︽5G ᠶᠢᠨ ᠰᠢᠨ᠎ᠡ ᠳ᠋ᠢᠶᠠᠩᠬᠤᠸᠠ ᠨᠡᠪᠲᠡᠷᠡᠯᠭᠡ︾ ᠶᠢᠨ ᠨᠥᠬᠦᠷᠰᠡᠭ ᠵᠣᠴᠢᠨ ᠡᠷᠦᠬᠡ ᠡᠯᠰᠡᠬᠦ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠨ 5G ᠶᠢᠨ ᠰᠢᠨ᠎ᠡ ᠳ᠋ᠢᠶᠠᠩᠬᠤᠸᠠ ᠨᠡᠪᠲᠡᠷᠡᠯᠭᠡ ᠶᠢᠨ | ᠰᠢᠨ᠎ᠡ ᠶᠢ ᠡᠭᠦᠳᠦᠭᠰᠡᠨ ᠬᠡᠷᠡᠭᠯᠡᠯᠲᠡ ᠶᠢ ᠦᠵᠡᠭᠦᠯᠪᠡ᠃ | 5G ᠶᠢᠨ ᠴᠠᠭ ᠦᠶ᠎ᠡ ᠳᠤ᠂ ᠮᠡᠷᠭᠡᠵᠢᠯ ᠤᠨ ᠨᠢᠰᠬᠦ ᠮᠡᠲᠦ ᠲᠦᠷᠭᠡᠨ ᠬᠥᠭᠵᠢᠯᠲᠡ ᠨᠢ ᠭᠠᠷ | ᠤᠲᠠᠰᠤᠨ ᠤ ᠶᠠᠷᠢᠯᠴᠠᠭ᠎ᠠ ᠳᠤ ᠨᠠᠩ ᠣᠯᠠᠨ ᠰᠢᠨ᠎ᠡ ᠣᠷᠣᠨ ᠵᠠᠢ ᠣᠯᠭᠤᠵᠠᠢ᠃ᠣᠶᠢᠷ᠎ᠠ ᠳᠤ᠂ ᠵᠢᠶᠠᠩᠰᠤ ᠶᠢᠨ | ᠰᠢᠯᠵᠢᠮᠡᠯ ᠮᠡᠳᠡᠭᠡ ᠬᠤᠯᠪᠣᠭᠠᠨ ᠤ ᠬᠢᠨ ︽5G ᠶᠢᠨ ᠰᠢᠨ᠎ᠡ ᠳ᠋ᠢᠶᠠᠩᠬᠤᠸᠠ ᠨᠡᠪᠲᠡᠷᠡᠯᠭᠡ︾ ᠶᠢᠨ ᠨᠥᠬᠦᠷᠰᠡᠭ | ᠵᠣᠴᠢᠨ ᠡᠷᠦᠬᠡ ᠡᠯᠰᠡᠬᠦ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠵᠦ᠂ ᠬᠡᠷᠡᠭᠯᠡᠭᠴᠢᠳ ᠢ ᠤᠷᠢᠵᠤ ᠳᠡᠯᠭᠡᠴᠡ ᠶᠢ | ᠭᠡᠷᠡᠯᠲᠦᠭᠦᠯᠬᠦ᠂ ᠰᠣᠨᠢᠷᠬᠠᠯᠳᠤ ᠳ᠋ᠢᠶᠠᠩᠬᠤᠸᠠ ᠨᠡᠪᠲᠡᠷᠡᠯᠭᠡ ᠵᠢᠴᠢ ᠬᠠᠷᠰᠢ ᠰᠠᠭᠠᠳ ᠦᠭᠡᠢ ᠮᠡᠳᠡᠭᠡ ᠬᠤᠯᠪᠣᠭ᠎ᠠ ᠵᠡᠷᠭᠡ | ᠰᠢᠨ᠎ᠡ ᠳ᠋ᠢᠶᠠᠩᠬᠤᠸᠠ ᠨᠡᠪᠲᠡᠷᠡᠯᠭᠡ ᠶᠢᠨ ᠴᠢᠳᠠᠮᠵᠢ ᠶᠢ ᠤᠷᠢᠳᠠᠪᠠᠷ ᠡᠳ᠋ᠯᠡᠭᠦᠯᠦᠭᠰᠡᠨ ᠪᠠᠶᠢᠨ᠎ᠠ᠃ | | ᠳ᠋ᠢᠶᠠᠩᠬᠤᠸᠠ ᠨᠡᠪᠲᠡᠷᠡᠯᠭᠡ ᠶᠢᠨ ᠦᠢᠯᠡᠴᠢᠯᠡᠭᠡ ᠪᠣᠯ ᠡᠵᠡᠩᠨᠡᠯᠲᠡ ᠶᠢᠨ ᠬᠤᠳᠠᠯᠳᠤᠭᠠᠴᠢᠨ ᠤ ᠬᠠᠮᠤᠭ ᠤᠨ | ᠴᠢᠬᠤᠯᠠ᠂ ᠬᠠᠮᠤᠭ ᠤᠨ ᠭᠤᠣᠯ ᠪᠣᠯᠬᠤ ᠰᠠᠭᠤᠷᠢ ᠲᠤᠬᠠᠶᠢᠯᠠᠭᠰᠠᠨ ᠠᠵᠢᠯ ᠤᠨ ᠨᠢᠭᠡ ᠮᠥᠨ᠂ ᠪᠠᠰᠠ ᠴᠤ | ᠬᠡᠷᠡᠭᠯᠡᠭᠴᠢ ᠶᠢᠨ ᠵᠠᠶᠢᠯᠠᠰᠢ ᠦᠭᠡᠢ ᠬᠡᠷᠡᠭᠴᠡᠭᠡ ᠮᠥᠨ᠃5G ᠶᠢᠨ ᠰᠢᠨ᠎ᠡ ᠳ᠋ᠢᠶᠠᠩᠬᠤᠸᠠ ᠨᠡᠪᠲᠡᠷᠡᠯᠭᠡ ᠪᠣᠯ 5G | ᠶᠢᠨ ᠰᠦᠯᠵᠢᠶ᠎ᠡ ᠠᠴᠠ ᠭᠠᠷᠭᠠᠭᠰᠠᠨ ᠰᠢᠨ᠎ᠡ ᠨᠢᠭᠡ ᠦᠶ᠎ᠡ ᠶᠢᠨ ᠳ᠋ᠢᠶᠠᠩᠬᠤᠸᠠ ᠨᠡᠪᠲᠡᠷᠡᠯᠭᠡ ᠶᠢᠨ ᠦᠢᠯᠡᠳᠬᠦᠨ ᠳᠤ | ᠰᠠᠭᠤᠷᠢᠯᠠᠵᠤ᠂ ᠠᠯᠢ ᠣᠯᠠᠨ ᠰᠢᠨ᠎ᠡ ᠶᠢ ᠡᠭᠦᠳᠦᠭᠰᠡᠨ ᠳ᠋ᠢᠶᠠᠩᠬᠤᠸᠠ ᠨᠡᠪᠲᠡᠷᠡᠯᠭᠡ ᠶᠢ ᠬᠠᠩᠭᠠᠵᠤ ᠦᠢᠯᠡᠴᠢᠯᠡᠭᠡ ᠪᠠ | ᠬᠡᠷᠡᠭᠯᠡᠭᠡ ᠶᠢ ᠴᠢᠩᠭᠠᠷᠠᠭᠤᠯᠳᠠᠭ᠂ ᠵᠢᠱᠢᠶᠡᠯᠡᠪᠡᠯ 5G VoNR ᠬᠡᠲᠦ ᠲᠣᠳᠣ ᠬᠠᠷᠠᠭᠠᠨ ᠳ᠋ᠢᠶᠠᠩᠬᠤᠸᠠ᠂ | ᠣᠶᠤᠨᠴᠢ ᠣᠷᠴᠢᠭᠤᠯᠭ᠎ᠠ᠂ ᠰᠣᠨᠢᠷᠬᠠᠯᠳᠤ ᠳ᠋ᠢᠶᠠᠩᠬᠤᠸᠠ ᠨᠡᠪᠲᠡᠷᠡᠯᠭᠡ᠂ ᠣᠶᠤᠨᠴᠢ ᠦᠢᠯᠡᠴᠢᠯᠡᠭᠡᠨ ᠤ ᠦᠢᠯᠡᠴᠢᠯᠡᠭᠡ᠂ | ᠠᠯᠤᠰ ᠵᠠᠢ ᠶᠢᠨ ᠬᠠᠮᠵᠢᠯᠴᠠᠭ᠎ᠠ ᠵᠡᠷᠭᠡ ᠨᠢ ᠬᠡᠷᠡᠭᠯᠡᠭᠴᠢᠳ ᠲᠤ ᠣᠯᠠᠨ ᠵᠠᠭᠤᠴᠢᠲᠤ᠂ ᠦᠵᠡᠭᠳᠡᠮᠡᠯ᠂ ᠪᠦᠷᠢᠨ | ᠰᠣᠯᠢᠯᠴᠠᠭᠠᠨ ᠤ ᠳ᠋ᠢᠶᠠᠩᠬᠤᠸᠠ ᠨᠡᠪᠲᠡᠷᠡᠯᠭᠡ ᠶᠢᠨ ᠣᠶᠢᠯᠠᠭᠠᠯᠲᠠ ᠶᠢ ᠠᠪᠴᠢᠷᠠᠳᠠᠭ᠃ | ᠵᠢᠶᠠᠩᠰᠤ ᠮᠤᠵᠢ ᠶᠢᠨ ᠨᠡᠭᠦᠳᠡᠯ ᠬᠤᠯᠪᠣᠭᠠᠨ ᠤ ᠳᠡᠳ᠋ ᠶᠡᠷᠦᠩᠬᠡᠢ ᠳᠠᠭᠠᠭᠠᠮᠠᠯ ᠭᠤᠸᠠᠨ ᠢ ᠮᠢᠨ ᠤ | ᠲᠠᠨᠢᠯᠴᠠᠭᠤᠯᠤᠭᠰᠠᠨ ᠢᠶᠠᠷ᠂ ᠬᠡᠷᠡᠭᠯᠡᠭᠴᠢ ᠶᠢᠨ ᠣᠶᠢᠯᠠᠭᠠᠯᠲᠠ ᠠᠴᠠ ᠦᠵᠡᠪᠡᠯ᠂ 5G ᠶᠢᠨ ᠰᠢᠨ᠎ᠡ ᠳ᠋ᠢᠶᠠᠩᠬᠤᠸᠠ | ᠨᠡᠪᠲᠡᠷᠡᠯᠭᠡ ᠨᠢ ᠴᠡᠪᠡᠷ ᠲᠠᠭᠤ ᠳᠦᠷᠰᠦ ᠰᠢᠩᠭᠡᠭᠡᠯᠲᠡ ᠶᠢᠨ ᠳ᠋ᠢᠶᠠᠩᠬᠤᠸᠠ ᠨᠡᠪᠲᠡᠷᠡᠯᠭᠡ ᠶᠢᠨ ᠬᠡᠯᠪᠡᠷᠢ ᠪᠠᠶᠢᠳᠠᠯ ᠢ | ᠨᠤᠷᠠᠭᠠᠵᠤ᠂ ᠪᠠᠶᠠᠨ ᠵᠠᠭᠤᠴᠢᠯᠠᠭᠤᠷ᠂ ᠬᠠᠷᠢᠯᠴᠠᠬᠤ ᠬᠡᠯᠪᠡᠷᠢ᠂ ᠵᠢᠪᠪᠦᠮᠡᠯ ᠬᠡᠯᠪᠡᠷᠢ ᠶᠢᠨ ᠬᠡᠷᠡᠭᠯᠡᠭᠡᠨ ᠤ ᠳ᠋ᠢᠶᠠᠩᠬᠤᠸᠠ | ᠨᠡᠪᠲᠡᠷᠡᠯᠭᠡ ᠶᠢᠨ ᠬᠡᠯᠪᠡᠷᠢ ᠪᠠᠶᠢᠳᠠᠯ ᠪᠣᠯᠭᠠᠨ ᠲᠠᠰ ᠳᠡᠪᠰᠢᠭᠦᠯᠬᠦ ᠶᠢᠨ ᠬᠠᠮᠲᠤ ᠬᠤᠪᠢ ᠬᠥᠮᠥᠨ ᠪᠠ ᠠᠵᠤ | ᠠᠬᠤᠶᠢᠯᠠᠯ ᠤᠨ ᠬᠡᠷᠡᠭᠯᠡᠭᠴᠢᠳ ᠲᠤ ᠬᠠᠨᠳᠤᠭᠤᠯᠤᠨ ᠣᠯᠠᠨ ᠵᠦᠢᠯ ᠤᠨ ᠲᠤᠬᠠᠶᠢᠯᠠᠭᠰᠠᠨ ᠠᠵᠢᠯ ᠤᠨ ᠪᠠᠶᠢᠳᠠᠯ ᠢ | ᠬᠠᠶᠢᠨ ᠰᠦᠪᠡᠭᠴᠢᠯᠡᠭᠰᠡᠨ ᠪᠠᠶᠢᠨ᠎ᠠ᠃ᠦᠢᠯᠡᠳᠬᠦᠨ ᠤ ᠣᠨᠴᠠᠯᠢᠭ ᠠᠴᠠ ᠠᠪᠴᠤ ᠦᠵᠡᠪᠡᠯ᠂ 5G ᠶᠢᠨ ᠰᠢᠨ᠎ᠡ | ᠳ᠋ᠢᠶᠠᠩᠬᠤᠸᠠ ᠨᠡᠪᠲᠡᠷᠡᠯᠭᠡ ᠨᠢ ᠭᠠᠷ ᠤᠲᠠᠰᠤᠨ ᠤ ᠨᠣᠮᠧᠷ ᠲᠤ ᠰᠠᠭᠤᠷᠢᠯᠠᠵᠤ᠂ ᠬᠠᠷᠠᠭᠠᠯᠵᠠᠭᠰᠠᠨ ᠭᠠᠷ ᠤᠲᠠᠰᠤᠨ ᠤ | ᠦᠵᠦᠭᠦᠷ᠂ ᠦᠢᠯᠡᠴᠢᠯᠡᠭᠡᠨ ᠤ ᠦᠵᠦᠭᠦᠷ ᠲᠤ ᠴᠥᠮ ᠦᠨᠡᠨ ᠨᠡᠷ᠎ᠡ ᠶᠢᠨ ᠳᠦᠷᠢᠮ ᠢ ᠬᠡᠷᠡᠭᠯᠡᠵᠦ᠂ | ᠬᠡᠷᠡᠭᠯᠡᠭᠴᠢᠳ ᠲᠤ ᠴᠠᠬᠢᠯᠭᠠᠨ ᠬᠤᠯᠪᠣᠭᠠᠨ ᠤ ᠲᠠᠰ ᠤᠨ ᠠᠮᠤᠷ ᠲᠦᠪᠰᠢᠨ ᠤ ᠪᠠᠲᠤᠯᠠᠭ᠎ᠠ ᠶᠢ ᠬᠠᠩᠭᠠᠵᠤ ᠴᠢᠳᠠᠨ᠎ᠠ︔ | ᠦᠢᠯᠡᠴᠢᠯᠡᠭᠡᠨ ᠤ ᠵᠠᠭᠪᠤᠷ ᠠᠴᠠ ᠦᠵᠡᠪᠡᠯ᠂ 5G ᠶᠢᠨ ᠰᠢᠨ᠎ᠡ ᠤᠲᠠᠰᠤ ᠪᠠᠷ ᠶᠠᠷᠢᠯᠴᠠᠬᠤ ᠨᠢ ᠬᠡᠷᠡᠭᠯᠡᠭᠴᠢᠳ ᠲᠤ | ᠤᠲᠠᠰᠤ ᠪᠠᠷ ᠶᠠᠷᠢᠯᠴᠠᠬᠤ ᠶᠠᠪᠤᠴᠠ ᠳᠤ ᠦᠢᠯᠡᠴᠢᠯᠡᠭᠡᠨ ᠤ ᠵᠥᠪᠯᠡᠯᠭᠡ ᠥᠭᠬᠦ᠂ ᠲᠠᠸᠠᠷ ᠬᠤᠳᠠᠯᠳᠤᠨ ᠠᠪᠬᠤ᠂ | ᠭᠡᠷ ᠤᠨ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ ᠵᠡᠷᠭᠡ ᠡᠯ᠎ᠡ ᠵᠦᠢᠯ ᠤᠨ ᠲᠤᠬᠠᠶᠢᠯᠠᠭᠰᠠᠨ ᠠᠵᠢᠯ ᠪᠠ | ᠦᠢᠯᠡᠴᠢᠯᠡᠭᠡ ᠶᠢ ᠡᠳ᠋ᠯᠡᠭᠦᠯᠬᠦ ᠪᠣᠯᠣᠨ᠎ᠠ᠃ | ︽ᠢᠷᠡᠭᠡᠳᠦᠢ ᠳᠤ᠂ ᠪᠢᠳᠡ 5G ᠶᠢᠨ ᠰᠢᠨ᠎ᠡ ᠳ᠋ᠢᠶᠠᠩᠬᠤᠸᠠ ᠨᠡᠪᠲᠡᠷᠡᠯᠭᠡ ᠶᠢ ᠨᠡᠭᠡᠭᠡᠯᠲᠡᠲᠡᠢ | ᠳ᠋ᠢᠶᠠᠩᠬᠤᠸᠠ ᠨᠡᠪᠲᠡᠷᠡᠯᠭᠡ ᠶᠢᠨ ᠬᠡᠷᠡᠭᠯᠡᠭᠡᠨ ᠤ ᠰᠢᠨ᠎ᠡ ᠠᠮᠢ ᠠᠬᠤᠢ ᠪᠣᠯᠭᠠᠨ ᠪᠦᠲᠦᠭᠡᠨ ᠪᠠᠶᠢᠭᠤᠯᠵᠤ᠂ ᠲᠠᠪᠴᠠᠩ ᠤᠨ | ᠬᠡᠷᠡᠭᠯᠡᠭᠡᠨ ᠤ ᠦᠢᠯᠡᠴᠢᠯᠡᠭᠡ ᠶᠢ ᠪᠠᠶᠢᠭᠤᠯᠤᠨ᠂ ᠠᠵᠤ ᠦᠢᠯᠡᠰ ᠤᠨ ᠡᠯ᠎ᠡ ᠲᠠᠯ᠎ᠠ ᠶᠢᠨ ᠬᠢᠨ ᠢ ᠴᠥᠮ ᠲᠤᠬᠠᠶᠢᠯᠠᠭᠰᠠᠨ | ᠠᠵᠢᠯ ᠤᠨ ᠰᠢᠨ᠎ᠡ ᠶᠢ ᠡᠭᠦᠳᠬᠦ ᠳᠤ ᠣᠷᠣᠯᠴᠠᠭᠤᠯᠵᠤ᠂ ᠬᠡᠷᠡᠭᠯᠡᠭᠡᠨ ᠤ ᠲᠠᠯᠠᠪᠤᠷ ᠢ ᠪᠠᠶᠠᠯᠢᠭᠵᠢᠭᠤᠯᠤᠨ᠂ ᠦᠨᠡᠨ ᠬᠦ | ᠢᠯᠡ ᠪᠥᠭᠡᠳ ᠡᠷᠬᠡ ᠲᠡᠭᠰᠢ ᠤᠷᠤᠰᠴᠠ ᠶᠢᠨ ᠣᠷᠣᠬᠤ ᠡᠭᠦᠳᠡ ᠪᠣᠯᠭᠠᠬᠤ ᠪᠠᠷ ᠲᠥᠯᠥᠪᠯᠡᠵᠦ ᠪᠣᠶ᠄ ᠨᠢᠭᠡ | ᠲᠠᠯ᠎ᠠ ᠪᠠᠷ᠂ ᠪᠦᠷᠢᠨ ᠨᠡᠭᠡᠭᠡᠯᠲᠡᠲᠤ ᠠᠮᠢ ᠠᠬᠤᠢ ᠶᠢ ᠪᠠᠶᠢᠭᠤᠯᠵᠤ᠂ ᠵᠠᠬᠢᠳᠠᠯ ᠵᠠᠷᠯᠢᠭ᠂ ᠵᠠᠭᠤᠴᠢᠯᠠᠭᠤᠷ᠂ ᠲᠤᠭ᠎ᠠ | ᠪᠠᠷᠢᠮᠲᠠ ᠶᠢᠨ ᠨᠡᠪᠲᠡᠷᠡᠬᠦ ᠵᠠᠮ ᠤᠨ ᠨᠡᠭᠡᠭᠡᠵᠦ ᠪᠣᠯᠬᠤ ᠴᠢᠳᠠᠪᠤᠷᠢ ᠶᠢ ᠭᠦᠢᠴᠡᠳ ᠠᠭᠤᠳᠠᠯᠤᠨ᠎ᠠ︔ ᠨᠥᠭᠦᠭᠡ | ᠲᠠᠯ᠎ᠠ ᠪᠠᠷ᠂ ︿ᠬᠤᠯᠪᠣᠬᠤ + ᠪᠤᠳᠤᠬᠤ ᠴᠢᠳᠠᠪᠤᠷᠢ + ᠴᠢᠳᠠᠪᠤᠷᠢ﹀ ᠪᠠᠷ ᠳᠠᠮᠵᠢᠭᠤᠯᠤᠨ᠂ ᠬᠠᠷᠠᠭᠠᠨ | ᠳᠠᠪᠲᠠᠮᠵᠢ ᠶᠢᠨ ᠤᠯᠠᠭᠠᠨ ᠪᠠᠭᠯᠠᠭ᠎ᠠ᠂ ᠬᠠᠷᠠᠭᠠᠨ ᠳᠠᠪᠲᠠᠮᠵᠢ ᠶᠢᠨ ᠡᠯᠧᠺᠲᠷᠣᠨ ᠬᠤᠳᠠᠯᠳᠤᠭ᠎ᠠ᠂ ︿ᠲᠣᠭᠠᠴᠢᠯᠠᠭᠰᠠᠨ | ᠬᠥᠮᠥᠨ﹀ ᠵᠡᠷᠭᠡ ᠠᠯᠢ ᠣᠯᠠᠨ ᠰᠢᠨ᠎ᠡ ᠬᠡᠷᠡᠭᠯᠡᠭᠡ ᠶᠢ ᠴᠢᠯᠦᠭᠡᠲᠡᠢ ᠪᠣᠯᠭᠠᠵᠤ᠂ ᠲᠤᠬᠠᠶᠢᠯᠠᠭᠰᠠᠨ ᠠᠵᠢᠯ ᠤᠨ ᠰᠢᠨ᠎ᠡ ᠶᠢ | ᠡᠭᠦᠳᠬᠦ ᠶᠢ ᠦᠷᠭᠦᠯᠵᠢᠯᠡᠨ ᠶᠠᠪᠤᠭᠳᠠᠭᠤᠯᠵᠤ᠂ ᠣᠯᠠᠨ ᠵᠦᠢᠯ ᠤᠨ ᠠᠵᠢᠯ ᠦᠢᠯᠡᠰ ᠤᠨ ᠴᠢᠳᠠᠪᠤᠷᠢ ᠶᠢ ᠣᠯᠭᠤᠨ᠎ᠠ︾ | ᠭᠡᠵᠦ ᠭᠤᠸᠠᠨ ᠢ ᠮᠢᠨ ᠬᠡᠯᠡᠵᠡᠢ᠃︵ᠰᠤᠷᠪᠤᠯᠵᠢᠯᠠᠭᠴᠢ ᠶᠢᠨ ᠹᠧᠩ︶ | ︽ᠬᠠᠷᠢᠭᠤᠴᠠᠯᠭᠠᠲᠤ ᠨᠠᠶᠢᠷᠠᠭᠤᠯᠤᠭᠴᠢ᠄ ᠵᠧᠦ ᠵᠢᠩ ᠵᠢᠶᠧ︾ | |