ᠮᠢᠬ᠎ᠠ ᠵᠡᠷᠭᠡ ᠲᠤᠰᠤᠯᠢᠭ ᠢᠳᠡᠭᠡᠨ  ᠢ ᠢᠳᠡᠭᠡᠳ ᠰᠢᠮ᠎ᠡ ᠲᠡᠵᠢᠭᠡᠯ ᠳᠤᠲᠠᠵᠤ ᠪᠠᠶᠢᠨ᠎ᠠ᠂ ᠬᠡᠦᠬᠡᠳ ᠤᠨ ᠰᠢᠮ᠎ᠡ ᠲᠡᠵᠢᠭᠡᠯ ᠤᠨ ᠡᠭᠦᠳᠡᠨ ᠡᠮᠨᠡᠯᠭᠡ ᠶᠢᠨ ᠡᠮᠴᠢ ᠠᠷᠭ᠎ᠠ ᠭᠠᠷᠭᠠᠪᠠ
ᠨᠡᠶᠢᠲᠡᠯᠡᠭᠰᠡᠨ ᠴᠠᠭ᠄
2023/2/14
         ᠰᠤᠷᠭᠠᠭᠤᠯᠢ ᠡᠬᠢᠯᠡᠬᠦ ᠭᠡᠵᠦ ᠪᠠᠶᠢᠭ᠎ᠠ ᠦᠶ᠎ᠡ ᠳᠤ᠂ ᠨᠡᠶᠢᠰᠯᠡᠯ ᠤᠨ ᠬᠡᠦᠬᠡᠳ ᠤᠨ ᠰᠠᠯᠠᠭᠠᠨ ᠤ ᠰᠤᠳᠤᠯᠭᠠᠨ ᠤ ᠭᠠᠵᠠᠷ ᠤᠨ ᠬᠡᠦᠬᠡᠳ ᠤᠨ ᠰᠢᠮ᠎ᠡ ᠲᠡᠵᠢᠭᠡᠯ ᠤᠨ ᠰᠤᠳᠤᠯᠭᠠᠨ ᠤ ᠲᠥᠪ ᠤᠨ ᠡᠭᠦᠳᠡᠨ ᠡᠮᠨᠡᠯᠭᠡ ᠳᠤ ᠡᠪᠡᠳᠴᠢᠨ ᠦᠵᠡᠭᠦᠯᠬᠦ ᠣᠷᠭᠢᠯ ᠦᠶ᠎ᠡ ᠬᠦᠷᠴᠦ᠂ ᠡᠮᠴᠢ ᠨᠢᠭᠡᠪᠦᠷᠢ ᠡᠳᠦᠷ ᠲᠤ ᠳᠤᠮᠳᠠᠴᠢ ᠪᠠᠷ 60 ᠭᠠᠷᠤᠢ ᠬᠡᠦᠬᠡᠳ ᠢ ᠭᠥᠯᠢᠶᠡᠨ ᠠᠪᠴᠤ ᠡᠮᠨᠡᠭᠦᠯᠵᠦ ᠪᠠᠶᠢᠨ᠎ᠠ᠃ᠬᠡᠦᠬᠡᠳ ᠢᠶᠠᠨ ᠡᠳᠦᠷ ᠪᠦᠷᠢ ᠪᠠᠭ᠎ᠠ ᠪᠤᠰᠤ ᠢᠳᠡᠵᠦ ᠪᠠᠶᠢᠲᠠᠯ᠎ᠠ ᠶᠠᠭᠠᠬᠢᠭᠠᠳ ᠰᠢᠮ᠎ᠡ ᠲᠡᠵᠢᠭᠡᠯ ᠳᠤᠲᠠᠭᠳᠠᠳᠠᠭ ᠪᠣᠢ︖ ᠭᠡᠳᠡᠭ ᠢ ᠮᠠᠰᠢ ᠣᠯᠠᠨ ᠭᠡᠷ ᠤᠨ ᠠᠬᠠᠮᠠᠳ ᠣᠶᠢᠯᠠᠭᠠᠬᠤ ᠦᠭᠡᠢ ᠪᠠᠶᠢᠨ᠎ᠠ᠃          8 ᠨᠠᠰᠤᠲᠠᠢ ᠴᠢ ᠴᠢ ᠡᠩ ᠤᠨ ᠴᠠᠭ ᠲᠠᠭᠠᠨ ᠢᠳᠡᠰᠢ ᠭᠤᠯᠣᠳᠠᠭ᠂ ᠣᠲᠣ ᠪᠡᠶ᠎ᠡ ᠶᠢᠨ ᠥᠨᠳᠥᠷ ᠨᠢ 1.2 ᠮᠧᠲᠷ ᠬᠦᠷᠴᠦ᠂ ᠪᠡᠶ᠎ᠡ ᠶᠢᠨ ᠬᠦᠨᠳᠦ ᠨᠢ 20 ᠺᠢᠯᠣᠭ᠍ᠷᠠᠮ ᠬᠦᠷᠬᠦ ᠦᠭᠡᠢ᠂ ᠡᠬᠡ ᠥᠬᠢᠨ ᠬᠤᠶᠠᠭᠤᠯᠠ ᠠᠩᠬᠠᠨ ᠤ ᠬᠡᠦᠬᠡᠳ ᠤᠨ ᠰᠢᠮ᠎ᠡ ᠲᠡᠵᠢᠭᠡᠯ ᠤᠨ ᠰᠤᠳᠤᠯᠭᠠᠨ ᠤ ᠲᠥᠪ ᠲᠤ ᠬᠦᠷᠴᠦ ᠡᠮᠨᠡᠭᠦᠯᠪᠡ᠃ᠡᠭᠦᠳᠡᠨ ᠡᠮᠨᠡᠯᠭᠡ  ᠶᠢᠨ ᠡᠮᠴᠢ ᠵᠠᠩ ᠰᠢᠤᠸᠠᠢ ᠶᠤᠸᠠᠨ ᠬᠡᠦᠬᠡᠳ ᠤᠨ ᠢᠶᠠᠨ ᠡᠳᠦᠷ ᠪᠦᠷᠢ ᠶᠢᠨ ᠬᠤᠭᠤᠯᠠ ᠢᠳᠡᠬᠦ ᠬᠡᠮᠵᠢᠶ᠎ᠡ ᠬᠡᠳᠦᠢ ᠪᠠᠶᠢᠬᠤ ᠲᠤᠬᠠᠢ ᠨᠠᠷᠢᠨ ᠠᠰᠠᠭᠤᠭᠰᠠᠨ ᠤ ᠳᠠᠷᠠᠭ᠎ᠠ᠄ ︽ᠬᠡᠦᠬᠡᠳ ᠤᠨ ᠰᠢᠮ᠎ᠡ ᠲᠡᠵᠢᠭᠡᠯ ᠲᠤᠲᠠᠭᠳᠠᠵᠤ ᠪᠠᠶᠢᠭ᠎ᠠ ᠪᠣᠯᠬᠤᠷ ᠢᠳᠡᠭᠡᠨ ᠤᠮᠳᠠᠭᠠᠨ ᠤ ᠲᠠᠯ᠎ᠠ ᠪᠠᠷ ᠰᠢᠮ᠎ᠡ ᠲᠡᠵᠢᠭᠡᠯ ᠢ ᠨᠡᠮᠡᠭᠳᠡᠭᠦᠯᠬᠦ ᠶᠢᠨ ᠬᠠᠮᠲᠤ ᠳᠡᠭᠡᠳᠦ ᠵᠡᠷᠭᠡ ᠶᠢᠨ ᠲᠠᠮᠢᠷ ᠤᠨ ᠬᠥᠳᠡᠯᠭᠡᠭᠡᠨ ᠢ ᠢᠯᠡᠭᠦᠬᠡᠨ ᠬᠢᠬᠦ ᠬᠡᠷᠡᠭᠲᠡᠢ︾ ᠭᠡᠵᠦ ᠮᠠᠭᠠᠳᠯᠠᠵᠠᠢ᠃          ᠡᠮᠴᠢ ᠶᠢᠨ ᠲᠠᠨᠢᠯᠴᠠᠭᠤᠯᠤᠭᠰᠠᠨ ᠢᠶᠠᠷ᠂ ᠠᠷᠪᠢᠨ ᠢᠳᠡᠬᠦ ᠨᠢ ᠲᠥᠷᠥᠯ ᠵᠦᠢᠯ ᠪᠦᠷᠢᠨ ᠪᠠᠶᠢᠬᠤ ᠶᠢ ᠲᠥᠯᠥᠭᠡᠯᠡᠵᠦ ᠳᠡᠶᠢᠯᠬᠦ ᠦᠭᠡᠢ᠃ᠢᠳᠡᠰᠢ ᠭᠤᠯᠣᠬᠤ ᠦᠭᠡᠢ᠂ ᠢᠳᠡᠰᠢ ᠭᠤᠯᠣᠬᠤ ᠦᠭᠡᠢ ᠪᠣᠯ ᠰᠢᠮ᠎ᠡ ᠲᠡᠵᠢᠭᠡᠯ ᠢ ᠲᠡᠩᠴᠡᠭᠦᠷᠢᠲᠡᠢ ᠪᠠᠶᠢᠯᠭᠠᠪᠠᠯ ᠰᠠᠶ᠋ᠢ ᠰᠠᠶᠢᠨ ᠪᠣᠶᠢᠵᠢᠵᠤ ᠴᠢᠳᠠᠨ᠎ᠠ᠂ ᠭᠡᠷ ᠤᠨ ᠠᠬᠠᠮᠠᠳ ᠰᠠᠭᠤᠭᠠᠯᠢ ᠠᠷᠠᠳ ᠤᠨ ᠬᠤᠭᠤᠯᠠ ᠤᠮᠳᠠ ᠶᠢᠨ ᠬᠠᠮᠤᠭ ᠤᠨ ᠰᠢᠨ᠎ᠡ ᠵᠢᠭᠠᠯᠲᠠ ᠪᠠᠷ ᠯᠠᠪᠯᠠᠯᠲᠠ ᠪᠣᠯᠭᠠᠵᠤ᠂ ᠬᠡᠦᠬᠡᠳ ᠤᠨ ᠡᠯ᠎ᠡ ᠵᠦᠢᠯ ᠤᠨ ᠰᠢᠮ᠎ᠡ ᠲᠡᠵᠢᠭᠡᠯ ᠤᠨ ᠡᠳ᠋ ᠢ ᠰᠢᠩᠭᠡᠬᠡᠨ ᠠᠪᠬᠤ ᠬᠠᠷᠢᠴᠠᠯ ᠨᠢ ᠵᠦᠢ ᠵᠣᠬᠢᠰᠲᠠᠢ ᠪᠠᠶᠢᠬᠤ ᠡᠰᠡᠬᠦ ᠶᠢ ᠦᠨᠡᠯᠡᠨ ᠵᠢᠱᠢᠵᠦ ᠪᠣᠯᠣᠨ᠎ᠠ᠃ᠵᠠᠩ ᠰᠢᠤᠸᠠᠢ ᠶᠤᠸᠠᠨ ᠢᠯᠡᠷᠬᠡᠶᠢᠯᠡᠬᠦ ᠳᠡᠭᠡᠨ᠂ ᠬᠡᠦᠬᠡᠳ ᠤᠨ ᠥᠰᠦᠯᠲᠡ ᠪᠤᠶᠢᠵᠢᠯᠲᠠ ᠲᠦᠷᠭᠡᠨ ᠪᠠᠶᠢᠵᠤ᠂ ᠡᠨᠧᠷᠭᠢ ᠪᠠ ᠰᠢᠮ᠎ᠡ ᠲᠡᠵᠢᠭᠡᠯ ᠤᠨ ᠡᠳ᠋ ᠤᠨ ᠬᠡᠷᠡᠭᠴᠡᠭᠡ ᠨᠢ ᠨᠠᠰᠤᠨ ᠳᠤ ᠭᠦᠷᠦᠭᠰᠡᠳ ᠤᠨ ᠬᠢ ᠠᠴᠠ ᠬᠠᠷᠢᠴᠠᠩᠭᠤᠢ ᠪᠠᠷ ᠥᠨᠳᠥᠷ ᠪᠠᠶᠢᠳᠠᠭ ᠪᠣᠯᠬᠤᠷ ᠢᠳᠡᠭᠡᠨ ᠤᠮᠳᠠᠭᠠᠨ ᠢᠶᠠᠨ ᠨᠠᠩ ᠵᠣᠬᠢᠰᠲᠠᠢ ᠪᠠᠶᠢᠯᠭᠠᠵᠤ᠂ ᠢᠳᠡᠭᠡᠨ ᠤ ᠵᠦᠢᠯ ᠤᠨ ᠣᠯᠠᠨ ᠶᠠᠩᠵᠤᠴᠢᠯᠠᠯᠲᠠ ᠶᠢ ᠪᠠᠲᠤᠯᠠᠬᠤ ᠬᠡᠷᠡᠭᠲᠡᠢ᠃ᠡᠳᠦᠷ ᠪᠦᠷᠢ ᠶᠢᠨ ᠢᠳᠡᠰᠢ ᠳᠤ ᠨᠠᠷᠢᠮᠤ ᠶᠢᠨ ᠲᠥᠮᠥᠰᠥ ᠶᠢᠨ ᠲᠦᠷᠦᠯ᠂ ᠢᠳᠡᠰᠢᠨ ᠨᠣᠭᠤᠭ᠎ᠠ᠂ ᠵᠢᠮᠢᠰ ᠤᠨ ᠲᠦᠷᠦᠯ᠂ ᠮᠠᠯ ᠵᠢᠭᠦᠷᠲᠡᠨ ᠤ ᠮᠢᠬ᠎ᠠ᠂ ᠥᠨᠳᠡᠭᠡ ᠰᠦ ᠶᠢᠨ ᠲᠦᠷᠦᠯ᠂ ᠰᠢᠷ᠎ᠠ ᠪᠤᠷᠴᠠᠭ ᠤᠨ ᠬᠠᠲᠠᠭᠤ ᠵᠢᠮᠢᠰ ᠤᠨ ᠲᠦᠷᠦᠯ ᠵᠡᠷᠭᠡ ᠢᠳᠡᠭᠡᠨ ᠢ ᠪᠠᠭᠲᠠᠭᠠᠵᠤ᠂ ᠭᠦᠢᠴᠡᠳ ᠬᠡᠮᠵᠢᠶᠡᠨ ᠤ ᠤᠭᠤᠷᠠᠭ ᠪᠣᠯᠣᠨ ᠸᠢᠲ᠋ᠠᠮᠢᠨ ᠢ ᠨᠥᠬᠦᠪᠦᠷᠢᠯᠡᠵᠦ᠂ ᠡᠳᠦᠷ ᠪᠦᠷᠢ ᠬᠥᠳᠡᠯᠭᠡᠭᠡᠨ ᠬᠢᠬᠦ ᠶᠢ ᠪᠠᠷᠢᠮᠲᠠᠯᠠᠨ᠎ᠠ᠃︵ᠰᠤᠷᠪᠤᠯᠵᠢᠯᠠᠭᠴᠢ ᠴᠠᠢ ᠷᠦᠩ︶          ︽ᠬᠠᠷᠢᠭᠤᠴᠠᠯᠭᠠᠲᠤ ᠨᠠᠶᠢᠷᠠᠭᠤᠯᠤᠭᠴᠢ᠄ ᠰᠦᠨ ᠬᠤᠢ︾
 
ᠢᠷᠡᠯᠲᠡ᠄ ᠪᠡᠭᠡᠵᠢᠩ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号