ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠪᠣᠳᠠᠲᠤ ᠶᠠᠪᠤᠳᠠᠯ ᠪᠦᠲᠦᠭᠡᠵᠦ᠂ ᠵᠢᠵᠢᠭ | ᠰᠠᠵᠢᠭ ᠵᠦᠢᠯ ᠳᠤ ᠦᠨᠡᠨ ᠪᠠᠶᠢᠳᠠᠯ ᠢ ᠢᠯᠡᠷᠡᠭᠦᠯᠦᠨ᠎ᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ | ᠮᠠᠯᠴᠢᠨ ᠲᠠᠷᠢᠶᠠᠴᠢᠨ ᠤ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠪᠤᠷᠢ ᠶᠢᠨ ᠠᠵᠢᠯ ᠢ ᠣᠳᠣᠬᠠᠨ ᠤ | ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ | ᠠᠳᠬᠤᠵᠤ᠂ ᠪᠦᠭᠦ ᠬᠤᠰᠢᠭᠤᠨ ᠤ ᠮᠠᠯᠴᠢᠨ ᠲᠠᠷᠢᠶᠠᠴᠢᠨ ᠡᠷᠦᠬᠡ ᠶᠢᠨ ᠨᠡᠭᠦᠷᠡᠰᠦᠨ ᠤ ᠬᠡᠷᠡᠭᠴᠡᠭᠡ ᠶᠢ ᠦᠨᠳᠦᠰᠦᠯᠡᠨ | ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠦᠭᠡᠭᠡᠬᠦ ᠠᠵᠢᠯ ᠢ ᠬᠦᠴᠦᠯᠡᠨ ᠰᠠᠶᠢᠲᠤᠷ ᠬᠢᠵᠦ᠂ ᠥᠷᠭᠡᠨ | ᠤᠯᠠᠨ ᠮᠠᠯᠴᠢᠨ ᠲᠠᠷᠢᠶᠠᠴᠢᠨ ᠤ ᠡᠪᠦᠯ ᠢ ᠬᠠᠯᠠᠭᠤᠨ ᠢᠶᠠᠷ ᠥᠩᠭᠡᠷᠡᠭᠦᠯᠬᠦ ᠶᠢ ᠪᠠᠲᠤᠯᠠᠨ᠎ᠠ᠃ | | ᠪᠠᠶᠠᠨᠴᠠᠭᠠᠨ ᠪᠠᠯᠭᠠᠰᠤᠨ ᠤ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ᠲᠠᠷᠬᠠᠭᠠᠬᠤ ᠭᠠᠵᠠᠷ ᠲᠤ | ᠶᠠᠭᠠᠷᠠᠯᠲᠠᠢ ᠪᠠᠶᠢᠳᠠᠯ ᠢᠯᠡᠷᠡᠵᠦ᠂ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ᠳᠦᠭᠦᠷᠡᠩ ᠲᠡᠭᠡᠭᠡᠭᠰᠡᠨ ᠠᠴᠢᠶᠠᠨ ᠤ | ᠮᠠᠰᠢᠨ ᠲᠡᠷᠭᠡ ᠨᠦᠭᠦᠳ ᠠᠯᠭᠤᠷᠬᠠᠨ ᠢᠶᠠᠷ ᠢᠷᠡᠵᠦ᠂ ᠨᠡᠭᠦᠷᠡᠰᠦ ᠶᠢ ᠲᠣᠭᠲᠠᠭᠰᠠᠨ ᠭᠠᠵᠠᠷ ᠲᠤ ᠪᠠᠭᠤᠯᠭᠠᠪᠠ᠃ ᠴᠥᠭᠡᠨ | ᠪᠤᠰᠤ ᠮᠠᠯᠴᠢᠨ ᠲᠠᠷᠢᠶᠠᠴᠢᠨ ᠡᠷᠦᠬᠡ ᠥᠪᠡᠷ ᠤᠨ ᠭᠤᠷᠪᠠᠨ ᠬᠦᠷᠳᠦᠲᠦ ᠲᠡᠷᠭᠡ᠂ ᠳᠥᠷᠪᠡᠨ ᠬᠦᠷᠳᠦᠲᠦ ᠲᠡᠷᠭᠡ | ᠵᠡᠷᠭᠡ ᠲᠡᠭᠡᠭᠡᠪᠦᠷᠢ ᠶᠢᠨ ᠪᠠᠭᠠᠵᠢ ᠪᠠᠨ ᠵᠢᠯᠣᠭᠤᠳᠤᠨ ᠨᠡᠭᠦᠷᠡᠰᠦ ᠪᠠᠭᠤᠯᠭᠠᠬᠤ ᠲᠤᠬᠠᠢ ᠶᠢᠨ ᠲᠠᠯᠠᠪᠠᠶ ᠳᠤ ᠬᠦᠯᠢᠶᠡᠵᠦ | ᠪᠠᠶᠢᠨ᠎ᠠ᠃ᠤᠳᠬᠤᠭᠤᠷ ᠲᠡᠷᠭᠡ ᠶᠢᠨ ᠬᠦᠩᠭᠢᠨᠡᠮ᠎ᠡ ᠲᠠᠭᠤᠨ ᠤ ᠳᠤᠮᠳᠠ᠂ ︽ᠰᠡᠳᠬᠢᠯ ᠢ ᠳᠤᠯᠠᠭᠠᠴᠠᠭᠤᠯᠬᠤ | ᠨᠡᠭᠦᠷᠡᠰᠦ︾ ᠶᠢ ᠲᠠᠷᠢᠶᠠᠯᠠᠩ ᠤᠨ ᠲᠡᠷᠭᠡᠨ ᠳᠤ ᠬᠤᠪᠢᠶᠠᠨ ᠰᠠᠪᠠᠯᠠᠵᠤ᠂ ᠬᠦᠨᠳᠦ ᠶᠢ ᠬᠡᠮᠵᠢᠬᠦ᠂ ᠳᠠᠩᠰᠠᠯᠠᠬᠤ ᠵᠡᠷᠭᠡ | ᠠᠵᠢᠯ ᠢ ᠥᠩᠭᠡᠷᠡᠭᠡᠭᠰᠡᠨ ᠤ ᠳᠠᠷᠠᠭ᠎ᠠ᠂ ᠣᠯᠠᠨ ᠢᠶᠠᠷ ᠢᠶᠠᠨ ᠪᠠᠶᠠᠷ ᠬᠥᠷ ᠲᠠᠢ ᠪᠠᠷ ᠡᠪᠦᠯᠵᠢᠬᠦ ᠨᠡᠭᠦᠷᠡᠰᠦ ᠶᠢ | ᠭᠡᠷ ᠲᠡᠭᠡᠨ ᠵᠥᠭᠡᠭᠡᠪᠦᠷᠢᠯᠡᠨ ᠠᠪᠴᠢᠷᠠᠪᠠ᠃ ᠮᠠᠯᠴᠢᠨ ᠲᠠᠷᠢᠶᠠᠴᠢᠳ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ | ᠴᠢᠩᠭᠠᠭᠠᠵᠤ ᠪᠠᠶᠠᠷ ᠬᠦᠷ ᠢᠶᠠᠷ ᠳᠦᠭᠦᠷᠡᠩ ᠠᠴᠢᠶ᠎ᠠ ᠲᠡᠭᠡᠭᠡᠪᠦᠷᠢ ᠲᠠᠢ ᠪᠤᠴᠠᠵᠤ᠂ ᠶᠠᠪᠤᠬᠤ ᠶᠢᠨ ᠳᠠᠭᠠᠤ ︽ᠰᠡᠳᠬᠢᠯ ᠢ | ᠳᠤᠯᠠᠭᠠᠴᠠᠭᠤᠯᠬᠤ ᠨᠡᠭᠦᠷᠡᠰᠦ︾ ᠶᠢᠨ ᠰᠠᠶᠢᠨ ᠲᠦᠷᠦ ᠶᠢᠨ ᠪᠣᠳᠣᠯᠭ᠎ᠠ ᠶᠢ ᠬᠠᠯᠠᠭᠤᠨ ᠢᠶᠠᠷ ᠶᠠᠷᠢᠯᠴᠠᠵᠠᠭᠠᠵᠤ ᠪᠠᠶᠢᠯ᠎ᠠ᠃ | ︽ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ ᠳᠤ ᠲᠠᠯᠠᠷᠬᠠᠵᠤ ᠪᠠᠶᠢᠨ᠎ᠠ᠂ ᠠᠯᠢ ᠡᠷᠲᠡ ᠠᠴᠠ ︽ᠰᠡᠳᠬᠢᠯ ᠢ | ᠳᠤᠯᠠᠭᠠᠴᠠᠭᠤᠯᠬᠤ ᠨᠡᠭᠦᠷᠡᠰᠦ︾ ᠶᠢ ᠵᠥᠭᠡᠭᠡᠪᠦᠷᠢᠯᠡᠨ ᠠᠪᠴᠢᠷᠠᠭᠰᠠᠨ ᠢᠶᠠᠷ ᠨᠡᠭᠦᠷᠡᠰᠦᠨ ᠤ ᠶᠠᠰᠤ ᠴᠢᠨᠠᠷ ᠴᠤ | ᠨᠡᠯᠢᠶᠡᠳ ᠰᠠᠶᠢᠨ ᠪᠣᠯᠵᠤ᠂ ᠪᠢᠳᠡ ᠪᠦᠬᠦᠨ ᠤ ᠠᠵᠤ ᠠᠬᠤᠢ ᠶᠢᠨ ᠳᠠᠷᠤᠭᠠᠰᠤ ᠶᠢ ᠬᠥᠩᠭᠡᠯᠡᠭᠰᠡᠨ ᠪᠠᠶᠢᠨ᠎ᠠ︾ ᠭᠡᠵᠦ | ᠰᠠᠭᠤᠭᠠᠯᠢ ᠠᠷᠠᠳ ᠱᠧᠨ ᠯᠢ ᠫᠢᠨ ᠬᠡᠯᠡᠵᠡᠢ᠃ | | ᠠᠷᠠᠳ ᠤᠯᠠᠨ ᠳᠤ ᠦᠨᠡᠨ ᠰᠡᠳᠬᠢᠯ ᠠᠴᠠ ᠪᠠᠨ ᠪᠣᠳᠠᠲᠠᠢ ᠶᠠᠪᠤᠳᠠᠯ ᠬᠢᠵᠦ᠂ ᠠᠷᠠᠳ ᠤᠯᠠᠨ ᠤ ᠬᠦᠴᠢᠷ | ᠠᠰᠠᠭᠤᠳᠠᠯ ᠢ ᠦᠨᠡᠨᠬᠦ ᠰᠢᠢᠳᠪᠦᠷᠢᠯᠡᠨ ᠥᠭᠴᠦ᠂ ᠮᠠᠯᠴᠢᠨ ᠲᠠᠷᠢᠶᠠᠴᠢᠨ ᠤ ᠭᠡᠷ ᠪᠠᠶᠢᠰᠢᠩ ᠢ ᠳᠤᠯᠠᠭᠠᠴᠠᠭᠤᠯᠵᠤ᠂ | ᠰᠡᠳᠬᠢᠯ ᠵᠢᠷᠦᠬᠡ ᠶᠢ ᠨᠢ ᠳᠤᠯᠠᠭᠠᠴᠠᠭᠤᠯᠤᠨ᠎ᠠ᠃ ᠪᠠᠶᠠᠨᠴᠠᠭᠠᠨ ᠪᠠᠯᠭᠠᠰᠤ ᠶᠢᠨ ᠵᠡᠪᠰᠡᠭᠲᠦ ᠬᠦᠴᠦᠨ ᠤ ᠬᠡᠯᠲᠡᠰ ᠤᠨ | ᠳᠠᠷᠤᠭ᠎ᠠ ᠴᠢ ᠯᠢ ᠫᠢᠩ᠄ ︽ᠳᠡᠭᠡᠳᠦ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠱᠠᠭᠠᠷᠳᠠᠯᠭ᠎ᠠ | ᠶᠣᠰᠣᠭᠠᠷ᠂ ᠪᠠᠶᠠᠨᠴᠠᠭᠠᠨ ᠪᠠᠯᠭᠠᠰᠤ ᠶᠢᠨ ᠬᠢᠨ ᠢᠳᠡᠪᠬᠢᠲᠡᠢ ᠪᠠᠷ ᠵᠣᠬᠢᠴᠠᠭᠤᠯᠤᠨ ᠵᠣᠯᠭᠠᠭᠤᠯᠵᠤ᠂ ᠲᠠᠷᠢᠶᠠᠴᠢᠨ | ᠡᠷᠦᠬᠡ ᠶᠢᠨ ᠨᠡᠭᠦᠷᠡᠰᠦ ᠬᠡᠷᠡᠭᠯᠡᠬᠦ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠪᠡᠯᠡᠳᠬᠡᠵᠦ᠂ ᠮᠠᠯᠴᠢᠨ | ᠲᠠᠷᠢᠶᠠᠴᠢᠨ ᠡᠷᠦᠬᠡ ᠪᠦᠷᠢ ᠳᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠬᠠᠩᠭᠠᠵᠤ᠂ ᠡᠨᠡᠬᠦ | ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︾ᠭᠡᠵᠦ | ᠬᠡᠯᠡᠪᠡ᠃ | ᠡᠪᠦᠯ ᠤᠨ ᠤᠯᠠᠷᠢᠯ ᠤᠨ ᠳᠤᠯᠠᠭᠠᠯᠠᠭ᠎ᠠ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ | ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠭ᠎ᠠ ᠳᠤ ᠨᠡᠭᠦᠷᠡᠰᠦ ᠰᠢᠲᠠᠭᠠᠬᠤ᠂ ᠬᠤᠳᠠᠯᠳᠤᠨ ᠠᠪᠴᠤ | ᠳᠡᠶᠢᠯᠬᠦ ᠶᠢ ᠪᠠᠲᠤᠯᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ᠂ | ᠬᠤᠰᠢᠭᠤᠨ ᠤ ᠵᠠᠰᠠᠭ ᠤᠨ ᠣᠷᠳᠣᠨ ᠬᠠᠮᠤᠭ ᠤᠨ ᠲᠡᠷᠢᠭᠦᠨ ᠳᠤ 3 ᠲᠤᠰᠬᠠᠢ ᠠᠩᠭᠢ ᠶᠢᠨ ᠠᠵᠢᠯᠯᠠᠬᠤ ᠳᠤᠭᠤᠶᠢᠯᠠᠩ | ᠪᠠᠶᠢᠭᠤᠯᠵᠤ᠂ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠵᠦ᠂ ᠪᠥᠬᠦ ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠭ᠎ᠠ ᠳᠤ ᠬᠡᠷᠡᠭᠯᠡᠬᠦ | ᠨᠡᠭᠦᠷᠡᠰᠦ ᠳᠤ ᠪᠠᠲᠤᠯᠠᠭ᠎ᠠ ᠬᠠᠩᠭᠠᠵᠤ᠂ ᠪᠥᠬᠦ ᠬᠦᠴᠦᠨ ᠢᠶᠠᠷ ᠢᠶᠠᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ | ᠲᠠᠷᠬᠠᠭᠠᠬᠤ ᠠᠵᠢᠯ ᠢ ᠥᠷᠨᠢᠭᠦᠯᠪᠡ᠃ᠣᠶᠢᠯᠠᠭᠠᠭᠰᠠᠨ ᠢᠶᠠᠷ᠂ ᠡᠨᠡ ᠡᠪᠦᠯ ᠢᠷᠡᠬᠦ ᠬᠠᠪᠤᠷ ᠪᠥᠬᠦ ᠬᠤᠰᠢᠭᠤᠨ ᠤ | ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦᠨ ᠤ ᠬᠡᠷᠡᠭᠴᠡᠭᠡᠨ ᠤ ᠡᠷᠦᠬᠡ | ᠨᠡᠶᠢᠲᠡ 3.3 ᠲᠦᠮᠡᠨ ᠡᠷᠦᠬᠡ ᠪᠠᠶᠢᠵᠤ᠂ ᠬᠡᠷᠡᠭᠴᠡᠭᠡᠨ ᠤ ᠬᠡᠮᠵᠢᠶ᠎ᠡ ᠨᠢ ᠨᠡᠶᠢᠲᠡ 6.5 ᠲᠦᠮᠡᠨ ᠲᠣᠨ ᠪᠠᠶᠢᠵᠤ᠂ | ᠡᠷᠦᠬᠡ ᠪᠦᠷᠢ ᠳᠤ 2 ᠲᠣᠨ ᠡᠩ ᠤᠨ ᠦᠨ᠎ᠡ ᠪᠠᠷ ᠰᠢᠲᠠᠭᠠᠬᠤ ᠲᠣᠬᠢᠷᠠᠮᠵᠢᠲᠠᠢ ᠨᠡᠭᠦᠷᠡᠰᠦ ᠪᠠᠷ ᠪᠠᠲᠤᠯᠠᠭ᠎ᠠ ᠲᠠᠢ | ᠪᠣᠯᠭᠠᠵᠤ᠂ 5300 ᠣᠷᠴᠢᠮ ᠲᠣᠮᠣ ᠺᠠᠯᠤᠷᠢ ᠨᠡᠭᠦᠷᠡᠰᠦ ᠬᠠᠩᠭᠠᠨ᠎ᠠ᠃ᠲᠦᠷᠦᠭᠦᠸ ᠪᠦᠯᠦᠭ ᠤᠨ ᠨᠡᠭᠦᠷᠡᠰᠦ | ᠵᠥᠭᠡᠭᠡᠪᠦᠷᠢᠯᠡᠬᠦ ᠮᠠᠰᠢᠨ ᠲᠡᠷᠭᠡ ᠨᠡᠶᠢᠲᠡ 6 ᠪᠠᠶᠢᠵᠤ᠂ 190 ᠲᠣᠨ ᠨᠡᠭᠦᠷᠡᠰᠦ ᠶᠢ ᠲᠡᠭᠡᠭᠡᠪᠦᠷᠢᠯᠡᠨ ᠬᠦᠷᠭᠡᠵᠦ᠂ | ᠲᠠᠷᠠᠭᠠᠴᠢ ᠶᠢᠨ ᠠᠯᠬᠤᠮ ᠳᠤ ᠬᠠᠯᠠᠭᠤᠨ ᠨᠡᠭᠦᠷᠡᠰᠦ ᠶᠢ ᠰᠢᠯᠵᠢᠭᠦᠯᠦᠨ ᠬᠡᠷᠡᠭᠯᠡᠬᠦ ᠡᠷᠴᠢᠮ ᠢ ᠦᠷᠭᠦᠯᠵᠢᠯᠡᠨ | ᠴᠢᠩᠭᠠᠷᠠᠭᠤᠯᠵᠤ᠂ ᠪᠥᠬᠦ ᠬᠤᠰᠢᠭᠤᠨ ᠤ 8 ᠰᠤᠮᠤ ᠰᠢᠶᠠᠩ ᠪᠠᠯᠭᠠᠰᠤᠨ ᠤ ᠮᠠᠯᠴᠢᠨ ᠲᠠᠷᠢᠶᠠᠴᠢᠳ ᠲᠤ ᠬᠠᠯᠠᠭᠤᠨ | ᠨᠡᠭᠦᠷᠡᠰᠦ ᠶᠢ ᠬᠡᠷᠡᠭᠯᠡᠭᠦᠯᠦᠨ᠎ᠡ᠃ | | | | | ᠵᠣᠬᠢᠶᠠᠭᠴᠢ᠄ ᠴᠢᠮᠡᠭᠡᠯᠡᠭᠴᠢ᠄ ᠴᠢ ᠷᠦᠢ ᠶᠢᠨ᠂ ᠸᠠᠩ ᡁᠢ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |