ᠵᠣᠨ ᠤ ᠤᠯᠠᠷᠢᠯ ᠪᠣᠯ ︽ᠨᠢᠳᠦ ᠤᠯᠠᠶᠢᠬᠤ ᠡᠪᠡᠳᠴᠢᠨ︾ ᠣᠯᠠᠨ ᠡᠭᠦᠰᠳᠡᠭ ᠤᠯᠠᠷᠢᠯ ᠮᠥᠨ᠃ | ᠡᠪᠡᠳᠴᠢᠲᠡᠨ ᠭᠠᠯ ᠤᠯᠠᠭᠠᠨ ᠬᠤᠶᠠᠷ ᠨᠢᠳᠦ ᠪᠠᠨ ᠲᠤᠯᠵᠤ ᠡᠮᠨᠡᠭᠦᠯᠬᠦ ᠳᠤ᠂ ︽ᠪᠢ ᠡᠨᠡ ᠬᠡᠳᠦᠨ ᠡᠳᠦᠷ ᠶᠠᠭᠤ ᠴᠤ | ᠣᠯᠵᠤ ᠦᠵᠡᠭᠰᠡᠨ ᠦᠭᠡᠢ᠂ ᠶᠠᠭᠠᠬᠢᠭᠠᠳ ︿ᠤᠯᠠᠭᠠᠨ ᠨᠢᠳᠦ﹀ ᠪᠣᠯᠴᠢᠬᠠᠭᠰᠠᠨ ᠪᠤᠶ︖︾ ᠭᠡᠵᠦ ᠦᠷᠭᠦᠯᠵᠢ | ᠰᠡᠵᠢᠭᠯᠡᠳᠡᠭ ᠪᠠᠶᠢᠪᠠ᠃ ︽ᠪᠢ ᠡᠨᠡ ᠬᠡᠳᠦᠨ ᠡᠳᠦᠷ ᠶᠠᠭᠤ ᠴᠤ ᠣᠯᠵᠤ ᠦᠵᠡᠭᠰᠡᠨ ᠦᠭᠡᠢ᠂ ᠶᠠᠭᠠᠬᠢᠭᠠᠳ ︿ | ᠤᠯᠠᠭᠠᠨ ᠨᠢᠳᠦ﹀ ᠪᠣᠯᠴᠢᠬᠠᠭᠰᠠᠨ ᠪᠤᠶ︖︾ ᠭᠡᠵᠦ ᠠᠰᠠᠭᠤᠳᠠᠭ᠃ | ᠨᠢᠳᠦ ᠡᠷᠦᠢ ᠬᠤᠷᠤᠢ ᠦᠭᠡᠢ ᠦᠵᠡᠭᠰᠡᠨ ᠳᠤ ᠭᠤᠮᠣᠳᠠᠬᠤ ᠦᠭᠡᠢ᠂ ᠪᠤᠵᠠᠷ ᠭᠠᠷ ᠢᠶᠠᠷ ᠢᠶᠠᠨ | ᠨᠤᠬᠤᠯᠠᠭᠰᠠᠨ ᠳᠤ ᠭᠤᠮᠤᠳᠠᠨ᠎ᠠ | ᠦᠨᠡᠨ ᠳᠡᠭᠡᠨ ᠠᠷᠠᠳ ᠢᠷᠭᠡᠳ ᠤᠨ ᠬᠡᠯᠡᠳᠡᠭ ︽ᠨᠢᠳᠦ ᠤᠯᠠᠶᠢᠬᠤ︾ ᠪᠤᠶᠤ ︽ᠨᠢᠳᠦ ᠤᠯᠠᠶᠢᠬᠤ | ᠡᠪᠡᠳᠴᠢᠨ︾ ᠭᠡᠳᠡᠭ ᠨᠢ ᠶᠡᠷᠦ ᠳᠡᠭᠡᠨ ᠬᠠᠯᠳᠠᠪᠤᠷᠢᠲᠤ ᠴᠢᠨᠠᠷᠲᠠᠢ ᠲᠦᠷᠭᠡᠨ ᠴᠢᠨᠠᠷᠲᠠᠢ ᠨᠡᠶᠢᠯᠡᠮᠡᠯ ᠪᠦᠷᠬᠦᠪᠴᠢ ᠶᠢᠨ | ᠦᠷᠪᠢᠰᠦᠯ ᠢ ᠵᠢᠭᠠᠵᠤ ᠪᠣᠶ᠂ ᠵᠣᠨ ᠤ ᠤᠯᠠᠷᠢᠯ ᠳᠤ ᠥᠷᠭᠡᠨ ᠢᠶᠠᠷ ᠲᠠᠷᠬᠠᠵᠤ ᠪᠠᠶᠢᠭ᠎ᠠ ᠨᠢ ᠭᠤᠣᠯᠳᠠᠭᠤ ᠸᠢᠷᠦ᠋ᠰ ᠤᠨ | ᠴᠢᠨᠠᠷᠲᠠᠢ ᠨᠡᠶᠢᠯᠡᠮᠡᠯ ᠪᠦᠷᠬᠦᠪᠴᠢ ᠶᠢᠨ ᠦᠷᠪᠢᠰᠦᠯ ᠪᠣᠯᠣᠨ᠎ᠠ᠃ᠬᠤᠶᠠᠷ ᠨᠢᠳᠦ ᠨᠢ ᠨᠡᠩ ᠣᠯᠠᠨ ᠲᠣᠬᠢᠶᠠᠯᠳᠤᠨ᠎ᠠ᠂ | ᠬᠠᠮᠲᠤ ᠳᠤᠨᠢ ᠪᠤᠶᠤ ᠤᠷᠢᠳ ᠬᠤᠵᠢᠳ ᠡᠪᠡᠳᠴᠢᠯᠡᠨ᠎ᠡ᠂ ᠦᠷᠭᠦᠯᠵᠢ ᠲᠣᠬᠢᠶᠠᠯᠳᠤᠬᠤ ᠢᠯᠡᠷᠡᠯ ᠨᠢ ᠨᠢᠳᠦ ᠤᠯᠠᠶᠢᠬᠤ᠂ | ᠨᠢᠳᠦ ᠵᠠᠭᠠᠲᠤᠨᠠᠬᠤ᠂ ᠰᠡᠳᠦᠯᠲᠡ ᠥᠭᠬᠦ ᠵᠢᠴᠢ ᠶᠡᠭᠡ ᠬᠡᠮᠵᠢᠶᠡᠨ ᠤ ᠡᠭᠡᠳᠡᠩ ᠰᠢᠩᠭᠡᠨ ᠤ ᠴᠢᠨᠠᠷᠲᠠᠢ ᠰᠢᠭᠦᠷᠡᠳᠡᠰᠦ ᠶᠢ | ᠰᠡᠷᠡᠵᠦ ᠮᠡᠳᠡᠨ᠎ᠡ᠃ | ᠡᠳᠡᠭᠡᠷ ᠰᠢᠭᠦᠷᠡᠳᠡᠰᠦ ᠨᠢ ᠴᠢᠪ ᠬᠡᠮᠡᠨ ︽ᠨᠢᠳᠦ ᠤᠯᠠᠶᠢᠬᠤ ᠡᠪᠡᠳᠴᠢᠨ︾ ᠤ ᠬᠠᠯᠳᠠᠪᠤᠷᠢᠯᠠᠯ ᠤᠨ ᠴᠢᠬᠤᠯᠠ | ᠡᠬᠢ ᠰᠤᠷᠪᠤᠯᠵᠢ ᠪᠣᠯᠣᠨ᠎ᠠ᠃ᠲᠦᠷᠭᠡᠨ ᠴᠢᠨᠠᠷᠲᠠᠢ ᠸᠢᠷᠦ᠋ᠰ ᠤᠨ ᠴᠢᠨᠠᠷᠲᠠᠢ ᠨᠡᠶᠢᠯᠡᠮᠡᠯ ᠪᠦᠷᠬᠦᠪᠴᠢ ᠶᠢᠨ ᠦᠷᠪᠢᠰᠦᠯ ᠨᠢ | ᠭᠤᠣᠯᠳᠠᠭᠤ ᠬᠦᠷᠦᠯᠴᠡᠬᠦ ᠪᠠᠷ ᠳᠠᠮᠵᠢᠨ ᠲᠠᠷᠬᠠᠵᠤ᠂ ᠡᠪᠡᠳᠴᠢᠲᠡᠨ ᠤ ᠨᠢᠳᠦᠨ ᠤ ᠬᠡᠰᠡᠭ ᠲᠤ ᠰᠢᠭᠤᠳ ᠬᠦᠷᠦᠯᠴᠡᠬᠦ | ᠪᠤᠶᠤ ᠪᠣᠬᠢᠷᠲᠤᠯ ᠪᠣᠳᠠᠰ ᠲᠠᠢ ᠳᠠᠮ ᠢᠶᠠᠷ ᠬᠦᠷᠦᠯᠴᠡᠪᠡᠯ ᠪᠦᠷ ᠸᠢᠷᠦ᠋ᠰ ᠤᠨ ᠬᠠᠯᠳᠠᠪᠤᠷᠢᠯᠠᠯ ᠢ ᠡᠭᠦᠰᠬᠡᠵᠦ ᠮᠡᠳᠡᠨ᠎ᠡ᠃ | ᠡᠶᠢᠮᠦ ᠠᠴᠠ ︽ᠨᠢᠳᠦ ᠤᠯᠠᠶᠢᠬᠤ ᠡᠪᠡᠳᠴᠢᠨ︾ ᠨᠢ ᠬᠥᠮᠥᠰ ᠤᠨ ᠦᠵᠡᠵᠦ ᠪᠣᠯᠬᠤ ᠦᠭᠡᠢ ᠶᠠᠭᠤᠮ᠎ᠠ ᠶᠢ ᠦᠵᠡᠭᠰᠡᠨ | ᠪᠤᠶᠤ ᠪᠤᠰᠤᠳ ᠤᠨ ︽ᠨᠢᠳᠦ ᠤᠯᠠᠶᠢᠬᠤ ᠡᠪᠡᠳᠴᠢᠨ︾ ᠢ ᠣᠯᠵᠤ ᠦᠵᠡᠭᠰᠡᠨ ᠠᠴᠠ ᠪᠣᠯᠤᠭᠰᠠᠨ ᠪᠢᠰᠢ ᠶᠤᠮ᠃ᠪᠤᠵᠠᠷ | ᠭᠠᠷ ᠢᠶᠠᠷ ᠢᠶᠠᠨ ᠬᠤᠶᠠᠷ ᠨᠢᠳᠦ ᠪᠠᠨ ᠢᠯᠪᠢᠬᠦ ᠪᠣᠯ ᠡᠪᠡᠳᠴᠢᠨ ᠣᠯᠣᠭᠰᠠᠨ ᠤ ᠭᠤᠣᠯ ᠰᠢᠯᠲᠠᠭᠠᠨ ᠪᠣᠯᠣᠨ᠎ᠠ᠃ | ᠨᠠᠷᠠᠨ ᠤ ᠰᠢᠯ ᠨᠢᠳᠦ ᠤᠯᠠᠶᠢᠬᠤ ᠶᠢ ᠰᠡᠷᠭᠡᠶᠢᠯᠡᠬᠦ ᠦᠭᠡᠢ᠂ ᠤᠰᠤᠨ ᠳᠤ ᠤᠮᠪᠠᠭ᠋ᠤ ᠳᠤ ᠰᠢᠯ ᠵᠡᠭᠦᠬᠦ ᠬᠡᠷᠡᠭᠲᠡᠢ | ᠬᠥᠮᠥᠨ ᠤ ᠰᠠᠨᠠᠭᠠᠨ ᠠᠴᠠ ᠭᠠᠳᠠᠭᠤᠷ ᠨᠢ᠂ ᠨᠠᠷᠠᠨ ᠤ ᠰᠢᠯ ᠵᠡᠭᠦᠪᠡᠯ ︽ᠨᠢᠳᠦ ᠤᠯᠠᠶᠢᠬᠤ ᠡᠪᠡᠳᠴᠢᠨ︾ ᠤ | ᠲᠠᠷᠬᠠᠯᠲᠠ ᠶᠢ ᠬᠤᠷᠢᠭᠯᠠᠵᠤ ᠳᠡᠶᠢᠯᠬᠦ ᠦᠭᠡᠢ᠂ ᠭᠡᠪᠡᠴᠦ ᠤᠮᠪᠠᠯᠲᠠ ᠶᠢᠨ ᠨᠢᠳᠦᠨ ᠰᠢᠯ ᠢ ᠵᠥᠪ ᠵᠡᠭᠦᠪᠡᠯ ᠬᠠᠷᠢᠨ | ᠲᠠᠷᠬᠠᠯᠲᠠ ᠶᠢ ᠬᠤᠷᠢᠭᠯᠠᠬᠤ ᠦᠢᠯᠡᠳᠦᠯ ᠲᠠᠢ ᠶᠤᠮ᠃ᠤᠴᠢᠷ ᠨᠢ ᠪᠤᠵᠠᠷ ᠭᠠᠷ ᠢᠶᠠᠷ ᠢᠶᠠᠨ ᠨᠢᠳᠦ ᠪᠠᠨ | ᠨᠤᠬᠤᠯᠠᠬᠤ ᠠᠴᠠ ᠭᠠᠳᠠᠨ᠎ᠠ᠂ ᠬᠢᠵᠢᠭ ᠲᠠᠢ ᠤᠰᠤᠨ ᠳᠤ ᠬᠦᠷᠦᠯᠴᠡᠬᠦ ᠨᠢ ᠪᠠᠰᠠ︽ᠨᠢᠳᠦ ᠤᠯᠠᠶᠢᠬᠤ ᠡᠪᠡᠳᠴᠢᠨ︾ ᠤ | ᠭᠤᠣᠯ ᠰᠢᠯᠲᠠᠭᠠᠨ ᠤ ᠨᠢᠭᠡ ᠪᠣᠯᠣᠨ᠎ᠠ᠃ᠬᠡᠷᠪᠡ ᠤᠮᠪᠠᠯᠲᠠ ᠶᠢᠨ ᠲᠠᠲᠠᠭᠠᠯ ᠤᠨ ᠤᠰᠤ ᠸᠢᠷᠦ᠋ᠰ ᠲᠤ ᠪᠣᠬᠢᠷᠲᠤᠪᠠᠯ᠂ | ᠬᠠᠯᠳᠠᠪᠤᠷᠢᠯᠠᠭᠳᠠᠬᠤ ᠨᠢ ᠵᠠᠶᠢᠯᠠᠰᠢ ᠦᠭᠡᠢ ᠶᠤᠮ᠃ᠤᠮᠪᠠᠯᠲᠠ ᠶᠢᠨ ᠨᠢᠳᠦᠨ ᠰᠢᠯ ᠢ ᠵᠥᠪ ᠣᠨᠣᠪᠴᠢᠲᠠᠶ ᠵᠡᠭᠦᠪᠡᠯ | ᠴᠥᠭᠦᠷᠥᠮ ᠤᠨ ᠤᠰᠤ ᠨᠢᠳᠦᠨ ᠴᠡᠴᠡᠭᠡᠢ ᠲᠠᠢ ᠰᠢᠭᠤᠳ ᠬᠦᠷᠦᠯᠴᠡᠬᠦ ᠠᠴᠠ ᠵᠠᠶᠢᠯᠠᠰᠬᠢᠵᠦ ᠴᠢᠳᠠᠨ᠎ᠠ᠂ ᠡᠶᠢᠮᠦ ᠠᠴᠠ | ᠬᠠᠯᠳᠠᠪᠤᠷᠢᠯᠠᠯ ᠢ ᠰᠡᠷᠭᠡᠶᠢᠯᠡᠬᠦ ᠪᠠ ᠬᠠᠯᠳᠠᠪᠤᠷᠢᠯᠠᠯ ᠢ ᠰᠡᠷᠭᠡᠶᠢᠯᠡᠬᠦ ᠦᠢᠯᠡᠳᠦᠯ ᠲᠠᠢ ᠶᠤᠮ᠃ᠪᠠᠶᠢᠭᠠᠯᠢ ᠶᠢᠨ ᠤᠰᠤᠨ | ᠳᠣᠲᠣᠷ᠎ᠠ ᠬᠡᠭᠡᠷ᠎ᠡ ᠤᠮᠪᠠᠭ᠋ᠤ ᠦᠭᠡᠢ᠂ ᠠᠷᠢᠭᠤᠳᠬᠠᠭᠠᠳ ᠬᠢᠷᠢ ᠲᠡᠩᠴᠡᠭᠰᠡᠨ ᠵᠢᠩᠬᠢᠨᠢ ᠤᠮᠪᠠᠯᠲᠠ ᠶᠢᠨ ᠲᠠᠲᠠᠭᠠᠯ ᠢ | ᠰᠣᠩᠭᠤᠬᠤ᠂ ᠤᠮᠪᠠᠭ᠋ᠤ ᠦᠶ᠎ᠡ ᠳᠤ ᠨᠢᠭᠤᠴᠠᠭᠠᠢ ᠨᠢᠳᠦᠨ ᠰᠢᠯ ᠵᠡᠭᠦᠬᠦ ᠦᠭᠡᠢ ᠵᠡᠷᠭᠡ ᠨᠢ ᠪᠦᠷ ᠢᠳᠡᠪᠬᠢᠲᠡᠢ ᠪᠥᠭᠡᠳ | ᠪᠦᠲᠦᠮᠵᠢᠲᠡᠶ ᠰᠡᠷᠭᠡᠶᠢᠯᠡᠬᠦ ᠠᠷᠭ᠎ᠠ ᠬᠡᠮᠵᠢᠶ᠎ᠡ ᠪᠣᠯᠣᠨ᠎ᠠ᠃ | ᠵᠤᠨ ᠤ ᠴᠠᠭ ᠲᠤ ᠨᠠᠷᠠᠨ ᠤ ᠰᠢᠯ ᠵᠡᠭᠦᠪᠡᠯ ︽ᠨᠢᠳᠦ ᠤᠯᠠᠶᠢᠬᠤ ᠡᠪᠡᠳᠴᠢᠨ︾ ᠤ ᠲᠠᠷᠬᠠᠯᠲᠠ ᠶᠢ ᠬᠤᠷᠢᠭᠯᠠᠵᠤ | ᠳᠡᠶᠢᠯᠬᠦ ᠦᠭᠡᠢ ᠪᠣᠯᠪᠠᠴᠤ ᠪᠠᠰᠠ ᠯᠠ ᠡᠪᠡᠳᠴᠢᠲᠡᠨ ᠤ ᠭᠡᠷᠡᠯ ᠠᠴᠠ ᠠᠶᠤᠬᠤ ᠡᠪᠡᠳᠴᠢᠨ ᠤ ᠢᠯᠡᠷᠡᠯ ᠢ | ᠨᠠᠮᠳᠠᠭᠠᠬᠤ ᠠᠴᠠ ᠪᠢᠰᠢ ᠥᠴᠥᠬᠡᠨ ᠴᠦ ᠲᠤᠰᠠ ᠦᠭᠡᠢ ᠪᠢᠰᠢ ᠶᠤᠮ᠃ᠭᠡᠬᠦ ᠳᠡᠭᠡᠨ ᠭᠤᠣᠯ ᠪᠣᠯᠬᠤ ᠡᠮᠨᠡᠨ ᠵᠠᠰᠠᠬᠤ | ᠠᠷᠭ᠎ᠠ ᠪᠣᠯ ᠨᠢᠳᠦᠨ ᠤ ᠰᠠᠯᠠᠭᠠᠨ ᠤ ᠡᠮᠴᠢ ᠶᠢᠨ ᠵᠢᠯᠣᠭᠤᠳᠤᠯᠭ᠎ᠠ ᠳᠣᠣᠷ᠎ᠠ ᠨᠢᠳᠦᠨ ᠤ ᠬᠠᠨᠳᠠ ᠡᠮ᠂ ᠨᠢᠳᠦᠨ ᠤ | ᠤᠰᠤᠨ ᠡᠮ ᠢ ᠵᠥᠪ ᠬᠡᠷᠡᠭᠯᠡᠨ᠎ᠡ᠂ ᠨᠢᠭᠡ ᠲᠠᠯ᠎ᠠ ᠪᠠᠷ ᠡᠪᠡᠳᠴᠢᠲᠡᠨ ᠴᠠᠭ ᠲᠤᠬᠠᠢ ᠳᠤᠨᠢ ᠡᠮᠨᠡᠭᠦᠯᠵᠦ᠂ ᠨᠥᠭᠦᠭᠡ | ᠲᠠᠯ᠎ᠠ ᠪᠠᠷ ᠢᠳᠡᠪᠬᠢᠲᠡᠢ ᠡᠮᠨᠡᠨ ᠵᠠᠰᠠᠨ᠎ᠠ᠂ ᠬᠡᠷᠪᠡ ᠡᠪᠡᠳᠴᠢᠲᠡᠨ ᠢᠯᠭᠤᠮ ᠡᠷᠡᠭᠦᠯᠵᠢᠵᠦ᠂ ᠡᠪᠡᠳᠴᠢᠨ ᠤ ᠶᠠᠪᠤᠴᠠ ᠨᠢ | ᠪᠠᠷᠤᠭ 2 ᠭᠠᠷᠠᠭ ᠦᠷᠭᠦᠯᠵᠢᠯᠡᠨ᠎ᠡ᠃ | ᠨᠢᠭᠤᠭᠳᠠᠮᠠᠯ ᠬᠤᠭᠤᠴᠠᠭ᠎ᠠ ᠶᠢ ᠰᠡᠷᠭᠡᠶᠢᠯᠡᠬᠦ ᠳᠤ ᠵᠥᠪ ᠣᠨᠣᠪᠴᠢᠲᠠᠢ ᠰᠡᠷᠭᠡᠶᠢᠯᠡᠨ ᠵᠠᠰᠠᠬᠤ ᠪᠣᠯ ᠵᠠᠩᠭᠢᠯᠠᠭ᠎ᠠ | ᠪᠣᠯᠣᠨ᠎ᠠ | ᠵᠠᠷᠢᠮ ᠡᠪᠡᠳᠴᠢᠲᠡᠨ ᠶᠡᠷᠦ ᠨᠢ ᠡᠪᠡᠳᠴᠢᠨ ᠬᠥᠳᠡᠯᠬᠦ ᠠᠴᠠ ᠬᠤᠶᠠᠷ ᠡᠳᠦᠷ ᠤᠨ ᠡᠮᠦᠨ᠎ᠡ︽ᠦᠨᠡᠨᠴᠢ | ᠰᠢᠳᠤᠷᠭᠤ︾᠂ ᠥᠴᠥᠬᠡᠨ ᠴᠦ ᠬᠠᠯᠳᠠᠪᠤᠷᠢᠯᠠᠭᠳᠠᠬᠤ ᠪᠣᠯᠣᠯᠴᠠᠭ᠎ᠠ ᠦᠭᠡᠢ ᠭᠡᠵᠦ ᠪᠣᠳᠣᠳᠠᠭ ᠠᠴᠠ ᠬᠠᠯᠳᠠᠪᠤᠷᠢᠯᠠᠯ ᠤᠨ | ᠴᠠᠭ ᠬᠤᠭᠤᠴᠠᠭ᠎ᠠ ᠶᠢ ᠪᠣᠳᠣᠳᠠᠭ᠃ᠦᠨᠡᠨ ᠳᠡᠭᠡᠨ ᠡᠪᠡᠳᠴᠢᠯᠡᠬᠦ ᠠᠴᠠ ᠡᠮᠦᠨ᠎ᠡ ᠨᠠᠷᠢᠨ ᠨᠢᠭᠲᠠ ᠮᠥᠷᠳᠡᠬᠦ | ᠴᠢᠬᠤᠯᠠᠲᠠᠢ ᠰᠡᠵᠢᠭᠯᠡᠯᠲᠡᠢ ᠬᠠᠯᠳᠠᠪᠤᠷᠢᠯᠠᠯ ᠤᠨ ᠴᠠᠭ ᠨᠢ ᠣᠯᠠᠨ ᠤ ᠰᠡᠳᠬᠢᠴᠡ ᠶᠢᠨ ᠵᠢᠱᠢᠯᠲᠡ ᠠᠴᠠ ᠬᠤᠯᠠ | ᠳᠠᠪᠠᠭᠰᠠᠨ ᠪᠠᠶᠢᠳᠠᠭ᠃︽ᠨᠢᠳᠦ ᠤᠯᠠᠶᠢᠬᠤ ᠡᠪᠡᠳᠴᠢᠨ︾ ᠡᠭᠦᠰᠬᠡᠭᠰᠡᠨ ᠸᠢᠷᠦ᠋ᠰ ᠤᠨ ᠬᠠᠯᠳᠠᠪᠤᠷᠢᠯᠠᠯ ᠤᠨ | ᠨᠢᠭᠤᠭᠳᠠᠮᠠᠯ ᠬᠤᠭᠤᠴᠠᠭ᠎ᠠ ᠨᠢ 5 ᠡᠳᠦᠷ ᠠᠴᠠ 14 ᠡᠳᠦᠷ ᠪᠠᠶᠢᠵᠤ ᠪᠣᠯᠣᠨ᠎ᠠ᠃ᠡᠪᠡᠳᠴᠢᠯᠡᠭᠰᠡᠨ ᠤ ᠳᠠᠷᠠᠭᠠᠬᠢ | ᠡᠬᠢᠨ ᠤ ᠬᠡᠳᠦᠨ ᠡᠳᠦᠷ ᠲᠤ ᠬᠠᠯᠳᠠᠪᠤᠷᠢᠯᠠᠬᠤ ᠴᠢᠨᠠᠷ ᠢᠶᠠᠷ ᠬᠠᠮᠤᠭ ᠤᠨ ᠴᠢᠩᠭ᠎ᠠ ᠪᠠᠶᠢᠵᠤ᠂ ᠨᠢᠭᠡ ᠭᠡᠷ ᠢᠶᠠᠷ ᠢᠶᠠᠨ | ᠬᠠᠷᠢᠯᠴᠠᠨ ᠬᠠᠯᠳᠠᠪᠤᠷᠢᠯᠠᠬᠤ ᠪᠠᠶᠢᠳᠠᠯ ᠦᠷᠭᠦᠯᠵᠢ ᠲᠣᠬᠢᠶᠠᠯᠳᠤᠳᠠᠭ᠂ ᠡᠶᠢᠮᠦ ᠠᠴᠠ ᠬᠠᠮᠲᠤ ᠠᠮᠢᠳᠤᠷᠠᠵᠤ ᠪᠠᠶᠢᠭ᠎ᠠ | ᠬᠥᠮᠥᠰ ᠠᠯᠴᠢᠭᠤᠷ᠂ ᠳᠡᠷᠡ ᠶᠢᠨ ᠠᠯᠴᠢᠭᠤᠷ ᠵᠢᠴᠢ ᠨᠢᠳᠦᠨ ᠤ ᠬᠡᠰᠡᠭ ᠤᠨ ᠡᠮ ᠢ ᠬᠠᠮᠲᠤ ᠪᠠᠷ ᠬᠡᠷᠡᠭᠯᠡᠵᠦ ᠪᠣᠯᠬᠤ | ᠦᠭᠡᠢ᠂ ᠡᠪᠡᠳᠴᠢᠲᠡᠨ ᠤ ᠨᠢᠳᠦᠨ ᠤ ᠬᠡᠰᠡᠭ ᠪᠠ ᠰᠢᠭᠦᠷᠡᠳᠡᠰᠦ ᠲᠠᠢ ᠬᠦᠷᠦᠯᠴᠡᠬᠦ ᠠᠴᠠ ᠵᠠᠶᠢᠯᠠᠰᠬᠢᠨ᠎ᠡ᠂ ᠬᠡᠷᠪᠡ | ᠬᠦᠷᠦᠯᠴᠡᠪᠡᠯ ᠴᠠᠭ ᠲᠤᠬᠠᠢ ᠳᠤᠨᠢ ᠭᠠᠷ ᠢᠶᠠᠨ ᠤᠬᠢᠶᠠᠬᠤ ᠬᠡᠷᠡᠭᠲᠡᠢ᠃ᠡᠪᠡᠳᠴᠢᠯᠡᠭᠰᠡᠨ ᠬᠤᠭᠤᠴᠠᠭᠠᠨ ᠳᠤ᠂ | ᠢᠯᠠᠩᠭᠤᠶ᠎ᠠ ᠲᠦᠷᠭᠡᠨ ᠴᠢᠨᠠᠷᠲᠠᠢ ᠬᠤᠭᠤᠴᠠᠭᠠᠨ ᠳᠤ ᠬᠡᠦᠬᠡᠳ ᠭᠠᠳᠠᠭᠰᠢ ᠭᠠᠷᠬᠤ ᠠᠴᠠ ᠵᠠᠶᠢᠯᠠᠰᠬᠢᠵᠦ᠂ | ᠡᠪᠡᠳᠴᠢᠯᠡᠭᠰᠡᠨ ᠨᠠᠰᠤᠨ ᠳᠤ ᠬᠦᠷᠦᠭᠰᠡᠳ ᠴᠦ ᠪᠤᠰᠤᠳ ᠬᠥᠮᠥᠨ ᠲᠠᠢ ᠣᠶᠢᠷᠠᠳᠬᠤ ᠠᠴᠠ ᠵᠠᠶᠢᠯᠠᠰᠬᠢᠬᠦ ᠶᠢ | ᠰᠠᠨᠠᠭᠤᠯᠤᠶ᠎ᠠ᠃ | ᠬᠡᠳᠦᠶᠢᠪᠡᠷ ᠸᠢᠷᠦ᠋ᠰ ᠠᠴᠠ ᠡᠭᠦᠰᠦᠭᠰᠡᠨ ᠲᠦᠷᠭᠡᠨ ᠴᠢᠨᠠᠷᠲᠠᠢ ᠨᠡᠶᠢᠯᠡᠮᠡᠯ ᠪᠦᠷᠬᠦᠪᠴᠢ ᠶᠢᠨ ᠦᠷᠪᠢᠰᠦᠯ ᠨᠢ | ᠵᠣᠬᠢᠬᠤ ᠬᠡᠮᠵᠢᠶᠡᠨ ᠤ ᠥᠪᠡᠷᠲᠡᠭᠡᠨ ᠬᠢᠵᠠᠭᠠᠷᠯᠠᠬᠤ ᠴᠢᠨᠠᠷᠲᠠᠢ ᠪᠣᠯᠪᠠᠴᠤ ᠵᠠᠷᠢᠮ ᠳᠠᠭᠠᠨ ᠪᠠᠰᠠ ᠡᠪᠡᠳᠴᠢᠲᠡᠨ ᠤ | ᠡᠪᠡᠷᠯᠢᠭ ᠪᠦᠷᠬᠦᠪᠴᠢ ᠶᠢᠨ ᠬᠠᠯᠳᠠᠪᠤᠷᠢᠯᠠᠯ᠂ ᠰᠣᠯᠣᠩᠭᠠᠨ ᠪᠦᠷᠬᠦᠪᠴᠢ ᠰᠣᠷᠮᠤᠤᠰᠤᠯᠢᠭ ᠪᠡᠶ᠎ᠡ ᠶᠢᠨ ᠦᠷᠪᠢᠰᠦᠯ | ᠵᠡᠷᠭᠡ ᠶᠢ ᠤᠯᠠᠮ ᠨᠢᠭᠡ ᠠᠯᠬᠤᠮ ᠡᠭᠦᠰᠬᠡᠳᠡᠭ᠃ᠡᠮᠴᠢᠯᠡᠭᠡᠨ ᠤ ᠶᠠᠪᠤᠴᠠ ᠳᠤ ᠡᠪᠡᠳᠴᠢᠨ ᠤ ᠬᠤᠪᠢᠷᠠᠯᠲᠠ ᠭᠠᠷᠤᠭᠰᠠᠨ᠂ | ᠵᠢᠱᠢᠶᠡᠯᠡᠪᠡᠯ ᠬᠠᠷᠠᠭ᠎ᠠ ᠮᠠᠭᠤᠳᠠᠬᠤ᠂ ᠨᠢᠳᠦ ᠡᠪᠡᠳᠬᠦ᠂ ᠨᠢᠳᠦ ᠤᠯᠠᠶᠢᠬᠤ ᠵᠡᠷᠭᠡ ᠪᠠᠶᠢᠳᠠᠯ ᠢᠯᠡᠷᠡᠪᠡᠯ᠂ ᠴᠠᠭ ᠲᠤᠬᠠᠢ | ᠳᠤᠨᠢ ᠳᠠᠬᠢᠨ ᠣᠨᠣᠰᠢᠯᠠᠵᠤ᠂ ᠡᠮᠴᠢᠯᠡᠭᠡᠨ ᠤ ᠲᠥᠰᠥᠯ ᠢᠶᠠᠨ ᠲᠣᠬᠢᠷᠠᠭᠤᠯᠬᠤ ᠬᠡᠷᠡᠭᠲᠡᠢ᠃ | ᠶᠢᠨ ᠶᠤᠸᠠᠢ ︵ᠹᠦᠳᠠᠨ ᠶᠡᠭᠡ ᠰᠤᠷᠭᠠᠭᠤᠯᠢ ᠶᠢᠨ ᠬᠠᠷᠢᠶᠠᠲᠤ ᠨᠢᠳᠦ ᠴᠢᠬᠢ ᠬᠠᠮᠠᠷ ᠬᠤᠭᠤᠯᠠᠢ ᠶᠢᠨ | ᠰᠠᠯᠠᠭᠠᠨ ᠤ ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ ᠭᠤᠣᠯ ᠡᠮᠴᠢ︶ | ︽ᠬᠠᠷᠢᠭᠤᠴᠠᠯᠭᠠᠲᠤ ᠨᠠᠶᠢᠷᠠᠭᠤᠯᠤᠭᠴᠢ᠄ ᠰᠦᠨ ᠬᠤᠢ︾ | | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ | |