ᠬᠡᠷᠡᠮ ᠳᠤ ᠣᠴᠣᠶᠢᠵᠤ ᠰᠠᠭᠤᠪᠠᠯ ᠴᠢᠰᠤᠨ ᠳᠠᠷᠤᠯᠲᠠ ᠶᠢ ᠪᠠᠭᠤᠷᠠᠭᠤᠯᠤᠨ᠎ᠠ
ᠨᠡᠶᠢᠲᠡᠯᠡᠭᠰᠡᠨ ᠴᠠᠭ᠄
2023/10/9
     ᠠᠩᠭ᠍ᠯᠢ ᠶᠢᠨ ᠺᠠᠨᠲᠪᠧᠷᠧ ᠶᠡᠭᠡ ᠰᠤᠷᠭᠠᠭᠤᠯᠢ ᠶᠢᠨ ᠠᠮᠢ ᠨᠠᠰᠤᠨ ᠤ ᠰᠢᠨᠵᠢᠯᠡᠬᠦ ᠤᠬᠠᠭᠠᠨᠲᠠᠨ ᠡᠮᠴᠢᠯᠡᠭᠡᠨ ᠤ ᠲᠤᠷᠰᠢᠯᠲᠠ ᠠᠴᠠ ᠢᠷᠡᠭᠰᠡᠨ ᠭᠡᠷᠡᠴᠢ ᠪᠠᠷᠢᠮᠲᠠ ᠶᠢ ᠬᠤᠷᠢᠶᠠᠩᠭᠤᠶᠢᠯᠠᠨ ᠵᠠᠳᠠᠯᠤᠭᠰᠠᠨ ᠤ ᠳ᠋ᠦᠩ ᠳᠤ ᠢᠯᠡᠷᠡᠭᠦᠯᠦᠭᠰᠡᠨ ᠢᠶᠠᠷ᠂ ᠲᠣᠭᠲᠠᠩᠭᠤᠢ ᠪᠠᠶᠢᠳᠠᠯ ᠤᠨ ᠣᠷᠳᠣ ᠬᠤᠭᠤᠴᠠᠭᠠᠨ ᠤ ᠬᠥᠳᠡᠯᠭᠡᠭᠡᠨ ︵ᠪᠡᠶ᠎ᠡ ᠪᠠᠨ ᠬᠥᠳᠡᠯᠭᠡᠬᠦ ᠦᠭᠡᠢ ᠪᠠᠷ ᠪᠤᠯᠴᠢᠩ ᠢ ᠬᠥᠳᠡᠯᠭᠡᠵᠦ ᠪᠣᠯᠣᠨ᠎ᠠ︶ ᠪᠣᠯ ᠴᠢᠰᠤᠨ ᠳᠠᠷᠤᠯᠲᠠ ᠶᠢ ᠪᠠᠭᠤᠷᠠᠭᠤᠯᠬᠤ ᠬᠠᠮᠤᠭ ᠤᠨ ᠰᠠᠶᠢᠨ ᠠᠷᠭ᠎ᠠ ᠮᠥᠨ᠃ᠡᠭᠦᠨ ᠤ ᠬᠠᠮᠲᠤ᠂ ᠬᠦᠴᠢᠯᠲᠥ᠋ᠷᠥᠭᠴᠢᠲᠦ ᠪᠣᠯᠪᠠᠰᠤᠷᠠᠯ᠂ ᠬᠥᠳᠡᠯᠦᠩᠭᠦᠢ ᠰᠠᠭᠠᠲᠠᠭᠤᠯᠬᠤ ᠬᠦᠴᠦᠨ ᠤ ᠪᠣᠯᠪᠠᠰᠤᠷᠠᠯ ︵ᠵᠢᠱᠢᠶᠡᠯᠡᠪᠡᠯ ᠭᠦᠨ ᠣᠴᠣᠶᠢᠬᠤ᠂ ᠡᠯᠢᠭᠡᠳᠡᠵᠦ ᠲᠤᠯᠬᠤ ᠪᠠ ᠬᠦᠨᠳᠦ ᠶᠢ ᠡᠷᠭᠦᠬᠦ ᠵᠡᠷᠭᠡ︶ ᠪᠣᠯᠣᠨ ᠥᠨᠳᠥᠷ ᠬᠦᠴᠦᠯᠡᠴᠡ ᠲᠠᠢ ᠵᠠᠪᠰᠠᠷᠯᠠᠯᠳᠤ ᠪᠣᠯᠪᠠᠰᠤᠷᠠᠯ ᠨᠢ ᠪᠠᠰᠠ ᠬᠦᠴᠦᠨ ᠲᠠᠢ ᠪᠠᠶᠢᠳᠠᠭ᠃      ︽ᠠᠩᠭ᠍ᠯᠢ ᠶᠢᠨ ᠪᠡᠶ᠎ᠡ ᠲᠠᠮᠢᠷ ᠤᠨ ᠠᠨᠠᠭᠠᠬᠤ ᠤᠬᠠᠭᠠᠨ ᠤ ᠰᠡᠳᠬᠦᠯ︾ ᠳᠡᠭᠡᠷ᠎ᠡ ᠨᠡᠶᠢᠲᠡᠯᠡᠭᠰᠡᠨ ᠡᠨᠡ ᠬᠦ ᠰᠤᠳᠤᠯᠭᠠᠨ ᠤ ᠦᠷ᠎ᠡ ᠪᠦᠲᠦᠭᠡᠯ ᠠᠴᠠ ᠣᠯᠣᠭᠰᠠᠨ ᠳ᠋ᠦᠩᠨᠡᠯᠲᠡ ᠭᠡᠪᠡᠯ᠄ ᠲᠡᠩᠴᠡᠭᠦᠦ ᠤᠷᠲᠤ ᠬᠥᠳᠡᠯᠭᠡᠭᠡᠨ ᠪᠣᠯ ᠠᠪᠴᠢᠯᠲᠠ ᠶᠢᠨ ᠳᠠᠷᠤᠯᠲᠠ ᠪᠠ ᠲᠡᠯᠡᠯᠲᠡ ᠶᠢᠨ ᠳᠠᠷᠤᠯᠲᠠ ᠶᠢ ᠪᠠᠭᠤᠷᠠᠭᠤᠯᠬᠤ ᠬᠠᠮᠤᠭ ᠤᠨ ᠪᠦᠲᠦᠮᠵᠢᠲᠡᠶ ᠬᠡᠪ ᠵᠠᠭᠪᠤᠷ ᠪᠣᠯᠣᠨ᠎ᠠ᠃ ᠲᠡᠷᠡ ᠨᠢ ᠯᠤᠭᠰᠢᠭᠤᠨ ᠰᠤᠳᠠᠯ ᠤᠨ ᠴᠢᠰᠤᠨ ᠳᠠᠷᠤᠯᠲᠠ ᠥᠨᠳᠥᠷ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠬᠥᠳᠡᠯᠭᠡᠭᠡᠨ ᠤ ᠰᠢᠨ᠎ᠡ ᠵᠢᠭᠠᠯᠲᠠ ᠶᠢ ᠲᠣᠭᠲᠠᠭᠠᠬᠤ ᠳᠤ ᠰᠠᠭᠤᠷᠢ ᠲᠠᠯᠪᠢᠵᠤ ᠥᠭᠪᠡ᠃      ᠴᠢᠰᠤᠨ ᠳᠠᠷᠤᠯᠲᠠ ᠶᠢ ᠬᠢᠵᠠᠭᠠᠷᠯᠠᠬᠤ ᠬᠠᠮᠤᠭ ᠰᠠᠶᠢᠨ ᠬᠥᠳᠡᠯᠭᠡᠭᠡᠨ ᠤ ᠬᠡᠯᠪᠡᠷᠢ ᠶᠢᠨ ᠰᠤᠷᠠᠭ ᠵᠠᠩᠭᠢ ᠶᠢ ᠰᠢᠨᠡᠴᠢᠯᠡᠬᠦ ᠶᠢᠨ ᠲᠥᠯᠥᠭᠡ᠂ ᠰᠤᠳᠤᠯᠭᠠᠲᠠᠳ ᠲᠤᠭ᠎ᠠ ᠪᠠᠷᠢᠮᠲᠠ ᠶᠢᠨ ᠬᠥᠮᠥᠷᠭᠡ ᠶᠢ ᠬᠠᠶᠢᠵᠤ᠂ ᠬᠤᠶᠠᠷ ᠭᠠᠷᠠᠭ ᠪᠤᠶᠤ ᠨᠡᠩ ᠤᠷᠲᠤ ᠬᠤᠭᠤᠴᠠᠭᠠᠨ ᠤ ᠬᠥᠳᠡᠯᠭᠡᠭᠡᠨ ᠤ ᠪᠣᠯᠪᠠᠰᠤᠷᠠᠯ ᠳᠤ ᠨᠥᠯᠥᠭᠡᠯᠡᠭᠳᠡᠭᠰᠡᠳ ᠤᠨ ᠲᠠᠶᠢᠪᠤᠩ ᠴᠢᠰᠤᠨ ᠳᠠᠷᠤᠯᠲᠠ ᠶᠢ ᠨᠥᠯᠥᠭᠡᠯᠡᠬᠦ ᠡᠮᠴᠢᠯᠡᠭᠡᠨ ᠤ ᠲᠤᠷᠰᠢᠯᠲᠠ ᠶᠢ ᠡᠷᠢᠪᠡ᠃ᠬᠥᠳᠡᠯᠭᠡᠭᠡᠨ ᠤ ᠨᠥᠯᠥᠭᠡᠯᠡᠯ ᠢ ᠬᠦᠴᠢᠯᠲᠥ᠋ᠷᠥᠭᠴᠢᠲᠦ ᠪᠣᠯᠪᠠᠰᠤᠷᠠᠯ᠂ ᠬᠥᠳᠡᠯᠦᠩᠭᠦᠢ ᠰᠠᠭᠠᠲᠠᠭᠤᠯᠬᠤ ᠬᠦᠴᠦᠨ ᠤ ᠪᠣᠯᠪᠠᠰᠤᠷᠠᠯ᠂ ᠬᠤᠶᠠᠭᠤᠯᠠ ᠶᠢᠨ ᠤᠶᠠᠯᠳᠤᠯ᠂ ᠥᠨᠳᠥᠷ ᠬᠦᠴᠦᠯᠡᠴᠡ ᠲᠠᠢ ᠰᠡᠯᠭᠦᠭᠡ ᠮᠠᠶ᠋ᠢᠭ ᠤᠨ ᠪᠣᠯᠪᠠᠰᠤᠷᠠᠯ ︵HIIT︶ ᠪᠠ ᠲᠡᠩᠴᠡᠭᠦᠦ ᠤᠷᠲᠤ ᠬᠤᠭᠤᠴᠠᠭᠠᠨ ᠤ ᠬᠥᠳᠡᠯᠭᠡᠭᠡᠨ ᠭᠡᠵᠦ ᠠᠩᠭᠢᠯᠠᠳᠠᠭ᠃      ᠵᠠᠳᠠᠯᠤᠯᠲᠠ ᠶᠢᠨ ᠳ᠋ᠦᠩ ᠳᠤ ᠢᠯᠡᠷᠡᠭᠦᠯᠦᠭᠰᠡᠨ ᠢᠶᠠᠷ᠂ ᠪᠣᠶ ᠪᠦᠬᠦᠢ ᠠᠳᠠᠯᠢ ᠪᠤᠰᠤ ᠲᠥᠷᠥᠯ ᠤᠨ ᠬᠥᠳᠡᠯᠭᠡᠭᠡᠨ ᠬᠢᠭᠰᠡᠨ ᠤ ᠳᠠᠷᠠᠭ᠎ᠠ᠂ ᠣᠷᠣᠯᠴᠠᠭᠰᠠᠳ ᠤᠨ ᠲᠠᠶᠢᠪᠤᠩ ᠠᠪᠴᠢᠯᠲᠠ ᠶᠢᠨ ᠳᠠᠷᠤᠯᠲᠠ ᠪᠠ ᠲᠡᠯᠡᠯᠲᠡ ᠶᠢᠨ ᠳᠠᠷᠤᠯᠲᠠ  ᠨᠢ ᠴᠥᠮ ᠢᠯᠡᠳᠲᠡ ᠪᠠᠭᠤᠷᠠᠳᠠᠭ᠂ ᠭᠡᠪᠡᠴᠦ ᠠᠳᠠᠯᠢ ᠣᠷᠳᠣ ᠬᠤᠭᠤᠴᠠᠭᠠᠨ ᠤ ᠬᠥᠳᠡᠯᠭᠡᠭᠡᠨ ᠤ ᠪᠣᠯᠪᠠᠰᠤᠷᠠᠯ ᠬᠢᠭᠰᠡᠨ ᠤ ᠳᠠᠷᠠᠭ᠎ᠠ᠂ ᠠᠪᠴᠢᠯᠲᠠ ᠶᠢᠨ ᠳᠠᠷᠤᠯᠲᠠ ᠪᠠ ᠲᠡᠯᠡᠯᠲᠡ ᠶᠢᠨ ᠳᠠᠷᠤᠯᠲᠠ ᠶᠢᠨ ᠳᠣᠷᠣᠭᠰᠢᠯᠠᠬᠤ ᠬᠡᠮᠵᠢᠶ᠎ᠡ ᠨᠢ ᠬᠠᠮᠤᠭ ᠤᠨ ᠶᠡᠭᠡ ᠪᠠᠶᠢᠳᠠᠭ᠃      ᠪᠣᠳᠠᠲᠠᠢ ᠪᠠᠷ ᠬᠡᠯᠡᠪᠡᠯ᠂ ᠬᠦᠴᠢᠯᠲᠥ᠋ᠷᠥᠭᠴᠢᠲᠦ ᠪᠣᠯᠪᠠᠰᠤᠷᠠᠯ ᠬᠢᠭᠰᠡᠨ ᠤ ᠳᠠᠷᠠᠭᠠᠬᠢ ᠴᠢᠰᠤᠨ ᠳᠠᠷᠤᠯᠲᠠ ᠶᠢᠨ ᠪᠠᠭᠤᠷᠠᠬᠤ ᠬᠡᠮᠵᠢᠶ᠎ᠡ ᠨᠢ 4.49/2.53mmHg᠂ ᠬᠥᠳᠡᠯᠦᠩᠭᠦᠢ ᠰᠠᠭᠠᠲᠠᠭᠤᠯᠬᠤ ᠬᠦᠴᠦᠨ ᠤ ᠪᠣᠯᠪᠠᠰᠤᠷᠠᠯ ᠬᠢᠭᠰᠡᠨ ᠤ ᠳᠠᠷᠠᠭᠠᠬᠢ ᠴᠢᠰᠤᠨ ᠳᠠᠷᠤᠯᠲᠠ ᠶᠢᠨ ᠪᠠᠭᠤᠷᠠᠬᠤ ᠬᠡᠮᠵᠢᠶ᠎ᠡ ᠨᠢ 4.55/3.04mmHg᠂ ᠤᠶᠠᠯᠳᠤᠭᠤᠯᠬᠤ ᠪᠣᠯᠪᠠᠰᠤᠷᠠᠯ ᠬᠢᠭᠰᠡᠨ ᠤ ᠳᠠᠷᠠᠭᠠᠬᠢ ᠴᠢᠰᠤᠨ ᠳᠠᠷᠤᠯᠲᠠ ᠶᠢᠨ ᠪᠠᠭᠤᠷᠠᠬᠤ ᠬᠡᠮᠵᠢᠶ᠎ᠡ ᠨᠢ 6.04/2.54mmHg᠂ ᠥᠨᠳᠥᠷ ᠬᠦᠴᠦᠯᠡᠴᠡ ᠲᠠᠢ ᠵᠠᠪᠰᠠᠷᠯᠠᠬᠤ ᠪᠣᠯᠪᠠᠰᠤᠷᠠᠯ ᠬᠢᠭᠰᠡᠨ ᠤ ᠳᠠᠷᠠᠭᠠᠬᠢ ᠴᠢᠰᠤᠨ ᠳᠠᠷᠤᠯᠲᠠ ᠶᠢᠨ ᠪᠠᠭᠤᠷᠠᠬᠤ ᠬᠡᠮᠵᠢᠶ᠎ᠡ ᠨᠢ 4.08/2.50mmHg᠂ ᠤᠷᠲᠤ ᠪᠣᠯᠪᠠᠰᠤᠷᠠᠯ ᠬᠢᠭᠰᠡᠨ ᠤ ᠳᠠᠷᠠᠭᠠᠬᠢ ᠴᠢᠰᠤᠨ ᠳᠠᠷᠤᠯᠲᠠ ᠶᠢᠨ ᠪᠠᠭᠤᠷᠠᠬᠤ ᠬᠡᠮᠵᠢᠶ᠎ᠡ ᠨᠢ 8.24/4mmHg ᠪᠣᠯᠣᠨ᠎ᠠ᠃ ᠠᠪᠴᠢᠯᠲᠠ ᠶᠢᠨ ᠳᠠᠷᠤᠯᠲᠠ ᠶᠢ ᠪᠠᠭᠤᠷᠠᠭᠤᠯᠬᠤ ᠬᠦᠴᠦᠨ ᠲᠠᠢ ᠲᠤᠭ᠎ᠠ ᠬᠡᠮᠵᠢᠭᠳᠡᠯ ᠤᠨ ᠳᠡᠰ ᠳᠠᠷᠠᠭᠠᠯᠠᠯ ᠨᠢ ᠲᠡᠩᠴᠡᠭᠦᠦ ᠤᠷᠲᠤ ᠪᠣᠯᠪᠠᠰᠤᠷᠠᠯ ︵98%︶᠂ ᠤᠶᠠᠯᠳᠤᠭᠤᠯᠬᠤ ᠪᠣᠯᠪᠠᠰᠤᠷᠠᠯ ︵76%︶᠂ ᠬᠥᠳᠡᠯᠦᠩᠭᠦᠢ ᠰᠠᠭᠠᠲᠠᠭᠤᠯᠬᠤ ᠬᠦᠴᠦᠨ ᠤ ᠪᠣᠯᠪᠠᠰᠤᠷᠠᠯ ︵46%︶᠂ ᠬᠦᠴᠢᠯᠲᠥ᠋ᠷᠥᠭᠴᠢᠲᠦ ᠪᠣᠯᠪᠠᠰᠤᠷᠠᠯ ︵40.5%︶ ᠪᠠ HIIT︵39%︶ ᠪᠣᠯᠣᠨ᠎ᠠ᠃︵46%︶ ᠢ ᠪᠠᠭᠤᠷᠠᠭᠤᠯᠬᠤ ᠦᠢᠯᠡᠳᠦᠯ ᠲᠠᠢ ᠲᠤᠭ᠎ᠠ ᠬᠡᠮᠵᠢᠭᠳᠡᠯ ᠤᠨ ᠳᠡᠰ ᠳᠠᠷᠠᠭᠠᠯᠠᠯ ᠨᠢ ᠲᠡᠩᠴᠡᠭᠦᠦ ᠤᠷᠲᠤ ᠪᠣᠯᠪᠠᠰᠤᠷᠠᠯ ︵98%︶᠂ ᠤᠶᠠᠯᠳᠤᠭᠤᠯᠬᠤ ᠪᠣᠯᠪᠠᠰᠤᠷᠠᠯ ︵76%︶᠂ ᠬᠥᠳᠡᠯᠦᠩᠭᠦᠢ ᠰᠠᠭᠠᠲᠠᠭᠤᠯᠬᠤ ᠬᠦᠴᠦᠨ ᠤ ᠪᠣᠯᠪᠠᠰᠤᠷᠠᠯ ︵46%︶᠂ ᠬᠦᠴᠢᠯᠲᠥ᠋ᠷᠥᠭᠴᠢᠲᠦ ᠪᠣᠯᠪᠠᠰᠤᠷᠠᠯ ︵40.5%︶ ᠪᠣᠯᠣᠨ HIIT︵39%︶᠃      ᠬᠤᠶᠠᠳᠠᠭᠢ ᠤᠳᠠᠭᠠᠨ ᠤ ᠵᠠᠳᠠᠯᠤᠯᠲᠠ ᠠᠴᠠ ᠦᠵᠡᠪᠡᠯ᠂ ᠬᠡᠷᠡᠮ ᠢ ᠲᠦᠰᠢᠵᠦ ᠭᠦᠨ ᠣᠴᠣᠶᠢᠬᠤ ᠪᠠ ᠭᠦᠶᠦᠬᠦ ︵ᠬᠦᠴᠢᠯᠲᠥ᠋ᠷᠥᠭᠴᠢᠲᠦ ᠪᠣᠯᠪᠠᠰᠤᠷᠠᠯ︶ ᠨᠢ ᠲᠣᠰ ᠲᠣᠰ ᠠᠪᠴᠢᠯᠲᠠ ᠶᠢᠨ ᠳᠠᠷᠤᠯᠲᠠ ᠶᠢ ᠪᠠᠭᠤᠷᠠᠭᠤᠯᠬᠤ ︵90.5%︶ ᠪᠠ ᠲᠡᠯᠡᠯᠲᠡ ᠶᠢᠨ ᠳᠠᠷᠤᠯᠲᠠ ᠶᠢ ᠪᠠᠭᠤᠷᠠᠭᠤᠯᠬᠤ ︵91%︶ ᠬᠠᠮᠤᠭ ᠤᠨ ᠪᠦᠲᠦᠮᠵᠢᠲᠡᠶ ᠲᠤᠰᠠᠭᠠᠷ ᠪᠣᠯᠪᠠᠰᠤᠷᠠᠯ ᠪᠣᠯᠣᠨ᠎ᠠ᠃ ᠶᠡᠷᠦᠩᠬᠡᠢ ᠳᠤᠨᠢ ᠠᠪᠴᠤ ᠬᠡᠯᠡᠪᠡᠯ᠂ ᠠᠳᠠᠯᠢ ᠣᠷᠳᠣ ᠬᠥᠳᠡᠯᠭᠡᠭᠡᠨ ᠨᠢ ᠠᠪᠴᠢᠯᠲᠠ ᠶᠢᠨ ᠳᠠᠷᠤᠯᠲᠠ ᠪᠠ ᠲᠡᠯᠡᠯᠲᠡ ᠶᠢᠨ ᠳᠠᠷᠤᠯᠲᠠ ᠶᠢ ᠪᠠᠭᠤᠷᠠᠭᠤᠯᠬᠤ ᠳᠤ ᠬᠠᠮᠤᠭ ᠤᠨ ᠠᠰᠢᠭᠲᠠᠢ ᠪᠠᠶᠢᠳᠠᠭ      ︵ᠬᠠᠷᠢᠭᠤᠴᠠᠯᠭ᠎ᠠ ᠶᠢᠨ ᠨᠠᠶᠢᠷᠠᠭᠤᠯᠤᠭᠰᠠᠨ᠄ ᠰᠦᠨ ᠬᠤᠩ ᠯᠢ᠂ ᠶᠠᠩ ᠳ᠋ᠢ︶                                      ᠵᠤᠬᠢᠶᠠᠭᠴᠢ᠄ ᠯᠢᠦ ᠴᠦᠨ ᠬᠤᠸᠠ                                    ᠤᠷᠴᠢᠭᠤᠯᠤᠭᠴᠢ᠄ ᠰᠤᠷᠤᠨ᠎ᠠ                                    ᠬᠢᠨᠠᠭᠴᠢ᠄ ᠡᠷᠳᠡᠨᠢᠴᠢᠮᠡᠭ
 
ᠢᠷᠡᠯᠲᠡ᠄ ᠪᠡᠭᠡᠵᠢᠩ ᠤᠨ ᠵᠠᠯᠠᠭᠤᠴᠤᠳ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号