ᠦᠵᠡᠰᠬᠦᠯᠡᠩᠲᠦ ᠰᠠᠶᠢᠬᠠᠨ ᠬᠤᠨᠳᠣ ᠨᠠᠭᠤᠷ
ᠨᠡᠶᠢᠲᠡᠯᠡᠭᠰᠡᠨ ᠴᠠᠭ᠄
2023/10/16
 
     ᠦᠵᠡᠰᠬᠦᠯᠡᠩᠲᠦ ᠰᠠᠶᠢᠬᠠᠨ ᠬᠤᠨᠳᠣ ᠨᠠᠭᠤᠷ ᠨᠢ ᠭᠠᠯᠲᠤ ᠠᠭᠤᠯᠠ ᠶᠢᠨ ᠰᠦᠷᠦᠭ ᠤᠨ ᠵᠡᠭᠦᠨ ᠡᠮᠦᠨ᠎ᠡ ᠪᠠᠶᠢᠷᠢᠰᠢᠵᠤ᠂ ᠬᠤᠰᠢᠭᠤᠨ ᠤ ᠵᠠᠰᠠᠭ ᠤᠨ ᠣᠷᠳᠣᠨ ᠤ ᠰᠠᠭᠤᠭ᠎ᠠ ᠪᠠᠶᠠᠨᠴᠠᠭᠠᠨ ᠪᠠᠯᠭᠠᠰᠤ ᠠᠴᠠ ᠪᠠᠷᠤᠭ 12 ᠺᠢᠯᠣᠮᠧᠲᠷ ᠵᠠᠶᠢᠲᠠᠢ᠂ ᠤᠯᠠᠭᠠᠨᠬᠠᠳᠠ ᠰᠤᠮᠤᠨ ᠤ ᠬᠢᠯᠢ ᠳᠤ ᠪᠠᠶᠢᠭ᠎ᠠ ᠨᠠᠭᠤᠷ ᠤᠨ ᠨᠢᠭᠤᠷ ᠨᠢ ᠪᠠᠷᠤᠭ 8.1 ᠲᠡᠭᠰᠢ ᠳᠥᠷᠪᠡᠯᠵᠢᠨ ᠺᠢᠯᠣᠮᠧᠲᠷ ᠪᠠᠶᠢᠳᠠᠭ᠃ᠠᠳᠡᠬᠢ ᠬᠥᠬᠡᠮᠳᠦᠭ ᠠᠭᠤᠯᠠ ᠪᠠᠷ ᠬᠦᠷᠢᠶᠡᠯᠡᠭᠳᠡᠵᠦ᠂ ᠥᠩᠭᠡ ᠦᠵᠡᠮᠵᠢ ᠭᠤᠶᠣ ᠰᠠᠶᠢᠬᠠᠨ ᠪᠠᠶᠢᠳᠠᠭ᠃ᠥᠷᠭᠡᠨ ᠠᠭᠤᠳᠠᠮ ᠲᠠᠯ᠎ᠠ ᠨᠤᠲᠤᠭ ᠤᠨ ᠴᠢᠭᠢᠭᠯᠢᠭ ᠭᠠᠵᠠᠷ ᠲᠤ ᠰᠢᠪᠠᠭᠤᠳ ᠤᠨ ᠠᠮᠢᠳᠤᠷᠠᠨ ᠦᠷᠡᠵᠢᠬᠦ ᠶᠢᠨ ᠬᠠᠮᠲᠤ ᠢᠳᠡᠰᠢ ᠡᠷᠢᠬᠦ ᠶᠢ ᠲᠠᠲᠠᠳᠠᠭ᠃ᠴᠢᠭᠢᠭᠯᠢᠭ ᠭᠠᠵᠠᠷ ᠤᠨ ᠭᠠᠳᠠᠨ᠎ᠠ ᠪᠠᠰᠠ ᠦᠷᠭᠦᠯᠵᠢᠯᠡᠭᠰᠡᠨ ᠳᠡᠭᠡᠨᠴᠡᠯ ᠲᠠᠢ ᠭᠠᠯᠲᠤ ᠠᠭᠤᠯᠠ ᠶᠢᠨ ᠬᠡᠭᠡᠷ᠎ᠡ ᠲᠠᠯ᠎ᠠ ᠪᠠᠶᠢᠵᠤ᠂ ᠥᠩᠭᠡ ᠦᠵᠡᠮᠵᠢ ᠶᠢᠨ ᠳᠠᠪᠬᠤᠷᠭ᠎ᠠ ᠲᠣᠳᠣᠷᠬᠠᠢ᠂ ᠥᠩᠭᠡ ᠦᠵᠡᠮᠵᠢ ᠲᠠᠭᠠᠯᠠᠮᠵᠢᠲᠠᠢ᠂ ᠠᠮᠢᠳᠤ ᠪᠣᠳᠠᠰ ᠤᠨ ᠳᠦᠷᠰᠦ ᠶᠢᠨ ᠰᠦᠷᠦᠭ ᠣᠯᠠᠨ ᠪᠠᠶᠢᠳᠠᠭ᠃ᠵᠢᠯ ᠪᠦᠷᠢ ᠶᠢᠨ ᠨᠡᠭᠦᠳᠡᠯ ᠤᠨ ᠰᠢᠪᠠᠭᠤᠳ ᠤᠨ ᠨᠡᠭᠦᠳᠡᠯ ᠤᠨ ᠤᠯᠠᠷᠢᠯ ᠳᠤ ᠰᠦᠷᠦᠭᠯᠡᠨ ᠰᠦᠷᠦᠭᠯᠡᠭᠰᠡᠨ ᠬᠤᠨ ᠭᠠᠯᠠᠭᠤ᠂ ᠪᠣᠷᠣ ᠲᠣᠭᠤᠷᠤᠤ᠂ ᠠᠯ ᠰᠡᠭᠦᠯ᠂ ᠬᠡᠭᠡᠷ᠎ᠡ ᠶᠢᠨ ᠨᠤᠭᠤᠰᠤ᠂ ᠤᠷᠠᠨ ᠬᠠᠵᠢᠨ᠂ ᠭᠠᠯᠠᠭᠤ ᠵᠡᠷᠭᠡ ᠣᠯᠠᠨ ᠲᠥᠷᠥᠯ ᠤᠨ ᠨᠡᠭᠦᠳᠡᠯ ᠤᠨ ᠰᠢᠪᠠᠭᠤᠳ ᠠᠳᠡ ᠵᠣᠭᠰᠣᠵᠤ᠂ ᠬᠥᠳᠡᠯᠦᠯ ᠪᠠᠶᠢᠳᠠᠯ ᠢ ᠤᠶᠠᠯᠳᠤᠭᠤᠯᠤᠭᠰᠠᠨ᠂ ᠢᠷᠠᠭᠤ ᠰᠠᠶᠢᠬᠠᠨ ᠰᠦᠷᠯᠢᠭ ᠰᠠᠶᠢᠬᠠᠨ ᠬᠥᠬᠡ ᠲᠡᠭᠷᠢ ᠨᠣᠮᠢᠨ ᠤᠰᠤ ᠵᠠᠭᠤᠨ ᠰᠢᠪᠠᠭᠤᠳ ᠤᠨ ᠵᠢᠷᠤᠭ ᠢ ᠪᠦᠷᠢᠯᠳᠦᠭᠦᠯᠦᠨ᠂ ᠬᠥᠮᠥᠰ ᠢ ᠲᠤᠶᠢᠯ ᠤᠨ ᠭᠤᠶᠣ ᠰᠠᠶᠢᠬᠠᠨ ᠪᠣᠯᠭᠠᠵᠤ᠂ ᠦᠨᠡᠬᠡᠷ ︽ᠤᠮᠠᠷᠠᠲᠤ ᠬᠡᠰᠡᠭ ᠤᠨ ᠰᠠᠨᠠᠭ᠎ᠠ ᠠᠬᠤᠢ᠂ ᠶᠢᠷᠲᠢᠨᠴᠦ ᠶᠢᠨ ᠭᠠᠳᠠᠨᠠᠬᠢ ᠠᠷᠢᠭᠤᠨ ᠣᠷᠣᠨ︾ ᠭᠡᠵᠦ ᠬᠡᠯᠡᠵᠦ ᠪᠣᠯᠣᠨ᠎ᠠ᠃                                   ᠤᠷᠴᠢᠭᠤᠯᠤᠭᠴᠢ᠄ ᠰᠤᠷᠤᠨ᠎ᠠ                                   ᠬᠢᠨᠠᠭᠴᠢ᠄ ᠡᠷᠳᠡᠨᠢᠴᠢᠮᠡᠭ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号