ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ | ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠳ᠋ᠠᠢ ᡁᠢ ᠵᠢᠶᠦ᠋ᠨ | 2023 ᠣᠨ ᠤ ᠳᠡᠭᠡᠷ᠎ᠡ ᠬᠠᠭᠠᠰ ᠵᠢᠯ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠢᠨ ᠴᠠᠭ ᠪᠢᠳᠡᠨ ᠢ ᠬᠦᠯᠢᠶᠡᠬᠦ ᠦᠭᠡᠢ ᠡᠷᠴᠢ ᠵᠣᠷᠢᠭ ᠢᠶᠠᠷ | ᠠᠵᠢᠯ ᠢᠶᠠᠨ ᠤᠷᠢᠳᠴᠢᠯᠠᠨ ᠪᠣᠳᠣᠯᠬᠢᠯᠠᠵᠤ᠂ ᠡᠭᠦᠷᠭᠡ ᠬᠠᠷᠢᠭᠤᠴᠠᠯᠭ᠎ᠠ ᠪᠠᠨ ᠤᠷᠢᠳᠠᠪᠠᠷ ᠭᠦᠢᠴᠡᠳᠬᠡᠵᠦ᠂ | ᠠᠰᠠᠭᠤᠳᠠᠯ ᠢ ᠭᠦᠨᠵᠡᠭᠡᠢ ᠪᠣᠳᠣᠯᠬᠢᠯᠠᠨ᠂ ᠠᠯᠬᠤᠮ ᠠᠯᠬᠤᠮ ᠢᠶᠠᠷ ᠰᠤᠷᠤᠯᠴᠠᠵᠤ᠂ ᠨᠠᠶᠢᠳᠠᠪᠤᠷᠢᠵᠢᠭᠤᠯᠤᠯᠲᠠ ᠶᠢ | ᠤᠯᠠᠮ ᠨᠢᠭᠡ ᠠᠯᠬᠤᠮ ᠠᠳᠬᠤᠵᠤ᠂ ᠦᠷ᠎ᠡ ᠪᠦᠲᠦᠭᠡᠯ ᠢᠶᠠᠨ ᠳᠡᠭᠡᠭᠰᠢᠯᠡᠭᠦᠯᠬᠦ ᠶᠢ ᠳᠠᠭᠠᠯᠳᠤᠨ ᠶᠡᠷᠦᠩᠬᠡᠢ ᠳᠡᠭᠡᠨ | ᠰᠠᠶᠢᠨ ᠪᠠᠶᠢᠳᠠᠯ ᠲᠠᠢ ᠪᠣᠯᠤᠭᠰᠠᠨ ᠪᠠᠶᠢᠨ᠎ᠠ᠃ ᠳᠣᠣᠷᠠᠬᠢ ᠪᠣᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ 2023 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠬᠢᠯᠠᠰ ᠴᠡᠭ | ᠵᠢᠴᠢ ᠠᠷᠭ᠎ᠠ ᠬᠡᠮᠵᠢᠶ᠎ᠡ ᠶᠢᠨ ᠬᠠᠷᠢᠭᠤ ᠮᠡᠳᠡᠭᠦᠯᠦᠯᠲᠡ | | ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ︽ᠬᠥᠲᠥᠯᠥᠭᠴᠢ︾᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠰᠦᠯᠵᠢᠶᠡᠨ ᠳᠡᠭᠡᠷᠡᠬᠢ | ᠰᠣᠷᠪᠤᠯᠵᠢᠯᠠᠭ᠎ᠠ ᠳᠤ ᠠᠩᠬᠠᠷᠤᠯ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠲᠣᠰ ᠬᠤᠭᠤᠴᠠᠭᠠᠨ ᠤ | ᠰᠣᠷᠪᠤᠯᠵᠢᠯᠠᠭ᠎ᠠ ᠳᠤ᠂ ᠪᠢᠳᠡ ᠣᠯᠠᠨ ᠳᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ | ᠱᠦᠵᠢ᠂ ᠲᠣᠪᠴᠢᠶᠠᠨ ᠳᠠᠷᠤᠭ᠎ᠠ ᠳ᠋ᠠᠢ ᡁᠢ ᠵᠢᠶᠦ᠋ᠨ᠂ ᠳ᠋ᠠᠢ ᠲᠣᠪᠴᠢᠶᠠᠨ ᠳᠠᠷᠤᠭ᠎ᠠ ᠲᠠ ᠰᠠᠶᠢᠨ ᠤᠤ︕ | ︽ᠳ᠋ᠠᠢ ᡁᠢ ᠵᠢᠶᠦ᠋ᠨ︾᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︕ | ︽ᠬᠥᠲᠥᠯᠥᠭᠴᠢ︾᠄ ᠳ᠋ᠠᠢ ᠲᠣᠪᠴᠢᠶᠠᠨ ᠳᠠᠷᠤᠭ᠎ᠠ ᠠ᠂ ᠲᠠ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠡᠨᠡ ᠵᠢᠯ ᠤᠨ ᠠᠵᠢᠯ ᠤᠨ ᠶᠡᠷᠦᠩᠬᠡᠢ | ᠲᠣᠬᠢᠷᠠᠭᠤᠯᠤᠯᠲᠠ ᠶᠢ ᠲᠠᠨᠢᠯᠴᠠᠭᠤᠯᠤᠭᠠᠳ ᠥᠭᠭᠦᠨ᠎ᠡ ᠤᠤ︖ | ︽ᠳ᠋ᠠᠢ ᡁᠢ ᠵᠢᠶᠦ᠋ᠨ︾᠄ ᠡᠨᠡ ᠵᠢᠯ ᠠᠴᠠ ᠨᠠᠰᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠭᠠᠶᠢᠯᠢ ᠶᠢᠨ ᠶᠠᠪᠤᠳᠠᠯ ᠤᠨ ᠲᠣᠪᠴᠢᠶ᠎ᠠ ᠣᠷᠣᠨ ᠤ ᠲᠣᠪᠴᠢᠶ᠎ᠠ ᠶᠢᠨ ︽1358︾ ᠠᠵᠢᠯ ᠤᠨ ᠰᠡᠳᠬᠢᠮᠵᠢ ᠲᠠᠢ | ᠨᠢᠭᠲᠠ ᠤᠶᠠᠯᠳᠤᠭᠤᠯᠤᠨ᠂ ︽ᠵᠢᠷᠭᠤᠭᠠᠨ ᠠᠯᠬᠤᠮ︾ ᠤᠨ ᠠᠵᠢᠯ ᠤᠨ ᠠᠷᠭ᠎ᠠ ᠶᠢ ᠪᠠᠷᠢᠮᠲᠠᠯᠠᠵᠤ᠂ ᠬᠤᠶᠢᠲᠤ | ᠬᠤᠰᠢᠭᠤᠨ ᠤ ᠲᠣᠪᠴᠢᠶ᠎ᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠯᠤᠰ ᠲᠥᠷᠥ ᠶᠢᠨ ᠪᠠᠶᠢᠭᠤᠯᠭ᠎ᠠ ᠶᠢᠨ | ᠪᠠᠶᠢᠭᠤᠯᠤᠯᠲᠠ ᠶᠢ ᠴᠢᠩᠭᠠᠳᠬᠠᠬᠤ᠂ ᠣᠷᠣᠯᠭ᠎ᠠ ᠶᠢ ᠵᠣᠬᠢᠶᠠᠨ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ | ᠬᠢᠬᠦ᠂ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠬᠦ ᠵᠡᠷᠭᠡ | ᠠᠵᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠶᠡᠷᠦᠩᠬᠡᠢ ᠠᠵᠢᠯ ᠳᠤ ᠰᠠᠶᠢᠨ ᠪᠠᠶᠢᠳᠠᠯ ᠢᠯᠡᠷᠡᠵᠡᠢ᠃ | ︽ᠬᠥᠲᠥᠯᠥᠭᠴᠢ︾᠄ ᠳ᠋ᠠᠢ ᠲᠣᠪᠴᠢᠶᠠᠨ ᠳᠠᠷᠤᠭ᠎ᠠ ᠠ᠂ ᠲᠠ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠣᠳᠣᠬᠠᠨ ᠤ ᠺᠠᠳ᠋ᠷ ᠤᠨ ᠡᠩᠨᠡᠭᠡᠨ ᠤ ᠶᠡᠷᠦᠩᠬᠡᠢ | ᠪᠠᠶᠢᠳᠠᠯ ᠳᠤ ᠶᠠᠭᠤ ᠶᠠᠭᠤ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠤᠤ︖ | ︽ᠳ᠋ᠠᠢ ᡁᠢ ᠵᠢᠶᠦ᠋ᠨ︾᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠶᠢᠯᠢ ᠶᠢᠨ ᠶᠠᠪᠤᠳᠠᠯ ᠤᠨ | ᠲᠣᠪᠴᠢᠶ᠎ᠠ ᠳᠤ ᠣᠲᠣ ᠳᠣᠲᠣᠭᠠᠳᠤ ᠶᠢᠨ ᠪᠠᠶᠢᠭᠤᠯᠤᠮᠵᠢ 11᠂ ᠲᠣᠮᠢᠯᠠᠭᠰᠠᠨ ᠪᠠᠶᠢᠭᠤᠯᠤᠮᠵᠢ 6᠂ ᠠᠵᠢᠯ | ᠦᠢᠯᠡᠰ ᠤᠨ ᠨᠢᠭᠡᠴᠡ 1 ᠪᠣᠶ︔ᠣᠳᠣᠬᠠᠨ ᠳᠤ ᠠᠵᠢᠯ ᠳᠤ ᠪᠠᠶᠢᠭ᠎ᠠ ᠺᠠᠳ᠋ᠷ ᠠᠵᠢᠯᠲᠠᠨ 107 ᠬᠥᠮᠥᠨ᠂ ᠠᠵᠢᠯ | ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ 63 ᠬᠥᠮᠥᠨ ᠪᠠᠶᠢᠨ᠎ᠠ᠃ | ᠠᠵᠢᠯᠲᠠᠨ ᠤ ᠪᠦᠲᠦᠴᠡ᠄ 40 ᠨᠠᠰᠤᠨ ᠠᠴᠠ ᠳᠣᠷᠣᠭᠰᠢᠬᠢ ᠺᠠᠳ᠋ᠷ 41 ᠬᠥᠮᠥᠨ ᠪᠠᠶᠢᠵᠤ᠂ ᠡᠵᠡᠯᠡᠬᠦ | ᠬᠠᠷᠢᠴᠠᠯ ᠨᠢ 38.3% ︵ᠡᠭᠦᠨ ᠳᠤ ᠶᠡᠷᠡᠭᠡᠳ ᠣᠨ ᠠᠴᠠ ᠰᠡᠭᠦᠯᠡᠷᠬᠢ ᠺᠠᠳ᠋ᠷ 33 ᠬᠥᠮᠥᠨ ᠪᠠᠶᠢᠵᠤ᠂ ᠪᠥᠬᠦ | ᠲᠠᠯ᠎ᠠ ᠶᠢᠨ 30.8% ᠶᠢ ᠡᠵᠡᠯᠡᠨ᠎ᠡ︶︔ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ 62 ᠬᠥᠮᠥᠨ | ᠪᠠᠶᠢᠵᠤ᠂ ᠡᠵᠡᠯᠡᠬᠦ ᠬᠠᠷᠢᠴᠠᠯ ᠨᠢ 57.94% ᠪᠠᠶᠢᠪᠠ᠃ | ᠰᠤᠷᠤᠯᠭ᠎ᠠ ᠶᠢᠨ ᠨᠠᠮᠲᠠᠷ ᠤᠨ ᠪᠦᠲᠦᠴᠡ᠄ ᠰᠤᠳᠤᠯᠬᠤ ᠰᠣᠷᠣᠭᠴᠢ 6 ᠬᠥᠮᠥᠨ ᠪᠠᠶᠢᠵᠤ᠂ ᠡᠵᠡᠯᠡᠬᠦ ᠬᠠᠷᠢᠴᠠᠯ | ᠨᠢ 5.68% ᠪᠣᠯᠣᠨ᠎ᠠ︔ᠵᠢᠩᠬᠢᠨᠢ ᠠᠩᠭᠢ ᠶᠢᠨ ᠰᠤᠷᠤᠭᠴᠢ 60 ᠬᠥᠮᠥᠨ ᠪᠠᠶᠢᠵᠤ᠂ 56.07% ᠶᠢ ᠡᠵᠡᠯᠡᠨ᠎ᠡ | ︔ᠲᠤᠰᠬᠠᠢ ᠮᠡᠷᠭᠡᠵᠢᠯ ᠤᠨ ᠠᠩᠭᠢ ᠵᠢᠴᠢ ᠲᠡᠭᠦᠨ ᠠᠴᠠ ᠳᠣᠷᠣᠭᠰᠢᠬᠢ 41 ᠬᠥᠮᠥᠨ ᠪᠠᠶᠢᠵᠤ᠂ ᠡᠵᠡᠯᠡᠬᠦ ᠬᠠᠷᠢᠴᠠᠯ | ᠨᠢ 38.31% ᠪᠣᠯᠣᠨ᠎ᠠ᠃ | ︽ᠬᠥᠲᠥᠯᠥᠭᠴᠢ︾ ᠄ ᠳ᠋ᠠᠢ ᠲᠣᠪᠴᠢᠶᠠᠨ ᠳᠠᠷᠤᠭ᠎ᠠ ᠠ᠂ ᠲᠠ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠶᠢᠨ ᠢᠷᠡᠯᠲᠡ ᠶᠢᠨ ᠪᠦᠲᠦᠴᠡ ᠶᠢᠨ | ᠪᠠᠶᠢᠳᠠᠯ ᠳᠤ ᠶᠠᠮᠠᠷ ᠬᠡᠳᠦᠨ ᠵᠦᠢᠯ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠤᠤ︖ | ︽ᠳ᠋ᠠᠢ ᡁᠢ ᠵᠢᠶᠦ᠋ᠨ︾᠄ ᠭᠠᠶᠢᠯᠢ ᠶᠢᠨ ᠢᠷᠡᠯᠲᠡ ᠶᠢᠨ ᠪᠦᠷᠢᠯᠳᠦᠯ ᠨᠢ ᠭᠤᠣᠯᠳᠠᠭᠤ ᠦᠢᠯᠡᠳᠬᠦ ᠦᠢᠯᠡᠰ᠂ | ᠠᠭᠤᠷᠬᠠᠢ ᠮᠠᠯᠲᠠᠬᠤ ᠦᠢᠯᠡᠰ᠂ ᠴᠠᠬᠢᠯᠭᠠᠨ ᠬᠦᠴᠦᠨ ᠤ ᠦᠢᠯᠡᠳᠪᠦᠷᠢᠯᠡᠯ ᠤᠨ ᠦᠢᠯᠡᠰ᠂ ᠪᠠᠷᠢᠯᠭ᠎ᠠ ᠶᠢᠨ ᠦᠢᠯᠡᠰ᠂ | ᠮᠥᠩᠭᠦᠨ ᠭᠦᠢᠯᠭᠡᠭᠡᠨ ᠤ ᠦᠢᠯᠡᠰ ᠢᠶᠠᠷ ᠭᠤᠣᠯᠯᠠᠭᠤᠯᠤᠨ᠎ᠠ᠃ | ︽ᠬᠥᠲᠥᠯᠥᠭᠴᠢ︾᠄ ᠳ᠋ᠠᠢ ᠲᠣᠪᠴᠢᠶᠠᠨ ᠳᠠᠷᠤᠭ᠎ᠠ ᠠ᠂ ᠲᠠ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠣᠳᠣᠬᠠᠨ ᠤ ᠭᠤᠣᠯᠳᠠᠯᠭ᠎ᠠ ᠲᠠᠢ ᠠᠵᠢᠯ ᠤᠨ | ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠶᠠᠭᠤ ᠶᠠᠭᠤ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠤᠤ︖ | ︽ᠳ᠋ᠠᠢ ᡁᠢ ᠵᠢᠶᠦ᠋ᠨ︾᠄ ᠮᠠᠨ ᠤ ᠲᠣᠪᠴᠢᠶ᠎ᠠ ᠨᠢᠳᠤᠨᠤᠨ ᠤ ᠪᠠ ᠥᠩᠭᠡᠷᠡᠭᠰᠡᠨ ᠵᠢᠯ ᠤᠨ ᠠᠵᠢᠯ ᠤᠨ | ᠲᠤᠷᠰᠢᠯᠭ᠎ᠠ ᠶᠢ ᠭᠦᠢᠴᠡᠳ ᠰᠢᠩᠭᠡᠬᠡᠨ ᠠᠪᠴᠤ᠂ ᠬᠤᠲᠠ ᠶᠢᠨ ᠲᠣᠪᠴᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ | ᠲᠠᠢ ᠨᠢᠭᠲᠠ ᠤᠶᠠᠯᠳᠤᠭᠤᠯᠤᠭᠰᠠᠨ ᠰᠠᠭᠤᠷᠢᠨ ᠳᠡᠭᠡᠷ᠎ᠡ᠂ ︽ᠬᠡᠷᠡᠭᠵᠢᠭᠦᠯᠦᠯᠲᠡ ᠶᠢ ᠠᠬᠢᠭᠤᠯᠬᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ᠂ ᠰᠤᠷᠲᠠᠯ ᠢ ᠴᠢᠩᠭᠠᠳᠬᠠᠬᠤ︾ ᠶᠢ ᠪᠦᠬᠦ ᠵᠢᠯ ᠳᠤ ᠲᠤᠤᠱᠯᠠᠭᠳᠠᠬᠤ | ︽ᠵᠠᠩᠭᠢᠯᠠᠭ᠎ᠠ ᠶᠢᠨ ᠦᠭᠡ︾ ᠪᠠ ᠬᠠᠨᠳᠤᠯᠭᠠᠲᠤ ᠵᠠᠰᠠᠯᠲᠠ ᠶᠢᠨ︽ᠰᠠᠯᠬᠢᠨ ᠤ ᠵᠦᠭᠯᠡᠭᠦᠷ︾ ᠪᠣᠯᠭᠠᠵᠤ᠂ ᠬᠠᠮᠲᠤ ᠶᠢᠨ | ᠲᠠᠨᠢᠯᠲᠠ ᠶᠢ ᠨᠢᠭᠲᠠᠷᠠᠭᠤᠯᠵᠤ᠂ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠠᠮᠲᠤᠷᠠᠯ ᠤᠨ ᠬᠦᠴᠦᠨ ᠢ | ᠨᠢᠭᠲᠠᠷᠠᠭᠤᠯᠵᠤ᠂ ᠭᠤᠣᠯᠳᠠᠯᠭ᠎ᠠ ᠲᠠᠢ ᠠᠵᠢᠯ ᠪᠠ ᠡᠳᠦᠷ ᠳᠤᠳᠤᠮ ᠤᠨ ᠠᠵᠢᠯ ᠤᠨ ᠳᠤᠮᠳᠠ ᠠᠴᠠ ᠵᠢᠮ᠎ᠡ ᠶᠣᠰᠣ ᠪᠠ | ᠠᠷᠭ᠎ᠠ ᠶᠢ ᠡᠷᠢᠵᠦ᠂ ︽ᠤᠷᠤᠭᠰᠢᠯᠠᠬᠤ︾ᠬᠥᠳᠡᠯᠭᠡᠬᠦ ᠬᠦᠴᠦᠨ ᠢ ᠴᠢᠨᠠᠭᠰᠢᠳᠠ ᠬᠥᠭᠵᠢᠭᠡᠵᠦ᠂ ︽ᠰᠢᠯᠢᠳᠡᠭ︾ ᠤᠨ ᠳᠠᠯᠳᠠ | ᠬᠦᠴᠦᠨ ᠢ ᠠᠭᠤᠳᠠᠯᠵᠤ᠂ ︽ᠰᠢᠯᠢᠳᠡᠭ︾ ᠤᠨ ᠳᠡᠰ ᠳᠡᠪᠰᠢᠬᠦ ᠶᠢ ᠪᠡᠶᠡᠯᠡᠭᠦᠯᠬᠦ ᠬᠡᠷᠡᠭᠲᠡᠢ᠃ | ︵ᠨᠢᠭᠡ︶ ︽ᠭᠤᠷᠪᠠᠨ ᠠᠵᠢᠯᠯᠠᠭ᠎ᠠ︾ ᠶᠢ ᠭᠦᠨᠵᠡᠭᠡᠢ ᠠᠬᠢᠭᠤᠯᠤᠨ᠎ᠠ᠃ | ᠮᠠᠨ ᠤ ᠲᠣᠪᠴᠢᠶ᠎ᠠ ︽ᠰᠤᠷᠲᠠᠯ ᠢ ᠶᠡᠭᠡ ᠪᠠᠷ ᠬᠤᠪᠢᠷᠠᠭᠤᠯᠬᠤ︾᠂ ︽ᠴᠢᠳᠠᠪᠤᠷᠢ ᠶᠢ ᠶᠡᠭᠡ ᠪᠠᠷ | ᠳᠡᠭᠡᠭᠰᠢᠯᠡᠭᠦᠯᠬᠦ︾᠂ ︽ᠠᠰᠠᠭᠤᠳᠠᠯ ᠢ ᠶᠡᠭᠡ ᠪᠠᠷ ᠴᠡᠭᠴᠡᠯᠡᠨ ᠰᠠᠶᠢᠵᠢᠷᠠᠭᠤᠯᠬᠤ︾ ᠶᠢ ᠰᠢᠰᠲ᠋ᠧᠮ ᠲᠠᠢ | ᠠᠭᠤᠰᠤᠯᠴᠠᠭᠤᠯᠵᠤ᠂ ︽ᠴᠢᠳᠠᠪᠤᠷᠢ ᠶᠢ ᠳᠡᠭᠡᠭᠰᠢᠯᠡᠭᠦᠯᠬᠦ᠂ ᠰᠤᠷᠲᠠᠯ ᠢ ᠳᠠᠪᠲᠠᠨ ᠪᠣᠯᠪᠠᠰᠤᠷᠠᠭᠤᠯᠬᠤ᠂ ᠪᠣᠳᠠᠲᠠᠢ | ᠠᠵᠢᠯᠯᠠᠵᠤ ᠪᠡᠶ᠎ᠡ ᠪᠠᠨ ᠳᠠᠭᠠᠭᠠᠬᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ︾ ᠪᠠᠷ ᠭᠤᠣᠯ ᠰᠡᠳᠦᠪ ᠪᠣᠯᠭᠠᠬᠤ ᠶᠢ | ᠪᠠᠷᠢᠮᠲᠠᠯᠠᠵᠤ᠂ ︽ᠬᠡᠷᠡᠭᠵᠢᠭᠦᠯᠬᠦ ᠶᠢ ᠴᠢᠬᠤᠯᠠᠴᠢᠯᠠᠬᠤ᠂ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ᠂ ᠪᠣᠳᠠᠲᠠᠢ | ᠠᠮᠵᠢᠯᠲᠠ ᠶᠢ ᠴᠢᠬᠤᠯᠠᠴᠢᠯᠠᠬᠤ︾ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠵᠠᠯᠠᠭᠤ | ᠺᠠᠳ᠋ᠷᠴᠤᠳ ᠤᠨ︽ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠬᠦ︾ᠬᠢᠴᠢᠶᠡᠯ ᠤᠨ ᠲᠠᠩᠬᠢᠮ ᠢ ᠪᠠᠶᠢᠭᠤᠯᠵᠤ᠂ ᠴᠢᠳᠠᠪᠤᠷᠢ ᠶᠢ | ᠳᠡᠭᠡᠭᠰᠢᠯᠡᠭᠦᠯᠬᠦ ᠵᠢᠴᠢ ᠰᠤᠷᠲᠠᠯ ᠢ ᠬᠤᠪᠢᠷᠠᠭᠤᠯᠬᠤ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠵᠤ᠂ ᠥᠷᠭᠡᠨ ᠤᠯᠠᠨ ᠭᠠᠶᠢᠯᠢ ᠶᠢᠨ ᠶᠠᠪᠤᠳᠠᠯ ᠤᠨ ᠺᠠᠳ᠋ᠷᠴᠤᠳ ᠤᠨ︽ᠭᠠᠪᠰᠢᠭᠠᠶᠢᠯᠠᠬᠤ︾ᠵᠣᠷᠢᠭ ᠰᠠᠨᠠᠭ᠎ᠠ᠂ | ︽ᠴᠢᠷᠮᠠᠶᠢᠨ ᠲᠡᠮᠡᠴᠡᠬᠦ︾ᠡᠷᠴᠢ ᠵᠣᠷᠢᠭ ᠪᠠ ︽ᠪᠣᠳᠠᠲᠠᠢ︾ᠰᠤᠷᠲᠠᠯ ᠢ ᠡᠭᠦᠷᠢᠳᠡ ᠪᠠᠲᠤᠯᠠᠬᠤ ᠶᠢ ᠵᠣᠷᠢᠭᠵᠢᠭᠤᠯᠬᠤ | ᠬᠡᠷᠡᠭᠲᠡᠢ᠃. | ︵ᠬᠤᠶᠠᠷ︶ ︽ᠲᠠᠪᠤᠨ ᠶᠡᠭᠡ ᠢᠨᠵᠧᠨᠧᠷᠢᠩ︾ ᠢ ᠰᠢᠰᠲ᠋ᠧᠮ ᠲᠠᠢ ᠬᠡᠷᠡᠭᠵᠢᠭᠦᠯᠦᠨ᠎ᠡ᠃ | ᠮᠠᠨ ᠤ ᠲᠣᠪᠴᠢᠶ᠎ᠠ ︽ᠨᠠᠶᠢᠳᠠᠪᠤᠷᠢᠵᠢᠭᠤᠯᠬᠤ︾ ᠶᠢ ᠴᠢᠩᠭ᠎ᠠ ᠠᠳᠬᠤᠵᠤ᠂ ᠵᠢᠵᠢᠭ ᠰᠠᠵᠢᠭ ᠵᠦᠢᠯ ᠠᠴᠠ | ᠭᠠᠷᠳᠠᠨ᠂ ᠵᠢᠵᠢᠭ ᠰᠠᠵᠢᠭ ᠵᠦᠢᠯ ᠠᠴᠠ ᠡᠬᠢᠯᠡᠨ ᠠᠳᠬᠤᠵᠤ᠂ ᠦᠨᠡᠨ ᠢ ᠪᠠᠷᠢᠮᠲᠠᠯᠠᠬᠤ ᠵᠣᠷᠢᠭ ᠰᠠᠨᠠᠭ᠎ᠠ ᠲᠠᠢ | ᠮᠥᠷᠲᠡᠭᠡᠨ ᠪᠠᠰᠠ ᠯᠠᠪᠳᠠᠭᠤᠨ ᠪᠠᠲᠤᠲᠠᠢ ᠪᠠᠷ ᠠᠵᠢᠯ ᠬᠢᠬᠦ ᠣᠪᠣᠷ ᠲᠠᠢ ᠪᠠᠶᠢᠵᠤ᠂ ᠨᠡᠩ ᠴᠤ ᠦᠨᠡᠨ ᠪᠣᠳᠠᠲᠠᠢ ᠪᠠᠷ | ᠬᠡᠷᠡᠭᠵᠢᠭᠦᠯᠵᠦ᠂ ︽ᠲᠠᠪᠤᠨ ᠶᠡᠭᠡ ᠢᠨᠵᠧᠨᠧᠷᠢᠩ︾ ᠢ ᠰᠢᠰᠲ᠋ᠧᠮ ᠲᠠᠢ ᠪᠠᠷ ᠬᠡᠷᠡᠭᠵᠢᠭᠦᠯᠦᠨ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠬᠥᠭᠵᠢᠯᠲᠡ ᠶᠢ | ᠡᠷᠢᠯᠬᠢᠯᠡᠭᠰᠡᠨ ᠪᠠᠶᠢᠨ᠎ᠠ᠃ | ︽ᠨᠠᠮ ᠤᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ︾ ᠢᠨᠵᠧᠨᠧᠷᠢᠩ᠃ | ︽ᠲᠤᠬᠠᠶᠢᠯᠠᠭᠰᠠᠨ ᠠᠵᠢᠯ ᠤᠨ ᠠᠰᠠᠭᠤᠳᠠᠯ ᠢ ᠨᠠᠮ ᠤᠨ ᠪᠠᠶᠢᠭᠤᠯᠤᠯᠲᠠ ᠠᠴᠠ ᠰᠢᠯᠲᠠᠭᠠᠨ ᠢ ᠡᠷᠢᠬᠦ᠂ ᠲᠤᠬᠠᠶᠢᠯᠠᠭᠰᠠᠨ | ᠠᠵᠢᠯ ᠢ ᠳᠡᠭᠡᠭᠰᠢᠯᠡᠭᠦᠯᠬᠦ ᠳᠤ ᠨᠠᠮ ᠤᠨ ᠪᠠᠶᠢᠭᠤᠯᠤᠯᠲᠠ ᠠᠴᠠ ᠠᠷᠭ᠎ᠠ ᠶᠢ ᠡᠷᠢᠬᠦ︾ᠣᠶᠢᠯᠠᠭᠠᠭᠳᠠᠬᠤᠨ ᠢ ᠪᠠᠷᠢᠮᠲᠠᠯᠠᠵᠤ᠂ | ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ᠂ ᠰᠤᠷᠤᠯᠴᠠᠯᠭ᠎ᠠ ᠪᠠᠷ ᠭᠠᠶᠢᠯᠢ ᠶᠢ ᠮᠠᠨᠳᠤᠭᠤᠯᠬᠤ ᠵᠡᠷᠭᠡ ᠮᠡᠳᠡᠭᠡ | ᠵᠠᠩᠭᠢᠵᠢᠯᠲᠠ ᠶᠢᠨ ᠲᠠᠪᠴᠠᠩ ᠢ ᠠᠰᠢᠭᠯᠠᠵᠤ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ | ᠭᠦᠨᠵᠡᠭᠡᠢ ᠠᠭᠤᠰᠤᠯᠴᠠᠯ ᠢ ᠠᠬᠢᠭᠤᠯᠬᠤ ᠲᠠᠯ᠎ᠠ ᠪᠠᠷ ᠲᠠᠬᠢᠨ ᠬᠦᠴᠦᠯᠡᠵᠦ᠂ ᠢᠯᠡᠭᠦᠬᠡᠨ ᠰᠦᠪᠡᠭᠴᠢᠯᠡᠵᠦ᠂ ᠨᠠᠮ ᠤᠨ | ᠪᠠᠶᠢᠭᠤᠯᠤᠯᠲᠠ ᠶᠢᠨ ᠠᠵᠢᠯ ᠪᠣᠯᠣᠨ ᠭᠠᠶᠢᠯᠢ ᠲᠠᠲᠠᠪᠤᠷᠢ ᠶᠢᠨ ᠠᠵᠢᠯ ᠤᠨ ᠴᠢᠳᠠᠪᠤᠷᠢ ᠶᠢᠨ ᠲᠦᠪᠰᠢᠨ ᠤ ︽ᠬᠤᠶᠠᠷ ᠢ | ᠳᠡᠭᠡᠭᠰᠢᠯᠡᠭᠦᠯᠬᠦ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ︽ᠴᠢᠩ ᠷᠦᠨ ᠭᠠᠯᠲᠤ ᠠᠭᠤᠯᠠ ᠭᠠᠶᠢᠯᠢ ᠶᠢᠨ ᠲᠠᠯᠠᠢ ᠶᠢᠨ | ᠲᠡᠮᠡᠴᠡᠯ︾ ᠤᠨ ᠨᠠᠮ ᠤᠨ ᠪᠠᠶᠢᠭᠤᠯᠤᠯᠲᠠ ᠶᠢᠨ ᠨᠡᠷᠡᠳᠤ ᠲᠡᠮᠳᠡᠭ ᠢ ᠡᠭᠦᠳᠦᠭᠰᠡᠨ ᠠᠴᠠ ᠨᠠᠮ ᠤᠨ ᠪᠠᠶᠢᠭᠤᠯᠤᠯᠲᠠ ᠶᠢᠨ | ᠮᠡᠳᠡᠷᠡᠯ ᠤᠨ ᠰᠤᠳᠠᠰᠤ ᠶᠢ ᠬᠥᠭᠵᠢᠭᠡᠵᠦ᠂ ᠨᠠᠮ ᠤᠨ ᠪᠠᠶᠢᠭᠤᠯᠤᠯᠲᠠ ᠶᠢᠨ ᠬᠠᠮᠤᠭ ᠰᠡᠭᠦᠯᠴᠢ ᠶᠢᠨ ᠨᠢᠭᠡ ᠺᠢᠯᠤᠮᠥᠲᠷ ᠢ | ᠨᠡᠪᠲᠡᠷᠡᠭᠦᠯᠪᠡ᠃ | ︽ᠰᠣᠶᠣᠯ ᠢᠶᠠᠷ ᠬᠥᠮᠥᠨ ᠢ ᠬᠥᠮᠥᠵᠢᠭᠦᠯᠵᠦ ᠭᠠᠶᠢᠯᠢ ᠶᠢ ᠬᠥᠭᠵᠢᠭᠦᠯᠬᠦ︾ ᠢᠨᠵᠧᠨᠧᠷᠢᠩ᠃ᠮᠠᠨ ᠤ | ᠲᠣᠪᠴᠢᠶ᠎ᠠ ᠶᠢᠨ ︽ᠭᠠᠯᠲᠤ ᠠᠭᠤᠯᠠ ᠶᠢᠨ ᠲᠠᠯ᠎ᠠ ᠨᠤᠲᠤᠭ︾ ᠤᠨ ᠭᠠᠶᠢᠯᠢ ᠶᠢᠨ ᠶᠠᠪᠤᠳᠠᠯ ᠤᠨ ᠰᠣᠶᠣᠯ ᠤᠨ | ᠦᠵᠡᠭᠦᠯᠦᠯᠭᠡ ᠶᠢᠨ ᠲᠢᠩᠬᠢᠮ ᠵᠢᠴᠢ ᠬᠤᠩᠬᠢᠯᠲᠦ ᠶᠢᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ᠂ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ | ᠰᠣᠶᠣᠯ ᠤᠨ ᠦᠵᠡᠭᠦᠯᠦᠯᠭᠡ ᠶᠢᠨ ᠲᠢᠩᠬᠢᠮ ᠳᠤ ᠲᠦᠰᠢᠭᠯᠡᠨ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ | ᠤᠳᠤᠷᠢᠳᠤᠯᠭ᠎ᠠ ᠳᠣᠣᠷᠠᠬᠢ ᠭᠠᠶᠢᠯᠢ ᠲᠠᠲᠠᠪᠤᠷᠢ ᠶᠢᠨ ᠦᠢᠯᠡᠰ ᠤᠨ ᠲᠠᠰᠤᠷᠠᠯᠲᠠ ᠦᠭᠡᠢ ᠳᠠᠪᠰᠢᠯᠲᠠ ᠲᠠᠢ ᠪᠣᠯᠬᠤ | ᠬᠠᠯᠠᠭᠤᠨ ᠬᠦᠰᠡᠯ ᠡᠷᠡᠮᠡᠯᠵᠡᠯ ᠪᠠ ᠪᠠᠲᠤ ᠢᠲᠡᠭᠡᠯ ᠢ ᠬᠥᠭᠵᠢᠭᠡᠨ᠎ᠡ᠃ᠡᠨᠡ ᠵᠢᠯ ᠮᠠᠨ ᠤ ᠲᠣᠪᠴᠢᠶ᠎ᠠ ᠶᠢᠨ ᠭᠠᠶᠢᠯᠢ ᠶᠢᠨ | ᠶᠠᠪᠤᠳᠠᠯ ᠤᠨ ᠰᠣᠶᠣᠯ ᠤᠨ ᠦᠵᠡᠭᠦᠯᠦᠯᠭᠡ ᠶᠢᠨ ᠲᠢᠩᠬᠢᠮ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ᠂ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ᠂ ︽ᠭᠠᠶᠢᠯᠢ ᠶᠢᠨ ᠬᠦᠰᠡᠯ ᠳᠤᠮᠳᠠᠳᠤ ᠶᠢᠨ | ᠬᠦᠰᠡᠯ︾ ᠶᠢ ᠰᠤᠷᠤᠯᠴᠠᠨ ᠲᠤᠤᠱᠯᠠᠭᠤᠯᠬᠤ ᠵᠠᠭᠪᠤᠷ ᠢ ᠰᠢᠨᠡᠳᠬᠡᠵᠦ᠂ ᠭᠠᠶᠢᠯᠢ ᠶᠢᠨ ᠲᠡᠦᠬᠡ ᠶᠢᠨ ᠰᠣᠶᠣᠯ ᠢ | ᠤᠯᠠᠮᠵᠢᠯᠠᠨ ᠵᠠᠯᠭᠠᠮᠵᠢᠯᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ | ᠴᠢᠩᠭᠠᠳᠬᠠᠬᠤ᠂ ᠦᠨᠡᠨᠴᠢ ᠰᠢᠳᠤᠷᠭᠤ ᠭᠠᠶᠢᠯᠢ ᠶᠢᠨ ᠰᠦᠨᠡᠰᠦ ᠶᠢ ᠪᠣᠶ ᠪᠣᠯᠭᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠵᠤ᠂ ᠰᠢᠯᠢᠳᠡᠭ ᠤᠯᠠᠮᠵᠢᠯᠠᠯ᠂ ᠰᠢᠯᠭᠠᠷᠠᠭᠰᠠᠨ ᠰᠤᠷᠲᠠᠯ᠂ ᠲᠤᠰᠬᠠᠢ ᠮᠡᠷᠭᠡᠵᠢᠯ ᠤᠨ | ᠴᠢᠳᠠᠪᠤᠷᠢ ᠪᠠᠷ ᠠᠵᠢᠯ ᠨᠢᠭᠡᠪᠦᠷᠢ ᠶᠢ ᠰᠠᠶᠢᠲᠤᠷ ᠬᠢᠬᠦ ᠶᠢᠨ ᠲᠥᠯᠥᠭᠡ ᠶᠤᠮ᠃ | ︽ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ︾ ᠢᠨᠵᠧᠨᠧᠷᠢᠩ᠃ ᠮᠠᠨ ᠤ ᠲᠣᠪᠴᠢᠶ᠎ᠠ | ᠬᠤᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠲᠡᠷᠢᠭᠦᠨ ᠤ ᠬᠢ ᠶᠢ ᠲᠡᠮᠡᠴᠡᠨ ᠰᠢᠯᠢᠳᠡᠭ ᠪᠣᠯᠬᠤ ᠪᠠᠷ | ᠴᠢᠷᠮᠠᠶᠢᠬᠤ ᠠᠵᠢᠯ ᠤᠨ ᠱᠠᠭᠠᠷᠳᠠᠯᠭ᠎ᠠ ᠶᠢ ᠢᠳᠡᠪᠬᠢᠲᠡᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠨᠢᠭᠡ | ᠲᠣᠬᠢᠶᠠᠯᠳᠤᠪᠠᠯ ᠵᠠᠪᠠᠯ ᠲᠡᠮᠡᠴᠡᠨ ᠣᠯᠵᠤ᠂ ᠲᠤᠭ ᠲᠣᠬᠢᠶᠠᠯᠳᠤᠪᠠᠯ ᠵᠠᠪᠠᠯ ᠲᠡᠮᠡᠴᠡᠨ ᠣᠯᠬᠤ︾ ᠢᠯᠡ ᠲᠣᠳᠣ | ᠤᠳᠤᠷᠢᠳᠤᠮᠵᠢ ᠶᠢ ᠪᠣᠶ ᠪᠣᠯᠭᠠᠵᠤ᠂ ᠪᠥᠬᠦ ᠬᠥᠮᠥᠰ ︽ᠬᠦᠴᠢᠷ ᠪᠡᠷᠬᠡᠰᠢᠶᠡᠯ ᠲᠠᠢ ᠪᠣᠯ ᠤᠯᠠᠮ ᠰᠢᠪᠲᠤᠯᠵᠤ᠂ ᠠᠶᠤᠯ | ᠲᠦᠭᠰᠢᠭᠦᠷᠢ ᠲᠠᠢ ᠪᠣᠯ ᠤᠯᠠᠮ ᠲᠡᠷᠢᠭᠦᠨ ᠤ ᠬᠢ ᠶᠢ ᠲᠡᠮᠡᠴᠡᠨ ᠣᠯᠵᠤ᠂ ᠬᠦᠴᠢᠷ ᠪᠡᠷᠬᠡᠰᠢᠶᠡᠯ ᠲᠠᠢ ᠪᠣᠯ ᠤᠯᠠᠮ | ᠬᠤᠪᠢ ᠨᠡᠮᠡᠷᠢ ᠦᠵᠡᠭᠦᠯᠵᠦ᠂ ᠤᠯᠠᠮ ᠬᠦᠴᠦᠷᠬᠡᠭᠵᠢᠪᠡᠯ ᠤᠯᠠᠮ ᠬᠤᠷᠴᠠ ᠪᠣᠯᠬᠤ︾ ᠲᠡᠮᠡᠴᠡᠯ ᠤᠨ ᠵᠣᠷᠢᠭ | ᠰᠠᠨᠠᠭ᠎ᠠ ᠶᠢ ᠪᠠᠳᠠᠷᠠᠭᠤᠯᠤᠨ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠪᠣᠯᠬᠤ ᠪᠠᠷ ᠬᠠᠷᠠᠯᠲᠠ ᠪᠣᠯᠭᠠᠭᠰᠠᠨ | ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠨᠡᠯᠢᠶᠡᠳ ᠰᠠᠶᠢᠨ | ᠦᠷ᠎ᠡ ᠪᠦᠲᠦᠮᠵᠢ ᠣᠯᠣᠭᠰᠠᠨ ᠪᠠᠶᠢᠨ᠎ᠠ᠃ᠮᠠᠨ ᠤ ᠲᠣᠪᠴᠢᠶ᠎ᠠ ᠣᠳᠣ ᠨᠢᠭᠡᠨᠲᠡ ᠠᠷᠪᠠᠳᠤᠭᠠᠷ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠡ ᠶᠢᠨ ᠴᠣᠯᠠ ᠶᠢ ᠣᠯᠵᠤ᠂ ᠣᠳᠣᠬᠢ ᠱᠠᠲᠤᠨ ᠳᠤ ᠶᠠᠭ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠡ ᠶᠢᠨ ᠵᠢᠱᠢᠶᠡᠴᠢ ᠪᠠᠷ ᠮᠡᠳᠡᠭᠦᠯᠬᠦ ᠪᠠᠷ | ᠢᠳᠡᠪᠬᠢᠲᠡᠢ ᠪᠡᠯᠡᠳᠬᠡᠵᠦ ᠪᠠᠶᠢᠨ᠎ᠠ᠂ ᠡᠮᠦᠨ᠎ᠡ ᠨᠢᠭᠡ ᠬᠤᠭᠤᠴᠠᠭᠠᠨ ᠳᠤ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠪᠣᠯᠪᠠᠰᠤᠨ ᠨᠢᠭᠡᠴᠡ ᠶᠢᠨ ᠰᠢᠨᠵᠢᠯᠡᠨ ᠪᠠᠶᠢᠴᠠᠭᠠᠬᠤ ᠳᠤᠭᠤᠶᠢᠯᠠᠩ ᠮᠠᠨ ᠤ ᠲᠣᠪᠴᠢᠶ᠎ᠠ ᠳᠤ ᠬᠦᠷᠴᠦ | ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠮᠠᠨ ᠤ ᠲᠣᠪᠴᠢᠶ᠎ᠠ ᠶᠢᠨ ᠪᠣᠯᠪᠠᠰᠤᠨ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠭᠦᠢᠴᠡᠳ ᠨᠤᠲᠠᠯᠠᠭᠰᠠᠨ ᠪᠠᠶᠢᠨ᠎ᠠ᠃ | ︽ᠺᠠᠳ᠋ᠷ ᠢ ᠬᠠᠯᠠᠮᠵᠢᠯᠠᠨ ᠬᠠᠶᠢᠷᠠᠯᠠᠵᠤ ᠤᠷᠮᠠᠰᠢᠭᠤᠯᠬᠤ︾ ᠢᠨᠵᠧᠨᠧᠷᠢᠩ᠃ᠮᠠᠨ ᠤ ᠲᠣᠪᠴᠢᠶ᠎ᠠ ᠠᠵᠢᠯᠴᠢᠨ ᠤ | ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠬᠦᠮ ᠤᠨ | ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠢᠳᠡᠪᠬᠢᠲᠡᠢ ᠪᠠᠷ ᠪᠠᠳᠠᠷᠠᠭᠤᠯᠵᠤ᠂ ᠰᠢᠨ᠎ᠡ ᠪᠠᠷ ᠰᠢᠯᠭᠠᠨ ᠡᠯᠰᠡᠬᠦ | ᠠᠯᠪᠠᠲᠠᠨ᠂ ᠣᠨᠳᠣᠣ ᠭᠠᠵᠠᠷ ᠲᠤ ᠰᠣᠯᠢᠯᠴᠠᠬᠤ᠂ ᠭᠡᠷ ᠪᠦᠯᠢ ᠨᠢ ᠬᠦᠴᠢᠷᠳᠡᠯ ᠲᠠᠢ ᠺᠠᠳ᠋ᠷ ᠠᠵᠢᠯᠲᠠᠨ ᠤ ᠠᠵᠢᠯ | ᠠᠮᠢᠳᠤᠷᠠᠯ ᠢ ᠬᠠᠯᠠᠮᠵᠢᠯᠠᠨ ᠬᠠᠶᠢᠷᠠᠯᠠᠵᠤ᠂ ᠨᠠᠮ ᠤᠨ ᠳᠣᠲᠣᠭᠠᠳᠤ ᠶᠢᠨ ᠬᠠᠯᠠᠮᠵᠢᠯᠠᠯ᠂ ᠨᠠᠶᠢᠷ ᠤᠨ ᠠᠵᠢᠯᠯᠠᠭ᠎ᠠ | ᠥᠷᠨᠢᠭᠦᠯᠬᠦ ᠪᠠᠷ ᠳᠠᠮᠵᠢᠭᠤᠯᠤᠨ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠺᠠᠳ᠋ᠷᠴᠤᠳ ᠢ ᠪᠦᠬᠦ | ᠰᠡᠳᠬᠢᠯ ᠪᠦᠬᠦ ᠵᠣᠷᠢᠭ ᠢᠶᠠᠷ ᠢᠶᠠᠨ ᠠᠵᠢᠯ ᠳᠤ ᠣᠷᠣᠯᠴᠠᠭᠤᠯᠵᠤ᠂ ᠬᠠᠷᠢᠶᠠᠯᠠᠭᠳᠠᠬᠤ ᠰᠡᠳᠬᠢᠯᠭᠡ ᠪᠠ ᠵᠣᠯ ᠵᠢᠷᠭᠠᠯ ᠤᠨ | ᠰᠡᠳᠬᠢᠭᠳᠡᠯ ᠢ ᠨᠢ ᠲᠠᠰᠤᠷᠠᠯᠳᠠ ᠦᠭᠡᠢ ᠨᠡᠮᠡᠭᠳᠡᠭᠦᠯᠪᠡ᠃ | ︽ᠬᠥᠲᠥᠯᠥᠭᠴᠢ︾᠄ ᠪᠣᠯᠣᠨ᠎ᠠ᠂ ᠮᠠᠨ ᠤ ᠰᠣᠷᠪᠤᠯᠵᠢᠯᠠᠭ᠎ᠠ ᠶᠢ ᠳ᠋ᠠᠢ ᠲᠣᠪᠴᠢᠶᠠᠨ ᠳᠠᠷᠤᠭ᠎ᠠ ᠶᠢᠨ | ᠬᠦᠯᠢᠶᠡᠭᠰᠡᠨ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠳᠤ ᠶᠡᠬᠡᠳᠡ ᠲᠠᠯᠠᠷᠬᠠᠵᠤ | ᠪᠠᠶᠢᠨ᠎ᠠ᠃ ᠪᠢᠳᠡ ᠳᠠᠷᠠᠭ᠎ᠠ ᠬᠤᠭᠤᠴᠠᠭᠠᠨ ᠳᠤ ᠳᠠᠬᠢᠨ ᠠᠭᠤᠯᠵᠠᠶ᠎ᠠ᠃ | | | | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |