ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠄ ᠡᠪᠡᠰᠦ ᠪᠣᠷᠳᠤᠭ᠎ᠠ ᠶᠢᠨ ᠨᠥᠭᠡᠴᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠮᠠᠯ ᠤᠨ ᠡᠪᠦᠯ ᠢ ᠤᠷᠤᠭᠰᠢᠲᠠᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2023/12/20
     ᠡᠪᠦᠯ ᠣᠷᠣᠭᠰᠠᠨ ᠠᠴᠠ ᠨᠠᠰᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠡᠪᠡᠰᠦ ᠪᠣᠷᠳᠤᠭ᠎ᠠ ᠶᠢ ᠨᠥᠭᠡᠴᠡᠯᠡᠬᠦ ᠠᠵᠢᠯ ᠢ ᠡᠷᠴᠢᠮ ᠲᠠᠢ ᠰᠠᠶᠢᠲᠤᠷ ᠬᠢᠯᠭᠡᠪᠡ᠃ ᠣᠳᠣᠬᠠᠨ ᠳᠤ᠂ ᠨᠣᠭᠤᠭᠠᠨ ᠳᠠᠷᠤᠰᠢᠭᠤᠯᠬᠤ᠂ ᠡᠰᠢ ᠰᠦᠷᠡᠯ᠂ ᠡᠷᠳᠡᠨᠢ ᠰᠢᠰᠢ ᠪᠠᠷ ᠭᠤᠣᠯ ᠪᠣᠯᠭᠠᠭᠰᠠᠨ ᠡᠯ᠎ᠡ ᠲᠥᠷᠥᠯ ᠤᠨ ᠡᠪᠡᠰᠦ ᠪᠣᠷᠳᠤᠭ᠎ᠠ ᠶᠢ ᠨᠢᠭᠡᠨᠲᠡ ᠭᠦᠢᠴᠡᠳ ᠨᠥᠭᠡᠴᠡᠯᠡᠵᠦ᠂ ᠪᠥᠬᠦ ᠬᠤᠰᠢᠭᠤᠨ ᠤ 89 ᠲᠦᠮᠡᠨ ᠲᠣᠯᠣᠭᠠᠢ ᠮᠠᠯ ᠤᠨᠤᠭ᠎ᠠ ᠶᠢᠨ ᠠᠮᠤᠷ ᠲᠦᠪᠰᠢᠨ ᠢᠶᠠᠷ ᠡᠪᠦᠯᠵᠢᠬᠦ ᠳᠤ ︽ᠠᠮᠤ ᠬᠦᠨᠡᠰᠦ︾ ᠶᠢ ᠭᠦᠢᠴᠡᠳ ᠪᠡᠯᠡᠳᠬᠡᠵᠦ ᠪᠠᠶᠢᠨ᠎ᠠ᠃
     ᠡᠨᠡ ᠵᠢᠯ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠳ᠋ᠠᠨᠳᠠᠶ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠴᠢᠶᠣᠤ ᠢᠦᠢ 80 ᠭᠠᠷᠤᠢ ᠦᠬᠡᠷ ᠲᠡᠭᠡᠨ ᠡᠪᠦᠯᠵᠢᠬᠦ ᠡᠪᠡᠰᠦ ᠪᠣᠷᠳᠤᠭ᠎ᠠ ᠶᠢ ᠤᠷᠢᠳᠴᠢᠯᠠᠨ ᠪᠡᠯᠡᠳᠬᠡᠵᠡᠢ᠂ ᠰᠤᠷᠪᠤᠯᠵᠢᠯᠠᠭᠴᠢ ᠲᠡᠭᠦᠨ ᠲᠠᠢ ᠠᠭᠤᠯᠵᠠᠬᠤ ᠦᠶ᠎ᠡ ᠳᠤ᠂ ᠲᠡᠷᠡ ᠶᠠᠭ ᠮᠠᠰᠢᠨ ᠢᠶᠠᠷ ᠡᠪᠡᠰᠦ ᠪᠣᠷᠳᠤᠭ᠎ᠠ ᠪᠣᠯᠪᠠᠰᠤᠷᠠᠭᠤᠯᠵᠤ᠂ ᠬᠡᠮᠬᠡᠵᠦ᠂ ᠬᠤᠳᠬᠤᠵᠤ᠂ ᠨᠢᠭᠡ ᠯᠡ ᠠᠮᠢᠰᠬᠤᠭ᠎ᠠ ᠪᠠᠷ ᠵᠥᠭᠡᠭᠡᠪᠦᠷᠢᠯᠡᠨ ᠬᠦᠷᠭᠡᠵᠦ᠂ ᠡᠨᠡ ᠡᠪᠦᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠭᠠᠮᠰᠢᠭ ᠲᠠᠢ ᠲᠡᠮᠡᠴᠡᠵᠦ ᠮᠠᠯ ᠠᠵᠤ ᠠᠬᠤᠢ ᠪᠠᠨ ᠬᠠᠮᠠᠭᠠᠯᠠᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃      ︽ᠪᠢ 80 ᠭᠠᠷᠤᠢ ᠦᠬᠡᠷ ᠲᠡᠵᠢᠭᠡᠵᠡᠢ᠂ ᠡᠪᠦᠯ ᠣᠷᠣᠬᠤ ᠠᠴᠠ ᠡᠮᠦᠨ᠎ᠡ 270 ᠲᠣᠨ ᠡᠪᠡᠰᠦ᠂ 45 ᠲᠣᠨ ᠪᠣᠷᠳᠤᠭ᠎ᠠ ᠨᠥᠭᠡᠴᠡᠯᠡᠵᠡᠢ᠂ ᠣᠳᠣᠬᠠᠨ ᠳᠤ ᠡᠪᠦᠯ ᠤᠨ ᠤᠯᠠᠷᠢᠯ ᠤᠨ ᠡᠪᠡᠰᠦ ᠪᠣᠷᠳᠤᠭ᠎ᠠ ᠨᠢᠭᠡᠨᠲᠡ ᠭᠦᠢᠴᠡᠴᠢᠬᠡᠨ᠎ᠡ︾ ᠭᠡᠵᠦ ᠴᠢᠶᠣᠤ ᠢᠦᠢ ᠰᠤᠷᠪᠤᠯᠵᠢᠯᠠᠭᠴᠢ ᠳᠤ ᠬᠡᠯᠡᠪᠡ᠃
     ᠡᠪᠡᠰᠦ ᠪᠣᠷᠳᠤᠭ᠎ᠠ ᠶᠢ ᠨᠥᠭᠡᠴᠡᠯᠡᠬᠦ ᠠᠵᠢᠯ ᠨᠢ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠭᠠᠮᠰᠢᠭ ᠲᠠᠢ ᠲᠡᠮᠡᠴᠡᠵᠦ ᠮᠠᠯ ᠠᠵᠤ ᠠᠬᠤᠢ ᠶᠢ ᠬᠠᠮᠠᠭᠠᠯᠠᠬᠤ ᠶᠢᠨ ᠴᠢᠬᠤᠯᠠ ᠵᠠᠩᠭᠢᠯᠠᠭ᠎ᠠ ᠪᠣᠯᠤᠭᠰᠠᠨ ᠪᠠᠶᠢᠨ᠎ᠠ᠃ ᠣᠶᠢᠷ᠎ᠠ ᠳᠤ᠂ ᠴᠠᠰᠤ ᠣᠷᠣᠵᠤ ᠳᠤᠯᠠᠭᠠᠨ ᠤ ᠬᠡᠮᠵᠢᠶ᠎ᠡ ᠪᠠᠭᠤᠷᠠᠭᠰᠠᠨ ᠴᠠᠭ ᠠᠭᠤᠷ ᠤᠨ ᠬᠤᠪᠢᠷᠠᠯᠲᠠ ᠠᠴᠠ ᠪᠣᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤ ᠴᠠᠭ ᠲᠤᠬᠠᠢ ᠳᠤᠨᠢ ᠠᠵᠢᠯᠲᠠᠨ ᠢᠶᠠᠨ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠤ ᠪᠠᠨ ᠲᠡᠵᠢᠭᠡᠨ ᠦᠷᠡᠵᠢᠭᠦᠯᠬᠦ ᠡᠷᠦᠬᠡ ᠳᠤ ᠭᠦᠨᠵᠡᠭᠡᠶᠢᠷᠡᠨ ᠡᠪᠡᠰᠦ ᠪᠣᠷᠳᠤᠭ᠎ᠠ ᠶᠢᠨ ᠨᠥᠭᠡᠴᠡ᠂ ᠳᠤᠯᠠᠭᠠᠨ ᠴᠠᠭᠠᠷᠢᠭ ᠤᠨ ᠢᠵᠢ ᠪᠦᠷᠢᠳᠦᠭᠰᠡᠨ ᠲᠥᠬᠦᠭᠡᠷᠦᠮᠵᠢ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠵᠢᠯᠤᠭᠤᠳᠬᠤ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠶᠢ ᠤᠬᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢ ᠬᠠᠪᠰᠤᠷᠤᠨ ᠬᠦᠴᠢᠷ ᠠᠰᠠᠭᠤᠳᠠᠯ ᠢ  ᠨᠢ ᠰᠢᠢᠳᠪᠦᠷᠢᠯᠡᠵᠦ᠂ ᠮᠠᠯ ᠤᠨᠤᠭ᠎ᠠ ᠶᠢᠨ ᠠᠮᠤᠷ ᠲᠦᠪᠰᠢᠨ ᠢᠶᠠᠷ ᠡᠪᠦᠯᠵᠢᠬᠦ ᠶᠢ ᠬᠠᠮᠠᠭᠠᠯᠠᠵᠤ ᠪᠠᠶᠢᠨ᠎ᠠ᠃
     ᠪᠠᠶᠠᠨᠴᠠᠭᠠᠨ ᠪᠠᠯᠭᠠᠰᠤᠨ ᠤ ᠳᠡᠳ᠋ ᠳᠠᠷᠤᠭ᠎ᠠ ᠰᠦᠨ ᠴᠢᠶᠠᠩ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠄ ᠪᠢᠳᠡ ᠡᠪᠦᠯ ᠣᠷᠣᠬᠤ ᠠᠴᠠ ᠡᠮᠦᠨ᠎ᠡ ᠬᠠᠷᠢᠶᠠᠲᠤ ᠣᠷᠣᠨ ᠤ ᠪᠠᠨ ᠲᠡᠵᠢᠭᠡᠨ ᠦᠷᠡᠵᠢᠭᠦᠯᠬᠦ ᠡᠷᠦᠬᠡ ᠶᠢᠨ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢᠨ ᠪᠠᠶᠢᠳᠠᠯ ᠤᠨ ᠲᠤᠬᠠᠢ ᠪᠠᠶᠢᠳᠠᠯ ᠢ ᠣᠶᠢᠯᠠᠭᠠᠨ ᠪᠦᠷᠢᠳᠬᠡᠵᠦ᠂ ᠴᠠᠭ ᠠᠭᠤᠷ ᠤᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠢ ᠳᠤᠨᠢ ᠮᠥᠷᠳᠡᠨ ᠳᠠᠭᠠᠵᠤ᠂ ᠶᠡᠭᠡ ᠴᠠᠰᠤ ᠮᠥᠰᠥᠲᠦᠬᠦ ᠵᠡᠷᠭᠡ ᠣᠨᠴᠠᠭᠠᠶ ᠴᠠᠭ ᠠᠭᠤᠷ ᠢ ᠠᠷᠭᠠᠴᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠲᠡᠵᠢᠭᠡᠨ ᠦᠷᠡᠵᠢᠭᠦᠯᠬᠦ ᠡᠷᠦᠬᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢ ᠵᠦᠢ ᠵᠣᠬᠢᠰᠲᠠᠢ ᠲᠣᠬᠢᠷᠠᠭᠤᠯᠵᠤ᠂ ᠡᠪᠡᠰᠦ ᠪᠣᠷᠳᠤᠭ᠎ᠠ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠲᠡᠵᠢᠭᠡᠨ ᠦᠷᠡᠵᠢᠭᠦᠯᠬᠦ ᠡᠷᠦᠬᠡ ᠶᠢ ᠲᠣᠭᠲᠠᠭᠤᠨ ᠪᠥᠭᠡᠳ ᠤᠷᠤᠭᠰᠢᠲᠠᠢ ᠡᠪᠦᠯᠵᠢᠭᠦᠯᠪᠡ᠃      ᠥᠷᠭᠡᠨ ᠣᠯᠠᠨ ᠮᠠᠯᠴᠢᠨ ᠲᠠᠷᠢᠶᠠᠴᠢᠨ ᠤ ᠡᠪᠦᠯᠵᠢᠬᠦ ᠡᠪᠡᠰᠦ ᠪᠣᠷᠳᠤᠭ᠎ᠠ ᠨᠥᠭᠡᠴᠡᠯᠡᠬᠦ ᠬᠡᠷᠡᠭᠴᠡᠭᠡ ᠶᠢ ᠦᠨᠡᠨ ᠬᠦ ᠪᠠᠲᠤᠯᠠᠬᠤ ᠪᠠ ᠬᠠᠩᠭᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠡᠪᠡᠰᠦ ᠪᠣᠷᠳᠤᠭ᠎ᠠ ᠶᠢ ᠨᠥᠭᠡᠴᠡᠯᠡᠬᠦ ᠪᠠ ᠰᠢᠯᠵᠢᠭᠦᠯᠦᠨ ᠵᠥᠭᠡᠭᠡᠪᠦᠷᠢᠯᠡᠬᠦ ᠶᠢ ᠮᠠᠯ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠨᠥᠭᠡᠴᠡᠯᠡᠬᠦ ᠡᠷᠴᠢᠮ ᠢᠶᠠᠨ ᠴᠢᠩᠭᠠᠷᠠᠭᠤᠯᠵᠤ᠂ ᠣᠲᠣ ᠪᠣᠯᠲᠠᠯ᠎ᠠ ᠨᠢᠭᠡᠨᠲᠡ 29.1 ᠲᠦᠮᠡᠨ ᠲᠣᠨ ᠡᠪᠡᠰᠦ ᠪᠣᠷᠳᠤᠭ᠎ᠠ ᠶᠢ ᠰᠢᠯᠵᠢᠭᠦᠯᠦᠨ ᠵᠥᠭᠡᠭᠡᠪᠦᠷᠢᠯᠡᠵᠦ᠂ ᠪᠥᠬᠦ ᠬᠤᠰᠢᠭᠤᠨ ᠤ ᠬᠢᠨ ᠨᠡᠶᠢᠲᠡ 46.6 ᠲᠦᠮᠡᠨ ᠲᠣᠨ ᠡᠪᠡᠰᠦ ᠪᠣᠷᠳᠤᠭ᠎ᠠ ᠨᠥᠭᠡᠴᠡᠯᠡᠵᠦ᠂ ᠮᠠᠯ ᠤᠨᠤᠭ᠎ᠠ ᠶᠢᠨ ᠡᠪᠦᠯ ᠬᠠᠪᠤᠷ ᠢ ᠤᠷᠤᠭᠰᠢᠲᠠᠢ ᠥᠩᠭᠡᠷᠡᠭᠦᠯᠬᠦ ᠶᠢ ᠪᠠᠲᠤᠯᠠᠭᠰᠠᠨ ᠪᠠᠶᠢᠨ᠎ᠠ᠃                          ᠵᠣᠬᠢᠶᠠᠭᠴᠢ᠄ ᠰᠤᠷᠪᠤᠯᠵᠢᠯᠠᠭᠴᠢ᠄ ᠭᠦᠸᠧ ᡁᠢ ᠴᠢᠶᠠᠩ                          ᠴᠢᠮᠡᠭᠡᠯᠡᠭᠴᠢ᠄ ᠨᠠᠷᠬᠢᠯ                         ᠤᠷᠴᠢᠭᠤᠯᠤᠭᠴᠢ᠄ ᠰᠤᠷᠤᠨ᠎ᠠ                         ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号