ᠣᠶᠢᠷ᠎ᠠ ᠶᠢᠨ ᠵᠢᠯ ᠠᠴᠠ ᠨᠠᠰᠢ᠂ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠤᠨ ᠲᠠᠰᠤᠷᠠᠯᠲᠠ ᠦᠭᠡᠢ | ᠲᠡᠭᠦᠯᠳᠡᠷᠵᠢᠨ ᠲᠡᠭᠦᠯᠳᠡᠷᠵᠢᠬᠦ ᠶᠢ ᠳᠠᠭᠠᠯᠳᠤᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠶᠠᠪᠤᠳᠠᠯ ᠤᠨ ᠲᠣᠪᠴᠢᠶ᠎ᠠ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ᠂ ᠤᠯᠠᠭᠠᠨᠴᠠᠪ ᠤᠨ | ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠬᠦᠷᠢᠶ᠎ᠡ | ᠴᠠᠷᠠᠭ᠎ᠠ ᠶᠢᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ | ᠲᠡᠭᠦᠯᠳᠡᠷᠵᠢᠭᠦᠯᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠥᠮᠥᠨ ᠠᠮᠠ ᠶᠢ | ᠬᠥᠳᠡᠯᠦᠩᠭᠦᠢ ᠪᠠᠷ ᠬᠢᠨᠠᠨ ᠬᠡᠮᠵᠢᠬᠦ ᠪᠠ ᠬᠦᠴᠢᠷᠳᠡᠯᠲᠡᠢ ᠭᠡᠷ ᠪᠦᠯᠢ ᠶᠢᠨ ᠦᠨᠳᠦᠰᠦᠨ ᠵᠦᠢᠯ ᠢ ᠪᠠᠲᠤᠯᠠᠬᠤ | ᠠᠵᠢᠯ ᠤᠨ ᠳᠤᠮᠳᠠ ᠠᠯᠢ ᠣᠯᠠᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠵᠦ᠂ | ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ︽ᠬᠥᠮᠥᠨ ᠨᠢ ᠲᠥᠷᠥ ᠶᠢᠨ ᠪᠣᠳᠣᠯᠭ᠎ᠠ ᠡᠷᠢᠬᠦ︾ ᠪᠠᠶᠢᠭᠰᠠᠨ ᠠᠴᠠ ︽ | ᠲᠥᠷᠥ ᠶᠢᠨ ᠪᠣᠳᠣᠯᠭ᠎ᠠ ᠨᠢ ᠬᠥᠮᠥᠨ ᠢ ᠡᠷᠢᠬᠦ︾ ᠳᠠᠰᠢ ᠬᠤᠪᠢᠷᠠᠭᠤᠯᠵᠤ᠂ ᠬᠦᠴᠢᠷᠳᠡᠯᠲᠡᠢ ᠣᠯᠠᠨ ᠲᠦᠮᠡᠨ ᠳᠤ | ᠦᠢᠯᠡᠴᠢᠯᠡᠬᠦ ︿ᠡᠴᠦᠰ ᠤᠨ ᠨᠢᠭᠡ ᠺᠢᠯᠣᠮᠧᠲᠷ﹀ ᠢ ᠨᠡᠪᠲᠡᠷᠡᠭᠦᠯᠦᠨ᠎ᠡ᠃ | | ︽ᠲᠠ ᠨᠠᠷ ᠤᠨ ᠨᠠᠳᠠᠳᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠣᠯᠭᠤᠵᠤ ᠥᠭᠭᠦᠭᠰᠡᠨ ᠳᠤ | ᠶᠡᠬᠡᠳᠡ ᠲᠠᠯᠠᠷᠬᠠᠵᠤ ᠪᠠᠶᠢᠨ᠎ᠠ᠂ ᠪᠢ ᠰᠠᠶ᠋ᠢᠬᠠᠨ ᠮᠡᠰᠡ ᠵᠠᠰᠠᠯ ᠬᠢᠵᠦ ᠪᠠᠷᠠᠭᠠᠳ ᠡᠮᠨᠡᠯᠭᠡ ᠠᠴᠠ ᠭᠠᠷᠴᠠᠢ᠂ ᠣᠳᠣ | ᠮᠢᠨᠦ ᠡᠮ ᠤᠨ ᠵᠣᠭᠤᠰ ᠢᠷᠡᠯᠲᠠ ᠲᠠᠢ ᠪᠣᠯᠤᠭᠰᠠᠨ ᠪᠠᠶᠢᠨ᠎ᠠ᠃︾ ᠲᠦᠷᠦᠭᠦᠬᠡᠨ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠥᠪ ᠲᠣᠰᠬᠤᠨ ᠤ ᠠᠷᠠᠳ ᠵᠠᠩ ᠰᠢᠤᠸᠠᠢ | ᠬᠤᠸᠠ ᠶᠢᠨ ᠲᠠᠯᠠᠷᠬᠠᠯ ᠤᠨ ᠤᠲᠠᠰᠤ ᠶᠢ ᠲᠤᠰᠪᠠ᠃ | ᠬᠦᠨᠳᠦ ᠶᠡᠭᠡ ᠡᠪᠡᠳᠴᠢᠨ ᠡᠮᠭᠡᠭ᠂ ᠵᠠᠮ ᠬᠠᠷᠢᠯᠴᠠᠭᠠᠨ ᠤ ᠠᠳᠡᠯ ᠨᠢ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠵᠠᠷᠢᠮ ᠭᠡᠷ ᠪᠦᠯᠢ ᠶᠢᠨ ᠳᠠᠷᠤᠭᠠᠰᠤ ᠶᠢ ᠬᠦᠨᠳᠦᠷᠡᠭᠦᠯᠵᠦ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠭᠡᠮ ᠤᠨ ᠠᠪᠤᠷᠠᠨ | ᠲᠤᠰᠠᠯᠠᠬᠤ ᠲᠤᠰᠠᠯᠠᠭᠴᠢ᠂ ᠰᠦᠯᠵᠢᠶᠡᠨ ᠤ ᠠᠵᠢᠯᠲᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ | ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠦᠨᠳᠦᠰᠦᠨ ᠱᠠᠲᠤᠨ ᠤ ᠠᠵᠢᠯ ᠤᠨ ᠬᠦᠴᠦᠨ ᠢ ᠠᠰᠢᠭᠯᠠᠨ᠂ | ᠥᠪᠡᠷᠲᠡᠭᠡᠨ ᠵᠠᠰᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢᠨ | ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ ᠨᠥᠬᠦᠴᠡᠯ ᠳᠤ ᠨᠡᠶᠢᠴᠡᠬᠦ ᠦᠭᠡᠢ ᠣᠷᠣᠯᠭ᠎ᠠ ᠪᠠᠭᠠᠲᠠᠢ ᠭᠡᠷ | ᠪᠦᠯᠢ ᠳᠤ ᠣᠷᠣᠭᠤᠯᠬᠤ ᠰᠢᠰᠲ᠋ᠧᠮ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠵᠦ᠂ ᠡᠭᠦᠨ ᠤ ᠬᠠᠮᠲᠤ | ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ | ᠳᠠᠭᠠᠳᠬᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ ᠬᠤᠯᠪᠣᠭ᠎ᠠ ᠵᠡᠷᠭᠡ ᠡᠭᠦᠷᠭᠡ | ᠴᠢᠳᠠᠪᠬᠢᠲᠤ ᠰᠠᠯᠠᠭ᠎ᠠ ᠮᠥᠴᠢᠷ ᠲᠠᠢ ᠬᠥᠨᠳᠡᠯᠡᠨ ᠴᠢᠭᠯᠡᠯ ᠢᠶᠠᠷ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ | ᠪᠦᠷᠢᠯᠳᠦᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ | ᠲᠡᠳᠬᠦᠬᠦ ᠶᠢ ᠪᠦᠬᠦ ᠲᠠᠯ᠎ᠠ ᠪᠠᠷ ᠥᠷᠨᠢᠭᠦᠯᠵᠦ᠂ ᠵᠠᠬ᠎ᠠ ᠬᠢᠵᠠᠭᠠᠷ ᠤᠨ ᠭᠡᠷ ᠪᠦᠯᠢ ᠰᠠᠨᠠᠭᠠᠨ ᠳᠤ ᠦᠭᠡᠢ ᠬᠦᠴᠢᠷᠳᠡᠯ ᠳᠤ | ᠤᠴᠠᠷᠠᠭᠰᠠᠨ ᠦᠶ᠎ᠡ ᠳᠤ ᠴᠠᠭ ᠲᠤᠬᠠᠢ ᠳᠤᠨᠢ ᠣᠶᠢᠯᠠᠭᠠᠵᠤ᠂ ᠴᠠᠭ ᠲᠤᠬᠠᠢ ᠳᠤᠨᠢ ᠠᠪᠤᠷᠠᠨ ᠲᠤᠰᠠᠯᠠᠬᠤ ᠠᠷᠭ᠎ᠠ | ᠪᠠᠷᠢᠯ ᠢ ᠬᠠᠩᠭᠠᠬᠤ ᠬᠡᠷᠡᠭᠲᠡᠢ᠃ ᠡᠨᠡ ᠵᠢᠯ ᠠᠴᠠ ᠨᠠᠰᠢ᠂ 1172 ᠡᠷᠦᠬᠡ 1759 ᠬᠥᠮᠥᠨ ᠤ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢ ᠰᠢᠨ᠎ᠡ ᠪᠠᠷ ᠭᠤᠶᠤᠴᠢᠯᠠᠨ ᠭᠦᠢᠴᠡᠳᠬᠡᠵᠦ᠂ ᠣᠷᠣᠯᠭ᠎ᠠ ᠪᠠᠭᠠᠲᠠᠢ ᠬᠥᠮᠥᠨ ᠠᠮᠠ ᠶᠢᠨ | ᠬᠥᠳᠡᠯᠦᠩᠭᠦᠢ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠲᠠᠪᠴᠠᠩ ᠳᠤ ᠵᠠᠬ᠎ᠠ ᠬᠢᠵᠠᠭᠠᠷ ᠤᠨ ᠬᠥᠮᠥᠨ ᠠᠮᠠ | 256 ᠰᠢᠨ᠎ᠡ ᠪᠠᠷ ᠨᠡᠮᠡᠭᠳᠡᠵᠦ᠂ ᠵᠠᠬ᠎ᠠ ᠬᠢᠵᠠᠭᠠᠷ ᠤᠨ ᠡᠷᠦᠬᠡ ᠪᠠᠶᠢᠭᠰᠠᠨ ᠠᠴᠠ 20 ᠡᠷᠦᠬᠡ 45 ᠬᠥᠮᠥᠨ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠷᠦᠬᠡ ᠪᠣᠯᠭᠠᠨ ᠬᠤᠪᠢᠷᠠᠭᠤᠯᠵᠤ᠂ ᠣᠷᠣᠯᠭ᠎ᠠ ᠪᠠᠭᠠᠲᠠᠢ ᠬᠥᠮᠥᠨ | ᠠᠮᠠ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠪᠦᠲᠦᠮᠵᠢᠲᠡᠶ ᠵᠣᠯᠭᠠᠯᠳᠤᠯ ᠢ ᠪᠡᠶᠡᠯᠡᠭᠦᠯᠪᠡ᠃ | | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠯᠲᠠ ᠶᠢᠨ | ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠲᠥᠯᠥᠭᠡ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠪᠦᠬᠦ ᠬᠤᠲᠠ ᠶᠢᠨ ︽ᠨᠡᠶᠢᠭᠡᠮ ᠤᠨ ᠠᠪᠤᠷᠠᠨ ᠲᠤᠰᠠᠯᠠᠬᠤ ᠬᠦᠷᠢᠶ᠎ᠡ | ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠵᠦ ᠪᠣᠭᠤᠮᠲᠠ ᠰᠢᠪᠲᠤᠯᠬᠤ ᠰᠠᠷ᠎ᠠ ᠶᠢᠨ ᠠᠵᠢᠯᠯᠠᠭ᠎ᠠ︾ ᠶᠢ | ᠠᠰᠢᠭᠯᠠᠨ᠂ ᠪᠥᠬᠦ ᠲᠠᠯ᠎ᠠ ᠪᠠᠷ ᠪᠠᠶᠢᠴᠠᠭᠠᠨ ᠵᠢᠭᠰᠠᠭᠠᠬᠤ ᠠᠵᠢᠯ ᠢ ᠥᠷᠨᠢᠭᠦᠯᠵᠦ᠂ ᠪᠥᠬᠦ ᠬᠤᠲᠠ ᠶᠢᠨ ︽ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ | ᠵᠦᠢᠯ ᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠨᠠᠷᠢᠨ ᠳᠦᠷᠢᠮ︾ ᠢ | ᠤᠯᠠᠮᠵᠢᠯᠠᠨ ᠲᠠᠷᠬᠠᠭᠠᠵᠤ᠂ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠵᠢᠯ ᠤᠨ | ᠳᠤᠭᠤᠶᠢᠯᠠᠩ ᠢ ᠪᠠᠶᠢᠭᠤᠯᠤᠨ᠂ ᠬᠠᠷᠠᠯᠲᠠᠲᠤ ᠬᠥᠮᠥᠰ ᠢ ᠲᠣᠭᠲᠠᠭᠠᠵᠤ᠂ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠠᠪᠤᠷᠠᠨ ᠲᠤᠰᠠᠯᠠᠯᠲᠠ᠂ ᠣᠨᠴᠠ ᠬᠦᠴᠢᠷᠳᠡᠯ ᠤᠨ ᠠᠪᠤᠷᠠᠨ ᠲᠤᠰᠠᠯᠠᠯᠲᠠ᠂ ᠲᠦᠷ ᠴᠠᠭ ᠤᠨ | ᠠᠪᠤᠷᠠᠨ ᠲᠤᠰᠠᠯᠠᠯᠲᠠ ᠵᠢᠴᠢ ᠡᠯ᠎ᠡ ᠵᠦᠢᠯ ᠤᠨ ᠲᠤᠰᠬᠠᠢ ᠠᠪᠤᠷᠠᠨ ᠲᠤᠰᠠᠯᠠᠯᠲᠠ ᠶᠢᠨ ᠵᠥᠪᠯᠡᠯᠭᠡ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠬᠠᠩᠭᠠᠪᠠ᠃ | ︽ᠲᠠ ᠨᠠᠷ ᠤᠨ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠂ ᠪᠠᠶᠠᠷᠯᠠᠯ᠎ᠠ︕ ᠪᠢ ᠯᠠᠪᠲᠠᠢ ᠰᠠᠶᠢᠨ | ᠰᠤᠷᠤᠯᠴᠠᠵᠤ᠂ ᠤᠳᠤᠷᠢᠳᠤᠯᠭ᠎ᠠ ᠶᠢᠨ ᠨᠠᠳᠠ ᠳᠤ ᠲᠠᠯᠪᠢᠭᠰᠠᠨ ᠬᠦᠰᠡᠯ ᠢ ᠬᠥᠰᠡᠷᠳᠡᠭᠦᠯᠬᠦ ᠦᠭᠡᠢ︾ ᠭᠡᠵᠦ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠯᠢ ᠰᠤᠷᠤᠭᠴᠢ ᠤᠲᠠᠰᠤ | ᠢᠷᠡᠭᠦᠯᠵᠦ ᠠᠷᠠᠳ ᠤᠨ ᠶᠠᠪᠤᠳᠠᠯ ᠤᠨ ᠲᠣᠪᠴᠢᠶ᠎ᠠ ᠳᠤ ᠲᠠᠯᠠᠷᠬᠠᠯ ᠢᠶᠠᠨ ᠢᠯᠡᠳᠬᠡᠪᠡ᠃ | ᠶᠠᠳᠠᠭᠤ ᠶᠢ ᠵᠠᠰᠠᠬᠤ ᠳᠤ ᠮᠤᠩᠬᠠᠭ ᠪᠠᠯᠠᠢ ᠶᠢ ᠤᠷᠢᠳᠠᠪᠠᠷ ᠵᠠᠰᠠᠵᠤ᠂ ᠶᠠᠳᠠᠭᠤ ᠶᠢ ᠲᠡᠳᠬᠦᠬᠦ ᠳᠤ ᠤᠶᠤᠨ | ᠤᠬᠠᠭᠠᠨ ᠢ ᠤᠷᠢᠳᠠᠪᠠᠷ ᠲᠡᠳᠬᠦᠬᠦ ᠬᠡᠷᠡᠭᠲᠡᠢ᠃ ᠰᠤᠷᠭᠠᠨ ᠬᠥᠮᠦᠵᠢᠯ ᠬᠦᠷᠳᠡᠬᠦ ᠪᠣᠯ ᠶᠠᠳᠠᠭᠤ ᠬᠦᠴᠢᠷᠳᠡᠯᠲᠡᠢ | ᠰᠤᠷᠤᠭᠴᠢᠳ ᠤᠨ ᠶᠠᠳᠠᠭᠤ ᠠᠴᠠ ᠠᠩᠭᠢᠵᠢᠷᠠᠬᠤ ᠶᠢᠨ ᠴᠢᠬᠤᠯᠠ ᠠᠷᠭ᠎ᠠ ᠵᠠᠮ ᠪᠣᠯᠣᠨ᠎ᠠ᠃ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠩᠬᠠᠨ ᠤ ᠪᠦᠯᠦᠭ ᠬᠦᠷᠢᠶ᠎ᠡ ᠬᠡᠪᠴᠢᠶ᠎ᠡ ᠶᠢ | ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠬᠥᠮᠥᠰ ᠢ ᠬᠦᠴᠢᠷᠳᠡᠯ ᠲᠠᠢ ᠰᠤᠷᠤᠭᠴᠢᠳ ᠲᠤ ᠬᠠᠨᠳᠤᠭᠤᠯᠵᠤ᠂ 9 | ᠰᠠᠷ᠎ᠠ ᠠᠴᠠ ᠡᠬᠢᠯᠡᠵᠦ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ | ᠲᠣᠭᠲᠠᠴᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠭᠤᠷᠪᠠᠨ ᠱᠠᠲᠤᠨ ᠤ ᠨᠡᠶᠢᠭᠡᠮ ᠤᠨ ᠠᠪᠤᠷᠠᠨ | ᠲᠤᠰᠠᠯᠠᠬᠤ ᠲᠣᠣᠷᠵᠢᠯ ᠤᠨ ᠰᠢᠰᠲ᠋ᠧᠮ ᠪᠠ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠬᠦᠴᠢᠷᠳᠡᠯᠲᠡᠢ ᠰᠤᠷᠤᠭᠴᠢᠳ ᠢ ᠵᠢᠭᠰᠠᠭᠠᠨ ᠪᠠᠶᠢᠴᠠᠭᠠᠬᠤ ᠳᠤᠭᠤᠶᠢᠯᠠᠩ ᠤᠨ ᠬᠦᠴᠦᠨ ᠢ ᠠᠰᠢᠭᠯᠠᠨ | ᠂ 20 ᠭᠠᠷᠤᠢ ᠺᠠᠳ᠋ᠷ ᠢ ᠳᠠᠶᠢᠴᠢᠯᠠᠨ᠂ ᠪᠥᠬᠦ ᠬᠤᠰᠢᠭᠤᠨ ᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠭᠥᠷᠳᠡᠬᠦ ᠠᠴᠠ ᠭᠠᠳᠠᠨᠠᠬᠢ ᠶᠠᠳᠠᠭᠤ ᠬᠦᠴᠢᠷᠳᠡᠯᠲᠡᠢ ᠰᠤᠷᠤᠭᠴᠢᠳ ᠲᠤ ︽ᠲᠣᠣᠷ ᠲᠠᠲᠠᠬᠤ ᠮᠠᠶ᠋ᠢᠭ︾ | ᠤᠨ ᠪᠠᠶᠢᠴᠠᠭᠠᠯᠲᠠ ᠬᠢᠵᠦ᠂ ᠬᠦᠴᠢᠷᠳᠡᠯᠲᠡᠢ ᠰᠤᠷᠤᠭᠴᠢᠳ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠵᠤ | ᠂ ᠬᠦᠴᠢᠷᠳᠡᠯᠲᠡᠢ ᠰᠤᠷᠤᠭᠴᠢᠳ ᠤᠨ ᠬᠥᠳᠡᠯᠦᠩᠭᠦᠢ ᠪᠠᠶᠢᠳᠠᠯ ᠢ ᠬᠢᠨᠠᠨ ᠰᠢᠯᠭᠠᠬᠤ ᠡᠬᠡ ᠲᠠᠩᠰᠠ ᠶᠢ ᠪᠠᠶᠢᠭᠤᠯᠤᠨ᠎ᠠ᠃ | ᠣᠳᠣᠬᠠᠨ ᠪᠣᠯᠲᠠᠯ᠎ᠠ ᠨᠡᠶᠢᠲᠡ 513 ᠬᠦᠴᠢᠷᠳᠡᠯᠲᠡᠢ ᠭᠡᠷ ᠪᠦᠯᠢ ᠶᠢ ᠪᠠᠶᠢᠴᠠᠭᠠᠨ ᠭᠠᠷᠭᠠᠵᠤ᠂ 200 ᠭᠠᠷᠤᠢ | ᠬᠦᠴᠢᠷᠳᠡᠯᠲᠡᠢ ᠰᠣᠷᠣᠭᠴᠢ ᠶᠢ ᠪᠠᠶᠢᠴᠠᠭᠠᠨ ᠭᠠᠷᠭᠠᠵᠤ᠂ ᠲᠠᠷᠠᠭᠠᠴᠢ ᠶᠢᠨ ᠠᠯᠬᠤᠮ ᠳᠤ ᠪᠠᠶᠢᠴᠠᠭᠠᠨ ᠭᠠᠷᠭᠠᠵᠤ | ᠪᠠᠶᠢᠭ᠎ᠠ ᠬᠦᠴᠢᠷᠳᠡᠯᠲᠡᠢ ᠰᠣᠷᠣᠭᠴᠢ ᠶᠢ ᠪᠥᠬᠦᠳᠡ ᠶᠢ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ | ᠪᠠᠶᠢᠳᠠᠯ ᠢ ᠬᠢᠨᠠᠨ ᠬᠡᠮᠵᠢᠬᠦ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠬᠤ ᠶᠢᠨ ᠬᠠᠮᠲᠤ ᠬᠦᠴᠢᠷᠳᠡᠯ ᠤᠨ | ᠬᠡᠮᠵᠢᠶ᠎ᠡ ᠶᠢ ᠦᠨᠳᠦᠰᠦᠯᠡᠨ ᠲᠡᠳᠡᠨ ᠳᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ᠂ ᠲᠦᠷ | ᠴᠠᠭ ᠤᠨ ᠠᠪᠤᠷᠠᠨ ᠲᠤᠰᠠᠯᠠᠬᠤ ᠵᠡᠷᠭᠡ ᠦᠢᠯᠡᠴᠢᠯᠡᠭᠡ ᠬᠠᠩᠭᠠᠵᠤ᠂ ︽ᠬᠠᠪᠰᠤᠷᠬᠤ ᠶᠣᠰᠣᠲᠠᠢ ᠶᠢ ᠨᠢ ᠴᠥᠮ | ᠬᠠᠪᠰᠤᠷᠴᠤ᠂ ᠠᠪᠤᠷᠠᠪᠠᠰᠤ ᠵᠣᠬᠢᠬᠤ ᠶᠢ ᠨᠢ ᠴᠥᠮ ᠠᠪᠤᠷᠠᠨ ᠭᠠᠷᠭᠠᠵᠤ᠂ ᠨᠢᠭᠡ ᠬᠥᠮᠥᠨ ᠢ ᠴᠦ ᠣᠷᠬᠢᠭᠳᠠᠭᠤᠯᠬᠤ | ᠦᠭᠡᠢ︾ ᠪᠣᠯᠭᠠᠨ᠎ᠠ᠃ | ︽ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠵᠤ᠂ ᠲᠤᠰᠢᠶᠠᠬᠤ ᠶᠣᠰᠣᠲᠠᠢ ᠶᠢ ᠨᠢ ᠴᠥᠮ | ᠲᠤᠰᠢᠶᠠᠬᠤ︾ ᠶᠢ ᠪᠡᠶᠡᠯᠡᠭᠦᠯᠬᠦ ᠶᠢᠨ ᠠᠷᠤ ᠳᠤ᠂ ᠪᠥᠬᠦ ᠶᠠᠪᠤᠴᠠ ᠶᠢᠨ ᠬᠢᠨᠠᠯᠲᠠ ᠪᠠᠶᠢᠴᠠᠭᠠᠯᠲᠠ ᠴᠤ ᠳᠤᠲᠠᠭᠳᠠᠵᠤ | ᠪᠣᠯᠣᠰᠢ ᠦᠭᠡᠢ ᠶᠤᠮ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ | ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠳᠤᠮᠳᠠ᠂ ︽ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ᠂ | ᠪᠤᠴᠠᠭᠠᠬᠤ ᠶᠣᠰᠣᠲᠠᠢ ᠶᠢ ᠨᠢ ᠴᠥᠮ ᠪᠤᠴᠠᠭᠠᠬᠤ᠂ ᠬᠥᠳᠡᠯᠦᠩᠭᠦᠢ ᠪᠠᠷ ᠬᠠᠮᠢᠶᠠᠷᠬᠤ︾ ᠬᠠᠷᠠᠯᠲᠠ ᠶᠢ ᠪᠠᠷᠢᠮᠲᠠᠯᠠᠨ᠂ | ᠲᠣᠭᠲᠠᠮᠠᠯ ᠬᠤᠭᠤᠴᠠᠭ᠎ᠠ ᠲᠠᠢ ᠪᠠᠷ ᠣᠷᠣᠰᠢᠨ ᠲᠣᠭᠲᠠᠨᠢᠬᠤ ᠭᠡᠷᠡᠴᠢᠯᠡᠯ ᠬᠢᠵᠦ᠂ ᠨᠠᠭᠠᠲᠤ ᠵᠠᠬ᠎ᠠ ᠶᠢᠨ ᠪᠠᠲᠤᠯᠠᠭ᠎ᠠ | ᠭᠥᠷᠳᠡᠵᠦ ᠪᠠᠶᠢᠭ᠎ᠠ ᠡᠲᠡᠭᠡᠳ ᠲᠤ ᠣᠷᠣᠰᠢᠵᠤ ᠪᠠᠶᠢᠭ᠎ᠠ ᠰᠡᠷᠡᠮᠵᠢᠯᠡᠭᠦᠯᠬᠦ ᠮᠡᠳᠡᠭᠡ ᠵᠠᠩᠭᠢ ᠶᠢ ᠪᠥᠬᠦ ᠲᠠᠯ᠎ᠠ ᠪᠠᠷ ᠬᠢᠨᠠᠨ | ᠬᠠᠷᠭᠤᠭᠤᠯᠵᠤ᠂ 100% ᠪᠠᠷ ᠡᠷᠦᠬᠡ ᠳᠤ ᠬᠦᠷᠴᠦ ᠪᠠᠶᠢᠴᠠᠭᠠᠨ ᠬᠠᠷᠭᠤᠭᠤᠯᠬᠤ ᠶᠢ ᠪᠠᠲᠤᠯᠠᠬᠤ ᠶᠢᠨ ᠬᠠᠮᠲᠤ᠂ | ᠰᠢᠨ᠎ᠡ ᠪᠠᠷ ᠭᠤᠶᠤᠴᠢᠯᠠᠭᠰᠠᠳ ᠢ ᠬᠠᠷᠭᠤᠭᠤᠯᠬᠤ᠂ ᠪᠠᠲᠤᠯᠠᠭᠰᠠᠳ ᠲᠤ ᠳᠠᠬᠢᠨ ᠬᠢᠨᠠᠬᠤ᠂ ᠤᠷᠢᠳᠴᠢᠯᠠᠨ | ᠰᠡᠷᠡᠮᠵᠢᠯᠡᠭᠦᠯᠵᠦ ᠬᠠᠷᠢᠭᠤ ᠲᠤᠰᠬᠠᠬᠤ ᠶᠢ ᠠᠦ᠋ᠲ᠋ᠣ᠋ ᠬᠠᠷᠢᠴᠠᠭᠤᠯᠤᠨ ᠰᠢᠢᠳᠪᠦᠷᠢᠯᠡᠬᠦ ᠵᠡᠷᠭᠡ ︽ᠭᠤᠷᠪᠠᠨ ᠪᠢᠲᠡᠭᠦᠦ | ᠴᠠᠭᠠᠷᠢᠭ︾ ᠢ ᠬᠠᠷᠭᠤᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠨᠢᠭᠡᠴᠡ ᠯᠦᠭᠡ ᠲᠤᠭ᠎ᠠ | ᠪᠠᠷᠢᠮᠲᠠ ᠶᠢ ᠬᠠᠮᠲᠤᠪᠠᠷ ᠭᠥᠷᠳᠡᠬᠦ ᠶᠢ ᠴᠢᠩᠭᠠᠷᠠᠭᠤᠯᠤᠨ᠎ᠠ᠃ ᠡᠨᠡ ᠵᠢᠯ ᠠᠴᠠ ᠨᠠᠰᠢ᠂ ᠬᠠᠷᠢᠴᠠᠭᠤᠯᠤᠨ ᠬᠢᠨᠠᠨ | ᠪᠠᠶᠢᠴᠠᠭᠠᠬᠤ ᠪᠠᠷ ᠳᠠᠮᠵᠢᠭᠠᠳ 1153 ᠡᠷᠦᠬᠡ 1546 ᠬᠥᠮᠥᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ | ᠦᠭᠡᠢ ᠪᠠᠷ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠠᠴᠠ ᠤᠬᠤᠷᠢᠨ ᠭᠠᠷᠴᠤ᠂ | ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠡᠮᠬᠢ ᠵᠢᠷᠤᠮ | ᠲᠠᠢ ᠪᠠᠶᠢᠳᠠᠯ ᠢ ᠤᠯᠠᠮ ᠨᠢᠭᠡ ᠠᠯᠬᠤᠮ ᠪᠤᠶ ᠪᠣᠯᠭᠠᠭᠰᠠᠨ ᠪᠠᠶᠢᠨ᠎ᠠ᠃ | | ᠵᠣᠬᠢᠶᠠᠭᠴᠢ᠄ ᠡᠬᠡ ᠪᠢᠴᠢᠭ ᠬᠠᠩᠭᠠᠭᠴᠢ᠄ ᠮᠦ ᠢᠦᠢ ᠫᠧᠩ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |