ᠰᠡᠳᠦᠪ ᠤᠨ ᠭᠤᠣᠯ ᠦᠭᠡᠰ᠄ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠭᠤᠳ | ᠬᠠᠷᠢᠶ᠎ᠠ ᠰᠠᠯᠠᠭ᠎ᠠ ᠮᠥᠴᠢᠷ ᠪᠣᠯᠣᠨ ᠰᠤᠮᠤ ᠰᠢᠶᠠᠩ ᠪᠠᠯᠭᠠᠰᠤ ᠬᠠᠮᠲᠤᠪᠠᠷ ᠡᠭᠦᠷᠭᠡᠯᠡᠬᠦ ᠤᠴᠢᠷ ᠶᠠᠪᠤᠳᠠᠯ ᠤᠨ | ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ︾ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ | ᠡᠯ᠎ᠡ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠰᠢᠭᠤᠨ ᠬᠠᠷᠢᠶ᠎ᠠ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄ | ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠤᠰᠢᠭᠤ ᠰᠢᠶᠠᠩ ᠤᠨ | ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠷᠬᠠᠶᠢᠯᠠᠵᠤ᠂ ︽ᠬᠠᠷᠢᠶ᠎ᠠ ᠣᠷᠣᠨ ᠤ ᠬᠠᠮᠢᠶᠠᠷᠤᠯᠲᠠ︾ ᠶᠢᠨ | ᠬᠠᠷᠢᠭᠤᠴᠠᠯᠭ᠎ᠠ ᠶᠢ ᠵᠢᠷᠤᠮᠵᠢᠭᠤᠯᠵᠤ᠂ ︽︿ᠬᠤᠰᠢᠭᠤ ᠰᠢᠶᠠᠨ ︵ᠬᠤᠲᠠ᠂ ᠲᠣᠭᠤᠷᠢᠭ︶ ᠤ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠬᠢᠭᠡᠳ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠮᠲᠤ ᠪᠠᠷ ᠡᠭᠦᠷᠭᠡᠯᠡᠬᠦ | ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠵᠢᠯᠤᠭᠤᠳᠬᠤ ᠭᠠᠷᠴᠠᠭ﹀ ᠢ ᠳᠠᠷᠤᠮᠠᠯᠯᠠᠨ ᠶᠠᠪᠤᠭᠤᠯᠬᠤ | ᠲᠤᠬᠠᠢ ᠮᠡᠳᠡᠭᠳᠡᠯ︾ ᠢ ᠦᠨᠳᠦᠰᠦᠯᠡᠨ᠂ ᠬᠤᠰᠢᠭᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ | ᠭᠡᠷ ᠢᠶᠠᠷ ᠲᠦᠷᠦᠭᠦᠯᠡᠭᠦᠯᠦᠨ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ | ᠮᠥᠴᠢᠷ ᠪᠠ ᠰᠤᠮᠤ ᠰᠢᠶᠠᠩ ᠪᠠᠯᠭᠠᠰᠤ ᠶᠢᠨ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ︾ ᠶᠢ ᠳᠠᠬᠢᠨ ᠡᠮᠬᠢᠯᠡᠵᠦ ᠪᠣᠶ ᠪᠣᠯᠭᠠᠵᠤ᠂ 2023 ᠣᠨ ᠤ 6 ᠳ᠋ᠤᠭᠠᠷ ᠤᠳᠠᠭ᠎ᠠ ᠶᠢᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠭᠠᠳ᠂ ᠡᠳᠦᠭᠡ ᠳᠠᠷᠤᠮᠠᠯᠯᠠᠨ ᠲᠠᠷᠬᠠᠭᠠᠪᠠ᠃ | ᠨᠢᠭᠡ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ | ᠪᠣᠯᠣᠨ ᠰᠤᠮᠤ ᠰᠢᠶᠠᠩ ᠪᠠᠯᠭᠠᠰᠤ ᠬᠠᠮᠲᠤ ᠪᠠᠷ ᠡᠭᠦᠷᠭᠡᠯᠡᠬᠦ ᠤᠴᠢᠷ ᠶᠠᠪᠤᠳᠠᠯ ᠤᠨ ᠬᠠᠷᠢᠭᠤᠴᠠᠯᠭ᠎ᠠ ᠶᠢᠨ ᠨᠠᠷᠢᠨ | ᠲᠠᠩᠰᠠ︾ ᠶᠢ ᠦᠨᠳᠦᠰᠦᠨ ᠱᠠᠲᠤᠨ ᠤ ᠲᠤᠰᠬᠠᠯ ᠨᠡᠯᠢᠶᠡᠳ ᠲᠥᠪᠯᠡᠷᠡᠭᠰᠡᠨ ᠬᠤᠲᠠ ᠬᠥᠳᠡᠭᠡ ᠶᠢᠨ ᠬᠠᠮᠢᠶᠠᠷᠤᠯᠲᠠ᠂ | ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠢ᠂ | ᠣᠶ ᠰᠢᠭᠤᠢ ᠡᠪᠡᠰᠦ ᠪᠡᠯᠴᠢᠭᠡᠷ᠂ ᠠᠮᠢ ᠠᠬᠤᠢ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ | ᠠᠵᠢᠯ ᠳᠤ ᠲᠥᠪᠯᠡᠷᠡᠭᠦᠯᠦᠨ ᠨᠠᠷᠢᠯᠢᠭᠵᠢᠭᠤᠯᠤᠨ ᠡᠮᠬᠢᠯᠡᠨ᠎ᠡ᠃ | ᠬᠤᠶᠠᠷ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠠᠯᠠᠭ᠎ᠠ ᠮᠥᠴᠢᠷ ᠪᠣᠯᠣᠨ ᠰᠤᠮᠤ | ᠰᠢᠶᠠᠩ ᠪᠠᠯᠭᠠᠰᠤ ᠬᠠᠮᠲᠤ ᠪᠠᠷ ᠡᠭᠦᠷᠭᠡᠯᠡᠬᠦ ᠤᠴᠢᠷ ᠶᠠᠪᠤᠳᠠᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾᠂ | ᠨᠡᠶᠢᠲᠡ 221 ᠵᠦᠢᠯ ᠪᠠᠶᠢᠵᠤ᠂ ᠬᠤᠲᠠ ᠬᠥᠳᠡᠭᠡ ᠶᠢᠨ ᠬᠠᠮᠢᠶᠠᠷᠤᠯᠲᠠ ᠶᠢᠨ ᠬᠦᠷᠢᠶ᠎ᠡ 38 ᠵᠦᠢᠯ᠂ ᠪᠠᠶᠢᠭᠠᠯᠢ ᠶᠢᠨ | ᠡᠬᠢ ᠪᠠᠶᠠᠯᠢᠭ ᠤᠨ ᠬᠦᠷᠢᠶ᠎ᠡ 35 ᠵᠦᠢᠯ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ 59 ᠵᠦᠢᠯ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠦᠷᠢᠶ᠎ᠡ 16 ᠵᠦᠢᠯ᠂ ᠣᠶ ᠰᠢᠭᠤᠢ ᠡᠪᠡᠰᠦ ᠪᠡᠯᠴᠢᠭᠡᠷ ᠤᠨ ᠬᠦᠷᠢᠶ᠎ᠡ | 48 ᠵᠦᠢᠯ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ 25 ᠵᠦᠢᠯ ᠳᠤ ᠬᠤᠯᠪᠣᠭᠳᠠᠨ᠎ᠠ᠃ | ᠭᠤᠷᠪᠠ᠂ ᠬᠠᠮᠲᠤ ᠪᠠᠷ ᠡᠭᠦᠷᠭᠡᠯᠡᠬᠦ ᠵᠦᠢᠯᠡᠰ ᠤᠨ ᠲᠣᠳᠣᠷᠬᠠᠢ ᠬᠠᠭᠤᠳᠠᠰᠤ ᠳᠤ ᠭᠤᠣᠯᠳᠠᠭᠤ ᠲᠠᠪᠤᠨ | ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ | ︵ᠨᠢᠭᠡ︶ ᠪᠣᠳᠠᠲᠠᠢ ᠵᠦᠢᠯᠡᠰ᠃ᠤᠴᠢᠷ ᠶᠠᠪᠤᠳᠠᠯ ᠤᠨ ᠪᠣᠳᠠᠲᠠᠢ ᠠᠭᠤᠯᠭ᠎ᠠ ᠶᠢ ᠲᠣᠳᠣᠷᠬᠠᠶᠢᠯᠠᠨ᠎ᠠ᠃ | ︵ᠬᠤᠶᠠᠷ︶ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠃ | ᠰᠠᠯᠠᠭ᠎ᠠ ᠮᠥᠴᠢᠷ ᠤᠨ ᠪᠣᠳᠠᠲᠠᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ | ︵ᠭᠤᠷᠪᠠ︶ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ᠃ᠰᠤᠮᠤ ᠰᠢᠶᠠᠩ ᠪᠠᠯᠭᠠᠰᠤ ᠶᠢᠨ | ᠪᠣᠳᠠᠲᠠᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ | ︵ᠳᠥᠷᠪᠡ︶ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠪᠢᠴᠢᠭ ᠮᠠᠲ᠋ᠧᠷᠢᠶᠠᠯ ᠤᠨ ᠦᠨᠳᠦᠰᠦᠯᠡᠯ᠃ | ᠤᠴᠢᠷ ᠶᠠᠪᠤᠳᠠᠯ ᠤᠨ ᠦᠨᠳᠦᠰᠦ ᠪᠠᠷᠢᠮᠲᠠ ᠶᠢ ᠲᠣᠳᠣᠷᠬᠠᠶᠢᠯᠠᠭᠰᠠᠨ ᠪᠣᠳᠠᠲᠠᠢ ᠬᠠᠤᠯᠢ ᠴᠠᠭᠠᠵᠠ ᠬᠠᠤᠯᠢ ᠲᠣᠭᠲᠠᠭᠠᠯ᠃ | | ︵ᠲᠠᠪᠤ︶ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠠᠮᠵᠢᠯᠴᠠᠬᠤ ᠬᠠᠷᠢᠭᠤᠴᠠᠯᠭ᠎ᠠ᠃ᠰᠠᠯᠠᠭ᠎ᠠ | ᠮᠥᠴᠢᠷ ᠬᠢᠭᠡᠳ ᠰᠢᠶᠠᠩ ᠪᠠᠯᠭᠠᠰᠤᠨ ᠤ ᠪᠣᠳᠠᠲᠠᠢ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ ᠬᠡᠷᠡᠭᠲᠡᠢ᠃ | ᠳᠥᠷᠪᠡ᠂ ᠲᠣᠳᠣᠷᠬᠠᠢ ᠬᠠᠭᠤᠳᠠᠰᠤ ᠶᠢ ᠪᠣᠳᠠᠲᠠᠢ ᠳᠤ ᠨᠡᠶᠢᠴᠡᠭᠦᠯᠬᠦ ᠶᠢ ᠪᠠᠲᠤᠯᠠᠬᠤ ᠶᠢᠨ ᠲᠤᠰᠠᠳᠠ᠂ | ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠬᠤ᠂ ᠵᠠᠰᠠᠬᠤ᠂ ᠬᠦᠴᠦᠨ ᠦᠭᠡᠢ ᠪᠣᠯᠭᠠᠬᠤ᠂ ᠲᠠᠶᠢᠯᠪᠤᠷᠢᠯᠠᠬᠤ | ᠪᠠ ᠡᠯ᠎ᠡ ᠱᠠᠲᠤᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠲᠣᠬᠢᠷᠠᠭᠤᠯᠬᠤ ᠵᠢᠴᠢ ᠠᠵᠢᠯ ᠤᠨ ᠬᠡᠷᠡᠭᠴᠡᠭᠡ | ᠵᠡᠷᠭᠡ ᠬᠦᠴᠦᠨ ᠵᠦᠢᠯ ᠢ ᠦᠨᠳᠦᠰᠦᠯᠡᠨ᠂ ᠡᠭᠦᠷᠭᠡ ᠴᠢᠳᠠᠪᠤᠷᠢ ᠶᠢ ᠬᠠᠤᠯᠢ ᠪᠠᠷ ᠲᠣᠭᠲᠠᠭᠠᠬᠤ᠂ ᠡᠷᠬᠡ | ᠬᠠᠷᠢᠭᠤᠴᠠᠯᠭ᠎ᠠ ᠶᠢ ᠨᠢᠭᠡᠳᠦᠯᠲᠡᠢ ᠪᠠᠶᠢᠯᠭᠠᠬᠤ᠂ ᠥᠨᠳᠥᠷ ᠦᠷ᠎ᠡ ᠪᠦᠲᠦᠮᠵᠢᠲᠡᠶ ᠢᠯᠡ ᠲᠣᠳᠣ ᠪᠠᠶᠢᠯᠭᠠᠬᠤ ᠵᠠᠷᠴᠢᠮ ᠢ | ᠪᠠᠷᠢᠮᠲᠠᠯᠠᠵᠤ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠣᠯᠣᠨ | ᠰᠤᠮᠤ ᠰᠢᠶᠠᠩ ᠪᠠᠯᠭᠠᠰᠤ ᠶᠢᠨ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ︾ | ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠲᠠᠪᠤ᠂ ᠲᠣᠰ ᠨᠠᠷᠢᠨ ᠬᠠᠭᠤᠳᠠᠰᠤ ᠶᠢᠨ ᠳᠠᠭᠤᠰᠤᠭᠠᠳᠤᠢ ᠵᠦᠢᠯᠡᠰ ᠵᠢᠴᠢ ᠲᠡᠭᠦᠯᠳᠡᠷ ᠪᠤᠰᠤ ᠵᠦᠢᠯ ᠢ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ︾ | ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ᠃ | | 2023 ᠣᠨ ᠤ 5 ᠰᠠᠷ᠎ᠠ ᠶᠢᠨ 9 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ |