ᠬᠠᠮᠲᠤ ᠪᠠᠷ ᠡᠳ᠋ᠯᠡᠬᠦ ᠴᠠᠬᠢᠯᠭᠠᠨ ᠴᠡᠨᠡᠭᠯᠡᠬᠦ ᠡᠷᠳᠡᠨᠢ ᠶᠢᠨ ᠦᠨ᠎ᠡ ᠦᠷᠭᠦᠯᠵᠢᠯᠡᠨ ᠥᠰᠬᠦ ᠳᠤ ᠪᠡᠷᠬᠡ
ᠨᠡᠶᠢᠲᠡᠯᠡᠭᠰᠡᠨ ᠴᠠᠭ᠄
2022/9/19
         ᠣᠶᠢᠷ᠎ᠠ ᠳᠤ᠂ ᠬᠡᠰᠡᠭ ᠬᠠᠮᠲᠤ ᠪᠠᠷ ᠡᠳ᠋ᠯᠡᠬᠦ ᠴᠠᠬᠢᠯᠭᠠᠨ ᠴᠡᠨᠡᠭᠯᠡᠬᠦ ᠡᠷᠳᠡᠨᠢ ᠶᠢᠨ ᠲᠦᠷᠢᠶᠡᠰᠦᠨ ᠤ ᠦᠨ᠎ᠡ ᠨᠢ 5 ᠲᠥᠭᠦᠷᠢᠭ \ ᠴᠠᠭ ᠲᠤ ᠬᠦᠷᠴᠦ᠂ ᠵᠠᠷᠢᠮ ᠨᠢ ᠨᠠᠩ ᠥᠨᠳᠥᠷ ᠦᠨ᠎ᠡ ᠲᠠᠢ ᠪᠣᠯᠵᠣ᠂ ᠬᠡᠷᠡᠭᠯᠡᠭᠴᠢᠳ ᠤᠨ ᠬᠠᠯᠠᠭᠤᠨ ᠶᠠᠷᠢᠯᠴᠠᠭ᠎ᠠ ᠶᠢ ᠡᠭᠦᠰᠭᠡᠪᠡ᠃          ᠬᠠᠮᠲᠤ ᠪᠠᠷ ᠡᠳ᠋ᠯᠡᠬᠦ ᠴᠠᠬᠢᠯᠭᠠᠨ ᠴᠡᠨᠡᠭᠯᠡᠬᠦ ᠡᠷᠳᠡᠨᠢ ᠶᠢᠨ ᠠᠵᠤ ᠠᠬᠤᠶᠢᠯᠠᠯ ᠤᠨ ᠬᠥᠭᠵᠢᠯᠲᠡ ᠳᠤ ᠪᠣᠭᠤᠮᠢ ᠲᠤᠯᠭᠠᠷᠠᠵᠤ ᠪᠠᠶᠢᠭ᠎ᠠ ᠨᠢ ᠪᠤᠰᠤᠳᠴᠢ ᠪᠣᠳᠠᠲᠤ ᠬᠡᠷᠡᠭ ᠪᠣᠯᠤᠨ᠎ᠠ᠃ ᠵᠠᠬ᠎ᠠ ᠳᠡᠯᠭᠡᠭᠦᠷ ᠤᠨ ᠨᠡᠭᠡᠭᠡᠯᠲᠡ ᠶᠢᠨ ᠬᠤᠭᠤᠴᠠᠭᠠᠨ ᠳᠤ᠂ ᠠᠵᠤ ᠠᠬᠤᠶᠢᠯᠠᠯ ᠤᠳ ᠦᠨ᠎ᠡ ᠬᠠᠩᠰᠢ ᠶᠢᠨ ᠨᠥᠬᠦᠪᠥᠷᠢ ᠶᠢᠨ ᠲᠡᠶᠢᠨ ᠳᠤ ᠶᠡᠭᠡ ᠬᠡᠮᠵᠢᠶᠡᠨ ᠤ ᠪᠠᠯᠠ ᠮᠥᠩᠭᠦ ᠣᠷᠣᠭᠤᠯᠵᠤ᠂ ︽ᠪᠡᠯᠡ ᠪᠠᠨ ᠠᠯᠳᠠᠵᠤ ᠪᠠᠷᠬᠢᠷᠠᠬᠤ︾ ᠱᠠᠲᠤ ᠦᠶ᠎ᠡ ᠶᠢ ᠥᠩᠭᠡᠷᠡᠭᠡᠬᠦ ᠠᠴᠠ ᠡᠮᠦᠨ᠎ᠡ ᠪᠠᠰᠠ ᠬᠢᠵᠢᠭ ᠤᠨ ᠨᠥᠯᠥᠭᠡ ᠶᠢ ᠭᠥᠷᠳᠡᠵᠦ᠂ ᠬᠠᠮᠲᠤ ᠪᠠᠷ ᠡᠳ᠋ᠯᠡᠬᠦ ᠴᠠᠬᠢᠯᠭᠠᠨ ᠴᠡᠨᠡᠭᠯᠡᠬᠦ ᠡᠷᠳᠡᠨᠢ ᠶᠢᠨ ᠲᠦᠰᠢᠭᠯᠡᠨ ᠠᠮᠢᠳᠤᠷᠠᠵᠤ ᠪᠠᠶᠢᠭ᠎ᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡᠨ ᠤ ᠪᠠᠶᠢᠳᠠᠯ ᠬᠢᠵᠠᠭᠠᠷᠯᠠᠭᠳᠠᠵᠤ᠂ ᠬᠡᠷᠡᠭᠯᠡᠭᠡᠨ ᠤ ᠨᠣᠷᠮ᠎ᠠ ᠪᠠᠭᠤᠷᠠᠵᠤ᠂ ᠡᠵᠡᠩᠨᠡᠯᠲᠡ ᠶᠢᠨ ᠣᠷᠣᠯᠭ᠎ᠠ ᠦᠷᠭᠦᠯᠵᠢᠯᠡᠨ ᠪᠠᠭᠤᠷᠠᠵᠤ ᠪᠠᠶᠢᠨ᠎ᠠ᠃ ᠳᠠᠪᠬᠤᠷ ᠳᠠᠪᠬᠤᠷ ᠬᠦᠴᠢᠷᠳᠡᠯ ᠤᠨ ᠳᠤᠮᠳᠠ᠂ ᠬᠠᠮᠲᠤᠪᠠᠷ ᠡᠳ᠋ᠯᠡᠬᠦ ᠴᠠᠬᠢᠯᠭᠠᠨ ᠴᠡᠨᠡᠭᠯᠡᠬᠦ ᠡᠷᠳᠡᠨᠢ ᠶᠢᠨ ᠠᠵᠤ ᠠᠬᠤᠶᠢᠯᠠᠯ ᠦᠨ᠎ᠡ ᠪᠠᠨ ᠥᠰᠬᠡᠬᠦ ᠳᠤ ᠲᠦᠰᠢᠭᠯᠡᠨ ᠡᠵᠡᠩᠨᠡᠯᠲᠡ ᠶᠢᠨ ᠪᠠᠶᠢᠳᠠᠯ ᠢᠶᠠᠨ ᠰᠠᠶᠢᠵᠢᠷᠠᠭᠤᠯᠬᠤ ᠬᠠᠭᠤᠴᠢᠨ ᠵᠠᠮ ᠢᠶᠠᠷ ᠵᠠᠮᠨᠠᠪᠠ᠃          ᠣᠶᠢᠷ᠎ᠠ ᠶᠢᠨ ᠵᠢᠯ ᠳᠤ᠂ ᠬᠠᠮᠲᠤ ᠪᠠᠷ ᠡᠳ᠋ᠯᠡᠬᠦ ᠴᠠᠬᠢᠯᠭᠠᠨ ᠴᠡᠨᠡᠭᠯᠡᠬᠦ ᠡᠷᠳᠡᠨᠢ ᠨᠢᠭᠡᠨᠲᠡ ᠬᠡᠳᠦᠨ ᠡᠭᠡᠯᠵᠢ ᠶᠢᠨ ᠦᠨ᠎ᠡ ᠶᠢᠨ ᠥᠰᠥᠯᠲᠡ ᠶᠢ ᠥᠩᠭᠡᠷᠡᠭᠡᠭᠰᠡᠨ ᠪᠠᠶᠢᠨ᠎ᠠ᠃ ᠠᠵᠤ ᠠᠬᠤᠶᠢᠯᠠᠯ ᠤᠨ ᠬᠥᠭᠵᠢᠯᠲᠡ ᠠᠴᠠ ᠦᠵᠡᠪᠡᠯ᠂ ᠬᠠᠯᠲᠤᠰᠬᠢᠪᠡᠯ ᠦᠨ᠎ᠡ ᠬᠠᠩᠰᠢ ᠶᠢ ᠥᠰᠬᠡᠬᠦ ᠨᠢ ᠵᠠᠬ᠎ᠠ ᠳᠡᠯᠭᠡᠭᠦᠷ ᠢ ᠥᠷᠭᠡᠳᠬᠡᠬᠦ ᠳᠤ ᠠᠰᠢᠭ ᠦᠭᠡᠢ ᠶᠤᠮ᠃ ᠬᠡᠷᠡᠭᠯᠡᠭᠴᠢᠳ ᠤᠨ ᠲᠠᠯ᠎ᠠ ᠠᠴᠠ ᠦᠵᠡᠪᠡᠯ᠂ ᠬᠥᠮᠦᠰ ᠬᠠᠮᠲᠤ ᠪᠠᠷ ᠡᠳ᠋ᠯᠡᠬᠦ ᠦᠢᠯᠡᠳᠬᠦᠨ ᠤ ᠲᠥᠯᠥᠭᠡ ᠰᠦᠢᠳᠬᠡᠯ ᠲᠤᠰᠢᠶᠠᠬᠤ ᠳᠤᠷᠠᠲᠠᠶ ᠪᠠᠶᠢᠳᠠᠭ ᠤᠨ ᠤᠴᠢᠷ ᠨᠢ ᠳᠥᠭᠦᠮ ᠳᠥᠲᠡ ᠠᠴᠠ ᠭᠠᠳᠠᠨ᠎ᠠ ᠪᠠᠰᠠ ᠲᠡᠭᠦᠨ ᠤ ᠠᠵᠤ ᠠᠬᠤᠶ ᠶᠢᠨ ᠠᠰᠢᠭ ᠲᠤᠰᠠ ᠶᠢ ᠴᠢᠬᠤᠯᠠᠴᠢᠯᠠᠨ ᠦᠵᠡᠳᠡᠭ᠃ ᠥᠩᠭᠡᠷᠡᠭᠰᠡᠨ ᠳᠤ᠂ ᠬᠠᠮᠲᠤ ᠪᠠᠷ ᠡᠳ᠋ᠯᠡᠬᠦ ᠴᠠᠬᠢᠯᠭᠠᠨ ᠴᠡᠨᠡᠭᠯᠡᠬᠦ ᠡᠷᠳᠡᠨᠢ ᠨᠢ ᠴᠠᠭ ᠪᠦᠷᠢ ᠳᠤ 1 ᠲᠥᠭᠦᠷᠢᠭ ᠪᠠᠶᠢᠭᠰᠠᠨ ᠠᠴᠠ ᠪᠠᠨ 2 ᠲᠥᠭᠦᠷᠢᠭ ᠪᠣᠯᠤᠨ ᠨᠡᠮᠡᠭᠳᠡᠵᠦ᠂ ᠴᠢᠨᠠᠭᠰᠢᠯᠠᠪᠠᠯ 3 ᠲᠥᠭᠦᠷᠢᠭ ᠪᠣᠯᠬᠤ ᠦᠶ᠎ᠡ ᠳᠤ ᠮᠠᠰᠢ ᠣᠯᠠᠨ ᠬᠡᠷᠡᠭᠯᠡᠭᠴᠢᠳ ᠮᠥᠨ ᠬᠦ ᠳᠥᠭᠦᠮ ᠳᠥᠲᠡ ᠶᠢᠨ ᠲᠥᠯᠥᠭᠡ ᠵᠣᠭᠤᠰ ᠢᠶᠠᠨ ᠲᠤᠰᠢᠶᠠᠬᠤ ᠳᠤᠷᠠᠲᠠᠶ ᠪᠠᠶᠢᠪᠠ᠃ ᠭᠡᠪᠡᠴᠦ ᠦᠨ᠎ᠡ ᠬᠠᠩᠰᠢ ᠨᠢ ᠣᠯᠠᠩᠬᠢ ᠬᠡᠷᠡᠭᠯᠡᠭᠴᠢᠳ ᠤᠨ ᠵᠢᠱᠢᠭᠰᠡᠨ ᠠᠴᠠ ᠬᠡᠲᠦᠷᠡᠭᠰᠡᠨ ᠦᠶ᠎ᠡ ᠳᠤ᠂ ᠦᠢᠯᠡᠳᠬᠦᠨ ᠨᠢ ᠬᠠᠶᠠᠭᠳᠠᠬᠤ ᠪᠤᠶᠤ ᠬᠠᠶᠠᠭᠳᠠᠬᠤ ᠬᠤᠪᠢ ᠵᠠᠶᠠᠭ᠎ᠠ ᠠᠴᠠ ᠮᠤᠯᠲᠤᠷᠠᠬᠤᠶ᠎ᠠ ᠪᠡᠷᠬᠡ ᠶᠤᠮ᠃          ᠦᠨ᠎ᠡ ᠬᠠᠩᠰᠢ ᠨᠡᠶᠢᠳᠡᠮ ᠥᠰᠦᠭᠰᠡᠨ ᠪᠣᠯᠪᠠᠴᠤ ᠦᠢᠯᠡᠳᠬᠦᠨ ᠤ ᠶᠠᠰᠤ ᠴᠢᠨᠠᠷ ᠪᠣᠯᠤᠨ ᠦᠢᠯᠡᠴᠢᠯᠡᠭᠡ ᠬᠠᠷᠢᠨ ᠳᠠᠭᠠᠵᠤ ᠠᠮᠵᠢᠭᠰᠠᠨ ᠦᠭᠡᠶ ᠨᠢ ᠬᠡᠷᠡᠭᠯᠡᠭᠴᠢᠳ ᠬᠠᠮᠲᠤ ᠪᠠᠷ ᠡᠳ᠋ᠯᠡᠬᠦ ᠴᠠᠬᠢᠯᠭᠠᠨ ᠴᠡᠨᠡᠭᠯᠡᠬᠦ ᠡᠷᠳᠡᠨᠢ ᠶᠢᠨ ᠦᠨ᠎ᠡ ᠬᠠᠩᠰᠢ ᠬᠡᠳᠦ ᠲᠦᠷᠭᠡᠨ ᠥᠰᠦᠭᠰᠡᠨ ᠳᠤ ᠬᠠᠨᠤᠮᠵᠢ ᠦᠭᠡᠶ ᠪᠠᠶᠢᠭ᠎ᠠ ᠶᠢᠨ ᠰᠢᠯᠲᠠᠭᠠᠨ ᠪᠣᠯᠤᠨ᠎ᠠ᠃ ᠬᠡᠷᠡᠭᠯᠡᠭᠴᠢᠳ ᠤᠨ ᠬᠠᠷᠢᠭᠤ ᠲᠤᠰᠬᠠᠯ ᠠᠴᠠ ᠦᠵᠡᠪᠡᠯ᠂ ᠣᠳᠣᠬᠠᠨ ᠳᠤ ᠮᠠᠰᠢ ᠣᠯᠠᠨ ᠬᠠᠮᠲᠤ ᠪᠠᠷ ᠡᠳ᠋ᠯᠡᠬᠦ ᠴᠠᠬᠢᠯᠭᠠᠨ ᠴᠡᠨᠡᠭᠯᠡᠬᠦ ᠡᠷᠳᠡᠨᠢ ᠶᠢ ᠪᠤᠴᠠᠭᠠᠬᠤ ᠳᠤ ᠳᠥᠭᠦᠮ ᠦᠭᠡᠢ᠂ ᠴᠠᠬᠢᠯᠭᠠᠨ ᠴᠡᠨᠡᠭᠯᠡᠬᠦ ᠬᠤᠷᠳᠤᠴᠠ ᠤᠳᠠᠭᠠᠨ᠂ ᠳ᠋ᠢᠶᠠᠨ ᡂᠢ ᠶᠢᠨ ᠴᠠᠬᠢᠯᠭᠠᠨ ᠬᠡᠮᠵᠢᠶ᠎ᠡ ᠳᠣᠣᠷ᠎ᠠ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠵᠣᠭᠤᠰ ᠢᠶᠠᠨ ᠵᠠᠷᠤᠭᠠᠳ ᠲᠡᠭᠦᠨ ᠲᠠᠢ ᠲᠣᠬᠢᠷᠠᠯᠴᠠᠭᠰᠠᠨ ᠪᠡᠶ᠎ᠡ ᠪᠠᠷ ᠢᠶᠠᠨ ᠣᠶᠢᠯᠠᠭᠠᠬᠤ ᠦᠢᠯᠡᠴᠢᠯᠡᠭᠡ ᠶᠢ ᠬᠤᠳᠠᠯᠳᠤᠨ ᠠᠪᠴᠤ ᠴᠢᠳᠠᠬᠤ ᠦᠭᠡᠶ ᠪᠣᠯᠬᠤᠷ ᠬᠡᠷᠡᠭᠯᠡᠭᠴᠢᠳ ᠢ ᠦᠯᠡᠳᠡᠭᠡᠨ ᠠᠪᠴᠤ ᠴᠢᠳᠠᠬᠤ ᠦᠭᠡᠶ ᠨᠢ ᠮᠡᠳᠡᠭᠡᠵᠢ ᠶᠢᠨ ᠬᠡᠷᠡᠭ᠃          ᠬᠠᠮᠲᠤ ᠪᠠᠷ ᠡᠳ᠋ᠯᠡᠬᠦ ᠴᠠᠬᠢᠯᠭᠠᠨ ᠴᠡᠨᠡᠭᠯᠡᠬᠦ ᠡᠷᠳᠡᠨᠢ ᠶᠢᠨ ᠲᠣᠰ ᠪᠡᠶ᠎ᠡ ᠨᠢ ᠣᠷᠣᠯᠠᠭᠤᠯᠵᠤ ᠪᠣᠯᠤᠰᠢ ᠥᠬᠡᠶ ᠴᠢᠨᠠᠷ ᠪᠠᠶᠢᠬᠤ ᠥᠬᠡᠶ᠂ ᠪᠠᠰᠠ ᠬᠡᠷᠡᠭᠯᠡᠬᠦ ᠦᠵᠡᠭᠳᠡᠯ ᠪᠠ ᠴᠡᠭ ᠪᠠᠶᠢᠷᠢ ᠶᠢᠨ ᠪᠠᠶᠢᠷᠢᠯᠠᠭᠤᠯᠤᠯᠲᠠ ᠶᠢᠨ ᠬᠢᠵᠠᠭᠠᠷᠯᠠᠯ ᠠᠴᠠ ᠪᠣᠯᠵᠣ᠂ ᠶᠡᠭᠡ ᠬᠡᠪᠴᠢᠶ᠎ᠡ ᠪᠠᠷ ᠲᠦᠭᠡᠮᠡᠯᠵᠢᠭᠦᠯᠬᠦ ᠳᠤ ᠮᠠᠰᠢ ᠬᠦᠴᠢᠷᠲᠡᠶ ᠪᠠᠶᠢᠳᠠᠭ᠃ ᠥᠩᠭᠡᠷᠡᠭᠰᠡᠨ ᠬᠡᠳᠦᠨ ᠵᠢᠯ ᠳᠤ᠂ ᠴᠠᠬᠢᠯᠭᠠᠨ ᠴᠡᠨᠡᠭᠯᠡᠬᠦ ᠡᠷᠳᠡᠨᠢ ᠶᠢ ᠬᠠᠮᠲᠤᠪᠠᠷ ᠡᠳ᠋ᠯᠡᠬᠦ ᠠᠵᠤ ᠠᠬᠤᠶᠢᠯᠠᠯ ᠵᠣᠭᠤᠰ ᠰᠢᠲᠠᠭᠠᠵᠤ ᠬᠡᠷᠡᠭᠯᠡᠭᠴᠢᠳ ᠲᠤ ᠠᠰᠢᠭ ᠬᠦᠷᠲᠡᠭᠡᠵᠦ᠂ ᠬᠡᠰᠡᠭ ᠬᠡᠷᠡᠭᠯᠡᠭᠴᠢᠳ ᠢ ᠬᠡᠷᠡᠭᠯᠡᠭᠡᠨ ᠤ ᠳᠠᠳᠬᠠᠯ ᠲᠠᠢ ᠪᠣᠯᠭᠠᠵᠠᠢ᠃ ᠣᠳᠣᠬᠠᠨ ᠳᠤ ᠬᠠᠮᠲᠤ ᠪᠠᠷ ᠡᠳ᠋ᠯᠡᠬᠦ ᠴᠠᠬᠢᠯᠭᠠᠨ ᠴᠡᠨᠡᠭᠯᠡᠬᠦ ᠡᠷᠳᠡᠨᠢ ᠶᠢᠨ ᠠᠵᠤ ᠠᠬᠤᠶᠢᠯᠠᠯ ᠬᠡᠷᠡᠭᠯᠡᠯᠲᠡ ᠶᠢᠨ ᠥᠩᠭᠡᠷᠡᠯᠲᠡ ᠪᠠᠨ ᠬᠠᠶᠢᠬᠤᠷᠤᠯ ᠥᠬᠡᠶ ᠪᠠᠷ ᠦᠨ᠎ᠡ ᠬᠠᠩᠰᠢ ᠵᠠᠯᠭᠠᠭᠠᠪᠠᠷ ᠥᠰᠪᠡᠯ᠂ ᠬᠡᠰᠡᠭ ᠬᠡᠷᠡᠭᠯᠡᠭᠴᠢᠳ ᠤᠨ ᠬᠡᠷᠡᠭᠯᠡᠭᠡᠨ ᠤ ᠳᠠᠳᠬᠠᠯ ᠢ ᠬᠤᠪᠢᠷᠠᠭᠤᠯᠵᠤ᠂ ᠬᠡᠷᠡᠭᠯᠡᠭᠴᠢᠳ ᠤᠨ ᠠᠯᠳᠠᠭᠳᠠᠯ ᠢ ᠪᠣᠶ ᠪᠣᠯᠭᠠᠵᠤ᠂ ᠠᠵᠢᠯ ᠲᠥᠷᠥᠯ ᠤᠨ ᠬᠥᠭᠵᠢᠯᠲᠡ ᠶᠢ ᠮᠠᠭᠤ ᠣᠷᠴᠢᠯ ᠳᠤ ᠣᠷᠣᠭᠤᠯᠵᠤ ᠮᠡᠳᠡᠨ᠎ᠡ᠃          ᠴᠠᠬᠢᠯᠭᠠᠨ ᠴᠡᠨᠡᠭᠯᠡᠬᠦ ᠡᠷᠳᠡᠨᠢ ᠶᠢ ᠬᠠᠮᠲᠤ ᠪᠠᠷ ᠡᠳ᠋ᠯᠡᠬᠦ ᠠᠵᠤ ᠠᠬᠤᠶᠢᠯᠠᠯ ᠬᠠᠯᠲᠤᠰᠬᠢᠪᠡᠯ ᠦᠨ᠎ᠡ ᠪᠠᠨ ᠥᠰᠬᠡᠨ᠎ᠡ᠂ ᠬᠡᠲᠦᠷᠡᠭᠦᠯᠦᠨ ᠵᠠᠷᠤᠵᠤ ᠪᠠᠶᠢᠭ᠎ᠠ ᠨᠢ ᠨᠠᠷᠠᠲᠤ ᠲᠡᠮᠳᠡᠭ ᠤᠨ ᠳᠦᠷᠢ ᠲᠥᠷᠬᠦ ᠪᠠ ᠵᠠᠬ᠎ᠠ ᠳᠡᠯᠭᠡᠭᠦᠷ ᠤᠨ ᠵᠢᠱᠢᠯᠲᠡ ᠪᠣᠯᠤᠨ᠎ᠠ᠃ ᠠᠵᠤ ᠠᠬᠤᠶᠢᠯᠠᠯ ᠢ ᠲᠦᠷᠭᠡᠨ ᠬᠥᠭᠵᠢᠭᠦᠯᠦᠶ᠎ᠡ ᠭᠡᠪᠡᠯ ᠪᠠᠰᠠ ᠠᠭᠠᠵᠢᠮ ᠢᠶᠠᠷ ᠪᠣᠳᠣᠯᠬᠢᠯᠠᠵᠤ᠂ ᠦᠨ᠎ᠡ ᠬᠠᠩᠰᠢ ᠶᠢᠨ ᠥᠰᠥᠯᠲᠡ ᠶᠢᠨ ᠵᠠᠬ᠎ᠠ ᠳᠡᠯᠭᠡᠭᠦᠷ ᠪᠠ ᠬᠡᠷᠡᠭᠯᠡᠭᠴᠢᠳ ᠲᠤ ᠦᠵᠡᠭᠦᠯᠬᠦ ᠨᠥᠯᠥᠭᠡ ᠶᠢ ᠨᠠᠷᠢᠨ ᠬᠢᠨᠠᠮᠠᠭᠠᠶ ᠪᠣᠳᠣᠯᠬᠢᠯᠠᠬᠤ ᠬᠡᠷᠡᠭᠲᠡᠶ᠃ ᠡᠭᠦᠨ ᠤ ᠵᠡᠷᠭᠡ ᠳᠤ᠂ ᠬᠤᠯᠪᠣᠭᠳᠠᠯ ᠪᠥᠬᠦᠶ ᠠᠵᠤ ᠠᠬᠤᠶᠢᠯᠠᠯ ᠤᠳ ᠪᠠᠰᠠ ᠰᠢᠨ᠎ᠡ ᠲᠤᠬᠠᠶᠢᠯᠠᠭᠰᠠᠨ ᠠᠵᠢᠯ ᠢᠶᠠᠨ ᠶᠡᠭᠡ ᠪᠠᠷ ᠪᠠᠶᠢᠷᠢᠯᠠᠭᠤᠯᠵᠤ᠂ ᠰᠢᠨ᠎ᠡ ᠨᠡᠮᠡᠭᠳᠡᠯ ᠤᠨ ᠴᠡᠭ ᠢ ᠠᠭᠤᠳᠠᠯᠬᠤ ᠴᠢᠬᠤᠯᠠᠲᠠᠶ ᠪᠠᠶᠢᠨ᠎ᠠ᠃ ᠲᠦᠷᠦᠭᠦᠬᠡᠨ᠂ ᠵᠠᠷᠢᠮ ᠺᠣᠮᠫᠠᠨᠢ ᠴᠠᠬᠢᠯᠭᠠᠨ ᠴᠡᠨᠡᠭᠯᠡᠬᠦ ᠱᠣᠩ᠂ ᠬᠥᠮᠦᠨ ᠥᠬᠡᠶ ᠵᠢᠵᠢᠭᠯᠡᠨ ᠬᠤᠳᠠᠯᠳᠤᠬᠤ ᠬᠤᠷᠭᠤ᠂ ᠶᠠᠭᠤᠮ᠎ᠠ ᠬᠠᠳᠠᠭᠠᠯᠠᠬᠤ ᠬᠤᠷᠭᠤ ᠵᠡᠷᠭᠡ ᠰᠢᠨ᠎ᠡ ᠲᠤᠬᠠᠶᠢᠯᠠᠭᠰᠠᠨ ᠠᠵᠢᠯ ᠤᠨ ᠤᠲᠠᠰᠤ ᠶᠢ ᠰᠢᠨ᠎ᠡ ᠪᠠᠷ ᠨᠡᠮᠡᠭᠰᠡᠨ ᠪᠥᠭᠡᠳ ᠭᠡᠰᠢᠭᠦᠳ ᠤᠨ ᠰᠢᠰᠲ᠋ᠧᠮ ᠢ ᠲᠤᠷᠰᠢᠨ ᠪᠠᠶᠢᠭᠤᠯᠵᠤ᠂ ᠭᠡᠰᠢᠭᠦᠳ ᠤᠨ ᠴᠠᠬᠢᠯᠭᠠᠨ ᠴᠡᠨᠡᠭᠯᠡᠬᠦ ᠠᠴᠠ ᠭᠠᠳᠠᠨ᠎ᠠ ᠤᠶᠢᠯᠡᠴᠢᠯᠡᠬᠡᠨ ᠤ ᠰᠢᠨ᠎ᠡ ᠠᠭᠤᠯᠭ᠎ᠠ ᠶᠢ ᠤᠷᠲᠤᠳᠬᠠᠨ᠎ᠠ ᠭᠡᠵᠦ ᠵᠠᠷᠯᠠᠵᠠᠶ᠃ ᠡᠨᠡ ᠨᠢ ᠠᠵᠢᠯ ᠲᠥᠷᠥᠯ ᠤᠨ ᠬᠥᠭᠵᠢᠯᠲᠡ ᠳᠤ ᠡᠳᠦᠶ ᠲᠡᠳᠦᠶ ᠰᠡᠩᠬᠡᠷᠡᠭᠦᠯᠦᠯ ᠪᠣᠯᠬᠤ ᠮᠠᠭᠠᠳ᠃ ︵ᠸᠠᠩ ᠮᠢᠩ ᠬᠤᠤ︶        ︽ᠬᠠᠷᠢᠭᠤᠴᠠᠯᠭᠠᠲᠤ ᠨᠠᠶᠢᠷᠠᠭᠤᠯᠤᠭᠴᠢ ᠷᠠᠨ ᠰᠢᠶᠤᠤ ᠨᠢᠩ︾ ᠢᠷᠡᠯᠳᠡ᠄ ᠳᠤᠮᠳᠠᠳᠤ ᠤᠯᠤᠰ ᠤᠨ ᠰᠢᠨᠬᠤᠸᠠ ᠰᠦᠯᠵᠢᠶ᠎ᠡ
 
ᠢᠷᠡᠯᠲᠡ᠄ ᠳᠤᠮᠳᠠᠳᠤ ᠤᠯᠤᠰ ᠤᠨ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号