︽ᠲᠠᠸᠠᠷ ᠢ ᠬᠡᠲᠦᠷᠡᠲᠡᠯ᠎ᠡ ᠪᠣᠭᠤᠳᠠᠯᠯᠠᠬᠤ ᠶᠢ ᠬᠢᠵᠠᠭᠠᠷᠯᠠᠬᠤ ᠳᠤ ᠢᠳᠡᠭᠡᠨ ᠪᠠ ᠭᠤᠶᠣᠯᠠᠯ ᠤᠨ ᠡᠳ᠋ ᠢ | ᠱᠠᠭᠠᠷᠳᠠᠬᠤ︾ ᠤᠯᠤᠰ ᠤᠨ ᠪᠠᠷᠢᠮᠵᠢᠶ᠎ᠠ ᠣᠶᠢᠷ᠎ᠠ ᠳᠤ ᠵᠢᠩᠬᠢᠨᠢ ᠪᠠᠷ ᠨᠡᠶᠢᠲᠡᠯᠡᠭᠳᠡᠵᠦ ᠬᠦᠴᠦᠨ ᠲᠠᠢ ᠪᠣᠯᠪᠠ᠂ | ᠤᠯᠤᠰ ᠤᠨ ᠰᠢᠨ᠎ᠡ ᠪᠠᠷᠢᠮᠵᠢᠶ᠎ᠠ ᠨᠢ ᠮᠠᠨ ᠤ ᠤᠯᠤᠰ ᠤᠨ ᠬᠢᠯᠢ ᠶᠢᠨ ᠳᠣᠲᠣᠷ᠎ᠠ ᠦᠢᠯᠡᠳᠪᠦᠷᠢᠯᠡᠭᠰᠡᠨ᠂ | ᠪᠣᠷᠣᠯᠠᠭᠤᠯᠤᠭᠰᠠᠨ ᠪᠠ ᠭᠠᠳᠠᠭᠠᠳᠤ ᠠᠴᠠ ᠣᠷᠣᠭᠤᠯᠤᠭᠰᠠᠨ ᠪᠤᠶ ᠪᠦᠬᠦᠢ ᠢᠳᠡᠭᠡᠨ ᠤ ᠵᠦᠢᠯ ᠪᠣᠯᠣᠨ ᠭᠤᠶᠣᠯᠠᠯ ᠤᠨ | ᠡᠳ᠋ ᠤᠨ ᠪᠣᠭᠤᠳᠠᠯ ᠪᠠᠭᠯᠠᠭ᠎ᠠ ᠶᠢ ᠬᠢᠵᠠᠭᠠᠷᠯᠠᠵᠤ᠂ ᠪᠣᠭᠤᠳᠠᠯ ᠪᠠᠭᠯᠠᠭ᠎ᠠ ᠶᠢᠨ ᠵᠠᠢ ᠵᠠᠪᠰᠠᠷ ᠤᠨ ᠨᠣᠷᠮ᠎ᠠ᠂ ᠪᠣᠭᠤᠳᠠᠯ | ᠪᠠᠭᠯᠠᠭ᠎ᠠ ᠶᠢᠨ ᠳᠠᠪᠬᠤᠷᠭ᠎ᠠ ᠶᠢᠨ ᠲᠤᠭ᠎ᠠ ᠪᠣᠯᠣᠨ ᠪᠣᠭᠤᠳᠠᠯ ᠪᠠᠭᠯᠠᠭ᠎ᠠ ᠶᠢᠨ ᠥᠪᠡᠷ ᠤᠨ ᠥᠷᠲᠡᠭ ᠢ ᠴᠢᠩᠭ᠎ᠠ | ᠲᠣᠭᠲᠠᠭᠠᠭᠰᠠᠨ ᠪᠣᠯᠬᠤᠷ ᠬᠡᠷᠡᠭᠯᠡᠭᠴᠢᠳ ᠤᠨ ᠠᠰᠢᠭ ᠲᠤᠰᠠ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠰᠠᠶᠢᠨ | ᠥᠷᠢᠰᠦᠯᠳᠦᠭᠡᠨ ᠢ ᠠᠬᠢᠭᠤᠯᠬᠤ᠂ ᠨᠡᠶᠢᠭᠡᠮ ᠤᠨ ᠡᠬᠢ ᠪᠠᠶᠠᠯᠢᠭ ᠢ ᠠᠷᠪᠢᠯᠠᠬᠤ ᠳᠤ ᠢᠳᠡᠪᠬᠢᠲᠡᠢ ᠠᠴᠢ ᠬᠤᠯᠪᠣᠭᠳᠠᠯ | ᠲᠠᠢ ᠶᠤᠮ᠃ | ᠣᠶᠢᠷ᠎ᠠ ᠶᠢᠨ ᠵᠢᠯ ᠤᠳ ᠲᠤ᠂ ᠬᠡᠲᠦᠷᠡᠲᠡᠯ᠎ᠡ ᠪᠣᠭᠤᠳᠠᠯᠯᠠᠬᠤ ᠦᠵᠡᠭᠳᠡᠯ ᠵᠠᠯᠭᠠᠭ᠎ᠠ ᠵᠠᠯᠭᠠᠭ᠎ᠠ ᠪᠠᠷ ᠭᠠᠷᠴᠤ | ᠪᠠᠶᠢᠨ᠎ᠠ᠃ᠢᠯᠠᠩᠭᠤᠶ᠎ᠠ ᠪᠠᠶᠠᠷ ᠤᠨ ᠡᠳᠦᠷ ᠤᠨ ᠬᠤᠭᠤᠴᠠᠭᠠᠨ ᠳᠤ᠂ ᠡᠯ᠎ᠡ ᠵᠦᠢᠯ ᠤᠨ ᠪᠡᠯᠡᠭ ᠤᠨ ᠪᠣᠭᠴᠣ᠂ | ᠪᠡᠯᠡᠭ ᠤᠨ ᠬᠠᠶᠢᠷᠴᠠᠭ ᠵᠡᠷᠭᠡ ᠶᠢᠨ ᠪᠣᠭᠤᠳᠠᠯ ᠪᠠᠭᠯᠠᠭ᠎ᠠ ᠨᠢ ᠬᠡᠭᠡᠨᠴᠢᠷ ᠲᠠᠩᠰᠤᠭ ᠪᠠᠶᠢᠳᠠᠭ ᠪᠣᠯᠬᠤᠷ ᠬᠡᠷᠡᠭᠯᠡᠭᠴᠢᠳ | ᠰᠠᠶ᠋ᠢ ᠳᠠᠪᠬᠤᠷ ᠳᠠᠪᠬᠤᠷ ︽ᠢᠵᠢ ᠬᠡᠦᠬᠡᠳ ᠲᠠᠢ︾ ᠪᠣᠭᠤᠳᠠᠯ ᠪᠠᠭᠯᠠᠭ᠎ᠠ ᠳᠣᠣᠷ᠎ᠠ᠂ ᠲᠠᠸᠠᠷ ᠤᠨ ᠲᠣᠰ ᠪᠡᠶ᠎ᠡ ᠨᠢ | ᠮᠠᠰᠢ ᠪᠠᠭ᠎ᠠ ᠬᠡᠰᠡᠭ ᠢ ᠯᠡ ᠡᠵᠡᠯᠡᠵᠦ ᠪᠠᠶᠢᠬᠤ ᠶᠢ ᠣᠯᠵᠤ ᠮᠠᠲᠠᠵᠠᠢ᠃ | ᠬᠡᠲᠦᠷᠡᠲᠡᠯ᠎ᠡ ᠪᠣᠭᠤᠳᠠᠯᠯᠠᠬᠤ ᠶᠢ ᠶᠠᠭᠤᠨ ᠳᠤ ᠣᠯᠠᠨᠲᠠ ᠴᠠᠭᠠᠵᠠᠯᠠᠭᠰᠠᠨ ᠴᠤ ᠵᠣᠭᠰᠣᠬᠤ ᠦᠭᠡᠢ | ᠪᠠᠶᠢᠳᠠᠭ ᠪᠤᠢ︖ ᠡᠨᠡ ᠨᠢ ᠬᠡᠷᠡᠭᠯᠡᠭᠡᠨ ᠤ ᠦᠵᠡᠯᠲᠡ ᠲᠠᠢ ᠬᠤᠯᠪᠣᠭ᠎ᠠ ᠲᠠᠢ ᠶᠤᠮ᠃ᠵᠠᠷᠢᠮ ᠬᠥᠮᠥᠰ ᠤᠨ ᠦᠵᠡᠬᠦ ᠪᠠᠷ | ᠂ ᠪᠣᠭᠤᠳᠠᠯ ᠪᠠᠭᠯᠠᠭ᠎ᠠ ᠨᠢ ᠬᠡᠳᠦᠢ ᠬᠡᠭᠡᠨᠴᠢᠷ ᠪᠣᠯᠬᠤ ᠲᠤᠲᠤᠮ ᠰᠡᠳᠬᠢᠯ ᠰᠠᠨᠠᠭ᠎ᠠ ᠶᠢ ᠲᠡᠳᠦᠢ ᠰᠠᠶᠢᠨ ᠢᠯᠡᠷᠡᠭᠦᠯᠵᠦ | ᠴᠢᠳᠠᠨ᠎ᠠ᠃ ᠬᠡᠰᠡᠭ ᠬᠤᠳᠠᠯᠳᠤᠭᠠᠴᠢᠳ ᠬᠡᠷᠡᠭᠯᠡᠭᠴᠢᠳ ᠤᠨ ᠡᠨᠡ ᠬᠦ ᠰᠡᠳᠬᠢᠴᠡ ᠶᠢ ᠠᠳᠬᠤᠵᠤ᠂ ᠬᠡᠭᠡᠨᠴᠢᠷ | ᠪᠣᠭᠤᠳᠠᠯ ᠪᠠᠭᠯᠠᠭ᠎ᠠ ᠪᠠᠷ ᠳᠠᠮᠵᠢᠭᠤᠯᠤᠨ ᠦᠨ᠎ᠡ ᠬᠠᠩᠰᠢ ᠶᠢ ᠨᠢ ᠥᠰᠬᠡᠵᠦ ᠪᠠᠶᠢᠨ᠎ᠠ᠃ᠡᠭᠦᠨ ᠠᠴᠠ ᠭᠠᠳᠠᠨ᠎ᠠ᠂ | ᠵᠠᠷᠢᠮ ᠠᠵᠢᠯ ᠲᠥᠷᠥᠯ ᠤᠨ ᠡᠷᠡᠭᠦᠯ ᠪᠤᠰᠤ ᠥᠷᠢᠰᠦᠯᠳᠦᠭᠡᠨ ᠨᠢ ᠴᠦ ᠬᠡᠲᠦᠷᠡᠲᠡᠯ᠎ᠡ ᠪᠣᠭᠤᠳᠠᠯᠯᠠᠭᠰᠠᠨ ᠤ ᠴᠢᠬᠤᠯᠠ | ᠰᠢᠯᠲᠠᠭᠠᠨ ᠪᠣᠯᠵᠤ ᠪᠠᠶᠢᠨ᠎ᠠ᠃ᠬᠡᠰᠡᠭ ᠬᠤᠳᠠᠯᠳᠤᠭᠠᠴᠢᠳ ᠨᠡᠩ ᠶᠡᠭᠡ ᠠᠰᠢᠭ ᠬᠤᠨᠵᠢᠪᠤᠷᠢ ᠶᠢᠨ ᠣᠷᠣᠨ ᠵᠠᠢ ᠶᠢ | ᠬᠥᠭᠡᠭᠡᠴᠡᠯᠳᠦᠬᠦ ᠶᠢᠨ ᠲᠥᠯᠥᠭᠡ᠂ ᠪᠣᠭᠤᠳᠠᠯ ᠪᠠᠭᠯᠠᠭ᠎ᠠ ᠶᠢᠨ ᠲᠠᠯ᠎ᠠ ᠪᠠᠷ ᠶᠡᠬᠡᠬᠡᠨ ᠬᠦᠴᠦ ᠣᠷᠣᠭᠤᠯᠵᠤ᠂ | ᠥᠪᠡᠷ ᠤᠨ ᠥᠷᠲᠡᠭ ᠢᠶᠠᠨ ᠬᠡᠷᠡᠭᠯᠡᠭᠴᠢᠳ ᠲᠤ ᠰᠢᠯᠵᠢᠭᠦᠯᠦᠨ ᠥᠭᠴᠦ ᠪᠠᠶᠢᠨ᠎ᠠ᠃ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ︽ᠨᠢᠭᠤᠷ ᠲᠠᠯ᠎ᠠ ᠬᠠᠷᠠᠬᠤ ᠢᠨᠵᠧᠨᠧᠷᠢᠩ︾ ᠳᠤ | ᠳᠤᠷᠠᠲᠠᠢ ᠲᠡᠳᠡᠭᠡᠷ ᠬᠤᠳᠠᠯᠳᠤᠭᠠᠴᠢᠳ ᠲᠤ ᠠᠪᠴᠤ ᠬᠡᠯᠡᠪᠡᠯ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠴᠢᠩᠭ᠎ᠠ ᠬᠢᠨᠠᠨ ᠬᠠᠮᠢᠶᠠᠷᠬᠤ ᠪᠠ ᠰᠢᠳᠬᠡᠬᠦ ᠠᠷᠭ᠎ᠠ ᠬᠡᠮᠵᠢᠶ᠎ᠡ ᠪᠣᠯ ᠨᠢᠭᠡᠨ ᠰᠠᠶᠢᠨ ᠡᠮ ᠪᠣᠯᠬᠤ ᠨᠢ ᠳᠠᠮᠵᠢᠭ ᠦᠭᠡᠢ | ᠶᠤᠮ᠃ᠤᠯᠤᠰ ᠤᠨ ᠰᠢᠨ᠎ᠡ ᠪᠠᠷᠢᠮᠵᠢᠶ᠎ᠠ ᠪᠠ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠳᠤ ᠴᠥᠮ ᠬᠡᠲᠦᠷᠡᠲᠡᠯ᠎ᠡ ᠪᠣᠭᠤᠳᠠᠯᠯᠠᠭᠰᠠᠨ ᠲᠠᠸᠠᠷ ᠢ ᠦᠢᠯᠡᠳᠪᠦᠷᠢᠯᠡᠬᠦ ᠪᠠ | ᠪᠣᠷᠣᠯᠠᠭᠤᠯᠬᠤ ᠶᠢ ᠴᠠᠭᠠᠵᠠᠯᠠᠵᠤ᠂ ᠬᠡᠲᠦᠷᠡᠲᠡᠯ᠎ᠡ ᠪᠣᠭᠤᠳᠠᠯᠯᠠᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ ᠭᠡᠵᠦ ᠲᠣᠳᠣᠷᠬᠠᠢ ᠲᠣᠭᠲᠠᠭᠠᠵᠠᠢ᠃ ᠲᠥᠷᠥ ᠶᠢᠨ ᠪᠣᠳᠣᠯᠭ᠎ᠠ ᠶᠢᠨ | ᠵᠢᠯᠣᠭᠤᠳᠤᠯᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠣᠣᠷ᠎ᠠ᠂ ᠬᠤᠳᠠᠯᠳᠤᠭᠠᠴᠢᠳ ᠠᠵᠢᠯ ᠤᠨ | ᠭᠤᠣᠯᠳᠠᠯᠭ᠎ᠠ ᠪᠠᠨ ᠲᠠᠸᠠᠷ ᠤᠨ ᠲᠣᠰ ᠪᠡᠶ᠎ᠡ ᠳᠤ ᠰᠢᠯᠵᠢᠭᠦᠯᠵᠦ᠂ ᠲᠠᠸᠠᠷ ᠤᠨ ︽ᠳᠣᠲᠣᠷ︾ ᠢ ᠳᠡᠭᠡᠭᠰᠢᠯᠡᠭᠦᠯᠬᠦ ᠪᠠᠷ | ᠳᠠᠮᠵᠢᠭᠤᠯᠤᠨ ᠨᠠᠩ ᠣᠯᠠᠨ ᠬᠡᠷᠡᠭᠯᠡᠭᠴᠢᠳ ᠤᠨ ᠵᠥᠪᠰᠢᠶᠡᠷᠡᠯ ᠢ ᠣᠯᠬᠤ ᠬᠡᠷᠡᠭᠲᠡᠢ᠃ | ᠤᠯᠤᠰ ᠤᠨ ᠰᠢᠨ᠎ᠡ ᠪᠠᠷᠢᠮᠵᠢᠶ᠎ᠠ ᠶᠢ ᠬᠡᠷᠡᠭᠵᠢᠭᠦᠯᠬᠦ ᠨᠢ ᠬᠡᠷᠡᠭᠯᠡᠭᠴᠢᠳ ᠤᠨ ᠳᠠᠷᠤᠭᠠᠰᠤ ᠶᠢ | ᠬᠥᠩᠭᠡᠯᠡᠬᠦ ᠳᠤ ᠠᠰᠢᠭᠲᠠᠢ ᠪᠥᠭᠡᠳ ᠬᠡᠲᠦ ᠪᠣᠭᠤᠳᠠᠯᠯᠠᠭᠰᠠᠨ ᠠᠴᠠ ᠪᠣᠯᠤᠭᠰᠠᠨ ᠡᠬᠢ ᠪᠠᠶᠠᠯᠢᠭ ᠢ ᠪᠦᠷᠢᠯᠭᠡᠬᠦ ᠶᠢ ᠴᠦ | ᠪᠠᠭᠠᠰᠬᠠᠬᠤ ᠪᠣᠯᠣᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠤᠷᠮᠠᠰᠢᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠨᠠᠩ ᠪᠣᠬᠢᠷᠲᠤᠯ ᠦᠭᠡᠢ ᠣᠷᠴᠢᠨ ᠲᠣᠭᠤᠷᠢᠨ ᠢ | ᠬᠠᠮᠠᠭᠠᠯᠠᠬᠤ ᠪᠣᠭᠤᠳᠠᠯᠯᠠᠬᠤ ᠠᠷᠭ᠎ᠠ ᠮᠠᠶ᠋ᠢᠭ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ | ᠵᠢᠯᠤᠭᠤᠳᠴᠤ᠂ ᠪᠣᠭᠤᠳᠠᠯᠯᠠᠬᠤ ᠶᠢ ᠬᠥᠩᠭᠡᠨ ᠬᠡᠮᠵᠢᠶᠡᠵᠢᠭᠦᠯᠬᠦ᠂ ᠡᠷᠭᠢᠯᠳᠦᠭᠦᠯᠵᠦ ᠪᠣᠯᠬᠤ ᠶᠢ ᠪᠡᠶᠡᠯᠡᠭᠦᠯᠦᠨ᠎ᠡ᠃ | ︵ᠭᠧᠦ ᠮᠢᠩ ᠶᠠᠩ︶ | ︽ᠬᠠᠷᠢᠭᠤᠴᠠᠯᠭᠠᠲᠤ ᠨᠠᠶᠢᠷᠠᠭᠤᠯᠤᠭᠴᠢ᠄ ᠯᠢ ᠨᠠᠨ︾ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |