9 ᠰᠠᠷ᠎ᠠ ᠶᠢᠨ 1 ᠤ ᠡᠳᠦᠷ᠂ ︽ᠬᠠᠷᠰᠢ ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠬᠠᠤᠯᠢ︾ ᠶᠢ ᠵᠢᠩᠬᠢᠨᠢ ᠪᠠᠷ ᠬᠡᠷᠡᠭᠵᠢᠭᠦᠯᠦᠭᠰᠡᠨ ᠨᠢ ᠬᠠᠷᠰᠢ ᠰᠠᠭᠠᠳ ᠦᠭᠡᠢ ᠣᠷᠴᠢᠨ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃︽ | ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ︾ ᠳᠤ ᠲᠤᠰᠬᠠᠢ ᠪᠦᠯᠦᠭ | ᠭᠠᠷᠭᠠᠵᠤ ᠬᠠᠷᠰᠢ ᠰᠠᠭᠠᠳ ᠦᠭᠡᠢ ᠮᠡᠳᠡᠭᠡ ᠵᠠᠩᠭᠢ ᠶᠢᠨ ᠰᠣᠯᠢᠯᠴᠠᠭ᠎ᠠ ᠶᠢ ᠲᠣᠭᠲᠠᠭᠠᠭᠰᠠᠨ ᠨᠢ ᠰᠢ ᠶᠢᠨ ᠫᠢᠩ | ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠪᠠᠰᠠ ᠴᠤ ︽ᠠᠷᠠᠳ ᠲᠦᠮᠡᠨ ᠤ ᠵᠣᠭᠰᠣᠯᠲᠠ︾ ᠳᠤ ᠪᠠᠲᠤ ᠵᠣᠭᠰᠣᠵᠤ | ᠂ ᠵᠡᠮᠳᠡᠭᠴᠦᠳ᠂ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠴᠢᠬᠤᠯᠠ ᠢᠯᠡᠷᠡᠯ ᠮᠥᠨ᠂ ᠨᠠᠩ ᠴᠤ ᠮᠠᠨ ᠤ | ᠤᠯᠤᠰ ᠤᠨ ᠮᠡᠳᠡᠭᠡ ᠵᠠᠩᠭᠢ ᠶᠢᠨ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢᠨ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠠᠤᠯᠢ ᠪᠠᠷ ᠵᠠᠰᠠᠬᠤ ᠪᠠᠲᠤᠯᠠᠭ᠎ᠠ ᠮᠥᠨ᠃ | ᠣᠶᠢᠷ᠎ᠠ ᠶᠢᠨ ᠵᠢᠯ ᠠᠴᠠ᠂ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠶᠠᠮᠤᠨ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠮᠠᠨ ᠤ ᠤᠯᠤᠰ ᠤᠨ ᠮᠡᠳᠡᠭᠡ ᠵᠠᠩᠭᠢ ᠶᠢᠨ | ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠵᠤ᠂ ᠱᠠᠲᠤ ᠦᠶ᠎ᠡ ᠶᠢᠨ ᠴᠢᠨᠠᠷᠲᠠᠢ ᠦᠷ᠎ᠡ | ᠪᠦᠲᠦᠭᠡᠯ ᠣᠯᠵᠠᠢ᠃ᠮᠡᠳᠡᠭᠡ ᠵᠠᠩᠭᠢ ᠶᠢᠨ ᠰᠠᠭᠠᠳ ᠦᠭᠡᠢ ᠶᠢᠨ ᠣᠷᠣᠢ ᠶᠢᠨ ᠳᠠᠪᠬᠤᠷᠭ᠎ᠠ ᠶᠢᠨ ᠵᠢᠷᠤᠭ | ᠲᠥᠯᠥᠪᠯᠡᠭᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ︽ᠮᠡᠳᠡᠭᠡ ᠵᠠᠩᠭᠢ ᠶᠢᠨ ᠰᠠᠭᠠᠳ ᠦᠭᠡᠢ ᠶᠢ | ᠲᠦᠯᠬᠢᠨ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ | ᠨᠡᠶᠢᠲᠡᠯᠡᠵᠦ᠂ ᠢᠨᠲ᠋ᠧᠷ ᠰᠦᠯᠵᠢᠶᠡᠨ ᠤ ᠬᠡᠷᠡᠭᠯᠡᠭᠡᠨ ᠤ ᠬᠠᠭᠤᠴᠢᠷᠠᠬᠤ ᠳᠤ ᠲᠣᠬᠢᠷᠠᠬᠤ ᠨᠡᠶᠢᠳᠡᠮ ᠬᠡᠷᠡᠭᠯᠡᠭᠡᠨ ᠤ ᠵᠢᠷᠤᠭ | ᠲᠥᠯᠥᠪᠯᠡᠭᠡ ᠶᠢᠨ ᠵᠢᠷᠤᠮᠵᠢᠯ ᠵᠡᠷᠭᠡ ᠮᠡᠳᠡᠭᠡ ᠵᠠᠩᠭᠢ ᠶᠢᠨ ᠰᠠᠭᠠᠳ ᠦᠭᠡᠢ ᠶᠢᠨ ᠬᠠᠮᠢᠶ᠎ᠠ ᠪᠦᠬᠦᠢ ᠪᠠᠷᠢᠮᠵᠢᠶ᠎ᠠ ᠶᠢ 30 | ᠰᠢᠬᠠᠮ ᠵᠣᠬᠢᠶᠠᠨ ᠪᠠᠶᠢᠭᠤᠯᠤᠨ ᠨᠡᠶᠢᠲᠡᠯᠡᠵᠦ᠂ ᠠᠵᠢᠯ ᠲᠥᠷᠥᠯ ᠤᠨ ᠨᠡᠶᠢᠭᠡᠮᠯᠢᠭ ᠢ ᠵᠢᠯᠣᠭᠤᠳᠤᠨ ᠭᠠᠷ ᠤᠲᠠᠰᠤ᠂ | ᠪᠤᠳᠤᠭᠲᠤ ᠲᠧᠯᠸᠢᠰ ᠵᠡᠷᠭᠡ ᠣᠶᠤᠨᠲᠤ ᠦᠵᠦᠭᠦᠷ ᠤᠨ ᠦᠢᠯᠡᠳᠬᠦᠨ ᠤ ᠬᠠᠭᠤᠴᠢᠷᠠᠬᠤ ᠳᠤ ᠲᠣᠬᠢᠷᠠᠬᠤ | ᠪᠠᠷᠢᠮᠵᠢᠶ᠎ᠠ ᠶᠢ ᠨᠡᠶᠢᠲᠡᠯᠡᠵᠦ᠂ ᠠᠵᠢᠯ ᠲᠥᠷᠥᠯ ᠤᠨ ᠰᠠᠭᠠᠳ ᠦᠭᠡᠢ ᠶᠢᠨ ᠦᠢᠯᠡᠳᠦᠯᠭᠡ ᠶᠢ ᠬᠥᠲᠥᠯᠥᠨ ᠳᠠᠭᠠᠭᠤᠯᠪᠠ | ᠃ ᠣᠶᠤᠨᠲᠤ ᠵᠥᠭᠡᠯᠡᠨ ᠬᠠᠲᠠᠭᠤ ᠬᠡᠷᠡᠭᠰᠡᠯ ᠤᠨ ᠰᠠᠭᠠᠳ ᠦᠭᠡᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ | ᠵᠡᠮᠳᠡᠭᠴᠦᠳ᠂ ᠨᠠᠰᠤᠲᠠᠶᠢᠴᠤᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ 1735 ᠢᠨᠲ᠋ᠥᠷ ᠰᠦᠯᠵᠢᠶᠡᠨ ᠤ | ᠰᠦᠯᠵᠢᠶ᠎ᠡ ᠪᠣᠯᠣᠨ ᠭᠠᠷ ᠤᠲᠠᠰᠤᠨ ᠤ APP᠂ ᠤᠯᠤᠰ ᠲᠠᠭᠠᠨ ᠦᠢᠯᠡᠳᠪᠦᠷᠢᠯᠡᠭᠰᠡᠨ ᠤᠯᠠᠨ ᠲᠦᠷᠦᠯ ᠤᠨ | ᠣᠶᠤᠨᠲᠤ ᠭᠠᠷ ᠤᠲᠠᠰᠤ᠂ ᠣᠶᠤᠨᠲᠤ ᠲᠧᠯᠸᠢᠰ ᠢ ᠥᠭᠡᠷᠡᠴᠢᠯᠡᠨ ᠲᠡᠰ ᠳᠡᠪᠰᠢᠭᠦᠯᠬᠦ ᠶᠢ ᠵᠢᠭᠠᠨ ᠵᠢᠯᠤᠭᠤᠳᠴᠤ᠂ | ᠠᠬᠠᠮᠠᠳ ᠦᠶ᠎ᠡ ᠶᠢᠨ ᠬᠡᠪ ᠵᠠᠭᠪᠤᠷ᠂ ᠠᠪᠢᠶᠠᠨ ᠤ ᠦᠰᠦᠭ ᠪᠢᠴᠢᠭ ᠤᠨ ᠰᠣᠯᠢᠭᠳᠠᠯ᠂ ᠤᠩᠰᠢᠯᠭ᠎ᠠ ᠶᠢᠨ ᠳᠡᠯᠭᠡᠴᠡ ᠶᠢᠨ | ᠬᠠᠪᠰᠤᠷᠤᠮᠵᠢ ᠵᠡᠷᠭᠡ ᠬᠠᠷᠰᠢ ᠰᠠᠭᠠᠳ ᠦᠭᠡᠢ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠵᠦ᠂ ᠵᠡᠮᠳᠡᠭᠴᠦᠳ᠂ | ᠨᠠᠰᠤᠲᠠᠶᠢᠴᠤᠳ ᠤᠨ ᠰᠦᠯᠵᠢᠶᠡᠨ ᠳᠤ ᠭᠠᠷᠬᠤ ᠳᠤ︽ᠣᠯᠵᠤ ᠦᠵᠡᠬᠦ ᠦᠭᠡᠢ︾᠂︽ᠲᠣᠳᠣᠷᠬᠠᠢ ᠣᠯᠵᠤ ᠰᠣᠨᠣᠰᠬᠤ | ᠦᠭᠡᠢ︾᠂︽ᠠᠵᠢᠯᠯᠠᠭᠤᠯᠬᠤ ᠳᠤ ᠬᠦᠴᠢᠷ︾ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠬᠦᠴᠦ ᠨᠡᠮᠡᠷᠢᠯᠡᠪᠡ᠃ᠰᠠᠭᠤᠷᠢ | ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ ᠰᠠᠭᠠᠳ ᠦᠭᠡᠢ ᠦᠢᠯᠡᠴᠢᠯᠡᠭᠡᠨ ᠤ ᠴᠢᠳᠠᠪᠤᠷᠢ ᠶᠢ ᠢᠯᠡᠳᠲᠡ | ᠴᠢᠩᠭᠠᠷᠠᠭᠤᠯᠵᠤ᠂ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ ᠰᠦᠯᠵᠢᠶᠡᠨ ᠳᠣᠣᠷᠠᠬᠢ | ᠡᠵᠡᠩᠨᠡᠯᠲᠡ ᠶᠢᠨ ᠲᠢᠩᠬᠢᠮ ᠳᠤ ᠰᠠᠭᠠᠳ ᠦᠭᠡᠢ ᠨᠡᠪᠲᠡᠷᠡᠬᠦ ᠵᠠᠮ᠂ ᠨᠠᠰᠤᠲᠠᠶᠢᠴᠤᠳ ᠤᠨ ᠲᠤᠰᠬᠠᠢ ᠰᠠᠭᠤᠳᠠᠯ | ᠭᠠᠷᠭᠠᠬᠤ ᠶᠢ ᠪᠠᠶᠢᠷᠢᠯᠠᠭᠤᠯᠵᠤ᠂ ᠲᠤᠰᠬᠠᠢ ᠬᠠᠷᠢᠶᠠᠯᠠᠭᠳᠠᠬᠤ ᠬᠠᠷᠠᠭᠠᠯᠵᠠᠯ ᠤᠨ ᠵᠠᠷᠤᠳᠠᠯ᠂ ᠲᠣᠮᠣ ᠥᠰᠥᠭ ᠤᠨ | ᠲᠠᠩᠰᠠ ᠵᠡᠷᠭᠡ ᠦᠢᠯᠡᠴᠢᠯᠡᠭᠡ ᠶᠢ ᠭᠠᠷᠭᠠᠪᠠ᠂ ᠡᠭᠦᠨ ᠳᠤ ︽ᠨᠢᠭᠡ ᠯᠡ ᠲᠣᠪᠴᠢ ᠪᠠᠷ ᠳᠠᠭᠤᠳᠠᠨ ᠣᠷᠣᠭᠤᠯᠤᠭᠰᠠᠨ | ᠬᠥᠮᠥᠨ ᠤ ᠬᠦᠴᠦᠨ ᠤ ᠦᠢᠯᠡᠴᠢᠯᠡᠭᠡᠨ ᠤ ᠦᠢᠯᠡᠴᠢᠯᠡᠭᠡ︾ ᠶᠢᠨ ᠲᠤᠰᠬᠠᠢ ᠱᠤᠭᠤᠮ ᠨᠢ ᠨᠠᠰᠤᠲᠠᠶᠢᠴᠤᠳ ᠤᠨ | ᠬᠡᠷᠡᠭᠯᠡᠭᠴᠢᠳ ᠲᠤ ᠨᠡᠶᠢᠲᠡ 2.2 ᠳ᠋ᠦᠩᠰᠢᠭᠤᠷ ᠬᠥᠮᠥᠨ ᠤᠳᠠᠭ᠎ᠠ ᠳᠤ ᠦᠢᠯᠡᠴᠢᠯᠡᠵᠦ᠂ ᠰᠦᠯᠵᠢᠶᠡᠨ ᠳᠡᠭᠡᠷᠡᠬᠢ ᠪᠠ | ᠰᠦᠯᠵᠢᠶᠡᠨ ᠤ ᠭᠠᠳᠠᠨᠠᠬᠢ ᠦᠢᠯᠡᠴᠢᠯᠡᠭᠡᠨ ᠤ ᠬᠠᠮᠵᠢᠯᠴᠠᠭ᠎ᠠ ᠨᠢ ᠨᠠᠩ ᠥᠨᠳᠥᠷ ᠪᠦᠲᠦᠮᠵᠢᠲᠡᠶ ᠪᠥᠭᠡᠳ ᠠᠷᠠᠳ ᠲᠤ | ᠲᠥᠬᠦᠮ ᠦᠵᠡᠭᠦᠯᠦᠭᠰᠡᠨ ᠪᠠᠶᠢᠨ᠎ᠠ᠃ | ︽ᠬᠠᠷᠰᠢ ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠤᠯᠢ︾ ᠶᠢ | ᠬᠡᠷᠡᠭᠵᠢᠭᠦᠯᠦᠭᠰᠡᠨ ᠨᠢ ᠵᠡᠮᠳᠡᠭᠴᠦᠳ᠂ ᠨᠠᠰᠤᠲᠠᠶᠢᠴᠤᠳ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠦᠷ᠎ᠡ | ᠪᠦᠲᠦᠭᠡᠯ ᠢ ᠡᠷᠬᠡ ᠲᠡᠭᠰᠢ᠂ ᠪᠦᠷᠢᠨ ᠭᠦᠢᠴᠡᠳ᠂ ᠳᠥᠭᠦᠮ ᠳᠥᠲᠡ ᠪᠠᠷ ᠬᠠᠮᠲᠤ ᠪᠠᠷ ᠡᠳ᠋ᠯᠡᠬᠦ ᠳᠤ ᠬᠦᠴᠦᠲᠡᠢ | ᠪᠠᠲᠤᠯᠠᠭ᠎ᠠ ᠬᠠᠩᠭᠠᠬᠤ ᠪᠣᠯᠣᠨ᠎ᠠ᠃ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠷᠭᠦᠯᠵᠢᠯᠡᠨ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂︽ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢᠨ ᠬᠠᠤᠯᠢ︾ ᠶᠢᠨ ᠱᠠᠭᠠᠷᠳᠠᠯᠭ᠎ᠠ ᠪᠠᠷ ᠰᠠᠭᠤᠷᠢ ᠪᠠᠷᠢᠮᠵᠢᠶ᠎ᠠ ᠪᠣᠯᠭᠠᠵᠤ᠂ ᠮᠡᠳᠡᠭᠡ ᠵᠠᠩᠭᠢ ᠶᠢᠨ ᠬᠠᠷᠰᠢ | ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠬᠦᠴᠦᠯᠡᠨ | ᠠᠬᠢᠭᠤᠯᠤᠨ᠎ᠠ᠃ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠲᠡᠭᠦᠯᠳᠡᠷᠵᠢᠭᠦᠯᠵᠦ᠂ ᠵᠡᠮᠳᠡᠭᠴᠦᠳ᠂ | ᠨᠠᠰᠤᠲᠠᠶᠢᠴᠤᠳ ᠤᠨ ᠰᠠᠭᠠᠳ ᠦᠭᠡᠢ ᠪᠠᠷ ᠰᠣᠯᠢᠯᠴᠠᠬᠤ ᠲᠠᠯ᠎ᠠ ᠶᠢᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ | ᠰᠠᠭᠤᠷᠢᠯᠠᠨ᠂ ᠮᠡᠳᠡᠭᠡ ᠵᠠᠩᠭᠢ ᠶᠢᠨ ᠰᠠᠭᠠᠳ ᠦᠭᠡᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ | ᠲᠣᠭᠠᠴᠢᠯᠠᠭᠰᠠᠨ ᠮᠡᠷᠭᠡᠵᠢᠯ ᠤᠨ ᠬᠠᠭᠤᠴᠢᠷᠠᠬᠤ ᠳᠤ ᠲᠣᠬᠢᠷᠠᠬᠤ ᠬᠥᠭᠵᠢᠯᠲᠡ ᠶᠢ ᠠᠬᠢᠭᠤᠯᠬᠤ ᠢᠵᠢ ᠪᠦᠷᠢᠳᠦᠭᠦᠯᠬᠦ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠱᠠᠯᠠᠪᠳᠠᠨ ᠲᠣᠭᠲᠠᠭᠠᠨ ᠨᠡᠶᠢᠲᠡᠯᠡᠵᠦ᠂ ᠮᠡᠳᠡᠭᠡ ᠵᠠᠩᠭᠢ ᠶᠢᠨ | ᠰᠠᠭᠠᠳ ᠦᠭᠡᠢ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠪᠦᠲᠦᠮᠵᠢᠲᠡᠶ ᠥᠷᠭᠡᠳᠬᠡᠬᠦ᠂ ᠲᠠᠰ | ᠳᠠᠪᠬᠤᠷᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠵᠤ᠂ ᠦᠢᠯᠡᠳᠬᠦᠨ ᠤ | ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠬᠢᠭᠡᠳ ᠬᠡᠷᠡᠭᠯᠡᠭᠴᠢ ᠶᠢᠨ ᠣᠶᠢᠯᠠᠭᠠᠯᠲᠠ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠬᠠᠮᠲᠤᠪᠠᠷ | ᠪᠠᠶᠢᠭᠤᠯᠵᠤ ᠬᠠᠮᠲᠤᠪᠠᠷ ᠵᠠᠰᠠᠬᠤ ᠶᠢ ᠪᠠᠷᠢᠮᠲᠠᠯᠠᠵᠤ᠂ ᠢᠨᠲ᠋ᠥᠷ ᠰᠦᠯᠵᠢᠶᠡᠨ ᠤ ᠬᠡᠷᠡᠭᠯᠡᠭᠡᠨ ᠤ ᠨᠠᠰᠤᠵᠢᠯᠲᠠ ᠳᠤ | ᠵᠣᠬᠢᠴᠠᠬᠤ ᠵᠢᠴᠢ ᠬᠠᠷᠰᠢ ᠰᠠᠭᠠᠳ ᠦᠭᠡᠢ ᠥᠭᠡᠷᠡᠴᠢᠯᠡᠯᠲᠡ ᠶᠢᠨ ᠪᠦᠷᠬᠦᠴᠡ ᠶᠢᠨ ᠬᠡᠪᠴᠢᠶ᠎ᠡ ᠶᠢ ᠥᠷᠭᠡᠳᠬᠡᠵᠦ᠂ | ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠠᠯᠤᠰᠯᠠᠭᠰᠠᠨ ᠮᠡᠳᠡᠭᠡ ᠵᠠᠩᠭᠢ ᠶᠢᠨ ᠬᠠᠷᠰᠢ ᠰᠠᠭᠠᠳ ᠦᠭᠡᠢ ᠠᠵᠢᠯ ᠤᠨ | ᠬᠠᠮᠵᠢᠯᠴᠠᠬᠤ ᠡᠷᠴᠢᠮ ᠢ ᠴᠢᠨᠠᠭᠰᠢᠳᠠ ᠴᠢᠩᠭᠠᠷᠠᠭᠤᠯᠵᠤ᠂ ᠵᠠᠰᠠᠭ ᠤᠨ ᠣᠷᠳᠣᠨ ᠬᠥᠲᠥᠯᠥᠨ ᠳᠠᠭᠠᠭᠤᠯᠤᠭᠰᠠᠨ᠂ ᠤᠯᠠᠨ | ᠲᠠᠯ᠎ᠠ ᠪᠠᠷ ᠬᠠᠮᠵᠢᠯᠴᠠᠭᠰᠠᠨ᠂ ᠬᠠᠩᠭᠠᠯᠭ᠎ᠠ ᠡᠯᠪᠡᠭ ᠪᠠᠶᠠᠯᠢᠭ᠂ ᠦᠢᠯᠡᠴᠢᠯᠡᠭᠡ ᠳᠥᠭᠦᠮ ᠳᠥᠲᠡ ᠴᠢᠨᠠᠷ ᠰᠠᠶᠢᠲᠠᠢ | ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ᠂ | ᠣᠶᠢᠯᠠᠭᠠᠬᠤ ᠳᠤ ᠲᠠᠭᠠᠯᠠᠮᠵᠢᠲᠠᠢ ᠬᠠᠷᠰᠢ ᠰᠠᠭᠠᠳ ᠦᠭᠡᠢ ᠣᠷᠴᠢᠨ ᠲᠣᠭᠤᠷᠢᠨ ᠢ ᠬᠦᠴᠦ ᠪᠠᠨ ᠬᠠᠮᠲᠤᠳᠬᠠᠨ ᠪᠤᠢ | ᠪᠣᠯᠭᠠᠨ᠎ᠠ᠃ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠲᠥᠷᠥᠯ ᠤᠨ ᠬᠢᠨ ᠤ ︽ᠨᠡᠶᠢᠳᠡᠮ | ᠬᠡᠷᠡᠭᠯᠡᠬᠦ ᠵᠢᠷᠤᠭ ᠲᠥᠯᠥᠪᠯᠡᠭᠡ ᠶᠢᠨ ᠣᠨᠣᠯᠵᠢᠬᠤᠨ︾ ᠢ ᠦᠢᠯᠡᠳᠦᠯᠭᠡᠵᠢᠭᠦᠯᠬᠦ ᠶᠢ ᠵᠢᠯᠣᠭᠤᠳᠤᠨ᠂ ᠭᠤᠣᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠮᠡᠳᠡᠭᠡ ᠵᠠᠩᠭᠢ ᠶᠢᠨ ᠰᠠᠭᠠᠳ ᠦᠭᠡᠢ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠵᠡᠮᠳᠡᠭᠴᠦᠳ ᠪᠠ ᠨᠠᠰᠤᠲᠠᠶᠢᠴᠤᠳ ᠲᠤ ᠰᠡᠷᠡᠭᠳᠡᠬᠦ᠂ ᠮᠡᠳᠡᠬᠦ᠂ ᠬᠡᠷᠡᠭᠯᠡᠬᠦ ᠶᠢ | ᠳᠡᠯᠭᠡᠷᠡᠭᠦᠯᠦᠨ᠂ ᠪᠥᠬᠦ ᠨᠡᠶᠢᠭᠡᠮ ᠢᠶᠠᠷ ᠢᠶᠠᠨ ᠮᠡᠳᠡᠭᠡ ᠵᠠᠩᠭᠢ ᠶᠢᠨ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢ | ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ︽ᠬᠠᠷᠢᠭᠤᠴᠠᠯᠭᠠᠲᠤ ᠨᠠᠶᠢᠷᠠᠭᠤᠯᠤᠭᠴᠢ᠄ ᠵᠧᠦ ᠢ ᠵᠠᠩ︾ | | | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |