10 ᠰᠠᠷ᠎ᠠ ᠶᠢᠨ 24 ᠤ ᠡᠳᠦᠷ᠂ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠹᠠᠨ ᠰᠢᠶᠣᠣ ᠯᠢ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠢ ᠳᠠᠭᠠᠭᠤᠯᠤᠨ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠳᠤ ᠭᠦᠨᠵᠡᠭᠡᠶᠢᠷᠡᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳ᠋ᠠ ᠯᠢᠦ ᠬᠤᠣ ᠪᠠᠯᠭᠠᠰᠤᠨ ᠤ ᠾᠧ ᠵᠢᠶᠠ ᠳ᠋ᠢ ᠶᠢᠨ | ᠦᠷ᠎ᠡ ᠶᠢᠨ ᠲᠥᠮᠥᠰᠥ ᠶᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ | ᠬᠢᠨ ᠦᠷ᠎ᠡ ᠶᠢᠨ ᠲᠥᠮᠥᠰᠥ ᠶᠢ ᠦᠷᠡᠵᠢᠭᠦᠯᠦᠨ ᠪᠣᠶᠢᠵᠢᠭᠤᠯᠬᠤ ᠬᠦᠯᠡᠮᠵᠢ ᠳᠤ ᠬᠦᠷᠴᠦ᠂ ᠲᠠᠷᠢᠮᠠᠯ ᠤᠨ ᠡᠷᠦᠬᠡ ᠶᠢᠨ | ᠦᠷ᠎ᠡ ᠶᠢᠨ ᠲᠥᠮᠥᠰᠥ ᠶᠢ ᠦᠷᠡᠵᠢᠭᠦᠯᠦᠨ ᠪᠣᠶᠢᠵᠢᠭᠤᠯᠵᠤ ᠪᠠᠶᠢᠭ᠎ᠠ ᠪᠠᠶᠢᠳᠠᠯ᠂ ᠭᠠᠷᠤᠯᠲᠠ᠂ ᠪᠣᠷᠤᠯᠠᠭᠤᠯᠭ᠎ᠠ ᠶᠢᠨ | ᠦᠨ᠎ᠡ ᠬᠠᠩᠰᠢ᠂ ᠡᠪᠦᠯ ᠤᠨ ᠨᠥᠭᠡᠴᠡ ᠶᠢᠨ ᠨᠥᠬᠦᠴᠡᠯ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠵᠠᠮ ᠵᠡᠷᠭᠡ ᠶᠢ | ᠨᠠᠷᠢᠨ ᠬᠢᠨᠠᠮᠠᠭᠠᠢ ᠯᠠᠪᠯᠠᠨ ᠠᠰᠠᠭᠤᠪᠠ᠃ ᠬᠤᠰᠢᠭᠤᠨ ᠤ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠬᠤ ᠳᠤᠭᠤᠶᠢᠯᠠᠩ ᠳᠤ ᠲᠥᠮᠥᠰᠥ ᠶᠢ ᠦᠷᠡᠵᠢᠭᠦᠯᠦᠨ ᠪᠣᠶᠢᠵᠢᠭᠤᠯᠬᠤ | ᠰᠠᠭᠤᠷᠢᠨ ᠭᠠᠵᠠᠷ ᠤᠨ ᠠᠵᠢᠯᠯᠠᠬᠤ ᠨᠥᠬᠦᠴᠡᠯ᠂ ᠣᠶᠤᠨᠴᠢᠯᠠᠭᠰᠠᠨ ᠦᠷᠡᠵᠢᠭᠦᠯᠦᠨ ᠪᠣᠶᠢᠵᠢᠭᠤᠯᠬᠤ | ᠦᠢᠯᠡᠳᠪᠦᠷᠢ ᠶᠢᠨ ᠲᠠᠰᠤᠭ᠂ ᠰᠠᠭᠤᠷᠢᠨ ᠭᠠᠵᠠᠷ ᠤᠨ ᠬᠥᠮᠥᠷᠭᠡ᠂ ᠪᠣᠶᠢᠵᠢᠭᠤᠯᠬᠤ ᠲᠤᠷᠰᠢᠯᠲᠠ ᠶᠢᠨ ᠲᠠᠰᠤᠭ ᠤᠨ | ᠪᠦᠲᠦᠭᠡᠨ ᠪᠠᠶᠢᠭᠤᠯᠤᠯᠲᠠ ᠪᠠ ᠠᠯᠤᠰ ᠬᠡᠲᠦ ᠶᠢᠨ ᠲᠥᠯᠦᠪᠵᠢᠭᠦᠯᠭᠡ ᠶᠢᠨ ᠪᠠᠶᠢᠳᠠᠯ ᠵᠡᠷᠭᠡ ᠶᠢ ᠨᠠᠷᠢᠨ | ᠲᠠᠨᠢᠯᠴᠠᠭᠤᠯᠪᠠ᠃ | ᠰᠢᠯᠢ ᠰᠢᠶᠠᠩ ᠤᠨ ᠸᠠᠩ ᠮᠦ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠳᠤ᠂ ᠪᠠᠶᠢᠴᠠᠭᠠᠨ | ᠰᠤᠳᠤᠯᠬᠤ ᠳᠤᠭᠤᠶᠢᠯᠠᠩ ᠤᠨ ᠬᠢᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠤᠨᠤᠭ ᠲᠥᠬᠦᠭᠡᠷᠦᠮᠵᠢ᠂ ᠰᠠᠭᠠᠯᠢ ᠶᠢᠨ | ᠦᠨᠢᠶ᠎ᠡ ᠶᠢᠨ ᠡᠷᠡᠭᠦᠯᠵᠢᠯ ᠤᠨ ᠬᠢᠵᠢᠭ ᠢ ᠰᠡᠷᠭᠡᠶᠢᠯᠡᠬᠦ᠂ ᠲᠡᠵᠢᠭᠡᠯ ᠪᠣᠷᠳᠤᠭ᠎ᠠ ᠬᠥᠮᠥᠷᠭᠡᠯᠡᠬᠦ᠂ ᠲᠡᠵᠢᠭᠡᠨ ᠠᠷᠠᠴᠢᠯᠠᠬᠤ᠂ | ᠦᠨᠢᠶᠡᠨ ᠰᠦ᠋ ᠪᠣᠷᠣᠯᠠᠭᠤᠯᠬᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠵᠢᠴᠢ ᠺᠣᠮᠫᠠᠨᠢ ᠪᠣᠯᠣᠨ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠤᠨ ᠬᠠᠮᠲᠤᠷᠠᠯᠴᠠᠭ᠎ᠠ ᠪᠣᠯᠣᠨ | ᠰᠤᠷᠤᠭᠴᠢᠳ ᠤᠨ ᠰᠤᠳᠤᠯᠤᠨ ᠰᠤᠷᠤᠯᠴᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠠᠷᠢᠯᠴᠠᠬᠤ | ᠬᠤᠷᠠᠯ ᠬᠤᠷᠠᠯᠳᠤᠭᠤᠯᠵᠠᠢ᠃ | ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠨᠵᠢᠯᠡᠬᠦ ᠤᠬᠠᠭᠠᠨ | ᠮᠡᠷᠭᠡᠵᠢᠯ ᠤᠨ ᠪᠠᠭ᠎ᠠ ᠭᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠪᠣᠯᠣᠨ | ᠬᠦᠴᠢᠷᠳᠡᠯ ᠤᠨ ᠲᠤᠬᠠᠢ ᠶᠠᠷᠢᠯᠴᠠᠨ ᠰᠣᠯᠢᠯᠴᠠᠵᠤ᠂ ᠵᠢᠯᠣᠭᠤᠳᠤᠯᠭ᠎ᠠ ᠶᠢᠨ ᠴᠢᠨᠠᠷᠲᠠᠢ ᠰᠠᠨᠠᠯ ᠰᠠᠨᠠᠭᠤᠯᠭ᠎ᠠ | ᠳᠤᠷᠠᠳᠤᠭᠰᠠᠨ ᠪᠥᠭᠡᠳ ᠺᠣᠮᠫᠠᠨᠢ ᠶᠢᠨ ᠬᠢᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠯᠤᠭ᠎ᠠ ᠶᠢᠨ | ᠬᠠᠮᠲᠤᠷᠠᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠶᠡᠭᠡ ᠳᠡᠭᠡᠳᠦ | ᠰᠤᠷᠭᠠᠭᠤᠯᠢ ᠶᠢᠨ ᠴᠢᠳᠠᠪᠤᠷᠢᠲᠠᠨ ᠪᠣᠯᠣᠨ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠭ᠎ᠠ | ᠭᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠬᠤ ᠶᠢ ᠬᠦᠰᠡᠪᠡ᠃ ᠦᠨᠳᠦᠰᠦᠨ ᠱᠠᠲᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠲᠠᠷᠢᠶᠠᠯᠠᠩ ᠤᠨ ᠮᠡᠷᠭᠡᠵᠢᠯ ᠤᠨ | ᠨᠡᠶᠢᠭᠡᠮᠯᠢᠭ ᠤᠨ ᠬᠥᠭᠵᠢᠯᠲᠡ ᠶᠢ ᠬᠠᠯᠠᠮᠵᠢᠯᠠᠨ ᠬᠠᠶᠢᠷᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠤ᠂ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ | ᠴᠢᠷᠮᠠᠶᠢᠨ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢᠶᠠᠷ ᠳᠠᠮᠵᠢᠭᠤᠯᠤᠨ ᠲᠤᠰᠬᠠᠢ | ᠮᠡᠷᠭᠡᠵᠢᠯᠲᠡᠨ ᠪᠣᠯᠣᠨ ᠲᠠᠷᠢᠶᠠᠴᠢᠨ᠂ ᠰᠢᠨᠵᠢᠯᠡᠬᠦ ᠤᠬᠠᠭᠠᠨ ᠤ ᠰᠤᠳᠤᠯᠭᠠᠨ ᠪᠣᠯᠣᠨ ᠦᠢᠯᠡᠳᠪᠦᠷᠢᠯᠡᠯ᠂ ᠬᠥᠮᠥᠨ | ᠬᠥᠮᠥᠵᠢᠭᠦᠯᠬᠦ ᠪᠣᠯᠣᠨ ᠬᠥᠮᠥᠨ ᠬᠡᠷᠡᠭᠯᠡᠬᠦ ᠶᠢ ᠨᠢᠭᠲᠠ ᠬᠤᠯᠪᠣᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ | ︽ᠥᠭᠦᠯᠡᠯ ᠢᠶᠠᠨ ᠡᠬᠡ ᠭᠠᠵᠠᠷ ᠲᠤ ᠪᠢᠴᠢᠭᠦᠯᠵᠦ︾᠂ ᠲᠠᠷᠢᠶᠠᠴᠢᠳ ᠲᠤ ᠰᠢᠨᠵᠢᠯᠡᠬᠦ ᠤᠬᠠᠭᠠᠨ ᠮᠡᠷᠭᠡᠵᠢᠯ ᠤᠨ | ᠬᠡᠷᠡᠭᠯᠡᠭᠡᠨ ᠤ ᠶᠠᠪᠤᠴᠠ ᠳᠤ ᠠᠰᠢᠭ ᠬᠦᠷᠲᠡᠭᠡᠵᠦ᠂ ᠵᠠᠯᠠᠭᠤᠴᠤᠳ ᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠦᠢᠯᠡᠰ ᠪᠣᠰᠬᠠᠬᠤ ᠳᠤᠮᠳᠠ ᠥᠰᠬᠡᠨ ᠪᠣᠶᠢᠵᠢᠭᠤᠯᠤᠨ᠎ᠠ᠃ | | ᠹᠠᠨ ᠰᠢᠶᠣᠣ ᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠪᠣᠯ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ᠤᠨ ᠰᠢᠰᠲ᠋ᠧᠮ ᠤᠨ ᠨᠢᠭᠡ ᠵᠦᠢᠯ ᠤᠨ ᠰᠢᠨ᠎ᠡ ᠶᠢ ᠡᠭᠦᠳᠬᠦ ᠴᠢᠨᠠᠷᠲᠠᠢ ᠠᠵᠢᠯ ᠮᠥᠨ᠂ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠵᠢᠯᠴᠠᠭᠠᠨ ᠤ ᠬᠦᠴᠦᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠦᠲᠦᠮᠵᠢᠲᠡᠢ ᠭᠠᠷᠳᠠᠴᠠ ᠮᠥᠨ᠂ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢ | ᠠᠬᠢᠭᠤᠯᠬᠤ ᠴᠢᠬᠤᠯᠠ ᠲᠠᠪᠴᠠᠩ ᠮᠥᠨ᠃ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ | ᠬᠥᠭᠦᠷᠭᠡ ᠬᠤᠯᠪᠣᠭᠠᠰᠤ ᠪᠣᠯᠬᠤ ᠦᠢᠯᠡᠳᠦᠯ ᠢᠶᠠᠨ ᠴᠢᠨᠠᠭᠰᠢᠳᠠ ᠪᠠᠳᠠᠷᠠᠭᠤᠯᠵᠤ᠂ ᠨᠡᠩ ᠤᠯᠠᠨ ᠲᠦᠷᠦ ᠶᠢᠨ | ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠲᠠᠪᠴᠠᠩ ᠳᠡᠭᠡᠷ᠎ᠡ ᠭᠠᠪᠢᠶ᠎ᠠ ᠵᠢᠳᠬᠦᠯ ᠪᠠᠶᠢᠭᠤᠯᠬᠤ ᠶᠢ | ᠠᠬᠢᠭᠤᠯᠬᠤ ᠪᠣᠯᠣᠨ᠎ᠠ᠃ᠡᠭᠦᠨ ᠤ ᠬᠠᠮᠲᠤ ᠪᠠᠰᠠ ᠳᠤᠮᠳᠠᠳᠤ ᠤᠯᠤᠰ ᠤᠨ ᠬᠥᠳᠡᠭᠡ ᠲᠣᠰᠬᠤᠨ ᠤ ᠲᠤᠰᠬᠠᠢ | ᠮᠡᠷᠭᠡᠵᠢᠯ ᠤᠨ ᠨᠡᠶᠢᠭᠡᠮᠯᠢᠭ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨ ᠮᠡᠷᠭᠡᠵᠢᠯ ᠤᠨ | ᠪᠠᠭ᠎ᠠ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ᠂ ᠨᠡᠶᠢᠭᠡᠮ ᠤᠨ ᠦᠢᠯᠡᠴᠢᠯᠡᠭᠡ ᠵᠡᠷᠭᠡ ᠲᠠᠯ᠎ᠠ ᠪᠠᠷ ᠬᠢ ᠵᠢᠱᠢᠶ᠎ᠡ ᠦᠵᠡᠭᠦᠯᠬᠦ | ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ |