9 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠭᠤᠤᠯᠯᠠᠨ ᠬᠠᠮᠢᠶᠠᠷᠴᠤ | ᠭᠤᠤᠯᠯᠠᠨ ᠡᠷᠭᠢᠯᠡᠭᠰᠡᠨ ︽ᠰᠤᠷᠤᠯᠴᠠᠯᠭ᠎ᠠ ᠶᠢᠨ ᠴᠠᠭ ᠤᠨ ᠪᠠᠶᠢᠲᠡᠯ ᠤᠨ ᠰᠣᠨᠢᠨ︾ ᠤ ᠲᠡᠷᠢᠭᠦᠨ ᠨᠢᠭᠤᠷ ᠤᠨ | ᠲᠡᠷᠢᠭᠦᠨ ᠵᠤᠷᠪᠤᠰ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ | ᠰᠦᠨ ᠱᠣᠤ ᠴᠧᠩ ᠤᠨ ︽ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠰᠢᠨ᠎ᠡ ᠠᠶᠠᠨ ᠵᠠᠮ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ︾ | ᠭᠡᠰᠡᠨ ᠨᠡᠷ᠎ᠡ ᠬᠠᠳᠠᠭᠰᠠᠨ ᠵᠣᠬᠢᠶᠠᠯ ᠢ ᠨᠡᠶᠢᠲᠡᠯᠡᠪᠡ᠃ | ᠵᠣᠬᠢᠶᠠᠯ ᠤᠨ ᠪᠦᠬᠦ ᠠᠭᠤᠯᠭ᠎ᠠ ᠨᠢ ᠳᠣᠣᠷᠠᠬᠢ ᠮᠡᠲᠦ᠄ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ | ᠠᠶᠠᠨ ᠵᠠᠮ ᠳᠡᠭᠡᠷ᠎ᠡ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠶ ᠱᠦᠵᠢ ᠰᠢ ᠶᠢᠨ ᠫᠢᠩ ᠢᠮᠠᠭᠲᠠ | ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠦᠨ ᠰᠡᠳᠬᠢᠯᠭᠡ ᠲᠠᠢ ᠪᠠᠷ ᠰᠠᠨᠠᠭᠠᠯᠵᠠᠵᠤ᠂ | ᠤᠷᠢᠳ ᠬᠤᠵᠢᠳ 2 ᠤᠳᠠᠭ᠎ᠠ ᠥᠪᠥᠷ ᠮᠣᠩᠭᠤᠯ ᠳᠤ ᠬᠦᠷᠴᠦ ᠰᠢᠨᠵᠢᠯᠡᠨ ᠪᠠᠶᠢᠴᠠᠭᠠᠪᠠ᠃ 5 ᠵᠢᠯ ᠳᠠᠷᠠᠭᠠᠯᠠᠨ | ᠪᠦᠬᠦ ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠵᠤ᠂ ᠪᠢᠳᠡᠨ ᠳᠤ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠶ ᠪᠠᠷ | ᠬᠠᠶᠢᠨ ᠰᠦᠪᠡᠭᠴᠢᠯᠡᠵᠦ᠂ ᠥᠪᠥᠷ ᠮᠣᠩᠭᠤᠯ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ | ᠪᠣᠯᠭᠠᠨ ᠪᠦᠲᠦᠭᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ | ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠳᠦᠭᠡᠨ ᠪᠠᠶᠢᠭᠤᠯᠵᠤ᠂ ᠮᠠᠨ ᠤ ᠤᠯᠤᠰ ᠤᠨ | ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠲᠡ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠤᠢ | ᠪᠣᠯᠭᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ | ᠠᠶᠠᠨ ᠵᠠᠮ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ ᠰᠢ ᠶᠢᠨ ᠫᠢᠩ | ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠨᠢ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ | ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠤ᠂ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃ ᠠᠷᠪᠠᠨ ᠵᠢᠯ ᠤᠨ ᠲᠤᠷᠰᠢ᠂ ᠪᠦᠬᠦ ᠣᠷᠣᠨ ᠢᠶᠠᠷ ᠢᠶᠠᠨ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠡᠯ᠎ᠡ ᠵᠦᠢᠯ ᠤᠨ ᠠᠵᠢᠯ ᠦᠢᠯᠡᠰ ᠤᠨ ᠲᠡᠤᠬᠡᠲᠦ ᠴᠢᠨᠠᠷᠲᠠᠶ | ᠠᠮᠵᠢᠯᠲᠠ ᠤᠯᠬᠤ ᠶᠢ ᠠᠬᠢᠭᠤᠯᠵᠤ᠂ ᠪᠥᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ | ᠲᠦᠮᠡᠨ ᠳ᠋ᠦᠩᠰᠢᠭᠤᠷ ᠲᠥᠭᠦᠷᠢᠭ ᠤᠨ ᠪᠣᠱᠤᠭ᠎ᠠ ᠶᠢ ᠳᠥᠩᠭᠡᠵᠢ ᠳᠠᠪᠠᠵᠤ ᠪᠠᠶᠢᠭᠰᠠᠨ ᠠᠴᠠ ᠪᠠᠨ ᠨᠢᠳᠤᠨᠤᠨ ᠤ | ᠵᠢᠯ ᠤᠨ ᠡᠴᠦᠰ ᠪᠣᠯᠲᠠᠯ᠎ᠠ 2 ᠲᠦᠮᠡᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ ᠬᠥᠮᠦᠨ | ᠳᠤᠮᠳᠠᠴᠢ ᠶᠢᠨ GDP 4.2 ᠲᠦᠮᠡᠨ ᠲᠥᠭᠦᠷᠢᠭ ᠪᠠᠶᠢᠭᠰᠠᠨ ᠠᠴᠠ ᠪᠠᠨ 8.5 ᠲᠦᠮᠡᠨ ᠲᠥᠭᠦᠷᠢᠭ ᠪᠣᠯᠤᠨ | ᠨᠡᠮᠡᠭᠳᠡᠵᠦ᠂ ᠪᠥᠬᠦ ᠤᠯᠤᠰ ᠲᠤ ᠠᠷᠪᠠᠳᠤᠭᠠᠷ ᠲᠤ ᠣᠷᠣᠵᠤ᠂ ᠠᠵᠤ ᠠᠬᠤᠶ ᠶᠢᠨ ᠬᠥᠭᠵᠢᠯᠲᠡ᠂ ᠦᠨᠳᠦᠰᠦᠲᠡᠨ ᠤ | ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠠᠮᠤᠷ ᠲᠠᠶᠢᠪᠤᠩ ᠪᠠᠶᠢᠬᠤ ᠰᠠᠶᠢᠨ ᠰᠠᠶᠢᠬᠠᠨ ᠪᠠᠶᠢᠳᠠᠯ ᠢ | ᠪᠠᠲᠤᠯᠠᠪᠠ᠃ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ | ᠡᠳᠦᠷ ᠢᠷᠡᠬᠦᠶ᠎ᠡ ᠪᠠᠬᠢᠵᠢᠵᠦ ᠪᠠᠶᠢᠨ᠎ᠠ | ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠣᠷᠣᠨ ᠤ ᠲᠠᠯᠠᠪᠠᠶ ᠪᠠᠷ ᠬᠠᠮᠤᠭ ᠤᠨ ᠶᠡᠭᠡ᠂ | ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠶ ᠶᠢᠨ ᠴᠢᠳᠠᠮᠵᠢᠳᠤ ᠣᠷᠣᠨ ᠪᠠᠶᠢᠵᠤ᠂ ᠨᠤᠲᠤᠭ ᠪᠡᠯᠴᠢᠭᠡᠷ᠂ | ᠣᠶ ᠰᠢᠭᠤᠶ᠂ ᠴᠢᠭᠢᠭᠯᠢᠭ ᠭᠠᠵᠠᠷ ᠤᠨ ᠲᠠᠯᠠᠪᠠᠶ ᠨᠢ ᠲᠣᠰ ᠲᠣᠰ ᠪᠥᠬᠦ ᠤᠯᠤᠰ ᠤᠨ 22%᠂ 12% ᠪᠠ | 16% ᠶᠢ ᠡᠵᠡᠯᠡᠵᠦ᠂ ᠡᠯᠡᠰᠦᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠨᠢ ᠴᠥᠮ ᠪᠥᠬᠦ | ᠤᠯᠤᠰ ᠤᠨ 1/4 ᠰᠢᠬᠠᠮ ᠢ ᠡᠵᠡᠯᠡᠵᠦ ᠪᠠᠶᠢᠨ᠎ᠠ᠃ ᠡᠨᠡᠬᠦ ᠬᠥᠬᠡᠮᠳᠦᠭ ᠨᠣᠭᠤᠭᠠᠨ᠂ ᠡᠨᠡᠬᠦ ᠬᠥᠬᠡᠮᠳᠦᠭ ᠴᠡᠩᠬᠡᠷ᠂ | ᠡᠨᠡᠬᠦ ᠠᠷᠢᠭᠤᠨ ᠴᠡᠪᠡᠷ ᠢ ᠰᠠᠶᠢᠲᠤᠷ ᠰᠠᠬᠢᠨ ᠬᠠᠮᠠᠭᠠᠯᠠᠬᠤ ᠪᠣᠯ ᠥᠪᠥᠷ ᠮᠣᠩᠭᠤᠯ ᠤᠨ ᠵᠠᠶᠢᠯᠠᠭᠤᠯᠵᠤ ᠪᠣᠯᠤᠰᠢ ᠦᠭᠡᠶ | ᠬᠠᠷᠢᠭᠤᠴᠠᠯᠭ᠎ᠠ ᠮᠥᠨ᠂ ᠪᠠᠰᠠ ᠴᠤ ᠥᠪᠥᠷ ᠮᠣᠩᠭᠤᠯ ᠤᠨ ᠤᠯᠤᠰ ᠣᠷᠣᠨ ᠳᠠᠭᠠᠨ ᠦᠵᠡᠭᠦᠯᠦᠭᠰᠡᠨ ᠬᠠᠮᠤᠭ ᠤᠨ | ᠶᠡᠭᠡ ᠬᠤᠪᠢ ᠨᠡᠮᠡᠷᠢ ᠮᠥᠨ᠃ ᠪᠢᠳᠡ ᠠᠮᠢ ᠠᠬᠤᠶ ᠶᠢ ᠬᠠᠮᠠᠭᠠᠯᠠᠵᠤ᠂ ᠪᠣᠬᠢᠷᠲᠤᠯ ᠢ ᠵᠠᠰᠠᠵᠤ᠂ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠶᠢ ᠴᠥᠬᠦᠷᠡᠰᠢ ᠦᠭᠡᠶ ᠪᠠᠷᠢᠮᠲᠠᠯᠠᠵᠤ᠂ ᠥᠷᠭᠡᠨ ᠠᠭᠤᠳᠠᠮ ᠲᠠᠯ᠎ᠠ ᠨᠤᠲᠤᠭ ᠢ ︽ | ᠴᠠᠯᠢᠩ ᠲᠠᠢ ᠪᠠᠷ ᠠᠮᠠᠷᠠᠭᠤᠯᠵᠤ︾᠂ ᠬᠢᠩᠭᠠᠨ ᠤ ᠤᠢ ᠰᠢᠭᠤᠢ ᠳᠤ ︽ᠰᠦᠬᠡ ᠪᠠᠨ ᠡᠯᠭᠦᠵᠦ ᠬᠢᠷᠥᠭᠡ ᠪᠠᠨ | ᠵᠣᠭᠰᠣᠭᠠᠵᠤ︾᠂ ᠭᠤᠣᠯᠳᠠᠯᠭ᠎ᠠ ᠲᠠᠢ ᠡᠯᠡᠰᠦ ᠮᠠᠩᠬ᠎ᠠ ᠶᠢ ᠵᠠᠰᠠᠵᠤ᠂ ᠨᠡᠶᠢᠳᠡ 1.22 ᠳ᠋ᠦᠩᠰᠢᠭᠤᠷ ᠮᠦ ᠮᠣᠳᠣ | ᠲᠠᠷᠢᠵᠤ ᠣᠶᠢᠵᠢᠭᠤᠯᠵᠤ᠂ 2.86 ᠳ᠋ᠦᠩᠰᠢᠭᠤᠷ ᠮᠦ ᠡᠪᠡᠰᠦ ᠲᠠᠷᠢᠵᠤ᠂ ᠵᠢᠯ ᠪᠦᠷᠢ ᠳᠤᠮᠳᠠᠴᠢ ᠪᠠᠷ 1200 | ᠲᠦᠮᠡᠨ ᠮᠦ ᠠᠴᠠ ᠳᠡᠭᠡᠭᠰᠢ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠵᠤ᠂ ᠭᠡᠪᠴᠢᠶ᠎ᠡ ᠨᠢ ᠴᠥᠮ ᠪᠦᠬᠦ | ᠤᠯᠤᠰ ᠲᠤ ᠲᠡᠷᠢᠭᠦᠯᠡᠵᠦ᠂ ᠪᠦᠬᠦ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠪᠣᠯᠤᠨ ᠤᠢ | ᠰᠢᠭᠤᠢ ᠶᠢᠨ ᠪᠦᠷᠬᠦᠴᠡ ᠲᠤᠰ ᠲᠤᠰ 40.3% ᠪᠣᠯᠤᠨ 20.8% ᠪᠠᠶᠢᠭᠰᠠᠨ ᠠᠴᠠ ᠪᠠᠨ 45% ᠪᠣᠯᠤᠨ | 23% ᠪᠣᠯᠤᠨ ᠳᠡᠭᠡᠭᠰᠢᠯᠡᠵᠦ᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ | ᠦᠷᠭᠦᠯᠵᠢᠯᠡᠨ ᠪᠠᠭᠠᠰᠴᠤ᠂ ᠡᠯᠡᠰᠦᠨ ᠰᠢᠭᠤᠷᠭ᠎ᠠ ᠶᠢᠨ ᠡᠳᠦᠷ ᠤᠨ ᠲᠤᠭ᠎ᠠ ᠵᠢᠯ ᠪᠦᠷᠢ 4.9 ᠡᠳᠦᠷ | ᠪᠠᠶᠢᠭᠰᠠᠨ ᠠᠴᠠ ᠪᠠᠨ 0.6 ᠡᠳᠦᠷ ᠪᠣᠯᠤᠨ ᠪᠠᠭᠠᠰᠴᠠᠢ᠃ ᠥᠨᠥᠳᠦᠷ ᠤᠨ ᠥᠪᠥᠷ ᠮᠣᠩᠭᠤᠯ᠂ ᠮᠠᠨ ᠤ ᠤᠯᠤᠰ ᠤᠨ | ᠤᠮᠠᠷᠠᠲᠤ ᠣᠷᠣᠨ ᠳᠤ ᠰᠠᠯᠬᠢ ᠰᠢᠭᠤᠷᠭᠠᠨ ᠤ ︽ᠬᠠᠮᠠᠭᠠᠯᠠᠯᠲᠠ ᠶᠢᠨ ᠬᠤᠪᠴᠠᠰᠤ︾ ᠨᠥᠮᠥᠷᠭᠡᠭᠰᠡᠨ ᠢᠶᠠᠷ ᠪᠠᠷᠠᠬᠤ | ᠥᠬᠡᠶ᠂ ᠪᠠᠰᠠ ᠪᠥᠬᠦ ᠤᠯᠤᠰ ᠤᠨ ᠠᠷᠠᠳ ᠲᠦᠮᠡᠨ ᠳᠤ ᠬᠡᠲᠦ ᠲᠠᠰ ᠤᠨ ︽ᠨᠡᠭᠦᠷᠡᠰᠦᠲᠥ᠋ᠷᠥᠭᠴᠢ ᠶᠢᠨ ᠬᠥᠮᠥᠷᠭᠡ︾ | ᠪᠠ ᠴᠡᠪᠡᠷ ︽ᠬᠦᠴᠢᠯᠲᠥ᠋ᠷᠥᠭᠴᠢ ᠶᠢᠨ ᠪᠠᠭᠠᠷ︾ ᠢ ᠡᠭᠦᠳᠦᠨ ᠥᠭᠴᠦ᠂ ᠪᠡᠭᠡᠵᠢᠩ ᠲᠢᠶᠠᠨᠵᠢᠨ ᠤ ︽ᠰᠠᠯᠬᠢ | ᠡᠯᠡᠰᠦᠨ ᠤ ᠡᠬᠢ︾ ᠨᠢ ᠨᠡᠶᠢᠰᠯᠡᠯ ᠤᠨ ︽ᠠᠷᠤ ᠴᠡᠴᠡᠷᠯᠢᠭ︾ ᠪᠣᠯᠤᠭᠰᠠᠨ ᠪᠠᠶᠢᠨ᠎ᠠ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠢᠬᠦ ᠳᠤ ᠦᠷᠭᠦᠯᠵᠢᠯᠡᠨ ᠬᠦᠴᠦᠯᠡᠵᠦ᠂ ᠥᠨᠢ | ᠤᠳᠠᠭᠠᠨ ᠴᠢᠷᠮᠠᠶᠢᠬᠤ ᠬᠡᠷᠡᠭᠲᠡᠢ᠃ ᠪᠢᠳᠡ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ | ᠡᠪᠡᠰᠦ ᠡᠯᠡᠰᠦ ᠶᠢ ᠰᠢᠰᠲ᠋ᠧᠮ ᠲᠠᠢ ᠪᠠᠷ ᠵᠠᠰᠠᠬᠤ ᠶᠢ ᠦᠷᠭᠦᠯᠵᠢᠯᠡᠨ ᠨᠢᠭᠡᠳᠦᠯᠲᠡᠶ ᠲᠥᠯᠥᠪᠯᠡᠵᠦ᠂ | ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠯᠡᠰᠦ ᠶᠢ ᠵᠠᠰᠠᠬᠤ᠂ ᠬᠡᠯᠪᠡᠷᠢ ᠶᠢ ᠬᠤᠪᠢᠷᠠᠭᠤᠯᠬᠤ᠂ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠡᠭᠡᠷ᠎ᠡ ᠬᠦᠴᠦ ᠲᠠᠯᠪᠢᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ ᠨᠤᠲᠤᠭ ᠪᠡᠯᠴᠢᠭᠡᠷ ᠤᠨ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢ | 6500 ᠲᠦᠮᠡᠨ ᠮᠦ᠂ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ 1400 ᠲᠦᠮᠡᠨ ᠮᠦ᠂ ᠮᠠᠭᠤᠳᠠᠭᠰᠠᠨ | ᠤᠢ ᠰᠢᠭᠤᠶ ᠶᠢ 2800 ᠲᠦᠮᠡᠨ ᠮᠦ ᠳᠤ ᠵᠠᠰᠠᠨ ᠰᠡᠷᠭᠦᠭᠡᠵᠦ᠂ ᠡᠯᠡᠰᠦᠵᠢᠭᠰᠡᠨ ᠭᠠᠵᠠᠷ ᠰᠢᠷᠣᠶ ᠶᠢ 2650 | ᠲᠦᠮᠡᠨ ᠮᠦ ᠳᠤ ᠶᠡᠷᠦᠩᠬᠡᠶᠢᠯᠡᠨ ᠵᠠᠰᠠᠬᠤ ᠪᠠᠷ ᠴᠢᠷᠮᠠᠶᠢᠨ᠎ᠠ᠃ ᠪᠥᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ | ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠡᠯ᠎ᠡ ᠬᠦᠷᠢᠶᠡᠨ ᠳᠠᠬᠢ ᠠᠷᠪᠢᠯᠠᠨ ᠭᠠᠮᠨᠠᠬᠤ ᠠᠵᠢᠯᠯᠠᠭ᠎ᠠ ᠶᠢ ᠭᠦᠨᠵᠡᠭᠡᠶ | ᠠᠬᠢᠭᠤᠯᠤᠨ᠂ ᠡᠨᠧᠷᠭᠢ ᠪᠠ ᠤᠰᠤᠨ ᠤ ᠡᠬᠢ ᠪᠠᠶᠠᠯᠢᠭ ᠤᠨ ᠬᠤᠷᠣᠭᠳᠠᠯ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠵᠡᠷᠭᠡ ᠶᠢᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠬᠤᠤᠰ ᠬᠢᠵᠠᠭᠠᠷᠯᠠᠯ ᠤᠨ ᠬᠡᠮᠵᠢᠶ᠎ᠡ ᠶᠢ ᠴᠢᠩᠭ᠎ᠠ | ᠬᠡᠷᠡᠭᠵᠢᠭᠦᠯᠵᠦ᠂ 2025 ᠣᠨ ᠪᠣᠯᠬᠤ ᠳᠤ ᠪᠥᠬᠦ ᠣᠷᠣᠨ ᠤ ᠨᠢᠭᠡᠴᠢ GDP ᠶᠢᠨ ᠡᠨᠧᠷᠭᠢ ᠶᠢᠨ ᠬᠤᠷᠣᠭᠳᠠᠯ᠂ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠲᠠᠯᠠᠪᠠᠶ᠂ ᠤᠰᠤ ᠬᠡᠷᠡᠭᠯᠡᠬᠦ ᠬᠡᠮᠵᠢᠶ᠎ᠡ ᠶᠢ 2020 | ᠣᠨ ᠤ ᠬᠢ ᠲᠠᠢ ᠬᠠᠷᠢᠴᠠᠭᠤᠯᠪᠠᠯ ᠲᠣᠰ ᠲᠣᠰ 15%᠂ 17%᠂ 12% ᠪᠠᠭᠤᠷᠠᠭᠤᠯᠬᠤ ᠪᠠᠷ ᠴᠢᠷᠮᠠᠶᠢᠨ᠎ᠠ᠃ | ᠣᠳᠣᠬᠠᠨ ᠳᠤ᠂ ᠪᠢᠳᠡ ᠶᠠᠭ ᠪᠥᠬᠦ ᠣᠷᠣᠨ ᠳᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ᠰᠤᠯᠠ ᠪᠠᠶᠢᠬᠤ | ᠭᠠᠵᠠᠷ ᠰᠢᠷᠣᠶ᠂ ᠳᠠᠷᠤᠭᠳᠠᠮᠠᠯ ᠪᠠᠯᠠ ᠮᠥᠩᠭᠦ᠂ ︽ᠬᠠᠭᠠᠰ ᠳᠤᠲᠠᠭᠤ︾ ᠢᠨᠵᠧᠨᠧᠷᠢᠩ᠂ ᠨᠡᠭᠡᠭᠡᠯᠲᠡ ᠶᠢᠨ | ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ︽ᠲᠠᠪᠤᠨ ᠦᠨᠳᠦᠰᠦᠨ ᠵᠦᠢᠯ︾ ᠤᠨ ᠠᠵᠢᠯᠯᠠᠭ᠎ᠠ ᠶᠢ ᠥᠷᠨᠢᠭᠦᠯᠵᠦ | ᠂ ᠡᠯ᠎ᠡ ᠵᠦᠢᠯ ᠤᠨ ᠰᠤᠯᠠ ᠲᠠᠯᠪᠢᠵᠤ ᠪᠦᠷᠢᠯᠭᠡᠨ ᠰᠦᠢᠳᠭᠡᠭᠰᠡᠨ᠂ ᠴᠢᠨᠠᠷ ᠮᠠᠭᠤᠲᠠᠶ ᠦᠷ᠎ᠡ ᠠᠰᠢᠭ ᠢᠶᠠᠷ ᠳᠣᠤᠷ᠎ᠠ | ᠡᠬᠢ ᠪᠠᠶᠠᠯᠢᠭ ᠤᠨ ᠡᠯᠧᠮᠧᠨ᠋ᠲ ᠢ ᠪᠥᠬᠦ ᠲᠠᠯ᠎ᠠ ᠪᠠᠷ ᠠᠮᠢᠳᠤᠯᠢᠭ ᠪᠣᠯᠭᠠᠵᠤ᠂ ᠥᠨᠳᠥᠷ ᠦᠷ᠎ᠡ ᠠᠰᠢᠭ ᠲᠠᠢ ᠪᠠᠷ | ᠠᠰᠢᠭᠯᠠᠬᠤ ᠪᠠᠷ ᠴᠢᠷᠮᠠᠶᠢᠵᠤ ᠪᠠᠶᠢᠨ᠎ᠠ᠃ ᠰᠢᠨᠲᠠᠷᠠᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠮᠠᠨ ᠤ ᠤᠯᠤᠰ ᠤᠨ | ᠤᠮᠠᠷᠠᠲᠤ ᠬᠢᠯᠢ ᠳᠤ ᠨᠡᠩ ᠪᠠᠲᠤ ᠪᠠᠬᠢ᠂ ᠦᠵᠡᠰᠬᠦᠯᠡᠩᠲᠦ ᠰᠠᠶᠢᠬᠠᠨ ᠲᠦᠮᠡᠨ ᠭᠠᠵᠠᠷ ᠤᠨ ᠨᠣᠭᠤᠭᠠᠨ ᠴᠠᠭᠠᠨ | ᠬᠡᠷᠡᠮ ᠢ ᠴᠣᠭᠴᠠᠯᠠᠨ ᠪᠠᠶᠢᠭᠤᠯᠤᠨ᠎ᠠ᠃ | ᠮᠢᠩᠭᠠᠨ ᠬᠤᠲᠠ ᠶᠢ ᠳᠤᠯᠠᠭᠠᠯᠠᠵᠤ᠂ ᠲᠦᠮᠡᠨ ᠡᠷᠦᠬᠡ ᠶᠢᠨ ᠳ᠋ᠧᠩ ᠢ ᠠᠰᠠᠭᠠᠵᠤ᠂ ᠤᠯᠤᠰ ᠤᠨ | ᠴᠢᠬᠤᠯᠠ ᠡᠨᠧᠷᠭᠢ ᠶᠢᠨ ᠰᠤᠷᠪᠤᠯᠵᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ | ᠬᠠᠷᠢᠭᠤᠴᠠᠯᠭ᠎ᠠ ᠶᠢ ᠭᠦᠢᠴᠡᠳ ᠡᠭᠦᠷᠭᠡᠯᠡᠵᠦ ᠪᠠᠶᠢᠨ᠎ᠠ | ᠥᠪᠥᠷ ᠮᠣᠩᠭᠤᠯ ᠤᠨ ᠭᠠᠵᠠᠷ ᠨᠤᠲᠤᠭ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ᠂ | ᠨᠢᠭᠡᠨᠲᠡ ᠬᠠᠶᠢᠨ ᠳᠣᠲᠣᠯᠠᠭᠰᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ 103 ᠵᠦᠢᠯ ᠨᠢ ᠪᠦᠬᠦ | ᠤᠯᠤᠰ ᠤᠨ ᠡᠮᠦᠨ᠎ᠡ ᠠᠷᠪᠠ ᠳᠤ ᠣᠷᠣᠵᠤ᠂ 21 ᠵᠦᠢᠯ ᠨᠢ ᠪᠦᠬᠦ ᠤᠯᠤᠰ ᠤᠨ ᠨᠢᠭᠡᠳᠦᠭᠡᠷ ᠲᠤ ᠣᠷᠣᠨ᠎ᠠ᠃ | ᠡᠭᠦᠨ ᠳᠤ ᠨᠡᠭᠦᠷᠡᠰᠦᠨ ᠤ ᠬᠠᠳᠠᠭᠠᠯᠠᠭᠳᠠᠴᠠ ᠪᠠ ᠭᠠᠷᠤᠯᠲᠠ ᠶᠢᠨ ᠬᠡᠮᠵᠢᠶ᠎ᠡ ᠨᠢ ᠴᠥᠮ ᠪᠥᠬᠦ ᠤᠯᠤᠰ ᠤᠨ 1/4 ᠶᠢ | ᠡᠵᠡᠯᠡᠵᠦ᠂ ᠰᠠᠯᠬᠢᠨ ᠤ ᠡᠨᠧᠷᠭᠢ᠂ ᠨᠡᠷᠡᠨ ᠤ ᠡᠨᠧᠷᠭᠢ ᠶᠢᠨ ᠮᠡᠷᠭᠡᠵᠢᠯ ᠤᠨ ᠨᠡᠭᠡᠭᠡᠨ ᠠᠰᠢᠭᠯᠠᠵᠤ ᠪᠣᠯᠬᠤ ᠬᠡᠮᠵᠢᠶ᠎ᠡ ᠨᠢ | ᠲᠣᠰ ᠲᠣᠰ ᠪᠥᠬᠦ ᠤᠯᠤᠰ ᠤᠨ 57%᠂ 21% ᠶᠢ ᠡᠵᠡᠯᠡᠵᠦ᠂ ᠬᠤᠪᠣᠷ ᠰᠢᠷᠣᠶ ᠶᠢᠨ ᠡᠬᠢ ᠪᠠᠶᠠᠯᠢᠭ ᠤᠨ | ᠬᠠᠳᠠᠭᠠᠯᠠᠭᠳᠠᠴᠠ ᠪᠠ ᠶᠠᠰᠤ ᠴᠢᠨᠠᠷ ᠨᠢ ᠴᠥᠮ ᠳᠡᠯᠡᠬᠡᠶ ᠶᠢᠨ ᠲᠠᠰ ᠤᠨ ᠪᠠᠶᠢᠵᠤ᠂ ᠤᠯᠤᠰ ᠤᠨ ᠡᠨᠧᠷᠭᠢ ᠶᠢᠨ ᠠᠮᠤᠷ | ᠲᠦᠪᠰᠢᠨ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠪᠠᠲᠤᠯᠠᠬᠤ | ᠲᠠᠯ᠎ᠠ ᠪᠠᠷ ᠴᠢᠬᠤᠯᠠ ᠪᠠᠶᠢᠷᠢ ᠰᠠᠭᠤᠷᠢ ᠪᠠ ᠦᠢᠯᠡᠳᠤᠯ ᠲᠠᠢ ᠶᠤᠮ᠃ ᠪᠢᠳᠡ ᠣᠳᠣ ᠦᠶ᠎ᠡ ᠶᠢᠨ ᠡᠨᠧᠷᠭᠢ ᠶᠢᠨ ᠠᠵᠤ | ᠠᠬᠤᠶ ᠶᠢ ᠶᠡᠬᠡᠪᠡᠷ ᠬᠥᠭᠵᠢᠭᠦᠯᠵᠦ᠂ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ 156 ᠳ᠋ᠦᠩᠰᠢᠭᠤᠷ | ᠺᠢᠯᠣᠸᠠᠲ ᠲᠤ ᠬᠦᠷᠴᠦ᠂ ᠭᠠᠳᠠᠭᠰᠢ ᠴᠠᠬᠢᠯᠭᠠᠨ ᠬᠦᠷᠭᠡᠬᠦ ᠴᠢᠳᠠᠯ 7000 ᠲᠦᠮᠡᠨ ᠺᠢᠯᠣᠸᠠᠲ ᠲᠤ ᠬᠦᠷᠴᠦ᠂ | ᠭᠠᠳᠠᠭᠰᠢ ᠴᠠᠬᠢᠯᠭᠠᠨ ᠬᠦᠷᠭᠡᠬᠦ ᠴᠢᠳᠠᠯ ᠵᠠᠯᠭᠠᠭ᠎ᠠ ᠪᠠᠷ 17 ᠵᠢᠯ ᠪᠦᠬᠦ ᠤᠯᠤᠰ ᠲᠤ ᠲᠡᠷᠢᠭᠦᠯᠡᠵᠦ᠂ ᠨᠡᠶᠢᠳᠡ 989 | ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ᠂ 593 ᠳ᠋ᠦᠩᠰᠢᠭᠤᠷ ᠲᠣᠨ ᠨᠡᠭᠦᠷᠡᠰᠦ ᠵᠥᠭᠡᠭᠡᠪᠦᠷᠢᠯᠡᠵᠦ᠂ 49 | ᠲᠦᠮᠡᠨ ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ ᠭᠠᠳᠠᠭᠰᠢ 18 ᠲᠦᠮᠡᠨ ᠳ᠋ᠦᠩᠰᠢᠭᠤᠷ ᠺᠢᠯᠣᠸᠠᠲ | ᠴᠠᠭ ᠬᠦᠷᠭᠡᠵᠦ᠂ ᠨᠡᠭᠦᠷᠡᠰᠦ ᠪᠠᠷ ᠲᠤᠰᠤ ᠦᠢᠯᠡᠳᠬᠦ ᠦᠢᠯᠡᠳᠪᠦᠷᠢᠯᠡᠬᠦ ᠴᠢᠳᠠᠪᠤᠷᠢ 124 ᠲᠦᠮᠡᠨ ᠲᠣᠨ ᠳᠤ | ᠬᠦᠷᠴᠦ᠂ ᠨᠡᠭᠦᠷᠡᠰᠦ ᠪᠠᠷ ᠬᠡᠢ ᠦᠢᠯᠡᠳᠬᠦ ᠦᠢᠯᠡᠳᠪᠦᠷᠢᠯᠡᠬᠦ ᠴᠢᠳᠠᠪᠤᠷᠢ 275 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠲᠤ ᠬᠦᠷᠴᠦ᠂ ᠪᠦᠬᠦ ᠤᠯᠤᠰ ᠤᠨ ᠬᠠᠮᠤᠭ ᠤᠨ ᠶᠡᠭᠡ ᠨᠡᠭᠦᠷᠡᠰᠦ ᠴᠠᠬᠢᠯᠭᠠᠨ᠂ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠪᠠᠶᠢᠭᠤᠯᠪᠠ᠃ ᠰᠢᠨ᠎ᠡ ᠡᠨᠧᠷᠭᠢ ᠶᠢᠨ ᠰᠤᠷᠪᠤᠯᠵᠢ ᠶᠢᠨ | ᠮᠠᠰᠢᠨ ᠴᠣᠭᠴᠠᠯᠠᠪᠤᠷᠢ 5600 ᠲᠦᠮᠡᠨ ᠺᠢᠯᠣᠸᠠᠲ ᠲᠤ ᠬᠦᠷᠴᠦ᠂ ᠴᠠᠬᠢᠯᠭᠠᠨ ᠬᠦᠴᠦᠨ ᠤ ᠮᠠᠰᠢᠨ | ᠴᠣᠭᠴᠠᠯᠠᠪᠤᠷᠢ ᠶᠢᠨ ᠳᠣᠲᠣᠷ᠎ᠠ ᠡᠵᠡᠯᠡᠬᠦ ᠬᠤᠪᠢ ᠶᠢᠨ ᠵᠢᠩ 1/3 ᠶᠢ ᠳᠠᠪᠠᠵᠤ᠂ ᠰᠢᠨ᠎ᠡ ᠡᠨᠧᠷᠭᠢ ᠶᠢᠨ | ᠰᠤᠷᠪᠤᠯᠵᠢ ᠶᠢᠨ ᠴᠠᠬᠢᠯᠭᠠᠨ ᠭᠠᠷᠭᠠᠬᠤ ᠬᠡᠮᠵᠢᠶ᠎ᠡ 1191 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠦᠬᠦ | ᠤᠯᠤᠰ ᠤᠨ ᠲᠡᠷᠢᠭᠦᠨ ᠳᠤ ᠣᠷᠣᠪᠠ᠃ ᠬᠤᠪᠣᠷ ᠰᠢᠷᠣᠶ ᠶᠢ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠨᠤᠷᠮ᠎ᠠ ᠶᠢ | 75% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠡᠨᠡ ᠬᠤᠶᠠᠷ ᠵᠢᠯ ᠳᠤ᠂ ᠪᠦᠬᠦ ᠤᠯᠤᠰ ᠤᠨ ᠨᠡᠭᠦᠷᠡᠰᠦ | ᠴᠠᠬᠢᠯᠭᠠᠨ ᠤ ᠬᠠᠩᠭᠠᠯᠭ᠎ᠠ ᠪᠠᠴᠢᠮ ᠪᠤᠯᠵᠤ᠂ ᠥᠪᠥᠷ ᠮᠣᠩᠭᠤᠯ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠬᠤᠯᠠ | ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠠᠭᠴᠠᠬᠠᠨ ᠤᠷᠳᠤᠰ ᠬᠤᠳᠠ ᠳᠤ ᠤᠯᠤᠰ ᠠᠴᠠ ᠲᠤᠰᠢᠶᠠᠭᠰᠠᠨ | 18 ᠮᠤᠵᠢ ᠶᠢᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠡᠶᠡᠯᠡᠭᠦᠯᠵᠡᠢ᠂ ᠨᠡᠭᠦᠷᠡᠰᠦᠨ ᠤ ᠦᠨ᠎ᠡ | ᠥᠨᠳᠥᠷ ᠠᠵᠤ ᠠᠬᠤᠶᠢᠯᠠᠯ ᠤᠨ ᠴᠠᠬᠢᠯᠭᠠᠨ ᠭᠠᠷᠭᠠᠯᠲᠠ ᠨᠢ ᠪᠡᠯᠡ ᠪᠠᠨ ᠠᠯᠳᠠᠭᠰᠠᠨ ᠴᠤ ᠪᠢᠳᠡ ᠪᠦᠬᠦ | ᠬᠦᠴᠦᠨ ᠢᠶᠠᠷ ᠢᠶᠠᠨ ᠪᠦᠬᠦ ᠲᠠᠯ᠎ᠠ ᠶᠢ ᠪᠠᠲᠤᠯᠠᠵᠤ᠂ ᠥᠪᠡᠷ ᠤᠨ ᠭᠡᠷ ᠲᠡᠭᠡᠨ ᠢᠯᠡᠭᠦᠬᠡᠨ ︽ᠵᠤᠤᠬᠠᠨ ᠭᠡᠷ︾ | ᠪᠠᠶᠢᠭᠤᠯᠤᠭᠰᠠᠨ ᠴᠤ ᠤᠯᠤᠰ ᠲᠤ ᠨᠡᠩ ᠤᠯᠠᠨ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢ ᠨᠡᠮᠡᠷᠢᠯᠡᠨ᠎ᠡ᠃ | ᠰᠢ ᠶᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ ᠳᠠᠭᠠᠨ᠂ ︽ᠡᠨᠧᠷᠭᠢ ᠶᠢᠨ ᠰᠤᠷᠪᠤᠯᠵᠢ ᠶᠢᠨ | ᠪᠤᠳᠠᠭᠠᠨ ᠠᠶᠠᠭ᠎ᠠ ᠶᠢ ᠡᠷᠬᠡᠪᠰᠢ ᠥᠪᠡᠷ ᠤᠨ ᠭᠠᠷ ᠲᠠᠭᠠᠨ ᠠᠳᠬᠤᠬᠤ ᠬᠡᠷᠡᠭᠲᠡᠶ︾ ᠭᠡᠵᠡᠶ᠃ ᠡᠨᠧᠷᠭᠢ ᠶᠢᠨ | ᠰᠤᠷᠪᠤᠯᠵᠢ ᠶᠢᠨ ᠲᠤᠮᠤ ᠣᠷᠣᠨ ᠪᠣᠯᠤᠭᠰᠠᠨ ᠤ ᠬᠤᠪᠢ ᠳᠤ᠂ ᠪᠢᠳᠡ ᠶᠠᠭ ︽ᠬᠤᠣᠰ ᠨᠡᠭᠦᠷᠡᠰᠦᠲᠥ᠋ᠷᠥᠭᠴᠢ︾ ᠶᠢᠨ | ᠠᠵᠠ ᠲᠣᠬᠢᠶᠠᠯ ᠢ ᠠᠮᠵᠢᠵᠤ᠂ ᠨᠢᠭᠡ ᠲᠠᠯ᠎ᠠ ᠪᠠᠷ ᠨᠡᠭᠦᠷᠡᠰᠦᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠠᠳᠬᠤᠵᠤ᠂ ᠨᠦᠭᠦᠭᠡ ᠲᠠᠯ᠎ᠠ ᠪᠠᠷ ᠰᠢᠨ᠎ᠡ ᠡᠨᠧᠷᠭᠢ ᠶᠢᠨ | ᠰᠤᠷᠪᠤᠯᠵᠢ ᠶᠢᠨ ᠬᠥᠭᠵᠢᠨ ᠪᠤᠵᠠᠭᠠᠢᠢᠷᠠᠬᠤ ᠶᠢ ᠠᠳᠬᠤᠵᠤ᠂ ᠤᠯᠤᠰ ᠣᠷᠣᠨ ᠳᠤ ᠨᠡᠩ ᠲᠣᠭᠲᠠᠭᠤᠨ᠂ ᠨᠡᠩ ᠠᠮᠤᠷ | ᠲᠦᠪᠰᠢᠨ᠂ ᠨᠡᠩ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠴᠢᠷᠮᠠᠶᠢᠨ ᠬᠠᠩᠭᠠᠵᠤ ᠪᠠᠶᠢᠨ᠎ᠠ | ᠃ ᠮᠠᠨ ᠤ ᠬᠠᠷᠠᠯᠲᠠ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ | ᠪᠣᠯᠬᠤ ᠳᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢ 135 ᠳ᠋ᠦᠩᠰᠢᠭᠤᠷ | ᠺᠢᠯᠣᠸᠠᠲ ᠠᠴᠠ ᠳᠡᠭᠡᠭᠰᠢ ᠳᠤ ᠬᠦᠷᠭᠡᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ ᠬᠦᠷᠢᠶᠡᠨ ᠳᠤ ︽ᠨᠢᠭᠡ ᠥᠪᠥᠷ | ᠮᠣᠩᠭᠤᠯ ᠢ ᠲᠠᠬᠢᠨ ᠪᠠᠶᠢᠭᠤᠯᠵᠤ︾᠂ ᠪᠦᠬᠦ ᠤᠯᠤᠰ ᠲᠤ ᠰᠢᠨ᠎ᠡ ᠡᠨᠧᠷᠭᠢ ᠶᠢᠨ ᠰᠤᠷᠪᠤᠯᠵᠢ ᠪᠠᠷ ᠭᠤᠣᠯ ᠴᠣᠭᠴᠠ | ᠪᠣᠯᠭᠠᠭᠰᠠᠨ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢᠨ ᠰᠢᠰᠲ᠋ᠧᠮ ᠢ ᠤᠷᠢᠳᠠᠪᠠᠷ ᠪᠠᠶᠢᠭᠤᠯᠵᠤ᠂ ᠰᠢᠨ᠎ᠡ | ᠡᠨᠧᠷᠭᠢ ᠶᠢᠨ ᠰᠤᠷᠪᠤᠯᠵᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠮᠠᠶ᠋ᠢᠭ ᠤᠨ ᠴᠠᠬᠢᠯᠭᠠᠨ ᠬᠦᠴᠦᠨ ᠤ | ᠰᠢᠰᠲ᠋ᠧᠮ ᠢ ᠪᠠᠶᠢᠭᠤᠯᠤᠨ᠎ᠠ᠃ | ︽ᠪᠣᠭᠤᠮᠲᠠ ᠶᠢᠨ ᠭᠠᠳᠠᠨᠠᠬᠢ ᠠᠮᠤ ᠪᠤᠳᠠᠭ᠎ᠠ︾ ᠶᠢ ᠰᠠᠶᠢᠲᠤᠷ ᠳᠠᠷᠢᠵᠤ᠂ ︽ᠳᠤᠮᠳᠠᠳᠤ ᠤᠯᠤᠰ ᠤᠨ | ᠠᠶᠠᠭ᠎ᠠ︾ ᠶᠢ ᠡᠯᠪᠡᠭ ᠳᠡᠯᠪᠡᠭ ᠪᠣᠯᠭᠠᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠨᠡᠷ᠎ᠡ ᠠᠯᠳᠠᠷᠰᠢᠪᠠ | ᠥᠪᠥᠷ ᠮᠣᠩᠭᠤᠯ ᠳᠤ 1.72 ᠳ᠋ᠦᠩᠰᠢᠭᠤᠷ ᠮᠥ ᠲᠠᠷᠢᠶᠠᠨ ᠭᠠᠵᠠᠷ ᠲᠠᠢ ᠪᠠᠶᠢᠵᠤ᠂ ᠪᠥᠬᠦ ᠤᠯᠤᠰ ᠤᠨ | ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠨᠢ ᠳ᠋ᠦᠩᠰᠢᠭᠤᠷ ᠮᠥ ᠶᠢ ᠳᠠᠪᠠᠭᠰᠠᠨ 5 ᠮᠤᠵᠢ ᠣᠷᠣᠨ ᠤ ᠨᠢᠭᠡ | ᠪᠣᠯᠤᠨ᠎ᠠ᠂ ᠨᠤᠲᠤᠭ ᠪᠡᠯᠴᠢᠭᠡᠷ ᠤᠨ ᠲᠠᠯᠠᠪᠠᠶ ᠨᠢ ᠪᠥᠬᠦ ᠤᠯᠤᠰ ᠤᠨ 1/5 ᠶᠢ ᠡᠵᠡᠯᠡᠵᠦ᠂ ᠳᠡᠯᠡᠬᠡᠶ ᠨᠡᠶᠢᠲᠡ ᠳᠤ | ᠮᠡᠳᠡᠷᠡᠭᠳᠡᠭᠰᠡᠨ ᠴᠢᠨᠠᠷ ᠰᠠᠶᠢᠲᠠᠶ ᠮᠠᠯᠵᠢᠬᠤ ᠣᠷᠣᠨ᠂ ᠰᠢᠵᠢᠷ ᠠᠯᠲᠠᠨ ᠰᠦ ᠶᠢᠨ ᠢᠷᠡᠯᠲᠡ ᠶᠢᠨ ᠪᠦᠰᠡ ᠪᠣᠯᠤᠨ᠎ᠠ᠃ | ᠪᠢᠳᠡ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠰᠦ ᠶᠢᠨ ᠦᠢᠯᠡᠰ᠂ ᠡᠷᠳᠡᠨᠢ | ᠰᠢᠰᠢ 2 ᠮᠢᠩᠭᠠᠨ ᠳ᠋ᠦᠩᠰᠢᠭᠤᠷ ᠤᠨ ᠲᠠᠰ ᠤᠨ ᠪᠠ ᠠᠯᠠᠰᠢᠨ ᠬᠤᠨᠢ᠂ ᠠᠯᠠᠰᠢᠨ ᠦᠬᠡᠷ᠂ ᠲᠥᠮᠥᠰᠥ᠂ ᠨᠡᠷᠡᠨ | ᠬᠤᠸᠠᠷ ᠤᠨ ᠦᠷ᠎ᠡ ᠵᠡᠷᠭᠡ 10 ᠵᠠᠭᠤᠨ ᠳ᠋ᠦᠩᠰᠢᠭᠤᠷ ᠤᠨ ᠲᠠᠰ ᠤᠨ ᠠᠵᠤ ᠦᠢᠯᠡᠰ ᠤᠨ ᠰᠦᠷᠦᠭᠵᠢᠯ ᠢ ᠪᠣᠶ | ᠪᠣᠯᠭᠠᠪᠠ᠃ ᠠᠮᠤ ᠪᠤᠳᠠᠭᠠᠨ ᠤ ᠤᠨᠠᠯᠲᠠ 4 ᠵᠢᠯ ᠳᠠᠷᠠᠭᠠᠯᠠᠨ 700 ᠳ᠋ᠦᠩᠰᠢᠭᠤᠷ ᠵᠢᠩ ᠢ ᠳᠠᠪᠠᠵᠤ᠂ ᠪᠦᠬᠦ | ᠤᠯᠤᠰ ᠲᠤ ᠵᠢᠷᠭᠤᠳᠤᠭᠠᠷ ᠲᠤ ᠣᠷᠣᠵᠤ᠂ ᠵᠢᠯ ᠪᠦᠷᠢ ᠬᠠᠭᠠᠰ ᠠᠴᠠ ᠳᠡᠭᠡᠭᠰᠢᠬᠢ ᠠᠮᠤ ᠪᠤᠳᠠᠭ᠎ᠠ ᠶᠢ ᠣᠷᠣᠨ ᠤ | ᠭᠠᠳᠠᠨ᠎ᠠ ᠭᠠᠷᠭᠠᠵᠤ᠂ ᠪᠦᠬᠦ ᠤᠯᠤᠰ ᠲᠤ ᠬᠠᠩᠭᠠᠵᠤ ᠪᠠᠶᠢᠨ᠎ᠠ᠃ ᠡᠪᠡᠰᠦᠨ ᠲᠡᠵᠢᠭᠡᠯᠲᠦ ᠮᠠᠯ ᠤᠨ ᠲᠤᠭ᠎ᠠ ᠲᠣᠯᠣᠭᠠᠶ | 7000 ᠲᠦᠮᠡ ᠶᠢ ᠳᠠᠪᠠᠵᠤ᠂ ᠬᠤᠨᠢᠨ ᠮᠢᠬ᠎ᠠ᠂ ᠦᠬᠡᠷ ᠤᠨ ᠮᠢᠬ᠎ᠠ᠂ ᠦᠨᠢᠶᠡᠨ ᠰᠦ᠂ ᠢᠮᠠᠭᠠᠨ ᠨᠣᠯᠤᠤᠷ ᠤᠨ | ᠭᠠᠷᠤᠯᠲᠠ ᠲᠣᠰ ᠲᠣᠰ ᠪᠥᠬᠦ ᠤᠯᠤᠰ ᠤᠨ 1/5᠂ 1/10᠂ 1/5᠂ 1/2 ᠶᠢ ᠡᠵᠡᠯᠡᠵᠦ᠂ ᠢᠯᠢ ᠪᠣᠯᠤᠨ ᠮᠧᠩ | ᠨᠢᠦ ᠬᠤᠶᠠᠭᠤᠯᠠ ᠪᠠᠨ ᠪᠥᠬᠦ ᠳᠡᠯᠡᠬᠡᠶ ᠶᠢᠨ ᠰᠦᠨ ᠦᠢᠯᠡᠰ ᠤᠨ ᠠᠷᠪᠠᠨ ᠬᠦᠴᠦᠷᠬᠡᠭ ᠲᠤ ᠣᠷᠣᠵᠤ᠂ ᠲᠣᠰ ᠲᠣᠰ | ᠲᠠᠪᠤᠳᠤᠭᠠᠷ ᠲᠤ ᠪᠠ ᠳᠣᠯᠣᠳᠤᠭᠠᠷ ᠲᠤ ᠣᠷᠣᠪᠠ᠃ ᠥᠪᠥᠷ ᠮᠣᠩᠭᠤᠯ ᠨᠢᠭᠡᠨᠲᠡ ᠤᠯᠤᠰ ᠤᠨ ᠴᠢᠬᠤᠯᠠ ︽ᠠᠮᠤ | ᠪᠤᠳᠠᠭᠠᠨ ᠤ ᠬᠥᠮᠥᠷᠭᠡ︾ ︽ᠮᠢᠬᠠᠨ ᠤ ᠬᠥᠮᠥᠷᠭᠡ︾ ︽ᠰᠠᠭᠠᠯᠢ ᠶᠢᠨ ᠰᠠᠪᠠ︾ ︽ᠨᠣᠯᠤᠤᠷ ᠤᠨ ᠬᠤᠲᠠ︾ | ᠪᠣᠯᠵᠣ᠂ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠪᠥᠬᠦ ᠲᠤᠭ᠎ᠠ ᠪᠥᠬᠦ ᠤᠯᠤᠰ ᠲᠤ ᠲᠡᠷᠢᠭᠦᠯᠡᠵᠦ᠂ ︽ᠮᠣᠩᠭᠤᠯ ᠨᠠᠷᠠᠲᠤ︾ ᠪᠦᠲᠦᠭᠡᠭᠳᠡᠬᠦᠨ ᠪᠥᠬᠦ ᠤᠯᠤᠰ ᠤᠨ ᠡᠯ᠎ᠡ | ᠭᠠᠵᠠᠷ ᠲᠤ ᠪᠣᠷᠣᠯᠠᠭᠤᠯᠭ᠎ᠠ ᠰᠠᠶᠢᠲᠠᠶ ᠪᠠᠶᠢᠨ᠎ᠠ᠃ | ︽ᠬᠥᠳᠡᠭᠡ ᠠᠵᠤ ᠠᠬᠤᠢ ᠲᠣᠭᠲᠠᠭᠤᠨ ᠪᠣᠯᠪᠠᠰᠤ ᠳᠡᠯᠡᠬᠡᠢ ᠳ᠋ᠠᠬᠢᠨ ᠠᠮᠤᠷ ᠠᠮᠤᠭᠤᠯᠠᠩ ᠪᠣᠯᠤᠮᠤᠢ︾᠃ | ᠣᠳᠣᠬᠠᠨ ᠳᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠪᠢᠳᠡ ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ | ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠨᠡᠮᠡᠭᠳᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ | ᠰᠠᠶᠢᠲᠠᠶ ᠪᠥᠭᠡᠳ ᠥᠨᠳᠥᠷ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ | ᠲᠤᠭ᠎ᠠ ᠬᠡᠮᠵᠢᠶ᠎ᠡ ᠶᠢ ᠥᠷᠭᠡᠳᠬᠡᠵᠦ᠂ ᠲᠠᠷᠢᠶᠠᠨ ᠭᠠᠵᠠᠷ ᠪᠡᠯᠴᠢᠭᠡᠷ ᠤᠨ ᠪᠡᠯᠡᠳᠬᠡᠯ ᠡᠬᠢ ᠪᠠᠶᠠᠯᠢᠭ ᠢ | ᠥᠭᠡᠷᠡᠴᠢᠯᠡᠬᠦ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠪᠴᠢᠶ᠎ᠡ ᠶᠢ | ᠥᠷᠭᠡᠳᠬᠡᠨ᠎ᠡ ᠶᠠᠰᠤ ᠴᠢᠨᠠᠷ ᠢ ᠳᠡᠭᠡᠭᠰᠢᠯᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠥᠨᠳᠥᠷ ᠬᠢᠷᠢ ᠲᠦᠪᠰᠢᠨ ᠪᠥᠬᠦᠶ ᠨᠤᠲᠤᠭ ᠪᠡᠯᠴᠢᠭᠡᠷ ᠢ | ᠵᠠᠰᠠᠨ ᠰᠡᠷᠭᠦᠭᠡᠬᠦ ᠶᠢ ᠬᠡᠷᠡᠭᠵᠢᠭᠦᠯᠵᠦ᠂ ᠴᠢᠨᠠᠷ ᠰᠠᠶᠢᠲᠠᠶ ᠦᠷ᠎ᠡ ᠡᠳ᠋ ᠤᠨ ᠡᠬᠢ ᠪᠠᠶᠠᠯᠢᠭ ᠢ ᠪᠤᠶᠢᠵᠢᠭᠤᠯᠤᠨ᠂ | ᠲᠠᠷᠢᠶᠠᠨ ᠭᠠᠵᠠᠷ᠂ ᠡᠪᠡᠰᠦᠲᠦ ᠭᠠᠵᠠᠷ ᠪᠠ ᠦᠷ᠎ᠡ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠭᠠᠷᠤᠯᠲᠠ ᠶᠢᠨ ᠬᠡᠮᠵᠢᠶ᠎ᠡ ᠶᠢ ᠨᠡᠮᠡᠭᠳᠡᠭᠦᠯᠦᠨ᠂ ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ | ᠳᠡᠭᠡᠭᠰᠢᠯᠡᠭᠦᠯᠬᠦ ᠪᠠᠷ ᠳᠠᠮᠵᠢᠭᠤᠯᠤᠨ ᠲᠡᠷᠢᠭᠦᠨ ᠤ ᠲᠠᠷᠢᠮᠠᠯ ᠤᠨ ᠮᠡᠷᠭᠡᠵᠢᠯ ᠢ ᠳᠡᠯᠭᠡᠷᠡᠭᠦᠯᠬᠦ᠂ ᠬᠠᠰᠢᠶᠠᠯᠠᠨ ᠲᠡᠵᠢᠭᠡᠵᠦ | ᠬᠠᠰᠢᠶᠠᠯᠠᠨ ᠲᠡᠵᠢᠭᠡᠬᠦ ᠵᠠᠭᠪᠤᠷ ᠢ ᠳᠡᠯᠭᠡᠷᠡᠭᠦᠯᠬᠦ ᠶᠢ ᠰᠠᠶᠢᠲᠤᠷ ᠠᠳᠬᠤᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠭᠠᠷᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠤᠯᠤᠰ ᠲᠤ ᠨᠡᠩ ᠤᠯᠠᠨ ᠴᠢᠨᠠᠷ ᠰᠠᠶᠢᠲᠠᠶ | ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠠᠩᠭᠠᠬᠤ ᠪᠠᠷ ᠴᠢᠷᠮᠠᠶᠢᠨ᠎ᠠ᠃ | ᠮᠠᠨ ᠤ ᠬᠠᠷᠠᠯᠲᠠ ᠪᠣᠯ᠂ 2025 ᠣᠨ ᠪᠣᠯᠬᠤ ᠳᠤ ᠪᠥᠬᠦ ᠣᠷᠣᠨ ᠤ ᠠᠮᠤ ᠪᠤᠳᠠᠭᠠᠨ ᠤ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ 750 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ | ᠮᠢᠬᠠᠨ ᠤ ᠵᠦᠢᠯ ᠤᠨ ᠶᠡᠷᠦᠩᠬᠡᠶ ᠭᠠᠷᠤᠯᠲᠠ ᠶᠢ 345 ᠲᠦᠮᠡᠨ ᠲᠣᠨ ᠳᠤ ᠬᠦᠷᠦᠭᠦᠯᠵᠦ᠂ ᠲᠦᠭᠦᠬᠡᠶ ᠰᠦ ᠶᠢᠨ | ᠭᠠᠷᠤᠯᠲᠠ ᠶᠢ 1000 ᠲᠦᠮᠡᠨ ᠲᠣᠨ ᠠᠴᠠ ᠳᠡᠭᠡᠭᠰᠢ ᠳᠤ ᠬᠦᠷᠦᠭᠦᠯᠦᠨ᠎ᠡ᠃ | ᠦᠢᠯᠡᠴᠢᠯᠡᠭᠡᠨ ᠤ ᠬᠤᠣᠰ ᠡᠷᠭᠢᠯᠲᠡ᠂ ᠬᠤᠯᠪᠣᠯᠳᠤᠨ ᠨᠡᠪᠲᠡᠷᠡᠯᠴᠡᠬᠦ ᠳᠣᠲᠣᠭᠠᠳᠤ ᠭᠠᠳᠠᠭᠠᠳᠤ᠂ ᠮᠠᠨ ᠤ | ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢᠨ ᠠᠮᠢᠵᠢᠷᠠᠯ ᠤᠨ ᠬᠦᠴᠦᠨ ᠢ ᠢᠯᠡᠷᠡᠭᠦᠯᠪᠡ | ᠥᠪᠥᠷ ᠮᠣᠩᠭᠤᠯ ᠨᠢ ᠳᠣᠲᠣᠷ᠎ᠠ ᠪᠠᠨ ᠨᠠᠢᠮᠠᠨ ᠮᠤᠵᠢ ᠣᠷᠣᠨ ᠲᠠᠢ ᠬᠤᠯᠪᠣᠭᠠᠯᠠᠵᠤ᠂ ᠭᠠᠳᠠᠨ᠎ᠠ ᠪᠠᠨ | ᠤᠷᠤᠰ ᠪᠣᠯᠤᠨ ᠮᠣᠩᠭᠤᠯ ᠤᠯᠤᠰ ᠲᠠᠢ ᠵᠠᠯᠭᠠᠯᠳᠤᠵᠤ᠂ ᠣᠷᠣᠨ ᠪᠠᠶᠢᠷᠢ ᠶᠢᠨ ᠳᠠᠪᠠᠭᠤᠯᠢᠭ ᠢᠶᠠᠷ ᠤᠯᠠᠨ ᠠᠴᠠ | ᠣᠨᠴᠠᠭᠠᠢ ᠪᠠᠶᠢᠵᠤ᠂ ᠲᠡᠦᠬᠡᠨ ᠳᠡᠭᠡᠷ᠎ᠡ ︽ᠲᠠᠯ᠎ᠠ ᠨᠤᠲᠤᠭ ᠤᠨ ᠲᠣᠷᠭᠠᠨ ᠵᠠᠮ︾ ᠪᠣᠯᠤᠨ ︽ᠲᠦᠮᠡᠨ ᠭᠠᠵᠠᠷ ᠤᠨ | ᠴᠠᠢ ᠶᠢᠨ ᠵᠠᠮ︾ ᠤᠨ ᠴᠢᠬᠤᠯᠠ ᠬᠦᠢᠰᠦ ᠪᠠ ᠨᠡᠪᠲᠡᠷᠡᠬᠦ ᠵᠠᠮ ᠪᠠᠶᠢᠵᠤ᠂ ᠤᠳᠤ ᠨᠡᠩ ᠴᠤ ᠳᠤᠮᠳᠠᠳᠤ ᠮᠣᠩᠭᠤᠯ | ᠤᠷᠤᠰ ᠤᠨ ᠠᠵᠤ ᠠᠬᠤᠢ ᠶᠢᠨ ᠬᠤᠩᠬᠢᠯ ᠤᠨ ᠴᠢᠬᠤᠯᠠ ᠵᠠᠩᠭᠢᠯᠠᠭ᠎ᠠ ᠶᠢᠨ ᠴᠡᠭ᠂ ᠤᠯᠤᠰ ᠤᠨ ᠪᠠᠷᠠᠭᠤᠨ ᠬᠡᠰᠡᠭ ᠤᠨ | ᠬᠠᠭᠤᠷᠠᠢ ᠲᠠᠯᠠᠢ ᠶᠢᠨ ᠰᠢᠨ᠎ᠡ ᠨᠡᠪᠲᠡᠷᠡᠬᠦ ᠵᠠᠮ ᠤᠨ ᠴᠢᠬᠤᠯᠠ ᠡᠭᠦᠳᠡ ᠡᠷᠦᠭᠡ ᠪᠤᠯᠵᠤ ᠪᠠᠶᠢᠨ᠎ᠠ᠃ ᠡᠷᠲᠡᠨ ᠤ | ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠴᠢᠬᠤᠯᠠ ᠵᠠᠩᠭᠢᠯᠠᠭ᠎ᠠ ᠶᠢᠨ ᠴᠡᠭ᠂ ᠤᠯᠤᠰ ᠤᠨ | ᠪᠠᠷᠠᠭᠤᠨ ᠬᠡᠰᠡᠭ ᠤᠨ ᠬᠠᠭᠤᠷᠠᠢ ᠲᠠᠯᠠᠢ ᠶᠢᠨ ᠰᠢᠨ᠎ᠡ ᠨᠡᠪᠲᠡᠷᠡᠬᠦ ᠵᠠᠮ ᠤᠨ ᠴᠢᠬᠤᠯᠠ ᠡᠭᠦᠳᠡ ᠡᠷᠦᠭᠡ ᠪᠤᠯᠵᠤ ᠪᠠᠶᠢᠨ᠎ᠠ | ᠃ ᠪᠢᠳᠡ ᠭᠠᠳᠠᠭᠰᠢ ᠨᠡᠭᠡᠭᠡᠯᠲᠡ ᠬᠢᠬᠦ ᠪᠠᠨ ᠲᠠᠰᠤᠷᠠᠯᠲᠠ ᠦᠭᠡᠢ ᠥᠷᠭᠡᠳᠬᠡᠵᠦ᠂ ᠣᠷᠣᠨ ᠪᠦᠰᠡ ᠶᠢᠨ | ᠬᠠᠮᠵᠢᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ | ᠦᠢᠯᠡᠴᠢᠯᠡᠬᠦ ᠶᠢᠨ ᠬᠠᠮᠲᠤ ᠲᠡᠭᠦᠨ ᠳᠤ ᠠᠭᠤᠰᠤᠯᠴᠠᠪᠠ᠃ ᠪᠥᠬᠦ ᠣᠷᠣᠨ ᠤ ᠲᠡᠮᠦᠷ ᠵᠠᠮ ᠤᠨ ᠲᠡᠭᠡᠭᠡᠪᠦᠷᠢ | ᠡᠵᠡᠩᠨᠡᠯᠲᠡ ᠶᠢᠨ ᠵᠠᠮ ᠤᠨ ᠣᠷᠳᠣ 9400 ᠭᠠᠷᠤᠶ ᠺᠢᠯᠣᠮᠧᠲᠷ ᠪᠠᠶᠢᠭᠰᠠᠨ ᠠᠴᠠ ᠪᠠᠨ ᠨᠡᠮᠡᠭᠳᠡᠭᠡᠳ 1.5 ᠲᠦᠮᠡᠨ | ᠺᠢᠯᠣᠮᠧᠲᠷ ᠰᠢᠬᠠᠮ ᠪᠣᠯᠵᠣ᠂ ᠪᠥᠬᠦ ᠤᠯᠤᠰ ᠤᠨ ᠨᠢᠭᠡᠳᠦᠭᠡᠷ ᠲᠤ ᠣᠷᠣᠵᠤ᠂ ᠰᠢᠨ᠎ᠡ ᠪᠠᠷ ᠨᠡᠮᠡᠭᠳᠡᠭᠰᠡᠨ ᠵᠠᠰᠠᠮᠠᠯ | ᠵᠠᠮ ᠤᠨ ᠣᠷᠳᠣ 4.9 ᠲᠦᠮᠡᠨ ᠺᠢᠯᠣᠮᠧᠲᠷ ᠪᠣᠯᠵᠣ᠂ ᠡᠷᠬᠢᠨ ᠲᠣᠭᠤᠷᠢᠨ ᠤ ᠨᠠᠢᠮᠠᠨ ᠮᠤᠵᠢ ᠣᠷᠣᠨ ᠤ ᠳᠡᠭᠡᠳᠦ | ᠲᠠᠰ ᠤᠨ ᠵᠠᠰᠠᠮᠠᠯ ᠵᠠᠮ ᠲᠠᠢ ᠪᠥᠬᠦ ᠲᠠᠯ᠎ᠠ ᠪᠠᠷ ᠨᠡᠪᠲᠡᠷᠡᠵᠦ᠂ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ 15 | ᠪᠠᠶᠢᠭᠰᠠᠨ ᠠᠴᠠ ᠪᠠᠨ ᠨᠡᠮᠡᠭᠳᠡᠭᠡᠳ 43 ᠪᠣᠯᠵᠣ᠂ ᠬᠥᠬᠡᠬᠤᠲᠠ ᠪᠤᠭᠤᠲᠤ ᠣᠷᠳᠣᠰ ᠤᠯᠠᠭᠠᠨᠬᠠᠳᠠ᠂ ᠲᠦᠩᠯᠢᠶᠣᠤ | ᠵᠡᠷᠭᠡ ᠭᠠᠵᠠᠷ ᠨᠡᠶᠢᠰᠯᠡᠯ ᠤᠨ 2.5 ᠴᠠᠭ ᠤᠨ ︽ᠠᠵᠢᠯ ᠳᠤ ᠭᠠᠷᠬᠤ ᠲᠣᠭᠤᠷᠢᠭ︾ ᠲᠤ ᠠᠭᠤᠰᠤᠨ ᠣᠷᠣᠵᠤ᠂ | ᠳᠣᠲᠣᠨ᠎ᠠ ᠭᠠᠳᠠᠨᠠᠬᠢ ᠶᠢ ᠬᠤᠯᠪᠣᠭᠰᠠᠨ ︽ᠵᠠᠮ ᠬᠠᠷᠢᠯᠴᠠᠭᠠᠨ ᠤ ᠲᠣᠤᠷ︾ ᠶᠠᠪᠤᠬᠤ ᠲᠤᠲᠤᠮ ᠨᠢᠭᠲᠠ ᠪᠣᠯᠪᠠ᠃ | ᠤᠯᠤᠰ ᠤᠨ ᠳᠣᠲᠣᠭᠠᠳᠤ ᠶᠢᠨ ︵ᠣᠷᠣᠨ ᠤ ᠭᠠᠳᠠᠨᠠᠬᠢ︶ ᠶᠢᠨ ᠪᠠᠯᠠ ᠮᠥᠩᠭᠦ ᠶᠢ ᠨᠡᠶᠢᠲᠡ 2.9 ᠲᠦᠮᠡᠨ | ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠪᠥᠬᠦ ᠣᠷᠣᠨ ᠤ ᠪᠠᠯᠠ ᠣᠷᠣᠭᠤᠯᠤᠯᠲᠠ ᠳᠤ ᠡᠵᠡᠯᠡᠬᠦ | ᠬᠤᠪᠢ ᠶᠢᠨ ᠵᠢᠩ 26.8% ᠪᠠᠶᠢᠭᠰᠠᠨ ᠠᠴᠠ ᠪᠠᠨ 43.5% ᠪᠣᠯᠤᠨ ᠳᠡᠭᠡᠭᠰᠢᠯᠡᠵᠦ᠂ ᠣᠷᠣᠨ ᠪᠦᠰᠡ ᠶᠢᠨ | ᠬᠠᠮᠵᠢᠯᠴᠠᠭ᠎ᠠ ᠶᠢᠨ ︽ᠬᠠᠷᠢᠴᠠᠭᠠᠨ ᠤ ᠲᠣᠤᠷ︾ ᠢ ᠤᠯᠠᠮ ᠠᠴᠠ ᠤᠯᠠᠮ ᠥᠷᠭᠡᠳᠬᠡᠪᠡ᠃ ᠭᠠᠳᠠᠭᠠᠳᠤ | ᠨᠡᠬᠡᠬᠡᠯᠳᠡ ᠶᠢᠨ ᠪᠣᠭᠤᠮᠲᠠ 12 ᠪᠠᠶᠢᠭᠰᠠᠨ ᠠᠴᠠ ᠪᠠᠨ ᠨᠡᠮᠡᠭᠳᠡᠭᠡᠳ 20 ᠪᠤᠯᠵᠤ᠂ ᠬᠢᠯᠢ ᠪᠠᠷ ᠥᠩᠭᠡᠷᠡᠬᠦ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2013 ᠣᠨ ᠳᠤ 3 ᠪᠠᠶᠢᠭᠰᠠᠨ ᠠᠴᠠ ᠪᠠᠨ ᠨᠡᠮᠡᠭᠳᠡᠭᠡᠳ ᠨᠢᠳᠤᠨᠤᠨ | 6100 ᠭᠠᠷᠤᠢ ᠪᠤᠯᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2016 ᠣᠨ ᠳᠤ 30 | ᠭᠠᠷᠤᠢ ᠪᠠᠶᠢᠭᠰᠠᠨ ᠠᠴᠠ ᠪᠠᠨ ᠨᠡᠮᠡᠭᠳᠡᠭᠡᠳ ᠨᠢᠳᠤᠨᠤᠨ 300 ᠭᠠᠷᠤᠢ ᠪᠤᠯᠵᠤ᠂ ᠮᠠᠨᠵᠤᠤᠷ᠂ ᠡᠷᠢᠶᠡᠨ ᠬᠤᠳᠠ ᠶᠢᠨ | ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠨᠡᠶᠢᠳᠡ | ᠲᠦᠮᠡᠨ ᠶᠡᠭᠡ ᠪᠣᠭᠤᠮᠲᠠ ᠶᠢ ᠳᠠᠪᠠᠵᠤ᠂ ᠬᠢᠯᠢ ᠶᠢᠨ ᠬᠠᠭᠤᠷᠠᠢ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ | ᠶᠡᠷᠦᠩᠬᠡᠢ ᠭᠡᠮᠵᠢᠶ᠎ᠡ ᠪᠦᠬᠦ ᠤᠯᠤᠰ ᠤᠨ ᠲᠡᠷᠢᠭᠦᠨ ᠳᠤ ᠣᠷᠣᠪᠠ᠃ | ᠨᠡᠭᠡᠭᠡᠯᠳᠡ ᠶᠢ ᠪᠦᠬᠦ ᠲᠠᠯ᠎ᠠ ᠪᠠᠷ ᠥᠷᠭᠡᠳᠬᠡᠬᠦ ᠪᠣᠯ ᠮᠠᠨ ᠤ ᠤᠯᠤᠰ ᠤᠨ ᠠᠵᠤ ᠠᠬᠤᠶ ᠶᠢᠨ | ᠬᠥᠭᠵᠢᠯᠲᠡ ᠶᠢᠨ ᠴᠢᠬᠤᠯᠠ ᠡᠷᠳᠡᠨᠢ ᠮᠥᠨ᠃ ᠪᠢᠳᠡ ᠨᠡᠩ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ | ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠳᠣᠣᠷᠠᠬᠢ ᠭᠠᠳᠠᠭᠠᠳᠤ ᠨᠡᠭᠡᠭᠡᠯᠲᠡ ᠶᠢᠨ ᠰᠢᠨ᠎ᠡ ᠲᠣᠭᠲᠠᠴᠠ ᠶᠢ ᠢᠳᠡᠪᠬᠢᠲᠡᠶ | ᠰᠦᠪᠡᠭᠴᠢᠯᠡᠵᠦ᠂ ᠬᠠᠲᠠᠭᠤ ᠬᠡᠷᠡᠭᠰᠡᠯ ᠵᠥᠭᠡᠯᠡᠨ ᠲᠤᠨᠤᠭ ᠢ ᠵᠡᠷᠭᠡᠪᠡᠷ ᠠᠳᠬᠤᠬᠤ᠂ ᠳᠣᠲᠣᠭᠠᠳᠤ ᠭᠠᠳᠠᠭᠠᠳᠤ ᠶᠢᠨ | ᠣᠷᠴᠢᠯ ᠢ ᠵᠡᠷᠭᠡᠪᠡᠷ ᠠᠬᠢᠭᠤᠯᠬᠤ᠂ ᠪᠣᠭᠤᠮᠲᠠ ᠶᠢᠨ ᠥᠷᠥᠴᠡ ᠭᠠᠵᠠᠷ ᠢ ᠬᠠᠮᠲᠤᠪᠠᠷ ᠬᠥᠭᠵᠢᠭᠦᠯᠬᠦ ᠶᠢ ᠪᠠᠷᠢᠮᠲᠠᠯᠠᠵᠤ᠂ | ︽ᠠᠵᠤ ᠠᠬᠤᠢ ᠶᠢᠨ ᠨᠡᠪᠳᠡᠷᠡᠯ ᠵᠠᠮ︾ ᠢ ︽ᠨᠡᠪᠳᠡᠷᠡᠯ ᠵᠠᠮ ᠤᠨ ᠠᠵᠤ ᠠᠬᠤᠢ︾ ᠪᠣᠯᠭᠠᠨ ᠬᠤᠪᠢᠷᠠᠭᠤᠯᠬᠤ ᠶᠢ | ᠲᠦᠷᠭᠡᠳᠬᠡᠨ ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠡᠷᠭᠢᠯᠲᠡ᠂ ᠤᠯᠤᠰ ᠤᠨ ᠳᠣᠲᠣᠭᠠᠳᠤ ᠶᠢᠨ | ᠤᠯᠠᠨ ᠤᠯᠤᠰ ᠤᠨ ᠬᠤᠣᠰ ᠣᠷᠴᠢᠯ ᠳᠤ ᠨᠡᠩ ᠰᠠᠶᠢᠲᠤᠷ ᠠᠭᠤᠰᠤᠯᠴᠠᠵᠤ᠂ ᠥᠪᠥᠷ ᠮᠣᠩᠭᠤᠯ ᠢ ᠡᠬᠢ ᠪᠠᠶᠠᠯᠢᠭ ᠢ | ᠲᠥᠪᠯᠡᠷᠡᠭᠦᠯᠦᠨ ᠲᠥᠪᠯᠡᠷᠡᠭᠦᠯᠵᠦ ᠲᠠᠷᠬᠠᠭᠠᠭᠰᠠᠨ᠂ ᠡᠯᠧᠮᠧᠨ᠋ᠲ ᠢ ᠠᠭᠤᠰᠤᠯᠴᠠᠭᠤᠯᠤᠨ ᠠᠭᠤᠰᠤᠯᠴᠠᠭᠤᠯᠤᠨ | ᠨᠡᠪᠲᠡᠷᠡᠭᠦᠯᠦᠭᠰᠡᠨ ᠪᠦᠬᠦ ᠣᠷᠣᠨ ᠪᠦᠰᠡ ᠶᠢᠨ ᠨᠡᠭᠡᠭᠡᠯᠲᠡᠲᠦ ᠲᠠᠪᠴᠠᠩ ᠪᠣᠯᠭᠠᠨ ᠪᠠᠶᠢᠭᠤᠯᠤᠨ᠎ᠠ᠃ | ︽ᠤᠮᠠᠷᠠᠲᠤ ᠶᠡᠭᠡ ᠬᠠᠭᠠᠯᠭ᠎ᠠ︾ ᠶᠢ ᠰᠠᠶᠢᠲᠤᠷ ᠰᠠᠬᠢᠵᠤ᠂ ︽ᠬᠤᠳᠠ ᠶᠢ ᠬᠠᠮᠠᠭᠠᠯᠠᠬᠤ ᠭᠤᠣᠯ︾ ᠢ | ᠰᠠᠶᠢᠲᠤᠷ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠨᠡᠩ ᠪᠠᠬᠢᠵᠢᠭᠦᠯᠪᠡ | ᠥᠪᠥᠷ ᠮᠣᠩᠭᠤᠯ ︽ᠤᠮᠠᠷᠠᠲᠤ ᠶᠢᠨ ᠭᠤᠷᠪᠠᠨ ᠣᠷᠣᠨ︾ ᠢ ᠰᠤᠨᠳᠠᠯᠠᠵᠤ᠂ ᠪᠡᠭᠡᠵᠢᠩ ᠳᠤ ᠣᠶᠢᠷᠠᠳᠴᠤ | ᠂ 4000 ᠭᠠᠷᠤᠢ ᠺᠢᠯᠣᠮᠧᠲᠷ ᠤᠨ ᠬᠢᠯᠢ ᠶᠢᠨ ᠱᠤᠭᠤᠮ᠂ 36 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ | ᠬᠢᠯᠢ ᠶᠢᠨ ᠬᠠᠮᠢᠶᠠᠷᠤᠯᠲᠠ ᠶᠢᠨ ᠣᠷᠣᠨ ᠲᠠᠢ ᠪᠠᠶᠢᠵᠤ᠂ ᠤᠯᠤᠰ ᠤᠨ ᠠᠮᠤᠷ ᠲᠦᠪᠰᠢᠨ ᠪᠣᠯᠤᠨ ᠬᠢᠯᠢ ᠬᠢᠵᠠᠭᠠᠷ ᠤᠨ | ᠠᠮᠤᠷ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ | ᠡᠭᠦᠷᠭᠡᠯᠡᠵᠦ ᠪᠤᠢ᠃ ᠪᠢᠳᠡ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ | ᠬᠢᠵᠠᠭᠠᠷ ᠢᠶᠠᠨ ᠬᠦᠴᠦᠷᠬᠡᠭᠵᠢᠭᠦᠯᠵᠦ ᠰᠡᠷᠭᠡᠶᠢᠯᠡᠯᠲᠡ ᠪᠠᠨ ᠪᠠᠬᠢᠵᠢᠭᠦᠯᠬᠦ ᠶᠢ ᠪᠠᠷᠢᠮᠲᠠᠯᠠᠵᠤ᠂ ︽ᠨᠠᠮ ᠤᠨ ᠬᠤᠷᠢᠶ᠎ᠡ | ᠴᠢᠭᠯᠡᠯ ᠢ ᠡᠵᠡᠮᠳᠡᠬᠦ᠂ ᠵᠠᠰᠠᠭ ᠤᠨ ᠣᠷᠳᠣᠨ ᠶᠡᠷᠦᠩᠬᠡᠢ ᠵᠣᠬᠢᠴᠠᠭᠤᠯᠬᠤ᠂ ᠴᠡᠷᠢᠭ ᠠᠩᠬᠢ ᠪᠠᠷ ᠭᠤᠣᠯᠯᠠᠭᠴᠢ | ᠪᠣᠯᠭᠠᠬᠤ᠂ ᠴᠠᠭᠳᠠᠭᠠᠨ ᠤ ᠲᠠᠯ᠎ᠠ ᠶᠢᠨ ᠬᠢᠨ ᠵᠠᠰᠠᠯᠲᠠ ᠶᠢ ᠠᠳᠬᠤᠬᠤ᠂ ᠠᠷᠠᠳ ᠤᠯᠠᠨ ᠢᠶᠠᠷ ᠰᠠᠭᠤᠷᠢ ᠪᠣᠯᠭᠠᠬᠤ︾ | ᠬᠢᠯᠢ ᠶᠢᠨ ᠬᠠᠮᠠᠭᠠᠯᠠᠯᠲᠠ ᠶᠢᠨ ᠬᠠᠮᠢᠶᠠᠷᠤᠨ ᠡᠵᠡᠮᠳᠡᠬᠦ ᠬᠦᠴᠦᠨ ᠤ ᠰᠢᠰᠲ᠋ᠧᠮ ᠢ ᠦᠷᠭᠦᠯᠵᠢᠯᠡᠨ ᠪᠠᠶᠢᠭᠤᠯᠤᠨ | ᠬᠦᠴᠦᠷᠬᠡᠭᠵᠢᠭᠦᠯᠵᠦ᠂ ᠬᠠᠮᠲᠤᠷᠠᠭᠰᠠᠨ ᠨᠠᠮ ᠤᠨ ᠪᠠᠶᠢᠭᠤᠯᠤᠯᠲᠠ ᠪᠠᠷ ᠴᠢᠳᠠᠮᠵᠢᠳᠦ ᠨᠠᠮ ᠤᠨ ᠡᠭᠦᠷ ᠢ ᠪᠠᠶᠢᠭᠤᠯᠵᠤ᠂ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ | ᠰᠠᠭᠤᠷᠢ ᠶᠢ ᠪᠠᠲᠤᠳᠬᠠᠵᠤ᠂ ᠲᠠᠯ᠎ᠠ ᠨᠤᠲᠤᠭ ᠤᠨ 110᠂ ᠬᠢᠯᠢ ᠬᠢᠵᠠᠭᠠᠷ ᠢ ᠬᠠᠮᠠᠭᠠᠯᠠᠬᠤ ᠴᠠᠭᠳᠠᠭᠠᠨ ᠤ | ᠶᠠᠪᠤᠳᠠᠯ ᠤᠨ ᠲᠠᠰᠤᠭ᠂ ᠮᠣᠩᠭᠤᠯ ᠭᠡᠷ ᠤᠨ ᠬᠠᠷᠠᠭᠤᠯ ᠤᠨ ᠭᠠᠵᠠᠷ᠂ ᠤᠯᠠᠭᠠᠨ ᠪᠠᠬᠢᠯᠡᠯᠲᠡ ᠶᠢᠨ ᠡᠷᠦᠭᠡ ᠵᠡᠷᠭᠡ | ᠪᠦᠲᠦᠮᠵᠢᠲᠡᠢ ᠠᠷᠭ᠎ᠠ ᠬᠢᠳᠡᠯ ᠢ ᠰᠦᠪᠡᠭᠴᠢᠯᠡᠨ ᠬᠡᠷᠡᠭᠵᠢᠭᠦᠯᠵᠦ᠂ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ | ᠬᠢᠵᠠᠭᠠᠷ ᠢ ᠪᠠᠬᠢᠵᠢᠭᠦᠯᠬᠦ ︽ᠲᠩᠷᠢ ᠭᠠᠵᠠᠷ ᠢ ᠪᠦᠷᠬᠦᠭᠰᠡᠨ ᠲᠣᠣᠷ︾ ᠢ ᠪᠠᠶᠢᠭᠤᠯᠤᠨ᠎ᠠ᠃ ᠡᠬᠡ ᠤᠯᠤᠰ ᠤᠨ ᠬᠢᠯᠢ | ᠬᠢᠵᠠᠭᠠᠷ ᠢ ᠰᠠᠶᠢᠲᠤᠷ ᠰᠠᠬᠢᠬᠤ ᠶᠢᠨ ᠬᠠᠮᠲᠤ᠂ ᠪᠢᠳᠡ ᠠᠮᠤᠷ ᠠᠮᠤᠭᠤᠯᠠᠩ ᠥᠪᠥᠷ ᠮᠣᠩᠭᠤᠯ᠂ ᠬᠠᠤᠯᠢ ᠪᠠᠷ ᠵᠠᠰᠠᠬᠤ | ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠪᠥᠬᠦ ᠣᠷᠣᠨ ᠤ 12 | ᠠᠶᠢᠮᠠᠭ ᠬᠤᠲᠠ ᠶᠢ ᠪᠦᠬᠦᠨ ᠢ ︽ᠪᠥᠬᠦ ᠤᠯᠤᠰ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ︾ ᠳᠤ ᠣᠷᠣᠭᠤᠯᠵᠤ᠂ ᠣᠯᠠᠨ ᠲᠦᠮᠡᠨ ᠤ ᠨᠡᠶᠢᠭᠡᠮ ᠤᠨ ᠠᠮᠤᠷ ᠲᠦᠪᠰᠢᠨ ᠤ | ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ 90.6% ᠪᠠᠶᠢᠭᠰᠠᠨ ᠠᠴᠠ ᠪᠠᠨ 98.4% ᠪᠣᠯᠵᠣ ᠳᠡᠭᠡᠭᠰᠢᠯᠡᠪᠡ᠃ | ︽ᠬᠢᠯᠢ ᠬᠢᠵᠠᠭᠠᠷ ᠬᠥᠭᠵᠢᠪᠡᠯ ᠬᠢᠯᠢ ᠬᠢᠵᠠᠭᠠᠷ ᠲᠣᠭᠲᠠᠭᠤᠨ᠂ ᠬᠢᠯᠢ ᠶᠢᠨ ᠠᠷᠠᠳ ᠪᠠᠶᠠᠵᠢᠪᠠᠯ ᠬᠢᠯᠢ ᠶᠢᠨ | ᠬᠠᠮᠠᠭᠠᠯᠠᠯᠲᠠ ᠪᠠᠬᠢᠵᠢᠨ᠎ᠡ︾᠃ ᠪᠢᠳᠡ ᠬᠢᠯᠢ ᠬᠢᠵᠠᠭᠠᠷ ᠣᠷᠣᠨ ᠤ ᠬᠥᠮᠦᠨ ᠠᠮᠠ ᠶᠢᠨ ︽ᠬᠥᠨᠳᠡᠶᠢᠷᠡᠬᠦ︾ | ᠠᠰᠠᠭᠤᠳᠠᠯ ᠳᠤ ᠴᠢᠭᠯᠡᠭᠦᠯᠦᠨ᠂ ᠬᠢᠯᠢ ᠬᠢᠵᠠᠭᠠᠷ ᠣᠷᠣᠨ ᠢ ᠪᠠᠬᠢᠵᠢᠭᠦᠯᠦᠨ ᠬᠢᠯᠢ ᠬᠢᠵᠠᠭᠠᠷ ᠣᠷᠣᠨ ᠢ ᠬᠥᠭᠵᠢᠭᠦᠯᠵᠦ | ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ | ᠠᠵᠤ ᠦᠢᠯᠡᠰ ᠢᠶᠠᠨ ᠬᠥᠭᠵᠢᠭᠦᠯᠵᠦ᠂ ᠬᠢᠯᠢ ᠬᠢᠵᠠᠭᠠᠷ ᠣᠷᠣᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ | ᠪᠠ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠨᠠᠩ ᠣᠯᠠᠨ ᠬᠥᠮᠦᠨ ᠢ ᠬᠢᠯᠢ ᠬᠢᠵᠠᠭᠠᠷ ᠣᠷᠣᠨ ᠳᠤ ᠣᠴᠢᠭᠤᠯᠤᠨ ᠠᠵᠢᠯ ᠦᠢᠯᠡᠰ | ᠴᠣᠭᠴᠠᠯᠠᠭᠤᠯᠤᠨ ᠠᠮᠤᠷ ᠲᠠᠶᠢᠪᠤᠩ ᠠᠮᠢᠳᠤᠷᠠᠭᠤᠯᠵᠤ᠂ ᠬᠢᠯᠢ ᠬᠢᠵᠠᠭᠠᠷ ᠣᠷᠣᠨ ᠢᠶᠠᠨ ᠰᠠᠬᠢᠨ ᠬᠠᠮᠠᠭᠠᠯᠠᠭᠤᠯᠬᠤ ᠪᠠᠷ | ᠴᠢᠷᠮᠠᠶᠢᠨ᠎ᠠ᠃ ᠡᠭᠦᠨ ᠤ ᠬᠠᠮᠲᠤ᠂ ᠠᠮᠤᠷ ᠲᠦᠪᠰᠢᠨ ᠬᠥᠭᠵᠢᠯᠲᠡ ᠶᠢ ᠬᠥᠭᠵᠢᠯᠲᠡ ᠶᠢᠨ ᠡᠯ᠎ᠡ ᠭᠦᠷᠢᠶ᠎ᠡ ᠪᠣᠯᠤᠨ | ᠪᠦᠬᠦ ᠶᠠᠪᠤᠴᠠ ᠳᠤ ᠲᠤᠤᠱᠯᠠᠭᠤᠯᠵᠤ᠂ ᠶᠡᠭᠡ ᠠᠮᠤᠷ ᠲᠦᠪᠰᠢᠨ ᠤ ᠪᠠᠶᠢᠷᠢᠰᠢᠯ ᠢ ᠲᠦᠷᠭᠡᠨ ᠪᠠᠶᠢᠭᠤᠯᠵᠤ᠂ ᠶᠡᠭᠡ | ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ | ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠠᠬᠢᠭᠤᠯᠵᠤ᠂ ᠥᠪᠥᠷ ᠮᠣᠩᠭᠤᠯ ᠤᠨ ᠲᠣᠭᠲᠠᠭᠤᠨ ᠢᠶᠠᠷ ᠬᠢᠯᠢ | ᠬᠢᠵᠠᠭᠠᠷ ᠤᠨ ᠠᠮᠤᠷ ᠲᠦᠪᠰᠢᠨ ᠢ ᠨᠡᠩ ᠰᠠᠶᠢᠲᠤᠷ ᠬᠠᠮᠠᠭᠠᠯᠠᠵᠤ᠂ ᠨᠡᠶᠢᠰᠯᠡᠯ ᠤᠨ ᠠᠮᠤᠷ ᠲᠦᠪᠰᠢᠨ ᠢ ᠨᠡᠩ | ᠰᠠᠶᠢᠲᠤᠷ ᠬᠠᠮᠠᠭᠠᠯᠠᠬᠤ ᠬᠡᠷᠡᠭᠲᠡᠢ᠃ | ᠨᠠᠮ ᠤᠨ ᠠᠴᠢ ᠲᠤᠰᠠ ᠶᠢ ᠴᠢᠩ ᠰᠡᠳᠬᠢᠯ ᠠᠴᠠ ᠪᠠᠨ ᠮᠡᠳᠡᠷᠡᠵᠦ᠂ ᠨᠠᠮ ᠤᠨ ᠦᠭᠡ ᠶᠢ ᠡᠷᠡᠰ | ᠰᠣᠨᠣᠰᠴᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠠᠯᠳᠠᠨ ᠦᠰᠦᠭᠲᠦ ᠫᠠᠶᠢᠰᠠ ᠤᠯᠠᠮ ᠠᠴᠠ ᠤᠯᠠᠮ | ᠭᠡᠷᠡᠯᠳᠤᠵᠠᠢ | ᠥᠪᠥᠷ ᠮᠣᠩᠭᠤᠯ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠪᠣᠯᠤᠭᠰᠠᠨ ᠤ ᠬᠤᠪᠢ ᠳᠤ᠂ | ᠵᠢᠱᠢᠶᠡᠴᠢ ᠨᠢ ᠨᠠᠮ ᠤᠨ ᠦᠭᠡ ᠶᠢ ᠰᠣᠨᠣᠰᠬᠤ ᠳᠡᠭᠡᠷ᠎ᠡ ᠵᠢᠱᠢᠶᠡᠴᠢ ᠪᠣᠯᠳᠠᠭ᠃ ᠲᠤᠬᠠᠢ ᠶᠢᠨ ᠵᠢᠯ ᠳᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠠᠷᠤᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠳ | ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠂ ᠬᠤᠵᠢᠮ ᠨᠢ ᠥᠪᠡᠷᠲᠡᠭᠡᠨ ᠵᠠᠰᠠᠬᠤ ᠣᠷᠣᠨ ᠤ ᠡᠯ᠎ᠡ | ᠵᠦᠢᠯ ᠤᠨ ᠦᠢᠯᠡᠰ ᠤᠨ ᠬᠥᠭᠵᠢᠯᠲᠡ ᠶᠢ ᠴᠥᠮ ᠨᠠᠮ ᠤᠨ ᠲᠥᠪ ᠬᠤᠷᠢᠶᠠᠨ ᠤ ᠬᠠᠯᠠᠮᠵᠢᠯᠠᠯ ᠳᠡᠮᠵᠢᠯᠭᠡ ᠶᠢᠨ ᠳᠣᠣᠷ᠎ᠠ | ᠣᠯᠤᠭᠰᠠᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠤᠳᠠᠭ᠎ᠠ ᠪᠦᠷᠢ ᠶᠢᠨ ᠠᠳᠡᠭᠦᠦ ᠪᠤᠷᠤᠭᠤ ᠶᠢ ᠴᠥᠮ | ᠨᠠᠮ ᠤᠨ ᠲᠥᠪ ᠬᠤᠷᠢᠶ᠎ᠡ ᠬᠠᠪᠰᠤᠷᠤᠨ ᠵᠠᠯᠠᠷᠠᠭᠤᠯᠤᠭᠰᠠᠨ ᠶᠤᠮ᠃ ᠨᠠᠮ ᠤᠨ ᠤᠳᠤᠷᠢᠳᠤᠯᠭ᠎ᠠ ᠪᠠᠶᠢᠭᠰᠠᠨ ᠠᠴᠠ | ᠨᠠᠮ ᠤᠨ ᠦᠭᠡ ᠶᠢ ᠰᠣᠨᠣᠰᠤᠭᠰᠠᠨ ᠠᠴᠠ ᠰᠠᠶ᠋ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠤᠢ ᠪᠤᠯᠵᠤ᠂ | ᠥᠪᠥᠷ ᠮᠣᠩᠭᠤᠯ ᠤᠨ ᠥᠨᠥᠳᠦᠷ ᠤᠨ ᠡᠯ᠎ᠡ ᠵᠦᠢᠯ ᠤᠨ ᠠᠵᠢᠯ ᠦᠢᠯᠡᠰ ᠬᠥᠭᠵᠢᠨ ᠮᠠᠨᠳᠤᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠲᠠᠢ ᠪᠣᠯᠤᠭᠰᠠᠨ ᠶᠤᠮ᠃ | ᠪᠢᠳᠡ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠲᠤᠭ ᠢ ᠢᠮᠠᠭᠲᠠ ᠥᠨᠳᠥᠷ ᠮᠠᠨᠳᠤᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠤᠣᠯ | ᠰᠢᠵᠢᠮ ᠲᠠᠢ ᠨᠢᠭᠲᠠ ᠤᠶᠠᠯᠳᠤᠭᠤᠯᠤᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠡᠷᠡᠭᠦᠯ ᠢᠶᠠᠷ | ᠭᠦᠨᠵᠡᠭᠡᠢ ᠬᠥᠭᠵᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠦᠨᠡᠨ ᠰᠡᠳᠬᠢᠯ ᠠᠴᠠ ᠪᠠᠨ | ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠪᠠ᠃ ᠨᠠᠮ ᠤᠨ ᠲᠥᠪ | ᠬᠤᠷᠢᠶᠠᠨ ᠤ ᠬᠠᠯᠠᠮᠵᠢᠯᠠᠯ ᠪᠠ ᠳᠡᠮᠵᠢᠯᠭᠡ ᠳᠣᠣᠷ᠎ᠠ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠤ ᠠᠮᠢᠳᠤᠷᠠᠯ ᠶᠠᠪᠤᠬᠤ ᠲᠤᠲᠤᠮ ᠥᠭᠡᠳᠡᠯᠡᠵᠦ᠂ 157 ᠲᠦᠮᠡᠨ ᠲᠠᠩᠰᠠᠯᠠᠨ ᠺᠠᠷᠲᠯᠠᠭᠰᠠᠨ ᠶᠠᠳᠠᠭᠤ | ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠪᠦᠬᠦ ᠤᠯᠤᠰ ᠤᠨ ᠠᠷᠠᠳ | ᠲᠦᠮᠡᠨ ᠲᠠᠢ ᠬᠠᠮᠲᠤᠪᠠᠷ ᠪᠦᠬᠦ ᠲᠠᠯ᠎ᠠ ᠪᠠᠷ ᠴᠢᠨᠡᠭᠡᠯᠢᠭᠵᠢᠬᠦ ᠵᠡᠭᠦᠳᠦ ᠶᠢ ᠲᠡᠷᠭᠡᠯᠰᠢᠭᠦᠯᠵᠦ᠂ ᠪᠦᠬᠦ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 16800 ᠲᠥᠭᠦᠷᠢᠭ ᠪᠠᠶᠢᠭᠰᠠᠨ ᠠᠴᠠ ᠪᠠᠨ | ᠨᠡᠮᠡᠭᠳᠡᠭᠡᠳ 34108 ᠲᠥᠭᠦᠷᠢᠭ ᠲᠤ ᠬᠦᠷᠴᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ 2012 ᠣᠨ ᠤ ᠬᠢ ᠠᠴᠠ ᠲᠤᠰ ᠲᠤᠰ 54 ᠲᠡᠭᠰᠢ | ᠳᠥᠷᠪᠡᠯᠵᠢᠨ ᠮᠧᠲᠷ ᠪᠠ 79 ᠲᠡᠭᠰᠢ ᠳᠥᠷᠪᠡᠯᠵᠢᠨ ᠮᠧᠲᠷ ᠨᠡᠮᠡᠭᠳᠡᠵᠦ᠂ ᠬᠤᠳᠠ ᠶᠢᠨ ᠬᠥᠮᠦᠨ ᠳᠤᠮᠳᠠᠴᠢ ᠶᠢᠨ | ᠴᠡᠴᠡᠷᠯᠢᠭ ᠤᠨ ᠨᠣᠭᠤᠭᠠᠨ ᠭᠠᠵᠠᠷ ᠤᠨ ᠲᠠᠯᠠᠪᠠᠢ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 40% | ᠰᠢᠬᠠᠮ ᠥᠨᠳᠥᠷ ᠪᠤᠯᠵᠤ᠂ ᠵᠠᠭᠤᠨ ᠬᠥᠮᠦᠨ ᠤ ᠮᠠᠰᠢᠨ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ ᠪᠦᠬᠦ ᠤᠯᠤᠰ ᠤᠨ | ᠭᠤᠷᠪᠠᠳᠤᠭᠠᠷ ᠲᠤ ᠣᠷᠣᠵᠤ᠂ ᠭᠤᠣᠯ ᠪᠣᠯᠬᠤ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠦᠬᠦ ᠤᠯᠤᠰ ᠤᠨ | ᠳᠤᠮᠳᠠᠴᠢ ᠬᠢᠷᠢ ᠲᠦᠪᠰᠢᠨ ᠳᠤ ᠬᠦᠷᠦᠭᠰᠡᠨ ᠪᠤᠶᠤ ᠲᠡᠭᠦᠨ ᠠᠴᠠ ᠳᠠᠪᠠᠭᠰᠠᠨ ᠪᠠᠶᠢᠨ᠎ᠠ᠃ | ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ | ᠮᠥᠨ᠃ ᠪᠢᠳᠡ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠬᠤᠪᠢᠰᠬᠠᠯ ᠤᠨ ᠭᠧᠨ ᠢ ᠤᠯᠠᠮᠵᠢᠯᠠᠨ ᠵᠠᠯᠭᠠᠮᠵᠢᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ ᠡᠨᠡᠬᠦ ᠭᠤᠣᠯ | ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠡᠯ᠎ᠡ ᠵᠦᠢᠯ ᠤᠨ ᠠᠵᠢᠯ ᠢ ᠪᠣᠳᠠᠲᠠᠶ | ᠪᠥᠭᠡᠳ ᠪᠦᠲᠦᠮᠵᠢᠲᠡᠶ ᠰᠠᠶᠢᠨ ᠬᠢᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠵᠢᠯ ᠣᠯᠭᠤᠯᠲᠠ᠂ ᠰᠤᠷᠭᠠᠨ | ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ | ᠪᠣᠳᠠᠲᠠᠢ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠳᠤ ᠨᠡᠩ | ᠶᠡᠭᠡ ᠬᠤᠪᠢᠷᠠᠯᠲᠠ ᠶᠢ ᠦᠵᠡᠭᠦᠯᠵᠦ᠂ ᠨᠡᠩ ᠤᠯᠠᠨ ᠪᠣᠳᠠᠲᠤ ᠠᠰᠢᠭ ᠬᠦᠷᠲᠡᠭᠡᠵᠦ᠂ ᠨᠡᠩ ᠵᠣᠯ ᠵᠢᠷᠭᠠᠯ ᠲᠠᠢ | ᠰᠠᠨᠠᠭᠳᠠᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ | ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠦᠳᠦᠭᠡᠨ | ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠬᠤ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠨᠠᠮ ᠢ ᠴᠢᠩᠭ᠎ᠠ ᠵᠠᠰᠠᠬᠤ ᠶᠢ ᠠᠳᠬᠤᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠵᠤ᠂ | ᠤᠯᠤᠰ ᠲᠥᠷᠥ ᠶᠢᠨ ᠠᠮᠢ ᠠᠬᠤᠶ ᠶᠢ ᠲᠦᠷᠭᠡᠳᠬᠡᠨ ᠴᠡᠪᠡᠷᠰᠢᠭᠦᠯᠵᠦ ᠰᠡᠷᠭᠦᠭᠡᠪᠡ | ᠥᠩᠭᠡᠷᠡᠭᠰᠡᠨ ᠨᠢᠭᠡ ᠬᠤᠭᠤᠴᠠᠭᠠᠨ ᠳᠤ᠂ ᠥᠪᠥᠷ ᠮᠣᠩᠭᠤᠯ ᠤᠨ ᠵᠠᠷᠢᠮ ᠭᠠᠵᠠᠷ ᠣᠷᠣᠨ ᠪᠠ | ᠬᠦᠷᠢᠶᠡᠨ ᠳᠤ ᠬᠦᠨᠳᠦ ᠨᠣᠴᠢᠲᠠᠢ ᠢᠯᠵᠢᠷᠡᠯ ᠭᠠᠷᠴᠤ᠂ ᠤᠯᠤᠰ ᠲᠦᠷᠦ ᠶᠢᠨ ᠠᠮᠢ ᠠᠬᠤᠢ ᠬᠤᠬᠢᠷᠠᠯ ᠳᠤ ᠤᠴᠠᠷᠠᠪᠠ | ᠃ ᠪᠢᠳᠡ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ | ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠱᠠᠮᠰᠢᠬᠤ ᠢᠯᠵᠢᠷᠡᠯ ᠢ ᠵᠠᠯᠬᠠᠭᠠᠨ ᠰᠢᠳᠬᠡᠵᠦ᠂ ᠢᠯᠵᠢᠷᠡᠯ ᠢ | ᠡᠰᠡᠷᠭᠦᠴᠡᠬᠦ ᠲᠡᠮᠡᠴᠡᠯ ᠳᠡᠶᠢᠯᠦᠩᠭᠦᠢ ᠴᠢᠨᠠᠷᠲᠠᠢ ᠢᠯᠠᠯᠲᠠ ᠣᠯᠤᠭᠰᠠᠨ ᠪᠥᠭᠡᠳ ᠪᠦᠬᠦ ᠲᠠᠯ᠎ᠠ ᠪᠠᠷ ᠪᠠᠬᠢᠵᠢᠪᠡ᠃ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ︽ | ᠭᠡᠳᠡᠷᠭᠦ ᠪᠠᠶᠢᠴᠠᠭᠠᠬᠤ︾ ᠠᠵᠢᠯ ᠢ ᠴᠢᠩᠭ᠎ᠠ ᠠᠳᠬᠤᠵᠤ᠂ ᠤᠯᠤᠰ ᠲᠥᠷᠥ ᠶᠢᠨ ᠠᠮᠢ ᠠᠬᠤᠶ ᠶᠢ | ᠪᠣᠬᠢᠷᠲᠤᠭᠤᠯᠤᠭᠰᠠᠨ ᠬᠠᠮᠤᠭ ᠤᠨ ᠶᠡᠭᠡ ︽ᠬᠤᠤᠷᠲᠤ ᠬᠠᠪᠤᠳᠠᠷ︾ ᠢ ᠬᠦᠴᠦᠯᠡᠨ ᠠᠷᠢᠯᠭᠠᠵᠤ᠂ ᠣᠲᠣ ᠪᠣᠯᠲᠠᠯ᠎ᠠ | ᠨᠡᠶᠢᠲᠡ 789 ᠨᠡᠭᠦᠷᠡᠰᠦᠨ ᠳᠤ ᠬᠤᠯᠪᠣᠭᠳᠠᠭᠰᠠᠨ ᠢᠯᠵᠠᠷᠠᠯ ᠤᠨ ᠬᠡᠷᠡᠭ᠂ 1163 ᠬᠥᠮᠦᠨ ᠢ ᠪᠠᠶᠢᠴᠠᠭᠠᠨ | ᠰᠢᠢᠳᠪᠦᠷᠢᠯᠡᠪᠡ᠂ ᠡᠭᠦᠨ ᠳᠤ ᠲᠢᠩᠬᠢᠮ ᠲᠣᠪᠴᠢᠶ᠎ᠠ ᠶᠢᠨ ᠲᠠᠰ ᠤᠨ ᠺᠠᠳ᠋ᠷ 73 ᠬᠥᠮᠦᠨ᠂ ᠰᠢᠶᠠᠨ ᠭᠠᠵᠠᠷ ᠤᠨ | ᠲᠠᠰ ᠤᠨ ᠺᠠᠳ᠋ᠷ 286 ᠬᠥᠮᠦᠨ ᠪᠠᠶᠢᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠤᠬᠢᠷᠠᠯ ᠢ 608 | ᠳ᠋ᠦᠩᠰᠢᠭᠤᠷ ᠲᠥᠭᠦᠷᠢᠭ ᠡᠭᠡᠭᠦᠯᠦᠨ ᠠᠪᠴᠢᠷᠠᠵᠤ᠂ 299 ᠳ᠋ᠦᠩᠰᠢᠭᠤᠷ ᠲᠣᠨ ᠨᠡᠭᠦᠷᠡᠰᠦᠨ ᠤ ᠡᠬᠢ ᠪᠠᠶᠠᠯᠢᠭ ᠢ | ᠢᠯᠭᠠᠷᠠᠭᠤᠯᠤᠨ ᠬᠤᠷᠢᠶᠠᠵᠠᠶ᠃ ᠬᠢᠲᠤᠭ᠎ᠠ ᠶᠢᠨ ᠢᠷ ᠢ ᠳᠣᠲᠣᠭᠰᠢ ᠬᠠᠨᠳᠤᠭᠤᠯᠤᠨ ᠶᠠᠰᠤ ᠬᠤᠰᠤᠵᠤ ᠬᠤᠣᠷ | ᠲᠠᠶᠢᠯᠬᠤ ᠪᠠ ᠨᠠᠮ ᠤᠨ ᠳᠣᠲᠣᠭᠠᠳᠤ ᠶᠢᠨ ᠲᠥᠪᠯᠡᠷᠡᠩᠭᠦᠢ ᠴᠢᠨᠠᠷᠲᠠᠢ ᠰᠤᠷᠭᠠᠨ ᠬᠥᠮᠦᠵᠢᠯ ᠤᠨ ᠳᠠᠪᠲᠠᠯᠲᠠ | ᠳᠠᠪᠲᠠᠯᠲᠠ ᠪᠠᠷ ᠳᠠᠮᠵᠢᠨ᠂ ᠪᠦᠬᠦ ᠣᠷᠣᠨ ᠤ ᠤᠯᠤᠰ ᠲᠦᠷᠦ ᠶᠢᠨ ᠠᠮᠢ ᠠᠬᠤᠢ ᠡᠳᠦᠷ ᠢᠷᠡᠬᠦᠶ᠎ᠡ ᠰᠠᠶᠢᠵᠢᠷᠠᠵᠤ᠂ | ᠨᠠᠮ ᠤᠨ ᠰᠤᠷᠲᠠᠯ ᠵᠠᠰᠠᠭ ᠤᠨ ᠰᠤᠷᠲᠠᠯ ᠦᠷᠭᠦᠯᠵᠢᠯᠡᠨ ᠰᠠᠶᠢᠵᠢᠷᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠠᠵᠢᠯ ᠡᠭᠦᠷᠢᠳᠡ ᠵᠤᠬᠰᠤᠰᠢ ᠦᠭᠡᠢ ᠶᠠᠪᠤᠭᠳᠠᠨ᠎ᠠ᠃ ᠪᠢᠳᠠ ᠡᠴᠦᠰ ᠲᠤᠨᠢ ᠲᠤᠯᠲᠠᠯ᠎ᠠ ᠠᠳᠬᠤᠬᠤ ᠪᠠᠷᠢᠮᠲᠠᠯᠠᠯ ᠪᠠ | ᠡᠴᠦᠰ ᠲᠤᠨᠢ ᠲᠤᠯᠲᠠᠯ᠎ᠠ ᠴᠢᠩᠭ᠎ᠠ ᠪᠠᠶᠢᠬᠤ ᠬᠠᠳᠠᠨ ᠵᠣᠷᠢᠭ ᠢᠶᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ | ᠠᠬᠢᠭᠤᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ | ᠳᠠᠭᠠᠭᠠᠮᠠᠭᠠᠢ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠪᠦᠬᠦ ᠣᠷᠣᠨ ᠤ ᠤᠯᠤᠰ ᠲᠦᠷᠦ ᠶᠢᠨ ᠠᠮᠢ ᠠᠬᠤᠢ ᠶᠢ | ᠪᠦᠬᠦ ᠲᠠᠯ᠎ᠠ ᠪᠠᠷ ᠳᠠᠬᠢᠨ ᠴᠣᠭᠴᠠᠯᠠᠬᠤ᠂ ᠦᠨᠳᠦᠰᠦᠨ ᠠᠴᠠ ᠨᠢ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ | ᠰᠢ ᠶᠢᠨ ᠫᠢᠩ ᠶᠡᠷᠦᠩᠬᠡᠶ ᠱᠦᠵᠢ ᠶᠢᠨ ᠰᠠᠨᠠᠭᠠᠴᠢᠯᠠᠭᠰᠠᠨ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠭᠡ ᠪᠠᠷ | ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠠᠴᠠ ᠺᠠᠳ᠋ᠷᠴᠤᠳ ᠢ ᠵᠣᠷᠢᠭᠵᠢᠭᠤᠯᠤᠨ | ᠬᠠᠷᠢᠭᠤᠴᠠᠯᠭ᠎ᠠ ᠡᠭᠦᠷᠭᠡᠯᠡᠭᠦᠯᠬᠦ ᠪᠠᠷ ᠠᠷᠪᠠᠨ ᠬᠤᠶᠠᠷ ᠵᠦᠢᠯ ᠤᠨ ᠠᠷᠭ᠎ᠠ ᠭᠡᠮᠵᠢᠶ᠎ᠡ ᠪᠣᠯᠭᠠᠬᠤ ᠪᠠ ᠠᠯᠳᠠᠭ᠎ᠠ | ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠨᠠᠢᠮᠠᠨ ᠵᠦᠢᠯ ᠤᠨ ᠰᠠᠨᠠᠯ ᠢ ᠰᠠᠶᠢᠲᠤᠷ | ᠨᠠᠶᠢᠳᠠᠪᠤᠷᠢᠵᠢᠭᠤᠯᠵᠤ᠂ ᠦᠬᠡᠨᠴᠡ ᠵᠠᠰᠠᠭ ᠵᠠᠯᠬᠠᠭᠤ ᠵᠠᠰᠠᠭ ᠤᠨ ᠦᠵᠡᠭᠳᠡᠯ ᠢ ᠡᠷᠡᠰ ᠴᠡᠭᠴᠡᠯᠡᠨ ᠵᠠᠰᠠᠵᠤ᠂ ᠥᠷᠭᠡᠨ | ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠬᠠᠷᠢᠭᠤᠴᠠᠯᠭ᠎ᠠ ᠶᠢᠨ ᠤᠬᠠᠮᠰᠠᠷ᠂ | ᠳᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢ ᠨᠢ | ᠳᠡᠭᠡᠭᠰᠢᠯᠡᠭᠦᠯᠵᠦ᠂ ᠴᠠᠭ ᠮᠥᠴᠡ ᠶᠢ ᠠᠯᠳᠠᠯ ᠦᠬᠡᠢ ᠲᠡᠮᠡᠴᠡᠬᠦ᠂ ᠥᠷᠯᠥᠭᠡ ᠦᠳᠡᠰᠢ ᠶᠢ ᠲᠡᠮᠡᠴᠡᠬᠦ ᠡᠷᠴᠢ | ᠵᠣᠷᠢᠭ ᠢᠶᠠᠷ ᠠᠵᠢᠯ ᠬᠢᠵᠦ ᠦᠢᠯᠡᠰ ᠪᠤᠰᠬᠠᠵᠤ᠂ ᠥᠪᠥᠷ ᠮᠣᠩᠭᠤᠯ ᠤᠨ ᠺᠠᠳ᠋ᠷᠴᠤᠳ ᠤᠨ ᠰᠠᠶᠢᠨ ᠰᠠᠶᠢᠬᠠᠨ ᠲᠦᠷᠢ | ᠲᠥᠷᠬᠦ ᠶᠢ ᠪᠤᠢ ᠪᠣᠯᠭᠠᠬᠤ ᠬᠡᠷᠡᠭᠲᠡᠢ᠃ | ᠰᠢᠨ᠎ᠡ ᠴᠠᠭ ᠦᠶ᠎ᠡ ᠶᠢᠨ ᠶᠡᠷᠦ ᠪᠤᠰᠤ ᠶᠢᠨ ᠲᠡᠦᠬᠡᠨ ᠶᠠᠪᠤᠴᠠ ᠶᠢ ᠡᠷᠭᠢᠴᠡᠭᠦᠯᠪᠡᠯ᠂ ᠥᠪᠥᠷ | ᠮᠣᠩᠭᠤᠯ ᠤᠨ ᠡᠯ᠎ᠡ ᠵᠦᠢᠯ ᠤᠨ ᠦᠢᠯᠡᠰ ᠲᠠᠰᠤᠷᠠᠯᠲᠠ ᠦᠭᠡᠢ ᠬᠥᠭᠵᠢᠨ ᠳᠠᠪᠰᠢᠵᠤ᠂ ᠡᠯᠪᠡᠭ ᠪᠠᠶᠠᠯᠢᠭ ᠦᠷ᠎ᠡ | ᠪᠦᠲᠦᠭᠡᠯ ᠣᠯᠤᠭᠰᠠᠨ ᠤ ᠬᠠᠮᠤᠭ ᠤᠨ ᠦᠨᠳᠦᠰᠦᠨ ᠵᠦᠢᠯ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠵᠢᠯᠤᠭᠤᠳᠤᠯᠭ᠎ᠠ ᠳᠤ ᠪᠤᠢ᠃ ᠤᠷᠤᠭᠰᠢᠯᠠᠯᠲᠠ ᠶᠢᠨ ᠵᠠᠮ ᠳᠡᠭᠡᠷ᠎ᠡ᠂ ᠪᠢᠳᠡ ︽ᠬᠤᠶᠠᠷ ᠢ ᠲᠣᠭᠲᠠᠭᠠᠬᠤ︾ | ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ | ᠫᠢᠩ ᠤ ᠵᠢᠭᠠᠭᠰᠠᠨ ᠴᠢᠭᠯᠡᠯ ᠢᠶᠠᠷ ᠯᠠᠪᠳᠠᠭᠤᠨ ᠪᠠᠲᠤᠲᠠᠢ ᠤᠷᠤᠭᠰᠢᠯᠠᠵᠤ᠂ ︽ᠬᠤᠶᠠᠷ ᠬᠠᠯᠬᠠᠪᠴᠢ︾ ︽ᠬᠤᠶᠠᠷ | ᠰᠠᠭᠤᠷᠢᠨ︾ ︽ᠨᠢᠭᠡ ᠪᠠᠬᠢᠯᠡᠯᠲᠡ︾ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠦᠳᠦᠭᠡᠨ ᠪᠠᠶᠢᠭᠤᠯᠵᠤ᠂ ᠰᠢᠨ᠎ᠡ | ᠴᠠᠭ ᠦᠶ᠎ᠡ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠠᠶᠢᠲᠤᠷ | ᠪᠢᠴᠢᠭᠯᠡᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ | ᠪᠦᠳᠦᠭᠡᠨ ᠪᠠᠶᠢᠭᠤᠯᠤᠨ᠎ᠠ᠃ |