ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ ᠬᠠᠮᠢᠶ᠎ᠠ | ᠪᠥᠬᠦᠶ ᠨᠢᠭᠡᠴᠡ ᠳᠤ᠄ | ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠣᠷᠣᠨ ᠰᠠᠭᠤᠴᠠ ᠶᠢᠨ | ᠵᠢᠭᠤᠯᠴᠢᠯᠠᠯ ᠤᠨ ᠠᠵᠤ ᠤᠶᠢᠯᠡᠰ ᠤᠨ ᠮᠥᠩᠭᠦᠨ ᠬᠦᠢᠯᠬᠡᠬᠡᠨ ᠤ ᠳᠡᠮᠵᠢᠯᠭᠡ ᠶᠢᠨ ᠲᠦᠷ ᠬᠡᠷᠡᠭᠵᠢᠭᠦᠯᠬᠦ ᠠᠷᠭ᠎ᠠ︾ ᠶᠢ | ᠬᠤᠰᠢᠭᠤᠨ ᠠᠷᠠᠳ ᠤᠨ ᠵᠠᠰᠠᠭ ᠤᠨ ᠣᠷᠳᠣᠨ ᠤ 2022 ᠣᠨ ᠤ 4 ᠳ᠋ᠤᠭᠡᠷ ᠤᠳᠠᠭᠠᠨ ᠤ ᠪᠠᠶᠢᠩᠭᠤ ᠶᠢᠨ | ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 7 ᠰᠠᠷ᠎ᠠ ᠶᠢᠨ 20 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠤᠨ ᠠᠵᠤ | ᠤᠶᠢᠯᠡᠰ ᠤᠨ ᠮᠥᠩᠭᠦᠨ ᠬᠦᠢᠯᠬᠡᠬᠡᠨ ᠤ ᠳᠡᠮᠵᠢᠯᠭᠡ | ᠲᠦᠷ ᠬᠡᠷᠡᠭᠵᠢᠭᠦᠯᠬᠦ ᠠᠷᠭ᠎ᠠ | ᠮᠠᠨ ᠤ ᠬᠤᠰᠢᠭᠤᠨ ᠤ ᠠᠷᠠᠳ ᠤᠨ ᠣᠷᠣᠨ ᠰᠠᠭᠤᠴᠠ ᠶᠢᠨ ᠠᠵᠤ ᠤᠶᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠡᠯ᠎ᠡ ᠲᠠᠯ᠎ᠠ ᠶᠢᠨ ᠬᠦᠴᠦᠨ ᠢ ᠤᠯᠠᠮ ᠨᠢᠭᠡ ᠠᠯᠬᠤᠮ ᠡᠮᠬᠢᠯᠡᠨ | ᠨᠡᠶᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠤᠷᠮᠠᠰᠢᠭᠤᠯᠤᠯ ᠢ ᠬᠡᠷᠡᠭᠵᠢᠭᠦᠯᠦᠨ᠂ ᠵᠢᠭᠤᠯᠴᠢᠯᠠᠯ ᠢᠶᠠᠷ ᠠᠷᠠᠳ ᠢ | ᠪᠠᠶᠠᠵᠢᠭᠤᠯᠬᠤ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠶ ᠲᠠᠢ ᠪᠠᠨ | ᠤᠶᠠᠯᠳᠤᠭᠤᠯᠤᠨ᠂ ᠣᠨᠴᠠᠭᠠᠶᠢᠯᠠᠨ ᠲᠣᠰ ᠠᠷᠭ᠎ᠠ ᠶᠢ ᠲᠣᠭᠲᠠᠭᠠᠪᠠ᠃ | ᠨᠢᠭᠡ᠂ ᠲᠡᠳᠬᠦᠬᠦ ᠬᠡᠪᠴᠢᠶ᠎ᠡ ᠵᠢᠴᠢ ᠨᠥᠬᠦᠴᠡᠯ | ︵ᠨᠢᠭᠡ︶ ᠵᠢᠭᠤᠯᠴᠢᠯᠠᠯ ᠤᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ︵ᠺᠣᠮᠫᠠᠨᠢ᠂ ᠬᠤᠷᠰᠢᠶ᠎ᠠ | ᠵᠡᠷᠭᠡ︶ ᠪᠤᠶᠤ ᠬᠤᠪᠢ ᠬᠥᠮᠦᠨ᠂ ᠬᠤᠶᠢᠲᠤ ᠬᠤᠰᠢᠭᠤᠨ ᠤ ᠬᠢᠯᠢ ᠳᠣᠲᠣᠷᠠᠬᠢ ᠠᠷᠠᠳ ᠤᠨ ᠣᠷᠣᠨ ᠰᠠᠭᠤᠴᠠ ᠶᠢᠨ | ᠵᠢᠭᠤᠯᠴᠢᠯᠠᠯ ᠤᠨ ᠬᠥᠭᠵᠢᠯᠲᠡ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠴᠠᠭ᠎ᠠ ᠲᠣᠰᠬᠤᠨ ᠳᠤ ᠠᠷᠠᠳ ᠤᠨ ᠣᠷᠣᠨ | ᠰᠠᠭᠤᠴᠠ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ᠃ | ︵ᠬᠤᠶᠠᠷ︶ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠣᠷᠣᠨ | ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ︾ ᠶᠢᠨ ᠪᠥᠲᠥᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ ᠢᠶᠠᠷ | ᠮᠡᠳᠡᠭᠦᠯᠬᠦ ᠶᠢᠨ ᠬᠠᠮᠲᠤ ᠪᠦᠷᠢᠳᠬᠡᠨ ᠳᠡᠩᠰᠡᠯᠡᠵᠦ᠂ ᠲᠡᠳᠬᠦᠮᠵᠢ ᠦᠵᠡᠭᠦᠯᠦᠨ᠎ᠡ᠃ | ︵ᠭᠤᠷᠪᠠ︶ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ | ᠠᠷᠠᠳ ᠤᠨ ᠣᠷᠣᠨ ᠰᠠᠭᠤᠴᠠ ᠶᠢᠨ ᠰᠢᠨ᠎ᠡ ᠪᠠᠷ ᠨᠡᠮᠡᠭᠳᠡᠭᠰᠡᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ | 80 ᠲᠦᠮᠡᠨ ᠲᠥᠭᠦᠷᠢᠭ ᠠᠴᠠ ᠳᠡᠭᠡᠭᠰᠢ ᠪᠠᠶᠢᠬᠤ᠃ | ᠬᠤᠶᠠᠷ᠂ ᠲᠡᠳᠬᠦᠬᠦ ᠵᠠᠭᠪᠤᠷ | ᠲᠡᠳᠬᠦᠨ ᠳᠡᠮᠵᠢᠬᠦ ᠵᠠᠭᠪᠤᠷ ᠪᠣᠯ ᠵᠢᠭᠡᠯᠡᠯᠭᠡ ᠶᠢᠨ ᠳᠠᠮ ᠬᠦᠦ ᠮᠥᠩᠭᠦ ᠪᠣᠯᠤᠨ᠎ᠠ᠃ | ᠬᠤᠰᠢᠭᠤᠨ ᠠᠵᠢᠯ ᠣᠯᠭᠤᠯᠲᠠ ᠶᠢᠨ ᠤᠶᠢᠯᠡᠴᠢᠯᠡᠬᠡᠨ ᠤ ᠲᠥᠪ ᠤᠨ ᠠᠳᠠᠯ ᠤᠶᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢ ᠠᠰᠢᠭᠯᠠᠨ ᠨᠥᠬᠦᠴᠡᠯ ᠳᠤ ᠨᠡᠶᠢᠴᠡᠬᠦ ᠠᠷᠠᠳ ᠤᠨ ᠪᠠᠶᠢᠷᠢ ᠶᠢᠨ ᠡᠷᠦᠬᠡ ᠳᠤ | ᠵᠢᠭᠡᠯᠡᠯᠭᠡ ᠶᠢᠨ ᠳᠡᠮᠵᠢᠯᠭᠡ ᠦᠵᠡᠭᠦᠯᠵᠦ᠂ ᠠᠳᠠᠯ ᠤᠶᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠠᠵᠢᠯ | ᠣᠯᠭᠤᠬᠤ ᠰᠠᠯᠠᠭ᠎ᠠ ᠮᠥᠴᠢᠷ ᠤᠨ ᠳᠠᠮ ᠬᠦᠤ ᠥᠭᠭᠦᠭᠰᠡᠨ ᠤ ᠳᠠᠷᠠᠭ᠎ᠠ᠂ ᠬᠤᠰᠢᠭᠤᠨ ᠵᠠᠰᠠᠭ ᠤᠨ ᠣᠷᠳᠣᠨ | ᠳᠠᠬᠢᠭᠠᠳ 1.2% ᠤᠨ ᠵᠢᠯ ᠤᠨ ᠬᠦᠤ ᠪᠠᠷ ᠳᠠᠮ ᠬᠦᠤ ᠥᠭᠭᠦᠨ᠎ᠡ᠂ ᠳᠠᠮ ᠬᠦᠤ ᠥᠭᠬᠦ ᠬᠡᠰᠡᠭ ᠢ ᠠᠵᠢᠯ | ᠣᠯᠭᠤᠯᠲᠠ ᠶᠢᠨ ᠤᠶᠢᠯᠡᠴᠢᠯᠡᠬᠡᠨ ᠤ ᠲᠥᠪ ᠠᠴᠠ ᠡᠳ᠋ ᠤᠨ ᠵᠠᠰᠠᠭ ᠤᠨ ᠲᠣᠪᠴᠢᠶ᠎ᠠ ᠳᠤ ᠲᠤᠰᠢᠶᠠᠵᠤ ᠲᠣᠭᠲᠠᠭᠰᠠᠨ | ᠬᠤᠭᠤᠴᠠᠭᠠᠨ ᠳᠤ ᠳᠠᠮ ᠬᠦᠤ ᠥᠭᠭᠦᠨ᠎ᠡ᠂ ᠦᠯᠡᠳᠡᠭᠰᠡᠨ ᠬᠡᠰᠡᠭ ᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ | ᠮᠡᠳᠡᠭᠦᠯᠦᠭᠰᠡᠨ ᠦᠨ᠎ᠡ ᠶᠢᠨ ᠬᠦᠤ ᠶᠢᠨ ᠨᠣᠷᠮ᠎ᠠ ᠶᠢ ᠦᠨᠳᠦᠰᠦᠯᠡᠨ ᠵᠢᠭᠡᠯᠡᠯᠭᠡ ᠲᠠᠯᠪᠢᠭᠴᠢ ᠥᠭᠭᠦᠨ᠎ᠡ᠃ | ᠵᠢᠭᠡᠯᠡᠯᠭᠡ ᠶᠢᠨ ᠲᠤᠭ᠎ᠠ ᠬᠡᠮᠵᠢᠶ᠎ᠡ ᠬᠢᠭᠡᠳ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠨᠢ᠄ ᠬᠤᠪᠢ ᠶᠢᠨ | ᠠᠵᠤ ᠤᠶᠢᠯᠡᠳᠪᠤᠷᠢ ᠬᠤᠳᠠᠯᠳᠤᠭᠠᠨ ᠤ ᠡᠷᠦᠬᠡ ᠪᠤᠶᠤ ᠬᠤᠷᠰᠢᠶ᠎ᠠ ᠶᠢᠨ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ | ᠬᠡᠮᠵᠢᠶ᠎ᠡ ᠨᠢ 20 ᠲᠦᠮᠡ᠂ ᠠᠵᠤ ᠠᠬᠤᠶᠢᠯᠠᠯ ᠤᠨ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠨᠢ | 300 ᠲᠦᠮᠡᠨ ᠲᠥᠭᠦᠷᠢᠭ᠂ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠨᠢ 2 ᠵᠢᠯ ᠪᠣᠯᠤᠨ᠎ᠠ᠃ | ᠭᠤᠷᠪᠠ᠂ ᠲᠡᠳᠬᠦᠨ ᠳᠡᠮᠵᠢᠬᠦ ᠶᠢ ᠭᠤᠶᠤᠴᠢᠯᠠᠬᠤ ᠵᠢᠷᠤᠮ | ︵ᠨᠢᠭᠡ︶ ᠵᠢᠭᠡᠯᠡᠯᠭᠡ ᠶᠢᠨ ᠳᠠᠮ ᠬᠦᠤ ᠭᠤᠶᠤᠴᠢᠯᠠᠬᠤ ᠳᠤ ᠰᠤᠮᠤ ᠰᠢᠶᠠᠩ ᠪᠠᠯᠭᠠᠰᠤ ᠪᠣᠯᠤᠨ | ᠰᠣᠶᠣᠯ ᠤᠨ ᠵᠢᠭᠤᠯᠴᠢᠯᠠᠯ ᠤᠨ ᠲᠣᠪᠴᠢᠶ᠎ᠠ ᠠᠴᠠ ᠲᠠᠨᠢᠯᠴᠠᠭᠤᠯᠵᠤ᠂ ᠬᠤᠰᠢᠭᠤᠨ ᠤ ᠠᠵᠢᠯ ᠣᠯᠭᠤᠬᠤ | ᠤᠶᠢᠯᠡᠴᠢᠯᠡᠬᠡᠨ ᠤ ᠲᠥᠪ ᠠᠴᠠ ᠬᠢᠨᠠᠨ ᠬᠠᠷᠭᠤᠭᠤᠯᠵᠤ᠂ ᠪᠠᠩᠬᠢ ᠳᠤ ᠲᠠᠨᠢᠯᠴᠠᠭᠤᠯᠤᠨ ᠥᠭᠴᠦ ᠲᠠᠰ | ᠳᠠᠷᠠᠭᠠᠯᠠᠯ ᠢᠶᠠᠷ ᠵᠢᠭᠡᠯᠡᠯᠭᠡ ᠬᠢᠯᠭᠡᠨ᠎ᠡ᠃ | ︵ᠬᠤᠶᠠᠷ︶ ᠲᠠᠮ ᠬᠦᠦ ᠮᠥᠩᠭᠦ ᠠᠪᠬᠤ ᠪᠠᠷ ᠭᠤᠶᠤᠴᠢᠯᠠᠬᠤ ᠠᠵᠤ ᠠᠬᠤᠶᠢᠯᠠᠯ ᠪᠤᠶᠤ ᠬᠤᠪᠢ ᠬᠥᠮᠦᠨ | ᠳᠣᠣᠷᠠᠬᠢ ᠨᠥᠬᠦᠴᠡᠯ ᠤᠳ ᠢ ᠬᠠᠮᠲᠤ ᠳᠤᠨᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ | 1. ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠤ᠂ ᠦᠨᠡᠨᠴᠢ ᠢᠲᠡᠭᠡᠮᠵᠢᠲᠡᠶ ᠪᠠᠶᠢᠵᠤ᠂ ᠬᠦᠨᠳᠦ ᠶᠡᠭᠡ | ᠵᠢᠭᠤᠯᠴᠢᠯᠠᠯ ᠤᠨ ᠵᠠᠭᠠᠯᠳᠤᠯᠭ᠎ᠠ ᠪᠠ ᠬᠦᠨᠳᠦ ᠶᠡᠭᠡ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠥᠬᠡᠶ᠃ | 2. ᠪᠠᠶᠢᠪᠠᠰᠤ ᠵᠣᠬᠢᠬᠤ ᠨᠡᠶᠢᠭᠡᠮ ᠤᠨ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ | ᠬᠥᠳᠡᠭᠡ ᠲᠣᠰᠬᠤᠨ ᠤ ᠵᠢᠭᠤᠯᠴᠢᠯᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ | ᠢᠳᠡᠪᠬᠢᠲᠡᠶ ᠣᠷᠣᠯᠴᠠᠨ᠎ᠠ᠃ | 3. ᠰᠣᠶᠣᠯ ᠤᠨ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ | ᠬᠠᠮᠠᠭᠠᠯᠠᠬᠤ᠂ ᠡᠷᠡᠭᠦᠯ ᠬᠠᠮᠠᠭᠠᠯᠠᠯ᠂ ᠠᠶᠤᠯ ᠥᠬᠡᠶ ᠤᠶᠢᠯᠡᠳᠪᠤᠷᠢᠯᠡᠯ ᠵᠡᠷᠭᠡ ᠰᠠᠯᠠᠭ᠎ᠠ ᠮᠥᠴᠢᠷ ᠤᠨ ᠬᠢᠨᠠᠯᠲᠠ | ᠬᠠᠮᠢᠶᠠᠷᠤᠯᠲᠠ ᠶᠢ ᠳᠠᠭᠠᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠦᠨᠡᠮᠯᠡᠯ ᠢ ᠬᠦᠢᠴᠡᠳᠬᠡᠨ᠎ᠡ᠃ | 4. ᠠᠷᠠᠳ ᠤᠨ ᠣᠷᠣᠨ ᠰᠠᠭᠤᠴᠠ ᠨᠢ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠠᠷᠠᠳ ᠤᠨ ᠣᠷᠣᠨ ᠰᠠᠭᠤᠴᠠ ᠶᠢᠨ ᠠᠵᠤ ᠤᠶᠢᠯᠡᠰ ᠤᠨ ᠬᠥᠭᠵᠢᠯᠲᠡ ᠶᠢ ᠠᠬᠢᠭᠤᠯᠬᠤ ᠵᠢᠯᠣᠭᠤᠳᠬᠤ ᠰᠠᠨᠠᠯ︾ ᠪᠠ | ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠣᠷᠣᠨ ᠰᠠᠭᠤᠴᠠ ᠶᠢᠨ ᠬᠠᠮᠢᠶᠠᠷᠤᠯᠲᠠ ᠶᠢᠨ | ᠲᠦᠷ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ︵ᠭᠤᠷᠪᠠ︶ ᠳᠣᠣᠷ᠎ᠠ ᠵᠢᠭᠰᠠᠭᠠᠭᠰᠠᠨ ᠪᠠᠶᠢᠳᠠᠯ ᠳᠤ ᠵᠢᠭᠡᠯᠡᠯᠭᠡ ᠶᠢᠨ ᠳᠠᠮ ᠬᠦᠦ ᠥᠭᠬᠦ ᠦᠭᠡᠢ᠄ | 1.ᠰᠢᠨ᠎ᠡ ᠪᠠᠷ ᠪᠠᠶᠢᠭᠤᠯᠤᠭᠰᠠᠨ ᠲᠥᠷ ᠴᠠᠭ ᠤᠨ ᠴᠢᠨᠠᠷᠲᠠᠶ ᠪᠠᠷᠢᠯᠭ᠎ᠠ ᠪᠤᠶᠤ ᠲᠥᠷᠢᠮ ᠠᠴᠠ | ᠵᠥᠷᠢᠴᠡᠭᠰᠡᠨ ᠪᠠᠷᠢᠯᠭ᠎ᠠ᠃ | 2. ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠵᠥᠷᠢᠴᠡᠵᠦ᠂ ᠲᠠᠷᠢᠶᠠᠨ ᠭᠠᠵᠠᠷ᠂ | ᠣᠶᠢᠲᠤ ᠭᠠᠵᠠᠷ᠂ ᠨᠤᠲᠤᠭ ᠪᠡᠯᠴᠢᠭᠡᠷ ᠵᠡᠷᠭᠡ ᠶᠢ ᠬᠠᠤᠯᠢ ᠪᠤᠰᠤ ᠪᠠᠷ ᠡᠵᠡᠯᠡᠨ ᠬᠡᠷᠡᠭᠯᠡᠵᠦ ᠭᠠᠵᠠᠷ ᠰᠢᠷᠣᠶ ᠶᠢᠨ | ᠬᠡᠷᠡᠭᠯᠡᠯᠲᠡ ᠶᠢ ᠬᠤᠪᠢᠷᠠᠭᠤᠯᠤᠭᠰᠠᠨ ᠠᠵᠢᠯᠯᠠᠭ᠎ᠠ᠃ | ᠲᠦᠷᠪᠡ᠂ ᠳᠠᠭᠠᠯᠳᠤᠭᠤᠯᠤᠭᠰᠠᠨ ᠲᠦᠷᠢᠮ | ︵ᠨᠢᠭᠡ︶ ᠲᠣᠰ ᠠᠷᠭ᠎ᠠ ᠶᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠣᠶᠣᠯ ᠪᠠ | ᠵᠢᠭᠤᠯᠴᠢᠯᠠᠯ ᠤᠨ ᠲᠣᠪᠴᠢᠶ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠢᠯ ᠣᠯᠭᠤᠬᠤ | ᠤᠶᠢᠯᠡᠴᠢᠯᠡᠬᠡᠨ ᠤ ᠲᠥᠪ ᠠᠴᠠ ᠬᠠᠷᠢᠭᠤᠴᠠᠨ ᠲᠠᠶᠢᠯᠪᠤᠷᠢᠯᠠᠨ᠎ᠠ᠃ | ︵ᠬᠤᠶᠠᠷ︶ ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ | ᠬᠦᠴᠦᠨ ᠲᠠᠢ ᠬᠤᠭᠤᠴᠠᠭ᠎ᠠ ᠨᠢ 2 ᠵᠢᠯ ᠪᠣᠯᠤᠨ᠎ᠠ᠃ |