ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ | ᠬᠠᠮᠢᠶ᠎ᠠ ᠪᠦᠬᠦᠢ ᠨᠢᠭᠡᠴᠡ ᠳᠤ᠄ | ᠡᠳᠦᠭᠡ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ︾ ᠶᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ | ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃ | 2023 ᠤᠨ 7 ᠰᠠᠷ᠎ᠠ ᠶᠢᠨ 10 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠭᠦᠭᠵᠢᠯᠲᠡ | ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ | ᠴᠠᠭ ᠠᠭᠤᠷ ᠤᠨ ᠦᠢᠯᠡᠰ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ᠂ ᠰᠠᠭᠤᠷᠢ ᠴᠢᠨᠠᠷᠲᠠᠢ᠂ | ᠤᠳᠤᠷᠢᠳᠤᠮᠵᠢ ᠶᠢᠨ ᠴᠢᠨᠠᠷᠲᠠᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠮᠥᠨ᠂ ᠣᠷᠣᠨ ᠨᠤᠲᠤᠭ ᠤᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠠᠷᠠᠳ ᠲᠦᠮᠡᠨ ᠤ ᠠᠮᠤᠷ ᠲᠦᠪᠰᠢᠨ ᠪᠤᠶᠠᠨ ᠵᠢᠷᠭᠠᠯ ᠢ | ᠢᠪᠡᠭᠡᠬᠦ ᠴᠢᠬᠤᠯᠠ ᠪᠠᠲᠤᠯᠠᠭ᠎ᠠ ᠮᠥᠨ᠃︽ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠬᠥᠲᠥᠯᠪᠦᠷᠢ ︵ | 2022 -- 2035 ᠣᠨ︶ ᠶᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠮᠡᠳᠡᠭᠳᠡᠯ︾ ︵ᠲᠥᠷᠥ ᠲᠠᠷᠬᠠᠭᠠᠭᠰᠠᠨ ﹇2022﹈ 11 ᠳ᠋ᠤᠭᠡᠷ ᠲᠣᠭᠠᠲᠤ︶᠂ ︽ᠴᠠᠭ ᠠᠭᠤᠷ ᠤᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2021﹈ 16 ᠳ᠋ᠤᠭᠠᠷ | ᠲᠣᠭᠠᠲᠤ︶ ᠪᠠ ︽ᠤᠯᠠᠭᠠᠨᠴᠠᠪ ᠬᠤᠲᠠ ᠶᠢᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠠᠵᠢᠯ ᠤᠨ ᠠᠷᠭ᠎ᠠ ᠬᠡᠮᠵᠢᠶ᠎ᠡ︾ ︵ᠤᠯᠠᠭᠠᠨᠴᠠᠪ ᠲᠠᠷᠬᠠᠭᠠᠭᠰᠠᠨ ﹇2022﹈ 100 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠴᠠᠭ | ᠠᠭᠤᠷ ᠤᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠬᠤᠰᠢᠭᠤᠨ ᠤ ᠴᠠᠭ ᠠᠭᠤᠷ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ | ᠮᠡᠲᠦ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠴᠠᠭ ᠠᠭᠤᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠣᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠪᠠ | ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠨᠠᠷᠢᠨ ᠨᠢᠮᠪᠠᠢ ᠬᠢᠨᠠᠨ ᠬᠡᠮᠵᠢᠬᠦ᠂ ᠨᠠᠷᠢᠨ | ᠣᠨᠣᠪᠴᠢᠲᠠᠶ ᠤᠷᠢᠳᠴᠢᠯᠠᠨ ᠮᠡᠳᠡᠭᠡᠯᠡᠬᠦ᠂ ᠨᠠᠷᠢᠯᠢᠭ ᠨᠠᠷᠢᠯᠢᠭ ᠦᠢᠯᠡᠴᠢᠯᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ | ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠭᠦᠢᠴᠡᠳ ᠪᠠᠳᠠᠷᠠᠭᠤᠯᠤᠨ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠬᠥᠭᠵᠢᠯᠲᠡ᠂ | ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠰᠠᠶᠢᠨ ᠪᠠᠶᠢᠬᠤ ᠶᠢ ᠦᠨᠡᠨᠬᠦ ᠪᠠᠲᠤᠯᠠᠵᠤ᠂ ᠣᠳᠣᠬᠢᠴᠢᠯᠠᠭᠰᠠᠨ | ᠤᠯᠠᠭᠠᠨᠴᠠᠪ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠴᠠᠭ ᠠᠭᠤᠷ ᠤᠨ ᠪᠠᠲᠤᠯᠠᠭ᠎ᠠ | ᠬᠠᠩᠭᠠᠨ᠎ᠠ᠃ | ︵ᠬᠤᠶᠠᠷ︶ ᠬᠥᠭᠵᠢᠯᠲᠡ ᠶᠢᠨ ᠬᠠᠷᠠᠯᠲᠠ᠃2025 ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠳᠤ | ᠵᠣᠬᠢᠴᠠᠭᠰᠠᠨ᠂ ᠪᠦᠲᠦᠴᠡ ᠪᠦᠷᠢᠨ ᠲᠡᠭᠦᠯᠳᠡᠷ᠂ ᠴᠢᠳᠠᠮᠵᠢ ᠲᠡᠷᠢᠭᠦᠨ ᠤ᠂ ᠪᠠᠲᠤᠯᠠᠭ᠎ᠠ ᠬᠦᠴᠦᠨ ᠲᠠᠢ | ᠣᠳᠣᠬᠢᠴᠢᠯᠠᠭᠰᠠᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡ᠂ | ᠲᠤᠬᠠᠶᠢᠯᠠᠭᠰᠠᠨ ᠠᠵᠢᠯ ᠪᠠ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠴᠠᠭ ᠠᠭᠤᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠠᠮᠢ ᠠᠬᠤᠢ ᠬᠢᠭᠡᠳ ᠲᠠᠷᠢᠶᠠᠯᠠᠩ | ᠮᠠᠯ ᠠᠵᠤ ᠠᠬᠤᠢ ᠶᠢᠨ ᠴᠠᠭ ᠠᠭᠤᠷ᠂ ᠳᠠᠭᠠᠭᠤᠯᠢ ᠣᠳᠣᠨ ᠤ ᠠᠯᠤᠰ ᠰᠡᠷᠡᠯ᠂ ᠬᠥᠮᠥᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠪᠠ ᠴᠠᠭ ᠠᠭᠤᠷ ᠤᠨ ᠮᠡᠳᠡᠭᠡ ᠵᠠᠩᠭᠢᠵᠢᠯᠲᠠ ᠵᠡᠷᠭᠡ ᠶᠡᠷᠦᠩᠬᠡᠶᠢᠯᠡᠭᠰᠡᠨ ᠪᠣᠳᠠᠲᠤ ᠬᠦᠴᠦᠨ ᠢ | ᠪᠥᠬᠦ ᠬᠤᠲᠠ ᠶᠢᠨ ᠲᠡᠷᠢᠭᠦᠨ ᠤ ᠡᠩᠨᠡᠭᠡᠨ ᠳᠤ ᠣᠷᠣᠭᠤᠯᠤᠨ᠎ᠠ᠃2035 ᠣᠨ ᠪᠣᠯᠬᠤ ᠳᠤ᠂ ᠬᠡᠷᠡᠭᠴᠡᠭᠡ ᠶᠢ | ᠬᠠᠩᠭᠠᠭᠰᠠᠨ᠂ ᠣᠨᠴᠠᠯᠢᠭ ᠢᠶᠠᠷ ᠢᠯᠡ ᠲᠣᠳᠣ᠂ ᠲᠡᠷᠢᠭᠦᠨ ᠤ ᠮᠡᠷᠭᠡᠵᠢᠯ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ | ᠴᠠᠭ ᠠᠭᠤᠷ ᠤᠨ ᠣᠳᠣᠬᠢᠴᠢᠯᠠᠭᠰᠠᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠴᠠᠭ ᠠᠭᠤᠷ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠨᠡᠩ ᠭᠦᠢᠴᠡᠳ | ᠪᠠᠳᠠᠷᠠᠭᠤᠯᠵᠤ᠂ ᠴᠠᠭ ᠠᠭᠤᠷ ᠤᠨ ᠡᠨᠧᠷᠭᠢ ᠣᠯᠭᠤᠬᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ | ᠪᠦᠲᠦᠮᠵᠢ ᠶᠢ ᠨᠡᠩ ᠢᠯᠡᠷᠬᠡᠢ ᠪᠣᠯᠭᠠᠵᠤ᠂ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ᠂ ᠦᠢᠯᠡᠳᠪᠦᠷᠢᠯᠡᠯ ᠢ | ᠬᠥᠭᠵᠢᠭᠦᠯᠬᠦ᠂ ᠠᠮᠢᠳᠤᠷᠠᠯ ᠢ ᠴᠢᠨᠡᠭᠡᠯᠢᠭᠵᠢᠭᠦᠯᠬᠦ᠂ ᠠᠮᠢ ᠠᠬᠤᠢ ᠶᠢ ᠰᠠᠶᠢᠨ ᠰᠠᠶᠢᠬᠠᠨ ᠪᠣᠯᠭᠠᠬᠤ ᠳᠤ ᠦᠢᠯᠡᠴᠢᠯᠡᠬᠦ | ᠴᠢᠳᠠᠪᠤᠷᠢ ᠪᠠ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | | ᠬᠤᠶᠠᠷ᠂ ᠭᠤᠣᠯ ᠡᠭᠦᠷᠭᠡ | ︵ᠨᠢᠭᠡ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭ | ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ | 1. ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠬᠠᠷᠢᠶ᠎ᠠ ᠭᠠᠵᠠᠷ ᠢᠶᠠᠷ ᠭᠤᠣᠯ ᠪᠣᠯᠭᠠᠵᠤ᠂ ᠶᠡᠷᠦᠩᠬᠡᠶᠢᠯᠡᠨ ᠭᠠᠮᠰᠢᠭ ᠢ ᠪᠠᠭᠠᠰᠬᠠᠬᠤ | ᠵᠠᠷᠴᠢᠮ ᠢ ᠪᠠᠷᠢᠮᠲᠠᠯᠠᠨ᠂ ᠴᠠᠭ ᠠᠭᠤᠷ ᠤᠨ ᠭᠠᠮᠰᠢᠭ ᠤᠨ ᠰᠡᠷᠭᠡᠶᠢᠯᠡᠯᠲᠡ ᠶᠢ ᠶᠡᠷᠦᠩᠬᠡᠶᠢᠯᠡᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠰᠢᠰᠲ᠋ᠧᠮᠵᠢ ᠳᠤ ᠣᠷᠣᠭᠤᠯᠵᠤ᠂ ᠦᠨᠳᠦᠰᠦᠨ ᠱᠠᠲᠤᠨ ᠤ ᠲᠣᠥᠷᠵᠢᠭᠤᠯᠤᠭᠰᠠᠨ | ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠳᠤ ᠠᠭᠤᠰᠬᠠᠨ ᠣᠷᠣᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠢ ᠴᠢᠩᠭᠠᠷᠠᠭᠤᠯᠤᠨ᠂ | ᠱᠠᠲᠤ ᠬᠤᠪᠢᠶᠠᠨ ᠬᠠᠷᠢᠭᠤᠴᠠᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ ᠨᠢᠭᠡᠳᠦᠯᠲᠡᠢ | ᠲᠥᠯᠥᠪᠵᠢᠭᠦᠯᠬᠦ ᠪᠠ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠲᠦᠷᠭᠡᠨ ᠳᠠᠭᠠᠵᠤ᠂ | ᠥᠨᠳᠥᠷ ᠦᠷ᠎ᠡ ᠪᠦᠲᠦᠮᠵᠢᠲᠡᠶ ᠪᠠᠷ ᠬᠠᠮᠲᠤᠷᠠᠨ ᠬᠥᠳᠡᠯᠦᠯᠴᠡᠭᠰᠡᠨ ᠣᠯᠠᠨ ᠰᠠᠯᠠᠭ᠎ᠠ ᠮᠥᠴᠢᠷ ᠤᠨ ᠴᠠᠭ ᠠᠭᠤᠷ ᠤᠨ | ᠭᠠᠮᠰᠢᠭ ᠢ ᠰᠡᠷᠭᠡᠶᠢᠯᠡᠨ ᠠᠷᠭᠠᠴᠠᠬᠤ ᠲᠣᠭᠲᠠᠴᠠ ᠪᠠ ᠨᠡᠶᠢᠭᠡᠮ ᠤᠨ ᠣᠷᠣᠯᠴᠠᠬᠤ ᠲᠣᠭᠲᠠᠴᠠ ᠶᠢ ᠪᠦᠷᠢᠨᠰᠢᠭᠦᠯᠵᠦ᠂ | ᠬᠤᠲᠠ ᠶᠢᠨ ᠱᠠᠲᠤᠨ ᠤ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠤᠯᠠᠭᠠᠨ ᠥᠩᠭᠡ ᠶᠢᠨ ᠰᠡᠷᠡᠮᠵᠢ ᠶᠢᠨ | ᠳᠣᠬᠢᠶ᠎ᠠ ᠳᠤ ᠰᠠᠭᠤᠷᠢᠯᠠᠭᠰᠠᠨ ᠲᠦᠭᠰᠢᠭᠦᠷᠢ ᠶᠡᠬᠡᠲᠡᠢ ᠣᠷᠣᠨ ᠪᠦᠰᠡ᠂ ᠰᠡᠷᠭᠡᠭ ᠴᠢᠨᠠᠷ ᠢᠶᠠᠷ ᠥᠨᠳᠥᠷ ᠠᠵᠢᠯ | ᠲᠥᠷᠥᠯ᠂ ᠲᠦᠭᠰᠢᠭᠦᠷᠢ ᠶᠡᠬᠡᠲᠡᠢ ᠬᠥᠮᠥᠰ ᠤᠨ ᠠᠶᠠᠨᠳᠠᠭᠠᠨ ᠠᠵᠢᠯ ᠦᠢᠯᠡᠳᠪᠦᠷᠢᠯᠡᠯ᠂ ᠬᠢᠴᠢᠶᠡᠯ᠂ | ᠲᠡᠭᠡᠭᠡᠪᠦᠷᠢᠯᠡᠬᠦ ᠶᠢ ᠵᠣᠭᠰᠤᠭᠠᠬᠤ ᠲᠣᠭᠲᠠᠴᠠ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠨ᠎ᠠ᠃ᠭᠠᠩ | ᠬᠠᠭᠰᠠᠷᠭᠠᠨ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ᠂ ᠠᠭᠤᠯᠠᠨ ᠦᠶᠡᠷ ᠭᠠᠵᠠᠷ ᠤᠨ ᠭᠠᠢ | ᠭᠠᠮᠰᠢᠭ ᠢ ᠰᠡᠷᠭᠡᠶᠢᠯᠡᠨ ᠵᠠᠰᠠᠬᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ᠪᠠ ᠬᠠᠮᠲᠤᠷᠠᠨ ᠰᠡᠷᠭᠡᠶᠢᠯᠡᠵᠦ | ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠎ᠠ᠃ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠤᠪᠢ ᠬᠥᠮᠥᠨ᠂ ᠠᠵᠤ | ᠠᠬᠤᠶᠢᠯᠠᠯ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃︵ᠲᠦᠷᠦᠭᠦᠯᠡᠬᠦ ᠨᠢᠭᠡᠴᠡ᠄ | ᠬᠤᠰᠢᠭᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ︔ | ᠬᠠᠮᠵᠢᠯᠴᠠᠬᠤ ᠨᠢᠭᠡᠴᠡ᠄ ᠬᠤᠰᠢᠭᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | | 2. ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ᠪᠥᠬᠦ | ᠬᠤᠰᠢᠭᠤᠨ ᠤ ᠭᠤᠣᠯ ᠪᠣᠯᠬᠤ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠨᠡᠶᠢᠳᠡᠮ | ᠪᠠᠶᠢᠴᠠᠭᠠᠬᠤ᠂ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠤᠨ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠳᠤᠮᠳᠠ ᠪᠠᠭ᠎ᠠ ᠭᠤᠣᠯ ᠮᠥᠷᠡᠨ ᠤ ᠦᠶᠡᠷ᠂ | ᠠᠭᠤᠯᠠ ᠶᠢᠨ ᠦᠶᠡᠷ ᠪᠠ ᠭᠠᠵᠠᠷ ᠤᠨ ᠭᠠᠮᠰᠢᠭ ᠤᠨ ᠴᠠᠭ ᠠᠭᠤᠷ ᠤᠨ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ ᠦᠢᠯᠡᠳᠬᠦᠨ ᠢ ᠬᠠᠮᠲᠤᠷᠠᠨ ᠨᠡᠶᠢᠲᠡᠯᠡᠨ᠎ᠡ᠃ ᠴᠠᠭ ᠠᠭᠤᠷ ᠤᠨ ᠭᠠᠮᠰᠢᠭ ᠤᠨ ᠨᠥᠯᠥᠭᠡ ᠶᠢ | ᠤᠷᠢᠳᠴᠢᠯᠠᠨ ᠮᠡᠳᠡᠭᠡᠯᠡᠬᠦ ᠪᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ | ᠲᠤᠬᠠᠶᠢᠯᠠᠭᠰᠠᠨ ᠠᠵᠢᠯ ᠢ ᠬᠥᠭᠵᠢᠭᠦᠯᠦᠨ᠎ᠡ᠃ᠴᠠᠭ ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢᠨ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠭ | ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ | ᠣᠷᠣᠨ ᠤ ᠪᠦᠲᠦᠭᠡᠨ ᠪᠠᠶᠢᠭᠤᠯᠤᠯᠲᠠ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ | ᠨᠢᠭᠡᠴᠡ ᠶᠢᠨ ᠬᠠᠮᠢᠶᠠᠷᠤᠯᠲᠠ ᠶᠢ ᠴᠢᠩᠬᠠᠳᠬᠠᠨ᠎ᠠ᠃ᠲᠠᠷᠢᠶᠠᠯᠠᠩ ᠤᠨ ᠳᠠᠭᠠᠳᠬᠠᠯ ᠤᠨ ᠴᠠᠭ ᠠᠭᠤᠷ ᠤᠨ | ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ᠂ ᠴᠠᠭ | ᠠᠭᠤᠷ ᠤᠨ ᠢᠯᠡᠳᠬᠡᠭᠴᠢ ᠶᠢᠨ ᠳᠠᠭᠠᠳᠬᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠪᠠ ᠲᠥᠯᠥᠪᠦᠷᠢ ᠥᠭᠬᠦ ᠳᠤ | ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃︵ᠲᠦᠷᠦᠭᠦᠯᠡᠬᠦ ᠨᠢᠭᠡᠴᠡ᠄ ᠬᠤᠰᠢᠭᠤᠨ ᠴᠠᠭ ᠠᠭᠤᠷ ᠤᠨ ᠲᠣᠪᠴᠢᠶ᠎ᠠ︔ | ᠬᠠᠮᠵᠢᠯᠴᠠᠬᠤ ᠨᠢᠭᠡᠴᠡ᠄ ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | 3. ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ ᠲᠣᠣᠷ ᠢ ᠲᠡᠭᠦᠯᠳᠡᠷᠵᠢᠭᠦᠯᠦᠨ᠎ᠡ᠃ | ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠨᠢᠭᠡ ᠴᠣᠭᠴᠠᠵᠢᠭᠤᠯᠤᠭᠰᠠᠨ | ᠰᠢᠰᠲ᠋ᠧᠮ ᠤᠨ ᠬᠡᠷᠡᠭᠯᠡᠯᠲᠡ ᠶᠢ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠨᠡᠶᠢᠲᠡᠯᠡᠬᠦ ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠨᠡᠶᠢᠲᠡᠯᠡᠬᠦ ᠪᠠ ᠤᠯᠠᠮᠵᠢᠯᠠᠨ ᠲᠠᠷᠬᠠᠭᠠᠬᠤ ᠪᠠᠷᠢᠮᠵᠢᠶ᠎ᠠ ᠶᠢ ᠲᠣᠭᠲᠠᠭᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠨᠡᠶᠢᠲᠡᠯᠡᠬᠦ ᠴᠠᠭ ᠲᠤᠬᠠᠶᠢᠴᠢ ᠴᠢᠨᠠᠷ ᠪᠠ ᠨᠠᠷᠢᠯᠢᠭ ᠣᠨᠣᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠭᠤᠷᠪᠠᠨ ᠲᠣᠮᠣ ᠡᠵᠡᠩᠨᠡᠯᠲᠡ ᠶᠢᠨ ᠬᠤᠳᠠᠯᠳᠤᠭᠠᠴᠢᠨ ᠤ ᠬᠦᠨᠳᠦ ᠶᠡᠭᠡ ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ | ᠮᠡᠳᠡᠭᠡ ᠵᠠᠩᠭᠢ ᠶᠢᠨ ︽ᠰᠠᠭᠠᠳ ᠦᠭᠡᠢ ᠨᠡᠪᠲᠡᠷᠡᠬᠦ ᠵᠠᠮ︾ ᠢ ᠪᠦᠷᠢᠨᠰᠢᠭᠦᠯᠵᠦ᠂ ᠰᠣᠨᠢᠨ ᠮᠡᠳᠡᠭᠡᠨ ᠤ ᠵᠠᠭᠤᠴᠢᠯᠠᠭᠤᠷ | ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ︽ᠲᠣᠰᠬᠤᠨ ᠪᠣᠯᠭᠠᠨ ᠳᠤ ᠳᠤᠤᠭᠠᠷᠬᠤ︾ ᠪᠠ ᠴᠢᠮᠡᠭᠡ | ᠬᠤᠯᠪᠣᠭ᠎ᠠ ᠶᠢᠨ ᠡᠵᠡᠩᠨᠡᠯᠲᠡ ᠶᠢᠨ ᠠᠵᠤ ᠠᠬᠤᠶᠢᠯᠠᠯ ᠬᠢᠭᠡᠳ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ | ᠲᠠᠪᠴᠠᠩ ᠤᠨ ᠣᠷᠭᠠᠨᠢᠭ ᠢᠶᠠᠷ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠤᠶᠢᠳᠠ ᠪᠥᠭᠯᠡᠭᠦᠦ ᠬᠥᠳᠡᠭᠡ | ᠲᠣᠰᠬᠤᠨ᠂ ᠮᠠᠯᠵᠢᠬᠤ ᠣᠷᠣᠨ᠂ ᠠᠭᠤᠯᠠᠷᠬᠠᠭ ᠣᠷᠣᠨ ᠤ ᠰᠡᠷᠡᠮᠵᠢᠯᠡᠭᠦᠯᠬᠦ ᠮᠡᠳᠡᠭᠡ ᠵᠠᠩᠭᠢ ᠳᠠᠮᠵᠢᠭᠤᠯᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠦᠨᠳᠦ ᠶᠡᠭᠡ ᠴᠠᠭ ᠠᠭᠤᠷ ᠤᠨ ᠭᠠᠮᠰᠢᠭ ᠤᠨ | ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ᠬᠠᠷᠢᠭᠤ ᠥᠭᠬᠦ︾ ᠲᠣᠭᠲᠠᠴᠠ ᠶᠢ ᠨᠠᠶᠢᠳᠠᠪᠤᠷᠢᠵᠢᠭᠤᠯᠵᠤ᠂ ᠰᠡᠷᠡᠮᠵᠢᠯᠡᠭᠦᠯᠬᠦ | ᠮᠡᠳᠡᠭᠡ ᠵᠠᠩᠭᠢ ᠶᠢ ᠰᠢᠶᠠᠩ ᠪᠠᠯᠭᠠᠰᠤ ᠲᠣᠰᠬᠤᠨ ︵ᠨᠡᠶᠢᠭᠡᠮ ᠲᠣᠭᠤᠷᠢᠭ︶ ᠳᠤ ᠨᠡᠶᠢᠲᠡᠯᠡᠬᠦ᠂ ᠡᠷᠦᠬᠡ ᠬᠥᠮᠥᠨ | ᠪᠦᠷᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃︵ᠲᠦᠷᠦᠭᠦᠯᠡᠬᠦ ᠨᠢᠭᠡᠴᠡ᠄ ᠬᠤᠰᠢᠭᠤᠨ ᠴᠠᠭ ᠠᠭᠤᠷ ᠤᠨ | ᠲᠣᠪᠴᠢᠶ᠎ᠠ᠂ ᠬᠠᠮᠵᠢᠯᠴᠠᠬᠤ ᠨᠢᠭᠡᠴᠡ᠄ ᠬᠤᠰᠢᠭᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ | ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ᠂ ᠰᠢᠯᠵᠢᠮᠡᠯ ᠬᠤᠯᠪᠣᠭᠠᠨ ᠤ ᠺᠣᠮᠫᠠᠨᠢ᠂ ᠬᠤᠯᠪᠤᠭᠠᠯᠠᠨ ᠨᠡᠪᠲᠡᠷᠡᠯᠴᠡᠬᠦ | ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ︶ | ︵ᠬᠤᠶᠠᠷ︶ ᠠᠮᠢ ᠠᠬᠤᠢ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠪᠣᠬᠢᠷᠲᠤᠯ ᠦᠭᠡᠢ ᠬᠥᠭᠵᠢᠯᠲᠡ ᠳᠤ | ᠦᠢᠯᠡᠴᠢᠯᠡᠬᠦ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ | 4 . ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠠᠭ ᠠᠭᠤᠷ ᠤᠨ ᠦᠢᠯᠡᠴᠢᠯᠡᠭᠡ ᠶᠢ | ᠴᠢᠩᠭᠠᠳᠬᠠᠨ᠎ᠠ᠃ ︽ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ︾ ᠶᠢᠨ | ᠰᠢᠰᠲ᠋ᠧᠮ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢᠨ ᠲᠣᠭᠤᠷᠢᠨ ᠳᠤ᠂ ᠣᠭᠲᠠᠷᠭᠤᠢ ᠪᠠ ᠭᠠᠵᠠᠷ ᠣᠷᠣᠨ ᠢ | ᠨᠢᠭᠡ ᠴᠣᠭᠴᠠᠵᠢᠭᠤᠯᠤᠭᠰᠠᠨ ᠪᠥᠬᠦ ᠣᠷᠣᠨ ᠪᠦᠰᠡ ᠶᠢᠨ ᠠᠮᠢ ᠠᠬᠤᠢ ᠶᠢᠨ ᠴᠠᠭ ᠠᠭᠤᠷ ᠤᠨ ᠶᠡᠷᠦᠩᠬᠡᠶᠢᠯᠡᠭᠰᠡᠨ | ᠪᠣᠰᠤᠭ᠎ᠠ ᠴᠣᠭᠴᠠᠲᠤ ᠬᠢᠨᠠᠨ ᠬᠡᠮᠵᠢᠬᠦ ᠥᠷᠲᠡᠭᠡ ᠲᠣᠣᠷ ᠢ ᠬᠠᠮᠲᠤᠷᠠᠨ ᠪᠠᠶᠢᠭᠤᠯᠵᠤ᠂ ᠠᠮᠢ ᠠᠬᠤᠢ ᠶᠢᠨ ᠴᠠᠭ ᠠᠭᠤᠷ | ᠪᠠ ᠠᠯᠤᠰ ᠰᠡᠷᠡᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢ | ᠠᠬᠤᠢ ᠶᠢᠨ ᠰᠡᠷᠭᠡᠭ ᠣᠷᠣᠨ ᠪᠠ ᠬᠡᠪᠡᠷᠡᠭ ᠣᠷᠣᠨ ᠳᠤ ᠠᠮᠢ ᠠᠬᠤᠢ ᠶᠢᠨ ᠴᠠᠭ ᠠᠭᠤᠷ ᠢ ᠬᠢᠨᠠᠨ ᠬᠡᠮᠵᠢᠵᠦ ᠦᠨᠡᠯᠡᠨ | ᠵᠢᠱᠢᠬᠦ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠲᠤᠶᠢᠯ ᠤᠨ ᠠᠭᠤᠷ ᠠᠮᠢᠰᠬᠤᠯ ᠤᠨ ᠬᠡᠷᠡᠭ ᠪᠠ ᠴᠠᠭ | ᠠᠭᠤᠷ ᠤᠨ ᠭᠠᠮᠰᠢᠭ ᠤᠨ ᠠᠮᠢ ᠠᠬᠤᠢ ᠶᠢᠨ ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠤᠷᠢᠳᠴᠢᠯᠠᠨ | ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃︵ᠲᠦᠷᠦᠭᠦᠯᠡᠬᠦ ᠨᠢᠭᠡᠴᠡ᠄ ᠬᠤᠰᠢᠭᠤᠨ ᠴᠠᠭ ᠠᠭᠤᠷ ᠤᠨ | ᠲᠣᠪᠴᠢᠶ᠎ᠠ᠂ ᠬᠠᠮᠵᠢᠯᠴᠠᠬᠤ ᠨᠢᠭᠡᠴᠡ᠄ ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ | ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | 5. ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠴᠠᠭ ᠠᠭᠤᠷ ᠤᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ᠠᠭᠠᠷ ᠮᠠᠨᠳᠠᠯ ᠤᠨ ᠪᠣᠬᠢᠷᠲᠤᠯ ᠤᠨ ᠴᠠᠭ ᠠᠭᠤᠷ ᠤᠨ ᠨᠥᠬᠦᠴᠡᠯ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠪᠣᠬᠢᠷ ᠮᠠᠨᠠᠨ᠂ ᠡᠯᠡᠰᠦᠨ ᠰᠢᠭᠤᠷᠭ᠎ᠠ ᠵᠡᠷᠭᠡ | ᠬᠦᠨᠳᠦ ᠪᠣᠬᠢᠷᠲᠤᠯ ᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠲᠤᠬᠠᠶᠢᠯᠠᠭᠰᠠᠨ ᠠᠵᠢᠯ ᠤᠨ | ᠦᠢᠯᠡᠴᠢᠯᠡᠭᠡ ᠶᠢ ᠴᠢᠩᠭᠠᠳᠬᠠᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠨᠢᠭᠤᠭᠳᠠᠮᠠᠯ ᠪᠠᠶᠢᠳᠠᠯ ᠢ ᠵᠠᠳᠠᠯᠤᠨ | ᠰᠤᠳᠤᠯᠬᠤ ᠠᠵᠢᠯ ᠢ ᠥᠷᠨᠢᠭᠦᠯᠦᠨ᠎ᠡ᠃ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ | ᠡᠵᠡᠮᠳᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠴᠠᠭ ᠠᠭᠤᠷ ᠬᠢᠭᠡᠳ ᠠᠮᠢ ᠠᠬᠤᠢ ᠶᠢᠨ ᠣᠷᠴᠢᠨ | ᠲᠣᠭᠤᠷᠢᠨ ᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠵᠥᠪᠳᠡᠯᠴᠡᠨ ᠰᠤᠳᠤᠯᠵᠤ ᠮᠠᠭᠠᠳᠯᠠᠬᠤ | ᠪᠠ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠰᠠᠭᠤᠷᠢ ᠰᠤᠳᠤᠯᠭᠠᠨ ᠢ ᠬᠠᠮᠲᠤᠷᠠᠨ ᠥᠷᠨᠢᠭᠦᠯᠵᠦ᠂ ᠣᠷᠴᠢᠨ ᠲᠣᠭᠤᠷᠢᠨ ᠤ ᠴᠠᠭ | ᠠᠭᠤᠷ ᠤᠨ ᠬᠢᠨᠠᠨ ᠬᠡᠮᠵᠢᠯᠲᠡ ᠶᠢᠨ ᠦᠷᠳᠡᠭᠡ ᠲᠣᠣᠷ ᠤᠨ ᠪᠠᠶᠢᠭᠤᠯᠤᠯᠲᠠ ᠶᠢ ᠬᠠᠮᠲᠤᠪᠠᠷ ᠠᠬᠢᠭᠤᠯᠤᠨ᠎ᠠ᠃ᠳᠠᠭᠠᠭᠤᠯᠢ | ᠣᠳᠣᠨ ᠤ ᠠᠯᠤᠰ ᠰᠡᠷᠡᠯ ᠤᠨ ᠲᠤᠭ᠎ᠠ ᠪᠠᠷᠢᠮᠲᠠ ᠶᠢ ᠵᠠᠳᠠᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ ᠠᠭᠠᠷ ᠮᠠᠨᠳᠠᠯ ᠤᠨ ᠪᠣᠬᠢᠷᠲᠤᠯ ᠢ ᠵᠠᠳᠠᠯᠬᠤ ᠪᠠ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠶᠢ ᠦᠨᠡᠯᠡᠨ | ᠵᠢᠱᠢᠬᠦ ᠠᠵᠢᠯ ᠢ ᠥᠷᠨᠢᠭᠦᠯᠦᠨ᠎ᠡ᠃︵ᠲᠦᠷᠦᠭᠦᠯᠡᠬᠦ ᠨᠢᠭᠡᠴᠡ᠄ ᠬᠤᠰᠢᠭᠤᠨ ᠴᠠᠭ ᠠᠭᠤᠷ ᠤᠨ ᠲᠣᠪᠴᠢᠶ᠎ᠠ᠂ | ᠬᠠᠮᠵᠢᠯᠴᠠᠬᠤ ᠨᠢᠭᠡᠴᠡ᠄ ᠬᠤᠰᠢᠭᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ︶ | 6.ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠴᠢᠳᠠᠪᠤᠷᠢ ᠶᠢ ᠴᠢᠩᠭᠠᠳᠬᠠᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢᠨ ᠳ᠋ᠠᠶᠢᠲ᠋ᠠ | ᠬᠥᠮᠥᠷᠭᠡ ᠶᠢᠨ ᠪᠠᠶᠢᠭᠤᠯᠤᠯᠲᠠ ᠶᠢ ᠥᠷᠨᠢᠭᠦᠯᠵᠦ᠂ ᠠᠭᠤᠷ ᠠᠮᠢᠰᠬᠤᠯ ᠤᠨ ᠬᠤᠪᠢᠷᠠᠯᠲᠠ ᠪᠠ ᠲᠤᠶᠢᠯ ᠤᠨ ᠠᠭᠤᠷ | ᠠᠮᠢᠰᠬᠤᠯ ᠤᠨ ᠬᠡᠷᠡᠭ ᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠨ᠎ᠠ᠃ᠠᠭᠤᠷ ᠠᠮᠢᠰᠬᠤᠯ ᠤᠨ ᠡᠬᠢ | ᠪᠠᠶᠠᠯᠢᠭ ᠤᠨ ᠳᠠᠭᠠᠭᠠᠴᠠ ᠶᠢ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠥᠷᠭᠡᠳᠬᠡᠵᠦ᠂ ᠤᠰᠤᠨ ᠤ ᠡᠬᠢ ᠪᠠᠶᠠᠯᠢᠭ᠂ | ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠠᠵᠤ ᠦᠢᠯᠡᠰ ᠤᠨ ᠪᠠᠶᠢᠷᠢᠰᠢᠯ ᠵᠡᠷᠭᠡ | ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠨᠥᠯᠥᠭᠡ ᠶᠢ ᠦᠨᠡᠯᠡᠨ ᠵᠢᠱᠢᠬᠦ ᠠᠵᠢᠯ ᠢ ᠠᠯᠬᠤᠮ | ᠠᠯᠬᠤᠮ ᠢᠶᠠᠷ ᠥᠷᠨᠢᠭᠦᠯᠦᠨ᠎ᠡ᠃ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ᠂ ᠠᠮᠢ ᠠᠬᠤᠢ ᠶᠢ ᠬᠠᠮᠠᠭᠠᠯᠠᠬᠤ | ᠪᠠ ᠰᠡᠷᠭᠦᠭᠡᠬᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ᠂ ᠠᠭᠤᠷ ᠠᠮᠢᠰᠬᠤᠯ ᠳᠤ | ᠵᠣᠬᠢᠴᠠᠬᠤ ᠬᠡᠯᠪᠡᠷᠢ ᠶᠢᠨ ᠬᠤᠲᠠ ᠪᠠ ᠣᠷᠣᠨ ᠪᠦᠰᠡ ᠶᠢᠨ ᠠᠭᠤᠷ ᠠᠮᠢᠰᠬᠤᠯ ᠤᠨ ᠪᠣᠯᠣᠮᠵᠢᠲᠤ ᠴᠢᠨᠠᠷ ᠢ ᠨᠤᠲᠠᠯᠠᠵᠤ | ᠦᠨᠡᠯᠡᠨ ᠵᠢᠱᠢᠬᠦ ᠲᠤᠬᠠᠶᠢᠯᠠᠭᠰᠠᠨ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠪᠥᠬᠦ ᠬᠤᠰᠢᠭᠤᠨ ᠤ ᠬᠡᠪᠴᠢᠶᠡᠨ ᠳᠠᠬᠢ | ᠴᠢᠬᠤᠯᠠ ᠶᠡᠭᠡ ᠲᠥᠯᠦᠪᠵᠢᠭᠦᠯᠭᠡ᠂ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠵᠡᠷᠭᠡ ᠠᠭᠤᠷ | ᠠᠮᠢᠰᠬᠤᠯ ᠤᠨ ᠪᠣᠯᠣᠮᠵᠢᠲᠤ ᠴᠢᠨᠠᠷ ᠢ ᠨᠤᠲᠠᠯᠠᠬᠤ ᠠᠵᠢᠯ ᠢ ᠥᠷᠨᠢᠭᠦᠯᠦᠨ᠎ᠡ᠃︵ᠲᠦᠷᠦᠭᠦᠯᠡᠬᠦ ᠨᠢᠭᠡᠴᠡ᠄ ᠬᠤᠰᠢᠭᠤᠨ | ᠴᠠᠭ ᠠᠭᠤᠷ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ︶ | ︵ᠭᠤᠷᠪᠠ︶ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠳᠤᠭᠡᠨ ᠪᠠᠶᠢᠭᠤᠯᠤᠯᠲᠠ | 7᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠪᠠᠲᠤᠯᠠᠪᠤᠷᠢ ᠶᠢᠨ | ᠦᠢᠯᠡᠴᠢᠯᠡᠭᠡ ᠶᠢ ᠰᠠᠶᠢᠲᠤᠷ ᠬᠢᠨ᠎ᠡ᠃ ᠰᠤᠮᠤ ᠰᠢᠶᠠᠩ ᠪᠠᠯᠭᠠᠰᠤ ᠳᠤ ᠬᠦᠷᠬᠦ ᠴᠠᠭ ᠠᠭᠤᠷ ᠤᠨ ᠭᠠᠮᠰᠢᠭ ᠤᠨ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠨᠠᠷᠢᠯᠢᠭ ᠦᠢᠯᠡᠳᠬᠦᠨ ᠤ ᠰᠢᠰᠲ᠋ᠧᠮᠵᠢ ᠶᠢ ᠪᠠᠶᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠠᠭ ᠠᠭᠤᠷ ᠤᠨ ᠦᠢᠯᠡᠴᠢᠯᠡᠭᠡᠨ ᠢ | ᠴᠢᠩᠭᠠᠷᠠᠭᠤᠯᠤᠨ᠎ᠠ᠃ ᠬᠤᠲᠠ ᠶᠢᠨ ᠴᠠᠭ ᠠᠭᠤᠷ ᠤᠨ ᠲᠣᠪᠴᠢᠶ᠎ᠠ ᠶᠢ ᠬᠠᠮᠵᠢᠨ ᠪᠥᠬᠦ ᠬᠤᠲᠠ ᠶᠢᠨ ᠲᠠᠷᠢᠶᠠᠯᠠᠩ ᠤᠨ | ᠲᠠᠷᠢᠮᠠᠯ ᠤᠨ ᠪᠦᠲᠦᠴᠡ ᠶᠢᠨ ᠳᠠᠭᠠᠭᠤᠯᠢ ᠣᠳᠣᠨ ᠤ ᠠᠯᠤᠰ ᠰᠡᠷᠡᠯ ᠤᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠭᠤᠷ ᠠᠮᠢᠰᠬᠤᠯ ᠤᠨ ᠣᠷᠣᠨ ᠤ | ᠬᠤᠪᠢᠶᠠᠷᠢᠯᠠᠯ ᠪᠠ ᠭᠤᠣᠯ ᠪᠣᠯᠬᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ | ᠲᠦᠭᠰᠢᠭᠦᠷᠢ ᠶᠢᠨ ᠣᠷᠣᠨ ᠤ ᠬᠤᠪᠢᠶᠠᠷᠢᠯᠠᠯ ᠤᠨ ᠦᠷ᠎ᠡ ᠪᠦᠲᠦᠭᠡᠯ ᠢ ᠬᠡᠷᠡᠭᠯᠡᠨ᠂ ᠮᠠᠯᠵᠢᠬᠤ ᠲᠠᠷᠢᠶᠠᠯᠠᠬᠤ ᠣᠷᠣᠨ ᠤ | ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠠ ᠲᠠᠷᠢᠶᠠᠯᠠᠩ ᠮᠠᠯ ᠠᠵᠤ ᠠᠬᠤᠢ ᠵᠢᠨᠡᠷᠡᠭᠦᠯᠵᠢᠯ ᠰᠤᠪᠢᠯᠠᠯᠲᠠ ᠶᠢᠨ | ᠠᠵᠤ ᠦᠢᠯᠡᠰ ᠬᠢᠭᠡᠳ ᠠᠭᠤᠷ ᠠᠮᠢᠰᠬᠤᠯ ᠤᠨ ᠡᠬᠢ ᠪᠠᠶᠠᠯᠢᠭ ᠤᠨ ᠠᠭᠤᠰᠤᠯᠴᠠᠯ ᠢ ᠠᠬᠢᠭᠤᠯᠵᠤ᠂ ︽ | ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠵᠡᠷᠭᠡ ᠤᠯᠤᠰ ᠤᠨ ᠠᠭᠤᠷ ᠠᠮᠢᠰᠬᠤᠯ ᠤᠨ ᠲᠡᠮᠳᠡᠭ ᠲᠠᠢ ᠨᠠᠷᠠᠲᠤ | ᠲᠡᠮᠳᠡᠭᠲᠦ ᠶᠢ ᠤᠬᠠᠭᠤᠯᠤᠨ ᠲᠠᠨᠢᠯᠴᠠᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠷᠡᠭᠦᠯᠵᠢᠯ | ᠰᠤᠪᠢᠯᠠᠯᠲᠠ ᠶᠢᠨ ᠵᠢᠭᠤᠯᠴᠢᠯᠠᠯ ᠤᠨ ᠣᠨᠴᠠᠯᠢᠭᠲᠤ ᠪᠡᠶᠡᠴᠢᠯᠡᠨ ᠣᠶᠢᠯᠠᠭᠠᠬᠤ ᠵᠢᠭᠤᠯᠴᠢᠯᠠᠯ ᠤᠨ ᠲᠥᠪ ᠢ | ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ︵ᠲᠦᠷᠦᠭᠦᠯᠡᠬᠦ ᠨᠢᠭᠡᠴᠡ᠄ ᠬᠤᠰᠢᠭᠤᠨ ᠴᠠᠭ ᠠᠭᠤᠷ ᠤᠨ ᠲᠣᠪᠴᠢᠶ᠎ᠠ᠂ | ᠬᠠᠮᠵᠢᠯᠴᠠᠬᠤ ᠨᠢᠭᠡᠴᠡ᠄ ᠬᠤᠰᠢᠭᠤᠨ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | 8. ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ | ᠤᠨ ᠪᠦᠲᠦᠭᠡᠨ ᠪᠠᠶᠢᠭᠤᠯᠤᠯᠲᠠ ᠲᠤ ᠦᠢᠯᠡᠴᠢᠯᠡᠨ᠎ᠡ᠃ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ | ᠲᠣᠭᠤᠷᠢᠨ ᠲᠤ᠂ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠦᠢᠯᠡᠴᠢᠯᠡᠭᠡᠨ ᠤ ᠬᠤᠷᠰᠢᠯᠴᠠᠨ | ᠰᠣᠯᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠠᠵᠢᠯ ᠤᠨ ᠨᠡᠶᠢᠯᠡᠯ ᠬᠦᠴᠦᠨ ᠢ ᠪᠤᠢ | ᠪᠣᠯᠭᠠᠬᠤ ᠬᠡᠷᠡᠭᠲᠡᠢ᠃ ᠨᠠᠷᠢᠯᠢᠭᠵᠢᠭᠤᠯᠤᠭᠰᠠᠨ᠂ ᠵᠤᠷᠰᠢᠯᠵᠢᠭᠤᠯᠤᠭᠰᠠᠨ᠂ ᠰᠢᠭᠤᠳ ᠨᠡᠪᠲᠡᠷᠡᠬᠦ ᠮᠠᠶ᠋ᠢᠭ ᠤᠨ | ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠦᠢᠯᠡᠴᠢᠯᠡᠭᠡᠨ ᠢ ᠬᠥᠭᠵᠢᠭᠦᠯᠦᠨ᠎ᠡ᠃ ᠬᠤᠶᠢᠲᠤ ᠬᠤᠰᠢᠭᠤᠨ ᠤ | ᠤᠯᠠᠭᠠᠨ ᠲᠦᠮᠤᠰᠦ᠂ ᠠᠯᠠᠰᠢᠨ ᠦᠬᠡᠷ ᠵᠡᠷᠭᠡ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ | ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠪᠣᠯᠬᠤ ᠠᠮᠤ ᠪᠤᠳᠠᠭᠠᠨ ᠤ ᠲᠠᠷᠢᠮᠠᠯ᠂ | ᠣᠨᠴᠠᠯᠢᠭᠲᠤ ᠠᠵᠤ ᠠᠬᠤᠢ ᠶᠢᠨ ᠲᠠᠷᠢᠮᠠᠯ ᠪᠠ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠬᠠᠮᠤᠷᠤᠭᠰᠠᠨ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠦᠢᠯᠡᠴᠢᠯᠡᠭᠡᠨ ᠤ | ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠤᠨ᠎ᠠ᠃ ᠳᠠᠭᠠᠭᠤᠯᠢ ᠤᠳᠤᠨ ᠤ ᠠᠯᠤᠰ ᠰᠡᠷᠡᠯ ᠤᠨ ᠬᠢᠨᠠᠨ ᠬᠡᠮᠵᠢᠵᠦ | ᠦᠨᠡᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ | ᠪᠠ ᠲᠥᠬᠦᠭᠡᠷᠦᠮᠵᠢᠲᠦ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ︵ᠲᠦᠷᠦᠭᠦᠯᠡᠬᠦ | ᠨᠢᠭᠡᠴᠡ᠄ ᠬᠤᠰᠢᠭᠤᠨ ᠴᠠᠭ ᠠᠭᠤᠷ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠤᠰᠢᠭᠤᠨ ᠲᠠᠷᠢᠶᠠᠯᠠᠩ ᠮᠠᠯ | ᠠᠵᠤ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | ︵ᠳᠥᠷᠪᠡ︶ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠰᠢᠭ ᠬᠠᠷᠠᠨ ᠬᠤᠣᠷ ᠠᠴᠠ ᠵᠠᠶᠢᠯᠠᠬᠤ ᠦᠢᠯᠡᠴᠢᠯᠡᠭᠡᠨ ᠤ ᠪᠠᠲᠤᠯᠠᠭ᠎ᠠ ᠶᠢᠨ | ᠦᠷ᠎ᠡ ᠠᠰᠢᠭ ᠢ ᠪᠠᠳᠠᠷᠠᠭᠤᠯᠤᠨ᠎ᠠ | 9. ᠠᠭᠠᠷ ᠲᠠᠬᠢ ᠡᠭᠦᠯᠡᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠨ᠎ᠠ᠃ | ᠰᠢᠨᠵᠢᠯᠡᠬᠦ ᠤᠬᠠᠭᠠᠨᠴᠢ ᠪᠠᠷ᠂ ᠨᠠᠷᠢᠯᠢᠭ ᠣᠨᠣᠴᠠᠲᠠᠢ ᠪᠠᠷ ᠠᠵᠢᠯᠯᠠᠬᠤ ᠶᠢ ᠪᠠᠷᠢᠮᠲᠠᠯᠠᠨ᠎ᠠ᠃ᠬᠥᠮᠥᠨ ᠤ ᠬᠦᠴᠦ ᠪᠠᠷ | ᠴᠠᠭ ᠠᠭᠤᠷ ᠢ ᠨᠥᠯᠥᠭᠡᠯᠡᠬᠦ ᠭᠠᠵᠠᠷ ᠳᠡᠭᠡᠷ᠎ᠡ ᠠᠵᠢᠯᠯᠠᠬᠤ ᠥᠷᠲᠡᠭᠡ ᠴᠢᠭ᠋ ᠤᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠦᠨ᠎ᠡ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠵᠢᠯᠤᠭᠤᠳᠬᠤ ᠰᠢᠰᠲ᠋ᠧᠮ᠂ | ᠬᠠᠷᠠᠭᠠᠨ ᠳᠠᠪᠲᠠᠮᠵᠢ ᠪᠠᠷ ᠵᠥᠪᠳᠡᠯᠴᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠷᠠᠳᠠᠷ᠂ ᠬᠥᠮᠥᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠣᠨᠴᠠ ᠲᠥᠷᠥᠯ ᠤᠨ ᠠᠵᠢᠭᠯᠠᠯᠲᠠ᠂ ᠳᠠᠭᠠᠭᠤᠯᠢ ᠣᠲᠣ ᠪᠠ ᠠᠦ᠋ᠲ᠋ᠣ᠋ ᠴᠠᠭ ᠠᠭᠤᠷ ᠤᠨ | ᠥᠷᠲᠡᠭᠡ ᠵᠡᠷᠭᠡ ᠴᠠᠭ ᠲᠤᠬᠠᠢ ᠳᠤᠨᠢ ᠬᠠᠶᠢᠨ ᠬᠡᠮᠵᠢᠭᠰᠡᠨ ᠮᠠᠲ᠋ᠧᠷᠢᠶᠠᠯ ᠤᠨ ᠬᠡᠷᠡᠭᠯᠡᠯᠲᠡ ᠶᠢ ᠴᠢᠩᠭᠠᠳᠬᠠᠵᠤ᠂ | ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠳᠠᠯᠳᠠ ᠪᠠᠶᠢᠳᠠᠯ ᠢ ᠤᠷᠢᠳᠴᠢᠯᠠᠨ ᠮᠡᠳᠡᠭᠡᠯᠡᠬᠦ ᠪᠠ ᠠᠵᠢᠯᠯᠠᠬᠤ | ᠭᠦᠢᠴᠡᠳᠬᠡᠯ ᠲᠤᠭ᠎ᠠ ᠶᠢᠨ ᠰᠤᠳᠤᠯᠭᠠᠨ ᠢ ᠭᠦᠨᠵᠡᠭᠡᠶᠢᠷᠡᠭᠦᠯᠦᠨ᠂ ᠬᠥᠮᠥᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠠᠵᠢᠯ ᠤᠨ ᠨᠠᠷᠢᠯᠢᠭ ᠣᠨᠣᠪᠴᠢᠲᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭᠠᠨ ᠳᠤ | ᠂ ᠬᠤᠲᠠ ᠶᠢᠨ ᠴᠠᠭ ᠠᠭᠤᠷ ᠤᠨ ᠲᠣᠪᠴᠢᠶ᠎ᠠ ᠶᠢ ᠵᠣᠬᠢᠴᠠᠭᠤᠯᠵᠤ ᠪᠠᠶᠢᠭᠠᠳ ᠬᠤᠭᠤᠰᠤᠨ ᠭᠠᠵᠠᠷ ᠢ ᠨᠢᠭᠡ | ᠴᠣᠭᠴᠠᠵᠢᠭᠤᠯᠤᠨ ᠬᠠᠮᠲᠤᠷᠠᠨ ᠠᠵᠢᠯᠯᠠᠬᠤ ᠪᠠ ᠠᠮᠢ ᠠᠬᠤᠢ ᠶᠢ ᠰᠡᠷᠭᠦᠭᠡᠬᠦ ᠬᠡᠯᠪᠡᠷᠢ ᠶᠢᠨ ᠬᠥᠮᠥᠨ ᠤ ᠬᠦᠴᠦ ᠪᠠᠷ | ᠪᠣᠷᠣᠭᠠᠨ ︵ᠴᠠᠰᠤ︶ ᠢ ᠨᠡᠮᠡᠭᠳᠡᠭᠦᠯᠬᠦ ᠪᠠᠶᠢᠩᠭᠤᠵᠢᠭᠤᠯᠬᠤ ᠠᠵᠢᠯ ᠵᠡᠷᠭᠡ ᠶᠢ ᠥᠷᠨᠢᠭᠦᠯᠦᠨ᠎ᠡ᠃ ᠣᠶ ᠰᠢᠭᠤᠢ | ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ᠂ ᠴᠢᠬᠤᠯᠠ ᠶᠡᠭᠡ ᠨᠡᠶᠢᠭᠡᠮ ᠤᠨ ᠠᠵᠢᠯᠯᠠᠭ᠎ᠠ ᠶᠢᠨ | ᠪᠠᠲᠤᠯᠠᠭ᠎ᠠ᠂ ᠭᠠᠩ ᠲᠠᠢ ᠲᠡᠮᠡᠴᠡᠵᠦ ᠭᠠᠮᠰᠢᠭ ᠢ ᠪᠠᠭᠠᠰᠬᠠᠬᠤ ᠵᠡᠷᠭᠡ ᠬᠥᠮᠥᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠪᠠᠴᠢᠮ ᠪᠠᠶᠢᠳᠠᠯ ᠢ ᠠᠷᠭᠠᠴᠠᠬᠤ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ | ︵ᠲᠦᠷᠦᠭᠦᠯᠡᠬᠦ ᠨᠢᠭᠡᠴᠡ᠄ ᠬᠤᠰᠢᠭᠤᠨ ᠴᠠᠭ ᠠᠭᠤᠷ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠤᠰᠢᠭᠤᠨ | ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ | ᠮᠠᠯ ᠠᠵᠤ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | 10. ᠠᠶᠤᠯ ᠦᠭᠡᠢ ᠪᠠᠷ ᠠᠵᠢᠯᠯᠠᠬᠤ ᠪᠠ ᠬᠢᠨᠠᠨ ᠬᠠᠮᠢᠶᠠᠷᠬᠤ ᠴᠢᠳᠠᠪᠤᠷᠢ ᠶᠢ ᠴᠢᠩᠭᠠᠷᠠᠭᠤᠯᠤᠨ᠎ᠠ᠃ ᠵᠠᠰᠠᠭ ᠤᠨ | ᠣᠷᠳᠣᠨ ᠢᠶᠠᠷ ᠭᠤᠣᠯᠯᠠᠭᠤᠯᠤᠭᠰᠠᠨ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠭᠰᠡᠨ᠂ ᠴᠡᠷᠢᠭ ᠠᠩᠭᠢ ᠪᠠ | ᠣᠷᠣᠨ ᠨᠤᠲᠤᠭ ᠬᠠᠮᠵᠢᠯᠴᠠᠭᠰᠠᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠤᠭᠰᠠᠨ ᠬᠥᠮᠥᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ | ᠬᠠᠮᠢᠶᠠᠷᠤᠯᠲᠠ ᠶᠢᠨ ᠳᠦᠷᠢᠮ︾ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠠᠵᠢᠯᠯᠠᠬᠤ ᠴᠡᠭ ᠢ ᠪᠠᠷᠢᠮᠵᠢᠶᠠᠵᠢᠭᠤᠯᠤᠨ | ᠥᠭᠡᠷᠡᠴᠢᠯᠡᠬᠦ᠂ ᠠᠵᠢᠯᠯᠠᠬᠤ ᠲᠣᠨᠤᠭ ᠲᠥᠬᠦᠭᠡᠷᠦᠮᠵᠢ ᠶᠢ ᠣᠶᠤᠨᠴᠢᠯᠠᠨ ᠥᠭᠡᠷᠡᠴᠢᠯᠡᠬᠦ ᠪᠠ ᠠᠮᠤᠷ ᠲᠦᠪᠰᠢᠨ ᠤ | ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠠᠮᠤᠷ ᠲᠦᠪᠰᠢᠨ ᠢᠶᠠᠷ ᠠᠵᠢᠯᠯᠠᠬᠤ | ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ | ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠬᠥᠮᠥᠨ ᠤ ᠰᠡᠭᠦᠳᠡᠷ | ᠪᠣᠳᠠᠰ ᠤᠨ ᠰᠦᠯᠵᠢᠶ᠎ᠡ ᠶᠢᠨ ᠬᠠᠮᠢᠶᠠᠷᠤᠯᠲᠠ ᠶᠢᠨ ᠰᠢᠰᠲ᠋ᠧᠮ ᠢ ᠴᠢᠩᠭᠠᠷᠠᠭᠤᠯᠤᠨ᠂ ᠬᠥᠮᠥᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠬᠠᠮᠲᠤᠷᠠᠭᠰᠠᠨ ᠪᠠᠶᠢᠴᠠᠭᠠᠯᠲᠠ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠬᠤᠰᠢᠭᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠤᠰᠢᠭᠤᠨ ᠠᠷᠠᠳ ᠤᠨ ᠵᠡᠪᠰᠡᠭᠲᠦ | ᠬᠦᠴᠦᠨ ᠤ ᠬᠡᠯᠲᠡᠰ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ | ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠴᠠᠭ ᠠᠭᠤᠷ ᠤᠨ ᠲᠣᠪᠴᠢᠶ᠎ᠠ᠂ ᠡᠯ᠎ᠡ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | ︵ᠲᠠᠪᠤ︶ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ | 11. ᠭᠤᠣᠯᠳᠠᠯᠭ᠎ᠠ ᠲᠠᠢ ᠠᠵᠢᠯ ᠲᠥᠷᠥᠯ ᠤᠨ ᠴᠠᠭ ᠠᠭᠤᠷ ᠤᠨ ᠦᠢᠯᠡᠴᠢᠯᠡᠭᠡ ᠶᠢ ᠠᠬᠢᠭᠤᠯᠤᠨ᠎ᠠ᠃ ᠰᠠᠯᠬᠢᠨ | ᠡᠨᠧᠷᠭᠢ᠂ ᠨᠡᠷᠡᠨ ᠡᠨᠧᠷᠭᠢ ᠶᠢᠨ ᠡᠬᠢ ᠪᠠᠶᠠᠯᠢᠭ ᠢ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ ᠥᠷᠨᠢᠭᠦᠯᠵᠦ᠂ | ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠰᠢᠨ᠎ᠡ ᠡᠨᠧᠷᠭᠢ ᠶᠢᠨ | ᠰᠤᠷᠪᠤᠯᠵᠢ ᠶᠢᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠨ᠎ᠠ᠃ ᠵᠠᠮ | ᠬᠠᠷᠢᠯᠴᠠᠭᠠᠨ ᠤ ᠴᠠᠭ ᠠᠭᠤᠷ ᠤᠨ ᠬᠢᠨᠠᠨ ᠬᠡᠮᠵᠢᠬᠦ ᠦᠷᠳᠡᠭᠡ ᠶᠢᠨ ᠲᠣᠣᠷ ᠢ ᠲᠡᠭᠦᠯᠳᠡᠷᠵᠢᠭᠦᠯᠵᠦ᠂ ᠵᠠᠮ | ᠬᠠᠷᠢᠯᠴᠠᠭᠠᠨ ᠤ ᠴᠠᠭ ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ | ᠦᠢᠯᠡᠴᠢᠯᠡᠭᠡ ᠵᠢᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠠᠭᠤᠷ ᠤᠨ ᠭᠠᠮᠰᠢᠭ ᠵᠢᠴᠢ ᠡᠭᠦᠰᠦᠮᠡᠯ | ᠭᠠᠮᠰᠢᠭ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠭᠤᠣᠯᠳᠠᠯᠭ᠎ᠠ ᠲᠠᠢ ᠦᠵᠡᠮᠵᠢ ᠶᠢᠨ | ᠣᠷᠣᠨ ᠤ ᠵᠢᠭᠤᠯᠴᠢᠯᠠᠯ ᠤᠨ ᠴᠠᠭ ᠠᠭᠤᠷ ᠤᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠮᠲᠤᠷᠠᠨ ᠨᠡᠶᠢᠲᠡᠯᠡᠬᠦ ︵ | ᠬᠠᠷᠢᠭᠤᠴᠠᠯᠭᠠᠲᠤ ᠨᠢᠭᠡᠴᠡ᠄ ᠬᠤᠰᠢᠭᠤᠨ ᠴᠠᠭ ᠠᠭᠤᠷ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠤᠰᠢᠭᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ | ᠵᠢᠭᠤᠯᠴᠢᠯᠠᠯ ᠤᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | 12. ᠬᠤᠲᠠ ᠶᠢᠨ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠣᠭᠠᠴᠢᠯᠠᠭᠰᠠᠨ ᠴᠠᠭ ᠠᠭᠤᠷ ᠢ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠠᠭᠤᠰᠤᠯᠴᠠᠭᠤᠯᠬᠤ ᠶᠢ | ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠵᠢᠭᠤᠯᠴᠢᠯᠠᠯ᠂ ᠢᠯᠴᠢ ᠬᠠᠩᠭᠠᠬᠤ ᠵᠡᠷᠭᠡ ᠲᠤᠰᠬᠠᠢ | ᠵᠦᠢᠯ ᠤᠨ ᠴᠠᠭ ᠠᠭᠤᠷ ᠤᠨ ᠦᠢᠯᠡᠴᠢᠯᠡᠭᠡᠨ ᠢ ᠰᠠᠶᠢᠲᠤᠷ ᠬᠢᠨ᠎ᠡ᠃ ᠬᠤᠲᠠ ᠪᠠᠯᠭᠠᠰᠤᠨ ᠤ ᠤᠰᠤᠲᠤᠯ ᠢ ᠬᠢᠨᠠᠨ | ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠰᠠᠯᠠᠭ᠎ᠠ ᠮᠥᠴᠢᠷ ᠤᠨ ᠤᠰᠤᠲᠤᠯ ᠤᠨ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠬᠤᠲᠠ ᠪᠠᠯᠭᠠᠰᠤᠨ ᠤ ᠤᠰᠤᠲᠤᠯ ᠤᠨ ᠴᠠᠭ ᠠᠭᠤᠷ ᠤᠨ ᠠᠶᠤᠯ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃︵ᠬᠠᠷᠢᠭᠤᠴᠠᠯᠭᠠᠲᠤ ᠨᠢᠭᠡᠴᠡ᠄ | ᠬᠤᠰᠢᠭᠤᠨ ᠴᠠᠭ ᠠᠭᠤᠷ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠤᠰᠢᠭᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠰᠣᠶᠣᠯ ᠵᠢᠭᠤᠯᠴᠢᠯᠠᠯ ᠤᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | 13. ᠠᠷᠠᠳ ᠤᠨ ᠠᠮᠢᠳᠤᠷᠠᠯ ᠢ ᠪᠠᠲᠤᠯᠠᠬᠤ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠨ᠎ᠡ᠃ ᠤᠯᠠᠨ | ᠨᠡᠶᠢᠲᠡ ᠶᠢᠨ ᠴᠠᠭ ᠠᠭᠤᠷ ᠤᠨ ᠦᠢᠯᠡᠴᠢᠯᠡᠭᠡ ᠶᠢ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠳᠤ | ᠣᠷᠣᠭᠤᠯᠵᠤ᠂ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠬᠥᠭᠵᠢᠯᠲᠡ ᠶᠢ ᠨᠢᠭᠡᠳᠦᠯᠲᠡᠢ ᠲᠥᠯᠥᠪᠯᠡᠨ | ᠠᠬᠢᠭᠤᠯᠤᠨ᠎ᠠ᠃ ᠴᠠᠭ ᠠᠭᠤᠷ ᠤᠨ ᠦᠢᠯᠡᠴᠢᠯᠡᠭᠡᠨ ᠤ ᠦᠢᠯᠡᠳᠬᠦᠨ ᠤ ᠲᠥᠷᠥᠯ ᠵᠦᠢᠯ ᠢ ᠪᠠᠶᠠᠯᠢᠭᠵᠢᠭᠤᠯᠵᠤ᠂ ᠴᠠᠭ | ᠠᠭᠤᠷ ᠤᠨ ᠦᠢᠯᠡᠴᠢᠯᠡᠭᠡᠨ ᠤ ᠦᠢᠯᠡᠳᠬᠦᠨ ᠤ ᠴᠠᠭ ᠵᠠᠢ ᠶᠢᠨ ᠢᠯᠭᠠᠮᠵᠢ ᠶᠢ ᠳᠡᠭᠡᠭᠰᠢᠯᠡᠭᠦᠯᠦᠨ᠂ ᠠᠷᠠᠳ ᠣᠯᠠᠨ ᠤ | ᠠᠮᠢᠳᠤᠷᠠᠯ᠂ ᠡᠷᠡᠭᠦᠯ ᠮᠡᠨᠳᠦ ᠰᠤᠪᠢᠯᠠᠯᠲᠠ᠂ ᠰᠡᠯᠡᠭᠦᠴᠡᠯ᠂ ᠵᠢᠭᠤᠯᠴᠢᠯᠠᠯ ᠵᠡᠷᠭᠡ ᠶᠢᠨ ᠣᠯᠠᠨ ᠡᠰᠢᠵᠢᠭᠰᠡᠨ᠂ | ᠥᠪᠡᠷᠮᠢᠴᠡᠵᠢᠭᠰᠡᠨ ᠪᠠ ᠨᠠᠷᠢᠯᠢᠭᠵᠢᠭᠰᠠᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠴᠠᠭ | ᠠᠭᠤᠷ ᠤᠨ ᠭᠠᠮᠰᠢᠭ ᠢ ᠰᠡᠷᠭᠡᠶᠢᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ | ᠬᠥᠮᠦᠵᠢᠯ ᠢ ᠴᠢᠩᠭᠠᠳᠬᠠᠵᠤ᠂ ᠣᠯᠠᠨ ᠨᠡᠶᠢᠲᠡ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠮᠤᠷ ᠲᠦᠪᠰᠢᠨ ᠤ | ᠦᠵᠡᠯ ᠤᠬᠠᠮᠰᠠᠷ ᠪᠠ ᠭᠠᠮᠰᠢᠭ ᠢ ᠰᠡᠷᠭᠡᠶᠢᠯᠡᠵᠦ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠬᠠᠷᠢᠯᠴᠠᠨ | ᠠᠪᠤᠷᠠᠬᠤ ᠴᠢᠳᠠᠪᠤᠷᠢ ᠶᠢ ᠨᠡᠮᠡᠭᠳᠡᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠬᠤᠰᠢᠭᠤᠨ ᠴᠠᠭ ᠠᠭᠤᠷ ᠤᠨ | ᠲᠣᠪᠴᠢᠶ᠎ᠠ᠂ ᠬᠠᠮᠵᠢᠯᠴᠠᠬᠤ ᠨᠢᠭᠡᠴᠡ᠄ ᠬᠤᠰᠢᠭᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠰᠣᠶᠣᠯ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠯ᠎ᠡ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | ︵ᠵᠢᠷᠭᠤᠭ᠎ᠠ︶ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | 14. ᠴᠠᠭ ᠠᠭᠤᠷ ᠤᠨ ᠵᠠᠩᠭᠢᠯᠠᠭ᠎ᠠ ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ | ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠲᠤᠰ ᠣᠷᠣᠨᠴᠢᠯᠠᠬᠤ | ᠰᠤᠳᠤᠯᠭᠠᠨ ᠢ ᠲᠦᠯᠬᠢᠨ ᠠᠬᠢᠭᠤᠯᠤᠨ᠎ᠠ᠃ ᠰᠢᠨ᠎ᠡ ᠨᠢᠭᠡ ᠦᠶ᠎ᠡ ᠶᠢᠨ ᠴᠠᠭ ᠠᠭᠤᠷ ᠤᠨ ᠷᠠᠳᠠᠷ ᠤᠨ ᠪᠦᠲᠦᠭᠡᠭᠳᠡᠬᠦᠨ ᠢ | ᠲᠤᠰ ᠭᠠᠵᠠᠷ ᠲᠤᠨᠢ ᠬᠡᠷᠡᠭᠯᠡᠬᠦ ᠶᠢ ᠴᠢᠩᠭᠠᠳᠬᠠᠵᠤ᠂ ᠠᠮᠢ ᠠᠬᠤᠢ ᠶᠢᠨ ᠴᠠᠭ ᠠᠭᠤᠷ᠂ ᠳᠠᠭᠠᠭᠤᠯᠢ ᠤᠳᠤᠨ ᠤ ᠠᠯᠤᠰ | ᠰᠡᠷᠡᠯᠲᠡ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠮᠡᠳᠡᠭᠡ ᠵᠠᠩᠭᠢᠵᠢᠯᠲᠠ ᠵᠡᠷᠭᠡ | ᠬᠦᠷᠢᠶᠡᠨ ᠳᠠᠬᠢ ᠵᠠᠩᠭᠢᠯᠠᠭ᠎ᠠ ᠶᠢᠨ ᠮᠡᠷᠭᠡᠵᠢᠯ ᠢ ᠬᠥᠭᠵᠢᠭᠦᠯᠦᠨ᠎ᠡ᠃︵ᠬᠠᠷᠢᠭᠤᠴᠠᠯᠭᠠᠲᠤ ᠰᠠᠯᠠᠭ᠎ᠠ ᠮᠥᠴᠢᠷ᠄ | ᠬᠤᠰᠢᠭᠤᠨ ᠴᠠᠭ ᠠᠭᠤᠷ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 15. ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠴᠠᠭ ᠠᠭᠤᠷ ᠤᠨ ᠰᠠᠯᠠᠭ᠎ᠠ ᠮᠥᠴᠢᠷ ᠤᠨ ᠣᠷᠣᠨ ᠨᠤᠲᠤᠭ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠲᠦᠷᠦᠯ ᠵᠦᠢᠯ ᠲᠣᠭᠲᠠᠭᠠᠬᠤ ᠡᠷᠴᠢᠮ ᠢ ᠴᠢᠩᠭᠠᠷᠠᠭᠤᠯᠵᠤ᠂ ᠴᠠᠭ ᠠᠭᠤᠷ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠤᠨ᠎ᠠ᠃ ᠰᠢᠨᠵᠢᠯᠡᠬᠦ | ᠤᠬᠠᠭᠠᠨ ᠤ ᠰᠤᠳᠤᠯᠭᠠᠨ ᠬᠢᠭᠡᠳ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ ᠭᠦᠨᠵᠡᠭᠡᠢ | ᠠᠭᠤᠰᠤᠯᠴᠠᠭᠤᠯᠤᠭᠰᠠᠨ ᠰᠤᠳᠤᠯᠭᠠᠨ ᠤ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠰᠢᠨ᠎ᠡ ᠪᠠᠶᠢᠷᠢᠰᠢᠯ ᠢ ᠪᠤᠢ | ᠪᠣᠯᠭᠠᠨ᠎ᠠ᠃ ᠥᠨᠳᠥᠷ ᠢᠯᠭᠠᠮᠵᠢᠲᠤ ᠳᠠᠭᠠᠭᠤᠯᠢ ᠣᠳᠣᠨ ᠤ ᠬᠡᠷᠡᠭᠯᠡᠯᠲᠡ᠂ ᠠᠭᠤᠷ ᠠᠮᠢᠰᠬᠤᠯ ᠤᠨ ᠡᠬᠢ ᠪᠠᠶᠠᠯᠢᠭ ᠢ | ᠨᠡᠭᠡᠭᠡᠨ ᠠᠰᠢᠭᠯᠠᠬᠤ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠰᠢᠨ᠎ᠡ ᠨᠢᠭᠡ ᠦᠶ᠎ᠡ ᠶᠢᠨ ᠴᠠᠭ | ᠠᠭᠤᠷ ᠤᠨ ᠷᠠᠳᠠᠷ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠭᠠᠵᠠᠷ ᠣᠷᠣᠨ | ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠬᠠᠮᠲᠤᠷᠠᠨ ᠪᠣᠭᠤᠮᠲᠠ | ᠰᠢᠪᠲᠤᠯᠬᠤ ᠪᠠ ᠲᠥᠪᠯᠡᠷᠡᠭᠦᠯᠦᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠰᠢᠨᠵᠢᠯᠡᠬᠦ ᠤᠬᠠᠭᠠᠨ ᠤ | ᠰᠤᠳᠤᠯᠭᠠᠨ ᠤ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠭᠰᠠᠨ᠂ ᠰᠠᠯᠠᠭ᠎ᠠ ᠮᠥᠴᠢᠷ ᠠᠵᠤ | ᠠᠬᠤᠶᠢᠯᠠᠯ ᠤᠨ ᠭᠦᠨᠵᠡᠭᠡᠢ ᠬᠠᠮᠲᠤᠷᠠᠯᠴᠠᠭᠰᠠᠨ ᠰᠤᠳᠤᠯᠭᠠᠨ ᠤ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠠᠬᠢᠭᠤᠯᠤᠨ᠎ᠠ᠃︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠴᠠᠭ | ᠠᠭᠤᠷ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | ︵ᠳᠣᠯᠤᠭ᠎ᠠ︶ ᠣᠲᠣ ᠦᠶ᠎ᠡ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠨ | ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ ᠬᠡᠮᠵᠢᠶ᠎ᠡ | 16. ᠨᠠᠷᠢᠯᠢᠭ ᠠᠵᠢᠭᠯᠠᠯᠲᠠ ᠶᠢ ᠬᠥᠭᠵᠢᠭᠦᠯᠦᠨ᠎ᠡ᠃ ᠴᠠᠭ ᠠᠭᠤᠷ ᠤᠨ ᠠᠵᠢᠭᠯᠠᠯᠲᠠ ᠶᠢᠨ ᠠᠦ᠋ᠲ᠋ᠣ᠋ | ᠥᠷᠲᠡᠭᠡ ᠶᠢᠨ ᠪᠠᠷᠢᠮᠵᠢᠶᠠᠵᠢᠭᠤᠯᠤᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠠᠮᠢ ᠠᠬᠤᠢ ᠶᠢᠨ | ᠰᠢᠰᠲ᠋ᠧᠮ᠂ ᠵᠠᠮ ᠬᠠᠷᠢᠯᠴᠠᠭ᠎ᠠ᠂ ᠰᠢᠨ᠎ᠡ ᠡᠨᠧᠷᠭᠢ᠂ ᠵᠢᠭᠤᠯᠴᠢᠯᠠᠯ᠂ ᠣᠶ ᠰᠢᠭᠤᠢ᠂ ᠲᠠᠷᠢᠶᠠᠯᠠᠩ ᠮᠠᠯ ᠠᠵᠤ ᠠᠬᠤᠢ | ᠵᠡᠷᠭᠡ ᠲᠤᠰᠬᠠᠢ ᠮᠡᠷᠭᠡᠵᠢᠯ ᠤᠨ ᠴᠠᠭ ᠠᠭᠤᠷ ᠤᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ | ᠴᠢᠩᠭᠠᠷᠠᠭᠤᠯᠤᠨ᠎ᠠ᠃ ᠵᠢᠯᠣᠭᠤᠴᠢ ᠦᠭᠡᠢ ᠨᠢᠰᠬᠡᠯ ᠤᠨ ᠠᠯᠤᠰ ᠰᠡᠷᠡᠯ ᠤᠨ ᠬᠢᠨᠠᠨ ᠬᠡᠮᠵᠢᠯᠲᠡ ᠶᠢ ᠥᠷᠨᠢᠭᠦᠯᠵᠦ᠂ | ᠠᠭᠤᠯᠠ ᠤᠰᠤ ᠣᠶ ᠲᠠᠷᠢᠶ᠎ᠠ ᠨᠠᠭᠤᠷ ᠨᠠᠭᠤᠷ ᠡᠪᠡᠰᠦ ᠡᠯᠡᠰᠦᠨ ᠤ ᠠᠮᠢ ᠠᠬᠤᠢ ᠶᠢᠨ ᠣᠨᠴᠠᠯᠢᠭ ᠤᠨ ᠪᠣᠰᠤᠭ᠎ᠠ | ᠴᠣᠭᠴᠠᠲᠤ ᠬᠢᠨᠠᠨ ᠬᠡᠮᠵᠢᠯᠲᠡ ᠶᠢᠨ ᠰᠢᠰᠲ᠋ᠧᠮ ᠢ ᠪᠠᠶᠢᠭᠤᠯᠤᠨ᠂ ᠨᠡᠶᠢᠲᠡᠯᠢᠭ ᠣᠷᠣᠨ ᠪᠦᠰᠡ ᠶᠢᠨ ᠠᠮᠢ ᠠᠬᠤᠢ ᠶᠢᠨ | ᠶᠡᠷᠦᠩᠬᠡᠶᠢᠯᠡᠭᠰᠡᠨ ᠬᠢᠨᠠᠨ ᠬᠡᠮᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠴᠠᠭ ᠠᠭᠤᠷ ᠤᠨ ᠪᠡᠯᠡᠳᠬᠡᠮᠵᠢ ᠪᠠ ᠴᠠᠭ | ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠴᠢᠩᠭᠠᠷᠠᠭᠤᠯᠤᠨ᠎ᠠ᠃︵ | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠴᠠᠭ ᠠᠭᠤᠷ ᠤᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ | ᠄ ᠬᠤᠰᠢᠭᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠢ ᠶᠢᠨ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ︶ | 17. ᠨᠠᠷᠢᠯᠢᠭ ᠣᠨᠣᠴᠠᠲᠠᠢ ᠪᠠᠷ ᠤᠷᠢᠳᠴᠢᠯᠠᠨ ᠮᠡᠳᠡᠭᠡᠯᠡᠬᠦ ᠶᠢ ᠬᠥᠭᠵᠢᠭᠦᠯᠦᠨ᠎ᠡ᠃ ᠲᠤᠭ᠎ᠠ ᠬᠡᠮᠵᠢᠭᠳᠡᠯ ᠤᠨ | ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠦᠢᠯᠡᠳᠬᠦᠨ ᠢ ᠲᠠᠶᠢᠯᠪᠤᠷᠢᠯᠠᠨ ᠬᠡᠷᠡᠭᠯᠡᠬᠦ ᠪᠠ ᠰᠢᠨᠵᠢᠯᠡᠬᠦ | ᠤᠬᠠᠭᠠᠨᠴᠢ ᠪᠠᠷ ᠰᠢᠯᠭᠠᠨ ᠪᠠᠶᠢᠴᠠᠭᠠᠵᠤ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠴᠢᠩᠭᠠᠷᠠᠭᠤᠯᠤᠨ᠎ᠠ᠃ᠪᠤᠰᠤᠳᠴᠢ | ᠴᠠᠭ ᠠᠭᠤᠷ ᠤᠨ ᠠᠭᠤᠷ ᠠᠮᠢᠰᠬᠤᠯ ᠤᠨ ᠰᠢᠰᠲ᠋ᠧᠮ ᠬᠢᠭᠡᠳ ᠴᠠᠭ ᠠᠭᠤᠷ ᠤᠨ ᠡᠯᠧᠮᠧᠨ᠋ᠲ ᠤᠨ ᠪᠦᠷᠢᠳᠬᠡᠯ ᠢ | ᠬᠠᠷᠢᠯᠴᠠᠨ ᠤᠶᠠᠯᠳᠤᠭᠤᠯᠤᠭᠰᠠᠨ ᠠᠭᠤᠷ ᠠᠮᠢᠰᠬᠤᠯ ᠤᠨ ᠬᠠᠨᠳᠤᠰᠢ ᠶᠢᠨ ᠵᠢᠱᠢᠯᠲᠡ ᠶᠢ ᠥᠷᠨᠢᠭᠦᠯᠦᠨ᠎ᠡ᠃ᠣᠬᠤᠷ | ᠴᠠᠭ ᠤᠨ ᠣᠶᠢᠷ᠎ᠠ ᠬᠠᠪᠢ ᠶᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ | ᠴᠢᠩᠭᠠᠳᠬᠠᠵᠤ᠂ ᠰᠢᠷᠦᠭᠦᠨ ᠪᠣᠷᠣᠭᠠᠨ ︵ᠴᠠᠰᠤ︶᠂ ᠠᠶᠤᠩᠭᠠᠲᠤ ᠪᠣᠷᠣᠭᠠᠨ᠂ ᠶᠡᠭᠡ ᠰᠠᠯᠬᠢ᠂ ᠣᠬᠤᠷ ᠴᠠᠭ ᠤᠨ | ᠰᠢᠷᠦᠭᠦᠨ ᠪᠣᠷᠣᠭᠠᠨ ᠵᠡᠷᠭᠡ ᠭᠠᠮᠰᠢᠭᠲᠤ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠣᠨᠣᠪᠴᠢ ᠶᠢᠨ | ᠨᠣᠷᠮ᠎ᠠ ᠶᠢ ᠳᠡᠭᠡᠭᠰᠢᠯᠡᠭᠦᠯᠦᠨ᠎ᠡ᠃︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠴᠠᠭ ᠠᠭᠤᠷ ᠤᠨ | ᠲᠣᠪᠴᠢᠶ᠎ᠠ︶ | 18. ᠨᠠᠷᠢᠯᠢᠭ ᠦᠢᠯᠡᠴᠢᠯᠡᠭᠡ ᠶᠢ ᠬᠥᠭᠵᠢᠭᠦᠯᠦᠨ᠎ᠡ᠃ ᠨᠥᠯᠥᠭᠡᠯᠡᠯ ᠳᠤ ᠰᠠᠭᠤᠷᠢᠯᠠᠭᠰᠠᠨ ᠰᠢᠢᠳᠪᠦᠷᠢᠲᠦ | ᠪᠣᠳᠣᠯᠭ᠎ᠠ ᠶᠢᠨ ᠴᠠᠭ ᠠᠭᠤᠷ ᠤᠨ ᠦᠢᠯᠡᠴᠢᠯᠡᠭᠡ ᠶᠢ ᠬᠥᠭᠵᠢᠭᠦᠯᠵᠦ᠂ ᠭᠠᠮᠰᠢᠭ ᠤᠨ ᠲᠦᠷᠦᠯ ᠵᠦᠢᠯ ᠪᠠ | ᠬᠡᠷᠡᠭᠯᠡᠭᠴᠢᠳ ᠤᠨ ᠲᠦᠷᠦᠯ ᠵᠦᠢᠯ ᠬᠤᠪᠢᠶᠠᠭᠰᠠᠨ ᠰᠢᠢᠳᠪᠦᠷᠢᠲᠦ ᠪᠣᠳᠣᠯᠭ᠎ᠠ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡᠴᠢᠯᠡᠭᠡᠨ ᠤ | ᠦᠢᠯᠡᠳᠬᠦᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ | ᠦᠢᠯᠡᠴᠢᠯᠡᠭᠡᠨ ᠤ ᠦᠢᠯᠡᠳᠬᠦᠨ ᠢ ᠨᠡᠶᠢᠲᠡᠯᠡᠬᠦ ᠠᠷᠭ᠎ᠠ ᠵᠠᠮ ᠢ ᠲᠡᠭᠦᠯᠳᠡᠷᠵᠢᠭᠦᠯᠦᠨ᠎ᠡ᠃ ᠣᠯᠠᠨ ᠨᠡᠶᠢᠲᠡ ᠶᠢᠨ ᠴᠠᠭ | ᠠᠭᠤᠷ ᠤᠨ ᠦᠢᠯᠡᠴᠢᠯᠡᠭᠡᠨ ᠤ ᠦᠢᠯᠡᠳᠬᠦᠨ ᠪᠠ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠤᠨ ᠣᠯᠠᠨ ᠡᠰᠢᠵᠢᠬᠦ ᠶᠢ | ᠠᠬᠢᠭᠤᠯᠵᠤ᠂ ᠣᠶᠤᠨᠴᠢᠯᠠᠭᠰᠠᠨ᠂ ᠬᠡᠷᠡᠭᠴᠡᠭᠡ ᠶᠣᠰᠣᠭᠠᠷ ᠬᠦᠷᠭᠡᠭᠰᠡᠨ ᠣᠯᠠᠨ ᠨᠡᠶᠢᠲᠡ ᠶᠢᠨ ᠴᠠᠭ ᠠᠭᠤᠷ ᠤᠨ | ᠦᠢᠯᠡᠴᠢᠯᠡᠭᠡᠨ ᠤ ᠰᠢᠨ᠎ᠡ ᠵᠠᠭᠪᠤᠷ ᠢ ᠪᠣᠶ ᠪᠣᠯᠭᠠᠨ᠎ᠠ᠃ ᠵᠢᠷᠤᠮᠵᠢᠭᠰᠠᠨ ᠥᠨᠳᠥᠷ ᠪᠦᠲᠦᠮᠵᠢᠲᠡᠶ ᠲᠤᠰᠬᠠᠢ ᠴᠠᠭ | ᠠᠭᠤᠷ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠲᠤᠰᠬᠠᠢ ᠴᠠᠭ | ᠠᠭᠤᠷ ᠤᠨ ᠦᠢᠯᠡᠴᠢᠯᠡᠭᠡᠨ ᠢ ᠵᠢᠷᠤᠮᠵᠢᠭᠤᠯᠬᠤ᠂ ᠴᠤᠪᠤᠷᠠᠭᠤᠯᠬᠤ᠂ ᠲᠤᠬᠠᠶᠢᠯᠠᠭᠰᠠᠨ ᠠᠵᠢᠯ ᠤᠨ ᠪᠣᠯᠭᠠᠬᠤ ᠶᠢ | ᠠᠬᠢᠭᠤᠯᠤᠨ᠎ᠠ᠃︵ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠰᠢᠭᠤᠨ ᠴᠠᠭ ᠠᠭᠤᠷ ᠤᠨ ᠲᠣᠪᠴᠢᠶ᠎ᠠ︶ | 19. ᠴᠠᠭ ᠠᠭᠤᠷ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠴᠠᠭ | ᠠᠭᠤᠷ ᠤᠨ ᠴᠢᠮᠡᠭᠡ ᠬᠤᠯᠪᠣᠭ᠎ᠠ ᠶᠢᠨ ᠰᠦᠯᠵᠢᠶ᠎ᠡ ᠶᠢᠨ ᠳᠠᠮᠵᠢᠭᠤᠯᠬᠤ ᠬᠤᠷᠳᠤᠴᠠ ᠶᠢ ᠳᠡᠭᠡᠭᠰᠢᠯᠡᠭᠦᠯᠵᠦ᠂ ᠲᠤᠭ᠎ᠠ | ᠪᠠᠷᠢᠮᠲᠠ ᠶᠢᠨ ᠬᠤᠭᠤᠴᠠᠭᠠᠲᠤ ᠴᠢᠨᠠᠷ ᠢ ᠦᠨᠡᠨᠬᠦ ᠪᠠᠲᠤᠯᠠᠨ᠎ᠠ᠃ ᠮᠡᠳᠡᠭᠡ ᠵᠠᠩᠭᠢ ᠶᠢᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠴᠠᠭ ᠠᠭᠤᠷ ᠤᠨ ᠮᠡᠳᠡᠭᠡ ᠵᠠᠩᠭᠢ ᠶᠢᠨ ᠰᠢᠰᠲ᠋ᠧᠮ ᠤᠨ | ᠰᠦᠯᠵᠢᠶᠡᠨ ᠤ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ | ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠰᠢᠰᠲ᠋ᠧᠮ ᠪᠣᠯᠣᠨ | ᠲᠤᠬᠠᠶᠢᠯᠠᠭᠰᠠᠨ ᠠᠵᠢᠯ ᠤᠨ ᠰᠢᠰᠲ᠋ᠧᠮ ᠢ ᠵᠡᠷᠭᠡ ᠪᠠᠷ ᠲᠥᠯᠥᠪᠵᠢᠭᠦᠯᠬᠦ᠂ ᠪᠠᠶᠢᠭᠤᠯᠬᠤ᠂ ᠠᠵᠢᠯᠯᠠᠭᠤᠯᠬᠤ ᠶᠢ | ᠳ᠋ᠠᠶᠢᠲ᠋ᠠ ᠶᠢ ᠬᠤᠷᠢᠶᠠᠩᠭᠤᠶᠢᠯᠠᠨ ᠲᠤᠰᠢᠶᠠᠬᠤ ᠲᠣᠭᠲᠠᠴᠠ ᠶᠢ ᠪᠦᠷᠢᠨᠰᠢᠭᠦᠯᠵᠦ᠂ ᠰᠠᠯᠠᠭ᠎ᠠ ᠮᠥᠴᠢᠷ ᠤᠨ | ᠬᠤᠭᠤᠷᠣᠨᠳᠤ ᠪᠠᠨ ᠳ᠋ᠠᠶᠢᠲ᠋ᠠ ᠶᠢ ᠬᠠᠮᠲᠤᠪᠠᠷ ᠡᠳ᠋ᠯᠡᠵᠦ ᠰᠣᠯᠢᠯᠴᠠᠬᠤ ᠶᠢ ᠠᠬᠢᠭᠤᠯᠤᠨ᠎ᠠ᠃︵ᠬᠠᠷᠢᠭᠤᠴᠠᠯᠭᠠᠲᠤ | ᠰᠠᠯᠠᠭ᠎ᠠ ᠮᠥᠴᠢᠷ᠄ ᠬᠤᠰᠢᠭᠤᠨ ᠴᠠᠭ ᠠᠭᠤᠷ ᠤᠨ ᠲᠣᠪᠴᠢᠶ᠎ᠠ᠂ ᠬᠠᠮᠵᠢᠯᠴᠠᠬᠤ ᠨᠢᠭᠡᠴᠡ᠄ ᠬᠤᠰᠢᠭᠤᠨ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠴᠠᠭ ᠠᠭᠤᠷ ᠤᠨ | ᠦᠢᠯᠡᠰ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢᠨ | ᠲᠥᠯᠥᠭᠡ᠂ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠴᠢᠩᠬᠠᠳᠬᠠᠨ᠂ ᠡᠭᠦᠷᠭᠡ ᠶᠢᠨ ᠬᠡᠷᠡᠭᠵᠢᠭᠦᠯᠦᠯᠲᠡ ᠶᠢ | ᠠᠬᠢᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠪᠦᠭᠦ | ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ | ᠳᠤᠭᠤᠶᠢᠯᠠᠩ ᠤᠨ ᠳᠠᠷᠤᠭ᠎ᠠ᠄ ᠴᠢᠦᠢ ᠯᠢ ᠱᠧᠩ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠶᠤᠸᠠᠨ ᠬᠤᠶ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ | ᠳᠡᠳ᠋ ᠡᠷᠬᠢᠯᠡᠭᠴᠢ | ᠴᠢᠳᠠᠮᠤᠨᠢ ᠥᠪᠥᠷ ᠮᠣᠩᠭᠤᠯ ᠤᠨ ᠴᠠᠭ ᠠᠭᠤᠷ ᠤᠨ ᠲᠣᠪᠴᠢᠶᠠᠨ ᠤ ᠳᠠᠷᠤᠭ᠎ᠠ | ᠪᠦᠷᠢᠯᠳᠦᠭᠦᠨ᠄ ᠠᠭᠤᠯᠠ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ | ᠳᠡᠳ᠋ ᠳᠠᠷᠤᠭ᠎ᠠ | ᠸᠠᠩ ᠵᠢᠶᠠᠩ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠭᠦᠸᠧ ᠶᠠᠨ ᠫᠢᠩ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠵᠤᠤ ᠢᠦᠢ ᠠᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ | ᠲᠠᠷᠤᠭ᠎ᠠ | ᠰᠢᠶᠧ ᠸᠧᠨ ᠵᠢᠶᠦ᠋ᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶᠠᠨ ᠤ ᠳᠠᠷᠤᠭ᠎ᠠ | ᠪᠠᠭᠠᠲᠤᠷ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ | ᠪᠠᠢ ᠶᠧᠦ ᠶᠤᠸᠠᠨ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ | ᠴᠧᠨ ᡁᠢ ᠭᠥᠸᠧ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠪᠦᠬᠡ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠤᠪᠴᠢᠶ᠎ᠡ ᠶᠢᠨ ᠳᠠᠷᠤᠭ᠎ᠠ | ᠦ᠋ ᠳ᠋ᠧ ᠬᠤᠸᠠ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ | ᠳᠠᠷᠤᠭ᠎ᠠ | ᠴᠢ ᠯᠢ ᠬᠤᠸᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠬᠠᠰᠪᠢᠯᠢᠭ᠌ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠼᠤᠤ ᠰᠢᠤᠸᠠᠢ ᠹᠧᠩ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ | ᠯᠢᠦᠢ ᠴᠠᠩ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ | ᠯᠢ ᠽᠥᠩ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠺᠣᠮᠢᠰᠰᠠᠷ | ᠯᠢ ᠰᠢᠶᠣᠣ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ | ᠭᠤᠸ ᠱᠦ ᠫᠢᠩ ᠠᠮᠢ ᠠᠬᠤᠢ ᠣᠷᠴᠢᠨ ᠠᠬᠤᠢ ᠶᠢᠨ ᠲᠣᠪᠴᠢᠶ᠎ᠠ ᠶᠢᠨ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ | ᠴᠢᠨ ᠳ᠋ᠦᠩ ᠼᠠᠢ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ | ᠦ᠋ ᠵᠢᠶᠦ᠋ᠨ ᠱᠧᠩ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠬᠤ᠋ ᠿᠢ ᠴᠧᠩ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ | ᠱᠢ ᠸᠧᠢ ᠷᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ | ᠰᠦ᠋ᠩ ᠳ᠋ᠧ ᠬᠤᠩ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠳᠠᠭᠠᠭᠠᠮᠠᠯ | ᠯᠧᠢ ᡁᠢ ᠸᠧᠨ ᠬᠤᠰᠢᠭᠤᠨ ᠤ ᠲᠦᠭᠡᠭᠡᠯ ᠤᠰᠤᠨ ᠤ ᠺᠣᠮᠫᠠᠨᠢ ᠶᠢᠨ ᠬᠡᠷᠡᠭ ᠮᠡᠳᠡᠭᠴᠢᠳ ᠤᠨ ᠲᠠᠷᠤᠭ᠎ᠠ | ᠵᠠᠩ ᠴᠥᠩ ᠬᠤᠯᠪᠣᠭᠠᠲᠤ ᠬᠤᠯᠪᠣᠭᠠᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠬᠤᠪᠢᠶᠠᠷᠢ ᠺᠣᠮᠫᠠᠨᠢ ᠶᠢᠨ ᠳᠠᠭᠠᠭᠠᠮᠠᠯ | ᠴᠧᠨ ᠰᠢᠶᠠᠩ ᠳ᠋ᠦᠩ ᠨᠡᠭᠦᠳᠡᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠪᠢᠶᠠᠷᠢ | ᠺᠣᠮᠫᠠᠨᠢ ᠶᠢᠨ ᠳᠠᠭᠠᠭᠠᠮᠠᠯ | ᠸᠠᠩ ᠸᠧᠨ ᠭᠤᠸᠠᠩ ᠴᠠᠬᠢᠯᠭᠠᠨ ᠬᠤᠯᠪᠣᠭᠠᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠬᠤᠪᠢᠶᠠᠷᠢ ᠺᠣᠮᠫᠠᠨᠢ ᠶᠢᠨ ᠳᠠᠭᠠᠭᠠᠮᠠᠯ | ᠵᠠᠩ ᡁᠢ ᠫᠢᠩ ᠷᠠᠳᠢᠣ᠋ ᠲᠧᠯᠸᠢᠰ ᠤᠨ ᠰᠦᠯᠵᠢᠶ᠎ᠡ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠬᠤᠪᠢᠶᠠᠷᠢ ᠺᠣᠮᠫᠠᠨᠢ ᠶᠢᠨ ᠳᠠᠭᠠᠭᠠᠮᠠᠯ | ᠤᠷᠳᠤᠮᠦ᠋ᠷᠡᠨ ᠪᠠᠶᠠᠨᠴᠠᠭᠠᠨ ᠪᠠᠯᠭᠠᠰᠤᠨ ᠤ ᠳᠠᠷᠤᠭ᠎ᠠ | ᠵᠠᠩ ᠰᠢ ᠸᠠᠩ ᠪᠤᠩᠬᠤᠨ ᠪᠠᠯᠭᠠᠰᠤᠨ ᠳᠠᠷᠤᠭ᠎ᠠ | ᠨᠠ ᠵᠢᠶᠦ᠋ᠨ ᠳ᠋ᠠ ᠯᠢᠦ ᠬᠤᠣ ᠪᠠᠯᠭᠠᠰᠤᠨ ᠳᠠᠷᠤᠭ᠎ᠠ | ᠵᠤᠤ ᡁᠢ ᠴᠧᠩ ᠲᠡᠮᠤᠷᠲᠠᠢ ᠪᠠᠯᠭᠠᠰᠤᠨ ᠤ ᠳᠠᠷᠤᠭ᠎ᠠ | ᠵᠠᠩ ᠵᠧᠨ ᠬᠤᠩᠬᠢᠯᠲᠦ ᠪᠠᠯᠭᠠᠰᠤᠨ ᠤ ᠳᠠᠷᠤᠭ᠎ᠠ | ᠰᠦᠨ ᠵᠢᠶᠠᠨ ᠭᠦᠸᠧ ᠤᠯᠠᠭᠠᠨᠬᠠᠳᠠ ᠰᠤᠮᠤ ᠶᠢᠨ ᠳᠠᠷᠤᠭ᠎ᠠ | ᠯᠦ ᠬᠠᠢ ᠫᠢᠩ ᠲᠤᠯᠤᠭᠠᠨᠬᠤᠳᠳᠤᠭ ᠰᠤᠮᠤᠨ ᠤ ᠳᠠᠷᠤᠭ᠎ᠠ | ᠯᠢᠦ ᠬᠤᠤ ᠰᠢᠯᠢ ᠰᠢᠶᠠᠩ ᠤᠨ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ ᠴᠠᠭ | ᠠᠭᠤᠷ ᠤᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠴᠢᠨᠳᠠᠮᠤᠨᠢ ᠨᠥᠬᠦᠷ | ᠬᠠᠪᠰᠤᠷᠭᠠᠨ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠨᠢ ᠭᠤᠣᠯᠳᠠᠭᠤ ᠴᠠᠭ ᠠᠭᠤᠷ ᠤᠨ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠠᠵᠢᠯ ᠢ ᠲᠦᠯᠬᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ | ᠲᠣᠬᠢᠷᠠᠭᠤᠯᠬᠤ ᠪᠥᠭᠡᠳ ᠰᠤᠳᠤᠯᠤᠨ ᠰᠢᠢᠳᠪᠦᠷᠢᠯᠡᠨ᠎ᠡ᠃ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ | ᠭᠤᠣᠯᠳᠠᠭᠤ ᠤᠳᠤᠷᠢᠳᠬᠤ ᠳᠤᠭᠤᠶᠢᠯᠠᠩ ᠤᠨ ᠡᠯ᠎ᠡ ᠵᠦᠢᠯ ᠤᠨ ᠠᠵᠢᠯ ᠢ ᠵᠣᠬᠢᠶᠠᠨ ᠪᠠᠶᠢᠭᠤᠯᠵᠤ ᠲᠣᠬᠢᠷᠠᠭᠤᠯᠬᠤ ᠶᠢ | ᠬᠠᠷᠢᠭᠤᠴᠠᠬᠤ ᠶᠢᠨ ᠬᠠᠮᠲᠤ ᠤᠳᠤᠷᠢᠳᠬᠤ ᠳᠤᠭᠤᠶᠢᠯᠠᠩ ᠳᠤ ᠡᠯ᠎ᠡ ᠵᠦᠢᠯ ᠤᠨ ᠠᠵᠢᠯ ᠢ ᠠᠬᠢᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠷᠢᠭᠤ ᠲᠤᠰᠬᠠᠨ᠎ᠠ︔ᠤᠳᠤᠷᠢᠳᠬᠤ ᠳᠤᠭᠤᠶᠢᠯᠠᠩ ᠤᠨ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠴᠠᠭ ᠠᠭᠤᠷ ᠤᠨ ᠳᠠᠪᠬᠤᠷ | ᠲᠥᠯᠥᠪᠯᠡᠭᠡᠲᠦ ᠡᠳ᠋ ᠤᠨ ᠶᠠᠪᠤᠳᠠᠯ ᠤᠨ ᠪᠠᠲᠤᠯᠠᠭ᠎ᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠣᠷᠣᠨ ᠨᠤᠲᠤᠭ ᠤᠨ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠡᠯᠡ ᠮᠥᠩᠭᠦ ᠶᠢᠨ ᠳᠡᠮᠵᠢᠯᠭᠡ ᠪᠠ ᠵᠠᠰᠠᠭ ᠤᠨ ᠣᠷᠳᠣᠨ ᠤ ᠴᠠᠭ | ᠠᠭᠤᠷ ᠤᠨ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠤᠨ᠂ ᠣᠷᠣᠨ ᠨᠤᠲᠤᠭ ᠤᠨ ᠴᠠᠭ | ᠠᠭᠤᠷ ᠤᠨ ᠦᠢᠯᠡᠰ ᠤᠨ ᠠᠵᠢᠯᠯᠠᠭᠠᠨ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ | ᠵᠠᠷᠤᠳᠠᠯ ᠢ ᠲᠣᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠦᠰᠤᠪ᠃ | ︵ᠭᠤᠷᠪᠠ︶ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ᠃ ᠣᠷᠣᠨ ᠨᠤᠲᠤᠭ ᠤᠨ ᠴᠠᠭ ᠠᠭᠤᠷ ᠤᠨ | ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠠᠭᠤᠷ ᠠᠮᠢᠰᠬᠤᠯ ᠤᠨ ᠡᠬᠢ | ᠪᠠᠶᠠᠯᠢᠭ ᠢ ᠨᠡᠭᠡᠭᠡᠨ ᠠᠰᠢᠭᠯᠠᠬᠤ᠂ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠵᠡᠷᠭᠡ ᠲᠠᠯ᠎ᠠ ᠶᠢᠨ ᠳᠦᠷᠢᠮ | ᠲᠣᠭᠲᠠᠭᠠᠯ ᠪᠤᠶᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠵᠢᠴᠢ ᠲᠤᠤᠱᠯᠠᠭᠤᠯᠤᠨ | ᠬᠡᠷᠡᠭᠵᠢᠭᠦᠯᠬᠦ ᠠᠵᠢᠯ ᠢ ᠲᠦᠯᠬᠢᠨ ᠠᠬᠢᠭᠤᠯᠤᠨ᠎ᠠ᠃ ᠴᠠᠭ ᠠᠭᠤᠷ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ | ᠪᠠ ᠨᠠᠶᠢᠳᠠᠪᠤᠷᠢᠵᠢᠭᠤᠯᠤᠨ ᠬᠡᠷᠡᠭᠯᠡᠬᠦ ᠠᠵᠢᠯ ᠢ ᠴᠢᠩᠭᠠᠳᠬᠠᠨ᠎ᠠ᠃ ᠪᠣᠳᠠᠲᠤ ᠪᠠᠶᠢᠳᠠᠯ ᠢᠶᠠᠨ ᠦᠨᠳᠦᠰᠦᠯᠡᠨ᠂ | ᠬᠤᠳᠠ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠵᠡᠷᠭᠡ ᠠᠭᠤᠯᠭ᠎ᠠ ᠶᠢᠨ | ᠲᠣᠭᠤᠷᠢᠨ ᠳᠤ᠂ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠴᠠᠭ ᠠᠭᠤᠷ ᠤᠨ | ᠬᠤᠯᠪᠣᠭᠳᠠᠯ ᠪᠦᠬᠦᠢ ᠪᠠᠷᠢᠮᠵᠢᠶ᠎ᠠ ᠶᠢ ᠬᠡᠷᠡᠭᠯᠡᠬᠦ ᠶᠢ ᠠᠬᠢᠭᠤᠯᠤᠨ᠎ᠠ᠃ | ︵ᠳᠥᠷᠪᠡ︶ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠨ᠎ᠠ᠃ ᠴᠠᠭ ᠠᠭᠤᠷ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠲᠤᠰᠬᠠᠢ ᠮᠡᠷᠭᠡᠵᠢᠯᠲᠡᠨ ᠤ ᠡᠩᠨᠡᠭᠡᠨ ᠤ | ᠪᠠᠶᠢᠭᠤᠯᠤᠯᠲᠠ ᠶᠢ ᠴᠢᠩᠭᠠᠷᠠᠭᠤᠯᠤᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠤᠰᠬᠠᠢ | ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢ ᠴᠢᠳᠠᠪᠤᠷᠢᠲᠠᠨ ᠤ | ᠢᠨᠵᠧᠨᠧᠷᠢᠩ︵ᠲᠥᠯᠥᠪᠯᠡᠭᠡ︶᠂ ᠰᠢᠨ᠎ᠡ ᠶᠢ ᠡᠭᠦᠳᠬᠦ ᠪᠦᠯᠬᠦᠮ ᠨᠡᠶᠢᠲᠡ᠂ ᠲᠤᠰᠬᠠᠢ ᠮᠡᠷᠭᠡᠵᠢᠯᠲᠡᠨ ᠤ ᠬᠥᠮᠥᠷᠭᠡ ᠶᠢᠨ | ᠰᠢᠯᠢᠨ ᠰᠣᠩᠭᠤᠬᠤ ᠬᠡᠪᠴᠢᠶᠡᠨ ᠳᠤ ᠣᠷᠣᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ᠂ ᠠᠵᠢᠯ ᠤᠨ | ᠪᠠᠶᠢᠷᠢ ᠶᠢᠨ ᠣᠯᠭᠤᠮᠵᠢ᠂ ᠠᠮᠢᠳᠤᠷᠠᠯ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠣᠯᠭᠤᠮᠵᠢ ᠶᠢ | ᠨᠠᠶᠢᠳᠠᠪᠤᠷᠢᠵᠢᠭᠤᠯᠤᠨ᠎ᠠ᠃ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠣᠷᠣᠨ | ᠨᠤᠲᠤᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤᠴᠠᠭ ᠠᠭᠤᠷ ᠬᠢᠭᠡᠳ ᠠᠵᠢᠯ ᠲᠥᠷᠥᠯ ᠤᠨ ᠰᠠᠯᠠᠭ᠎ᠠ | ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠯᠠᠨ ᠬᠦᠷᠢᠶ᠎ᠡ ᠴᠠᠷᠠᠭ᠎ᠠ ᠶᠢᠨ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠠᠮ ᠬᠡᠯᠪᠡᠷᠢ ᠶᠢᠨ ᠴᠠᠭ ᠠᠭᠤᠷ ᠤᠨ ᠴᠢᠳᠠᠪᠤᠷᠢᠲᠠᠨ ᠢ ᠬᠥᠮᠥᠵᠢᠭᠦᠯᠦᠨ᠎ᠡ᠃ | ︵ᠲᠠᠪᠤ︶ ᠠᠵᠢᠯ ᠤᠨ ᠦᠨᠡᠯᠡᠯᠲᠡ ᠶᠢ ᠴᠢᠩᠭᠠᠳᠬᠠᠨ᠎ᠠ᠃ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠴᠠᠭ | ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠠᠮᠢᠶ᠎ᠠ ᠪᠦᠬᠦᠢ ᠠᠵᠢᠯ ᠤᠨ | ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠦᠷ᠎ᠡ | ᠪᠦᠲᠦᠮᠵᠢ ᠶᠢ ᠨᠢ ᠠᠰᠠᠭᠤᠵᠤ᠂ ᠠᠵᠢᠯ ᠤᠨ ᠦᠨᠡᠯᠡᠯᠲᠡ ᠶᠢ ᠴᠢᠩᠭᠠᠷᠠᠭᠤᠯᠤᠨ᠂ ᠴᠠᠭ ᠲᠤᠨᠢ ᠲᠣᠬᠢᠷᠠᠭᠤᠯᠤᠨ | ᠦᠨᠡᠯᠡᠨ ᠵᠢᠱᠢᠬᠦ ᠶᠢ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ | ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | | | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ |