9 ᠰᠠᠷ᠎ᠠ ᠶᠢᠨ 9 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯ ᠤᠨᠲᠠᠷᠠᠭᠠᠬᠤ | ᠶᠡᠭᠡ ᠠᠩᠭᠢ ᠤᠷᠢᠯᠭ᠎ᠠ ᠪᠠᠷ ᠤᠯᠠᠭᠠᠨᠬᠠᠳᠠ ᠰᠤᠮᠤ ᠶᠢᠨ ᠡᠯ᠎ᠡ ᠠᠷᠠᠳ ᠤᠨ ᠣᠷᠣᠨ ᠰᠠᠭᠤᠴᠠ ᠶᠢᠨ ᠠᠵᠢᠯᠲᠠᠳ ᠲᠤ | ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠥᠷᠨᠢᠭᠦᠯᠪᠡ᠃ ᠰᠤᠮᠤᠨ ᠤ ᠭᠤᠤᠯ ᠤᠳᠤᠷᠢᠳᠤᠯᠭ᠎ᠠ᠂ ᠭᠠᠯ | ᠤᠨᠲᠠᠷᠠᠭᠠᠬᠤ ᠠᠮᠤᠷ ᠲᠦᠪᠰᠢᠨ ᠤ ᠵᠥᠪᠯᠡᠯ ᠵᠢᠴᠢ ᠲᠣᠰ ᠰᠤᠮᠤᠨ ᠤ ᠭᠠᠯ ᠤᠨᠲᠠᠷᠠᠭᠠᠬᠤ ᠠᠮᠤᠷ ᠲᠦᠪᠰᠢᠨ ᠤ | ᠪᠠᠶᠢᠴᠠᠭᠠᠨ ᠵᠢᠯᠣᠭᠤᠳᠬᠤ ᠪᠠᠶᠢᠭᠤᠯᠤᠮᠵᠢ ᠶᠢᠨ ᠪᠥᠬᠦ ᠭᠡᠰᠢᠭᠦᠨ᠂ ᠰᠤᠮᠤᠨ ᠤ ᠳᠣᠲᠣᠷᠠᠬᠢ ᠪᠥᠬᠦ ᠠᠷᠠᠳ ᠤᠨ | ᠪᠠᠶᠢᠷᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠨ᠎ᠠ᠃ | | ᠪᠣᠯᠪᠠᠰᠤᠷᠠᠯ ᠤᠨ ᠳᠤᠮᠳᠠ᠂ ᠶᠡᠭᠡ ᠠᠩᠭᠢ ᠶᠢᠨ ᠤᠬᠠᠭᠤᠯᠤᠭᠴᠢ ᠠᠷᠠᠳ ᠤᠨ ᠪᠠᠶᠢᠷᠢ ᠶᠢᠨ ᠭᠠᠯ ᠤᠨ | ᠭᠠᠮᠰᠢᠭ ᠤᠨ ᠠᠳᠡᠯ ᠤᠨ ᠣᠨᠴᠠᠯᠢᠭ ᠲᠠᠢ ᠤᠶᠠᠯᠳᠤᠭᠤᠯᠤᠨ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠡᠯ᠎ᠡ | ᠠᠷᠠᠳ ᠤᠨ ᠪᠠᠶᠢᠷᠢ ᠶᠢᠨ ᠠᠵᠢᠯᠲᠠᠳ ᠲᠤ ᠠᠷᠠᠳ ᠤᠨ ᠪᠠᠶᠢᠷᠢ ᠶᠢᠨ ᠭᠠᠯ ᠤᠨᠲᠠᠷᠠᠭᠠᠬᠤ ᠰᠠᠭᠤᠷᠢ ᠪᠡᠯᠡᠳᠬᠡᠮᠵᠢ ᠶᠢᠨ | ᠱᠠᠭᠠᠷᠳᠠᠯᠭ᠎ᠠ᠂ ᠭᠠᠯ ᠤᠨᠲᠠᠷᠠᠭᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ᠂ ᠡᠳᠦᠷ ᠲᠤᠲᠤᠮ ᠤᠨ ᠭᠠᠯ | ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ᠮᠡᠳᠡᠯᠭᠡ ᠶᠢ ᠨᠠᠷᠢᠨ ᠲᠠᠶᠢᠯᠪᠤᠷᠢᠯᠠᠵᠤ ᠥᠭᠬᠦ ᠶᠢᠨ ᠬᠠᠮᠲᠤ | ᠭᠠᠯ ᠤᠨ ᠭᠠᠮᠰᠢᠭ ᠤᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠪᠣᠯᠪᠠᠰᠤᠷᠠᠭᠤᠯᠤᠯ ᠳᠤ | ᠣᠷᠣᠯᠴᠠᠭᠰᠠᠳ ᠲᠤ ᠭᠠᠯ ᠤᠨ ᠭᠠᠮᠰᠢᠭ ᠢ ᠰᠡᠷᠭᠡᠶᠢᠯᠡᠬᠦ ᠰᠡᠷᠡᠮᠵᠢ ᠶᠢᠨ ᠳᠣᠬᠢᠶ᠎ᠠ ᠶᠢ ᠳᠤᠤᠭᠠᠷᠭᠠᠵᠤ᠂ | ᠪᠣᠯᠪᠠᠰᠤᠷᠠᠭᠤᠯᠤᠯ ᠳᠤ ᠣᠷᠣᠯᠴᠠᠭᠰᠠᠳ ᠲᠤ ᠠᠳᠡᠯ ᠤᠨ ᠰᠤᠷᠭᠠᠮᠵᠢ ᠬᠦᠷᠲᠡᠭᠡᠪᠡ᠃ ᠬᠠᠮᠤᠭ ᠰᠡᠭᠦᠯ ᠳᠤᠨᠢ ᠶᠡᠭᠡ | ᠠᠩᠭᠢ ᠶᠢᠨ ᠤᠬᠠᠭᠤᠯᠤᠨ ᠬᠥᠮᠦᠵᠢᠭᠦᠯᠦᠭᠴᠢ ᠠᠴᠠ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠳᠤ | ᠵᠢᠭᠠᠨ ᠰᠤᠷᠭᠠᠯᠲᠠ ᠬᠢᠵᠦ᠂ ᠪᠣᠯᠪᠠᠰᠤᠷᠠᠯ ᠳᠤ ᠣᠷᠣᠯᠴᠠᠭᠰᠠᠳ ᠲᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ | ᠡᠵᠡᠮᠰᠢᠭᠦᠯᠵᠦ᠂ ᠠᠩᠬᠠᠨ ᠤ ᠦᠶ᠎ᠡ ᠶᠢᠨ ᠭᠠᠯ ᠤᠨ ᠭᠠᠮᠰᠢᠭ ᠤᠨ ᠠᠳᠡᠯ ᠢ ᠰᠢᠢᠳᠪᠦᠷᠢᠯᠡᠬᠦ ᠴᠢᠳᠠᠪᠤᠷᠢ ᠶᠢ ᠨᠢ | ᠳᠡᠭᠡᠭᠰᠢᠯᠡᠭᠦᠯᠬᠦ ᠬᠡᠷᠡᠭᠲᠡᠶ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠠᠷᠠᠳ ᠤᠨ ᠪᠠᠶᠢᠷᠢ ᠶᠢᠨ ᠠᠵᠢᠯᠲᠠᠳ᠄ ︽ | ᠡᠨᠡ ᠤᠳᠠᠭᠠᠨ ᠤ ᠪᠣᠯᠪᠠᠰᠤᠷᠠᠯ ᠨᠢ ᠴᠠᠭ ᠲᠠᠭᠠᠨ ᠮᠠᠰᠢ ᠳᠣᠭᠢᠷᠠᠵᠤ᠂ ᠮᠠᠰᠢ ᠤᠳᠬ᠎ᠠ ᠠᠭᠤᠯᠭ᠎ᠠ ᠲᠠᠢ᠂ ᠮᠠᠰᠢ ᠭᠦᠨ | ᠲᠥᠷᠥᠭᠳᠡᠯ ᠲᠠᠢ ᠪᠣᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠤᠬᠠᠶ ᠲᠠᠨᠢᠯᠲᠠ ᠨᠢ ᠴᠦ ᠮᠠᠰᠢ ᠶᠡᠭᠡ | ᠳᠡᠭᠡᠭᠰᠢᠯᠡᠯᠲᠡ ᠲᠠᠢ ᠪᠣᠯᠵᠤ᠂ ᠦᠷᠭᠦᠯᠵᠢ ᠬᠠᠷᠠᠭᠳᠠᠳᠠᠭ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ | ᠠᠷᠭ᠎ᠠ ᠶᠢ ᠡᠵᠡᠮᠰᠢᠵᠦ᠂ ᠥᠪᠡᠷ ᠤᠨ ᠪᠡᠶ᠎ᠡ ᠳᠡᠭᠡᠨ ᠭᠦᠨ ᠲᠠᠨᠢᠯᠲᠠ ᠲᠠᠢ ᠪᠣᠯᠵᠠᠶ᠂ ᠡᠨᠡ ᠨᠢ ᠮᠠᠨ ᠤ ᠠᠮᠢ ᠨᠠᠰᠤ ᠪᠠ | ᠡᠳ᠋ ᠬᠥᠷᠥᠩᠭᠡ ᠶᠢᠨ ᠠᠮᠤᠷ ᠲᠦᠪᠰᠢᠨ ᠲᠠᠢ ᠨᠢᠭᠲᠠ ᠬᠤᠯᠪᠣᠭ᠎ᠠ ᠲᠠᠢ ᠪᠣᠯᠬᠤᠷ ᠮᠠᠰᠢ ᠬᠡᠷᠡᠭᠴᠡᠭᠡ ᠲᠠᠢ ᠶᠤᠮ︾ | ᠭᠡᠵᠦ ᠢᠯᠡᠷᠬᠡᠶᠢᠯᠡᠵᠡᠶ᠃ | | ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠨ ᠪᠥᠬᠦ ᠬᠥᠮᠦᠰ ᠬᠠᠮᠲᠤ ᠪᠠᠷ ᠤᠯᠠᠭᠠᠨᠬᠠᠳᠠ ᠶᠢᠨ | ᠵᠠᠰᠠᠭ ᠤᠨ ᠣᠷᠳᠣᠨ ᠤ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠪᠥᠲᠥᠭᠡᠨ ᠪᠠᠶᠢᠭᠤᠯᠤᠯᠲᠠ ᠶᠢᠨ | ᠪᠠᠶᠢᠳᠠᠯ ᠢ ᠰᠢᠨᠵᠢᠯᠡᠨ ᠪᠠᠶᠢᠴᠠᠭᠠᠵᠤ᠂ ᠬᠠᠮᠢᠶ᠎ᠠ ᠪᠥᠬᠦᠶ ᠬᠥᠮᠦᠰ ︽ᠨᠢᠭᠡ ᠠᠩᠭᠢ ᠨᠢᠭᠡ ᠲᠥᠪ︾ ᠢ ᠫᠠᠶᠢᠰᠠ ᠡᠯᠭᠦᠨ | ᠪᠠᠶᠢᠭᠤᠯᠬᠤ᠂ ᠠᠵᠢᠯᠲᠠᠨ ᠤ ᠲᠣᠬᠢᠷᠠᠭᠤᠯᠤᠯᠲᠠ᠂ ᠵᠠᠷᠤᠳᠠᠯ ᠤᠨ ᠲᠥᠰᠦᠪ ᠵᠡᠷᠭᠡ ᠳᠤ ᠲᠠᠶᠢᠯᠤᠮᠵᠢ ᠬᠢᠵᠦ᠂ | ᠠᠵᠢᠯ ᠤᠨ ᠲᠥᠰᠦᠯ᠂ ᠠᠬᠢᠭᠤᠯᠬᠤ ᠲᠥᠯᠥᠪᠯᠡᠭᠡ ᠵᠡᠷᠭᠡ ᠡᠬᠡ ᠲᠠᠩᠰᠠ ᠶᠢᠨ ᠮᠠᠲ᠋ᠧᠷᠢᠶᠠᠯ ᠢ ᠳᠡᠯᠭᠡᠨ ᠦᠵᠡᠭᠦᠯᠵᠦ᠂ | ᠵᠢᠯ ᠤᠨ ᠡᠴᠦᠰ ᠠᠴᠠ ᠡᠮᠦᠨ᠎ᠡ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠦᠨᠡᠨ ᠬᠦ | ᠪᠠᠲᠤᠯᠠᠪᠠ᠃ | | ᠳᠠᠷᠠᠭ᠎ᠠ ᠳᠤᠨᠢ᠂ ᠪᠦᠬᠦ ᠬᠥᠮᠦᠰ ᠬᠠᠷᠢᠶᠠᠨ ᠤ ᠲᠣᠭᠤᠷᠢᠭ ᠲᠠᠬᠢ ᠠᠷᠠᠳ ᠤᠨ ᠣᠷᠣᠨ ᠰᠠᠭᠤᠴᠠ ᠶᠢᠨ | ᠭᠠᠯ ᠤᠨᠲᠠᠷᠠᠭᠠᠬᠤ ᠠᠮᠤᠷ ᠲᠦᠪᠰᠢᠨ ᠢ ᠪᠠᠶᠢᠴᠠᠭᠠᠵᠤ᠂ ᠰᠢᠶᠠᠩ ᠪᠠᠯᠭᠠᠰᠤᠨ ᠤ ︽ᠭᠠᠯ ᠤᠨᠲᠠᠷᠠᠭᠠᠬᠤ ᠠᠮᠤᠷ | ᠲᠦᠪᠰᠢᠨ ᠤ ᠮᠡᠷᠭᠡᠨ ᠬᠥᠮᠦᠨ︾ ᠪᠣᠯᠤᠨ ᠠᠷᠠᠳ ᠤᠨ ᠣᠷᠣᠨ ᠰᠠᠭᠤᠴᠠ ᠶᠢᠨ ︽ᠭᠠᠯ ᠤᠨᠲᠠᠷᠠᠭᠠᠬᠤ ᠠᠮᠤᠷ | ᠲᠦᠪᠰᠢᠨ ᠤ ᠲᠤᠮᠤ ᠬᠠᠮᠢᠶᠠᠷᠤᠭᠴᠢ︾ ᠶᠢ ᠬᠥᠮᠦᠵᠢᠭᠦᠯᠵᠡᠢ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ | ᠠᠵᠢᠯᠲᠠᠨ ᠤ ᠠᠷᠠᠳ ᠤᠨ ᠪᠠᠶᠢᠷᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠰᠢᠲᠠᠮᠠᠬᠠᠶ ᠬᠡᠶ ᠶᠢᠨ ᠬᠡᠷᠡᠭᠯᠡᠯᠲᠡ ᠨᠢ ᠵᠢᠷᠤᠮᠵᠢᠯ ᠳᠤ | ᠨᠡᠶᠢᠴᠡᠬᠦ ᠡᠰᠡᠬᠦ᠂ ᠲᠠᠷᠬᠠᠭᠠᠬᠤ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠭᠰᠠᠨ ᠡᠰᠡᠬᠦ᠂ ᠪᠠᠴᠢᠮ ᠪᠠᠶᠢᠳᠠᠯ ᠢ | ᠠᠷᠭᠠᠴᠠᠬᠤ ᠭᠡᠷᠡᠯᠲᠦᠭᠦᠯᠭᠡ ᠶᠢᠨ ᠲᠥᠬᠦᠭᠡᠷᠦᠮᠵᠢ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠵᠡᠷᠭᠡ | ᠲᠣᠬᠢᠷᠠᠭᠤᠯᠤᠯᠲᠠ ᠨᠢ ᠵᠢᠷᠤᠮᠵᠢᠯ ᠳᠤ ᠨᠡᠶᠢᠴᠡᠬᠦ ᠡᠰᠡᠬᠦ ᠵᠡᠷᠭᠡ ᠪᠠᠶᠢᠳᠠᠯ ᠳᠤ ᠶᠡᠭᠡ ᠠᠩᠭᠢ ᠶᠢᠨ ᠬᠢᠨᠠᠯᠲᠠ ᠲᠠᠯᠪᠢᠵᠤ᠂ | ᠨᠢᠭᠡᠳ ᠨᠢᠭᠡ ᠪᠠᠷ ᠵᠢᠯᠣᠭᠤᠳᠤᠨ ᠪᠠᠶᠢᠴᠠᠭᠠᠨ᠎ᠠ᠃ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠳᠤ | ᠴᠢᠭᠯᠡᠭᠦᠯᠦᠨ᠂ ᠪᠠᠶᠢᠴᠠᠭᠠᠬᠤ ᠠᠵᠢᠯᠲᠠᠨ ᠲᠤᠬᠠᠶ ᠶᠢᠨ ᠲᠠᠯᠠᠪᠤᠷ ᠲᠤ ᠬᠠᠷᠢᠭᠤᠴᠠᠯᠭᠠᠲᠠᠨ ᠤ ᠴᠡᠭᠴᠡᠯᠡᠨ ᠥᠭᠡᠷᠡᠴᠢᠯᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠨᠢᠭᠡᠳ ᠨᠢᠭᠡ ᠪᠠᠷ ᠵᠢᠭᠠᠨ ᠵᠢᠯᠣᠭᠤᠳᠬᠤ ᠶᠢᠨ ᠬᠠᠮᠲᠤ | ᠬᠠᠷᠢᠭᠤᠴᠠᠯᠭᠠᠲᠠᠨ ᠢ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ | ᠪᠣᠯᠪᠠᠰᠤᠷᠠᠭᠤᠯᠤᠯ ᠤᠨ ᠠᠵᠢᠯ ᠢ ᠨᠠᠶᠢᠳᠠᠪᠤᠷᠢᠵᠢᠭᠤᠯᠵᠤ᠂ ᠲᠣᠰ ᠲᠠᠯᠠᠪᠤᠷ ᠭᠠᠵᠠᠷ ᠤᠨ ᠭᠠᠯ ᠤᠨ ᠭᠠᠮᠰᠢᠭ ᠢ | ᠡᠰᠡᠷᠭᠦᠴᠡᠬᠦ ᠪᠦᠬᠦᠯᠢ ᠴᠣᠭᠴᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠡᠭᠦᠨ ᠤ ᠬᠠᠮᠲᠤ ᠲᠤᠬᠠᠶ ᠶᠢᠨ ᠭᠠᠵᠠᠷ ᠲᠤᠨᠢ ᠵᠢᠭᠠᠨ ᠵᠢᠯᠣᠭᠤᠳᠬᠤ ᠪᠣᠯᠪᠠᠰᠤᠷᠠᠭᠤᠯᠤᠯ ᠢ ᠥᠷᠨᠢᠭᠦᠯᠵᠦ᠂ ᠭᠠᠯ ᠤᠨ | ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠭᠠᠯ ᠤᠨᠲᠠᠷᠠᠭᠠᠬᠤ ᠤᠬᠠᠭᠤᠯᠭ᠎ᠠ ᠶᠢᠨ ᠪᠣᠯᠪᠠᠰᠤᠷᠠᠭᠤᠯᠤᠯ | ᠵᠡᠷᠭᠡ ᠠᠵᠢᠯ ᠢ ᠬᠡᠷᠬᠢᠨ ᠥᠷᠨᠢᠭᠦᠯᠬᠦ ᠲᠠᠯ᠎ᠠ ᠪᠠᠷ ︽ᠭᠠᠷᠲᠠᠨ ᠬᠢᠬᠦ︾ ᠵᠢᠭᠠᠨ ᠰᠤᠷᠭᠠᠯᠲᠠ ᠬᠢᠬᠦ ᠬᠡᠷᠡᠭᠲᠡᠶ᠃ | | ᠤᠯᠠᠭᠠᠨᠬᠠᠳᠠ ᠰᠤᠮᠤ ︽ᠨᠢᠭᠡ ᠠᠩᠭᠢ ᠨᠢᠭᠡ ᠲᠥᠪ︾ ᠤᠨ ᠵᠢᠩᠬᠢᠨᠢᠴᠢᠯᠡᠬᠦ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠨ ᠠᠬᠢᠭᠤᠯᠵᠤ᠂ ᠭᠠᠯ ᠤᠨᠲᠠᠷᠠᠭᠠᠬᠤ ᠪᠠᠶᠢᠴᠠᠭᠠᠯᠲᠠ ᠶᠢᠨ ᠤᠬᠠᠭᠤᠯᠭ᠎ᠠ ᠵᠡᠷᠭᠡ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠠᠵᠢᠯ ᠤᠨ ᠬᠢᠷᠢ ᠲᠦᠪᠰᠢᠨ ᠢᠶᠠᠨ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ | ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠬᠠᠷᠢᠶᠠᠲᠤ ᠣᠷᠣᠨ ᠤ ᠳᠣᠲᠣᠷᠠᠬᠢ ᠭᠠᠯ ᠤᠨᠲᠠᠷᠠᠭᠠᠬᠤ ᠠᠮᠤᠷ | ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠪᠠᠷ ᠪᠠᠶᠢᠨ᠎ᠠ᠃ |