ᠡᠯᠳᠡᠪ ᠠᠮᠤ ᠡᠯᠳᠡᠪ ᠪᠤᠷᠴᠠᠭ
ᠨᠡᠶᠢᠲᠡᠯᠡᠭᠰᠡᠨ ᠴᠠᠭ᠄
2023/2/14
          ᠤᠯᠠᠭᠠᠨᠴᠠᠪ ᠬᠤᠲᠠ ᠳᠤᠮᠳᠠ ᠳᠤᠯᠠᠭᠠᠨ ᠣᠷᠣᠨ ᠪᠦᠰᠡ ᠳᠤ ᠪᠠᠶᠢᠷᠢᠯᠠᠵᠤ᠂ ᠡᠬᠡ ᠭᠠᠵᠠᠷ ᠤᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠵᠤ᠂ ᠳᠥᠷᠪᠡᠨ ᠤᠯᠠᠷᠢᠯ ᠤᠨ ᠣᠨᠴᠠᠯᠢᠭ ᠢᠯᠡᠷᠬᠡᠢ᠂ ᠪᠥᠬᠦ ᠵᠢᠯ ᠤᠨ ᠨᠡᠷᠡᠨ ᠤ ᠲᠤᠰᠤᠯᠲᠠ ᠶᠢᠨ ᠴᠠᠭ ᠨᠢ ᠣᠷᠳᠣ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ ᠪᠠᠶᠢᠵᠤ᠂ ᠴᠢᠨᠠᠷ ᠰᠠᠶᠢᠲᠠᠢ ᠲᠠᠷᠢᠮᠠᠯ ᠳᠤ ᠥᠪᠡᠷᠮᠢᠴᠡ ᠤᠨᠳᠤᠷᠤᠯᠲᠠ ᠶᠢᠨ ᠣᠷᠴᠢᠨ ᠲᠣᠭᠤᠷᠢᠨ ᠢ ᠬᠠᠩᠭᠠᠭᠰᠠᠨ ᠪᠠᠶᠢᠨ᠎ᠠ᠃ᠬᠢᠯᠢ ᠶᠢᠨ ᠳᠣᠲᠣᠷ᠎ᠠ ᠰᠠᠭᠠᠲᠠ᠂ ᠬᠤᠰᠢᠭᠤ ᠪᠤᠳᠠᠭ᠎ᠠ᠂ ᠠᠷᠪᠠᠢ᠂ ᠨᠠᠷᠢᠮᠤ᠂ ᠤᠯᠠᠭᠠᠨ ᠪᠤᠷᠴᠠᠭ᠂ ᠨᠣᠭᠤᠭᠠᠨ ᠪᠤᠷᠴᠠᠭ᠂ ᠱᠣᠰᠢ᠂ ᠬᠠᠪᠲᠠᠭᠠᠢ ᠪᠤᠷᠴᠠᠭ᠂ ᠪᠤᠷᠴᠠᠭ ᠵᠡᠷᠭᠡ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠪᠣᠷᠤᠯᠠᠭᠤᠯᠭ᠎ᠠ ᠰᠠᠶᠢᠲᠠᠢ ᠪᠦᠲᠦᠭᠡᠭᠳᠡᠬᠦᠨ ᠶᠤᠮ᠃ᠠᠷᠪᠠᠢ          ᠤᠯᠠᠭᠠᠨᠴᠠᠪ ᠬᠤᠳᠠ ᠶᠢᠨ ᠵᠢᠯ ᠤᠨ ᠭᠠᠷᠤᠯᠲᠠ ᠶᠢᠨ ᠠᠷᠪᠠᠢ 2800 ᠲᠦᠮᠡᠨ ᠺᠢᠯᠣᠭ᠍ᠷᠠᠮ᠂ ᠮᠢᠩᠭᠠᠨ ᠮᠥᠬᠦᠯᠢᠭ ᠬᠦᠨᠳᠦ 45 ᠭᠷᠡᠮ᠂ ᠠᠷᠪᠠᠢ ᠳᠤ ᠺᠠᠯᠼ᠂ ᠹᠣᠰᠹᠣᠷ᠂ ᠵᠡᠷᠭᠡ ᠤᠯᠠᠨ ᠵᠦᠢᠯ ᠤᠨ ᠡᠯᠧᠮᠧᠨ᠋ᠲ ᠠᠭᠤᠯᠤᠭᠳᠠᠵᠤ ᠪᠤᠢ᠃ᠠᠷᠪᠠᠢ ᠶᠢᠨ ᠪᠤᠳᠠᠭ᠎ᠠ ᠪᠠᠷ ᠬᠢᠭᠰᠡᠨ ︽ᠪᠤᠭᠤᠳᠠᠢ ᠶᠢᠨ ᠢᠯᠲᠠᠰᠤ ᠲᠠᠢ ᠰᠢᠩᠭᠡᠨ ᠪᠤᠳᠠᠭ᠎ᠠ︾ ᠪᠣᠯ ᠥᠨᠳᠥᠷ ᠰᠢᠮ᠎ᠡ ᠲᠡᠵᠢᠭᠡᠯ ᠲᠠᠢ ᠡᠷᠡᠭᠦᠯᠵᠢᠯ ᠤᠨ ᠢᠳᠡᠭᠡᠨ᠂ ᠠᠷᠪᠠᠢ ᠶᠢᠨ ᠨᠠᠬᠢᠶ᠎ᠠ ᠪᠣᠯ ᠠᠷᠢᠬᠢ ᠨᠡᠷᠡᠬᠦ᠂ ᠲᠣᠰᠣ ᠬᠢᠬᠦ ᠳᠡᠭᠡᠳᠦ ᠵᠡᠷᠭᠡ ᠶᠢᠨ ᠲᠦᠭᠦᠬᠡᠢ ᠡᠳ᠋ ᠪᠣᠯᠣᠨ᠎ᠠ᠃ᠤᠯᠠᠭᠠᠨᠴᠠᠪ ᠣᠷᠣᠨ ᠤ ᠠᠷᠪᠠᠢ ᠶᠢᠨ ᠶᠠᠰᠤ ᠴᠢᠨᠠᠷ ᠰᠢᠯᠢᠳᠡᠭ ᠰᠠᠶᠢᠨ ᠪᠠᠶᠢᠵᠤ᠂ ᠡᠯ᠎ᠡ ᠵᠦᠢᠯ ᠤᠨ ᠭᠦᠢᠴᠡᠳᠬᠡᠯ ᠲᠤᠭ᠎ᠠ ᠨᠢ ᠴᠥᠮ ᠶᠠᠮᠤᠨ ᠤ ᠨᠡᠶᠢᠲᠡᠯᠡᠭᠰᠡᠨ ᠬᠤᠶᠠᠳᠤᠭᠠᠷ ᠳᠡᠰ ᠤᠨ ᠪᠠᠷᠢᠮᠵᠢᠶ᠎ᠠ ᠳᠤ ᠬᠦᠷᠴᠦ᠂ ᠠᠷᠪᠠᠢ ᠵᠢᠴᠢ ᠲᠡᠭᠦᠨ ᠤ ᠪᠦᠲᠦᠭᠡᠭᠳᠡᠬᠦᠨ ᠨᠢ ᠾᠧᠪᠧᠢ᠂ ᠱᠠᠨ ᠰᠢ᠂ ᠱᠠᠨᠳᠦ᠋ᠩ ᠵᠢᠴᠢ ᠵᠡᠭᠦᠨ ᠡᠮᠦᠨᠡᠲᠦ ᠠᠽᠢᠶ᠎ᠠ ᠵᠡᠷᠭᠡ ᠭᠠᠵᠠᠷ ᠲᠤ ᠪᠣᠷᠤᠯᠠᠭᠤᠯᠭ᠎ᠠ ᠰᠠᠶᠢᠲᠠᠢ ᠪᠠᠶᠢᠨ᠎ᠠ᠃ᠪᠤᠷᠴᠠᠭ          ᠤᠯᠠᠭᠠᠨᠴᠠᠪ ᠬᠤᠲᠠ ᠶᠢᠨ ᠪᠤᠷᠴᠠᠭ ᠤᠨ ᠵᠢᠯ ᠤᠨ ᠭᠠᠷᠤᠯᠲᠠ ᠨᠢ 2500 ᠲᠦᠮᠡᠨ ᠺᠢᠯᠣᠭ᠍ᠷᠠᠮ ᠣᠷᠴᠢᠮ ᠪᠠᠶᠢᠵᠤ᠂ ᠴᠡᠪᠡᠷ ᠴᠠᠭᠠᠨ ᠪᠤᠷᠴᠠᠭ᠂ ᠠᠯᠠᠭ ᠪᠤᠷᠴᠠᠭ ᠪᠠ ᠵᠢᠵᠢᠭ ᠴᠠᠭᠠᠨ ᠪᠤᠷᠴᠠᠭ ᠲᠠᠢ᠂ ᠲᠣᠮᠣ ᠮᠥᠬᠦᠯᠢᠭᠲᠦ ᠡᠭᠦᠯᠳᠡᠷ ᠤᠨ ᠮᠢᠩᠭᠠᠨ ᠮᠥᠬᠦᠯᠢᠭ ᠬᠦᠨᠳᠦ ᠨᠢ 400 ᠭᠷᠡᠮ ᠪᠠᠶᠢᠵᠤ᠂ ᠡᠯᠪᠡᠭ ᠪᠠᠶᠠᠯᠢᠭ ᠤᠭᠤᠷᠠᠭ ᠪᠠ ᠸᠢᠲ᠋ᠠᠮᠢᠨ ᠲᠠᠢ ᠪᠠᠶᠢᠵᠤ᠂ ᠹᠧᠨᠲ᠋ᠢᠶᠣᠤᠷ᠂ ᠨᠡᠷᠡᠮᠡᠯ ᠪᠦᠲᠦᠭᠡᠭᠳᠡᠬᠦᠨ ᠤ ᠭᠤᠣᠯ ᠲᠦᠭᠦᠬᠡᠢ ᠮᠠᠲ᠋ᠧᠷᠢᠶᠠᠯ ᠪᠣᠯᠣᠨ᠎ᠠ᠂ ᠲᠡᠭᠦᠨ ᠤ ᠬᠡᠯᠪᠡᠷᠢ ᠳᠦᠷᠰᠦ᠂ ᠥᠩᠭᠡ ᠪᠤᠳᠤᠭ ᠨᠢ ᠣᠨᠴᠠᠭᠠᠶ᠂ ᠰᠢᠮ᠎ᠡ ᠲᠡᠵᠢᠭᠡᠯ ᠡᠯᠪᠡᠭ ᠮᠥᠷᠲᠡᠭᠡᠨ ᠨᠡᠯᠢᠶᠡᠳ ᠬᠤᠪᠣᠷ ᠨᠠᠨᠳᠢᠨ ᠤᠴᠢᠷ ᠠᠴᠠ ︽ᠠᠮᠤ ᠪᠤᠳᠠᠭᠠᠨ ᠤ ᠰᠤᠪᠤᠳ︾ ᠬᠡᠮᠡᠭᠳᠡᠵᠦ᠂ ᠪᠥᠬᠦ ᠤᠯᠤᠰ ᠤᠨ ᠡᠯ᠎ᠡ ᠭᠠᠵᠠᠷ ᠤᠨ  ᠬᠢᠨ ᠤ ᠬᠦᠷᠢᠶᠡᠯᠡᠯ ᠢ ᠶᠡᠬᠡᠳᠡ ᠣᠯᠣᠭᠰᠠᠨ ᠪᠠᠶᠢᠨ᠎ᠠ᠃ᠱᠣᠰᠢ          ᠤᠯᠠᠭᠠᠨᠴᠠᠪ ᠬᠤᠲᠠ ᠶᠢᠨ ᠵᠢᠯ ᠳᠤ ᠱᠣᠰᠢ 500 ᠲᠦᠮᠡᠨ ᠺᠢᠯᠣᠭ᠍ᠷᠠᠮ ᠭᠠᠷᠳᠠᠭ᠂ ᠭᠤᠣᠯ ᠪᠣᠯᠬᠤ ᠲᠥᠷᠥᠯ ᠵᠦᠢᠯ ᠳᠤ ᠴᠣᠯ ᠤᠯᠠᠭᠠᠨ ᠱᠣᠰᠢ ᠪᠠ ᠬᠤᠯᠢᠮᠠᠭ ᠱᠣᠰᠢ ᠪᠠᠶᠢᠳᠠᠭ᠂ ᠱᠣᠰᠢ ᠶᠢᠨ ᠴᠠᠷᠳᠠᠭᠤᠯ ᠤᠨ ᠠᠭᠤᠯᠤᠭᠳᠠᠴᠠ ᠨᠡᠯᠢᠶᠡᠳ ᠠᠷᠪᠢᠨ᠂ ᠰᠢᠮ᠎ᠡ ᠲᠡᠵᠢᠭᠡᠯ ᠡᠯᠪᠡᠭ᠂ ᠥᠪᠡᠷᠮᠢᠴᠡ ᠰᠠᠶᠢᠬᠠᠨ ᠦᠨᠦᠷ ᠲᠠᠢ ᠪᠠᠶᠢᠳᠠᠭ᠃ᠱᠣᠰᠢ ᠳᠤ ᠪᠠᠰᠠ ᠵᠣᠬᠢᠬᠤ ᠬᠡᠮᠵᠢᠶᠡᠨ ᠤ ᠡᠮ ᠳᠤ ᠬᠡᠷᠡᠭᠯᠡᠬᠦ ᠦᠢᠯᠡᠳᠦᠯ ᠲᠠᠢ᠂ ᠲᠡᠭᠦᠨ ᠤ ᠦᠨᠦᠷ ᠠᠮᠲᠠ ᠨᠢ ᠠᠮᠲᠠᠲᠠᠢ᠂ ᠪᠦᠯᠢᠶᠡᠨ ᠤ ᠳᠤᠮᠳᠠ ᠬᠡᠢ ᠶᠢ ᠪᠠᠭᠤᠷᠠᠭᠤᠯᠬᠤ᠂ ᠬᠤᠳᠣᠭᠤᠳᠤ ᠭᠡᠳᠡᠰᠦ ᠶᠢ ᠰᠠᠶᠢᠵᠢᠷᠠᠭᠤᠯᠬᠤ ᠵᠡᠷᠭᠡ ᠦᠢᠯᠡᠳᠦᠯ ᠲᠠᠢ᠂ ᠨᠢᠭᠡ ᠵᠦᠢᠯ ᠤᠨ ᠰᠢᠮ᠎ᠡ ᠲᠡᠵᠢᠭᠡᠯ ᠤᠨ ᠡᠳ᠋ ᠪᠣᠯᠣᠨ᠎ᠠ᠃ᠼᠠᠨᠳᠧᠦ ᠪᠤᠷᠴᠠᠭ          ᠤᠯᠠᠭᠠᠨᠴᠠᠪ ᠬᠤᠲᠠ ᠶᠢᠨ ᠵᠢᠯ ᠳᠤ 1000 ᠭᠠᠷᠤᠢ ᠲᠦᠮᠡᠨ ᠺᠢᠯᠣᠭ᠍ᠷᠠᠮ ᠼᠠᠨᠳᠧᠦ ᠪᠤᠷᠴᠠᠭ᠂ ᠮᠢᠩᠭᠠᠨ ᠮᠥᠬᠦᠯᠢᠭ ᠬᠦᠨᠳᠦ ᠨᠢ 800 ᠭᠷᠡᠮ ᠣᠷᠴᠢᠮ ᠪᠠᠶᠢᠵᠤ᠂ ᠨᠡᠯᠢᠶᠡᠳ ᠥᠨᠳᠥᠷ ᠴᠠᠷᠳᠠᠭᠤᠯ ᠪᠠ ᠰᠢᠪᠲᠦᠷᠲᠦ ᠬᠦᠴᠢᠯ ᠠᠭᠤᠯᠵᠤ᠂ ᠹᠧᠨᠲ᠋ᠢᠶᠣᠤᠷ ᠪᠠ ᠡᠯ᠎ᠡ ᠵᠦᠢᠯ ᠤᠨ ᠪᠤᠷᠴᠠᠭ ᠤᠨ ᠲᠥᠷᠥᠯ ᠤᠨ ᠪᠦᠲᠦᠭᠡᠭᠳᠡᠬᠦᠨ ᠢ ᠦᠶᠯᠡᠳᠬᠦ ᠶᠢᠨ ᠭᠤᠣᠯ ᠲᠦᠭᠦᠬᠡᠢ ᠮᠠᠲ᠋ᠧᠷᠢᠶᠠᠯ ᠪᠣᠯᠬᠤ ᠶᠤᠮ᠃ᠨᠠᠷᠢᠮᠤ          ᠤᠯᠠᠭᠠᠨᠴᠠᠪ ᠬᠤᠳᠠ ᠳᠤ ᠠᠮᠤ ᠪᠤᠳᠠᠭ᠎ᠠ ᠡᠯᠪᠡᠭ ᠭᠠᠷᠳᠠᠭ᠂ ᠵᠢᠯ ᠳᠤ 3600 ᠲᠦᠮᠡᠨ ᠺᠢᠯᠣᠭ᠍ᠷᠠᠮ ᠣᠷᠴᠢᠮ ᠭᠠᠷᠳᠠᠬ᠂ ᠤᠯᠠᠭᠠᠨᠴᠠᠪ ᠬᠤᠳᠠ ᠳᠤ ᠠᠮᠤ ᠪᠤᠳᠠᠭ᠎ᠠ ᠡᠯᠪᠡᠭ ᠭᠠᠷᠳᠠᠬ᠂ ᠵᠢᠯ ᠳᠤ 3600 ᠲᠦᠮᠡᠨ ᠺᠢᠯᠣᠭ᠍ᠷᠠᠮ ᠣᠷᠴᠢᠮ ᠭᠠᠷᠳᠠᠬ᠃ ᠲᠡᠭᠦᠨ ᠤ ᠪᠣᠯᠪᠠᠰᠤᠷᠠᠭᠤᠯᠵᠤ ᠭᠠᠷᠭᠠᠭᠰᠠᠨ ᠨᠠᠷᠢᠮᠤ ᠪᠣᠯ ᠬᠥᠮᠥᠰ ᠤᠨ ᠲᠤᠶᠢᠯ ᠤᠨ ᠳᠤᠷᠠᠲᠠᠢ ᠢᠳᠡᠭᠡᠨ ᠶᠤᠮ᠃ᠨᠠᠷᠢᠮᠤ ᠶᠢᠨ ᠰᠢᠮ᠎ᠡ ᠲᠡᠵᠢᠭᠡᠯ ᠪᠦᠷᠢᠨ᠂ ᠡᠯᠪᠡᠭ ᠪᠠᠶᠠᠯᠢᠭ ᠰᠢᠪᠲᠦᠷᠲᠦ ᠬᠦᠴᠢᠯ ᠠᠭᠤᠯᠵᠤ ᠪᠠᠶᠢᠳᠠᠭ᠂ ᠪᠤᠳᠠᠭ᠎ᠠ ᠴᠢᠨᠠᠵᠤ ᠰᠢᠩᠭᠡᠨ ᠪᠤᠳᠠᠭ᠎ᠠ ᠴᠢᠨᠠᠭᠰᠡᠨ ᠴᠤ ᠬᠥᠮᠥᠨ ᠤ ᠪᠡᠶ᠎ᠡ ᠳᠤ ᠠᠮᠠᠷᠬᠠᠨ ᠰᠢᠩᠭᠡᠭᠡᠳᠡᠭ᠂ ᠡᠨᠡ ᠨᠢ ᠬᠥᠩᠭᠡᠵᠢᠭᠰᠡᠨ ᠡᠮᠡᠭᠲᠡᠢ᠂ ᠬᠡᠦᠬᠡᠳ ᠵᠢᠴᠢ ᠬᠥᠭᠰᠢᠨ ᠪᠠᠭᠤᠷᠠᠢ ᠡᠪᠡᠳᠴᠢᠲᠡᠨ ᠤ ᠰᠠᠶᠢᠨ ᠰᠢᠮ᠎ᠡ ᠲᠡᠵᠢᠭᠡᠯᠲᠦ ᠢᠳᠡᠭᠡᠨ ᠪᠠᠶᠢᠵᠤ᠂ ᠶᠡᠷᠦ ᠠᠴᠠ ︽ᠢᠳᠡᠭᠡᠨ ᠤ ᠣᠷᠬᠤᠳᠠᠢ︾ ᠭᠡᠰᠡᠨ ᠨᠡᠷ᠎ᠡ ᠲᠠᠢ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号