ᠯᠧᠦ ᠷᠦᠢ ᠯᠢᠨ᠄ ᠲᠦᠷᠪᠡᠨ ᠵᠢᠯ ᠳᠤ ᠲᠣᠰᠬᠤᠨ ᠢᠶᠠᠷ ᠭᠡᠷ ᠢᠶᠠᠨ ᠪᠣᠯᠭᠠᠬᠤ ᠶᠢ ᠪᠠᠲᠤ ᠰᠠᠬᠢᠵᠤ ᠪᠣᠳᠠᠲᠠᠢ ᠠᠵᠢᠯᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠬᠡᠷᠡᠭᠲᠡᠢ
ᠨᠡᠶᠢᠲᠡᠯᠡᠭᠰᠡᠨ ᠴᠠᠭ᠄
2023/12/6
     ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠤᠷᠲᠠᠢ ᠪᠠᠯᠭᠠᠰᠤᠨ ᠤ ᠶᠢᠨ ᠪᠠ ᠳ᠋ᠢ ᠲᠣᠰᠬᠤᠨ ᠳᠤ᠂ ᠤᠳᠠᠯ ᠦᠭᠡᠢ ᠠᠵᠢᠯ ᠠᠴᠠ ᠪᠠᠨ ᠠᠮᠠᠷᠠᠬᠤ ᠭᠡᠵᠦ ᠪᠠᠶᠢᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠤᠢ᠂ ᠲᠡᠭᠦᠨ ᠤ ᠨᠡᠷ᠎ᠡ ᠨᠢ ᠯᠧᠦ ᠷᠦᠢ ᠯᠢᠨ ᠭᠡᠳᠡᠭ᠃ ᠲᠡᠷᠡ ᠬᠥᠳᠡᠭᠡ ᠲᠣᠰᠬᠤᠨ ᠪᠣᠯᠣᠨ ᠠᠷᠠᠳ ᠤᠯᠠᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠣᠷᠣᠯᠴᠠᠵᠤ᠂ ᠵᠢᠯ ᠲᠤᠷᠰᠢ ᠲᠣᠰᠬᠤᠨ ᠳᠤ ᠰᠠᠭᠤᠵᠤ ᠠᠵᠢᠯᠯᠠᠨ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠪᠦᠬᠦ ᠰᠡᠳᠬᠢᠯ ᠢᠶᠠᠷ ᠢᠶᠠᠨ ᠬᠦᠴᠦ ᠨᠡᠮᠡᠷᠢᠯᠡᠵᠦ᠂ ᠬᠥᠳᠡᠭᠡ ᠲᠣᠰᠬᠤᠨ ᠤ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠡᠢ᠃
      ᠶᠢᠨ ᠪᠠ ᠳ᠋ᠢ ᠲᠣᠰᠬᠤᠨ ᠳᠤ᠂ ᠰᠤᠷᠪᠤᠯᠵᠢᠯᠠᠭᠴᠢ ᠯᠧᠦ ᠷᠦᠢ ᠯᠢᠨ ᠲᠠᠢ ᠠᠭᠤᠯᠵᠠᠬᠤ ᠦᠶ᠎ᠡ ᠳᠤ᠂ ᠲᠡᠷᠡ ᠨᠢᠭᠡᠨᠲᠡ ᠨᠢᠭᠡ ᠡᠳᠦᠷ ᠤᠨ ᠠᠵᠢᠯ ᠢᠶᠠᠨ ᠡᠬᠢᠯᠡᠭᠦᠯᠵᠡᠢ᠂ ᠦᠳᠡ ᠶᠢᠨ ᠡᠮᠦᠨ᠎ᠡ ᠲᠡᠷᠡ ᠶᠠᠳᠠᠭᠤ ᠠᠴᠠ ᠠᠩᠭᠢᠵᠢᠷᠠᠭᠰᠠᠨ ᠡᠷᠦᠬᠡ ᠹᠦ᠋ ᠲᠠᠢ ᠸᠠᠩ ᠤᠨ ᠭᠡᠷ ᠲᠤ ᠬᠦᠷᠴᠦ ᠲᠡᠭᠦᠨ ᠤ ᠡᠨᠡ ᠬᠡᠳᠦᠨ ᠡᠳᠦᠷ ᠤᠨ ᠠᠮᠢᠳᠤᠷᠠᠯ ᠪᠣᠯᠣᠨ ᠪᠡᠶ᠎ᠡ ᠶᠢᠨ ᠪᠠᠶᠢᠳᠠᠯ ᠢ ᠣᠶᠢᠯᠠᠭᠠᠵᠤ᠂ ᠭᠡᠷ ᠨᠢ ᠬᠦᠢᠲᠡᠨ ᠪᠠᠶᠢᠬᠤ ᠡᠰᠡᠬᠦ᠂ ᠢᠳᠡᠵᠦ ᠪᠠᠶᠢᠬᠤ ᠨᠢ ᠶᠠᠮᠠᠷ ᠵᠡᠷᠭᠡ ᠪᠠᠶᠢᠬᠤ ᠶᠢ ᠦᠵᠡᠵᠡᠢ︔ ᠦᠳᠡ ᠪᠣᠯᠬᠤ ᠦᠶ᠎ᠡ ᠪᠠᠷ ᠲᠡᠷᠡ ᠪᠠᠰᠠ ᠭᠠᠴᠠᠭᠠᠨ ᠤ ᠠᠷᠠᠳ ᠤᠨ ᠵᠥᠪᠯᠡᠯ ᠤᠨ ᠬᠤᠷᠠᠯ ᠤᠨ ᠭᠡᠷ ᠲᠡᠭᠡᠨ ᠪᠤᠴᠠᠵᠤ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷᠴᠤᠳ ᠲᠠᠢ ᠣᠶᠢᠷ᠎ᠠ ᠶᠢᠨ ᠬᠤᠭᠤᠴᠠᠭᠠᠨ ᠤ ᠠᠵᠢᠯ ᠤᠨ ᠲᠣᠬᠢᠷᠠᠭᠤᠯᠤᠯᠲᠠ ᠶᠢ ᠵᠥᠪᠳᠡᠯᠴᠡᠪᠡ᠂ ᠡᠶᠢᠮᠦᠷᠬᠦ ᠠᠵᠢᠯ ᠨᠢ ᠲᠡᠭᠦᠨ ᠤ ᠲᠣᠰᠬᠤᠨ ᠳᠤ ᠰᠠᠭᠤᠭᠰᠠᠨ ᠲᠦᠷᠪᠡᠨ ᠵᠢᠯ ᠤᠨ ᠬᠤᠭᠤᠴᠠᠭᠠᠨ ᠳᠤ ᠡᠳᠦᠷ ᠪᠦᠷᠢ ᠲᠠᠬᠢᠨ ᠳᠠᠪᠲᠠᠨ ᠦᠷᠭᠦᠯᠵᠢᠯᠡᠵᠦ᠂ ᠲᠡᠭᠦᠨ ᠤ ᠯᠠᠪᠳᠠᠭᠤᠨ ᠲᠣᠭᠲᠠᠭᠤᠨ ᠢᠶᠠᠷ ᠠᠵᠢᠯᠯᠠᠵᠤ᠂ ᠨᠢᠭᠡ ᠰᠡᠳᠬᠢᠯ ᠢᠶᠠᠷ ᠠᠷᠠᠳ ᠤᠨ ᠲᠥᠯᠥᠭᠡ ᠠᠵᠢᠯᠯᠠᠬᠤ ᠣᠪᠣᠷ ᠨᠢ ᠭᠠᠴᠠᠭᠠᠨ ᠤ ᠠᠷᠠᠳ ᠤᠨ ᠬᠦᠨᠳᠦᠳᠬᠡᠯ ᠪᠠ ᠲᠠᠯᠠᠷᠬᠠᠯ ᠢ ᠣᠯᠣᠭᠰᠠᠨ ᠪᠠᠶᠢᠨ᠎ᠠ᠃
     ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠤᠷᠲᠠᠢ ᠪᠠᠯᠭᠠᠰᠤᠨ ᠤ ᠶᠢᠨ ᠪᠠ ᠳ᠋ᠢ ᠲᠣᠰᠬᠤᠨ ᠤ ᠠᠷᠠᠳ ᠹᠦ᠋ ᠲᠠᠢ ᠸᠠᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠯᠧᠦ ᠱᠦᠵᠢ ᠮᠠᠨ ᠤ ᠡᠨᠡ ᠲᠣᠰᠬᠤᠨ ᠢ ᠳᠠᠭᠠᠭᠠᠴᠢᠯᠠᠨ ᠠᠪᠤᠭᠰᠠᠨ ᠨᠢ ᠪᠢᠳᠡᠨ ᠳᠤ ᠮᠠᠰᠢ ᠶᠡᠭᠡ ᠬᠠᠪᠰᠤᠷᠤᠯᠭ᠎ᠠ ᠪᠣᠯᠤᠭᠰᠠᠨ ᠮᠥᠷᠲᠡᠭᠡᠨ ᠵᠠᠮ ᠵᠠᠰᠠᠵᠤ ᠥᠭᠭᠦᠭᠰᠡᠨ ᠶᠤᠮ᠂ ᠪᠢᠳᠡᠨ ᠳᠤ ᠵᠠᠮ ᠤᠨ ᠳ᠋ᠧᠩ ᠲᠠᠭᠠᠷᠠᠭᠤᠯᠵᠤ᠂ ᠮᠠᠨ ᠤ ᠲᠠᠷᠢᠮᠠᠯ ᠤᠨ ᠦᠢᠯᠡᠰ᠂ ᠲᠡᠵᠢᠭᠡᠪᠦᠷᠢ ᠶᠢᠨ ᠦᠢᠯᠡᠰ ᠲᠤ ᠮᠠᠰᠢ ᠶᠡᠭᠡ ᠬᠠᠪᠰᠤᠷᠤᠯᠭ᠎ᠠ ᠦᠵᠡᠭᠦᠯᠦᠭᠰᠡᠨ ᠶᠤᠮ᠂ ᠵᠠᠷᠢᠮ ᠳᠠᠭᠠᠨ ᠪᠢᠳᠡᠨ ᠳᠤ ᠬᠠᠮᠢᠭ᠎ᠠ ᠨᠢ ᠬᠦᠴᠢᠷᠳᠡᠯ ᠪᠠᠶᠢᠬᠤ ᠶᠢ ᠦᠵᠡᠬᠦ ᠪᠠᠷ ᠢᠷᠡᠳᠡᠭ᠂ ᠪᠢᠳᠡᠨ ᠤ ᠰᠠᠶᠢᠨ ᠲᠠᠷᠢᠵᠤ ᠴᠢᠳᠠᠬᠤ ᠦᠭᠡᠢ᠂ ᠰᠠᠶᠢᠨ ᠲᠡᠵᠢᠭᠡᠵᠦ ᠴᠢᠳᠠᠬᠤ ᠦᠭᠡᠢ ᠪᠣᠯᠬᠤ ᠠᠴᠠ ᠯᠠ ᠠᠶᠤᠳᠠᠭ᠂ ᠡᠨᠡ ᠬᠡᠳᠦᠨ ᠵᠢᠯ ᠤᠨ ᠬᠠᠪᠰᠤᠷᠤᠯᠭ᠎ᠠ ᠪᠠᠷ ᠮᠠᠨ ᠤ ᠠᠮᠢᠳᠤᠷᠠᠯ ᠤᠯᠠᠮ ᠠᠴᠠ ᠤᠯᠠᠮ ᠰᠠᠶᠢᠨ ᠪᠣᠯᠵᠤ ᠪᠠᠶᠢᠨ᠎ᠠ︾ ᠭᠡᠵᠡᠢ᠃
     2019 ᠣᠨ ᠳᠤ ᠯᠧᠦ ᠷᠦᠢ ᠯᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠤᠷᠲᠠᠢ ᠪᠠᠯᠭᠠᠰᠤᠨ ᠤ ᠶᠢᠨ ᠪᠠ ᠳ᠋ᠢ ᠲᠣᠰᠬᠤᠨ ᠳᠤ ᠲᠣᠮᠢᠯᠠᠭᠳᠠᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠪᠡ᠃ ᠲᠡᠷᠡ ᠲᠤᠰ ᠭᠠᠴᠠᠭᠠᠨ ᠤ ᠪᠠᠨ ᠪᠣᠳᠠᠲᠤ ᠪᠠᠶᠢᠳᠠᠯ ᠢ ᠭᠦᠨᠵᠡᠭᠡᠢ ᠣᠶᠢᠯᠠᠭᠠᠵᠤ᠂ ᠲᠤᠰ ᠭᠠᠴᠠᠭᠠᠨ ᠤ ᠪᠠᠨ ᠬᠥᠭᠵᠢᠯᠲᠡ ᠶᠢᠨ ᠳᠠᠪᠠᠭᠤᠯᠢᠭ ᠪᠠ ᠳᠠᠯᠳᠠ ᠬᠦᠴᠦᠨ ᠢ ᠨᠠᠷᠢᠨ ᠬᠢᠨᠠᠮᠠᠭᠠᠢ ᠵᠠᠳᠠᠯᠤᠨ ᠰᠢᠨᠵᠢᠯᠡᠵᠡᠢ᠃ ᠲᠡᠷᠡ ᠲᠣᠰᠬᠤᠨ ᠤ ᠠᠷᠠᠳ ᠲᠠᠢ ᠨᠢᠭᠤᠷᠲᠠᠨ ᠶᠠᠷᠢᠯᠴᠠᠵᠤ᠂ ᠲᠡᠳᠡᠨ ᠤ ᠬᠡᠷᠡᠭᠴᠡᠭᠡ ᠪᠣᠯᠣᠨ ᠬᠦᠰᠡᠯ ᠡᠷᠡᠮᠡᠯᠵᠡᠯ ᠢ ᠣᠶᠢᠯᠠᠭᠠᠵᠤ᠂ ᠦᠨᠡᠨᠬᠦ ᠬᠡᠷᠡᠭᠵᠢᠭᠦᠯᠵᠦ ᠪᠣᠯᠬᠤᠶᠢᠴᠠ ᠬᠥᠭᠵᠢᠯᠲᠡ ᠶᠢᠨ ᠲᠥᠯᠥᠪᠯᠡᠭᠡ ᠶᠢ ᠲᠣᠭᠲᠠᠭᠠᠭᠰᠠᠨ ᠤ ᠬᠠᠮᠲᠤ᠂ ᠪᠦᠬᠦ ᠲᠣᠰᠬᠤᠨ ᠤ 128 ᠡᠷᠦᠭᠡ ᠶᠢᠨ ᠶᠠᠳᠠᠭᠤ ᠠᠴᠠ ᠠᠩᠭᠢᠵᠢᠷᠠᠭᠰᠠᠨ ᠡᠷᠦᠭᠡ ᠳᠤ ᠨᠢᠭᠡ ᠨᠢᠭᠡ ᠪᠠᠷ ᠬᠠᠪᠰᠤᠷᠤᠨ ᠲᠡᠳᠬᠦᠬᠦ ᠠᠷᠭ᠎ᠠ ᠪᠣᠳᠣᠯᠭ᠎ᠠ ᠶᠢ ᠪᠠᠶᠢᠭᠤᠯᠵᠤ᠂ ᠡᠷᠦᠭᠡ ᠶᠢᠨ ᠪᠠᠶᠢᠳᠠᠯ ᠳᠤᠨᠢ ᠲᠣᠬᠢᠷᠠᠭᠤᠯᠤᠨ ᠲᠦᠷᠦ ᠶᠢᠨ ᠪᠣᠳᠣᠯᠭ᠎ᠠ ᠬᠡᠷᠡᠭᠵᠢᠭᠦᠯᠬᠦ᠂ ᠬᠥᠮᠥᠨ ᠤ ᠪᠠᠶᠢᠳᠠᠯ ᠳᠤᠨᠢ ᠲᠣᠬᠢᠷᠠᠭᠤᠯᠤᠨ ᠲᠦᠷᠦ ᠶᠢᠨ ᠪᠣᠳᠣᠯᠭ᠎ᠠ ᠬᠡᠷᠡᠭᠵᠢᠭᠦᠯᠬᠦ ᠶᠢ ᠪᠡᠶᠡᠯᠡᠭᠦᠯᠵᠡᠢ᠂ ᠲᠡᠷᠡ ᠡᠯ᠎ᠡ ᠲᠠᠯ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ ᠵᠡᠷᠭᠡ ᠲᠠᠯ᠎ᠠ ᠶᠢᠨ ᠠᠵᠢᠯ ᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠡᠢ᠃ 2023 ᠣᠨ ᠳᠤ ᠶᠢᠨ ᠪᠠ ᠳ᠋ᠢ ᠲᠣᠰᠬᠤᠨ ᠤ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 12786.52 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 12.25% ᠪᠠᠷ ᠨᠡᠮᠡᠭᠳᠡᠵᠡᠢ᠃
     ᠲᠡᠭᠦᠨ ᠤ ᠪᠣᠳᠠᠲᠠᠢ ᠶᠢ ᠡᠷᠬᠢᠮᠯᠡᠭᠰᠡᠨ ᠠᠵᠢᠯ ᠨᠢ ᠲᠣᠰᠬᠤᠨ ᠤ ᠠᠷᠠᠳ ᠤᠨ ᠮᠡᠳᠡᠷᠡᠯ᠂ ᠢᠲᠡᠭᠡᠯ ᠪᠠ ᠬᠦᠨᠳᠦᠳᠬᠡᠯ ᠢ ᠣᠯᠵᠤ᠂ ᠲᠡᠷᠡ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠲᠣᠰᠬᠤᠨ ᠤ ᠠᠷᠠᠳ ᠢ ᠳᠠᠭᠠᠭᠤᠯᠤᠨ ᠡᠯ᠎ᠡ ᠵᠦᠢᠯ ᠤᠨ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠳᠤ ᠬᠠᠮᠲᠤᠪᠠᠷ ᠬᠠᠨᠳᠤᠬᠤ ᠵᠣᠷᠢᠭ ᠢ ᠬᠥᠪᠴᠢᠯᠡᠵᠦ᠂ ᠲᠣᠰᠬᠤᠨ ᠤ ᠠᠷᠠᠳ ᠤᠨ ᠰᠠᠶᠢᠨ ᠰᠠᠶᠢᠬᠠᠨ ᠠᠮᠢᠳᠤᠷᠠᠯ ᠢ ᠴᠢᠷᠮᠠᠶᠢᠨ ᠲᠡᠮᠡᠴᠡᠬᠦ ᠬᠦᠰᠡᠯ ᠡᠷᠡᠮᠡᠯᠵᠡᠯ ᠢ ᠬᠥᠭᠵᠢᠭᠡᠵᠡᠢ᠂ ᠡᠨᠡ ᠨᠢ ᠶᠠᠭ ᠲᠡᠭᠦᠨ ᠤ ᠠᠷᠠᠳ ᠤᠨ ᠪᠠᠶᠢᠳᠠᠯ ᠤᠨ ᠡᠳᠦᠷ ᠤᠨ ᠲᠡᠮᠳᠡᠭᠯᠡᠯ ᠳᠤ ᠬᠡᠯᠡᠭᠰᠡᠨᠴᠢᠯᠡᠨ︽ᠪᠢᠳᠡ ᠬᠠᠮᠲᠤ ᠪᠠᠷ ᠴᠢᠷᠮᠠᠶᠢᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠳᠠᠭ ᠯᠠ ᠶᠤᠮ ᠪᠣᠯ ᠡᠨᠡᠬᠦ ᠲᠣᠰᠬᠤᠨ ᠯᠠᠪᠲᠠᠢ ᠨᠡᠩ ᠰᠠᠶᠢᠨ ᠰᠠᠶᠢᠬᠠᠨ ᠪᠣᠯᠵᠤ ᠬᠤᠪᠢᠷᠠᠨ᠎ᠠ ᠭᠡᠳᠡᠭ ᠢ ᠪᠢ ᠢᠲᠡᠭᠡᠵᠦ ᠪᠠᠶᠢᠨ᠎ᠠ︾ᠭᠡᠵᠦ ᠬᠡᠯᠡᠪᠡ᠃      ︽ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ᠂ ᠬᠠᠮᠤᠭ ᠤᠨ ᠴᠢᠬᠤᠯᠠ ᠨᠢ ᠲᠣᠰᠬᠤᠨ ᠤ ᠠᠷᠠᠳ ᠲᠠᠢ ᠰᠠᠶᠢᠨ ᠰᠠᠶᠢᠬᠠᠨ ᠬᠠᠷᠢᠴᠠᠭ᠎ᠠ ᠪᠠᠶᠢᠭᠤᠯᠵᠤ᠂ ᠲᠡᠳᠡᠨ ᠤ ᠬᠡᠷᠡᠭᠴᠡᠭᠡ ᠱᠠᠭᠠᠷᠳᠠᠯᠭ᠎ᠠ ᠪᠠ ᠠᠰᠠᠭᠤᠳᠠᠯ ᠢ ᠣᠶᠢᠯᠠᠭᠠᠨ᠂ ᠲᠡᠳᠡᠨ ᠢ ᠢᠳᠡᠪᠬᠢᠲᠡᠢ ᠪᠠᠷ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠶᠠᠪᠤᠳᠠᠯ ᠪᠣᠯᠣᠨ᠎ᠠ᠂ ᠡᠭᠦᠨ ᠤ ᠬᠠᠮᠲᠤ ᠪᠢᠳᠡ ᠪᠠᠰᠠ ᠲᠣᠰᠬᠤᠨ ᠤ ᠬᠥᠭᠵᠢᠯᠲᠡ ᠶᠢᠨ ᠴᠢᠭᠯᠡᠯ ᠪᠠ ᠲᠥᠯᠦᠪᠵᠢᠭᠦᠯᠭᠡ ᠶᠢ ᠴᠢᠬᠤᠯᠠᠴᠢᠯᠠᠵᠤ᠂ ᠪᠣᠳᠠᠲᠠᠢ ᠠᠵᠢᠯᠯᠠᠭ᠎ᠠ ᠪᠠ ᠴᠢᠷᠮᠠᠶᠢᠯᠭ᠎ᠠ ᠪᠠᠷ ᠢᠶᠠᠨ ᠳᠠᠮᠵᠢᠭᠤᠯᠤᠨ ᠲᠣᠰᠬᠤᠨ ᠤ ᠠᠷᠠᠳ ᠢ ᠳᠠᠭᠠᠭᠤᠯᠤᠨ ᠨᠠᠩ ᠰᠠᠶᠢᠨ ᠢᠷᠡᠭᠡᠳᠦᠢ ᠵᠦᠭ ᠤᠷᠤᠭᠰᠢᠯᠠᠬᠤ ᠬᠡᠷᠡᠭᠲᠡᠢ︾  ᠭᠡᠵᠤ ᠯᠧᠦ ᠷᠦᠢ ᠯᠢᠨ ᠦᠵᠡᠭᠳᠡᠯ ᠤᠨ ᠡᠮᠦᠨ᠎ᠡ ᠰᠡᠳᠬᠢᠯ ᠤᠨ ᠦᠭᠡ ᠪᠠᠨ ᠬᠡᠯᠡᠪᠡ᠃                              ᠵᠣᠬᠢᠶᠠᠭᠴᠢ᠄ ᠭᠦᠸᠧ ᡁᠢ ᠴᠢᠶᠠᠩ                              ᠴᠢᠮᠡᠭᠡᠯᠡᠭᠴᠢ᠄ ᠯᠢ ᠷᠦᠩ ᠰᠢᠨ                              ᠤᠷᠴᠢᠭᠤᠯᠤᠭᠴᠢ᠄ ᠰᠤᠷᠤᠨ᠎ᠠ                              ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号