ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠽᠠᠨ ᠢᠦᠢ ᠫᠢᠩ | ᠨᠠᠮ ᠤᠨ ᠬᠤᠷᠢᠳᠤᠭᠠᠷ ᠶᠡᠭᠡ ᠬᠤᠷᠠᠯ ᠠᠴᠠ ᠠᠵᠢᠯ ᠣᠯᠭᠤᠬᠤ ᠪᠠ ᠠᠵᠢᠯ ᠦᠢᠯᠡᠰ ᠴᠣᠭᠴᠠᠯᠠᠬᠤ᠂ | ᠨᠡᠶᠢᠭᠡᠮ ᠤᠨ ᠪᠠᠲᠤᠯᠠᠭ᠎ᠠ᠂ ᠴᠢᠳᠠᠪᠤᠷᠢᠲᠠᠨ ᠤ ᠬᠥᠭᠵᠢᠯᠲᠡ᠂ ᠬᠥᠳᠡᠯᠮᠦᠷᠢ ᠶᠢᠨ ᠬᠠᠷᠢᠴᠠᠭ᠎ᠠ ᠵᠡᠷᠭᠡ ᠠᠵᠢᠯ ᠳᠤ | ᠰᠢᠰᠲ᠋ᠧᠮ ᠲᠠᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ | ᠬᠤᠷᠠᠯ ᠠᠴᠠ ᠲᠣᠭᠲᠠᠭᠠᠭᠰᠠᠨ ᠰᠢᠨ᠎ᠡ ᠴᠠᠭ ᠦᠶ᠎ᠡ ᠶᠢᠨ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ | ᠴᠢᠳᠠᠪᠤᠷᠢᠲᠠᠨ ᠠᠵᠢᠯᠲᠠᠨ ᠤ ᠶᠠᠪᠤᠳᠠᠯ᠂ ᠬᠥᠳᠡᠯᠮᠦᠷᠢ ᠶᠢᠨ ᠬᠠᠷᠢᠴᠠᠭ᠎ᠠ ᠵᠡᠷᠭᠡ ᠨᠡᠶᠢᠭᠡᠮ ᠤᠨ ᠪᠠᠲᠤᠯᠠᠭ᠎ᠠ ᠶᠢᠨ | ᠠᠵᠢᠯ ᠤᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠶ ᠡᠵᠡᠮᠳᠡᠵᠦ᠂ ᠨᠠᠮ ᠤᠨ | ᠬᠤᠷᠢᠳᠤᠭᠠᠷ ᠶᠡᠭᠡ ᠬᠤᠷᠠᠯ ᠤᠨ ︽ᠲᠥᠯᠦᠪᠵᠢᠭᠦᠯᠭᠡ ᠶᠢᠨ ᠵᠢᠷᠤᠭ︾ ᠢ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ︽ᠪᠠᠷᠢᠯᠭ᠎ᠠ ᠶᠢᠨ ᠵᠢᠷᠤᠭ︾ ︽ᠲᠥᠷᠥᠯ ᠵᠦᠢᠯ ᠤᠨ | ᠬᠦᠰᠦᠨᠦᠭᠲᠦ︾ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ︽ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ | ᠳᠠᠭᠠᠷᠠᠪᠠᠯ ᠬᠥᠭᠦᠷᠭᠡ ᠲᠠᠯᠪᠢᠬᠤ︾ ᠡᠷᠴᠢ ᠵᠣᠷᠢᠭ ᠢᠶᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠤᠨ᠎ᠠ᠃ | | | ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ︽ᠬᠥᠲᠥᠯᠥᠭᠴᠢ︾᠄ ᠰᠦᠯᠵᠢᠶᠡᠨ ᠠᠨᠲᠠ ᠨᠠᠷ ᠰᠠᠶᠢᠨ ᠪᠠᠶᠢᠵᠠᠭᠠᠨ᠎ᠠ ᠤᠤ︕ᠤᠯᠠᠭᠠᠨᠴᠠᠪ ᠬᠤᠲᠠ ᠶᠢᠨ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ | ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠪᠤᠯᠤᠩ ᠳᠤ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠥᠨᠥᠳᠥᠷ ᠪᠢᠳᠡ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠽᠠᠨ ᠢᠦᠢ ᠫᠢᠩ ᠨᠥᠬᠦᠷ ᠢ ᠤᠷᠢᠵᠤ ᠥᠷᠭᠡᠨ ᠣᠯᠠᠨ ᠰᠦᠯᠵᠢᠶᠡᠨ ᠤ ᠢᠷᠭᠡᠳ ᠲᠠᠢ ᠶᠠᠷᠢᠯᠴᠠᠭᠤᠯᠪᠠ᠃ | ︽ᠽᠠᠨ ᠢᠦᠢ ᠫᠢᠩ︾᠄ ᠬᠥᠲᠥᠯᠥᠭᠴᠢ ᠰᠠᠶᠢᠨ ᠤᠤ︕ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ | ︕ᠡᠶᠢᠮᠦ ᠬᠡᠯᠪᠡᠷᠢ ᠪᠠᠷ ᠤᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠬᠡᠳᠦᠶᠢᠪᠡᠷ ᠶᠡᠭᠡ ᠬᠡᠮᠵᠢᠶᠡᠨ ᠤ ᠠᠵᠢᠯ ᠬᠢᠭᠰᠡᠨ ᠪᠣᠯᠪᠠᠴᠤ ᠬᠦᠷᠦᠯᠴᠡᠬᠦ ᠦᠭᠡᠢ ᠲᠠᠯ᠎ᠠ | ᠪᠠ ᠠᠯᠳᠠᠭᠳᠠᠯ ᠠᠴᠠ ᠵᠠᠶᠢᠯᠠᠬᠤᠶ᠎ᠠ ᠪᠡᠷᠬᠡ ᠶᠤᠮ᠃ᠨᠡᠶᠢᠭᠡᠮ ᠤᠨ ᠡᠯ᠎ᠡ ᠡᠲᠡᠭᠡᠳ ᠤᠨ ᠬᠢᠨ ᠤ ᠮᠠᠨ ᠤ ᠠᠵᠢᠯ ᠳᠤ | ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ᠂ ᠪᠢᠳᠡᠨ ᠳᠤ ᠬᠢᠨᠠᠯᠲᠠ ᠲᠠᠯᠪᠢᠵᠤ ᠠᠷᠠᠳ ᠤᠯᠠᠨ ᠳᠤ ᠨᠡᠩ | ᠰᠠᠶᠢᠨ ᠦᠢᠯᠡᠴᠢᠯᠡᠭᠦᠯᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠨ᠎ᠠ᠃ | ︽ᠬᠥᠲᠥᠯᠥᠭᠴᠢ︾᠄ ᠲᠣᠪᠴᠢᠶᠠᠨ ᠳᠠᠷᠤᠭ᠎ᠠ ᠠ᠂ ᠲᠠ ᠰᠢ ᠶᠢᠨ ᠫᠢᠩ ᠶᠡᠷᠦᠩᠬᠡᠢ ᠱᠦᠵᠢ ᠳᠤ ᠵᠢᠭᠠᠵᠤ | ᠭᠠᠷᠭᠠᠭᠰᠠᠨ ᠨᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ | ᠴᠢᠷᠮᠠᠶᠢᠨ ᠪᠠᠶᠢᠭᠤᠯᠬᠤ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠬᠤ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠣᠨᠣᠯ ᠤᠨ ᠰᠢᠰᠲ᠋ᠧᠮ ᠢ ᠲᠤᠤᠱᠯᠠᠭᠤᠯᠬᠤ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠬᠦ ᠶᠢᠨ ᠴᠢᠬᠤᠯᠠ | ᠪᠦᠷᠢᠯᠳᠦᠭᠦᠨ ᠬᠡᠰᠡᠭ ᠮᠥᠨ᠂ ᠲᠡᠭᠦᠨ ᠤ ᠠᠵᠤ ᠠᠬᠤᠢ᠂ ᠤᠯᠤᠰ ᠲᠥᠷᠥ ᠪᠠ ᠨᠡᠶᠢᠭᠡᠮ ᠤᠨ ᠠᠴᠢ ᠬᠤᠯᠪᠣᠭᠳᠠᠯ ᠨᠢ | ᠲᠤᠶᠢᠯ ᠤᠨ ᠴᠢᠬᠤᠯᠠ ᠶᠡᠭᠡ ᠪᠥᠭᠡᠳ ᠠᠯᠤᠰ ᠬᠡᠲᠦ ᠶᠢᠨ ᠶᠤᠮ᠃ᠡᠶ᠎ᠡ ᠵᠣᠬᠢᠴᠠᠯ ᠲᠠᠢ ᠬᠥᠳᠡᠯᠮᠦᠷᠢ ᠶᠢᠨ | ᠬᠠᠷᠢᠴᠠᠭ᠎ᠠ ᠶᠢ ᠪᠠᠶᠢᠭᠤᠯᠬᠤ ᠨᠢ ᠥᠷᠭᠡᠨ ᠣᠯᠠᠨ ᠠᠵᠢᠯᠲᠠᠨ ᠠᠵᠢᠯᠴᠢᠨ ᠤ ᠠᠰᠢᠭ ᠲᠤᠰᠠ ᠪᠠ ᠠᠵᠤ | ᠠᠬᠤᠶᠢᠯᠠᠯ ᠤᠨ ᠬᠥᠭᠵᠢᠯᠲᠡ ᠲᠠᠢ ᠬᠤᠯᠪᠣᠭᠳᠠᠨ᠎ᠠ᠂ ᠲᠡᠭᠡᠪᠡᠯ᠂ ᠮᠠᠨ ᠤ ᠬᠤᠰᠢᠭᠤ ᠡᠶ᠎ᠡ ᠵᠣᠬᠢᠴᠠᠯ ᠲᠠᠢ | ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠤᠨ ᠠᠷᠭ᠎ᠠ ᠬᠡᠮᠵᠢᠶ᠎ᠡ ᠳᠤ ᠰᠢᠨ᠎ᠡ ᠶᠢ | ᠡᠭᠦᠳᠦᠭᠰᠡᠨ ᠪᠣᠶ︖ | ︽ᠽᠠᠨ ᠢᠦᠢ ᠫᠢᠩ︾ ᠬᠥᠳᠡᠯᠮᠦᠷᠢ ᠶᠢᠨ ᠬᠠᠷᠢᠴᠠᠭ᠎ᠠ ᠶᠢᠨ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠭᠦᠨᠵᠡᠭᠡᠢ ᠬᠡᠷᠡᠭᠵᠢᠭᠦᠯᠬᠦ ᠶᠢᠨ ᠲᠥᠯᠥᠭᠡ᠂ ᠬᠥᠳᠡᠯᠮᠦᠷᠢ ᠶᠢᠨ ᠬᠠᠷᠢᠴᠠᠭ᠎ᠠ ᠶᠢ ᠵᠠᠰᠠᠬᠤ ᠦᠷ᠎ᠡ | ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠶᠡᠳᠡᠭᠦᠯᠭᠡ ᠶᠢ ᠵᠣᠬᠢᠶᠠᠨ ᠪᠠᠶᠢᠭᠤᠯᠬᠤ | ᠠᠵᠢᠯ ᠳᠤ ᠬᠦᠴᠦᠨ ᠨᠡᠮᠡᠷᠢᠯᠡᠵᠦ᠂ ᠪᠢᠳᠡ ᠪᠦᠬᠦ ᠤᠯᠠᠭᠠᠨᠴᠠᠪ ᠬᠤᠳᠠ ᠳᠤ ᠠᠩᠬ᠎ᠠ ᠤᠳᠠᠭ᠎ᠠ ᠬᠥᠳᠡᠯᠮᠦᠷᠢ ᠶᠢᠨ | ᠬᠠᠷᠢᠴᠠᠭ᠎ᠠ᠂ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠪᠠ ᠬᠥᠳᠡᠯᠮᠦᠷᠢ ᠶᠢᠨ ᠬᠢᠨᠠᠨ ᠪᠠᠶᠢᠴᠠᠭᠠᠯᠲᠠ | ᠬᠢᠬᠦ︽ᠭᠤᠷᠪᠠ ᠶᠢ ᠨᠢᠭᠡ ᠴᠣᠭᠴᠠᠵᠢᠭᠤᠯᠬᠤ︾ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠰᠠᠷ᠎ᠠ ᠪᠦᠷᠢ ᠲᠣᠭᠲᠠᠭᠰᠠᠨ | ᠬᠤᠭᠤᠴᠠᠭ᠎ᠠ ᠲᠠᠢ ᠪᠠᠷ ᠵᠥᠪᠳᠡᠯᠴᠡᠬᠦ ᠬᠤᠷᠠᠯ ᠬᠤᠷᠠᠯᠳᠤᠭᠤᠯᠵᠤ᠂ ᠭᠤᠷᠪᠠᠭᠤᠯᠠ ᠪᠠᠨ ᠨᠢᠭᠲᠠ ᠬᠠᠷᠢᠯᠴᠠᠵᠤ᠂ | ᠬᠠᠷᠢᠯᠴᠠᠨ ᠬᠠᠮᠵᠢᠯᠴᠠᠵᠤ᠂ ᠡᠯ᠎ᠡ ᠲᠦᠷᠦᠯ ᠤᠨ ᠬᠥᠳᠡᠯᠮᠦᠷᠢ ᠶᠢᠨ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ | ᠳᠤᠨᠢ ᠰᠢᠢᠳᠪᠦᠷᠢᠯᠡᠪᠡ᠃ | ᠡᠨᠡ ᠬᠦ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠬᠥᠳᠡᠯᠮᠦᠷᠢ ᠦᠢᠯᠡᠴᠢᠯᠡᠭᠡ ᠪᠠᠷ ᠠᠵᠢᠯᠴᠢᠨ | ᠬᠡᠷᠡᠭᠯᠡᠬᠦ᠂ ᠬᠥᠯᠥᠰᠦᠨ ᠠᠵᠢᠯᠴᠢᠨ ᠤ ᠴᠠᠯᠢᠩ ᠥᠷᠢᠲᠦᠬᠦ ᠵᠡᠷᠭᠡ ᠡᠯ᠎ᠡ ᠲᠦᠷᠦᠯ ᠤᠨ ᠬᠡᠷᠡᠭ ᠢ ᠰᠢᠢᠳᠪᠦᠷᠢᠯᠡᠬᠦ ᠦᠷ᠎ᠡ | ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠬᠡᠷᠡᠭ ᠢ ᠳᠠᠭᠤᠰᠬᠠᠬᠤ ᠨᠤᠷᠮ᠎ᠠ ᠶᠢ ᠪᠦᠬᠦ ᠬᠤᠳᠠ ᠶᠢᠨ ᠡᠮᠦᠨ᠎ᠡ | ᠡᠩᠨᠡᠭᠡᠨ ᠳᠤ ᠣᠷᠣᠭᠤᠯᠤᠭᠰᠠᠨ ᠪᠠᠶᠢᠨ᠎ᠠ᠃ | ︽ᠬᠥᠲᠥᠯᠥᠭᠴᠢ︾᠄ ᠠᠷᠠᠳ ᠤᠨ ᠠᠮᠢᠳᠤᠷᠠᠯ ᠠᠷᠠᠳ ᠤᠨ ᠰᠡᠳᠬᠢᠯ ᠢ ᠬᠤᠯᠪᠣᠵᠤ᠂ ᠠᠷᠠᠳ ᠤᠨ ᠠᠮᠢᠳᠤᠷᠠᠯ | ᠠᠷᠠᠳ ᠤᠨ ᠬᠦᠴᠦᠨ ᠢ ᠨᠢᠭᠲᠠᠷᠠᠭᠤᠯᠤᠨ᠎ᠠ᠃ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠬᠤᠯᠠ ᠰᠠᠯᠠᠭ᠎ᠠ | ᠮᠥᠴᠢᠷ ᠪᠣᠯᠤᠭᠰᠠᠨ ᠤ ᠬᠤᠪᠢ ᠳᠤ᠂ ᠠᠷᠠᠳ ᠤᠨ ᠠᠮᠢᠳᠤᠷᠠᠯ ᠤᠨ ᠠᠵᠢᠯ ᠤᠨ ᠲᠠᠯ᠎ᠠ ᠪᠦᠬᠦᠨ ᠳᠤ ᠬᠤᠯᠪᠣᠭᠳᠠᠵᠤ | ᠪᠠᠶᠢᠳᠠᠭ᠂ ᠡᠨᠡ ᠨᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠺᠠᠳ᠋ᠷᠴᠤᠳ ᠲᠤ | ᠨᠠᠩ ᠥᠨᠳᠥᠷ ᠱᠠᠭᠠᠷᠳᠠᠯᠭ᠎ᠠ ᠲᠠᠢ ᠪᠠᠶᠢᠳᠠᠭ᠂ ᠲᠡᠭᠡᠪᠡᠯ ᠪᠢᠳᠡ ᠡᠩ ᠤᠨ ᠦᠶ᠎ᠡ ᠳᠤ ᠺᠠᠳ᠋ᠷᠴᠤᠳ ᠤᠨ ᠰᠤᠷᠤᠯᠴᠠᠬᠤ | ᠴᠢᠳᠠᠪᠤᠷᠢ ᠶᠢ ᠬᠡᠷᠬᠢᠨ ᠬᠥᠮᠥᠵᠢᠭᠦᠯᠳᠡᠭ ᠪᠣᠶ︖ | ︽ᠽᠠᠨ ᠢᠦᠢ ᠫᠢᠩ︾᠄ ᠪᠢᠳᠡ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ᠲᠠᠪᠴᠠᠩ ᠢ | ᠰᠤᠷᠤᠯᠴᠠᠨ ᠳᠡᠯᠭᠡᠷᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠬᠠᠭᠤᠯᠬᠤ᠂ ᠬᠢᠨᠠᠨ ᠵᠢᠯᠤᠭᠤᠳᠬᠤ᠂ | ᠱᠠᠩᠨᠠᠨ ᠬᠥᠬᠢᠭᠦᠯᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷ | ᠤᠯᠠᠨ ᠲᠦᠮᠡᠨ ᠤ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ᠲᠠᠪᠴᠠᠩ ᠢ ᠠᠰᠢᠭᠯᠠᠨ ᠰᠤᠷᠤᠯᠴᠠᠬᠤ | ᠢᠳᠡᠪᠬᠢᠵᠢᠯ ᠢ ᠭᠦᠢᠴᠡᠳ ᠳᠠᠶᠢᠴᠢᠯᠠᠵᠤ᠂ ᠪᠦᠬᠦ ᠠᠵᠢᠯᠲᠠᠨ ᠤ ᠰᠤᠷᠤᠯᠴᠠᠯᠭ᠎ᠠ ᠶᠢᠨ ᠳᠣᠲᠣᠭᠠᠳᠤ ᠬᠥᠳᠡᠯᠭᠡᠬᠦ | ᠬᠦᠴᠦᠨ ᠢ ᠬᠥᠭᠵᠢᠭᠡᠵᠡᠢ᠃ᠤᠳᠤᠷᠢᠳᠬᠤ ᠪᠠᠭ ᠲᠦᠷᠦᠭᠦᠯᠡᠨ᠂ ᠨᠠᠮ ᠤᠨ ᠭᠡᠰᠢᠭᠦᠨ ᠣᠯᠠᠨ ᠲᠦᠮᠡᠨ ᠤ ᠲᠡᠷᠢᠭᠦᠨ ᠳᠤ | ᠣᠷᠣᠬᠤ ᠪᠠᠷ ᠴᠢᠷᠮᠠᠶᠢᠵᠤ ᠰᠢᠯᠢᠳᠡᠭ ᠢ ᠡᠭᠦᠳᠬᠦ ᠰᠠᠶᠢᠨ ᠰᠠᠶᠢᠬᠠᠨ ᠰᠤᠷᠤᠯᠴᠠᠬᠤ ᠪᠠᠶᠢᠳᠠᠯ ᠢ ᠦᠨᠡᠨ ᠬᠦ ᠪᠡᠶᠡᠯᠡᠭᠦᠯᠵᠦ | ᠂ ᠰᠤᠷᠤᠯᠴᠠᠯᠭ᠎ᠠ ᠶᠢᠨ ᠢᠳᠡᠪᠬᠢᠴᠡ᠂ ᠬᠥᠮᠥᠨ ᠳᠤᠮᠳᠠᠴᠢ ᠶᠢᠨ ᠬᠤᠪᠢ ᠬᠤᠷᠠᠮᠳᠤᠭᠤᠯᠤᠯ ᠢ ᠴᠥᠮ ᠪᠥᠬᠦ | ᠬᠤᠰᠢᠭᠤᠨ ᠤ ᠰᠢᠭᠤᠳ ᠬᠠᠷᠢᠶ᠎ᠠ ᠨᠢᠭᠡᠴᠡ ᠶᠢᠨ ᠨᠡᠷᠡᠰ ᠤᠨ ᠵᠢᠭᠰᠠᠭᠠᠯᠲᠠ ᠶᠢᠨ ᠡᠮᠦᠨ᠎ᠡ ᠡᠩᠨᠡᠭᠡᠨ ᠳᠤ ᠵᠢᠭᠰᠠᠭᠠᠵᠤ᠂ | ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠬᠠᠮᠢᠶᠠᠷᠤᠯᠲᠠ ᠶᠢᠨ ᠳᠤᠭᠤᠶᠢᠯᠠᠩ︾ ᠤᠨ ᠢᠷᠠᠭᠤ ᠠᠯᠳᠠᠷ ᠢ | ᠭᠥᠷᠳᠡᠪᠡ᠃ | ᠡᠭᠦᠨ ᠠᠴᠠ ᠭᠠᠳᠠᠨ᠎ᠠ᠂ ᠪᠢᠳᠡ ᠭᠠᠷᠠᠭ ᠤᠨ ᠲᠠᠪᠤᠨ ᠪᠦᠷᠢ ᠶᠢᠨ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠶᠢ ᠡᠳᠦᠷ ᠲᠤᠲᠤᠮ ᠤᠨ ᠠᠵᠢᠯ᠂ ᠡᠩᠨᠡᠭᠡᠨ ᠤ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ᠂ ᠦᠵᠡᠯ ᠤᠬᠠᠮᠰᠠᠷ ᠤᠨ ᠬᠡᠯᠪᠡᠷᠢ ᠵᠡᠷᠭᠡ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ | ᠂ ᠰᠢᠰᠲ᠋ᠧᠮ ᠤᠨ ᠡᠯ᠎ᠡ ᠲᠠᠰᠤᠭ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠᠷ ᠭᠤᠣᠯᠳᠠᠯᠭ᠎ᠠ | ᠪᠣᠯᠭᠠᠵᠤ᠂ ᠡᠯ᠎ᠡ ᠲᠠᠰᠤᠭ ᠤᠨ ᠲᠤᠬᠠᠶᠢᠯᠠᠭᠰᠠᠨ ᠠᠵᠢᠯ ᠤᠨ ᠮᠡᠳᠡᠯᠭᠡ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ᠂ ᠰᠢᠨ᠎ᠡ ᠲᠥᠷᠥ ᠶᠢᠨ ᠪᠣᠳᠣᠯᠭ᠎ᠠ᠂ ᠰᠢᠨ᠎ᠡ ᠪᠢᠴᠢᠭ ᠮᠠᠲ᠋ᠧᠷᠢᠶᠠᠯ᠂ ᠰᠢᠨ᠎ᠡ ᠱᠠᠭᠠᠷᠳᠠᠯᠭ᠎ᠠ ᠪᠠᠷ ᠭᠤᠣᠯ | ᠰᠤᠷᠤᠯᠴᠠᠬᠤ ᠠᠭᠤᠯᠭ᠎ᠠ ᠪᠣᠯᠭᠠᠵᠤ᠂ ᠲᠠᠰᠤᠭ ᠤᠨ ᠳᠠᠷᠤᠭ᠎ᠠ ᠡᠭᠡᠯᠵᠢᠯᠡᠨ ᠳᠠᠭᠠᠭᠤᠯᠤᠨ ᠰᠤᠷᠤᠯᠴᠠᠬᠤ ᠠᠷᠭ᠎ᠠ | ᠮᠠᠶ᠋ᠢᠭ ᠢᠶᠠᠷ ᠥᠷᠨᠢᠭᠦᠯᠵᠦ᠂ ᠡᠯ᠎ᠡ ᠲᠠᠰᠤᠭ ᠤᠨ ᠰᠣᠯᠢᠯᠴᠠᠨ ᠰᠤᠳᠤᠯᠤᠨ ᠶᠠᠷᠢᠯᠴᠠᠬᠤ᠂ ᠬᠠᠷᠢᠯᠴᠠᠨ | ᠰᠤᠷᠤᠯᠴᠠᠬᠤ ᠪᠠᠷ ᠳᠡᠮᠵᠢᠨ᠂ ᠮᠠᠨ ᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ︽ᠬᠥᠲᠥᠯᠥᠭᠴᠢ︾᠄ ᠵᠠ᠂ ᠰᠠᠶ᠋ᠢᠬᠠᠨ᠂ ᠲᠣᠪᠴᠢᠶᠠᠨ ᠳᠠᠷᠤᠭ᠎ᠠ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠭᠤᠣᠯ ᠲᠤᠰᠢᠶᠠᠯ ᠬᠠᠷᠢᠭᠤᠴᠠᠯᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠬᠤᠶᠢᠰᠢᠳᠠ ᠶᠢᠨ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ ᠰᠦᠯᠵᠢᠶᠡᠨ ᠨᠠᠶᠢᠵᠠ | ᠨᠠᠷ ᠲᠠᠢ ᠰᠠᠨᠠᠯ ᠢᠶᠠᠨ ᠰᠣᠯᠢᠯᠴᠠᠪᠠ᠃ᠲᠣᠪᠴᠢᠶᠠᠨ ᠳᠠᠷᠤᠭ᠎ᠠ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠳᠤ ᠬᠦᠷᠴᠦ ᠰᠦᠯᠵᠢᠶᠡᠨ | ᠳᠡᠭᠡᠷᠡᠬᠢ ᠰᠣᠷᠪᠤᠯᠵᠢᠯᠠᠭ᠎ᠠ ᠳᠤ ᠣᠷᠣᠯᠴᠠᠭᠰᠠᠨ ᠳᠤ ᠮᠠᠰᠢ ᠶᠡᠭᠡ ᠪᠠᠶᠠᠷᠯᠠᠵᠤ ᠪᠠᠶᠢᠨ᠎ᠠ᠂ ᠡᠭᠦᠨ ᠤ ᠵᠡᠷᠭᠡ ᠳᠤ | ᠰᠦᠯᠵᠢᠶᠡᠨ ᠠᠨᠳᠠ ᠨᠠᠷ ᠤᠨ ᠬᠠᠯᠠᠭᠤᠨ ᠰᠡᠳᠬᠢᠯ ᠢᠶᠠᠷ ᠣᠷᠣᠯᠴᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠲᠣᠰ | ᠤᠳᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠷᠠᠭᠠᠴᠢ ᠶᠢᠨ ᠬᠤᠭᠤᠴᠠᠭᠠᠨ ᠤ ᠫᠷᠣᠭ᠍ᠷᠠᠮ ᠳᠤ | ᠪᠠᠶᠠᠷᠲᠠᠢ ᠵᠣᠯᠭᠠᠶ᠎ᠠ᠃ | | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |