᠠᠪᠴᠠᠩ ᠢ ᠢᠳᠡᠪᠬᠢᠲᠡᠶ ᠪᠠᠶᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠰᠤᠳᠤᠯᠤᠨ ᠶᠠᠷᠢᠯᠴᠠᠵᠤ ᠰᠣᠯᠢᠯᠴᠠᠬᠤ ᠶᠢ ᠴᠢᠩᠭᠠᠳᠬᠠᠨ᠂ ᠦᠵᠡᠭᠦᠯᠦᠯᠭᠡ ᠶᠢᠨ ᠬᠢᠴᠢᠶᠡᠯ᠂ | ᠰᠢᠯᠢᠳᠡᠭ ᠬᠢᠴᠢᠶᠡᠯ᠂ ︽ᠨᠢᠭᠡ ᠪᠠᠭᠰᠢ ᠨᠢᠭᠡ ᠰᠢᠯᠢᠳᠡᠭ ᠬᠢᠴᠢᠶᠡᠯ︾᠂ ᠵᠢᠭᠠᠨ ᠰᠤᠷᠭᠠᠯᠲᠠ ᠶᠢᠨ ᠮᠡᠷᠭᠡᠵᠢᠯ | ᠴᠢᠳᠠᠪᠤᠷᠢ ᠶᠢᠨ ᠤᠷᠤᠯᠳᠤᠭᠠᠨ ᠵᠡᠷᠭᠡ ᠠᠵᠢᠯ ᠤᠨ ᠪᠠᠶᠢᠷᠢ ᠶᠢᠨ ᠪᠣᠯᠪᠠᠰᠤᠷᠠᠯ ᠤᠨ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠡᠷᠭᠢᠯᠡᠵᠦ᠂ ᠰᠢᠯᠢᠳᠡᠭ ᠪᠠᠭᠰᠢ ᠶᠢ ᠰᠣᠩᠭᠤᠨ ᠲᠠᠨᠢᠯᠴᠠᠭᠤᠯᠵᠤ ᠤᠯᠤᠰ᠂ ᠲᠣᠭᠤᠷᠢᠭ | ᠬᠤᠲᠠ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠤ ᠠᠵᠢᠯᠯᠠᠭ᠎ᠠ ᠳᠤ ᠣᠷᠣᠯᠴᠠᠭᠤᠯᠵᠤ᠂ ᠰᠢᠨᠵᠢᠯᠡᠬᠦ ᠤᠬᠠᠭᠠᠨ ᠤ | ᠰᠤᠳᠤᠯᠤᠯ ᠢᠶᠠᠷ ᠰᠤᠷᠭᠠᠨ ᠬᠥᠮᠦᠵᠢᠯ ᠢ ᠬᠥᠭᠵᠢᠭᠦᠯᠬᠦ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ | ᠪᠠᠭᠰᠢ ᠶᠢᠨ ᠵᠢᠭᠠᠨ ᠰᠤᠷᠭᠠᠯᠲᠠ ᠶᠢᠨ ᠢᠳᠡᠪᠬᠢᠵᠢᠯ ᠢ ᠬᠦᠢᠴᠡᠳ ᠳᠠᠶᠢᠴᠢᠯᠠᠨ᠎ᠠ᠃ ᠵᠠᠯᠠᠭᠤ ᠪᠠᠭᠰᠢ ᠨᠠᠷ ᠤᠨ | ᠦᠨᠳᠦᠰᠦᠨ ᠴᠢᠳᠠᠪᠤᠷᠢ ᠶᠢᠨ ᠤᠷᠤᠯᠳᠤᠭᠠᠨ᠂ ᠬᠠᠷᠢᠭᠤ ᠮᠡᠳᠡᠭᠦᠯᠬᠦ ᠬᠢᠴᠢᠶᠡᠯ ᠵᠡᠷᠭᠡ ᠠᠵᠢᠯᠯᠠᠭ᠎ᠠ ᠶᠢ ᠡᠷᠬᠢᠯᠡᠬᠦ ᠪᠠᠷ | ᠳᠠᠮᠵᠢᠭᠤᠯᠤᠨ᠂ ᠨᠢᠭᠡ ᠪᠦᠯᠦᠭ ᠲᠠᠯᠳᠠ ᠬᠦᠴᠦᠨ ᠲᠠᠢ ᠨᠡᠷᠡᠳᠤ ᠪᠠᠭᠰᠢ ᠶᠢ ᠠᠭᠤᠳᠠᠯᠵᠤ᠂ ᠵᠠᠯᠠᠭᠤ ᠪᠠᠭᠰᠢ ᠨᠠᠷ ᠤᠨ | ᠲᠦᠷᠭᠡᠨ ᠦᠰᠦᠨ ᠪᠤᠶᠢᠵᠢᠬᠤ ᠶᠢ ᠠᠬᠢᠭᠤᠯᠵᠤ᠂ ᠨᠢᠭᠡ ᠪᠦᠯᠦᠭ ᠵᠢᠭᠠᠨ ᠰᠤᠷᠭᠠᠬᠤ ᠴᠢᠳᠠᠪᠤᠷᠢᠲᠠᠨ ᠢ | ᠬᠥᠮᠦᠵᠢᠭᠦᠯᠦᠨ ᠪᠤᠢ ᠪᠣᠯᠭᠠᠨ᠎ᠠ᠃ | ︵ᠵᠢᠷᠭᠤᠭ᠎ᠠ︶ ᠠᠭᠤᠯᠤᠭᠳᠠᠬᠤᠨ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠭᠤᠤᠯ | ᠰᠡᠳᠦᠪᠴᠢᠯᠡᠯᠲᠡ ᠶᠢ ᠳᠣᠪᠤᠶᠢᠯᠭᠠᠨ᠎ᠠ | | ᠰᠤᠷᠭᠠᠭᠤᠯᠢ ᠶᠢᠨ ᠬᠦᠷᠢᠶᠡᠨ ᠤ ᠣᠷᠴᠢᠨ ᠨᠥᠬᠦᠴᠡᠯ ᠢ ᠪᠦᠬᠦ ︽ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠲᠤᠬᠠᠶ ᠶᠢᠨ ᠭᠠᠵᠠᠷ ᠲᠤᠨᠢ ᠲᠣᠬᠢᠷᠠᠭᠤᠯᠬᠤ︾ ᠵᠠᠷᠴᠢᠮ ᠤᠨ ᠶᠣᠰᠣᠭᠠᠷ᠂ ᠰᠤᠷᠭᠠᠭᠤᠯᠢ ᠶᠢᠨ ᠬᠦᠷᠢᠶ᠎ᠡ ᠶᠢ ᠵᠦᠢ | ᠵᠣᠬᠢᠰᠲᠠᠶ ᠵᠢᠷᠤᠭᠯᠠᠨ ᠲᠥᠯᠥᠪᠯᠡᠬᠦ ᠪᠠ ᠪᠠᠶᠢᠷᠢᠯᠠᠭᠤᠯᠵᠤ᠂ ᠣᠷᠣᠨ ᠵᠠᠶ ᠪᠣᠯᠤᠨ ᠬᠡᠷᠡᠮ ᠢ ᠪᠦᠲᠦᠮᠵᠢᠲᠡᠶ ᠠᠰᠢᠭᠯᠠᠨ᠂ | ᠠᠮᠢ ᠠᠬᠤᠶ ᠶᠢᠨ ᠰᠤᠷᠭᠠᠭᠤᠯᠢ ᠶᠢᠨ ᠬᠦᠷᠢᠶ᠎ᠡ᠂ ᠰᠣᠶᠣᠯ ᠤᠨ ᠰᠤᠷᠭᠠᠭᠤᠯᠢ ᠶᠢᠨ ᠬᠦᠷᠢᠶ᠎ᠡ᠂ ᠪᠢᠴᠢᠭ ᠤᠨ | ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ ᠶᠢ ᠪᠥᠳᠥᠭᠡᠨ ᠪᠠᠶᠢᠭᠤᠯᠵᠤ᠂ ᠣᠷᠴᠢᠨ ᠲᠣᠭᠤᠷᠢᠨ ᠤ ᠬᠥᠮᠦᠨ | ᠬᠥᠮᠦᠵᠢᠭᠦᠯᠬᠦ ᠴᠢᠳᠠᠮᠵᠢ ᠶᠢ ᠪᠠᠳᠠᠷᠠᠭᠤᠯᠤᠨ᠎ᠠ᠃ ᠰᠤᠷᠭᠠᠭᠤᠯᠢ ᠶᠢᠨ ᠬᠦᠷᠢᠶ᠎ᠡ ᠶᠢ ᠴᠡᠪᠡᠷᠰᠢᠭᠦᠯᠬᠦ ᠶᠢ ᠦᠨᠡᠨᠬᠦ | ᠪᠠᠲᠤᠯᠠᠭᠰᠠᠨ ᠤᠷᠢᠲᠠᠯ ᠳᠣᠤᠷ᠎ᠠ᠂ ᠴᠡᠴᠡᠭ ᠡᠪᠡᠰᠦ ᠮᠣᠳᠣ ᠳᠠᠷᠢᠵᠤ᠂ ᠬᠡᠷ ᠪᠠᠶᠢᠰᠢᠩ ᠤᠨ ᠰᠣᠶᠣᠯ ᠢ | ᠪᠠᠶᠢᠷᠢᠰᠢᠭᠤᠯᠤᠨ᠂ ᠰᠤᠷᠭᠠᠭᠤᠯᠢ ᠶᠢᠨ ᠬᠦᠷᠢᠶᠡᠨ ᠤ ᠦᠵᠡᠮᠵᠢ ᠶᠢ ᠪᠣᠶ ᠪᠣᠯᠭᠠᠵᠤ᠂ ᠨᠣᠭᠤᠭᠠᠷᠠᠭᠤᠯᠬᠤ᠂ | ᠭᠤᠶᠤᠵᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠬᠠᠮᠲᠤ ᠢᠳᠡᠪᠬᠢᠲᠡᠶ ᠪᠠᠷ ᠪᠠᠯᠠ ᠮᠥᠩᠭᠦ | ᠴᠤᠭᠯᠠᠭᠤᠯᠵᠤ᠂ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠦᠨ ᠬᠠᠲᠠᠭᠤᠵᠢᠭᠤᠯᠬᠤ᠂ ᠭᠡᠷᠡᠯᠲᠦᠭᠦᠯᠬᠦ ᠶᠢ | ᠠᠯᠬᠤᠮ ᠠᠯᠬᠤᠮ ᠢᠶᠠᠷ ᠪᠡᠶᠡᠯᠡᠭᠦᠯᠵᠦ᠂ ᠪᠠᠭᠰᠢ ᠰᠤᠷᠤᠭᠴᠢᠳ ᠤᠨ ᠠᠵᠢᠯᠯᠠᠵᠤ ᠰᠤᠷᠤᠯᠴᠠᠬᠤ ᠨᠥᠬᠦᠴᠡᠯ ᠢ ᠪᠥᠬᠦ | ᠲᠠᠯ᠎ᠠ ᠪᠠᠷ ᠰᠠᠶᠢᠵᠢᠷᠠᠭᠤᠯᠤᠨ᠎ᠠ᠃ | | ᠨᠠᠮ ᠤᠨ ᠪᠠᠶᠢᠭᠤᠯᠤᠯᠲᠠ ᠶᠢᠨ ᠰᠣᠶᠣᠯ ᠰᠤᠷᠭᠠᠭᠤᠯᠢ ᠶᠢᠨ ᠬᠦᠷᠢᠶᠡᠨ ᠳᠤ ᠣᠷᠣᠪᠠ᠃ ᠨᠠᠮ ᠤᠨ | ᠪᠠᠶᠢᠭᠤᠯᠤᠯᠲᠠ ᠶᠢᠨ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠲᠦᠯᠬᠢᠨ ᠠᠬᠢᠭᠤᠯᠬᠤ | ᠠᠵᠢᠯ ᠤᠨ ᠲᠥᠯᠥᠪᠯᠡᠭᠡ ᠪᠠ ᠪᠣᠳᠠᠲᠠᠶ ᠲᠥᠰᠦᠯ ᠢ ᠲᠣᠭᠲᠠᠭᠠᠵᠤ᠂ ᠨᠠᠮ ᠤᠨ ᠪᠠᠶᠢᠭᠤᠯᠤᠯᠲᠠ ᠶᠢᠨ ᠰᠣᠶᠣᠯ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠨᠠᠮ ᠤᠨ | ᠪᠠᠶᠢᠭᠤᠯᠤᠯᠲᠠ ᠶᠢᠨ ᠰᠣᠶᠣᠯ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠭᠤᠯᠢ ᠶᠢᠨ ᠢᠯᠡ ᠲᠣᠳᠣ ᠨᠠᠮ ᠤᠨ ᠪᠠᠶᠢᠭᠤᠯᠤᠯᠲᠠ ᠶᠢᠨ ᠤᠬᠠᠭᠤᠯᠭ᠎ᠠ ᠶᠢᠨ | ᠡᠯᠧᠮᠧᠨ᠋ᠲ ᠪᠠ ᠭᠦᠨ ᠵᠤᠵᠠᠭᠠᠨ ᠨᠠᠮ ᠤᠨ ᠪᠠᠶᠢᠭᠤᠯᠤᠯᠲᠠ ᠶᠢᠨ ᠰᠣᠶᠣᠯ ᠤᠨ ᠠᠭᠤᠷ ᠠᠮᠢᠰᠬᠤᠯ ᠲᠠᠢ ᠪᠠᠶᠢᠬᠤ ᠶᠢ | ᠪᠠᠲᠤᠯᠠᠵᠤ᠂ ᠨᠠᠮ ᠤᠨ ᠡᠭᠦᠷ᠂ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ ᠶᠢᠨ | ᠬᠥᠲᠥᠯᠦᠨ ᠳᠠᠭᠠᠭᠤᠯᠬᠤ ᠦᠢᠯᠡᠳᠤᠯ ᠢ ᠬᠦᠢᠴᠡᠳ ᠪᠠᠳᠠᠷᠠᠭᠤᠯᠤᠨ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ | ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠡᠯᠪᠡᠭ ᠪᠠᠶᠠᠯᠢᠭ ᠨᠠᠮ ᠤᠨ ᠪᠠᠶᠢᠭᠤᠯᠤᠯᠲᠠ ᠶᠢᠨ ᠰᠣᠶᠣᠯ ᠤᠨ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢᠨ | ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | | ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠰᠤᠷᠭᠠᠭᠤᠯᠢ ᠶᠢᠨ ᠪᠣᠳᠠᠲᠤ ᠪᠠᠶᠢᠳᠠᠯ ᠪᠠ ᠰᠣᠶᠣᠯ ᠤᠨ | ᠬᠤᠷᠠᠮᠳᠤᠭᠤᠯᠤᠯ ᠳᠤ ᠰᠠᠭᠤᠷᠢᠯᠠᠨ᠂ ᠣᠷᠣᠨ ᠪᠦᠰᠡ ᠶᠢᠨ ᠣᠨᠴᠠᠯᠢᠭ ᠲᠠᠢ ᠤᠶᠠᠯᠳᠤᠭᠤᠯᠵᠤ᠂ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠣᠨᠣᠯᠵᠢᠬᠤᠨ ᠪᠠ ᠦᠵᠡᠯ ᠰᠠᠨᠠᠭ᠎ᠠ ᠶᠢ ᠬᠠᠷᠠᠭᠤᠯᠤᠭᠰᠠᠨ ᠰᠤᠷᠭᠠᠭᠤᠯᠢ ᠶᠢᠨ ᠰᠣᠶᠣᠯ ᠢ | ᠪᠠᠶᠢᠭᠤᠯᠵᠤ᠂ ᠰᠤᠷᠭᠠᠭᠤᠯᠢ ᠡᠷᠭᠢᠯᠡᠬᠦ ᠣᠨᠴᠠᠯᠢᠭ ᠢ ᠳᠣᠪᠤᠶᠢᠯᠭᠠᠨ᠂ ᠰᠤᠷᠭᠠᠭᠤᠯᠢ ᠶᠢᠨ ᠠᠭᠤᠯᠤᠭᠳᠠᠬᠤᠨ ᠤ | ᠬᠥᠭᠵᠢᠯᠲᠡ ᠶᠢ ᠬᠥᠲᠥᠯᠦᠨ ᠵᠢᠯᠣᠭᠤᠳᠤᠨ᠎ᠠ᠃ ᠰᠤᠷᠭᠠᠭᠤᠯᠢ ᠶᠢᠨ ᠬᠦᠷᠢᠶᠡᠨ ᠤ ᠢᠯᠠ ᠪᠠᠶᠢᠷᠢᠨ ᠳᠤ ᠨᠠᠮ ᠤᠨ | ᠰᠤᠷᠭᠠᠨ ᠬᠥᠮᠦᠵᠢᠯ ᠤᠨ ᠴᠢᠭᠯᠡᠯᠲᠡ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠪᠠᠶᠢᠷᠢᠯᠠᠭᠤᠯᠵᠤ᠂ ᠰᠠᠮᠪᠠᠷ᠎ᠠ ᠶᠢᠨ ᠰᠣᠨᠢᠨ ᠤ ᠳᠡᠯᠭᠡᠭᠦᠷ᠂ ᠰᠤᠷᠤᠯᠴᠠᠯᠭ᠎ᠠ ᠶᠢᠨ ᠲᠤᠰᠬᠠᠢ ᠪᠤᠯᠤᠩ ᠢᠶᠠᠷ ᠳᠠᠮᠵᠢᠭᠤᠯᠤᠨ | ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠴᠢᠭᠯᠡᠯᠲᠡ᠂ ᠴᠢᠬᠤᠯᠠ ᠬᠤᠷᠠᠯ ᠤᠨ ᠵᠣᠷᠢᠭ ᠰᠠᠨᠠᠭ᠎ᠠ᠂ | ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠴᠠᠭ ᠲᠤᠬᠠᠢ ᠳᠤᠨᠢ ᠤᠯᠠᠮᠵᠢᠯᠠᠨ ᠤᠬᠠᠭᠤᠯᠤᠨ᠎ᠠ︔ | ᠰᠤᠷᠭᠠᠭᠤᠯᠢ ᠶᠢᠨ ᠰᠦᠯᠳᠡ᠂ ᠰᠤᠷᠭᠠᠭᠤᠯᠢ ᠶᠢᠨ ᠲᠤᠭ᠂ ᠰᠤᠷᠭᠠᠭᠤᠯᠢ ᠶᠢᠨ ᠳᠠᠭᠤᠤ ᠵᠡᠷᠭᠡ ᠳᠦᠷᠢ ᠲᠥᠷᠬᠦ ᠶᠢᠨ | ᠪᠡᠯᠭᠡ ᠲᠡᠮᠳᠡᠭ ᠤᠨ ᠡᠭᠦᠳᠦᠯᠲᠡ ᠶᠢ ᠴᠢᠩᠭᠠᠳᠬᠠᠵᠤ᠂ ᠰᠤᠷᠭᠠᠭᠤᠯᠢ ᠶᠢᠨ ︽ᠭᠤᠷᠪᠠᠨ ᠰᠤᠷᠲᠠᠯ ᠨᠢᠭᠡ ᠪᠣᠯᠪᠠᠰᠤᠷᠠᠯ︾ | ᠢ ᠪᠣᠯᠪᠠᠰᠤᠷᠠᠭᠤᠯᠤᠨ ᠪᠣᠶ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠣᠶᠤᠨ ᠤ ᠰᠣᠶᠣᠯ ᠤᠨ ᠨᠢᠭᠲᠠᠷᠠᠯ ᠤᠨ | ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠤᠨ᠎ᠠ᠃ ᠣᠷᠣᠨ ᠨᠤᠲᠤᠭ ᠤᠨ ᠰᠣᠶᠣᠯ ᠤᠨ ᠠᠭᠤᠯᠬᠤᠨ ᠢ | ᠢᠳᠡᠪᠬᠢᠲᠡᠶ ᠪᠠᠷ ᠠᠭᠤᠳᠠᠯᠵᠤ᠂ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠵᠢᠯ ᠪᠦᠷᠢ | ᠤᠷᠠᠯᠢᠭ ᠤᠨ ᠪᠠᠶᠠᠷ᠂ ᠨᠣᠮ ᠤᠩᠰᠢᠬᠤ ᠪᠠᠶᠠᠷ ᠵᠡᠷᠭᠡ ᠬᠡᠯᠪᠡᠷᠢ ᠪᠠᠷ ᠳᠠᠮᠵᠢᠭᠤᠯᠤᠨ᠂ ᠭᠠᠵᠠᠷ ᠣᠷᠣᠨ ᠤ | ᠪᠠᠶᠢᠳᠠᠯ ᠳᠤᠨᠢ ᠳᠣᠭᠢᠷᠠᠭᠤᠯᠤᠨ ᠡᠯᠪᠡᠭ ᠪᠠᠶᠠᠯᠢᠭ ᠠᠭᠤᠯᠭ᠎ᠠ ᠲᠠᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ | ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠢ ᠣᠯᠠᠨ ᠲᠦᠮᠡᠨ ᠲᠠᠢ ᠣᠶᠢᠷᠠᠲᠤᠭᠤᠯᠤᠨ᠂ | ᠥᠪᠡᠷᠮᠢᠴᠡ ᠣᠨᠴᠠᠯᠢᠭ ᠲᠠᠢ᠂ ᠭᠦᠨ ᠠᠭᠤᠯᠤᠭᠳᠠᠬᠤᠨ ᠲᠠᠢ᠂ ᠴᠢᠨᠠᠷ ᠴᠢᠨᠰᠠᠭ᠎ᠠ ᠲᠠᠢ ᠪᠣᠯᠭᠠᠵᠤ᠂ ᠣᠶᠤᠨ ᠤ | ᠰᠣᠶᠣᠯ᠂ ᠪᠠᠶᠢᠭᠤᠯᠤᠯ ᠤᠨ ᠰᠣᠶᠣᠯ᠂ ᠦᠢᠯᠡ ᠠᠵᠢᠯᠯᠠᠭᠠᠨ ᠤ ᠰᠣᠶᠣᠯ ᠳᠠᠰᠢ ᠬᠤᠪᠢᠷᠠᠭᠤᠯᠤᠨ᠎ᠠ᠃ | ︵ᠳᠣᠯᠤᠭ᠎ᠠ︶ ᠬᠠᠮᠵᠢᠯᠴᠠᠭ᠎ᠠ ᠪᠠᠨ ᠴᠢᠩᠭᠠᠳᠬᠠᠵᠤ᠂ ᠬᠡᠷ ᠪᠦᠯᠢ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢᠨ | ᠣᠯᠠᠨ ᠶᠠᠩᠵᠤᠴᠢᠯᠠᠯᠲᠠ ᠶᠢ ᠲᠦᠷᠭᠡᠳᠬᠡᠨ᠎ᠡ | | ᠬᠡᠷ ᠤᠨ ᠠᠬᠠᠮᠠᠳ ᠤᠨ ᠵᠥᠪᠯᠡᠯ ᠤᠨ ᠲᠦᠷᠢᠮ ᠢ ᠰᠢᠨ᠎ᠡ ᠪᠠᠷ ᠨᠡᠶᠢᠲᠡᠯᠡᠭᠰᠡᠨ ︽ᠭᠡᠷ ᠪᠦᠯᠢ ᠶᠢᠨ ᠬᠥᠮᠦᠵᠢᠯ ᠢ | ᠠᠬᠢᠭᠤᠯᠬᠤ ᠬᠠᠤᠯᠢ︾ ᠶᠢ ᠰᠠᠶᠢᠲᠤᠷ ᠨᠠᠶᠢᠳᠠᠪᠤᠷᠢᠵᠢᠭᠤᠯᠵᠤ᠂ ᠬᠡᠷ ᠪᠦᠯᠢ ᠶᠢᠨ ᠬᠥᠮᠦᠵᠢᠯ ᠤᠨ ᠤᠬᠠᠭᠤᠯᠤᠨ | ᠲᠠᠶᠢᠯᠪᠤᠷᠢᠯᠠᠬᠤ ᠪᠦᠯᠬᠦᠮ ᠪᠠᠶᠢᠭᠤᠯᠵᠤ᠂ ᠰᠤᠷᠭᠠᠭᠤᠯᠢ ᠶᠢᠨ ᠪᠡᠯᠡᠳᠬᠡᠯ ᠺᠠᠳ᠋ᠷ ᠪᠣᠯᠤᠨ ᠰᠢᠯᠢᠳᠡᠭ ᠬᠡᠷ ᠤᠨ ᠠᠬᠠᠮᠠᠳ ᠢ | ᠤᠬᠠᠭᠤᠯᠤᠨ ᠲᠠᠶᠢᠯᠪᠤᠷᠢᠯᠠᠬᠤ ᠪᠦᠯᠬᠦᠮ ᠳᠤ ᠣᠷᠣᠭᠤᠯᠤᠨ᠂ ᠬᠡᠷ ᠤᠨ ᠠᠬᠠᠮᠠᠳ ᠤᠨ ᠰᠤᠷᠭᠠᠭᠤᠯᠢ ᠶᠢᠨ | ᠬᠠᠮᠢᠶᠠᠷᠤᠯᠲᠠ ᠶᠢᠨ ᠠᠵᠢᠯ ᠳᠤ ᠣᠷᠣᠯᠴᠠᠬᠤ ᠬᠠᠯᠠᠭᠤᠨ ᠰᠡᠳᠬᠢᠯᠭᠡ ᠶᠢ ᠭᠦᠢᠴᠡᠳ ᠳᠠᠶᠢᠴᠢᠯᠠᠨ᠂ ᠬᠡᠷ ᠤᠨ | ᠠᠬᠠᠮᠠᠳ ᠤᠨ ᠰᠤᠷᠭᠠᠭᠤᠯᠢ ᠶᠢᠨ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠴᠤ᠂ ᠬᠡᠷ ᠤᠨ ᠠᠬᠠᠮᠠᠳ ᠤᠨ | ᠰᠤᠷᠭᠠᠭᠤᠯᠢ ᠶᠢᠨ ᠠᠵᠢᠯ ᠳᠤ ᠳᠡᠮᠵᠢᠯᠭᠡ ᠦᠵᠡᠭᠦᠯᠵᠦ᠂ ᠬᠡᠷ ᠤᠨ ᠠᠬᠠᠮᠠᠳ ᠤᠨ ᠰᠤᠷᠭᠠᠭᠤᠯᠢ ᠶᠢᠨ ᠵᠠᠰᠠᠯᠲᠠ ᠶᠢᠨ | ᠠᠵᠢᠯ ᠳᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠬᠥᠮᠦᠨ ᠢ ᠬᠥᠮᠦᠵᠢᠭᠦᠯᠬᠦ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ ᠰᠤᠷᠭᠠᠭᠤᠯᠢ ᠶᠢᠨ ᠨᠡᠭᠡᠭᠡᠯᠲᠡ ᠶᠢᠨ ᠡᠳᠦᠷ ᠭᠠᠷᠭᠠᠵᠤ᠂ ᠰᠤᠷᠭᠠᠭᠤᠯᠢ ᠬᠢᠭᠡᠳ ᠨᠡᠶᠢᠭᠡᠮ | ᠲᠣᠭᠤᠷᠢᠭ ᠤᠨ ᠬᠠᠷᠢᠯᠴᠠᠭ᠎ᠠ ᠶᠢ ᠨᠢᠭᠲᠠᠷᠠᠭᠤᠯᠵᠤ᠂ ᠨᠡᠶᠢᠭᠡᠮ ᠤᠨ ᠲᠥᠯᠥᠭᠡᠯᠡᠭᠴᠢ ᠶᠢᠨ ᠰᠤᠷᠭᠠᠭᠤᠯᠢ ᠶᠢᠨ | ᠵᠠᠰᠠᠯᠲᠠ ᠳᠤ ᠣᠷᠣᠯᠴᠠᠬᠤ ᠶᠢ ᠠᠬᠢᠭᠤᠯᠤᠨ᠂ ᠨᠡᠶᠢᠭᠡᠮ ᠤᠨ ᠡᠬᠢ ᠪᠠᠶᠠᠯᠢᠭ ᠪᠠ ᠨᠡᠶᠢᠭᠡᠮ ᠤᠨ ᠬᠦᠴᠦᠨ ᠢ | ᠰᠠᠨᠠᠭᠠᠴᠢᠯᠠᠭ᠎ᠠ ᠠᠴᠠ ᠪᠠᠨ ᠲᠡᠮᠡᠴᠡᠨ ᠣᠯᠵᠤ ᠰᠤᠷᠭᠠᠭᠤᠯᠢ ᠶᠢᠨ ᠥᠭᠡᠷᠡᠴᠢᠯᠡᠯᠲᠡ ᠬᠥᠭᠵᠢᠯᠲᠡ ᠶᠢ ᠳᠡᠮᠵᠢᠭᠦᠯᠦᠨ᠎ᠡ᠃ | | | ᠰᠤᠷᠭᠠᠭᠤᠯᠢ ᠳᠤ ᠰᠠᠭᠤᠭ᠎ᠠ ᠬᠡᠷ ᠤᠨ ᠠᠬᠠᠮᠠᠳ ᠤᠨ ᠲᠦᠷᠢᠮ ᠢ ᠪᠠᠶᠢᠭᠤᠯᠤᠨ᠎ᠠ᠃ ᠭᠡᠷ ᠤᠨ ᠠᠬᠠᠮᠠᠳ ᠰᠠᠶᠢᠨ | ᠳᠤᠷ᠎ᠠ ᠠᠴᠠ ᠪᠠᠨ ᠪᠠᠶᠢᠬᠤ ᠵᠠᠷᠴᠢᠮ ᠢ ᠬᠡᠷᠡᠭᠵᠢᠭᠦᠯᠵᠦ᠂ ᠨᠥᠬᠦᠴᠡᠯ ᠲᠠᠢ ᠰᠤᠷᠭᠠᠭᠤᠯᠢ ᠨᠢ ᠬᠠᠷᠢᠭᠤᠴᠠᠯᠭ᠎ᠠ ᠲᠠᠢ | ᠭᠡᠷ ᠤᠨ ᠠᠬᠠᠮᠠᠳ ᠢ ᠤᠷᠢᠵᠤ ᠰᠤᠷᠭᠠᠭᠤᠯᠢ ᠳᠤ ᠰᠠᠭᠤᠯᠭᠠᠵᠤ ᠰᠤᠷᠭᠠᠭᠤᠯᠢ ᠶᠢᠨ ᠡᠳᠦᠷ ᠲᠤᠳᠤᠮ ᠤᠨ | ᠬᠠᠮᠢᠶᠠᠷᠤᠯᠲᠠ ᠶᠢᠨ ᠪᠦᠬᠦ ᠶᠠᠪᠤᠴᠠ ᠳᠤ ᠣᠷᠣᠯᠴᠠᠭᠤᠯᠵᠤ᠂ ᠰᠤᠷᠭᠠᠭᠤᠯᠢ ᠶᠢᠨ ᠪᠠᠭᠰᠢ ᠶᠢᠨ ᠬᠢᠴᠢᠶᠡᠯ ᠣᠷᠣᠬᠤ᠂ | ᠠᠵᠢᠯᠯᠠᠬᠤ᠂ ᠰᠤᠷᠤᠭᠴᠢ ᠶᠢᠨ ᠠᠵᠢᠯᠯᠠᠭ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠮᠤᠷ ᠲᠦᠪᠰᠢᠨ ᠤ | ᠭᠡᠮ ᠰᠣᠭᠤᠭ᠂ ᠬᠤᠭᠤᠯᠠᠨ ᠭᠡᠷ ᠤᠨ ᠠᠷᠢᠭᠤᠨ ᠴᠡᠪᠡᠷ᠂ ᠬᠤᠭᠤᠯᠠ ᠪᠤᠳᠠᠭᠠᠨ ᠤ ᠶᠠᠰᠤ ᠴᠢᠨᠠᠷ ᠵᠢᠴᠢ ᠡᠳᠦᠷ | ᠲᠤᠳᠤᠮ ᠤᠨ ᠬᠠᠮᠢᠶᠠᠷᠤᠯᠲᠠ ᠶᠢ ᠱᠠᠯᠠᠪᠳᠠᠭᠤᠯᠤᠨ ᠪᠠᠶᠢᠴᠠᠭᠠᠵᠤ᠂ ᠰᠤᠷᠭᠠᠭᠤᠯᠢ ᠶᠢ ᠬᠠᠪᠰᠤᠷᠤᠨ ᠬᠠᠮᠢᠶᠠᠷᠤᠯᠲᠠ ᠶᠢᠨ | ᠲᠦᠪᠰᠢᠨ ᠢ ᠨᠢ ᠰᠠᠶᠢᠵᠢᠷᠠᠭᠤᠯᠤᠨ ᠳᠡᠭᠡᠭᠰᠢᠯᠡᠭᠦᠯᠦᠨ᠎ᠡ᠃ | ᠭᠡᠷ ᠤᠨ ᠠᠬᠠᠮᠠᠳ ᠢ ᠪᠣᠯᠪᠠᠰᠤᠷᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠬᠡᠷ ᠤᠨ ᠠᠬᠠᠮᠠᠳ ᠤᠨ | ᠰᠤᠷᠭᠠᠭᠤᠯᠢ ᠪᠠᠶᠢᠭᠤᠯᠵᠤ᠂ ᠣᠷᠣᠨ ᠤ ᠳᠣᠲᠣᠷ᠎ᠠ ᠭᠠᠳᠠᠨᠠᠬᠢ ᠬᠡᠷ ᠪᠦᠯᠢ ᠶᠢᠨ ᠰᠤᠷᠭᠠᠨ ᠬᠥᠮᠦᠵᠢᠯ ᠤᠨ ᠲᠤᠰᠬᠠᠶ | ᠮᠡᠷᠭᠡᠵᠢᠯᠲᠡᠨ ᠢ ᠤᠷᠢᠵᠤ ᠬᠡᠷ ᠪᠦᠯᠢ ᠶᠢᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠶᠢ | ᠢᠳᠡᠪᠬᠢᠲᠡᠶ ᠥᠷᠨᠢᠭᠦᠯᠵᠦ᠂ ᠬᠤᠲᠠ ᠪᠠᠯᠭᠠᠰᠤ ᠶᠢᠨ ᠰᠤᠷᠭᠠᠭᠤᠯᠢ ᠨᠤᠭᠤᠳ ᠰᠤᠷᠤᠯᠭ᠎ᠠ ᠶᠢᠨ ᠬᠤᠭᠤᠴᠠᠭ᠎ᠠ | ᠪᠦᠷᠢ ᠳᠤ ᠲᠣᠭᠲᠠᠮᠠᠯ ᠬᠤᠭᠤᠴᠠᠭ᠎ᠠ ᠲᠠᠢ ᠪᠠᠷ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ ᠭᠤᠤᠯ ᠰᠡᠳᠦᠪ ᠨᠢ ᠢᠯᠡ | ᠲᠣᠳᠣ᠂ ᠦᠷ᠎ᠡ ᠪᠦᠲᠦᠮᠵᠢ ᠪᠠᠷ ᠢᠯᠡᠳᠲᠡ ᠬᠡᠷ ᠤᠨ ᠠᠬᠠᠮᠠᠳ ᠤᠨ ᠪᠣᠯᠪᠠᠰᠤᠷᠠᠭᠤᠯᠤᠯ ᠤᠨ ᠠᠵᠢᠯᠯᠠᠭ᠎ᠠ | ᠥᠷᠨᠢᠭᠦᠯᠵᠦ᠂ ᠬᠥᠳᠡᠭᠡ ᠲᠣᠰᠬᠤᠨ ᠤ ᠰᠤᠷᠭᠠᠭᠤᠯᠢ ᠨᠤᠭᠤᠳ ᠰᠤᠷᠤᠯᠭ᠎ᠠ ᠶᠢᠨ ᠬᠤᠭᠤᠴᠠᠭ᠎ᠠ ᠪᠦᠷᠢ ᠳᠤ | ᠠᠳᠠᠭ ᠲᠠᠭᠠᠨ ᠨᠢᠭᠡ ᠤᠳᠠᠭ᠎ᠠ ᠬᠡᠷ ᠤᠨ ᠠᠬᠠᠮᠠᠳ ᠤᠨ ᠪᠣᠯᠪᠠᠰᠤᠷᠠᠭᠤᠯᠤᠯ ᠤᠨ ᠠᠵᠢᠯᠯᠠᠭ᠎ᠠ ᠦᠷᠨᠢᠭᠦᠯᠭᠦ ᠬᠡᠷᠡᠭᠲᠠᠢ᠃ | | ᠭᠡᠷ ᠤᠨ ᠠᠬᠠᠮᠠᠳ ᠤᠨ ᠬᠤᠷᠠᠯ ᠤᠨ ᠬᠡᠯᠪᠡᠷᠢ ᠶᠢᠨ ᠰᠢᠨ᠎ᠡ ᠶᠢ ᠰᠣᠯᠢᠯᠴᠠᠭᠠᠨ ᠤ ᠮᠠᠶ᠋ᠢᠭ ᠤᠨ᠂ ᠶᠠᠷᠢᠯᠴᠠᠭᠠᠨ ᠤ | ᠮᠠᠶ᠋ᠢᠭ ᠤᠨ᠂ ᠦᠵᠡᠭᠦᠯᠦᠯᠭᠡ ᠶᠢᠨ ᠮᠠᠶ᠋ᠢᠭ ᠤᠨ᠂ ᠲᠤᠰᠬᠠᠶ ᠮᠡᠷᠭᠡᠵᠢᠯᠲᠡᠨ ᠤ ᠮᠡᠳᠡᠭᠦᠯᠦᠯᠲᠡ ᠶᠢᠨ ᠮᠠᠶ᠋ᠢᠭ ᠤᠨ᠂ | ᠨᠥᠬᠦᠷᠯᠡᠯ ᠤᠨ ᠮᠠᠶ᠋ᠢᠭ ᠤᠨ ᠵᠡᠷᠭᠡ ᠬᠡᠯᠪᠡᠷᠢ ᠶᠢᠨ ᠭᠡᠷ ᠤᠨ ᠠᠬᠠᠮᠠᠳ ᠤᠨ ᠬᠤᠷᠠᠯ ᠢ ᠢᠳᠡᠪᠬᠢᠲᠡᠶ ᠲᠤᠷᠰᠢᠨ ᠡᠷᠬᠢᠯᠡᠵᠦ | ᠂ ᠭᠡᠷ ᠤᠨ ᠠᠬᠠᠮᠠᠳ ᠤᠨ ᠬᠤᠷᠠᠯ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠬᠥᠭᠵᠢᠭᠡᠵᠦ᠂ | ᠭᠡᠷ ᠤᠨ ᠠᠬᠠᠮᠠᠳ ᠤᠨ ᠬᠤᠷᠠᠯ ᠢ ᠦᠨᠡᠨ ᠬᠦ ᠭᠡᠷ ᠪᠦᠯᠢ ᠪᠠ ᠰᠤᠷᠭᠠᠭᠤᠯᠢ ᠲᠠᠢ ᠨᠡᠪᠲᠡᠷᠡᠯᠴᠡᠬᠦ ᠬᠥᠭᠦᠷᠭᠡ᠂ ᠪᠠᠭᠰᠢ᠂ | ᠭᠡᠷ ᠤᠨ ᠠᠬᠠᠮᠠᠳ ᠪᠠ ᠰᠤᠷᠤᠭᠴᠢᠳ ᠤᠨ ᠰᠡᠳᠬᠢᠯ ᠤᠨ ᠰᠣᠯᠢᠯᠴᠠᠭᠠᠨ ᠤ ᠰᠠᠶᠢᠨ ᠲᠠᠪᠴᠠᠩ ᠪᠣᠯᠭᠠᠬᠤ ᠬᠡᠷᠡᠭᠲᠡᠶ᠃ | ᠭᠡᠷ ᠪᠦᠯᠢ ᠶᠢᠨ ᠰᠤᠷᠪᠤᠯᠵᠢᠯᠠᠭ᠎ᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠭᠡᠷ ᠤᠨ ᠰᠤᠷᠪᠤᠯᠵᠢᠯᠠᠭ᠎ᠠ ᠶᠢᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠪᠠᠶᠢᠩᠭᠤ ᠥᠷᠨᠢᠭᠦᠯᠵᠦ᠂ ᠨᠡᠶᠢᠳᠡᠮ ᠰᠤᠷᠪᠤᠯᠵᠢᠯᠠᠬᠤ᠂ | ᠳᠠᠭᠠᠵᠤ ᠰᠤᠷᠪᠤᠯᠵᠢᠯᠠᠬᠤ ᠪᠠ ᠲᠣᠭᠲᠠᠮᠠᠯ ᠰᠤᠷᠪᠤᠯᠵᠢᠯᠠᠭ᠎ᠠ ᠶᠢ ᠤᠶᠠᠯᠳᠤᠭᠤᠯᠬᠤ᠂ ᠪᠠᠭᠰᠢ ᠶᠢᠨ ᠲᠤᠰᠬᠠᠶ ᠬᠡᠷ ᠤᠨ | ᠰᠤᠷᠪᠤᠯᠵᠢᠯᠠᠭ᠎ᠠ ᠬᠢᠭᠡᠳ ᠬᠢᠴᠢᠶᠡᠯ ᠡᠷᠬᠢᠯᠡᠭᠴᠢ ᠪᠠᠭᠰᠢ ᠶᠢᠨ ᠬᠠᠮᠲᠤ ᠶᠢᠨ ᠬᠡᠷ ᠤᠨ ᠰᠤᠷᠪᠤᠯᠵᠢᠯᠠᠭ᠎ᠠ ᠶᠢ | ᠤᠶᠠᠯᠳᠤᠭᠤᠯᠬᠤ᠂ ᠰᠤᠷᠭᠠᠭᠤᠯᠢ ᠶᠢᠨ ᠪᠠᠭ ᠤᠨ ᠪᠦᠷᠢᠯᠳᠦᠬᠦᠨ ᠬᠢᠭᠡᠳ ᠠᠩᠭᠢ ᠶᠢᠨ ᠡᠷᠬᠢᠯᠡᠭᠴᠢ᠂ ᠬᠢᠴᠢᠶᠡᠯ | ᠡᠷᠬᠢᠯᠡᠭᠴᠢ ᠪᠠᠭᠰᠢ ᠶᠢᠨ ᠬᠡᠷ ᠤᠨ ᠰᠤᠷᠪᠤᠯᠵᠢᠯᠠᠭ᠎ᠠ ᠶᠢ ᠤᠶᠠᠯᠳᠤᠭᠤᠯᠬᠤ ︽ᠭᠤᠷᠪᠠ ᠶᠢ ᠤᠶᠠᠯᠳᠤᠭᠤᠯᠬᠤ︾ | ᠵᠠᠷᠴᠢᠮ ᠢ ᠪᠠᠷᠢᠮᠲᠠᠯᠠᠨ᠂ ᠬᠡᠷ ᠤᠨ ᠰᠤᠷᠪᠤᠯᠵᠢᠯᠠᠭ᠎ᠠ ᠶᠢᠨ ᠠᠭᠤᠯᠭ᠎ᠠ ᠪᠠ ᠬᠡᠯᠪᠡᠷᠢ ᠶᠢ ᠤᠯᠠᠮ ᠨᠢᠭᠡ ᠠᠯᠬᠤᠮ | ᠪᠠᠶᠠᠯᠢᠭᠵᠢᠭᠤᠯᠵᠤ᠂ ᠰᠤᠷᠤᠭᠴᠢᠳ ᠤᠨ ᠦᠰᠦᠨ ᠪᠤᠶᠢᠵᠢᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠤᠶᠢᠯᠠᠭᠠᠨ᠂ | ᠰᠤᠷᠭᠠᠨ ᠬᠥᠮᠦᠵᠢᠯ ᠤᠨ ᠮᠡᠳᠡᠭᠡ ᠵᠠᠩᠭᠢ ᠶᠢ ᠲᠦᠷᠭᠡᠨ ᠳᠠᠮᠵᠢᠭᠤᠯᠵᠤ᠂ ᠬᠡᠷ ᠤᠨ ᠪᠠ ᠰᠤᠷᠭᠠᠭᠤᠯᠢ ᠶᠢᠨ ᠬᠠᠷᠢᠯᠴᠠᠭ᠎ᠠ | ᠬᠠᠮᠲᠤᠷᠠᠯᠴᠠᠭ᠎ᠠ ᠶᠢ ᠨᠢᠭᠲᠠᠷᠠᠭᠤᠯᠵᠤ᠂ ᠰᠤᠷᠭᠠᠨ ᠬᠥᠮᠦᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ︵ᠨᠠᠢᠮᠠ︶ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠠᠮᠤᠷ ᠲᠦᠪᠰᠢᠨ ᠤ ᠬᠠᠮᠢᠶᠠᠷᠤᠯᠲᠠ ᠶᠢ | ᠪᠠᠶᠢᠩᠭᠤᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ | ︽ᠭᠤᠷᠪᠠ ᠶᠢ ᠰᠡᠷᠭᠡᠶᠢᠯᠡᠬᠦ︾ ᠪᠠᠶᠢᠭᠤᠯᠤᠯᠲᠠ ᠶᠢ ᠴᠢᠩᠭᠠᠳᠬᠠᠨ᠎ᠠ᠃ ᠠᠮᠤᠷ ᠲᠦᠪᠰᠢᠨ ᠤ ᠣᠳᠣᠬᠢ ᠪᠠᠶᠢᠳᠠᠯ ᠢ | ᠨᠠᠷᠢᠨ ᠬᠢᠨᠠᠮᠠᠭᠠᠶ ᠰᠤᠳᠤᠯᠤᠨ ᠵᠠᠳᠠᠯᠵᠤ᠂ ᠠᠶᠤᠯᠭᠦᠶ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ︽ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠶᠢᠨ ᠠᠮᠤᠷ | ᠲᠦᠪᠰᠢᠨ ᠤ ᠠᠵᠢᠯ ᠤᠨ ᠵᠦᠭᠯᠡᠭᠦᠷ︾ ᠪᠠ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ︾ | ᠬᠠᠮᠢᠶᠠᠷᠤᠯᠲᠠ ᠶᠢᠨ ᠲᠣᠭᠲᠠᠴᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯᠲᠠᠨ᠂ ᠠᠮᠤᠷ ᠢ ᠬᠠᠮᠠᠭᠠᠯᠠᠬᠤ ᠠᠵᠢᠯᠲᠠᠨ ᠵᠢᠴᠢ ᠬᠤᠭᠤᠯᠠᠨ ᠭᠡᠷ ᠤᠨ | ᠠᠵᠢᠯᠲᠠᠨ ᠤ ᠪᠣᠯᠪᠠᠰᠤᠷᠠᠯ ᠤᠨ ᠠᠵᠢᠯ ᠢ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠬᠠᠷᠠᠭᠠᠨ | ᠳᠠᠪᠲᠠᠮᠵᠢ ᠪᠠᠷ ᠬᠢᠨᠠᠨ ᠡᠵᠡᠮᠳᠡᠬᠦ᠂ ︽ᠨᠢᠭᠡ ᠳᠠᠷᠤᠪᠴᠢᠲᠤ︾ ᠲᠦᠭᠰᠢᠭᠦᠷᠢ ᠮᠡᠳᠡᠭᠦᠯᠬᠦ᠂ ︽ᠢᠨᠲ᠋ᠤᠷ ᠰᠦᠯᠵᠢᠶ᠎ᠡ + | ᠢᠯᠡ ᠲᠣᠭᠤᠭ᠎ᠠ︾ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠮᠤᠷ ᠢ ᠬᠠᠮᠠᠭᠠᠯᠠᠬᠤ ᠪᠠᠭᠠᠵᠢ | ᠬᠡᠷᠡᠭᠰᠡᠯ ᠵᠢᠴᠢ ᠰᠤᠷᠭᠠᠭᠤᠯᠢ ᠶᠢᠨ ᠡᠯ᠎ᠡ ᠲᠥᠷᠥᠯ ᠤᠨ ᠠᠮᠤᠷ ᠲᠦᠪᠰᠢᠨ ᠤ ᠪᠡᠯᠡᠳᠬᠡᠮᠵᠢ ᠲᠥᠬᠦᠭᠡᠷᠦᠮᠵᠢ ᠶᠢ | ᠳᠣᠭᠢᠷᠠᠭᠤᠯᠤᠨ ᠰᠢᠨᠡᠳᠬᠡᠬᠦ ᠶᠢ ᠴᠢᠩᠭᠠᠳᠬᠠᠨ᠂ ᠠᠮᠤᠷ ᠢ ᠬᠠᠮᠠᠭᠠᠯᠠᠬᠤ ᠲᠠᠰᠤᠭ ᠤᠨ ᠵᠢᠷᠤᠮᠵᠢᠭᠰᠠᠨ ᠬᠠᠮᠢᠶᠠᠷᠤᠯᠲᠠ ᠶᠢ | ᠬᠡᠷᠡᠭᠵᠢᠭᠦᠯᠵᠦ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠳᠤᠲᠠᠭᠤᠳᠠᠯ ᠪᠠ ᠪᠠᠭᠤᠷᠠᠶ | ᠲᠠᠯ᠎ᠠ ᠶᠢ ᠬᠦᠴᠦᠯᠡᠨ ᠰᠢᠢᠳᠪᠦᠷᠢᠯᠡᠵᠤ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ | ᠰᠡᠷᠭᠡᠶᠢᠯᠡᠬᠦ ᠠᠵᠢᠯ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠠᠮᠤᠷ ᠲᠦᠪᠰᠢᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠨ᠎ᠠ᠃ ᠰᠤᠷᠤᠭᠴᠢᠳ ᠤᠨ ᠠᠮᠤᠷ ᠲᠦᠪᠰᠢᠨ ᠤ | ᠬᠥᠮᠦᠵᠢᠯ ᠤᠨ ᠬᠠᠮᠢᠶᠠᠷᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠩᠭᠢ ᠪᠦᠷᠢ ᠳᠤ ᠭᠠᠷᠠᠭ ᠪᠦᠷᠢ | ᠠᠳᠠᠭ ᠲᠠᠭᠠᠨ ᠨᠢᠭᠡ ᠤᠳᠠᠭ᠎ᠠ ᠠᠮᠤᠷ ᠲᠦᠪᠰᠢᠨ ᠤ ᠬᠥᠮᠦᠵᠢᠯ ᠤᠨ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠵᠦ | ᠂ ᠤᠰᠤᠨ ᠳᠤ ᠵᠢᠪᠬᠦ ᠶᠢ ᠰᠡᠷᠭᠡᠶᠢᠯᠡᠬᠦ᠂ ᠳᠣᠷᠣᠮᠵᠢᠯᠠᠬᠤ ᠶᠢ ᠰᠡᠷᠭᠡᠶᠢᠯᠡᠬᠦ᠂ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ | ᠵᠡᠷᠭᠡ ᠲᠠᠯ᠎ᠠ ᠶᠢᠨ ᠲᠤᠰᠬᠠᠶ ᠰᠡᠳᠦᠪᠲᠦ ᠬᠥᠮᠦᠵᠢᠯ ᠢ ᠴᠢᠭᠯᠡᠭᠦᠯᠬᠦ ᠴᠢᠨᠠᠷᠲᠠᠶ ᠪᠠᠷ ᠥᠷᠨᠢᠭᠦᠯᠬᠦ ᠬᠡᠷᠡᠭᠲᠡᠶ᠃ | ᠬᠠᠯᠠᠮᠵᠢᠯᠠᠨ ᠬᠠᠶᠢᠷᠠᠯᠠᠬᠤ ᠢᠨᠵᠧᠨᠧᠷᠢᠩ ᠢ ᠬᠡᠷᠡᠭᠵᠢᠭᠦᠯᠵᠦ᠂ ᠣᠨᠴᠠᠭᠠᠶ ᠬᠠᠮᠲᠤᠯᠢᠭ ᠤᠨ ᠰᠤᠷᠤᠭᠴᠢᠳ ᠤᠨ | ᠰᠡᠳᠬᠢᠴᠡ ᠶᠢᠨ ᠵᠢᠯᠣᠭᠤᠳᠣᠯᠭ᠎ᠠ ᠶᠢ ᠴᠢᠩᠭᠠᠳᠬᠠᠨ᠎ᠠ ᠬᠡᠷ ᠤᠨ ᠠᠬᠠᠮᠠᠳ ᠪᠠ ᠰᠤᠷᠭᠠᠭᠤᠯᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠷ ᠤᠨ ᠠᠬᠠᠮᠠᠳ ᠲᠤ ᠠᠮᠤᠷ ᠲᠦᠪᠰᠢᠨ ᠤ | ᠤᠬᠠᠮᠰᠠᠷ ᠢᠶᠠᠨ ᠴᠢᠩᠭᠠᠳᠬᠠᠵᠤ᠂ ᠬᠢᠨᠠᠨ ᠬᠠᠮᠠᠭᠠᠯᠠᠭᠴᠢ ᠶᠢᠨ ᠡᠭᠦᠷᠭᠡ ᠰᠤᠷᠭᠠᠭᠤᠯᠢ ᠶᠢᠨ ᠬᠦᠷᠢᠶᠡᠨ ᠤ ᠣᠯᠠᠨ | ᠨᠡᠶᠢᠲᠡ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ | ᠵᠢᠴᠢ ᠰᠣᠷᠢᠯᠲᠠ ᠶᠢᠨ ᠠᠵᠢᠯ ᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠯᠭ᠎ᠠ ᠶᠢᠨ | ᠬᠤᠭᠤᠴᠠᠭ᠎ᠠ ᠪᠦᠷᠢ ᠳᠤ 4 ᠤᠳᠠᠭ᠎ᠠ᠂ ᠬᠡᠤᠬᠡᠳ ᠤᠨ ᠴᠡᠴᠡᠷᠯᠢᠭ ᠤᠨ ᠰᠤᠷᠤᠯᠭ᠎ᠠ ᠶᠢᠨ ᠬᠤᠭᠤᠴᠠᠭ᠎ᠠ ᠪᠦᠷᠢ ᠳᠤ 2 | ᠤᠳᠠᠭ᠎ᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠪᠣᠳᠠᠲᠤ ᠪᠠᠶᠢᠯᠳᠤᠭᠠᠨᠴᠢᠯᠠᠬᠤ᠂ ᠪᠣᠳᠠᠲᠤ ᠦᠷ᠎ᠡ | ᠪᠦᠲᠦᠮᠵᠢᠲᠡᠶ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠢ ︽ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ | ᠬᠢᠭᠡᠳ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠣᠭᠲᠠᠭᠠᠯ︾ ᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠲᠥᠪᠯᠡᠷᠡᠭᠦᠯᠦᠨ ᠬᠤᠭᠤᠯᠠᠯᠠᠬᠤ ᠳᠤ ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠬᠤ᠂ ᠪᠦᠬᠦ ᠶᠠᠪᠤᠴᠠ ᠶᠢ ᠬᠢᠨᠠᠨ ᠡᠵᠡᠮᠳᠡᠬᠦ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ | ᠰᠤᠷᠭᠠᠭᠤᠯᠢ ᠠᠴᠠ ᠨᠠᠶᠢᠳᠠᠪᠤᠷᠢᠵᠢᠭᠤᠯᠬᠤ ᠵᠠᠷᠴᠢᠮ ᠢ ᠪᠠᠷᠢᠮᠲᠠᠯᠠᠨ᠂ ᠰᠤᠷᠭᠠᠭᠤᠯᠢ ᠶᠢᠨ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠶ ᠭᠦᠢᠴᠡᠳᠬᠡᠵᠦ᠂ ᠰᠤᠷᠭᠠᠭᠤᠯᠢ ᠶᠢᠨ ᠬᠤᠭᠤᠯᠠᠨ ᠭᠡᠷ ᠤᠨ ᠬᠠᠮᠢᠶᠠᠷᠤᠯᠲᠠ ᠶᠢ ᠴᠢᠩᠳᠠᠯᠠᠵᠤ᠂ | ᠢᠳᠡᠭᠡᠨ ᠤ ᠠᠮᠤᠷ ᠲᠦᠪᠰᠢᠨ ᠤ ᠠᠳᠡᠯ ᠢ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠴᠢ | ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠰᠠᠶᠢᠲᠤᠷ ᠬᠢᠵᠦ᠂ ᠶᠡᠭᠡ ᠬᠡᠮᠵᠢᠶᠡᠨ ᠤ ᠢᠳᠡᠭᠡᠨ ᠵᠢᠴᠢ ᠲᠦᠭᠦᠬᠡᠶ ᠮᠠᠲ᠋ᠧᠷᠢᠶᠠᠯ | ᠲᠤᠰᠠᠯᠠᠬᠤ ᠮᠠᠲ᠋ᠧᠷᠢᠶᠠᠯ ᠢ ᠨᠢᠭᠡᠳᠦᠯᠲᠡᠶ ᠬᠤᠳᠠᠯᠳᠤᠨ ᠠᠪᠬᠤ᠂ ᠨᠢᠭᠡᠳᠦᠯᠲᠡᠶ ᠬᠤᠪᠢᠶᠠᠷᠢᠯᠠᠬᠤ᠂ ᠨᠢᠭᠡᠳᠦᠯᠲᠡᠶ | ᠲᠡᠭᠡᠭᠡᠪᠦᠷᠢᠯᠡᠨ ᠬᠦᠷᠭᠡᠬᠦ ︽ᠭᠤᠷᠪᠠ ᠶᠢ ᠨᠢᠭᠡᠳᠦᠯᠲᠡᠶ ᠪᠠᠶᠢᠯᠭᠠᠬᠤ ᠵᠠᠷᠴᠢᠮ︾ ᠢ ᠬᠡᠷᠡᠭᠵᠢᠭᠦᠯᠵᠦ᠂ ᠢᠳᠡᠭᠡᠨ ᠤ | ᠮᠠᠲ᠋ᠧᠷᠢᠶᠠᠯ ᠤᠨ ᠢᠷᠡᠯᠲᠡ ᠶᠢ ᠮᠥᠷᠳᠡᠵᠦ ᠪᠣᠯᠬᠤ ᠶᠢ ᠦᠨᠡᠨᠬᠦ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠳᠠᠯᠳᠠ | ᠬᠡᠮ ᠢ ᠴᠠᠭ ᠲᠤᠬᠠᠶ ᠳᠤᠨᠢ ᠠᠷᠢᠯᠭᠠᠵᠤ᠂ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ | ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ | ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠢᠳᠡᠪᠬᠢᠲᠡᠶ ᠡᠭᠦᠳᠦᠨ ᠰᠤᠷᠭᠠᠭᠤᠯᠢ ᠶᠢᠨ ᠠᠮᠤᠷ | ᠲᠦᠪᠰᠢᠨ ᠤ ᠬᠠᠮᠢᠶᠠᠷᠤᠯᠲᠠ ᠶᠢ ᠪᠦᠬᠦ ᠲᠠᠯ᠎ᠠ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠷᠢᠭᠤᠨ ᠴᠡᠪᠡᠷ᠂ | ᠠᠶᠤᠯᠲᠠᠶ ᠬᠢᠮᠢ ᠶᠢᠨ ᠡᠮ ᠤᠨ ᠵᠦᠢᠯ ᠤᠨ ᠬᠠᠮᠢᠶᠠᠷᠤᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ | ᠴᠢᠳᠠᠪᠤᠷᠢ ᠶᠢᠨ ᠪᠠᠶᠢᠭᠤᠯᠤᠯᠲᠠ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ᠂ ᠰᠤᠷᠭᠠᠭᠤᠯᠢ ᠶᠢᠨ | ᠬᠦᠷᠢᠶᠡᠨ ᠤ ᠭᠤᠣᠯᠳᠠᠯᠭ᠎ᠠ ᠲᠠᠢ ᠬᠡᠰᠡᠭ᠂ ᠭᠤᠣᠯᠳᠠᠯᠭ᠎ᠠ ᠲᠠᠢ ᠴᠠᠭ ᠤᠨ ᠠᠮᠤᠷ ᠲᠦᠪᠰᠢᠨ ᠤ ᠬᠠᠮᠢᠶᠠᠷᠤᠯᠲᠠ᠂ | ᠰᠤᠷᠭᠠᠭᠤᠯᠢ ᠶᠢᠨ ᠳᠣᠲᠣᠨ᠎ᠠ ᠭᠠᠳᠠᠨᠠᠬᠢ ᠪᠠᠶᠢᠷᠢ ᠳᠤ ᠰᠠᠭᠤᠭ᠎ᠠ ᠰᠤᠷᠤᠭᠴᠢᠳ ᠤᠨ ᠬᠠᠮᠢᠶᠠᠷᠤᠯᠲᠠ ᠵᠡᠷᠭᠡ ᠠᠮᠤᠷ | ᠲᠦᠪᠰᠢᠨ ᠤ ᠠᠳᠡᠯ ᠠᠮᠠᠷᠬᠠᠨ ᠭᠠᠷᠬᠤ ᠪᠠ ᠣᠯᠠᠨ ᠭᠠᠷᠬᠤ ᠬᠡᠰᠡᠭ᠂ ᠭᠤᠭᠴᠤᠭ᠎ᠠ ᠪᠠ ᠴᠠᠭ ᠢ ᠢᠮᠠᠭᠲᠠ | ᠠᠳᠬᠤᠵᠤ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠵᠤ᠂ ᠵᠠᠬᠢᠷᠤᠨ ᠬᠠᠮᠢᠶᠠᠷᠴᠤ ᠪᠥᠬᠦᠶ ᠬᠢᠲᠤᠭ᠎ᠠ ᠪᠠᠭᠠᠵᠢ ᠵᠡᠷᠭᠡ ᠴᠠᠭᠠᠵᠠᠲᠠᠶ ᠡᠳ᠋ ᠪᠣᠳᠠᠰ ᠢ ᠴᠡᠪᠡᠷᠯᠡᠬᠦ ᠶᠢ | ᠪᠠᠷᠢᠮᠲᠠᠯᠠᠨ᠂ ᠰᠤᠷᠭᠠᠭᠤᠯᠢ ᠶᠢᠨ ᠬᠦᠷᠢᠶᠡᠨ ᠳᠤ ᠠᠶᠢᠮᠠᠭ ᠪᠦᠯᠦᠭ ᠪᠠᠶᠢᠭᠤᠯᠬᠤ᠂ ᠬᠡᠷᠡᠭᠦᠯ ᠵᠣᠳᠣᠭᠠᠨ ᠬᠢᠬᠦ ᠵᠡᠷᠭᠡ | ᠳᠣᠷᠣᠮᠵᠢᠯᠠᠯ ᠤᠨ ᠬᠡᠷᠡᠭ ᠡᠭᠦᠰᠬᠦ ᠶᠢ ᠲᠠᠰᠤ ᠬᠤᠷᠢᠭᠯᠠᠵᠤ᠂ ︽ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ︾ | ᠶᠢ ᠦᠨᠡᠨᠬᠦ ᠪᠠᠲᠤᠯᠠᠬᠤ ᠬᠡᠷᠡᠭᠲᠡᠶ᠃ | ︵ᠶᠢᠰᠦ︶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠶᠢ | ᠨᠠᠷᠢᠯᠢᠭ ᠣᠨᠣᠴᠠᠲᠠᠶ ᠪᠣᠯᠭᠠᠬᠤ | ᠰᠤᠷᠭᠠᠨ ᠬᠥᠮᠦᠵᠢᠯ ᠤᠨ ᠵᠣᠭᠤᠰ ᠢᠶᠠᠷ ᠲᠤᠰᠠᠯᠠᠬᠤ ᠲᠦᠷᠦ ᠶᠢᠨ ᠡᠯ᠎ᠡ ᠵᠦᠢᠯ ᠤᠨ ᠲᠤᠰᠠᠯᠠᠮᠵᠢ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠴᠢᠬᠤᠯᠠ | ᠠᠭᠤᠯᠭ᠎ᠠ ᠪᠣᠯᠭᠠᠬᠤ ᠶᠢ ᠪᠠᠷᠢᠮᠲᠠᠯᠠᠵᠤ᠂ ᠬᠡᠯᠲᠦᠷᠢᠭᠦᠯᠬᠦ᠂ ᠬᠠᠰᠤᠬᠤ᠂ ᠲᠤᠰᠠᠯᠠᠬᠤ᠂ ᠱᠠᠩᠨᠠᠬᠤ᠂ ᠵᠢᠭᠡᠯᠡᠯᠭᠡ ᠥᠭᠬᠦ᠂ | ᠨᠥᠬᠦᠪᠥᠷᠢᠯᠡᠬᠦ ᠵᠡᠷᠭᠡ ᠰᠤᠷᠭᠠᠨ ᠬᠥᠮᠦᠵᠢᠯ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠣᠨᠣᠪᠴᠢᠲᠠᠶ | ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠦᠴᠢᠷᠳᠡᠯᠲᠡᠶ ᠪᠠᠶᠢᠷᠢ ᠳᠤ ᠰᠠᠭᠤᠬᠤ | ᠰᠣᠷᠣᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠥᠷᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠣᠷᠣᠭᠴᠢ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠰᠣᠷᠣᠭᠴᠢ ᠶᠢᠨ ᠢᠷᠡᠯᠲᠡ ᠶᠢᠨ ᠭᠠᠵᠠᠷ ᠤᠨ | ᠢᠲᠡᠭᠡᠮᠵᠢᠲᠦ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ | ᠡᠷᠦᠬᠡ ᠶᠢᠨ ᠬᠡᠷ ᠪᠦᠯᠢ ᠶᠢᠨ ᠰᠣᠷᠣᠭᠴᠢ ᠶᠢ ᠲᠤᠰᠠᠯᠠᠬᠤ᠂ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ | ᠵᠠᠮ ᠤᠨ ᠵᠠᠷᠤᠳᠠᠯ ᠢ ᠲᠤᠰᠠᠯᠠᠬᠤ ᠵᠡᠷᠭᠡ ᠠᠵᠢᠯ ᠢ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠬᠡᠷ ᠪᠦᠯᠢ ᠶᠢᠨ ᠦᠷ᠎ᠡ | ᠬᠡᠤᠬᠡᠳ ᠤᠨ ᠰᠤᠷᠭᠠᠨ ᠬᠥᠮᠦᠵᠢᠯ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠪᠠᠲᠤᠯᠠᠨ᠎ᠠ᠃ ᠶᠠᠳᠠᠭᠤ | ᠬᠦᠴᠢᠷᠳᠡᠯᠲᠡᠶ ᠰᠣᠷᠣᠭᠴᠢ ᠶᠢ ᠮᠠᠭᠠᠳᠯᠠᠨ ᠲᠣᠭᠲᠠᠭᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠪᠠᠯᠠ ᠮᠥᠩᠭᠦ ᠭᠤᠶᠤᠴᠢᠯᠠᠬᠤ᠂ ᠬᠢᠨᠠᠨ ᠲᠣᠭᠲᠠᠭᠠᠬᠤ᠂ ᠣᠯᠭᠤᠬᠤ ᠵᠡᠷᠭᠡ ᠠᠵᠢᠯ ᠤᠨ ᠴᠤᠪᠤᠷᠠᠯ ᠢ ᠵᠢᠷᠤᠮᠵᠢᠭᠤᠯᠤᠨ᠂ | ᠪᠠᠯᠠ ᠮᠥᠩᠭᠦ ᠪᠠᠷ ᠲᠤᠰᠠᠯᠠᠬᠤ ᠡᠲᠡᠭᠡᠳ ᠢ ᠨᠠᠷᠢᠯᠢᠭ ᠣᠨᠣᠴᠠᠲᠠᠶ᠂ ᠪᠠᠯᠠ ᠮᠥᠩᠭᠦ ᠪᠠᠷ ᠲᠤᠰᠠᠯᠠᠬᠤ ᠪᠠᠷᠢᠮᠵᠢᠶ᠎ᠠ ᠶᠢ | ᠨᠠᠷᠢᠯᠢᠭ ᠣᠨᠣᠴᠠᠲᠠᠶ᠂ ᠪᠠᠯᠠ ᠮᠥᠩᠭᠦ ᠣᠯᠭᠤᠬᠤ ᠶᠢ ᠨᠠᠷᠢᠯᠢᠭ ᠣᠨᠣᠴᠠᠲᠠᠶ ᠪᠠᠶᠢᠯᠭᠠᠨ᠎ᠠ᠃ | ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠯᠠᠪᠳᠠᠭᠤᠨ | ᠪᠠᠲᠤᠲᠠᠶ ᠪᠥᠬᠦ ᠬᠤᠰᠢᠭᠤᠨ ᠤ ᠰᠤᠷᠬᠤ ᠨᠠᠰᠤᠨ ᠤ ᠰᠤᠷᠭᠠᠭᠤᠯᠢ ᠳᠤ ᠣᠷᠤᠭ᠎ᠠ ᠥᠬᠡᠶ ᠬᠡᠤᠬᠡᠳ᠂ ᠵᠡᠮᠳᠡᠭ ᠬᠡᠤᠬᠡᠳ | ᠂ ᠭᠠᠳᠠᠷ ᠬᠤᠰᠢᠭᠤ ᠰᠢᠶᠠᠨ ᠳᠤ ᠰᠤᠷᠤᠯᠴᠠᠵᠤ ᠪᠠᠶᠢᠭ᠎ᠠ ᠬᠡᠤᠬᠡᠳ᠂ ᠰᠤᠷᠤᠯᠭ᠎ᠠ ᠪᠠᠨ ᠳᠣᠷᠭᠤᠨ ᠵᠣᠭᠰᠣᠭᠰᠠᠨ | ᠰᠣᠷᠣᠭᠴᠢ᠂ ᠰᠤᠷᠤᠯᠭ᠎ᠠ ᠠᠴᠠ ᠪᠠᠨ ᠲᠦᠷ ᠵᠣᠭᠰᠣᠭᠰᠠᠨ ᠰᠣᠷᠣᠭᠴᠢ ᠵᠡᠷᠭᠡ ᠪᠠᠶᠢᠳᠠᠯ ᠤᠨ ᠰᠠᠭᠤᠷᠢ ᠲᠤᠭ᠎ᠠ ᠶᠢ | ᠪᠥᠬᠦ ᠲᠠᠯ᠎ᠠ ᠪᠠᠷ ᠡᠵᠡᠮᠰᠢᠵᠦ᠂ ᠬᠥᠳᠡᠯᠦᠩᠭᠦᠶ ᠪᠠᠷ ᠬᠢᠨᠠᠨ ᠬᠠᠮᠢᠶᠠᠷᠬᠤ ᠶᠢ ᠪᠡᠶᠡᠯᠡᠭᠦᠯᠦᠨ᠎ᠡ᠃ ᠰᠤᠷᠤᠯᠭ᠎ᠠ ᠪᠠᠨ | ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠠᠤᠯᠢ ᠶᠣᠰᠣᠭᠠᠷ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠬᠤ᠂ | ᠰᠤᠷᠭᠠᠭᠤᠯᠢ ᠶᠢᠨ ᠬᠠᠷᠢᠶ᠎ᠠ ᠶᠢᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠬᠤ᠂ ᠵᠢᠭᠠᠨ ᠰᠤᠷᠭᠠᠯᠲᠠ ᠶᠢᠨ | ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠬᠤ᠂ ᠶᠠᠳᠠᠭᠤ ᠶᠢ ᠲᠡᠳᠬᠦᠵᠦ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠬᠤ᠂ ᠲᠦᠷᠢᠮ ᠢᠶᠠᠷ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠬᠤ 5 | ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠢᠳᠬᠠᠨ ᠪᠤᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠰᠤᠷᠤᠯᠭ᠎ᠠ ᠪᠠᠨ ᠰᠡᠷᠭᠦᠭᠡᠬᠦ ᠠᠬᠢᠴᠠ ᠶᠢᠨ ᠪᠠᠶᠢᠳᠠᠯ ᠢ ᠪᠥᠬᠦ ᠶᠠᠪᠤᠴᠠ ᠳᠤ ᠮᠥᠷᠳᠡᠨ ᠳᠠᠭᠠᠵᠤ᠂ | ᠣᠨᠣᠪᠴᠢᠲᠠᠶ ᠮᠠᠭᠠᠳᠯᠠᠯᠲᠠ ᠬᠢᠵᠦ᠂ ᠲᠣᠬᠢᠲᠠᠶ ᠰᠢᠢᠳᠪᠦᠷᠢᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠣᠷᠣᠭᠴᠢ ᠶᠢᠨ ᠠᠯᠳᠠᠭᠳᠠᠬᠤ ᠥᠬᠡᠶ ᠪᠠᠶᠢᠬᠤ ᠰᠤᠷᠤᠯᠴᠠᠬᠤ ᠴᠢᠳᠠᠪᠤᠷᠢ ᠲᠠᠢ ᠵᠡᠮᠳᠡᠭ ᠬᠡᠤᠬᠡᠳ ᠤᠨ ᠰᠤᠷᠭᠠᠨ | ᠬᠥᠮᠦᠵᠢᠯ ᠭᠥᠷᠳᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠡᠩ ᠤᠨ ᠰᠤᠷᠭᠠᠭᠤᠯᠢ ᠶᠢᠨ ᠠᠩᠭᠢ ᠳᠠᠭᠠᠵᠤ | ᠰᠤᠷᠤᠯᠴᠠᠬᠤ᠂ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠵᠡᠮᠳᠡᠭ ᠬᠡᠤᠬᠡᠳ ᠪᠠᠭᠠᠴᠤᠳ ᠤᠨ ᠪᠦᠬᠦᠨ ᠢᠶᠠᠷ ᠢᠶᠠᠨ ᠠᠯᠪᠠᠨ ᠵᠢᠷᠤᠮ ᠤᠨ ᠰᠤᠷᠭᠠᠨ ᠬᠥᠮᠦᠵᠢᠯ | ᠭᠥᠷᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ︽ᠳᠥᠷᠪᠡᠨ ᠲᠥᠷᠥᠯ ᠤᠨ ᠬᠡᠤᠬᠡᠳ︾ ᠢ ᠬᠠᠪᠰᠤᠷᠤᠨ ᠲᠡᠳᠬᠦᠬᠦ | ᠠᠵᠢᠯ ᠢ ᠪᠣᠳᠠᠲᠠᠶᠢᠵᠢᠭᠤᠯᠤᠨ᠎ᠠ᠃ ᠭᠡᠷ ᠲᠡᠭᠡᠨ ᠬᠤᠴᠣᠷᠤᠭᠰᠠᠨ ᠬᠡᠦᠬᠡᠳ᠂ ᠵᠡᠮᠳᠡᠭ ᠬᠡᠦᠬᠡᠳ᠂ ᠥᠷᠥᠭᠡᠰᠦᠨ | ᠥᠨᠥᠴᠢᠨ ᠬᠡᠦᠬᠡᠳ᠂ ᠪᠠᠶᠢᠷᠢ ᠳᠤ ᠰᠠᠭᠤᠭ᠎ᠠ ᠬᠡᠦᠬᠡᠳ ᠵᠡᠷᠭᠡ ︽ᠳᠥᠷᠪᠡᠨ ᠲᠥᠷᠥᠯ ᠤᠨ ᠬᠡᠦᠬᠡᠳ︾ ᠢ ᠬᠤᠣᠰᠯᠠᠨ | ᠰᠤᠷᠤᠯᠭ᠎ᠠ ᠶᠢ ᠲᠡᠳᠬᠦᠵᠦ ᠥᠰᠬᠡᠨ ᠪᠤᠶᠢᠵᠢᠯᠲᠠ ᠶᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ | ᠥᠷᠨᠢᠭᠦᠯᠵᠦ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠠᠵᠢᠯ ᠤᠨ ᠬᠠᠷᠢᠭᠤᠴᠠᠯᠭ᠎ᠠ ᠳᠤ ᠦᠨᠡᠨᠬᠦ ᠲᠦᠰᠢᠭᠯᠡᠵᠦ | ᠂ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠬᠡᠷ ᠤᠨ ᠰᠤᠷᠪᠤᠯᠵᠢᠯᠠᠭ᠎ᠠ ᠬᠢᠵᠦ᠂ ᠭᠠᠷᠠᠭ ᠪᠦᠷᠢ ᠨᠢᠭᠡ ᠤᠳᠠᠭ᠎ᠠ | ᠳᠠᠰᠬᠠᠯ ᠤᠨ ᠬᠠᠪᠰᠤᠷᠤᠨ ᠵᠢᠯᠣᠭᠤᠳᠣᠯᠭ᠎ᠠ ᠬᠢᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠡᠳᠬᠢᠴᠡ ᠶᠢᠨ | ᠵᠢᠯᠣᠭᠤᠳᠣᠯᠭ᠎ᠠ ᠪᠠ ᠠᠮᠢᠳᠤᠷᠠᠯ ᠤᠨ ᠬᠠᠪᠰᠤᠷᠤᠯᠭ᠎ᠠ ᠶᠢ ᠥᠷᠨᠢᠭᠦᠯᠵᠦ᠂ ᠳᠥᠷᠪᠡᠨ ᠲᠥᠷᠥᠯ ᠤᠨ ᠬᠡᠤᠬᠡᠳ ᠤᠨ ︽ | ᠰᠤᠷᠤᠯᠴᠠᠯᠭ᠎ᠠ ᠳᠤ ᠬᠠᠪᠰᠤᠷᠤᠨ ᠵᠢᠯᠣᠭᠤᠳᠣᠯᠭ᠎ᠠ ᠲᠠᠢ᠂ ᠦᠰᠦᠨ ᠪᠤᠶᠢᠵᠢᠯᠲᠠ ᠳᠤ ᠬᠥᠲᠥᠯᠦᠨ ᠵᠢᠯᠣᠭᠤᠳᠣᠯᠭ᠎ᠠ ᠲᠠᠢ | ᠂ ᠬᠠᠶᠢᠷ᠎ᠠ ᠰᠡᠳᠬᠢᠯᠭᠡ ᠳᠤ ᠨᠠᠶᠢᠳᠠᠯᠭ᠎ᠠ ᠲᠠᠢ᠂ ᠠᠮᠢᠳᠤᠷᠠᠯ ᠳᠤ ᠬᠠᠷᠠᠭᠠᠯᠵᠠᠯ ᠲᠠᠢ᠂ ᠠᠮᠤᠷ ᠲᠦᠪᠰᠢᠨ ᠳᠤ | ᠪᠠᠲᠤᠯᠠᠭ᠎ᠠ ᠲᠠᠢ︾ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃ ︽ᠳᠥᠷᠪᠡᠨ ᠲᠥᠷᠥᠯ ᠤᠨ ᠬᠡᠤᠬᠡᠳ︾ ᠤᠨ | ᠬᠠᠪᠰᠤᠷᠤᠨ ᠲᠡᠳᠬᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠩᠭᠤ ᠶᠢᠨ ᠴᠢᠨᠠᠷᠲᠠᠶ ᠰᠢᠮᠳᠠᠭᠤᠯᠤᠨ | ᠪᠠᠶᠢᠴᠠᠭᠠᠯᠲᠠ ᠬᠢᠵᠦ᠂ ᠬᠠᠪᠰᠤᠷᠤᠨ ᠲᠡᠳᠬᠦᠬᠦ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ | ᠬᠠᠪᠰᠤᠷᠤᠨ ᠲᠡᠳᠬᠦᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠰᠢᠢᠳᠪᠦᠷᠢᠯᠡᠵᠤ᠂ | ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ | ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠠᠷᠪᠠ︶ ᠰᠠᠬᠢᠯᠭ᠎ᠠ ᠪᠠᠲᠤ ᠶᠢ ᠴᠢᠩᠳᠠᠯᠠᠵᠤ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ | ᠨᠡᠬᠡᠮᠵᠢᠯᠡᠬᠦ ᠶᠢ ᠪᠠᠶᠢᠩᠭᠤᠵᠢᠭᠤᠯᠬᠤ ᠶᠢ ᠪᠡᠶᠡᠯᠡᠭᠦᠯᠦᠨ᠎ᠡ | | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠭᠤᠣᠯ ᠤᠳᠤᠷᠢᠳᠤᠯᠭ᠎ᠠ ᠶᠡᠷᠦᠩᠬᠡᠶ | ᠬᠠᠷᠢᠭᠤᠴᠠᠯᠭ᠎ᠠ ᠶᠢ ᠡᠭᠦᠷᠭᠡᠯᠡᠬᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢᠨ ᠪᠣᠳᠠᠲᠠᠶ ᠠᠳᠬᠤᠬᠤ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ | ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠠᠵᠢᠯ ᠢ | ᠪᠠᠶᠢᠩᠭᠤ ᠶᠢᠨ ᠴᠢᠨᠠᠷᠲᠠᠶ ᠪᠠᠷ ᠥᠷᠨᠢᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠪᠢᠴᠢᠭ ᠲᠤ ᠱᠠᠳᠤ ᠳᠠᠷᠠᠭᠠᠯᠠᠨ ᠭᠠᠷ ᠤᠨ | ᠦᠰᠦᠭ ᠵᠢᠷᠤᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠨ᠎ᠠ᠃ ᠰᠤᠷᠭᠠᠨ | ᠬᠥᠮᠦᠵᠢᠯ ᠤᠨ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠠᠵᠢᠯ ᠤᠨ ᠪᠠᠶᠢᠷᠢ ᠪᠠ | ᠲᠦᠭᠰᠢᠭᠦᠷᠢ ᠶᠢᠨ ᠴᠡᠭ ᠲᠠᠢ ᠤᠶᠠᠯᠳᠤᠭᠤᠯᠤᠨ᠂ ᠰᠤᠷᠭᠠᠭᠤᠯᠢ ᠶᠢᠨ ᠬᠠᠮᠢᠶᠠᠷᠤᠯᠲᠠ ᠶᠢᠨ ᠳᠤᠮᠳᠠ ᠣᠷᠣᠰᠢᠵᠤ | ᠪᠠᠶᠢᠭ᠎ᠠ ᠬᠢᠨᠠᠯᠲᠠ ᠲᠠᠯᠪᠢᠯᠲᠠ ᠶᠢᠨ ᠳᠤᠲᠠᠭᠳᠠᠯ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠭᠤᠷᠠᠶ | ᠭᠤᠭᠴᠤᠭ᠎ᠠ ᠶᠢ ᠪᠠᠶᠢᠩᠭᠤ ᠶᠢᠨ ᠴᠢᠨᠠᠷᠲᠠᠶ ᠪᠠᠷ ᠡᠷᠢᠵᠦ᠂ ᠰᠤᠷᠭᠠᠭᠤᠯᠢ ᠶᠢᠨ ᠬᠦᠷᠢᠶᠡᠨ ᠳᠤ ᠡᠭᠦᠰᠦᠭᠰᠡᠨ ᠲᠥᠪ | ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠬᠤ ᠬᠡᠷᠡᠭᠲᠡᠶ᠃ ᠵᠢᠯ | ᠪᠦᠷᠢ ᠠᠳᠠᠭ ᠲᠠᠭᠠᠨ ᠨᠢᠭᠡ ᠤᠳᠠᠭ᠎ᠠ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠠᠵᠢᠯ ᠤᠨ ᠪᠠᠶᠢᠳᠠᠯ ᠳᠤ | ᠵᠠᠳᠠᠯᠤᠯᠲᠠ ᠬᠢᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠰᠡᠷᠡᠮᠵᠢᠯᠡᠭᠦᠯᠦᠨ ᠰᠦᠷᠳᠡᠭᠦᠯᠬᠦ ᠶᠢ | ᠴᠢᠩᠭᠠᠷᠠᠭᠤᠯᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠬᠤ ᠬᠡᠷᠡᠭᠲᠡᠢ᠃ | | ᠰᠤᠷᠭᠠᠭᠤᠯᠢ ᠶᠢᠨ ᠡᠳᠦᠷ ᠲᠤᠲᠤᠮ ᠤᠨ ᠬᠢᠨᠠᠯᠲᠠ ᠶᠢ ᠬᠠᠨᠳᠤᠯᠭᠠᠲᠤ ᠴᠢᠨᠠᠷᠲᠠᠶ ᠪᠠᠷ ᠢᠯᠡ ᠪᠠᠷ ᠪᠠᠶᠢᠴᠠᠭᠠᠵᠤ | ᠳᠠᠯᠳᠠᠭᠤᠷ ᠰᠤᠷᠪᠤᠯᠵᠢᠯᠠᠬᠤ ᠶᠢ ᠦᠷᠭᠦᠯᠵᠢᠯᠡᠨ ᠥᠷᠨᠢᠭᠦᠯᠵᠦ᠂ ᠰᠤᠷᠭᠠᠭᠤᠯᠢ ᠶᠢᠨ ᠵᠠᠬᠢᠷᠤᠯ ᠪᠠᠭᠰᠢ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠰᠠᠬᠢᠯᠭ᠎ᠠ ᠪᠠᠲᠤ ᠣᠪᠣᠷ ᠰᠤᠷᠲᠠᠯ᠂ ᠪᠠᠭᠰᠢ ᠶᠢᠨ ᠮᠣᠷᠠᠯ | ᠪᠠᠭᠰᠢ ᠶᠢᠨ ᠰᠤᠷᠲᠠᠯ ᠵᠡᠷᠭᠡ ᠶᠢ ᠪᠠᠶᠢᠩᠭᠤ ᠶᠢᠨ ᠴᠢᠨᠠᠷᠲᠠᠶ ᠪᠠᠷ ᠪᠠᠶᠢᠴᠠᠭᠠᠪᠠ᠃ ᠲᠣᠭᠲᠠᠮᠠᠯ ᠬᠤᠭᠤᠴᠠᠭ᠎ᠠ ᠲᠠᠢ ᠪᠠᠷ | ᠬᠢᠨᠠᠨ ᠵᠢᠯᠣᠭᠤᠳᠴᠤ ᠪᠠᠶᠢᠴᠠᠭᠠᠬᠤ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠲᠦᠷᠢᠮ ᠢ ᠪᠠᠶᠢᠭᠤᠯᠵᠤ᠂ | ᠦᠨᠳᠦᠰᠦᠨ ᠱᠠᠲᠤᠨ ᠤ ᠰᠤᠷᠭᠠᠭᠤᠯᠢ᠂ ᠪᠠᠭᠰᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠪᠠᠭᠰᠢ ᠶᠢᠨ ᠵᠢᠭᠠᠨ ᠰᠤᠷᠭᠠᠯᠲᠠ ᠶᠢᠨ ᠡᠩ ᠤᠨ ᠨᠠᠶᠢᠳᠠᠪᠤᠷᠢᠵᠢᠭᠤᠯᠤᠯᠲᠠ᠂ ᠰᠠᠬᠢᠯᠭ᠎ᠠ ᠪᠠᠲᠤ ᠣᠪᠣᠷ | ᠰᠤᠷᠲᠠᠯ ᠵᠡᠷᠭᠡ ᠳᠤ ᠪᠠᠶᠢᠩᠭᠤ ᠶᠢᠨ ᠴᠢᠨᠠᠷᠲᠠᠶ ᠪᠠᠷ ᠬᠢᠨᠠᠯᠲᠠ ᠲᠠᠯᠪᠢᠨ᠎ᠠ᠃ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ ᠤ ᠦᠢᠯᠡᠳᠦᠯ ᠢ ᠪᠠᠳᠠᠷᠠᠭᠤᠯᠵᠤ᠂ | ᠬᠢᠨᠠᠯᠲᠠ ᠶᠢ ᠦᠨᠳᠦᠰᠦᠨ ᠱᠠᠲᠤᠨ ᠤ ᠪᠠᠭᠰᠢ ᠨᠠᠷ ᠤᠨ ᠳᠤᠮᠳᠠ ᠬᠦᠷᠲᠡᠯ᠎ᠡ ᠦᠷᠭᠦᠯᠵᠢᠯᠡᠭᠦᠯᠦᠨ᠎ᠡ᠃ ᠬᠢᠨᠠᠯᠲᠠ | ᠲᠠᠯᠪᠢᠬᠤ ᠤᠲᠠᠰᠤ ᠶᠢ ᠨᠡᠶᠢᠲᠡᠯᠡᠵᠦ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ | ᠪᠠᠭᠰᠢ᠂ ᠰᠣᠷᠣᠭᠴᠢ ᠵᠢᠴᠢ ᠬᠡᠷ ᠤᠨ ᠠᠬᠠᠮᠠᠳ ᠤᠨ ᠬᠢᠨᠠᠯᠲᠠ ᠲᠠᠯᠪᠢᠬᠤ ᠦᠢᠯᠡᠳᠤᠯ ᠢ ᠪᠠᠳᠠᠷᠠᠭᠤᠯᠤᠨ᠂ ᠠᠷᠠᠳ ᠤᠨ | ᠲᠥᠯᠥᠭᠡᠯᠡᠭᠴᠢ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠤᠷᠢᠵᠤ ᠰᠤᠷᠭᠠᠨ ᠬᠥᠮᠦᠵᠢᠯ ᠤᠨ ᠠᠵᠢᠯ ᠳᠤ | ᠬᠢᠨᠠᠯᠲᠠ ᠲᠠᠯᠪᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠣᠯᠠᠨ ᠲᠦᠮᠡᠨ ᠠᠴᠠ ᠪᠥᠬᠦ ᠬᠤᠰᠢᠭᠤᠨ ᠤ | ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠵᠦᠢᠯ ᠤᠨ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠬᠤᠷᠢᠶᠠᠵᠤ᠂ | ᠠᠰᠠᠭᠤᠳᠠᠯ ᠳᠤ ᠴᠢᠭᠯᠡᠭᠦᠯᠦᠨ ᠡᠪᠡᠳᠴᠢᠨ ᠳᠤᠨᠢ ᠲᠣᠬᠢᠷᠠᠭᠤᠯᠤᠨ ᠡᠮ ᠥᠭᠴᠦ᠂ ᠰᠤᠷᠭᠠᠨ ᠬᠥᠮᠦᠵᠢᠯ ᠤᠨ | ᠰᠢᠰᠲ᠋ᠧᠮ ᠤᠨ ᠰᠠᠶᠢᠨ ᠰᠠᠶᠢᠬᠠᠨ ᠠᠵᠢᠯ ᠲᠥᠷᠥᠯ ᠤᠨ ᠰᠤᠷᠲᠠᠯ ᠢ ᠬᠠᠮᠠᠭᠠᠯᠠᠨ᠎ᠠ᠃ | ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠪᠠ᠃ ︽ | ᠬᠡᠷᠡᠭ ᠪᠠᠶᠢᠪᠠᠯ ᠵᠠᠪᠠᠯ ᠪᠠᠶᠢᠴᠠᠭᠠᠬᠤ᠂ ᠪᠠᠶᠢᠴᠠᠭᠠᠪᠠᠯ ᠵᠠᠪᠠᠯ ᠰᠢᠢᠳᠪᠦᠷᠢᠯᠡᠬᠦ︾ ᠠᠵᠢᠯ ᠤᠨ ᠱᠠᠭᠠᠷᠳᠠᠯᠭ᠎ᠠ ᠶᠢ | ᠪᠠᠷᠢᠮᠲᠠᠯᠠᠨ᠂ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠠᠴᠠ ᠵᠥᠷᠢᠴᠡᠭᠰᠡᠨ᠂ ᠰᠤᠷᠭᠠᠭᠤᠯᠢ ᠶᠢᠨ ᠡᠳ᠋ ᠤᠨ | ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠠᠴᠠ ᠵᠥᠷᠢᠴᠡᠭᠰᠡᠨ ᠬᠡᠷᠡᠭ ᠵᠢᠴᠢ ᠤᠯᠠᠨ ᠲᠦᠮᠡᠨ ᠤ ᠳᠡᠷᠭᠡᠳᠡ | ᠡᠭᠦᠰᠦᠭᠰᠡᠨ ᠲᠥᠪ ᠪᠤᠰᠤ ᠰᠤᠷᠲᠠᠯ ᠪᠠ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ | ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠴᠠᠭ ᠲᠤᠬᠠᠶ ᠳᠤ ᠨᠢ ᠬᠢᠨᠠᠨ ᠪᠠᠶᠢᠴᠠᠭᠠᠵᠤ | ᠰᠢᠢᠳᠪᠦᠷᠢᠯᠡᠨ᠎ᠠ᠃ ᠡᠳᠦᠷ ᠲᠤᠲᠤᠮ ᠤᠨ ᠰᠢᠪᠠᠳᠠᠨ ᠪᠠᠶᠢᠴᠠᠭᠠᠯᠲᠠ ᠳᠤᠮᠳᠠ ᠢᠯᠡᠷᠡᠭᠦᠯᠦᠭᠰᠡᠨ ᠲᠣᠪᠤᠶᠢᠮ᠎ᠠ | ᠠᠰᠠᠭᠤᠳᠠᠯ᠂ ᠢᠯᠠᠩᠭᠤᠶ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠥᠬᠡᠶ᠂ ᠪᠠᠭᠰᠢ ᠶᠢᠨ ᠮᠣᠷᠠᠯ | ᠪᠠᠭᠰᠢ ᠶᠢᠨ ᠰᠤᠷᠲᠠᠯ ᠤᠨ ᠲᠠᠯ᠎ᠠ ᠪᠠᠷ ᠭᠠᠷᠤᠭᠰᠠᠨ ᠠᠰᠠᠭᠤᠳᠠᠯ ᠢ ᠤᠳᠠᠭ᠎ᠠ ᠳᠠᠷᠠᠭᠠᠯᠠᠨ ᠴᠡᠭᠴᠡᠯᠡᠨ ᠵᠠᠰᠠᠭᠰᠠᠨ ᠨᠢ | ᠬᠦᠷᠦᠯᠴᠡᠬᠦ ᠥᠬᠡᠶ ᠪᠤᠶᠤ ᠠᠵᠢᠯ ᠨᠢ ᠪᠣᠳᠠᠲᠠᠶ ᠪᠢᠰᠢ ᠨᠠᠷᠢᠨ ᠪᠢᠰᠢ ᠰᠤᠷᠭᠠᠭᠤᠯᠢ ᠶᠢᠨ ᠵᠠᠬᠢᠷᠤᠯ᠂ ᠪᠠᠭᠰᠢ ᠶᠢ ᠴᠠᠭ | ᠲᠤᠬᠠᠶ ᠳᠤᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ | ᠲᠣᠪᠴᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠳᠤ ᠰᠢᠯᠵᠢᠭᠦᠯᠦᠨ ᠲᠤᠰᠢᠶᠠᠵᠤ ᠪᠣᠳᠠᠲᠠᠶ | ᠪᠠᠶᠢᠳᠠᠯ ᠢ ᠨᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠭᠦᠯᠤᠨᠠ᠃ ᠬᠢᠨᠠᠯᠲᠠ ᠲᠠᠯᠪᠢᠬᠤ ᠪᠠ | ᠰᠠᠬᠢᠯᠭ᠎ᠠ ᠪᠠᠲᠤ ᠶᠢ ᠬᠡᠷᠡᠭᠵᠢᠭᠦᠯᠬᠦ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠭᠦᠨᠵᠡᠭᠡᠶᠢᠷᠡᠭᠦᠯᠦᠨ ᠬᠡᠷᠡᠭᠯᠡᠵᠦ᠂ | ᠰᠠᠬᠢᠯᠭ᠎ᠠ ᠪᠠᠲᠤ ᠶᠢᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ | ᠵᠥᠷᠢᠴᠡᠭᠰᠡᠨ ᠡᠯ᠎ᠡ ᠲᠦᠷᠦᠯ ᠤᠨ ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ︔ ︽ᠳᠥᠷᠪᠡᠨ ᠨᠢᠭᠡ | ᠪᠦᠯᠦᠭ︾ ᠤᠨ ᠵᠣᠬᠢᠶᠠᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠪᠠᠷ ᠲᠣᠬᠢᠷᠠᠭᠤᠯᠤᠯᠲᠠ ᠬᠢᠵᠦ᠂ ᠴᠢᠩᠭ᠎ᠠ | ᠬᠦᠴᠦᠲᠡᠶ ᠬᠠᠷᠢᠭᠤᠴᠠᠯᠭ᠎ᠠ ᠨᠡᠬᠡᠮᠵᠢᠯᠡᠬᠦ ᠪᠠᠷ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠳᠥᠯᠭᠢᠨ ᠠᠬᠢᠭᠤᠯᠬᠤ ᠬᠡᠷᠡᠭᠲᠡᠶ᠃ | ᠰᠤᠷᠭᠠᠨ ᠬᠥᠮᠦᠵᠢᠭᠦᠯᠵᠦ ᠬᠢᠨᠠᠨ ᠵᠢᠯᠣᠭᠤᠳᠬᠤ ᠶᠢ ᠴᠢᠩᠳᠠᠯᠠᠨ᠎ᠠ᠃ ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠵᠠᠰᠠᠭ ᠤᠨ ᠶᠠᠪᠤᠳᠠᠯ ᠢ | ᠬᠢᠨᠠᠨ ᠪᠠᠶᠢᠴᠠᠭᠠᠬᠤ᠂ ᠰᠤᠷᠭᠠᠭᠤᠯᠢ ᠶᠢ ᠬᠢᠨᠠᠨ ᠪᠠᠶᠢᠴᠠᠭᠠᠬᠤ᠂ ᠦᠨᠡᠯᠡᠨ ᠵᠢᠱᠢᠵᠦ ᠬᠢᠨᠠᠨ ᠰᠢᠯᠭᠠᠬᠤ︾ ᠭᠤᠷᠪᠠ ᠶᠢ | ᠨᠢᠭᠡ ᠴᠤᠭᠴᠠᠵᠢᠭᠤᠯᠤᠭᠰᠠᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠰᠢᠰᠲ᠋ᠧᠮᠵᠢ ᠶᠢ ᠪᠠᠶᠢᠭᠤᠯᠤᠨ | ᠪᠦᠷᠢᠨᠰᠢᠬᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢ ᠬᠢᠨᠠᠨ ᠵᠢᠯᠣᠭᠤᠳᠬᠤ ᠶᠢ ᠴᠢᠩᠭᠠᠳᠬᠠᠨ᠂ | ᠰᠤᠷᠭᠠᠨ ᠬᠥᠮᠦᠵᠢᠯ ᠤᠨ ᠦᠨᠡᠯᠡᠨ ᠵᠢᠱᠢᠵᠦ ᠬᠢᠨᠠᠨ ᠬᠡᠮᠵᠢᠬᠦ ᠶᠢ ᠴᠢᠩᠭᠠᠳᠬᠠᠨ ᠰᠠᠶᠢᠵᠢᠷᠠᠭᠤᠯᠵᠤ᠂ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠠᠷᠭ᠎ᠠ ᠮᠠᠶ᠋ᠢᠭ ᠢ ᠬᠠᠯᠠᠨ ᠰᠠᠶᠢᠵᠢᠷᠠᠭᠤᠯᠤᠨ᠎ᠠ᠃ ᠮᠡᠳᠡᠭᠦᠯᠬᠦ᠂ ᠬᠠᠷᠢᠭᠤ | ᠲᠤᠰᠬᠠᠬᠤ᠂ ᠴᠡᠭᠴᠡᠯᠡᠨ ᠰᠠᠶᠢᠵᠢᠷᠠᠭᠤᠯᠬᠤ᠂ ᠳᠠᠬᠢᠨ ᠪᠠᠶᠢᠴᠠᠭᠠᠬᠤ᠂ ᠤᠷᠮᠠᠰᠢᠭᠤᠯᠬᠤ᠂ ᠪᠣᠯᠵᠣᠨ ᠶᠠᠷᠢᠯᠴᠠᠬᠤ᠂ | ᠮᠡᠳᠡᠭᠡᠯᠡᠬᠦ᠂ ᠬᠠᠷᠢᠭᠤᠴᠠᠯᠭ᠎ᠠ ᠬᠡᠯᠡᠯᠴᠡᠬᠦ ᠵᠡᠷᠭᠡ ᠠᠷᠭ᠎ᠠ ᠮᠠᠶ᠋ᠢᠭ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠰᠤᠷᠭᠠᠨ | ᠬᠥᠮᠦᠵᠢᠭᠦᠯᠵᠦ ᠬᠢᠨᠠᠨ ᠵᠢᠯᠣᠭᠤᠳᠬᠤ ᠶᠢᠨ ᠡᠷᠬᠡ ᠰᠦᠷᠲᠦ ᠴᠢᠨᠠᠷ ᠪᠠ ᠲᠥᠪ ᠴᠢᠩᠭ᠎ᠠ ᠴᠢᠨᠠᠷ ᠢ ᠴᠢᠩᠭᠠᠷᠠᠭᠤᠯᠤᠨ᠎ᠠ᠃ | | | ᠬᠥᠲᠥᠯᠥᠭᠴᠢ᠄ ᠵᠠ᠂ ᠰᠢᠶᠠ ᠲᠣᠪᠴᠢᠶᠠᠨ ᠳᠠᠷᠤᠭ᠎ᠠ ᠪᠢᠳᠡᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ ᠮᠠᠰᠢ | ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠠ᠂ ᠪᠠᠶᠠᠷᠲᠠᠶ᠃ | | ᠰᠢᠶᠠ ᠫᠸᠢ ᠬᠤᠩ᠄ ᠪᠠᠶᠠᠷᠲᠠᠶ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠤᠷᠭᠠᠨ | ᠬᠥᠮᠦᠵᠢᠯ ᠤᠨ ᠦᠶ᠋ᠯᠡᠰ ᠤᠨ 2022 ᠣᠨ ᠤ ᠠᠵᠢᠯ ᠤᠨ ᠲᠥᠯᠥᠪᠯᠡᠭᠡ᠂ ᠬᠢᠯᠠᠰ ᠴᠡᠭ ᠪᠠ ᠲᠣᠪᠤᠶᠢᠮ᠎ᠠ ᠠᠮᠵᠢᠯᠲᠠ | | 2022 ᠤᠨ 5 ᠰᠠᠷ᠎ᠠ ᠶᠢᠨ 24 ᠤ ᠡᠳᠦᠷ ᠤᠨ 09 ᠴᠠᠭ | ᠡᠷᠬᠢᠮ ᠵᠤᠴᠢᠨ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠪᠠ ᠪᠡᠶ᠎ᠡ ᠶᠢᠨ ᠲᠠᠮᠢᠷ ᠤᠨ ᠲᠣᠪᠴᠢᠶᠠᠨ ᠤ | ᠳᠠᠷᠤᠭ᠎ᠠ ᠰᠢᠶᠠ ᠫᠧᠶ ᠬᠤᠩ | ᠲᠣᠪᠴᠢᠯᠠᠯ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠰᠤᠷᠭᠠᠨ ᠬᠥᠮᠦᠵᠢᠯ ᠤᠨ ᠲᠤᠬᠠᠶ ᠴᠢᠬᠤᠯᠠ | ᠥᠭᠦᠯᠡᠯᠲᠡ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠭᠤᠤ ᠶᠡᠭᠡ ᠨᠠᠮ | ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠳᠤ ᠦᠢᠯᠡᠴᠢᠯᠡᠵᠦ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠵᠤ᠂ ᠦᠵᠡᠯᠲᠡ ᠪᠠᠨ ᠬᠤᠪᠢᠷᠠᠭᠤᠯᠵᠤ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ | ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠤᠷᠢᠭ᠎ᠠ ᠱᠤᠭᠤᠮ ᠢ ᠰᠠᠬᠢᠵᠤ᠂ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠠᠬᠢᠭᠤᠯᠵᠤ᠂ ᠰᠤᠷᠭᠠᠨ | ᠬᠥᠮᠦᠵᠢᠯ ᠤᠨ ᠬᠦᠴᠦᠷᠬᠡᠭ ᠲᠤᠭ ᠢ ᠪᠠᠶᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ | ᠬᠥᠮᠦᠵᠢᠯ ᠢ ᠰᠠᠶᠢᠲᠤᠷ ᠡᠷᠬᠢᠯᠡᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ | ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ | ᠬᠥᠮᠦᠵᠢᠭᠦᠯᠦᠨ᠎ᠡ᠃ | | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ ᠰᠦᠯᠵᠢᠶᠡᠨ ᠳᠡᠭᠡᠷᠡᠬᠢ | ᠰᠤᠷᠪᠤᠯᠵᠢᠯᠠᠭ᠎ᠠ ᠶᠢ ᠠᠩᠬᠠᠷᠬᠤ ᠶᠢ ᠪᠠᠶᠠᠷᠯᠠᠨ ᠤᠭᠲᠤᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠶᠢᠨ | ᠤᠷᠢᠯᠭ᠎ᠠ ᠪᠠᠷ ᠰᠤᠷᠪᠤᠯᠵᠢᠯᠠᠭ᠎ᠠ ᠳᠤ ᠣᠷᠣᠯᠴᠠᠭᠰᠠᠨ ᠵᠣᠴᠢᠨ ᠪᠣᠯ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠰᠤᠷᠭᠠᠨ ᠬᠥᠮᠦᠵᠢᠯ ᠪᠠ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠰᠢᠶᠠ ᠫᠸᠢ ᠬᠤᠩ | ᠪᠣᠯᠤᠨ᠎ᠠ᠂ ︽2022 ᠣᠨ ᠤ ᠠᠵᠢᠯ ᠤᠨ ᠲᠥᠯᠥᠪᠯᠡᠭᠡ᠂ ᠬᠢᠯᠠᠰ ᠴᠡᠭ ᠪᠠ ᠲᠣᠪᠤᠶᠢᠮ᠎ᠠ ᠠᠮᠵᠢᠯᠲᠠ︾ ᠭᠡᠬᠦ | ᠭᠤᠤᠯ ᠰᠡᠳᠦᠪ ᠤᠨ ᠲᠣᠭᠤᠷᠢᠨ ᠳᠤ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠲᠤᠰᠬᠠᠶ ᠰᠤᠷᠪᠤᠯᠵᠢᠯᠠᠭ᠎ᠠ ᠶᠢ | ᠬᠦᠯᠢᠶᠡᠨ᠎ᠡ᠃ ᠰᠢᠶᠠ ᠲᠣᠪᠴᠢᠶᠠᠨ ᠳᠠᠷᠤᠭ᠎ᠠ ᠲᠠ ᠰᠠᠶᠢᠨ ᠤᠤ᠂ ᠲᠠᠨ ᠤ ᠬᠤᠰᠢᠭᠤᠨ ᠤ ᠵᠠᠰᠠᠭ ᠤᠨ ᠣᠷᠳᠣᠨ ᠤ | ᠰᠦᠯᠵᠢᠶᠡᠨ ᠤ ᠥᠷᠲᠡᠭᠡ ᠳᠤ ᠬᠦᠷᠴᠦ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠬᠦ ᠶᠢ ᠪᠠᠶᠠᠷᠯᠠᠨ | ᠤᠭᠲᠤᠵᠤ ᠪᠠᠶᠢᠨ᠎ᠠ᠃ | | ᠰᠢᠶᠠ ᠫᠸᠢ ᠬᠤᠩ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︖ ᠲᠠ | ᠪᠦᠬᠦᠨ ᠲᠠᠢ ᠠᠭᠤᠯᠵᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ | | ᠬᠥᠲᠥᠯᠥᠭᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2022 ᠣᠨ ᠤ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠭᠤᠤᠯᠳᠠᠯᠭ᠎ᠠ ᠲᠠᠢ ᠡᠭᠦᠷᠭᠡ ᠨᠢ ᠶᠠᠭᠤ ᠪᠣᠶ︖ | | ᠰᠢᠶᠠ ᠫᠸᠢ ᠬᠤᠩ᠄ 2022 ᠣᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠤᠷᠭᠠᠨ | ᠬᠥᠮᠦᠵᠢᠯ ᠤᠨ ᠠᠵᠢᠯ ᠨᠢ ᠭᠤᠤᠯᠳᠠᠭᠤ ︽ᠲᠠᠪᠤᠨ ᠶᠡᠭᠡ ᠢᠨᠵᠧᠨᠧᠷᠢᠩ︾ ᠤᠨ ᠲᠣᠭᠤᠷᠢᠨ ᠳᠤ ᠠᠵᠢᠯ ᠢᠶᠠᠨ | ᠥᠷᠨᠢᠭᠦᠯᠪᠡ᠃ | ᠨᠢᠭᠡ ᠳᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠳᠤᠲᠠᠭᠤᠳᠠᠯ ᠢ ᠨᠥᠬᠦᠪᠥᠷᠢᠯᠡᠬᠦ | ᠢᠨᠵᠧᠨᠧᠷᠢᠩ ᠢ ᠬᠡᠷᠡᠭᠵᠢᠭᠦᠯᠦᠨ᠎ᠡ᠃ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠪᠥᠲᠥᠭᠡᠨ | ᠪᠠᠶᠢᠭᠤᠯᠤᠯᠲᠠ ᠶᠢᠨ ︽ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠬᠡᠪᠴᠢᠶ᠎ᠡ ᠶᠢ ᠵᠣᠬᠢᠰᠲᠠᠶ | ᠪᠠᠶᠢᠯᠭᠠᠬᠤ᠂ ᠳᠥᠭᠦᠮ ᠪᠥᠭᠡᠳ ᠪᠣᠳᠠᠲᠤ ᠬᠡᠷᠡᠭᠴᠡᠭᠡ ᠲᠠᠢ ᠪᠠᠶᠢᠯᠭᠠᠬᠤ᠂ ᠣᠶᠢᠷ᠎ᠠ ᠬᠠᠪᠢ ᠳᠠᠭᠠᠨ ᠴᠡᠴᠡᠷᠯᠢᠭ ᠲᠤ | ᠣᠷᠣᠭᠤᠯᠬᠤ᠂ ᠲᠣᠰᠴᠤ ᠬᠦᠷᠭᠡᠬᠦ ᠳᠤ ᠳᠥᠭᠦᠮ ᠪᠠᠶᠢᠯᠭᠠᠬᠤ︾ ᠵᠠᠷᠴᠢᠮ ᠶᠣᠰᠣᠭᠠᠷ᠂ ᠣᠯᠠᠨ ᠲᠠᠯ᠎ᠠ ᠪᠡᠯᠡ ᠮᠥᠩᠭᠦ | ᠴᠤᠭᠯᠠᠭᠤᠯᠤᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ ᠬᠤᠲᠠ ᠶᠢᠨ ᠲᠣᠭᠤᠷᠢᠭ ᠤᠨ ᠵᠣᠬᠢᠬᠤ ᠨᠠᠰᠤᠨ ᠤ ᠬᠡᠦᠬᠡᠳ ᠤᠨ ᠴᠡᠴᠡᠷᠯᠢᠭ ᠲᠤ ᠣᠷᠣᠬᠤ ᠳᠤ | ᠬᠦᠴᠢᠷ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠤ᠂ ᠮᠣᠩᠭᠤᠯ ᠦᠨᠳᠦᠰᠦᠲᠡᠨ ᠤ ᠬᠡᠤᠬᠡᠳ ᠤᠨ | ᠴᠡᠴᠡᠷᠯᠢᠭ᠂ ᠬᠤᠰᠢᠭᠤᠨ ᠤ ᠬᠡᠤᠬᠡᠳ ᠤᠨ ᠴᠡᠴᠡᠷᠯᠢᠭ ᠤᠨ ᠡᠮᠦᠨ᠎ᠡ ᠬᠦᠷᠢᠶᠡᠯᠡᠩ ᠳᠤ ᠲᠣᠰ ᠲᠣᠰ ᠨᠢᠭᠡ | ᠶᠡᠷᠦᠩᠬᠡᠶᠢᠯᠡᠭᠰᠡᠨ ᠬᠥᠳᠡᠯᠭᠡᠭᠡᠨ ᠤ ᠲᠠᠰᠤᠭ ᠪᠠᠶᠢᠭᠤᠯᠵᠤ᠂ ᠪᠠᠯᠠ ᠣᠷᠣᠭᠤᠯᠤᠨ ᠨᠢᠭᠡ ᠬᠡᠤᠬᠡᠳ ᠤᠨ ᠴᠡᠴᠡᠷᠯᠢᠭ ᠢ | ᠰᠢᠨ᠎ᠡ ᠪᠠᠷ ᠪᠠᠶᠢᠭᠤᠯᠵᠤ᠂ ᠤᠤᠯ ᠤᠨ ᠲᠠᠯ᠎ᠠ ᠨᠤᠲᠤᠭ ᠤᠨ ᠭᠡᠷᠡᠯᠲᠦ ᠰᠤᠪᠤᠳ ᠬᠡᠤᠬᠡᠳ ᠤᠨ ᠴᠡᠴᠡᠷᠯᠢᠭ ᠢ | ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠲᠥᠪ ᠪᠣᠯᠭᠠᠨ ᠥᠭᠡᠷᠡᠴᠢᠯᠡᠨ ᠪᠠᠶᠢᠭᠤᠯᠵᠤ᠂ ᠬᠤᠲᠠ ᠶᠢᠨ ᠲᠣᠭᠤᠷᠢᠭ ᠤᠨ ᠬᠡᠤᠬᠡᠳ ᠤᠨ | ᠴᠡᠴᠡᠷᠯᠢᠭ ᠤᠨ ᠪᠠᠶᠢᠷᠢᠰᠢᠭᠤᠯᠤᠯᠲᠠ ᠶᠢ ᠨᠠᠩ ᠵᠦᠶ ᠵᠣᠬᠢᠰᠲᠠᠶ ᠪᠣᠯᠭᠠᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠨᠠᠩ | ᠶᠡᠭᠡ ᠪᠠᠷ ᠰᠠᠶᠢᠵᠢᠷᠠᠭᠤᠯᠤᠨ᠂ ᠬᠤᠲᠠ ᠬᠥᠳᠡᠭᠡ ᠶᠢᠨ ᠰᠤᠷᠬᠤ ᠨᠠᠰᠤᠨ ᠤ ᠬᠡᠤᠬᠡᠳ ᠲᠤ ᠴᠥᠮ ᠰᠤᠷᠬᠤ | ᠨᠠᠰᠤᠨ ᠠᠴᠠ ᠡᠮᠦᠨᠡᠬᠢ ᠰᠢᠯᠢᠳᠡᠭ ᠰᠤᠷᠭᠠᠨ ᠬᠥᠮᠦᠵᠢᠯ ᠬᠦᠷᠲᠡᠭᠡᠨ᠎ᠡ᠃ ᠠᠷᠠᠳ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠢ ᠢᠳᠡᠪᠬᠢᠲᠡᠶ ᠪᠠᠷ ᠨᠡᠶᠢᠭᠡᠮ ᠤᠨ ᠬᠦᠴᠦᠨ ᠤ ᠣᠯᠠᠨ ᠵᠦᠢᠯ ᠤᠨ ᠬᠡᠯᠪᠡᠷᠢ ᠪᠠᠷ ᠠᠷᠠᠳ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠡᠷᠭᠢᠯᠡᠬᠦ ᠶᠢ ᠵᠣᠷᠢᠭᠵᠢᠭᠤᠯᠤᠨ ᠳᠡᠮᠵᠢᠵᠦ᠂ ᠠᠷᠠᠳ ᠠᠴᠠ ᠡᠷᠭᠢᠯᠡᠭᠰᠡᠨ ᠬᠡᠤᠬᠡᠳ ᠤᠨ | ᠴᠡᠴᠡᠷᠯᠢᠭ ᠤᠨ ᠣᠯᠠᠨ ᠲᠦᠮᠡᠨ ᠳᠤ ᠬᠠᠨᠳᠤᠭᠤᠯᠤᠭᠰᠠᠨ᠂ ᠰᠦᠢᠳᠬᠡᠯ ᠬᠤᠷᠢᠶᠠᠬᠤ ᠨᠢ ᠵᠦᠶ ᠵᠣᠬᠢᠰᠲᠠᠶ᠂ ᠶᠠᠰᠤ | ᠴᠢᠨᠠᠷ ᠨᠢ ᠬᠢᠷᠢ ᠲᠡᠩᠴᠡᠭᠰᠡᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ | ᠪᠥᠬᠦ ᠬᠤᠰᠢᠭᠤᠨ ᠤ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠡᠷᠡᠭᠦᠯ ᠬᠥᠭᠵᠢᠯᠲᠡ ᠶᠢ ᠬᠠᠤᠯᠢ | ᠶᠣᠰᠣᠭᠠᠷ ᠵᠢᠷᠤᠮᠵᠢᠭᠤᠯᠵᠤ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠠᠭᠤᠯᠤᠭᠳᠠᠬᠤᠨ ᠤ | ᠬᠥᠭᠵᠢᠯᠲᠡ᠂ ᠤᠨᠴᠠᠯᠢᠭᠳᠤ ᠬᠥᠭᠵᠢᠯᠲᠡ ᠶᠢ ᠠᠬᠢᠭᠤᠯᠤᠨ᠂ ᠨᠢᠭᠡ ᠪᠦᠯᠦᠭ ᠰᠢᠨᠵᠢᠯᠡᠬᠦ ᠤᠬᠠᠭᠠᠨᠴᠢ | ᠬᠠᠮᠢᠶᠠᠷᠤᠯᠲᠠ ᠲᠠᠢ᠂ ᠠᠰᠠᠷᠠᠨ ᠬᠥᠮᠦᠵᠢᠭᠦᠯᠬᠦ ᠬᠢᠷᠢ ᠲᠦᠪᠰᠢᠨ ᠢᠶᠠᠷ ᠥᠨᠳᠥᠷ ᠠᠷᠠᠳ ᠠᠴᠠ ᠡᠷᠭᠢᠯᠡᠭᠰᠡᠨ | ᠬᠡᠤᠬᠡᠳ ᠤᠨ ᠴᠡᠴᠡᠷᠯᠢᠭ ᠢ ᠰᠠᠶᠢᠲᠤᠷ ᠡᠷᠭᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠰᠢᠯᠢᠳᠡᠭ ᠡᠬᠢ ᠪᠠᠶᠠᠯᠢᠭ ᠢ ᠴᠢᠷᠮᠠᠶᠢᠨ ᠥᠷᠭᠡᠳᠬᠡᠨ᠎ᠡ᠃ ᠬᠡᠦᠬᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ | ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ᠃ ᠬᠡᠦᠬᠡᠳ ᠤᠨ ᠰᠤᠷᠭᠠᠨ ᠬᠥᠮᠦᠵᠢᠯ ᠤᠨ ᠤᠷᠠᠯᠢᠭ᠂ ᠡᠷᠡᠭᠦᠯ ᠮᠡᠨᠳᠦ᠂ | ᠨᠡᠶᠢᠭᠡᠮ᠂ ᠰᠢᠨᠵᠢᠯᠡᠬᠦ ᠤᠬᠠᠭᠠᠨ᠂ ᠦᠭᠡ ᠬᠡᠯᠡ ᠵᠡᠷᠭᠡ ᠲᠠᠪᠤᠨ ᠶᠡᠭᠡ ᠬᠦᠷᠢᠶᠡᠨ ᠳᠤ ᠭᠤᠣᠯ ᠰᠡᠳᠦᠪᠲᠦ ᠬᠢᠴᠢᠶᠡᠯ | ᠨᠡᠭᠡᠭᠡᠵᠦ᠂ ᠲᠥᠪᠯᠡᠷᠡᠭᠦᠯᠬᠦ᠂ ᠰᠠᠯᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠪᠠᠯᠴᠢᠷ ᠬᠡᠦᠬᠡᠳ ᠤᠨ | ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠬᠦ ᠠᠵᠢᠯᠯᠠᠭ᠎ᠠ ᠶᠢ ᠥᠷᠨᠢᠭᠦᠯᠵᠦ᠂ ᠪᠠᠯᠴᠢᠷ ᠬᠡᠦᠬᠡᠳ ᠤᠨ ᠪᠡᠶ᠎ᠡ | ᠰᠡᠳᠬᠢᠯ ᠤᠨ ᠬᠥᠭᠵᠢᠯᠲᠡ ᠳᠤ ᠠᠰᠢᠭᠲᠠᠶ ᠣᠷᠴᠢᠨ ᠲᠣᠭᠤᠷᠢᠨ ᠢ ᠪᠤᠢ ᠪᠣᠯᠭᠠᠵᠤ᠂ ᠭᠡᠷ ᠤᠨ ᠭᠠᠳᠠᠨᠠᠬᠢ | ᠬᠥᠳᠡᠯᠭᠡᠭᠡᠨ ᠤ ᠴᠠᠭ ᠢ ᠪᠠᠲᠤᠯᠠᠵᠤ᠂ ᠡᠷᠬᠡ ᠲᠡᠭᠰᠢ ᠳᠣᠲᠣᠨᠣ ᠣᠪᠣᠷ᠂ ᠬᠠᠶᠢᠷ᠎ᠠ ᠬᠠᠯᠠᠮᠵᠢ ᠪᠠ ᠬᠠᠷᠢᠭᠤᠴᠠᠯᠭᠠᠲᠤ | ᠰᠡᠳᠬᠢᠯᠭᠡ ᠪᠠᠷ ᠪᠠᠯᠴᠢᠷ ᠬᠡᠦᠬᠡᠳ ᠨᠢᠭᠡᠪᠦᠷᠢ ᠳᠤ ᠬᠠᠨᠳᠤᠵᠤ᠂ ᠪᠠᠯᠴᠢᠷ ᠬᠡᠦᠬᠡᠳ ᠨᠢᠭᠡᠪᠦᠷᠢ ᠶᠢᠨ ᠪᠡᠶ᠎ᠡ ᠰᠡᠳᠬᠢᠯ ᠢ | ᠡᠷᠡᠭᠦᠯ ᠢᠶᠠᠷ ᠬᠥᠭᠵᠢᠭᠦᠯᠬᠦ ᠬᠡᠷᠡᠭᠲᠡᠶ᠃ ᠬᠡᠤᠬᠡᠳ ᠤᠨ ᠴᠡᠴᠡᠷᠯᠢᠭ ᠤᠨ ᠬᠡᠤᠬᠡᠳ ᠤᠨ ᠴᠡᠴᠡᠷᠯᠢᠭ ᠡᠷᠭᠢᠯᠡᠬᠦ ᠦᠢᠯᠡ | ᠠᠵᠢᠯᠯᠠᠭ᠎ᠠ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠡᠤᠬᠡᠳ ᠤᠨ | ᠴᠡᠴᠡᠷᠯᠢᠭ ᠤᠨ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠪᠠ ᠠᠰᠠᠷᠠᠨ ᠬᠥᠮᠦᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠵᠦ ᠪᠠᠶᠢᠭᠠᠳ ᠬᠤᠲᠠ ᠶᠢᠨ ᠲᠣᠭᠤᠷᠢᠭ ᠤᠨ | ᠬᠡᠤᠬᠡᠳ ᠤᠨ ᠴᠡᠴᠡᠷᠯᠢᠭ ᠤᠨ ᠲᠣᠭᠤᠷᠢᠭ ᠤᠨ ᠲᠠᠰ ᠤᠨ ᠵᠢᠱᠢᠶ᠎ᠡ ᠦᠵᠡᠭᠦᠯᠬᠦ ᠴᠡᠴᠡᠷᠯᠢᠭ ᠪᠠᠶᠢᠭᠤᠯᠬᠤ᠂ ᠰᠢᠶᠠᠩ | ᠪᠠᠯᠭᠠᠰᠤ ᠶᠢᠨ ᠭᠤᠤᠯ ᠬᠡᠤᠬᠡᠳ ᠤᠨ ᠴᠡᠴᠡᠷᠯᠢᠭ ᠤᠨ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠴᠡᠴᠡᠷᠯᠢᠭ | ᠪᠠᠶᠢᠭᠤᠯᠬᠤ ᠶᠢ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠵᠥᠪᠰᠢᠶᠡᠷᠡᠨ ᠣᠷᠣᠭᠤᠯᠬᠤ ᠶᠢ | ᠴᠢᠩᠳᠠᠯᠠᠵᠤ᠂ ᠬᠢᠨᠠᠨ ᠬᠠᠮᠢᠶᠠᠷᠬᠤ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠤᠨ᠂ ︽ᠪᠠᠭ᠎ᠠ | ᠰᠤᠷᠭᠠᠭᠤᠯᠢᠴᠢᠯᠠᠭᠰᠠᠨ︾ ᠬᠡᠤᠬᠡᠳ ᠤᠨ ᠴᠡᠴᠡᠷᠯᠢᠭ ᠡᠷᠭᠢᠯᠡᠬᠦ ᠬᠠᠨᠳᠤᠰᠢ ᠶᠢ ᠵᠠᠯᠠᠷᠠᠭᠤᠯᠤᠨ᠎ᠠ᠃ | ᠬᠤᠶᠠᠷ ᠲᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠦᠯᠬᠦ | ᠢᠨᠵᠧᠨᠧᠷᠢᠩ ᠢ ᠬᠡᠷᠡᠭᠵᠢᠭᠦᠯᠦᠨ᠎ᠡ᠃ ᠰᠤᠷᠭᠠᠭᠤᠯᠢ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠡᠯ᠎ᠡ ᠲᠥᠷᠥᠯ ᠤᠨ | ᠰᠤᠷᠭᠠᠨ ᠬᠥᠮᠦᠵᠢᠯ ᠤᠨ ᠲᠤᠰᠬᠠᠶ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠵᠡᠭᠦᠨ ᠡᠮᠦᠨ᠎ᠡ ᠨᠢᠭᠡ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ | ᠰᠤᠷᠭᠠᠭᠤᠯᠢ ᠶᠢ ᠲᠥᠯᠥᠪᠵᠢᠭᠦᠯᠦᠨ ᠪᠠᠶᠢᠭᠤᠯᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠳᠤ ᠨᠠᠩ ᠣᠯᠠᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠩᠭᠠᠨ᠎ᠠ︔ ᠬᠥᠳᠡᠭᠡ | ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ᠂ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ | ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ | ᠪᠠᠶᠢᠷᠢᠰᠢᠯ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠰᠤᠷᠤᠭᠴᠢᠳ ᠲᠤ ᠲᠥᠪ ᠭᠤᠣᠯᠴᠢ ᠪᠥᠭᠡᠳ ᠴᠢᠨᠠᠷ | ᠴᠢᠨᠰᠠᠭ᠎ᠠ ᠲᠠᠢ ᠰᠤᠷᠭᠠᠨ ᠬᠥᠮᠦᠵᠢᠯ ᠢ ᠬᠠᠩᠭᠠᠨ᠎ᠠ᠃ ᠡᠬᠢ ᠪᠠᠶᠠᠯᠢᠭ ᠤᠨ ᠲᠤᠬᠢᠷᠠᠭᠤᠯᠤᠯᠳᠠ ᠶᠢ ᠲᠡᠭᠦᠯᠳᠡᠷᠵᠢᠭᠦᠯᠦᠨ᠎ᠡ | ᠃ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠲᠠᠯ᠎ᠠ ᠪᠠ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ | ᠭᠦᠨᠵᠡᠭᠡᠶ ᠳᠥᠯᠭᠢᠨ ᠠᠬᠢᠭᠤᠯᠬᠤ ᠬᠡᠷᠡᠭᠵᠢᠭᠦᠯᠬᠦ ᠲᠥᠰᠦᠯ︾ ︵ᠥᠪᠥᠷ ᠰᠤᠷᠭᠠᠨ ᠬᠥᠮᠦᠵᠢᠯ ᠡᠳ᠋ ᠦᠰᠦᠭ ﹇ | 2021﹈ 84 ᠳ᠋ᠤᠭᠡᠷ ᠲᠣᠭᠠᠲᠤ︶ ᠶᠣᠰᠣᠭᠠᠷ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠬᠤᠰᠢᠭᠤ ᠰᠢᠶᠠᠨ ᠢ ᠦᠨᠡᠯᠡᠨ ᠵᠢᠱᠢᠵᠦ ᠰᠢᠯᠭᠠᠨ ᠠᠪᠬᠤ ᠶᠢ | ᠤᠭᠲᠤᠬᠤ ᠪᠠᠷ ᠠᠵᠠ ᠲᠣᠬᠢᠶᠠᠯ ᠪᠣᠯᠭᠠᠵᠤ᠂ ᠪᠥᠬᠦ ᠬᠤᠰᠢᠭᠤᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ | ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ | ᠭᠤᠤᠯᠳᠠᠯᠭ᠎ᠠ ᠲᠠᠢ ᠡᠭᠦᠷᠭᠡ ᠶᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠡᠷᠬᠡ ᠲᠡᠭᠰᠢ ᠬᠥᠭᠵᠢᠯᠲᠡ ᠶᠢ ᠪᠠᠲᠤᠯᠠᠨ ᠠᠬᠢᠭᠤᠯᠵᠤ᠂ 2022 ᠣᠨ ᠳᠤ ᠤᠯᠤᠰ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠦᠨᠡᠯᠡᠨ ᠵᠢᠱᠢᠵᠦ ᠰᠢᠯᠭᠠᠨ | ᠠᠪᠬᠤ ᠶᠢ ᠪᠠᠲᠤᠯᠠᠨ᠎ᠠ᠃ ︽ᠬᠤᠶᠠᠷ ᠢ ᠪᠠᠭᠠᠰᠬᠠᠬᠤ︾ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ︽ᠳᠠᠰᠬᠠᠯ ᠬᠢᠬᠦ᠂ ᠤᠨᠲᠠᠬᠤ᠂ ᠭᠠᠷ ᠤᠲᠠᠰᠤ᠂ ᠤᠩᠰᠢᠬᠤ | ᠪᠢᠴᠢᠭ᠂ ᠪᠡᠶ᠎ᠡ ᠮᠠᠬᠠᠪᠣᠳ︾ ᠵᠡᠷᠭᠡ ᠲᠠᠪᠤᠨ ᠵᠦᠢᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠪᠠᠷ ᠳᠠᠮᠵᠢᠭᠤᠯᠤᠨ᠂ | ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠢᠳᠡᠪᠬᠢᠲᠡᠶ ᠥᠷᠨᠢᠭᠦᠯᠬᠦ ᠪᠠ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠢ ᠴᠢᠩᠭ᠎ᠠ ᠵᠢᠷᠤᠮᠵᠢᠭᠤᠯᠬᠤ ᠭᠤᠷᠪᠠᠨ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ | ᠵᠢᠷᠤᠮᠵᠢᠭᠤᠯᠵᠤ᠂ ︽ᠬᠤᠶᠠᠷ ᠢ ᠪᠠᠭᠠᠰᠬᠠᠬᠤ︾ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠲᠦᠯᠬᠢᠨ | ᠠᠬᠢᠭᠤᠯᠤᠨ᠎ᠠ᠃ | ᠭᠤᠷᠪᠠ ᠳᠤ᠂ ᠥᠨᠳᠥᠷ ᠳᠤᠮᠳᠠᠳᠤ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠦᠨ᠎ᠡ᠃ ᠵᠢᠭᠠᠨ ᠰᠤᠷᠭᠠᠯᠲᠠ ᠶᠢᠨ ᠵᠤᠷᠰᠢᠯ ᠢ ᠴᠢᠩᠭ᠎ᠠ ᠠᠳᠬᠤᠨ᠎ᠠ᠃ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠲᠥᠰᠦᠯ ᠤᠨ ᠶᠣᠰᠣᠭᠠᠷ᠂ ᠬᠢᠴᠢᠶᠡᠯ ᠤᠨ ᠲᠥᠯᠥᠪᠯᠡᠭᠡ ᠶᠢ ᠴᠢᠩᠭ᠎ᠠ | ᠵᠢᠷᠤᠮᠯᠠᠨ᠂ ᠬᠢᠴᠢᠶᠡᠯ ᠲᠥᠷᠥᠯ ᠢ ᠪᠦᠷᠢᠨ ᠨᠡᠭᠡᠭᠡᠵᠦ᠂ ᠬᠢᠴᠢᠶᠡᠯ ᠤᠨ ᠴᠠᠭ ᠢ ᠭᠦᠢᠴᠡᠳ ᠨᠡᠭᠡᠭᠡᠵᠦ᠂ ᠬᠢᠴᠢᠶᠡᠯ ᠢ | ᠰᠠᠶᠢᠲᠤᠷ ᠨᠡᠭᠡᠭᠡᠵᠦ᠂ ᠶᠡᠷᠦᠩᠬᠡᠶᠢᠯᠡᠭᠰᠡᠨ ᠦᠢᠯᠡᠳᠤᠯᠭᠡ᠂ ᠲᠠᠭᠤ ᠲᠠᠮᠢᠷ ᠭᠤᠸ᠎ᠠ ᠰᠠᠶᠢᠬᠠᠨ ᠵᠡᠷᠭᠡ ᠬᠢᠴᠢᠶᠡᠯ ᠢ | ᠨᠡᠭᠡᠭᠡᠬᠦ ᠪᠠ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃ ︽ᠬᠢᠴᠢᠶᠡᠯ ᠪᠡᠯᠡᠳᠬᠡᠬᠦ ᠳᠡᠭᠡᠨ ᠨᠠᠷᠢᠨ᠂ ᠬᠢᠴᠢᠶᠡᠯ | ᠣᠷᠣᠬᠤ ᠳᠠᠭᠠᠨ ᠪᠣᠳᠠᠲᠠᠶ᠂ ᠳᠠᠰᠬᠠᠯ ᠬᠢᠬᠦ ᠳᠡᠭᠡᠨ ᠴᠠᠭᠠᠷᠠᠭᠰᠠᠨ᠂ ᠬᠠᠪᠰᠤᠷᠤᠨ ᠵᠢᠯᠣᠭᠤᠳᠬᠤ ᠳᠠᠭᠠᠨ ᠠᠮᠢᠳᠤᠯᠢᠭ᠂ | ᠰᠢᠯᠭᠠᠯᠲᠠ ᠴᠢᠩᠭ᠎ᠠ᠂ ᠦᠨᠡᠯᠡᠯᠲᠡ ᠣᠨᠣᠪᠴᠢᠲᠠᠶ︾ ᠪᠠᠶᠢᠬᠤ ᠡᠩ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠰᠤᠷᠤᠯᠴᠠᠬᠤ ᠪᠠᠷ ᠵᠢᠭᠠᠨ ᠰᠤᠷᠭᠠᠬᠤ ᠶᠢ ᠲᠣᠭᠲᠠᠭᠠᠵᠤ᠂ ᠰᠣᠷᠣᠭᠰᠠᠨ ᠢᠶᠠᠷ ᠵᠢᠭᠠᠨ | ᠰᠤᠷᠭᠠᠬᠤ︾ ᠶᠢ ᠪᠠᠷᠢᠮᠲᠠᠯᠠᠨ᠂ ︽ᠵᠢᠭᠠᠨ ᠰᠤᠷᠭᠠᠬᠤ ᠪᠠᠷ ᠤᠳᠤᠷᠢᠳᠤᠮᠵᠢ ᠪᠣᠯᠭᠠᠬᠤ᠂ ᠰᠤᠷᠤᠯᠴᠠᠬᠤ ᠪᠠᠷ ᠭᠤᠤᠯ | ᠴᠣᠭᠴᠠ ᠪᠣᠯᠭᠠᠬᠤ᠂ ᠪᠣᠯᠪᠠᠰᠤᠷᠠᠬᠤ ᠪᠠᠷ ᠭᠤᠤᠯ ᠰᠢᠵᠢᠮ ᠪᠣᠯᠭᠠᠬᠤ᠂ ᠰᠡᠵᠢᠭᠯᠡᠬᠦ ᠪᠠᠷ ᠭᠤᠤᠯ ᠲᠡᠩᠭᠡᠯᠢᠭ ᠪᠣᠯᠭᠠᠬᠤ︾ | ᠵᠠᠷᠴᠢᠮ ᠢ ᠵᠢᠷᠤᠮᠯᠠᠵᠤ᠂ ᠠᠬᠤᠶ ᠪᠠᠶᠢᠳᠠᠯ᠂ ᠠᠰᠠᠭᠤᠳᠠᠯ ᠢᠶᠠᠷ ᠤᠳᠤᠷᠢᠳᠤᠮᠵᠢ ᠪᠣᠯᠭᠠᠭᠰᠠᠨ ᠬᠠᠷᠢᠯᠴᠠᠨ | ᠬᠥᠳᠡᠯᠦᠯᠴᠡᠬᠦ ᠬᠡᠯᠪᠡᠷᠢ᠂ ᠰᠡᠩᠬᠡᠷᠡᠭᠦᠯᠬᠦ ᠬᠡᠯᠪᠡᠷᠢ᠂ ᠰᠦᠪᠡᠭᠴᠢᠯᠡᠬᠦ ᠬᠡᠯᠪᠡᠷᠢ᠂ ᠣᠶᠢᠯᠠᠭᠠᠬᠤ ᠬᠡᠯᠪᠡᠷᠢ ᠵᠡᠷᠭᠡ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠢᠳᠡᠪᠬᠢᠲᠡᠶ ᠪᠠᠷ ᠰᠦᠪᠡᠭᠴᠢᠯᠡᠨ ᠦᠢᠯᠡᠳᠤᠯᠭᠡᠵᠢᠭᠦᠯᠵᠤ᠂ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢᠨ ᠰᠡᠳᠬᠢᠴᠡ ᠪᠠ ᠦᠨᠳᠦᠰᠦᠨ ᠵᠠᠭᠪᠤᠷ ᠢ ᠪᠣᠶ ᠪᠣᠯᠭᠠᠨ᠎ᠠ᠃ ᠵᠢᠭᠠᠨ | ᠰᠤᠷᠭᠠᠯᠲᠠ ᠶᠢᠨ ᠰᠤᠳᠤᠯᠭᠠᠨ ᠢ ᠴᠢᠩᠭᠠᠳᠬᠠᠨ᠎ᠠ᠃ ︽ᠰᠢᠨ᠎ᠡ ᠴᠠᠭ ᠦᠶ᠎ᠡ ᠳᠤ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠢ ᠭᠦᠨᠵᠡᠭᠡᠶ ᠰᠤᠷᠤᠯᠴᠠᠨ | ᠲᠤᠤᠱᠯᠠᠭᠤᠯᠵᠤ᠂ ᠵᠢᠭᠠᠨ ᠰᠤᠳᠤᠯᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠨ᠎ᠠ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠩᠭᠤᠵᠢᠭᠰᠠᠨ ᠵᠢᠭᠠᠨ ᠰᠤᠷᠭᠠᠯᠲᠠ ᠰᠤᠳᠤᠯᠭᠠᠨ ᠤ ᠠᠵᠢᠯᠯᠠᠭ᠎ᠠ ᠶᠢᠨ | ᠰᠢᠰᠲ᠋ᠧᠮ ᠢ ᠪᠠᠶᠢᠭᠤᠯᠵᠤ᠂ ᠵᠢᠭᠠᠨ ᠰᠤᠷᠭᠠᠯᠲᠠ ᠰᠤᠳᠤᠯᠭᠠᠨ ᠤ ᠠᠵᠢᠯᠯᠠᠭ᠎ᠠ ᠶᠢᠨ ᠲᠦᠷᠢᠮ᠂ ᠬᠠᠮᠲᠤ ᠪᠠᠷ ᠬᠢᠴᠢᠶᠡᠯ | ᠪᠡᠯᠡᠳᠬᠡᠬᠦ ᠲᠦᠷᠢᠮ᠂ ᠬᠢᠴᠢᠶᠡᠯ ᠰᠣᠨᠣᠰᠴᠤ ᠬᠢᠴᠢᠶᠡᠯ ᠦᠨᠡᠯᠡᠬᠦ ᠲᠦᠷᠢᠮ᠂ ᠵᠢᠭᠠᠨ ᠰᠤᠷᠭᠠᠯᠲᠠ ᠰᠤᠳᠤᠯᠭᠠᠨ ᠤ | ᠦᠷ᠎ᠡ ᠪᠦᠲᠦᠭᠡᠯ ᠢ ᠱᠠᠩᠨᠠᠬᠤ ᠲᠦᠷᠢᠮ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠯᠠᠭ᠎ᠠ ᠶᠢᠨ ᠪᠠᠲᠤᠯᠠᠭ᠎ᠠ ᠶᠢᠨ ᠲᠦᠷᠢᠮ ᠢ ᠪᠦᠷᠢᠨᠰᠢᠬᠦᠯᠦᠨ᠎ᠠ᠃ ᠰᠢᠨ᠎ᠡ ︽ᠬᠢᠴᠢᠶᠡᠯ ᠤᠨ ᠪᠠᠷᠢᠮᠵᠢᠶ᠎ᠠ︾ ︽ | ᠬᠢᠴᠢᠶᠡᠯ ᠤᠨ ᠲᠥᠰᠦᠯ︾ ᠤᠨ ᠰᠤᠷᠤᠯᠴᠠᠯᠭ᠎ᠠ ᠰᠤᠳᠤᠯᠭᠠᠨ ᠢ ᠴᠢᠩᠭᠠᠳᠬᠠᠵᠤ᠂ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠰᠤᠷᠤᠯᠭ᠎ᠠ ᠶᠢᠨ ᠬᠢᠷᠢ ᠬᠡᠮᠵᠢᠶ᠎ᠡ ᠶᠢᠨ | ᠰᠢᠯᠭᠠᠯᠲᠠ᠂ ᠥᠨᠳᠥᠷ ᠳᠤᠮᠳᠠᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢ ᠵᠣᠯᠭᠠᠭᠤᠯᠬᠤ ᠰᠤᠳᠤᠯᠭᠠᠨ ᠢ | ᠴᠢᠩᠭᠠᠳᠬᠠᠨ᠂ ᠰᠤᠷᠭᠠᠭᠤᠯᠢ ᠶᠢᠨ ᠳᠣᠲᠣᠭᠠᠳᠤ ᠶᠢᠨ ᠰᠤᠳᠤᠯᠤᠨ ᠶᠠᠷᠢᠯᠴᠠᠬᠤ ᠬᠢᠴᠢᠶᠡᠯ᠂ ᠦᠵᠡᠭᠦᠯᠦᠯᠭᠡ ᠶᠢᠨ | ᠬᠢᠴᠢᠶᠡᠯ᠂ ᠢᠯᠡ ᠬᠢᠴᠢᠶᠡᠯ᠂ ᠵᠢᠱᠢᠶ᠎ᠡ ᠦᠵᠡᠭᠦᠯᠬᠦ ᠬᠢᠴᠢᠶᠡᠯ᠂ ᠵᠢᠭᠠᠨ ᠰᠤᠷᠭᠠᠯᠲᠠ ᠶᠢᠨ ᠲᠠᠶᠢᠯᠤᠮᠵᠢ ᠵᠡᠷᠭᠡ | ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠪᠥᠬᠦ ᠠᠵᠢᠯᠲᠠᠨ ᠢᠶᠠᠷ ᠢᠶᠠᠨ ᠣᠷᠣᠯᠴᠠᠵᠤ᠂ ᠬᠠᠷᠢᠯᠴᠠᠨ ᠰᠤᠷᠤᠯᠴᠠᠵᠤ᠂ | ᠬᠠᠷᠢᠯᠴᠠᠨ ᠰᠣᠯᠢᠯᠴᠠᠵᠤ᠂ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠪᠠᠨ ᠬᠠᠮᠲᠤᠪᠠᠷ ᠳᠡᠭᠡᠭᠰᠢᠯᠡᠭᠦᠯᠵᠦ᠂ ᠵᠢᠭᠠᠨ | ᠰᠤᠷᠭᠠᠯᠲᠠ ᠶᠢᠨ ᠴᠢᠳᠠᠪᠤᠷᠢ ᠪᠠ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠰᠤᠳᠤᠯᠭᠠᠨ ᠢ ᠴᠢᠩᠭᠠᠳᠬᠠᠵᠤ᠂ | ᠰᠢᠯᠭᠠᠯᠲᠠ ᠶᠢᠨ ᠬᠥᠳᠡᠯᠦᠯ ᠪᠠᠶᠢᠳᠠᠯ ᠪᠠ ᠰᠡᠳᠦᠪ ᠭᠠᠷᠭᠠᠬᠤ ᠴᠢᠭᠯᠡᠯ ᠢ ᠦᠨᠳᠦᠰᠦᠯᠡᠨ ᠰᠢᠯᠭᠠᠯᠲᠠ ᠳᠤ ᠪᠡᠯᠡᠳᠬᠡᠬᠦ | ᠲᠥᠰᠦᠯ ᠢ ᠴᠠᠭ ᠲᠤ ᠨᠢ ᠳᠣᠭᠢᠷᠠᠭᠤᠯᠤᠨ ᠲᠡᠭᠦᠯᠳᠡᠷᠵᠢᠭᠦᠯᠵᠦ᠂ ᠣᠷᠣᠨ ᠤ ᠳᠣᠲᠣᠷ᠎ᠠ ᠭᠠᠳᠠᠨᠠᠬᠢ ᠨᠠᠷᠠᠲᠤ | ᠰᠤᠷᠭᠠᠭᠤᠯᠢ ᠯᠤᠭ᠎ᠠ ᠵᠣᠯᠭᠠᠭᠤᠯᠤᠨ ᠰᠤᠳᠤᠯᠤᠨ ᠶᠠᠷᠢᠯᠴᠠᠬᠤ ᠶᠢ ᠢᠳᠡᠪᠬᠢᠲᠡᠶ ᠬᠢᠵᠦ᠂ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ᠂ ᠰᠢᠯᠭᠠᠯᠲᠠ ᠳᠤ ᠪᠡᠯᠡᠳᠬᠡᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠤᠷᠭᠠᠭᠤᠯᠢ ᠶᠢ ᠬᠠᠮᠲᠤᠷᠠᠨ ᠵᠠᠰᠠᠬᠤ ᠶᠢ ᠬᠡᠷᠡᠭᠵᠢᠭᠦᠯᠪᠡ᠃ ᠵᠢᠨᠢᠩ ᠤᠨ | ᠪᠠᠭᠰᠢ ᠶᠢᠨ ᠳᠡᠭᠡᠳᠦ ᠰᠤᠷᠭᠠᠭᠤᠯᠢ ᠶᠢᠨ ᠬᠦᠴᠦᠷᠬᠡᠭ ᠶᠡᠭᠡ ᠪᠠᠭᠰᠢ ᠶᠢᠨ ᠨᠥᠭᠡᠴᠡ ᠪᠠ ᠵᠢᠭᠠᠨ ᠰᠤᠳᠤᠯᠬᠤ | ᠴᠢᠳᠠᠪᠤᠷᠢ ᠳᠤ ᠲᠦᠰᠢᠭᠯᠡᠨ᠂ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢ ᠵᠢᠨᠢᠩ ᠤᠨ ᠪᠠᠭᠰᠢ ᠶᠢᠨ | ᠳᠡᠭᠡᠳᠦ ᠰᠤᠷᠭᠠᠭᠤᠯᠢ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠷᠢᠶᠠᠲᠤ ᠳᠤᠮᠳᠠᠳᠤ ᠰᠤᠷᠭᠠᠭᠤᠯᠢ | ᠪᠣᠯᠭᠠᠨ ᠥᠭᠡᠷᠡᠴᠢᠯᠡᠨ ᠪᠠᠶᠢᠭᠤᠯᠵᠤ᠂ ᠬᠠᠮᠲᠤᠷᠠᠨ ᠰᠤᠷᠭᠠᠭᠤᠯᠢ ᠡᠷᠬᠢᠯᠡᠬᠦ ᠶᠢ ᠬᠡᠷᠡᠭᠵᠢᠭᠦᠯᠦᠨ᠎ᠡ᠃ ᠵᠢᠨᠢᠩ | ᠪᠠᠭᠰᠢ ᠶᠢᠨ ᠳᠡᠭᠡᠳᠦ ᠰᠤᠷᠭᠠᠭᠤᠯᠢ ᠬᠠᠮᠢᠶᠠᠷᠤᠯᠲᠠ ᠶᠢᠨ ᠠᠵᠢᠯᠲᠠᠨ ᠵᠢᠴᠢ ᠨᠠᠷᠠᠲᠤ ᠪᠠᠭᠰᠢ ᠶᠢ ᠲᠣᠮᠢᠯᠠᠵᠤ᠂ | ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠶᠢᠨ ᠲᠦᠷᠭᠡᠨ ᠪᠤᠶᠢᠵᠢᠯᠲᠠ ᠶᠢ ᠠᠬᠢᠭᠤᠯᠤᠨ᠂ | ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠦᠬᠦᠯᠢ ᠴᠣᠭᠴᠠ ᠶᠢᠨ ᠰᠤᠷᠭᠠᠭᠤᠯᠢ ᠡᠷᠭᠢᠯᠡᠬᠦ ᠬᠢᠷᠢ | ᠲᠦᠪᠰᠢᠨ ᠢ ᠳᠡᠭᠡᠭᠰᠢᠯᠡᠭᠦᠯᠵᠦ᠂ ︽ᠳᠣᠤᠷ᠎ᠠ ᠱᠠᠲᠤᠨ ᠳᠤ ᠣᠷᠣᠭᠤᠯᠵᠤ ᠥᠨᠳᠥᠷ ᠱᠠᠲᠤᠨ ᠳᠤ ᠭᠠᠷᠭᠠᠬᠤ᠂ ᠳᠡᠭᠡᠳᠦ | ᠱᠠᠲᠤᠨ ᠳᠤ ᠣᠷᠣᠭᠤᠯᠵᠤ ᠰᠢᠯᠢᠳᠡᠭ ᠱᠠᠲᠤᠨ ᠳᠤ ᠭᠠᠷᠭᠠᠬᠤ︾ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ | ᠲᠦᠷᠪᠡ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠨᠴᠠᠯᠢᠭᠳᠤ ᠬᠥᠭᠵᠢᠯᠲᠡ ᠶᠢᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠮᠣ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠰᠡᠳᠬᠢᠴᠡ ᠶᠣᠰᠣᠭᠠᠷ᠂ ᠲᠥᠪ᠂ ᠥᠪᠡᠷᠲᠡᠭᠡᠨ ᠵᠠᠰᠠᠬᠤ ᠣᠷᠣᠨ ᠤ ᠱᠠᠲᠤᠨ ᠤ | ᠡᠳ᠋ ᠤᠨ ᠵᠠᠰᠠᠭ ᠠᠴᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠳᠡᠮᠵᠢᠬᠦ ᠰᠠᠭᠤᠷᠢ | ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠶ ᠰᠦᠪᠡᠭᠴᠢᠯᠡᠨ ᠤᠯᠬᠤ ᠪᠠ | ᠬᠡᠷᠡᠭᠵᠢᠭᠦᠯᠵᠦ᠂ ᠬᠤᠰᠢᠭᠤᠨ ᠤ ᠬᠡᠪᠴᠢᠶᠡᠨ ᠳᠠᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ | ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠰᠠᠶᠢᠲᠤᠷ ᠪᠥᠲᠥᠭᠡᠨ ᠪᠠᠶᠢᠭᠤᠯᠤᠨ᠎ᠠ᠃ | ᠭᠤᠣᠯᠯᠠᠭᠴᠢ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠮᠢᠴᠡ ᠣᠨᠴᠠᠯᠢᠭ ᠲᠠᠢ ᠲᠤᠰᠬᠠᠶ | ᠮᠡᠷᠭᠡᠵᠢᠯ ᠤᠨ ᠪᠠᠶᠢᠭᠤᠯᠤᠯᠲᠠ ᠶᠢ ᠳᠣᠪᠤᠶᠢᠯᠭᠠᠵᠤ᠂ ᠣᠲᠣ ᠶᠢᠨ ᠪᠠᠶᠢᠭ᠎ᠠ ᠰᠠᠭᠤᠷᠢᠨ ᠳᠡᠭᠡᠷ᠎ᠡ ᠲᠤᠰᠬᠠᠶ ᠮᠡᠷᠭᠡᠵᠢᠯ ᠤᠨ | ᠰᠦᠷᠦᠭᠵᠢᠯ ᠢ ᠲᠠᠰᠤᠷᠠᠯᠲᠠ ᠥᠬᠡᠶ ᠥᠷᠭᠡᠳᠬᠡᠨ᠎ᠡ᠃ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ | ᠬᠥᠮᠦᠵᠢᠭᠦᠯᠬᠦ ᠥᠭᠡᠷᠡᠴᠢᠯᠡᠯᠲᠡ ᠶᠢ ᠲᠦᠷᠭᠡᠳᠬᠡᠵᠦ᠂ ᠦᠢᠯᠡᠴᠢᠯᠡᠭᠡᠨ ᠤ ᠴᠢᠭᠯᠡᠯ ᠢ ᠳᠣᠭᠢᠷᠠᠭᠤᠯᠤᠨ ᠡᠵᠡᠮᠳᠡᠵᠦ᠂ | ᠣᠷᠣᠨ ᠨᠤᠲᠤᠭ ᠤᠨ ᠠᠵᠤ ᠦᠢᠯᠡᠰ ᠤᠨ ︽ᠴᠢᠳᠠᠪᠤᠷᠢᠲᠠᠨ ᠤ ᠬᠡᠯᠬᠢᠶ᠎ᠡ︾ ᠶᠢ ᠪᠣᠶ ᠪᠣᠯᠭᠠᠨ᠂ ︽ᠠᠵᠤ | ᠦᠢᠯᠡᠰ ᠤᠨ ᠬᠡᠯᠬᠢᠶ᠎ᠡ︾ ᠶᠢ ᠵᠣᠯᠭᠠᠭᠤᠯᠵᠤ᠂ ᠥᠪᠡᠷᠮᠢᠴᠡ ᠣᠨᠴᠠᠯᠢᠭ ᠲᠠᠢ ︽ᠲᠤᠰᠬᠠᠶ ᠮᠡᠷᠭᠡᠵᠢᠯ ᠤᠨ ᠬᠡᠯᠬᠢᠶ᠎ᠡ︾ | ᠶᠢ ᠪᠣᠶ ᠪᠣᠯᠭᠠᠨ᠎ᠠ᠃ ︽ᠠᠵᠤ ᠠᠬᠤᠶᠢᠯᠠᠯ ᠢ ᠲᠠᠲᠠᠵᠤ ᠰᠤᠷᠭᠠᠭᠤᠯᠢ ᠳᠤ ᠣᠷᠣᠭᠤᠯᠬᠤ︾ ︽ᠰᠤᠷᠭᠠᠭᠤᠯᠢ ᠶᠢ | ᠠᠵᠤ ᠠᠬᠤᠶᠢᠯᠠᠯ ᠳᠤ ᠣᠷᠣᠭᠤᠯᠬᠤ ᠶᠢ ᠠᠬᠢᠭᠤᠯᠬᠤ︾ ᠶᠢ ᠰᠦᠪᠡᠭᠴᠢᠯᠡᠨ ᠬᠡᠷᠡᠭᠵᠢᠭᠦᠯᠵᠦ᠂ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠯᠴᠠᠭᠠᠨ ᠤ ᠲᠠᠰᠤᠭ ᠢ ᠪᠠᠶᠢᠭᠤᠯᠤᠨ᠂ ᠠᠵᠤ ᠠᠬᠤᠶᠢᠯᠠᠯ ᠯᠤᠭ᠎ᠠ ᠵᠠᠪᠰᠠᠷ ᠥᠬᠡᠶ | ᠵᠣᠯᠭᠠᠭᠤᠯᠬᠤ ᠶᠢ ᠪᠡᠶᠡᠯᠡᠭᠦᠯᠦᠨ᠎ᠡ᠃ ᠬᠥᠮᠦᠨ ᠬᠡᠷᠡᠭᠯᠡᠬᠦ ᠲᠣᠭᠲᠠᠴᠠ ᠶᠢᠨ ᠥᠭᠡᠷᠡᠴᠢᠯᠡᠯᠲᠡ ᠶᠢ ᠲᠦᠷᠭᠡᠳᠬᠡᠨ᠎ᠡ᠃ | ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠪᠠᠭᠰᠢ ᠶᠢᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ︽ᠬᠤᠤᠰ ᠪᠠᠭᠰᠢ ᠶᠢᠨ ᠬᠡᠯᠪᠡᠷᠢ︾ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠰᠤᠳᠤᠯᠬᠤ ᠵᠢᠭᠠᠨ ᠰᠤᠷᠭᠠᠬᠤ ᠥᠭᠡᠷᠡᠴᠢᠯᠡᠯᠲᠡ ᠶᠢᠨ | ᠠᠵᠢᠯ ᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠵᠠᠬᠢᠷᠤᠯ ᠪᠠᠭᠰᠢ ᠶᠢᠨ ᠪᠥᠬᠦ ᠠᠵᠢᠯᠲᠠᠨ ᠤ | ᠪᠣᠯᠪᠠᠰᠤᠷᠠᠭᠤᠯᠤᠯ ᠪᠠ ᠪᠠᠭᠰᠢ ᠶᠢᠨ ᠠᠵᠤ ᠠᠬᠤᠶᠢᠯᠠᠯ ᠤᠨ ᠦᠢᠯᠡᠳᠤᠯᠭᠡ ᠶᠢᠨ ᠲᠦᠷᠢᠮ ᠢ ᠨᠠᠶᠢᠳᠠᠪᠤᠷᠢᠵᠢᠭᠤᠯᠤᠨ᠂ | ᠠᠵᠢᠯ ᠮᠡᠷᠭᠡᠵᠢᠯ ᠤᠨ ᠰᠤᠷᠭᠠᠭᠤᠯᠢ ᠶᠢᠨ ︽ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠪᠠ ︽ᠤᠷᠠᠨ ᠳᠠᠷᠬᠠᠨ ᠤ | ᠠᠵᠢᠯᠯᠠᠬᠤ ᠲᠠᠰᠤᠭ︾ ᠢ ᠪᠠᠶᠢᠭᠤᠯᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ | ᠲᠥᠯᠥᠪᠯᠡᠭᠡ ᠶᠢ ᠬᠡᠷᠡᠭᠵᠢᠭᠦᠯᠦᠨ᠎ᠡ᠃ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ᠂ ᠠᠵᠢᠯ ᠣᠯᠭᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠯᠴᠠᠬᠤ ᠶᠢ ᠴᠢᠩᠭᠠᠳᠬᠠᠵᠤ᠂ ᠥᠷᠭᠡᠨ | ᠣᠯᠠᠨ ᠠᠵᠢᠯ ᠬᠥᠳᠡᠯᠮᠦᠷᠢ ᠬᠢᠭᠰᠡᠳ ᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ᠂ ᠠᠵᠢᠯ ᠮᠡᠷᠭᠡᠵᠢᠯ ᠤᠨ ᠵᠢᠯᠣᠭᠤᠳᠣᠯᠭ᠎ᠠ ᠪᠠ ᠦᠢᠯᠡᠰ | ᠴᠣᠭᠴᠠᠯᠠᠬᠤ ᠰᠤᠷᠭᠠᠨ ᠬᠥᠮᠦᠵᠢᠯ ᠢ ᠴᠢᠩᠭᠠᠳᠬᠠᠨ᠂ ᠪᠥᠬᠦ ᠬᠤᠰᠢᠭᠤᠨ ᠤ ᠠᠵᠤ ᠦᠢᠯᠡᠰ ᠤᠨ ᠬᠥᠭᠵᠢᠯᠲᠡ ᠳᠤ | ᠤᠷ᠎ᠠ ᠴᠢᠳᠠᠪᠤᠷᠢᠲᠠᠨ ᠢ ᠬᠥᠮᠦᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠰᠠᠶᠢᠲᠤᠷ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦᠨ ᠨᠡᠮᠡᠷᠢᠯᠡᠨ᠎ᠡ᠃ | | ᠲᠠᠪᠤ ᠳᠤ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠪᠠᠭᠰᠢ ᠶᠢᠨ ᠶᠣᠰᠣ | ᠮᠣᠷᠠᠯ ᠤᠨ ᠰᠤᠷᠭᠠᠨ ᠬᠥᠮᠦᠵᠢᠯ ᠤᠨ ᠪᠠᠭᠰᠢ ᠶᠢᠨ ᠮᠣᠷᠠᠯ ᠤᠨ ᠵᠢᠷᠤᠮᠵᠢᠯ ᠢ ᠲᠡᠭᠦᠯᠳᠡᠷᠵᠢᠭᠦᠯᠵᠦ᠂ ᠪᠠᠭᠰᠢ ᠶᠢᠨ ᠶᠣᠰᠣ | ᠮᠣᠷᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ᠂ ᠤᠷᠲᠤ ᠬᠤᠭᠤᠴᠠᠭ᠎ᠠ ᠬᠦᠴᠦᠨ ᠲᠠᠢ ᠪᠠᠶᠢᠯᠭᠠᠬᠤ ᠶᠢ | ᠠᠬᠢᠭᠤᠯᠵᠤ᠂ ᠥᠷᠭᠡᠨ ᠤᠯᠠᠨ ᠪᠠᠭᠰᠢ ᠶᠢ ᠬᠦᠳᠦᠯᠦᠨ ᠵᠢᠯᠣᠭᠤᠳᠴᠤ ᠪᠠᠶᠢᠭᠠᠳ ᠶᠣᠰᠣ ᠰᠤᠷᠲᠠᠬᠤᠨ ᠢᠶᠠᠷ | ᠪᠡᠶ᠎ᠡ ᠪᠠᠨ ᠲᠣᠭᠲᠠᠨᠢᠭᠤᠯᠬᠤ᠂ ᠶᠣᠰᠣ ᠰᠤᠷᠲᠠᠬᠤᠨ ᠢᠶᠠᠷ ᠵᠢᠭᠠᠨ ᠰᠤᠷᠭᠠᠬᠤ᠂ ᠶᠣᠰᠣ ᠰᠤᠷᠲᠠᠬᠤᠨ ᠢᠶᠠᠷ ᠶᠣᠰᠣ | ᠰᠤᠷᠲᠠᠬᠤᠨ ᠢ ᠬᠥᠮᠦᠵᠢᠭᠦᠯᠬᠦ ᠶᠢ ᠤᠶᠠᠯᠳᠤᠭᠤᠯᠵᠤ᠂ ᠪᠢᠴᠢᠭ ᠵᠢᠭᠠᠬᠤ ᠪᠠ ᠬᠥᠮᠦᠨ ᠢ ᠬᠥᠮᠦᠵᠢᠭᠦᠯᠬᠦ ᠶᠢ ᠨᠢᠭᠡᠳᠬᠡᠬᠦ᠂ | ᠦᠭᠡ ᠶᠠᠷᠢᠶ᠎ᠠ ᠪᠠ ᠪᠡᠶ᠎ᠡ ᠪᠠᠷ ᠢᠶᠠᠨ ᠵᠢᠭᠠᠨ ᠰᠤᠷᠭᠠᠬᠤ ᠶᠢ ᠨᠢᠭᠡᠳᠬᠡᠬᠦ᠂ ᠨᠢᠭᠡ ᠰᠡᠳᠬᠢᠯ ᠢᠶᠠᠷ ᠠᠰᠠᠭᠤᠬᠤ ᠪᠠ | ᠨᠡᠶᠢᠭᠡᠮ ᠳᠤ ᠠᠩᠬᠠᠷᠤᠯ ᠲᠠᠯᠪᠢᠬᠤ ᠶᠢ ᠨᠢᠭᠡᠳᠬᠡᠬᠦ᠂ ᠡᠷᠳᠡᠮ ᠰᠢᠨᠵᠢᠯᠡᠭᠡᠨ ᠤ ᠡᠷᠬᠡ ᠴᠢᠯᠥᠭᠡ ᠪᠠ ᠡᠷᠳᠡᠮ | ᠰᠢᠨᠵᠢᠯᠡᠭᠡᠨ ᠤ ᠵᠢᠷᠤᠮᠵᠢᠯ ᠢ ᠨᠢᠭᠡᠳᠬᠡᠬᠦ ᠶᠢ ᠪᠠᠷᠢᠮᠲᠠᠯᠠᠵᠤ᠂ ︽ᠲᠦᠷᠪᠡ ᠶᠢ ᠪᠦᠷᠢᠳᠦᠭᠦᠯᠦᠭᠰᠡᠨ︾ ᠰᠠᠶᠢᠨ ᠪᠠᠭᠰᠢ | ᠪᠣᠯᠬᠤ ᠪᠠᠷ ᠴᠢᠷᠮᠠᠶᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠰᠤᠷᠤᠭᠴᠢᠳ ᠤᠨ ᠵᠠᠩ ᠰᠤᠷᠲᠠᠯ ᠢᠶᠠᠨ ᠳᠠᠪᠲᠠᠨ | ᠪᠣᠯᠪᠠᠰᠤᠷᠠᠭᠤᠯᠬᠤ᠂ ᠮᠡᠳᠡᠯᠭᠡ ᠰᠤᠷᠤᠯᠴᠠᠬᠤ᠂ ᠰᠢᠨ᠎ᠡ ᠶᠢ ᠡᠭᠦᠳᠬᠦ᠂ ᠡᠬᠡ ᠤᠯᠤᠰ ᠲᠠᠭᠠᠨ ᠬᠦᠴᠦ ᠪᠠᠨ ᠡᠷᠭᠦᠬᠦ | ᠵᠠᠮᠴᠢᠯᠠᠭᠴᠢ ᠪᠣᠯᠬᠤ ᠬᠡᠷᠡᠭᠲᠡᠢ᠃ ᠪᠠᠭᠰᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ᠂ ᠪᠠᠭᠰᠢ ᠶᠢᠨ | ᠮᠣᠷᠠᠯ ᠪᠠᠭᠰᠢ ᠶᠢᠨ ᠰᠤᠷᠲᠠᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠠᠭᠰᠢ ᠶᠢᠨ ᠮᠣᠷᠠᠯ ᠢ | ᠰᠢᠯᠭᠠᠨ ᠦᠨᠡᠯᠡᠬᠦ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠠᠮᠠᠯᠠᠯᠲᠠ ᠪᠠ ᠢᠲᠡᠭᠡᠯ ᠠᠯᠳᠠᠭᠰᠠᠳ ᠢ | ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢᠨ ᠮᠣᠷᠠᠯ ᠤᠨ ᠵᠢᠷᠤᠮᠵᠢᠯ ᠢᠶᠠᠨ ᠠᠯᠳᠠᠬᠤ᠂ | ᠡᠷᠳᠡᠮ ᠰᠢᠨᠵᠢᠯᠡᠭᠡᠨ ᠤ ᠲᠥᠪ ᠪᠤᠰᠤ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠪᠠᠭᠰᠢ ᠶᠢᠨ | ᠡᠩᠨᠡᠭᠡ ᠶᠢᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ ᠪᠠᠭᠰᠢ ᠶᠢ ᠣᠷᠣᠭᠤᠯᠤᠨ ᠠᠪᠴᠢᠷᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠪᠠᠭᠰᠢ ᠶᠢ ᠨᠥᠬᠦᠪᠥᠷᠢᠯᠡᠬᠦ ᠡᠷᠴᠢᠮ ᠢ ᠴᠢᠩᠭᠠᠷᠠᠭᠤᠯᠤᠨ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠳᠤ ᠬᠡᠪ ᠴᠢᠨᠠᠷ ᠢᠶᠠᠷ ᠪᠥᠬᠦ ᠲᠠᠯ᠎ᠠ ᠶᠢᠨ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ | ᠵᠢᠩᠬᠢᠨᠢ ᠠᠩᠭᠢ ᠶᠢᠨ ᠲᠠᠰ ᠳᠠᠪᠬᠤᠷᠭ᠎ᠠ ᠶᠢᠨ ᠪᠠᠭᠰᠢ ᠶᠢ ᠣᠷᠣᠭᠤᠯᠤᠨ ᠠᠪᠴᠢᠷᠠᠬᠤ ᠪᠠᠷ ᠭᠤᠤᠯᠳᠠᠯᠭ᠎ᠠ ᠪᠣᠯᠭᠠᠵᠤ᠂ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠲᠤᠰᠬᠠᠶ ᠮᠡᠷᠭᠡᠵᠢᠯ ᠢᠶᠠᠷ ᠲᠣᠪᠤᠶᠢᠮ᠎ᠠ᠂ ᠭᠦᠨ ᠵᠤᠵᠠᠭᠠᠨ ᠰᠠᠭᠤᠷᠢ | ᠪᠥᠬᠦᠶ ᠠᠰᠫᠢᠷᠠᠨᠲ ᠤᠨ ᠲᠠᠰ ᠳᠠᠪᠬᠤᠷᠭ᠎ᠠ ᠶᠢᠨ ᠪᠠᠭᠰᠢ ᠶᠢ ᠣᠷᠣᠭᠤᠯᠤᠨ ᠠᠪᠴᠢᠷᠠᠬᠤ ᠪᠠᠷ ᠭᠤᠤᠯᠳᠠᠯᠭ᠎ᠠ ᠪᠣᠯᠭᠠᠨ᠎ᠠ | ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠠᠵᠢᠯ ᠦᠢᠯᠡᠰ ᠤᠨ ᠨᠢᠭᠡᠴᠡ ᠶᠢᠨ ᠰᠢᠯᠭᠠᠨ ᠡᠯᠰᠡᠬᠦ᠂ ︽ | ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ︽ᠬᠥᠳᠡᠭᠡ ᠲᠣᠰᠬᠤᠨ ᠤ ᠣᠨᠴᠠᠭᠠᠶ ᠠᠵᠢᠯ ᠤᠨ ᠪᠠᠶᠢᠷᠢ ᠶᠢᠨ | ᠪᠠᠭᠰᠢ ᠶᠢᠨ ᠲᠥᠯᠥᠪᠯᠡᠭᠡ︾ ᠵᠡᠷᠭᠡ ᠣᠯᠠᠨ ᠵᠦᠢᠯ ᠤᠨ ᠠᠷᠭ᠎ᠠ ᠵᠠᠮ ᠵᠢᠴᠢ ᠳᠡᠭᠡᠳᠦ ᠵᠡᠷᠭᠡ ᠶᠢᠨ ᠰᠤᠷᠭᠠᠭᠤᠯᠢ ᠶᠢᠨ | ᠱᠠᠲᠤᠨ ᠠᠴᠠ ᠳᠣᠤᠷ᠎ᠠ ᠵᠡᠷᠭᠡ ᠶᠢᠨ ᠰᠤᠷᠭᠠᠭᠤᠯᠢ ᠶᠢᠨ ᠱᠠᠲᠤᠨ ᠳᠤ ᠠᠵᠢᠯ ᠤᠨ ᠪᠠᠶᠢᠷᠢ ᠰᠣᠯᠢᠵᠤ ᠪᠣᠯᠪᠠᠰᠤᠷᠠᠭᠤᠯᠬᠤ | ᠵᠡᠷᠭᠡ ᠬᠡᠯᠪᠡᠷᠢ ᠪᠠᠷ ᠳᠠᠮᠵᠢᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠪᠠ | ᠬᠡᠤᠬᠡᠳ ᠤᠨ ᠴᠡᠴᠡᠷᠯᠢᠭ ᠲᠤ ᠪᠠᠭᠰᠢ ᠨᠥᠬᠦᠪᠥᠷᠢᠯᠡᠨ᠎ᠡ᠃ ᠪᠠᠭᠰᠢ ᠶᠢᠨ ᠡᠩᠨᠡᠭᠡᠨ ᠤ ᠬᠠᠮᠢᠶᠠᠷᠤᠯᠲᠠ ᠶᠢ ᠰᠤᠷᠭᠠᠨ | ᠬᠥᠮᠦᠵᠢᠯ ᠤᠨ ᠠᠵᠢᠯᠲᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠤᠯᠠᠭᠠᠨᠴᠠᠪ | ᠬᠤᠲᠠ ᠶᠢᠨ ︿ᠰᠢᠶᠠᠨ ᠠᠴᠠ ᠰᠤᠷᠭᠠᠭᠤᠯᠢ ᠤᠷᠢᠬᠤ ᠶᠢ ᠬᠠᠮᠢᠶᠠᠷᠬᠤ﹀ ᠠᠵᠢᠯ ᠤᠨ ᠬᠡᠷᠡᠭᠵᠢᠭᠦᠯᠬᠦ ᠲᠥᠰᠦᠯ︾ | ᠶᠣᠰᠣᠭᠠᠷ᠂ ︽ᠰᠢᠶᠠᠨ ᠠᠴᠠ ᠰᠤᠷᠭᠠᠭᠤᠯᠢ ᠤᠷᠢᠬᠤ ᠶᠢ ᠬᠠᠮᠢᠶᠠᠷᠬᠤ︾ ᠠᠵᠢᠯ ᠢ ᠦᠷᠭᠦᠯᠵᠢᠯᠡᠨ ᠠᠬᠢᠭᠤᠯᠵᠤ᠂ | ᠬᠤᠰᠢᠭᠤᠨ ᠤ ᠬᠡᠪᠴᠢᠶᠡᠨ ᠳᠠᠬᠢ ᠪᠠᠭᠰᠢ ᠶᠢᠨ ᠵᠦᠶ ᠵᠣᠬᠢᠰᠲᠠᠶ ᠰᠢᠯᠵᠢᠬᠦ ᠶᠢ ᠠᠬᠢᠭᠤᠯᠤᠨ᠂ ᠣᠲᠣ ᠶᠢᠨ ᠪᠠᠶᠢᠭ᠎ᠠ | ᠪᠠᠭᠰᠢ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠬᠡᠷᠡᠭᠯᠡᠵᠦ ᠪᠠᠭᠰᠢ ᠶᠢ ᠲᠡᠩᠴᠡᠭᠦᠷᠢᠲᠡᠶ ᠳᠣᠭᠢᠷᠠᠭᠤᠯᠬᠤ ᠶᠢ | ᠪᠡᠶᠡᠯᠡᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠲᠤᠰᠬᠠᠶ ᠮᠡᠷᠭᠡᠵᠢᠯ ᠤᠨ ᠲᠤᠰᠢᠶᠠᠯ ᠳᠤ ᠤᠷᠢᠨ | ᠲᠣᠮᠢᠯᠠᠬᠤ ᠬᠠᠮᠢᠶᠠᠷᠤᠯᠲᠠ ᠶᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠲᠤᠰᠢᠶᠠᠯ ᠳᠤ | ᠤᠷᠢᠨ ᠲᠣᠮᠢᠯᠠᠬᠤ ᠲᠦᠷᠢᠮ ᠢ ᠲᠡᠭᠦᠯᠳᠡᠷᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠲᠤᠰᠬᠠᠢ | ᠮᠡᠷᠭᠡᠵᠢᠯ ᠤᠨ ᠠᠵᠢᠯ ᠤᠨ ᠪᠠᠶᠢᠷᠢ ᠳᠤ ᠱᠠᠳᠤ ᠬᠤᠪᠢᠶᠠᠨ ᠤᠷᠢᠨ ᠲᠣᠮᠢᠯᠠᠬᠤ ᠲᠦᠷᠢᠮ ᠢ ᠬᠡᠷᠡᠭᠵᠢᠭᠦᠯᠵᠦ᠂ | ᠰᠤᠷᠭᠠᠭᠤᠯᠢ ᠶᠢᠨ ᠬᠥᠮᠦᠨ ᠬᠡᠷᠡᠭᠯᠡᠬᠦ ᠲᠠᠯ᠎ᠠ ᠪᠠᠷ ᠬᠢ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠲᠤᠰᠢᠶᠠᠯ ᠳᠤ ᠤᠷᠢᠨ ᠲᠣᠮᠢᠯᠠᠬᠤ ᠪᠠ ᠠᠵᠢᠯ ᠤᠨ ᠪᠠᠶᠢᠷᠢ ᠳᠤ | ᠤᠷᠢᠨ ᠬᠡᠷᠡᠭᠯᠡᠬᠦ ᠶᠢ ᠨᠢᠭᠡᠳᠦᠯᠲᠡᠢ ᠪᠠᠶᠢᠯᠭᠠᠬᠤ ᠶᠢ ᠪᠡᠶᠡᠯᠡᠭᠦᠯᠵᠦ᠂ ᠪᠠᠭᠰᠢ ᠶᠢᠨ ᠮᠡᠷᠭᠡᠵᠢᠯ ᠤᠨ ᠴᠣᠯᠠ ᠶᠢ | ᠰᠢᠯᠭᠠᠷᠠᠭᠤᠯᠪᠠᠯ ᠳᠠᠷᠤᠢ ᠤᠷᠢᠨ ᠬᠡᠷᠡᠭᠯᠡᠬᠦ ᠰᠠᠶᠢᠨ ᠰᠠᠶᠢᠬᠠᠨ ᠤᠷᠮᠠᠰᠢᠭᠤᠯᠬᠤ ᠲᠣᠭᠲᠠᠴᠠ ᠶᠢ ᠪᠤᠢ ᠪᠣᠯᠭᠠᠵᠤ᠂ ︽ | ᠠᠵᠢᠯ ᠤᠨ ᠪᠠᠶᠢᠷᠢ ᠪᠠᠶᠢᠲᠠᠯ᠎ᠠ ᠦᠯᠦ ᠤᠷᠢᠨ ᠬᠡᠷᠡᠭᠯᠡᠬᠦ︾ ᠦᠵᠡᠭᠳᠡᠯ ᠢ ᠡᠷᠡᠰ ᠬᠤᠷᠢᠭᠯᠠᠨ᠎ᠠ᠃ ᠤᠷᠢᠭᠳᠠᠭᠰᠠᠨ ᠤ | ᠳᠠᠷᠠᠭ᠎ᠠ ᠮᠥᠨ ᠯᠡ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠪᠠᠶᠢᠭ᠎ᠠ ᠪᠠᠭᠰᠢ ᠶᠢ ᠥᠨᠳᠥᠷ ᠳᠤᠮᠳᠠᠳᠤ ᠶᠢᠨ | ᠨᠢᠭᠡᠳᠦᠭᠡᠷ ᠳᠡᠰ ᠤᠨ ᠤᠷᠢᠨ ᠲᠣᠮᠢᠯᠠᠬᠤ ᠨᠥᠬᠦᠴᠡᠯ ᠳᠤ ᠨᠡᠶᠢᠴᠡᠬᠦ ᠶᠢ ᠨᠢ ᠥᠨᠳᠥᠷ ᠳᠤᠮᠳᠠᠳᠤ ᠶᠢᠨ ᠨᠢᠭᠡᠳᠦᠭᠡᠷ | ᠳᠡᠰ ᠲᠤ ᠤᠷᠢᠨ ᠲᠣᠮᠢᠯᠠᠵᠤ᠂ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠤᠨ ᠪᠠᠭᠰᠢ ᠶᠢᠨ ᠠᠵᠢᠯ ᠤᠨ | ᠢᠳᠡᠪᠬᠢᠵᠢᠯ ᠢ ᠬᠦᠢᠴᠡᠳ ᠳᠠᠶᠢᠴᠢᠯᠠᠨ᠂ ᠪᠠᠭᠰᠢ ᠶᠢᠨ ᠲᠤᠰᠬᠠᠶ ᠮᠡᠷᠭᠡᠵᠢᠯ ᠤᠨ ᠪᠤᠶᠢᠵᠢᠯᠲᠠ ᠶᠢ ᠠᠬᠢᠭᠤᠯᠬᠤ᠂ | ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤᠮᠳᠠᠬᠢ ᠪᠠᠭᠰᠢ ᠶᠢᠨ | ᠲᠤᠰᠢᠶᠠᠯ ᠤᠨ ᠰᠢᠯᠭᠠᠷᠠᠭᠤᠯᠤᠨ ᠤᠷᠢᠬᠤ ᠠᠵᠢᠯ ᠤᠨ ᠦᠢᠯᠡᠳᠤᠯ ᠢ ᠦᠨᠡᠨᠬᠦ ᠪᠠᠳᠠᠷᠠᠭᠤᠯᠬᠤ ᠬᠡᠷᠡᠭᠲᠡᠶ᠃ | ᠬᠥᠲᠥᠯᠥᠭᠴᠢ᠄ ᠠᠵᠢᠯ ᠤᠨ ᠬᠠᠷᠠᠯᠲᠠ ᠨᠢᠭᠡᠨᠲᠡ ᠲᠣᠭᠲᠠᠭᠰᠠᠨ᠂ ᠰᠢᠶᠠ ᠲᠣᠪᠴᠢᠶᠠᠨ ᠳᠠᠷᠤᠭ᠎ᠠ ᠶᠢᠨ ᠠᠵᠢᠯ ᠤᠨ | ᠭᠤᠤᠯ ᠠᠷᠭ᠎ᠠ ᠬᠡᠮᠵᠢᠶ᠎ᠡ ᠨᠢ ᠶᠠᠮᠠᠷ ᠶᠠᠮᠠᠷ ᠲᠠᠯ᠎ᠠ ᠠᠴᠠ ᠭᠠᠷᠳᠠᠬᠤ ᠴᠢᠬᠤᠯᠠᠲᠠᠶ ᠪᠣᠶ︖ | | ᠰᠢᠶᠠ ᠫᠸᠢ ᠬᠤᠩ᠄ 2022 ᠣᠨ ᠤ ᠠᠵᠢᠯ ᠤᠨ ᠡᠭᠦᠷᠭᠡ ᠶᠢᠨ ᠲᠣᠭᠤᠷᠢᠨ ᠳᠤ᠂ ᠮᠠᠨ ᠤ ᠭᠤᠤᠯ ᠪᠣᠯᠬᠤ | ᠠᠵᠢᠯ ᠤᠨ ᠠᠷᠭ᠎ᠠ ᠬᠡᠮᠵᠢᠶ᠎ᠡ ᠳᠣᠤᠷᠠᠬᠢ ᠮᠡᠲᠦ ᠬᠡᠳᠦᠨ ᠵᠦᠢᠯ ᠪᠣᠶ᠃ | ︵ᠨᠢᠭᠡ︶ ᠬᠦᠳᠦᠯᠦᠨ ᠳᠠᠭᠠᠭᠤᠯᠬᠤ ᠶᠢ ᠴᠢᠬᠤᠯᠠᠴᠢᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ | ᠪᠠᠷᠢᠮᠵᠢᠶᠠᠵᠢᠭᠤᠯᠤᠯᠲᠠ ᠶᠢ ᠴᠢᠩᠭᠠᠳᠬᠠᠨ᠎ᠠ᠃ | 2022 ᠣᠨ ᠳᠤ᠂ ᠪᠦᠬᠦ ᠰᠢᠰᠲ᠋ᠧᠮ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠬᠤ ᠪᠠ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠥᠷᠭᠡᠨ ᠤᠯᠠᠨ ᠺᠠᠳ᠋ᠷ ᠪᠠᠭᠰᠢ ᠰᠤᠷᠤᠭᠴᠢᠳ ᠤᠨ | ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠬᠦ | ᠬᠡᠷᠡᠭᠲᠡᠢ᠃ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ | ᠲᠦᠷᠢᠮ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠨᠠᠮ ᠤᠨ ᠲᠡᠦᠬᠡ ᠪᠠ ᠤᠨᠤᠯ ᠤᠨ ᠰᠢᠨ᠎ᠡ ᠶᠢ | ᠡᠭᠦᠳᠬᠦ ᠶᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ | ᠲᠣᠯᠣᠭᠠᠢ ᠳᠤ ᠣᠷᠣᠭᠤᠯᠬᠤ ᠶᠢ ᠭᠦᠨᠵᠡᠭᠡᠢ ᠠᠬᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭᠠᠨ ᠤ | ᠰᠤᠳᠤᠯᠭᠠᠨ ᠤ ᠴᠢᠬᠤᠯᠠ ᠶᠡᠭᠡ ᠲᠤᠰᠬᠠᠢ ᠵᠦᠢᠯᠡᠰ ᠢ ᠬᠡᠷᠡᠭᠵᠢᠭᠦᠯᠵᠦ᠂ ︽ᠲᠦᠷᠪᠡᠨ ᠲᠡᠦᠬᠡ︾ ᠶᠢᠨ ᠬᠥᠮᠦᠵᠢᠯ ᠢ | ᠭᠦᠨᠵᠡᠭᠡᠶᠢᠷᠡᠭᠦᠯᠦᠨ᠎ᠡ᠃ | ᠳᠤᠮᠳᠠᠳᠤ ᠰᠤᠷᠭᠠᠭᠤᠯᠢ ᠶᠢᠨ ᠠᠯᠪᠠᠨ ᠲᠢᠩᠬᠢᠮ ᠤᠨ ︽ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ | ᠲᠦᠷᠢᠮ ᠢ ᠪᠠᠶᠢᠭᠤᠯᠬᠤ ᠲᠤᠬᠠᠶ ᠰᠠᠨᠠᠯ ︵ᠲᠤᠷᠰᠢᠨ ᠬᠡᠷᠡᠭᠵᠢᠭᠦᠯᠬᠦ︶︾ ᠢ ᠨᠠᠶᠢᠳᠠᠪᠤᠷᠢᠵᠢᠭᠤᠯᠵᠤ᠂ ︽ᠨᠢᠭᠡ | ᠰᠤᠷᠭᠠᠭᠤᠯᠢ ᠳᠤ ᠨᠢᠭᠡ ᠬᠡᠷᠡᠭ︾ ᠢ ᠪᠠᠷᠢᠮᠲᠠᠯᠠᠨ᠂ ᠳᠤᠮᠳᠠᠳᠤ ᠪᠠᠭ᠎ᠠ ᠰᠤᠷᠭᠠᠭᠤᠯᠢ ᠳᠠᠬᠢ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ | ᠬᠥᠭᠵᠢᠬᠦ ᠶᠢ ᠠᠬᠢᠭᠤᠯᠵᠤ᠂ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢ | ᠪᠠᠲᠤᠳᠬᠠᠵᠤ᠂ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠶᠢ ᠭᠤᠣᠯ ᠬᠠᠷᠢᠭᠤᠴᠠᠯᠭ᠎ᠠ ᠭᠤᠣᠯ ᠠᠵᠢᠯ | ᠳᠡᠭᠡᠷ᠎ᠡ᠂ ᠪᠣᠳᠠᠲᠠᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠬᠦ ᠪᠠ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ | ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ︽ᠭᠤᠷᠪᠠᠨ ᠬᠤᠷᠠᠯ | ᠨᠢᠭᠡ ᠬᠢᠴᠢᠶᠡᠯ︾᠂ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠬᠤᠷᠠᠯ᠂ ᠨᠠᠮ ᠤᠨ ᠭᠡᠰᠢᠭᠦᠨ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠠᠷᠠᠳᠴᠢᠯᠠᠯ ᠢᠶᠠᠷ ᠦᠨᠡᠯᠡᠨ | ᠶᠠᠷᠢᠯᠴᠠᠬᠤ ᠨᠠᠮ ᠤᠨ ᠬᠢᠴᠢᠶᠡᠯ ᠣᠷᠣᠬᠤ᠂ ᠭᠤᠣᠯ ᠰᠡᠳᠦᠪᠲᠦ ᠨᠠᠮ ᠤᠨ ᠡᠳᠦᠷ᠂ ᠰᠡᠳᠬᠢᠯ ᠤᠨ ᠦᠭᠡ ᠪᠠᠨ | ᠬᠡᠯᠡᠯᠴᠡᠨ ᠶᠠᠷᠢᠯᠴᠠᠬᠤ᠂ ᠵᠢᠭᠠᠪᠤᠷᠢ ᠠᠪᠴᠤ ᠮᠡᠳᠡᠭᠦᠯᠦᠯᠲᠡ ᠬᠢᠬᠦ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ | ᠠᠰᠠᠭᠤᠳᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠴᠢᠩᠭ᠎ᠠ ᠰᠠᠶᠢᠲᠤᠷ ᠠᠳᠬᠤᠨ᠎ᠠ᠃ | ᠮᠠᠷᠺᠰ ᠤᠨ ᠦᠵᠡᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠢᠯᠣᠭᠤᠳᠬᠤ ᠪᠠᠶᠢᠷᠢ | ᠰᠠᠭᠤᠷᠢ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ | ᠴᠢᠩᠭᠠᠳᠬᠠᠨ᠂ ︽ᠪᠢᠴᠢᠯ ᠪᠦᠷᠭᠡ ᠨᠢᠭᠡ ᠦᠵᠦᠭᠦᠷ︾ ᠵᠡᠷᠭᠡ ᠵᠢᠭᠰᠠᠭᠠᠯ ᠤᠨ ᠭᠠᠵᠠᠷ ᠢ ᠪᠠᠲᠤ ᠴᠣᠭᠴᠠᠯᠠᠨ᠎ᠠ᠃ | ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠲᠤᠰᠬᠠᠶ ᠴᠡᠭᠴᠡᠯᠡᠯᠲᠡ ᠶᠢᠨ ᠦᠷ᠎ᠡ ᠪᠦᠲᠦᠮᠵᠢ ᠶᠢ ᠰᠤᠷᠭᠠᠨ ᠬᠥᠮᠦᠵᠢᠯ ᠤᠨ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠢᠨᠠᠨ ᠬᠡᠮᠵᠢᠬᠦ᠂ ᠰᠤᠳᠤᠯᠤᠨ ᠮᠠᠭᠠᠳᠯᠠᠬᠤ᠂ ᠮᠡᠳᠡᠭᠦᠯᠬᠦ᠂ ᠰᠢᠢᠳᠪᠦᠷᠢᠯᠡᠬᠦ ᠵᠡᠷᠭᠡ ᠴᠤᠪᠤᠷᠠᠯ | ᠲᠣᠭᠲᠠᠴᠠ ᠶᠢ ᠰᠢᠯᠢᠳᠡᠭᠵᠢᠭᠦᠯᠦᠨ᠎ᠡ᠃ | ︵ᠬᠤᠶᠠᠷ︶ ᠴᠢᠳᠠᠪᠤᠷᠢ ᠶᠢ ᠴᠢᠬᠤᠯᠠᠴᠢᠯᠠᠵᠤ᠂ ᠰᠤᠷᠤᠭᠴᠢᠳ ᠤᠨ ᠴᠢᠳᠠᠪᠤᠷᠢᠲᠠᠨ ᠬᠥᠮᠦᠵᠢᠭᠦᠯᠬᠦ ᠶᠢ | ᠪᠡᠶᠡᠯᠡᠭᠦᠯᠦᠨ᠎ᠡ | | ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠴᠢᠩᠭ᠎ᠠ | ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠤᠨ ᠬᠦᠰᠡᠯᠡᠩ ᠢᠲᠡᠭᠡᠯ ᠪᠢᠰᠢᠷᠡᠯ ᠪᠠ ᠦᠵᠡᠯ ᠰᠠᠨᠠᠭ᠎ᠠ ᠶᠣᠰᠣ | ᠰᠤᠷᠲᠠᠬᠤᠨ ᠢ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠡᠶᠢᠭᠡᠮ | ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠢ ᠬᠢᠨᠠᠮᠠᠭᠠᠶ ᠰᠠᠶᠢᠲᠤᠷ ᠨᠡᠭᠡᠭᠡᠵᠦ᠂ ᠣᠨᠣᠯ ᠢᠶᠠᠷ ᠵᠡᠪᠰᠡᠭᠯᠡᠬᠦ᠂ ᠥᠷᠲᠡᠭ ᠢᠶᠠᠷ | ᠬᠥᠲᠥᠯᠥᠨ ᠳᠠᠭᠠᠭᠤᠯᠬᠤ᠂ ᠦᠢᠯᠡᠳᠦᠯᠭᠡ ᠪᠠᠷ ᠬᠥᠮᠦᠵᠢᠭᠦᠯᠬᠦ ᠵᠡᠷᠭᠡ ᠲᠠᠯ᠎ᠠ ᠪᠠᠷ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠲᠥᠪ ᠭᠤᠣᠯᠴᠢ ᠶᠢ ᠰᠠᠬᠢᠵᠤ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠶ ᠠᠬᠢᠭᠤᠯᠵᠤ᠂ ᠰᠤᠷᠤᠭᠴᠢᠳ ᠢ ᠬᠥᠲᠥᠯᠥᠨ ᠵᠢᠯᠣᠭᠤᠳᠴᠤ | ᠪᠠᠶᠢᠭᠠᠳ ᠬᠥᠮᠦᠨ ᠤ ᠠᠮᠢᠳᠤᠷᠠᠯ ᠤᠨ ᠦᠰᠦᠨ ᠪᠤᠶᠢᠵᠢᠯᠲᠠ ᠶᠢᠨ ᠵᠠᠮ ᠳᠡᠭᠡᠷ᠎ᠡ ᠵᠥᠪ ᠦᠵᠡᠯ ᠰᠠᠨᠠᠭ᠎ᠠ ᠤᠯᠤᠰ | ᠲᠦᠷᠦ ᠶᠢᠨ ᠴᠢᠭᠯᠡᠯ ᠢ ᠡᠵᠡᠮᠰᠢᠭᠦᠯᠵᠦ᠂ ᠡᠷᠬᠢᠮ ᠳᠡᠭᠡᠳᠦ ᠦᠵᠡᠯ ᠰᠠᠨᠠᠭ᠎ᠠ ᠶᠣᠰᠣ ᠮᠣᠷᠠᠯ ᠪᠠ ᠰᠠᠶᠢᠨ ᠰᠠᠶᠢᠬᠠᠨ | ᠦᠢᠯᠡ ᠠᠵᠢᠯᠯᠠᠭᠠᠨ ᠤ ᠵᠠᠩ ᠳᠠᠳᠬᠠᠯ ᠢ ᠬᠥᠮᠦᠵᠢᠭᠦᠯᠵᠦ᠂ ᠵᠥᠪ ᠠᠮᠢᠳᠤᠷᠠᠬᠤᠶ ᠶᠢᠨ ᠦᠵᠡᠯᠲᠡ᠂ ᠶᠢᠷᠲᠢᠨᠴᠦ ᠶᠢᠨ | ᠦᠵᠡᠯᠲᠡ᠂ ᠦᠷᠳᠡᠭ ᠤᠨ ᠦᠵᠡᠯᠲᠡ ᠶᠢ ᠪᠤᠢ ᠪᠣᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ | ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠪᠣᠯᠭᠠᠨ᠎ᠠ᠃ ᠰᠤᠷᠭᠠᠨ ᠬᠥᠮᠦᠵᠢᠯ ᠤᠨ ᠡᠬᠢ ᠪᠠᠶᠠᠯᠢᠭ ᠢ | ᠨᠢᠭᠡᠳᠦᠯᠲᠡᠶ ᠲᠥᠯᠥᠪᠯᠡᠵᠦ᠂ ᠶᠣᠰᠣ ᠰᠤᠷᠲᠠᠬᠤᠨ ᠤ ᠬᠥᠮᠦᠵᠢᠯ ᠤᠨ ᠬᠡᠯᠪᠡᠷᠢ ᠶᠢᠨ ᠰᠢᠨ᠎ᠡ ᠬᠢᠴᠢᠶᠡᠯ ᠢᠶᠠᠷ ᠬᠥᠮᠦᠨ ᠢ | ᠬᠥᠮᠦᠵᠢᠭᠦᠯᠬᠦ᠂ ᠰᠣᠶᠣᠯ ᠢᠶᠠᠷ ᠬᠥᠮᠦᠨ ᠢ ᠬᠥᠮᠦᠵᠢᠭᠦᠯᠬᠦ᠂ ᠠᠵᠢᠯᠯᠠᠭ᠎ᠠ ᠪᠠᠷ ᠬᠥᠮᠦᠨ ᠢ ᠬᠥᠮᠦᠵᠢᠭᠦᠯᠬᠦ᠂ | ᠬᠠᠮᠢᠶᠠᠷᠤᠯᠲᠠ ᠪᠠᠷ ᠬᠥᠮᠦᠨ ᠢ ᠬᠥᠮᠦᠵᠢᠭᠦᠯᠬᠦ ᠶᠢᠨ ᠬᠠᠮᠵᠢᠯᠴᠠᠨ ᠬᠥᠮᠦᠨ ᠢ ᠬᠥᠮᠦᠵᠢᠭᠦᠯᠬᠦ ᠰᠢᠨ᠎ᠡ ᠵᠠᠮ ᠢ ᠢᠳᠡᠪᠬᠢᠲᠡᠶ | ᠰᠦᠪᠡᠭᠴᠢᠯᠡᠵᠦ᠂ ︽ᠲᠠᠪᠤᠨ ᠨᠠᠰᠤᠲᠠᠨ︾ ᠤ ᠳᠠᠪᠠᠭᠤᠯᠢᠭ ᠢ ᠪᠠᠳᠠᠷᠠᠭᠤᠯᠵᠤ᠂ ᠤᠯᠤᠰ ᠢᠶᠠᠨ ᠬᠠᠶᠢᠷᠠᠯᠠᠬᠤ | ᠦᠵᠡᠯ ᠤᠨ ᠬᠥᠮᠦᠵᠢᠯ᠂ ︽ᠬᠥᠮᠦᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠣᠪᠴᠢᠯᠠᠬᠤ︾ ᠭᠤᠣᠯ | ᠰᠡᠳᠦᠪᠲᠦ ᠬᠥᠮᠦᠵᠢᠯ᠂ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠤᠨ ᠰᠤᠷᠤᠯᠴᠠᠯᠭ᠎ᠠ ᠤᠬᠠᠭᠤᠯᠭ᠎ᠠ᠂ ︽ | ᠬᠤᠪᠢᠰᠬᠠᠯ ᠤᠨ ᠤᠳᠤᠮᠰᠢᠯ ᠢ ᠤᠯᠠᠮᠵᠢᠯᠠᠬᠤ︾ ᠬᠥᠮᠦᠵᠢᠯ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠨᠢᠭᠡ ᠪᠦᠯᠦᠭ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾᠂ ︽ᠰᠢᠯᠢᠳᠡᠭ ᠡᠪ ᠬᠠᠮᠲᠤ | ᠵᠠᠯᠠᠭᠤᠴᠤᠳ ᠤᠨ ᠡᠪᠯᠡᠯ ᠤᠨ ᠭᠡᠰᠢᠭᠦᠨ︾᠂ ︽ᠰᠢᠯᠢᠳᠡᠭ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠨ ᠢ | ᠰᠢᠯᠭᠠᠷᠠᠭᠤᠯᠤᠨ᠎ᠠ᠃ | | ᠨᠡᠶᠢᠲᠡᠯᠢᠭ ᠴᠢᠨᠠᠷ ᠢ ᠨᠡᠮᠡᠭᠳᠡᠭᠦᠯᠬᠦ ᠪᠠᠷ ᠴᠢᠭᠯᠡᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠪᠠᠬᠢ ᠪᠤᠢ ᠪᠣᠯᠭᠠᠬᠤ ᠪᠠ ᠳᠤᠮᠳᠠᠳᠤ ᠪᠠᠭ᠎ᠠ ᠰᠤᠷᠭᠠᠭᠤᠯᠢ ᠶᠢᠨ | ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠨᠢᠭᠲᠠ ᠠᠭᠤᠰᠤᠯᠴᠠᠯ ᠢ ᠠᠬᠢᠭᠤᠯᠤᠨ᠎ᠠ᠃ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠰᠤᠷᠬᠤ | ᠨᠠᠰᠤᠨ ᠠᠴᠠ ᠡᠮᠦᠨᠡᠬᠢ ᠬᠡᠦᠬᠡᠳ ᠤᠨ ᠨᠡᠶᠢᠲᠡᠯᠢᠭ ᠬᠡᠯᠡᠨ ᠤ ᠬᠥᠮᠦᠵᠢᠯ ᠢ ᠲᠦᠯᠬᠢᠨ ᠠᠬᠢᠭᠤᠯᠵᠤ᠂ ᠳᠤᠮᠳᠠᠳᠤ ᠶᠢᠨ | ᠰᠣᠩᠭᠤᠳᠠᠭ ᠵᠣᠬᠢᠶᠠᠯ ᠢ ᠤᠩᠰᠢᠨ ᠤᠩᠰᠢᠬᠤ ᠢᠨᠵᠧᠨᠧᠷᠢᠩ᠂ ᠡᠷᠲᠡᠨ ᠤ ᠦᠰᠦᠭ ᠪᠢᠴᠢᠭ ᠬᠢᠭᠡᠳ ᠳᠤᠮᠳᠠᠳᠤ ᠶᠢᠨ | ᠪᠣᠯᠪᠠᠰᠤᠨ ᠢ ᠤᠯᠠᠮᠵᠢᠯᠠᠨ ᠬᠥᠭᠵᠢᠭᠦᠯᠬᠦ ᠢᠨᠵᠧᠨᠧᠷᠢᠩ᠂ ᠳᠤᠮᠳᠠᠳᠤ ᠶᠢᠨ ᠦᠵᠡᠯ ᠰᠠᠨᠠᠭ᠎ᠠ ᠰᠣᠶᠣᠯ ᠤᠨ ᠨᠡᠷ᠎ᠡ | ᠲᠣᠮᠢᠶ᠎ᠠ ᠶᠢ ᠤᠯᠠᠮᠵᠢᠯᠠᠨ ᠳᠡᠯᠭᠡᠷᠡᠭᠦᠯᠬᠦ ᠢᠨᠵᠧᠨᠧᠷᠢᠩ᠂ ᠳᠤᠮᠳᠠᠳᠤ ᠤᠯᠤᠰ ᠤᠨ ᠬᠡᠯᠡᠨ ᠤ ᠡᠬᠢ ᠪᠠᠶᠠᠯᠢᠭ ᠢ | ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ | | ᠪᠥᠬᠦ ᠲᠠᠯ᠎ᠠ ᠪᠠᠷ ᠬᠥᠭᠵᠢᠭᠦᠯᠬᠦ ᠬᠥᠮᠦᠨ ᠢ ᠬᠥᠮᠦᠵᠢᠭᠦᠯᠬᠦ ᠪᠠᠷ ᠭᠤᠤᠯᠯᠠᠭᠤᠯᠤᠨ᠂ ᠬᠡᠪ ᠴᠢᠨᠠᠷ ᠤᠨ ᠰᠤᠷᠭᠠᠨ | ᠬᠥᠮᠦᠵᠢᠯ ᠢ ᠶᠡᠬᠡᠪᠡᠷ ᠬᠡᠷᠡᠭᠵᠢᠭᠦᠯᠵᠦ᠂ ᠰᠤᠷᠤᠭᠴᠢᠳ ᠤᠨ ᠭᠤᠤᠯᠯᠠᠬᠤ ᠬᠡᠪ ᠪᠣᠯᠪᠠᠰᠤᠷᠠᠯ ᠢ ᠪᠤᠶᠢᠵᠢᠭᠤᠯᠬᠤ ᠶᠢ | ᠰᠠᠭᠤᠷᠢ ᠢᠨᠵᠧᠨᠧᠷᠢᠩ ᠪᠣᠯᠭᠠᠨ ᠴᠢᠩᠭ᠎ᠠ ᠠᠳᠬᠤᠵᠤ ᠪᠣᠳᠠᠲᠠᠶ ᠪᠠᠷ ᠠᠳᠬᠤᠨ᠎ᠠ᠃ ᠰᠤᠷᠤᠭᠴᠢᠳ ᠤᠨ | ᠰᠡᠳᠬᠢᠴᠡ ᠶᠢᠨ ᠡᠷᠡᠭᠦᠯ ᠮᠡᠨᠳᠤ ᠶᠢᠨ ᠬᠥᠮᠦᠵᠢᠯ ᠢ ᠴᠢᠬᠤᠯᠠᠴᠢᠯᠠᠵᠤ᠂ ᠰᠤᠷᠤᠭᠴᠢᠳ ᠤᠨ ᠪᠡᠶ᠎ᠡ ︽ᠰᠢᠨ᠎ᠡ ᠴᠠᠭ | ᠦᠶ᠎ᠡ ᠶᠢᠨ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠵᠢᠴᠢ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ | ᠬᠥᠮᠦᠵᠢᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ︵ | ᠥᠪᠥᠷ ᠨᠠᠮ ᠲᠠᠷᠬᠠᠭᠠᠭᠰᠠᠨ ︹ 2021 ︺ 30 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ 2025 ᠣᠨ ᠤ ᠥᠨᠳᠥᠷ ᠳᠤᠮᠳᠠᠳᠤ ᠶᠢᠨ | ᠰᠢᠯᠭᠠᠯᠲᠠ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠳᠤ ᠬᠤᠪᠢ ᠨᠡᠮᠡᠬᠦ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠪᠠ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠨ᠎ᠠ᠃ ᠪᠡᠶ᠎ᠡ ᠶᠢᠨ ᠲᠠᠮᠢᠷ ᠤᠨ | ᠵᠢᠭᠠᠨ ᠰᠤᠷᠭᠠᠯᠲᠠ ᠶᠢ ᠬᠦᠨᠳᠦᠳᠬᠡᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠳᠠᠳᠬᠠᠯ ᠢ ᠪᠤᠢ ᠪᠣᠯᠭᠠᠵᠤ᠂ | ᠡᠷᠡᠭᠦᠯ ᠴᠢᠭᠢᠷᠠᠭ ᠪᠡᠶ᠎ᠡ ᠮᠠᠬᠠᠪᠣᠳ ᠪᠠ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠵᠣᠷᠢᠭ ᠰᠠᠨᠠᠭ᠎ᠠ ᠶᠢ | ᠬᠥᠮᠦᠵᠢᠭᠦᠯᠦᠨ᠎ᠡ᠃ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ︾ ᠪᠠᠷ ᠭᠤᠣᠯ ᠰᠡᠳᠦᠪ ᠪᠣᠯᠭᠠᠨ᠂ | ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠤᠯᠠᠨ ᠶᠠᠩᠵᠤ ᠶᠢᠨ ᠰᠤᠷᠤᠭᠴᠢᠳ ᠤᠨ ᠳᠤᠷ᠎ᠠ ᠰᠣᠨᠢᠷᠬᠠᠯ ᠤᠨ | ᠨᠡᠶᠢᠭᠡᠮᠯᠢᠭ᠂ ᠤᠷᠠᠯᠢᠭ ᠤᠨ ᠠᠵᠢᠯ ᠤᠨ ᠭᠠᠵᠠᠷ᠂ ᠤᠷᠠᠯᠢᠭ ᠤᠨ ᠨᠠᠶᠢᠷ ᠵᠡᠷᠭᠡ ᠠᠵᠢᠯᠯᠠᠭ᠎ᠠ ᠶᠢ ᠰᠠᠶᠢᠲᠤᠷ | ᠥᠷᠨᠢᠭᠦᠯᠵᠦ᠂ ᠰᠤᠷᠤᠭᠴᠢᠳ ᠤᠨ ᠥᠷᠭᠡᠨ ᠳᠡᠯᠭᠡᠷ ᠳᠤᠷ᠎ᠠ ᠰᠣᠨᠢᠷᠬᠠᠯ ᠢ ᠬᠥᠮᠦᠵᠢᠭᠦᠯᠦᠨ᠂ ᠰᠤᠷᠤᠭᠴᠢᠳ ᠤᠨ | ᠳᠠᠯᠳᠠ ᠴᠢᠳᠠᠪᠤᠷᠢ ᠶᠢ ᠠᠭᠤᠳᠠᠯᠵᠤ᠂ ᠰᠤᠷᠤᠭᠴᠢᠳ ᠤᠨ ᠤᠶᠤᠨ ᠴᠢᠳᠠᠪᠤᠷᠢ ᠶᠢ ᠨᠡᠭᠡᠭᠡᠨ ᠬᠥᠭᠵᠢᠭᠦᠯᠵᠦ᠂ | ᠰᠤᠷᠤᠭᠴᠢᠳ ᠤᠨ ᠥᠪᠡᠷᠮᠢᠴᠡ ᠣᠨᠴᠠᠯᠢᠭ ᠢ ᠬᠥᠮᠦᠵᠢᠭᠦᠯᠵᠦ᠂ ᠰᠤᠷᠤᠭᠴᠢᠳ ᠤᠨ ᠢᠷᠡᠭᠡᠳᠦᠶ ᠶᠢᠨ ᠠᠵᠢᠯ | ᠮᠡᠷᠭᠡᠵᠢᠯ ᠤᠨ ᠠᠮᠢᠳᠤᠷᠠᠯ ᠤᠨ ᠲᠥᠯᠥᠪᠵᠢᠭᠦᠯᠭᠡ ᠳᠤ ᠰᠠᠭᠤᠷᠢ ᠲᠠᠯᠪᠢᠵᠤ ᠥᠭᠭᠦᠨ᠎ᠡ᠃ | ︵ᠭᠤᠷᠪᠠ︶ ᠵᠢᠷᠤᠮᠵᠢᠭᠤᠯᠤᠨ ᠳᠡᠭᠡᠭᠰᠢᠯᠡᠭᠦᠯᠵᠦ᠂ ᠰᠤᠷᠭᠠᠭᠤᠯᠢ ᠶᠢᠨ ᠬᠠᠮᠢᠶᠠᠷᠤᠯᠲᠠ ᠶᠢ ᠨᠠᠷᠢᠯᠢᠬᠵᠢᠭᠤᠯᠬᠤ ᠶᠢ | ᠠᠬᠢᠭᠤᠯᠤᠨ᠎ᠠ | | ᠰᠤᠷᠭᠠᠭᠤᠯᠢ ᠶᠢᠨ ᠲᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠰᠤᠷᠭᠠᠭᠤᠯᠢ ᠨᠤᠭᠤᠳ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠭᠠᠭᠤᠯᠢ ᠶᠢᠨ ᠲᠦᠷᠢᠮ ᠢᠶᠠᠨ ᠲᠡᠭᠦᠯᠳᠡᠷᠵᠢᠭᠦᠯᠵᠦ᠂ ᠰᠢᠨ᠎ᠡ ᠴᠠᠭ | ᠦᠶ᠎ᠡ᠂ ᠰᠢᠨ᠎ᠡ ᠡᠭᠦᠷᠭᠡ ᠪᠠ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ︽ᠳᠣᠭᠢᠷᠬᠠᠰᠠᠨ ᠢ ᠨᠢ ᠦᠯᠡᠳᠡᠭᠡᠬᠦ᠂ | ᠴᠠᠭ ᠠᠴᠠ ᠥᠩᠭᠡᠷᠡᠭᠰᠡᠨ ᠢ ᠨᠢ ᠬᠦᠴᠦᠨ ᠥᠬᠡᠶ ᠪᠣᠯᠭᠠᠬᠤ᠂ ᠬᠤᠭᠤᠰᠣᠨ ᠢ ᠲᠣᠭᠲᠠᠭᠠᠬᠤ︾ ᠵᠠᠷᠴᠢᠮ ᠶᠣᠰᠣᠭᠠᠷ᠂ | ᠡᠯ᠎ᠡ ᠵᠦᠢᠯ ᠤᠨ ᠲᠦᠷᠢᠮ ᠢ ᠡᠮᠬᠢᠳᠬᠡᠨ ᠳᠡᠪᠲᠡᠷᠯᠡᠵᠦ᠂ ᠲᠦᠷᠢᠮ ᠢ ᠪᠦᠷᠢᠨᠰᠢᠬᠦᠯᠬᠦ᠂ ᠵᠢᠷᠤᠮᠯᠠᠬᠤ ᠲᠦᠷᠢᠮ ᠲᠠᠢ᠂ | ᠵᠠᠰᠠᠭ ᠤᠨ ᠵᠠᠷᠯᠢᠭ ᠢ ᠰᠠᠭᠠᠳ ᠥᠬᠡᠶ᠂ ᠡᠷᠬᠡ ᠲᠡᠭᠰᠢ ᠲᠥᠪ ᠭᠤᠤᠯᠴᠢ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠶ᠃ | ᠰᠤᠷᠭᠠᠭᠤᠯᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠬᠢᠷᠢ ︽ᠳᠦᠷᠢᠮ ᠲᠣᠭᠲᠠᠭᠠᠬᠤ᠂ | ᠵᠢᠷᠤᠮᠵᠢᠭᠤᠯᠬᠤ ᠶᠢ ᠠᠬᠢᠭᠤᠯᠬᠤ᠂ ᠬᠢᠷᠢ ᠲᠦᠪᠰᠢᠨ ᠢ ᠳᠡᠭᠡᠭᠰᠢᠯᠡᠭᠦᠯᠬᠦ︾ ᠠᠵᠢᠯ ᠤᠨ ᠱᠠᠭᠠᠷᠳᠠᠯᠭ᠎ᠠ ᠶᠢ ᠪᠠᠷᠢᠮᠲᠠᠯᠠᠵᠤ | ᠂ ᠰᠤᠷᠭᠠᠭᠤᠯᠢ ᠶᠢᠨ ᠪᠠᠭᠰᠢ ᠶᠢᠨ ᠬᠠᠮᠢᠶᠠᠷᠤᠯᠲᠠ᠂ ᠰᠤᠷᠤᠭᠴᠢ ᠶᠢᠨ ᠬᠠᠮᠢᠶᠠᠷᠤᠯᠲᠠ᠂ ᠵᠢᠭᠠᠨ ᠰᠤᠷᠭᠠᠯᠲᠠ ᠶᠢᠨ | ᠬᠠᠮᠢᠶᠠᠷᠤᠯᠲᠠ᠂ ᠲᠤᠷᠰᠢᠯᠲᠠ ᠶᠢᠨ ᠬᠠᠮᠢᠶᠠᠷᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ᠂ ᠡᠳ᠋ ᠤᠨ | ᠶᠠᠪᠤᠳᠠᠯ ᠤᠨ ᠬᠠᠮᠢᠶᠠᠷᠤᠯᠲᠠ᠂ ᠠᠮᠤᠷ ᠲᠦᠪᠰᠢᠨ ᠤ ᠬᠠᠮᠢᠶᠠᠷᠤᠯᠲᠠ᠂ ᠠᠩᠭᠢ ᠶᠢᠨ ᠬᠠᠮᠢᠶᠠᠷᠤᠯᠲᠠ ᠵᠡᠷᠭᠡ | ᠪᠠᠶᠢᠩᠭᠤ ᠶᠢᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ | ᠬᠠᠮᠢᠶᠠᠷᠬᠤ ᠪᠠ ᠠᠷᠠᠳᠴᠢᠯᠠᠯ ᠢᠶᠠᠷ ᠬᠠᠮᠢᠶᠠᠷᠬᠤ ᠲᠠᠯ᠎ᠠ ᠪᠠᠷ ᠠᠷᠭ᠎ᠠ ᠤᠬᠠᠭᠠᠨ ᠭᠠᠷᠭᠠᠵᠤ᠂ ᠴᠢᠬᠤᠯᠠ ᠶᠡᠭᠡ ᠤᠴᠢᠷ | ᠶᠠᠪᠤᠳᠠᠯ ᠢ ᠠᠷᠠᠳᠴᠢᠯᠠᠯ ᠢᠶᠠᠷ ᠬᠢᠨᠠᠨ ᠵᠥᠪᠯᠡᠵᠦ᠂ ᠴᠢᠬᠤᠯᠠ ᠶᠡᠭᠡ ᠲᠣᠭᠲᠠᠭᠠᠯ ᠢ ᠬᠠᠮᠲᠤ ᠪᠠᠷ ᠪᠠᠲᠤᠯᠠᠵᠤ᠂ | ᠬᠡᠷᠡᠭᠵᠢᠭᠦᠯᠬᠦ ᠶᠠᠪᠤᠴᠠ ᠳᠤ ᠬᠢᠨᠠᠯᠲᠠ ᠲᠠᠯᠪᠢᠵᠤ᠂ ᠬᠡᠷᠡᠭᠵᠢᠭᠦᠯᠦᠭᠰᠡᠨ ᠦᠷ᠎ᠡ ᠳ᠋ᠦᠩ ᠳᠤ ᠰᠢᠯᠭᠠᠨ ᠦᠨᠡᠯᠡᠯᠲᠡ ᠲᠠᠢ | ᠪᠠᠶᠢᠵᠤ᠂ ︽ᠶᠠᠪᠤᠳᠠᠯ ᠪᠣᠯᠭᠠᠨ ᠳᠤ ᠬᠠᠮᠢᠶᠠᠷᠬᠤ ᠬᠥᠮᠦᠨ ᠲᠠᠢ᠂ ᠬᠥᠮᠦᠨ ᠪᠣᠯᠭᠠᠨ ᠳᠤ ᠬᠢᠬᠦ ᠠᠵᠢᠯ ᠲᠠᠢ︾ ᠪᠠᠶᠢᠬᠤ | ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ᠰᠤᠷᠭᠠᠭᠤᠯᠢ ᠶᠢᠨ ᠬᠠᠮᠢᠶᠠᠷᠤᠯᠲᠠ ᠶᠢᠨ ᠠᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠨᠠᠷᠠᠲᠤ ᠲᠥᠷᠥᠯ ᠲᠡᠮᠳᠡᠭᠲᠦ ᠰᠤᠷᠭᠠᠭᠤᠯᠢ ᠶᠢ ᠡᠭᠦᠳᠦᠨ | ᠪᠠᠶᠢᠭᠤᠯᠤᠨ᠎ᠠ᠃ ︽ᠵᠢᠱᠢᠶ᠎ᠡ ᠦᠵᠡᠭᠦᠯᠵᠦ᠂ ᠥᠪᠡᠷᠮᠢᠴᠡ ᠣᠨᠴᠠᠯᠢᠭ ᠡᠭᠦᠳᠬᠦ︾ ᠵᠠᠷᠴᠢᠮ ᠶᠣᠰᠣᠭᠠᠷ᠂ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠰᠠᠭᠤᠷᠢᠨ ᠳᠡᠭᠡᠷ᠎ᠡ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠬᠢᠭᠡᠳ | ᠬᠥᠮᠥᠡᠯᠢᠭ ᠰᠣᠶᠣᠯ ᠤᠨ ᠵᠣᠷᠢᠭ ᠰᠠᠨᠠᠭ᠎ᠠ ᠬᠠᠷᠢᠯᠴᠠᠨ ᠠᠭᠤᠰᠤᠯᠴᠠᠭᠰᠠᠨ᠂ ᠵᠢᠭᠠᠨ ᠰᠤᠷᠭᠠᠯᠲᠠ ᠶᠢᠨ ᠶᠠᠰᠤ ᠴᠢᠨᠠᠷ | ᠬᠢᠭᠡᠳ ᠠᠭᠤᠯᠤᠭᠳᠠᠬᠤᠨ ᠤ ᠬᠥᠭᠵᠢᠯᠲᠡ ᠶᠢ ᠵᠡᠷᠭᠡᠪᠡᠷ ᠳᠡᠭᠡᠭᠰᠢᠯᠡᠭᠦᠯᠦᠭᠰᠡᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠠᠷᠭ᠎ᠠ ᠮᠠᠶ᠋ᠢᠭ ᠢ ᠪᠣᠶ ᠪᠣᠯᠭᠠᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠳᠤ ᠬᠢᠷᠢ ᠲᠡᠩᠴᠡᠭᠰᠡᠨ | ᠰᠤᠷᠭᠠᠭᠤᠯᠢ ᠳᠤ ᠨᠢᠭᠡ ᠪᠦᠯᠦᠭ ︽ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠰᠤᠷᠭᠠᠭᠤᠯᠢ︾ | ᠶᠢ ᠡᠭᠦᠳᠦᠨ ᠪᠠᠶᠢᠭᠤᠯᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠰᠤᠷᠭᠠᠭᠤᠯᠢ ᠳᠤ | ᠨᠢᠭᠡ ᠪᠦᠯᠦᠭ ︽ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠨᠠᠷᠠᠲᠤ ᠲᠥᠷᠥᠯ ᠲᠡᠮᠳᠡᠭᠲᠦ ᠶᠢᠨ ᠰᠤᠷᠭᠠᠭᠤᠯᠢ︾ ᠶᠢ | ᠡᠭᠦᠳᠦᠨ ᠪᠠᠶᠢᠭᠤᠯᠤᠨ᠎ᠠ᠃ | ︵ᠲᠦᠷᠪᠡ︶ ᠴᠢᠭᠯᠡᠯ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠵᠢᠭᠠᠬᠤ ᠶᠢ ᠰᠤᠳᠤᠯᠬᠤ ᠵᠢᠭᠠᠬᠤ ᠶᠢ | ᠥᠭᠡᠷᠡᠴᠢᠯᠡᠬᠦ ᠶᠢ ᠴᠢᠨᠠᠷᠵᠢᠭᠤᠯᠬᠤ ᠶᠢ ᠠᠬᠢᠭᠤᠯᠤᠨ᠎ᠠ | | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠨᠠᠷᠠᠲᠤ ᠪᠠᠭᠰᠢ ᠶᠢᠨ ᠠᠵᠢᠯ ᠤᠨ | ᠲᠠᠰᠤᠭ ᠪᠠ ᠬᠢᠴᠢᠶᠡᠯ ᠲᠥᠷᠥᠯ ᠤᠨ ᠨᠢᠷᠤᠭᠤᠪᠴᠢ ᠪᠠᠭᠰᠢ ᠶᠢᠨ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ | ᠦᠢᠯᠡᠳᠤᠯ ᠢ ᠭᠦᠢᠴᠡᠳ ᠪᠠᠳᠠᠷᠠᠭᠤᠯᠵᠤ᠂ ᠬᠤᠰᠢᠭᠤ᠂ ᠰᠢᠶᠠᠩ᠂ ᠰᠤᠷᠭᠠᠭᠤᠯᠢ ᠭᠤᠷᠪᠠᠨ ᠱᠠᠲᠤᠨ ᠤ ᠵᠢᠭᠠᠨ | ᠰᠤᠳᠤᠯᠬᠤ ᠲᠣᠤᠷ ᠰᠦᠯᠵᠢᠶ᠎ᠡ ᠶᠢ ᠪᠣᠶ ᠪᠣᠯᠭᠠᠵᠤ᠂ ᠰᠤᠷᠤᠯᠭ᠎ᠠ ᠶᠢᠨ ᠬᠡᠰᠡᠭ ᠬᠤᠪᠢᠶᠠᠨ᠂ ᠬᠢᠴᠢᠶᠡᠯ ᠲᠥᠷᠥᠯ | ᠬᠤᠪᠢᠶᠠᠨ ᠲᠤᠰᠬᠠᠶ ᠲᠤᠰᠢᠶᠠᠯᠲᠤ ᠵᠢᠭᠠᠨ ᠰᠤᠳᠤᠯᠬᠤ ᠠᠵᠢᠯᠲᠠᠨ ᠢ ᠳᠣᠭᠢᠷᠠᠭᠤᠯᠵᠤ᠂ ᠵᠢᠭᠠᠨ ᠰᠤᠷᠭᠠᠯᠲᠠ ᠶᠢᠨ | ᠤᠷ᠎ᠠ ᠴᠢᠳᠠᠪᠤᠷᠢ ᠪᠠᠷ ᠴᠢᠩᠭ᠎ᠠ᠂ ᠵᠢᠭᠠᠨ ᠰᠤᠳᠤᠯᠬᠤ ᠬᠢᠷᠢ ᠬᠡᠮᠵᠢᠶ᠎ᠡ ᠪᠠᠷ ᠥᠨᠳᠥᠷ ᠨᠢᠭᠡᠨ ᠰᠠᠯᠠᠭ᠎ᠠ ᠵᠢᠭᠠᠨ | ᠰᠤᠳᠤᠯᠬᠤ ᠡᠩᠨᠡᠭᠡ ᠶᠢ ᠵᠢᠩᠬᠢᠨᠢ ᠪᠠᠷ ᠪᠠᠶᠢᠭᠤᠯᠤᠨ᠎ᠠ᠃ ᠰᠢᠨᠵᠢᠯᠡᠭᠡᠨ ᠤ ᠰᠠᠯᠠᠭ᠎ᠠ ᠶᠢᠨ ᠵᠢᠭᠠᠨ ᠰᠤᠳᠤᠯᠤᠭᠴᠢ᠂ | ᠭᠤᠤᠯᠯᠠᠭᠴᠢ ᠪᠠᠭᠰᠢ ᠶᠢ ᠪᠣᠯᠪᠠᠰᠤᠷᠠᠭᠤᠯᠤᠨ ᠬᠥᠮᠦᠵᠢᠭᠦᠯᠬᠦ ᠶᠢ ᠴᠢᠩᠭᠠᠳᠬᠠᠵᠤ᠂ ᠣᠷᠣᠨ ᠤ ᠳᠣᠲᠣᠷ᠎ᠠ ᠭᠠᠳᠠᠨᠠᠬᠢ | ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ ᠢ ᠤᠷᠢᠨ ᠪᠣᠯᠪᠠᠰᠤᠷᠠᠭᠤᠯᠤᠨ ᠵᠢᠯᠣᠭᠤᠳᠴᠤ᠂ ᠬᠥᠭᠵᠢᠭᠰᠡᠨ ᠭᠠᠵᠠᠷ | ᠣᠷᠣᠨ ᠪᠠ ᠲᠡᠷᠢᠭᠦᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠣᠨᠣᠯᠵᠢᠬᠤᠨ᠂ ᠲᠤᠷᠰᠢᠯᠭ᠎ᠠ ᠠᠷᠭ᠎ᠠ ᠬᠢᠳᠡᠯ᠂ | ᠵᠢᠭᠠᠨ ᠰᠤᠳᠤᠯᠬᠤ ᠦᠷ᠎ᠡ ᠪᠦᠲᠦᠭᠡᠯ ᠢ ᠰᠤᠷᠤᠯᠴᠠᠵᠤ᠂ ᠵᠢᠭᠠᠨ ᠰᠤᠳᠤᠯᠤᠭᠴᠢ ᠪᠠ ᠪᠠᠭᠰᠢ ᠶᠢᠨ ᠰᠤᠷᠭᠠᠨ | ᠬᠥᠮᠦᠵᠢᠯ ᠤᠨ ᠣᠨᠣᠯᠵᠢᠬᠤᠨ ᠢ ᠲᠠᠰᠤᠷᠠᠯᠲᠠ ᠥᠬᠡᠶ ᠰᠢᠨᠡᠳᠬᠡᠬᠦ ᠬᠡᠷᠡᠭᠲᠡᠶ᠃ | | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠵᠢᠭᠠᠨ ᠰᠤᠳᠤᠯᠤᠭᠴᠢ ᠦᠷᠭᠦᠯᠵᠢ | ᠬᠢᠴᠢᠶᠡᠯ ᠤᠨ ᠲᠠᠩᠬᠢᠮ ᠳᠤ ᠭᠦᠨᠵᠡᠭᠡᠶᠢᠷᠡᠨ ᠬᠢᠴᠢᠶᠡᠯ ᠦᠨᠡᠯᠡᠬᠦ ᠶᠢ ᠰᠣᠨᠣᠰᠴᠤ᠂ ᠵᠢᠭᠠᠨ ᠰᠤᠷᠭᠠᠯᠲᠠ ᠶᠢᠨ | ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠ ᠦᠨᠡᠯᠡᠯᠲᠡ ᠶᠢ ᠴᠢᠩᠭᠠᠳᠬᠠᠵᠤ᠂ ᠦᠨᠡᠯᠡᠯᠲᠡ ᠰᠣᠨᠣᠰᠬᠤ᠂ ᠬᠠᠷᠢᠭᠤ | ᠲᠤᠰᠬᠠᠬᠤ᠂ ᠰᠣᠯᠢᠯᠴᠠᠬᠤ᠂ ᠰᠤᠳᠤᠯᠤᠨ ᠶᠠᠷᠢᠯᠴᠠᠬᠤ ᠪᠠᠷ ᠳᠡᠮᠵᠢᠨ᠂ ᠬᠡᠪ ᠤᠨ ᠵᠢᠭᠠᠨ ᠰᠤᠷᠭᠠᠯᠲᠠ ᠶᠢᠨ ᠠᠰᠠᠭᠤᠨ | ᠣᠨᠣᠰᠢᠯᠠᠬᠤ ᠳᠤ ᠰᠤᠳᠠᠯ ᠪᠠᠷᠢᠵᠤ᠂ ᠬᠢᠴᠢᠶᠡᠯ ᠤᠨ ᠲᠠᠩᠬᠢᠮ ᠤᠨ ᠬᠡᠮ ᠰᠣᠭᠤᠭ ᠢ ᠡᠷᠢᠵᠦ᠂ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ ᠶᠢᠨ ᠳᠤᠮᠳᠠ ᠣᠷᠣᠰᠢᠵᠤ ᠪᠠᠶᠢᠭ᠎ᠠ ᠨᠡᠶᠢᠲᠡᠯᠢᠭ ᠴᠢᠨᠠᠷᠲᠠᠶ ᠠᠰᠠᠭᠤᠳᠠᠯ ᠪᠠ | ᠪᠠᠭᠤᠷᠠᠶ ᠭᠤᠭᠴᠤᠭ᠎ᠠ ᠶᠢ ᠴᠢᠩᠭ᠎ᠠ ᠠᠳᠬᠤᠨ ᠵᠢᠭᠠᠨ ᠰᠤᠳᠤᠯᠬᠤ ᠠᠵᠢᠯᠯᠠᠭ᠎ᠠ ᠥᠷᠨᠢᠭᠦᠯᠵᠦ᠂ ᠲᠡᠷᠢᠭᠦᠨ ᠤ | ᠣᠨᠣᠯᠵᠢᠬᠤᠨ ᠢ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠣᠷᠣᠭᠤᠯᠤᠨ ᠪᠣᠳᠠᠲᠠᠶ ᠬᠦᠴᠢᠷᠳᠡᠯ ᠢ ᠰᠢᠢᠳᠪᠦᠷᠢᠯᠡᠵᠤ᠂ | ᠠᠰᠠᠭᠤᠳᠠᠯ ᠢ ᠰᠢᠢᠳᠪᠦᠷᠢᠯᠡᠬᠦ ᠠᠷᠭ᠎ᠠ ᠪᠣᠳᠣᠯᠭ᠎ᠠ ᠶᠢ ᠡᠷᠢᠵᠦ᠂ ᠪᠠᠭᠰᠢ ᠶᠢ ᠰᠢᠪᠠᠳᠠᠨ ᠵᠢᠭᠠᠨ ᠰᠤᠷᠭᠠᠯᠲᠠ ᠶᠢᠨ | ᠬᠡᠪ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠢᠭᠠᠨ ᠰᠤᠳᠤᠯᠬᠤ ᠠᠵᠢᠯ ᠤᠨ | ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ | ︵ᠲᠠᠪᠤ︶ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ | ᠥᠨᠳᠥᠷ ᠦᠷ᠎ᠡ ᠪᠦᠲᠦᠮᠵᠢᠲᠡᠶ ᠪᠣᠯᠭᠠᠬᠤ ᠶᠢ ᠪᠠᠷᠢᠮᠲᠠᠯᠠᠨ᠎ᠠ | ᠬᠢᠴᠢᠶᠡᠯ ᠪᠡᠯᠡᠳᠬᠡᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ | ᠨᠡᠪᠲᠡᠷᠬᠡᠢ ᠣᠶᠢᠯᠠᠭᠠᠵᠤ᠂ ᠬᠢᠴᠢᠶᠡᠯ ᠲᠦᠷᠦᠯ ᠤᠨ ᠵᠢᠭᠠᠨ ᠰᠤᠷᠭᠠᠯᠲᠠ ᠶᠢᠨ ᠬᠠᠷᠠᠯᠲᠠ᠂ ᠵᠢᠭᠠᠬᠤ ᠮᠠᠲ᠋ᠧᠷᠢᠶᠠᠯ ᠤᠨ | ᠰᠢᠰᠲᠧᠮ ᠪᠣᠯᠤᠨ ᠦᠨᠳᠦᠰᠦᠨ ᠠᠭᠤᠯᠭ᠎ᠠ ᠶᠢ ᠡᠮᠬᠢᠯᠡᠵᠦ᠂ ᠵᠢᠭᠠᠬᠤ ᠮᠠᠲ᠋ᠧᠷᠢᠶᠠᠯ ᠤᠨ ᠪᠦᠬᠦ ᠠᠭᠤᠯᠭ᠎ᠠ ᠶᠢ | ᠪᠣᠯᠪᠠᠰᠤᠷᠠᠩᠭᠤᠢ ᠡᠵᠡᠮᠰᠢᠵᠦ᠂ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠰᠠᠨᠠᠭ᠎ᠠ᠂ ᠵᠣᠬᠢᠶᠠᠨ | ᠪᠠᠶᠢᠭᠤᠯᠤᠯᠲᠠ ᠶᠢᠨ ᠪᠦᠲᠦᠴᠡ᠂ ᠲᠠᠨᠢᠨ ᠮᠡᠳᠡᠬᠦᠢ ᠶᠢᠨ ᠪᠦᠲᠦᠴᠡ᠂ ᠭᠤᠣᠯᠳᠠᠯᠭ᠎ᠠ ᠲᠠᠢ ᠪᠦᠯᠦᠭ ᠬᠡᠰᠡᠭ᠂ | ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠲᠣᠳᠣᠷᠬᠠᠶᠢᠯᠠᠨ᠎ᠠ︔ ᠰᠤᠷᠤᠭᠴᠢᠳ ᠤᠨ ᠪᠦᠬᠦᠯᠢ ᠴᠣᠭᠴᠠ ᠶᠢᠨ | ᠣᠲᠣ ᠶᠢᠨ ᠪᠠᠶᠢᠭ᠎ᠠ ᠮᠡᠳᠡᠯᠭᠡ ᠶᠢᠨ ᠬᠢᠷᠢ ᠬᠡᠮᠵᠢᠶ᠎ᠡ᠂ ᠲᠠᠨᠢᠨ ᠮᠡᠳᠡᠬᠦᠶ ᠶᠢᠨ ᠠᠷᠭ᠎ᠠ ᠮᠠᠶ᠋ᠢᠭ᠂ ᠰᠤᠷᠤᠯᠴᠠᠬᠤ | ᠴᠢᠳᠠᠪᠤᠷᠢ ᠵᠢᠴᠢ ᠠᠳᠠᠯᠢ ᠪᠤᠰᠤ ᠲᠥᠷᠥᠯ ᠬᠡᠯᠪᠡᠷᠢ ᠶᠢᠨ ᠰᠤᠷᠤᠭᠴᠢᠳ ᠤᠨ ᠰᠤᠷᠤᠯᠴᠠᠭᠰᠠᠨ ᠪᠠᠶᠢᠳᠠᠯ᠂ | ᠰᠤᠷᠤᠯᠴᠠᠬᠤ ᠳᠠᠳᠬᠠᠯ ᠪᠠ ᠥᠪᠡᠷᠮᠢᠴᠡ ᠴᠢᠨᠠᠷ ᠤᠨ ᠵᠥᠷᠢᠶ᠎ᠡ ᠶᠢ ᠪᠥᠬᠦ ᠲᠠᠯ᠎ᠠ ᠪᠠᠷ ᠡᠵᠡᠮᠰᠢᠨ᠎ᠡ᠃ ᠵᠢᠭᠠᠬᠤ | ᠮᠠᠲ᠋ᠧᠷᠢᠶᠠᠯ ᠢ ᠪᠥᠬᠦ ᠲᠠᠯ᠎ᠠ ᠪᠠᠷ ᠨᠡᠪᠲᠡᠷᠡᠲᠡᠯ᠎ᠡ ᠣᠶᠢᠯᠠᠭᠠᠵᠤ᠂ ᠰᠤᠷᠤᠯᠭ᠎ᠠ ᠶᠢᠨ ᠪᠠᠶᠢᠳᠠᠯ ᠢ ᠪᠥᠬᠦ ᠲᠠᠯ᠎ᠠ ᠪᠠᠷ | ᠡᠵᠡᠮᠰᠢᠭᠰᠡᠨ ᠰᠠᠭᠤᠷᠢᠨ ᠳᠡᠭᠡᠷ᠎ᠡ᠂ ᠬᠢᠴᠢᠶᠡᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ᠂ | ᠪᠦᠷᠢᠨ ᠪᠦᠲᠦᠨ ᠢᠶᠠᠷ ᠢᠯᠡᠷᠡᠭᠦᠯᠵᠦ᠂ ᠡᠯ᠎ᠡ ᠵᠦᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ ᠰᠢᠯᠢᠳᠡᠭᠵᠢᠭᠦᠯᠦᠨ᠂ ᠲᠡᠷᠢᠭᠦᠨ ᠤ ᠵᠢᠭᠠᠨ ᠰᠤᠷᠭᠠᠯᠲᠠ ᠶᠢᠨ ᠣᠨᠣᠯᠵᠢᠬᠤᠨ ᠪᠠ ᠠᠷᠭ᠎ᠠ ᠶᠢ ᠬᠡᠷᠡᠭᠯᠡᠨ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠱᠠᠭᠠᠷᠳᠠᠯᠭ᠎ᠠ ᠶᠢ ᠪᠡᠶᠡᠯᠡᠭᠦᠯᠵᠦ᠂ ︽40 ᠮᠢᠨᠦ᠋ᠲ ᠤᠨ | ᠬᠢᠴᠢᠶᠡᠯ ᠤᠨ ᠲᠠᠩᠬᠢᠮ︾ ᠠᠴᠠ ᠶᠠᠰᠤ ᠴᠢᠨᠠᠷ ᠤᠯᠬᠤ ᠪᠠᠷ ᠴᠢᠷᠮᠠᠶᠢᠨ᠎ᠠ᠃ | | ᠬᠢᠴᠢᠶᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠤᠷᠤᠭᠴᠢ ᠪᠠᠷ ᠦᠨᠳᠦᠰᠦ ᠪᠣᠯᠭᠠᠬᠤ | ᠣᠨᠣᠯᠵᠢᠬᠤᠨ ᠢ ᠪᠠᠷᠢᠮᠲᠠᠯᠠᠵᠤ᠂ ᠰᠡᠩᠬᠡᠷᠡᠭᠦᠯᠬᠦ ᠮᠠᠶ᠋ᠢᠭ ᠤᠨ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ᠂ | ᠰᠦᠪᠡᠭᠴᠢᠯᠡᠨ ᠰᠤᠳᠤᠯᠬᠤ ᠮᠠᠶ᠋ᠢᠭ ᠤᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠵᠢᠭᠠᠨ ᠰᠤᠷᠭᠠᠯᠲᠠ ᠶᠢ | ᠴᠢᠬᠤᠯᠠᠴᠢᠯᠠᠨ᠂ ᠦᠨᠡᠨ ᠪᠣᠳᠠᠲᠠᠶ᠂ ᠯᠠᠪᠳᠠᠭᠤᠨ ᠪᠠᠲᠤᠲᠠᠶ᠂ ᠪᠣᠷᠣᠭᠵᠢᠭᠤᠨ ᠥᠨᠳᠥᠷ ᠦᠷ᠎ᠡ ᠪᠦᠲᠦᠮᠵᠢᠲᠡᠶ | ᠬᠢᠴᠢᠶᠡᠯ ᠤᠨ ᠲᠠᠩᠬᠢᠮ ᠢ ᠪᠣᠶ ᠪᠣᠯᠭᠠᠨ᠎ᠠ᠃ ᠪᠠᠭᠰᠢ ᠨᠠᠷ ᠬᠢᠴᠢᠶᠡᠯ ᠠᠴᠠ ᠡᠮᠦᠨ᠎ᠡ ᠰᠤᠷᠤᠭᠴᠢᠳ ᠢ ᠵᠢᠭᠠᠨ | ᠵᠢᠯᠣᠭᠤᠳᠴᠤ ᠤᠷᠢᠳᠴᠢᠯᠠᠨ ᠳᠠᠪᠲᠠᠬᠤ ᠶᠢ ᠰᠠᠶᠢᠲᠤᠷ ᠬᠢᠯᠭᠡᠵᠦ᠂ ᠬᠢᠴᠢᠶᠡᠯ ᠳᠡᠭᠡᠷ᠎ᠡ ᠭᠤᠣᠯᠳᠠᠯᠭ᠎ᠠ ᠲᠠᠢ ᠬᠦᠴᠢᠷ | ᠠᠰᠠᠭᠤᠳᠠᠯ᠂ ᠮᠡᠳᠡᠯᠭᠡ ᠶᠢᠨ ᠰᠢᠰᠲᠧᠮ ᠢ ᠲᠣᠳᠣᠷᠬᠠᠢ ᠶᠠᠷᠢᠵᠤ᠂ ᠰᠤᠷᠤᠭᠴᠢᠳ ᠤᠨ ᠰᠠᠨᠠᠭᠠᠴᠢᠯᠠᠭ᠎ᠠ ᠠᠴᠠ ᠪᠠᠨ | ᠰᠡᠳᠬᠢᠬᠦ᠂ ᠢᠳᠡᠪᠬᠢᠲᠡᠢ ᠪᠠᠷ ᠠᠰᠠᠭᠤᠯᠲᠠ ᠳᠤᠷᠠᠳᠬᠤ᠂ ᠪᠡᠶ᠎ᠡ ᠪᠠᠨ ᠳᠠᠭᠠᠭᠠᠨ ᠰᠦᠪᠡᠭᠴᠢᠯᠡᠬᠦ ᠶᠢ ᠬᠦᠳᠦᠯᠦᠨ | ᠵᠢᠯᠣᠭᠤᠳᠬᠤ ᠬᠡᠷᠡᠭᠲᠡᠢ᠃ ᠤᠯᠠᠮᠵᠢᠯᠠᠯ ᠪᠠ ᠣᠲᠣ ᠦᠶ᠎ᠡ ᠶᠢᠨ ᠮᠡᠷᠭᠡᠵᠢᠯ ᠤᠨ ᠠᠷᠭ᠎ᠠ ᠪᠠᠷᠢᠯ ᠢ ᠠᠭᠤᠰᠤᠯᠴᠠᠭᠤᠯᠤᠨ | ᠬᠡᠷᠡᠭᠯᠡᠵᠦ᠂ ᠠᠬᠤᠶ ᠣᠷᠴᠢᠨ ᠤ ᠵᠢᠭᠠᠨ ᠰᠤᠷᠭᠠᠯᠲᠠ ᠶᠢ ᠴᠢᠬᠤᠯᠠᠴᠢᠯᠠᠨ᠎ᠠ᠃ ᠰᠤᠷᠤᠯᠭ᠎ᠠ ᠶᠢᠨ ᠪᠠᠶᠢᠳᠠᠯ ᠢ ᠨᠠᠷᠢᠯᠢᠭ | ᠣᠨᠣᠴᠠᠲᠠᠶ ᠪᠠᠷ ᠵᠠᠳᠠᠯᠵᠤ᠂ ᠵᠦᠷᠢᠶᠡᠴᠢᠯᠡᠭᠰᠡᠨ ᠵᠢᠭᠠᠨ ᠰᠤᠷᠭᠠᠯᠲᠠ ᠪᠠ ᠲᠤᠰᠬᠠᠢᠴᠢᠯᠠᠭᠰᠠᠨ ᠵᠢᠯᠣᠭᠤᠳᠣᠯᠭ᠎ᠠ ᠶᠢ | ᠴᠢᠬᠤᠯᠠᠴᠢᠯᠠᠨ᠂ ᠣᠯᠠᠨ ᠡᠰᠢᠲᠦ᠂ ᠬᠥᠭᠵᠢᠯᠲᠡ ᠶᠢᠨ ᠴᠢᠨᠠᠷᠲᠠᠶ ᠦᠨᠡᠯᠡᠯᠲᠡ ᠶᠢᠨ ᠬᠦᠢᠴᠡᠳᠭᠡᠯ ᠲᠤᠭ᠎ᠠ ᠶᠢ | ᠬᠡᠷᠡᠭᠯᠡᠵᠦ᠂ ᠢᠯᠠᠩᠭᠤᠶ᠎ᠠ ᠡᠩ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠡᠳᠦᠷ ᠲᠤᠲᠤᠮ ᠤᠨ | ᠦᠨᠡᠯᠡᠯᠲᠡ ᠶᠢᠨ ᠠᠵᠢᠯ ᠢ ᠴᠢᠩᠭᠠᠳᠬᠠᠨ᠎ᠠ᠃ ᠠᠵᠢᠯ ᠤᠨ ᠵᠢᠷᠤᠭ ᠲᠥᠯᠥᠪᠯᠡᠭᠡ ᠶᠢᠨ ᠶᠠᠰᠤ ᠴᠢᠨᠠᠷ ᠢ | ᠳᠡᠭᠡᠭᠰᠢᠯᠡᠭᠦᠯᠵᠦ᠂ ᠰᠠᠭᠤᠷᠢ ᠴᠢᠨᠠᠷᠲᠠᠶ ᠠᠵᠢᠯ ᠢ ᠨᠠᠷᠢᠨ ᠨᠢᠮᠪᠠᠶ ᠵᠢᠷᠤᠭᠯᠠᠨ ᠲᠥᠯᠥᠪᠯᠡᠵᠦ᠂ ᠰᠦᠪᠡᠭᠴᠢᠯᠡᠯᠲᠡ ᠶᠢᠨ | ᠴᠢᠨᠠᠷᠲᠠᠶ᠂ ᠦᠢᠯᠡᠳᠤᠯᠭᠡ ᠶᠢᠨ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ ᠠᠵᠢᠯ ᠢ ᠵᠣᠬᠢᠰᠲᠠᠶ ᠨᠡᠮᠡᠭᠳᠡᠭᠦᠯᠦᠨ᠎ᠡ᠃ | ᠠᠵᠢᠯ ᠤᠨ ᠵᠢᠷᠤᠭ ᠲᠥᠯᠥᠪᠯᠡᠭᠡ ᠶᠢᠨ ᠰᠢᠯᠢᠳᠡᠭ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ ᠠᠵᠢᠯᠯᠠᠭ᠎ᠠ ᠶᠢ ᠡᠷᠬᠢᠯᠡᠨ᠎ᠠ | ᠃ | ᠮᠡᠳᠡᠭᠡ ᠵᠠᠩᠬᠢᠴᠢᠯᠠᠭᠰᠠᠨ ᠵᠢᠭᠠᠨ ᠰᠤᠷᠭᠠᠯᠲᠠ ᠶᠢ ᠴᠢᠩᠭᠠᠳᠬᠠᠨ᠎ᠠ᠃ ᠮᠡᠳᠡᠭᠡ ᠵᠠᠩᠭᠢᠵᠢᠯᠲᠠ ᠶᠢᠨ ᠰᠤᠷᠭᠠᠨ | ᠬᠥᠮᠦᠵᠢᠯ ᠤᠨ ᠲᠥᠬᠦᠭᠡᠷᠦᠮᠵᠢ ᠶᠢᠨ ᠬᠡᠷᠡᠭᠯᠡᠯᠲᠡ ᠶᠢᠨ ᠡᠷᠴᠢᠮ ᠢ ᠴᠢᠩᠭᠠᠷᠠᠭᠤᠯᠵᠤ᠂ ︽ᠬᠢᠴᠢᠶᠡᠯ ᠤᠨ ᠲᠠᠩᠬᠢᠮ ᠳᠤ | ᠬᠡᠷᠡᠭᠯᠡᠬᠦ᠂ ᠪᠠᠶᠢᠩᠭᠤ ᠬᠡᠷᠡᠭᠯᠡᠬᠦ᠂ ᠨᠡᠶᠢᠳᠡᠮ ᠬᠡᠷᠡᠭᠯᠡᠬᠦ︾ ᠰᠠᠭᠤᠷᠢᠨ ᠳᠡᠭᠡᠷ᠎ᠡ᠂ ︽ᠰᠤᠷᠭᠠᠭᠤᠯᠢ ᠳᠤ ᠬᠡᠷᠡᠭᠯᠡᠬᠦ | ᠲᠠᠪᠴᠠᠩ᠂ ᠠᠩᠭᠢ ᠳᠤ ᠬᠡᠷᠡᠭᠯᠡᠬᠦ ᠡᠬᠢ ᠪᠠᠶᠠᠯᠢᠭ᠂ ᠬᠥᠮᠦᠨ ᠪᠦᠬᠦᠨ ᠳᠤ ᠬᠡᠷᠡᠭᠯᠡᠬᠦ ᠣᠷᠣᠨ ᠵᠠᠶ︾ ᠶᠢ ᠪᠣᠶ | ᠪᠣᠯᠭᠠᠵᠤ᠂ ︽ᠰᠢᠯᠢᠳᠡᠭ ᠡᠬᠢ ᠪᠠᠶᠠᠯᠢᠭ ᠢ ᠠᠩᠭᠢ ᠳᠤ ᠨᠡᠪᠲᠡᠷᠡᠭᠦᠯᠬᠦ︾ ᠪᠠ ︽ᠰᠦᠯᠵᠢᠶᠡᠨ ᠤ ᠰᠤᠷᠤᠯᠴᠠᠯᠭ᠎ᠠ ᠶᠢᠨ | ᠣᠷᠣᠨ ᠵᠠᠶ ᠶᠢ ᠬᠥᠮᠦᠨ ᠪᠦᠬᠦᠨ ᠳᠤ ᠨᠡᠪᠲᠡᠷᠡᠭᠦᠯᠬᠦ︾ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠢᠳᠡᠪᠬᠢᠲᠡᠶ ᠠᠬᠢᠭᠤᠯᠤᠨ᠎ᠠ︔ ᠮᠡᠳᠡᠭᠡ ᠵᠠᠩᠭᠢ ᠶᠢᠨ ᠮᠡᠷᠭᠡᠵᠢᠯ ᠪᠣᠯᠤᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠭᠦᠨᠵᠡᠭᠡᠶ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠦᠯᠵᠢᠶ᠎ᠡ ᠪᠠᠷ ᠵᠢᠭᠠᠨ | ᠰᠤᠳᠤᠯᠬᠤ᠂ ᠰᠦᠯᠵᠢᠶ᠎ᠡ ᠪᠠᠷ ᠬᠢᠴᠢᠶᠡᠯ ᠪᠡᠯᠡᠳᠬᠡᠬᠦ᠂ ᠤᠶᠤᠨᠲᠤ ᠬᠢᠴᠢᠶᠡᠯ ᠤᠨ ᠲᠠᠩᠬᠢᠮ᠂ ᠰᠦᠯᠵᠢᠶ᠎ᠡ ᠪᠠᠷ | ᠠᠵᠢᠯᠯᠠᠬᠤ ᠵᠡᠷᠭᠡ ᠵᠢᠭᠠᠨ ᠰᠤᠷᠭᠠᠯᠲᠠ ᠶᠢᠨ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠡᠯ᠎ᠡ | ᠰᠤᠷᠭᠠᠭᠤᠯᠢ ᠶᠢ ᠵᠢᠯᠣᠭᠤᠳᠤᠨ ᠲᠣᠭᠠᠴᠢᠯᠠᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠥᠮᠥᠷᠭᠡ ᠶᠢᠨ | ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ ᠣᠨ ᠪᠠ ᠰᠢᠨᠵᠢᠯᠡᠭᠡᠨ ᠤ ᠰᠠᠯᠠᠭ᠎ᠠ ᠬᠤᠪᠢᠶᠠᠨ ᠵᠢᠭᠠᠨ | ᠰᠤᠷᠭᠠᠯᠲᠠ ᠶᠢᠨ ᠰᠦᠯᠵᠢᠶᠡᠨ ᠤ ᠬᠢᠴᠢᠶᠡᠯ ᠤᠨ ᠡᠬᠢ ᠪᠠᠶᠠᠯᠢᠭ ᠤᠨ ᠪᠥᠲᠥᠭᠡᠨ ᠪᠠᠶᠢᠭᠤᠯᠤᠯᠲᠠ ᠶᠢ ᠬᠢᠵᠦ᠂ ᠡᠯ᠎ᠡ | ᠰᠤᠷᠤᠯᠭ᠎ᠠ ᠶᠢᠨ ᠱᠠᠲᠤ ᠦᠶ᠎ᠡ᠂ ᠡᠯ᠎ᠡ ᠰᠢᠨᠵᠢᠯᠡᠭᠡᠨ ᠤ ᠰᠠᠯᠠᠭ᠎ᠠ ᠶᠢ ᠬᠠᠮᠤᠷᠤᠭᠰᠠᠨ ᠡᠬᠢ ᠪᠠᠶᠠᠯᠢᠭ ᠤᠨ | ᠰᠢᠰᠲ᠋ᠧᠮᠵᠢ ᠶᠢ ᠪᠣᠶ ᠪᠣᠯᠭᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠭᠥᠷᠳᠡᠬᠦ | ᠪᠠ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠎ᠠ᠃ | ᠵᠢᠭᠠᠨ ᠰᠤᠷᠭᠠᠬᠤ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠦᠨ᠎ᠡ᠃ ᠪᠠᠭᠰᠢ ᠶᠢᠨ ᠲᠤᠰᠬᠠᠶ ᠮᠡᠷᠭᠡᠵᠢᠯ ᠤᠨ | ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠪᠠᠭᠰᠢ ᠶᠢᠨ ᠵᠢᠭᠠᠨ ᠰᠤᠷᠭᠠᠯᠲᠠ ᠶᠢᠨ ᠤᠷ᠎ᠠ ᠮᠡᠷᠭᠡᠵᠢᠯ ᠢ | ᠳᠡᠭᠡᠭᠰᠢᠯᠡᠭᠦᠯᠬᠦ ᠪᠠᠷ ᠬᠦᠴᠦᠯᠡᠬᠦ ᠴᠡᠭ ᠪᠣᠯᠭᠠᠵᠤ᠂ ᠪᠠᠭᠰᠢ ᠶᠢᠨ ᠬᠤᠪᠢ ᠬᠥᠮᠦᠨ ᠤ ᠬᠡᠪ ᠴᠢᠨᠠᠷ ᠪᠠ ᠲᠤᠬᠠᠶᠢᠯᠠᠭᠰᠠᠨ | ᠠᠵᠢᠯ ᠤᠨ ᠬᠥᠭᠵᠢᠯᠲᠡ ᠶᠢᠨ ᠲᠠᠪᠴᠠᠩ ᠢ ᠢᠳᠡᠪᠬᠢᠲᠡᠶ ᠪᠠᠶᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠰᠤᠳᠤᠯᠤᠨ ᠶᠠᠷᠢᠯᠴᠠᠵᠤ ᠰᠣᠯᠢᠯᠴᠠᠬᠤ ᠶᠢ ᠴᠢᠩᠭᠠᠳᠬᠠᠨ᠂ ᠦᠵᠡᠭᠦᠯᠦᠯᠭᠡ ᠶᠢᠨ ᠬᠢᠴᠢᠶᠡᠯ᠂ | ᠰᠢᠯᠢᠳᠡᠭ ᠬᠢᠴᠢᠶᠡᠯ᠂ ︽ᠨᠢᠭᠡ ᠪᠠᠭᠰᠢ ᠨᠢᠭᠡ ᠰᠢᠯᠢᠳᠡᠭ ᠬᠢᠴᠢᠶᠡᠯ︾᠂ ᠵᠢᠭᠠᠨ ᠰᠤᠷᠭᠠᠯᠲᠠ ᠶᠢᠨ ᠮᠡᠷᠭᠡᠵᠢᠯ | ᠴᠢᠳᠠᠪᠤᠷᠢ ᠶᠢᠨ ᠤᠷᠤᠯᠳᠤᠭᠠᠨ ᠵᠡᠷᠭᠡ ᠠᠵᠢᠯ ᠤᠨ ᠪᠠᠶᠢᠷᠢ ᠶᠢᠨ ᠪᠣᠯᠪᠠᠰᠤᠷᠠᠯ ᠤᠨ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠡᠷᠭᠢᠯᠡᠵᠦ᠂ ᠰᠢᠯᠢᠳᠡᠭ ᠪᠠᠭᠰᠢ ᠶᠢ ᠰᠣᠩᠭᠤᠨ ᠲᠠᠨᠢᠯᠴᠠᠭᠤᠯᠵᠤ ᠤᠯᠤᠰ᠂ ᠲᠣᠭᠤᠷᠢᠭ | ᠬᠤᠲᠠ ᠶᠢᠨ ᠵᠢᠭᠠᠨ ᠰᠤᠷᠭᠠᠯᠲᠠ ᠶᠢᠨ ᠤᠷᠤᠯᠳᠤᠭᠠᠨ ᠤ ᠠᠵᠢᠯᠯᠠᠭ᠎ᠠ ᠳᠤ ᠣᠷᠣᠯᠴᠠᠭᠤᠯᠵᠤ᠂ ᠰᠢᠨᠵᠢᠯᠡᠬᠦ ᠤᠬᠠᠭᠠᠨ ᠤ | ᠰᠤᠳᠤᠯᠤᠯ ᠢᠶᠠᠷ ᠰᠤᠷᠭᠠᠨ ᠬᠥᠮᠦᠵᠢᠯ ᠢ ᠬᠥᠭᠵᠢᠭᠦᠯᠬᠦ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ | ᠪᠠᠭᠰᠢ ᠶᠢᠨ ᠵᠢᠭᠠᠨ ᠰᠤᠷᠭᠠᠯᠲᠠ ᠶᠢᠨ ᠢᠳᠡᠪᠬᠢᠵᠢᠯ ᠢ ᠬᠦᠢᠴᠡᠳ ᠳᠠᠶᠢᠴᠢᠯᠠᠨ᠎ᠠ᠃ ᠵᠠᠯᠠᠭᠤ ᠪᠠᠭᠰᠢ ᠨᠠᠷ ᠤᠨ | ᠦᠨᠳᠦᠰᠦᠨ ᠴᠢᠳᠠᠪᠤᠷᠢ ᠶᠢᠨ ᠤᠷᠤᠯᠳᠤᠭᠠᠨ᠂ ᠬᠠᠷᠢᠭᠤ ᠮᠡᠳᠡᠭᠦᠯᠬᠦ ᠬᠢᠴᠢᠶᠡᠯ ᠵᠡᠷᠭᠡ ᠠᠵᠢᠯᠯᠠᠭ᠎ᠠ ᠶᠢ ᠡᠷᠬᠢᠯᠡᠬᠦ ᠪᠠᠷ | ᠳᠠᠮᠵᠢᠭᠤᠯᠤᠨ᠂ ᠨᠢᠭᠡ ᠪᠦᠯᠦᠭ ᠲᠠᠯᠳᠠ ᠬᠦᠴᠦᠨ ᠲᠠᠢ ᠨᠡᠷᠡᠳᠤ ᠪᠠᠭᠰᠢ ᠶᠢ ᠠᠭᠤᠳᠠᠯᠵᠤ᠂ ᠵᠠᠯᠠᠭᠤ ᠪᠠᠭᠰᠢ ᠨᠠᠷ ᠤᠨ | ᠲᠦᠷᠭᠡᠨ ᠦᠰᠦᠨ ᠪᠤᠶᠢᠵᠢᠬᠤ ᠶᠢ ᠠᠬᠢᠭᠤᠯᠵᠤ᠂ ᠨᠢᠭᠡ ᠪᠦᠯᠦᠭ ᠵᠢᠭᠠᠨ ᠰᠤᠷᠭᠠᠬᠤ ᠴᠢᠳᠠᠪᠤᠷᠢᠲᠠᠨ ᠢ | ᠬᠥᠮᠦᠵᠢᠭᠦᠯᠦᠨ ᠪᠤᠢ ᠪᠣᠯᠭᠠᠨ᠎ᠠ᠃ | ︵ᠵᠢᠷᠭᠤᠭ᠎ᠠ︶ ᠠᠭᠤᠯᠤᠭᠳᠠᠬᠤᠨ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠭᠤᠤᠯ | ᠰᠡᠳᠦᠪᠴᠢᠯᠡᠯᠲᠡ ᠶᠢ ᠳᠣᠪᠤᠶᠢᠯᠭᠠᠨ᠎ᠠ | | ᠰᠤᠷᠭᠠᠭᠤᠯᠢ ᠶᠢᠨ ᠬᠦᠷᠢᠶᠡᠨ ᠤ ᠣᠷᠴᠢᠨ ᠨᠥᠬᠦᠴᠡᠯ ᠢ ᠪᠦᠬᠦ ︽ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠲᠤᠬᠠᠶ ᠶᠢᠨ ᠭᠠᠵᠠᠷ ᠲᠤᠨᠢ ᠲᠣᠬᠢᠷᠠᠭᠤᠯᠬᠤ︾ ᠵᠠᠷᠴᠢᠮ ᠤᠨ ᠶᠣᠰᠣᠭᠠᠷ᠂ ᠰᠤᠷᠭᠠᠭᠤᠯᠢ ᠶᠢᠨ ᠬᠦᠷᠢᠶ᠎ᠡ ᠶᠢ ᠵᠦᠢ | ᠵᠣᠬᠢᠰᠲᠠᠶ ᠵᠢᠷᠤᠭᠯᠠᠨ ᠲᠥᠯᠥᠪᠯᠡᠬᠦ ᠪᠠ ᠪᠠᠶᠢᠷᠢᠯᠠᠭᠤᠯᠵᠤ᠂ ᠣᠷᠣᠨ ᠵᠠᠶ ᠪᠣᠯᠤᠨ ᠬᠡᠷᠡᠮ ᠢ ᠪᠦᠲᠦᠮᠵᠢᠲᠡᠶ ᠠᠰᠢᠭᠯᠠᠨ᠂ | ᠠᠮᠢ ᠠᠬᠤᠶ ᠶᠢᠨ ᠰᠤᠷᠭᠠᠭᠤᠯᠢ ᠶᠢᠨ ᠬᠦᠷᠢᠶ᠎ᠡ᠂ ᠰᠣᠶᠣᠯ ᠤᠨ ᠰᠤᠷᠭᠠᠭᠤᠯᠢ ᠶᠢᠨ ᠬᠦᠷᠢᠶ᠎ᠡ᠂ ᠪᠢᠴᠢᠭ ᠤᠨ | ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ ᠶᠢ ᠪᠥᠳᠥᠭᠡᠨ ᠪᠠᠶᠢᠭᠤᠯᠵᠤ᠂ ᠣᠷᠴᠢᠨ ᠲᠣᠭᠤᠷᠢᠨ ᠤ ᠬᠥᠮᠦᠨ | ᠬᠥᠮᠦᠵᠢᠭᠦᠯᠬᠦ ᠴᠢᠳᠠᠮᠵᠢ ᠶᠢ ᠪᠠᠳᠠᠷᠠᠭᠤᠯᠤᠨ᠎ᠠ᠃ ᠰᠤᠷᠭᠠᠭᠤᠯᠢ ᠶᠢᠨ ᠬᠦᠷᠢᠶ᠎ᠡ ᠶᠢ ᠴᠡᠪᠡᠷᠰᠢᠭᠦᠯᠬᠦ ᠶᠢ ᠦᠨᠡᠨᠬᠦ | ᠪᠠᠲᠤᠯᠠᠭᠰᠠᠨ ᠤᠷᠢᠲᠠᠯ ᠳᠣᠤᠷ᠎ᠠ᠂ ᠴᠡᠴᠡᠭ ᠡᠪᠡᠰᠦ ᠮᠣᠳᠣ ᠳᠠᠷᠢᠵᠤ᠂ ᠬᠡᠷ ᠪᠠᠶᠢᠰᠢᠩ ᠤᠨ ᠰᠣᠶᠣᠯ ᠢ | ᠪᠠᠶᠢᠷᠢᠰᠢᠭᠤᠯᠤᠨ᠂ ᠰᠤᠷᠭᠠᠭᠤᠯᠢ ᠶᠢᠨ ᠬᠦᠷᠢᠶᠡᠨ ᠤ ᠦᠵᠡᠮᠵᠢ ᠶᠢ ᠪᠣᠶ ᠪᠣᠯᠭᠠᠵᠤ᠂ ᠨᠣᠭᠤᠭᠠᠷᠠᠭᠤᠯᠬᠤ᠂ | ᠭᠤᠶᠤᠵᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠬᠠᠮᠲᠤ ᠢᠳᠡᠪᠬᠢᠲᠡᠶ ᠪᠠᠷ ᠪᠠᠯᠠ ᠮᠥᠩᠭᠦ | ᠴᠤᠭᠯᠠᠭᠤᠯᠵᠤ᠂ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠦᠨ ᠬᠠᠲᠠᠭᠤᠵᠢᠭᠤᠯᠬᠤ᠂ ᠭᠡᠷᠡᠯᠲᠦᠭᠦᠯᠬᠦ ᠶᠢ | ᠠᠯᠬᠤᠮ ᠠᠯᠬᠤᠮ ᠢᠶᠠᠷ ᠪᠡᠶᠡᠯᠡᠭᠦᠯᠵᠦ᠂ ᠪᠠᠭᠰᠢ ᠰᠤᠷᠤᠭᠴᠢᠳ ᠤᠨ ᠠᠵᠢᠯᠯᠠᠵᠤ ᠰᠤᠷᠤᠯᠴᠠᠬᠤ ᠨᠥᠬᠦᠴᠡᠯ ᠢ ᠪᠥᠬᠦ | ᠲᠠᠯ᠎ᠠ ᠪᠠᠷ ᠰᠠᠶᠢᠵᠢᠷᠠᠭᠤᠯᠤᠨ᠎ᠠ᠃ | | ᠨᠠᠮ ᠤᠨ ᠪᠠᠶᠢᠭᠤᠯᠤᠯᠲᠠ ᠶᠢᠨ ᠰᠣᠶᠣᠯ ᠰᠤᠷᠭᠠᠭᠤᠯᠢ ᠶᠢᠨ ᠬᠦᠷᠢᠶᠡᠨ ᠳᠤ ᠣᠷᠣᠪᠠ᠃ ᠨᠠᠮ ᠤᠨ | ᠪᠠᠶᠢᠭᠤᠯᠤᠯᠲᠠ ᠶᠢᠨ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠲᠦᠯᠬᠢᠨ ᠠᠬᠢᠭᠤᠯᠬᠤ | ᠠᠵᠢᠯ ᠤᠨ ᠲᠥᠯᠥᠪᠯᠡᠭᠡ ᠪᠠ ᠪᠣᠳᠠᠲᠠᠶ ᠲᠥᠰᠦᠯ ᠢ ᠲᠣᠭᠲᠠᠭᠠᠵᠤ᠂ ᠨᠠᠮ ᠤᠨ ᠪᠠᠶᠢᠭᠤᠯᠤᠯᠲᠠ ᠶᠢᠨ ᠰᠣᠶᠣᠯ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠨᠠᠮ ᠤᠨ | ᠪᠠᠶᠢᠭᠤᠯᠤᠯᠲᠠ ᠶᠢᠨ ᠰᠣᠶᠣᠯ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠭᠤᠯᠢ ᠶᠢᠨ ᠢᠯᠡ ᠲᠣᠳᠣ ᠨᠠᠮ ᠤᠨ ᠪᠠᠶᠢᠭᠤᠯᠤᠯᠲᠠ ᠶᠢᠨ ᠤᠬᠠᠭᠤᠯᠭ᠎ᠠ ᠶᠢᠨ | ᠡᠯᠧᠮᠧᠨ᠋ᠲ ᠪᠠ ᠭᠦᠨ ᠵᠤᠵᠠᠭᠠᠨ ᠨᠠᠮ ᠤᠨ ᠪᠠᠶᠢᠭᠤᠯᠤᠯᠲᠠ ᠶᠢᠨ ᠰᠣᠶᠣᠯ ᠤᠨ ᠠᠭᠤᠷ ᠠᠮᠢᠰᠬᠤᠯ ᠲᠠᠢ ᠪᠠᠶᠢᠬᠤ ᠶᠢ | ᠪᠠᠲᠤᠯᠠᠵᠤ᠂ ᠨᠠᠮ ᠤᠨ ᠡᠭᠦᠷ᠂ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ ᠶᠢᠨ | ᠬᠥᠲᠥᠯᠦᠨ ᠳᠠᠭᠠᠭᠤᠯᠬᠤ ᠦᠢᠯᠡᠳᠤᠯ ᠢ ᠬᠦᠢᠴᠡᠳ ᠪᠠᠳᠠᠷᠠᠭᠤᠯᠤᠨ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ | ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠡᠯᠪᠡᠭ ᠪᠠᠶᠠᠯᠢᠭ ᠨᠠᠮ ᠤᠨ ᠪᠠᠶᠢᠭᠤᠯᠤᠯᠲᠠ ᠶᠢᠨ ᠰᠣᠶᠣᠯ ᠤᠨ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢᠨ | ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | | ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠰᠤᠷᠭᠠᠭᠤᠯᠢ ᠶᠢᠨ ᠪᠣᠳᠠᠲᠤ ᠪᠠᠶᠢᠳᠠᠯ ᠪᠠ ᠰᠣᠶᠣᠯ ᠤᠨ | ᠬᠤᠷᠠᠮᠳᠤᠭᠤᠯᠤᠯ ᠳᠤ ᠰᠠᠭᠤᠷᠢᠯᠠᠨ᠂ ᠣᠷᠣᠨ ᠪᠦᠰᠡ ᠶᠢᠨ ᠣᠨᠴᠠᠯᠢᠭ ᠲᠠᠢ ᠤᠶᠠᠯᠳᠤᠭᠤᠯᠵᠤ᠂ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠣᠨᠣᠯᠵᠢᠬᠤᠨ ᠪᠠ ᠦᠵᠡᠯ ᠰᠠᠨᠠᠭ᠎ᠠ ᠶᠢ ᠬᠠᠷᠠᠭᠤᠯᠤᠭᠰᠠᠨ ᠰᠤᠷᠭᠠᠭᠤᠯᠢ ᠶᠢᠨ ᠰᠣᠶᠣᠯ ᠢ | ᠪᠠᠶᠢᠭᠤᠯᠵᠤ᠂ ᠰᠤᠷᠭᠠᠭᠤᠯᠢ ᠡᠷᠭᠢᠯᠡᠬᠦ ᠣᠨᠴᠠᠯᠢᠭ ᠢ ᠳᠣᠪᠤᠶᠢᠯᠭᠠᠨ᠂ ᠰᠤᠷᠭᠠᠭᠤᠯᠢ ᠶᠢᠨ ᠠᠭᠤᠯᠤᠭᠳᠠᠬᠤᠨ ᠤ | ᠬᠥᠭᠵᠢᠯᠲᠡ ᠶᠢ ᠬᠥᠲᠥᠯᠦᠨ ᠵᠢᠯᠣᠭᠤᠳᠤᠨ᠎ᠠ᠃ ᠰᠤᠷᠭᠠᠭᠤᠯᠢ ᠶᠢᠨ ᠬᠦᠷᠢᠶᠡᠨ ᠤ ᠢᠯᠠ ᠪᠠᠶᠢᠷᠢᠨ ᠳᠤ ᠨᠠᠮ ᠤᠨ | ᠰᠤᠷᠭᠠᠨ ᠬᠥᠮᠦᠵᠢᠯ ᠤᠨ ᠴᠢᠭᠯᠡᠯᠲᠡ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠪᠠᠶᠢᠷᠢᠯᠠᠭᠤᠯᠵᠤ᠂ ᠰᠠᠮᠪᠠᠷ᠎ᠠ ᠶᠢᠨ ᠰᠣᠨᠢᠨ ᠤ ᠳᠡᠯᠭᠡᠭᠦᠷ᠂ ᠰᠤᠷᠤᠯᠴᠠᠯᠭ᠎ᠠ ᠶᠢᠨ ᠲᠤᠰᠬᠠᠢ ᠪᠤᠯᠤᠩ ᠢᠶᠠᠷ ᠳᠠᠮᠵᠢᠭᠤᠯᠤᠨ | ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠴᠢᠭᠯᠡᠯᠲᠡ᠂ ᠴᠢᠬᠤᠯᠠ ᠬᠤᠷᠠᠯ ᠤᠨ ᠵᠣᠷᠢᠭ ᠰᠠᠨᠠᠭ᠎ᠠ᠂ | ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠴᠠᠭ ᠲᠤᠬᠠᠢ ᠳᠤᠨᠢ ᠤᠯᠠᠮᠵᠢᠯᠠᠨ ᠤᠬᠠᠭᠤᠯᠤᠨ᠎ᠠ︔ | ᠰᠤᠷᠭᠠᠭᠤᠯᠢ ᠶᠢᠨ ᠰᠦᠯᠳᠡ᠂ ᠰᠤᠷᠭᠠᠭᠤᠯᠢ ᠶᠢᠨ ᠲᠤᠭ᠂ ᠰᠤᠷᠭᠠᠭᠤᠯᠢ ᠶᠢᠨ ᠳᠠᠭᠤᠤ ᠵᠡᠷᠭᠡ ᠳᠦᠷᠢ ᠲᠥᠷᠬᠦ ᠶᠢᠨ | ᠪᠡᠯᠭᠡ ᠲᠡᠮᠳᠡᠭ ᠤᠨ ᠡᠭᠦᠳᠦᠯᠲᠡ ᠶᠢ ᠴᠢᠩᠭᠠᠳᠬᠠᠵᠤ᠂ ᠰᠤᠷᠭᠠᠭᠤᠯᠢ ᠶᠢᠨ ︽ᠭᠤᠷᠪᠠᠨ ᠰᠤᠷᠲᠠᠯ ᠨᠢᠭᠡ ᠪᠣᠯᠪᠠᠰᠤᠷᠠᠯ︾ | ᠢ ᠪᠣᠯᠪᠠᠰᠤᠷᠠᠭᠤᠯᠤᠨ ᠪᠣᠶ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠣᠶᠤᠨ ᠤ ᠰᠣᠶᠣᠯ ᠤᠨ ᠨᠢᠭᠲᠠᠷᠠᠯ ᠤᠨ | ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠤᠨ᠎ᠠ᠃ ᠣᠷᠣᠨ ᠨᠤᠲᠤᠭ ᠤᠨ ᠰᠣᠶᠣᠯ ᠤᠨ ᠠᠭᠤᠯᠬᠤᠨ ᠢ | ᠢᠳᠡᠪᠬᠢᠲᠡᠶ ᠪᠠᠷ ᠠᠭᠤᠳᠠᠯᠵᠤ᠂ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠵᠢᠯ ᠪᠦᠷᠢ | ᠤᠷᠠᠯᠢᠭ ᠤᠨ ᠪᠠᠶᠠᠷ᠂ ᠨᠣᠮ ᠤᠩᠰᠢᠬᠤ ᠪᠠᠶᠠᠷ ᠵᠡᠷᠭᠡ ᠬᠡᠯᠪᠡᠷᠢ ᠪᠠᠷ ᠳᠠᠮᠵᠢᠭᠤᠯᠤᠨ᠂ ᠭᠠᠵᠠᠷ ᠣᠷᠣᠨ ᠤ | ᠪᠠᠶᠢᠳᠠᠯ ᠳᠤᠨᠢ ᠳᠣᠭᠢᠷᠠᠭᠤᠯᠤᠨ ᠡᠯᠪᠡᠭ ᠪᠠᠶᠠᠯᠢᠭ ᠠᠭᠤᠯᠭ᠎ᠠ ᠲᠠᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ | ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠢ ᠣᠯᠠᠨ ᠲᠦᠮᠡᠨ ᠲᠠᠢ ᠣᠶᠢᠷᠠᠲᠤᠭᠤᠯᠤᠨ᠂ | ᠥᠪᠡᠷᠮᠢᠴᠡ ᠣᠨᠴᠠᠯᠢᠭ ᠲᠠᠢ᠂ ᠭᠦᠨ ᠠᠭᠤᠯᠤᠭᠳᠠᠬᠤᠨ ᠲᠠᠢ᠂ ᠴᠢᠨᠠᠷ ᠴᠢᠨᠰᠠᠭ᠎ᠠ ᠲᠠᠢ ᠪᠣᠯᠭᠠᠵᠤ᠂ ᠣᠶᠤᠨ ᠤ | ᠰᠣᠶᠣᠯ᠂ ᠪᠠᠶᠢᠭᠤᠯᠤᠯ ᠤᠨ ᠰᠣᠶᠣᠯ᠂ ᠦᠢᠯᠡ ᠠᠵᠢᠯᠯᠠᠭᠠᠨ ᠤ ᠰᠣᠶᠣᠯ ᠳᠠᠰᠢ ᠬᠤᠪᠢᠷᠠᠭᠤᠯᠤᠨ᠎ᠠ᠃ | ︵ᠳᠣᠯᠤᠭ᠎ᠠ︶ ᠬᠠᠮᠵᠢᠯᠴᠠᠭ᠎ᠠ ᠪᠠᠨ ᠴᠢᠩᠭᠠᠳᠬᠠᠵᠤ᠂ ᠬᠡᠷ ᠪᠦᠯᠢ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢᠨ | ᠣᠯᠠᠨ ᠶᠠᠩᠵᠤᠴᠢᠯᠠᠯᠲᠠ ᠶᠢ ᠲᠦᠷᠭᠡᠳᠬᠡᠨ᠎ᠡ | | ᠬᠡᠷ ᠤᠨ ᠠᠬᠠᠮᠠᠳ ᠤᠨ ᠵᠥᠪᠯᠡᠯ ᠤᠨ ᠲᠦᠷᠢᠮ ᠢ ᠰᠢᠨ᠎ᠡ ᠪᠠᠷ ᠨᠡᠶᠢᠲᠡᠯᠡᠭᠰᠡᠨ ︽ᠭᠡᠷ ᠪᠦᠯᠢ ᠶᠢᠨ ᠬᠥᠮᠦᠵᠢᠯ ᠢ | ᠠᠬᠢᠭᠤᠯᠬᠤ ᠬᠠᠤᠯᠢ︾ ᠶᠢ ᠰᠠᠶᠢᠲᠤᠷ ᠨᠠᠶᠢᠳᠠᠪᠤᠷᠢᠵᠢᠭᠤᠯᠵᠤ᠂ ᠬᠡᠷ ᠪᠦᠯᠢ ᠶᠢᠨ ᠬᠥᠮᠦᠵᠢᠯ ᠤᠨ ᠤᠬᠠᠭᠤᠯᠤᠨ | ᠲᠠᠶᠢᠯᠪᠤᠷᠢᠯᠠᠬᠤ ᠪᠦᠯᠬᠦᠮ ᠪᠠᠶᠢᠭᠤᠯᠵᠤ᠂ ᠰᠤᠷᠭᠠᠭᠤᠯᠢ ᠶᠢᠨ ᠪᠡᠯᠡᠳᠬᠡᠯ ᠺᠠᠳ᠋ᠷ ᠪᠣᠯᠤᠨ ᠰᠢᠯᠢᠳᠡᠭ ᠬᠡᠷ ᠤᠨ ᠠᠬᠠᠮᠠᠳ ᠢ | ᠤᠬᠠᠭᠤᠯᠤᠨ ᠲᠠᠶᠢᠯᠪᠤᠷᠢᠯᠠᠬᠤ ᠪᠦᠯᠬᠦᠮ ᠳᠤ ᠣᠷᠣᠭᠤᠯᠤᠨ᠂ ᠬᠡᠷ ᠤᠨ ᠠᠬᠠᠮᠠᠳ ᠤᠨ ᠰᠤᠷᠭᠠᠭᠤᠯᠢ ᠶᠢᠨ | ᠬᠠᠮᠢᠶᠠᠷᠤᠯᠲᠠ ᠶᠢᠨ ᠠᠵᠢᠯ ᠳᠤ ᠣᠷᠣᠯᠴᠠᠬᠤ ᠬᠠᠯᠠᠭᠤᠨ ᠰᠡᠳᠬᠢᠯᠭᠡ ᠶᠢ ᠭᠦᠢᠴᠡᠳ ᠳᠠᠶᠢᠴᠢᠯᠠᠨ᠂ ᠬᠡᠷ ᠤᠨ | ᠠᠬᠠᠮᠠᠳ ᠤᠨ ᠰᠤᠷᠭᠠᠭᠤᠯᠢ ᠶᠢᠨ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠴᠤ᠂ ᠬᠡᠷ ᠤᠨ ᠠᠬᠠᠮᠠᠳ ᠤᠨ | ᠰᠤᠷᠭᠠᠭᠤᠯᠢ ᠶᠢᠨ ᠠᠵᠢᠯ ᠳᠤ ᠳᠡᠮᠵᠢᠯᠭᠡ ᠦᠵᠡᠭᠦᠯᠵᠦ᠂ ᠬᠡᠷ ᠤᠨ ᠠᠬᠠᠮᠠᠳ ᠤᠨ ᠰᠤᠷᠭᠠᠭᠤᠯᠢ ᠶᠢᠨ ᠵᠠᠰᠠᠯᠲᠠ ᠶᠢᠨ | ᠠᠵᠢᠯ ᠳᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠬᠥᠮᠦᠨ ᠢ ᠬᠥᠮᠦᠵᠢᠭᠦᠯᠬᠦ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ ᠰᠤᠷᠭᠠᠭᠤᠯᠢ ᠶᠢᠨ ᠨᠡᠭᠡᠭᠡᠯᠲᠡ ᠶᠢᠨ ᠡᠳᠦᠷ ᠭᠠᠷᠭᠠᠵᠤ᠂ ᠰᠤᠷᠭᠠᠭᠤᠯᠢ ᠬᠢᠭᠡᠳ ᠨᠡᠶᠢᠭᠡᠮ | ᠲᠣᠭᠤᠷᠢᠭ ᠤᠨ ᠬᠠᠷᠢᠯᠴᠠᠭ᠎ᠠ ᠶᠢ ᠨᠢᠭᠲᠠᠷᠠᠭᠤᠯᠵᠤ᠂ ᠨᠡᠶᠢᠭᠡᠮ ᠤᠨ ᠲᠥᠯᠥᠭᠡᠯᠡᠭᠴᠢ ᠶᠢᠨ ᠰᠤᠷᠭᠠᠭᠤᠯᠢ ᠶᠢᠨ | ᠵᠠᠰᠠᠯᠲᠠ ᠳᠤ ᠣᠷᠣᠯᠴᠠᠬᠤ ᠶᠢ ᠠᠬᠢᠭᠤᠯᠤᠨ᠂ ᠨᠡᠶᠢᠭᠡᠮ ᠤᠨ ᠡᠬᠢ ᠪᠠᠶᠠᠯᠢᠭ ᠪᠠ ᠨᠡᠶᠢᠭᠡᠮ ᠤᠨ ᠬᠦᠴᠦᠨ ᠢ | ᠰᠠᠨᠠᠭᠠᠴᠢᠯᠠᠭ᠎ᠠ ᠠᠴᠠ ᠪᠠᠨ ᠲᠡᠮᠡᠴᠡᠨ ᠣᠯᠵᠤ ᠰᠤᠷᠭᠠᠭᠤᠯᠢ ᠶᠢᠨ ᠥᠭᠡᠷᠡᠴᠢᠯᠡᠯᠲᠡ ᠬᠥᠭᠵᠢᠯᠲᠡ ᠶᠢ ᠳᠡᠮᠵᠢᠭᠦᠯᠦᠨ᠎ᠡ᠃ | | | ᠰᠤᠷᠭᠠᠭᠤᠯᠢ ᠳᠤ ᠰᠠᠭᠤᠭ᠎ᠠ ᠬᠡᠷ ᠤᠨ ᠠᠬᠠᠮᠠᠳ ᠤᠨ ᠲᠦᠷᠢᠮ ᠢ ᠪᠠᠶᠢᠭᠤᠯᠤᠨ᠎ᠠ᠃ ᠭᠡᠷ ᠤᠨ ᠠᠬᠠᠮᠠᠳ ᠰᠠᠶᠢᠨ | ᠳᠤᠷ᠎ᠠ ᠠᠴᠠ ᠪᠠᠨ ᠪᠠᠶᠢᠬᠤ ᠵᠠᠷᠴᠢᠮ ᠢ ᠬᠡᠷᠡᠭᠵᠢᠭᠦᠯᠵᠦ᠂ ᠨᠥᠬᠦᠴᠡᠯ ᠲᠠᠢ ᠰᠤᠷᠭᠠᠭᠤᠯᠢ ᠨᠢ ᠬᠠᠷᠢᠭᠤᠴᠠᠯᠭ᠎ᠠ ᠲᠠᠢ | ᠭᠡᠷ ᠤᠨ ᠠᠬᠠᠮᠠᠳ ᠢ ᠤᠷᠢᠵᠤ ᠰᠤᠷᠭᠠᠭᠤᠯᠢ ᠳᠤ ᠰᠠᠭᠤᠯᠭᠠᠵᠤ ᠰᠤᠷᠭᠠᠭᠤᠯᠢ ᠶᠢᠨ ᠡᠳᠦᠷ ᠲᠤᠳᠤᠮ ᠤᠨ | ᠬᠠᠮᠢᠶᠠᠷᠤᠯᠲᠠ ᠶᠢᠨ ᠪᠦᠬᠦ ᠶᠠᠪᠤᠴᠠ ᠳᠤ ᠣᠷᠣᠯᠴᠠᠭᠤᠯᠵᠤ᠂ ᠰᠤᠷᠭᠠᠭᠤᠯᠢ ᠶᠢᠨ ᠪᠠᠭᠰᠢ ᠶᠢᠨ ᠬᠢᠴᠢᠶᠡᠯ ᠣᠷᠣᠬᠤ᠂ | ᠠᠵᠢᠯᠯᠠᠬᠤ᠂ ᠰᠤᠷᠤᠭᠴᠢ ᠶᠢᠨ ᠠᠵᠢᠯᠯᠠᠭ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠮᠤᠷ ᠲᠦᠪᠰᠢᠨ ᠤ | ᠭᠡᠮ ᠰᠣᠭᠤᠭ᠂ ᠬᠤᠭᠤᠯᠠᠨ ᠭᠡᠷ ᠤᠨ ᠠᠷᠢᠭᠤᠨ ᠴᠡᠪᠡᠷ᠂ ᠬᠤᠭᠤᠯᠠ ᠪᠤᠳᠠᠭᠠᠨ ᠤ ᠶᠠᠰᠤ ᠴᠢᠨᠠᠷ ᠵᠢᠴᠢ ᠡᠳᠦᠷ | ᠲᠤᠳᠤᠮ ᠤᠨ ᠬᠠᠮᠢᠶᠠᠷᠤᠯᠲᠠ ᠶᠢ ᠱᠠᠯᠠᠪᠳᠠᠭᠤᠯᠤᠨ ᠪᠠᠶᠢᠴᠠᠭᠠᠵᠤ᠂ ᠰᠤᠷᠭᠠᠭᠤᠯᠢ ᠶᠢ ᠬᠠᠪᠰᠤᠷᠤᠨ ᠬᠠᠮᠢᠶᠠᠷᠤᠯᠲᠠ ᠶᠢᠨ | ᠲᠦᠪᠰᠢᠨ ᠢ ᠨᠢ ᠰᠠᠶᠢᠵᠢᠷᠠᠭᠤᠯᠤᠨ ᠳᠡᠭᠡᠭᠰᠢᠯᠡᠭᠦᠯᠦᠨ᠎ᠡ᠃ | ᠭᠡᠷ ᠤᠨ ᠠᠬᠠᠮᠠᠳ ᠢ ᠪᠣᠯᠪᠠᠰᠤᠷᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠬᠡᠷ ᠤᠨ ᠠᠬᠠᠮᠠᠳ ᠤᠨ | ᠰᠤᠷᠭᠠᠭᠤᠯᠢ ᠪᠠᠶᠢᠭᠤᠯᠵᠤ᠂ ᠣᠷᠣᠨ ᠤ ᠳᠣᠲᠣᠷ᠎ᠠ ᠭᠠᠳᠠᠨᠠᠬᠢ ᠬᠡᠷ ᠪᠦᠯᠢ ᠶᠢᠨ ᠰᠤᠷᠭᠠᠨ ᠬᠥᠮᠦᠵᠢᠯ ᠤᠨ ᠲᠤᠰᠬᠠᠶ | ᠮᠡᠷᠭᠡᠵᠢᠯᠲᠡᠨ ᠢ ᠤᠷᠢᠵᠤ ᠬᠡᠷ ᠪᠦᠯᠢ ᠶᠢᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠶᠢ | ᠢᠳᠡᠪᠬᠢᠲᠡᠶ ᠥᠷᠨᠢᠭᠦᠯᠵᠦ᠂ ᠬᠤᠲᠠ ᠪᠠᠯᠭᠠᠰᠤ ᠶᠢᠨ ᠰᠤᠷᠭᠠᠭᠤᠯᠢ ᠨᠤᠭᠤᠳ ᠰᠤᠷᠤᠯᠭ᠎ᠠ ᠶᠢᠨ ᠬᠤᠭᠤᠴᠠᠭ᠎ᠠ | ᠪᠦᠷᠢ ᠳᠤ ᠲᠣᠭᠲᠠᠮᠠᠯ ᠬᠤᠭᠤᠴᠠᠭ᠎ᠠ ᠲᠠᠢ ᠪᠠᠷ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ ᠭᠤᠤᠯ ᠰᠡᠳᠦᠪ ᠨᠢ ᠢᠯᠡ | ᠲᠣᠳᠣ᠂ ᠦᠷ᠎ᠡ ᠪᠦᠲᠦᠮᠵᠢ ᠪᠠᠷ ᠢᠯᠡᠳᠲᠡ ᠬᠡᠷ ᠤᠨ ᠠᠬᠠᠮᠠᠳ ᠤᠨ ᠪᠣᠯᠪᠠᠰᠤᠷᠠᠭᠤᠯᠤᠯ ᠤᠨ ᠠᠵᠢᠯᠯᠠᠭ᠎ᠠ | ᠥᠷᠨᠢᠭᠦᠯᠵᠦ᠂ ᠬᠥᠳᠡᠭᠡ ᠲᠣᠰᠬᠤᠨ ᠤ ᠰᠤᠷᠭᠠᠭᠤᠯᠢ ᠨᠤᠭᠤᠳ ᠰᠤᠷᠤᠯᠭ᠎ᠠ ᠶᠢᠨ ᠬᠤᠭᠤᠴᠠᠭ᠎ᠠ ᠪᠦᠷᠢ ᠳᠤ | ᠠᠳᠠᠭ ᠲᠠᠭᠠᠨ ᠨᠢᠭᠡ ᠤᠳᠠᠭ᠎ᠠ ᠬᠡᠷ ᠤᠨ ᠠᠬᠠᠮᠠᠳ ᠤᠨ ᠪᠣᠯᠪᠠᠰᠤᠷᠠᠭᠤᠯᠤᠯ ᠤᠨ ᠠᠵᠢᠯᠯᠠᠭ᠎ᠠ ᠦᠷᠨᠢᠭᠦᠯᠭᠦ ᠬᠡᠷᠡᠭᠲᠠᠢ᠃ | | ᠭᠡᠷ ᠤᠨ ᠠᠬᠠᠮᠠᠳ ᠤᠨ ᠬᠤᠷᠠᠯ ᠤᠨ ᠬᠡᠯᠪᠡᠷᠢ ᠶᠢᠨ ᠰᠢᠨ᠎ᠡ ᠶᠢ ᠰᠣᠯᠢᠯᠴᠠᠭᠠᠨ ᠤ ᠮᠠᠶ᠋ᠢᠭ ᠤᠨ᠂ ᠶᠠᠷᠢᠯᠴᠠᠭᠠᠨ ᠤ | ᠮᠠᠶ᠋ᠢᠭ ᠤᠨ᠂ ᠦᠵᠡᠭᠦᠯᠦᠯᠭᠡ ᠶᠢᠨ ᠮᠠᠶ᠋ᠢᠭ ᠤᠨ᠂ ᠲᠤᠰᠬᠠᠶ ᠮᠡᠷᠭᠡᠵᠢᠯᠲᠡᠨ ᠤ ᠮᠡᠳᠡᠭᠦᠯᠦᠯᠲᠡ ᠶᠢᠨ ᠮᠠᠶ᠋ᠢᠭ ᠤᠨ᠂ | ᠨᠥᠬᠦᠷᠯᠡᠯ ᠤᠨ ᠮᠠᠶ᠋ᠢᠭ ᠤᠨ ᠵᠡᠷᠭᠡ ᠬᠡᠯᠪᠡᠷᠢ ᠶᠢᠨ ᠭᠡᠷ ᠤᠨ ᠠᠬᠠᠮᠠᠳ ᠤᠨ ᠬᠤᠷᠠᠯ ᠢ ᠢᠳᠡᠪᠬᠢᠲᠡᠶ ᠲᠤᠷᠰᠢᠨ ᠡᠷᠬᠢᠯᠡᠵᠦ | ᠂ ᠭᠡᠷ ᠤᠨ ᠠᠬᠠᠮᠠᠳ ᠤᠨ ᠬᠤᠷᠠᠯ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠬᠥᠭᠵᠢᠭᠡᠵᠦ᠂ | ᠭᠡᠷ ᠤᠨ ᠠᠬᠠᠮᠠᠳ ᠤᠨ ᠬᠤᠷᠠᠯ ᠢ ᠦᠨᠡᠨ ᠬᠦ ᠭᠡᠷ ᠪᠦᠯᠢ ᠪᠠ ᠰᠤᠷᠭᠠᠭᠤᠯᠢ ᠲᠠᠢ ᠨᠡᠪᠲᠡᠷᠡᠯᠴᠡᠬᠦ ᠬᠥᠭᠦᠷᠭᠡ᠂ ᠪᠠᠭᠰᠢ᠂ | ᠭᠡᠷ ᠤᠨ ᠠᠬᠠᠮᠠᠳ ᠪᠠ ᠰᠤᠷᠤᠭᠴᠢᠳ ᠤᠨ ᠰᠡᠳᠬᠢᠯ ᠤᠨ ᠰᠣᠯᠢᠯᠴᠠᠭᠠᠨ ᠤ ᠰᠠᠶᠢᠨ ᠲᠠᠪᠴᠠᠩ ᠪᠣᠯᠭᠠᠬᠤ ᠬᠡᠷᠡᠭᠲᠡᠶ᠃ | ᠭᠡᠷ ᠪᠦᠯᠢ ᠶᠢᠨ ᠰᠤᠷᠪᠤᠯᠵᠢᠯᠠᠭ᠎ᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠭᠡᠷ ᠤᠨ ᠰᠤᠷᠪᠤᠯᠵᠢᠯᠠᠭ᠎ᠠ ᠶᠢᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠪᠠᠶᠢᠩᠭᠤ ᠥᠷᠨᠢᠭᠦᠯᠵᠦ᠂ ᠨᠡᠶᠢᠳᠡᠮ ᠰᠤᠷᠪᠤᠯᠵᠢᠯᠠᠬᠤ᠂ | ᠳᠠᠭᠠᠵᠤ ᠰᠤᠷᠪᠤᠯᠵᠢᠯᠠᠬᠤ ᠪᠠ ᠲᠣᠭᠲᠠᠮᠠᠯ ᠰᠤᠷᠪᠤᠯᠵᠢᠯᠠᠭ᠎ᠠ ᠶᠢ ᠤᠶᠠᠯᠳᠤᠭᠤᠯᠬᠤ᠂ ᠪᠠᠭᠰᠢ ᠶᠢᠨ ᠲᠤᠰᠬᠠᠶ ᠬᠡᠷ ᠤᠨ | ᠰᠤᠷᠪᠤᠯᠵᠢᠯᠠᠭ᠎ᠠ ᠬᠢᠭᠡᠳ ᠬᠢᠴᠢᠶᠡᠯ ᠡᠷᠬᠢᠯᠡᠭᠴᠢ ᠪᠠᠭᠰᠢ ᠶᠢᠨ ᠬᠠᠮᠲᠤ ᠶᠢᠨ ᠬᠡᠷ ᠤᠨ ᠰᠤᠷᠪᠤᠯᠵᠢᠯᠠᠭ᠎ᠠ ᠶᠢ | ᠤᠶᠠᠯᠳᠤᠭᠤᠯᠬᠤ᠂ ᠰᠤᠷᠭᠠᠭᠤᠯᠢ ᠶᠢᠨ ᠪᠠᠭ ᠤᠨ ᠪᠦᠷᠢᠯᠳᠦᠬᠦᠨ ᠬᠢᠭᠡᠳ ᠠᠩᠭᠢ ᠶᠢᠨ ᠡᠷᠬᠢᠯᠡᠭᠴᠢ᠂ ᠬᠢᠴᠢᠶᠡᠯ | ᠡᠷᠬᠢᠯᠡᠭᠴᠢ ᠪᠠᠭᠰᠢ ᠶᠢᠨ ᠬᠡᠷ ᠤᠨ ᠰᠤᠷᠪᠤᠯᠵᠢᠯᠠᠭ᠎ᠠ ᠶᠢ ᠤᠶᠠᠯᠳᠤᠭᠤᠯᠬᠤ ︽ᠭᠤᠷᠪᠠ ᠶᠢ ᠤᠶᠠᠯᠳᠤᠭᠤᠯᠬᠤ︾ | ᠵᠠᠷᠴᠢᠮ ᠢ ᠪᠠᠷᠢᠮᠲᠠᠯᠠᠨ᠂ ᠬᠡᠷ ᠤᠨ ᠰᠤᠷᠪᠤᠯᠵᠢᠯᠠᠭ᠎ᠠ ᠶᠢᠨ ᠠᠭᠤᠯᠭ᠎ᠠ ᠪᠠ ᠬᠡᠯᠪᠡᠷᠢ ᠶᠢ ᠤᠯᠠᠮ ᠨᠢᠭᠡ ᠠᠯᠬᠤᠮ | ᠪᠠᠶᠠᠯᠢᠭᠵᠢᠭᠤᠯᠵᠤ᠂ ᠰᠤᠷᠤᠭᠴᠢᠳ ᠤᠨ ᠦᠰᠦᠨ ᠪᠤᠶᠢᠵᠢᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠤᠶᠢᠯᠠᠭᠠᠨ᠂ | ᠰᠤᠷᠭᠠᠨ ᠬᠥᠮᠦᠵᠢᠯ ᠤᠨ ᠮᠡᠳᠡᠭᠡ ᠵᠠᠩᠭᠢ ᠶᠢ ᠲᠦᠷᠭᠡᠨ ᠳᠠᠮᠵᠢᠭᠤᠯᠵᠤ᠂ ᠬᠡᠷ ᠤᠨ ᠪᠠ ᠰᠤᠷᠭᠠᠭᠤᠯᠢ ᠶᠢᠨ ᠬᠠᠷᠢᠯᠴᠠᠭ᠎ᠠ | ᠬᠠᠮᠲᠤᠷᠠᠯᠴᠠᠭ᠎ᠠ ᠶᠢ ᠨᠢᠭᠲᠠᠷᠠᠭᠤᠯᠵᠤ᠂ ᠰᠤᠷᠭᠠᠨ ᠬᠥᠮᠦᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ︵ᠨᠠᠢᠮᠠ︶ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠠᠮᠤᠷ ᠲᠦᠪᠰᠢᠨ ᠤ ᠬᠠᠮᠢᠶᠠᠷᠤᠯᠲᠠ ᠶᠢ | ᠪᠠᠶᠢᠩᠭᠤᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ | ︽ᠭᠤᠷᠪᠠ ᠶᠢ ᠰᠡᠷᠭᠡᠶᠢᠯᠡᠬᠦ︾ ᠪᠠᠶᠢᠭᠤᠯᠤᠯᠲᠠ ᠶᠢ ᠴᠢᠩᠭᠠᠳᠬᠠᠨ᠎ᠠ᠃ ᠠᠮᠤᠷ ᠲᠦᠪᠰᠢᠨ ᠤ ᠣᠳᠣᠬᠢ ᠪᠠᠶᠢᠳᠠᠯ ᠢ | ᠨᠠᠷᠢᠨ ᠬᠢᠨᠠᠮᠠᠭᠠᠶ ᠰᠤᠳᠤᠯᠤᠨ ᠵᠠᠳᠠᠯᠵᠤ᠂ ᠠᠶᠤᠯᠭᠦᠶ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ︽ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠶᠢᠨ ᠠᠮᠤᠷ | ᠲᠦᠪᠰᠢᠨ ᠤ ᠠᠵᠢᠯ ᠤᠨ ᠵᠦᠭᠯᠡᠭᠦᠷ︾ ᠪᠠ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ︾ | ᠬᠠᠮᠢᠶᠠᠷᠤᠯᠲᠠ ᠶᠢᠨ ᠲᠣᠭᠲᠠᠴᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯᠲᠠᠨ᠂ ᠠᠮᠤᠷ ᠢ ᠬᠠᠮᠠᠭᠠᠯᠠᠬᠤ ᠠᠵᠢᠯᠲᠠᠨ ᠵᠢᠴᠢ ᠬᠤᠭᠤᠯᠠᠨ ᠭᠡᠷ ᠤᠨ | ᠠᠵᠢᠯᠲᠠᠨ ᠤ ᠪᠣᠯᠪᠠᠰᠤᠷᠠᠯ ᠤᠨ ᠠᠵᠢᠯ ᠢ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠬᠠᠷᠠᠭᠠᠨ | ᠳᠠᠪᠲᠠᠮᠵᠢ ᠪᠠᠷ ᠬᠢᠨᠠᠨ ᠡᠵᠡᠮᠳᠡᠬᠦ᠂ ︽ᠨᠢᠭᠡ ᠳᠠᠷᠤᠪᠴᠢᠲᠤ︾ ᠲᠦᠭᠰᠢᠭᠦᠷᠢ ᠮᠡᠳᠡᠭᠦᠯᠬᠦ᠂ ︽ᠢᠨᠲ᠋ᠤᠷ ᠰᠦᠯᠵᠢᠶ᠎ᠡ + | ᠢᠯᠡ ᠲᠣᠭᠤᠭ᠎ᠠ︾ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠮᠤᠷ ᠢ ᠬᠠᠮᠠᠭᠠᠯᠠᠬᠤ ᠪᠠᠭᠠᠵᠢ | ᠬᠡᠷᠡᠭᠰᠡᠯ ᠵᠢᠴᠢ ᠰᠤᠷᠭᠠᠭᠤᠯᠢ ᠶᠢᠨ ᠡᠯ᠎ᠡ ᠲᠥᠷᠥᠯ ᠤᠨ ᠠᠮᠤᠷ ᠲᠦᠪᠰᠢᠨ ᠤ ᠪᠡᠯᠡᠳᠬᠡᠮᠵᠢ ᠲᠥᠬᠦᠭᠡᠷᠦᠮᠵᠢ ᠶᠢ | ᠳᠣᠭᠢᠷᠠᠭᠤᠯᠤᠨ ᠰᠢᠨᠡᠳᠬᠡᠬᠦ ᠶᠢ ᠴᠢᠩᠭᠠᠳᠬᠠᠨ᠂ ᠠᠮᠤᠷ ᠢ ᠬᠠᠮᠠᠭᠠᠯᠠᠬᠤ ᠲᠠᠰᠤᠭ ᠤᠨ ᠵᠢᠷᠤᠮᠵᠢᠭᠰᠠᠨ ᠬᠠᠮᠢᠶᠠᠷᠤᠯᠲᠠ ᠶᠢ | ᠬᠡᠷᠡᠭᠵᠢᠭᠦᠯᠵᠦ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠳᠤᠲᠠᠭᠤᠳᠠᠯ ᠪᠠ ᠪᠠᠭᠤᠷᠠᠶ | ᠲᠠᠯ᠎ᠠ ᠶᠢ ᠬᠦᠴᠦᠯᠡᠨ ᠰᠢᠢᠳᠪᠦᠷᠢᠯᠡᠵᠤ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ | ᠰᠡᠷᠭᠡᠶᠢᠯᠡᠬᠦ ᠠᠵᠢᠯ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠠᠮᠤᠷ ᠲᠦᠪᠰᠢᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠨ᠎ᠠ᠃ ᠰᠤᠷᠤᠭᠴᠢᠳ ᠤᠨ ᠠᠮᠤᠷ ᠲᠦᠪᠰᠢᠨ ᠤ | ᠬᠥᠮᠦᠵᠢᠯ ᠤᠨ ᠬᠠᠮᠢᠶᠠᠷᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠩᠭᠢ ᠪᠦᠷᠢ ᠳᠤ ᠭᠠᠷᠠᠭ ᠪᠦᠷᠢ | ᠠᠳᠠᠭ ᠲᠠᠭᠠᠨ ᠨᠢᠭᠡ ᠤᠳᠠᠭ᠎ᠠ ᠠᠮᠤᠷ ᠲᠦᠪᠰᠢᠨ ᠤ ᠬᠥᠮᠦᠵᠢᠯ ᠤᠨ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠵᠦ | ᠂ ᠤᠰᠤᠨ ᠳᠤ ᠵᠢᠪᠬᠦ ᠶᠢ ᠰᠡᠷᠭᠡᠶᠢᠯᠡᠬᠦ᠂ ᠳᠣᠷᠣᠮᠵᠢᠯᠠᠬᠤ ᠶᠢ ᠰᠡᠷᠭᠡᠶᠢᠯᠡᠬᠦ᠂ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ | ᠵᠡᠷᠭᠡ ᠲᠠᠯ᠎ᠠ ᠶᠢᠨ ᠲᠤᠰᠬᠠᠶ ᠰᠡᠳᠦᠪᠲᠦ ᠬᠥᠮᠦᠵᠢᠯ ᠢ ᠴᠢᠭᠯᠡᠭᠦᠯᠬᠦ ᠴᠢᠨᠠᠷᠲᠠᠶ ᠪᠠᠷ ᠥᠷᠨᠢᠭᠦᠯᠬᠦ ᠬᠡᠷᠡᠭᠲᠡᠶ᠃ | ᠬᠠᠯᠠᠮᠵᠢᠯᠠᠨ ᠬᠠᠶᠢᠷᠠᠯᠠᠬᠤ ᠢᠨᠵᠧᠨᠧᠷᠢᠩ ᠢ ᠬᠡᠷᠡᠭᠵᠢᠭᠦᠯᠵᠦ᠂ ᠣᠨᠴᠠᠭᠠᠶ ᠬᠠᠮᠲᠤᠯᠢᠭ ᠤᠨ ᠰᠤᠷᠤᠭᠴᠢᠳ ᠤᠨ | ᠰᠡᠳᠬᠢᠴᠡ ᠶᠢᠨ ᠵᠢᠯᠣᠭᠤᠳᠣᠯᠭ᠎ᠠ ᠶᠢ ᠴᠢᠩᠭᠠᠳᠬᠠᠨ᠎ᠠ ᠬᠡᠷ ᠤᠨ ᠠᠬᠠᠮᠠᠳ ᠪᠠ ᠰᠤᠷᠭᠠᠭᠤᠯᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠷ ᠤᠨ ᠠᠬᠠᠮᠠᠳ ᠲᠤ ᠠᠮᠤᠷ ᠲᠦᠪᠰᠢᠨ ᠤ | ᠤᠬᠠᠮᠰᠠᠷ ᠢᠶᠠᠨ ᠴᠢᠩᠭᠠᠳᠬᠠᠵᠤ᠂ ᠬᠢᠨᠠᠨ ᠬᠠᠮᠠᠭᠠᠯᠠᠭᠴᠢ ᠶᠢᠨ ᠡᠭᠦᠷᠭᠡ ᠰᠤᠷᠭᠠᠭᠤᠯᠢ ᠶᠢᠨ ᠬᠦᠷᠢᠶᠡᠨ ᠤ ᠣᠯᠠᠨ | ᠨᠡᠶᠢᠲᠡ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ | ᠵᠢᠴᠢ ᠰᠣᠷᠢᠯᠲᠠ ᠶᠢᠨ ᠠᠵᠢᠯ ᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠯᠭ᠎ᠠ ᠶᠢᠨ | ᠬᠤᠭᠤᠴᠠᠭ᠎ᠠ ᠪᠦᠷᠢ ᠳᠤ 4 ᠤᠳᠠᠭ᠎ᠠ᠂ ᠬᠡᠤᠬᠡᠳ ᠤᠨ ᠴᠡᠴᠡᠷᠯᠢᠭ ᠤᠨ ᠰᠤᠷᠤᠯᠭ᠎ᠠ ᠶᠢᠨ ᠬᠤᠭᠤᠴᠠᠭ᠎ᠠ ᠪᠦᠷᠢ ᠳᠤ 2 | ᠤᠳᠠᠭ᠎ᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠪᠣᠳᠠᠲᠤ ᠪᠠᠶᠢᠯᠳᠤᠭᠠᠨᠴᠢᠯᠠᠬᠤ᠂ ᠪᠣᠳᠠᠲᠤ ᠦᠷ᠎ᠡ | ᠪᠦᠲᠦᠮᠵᠢᠲᠡᠶ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠢ ︽ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ | ᠬᠢᠭᠡᠳ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠣᠭᠲᠠᠭᠠᠯ︾ ᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠲᠥᠪᠯᠡᠷᠡᠭᠦᠯᠦᠨ ᠬᠤᠭᠤᠯᠠᠯᠠᠬᠤ ᠳᠤ ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠬᠤ᠂ ᠪᠦᠬᠦ ᠶᠠᠪᠤᠴᠠ ᠶᠢ ᠬᠢᠨᠠᠨ ᠡᠵᠡᠮᠳᠡᠬᠦ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ | ᠰᠤᠷᠭᠠᠭᠤᠯᠢ ᠠᠴᠠ ᠨᠠᠶᠢᠳᠠᠪᠤᠷᠢᠵᠢᠭᠤᠯᠬᠤ ᠵᠠᠷᠴᠢᠮ ᠢ ᠪᠠᠷᠢᠮᠲᠠᠯᠠᠨ᠂ ᠰᠤᠷᠭᠠᠭᠤᠯᠢ ᠶᠢᠨ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠶ ᠭᠦᠢᠴᠡᠳᠬᠡᠵᠦ᠂ ᠰᠤᠷᠭᠠᠭᠤᠯᠢ ᠶᠢᠨ ᠬᠤᠭᠤᠯᠠᠨ ᠭᠡᠷ ᠤᠨ ᠬᠠᠮᠢᠶᠠᠷᠤᠯᠲᠠ ᠶᠢ ᠴᠢᠩᠳᠠᠯᠠᠵᠤ᠂ | ᠢᠳᠡᠭᠡᠨ ᠤ ᠠᠮᠤᠷ ᠲᠦᠪᠰᠢᠨ ᠤ ᠠᠳᠡᠯ ᠢ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠴᠢ | ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠰᠠᠶᠢᠲᠤᠷ ᠬᠢᠵᠦ᠂ ᠶᠡᠭᠡ ᠬᠡᠮᠵᠢᠶᠡᠨ ᠤ ᠢᠳᠡᠭᠡᠨ ᠵᠢᠴᠢ ᠲᠦᠭᠦᠬᠡᠶ ᠮᠠᠲ᠋ᠧᠷᠢᠶᠠᠯ | ᠲᠤᠰᠠᠯᠠᠬᠤ ᠮᠠᠲ᠋ᠧᠷᠢᠶᠠᠯ ᠢ ᠨᠢᠭᠡᠳᠦᠯᠲᠡᠶ ᠬᠤᠳᠠᠯᠳᠤᠨ ᠠᠪᠬᠤ᠂ ᠨᠢᠭᠡᠳᠦᠯᠲᠡᠶ ᠬᠤᠪᠢᠶᠠᠷᠢᠯᠠᠬᠤ᠂ ᠨᠢᠭᠡᠳᠦᠯᠲᠡᠶ | ᠲᠡᠭᠡᠭᠡᠪᠦᠷᠢᠯᠡᠨ ᠬᠦᠷᠭᠡᠬᠦ ︽ᠭᠤᠷᠪᠠ ᠶᠢ ᠨᠢᠭᠡᠳᠦᠯᠲᠡᠶ ᠪᠠᠶᠢᠯᠭᠠᠬᠤ ᠵᠠᠷᠴᠢᠮ︾ ᠢ ᠬᠡᠷᠡᠭᠵᠢᠭᠦᠯᠵᠦ᠂ ᠢᠳᠡᠭᠡᠨ ᠤ | ᠮᠠᠲ᠋ᠧᠷᠢᠶᠠᠯ ᠤᠨ ᠢᠷᠡᠯᠲᠡ ᠶᠢ ᠮᠥᠷᠳᠡᠵᠦ ᠪᠣᠯᠬᠤ ᠶᠢ ᠦᠨᠡᠨᠬᠦ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠳᠠᠯᠳᠠ | ᠬᠡᠮ ᠢ ᠴᠠᠭ ᠲᠤᠬᠠᠶ ᠳᠤᠨᠢ ᠠᠷᠢᠯᠭᠠᠵᠤ᠂ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ | ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ | ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠢᠳᠡᠪᠬᠢᠲᠡᠶ ᠡᠭᠦᠳᠦᠨ ᠰᠤᠷᠭᠠᠭᠤᠯᠢ ᠶᠢᠨ ᠠᠮᠤᠷ | ᠲᠦᠪᠰᠢᠨ ᠤ ᠬᠠᠮᠢᠶᠠᠷᠤᠯᠲᠠ ᠶᠢ ᠪᠦᠬᠦ ᠲᠠᠯ᠎ᠠ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠷᠢᠭᠤᠨ ᠴᠡᠪᠡᠷ᠂ | ᠠᠶᠤᠯᠲᠠᠶ ᠬᠢᠮᠢ ᠶᠢᠨ ᠡᠮ ᠤᠨ ᠵᠦᠢᠯ ᠤᠨ ᠬᠠᠮᠢᠶᠠᠷᠤᠯᠲᠠ᠂ ᠭᠠᠯ ᠤᠨᠲᠠᠷᠠᠭᠠᠬᠤ ᠠᠮᠤᠷ ᠲᠦᠪᠰᠢᠨ ᠤ | ᠴᠢᠳᠠᠪᠤᠷᠢ ᠶᠢᠨ ᠪᠠᠶᠢᠭᠤᠯᠤᠯᠲᠠ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ᠂ ᠰᠤᠷᠭᠠᠭᠤᠯᠢ ᠶᠢᠨ | ᠬᠦᠷᠢᠶᠡᠨ ᠤ ᠭᠤᠣᠯᠳᠠᠯᠭ᠎ᠠ ᠲᠠᠢ ᠬᠡᠰᠡᠭ᠂ ᠭᠤᠣᠯᠳᠠᠯᠭ᠎ᠠ ᠲᠠᠢ ᠴᠠᠭ ᠤᠨ ᠠᠮᠤᠷ ᠲᠦᠪᠰᠢᠨ ᠤ ᠬᠠᠮᠢᠶᠠᠷᠤᠯᠲᠠ᠂ | ᠰᠤᠷᠭᠠᠭᠤᠯᠢ ᠶᠢᠨ ᠳᠣᠲᠣᠨ᠎ᠠ ᠭᠠᠳᠠᠨᠠᠬᠢ ᠪᠠᠶᠢᠷᠢ ᠳᠤ ᠰᠠᠭᠤᠭ᠎ᠠ ᠰᠤᠷᠤᠭᠴᠢᠳ ᠤᠨ ᠬᠠᠮᠢᠶᠠᠷᠤᠯᠲᠠ ᠵᠡᠷᠭᠡ ᠠᠮᠤᠷ | ᠲᠦᠪᠰᠢᠨ ᠤ ᠠᠳᠡᠯ ᠠᠮᠠᠷᠬᠠᠨ ᠭᠠᠷᠬᠤ ᠪᠠ ᠣᠯᠠᠨ ᠭᠠᠷᠬᠤ ᠬᠡᠰᠡᠭ᠂ ᠭᠤᠭᠴᠤᠭ᠎ᠠ ᠪᠠ ᠴᠠᠭ ᠢ ᠢᠮᠠᠭᠲᠠ | ᠠᠳᠬᠤᠵᠤ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠵᠤ᠂ ᠵᠠᠬᠢᠷᠤᠨ ᠬᠠᠮᠢᠶᠠᠷᠴᠤ ᠪᠥᠬᠦᠶ ᠬᠢᠲᠤᠭ᠎ᠠ ᠪᠠᠭᠠᠵᠢ ᠵᠡᠷᠭᠡ ᠴᠠᠭᠠᠵᠠᠲᠠᠶ ᠡᠳ᠋ ᠪᠣᠳᠠᠰ ᠢ ᠴᠡᠪᠡᠷᠯᠡᠬᠦ ᠶᠢ | ᠪᠠᠷᠢᠮᠲᠠᠯᠠᠨ᠂ ᠰᠤᠷᠭᠠᠭᠤᠯᠢ ᠶᠢᠨ ᠬᠦᠷᠢᠶᠡᠨ ᠳᠤ ᠠᠶᠢᠮᠠᠭ ᠪᠦᠯᠦᠭ ᠪᠠᠶᠢᠭᠤᠯᠬᠤ᠂ ᠬᠡᠷᠡᠭᠦᠯ ᠵᠣᠳᠣᠭᠠᠨ ᠬᠢᠬᠦ ᠵᠡᠷᠭᠡ | ᠳᠣᠷᠣᠮᠵᠢᠯᠠᠯ ᠤᠨ ᠬᠡᠷᠡᠭ ᠡᠭᠦᠰᠬᠦ ᠶᠢ ᠲᠠᠰᠤ ᠬᠤᠷᠢᠭᠯᠠᠵᠤ᠂ ︽ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ︾ | ᠶᠢ ᠦᠨᠡᠨᠬᠦ ᠪᠠᠲᠤᠯᠠᠬᠤ ᠬᠡᠷᠡᠭᠲᠡᠶ᠃ | ︵ᠶᠢᠰᠦ︶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠶᠢ | ᠨᠠᠷᠢᠯᠢᠭ ᠣᠨᠣᠴᠠᠲᠠᠶ ᠪᠣᠯᠭᠠᠬᠤ | ᠰᠤᠷᠭᠠᠨ ᠬᠥᠮᠦᠵᠢᠯ ᠤᠨ ᠵᠣᠭᠤᠰ ᠢᠶᠠᠷ ᠲᠤᠰᠠᠯᠠᠬᠤ ᠲᠦᠷᠦ ᠶᠢᠨ ᠡᠯ᠎ᠡ ᠵᠦᠢᠯ ᠤᠨ ᠲᠤᠰᠠᠯᠠᠮᠵᠢ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠴᠢᠬᠤᠯᠠ | ᠠᠭᠤᠯᠭ᠎ᠠ ᠪᠣᠯᠭᠠᠬᠤ ᠶᠢ ᠪᠠᠷᠢᠮᠲᠠᠯᠠᠵᠤ᠂ ᠬᠡᠯᠲᠦᠷᠢᠭᠦᠯᠬᠦ᠂ ᠬᠠᠰᠤᠬᠤ᠂ ᠲᠤᠰᠠᠯᠠᠬᠤ᠂ ᠱᠠᠩᠨᠠᠬᠤ᠂ ᠵᠢᠭᠡᠯᠡᠯᠭᠡ ᠥᠭᠬᠦ᠂ | ᠨᠥᠬᠦᠪᠥᠷᠢᠯᠡᠬᠦ ᠵᠡᠷᠭᠡ ᠰᠤᠷᠭᠠᠨ ᠬᠥᠮᠦᠵᠢᠯ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠣᠨᠣᠪᠴᠢᠲᠠᠶ | ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠦᠴᠢᠷᠳᠡᠯᠲᠡᠶ ᠪᠠᠶᠢᠷᠢ ᠳᠤ ᠰᠠᠭᠤᠬᠤ | ᠰᠣᠷᠣᠭᠴᠢ ᠶᠢᠨ ᠠᠮᠢᠳᠤᠷᠠᠯ ᠤᠨ ᠵᠠᠷᠤᠳᠠᠯ ᠤᠨ ᠨᠥᠬᠦᠪᠥᠷᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠣᠷᠣᠭᠴᠢ ᠶᠢᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠰᠣᠷᠣᠭᠴᠢ ᠶᠢᠨ ᠢᠷᠡᠯᠲᠡ ᠶᠢᠨ ᠭᠠᠵᠠᠷ ᠤᠨ | ᠢᠲᠡᠭᠡᠮᠵᠢᠲᠦ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ | ᠡᠷᠦᠬᠡ ᠶᠢᠨ ᠬᠡᠷ ᠪᠦᠯᠢ ᠶᠢᠨ ᠰᠣᠷᠣᠭᠴᠢ ᠶᠢ ᠲᠤᠰᠠᠯᠠᠬᠤ᠂ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ | ᠵᠠᠮ ᠤᠨ ᠵᠠᠷᠤᠳᠠᠯ ᠢ ᠲᠤᠰᠠᠯᠠᠬᠤ ᠵᠡᠷᠭᠡ ᠠᠵᠢᠯ ᠢ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠬᠡᠷ ᠪᠦᠯᠢ ᠶᠢᠨ ᠦᠷ᠎ᠡ | ᠬᠡᠤᠬᠡᠳ ᠤᠨ ᠰᠤᠷᠭᠠᠨ ᠬᠥᠮᠦᠵᠢᠯ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠪᠠᠲᠤᠯᠠᠨ᠎ᠠ᠃ ᠶᠠᠳᠠᠭᠤ | ᠬᠦᠴᠢᠷᠳᠡᠯᠲᠡᠶ ᠰᠣᠷᠣᠭᠴᠢ ᠶᠢ ᠮᠠᠭᠠᠳᠯᠠᠨ ᠲᠣᠭᠲᠠᠭᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠪᠠᠯᠠ ᠮᠥᠩᠭᠦ ᠭᠤᠶᠤᠴᠢᠯᠠᠬᠤ᠂ ᠬᠢᠨᠠᠨ ᠲᠣᠭᠲᠠᠭᠠᠬᠤ᠂ ᠣᠯᠭᠤᠬᠤ ᠵᠡᠷᠭᠡ ᠠᠵᠢᠯ ᠤᠨ ᠴᠤᠪᠤᠷᠠᠯ ᠢ ᠵᠢᠷᠤᠮᠵᠢᠭᠤᠯᠤᠨ᠂ | ᠪᠠᠯᠠ ᠮᠥᠩᠭᠦ ᠪᠠᠷ ᠲᠤᠰᠠᠯᠠᠬᠤ ᠡᠲᠡᠭᠡᠳ ᠢ ᠨᠠᠷᠢᠯᠢᠭ ᠣᠨᠣᠴᠠᠲᠠᠶ᠂ ᠪᠠᠯᠠ ᠮᠥᠩᠭᠦ ᠪᠠᠷ ᠲᠤᠰᠠᠯᠠᠬᠤ ᠪᠠᠷᠢᠮᠵᠢᠶ᠎ᠠ ᠶᠢ | ᠨᠠᠷᠢᠯᠢᠭ ᠣᠨᠣᠴᠠᠲᠠᠶ᠂ ᠪᠠᠯᠠ ᠮᠥᠩᠭᠦ ᠣᠯᠭᠤᠬᠤ ᠶᠢ ᠨᠠᠷᠢᠯᠢᠭ ᠣᠨᠣᠴᠠᠲᠠᠶ ᠪᠠᠶᠢᠯᠭᠠᠨ᠎ᠠ᠃ | ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠯᠠᠪᠳᠠᠭᠤᠨ | ᠪᠠᠲᠤᠲᠠᠶ ᠪᠥᠬᠦ ᠬᠤᠰᠢᠭᠤᠨ ᠤ ᠰᠤᠷᠬᠤ ᠨᠠᠰᠤᠨ ᠤ ᠰᠤᠷᠭᠠᠭᠤᠯᠢ ᠳᠤ ᠣᠷᠤᠭ᠎ᠠ ᠥᠬᠡᠶ ᠬᠡᠤᠬᠡᠳ᠂ ᠵᠡᠮᠳᠡᠭ ᠬᠡᠤᠬᠡᠳ | ᠂ ᠭᠠᠳᠠᠷ ᠬᠤᠰᠢᠭᠤ ᠰᠢᠶᠠᠨ ᠳᠤ ᠰᠤᠷᠤᠯᠴᠠᠵᠤ ᠪᠠᠶᠢᠭ᠎ᠠ ᠬᠡᠤᠬᠡᠳ᠂ ᠰᠤᠷᠤᠯᠭ᠎ᠠ ᠪᠠᠨ ᠳᠣᠷᠭᠤᠨ ᠵᠣᠭᠰᠣᠭᠰᠠᠨ | ᠰᠣᠷᠣᠭᠴᠢ᠂ ᠰᠤᠷᠤᠯᠭ᠎ᠠ ᠠᠴᠠ ᠪᠠᠨ ᠲᠦᠷ ᠵᠣᠭᠰᠣᠭᠰᠠᠨ ᠰᠣᠷᠣᠭᠴᠢ ᠵᠡᠷᠭᠡ ᠪᠠᠶᠢᠳᠠᠯ ᠤᠨ ᠰᠠᠭᠤᠷᠢ ᠲᠤᠭ᠎ᠠ ᠶᠢ | ᠪᠥᠬᠦ ᠲᠠᠯ᠎ᠠ ᠪᠠᠷ ᠡᠵᠡᠮᠰᠢᠵᠦ᠂ ᠬᠥᠳᠡᠯᠦᠩᠭᠦᠶ ᠪᠠᠷ ᠬᠢᠨᠠᠨ ᠬᠠᠮᠢᠶᠠᠷᠬᠤ ᠶᠢ ᠪᠡᠶᠡᠯᠡᠭᠦᠯᠦᠨ᠎ᠡ᠃ ᠰᠤᠷᠤᠯᠭ᠎ᠠ ᠪᠠᠨ | ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠠᠤᠯᠢ ᠶᠣᠰᠣᠭᠠᠷ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠬᠤ᠂ | ᠰᠤᠷᠭᠠᠭᠤᠯᠢ ᠶᠢᠨ ᠬᠠᠷᠢᠶ᠎ᠠ ᠶᠢᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠬᠤ᠂ ᠵᠢᠭᠠᠨ ᠰᠤᠷᠭᠠᠯᠲᠠ ᠶᠢᠨ | ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠬᠤ᠂ ᠶᠠᠳᠠᠭᠤ ᠶᠢ ᠲᠡᠳᠬᠦᠵᠦ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠬᠤ᠂ ᠲᠦᠷᠢᠮ ᠢᠶᠠᠷ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠬᠤ 5 | ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠢᠳᠬᠠᠨ ᠪᠤᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠰᠤᠷᠤᠯᠭ᠎ᠠ ᠪᠠᠨ ᠰᠡᠷᠭᠦᠭᠡᠬᠦ ᠠᠬᠢᠴᠠ ᠶᠢᠨ ᠪᠠᠶᠢᠳᠠᠯ ᠢ ᠪᠥᠬᠦ ᠶᠠᠪᠤᠴᠠ ᠳᠤ ᠮᠥᠷᠳᠡᠨ ᠳᠠᠭᠠᠵᠤ᠂ | ᠣᠨᠣᠪᠴᠢᠲᠠᠶ ᠮᠠᠭᠠᠳᠯᠠᠯᠲᠠ ᠬᠢᠵᠦ᠂ ᠲᠣᠬᠢᠲᠠᠶ ᠰᠢᠢᠳᠪᠦᠷᠢᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠣᠷᠣᠭᠴᠢ ᠶᠢᠨ ᠠᠯᠳᠠᠭᠳᠠᠬᠤ ᠥᠬᠡᠶ ᠪᠠᠶᠢᠬᠤ ᠰᠤᠷᠤᠯᠴᠠᠬᠤ ᠴᠢᠳᠠᠪᠤᠷᠢ ᠲᠠᠢ ᠵᠡᠮᠳᠡᠭ ᠬᠡᠤᠬᠡᠳ ᠤᠨ ᠰᠤᠷᠭᠠᠨ | ᠬᠥᠮᠦᠵᠢᠯ ᠭᠥᠷᠳᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠡᠩ ᠤᠨ ᠰᠤᠷᠭᠠᠭᠤᠯᠢ ᠶᠢᠨ ᠠᠩᠭᠢ ᠳᠠᠭᠠᠵᠤ | ᠰᠤᠷᠤᠯᠴᠠᠬᠤ᠂ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠵᠡᠮᠳᠡᠭ ᠬᠡᠤᠬᠡᠳ ᠪᠠᠭᠠᠴᠤᠳ ᠤᠨ ᠪᠦᠬᠦᠨ ᠢᠶᠠᠷ ᠢᠶᠠᠨ ᠠᠯᠪᠠᠨ ᠵᠢᠷᠤᠮ ᠤᠨ ᠰᠤᠷᠭᠠᠨ ᠬᠥᠮᠦᠵᠢᠯ | ᠭᠥᠷᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ︽ᠳᠥᠷᠪᠡᠨ ᠲᠥᠷᠥᠯ ᠤᠨ ᠬᠡᠤᠬᠡᠳ︾ ᠢ ᠬᠠᠪᠰᠤᠷᠤᠨ ᠲᠡᠳᠬᠦᠬᠦ | ᠠᠵᠢᠯ ᠢ ᠪᠣᠳᠠᠲᠠᠶᠢᠵᠢᠭᠤᠯᠤᠨ᠎ᠠ᠃ ᠭᠡᠷ ᠲᠡᠭᠡᠨ ᠬᠤᠴᠣᠷᠤᠭᠰᠠᠨ ᠬᠡᠦᠬᠡᠳ᠂ ᠵᠡᠮᠳᠡᠭ ᠬᠡᠦᠬᠡᠳ᠂ ᠥᠷᠥᠭᠡᠰᠦᠨ | ᠥᠨᠥᠴᠢᠨ ᠬᠡᠦᠬᠡᠳ᠂ ᠪᠠᠶᠢᠷᠢ ᠳᠤ ᠰᠠᠭᠤᠭ᠎ᠠ ᠬᠡᠦᠬᠡᠳ ᠵᠡᠷᠭᠡ ︽ᠳᠥᠷᠪᠡᠨ ᠲᠥᠷᠥᠯ ᠤᠨ ᠬᠡᠦᠬᠡᠳ︾ ᠢ ᠬᠤᠣᠰᠯᠠᠨ | ᠰᠤᠷᠤᠯᠭ᠎ᠠ ᠶᠢ ᠲᠡᠳᠬᠦᠵᠦ ᠥᠰᠬᠡᠨ ᠪᠤᠶᠢᠵᠢᠯᠲᠠ ᠶᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ | ᠥᠷᠨᠢᠭᠦᠯᠵᠦ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠠᠵᠢᠯ ᠤᠨ ᠬᠠᠷᠢᠭᠤᠴᠠᠯᠭ᠎ᠠ ᠳᠤ ᠦᠨᠡᠨᠬᠦ ᠲᠦᠰᠢᠭᠯᠡᠵᠦ | ᠂ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠬᠡᠷ ᠤᠨ ᠰᠤᠷᠪᠤᠯᠵᠢᠯᠠᠭ᠎ᠠ ᠬᠢᠵᠦ᠂ ᠭᠠᠷᠠᠭ ᠪᠦᠷᠢ ᠨᠢᠭᠡ ᠤᠳᠠᠭ᠎ᠠ | ᠳᠠᠰᠬᠠᠯ ᠤᠨ ᠬᠠᠪᠰᠤᠷᠤᠨ ᠵᠢᠯᠣᠭᠤᠳᠣᠯᠭ᠎ᠠ ᠬᠢᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠡᠳᠬᠢᠴᠡ ᠶᠢᠨ | ᠵᠢᠯᠣᠭᠤᠳᠣᠯᠭ᠎ᠠ ᠪᠠ ᠠᠮᠢᠳᠤᠷᠠᠯ ᠤᠨ ᠬᠠᠪᠰᠤᠷᠤᠯᠭ᠎ᠠ ᠶᠢ ᠥᠷᠨᠢᠭᠦᠯᠵᠦ᠂ ᠳᠥᠷᠪᠡᠨ ᠲᠥᠷᠥᠯ ᠤᠨ ᠬᠡᠤᠬᠡᠳ ᠤᠨ ︽ | ᠰᠤᠷᠤᠯᠴᠠᠯᠭ᠎ᠠ ᠳᠤ ᠬᠠᠪᠰᠤᠷᠤᠨ ᠵᠢᠯᠣᠭᠤᠳᠣᠯᠭ᠎ᠠ ᠲᠠᠢ᠂ ᠦᠰᠦᠨ ᠪᠤᠶᠢᠵᠢᠯᠲᠠ ᠳᠤ ᠬᠥᠲᠥᠯᠦᠨ ᠵᠢᠯᠣᠭᠤᠳᠣᠯᠭ᠎ᠠ ᠲᠠᠢ | ᠂ ᠬᠠᠶᠢᠷ᠎ᠠ ᠰᠡᠳᠬᠢᠯᠭᠡ ᠳᠤ ᠨᠠᠶᠢᠳᠠᠯᠭ᠎ᠠ ᠲᠠᠢ᠂ ᠠᠮᠢᠳᠤᠷᠠᠯ ᠳᠤ ᠬᠠᠷᠠᠭᠠᠯᠵᠠᠯ ᠲᠠᠢ᠂ ᠠᠮᠤᠷ ᠲᠦᠪᠰᠢᠨ ᠳᠤ | ᠪᠠᠲᠤᠯᠠᠭ᠎ᠠ ᠲᠠᠢ︾ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃ ︽ᠳᠥᠷᠪᠡᠨ ᠲᠥᠷᠥᠯ ᠤᠨ ᠬᠡᠤᠬᠡᠳ︾ ᠤᠨ | ᠬᠠᠪᠰᠤᠷᠤᠨ ᠲᠡᠳᠬᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠩᠭᠤ ᠶᠢᠨ ᠴᠢᠨᠠᠷᠲᠠᠶ ᠰᠢᠮᠳᠠᠭᠤᠯᠤᠨ | ᠪᠠᠶᠢᠴᠠᠭᠠᠯᠲᠠ ᠬᠢᠵᠦ᠂ ᠬᠠᠪᠰᠤᠷᠤᠨ ᠲᠡᠳᠬᠦᠬᠦ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ | ᠬᠠᠪᠰᠤᠷᠤᠨ ᠲᠡᠳᠬᠦᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠰᠢᠢᠳᠪᠦᠷᠢᠯᠡᠵᠤ᠂ | ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ | ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠠᠷᠪᠠ︶ ᠰᠠᠬᠢᠯᠭ᠎ᠠ ᠪᠠᠲᠤ ᠶᠢ ᠴᠢᠩᠳᠠᠯᠠᠵᠤ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ | ᠨᠡᠬᠡᠮᠵᠢᠯᠡᠬᠦ ᠶᠢ ᠪᠠᠶᠢᠩᠭᠤᠵᠢᠭᠤᠯᠬᠤ ᠶᠢ ᠪᠡᠶᠡᠯᠡᠭᠦᠯᠦᠨ᠎ᠡ | | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠭᠤᠣᠯ ᠤᠳᠤᠷᠢᠳᠤᠯᠭ᠎ᠠ ᠶᠡᠷᠦᠩᠬᠡᠶ | ᠬᠠᠷᠢᠭᠤᠴᠠᠯᠭ᠎ᠠ ᠶᠢ ᠡᠭᠦᠷᠭᠡᠯᠡᠬᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢᠨ ᠪᠣᠳᠠᠲᠠᠶ ᠠᠳᠬᠤᠬᠤ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ | ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠠᠵᠢᠯ ᠢ | ᠪᠠᠶᠢᠩᠭᠤ ᠶᠢᠨ ᠴᠢᠨᠠᠷᠲᠠᠶ ᠪᠠᠷ ᠥᠷᠨᠢᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠪᠢᠴᠢᠭ ᠲᠤ ᠱᠠᠳᠤ ᠳᠠᠷᠠᠭᠠᠯᠠᠨ ᠭᠠᠷ ᠤᠨ | ᠦᠰᠦᠭ ᠵᠢᠷᠤᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠨ᠎ᠠ᠃ ᠰᠤᠷᠭᠠᠨ | ᠬᠥᠮᠦᠵᠢᠯ ᠤᠨ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠠᠵᠢᠯ ᠤᠨ ᠪᠠᠶᠢᠷᠢ ᠪᠠ | ᠲᠦᠭᠰᠢᠭᠦᠷᠢ ᠶᠢᠨ ᠴᠡᠭ ᠲᠠᠢ ᠤᠶᠠᠯᠳᠤᠭᠤᠯᠤᠨ᠂ ᠰᠤᠷᠭᠠᠭᠤᠯᠢ ᠶᠢᠨ ᠬᠠᠮᠢᠶᠠᠷᠤᠯᠲᠠ ᠶᠢᠨ ᠳᠤᠮᠳᠠ ᠣᠷᠣᠰᠢᠵᠤ | ᠪᠠᠶᠢᠭ᠎ᠠ ᠬᠢᠨᠠᠯᠲᠠ ᠲᠠᠯᠪᠢᠯᠲᠠ ᠶᠢᠨ ᠳᠤᠲᠠᠭᠳᠠᠯ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠭᠤᠷᠠᠶ | ᠭᠤᠭᠴᠤᠭ᠎ᠠ ᠶᠢ ᠪᠠᠶᠢᠩᠭᠤ ᠶᠢᠨ ᠴᠢᠨᠠᠷᠲᠠᠶ ᠪᠠᠷ ᠡᠷᠢᠵᠦ᠂ ᠰᠤᠷᠭᠠᠭᠤᠯᠢ ᠶᠢᠨ ᠬᠦᠷᠢᠶᠡᠨ ᠳᠤ ᠡᠭᠦᠰᠦᠭᠰᠡᠨ ᠲᠥᠪ | ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠬᠤ ᠬᠡᠷᠡᠭᠲᠡᠶ᠃ ᠵᠢᠯ | ᠪᠦᠷᠢ ᠠᠳᠠᠭ ᠲᠠᠭᠠᠨ ᠨᠢᠭᠡ ᠤᠳᠠᠭ᠎ᠠ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠠᠵᠢᠯ ᠤᠨ ᠪᠠᠶᠢᠳᠠᠯ ᠳᠤ | ᠵᠠᠳᠠᠯᠤᠯᠲᠠ ᠬᠢᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠰᠡᠷᠡᠮᠵᠢᠯᠡᠭᠦᠯᠦᠨ ᠰᠦᠷᠳᠡᠭᠦᠯᠬᠦ ᠶᠢ | ᠴᠢᠩᠭᠠᠷᠠᠭᠤᠯᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠬᠤ ᠬᠡᠷᠡᠭᠲᠡᠢ᠃ | | ᠰᠤᠷᠭᠠᠭᠤᠯᠢ ᠶᠢᠨ ᠡᠳᠦᠷ ᠲᠤᠲᠤᠮ ᠤᠨ ᠬᠢᠨᠠᠯᠲᠠ ᠶᠢ ᠬᠠᠨᠳᠤᠯᠭᠠᠲᠤ ᠴᠢᠨᠠᠷᠲᠠᠶ ᠪᠠᠷ ᠢᠯᠡ ᠪᠠᠷ ᠪᠠᠶᠢᠴᠠᠭᠠᠵᠤ | ᠳᠠᠯᠳᠠᠭᠤᠷ ᠰᠤᠷᠪᠤᠯᠵᠢᠯᠠᠬᠤ ᠶᠢ ᠦᠷᠭᠦᠯᠵᠢᠯᠡᠨ ᠥᠷᠨᠢᠭᠦᠯᠵᠦ᠂ ᠰᠤᠷᠭᠠᠭᠤᠯᠢ ᠶᠢᠨ ᠵᠠᠬᠢᠷᠤᠯ ᠪᠠᠭᠰᠢ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠰᠠᠬᠢᠯᠭ᠎ᠠ ᠪᠠᠲᠤ ᠣᠪᠣᠷ ᠰᠤᠷᠲᠠᠯ᠂ ᠪᠠᠭᠰᠢ ᠶᠢᠨ ᠮᠣᠷᠠᠯ | ᠪᠠᠭᠰᠢ ᠶᠢᠨ ᠰᠤᠷᠲᠠᠯ ᠵᠡᠷᠭᠡ ᠶᠢ ᠪᠠᠶᠢᠩᠭᠤ ᠶᠢᠨ ᠴᠢᠨᠠᠷᠲᠠᠶ ᠪᠠᠷ ᠪᠠᠶᠢᠴᠠᠭᠠᠪᠠ᠃ ᠲᠣᠭᠲᠠᠮᠠᠯ ᠬᠤᠭᠤᠴᠠᠭ᠎ᠠ ᠲᠠᠢ ᠪᠠᠷ | ᠬᠢᠨᠠᠨ ᠵᠢᠯᠣᠭᠤᠳᠴᠤ ᠪᠠᠶᠢᠴᠠᠭᠠᠬᠤ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ ᠲᠦᠷᠢᠮ ᠢ ᠪᠠᠶᠢᠭᠤᠯᠵᠤ᠂ | ᠦᠨᠳᠦᠰᠦᠨ ᠱᠠᠲᠤᠨ ᠤ ᠰᠤᠷᠭᠠᠭᠤᠯᠢ᠂ ᠪᠠᠭᠰᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠪᠠᠭᠰᠢ ᠶᠢᠨ ᠵᠢᠭᠠᠨ ᠰᠤᠷᠭᠠᠯᠲᠠ ᠶᠢᠨ ᠡᠩ ᠤᠨ ᠨᠠᠶᠢᠳᠠᠪᠤᠷᠢᠵᠢᠭᠤᠯᠤᠯᠲᠠ᠂ ᠰᠠᠬᠢᠯᠭ᠎ᠠ ᠪᠠᠲᠤ ᠣᠪᠣᠷ | ᠰᠤᠷᠲᠠᠯ ᠵᠡᠷᠭᠡ ᠳᠤ ᠪᠠᠶᠢᠩᠭᠤ ᠶᠢᠨ ᠴᠢᠨᠠᠷᠲᠠᠶ ᠪᠠᠷ ᠬᠢᠨᠠᠯᠲᠠ ᠲᠠᠯᠪᠢᠨ᠎ᠠ᠃ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ ᠤ ᠦᠢᠯᠡᠳᠦᠯ ᠢ ᠪᠠᠳᠠᠷᠠᠭᠤᠯᠵᠤ᠂ | ᠬᠢᠨᠠᠯᠲᠠ ᠶᠢ ᠦᠨᠳᠦᠰᠦᠨ ᠱᠠᠲᠤᠨ ᠤ ᠪᠠᠭᠰᠢ ᠨᠠᠷ ᠤᠨ ᠳᠤᠮᠳᠠ ᠬᠦᠷᠲᠡᠯ᠎ᠡ ᠦᠷᠭᠦᠯᠵᠢᠯᠡᠭᠦᠯᠦᠨ᠎ᠡ᠃ ᠬᠢᠨᠠᠯᠲᠠ | ᠲᠠᠯᠪᠢᠬᠤ ᠤᠲᠠᠰᠤ ᠶᠢ ᠨᠡᠶᠢᠲᠡᠯᠡᠵᠦ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ | ᠪᠠᠭᠰᠢ᠂ ᠰᠣᠷᠣᠭᠴᠢ ᠵᠢᠴᠢ ᠬᠡᠷ ᠤᠨ ᠠᠬᠠᠮᠠᠳ ᠤᠨ ᠬᠢᠨᠠᠯᠲᠠ ᠲᠠᠯᠪᠢᠬᠤ ᠦᠢᠯᠡᠳᠤᠯ ᠢ ᠪᠠᠳᠠᠷᠠᠭᠤᠯᠤᠨ᠂ ᠠᠷᠠᠳ ᠤᠨ | ᠲᠥᠯᠥᠭᠡᠯᠡᠭᠴᠢ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠤᠷᠢᠵᠤ ᠰᠤᠷᠭᠠᠨ ᠬᠥᠮᠦᠵᠢᠯ ᠤᠨ ᠠᠵᠢᠯ ᠳᠤ | ᠬᠢᠨᠠᠯᠲᠠ ᠲᠠᠯᠪᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠣᠯᠠᠨ ᠲᠦᠮᠡᠨ ᠠᠴᠠ ᠪᠥᠬᠦ ᠬᠤᠰᠢᠭᠤᠨ ᠤ | ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠵᠦᠢᠯ ᠤᠨ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠬᠤᠷᠢᠶᠠᠵᠤ᠂ | ᠠᠰᠠᠭᠤᠳᠠᠯ ᠳᠤ ᠴᠢᠭᠯᠡᠭᠦᠯᠦᠨ ᠡᠪᠡᠳᠴᠢᠨ ᠳᠤᠨᠢ ᠲᠣᠬᠢᠷᠠᠭᠤᠯᠤᠨ ᠡᠮ ᠥᠭᠴᠦ᠂ ᠰᠤᠷᠭᠠᠨ ᠬᠥᠮᠦᠵᠢᠯ ᠤᠨ | ᠰᠢᠰᠲ᠋ᠧᠮ ᠤᠨ ᠰᠠᠶᠢᠨ ᠰᠠᠶᠢᠬᠠᠨ ᠠᠵᠢᠯ ᠲᠥᠷᠥᠯ ᠤᠨ ᠰᠤᠷᠲᠠᠯ ᠢ ᠬᠠᠮᠠᠭᠠᠯᠠᠨ᠎ᠠ᠃ | ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠪᠠ᠃ ︽ | ᠬᠡᠷᠡᠭ ᠪᠠᠶᠢᠪᠠᠯ ᠵᠠᠪᠠᠯ ᠪᠠᠶᠢᠴᠠᠭᠠᠬᠤ᠂ ᠪᠠᠶᠢᠴᠠᠭᠠᠪᠠᠯ ᠵᠠᠪᠠᠯ ᠰᠢᠢᠳᠪᠦᠷᠢᠯᠡᠬᠦ︾ ᠠᠵᠢᠯ ᠤᠨ ᠱᠠᠭᠠᠷᠳᠠᠯᠭ᠎ᠠ ᠶᠢ | ᠪᠠᠷᠢᠮᠲᠠᠯᠠᠨ᠂ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠠᠴᠠ ᠵᠥᠷᠢᠴᠡᠭᠰᠡᠨ᠂ ᠰᠤᠷᠭᠠᠭᠤᠯᠢ ᠶᠢᠨ ᠡᠳ᠋ ᠤᠨ | ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠠᠴᠠ ᠵᠥᠷᠢᠴᠡᠭᠰᠡᠨ ᠬᠡᠷᠡᠭ ᠵᠢᠴᠢ ᠤᠯᠠᠨ ᠲᠦᠮᠡᠨ ᠤ ᠳᠡᠷᠭᠡᠳᠡ | ᠡᠭᠦᠰᠦᠭᠰᠡᠨ ᠲᠥᠪ ᠪᠤᠰᠤ ᠰᠤᠷᠲᠠᠯ ᠪᠠ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ | ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠴᠠᠭ ᠲᠤᠬᠠᠶ ᠳᠤ ᠨᠢ ᠬᠢᠨᠠᠨ ᠪᠠᠶᠢᠴᠠᠭᠠᠵᠤ | ᠰᠢᠢᠳᠪᠦᠷᠢᠯᠡᠨ᠎ᠠ᠃ ᠡᠳᠦᠷ ᠲᠤᠲᠤᠮ ᠤᠨ ᠰᠢᠪᠠᠳᠠᠨ ᠪᠠᠶᠢᠴᠠᠭᠠᠯᠲᠠ ᠳᠤᠮᠳᠠ ᠢᠯᠡᠷᠡᠭᠦᠯᠦᠭᠰᠡᠨ ᠲᠣᠪᠤᠶᠢᠮ᠎ᠠ | ᠠᠰᠠᠭᠤᠳᠠᠯ᠂ ᠢᠯᠠᠩᠭᠤᠶ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠥᠬᠡᠶ᠂ ᠪᠠᠭᠰᠢ ᠶᠢᠨ ᠮᠣᠷᠠᠯ | ᠪᠠᠭᠰᠢ ᠶᠢᠨ ᠰᠤᠷᠲᠠᠯ ᠤᠨ ᠲᠠᠯ᠎ᠠ ᠪᠠᠷ ᠭᠠᠷᠤᠭᠰᠠᠨ ᠠᠰᠠᠭᠤᠳᠠᠯ ᠢ ᠤᠳᠠᠭ᠎ᠠ ᠳᠠᠷᠠᠭᠠᠯᠠᠨ ᠴᠡᠭᠴᠡᠯᠡᠨ ᠵᠠᠰᠠᠭᠰᠠᠨ ᠨᠢ | ᠬᠦᠷᠦᠯᠴᠡᠬᠦ ᠥᠬᠡᠶ ᠪᠤᠶᠤ ᠠᠵᠢᠯ ᠨᠢ ᠪᠣᠳᠠᠲᠠᠶ ᠪᠢᠰᠢ ᠨᠠᠷᠢᠨ ᠪᠢᠰᠢ ᠰᠤᠷᠭᠠᠭᠤᠯᠢ ᠶᠢᠨ ᠵᠠᠬᠢᠷᠤᠯ᠂ ᠪᠠᠭᠰᠢ ᠶᠢ ᠴᠠᠭ | ᠲᠤᠬᠠᠶ ᠳᠤᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ | ᠲᠣᠪᠴᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠳᠤ ᠰᠢᠯᠵᠢᠭᠦᠯᠦᠨ ᠲᠤᠰᠢᠶᠠᠵᠤ ᠪᠣᠳᠠᠲᠠᠶ | ᠪᠠᠶᠢᠳᠠᠯ ᠢ ᠨᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠭᠦᠯᠤᠨᠠ᠃ ᠬᠢᠨᠠᠯᠲᠠ ᠲᠠᠯᠪᠢᠬᠤ ᠪᠠ | ᠰᠠᠬᠢᠯᠭ᠎ᠠ ᠪᠠᠲᠤ ᠶᠢ ᠬᠡᠷᠡᠭᠵᠢᠭᠦᠯᠬᠦ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠭᠦᠨᠵᠡᠭᠡᠶᠢᠷᠡᠭᠦᠯᠦᠨ ᠬᠡᠷᠡᠭᠯᠡᠵᠦ᠂ | ᠰᠠᠬᠢᠯᠭ᠎ᠠ ᠪᠠᠲᠤ ᠶᠢᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ | ᠵᠥᠷᠢᠴᠡᠭᠰᠡᠨ ᠡᠯ᠎ᠡ ᠲᠦᠷᠦᠯ ᠤᠨ ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ︔ ︽ᠳᠥᠷᠪᠡᠨ ᠨᠢᠭᠡ | ᠪᠦᠯᠦᠭ︾ ᠤᠨ ᠵᠣᠬᠢᠶᠠᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠪᠠᠷ ᠲᠣᠬᠢᠷᠠᠭᠤᠯᠤᠯᠲᠠ ᠬᠢᠵᠦ᠂ ᠴᠢᠩᠭ᠎ᠠ | ᠬᠦᠴᠦᠲᠡᠶ ᠬᠠᠷᠢᠭᠤᠴᠠᠯᠭ᠎ᠠ ᠨᠡᠬᠡᠮᠵᠢᠯᠡᠬᠦ ᠪᠠᠷ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠳᠥᠯᠭᠢᠨ ᠠᠬᠢᠭᠤᠯᠬᠤ ᠬᠡᠷᠡᠭᠲᠡᠶ᠃ | ᠰᠤᠷᠭᠠᠨ ᠬᠥᠮᠦᠵᠢᠭᠦᠯᠵᠦ ᠬᠢᠨᠠᠨ ᠵᠢᠯᠣᠭᠤᠳᠬᠤ ᠶᠢ ᠴᠢᠩᠳᠠᠯᠠᠨ᠎ᠠ᠃ ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠵᠠᠰᠠᠭ ᠤᠨ ᠶᠠᠪᠤᠳᠠᠯ ᠢ | ᠬᠢᠨᠠᠨ ᠪᠠᠶᠢᠴᠠᠭᠠᠬᠤ᠂ ᠰᠤᠷᠭᠠᠭᠤᠯᠢ ᠶᠢ ᠬᠢᠨᠠᠨ ᠪᠠᠶᠢᠴᠠᠭᠠᠬᠤ᠂ ᠦᠨᠡᠯᠡᠨ ᠵᠢᠱᠢᠵᠦ ᠬᠢᠨᠠᠨ ᠰᠢᠯᠭᠠᠬᠤ︾ ᠭᠤᠷᠪᠠ ᠶᠢ | ᠨᠢᠭᠡ ᠴᠤᠭᠴᠠᠵᠢᠭᠤᠯᠤᠭᠰᠠᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠰᠢᠰᠲ᠋ᠧᠮᠵᠢ ᠶᠢ ᠪᠠᠶᠢᠭᠤᠯᠤᠨ | ᠪᠦᠷᠢᠨᠰᠢᠬᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢ ᠬᠢᠨᠠᠨ ᠵᠢᠯᠣᠭᠤᠳᠬᠤ ᠶᠢ ᠴᠢᠩᠭᠠᠳᠬᠠᠨ᠂ | ᠰᠤᠷᠭᠠᠨ ᠬᠥᠮᠦᠵᠢᠯ ᠤᠨ ᠦᠨᠡᠯᠡᠨ ᠵᠢᠱᠢᠵᠦ ᠬᠢᠨᠠᠨ ᠬᠡᠮᠵᠢᠬᠦ ᠶᠢ ᠴᠢᠩᠭᠠᠳᠬᠠᠨ ᠰᠠᠶᠢᠵᠢᠷᠠᠭᠤᠯᠵᠤ᠂ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠠᠷᠭ᠎ᠠ ᠮᠠᠶ᠋ᠢᠭ ᠢ ᠬᠠᠯᠠᠨ ᠰᠠᠶᠢᠵᠢᠷᠠᠭᠤᠯᠤᠨ᠎ᠠ᠃ ᠮᠡᠳᠡᠭᠦᠯᠬᠦ᠂ ᠬᠠᠷᠢᠭᠤ | ᠲᠤᠰᠬᠠᠬᠤ᠂ ᠴᠡᠭᠴᠡᠯᠡᠨ ᠰᠠᠶᠢᠵᠢᠷᠠᠭᠤᠯᠬᠤ᠂ ᠳᠠᠬᠢᠨ ᠪᠠᠶᠢᠴᠠᠭᠠᠬᠤ᠂ ᠤᠷᠮᠠᠰᠢᠭᠤᠯᠬᠤ᠂ ᠪᠣᠯᠵᠣᠨ ᠶᠠᠷᠢᠯᠴᠠᠬᠤ᠂ | ᠮᠡᠳᠡᠭᠡᠯᠡᠬᠦ᠂ ᠬᠠᠷᠢᠭᠤᠴᠠᠯᠭ᠎ᠠ ᠬᠡᠯᠡᠯᠴᠡᠬᠦ ᠵᠡᠷᠭᠡ ᠠᠷᠭ᠎ᠠ ᠮᠠᠶ᠋ᠢᠭᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠰᠤᠷᠭᠠᠨ | ᠬᠥᠮᠦᠵᠢᠭᠦᠯᠵᠦ ᠬᠢᠨᠠᠨ ᠵᠢᠯᠣᠭᠤᠳᠬᠤ ᠶᠢᠨ ᠡᠷᠬᠡ ᠰᠦᠷᠲᠦ ᠴᠢᠨᠠᠷ ᠪᠠ ᠲᠥᠪ ᠴᠢᠩᠭ᠎ᠠ ᠴᠢᠨᠠᠷ ᠢ ᠴᠢᠩᠭᠠᠷᠠᠭᠤᠯᠤᠨ᠎ᠠ᠃ | | | ᠬᠥᠲᠥᠯᠥᠭᠴᠢ᠄ ᠵᠠ᠂ ᠰᠢᠶᠠ ᠲᠣᠪᠴᠢᠶᠠᠨ ᠳᠠᠷᠤᠭ᠎ᠠ ᠪᠢᠳᠡᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ ᠮᠠᠰᠢ | ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠠ᠂ ᠪᠠᠶᠠᠷᠲᠠᠶ᠃ | | ᠰᠢᠶᠠ ᠫᠸᠢ ᠬᠤᠩ᠄ ᠪᠠᠶᠠᠷᠲᠠᠶ᠃ |