| ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠤᠨ ᠤ ᠳᠤᠮᠳᠠ ᠲᠦᠷᠭᠡᠨ ᠠᠬᠢᠭᠤᠯᠬᠤ ᠲᠣᠭᠲᠠᠭᠤᠨ ᠤ | ᠳᠤᠮᠳᠠ ᠰᠢᠯᠢᠳᠡᠭ ᠣᠷᠣᠭᠤᠯᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨᠣᠷᠳᠣᠨ ᠤ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠤᠨ ᠤ ᠳᠤᠮᠳᠠ | ᠲᠦᠷᠭᠡᠨ ᠤᠷᠤᠭᠰᠢᠯᠠᠬᠤ ᠲᠣᠭᠲᠠᠭᠤᠨ ᠤ ᠳᠤᠮᠳᠠ ᠰᠢᠯᠢᠳᠡᠭ ᠢ ᠠᠬᠢᠭᠤᠯᠬᠤ ᠶᠢ ᠪᠠᠷᠢᠮᠲᠠᠯᠠᠵᠤ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠃ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠨᠠᠷᠢᠨ ᠲᠠᠩᠰᠠ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 7 | ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠂ ᠨᠠᠷᠢᠨ ᠬᠢᠨᠠᠮᠠᠭᠠᠢ ᠰᠠᠶᠢᠲᠤᠷ ᠠᠳᠬᠤᠵᠤ | ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ | 2023 ᠣᠨ ᠤ 1 ᠰᠠᠷ᠎ᠠ ᠶᠢᠨ 19 ᠤ ᠡᠳᠦᠷ ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠤᠨ ᠤ ᠳᠤᠮᠳᠠ ᠲᠦᠷᠭᠡᠨ | ᠠᠬᠢᠭᠤᠯᠬᠤ ᠲᠣᠭᠲᠠᠭᠤᠨ ᠤ ᠳᠤᠮᠳᠠ ᠰᠢᠯᠢᠳᠡᠭ ᠢ ᠠᠬᠢᠭᠤᠯᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ | ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠤᠭᠰᠠᠨ ᠰᠠᠭᠤᠷᠢᠨ ᠳᠡᠭᠡᠷ᠎ᠡ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠲᠦᠷᠭᠡᠨ ᠤᠷᠤᠭᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠰᠢᠯᠢᠳᠡᠭ ᠢᠶᠠᠷ ᠤᠷᠤᠭᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠢ | ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠲᠦᠯᠬᠢᠨ | ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠦᠨᠡᠨ ᠬᠦ | ᠪᠠᠲᠤᠯᠠᠬᠤ ᠳᠤ ᠳᠣᠣᠷᠠᠬᠢ ᠮᠡᠲᠦ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠶᠢ ᠳᠤᠷᠠᠳᠤᠨ ᠭᠠᠷᠭᠠᠪᠠ᠃ | ᠨᠢᠭᠡ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | ︵ᠨᠢᠭᠡ︶ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠦᠨ᠎ᠡ᠃ | 1. ᠴᠢᠨᠠᠷ ᠰᠠᠶᠢᠲᠠᠢ ᠥᠨᠳᠥᠷ ᠪᠦᠲᠦᠮᠵᠢᠲᠡᠶ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ | ᠠᠵᠢᠯᠯᠠᠭ᠎ᠠ ᠶᠢ ᠬᠡᠷᠡᠭᠵᠢᠭᠦᠯᠵᠦ᠂ 110 ᠳ᠋ᠦᠩᠰᠢᠭᠤᠷ ᠲᠥᠭᠦᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠢ | ᠬᠥᠭᠵᠢᠭᠦᠯᠬᠦ ᠵᠡᠷᠭᠡ ᠪᠡᠯᠡ ᠮᠥᠩᠭᠦ ᠶᠢ ᠲᠣᠬᠢᠷᠠᠭᠤᠯᠵᠤ᠂ ᠠᠮᠤ ᠪᠤᠳᠠᠭ᠎ᠠ ᠲᠠᠷᠢᠬᠤ ᠲᠠᠯᠠᠪᠠᠢ ᠪᠠ ᠤᠨᠠᠯᠲᠠ ᠶᠢ | ᠲᠣᠭᠲᠠᠪᠤᠷᠢᠵᠢᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 2. ᠲᠠᠷᠢᠶᠠᠨ ᠭᠠᠵᠠᠷ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ | 395 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠳᠡᠮᠵᠢᠯᠭᠡ ᠦᠵᠡᠭᠦᠯᠦᠨ᠎ᠡ᠃ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ | ᠤᠯᠠᠭᠠᠨᠬᠠᠳᠠ ᠬᠤᠲᠠ ᠶᠢᠨ 1920 ᠲᠦᠮᠡᠨ ᠮᠦ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢ ᠬᠡᠷᠡᠭᠵᠢᠭᠦᠯᠬᠦ ᠳᠤ ᠳᠡᠮᠵᠢᠯᠭᠡ ᠦᠵᠡᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠂ ᠡᠳ᠋ ᠤᠨ ᠵᠠᠰᠠᠭ ᠤᠨ ᠲᠢᠩᠬᠢᠮ︶ | 3. ᠨᠥᠬᠦᠴᠡᠯ ᠳᠤ ᠨᠡᠶᠢᠴᠡᠬᠦ ᠬᠤᠵᠢᠷᠯᠢᠭ ᠭᠠᠵᠠᠷ ᠵᠡᠷᠭᠡ ᠪᠡᠯᠡᠳᠬᠡᠯ ᠭᠠᠵᠠᠷ ᠰᠢᠷᠣᠢ ᠶᠢᠨ ᠡᠬᠢ | ᠪᠠᠶᠠᠯᠢᠭ ᠢ ᠵᠣᠬᠢᠬᠤ ᠬᠡᠮᠵᠢᠶ᠎ᠡ ᠪᠠᠷ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠵᠦ ᠶᠡᠷᠦᠩᠬᠡᠶᠢᠯᠡᠨ ᠠᠰᠢᠭᠯᠠᠬᠤ ᠶᠢ | ᠳᠡᠮᠵᠢᠵᠦ᠂ ᠬᠤᠵᠢᠷᠰᠢᠭᠰᠠᠨ ᠲᠠᠷᠢᠶᠠᠨ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠥᠷᠨᠢᠭᠦᠯᠦᠨ᠂ ᠬᠤᠵᠢᠷᠰᠢᠭᠰᠠᠨ | ᠲᠠᠷᠢᠶᠠᠨ ᠭᠠᠵᠠᠷ ᠲᠤ ᠤᠰᠤᠨ ᠲᠤᠲᠤᠷᠭ᠎ᠠ᠂ ᠰᠢᠰᠢ ᠵᠡᠷᠭᠡ ᠳᠠᠪᠤᠰᠤᠨ ᠳᠤ ᠲᠡᠰᠪᠦᠷᠢᠲᠡᠢ ᠲᠠᠷᠢᠮᠠᠯ ᠳᠠᠷᠢᠬᠤ ᠶᠢ | ᠠᠬᠢᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ︶ | ︵ᠬᠤᠶᠠᠷ︶ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | 4. 9000 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠦᠷ᠎ᠡ ᠡᠳ᠋ ᠤᠨ ᠡᠬᠢ | ᠪᠠᠶᠠᠯᠢᠭ ᠢ ᠬᠠᠮᠠᠭᠠᠯᠠᠨ ᠠᠰᠢᠭᠯᠠᠬᠤ᠂ ᠰᠠᠶᠢᠨ ᠡᠭᠦᠯᠳᠡᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠳᠠᠪᠠᠭᠤᠯᠢᠭ | ᠣᠨᠴᠠᠯᠢᠭᠲᠤ ᠡᠭᠦᠯᠳᠡᠷ ᠢ ᠪᠣᠶᠢᠵᠢᠭᠤᠯᠬᠤ ᠭᠤᠷᠪᠠᠨ ᠶᠡᠭᠡ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠨ᠎ᠡ᠃︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 5. ᠲᠠᠷᠢᠮᠠᠯ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ | ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠥᠷᠨᠢᠭᠦᠯᠦᠨ᠂ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ | ᠲᠣᠬᠢᠷᠠᠭᠤᠯᠵᠤ᠂ ᠡᠪᠡᠰᠦᠨ ᠦᠷ᠎ᠡ ᠶᠢᠨ ᠦᠢᠯᠡᠰ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ | ᠲᠥᠮᠥᠰᠥ ᠵᠡᠷᠭᠡ 5 ᠳᠠᠪᠠᠭᠤᠯᠢᠭ ᠠᠵᠤ ᠦᠢᠯᠡᠰ ᠪᠣᠯᠣᠨ ᠡᠯᠳᠡᠪ ᠠᠮᠤ᠂ ᠢᠳᠡᠰᠢᠨ ᠨᠣᠭᠤᠭ᠎ᠠ᠂ ᠨᠠᠷᠠᠨᠬᠤᠸᠠᠷ᠂ ᠰᠢᠬᠢᠷ | ᠯᠤᠤᠪᠠᠩ ᠵᠡᠷᠭᠡ ᠠᠵᠤ ᠦᠢᠯᠡᠰ ᠤᠨ ᠬᠡᠷᠡᠭᠵᠢᠭᠦᠯᠬᠦ 14 ᠲᠦᠷᠦᠯ ᠵᠦᠢᠯ ᠲᠤ ᠦᠷᠭᠦᠯᠵᠢᠯᠡᠨ ᠦᠷᠭᠦᠯᠵᠢᠯᠡᠨ | ᠳᠡᠮᠵᠢᠯᠭᠡ ᠦᠵᠡᠭᠦᠯᠦᠨ᠎ᠡ᠃ᠣᠨᠴᠠᠯᠢᠭᠲᠤ ᠮᠠᠯ ᠵᠢᠭᠦᠷᠲᠡᠨ᠂ ᠲᠠᠷᠢᠮᠠᠯ ᠵᠡᠷᠭᠡ ᠦᠷ᠎ᠡ ᠶᠢᠨ ᠦᠢᠯᠡᠰ ᠤᠨ ᠬᠦᠷᠢᠶ᠎ᠡ ᠪᠠ | ᠴᠢᠨᠠᠷ ᠰᠠᠶᠢᠲᠠᠢ ᠲᠡᠵᠢᠭᠡᠯ ᠡᠪᠡᠰᠦ ᠶᠢ ᠦᠢᠯᠡᠳᠪᠦᠷᠢᠯᠡᠬᠦ ᠪᠠ ᠬᠤᠷᠢᠶᠠᠵᠤ ᠡᠳ᠋ᠰᠢᠭᠦᠯᠬᠦ᠂ ᠪᠠᠶᠢᠭᠠᠯᠢ ᠶᠢᠨ ᠨᠤᠲᠤᠭ | ᠪᠡᠯᠴᠢᠭᠡᠷ ᠢ ᠰᠠᠶᠢᠵᠢᠷᠠᠭᠤᠯᠬᠤ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠡᠷᠭᠡ | ᠡᠪᠡᠰᠦᠨ ᠤ ᠠᠵᠤ ᠦᠢᠯᠡᠰ ᠤᠨ ᠬᠦᠷᠢᠶᠡᠨ ᠳᠤ ︽ᠵᠠᠷᠯᠠᠨ ᠮᠠᠩᠯᠠᠶᠢᠯᠠᠭᠤᠯᠬᠤ︾ ᠠᠵᠢᠯ ᠢ ᠨᠡᠮᠡᠭᠳᠡᠭᠦᠯᠦᠨ᠎ᠡ᠃︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ︶ | 6. ᠰᠢᠯᠢᠳᠡᠭ ᠡᠭᠦᠯᠳᠡᠷ ᠢ ᠱᠠᠩᠨᠠᠬᠤ ᠲᠣᠭᠲᠠᠴᠠ ᠶᠢ ᠪᠠᠶᠢᠭᠤᠯᠵᠤ᠂ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠲᠥᠮᠥᠰᠥ ᠶᠢᠨ ᠴᠢᠨᠠᠷ ᠰᠠᠶᠢᠲᠠᠢ ᠰᠢᠨ᠎ᠡ ᠡᠭᠦᠯᠳᠡᠷ ᠲᠤ᠂ | ᠵᠢᠯ ᠤᠨ ᠳᠡᠯᠭᠡᠷᠡᠭᠦᠯᠬᠦ ᠲᠠᠯᠠᠪᠠᠶ ᠨᠢ 10 ᠲᠦᠮᠡᠨ ᠮᠦ ᠠᠴᠠ ᠳᠡᠭᠡᠭᠰᠢ ᠪᠠᠶᠢᠪᠠᠯ ᠨᠢᠭᠡ ᠤᠳᠠᠭ᠎ᠠ ᠶᠢᠨ ᠴᠢᠨᠠᠷᠲᠠᠢ ᠪᠠᠷ | 500 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ︔ᠵᠢᠯ ᠤᠨ ᠳᠡᠯᠭᠡᠷᠡᠭᠦᠯᠦᠭᠰᠡᠨ ᠲᠠᠯᠠᠪᠠᠶ ᠨᠢ 30 | ᠲᠦᠮᠡᠨ ᠮᠦ ᠠᠴᠠ ᠳᠡᠭᠡᠭᠰᠢ ᠪᠠᠶᠢᠪᠠᠯ ᠨᠢᠭᠡ ᠤᠳᠠᠭ᠎ᠠ ᠶᠢᠨ ᠴᠢᠨᠠᠷᠲᠠᠢ 1000 ᠲᠦᠮᠡᠨ ᠲᠥᠭᠦᠷᠢᠭ ᠤᠨ ᠱᠠᠩᠨᠠᠵᠤ | ᠨᠥᠬᠦᠪᠦᠷᠢᠯᠡᠨ᠎ᠡ᠃ᠤᠯᠤᠰ ᠤᠨ ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠡᠷᠳᠡᠨᠢ ᠰᠢᠰᠢ᠂ ᠰᠢᠷ᠎ᠠ ᠪᠤᠷᠴᠠᠭ ᠵᠡᠷᠭᠡ | ᠲᠥᠷᠥᠯ ᠵᠦᠢᠯ ᠢ ᠨᠢᠭᠡ ᠤᠳᠠᠭ᠎ᠠ ᠳᠤ 10 ᠲᠦᠮᠡᠨ ᠲᠥᠭᠦᠷᠢᠭ ᠢᠶᠠᠷ ᠱᠠᠩᠨᠠᠨ᠎ᠠ᠃︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | ︵ᠭᠤᠷᠪᠠ︶ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | 7. ᠴᠢᠨᠠᠷ ᠰᠠᠶᠢᠲᠠᠢ ᠰᠠᠭᠠᠯᠢ ᠶᠢᠨ ᠢᠷᠡᠯᠲᠡ ᠶᠢᠨ ᠬᠠᠩᠭᠠᠯᠭ᠎ᠠ ᠶᠢ ᠨᠡᠮᠡᠭᠳᠡᠭᠦᠯᠵᠦ᠂ | ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ ᠰᠢᠨ᠎ᠡ ᠪᠠᠷ ᠪᠠᠶᠢᠭᠤᠯᠬᠤ ᠶᠢ | ᠵᠣᠷᠢᠭᠵᠢᠭᠤᠯᠤᠨ᠂ ᠴᠢᠨᠠᠷ ᠰᠠᠶᠢᠲᠠᠢ ᠰᠠᠭᠠᠯᠢ ᠶᠢᠨ ᠦᠨᠢᠶ᠎ᠡ ᠶᠢᠨ ᠰᠦᠷᠦᠭᠵᠢᠯ ᠢᠶᠠᠨ ᠥᠷᠭᠡᠳᠬᠡᠨ ᠨᠡᠮᠡᠭᠳᠡᠭᠦᠯᠬᠦ ᠶᠢ | ᠠᠬᠢᠭᠤᠯᠵᠤ᠂ 2021 ᠣᠨ ᠠᠴᠠ ᠰᠡᠭᠦᠯᠡᠷ ᠪᠠᠶᠢᠭᠤᠯᠤᠭᠰᠠᠨ 3000 ᠬᠡᠪᠴᠢᠶᠡᠵᠢᠭᠦᠯᠦᠭᠰᠡᠨ ᠲᠡᠵᠢᠭᠡᠨ | ᠦᠷᠡᠵᠢᠭᠦᠯᠬᠦ ᠲᠠᠯᠠᠪᠠᠶ ᠳᠤ ᠰᠢᠨ᠎ᠡ ᠪᠠᠷ ᠨᠡᠮᠡᠭᠳᠡᠭᠰᠡᠨ ᠰᠠᠭᠠᠯᠢ ᠶᠢᠨ ᠦᠨᠢᠶ᠎ᠡ ᠶᠢᠨ ᠲᠤᠭ᠎ᠠ ᠬᠡᠮᠵᠢᠶ᠎ᠡ ᠶᠢ ᠦᠨᠳᠦᠰᠦᠯᠡᠨ | ᠨᠥᠬᠦᠪᠦᠷᠢ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 8. ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠤᠨ ᠰᠦᠷᠦᠭ ᠢᠶᠠᠨ ᠥᠷᠭᠡᠳᠬᠡᠨ ᠨᠡᠮᠡᠭᠳᠡᠭᠦᠯᠬᠦ ᠶᠢ | ᠳᠡᠮᠵᠢᠨ᠎ᠡ᠃ ᠰᠠᠭᠠᠯᠢ ᠶᠢᠨ ᠦᠨᠢᠶ᠎ᠡ ᠪᠠ ᠰᠦ ᠮᠢᠬ᠎ᠠ ᠶᠢ ᠬᠠᠪᠰᠤᠷᠭᠠᠨ ᠬᠡᠷᠡᠭᠯᠡᠬᠦ ᠦᠬᠡᠷ ᠤᠨ ᠡᠭᠦᠯᠳᠡᠷ ᠤᠨ ᠮᠠᠯ | ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠲᠠᠢ᠂ ᠤᠯᠤᠰ ᠤᠨ ᠳᠣᠲᠣᠭᠠᠳᠤ | ᠭᠠᠳᠠᠭᠠᠳᠤ ᠶᠢᠨ ᠨᠡᠷᠡᠰ ᠤᠨ ᠵᠢᠭᠰᠠᠭᠠᠯᠲᠠ ᠳᠤ ᠣᠷᠣᠭᠰᠠᠨ ᠡᠭᠦᠯᠳᠡᠷ ᠤᠨ ᠪᠤᠬ᠎ᠠ ᠶᠢ ᠪᠣᠶᠢᠵᠢᠭᠤᠯᠤᠨ ᠭᠠᠷᠭᠠᠵᠤ | ᠳᠡᠶᠢᠯᠬᠦ ᠶᠢᠨ ᠬᠠᠮᠲᠤ᠂ ᠬᠢᠨᠠᠨ ᠰᠢᠯᠭᠠᠯᠲᠠ ᠪᠠᠷ ᠳᠡᠮᠵᠢᠨ ᠪᠠᠷᠢᠮᠵᠢᠶ᠎ᠠ ᠳᠤ ᠬᠦᠷᠦᠭᠰᠡᠨ ᠡᠭᠦᠯᠳᠡᠷ ᠪᠣᠶᠢᠵᠢᠭᠤᠯᠬᠤ ᠠᠵᠤ | ᠠᠬᠤᠶᠢᠯᠠᠯ ᠢ ᠱᠠᠩᠨᠠᠨ ᠬᠥᠬᠢᠭᠦᠯᠬᠦ ᠬᠡᠷᠡᠭᠲᠡᠢ᠃ ᠲᠡᠵᠢᠭᠡᠨ ᠦᠷᠡᠵᠢᠭᠦᠯᠬᠦ ᠲᠠᠯᠠᠪᠠᠢ ᠶᠢᠨ ᠦᠷᠡᠵᠢᠬᠦ ᠴᠢᠳᠠᠪᠤᠷᠢ ᠲᠠᠢ | ᠡᠬᠡ ᠮᠠᠯ ᠤᠨ ᠪᠡᠯᠭᠡ ᠶᠢᠨ ᠡᠵᠡᠮᠰᠢᠯᠲᠦ ᠬᠦᠪᠦᠷᠡᠯ ᠢ ᠠᠰᠢᠭᠯᠠᠨ ᠥᠨᠳᠥᠷ ᠤᠨᠠᠯᠲᠠ ᠲᠠᠢ ᠰᠠᠭᠠᠯᠢ ᠶᠢᠨ ᠦᠨᠢᠶ᠎ᠡ | ᠪᠣᠶᠢᠵᠢᠭᠤᠯᠬᠤ ᠳᠤ ᠵᠣᠬᠢᠬᠤ ᠨᠥᠬᠦᠪᠦᠷᠢ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 9. ᠲᠡᠵᠢᠭᠡᠯ ᠡᠪᠡᠰᠦ ᠬᠤᠳᠠᠯᠳᠤᠨ ᠠᠪᠴᠤ ᠨᠥᠭᠡᠴᠡᠯᠡᠬᠦ ᠨᠥᠬᠦᠪᠦᠷᠢ ᠶᠢᠨ ᠡᠷᠴᠢᠮ ᠢ ᠨᠡᠮᠡᠭᠳᠡᠭᠦᠯᠦᠨ᠂ | ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠪᠣᠯᠣᠨ ᠰᠠᠭᠠᠯᠢ ᠶᠢᠨ ᠲᠠᠷᠢᠶᠠᠴᠢᠳ ᠤᠨ ᠬᠤᠷᠰᠢᠶ᠎ᠠ ᠶᠢᠨ | ᠲᠡᠵᠢᠭᠡᠯ ᠪᠣᠷᠳᠤᠭ᠎ᠠ ᠬᠤᠳᠠᠯᠳᠤᠨ ᠠᠪᠴᠤ ᠨᠥᠭᠡᠴᠡᠯᠡᠬᠦ ᠲᠤ ᠵᠣᠬᠢᠬᠤ ᠬᠡᠮᠵᠢᠶᠡᠨ ᠤ ᠨᠥᠬᠦᠪᠦᠷᠢ ᠣᠯᠭᠤᠨ᠎ᠠ᠃︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ︶ | 10· ᠴᠠᠷᠭᠠᠰᠤ ᠡᠪᠡᠰᠦ ᠳᠠᠷᠢᠬᠤ ᠲᠠᠯᠠᠪᠠᠶ ᠶᠢ ᠥᠷᠭᠡᠳᠬᠡᠬᠦ ᠶᠢ ᠵᠣᠷᠢᠭᠵᠢᠭᠤᠯᠵᠤ᠂ ᠲᠥᠪᠯᠡᠷᠡᠨ | ᠵᠠᠯᠭᠠᠯᠳᠤᠭᠰᠠᠨ ᠪᠠᠷᠢᠮᠵᠢᠶᠠᠵᠢᠭᠤᠯᠤᠨ ᠳᠠᠷᠢᠬᠤ 500 ᠮᠦ ᠠᠴᠠ ᠳᠡᠭᠡᠭᠰᠢᠬᠢ ᠳᠠᠷᠢᠬᠤ ᠠᠵᠤ ᠠᠬᠤᠶᠢᠯᠠᠯ ︵ | ᠬᠤᠷᠰᠢᠶ᠎ᠠ᠂ ᠳᠠᠷᠢᠬᠤ ᠡᠷᠦᠬᠡ︶ ᠳᠤ ᠨᠥᠬᠦᠪᠦᠷᠢ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 11. ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ ᠡᠳ᠋ᠰᠢᠭᠦᠯᠬᠦ | ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠴᠠᠭᠠᠨ | ᠢᠳᠡᠭᠡᠨ ᠡᠳ᠋ᠰᠢᠭᠦᠯᠬᠦ ᠬᠥᠲᠥᠴᠢ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ ᠡᠳ᠋ᠰᠢᠭᠦᠯᠬᠦ ᠨᠡᠮᠡᠭᠳᠡᠯ ᠤᠨ | ᠬᠡᠮᠵᠢᠶ᠎ᠡ ᠳᠤ ᠨᠥᠬᠦᠪᠦᠷᠢ ᠣᠯᠭᠤᠵᠤ᠂ 3 — 5 ᠳ᠋ᠤᠭᠠᠷ ᠰᠠᠷ᠎ᠠ ᠳᠤ ᠲᠦᠭᠦᠬᠡᠢ ᠰᠢᠨ᠎ᠡ ᠰᠦ ᠬᠡᠷᠡᠭᠯᠡᠬᠦ ᠳᠤ ᠨᠤᠨᠳᠠᠭ | ᠰᠦᠷᠴᠢᠬᠦ ᠳᠤ ᠨᠥᠬᠦᠪᠦᠷᠢ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ︶ | ︵ᠳᠥᠷᠪᠡ︶ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ | ᠬᠥᠭᠵᠢᠯᠲᠡ ᠶᠢ ᠠᠬᠢᠭᠤᠯᠤᠨ᠎ᠠ᠃ | 12. 40 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠮᠥᠩᠭᠦ ᠲᠣᠬᠢᠷᠠᠭᠤᠯᠵᠤ᠂ ᠲᠠᠷᠢᠶᠠᠯᠠᠩ | ᠮᠠᠯ ᠠᠵᠤ ᠠᠬᠤᠢ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ | ᠪᠦᠲᠦᠭᠡᠨ ᠪᠠᠶᠢᠭᠤᠯᠬᠤ ᠶᠢ ᠳᠡᠮᠵᠢᠵᠦ᠂ ᠰᠦ ᠶᠢᠨ ᠦᠢᠯᠡᠰ᠂ ᠡᠷᠳᠡᠨᠢ ᠰᠢᠰᠢ ᠵᠡᠷᠭᠡ 2 ᠮᠢᠩᠭᠠᠨ ᠳ᠋ᠦᠩᠰᠢᠭᠤᠷ | ᠲᠠᠰ ᠤᠨ ᠠᠵᠤ ᠦᠢᠯᠡᠰ ᠤᠨ ᠰᠦᠷᠦᠭᠵᠢᠯ ᠢ ᠪᠠᠬᠢᠵᠢᠭᠦᠯᠦᠨ ᠳᠡᠭᠡᠭᠰᠢᠯᠡᠭᠦᠯᠬᠦ ᠵᠢᠴᠢ ᠠᠯᠠᠰᠢᠨ ᠦᠬᠡᠷ᠂ ᠠᠯᠠᠰᠢᠨ | ᠬᠤᠨᠢ᠂ ᠨᠠᠷᠠᠨᠬᠤᠸᠠᠷ᠂ ᠢᠮᠠᠭᠠᠨ ᠨᠣᠯᠤᠥᠷ᠂ ᠲᠥᠮᠥᠰᠥ᠂ ᠡᠯᠳᠡᠪ ᠠᠮᠤ ᠡᠯᠳᠡᠪ ᠪᠤᠷᠴᠠᠭ᠂ ᠪᠤᠭᠤᠳᠠᠢ᠂ ᠢᠳᠡᠰᠢᠨ | ᠨᠣᠭᠤᠭ᠎ᠠ᠂ ᠡᠪᠡᠰᠦ ᠪᠣᠷᠳᠤᠭ᠎ᠠ ᠪᠠ ᠰᠢᠷ᠎ᠠ ᠪᠤᠷᠴᠠᠭ ᠵᠡᠷᠭᠡ 10 ᠵᠠᠭᠤᠨ ᠳ᠋ᠦᠩᠰᠢᠭᠤᠷ ᠲᠠᠰ ᠤᠨ ᠠᠵᠤ ᠦᠢᠯᠡᠰ ᠢ | ᠪᠠᠬᠢᠵᠢᠭᠦᠯᠦᠨ ᠳᠡᠭᠡᠭᠰᠢᠯᠡᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ︶ | 13. ᠮᠢᠬᠠᠨ ᠤ ᠲᠥᠷᠥᠯ ᠤᠨ ᠦᠢᠯᠡᠳᠪᠦᠷᠢᠯᠡᠯ ᠢ ᠯᠠᠪᠳᠠᠭᠤᠨ ᠪᠠᠲᠤᠲᠠᠢ ᠠᠬᠢᠭᠤᠯᠵᠤ᠂ ᠠᠯᠠᠰᠢᠨ | ᠦᠬᠡᠷ᠂ ᠠᠯᠠᠰᠢᠨ ᠬᠤᠨᠢ᠂ ᠠᠮᠢᠳᠤ ᠭᠠᠭ᠋ᠠᠢ ᠶᠢ ᠲᠣᠮᠣ ᠰᠢᠶᠠᠨ ᠠᠴᠠ ᠰᠢᠯᠵᠢᠭᠦᠯᠦᠨ ᠭᠠᠷᠭᠠᠬᠤ ᠶᠢ ᠱᠠᠩᠨᠠᠬᠤ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠣᠮᠣ ᠰᠢᠶᠠᠨ ᠠᠴᠠ ᠰᠢᠯᠵᠢᠭᠦᠯᠦᠨ ᠭᠠᠷᠭᠠᠬᠤ ᠶᠢ ᠲᠡᠮᠵᠢᠵᠤ᠂ | ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠬᠡᠷᠡᠭᠵᠢᠭᠦᠯᠬᠦ ᠲᠥᠰᠥᠯ ᠤᠨ ᠬᠤᠯᠪᠣᠭᠳᠠᠯ ᠪᠦᠬᠦᠢ ᠡᠭᠦᠷᠭᠡ ᠶᠢᠨ ᠲᠣᠭᠤᠷᠢᠨ ᠳᠤ | ᠲᠡᠵᠢᠭᠡᠨ ᠦᠷᠡᠵᠢᠭᠦᠯᠬᠦ ᠦᠷ᠎ᠡ ᠪᠦᠲᠦᠮᠵᠢ ᠪᠠ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠵᠦ᠂ | ᠲᠤᠬᠠᠢ ᠶᠢᠨ ᠭᠠᠵᠠᠷ ᠲᠤᠨᠢ ᠲᠣᠮᠣ ᠬᠡᠯᠪᠡᠷᠢ ᠶᠢᠨ ᠨᠢᠲᠤᠯᠬᠤ ᠵᠦᠢᠯᠡᠰ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠪᠠᠶᠢᠭᠤᠯᠬᠤ ᠶᠢ ᠵᠣᠷᠢᠭᠵᠢᠭᠤᠯᠵᠤ᠂ ᠮᠠᠯ ᠵᠢᠭᠦᠷᠲᠡᠨ ᠤ ᠠᠰᠢᠭ ᠰᠢᠮ᠎ᠡ ᠶᠢ ᠨᠠᠷᠢᠯᠢᠭ ᠰᠠᠯᠭᠠᠬᠤ᠂ ᠬᠦᠢᠲᠡᠨ ᠢᠶᠠᠷ | ᠬᠡᠯᠬᠢᠶᠡᠵᠢᠭᠦᠯᠦᠨ ᠪᠣᠯᠪᠠᠰᠤᠷᠠᠭᠤᠯᠬᠤ ᠵᠢᠴᠢ ᠲᠣᠬᠢᠷᠠᠭᠤᠯᠤᠨ ᠬᠦᠷᠭᠡᠬᠦ ᠰᠢᠰᠲ᠋ᠧᠮ ᠢ ᠢᠵᠢ ᠪᠦᠷᠢᠳᠦᠭᠦᠯᠦᠨ | ᠪᠠᠶᠢᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ︶ | 14᠂ ᠠᠷᠠᠰᠤ ᠰᠢᠷᠢ᠂ ᠬᠤᠨᠢᠨ ᠨᠣᠣᠰᠣᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ | ᠨᠥᠬᠦᠴᠡᠯ ᠳᠤ ᠨᠡᠶᠢᠴᠡᠬᠦ ᠠᠵᠤ ᠦᠢᠯᠡᠰ ᠤᠨ ᠪᠦᠯᠦᠭᠯᠡᠯ᠂ ᠠᠵᠤ ᠦᠢᠯᠡᠰ ᠤᠨ ᠬᠦᠴᠦᠷᠬᠡᠭ ᠪᠠᠯᠭᠠᠰᠤ᠂ | ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠳᠤ ᠵᠣᠬᠢᠬᠤ | ᠨᠥᠬᠦᠪᠦᠷᠢ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ | ᠲᠢᠩᠬᠢᠮ︶ | 15. ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠭᠠᠷᠴᠠᠭ ᠪᠠᠶᠢᠭᠤᠯᠬᠤ ᠶᠢ | ᠳᠡᠮᠵᠢᠵᠦ᠂ ᠪᠣᠬᠢᠷᠳᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠭᠡ ᠬᠢᠬᠦ ᠶᠢ | ᠵᠣᠷᠢᠭᠵᠢᠭᠤᠯᠤᠨ᠂ ᠭᠠᠵᠠᠷ ᠵᠦᠢ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠵᠦ᠂ ︽ᠮᠣᠩᠭᠤᠯ | ︾ ᠥᠰᠥᠭ ᠤᠨ ᠲᠡᠮᠳᠡᠭᠲᠦ ᠶᠢᠨ ᠭᠡᠷᠡᠴᠢᠯᠡᠭᠡ ᠬᠢᠬᠦ ᠶᠢ ᠲᠦᠯᠬᠢᠨ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ | ᠤᠬᠠᠭᠤᠯᠭ᠎ᠠ ᠲᠠᠨᠢᠯᠴᠠᠭᠤᠯᠭ᠎ᠠ ᠶᠢ ᠥᠷᠨᠢᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ︶ | 16. ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ ᠶᠢ ᠳᠡᠮᠵᠢᠵᠦ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ | ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠤᠷᠢᠳᠴᠢᠯᠠᠨ ᠬᠥᠯᠳᠡᠭᠡᠬᠦ | ᠪᠠ ᠬᠠᠳᠠᠭᠠᠯᠠᠵᠤ ᠰᠣᠷᠭᠤᠭ ᠪᠠᠶᠢᠯᠭᠠᠬᠤ ᠪᠡᠯᠡᠳᠬᠡᠮᠵᠢ ᠶᠢ ᠥᠭᠡᠷᠡᠴᠢᠯᠡᠬᠦ᠂ ᠲᠠᠷᠢᠶᠠᠯᠠᠩ ᠤᠨ ᠪᠦᠲᠦᠭᠡᠭᠳᠡᠬᠦᠨ ᠤ | ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠵᠣᠬᠢᠬᠤ ᠨᠥᠬᠦᠪᠦᠷᠢ | ᠣᠯᠭᠤᠨ᠎ᠠ︔ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠠᠷᠠᠯᠵᠢᠶᠠᠨ ᠤ ᠭᠦᠢᠯᠭᠡᠭᠡᠨ ᠤ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠪᠠᠷ ᠳᠠᠮᠵᠢᠭᠤᠯᠤᠨ᠂ ᠠᠶᠢᠮᠠᠭ ᠬᠤᠳᠠ ᠶᠢᠨ | ᠤᠳᠤᠨ ᠲᠡᠰ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠡᠭᠦᠳᠦᠨ ᠪᠠᠶᠢᠭᠤᠯᠬᠤ ᠶᠢ ᠲᠡᠮᠵᠢᠨ᠎ᠡ᠃︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ︶ | ᠬᠤᠶᠠᠷ᠂ ᠠᠵᠤ ᠦᠢᠯᠡᠳᠪᠦᠷᠢ ᠶᠢ ᠲᠣᠬᠢᠷᠠᠭᠤᠯᠤᠨ ᠰᠢᠯᠢᠳᠡᠭᠵᠢᠭᠦᠯᠵᠦ ᠲᠡᠰ ᠳᠡᠪᠰᠢᠭᠦᠯᠬᠦ ᠶᠢ ᠲᠦᠯᠬᠢᠨ | ᠠᠬᠢᠭᠤᠯᠤᠨ᠎ᠠ | ︵ᠨᠢᠭᠡ︶ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠪᠣᠶᠢᠵᠢᠭᠤᠯᠤᠨ | ᠪᠤᠵᠠᠭᠠᠶᠢᠷᠠᠭᠤᠯᠤᠨ᠎ᠠ᠃ | 17. 5 ᠳ᠋ᠦᠩᠰᠢᠭᠤᠷ ᠲᠥᠭᠦᠷᠢᠭ ᠵᠢᠴᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ | ᠣᠷᠣᠭᠤᠯᠤᠭᠰᠠᠨ ᠮᠥᠷᠲᠡᠭᠡᠨ ᠲᠣᠰ ᠵᠢᠯ ᠳᠤ ᠠᠰᠢᠭᠯᠠᠯᠲᠠ ᠳᠤ ᠣᠷᠣᠭᠤᠯᠤᠭᠰᠠᠨ ᠲᠡᠷᠢᠭᠦᠨ ᠤ ᠦᠶᠯᠡᠳᠬᠦ | ᠦᠢᠯᠡᠰ ᠤᠨ ᠪᠦᠯᠦᠭᠯᠡᠯ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶᠡᠰᠦ ᠶᠢ | ᠤᠷᠲᠤᠳᠬᠠᠨ ᠬᠡᠯᠬᠢᠶᠡᠰᠦ ᠶᠢ ᠨᠥᠬᠦᠪᠦᠷᠢᠯᠡᠵᠦ ᠬᠡᠯᠬᠢᠶᠡᠰᠦ ᠶᠢ ᠴᠢᠩᠭᠠᠳᠬᠠᠬᠤ︾ ᠪᠦᠲᠦᠭᠡᠨ ᠪᠠᠶᠢᠭᠤᠯᠤᠯᠲᠠ ᠶᠢᠨ | ᠭᠤᠣᠯᠳᠠᠯᠭ᠎ᠠ ᠲᠠᠢ ᠲᠥᠷᠥᠯ ᠵᠦᠢᠯ ᠳᠤ ᠵᠢᠭᠡᠯᠡᠯᠭᠡ ᠶᠢᠨ ᠪᠣᠳᠠᠲᠠᠢ ᠬᠦᠦ ᠮᠥᠩᠭᠦ ᠶᠢᠨ 30% ᠪᠠᠷ᠂ ᠲᠠᠩ ᠭᠠᠭᠴᠠ | ᠲᠥᠷᠥᠯ ᠵᠦᠢᠯ ᠳᠤ ᠬᠠᠮᠤᠭ ᠥᠨᠳᠥᠷ ᠲᠡᠭᠡᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠪᠠᠷ ᠨᠢᠭᠡ | ᠵᠢᠯ ᠤᠨ ᠳᠠᠮ ᠬᠦᠦ ᠶᠢᠨ ᠨᠥᠬᠦᠪᠦᠷᠢ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ︶ | 18. ᠣᠶᠤᠨᠲᠤ ᠦᠢᠯᠡᠳᠪᠦᠷᠢ᠂ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠤᠨ ᠲᠥᠷᠥᠯ | ᠵᠦᠢᠯ ᠳᠤ᠂ ᠪᠣᠳᠠᠲᠠᠢ ᠪᠡᠶᠡᠯᠡᠭᠦᠯᠦᠭᠰᠡᠨ ᠵᠠᠩᠭᠢᠯᠠᠭ᠎ᠠ ᠶᠢᠨ ᠲᠥᠬᠦᠭᠡᠷᠦᠮᠵᠢ ᠶᠢᠨ ᠵᠥᠭᠡᠯᠡᠨ ᠬᠠᠲᠠᠭᠤ ᠲᠣᠨᠤᠭ ᠤᠨ | ᠪᠡᠯᠡ ᠣᠷᠣᠭᠤᠯᠤᠯᠲᠠ ᠶᠢᠨ ᠲᠣᠭᠠᠨ ᠤ 20% ᠶᠣᠰᠣᠭᠠᠷ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ | ᠥᠨᠳᠥᠷ ᠲᠡᠭᠡᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠪᠠᠷ ᠨᠥᠬᠦᠪᠦᠷᠢ ᠣᠯᠭᠤᠨ᠎ᠠ᠃︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ︶ | 19. ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠵᠦ᠂ ᠵᠢᠯ ᠤᠨ ᠡᠨᠧᠷᠭᠢ | ᠠᠷᠪᠢᠯᠠᠬᠤ ᠬᠡᠮᠵᠢᠶ᠎ᠡ ᠨᠢ 2000 ᠲᠣᠨ ᠪᠠᠷᠢᠮᠵᠢᠶᠠᠲᠤ ᠨᠡᠭᠦᠷᠡᠰᠦ ᠠᠴᠠ ᠳᠡᠭᠡᠭᠰᠢ ︵2000 ᠲᠣᠨ ᠪᠠᠷᠢᠮᠵᠢᠶᠠᠲᠤ | ᠨᠡᠭᠦᠷᠡᠰᠦ ᠪᠠᠭᠲᠠᠨ᠎ᠠ︶ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ︵ | ᠪᠣᠭᠤᠵᠢᠯᠠᠬᠤ ᠲᠥᠷᠥᠯ ᠵᠦᠢᠯ ᠪᠠᠭᠲᠠᠨ᠎ᠠ︶ ᠲᠤ 1 ᠲᠣᠨ ᠪᠠᠷᠢᠮᠵᠢᠶᠠᠲᠤ ᠨᠡᠭᠦᠷᠡᠰᠦ ᠠᠷᠪᠢᠯᠠᠬᠤ ᠪᠦᠷᠢ ᠳᠤ 200 | ᠲᠥᠭᠦᠷᠢᠭ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠤᠨ ᠨᠥᠬᠦᠪᠦᠷᠢ ᠶᠢ 500 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ︔ᠲᠣᠮᠣ ᠳ᠋ᠠᠶᠢᠲ᠋ᠠ ᠶᠢᠨ ᠲᠥᠪ ᠤᠨ ᠴᠠᠬᠢᠯᠭᠠᠨ ᠡᠭᠦᠰᠬᠡᠭᠴᠢ ᠶᠢᠨ | ᠬᠡᠷᠡᠭᠯᠡᠯᠲᠡ ᠶᠢᠨ ᠦᠷ᠎ᠡ ᠪᠦᠲᠦᠮᠵᠢ ︵PUE ᠬᠡᠮᠵᠢᠭᠳᠡᠯ︶ ᠶᠢ ᠠᠩᠬ᠎ᠠ ᠤᠳᠠᠭ᠎ᠠ 1.3 ᠪᠣᠯᠲᠠᠯ᠎ᠠ | ᠪᠠᠭᠤᠷᠠᠭᠤᠯᠤᠭᠰᠠᠨ ᠪᠠᠶᠢᠪᠠᠯ᠂ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠲᠣᠭᠠᠨ ᠤ | 10% ᠪᠠᠷ ᠨᠥᠬᠦᠪᠦᠷᠢᠯᠡᠵᠦ᠂ ᠲᠠᠩ ᠭᠠᠭᠴᠠ ᠲᠥᠷᠥᠯ ᠵᠦᠢᠯ ᠤᠨ ᠨᠥᠬᠦᠪᠦᠷᠢ ᠶᠢ 500 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ︔ᠡᠨᠧᠷᠭᠢ ᠶᠢᠨ ᠬᠤᠷᠣᠭᠳᠠᠭᠤᠯᠤᠯ ᠶᠡᠬᠡᠲᠡᠢ ᠬᠤᠴᠤᠷᠤᠩᠭᠤᠢ ᠮᠠᠰᠢᠨ | ᠴᠠᠬᠢᠯᠭᠠᠨ ᠤ ᠲᠥᠬᠦᠭᠡᠷᠦᠮᠵᠢ ᠶᠢ ᠰᠢᠭᠰᠢᠭᠳᠡᠭᠦᠯᠬᠦ ᠳᠤ ᠠᠶᠢᠮᠠᠭ ᠬᠤᠳᠠ ᠪᠠᠷ ᠨᠢᠭᠡᠴᠢ ᠪᠣᠯᠭᠠᠨ᠂ ᠲᠥᠬᠦᠭᠡᠷᠦᠮᠵᠢ ᠶᠢ | ᠰᠣᠯᠢᠬᠤ ᠪᠡᠯᠡ ᠣᠷᠣᠭᠤᠯᠤᠯᠲᠠ ᠶᠢᠨ ᠲᠤᠭ᠎ᠠ ᠶᠢᠨ 10% ᠪᠠᠷ ᠨᠥᠬᠦᠪᠦᠷᠢᠯᠡᠨ᠎ᠡ᠃︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ︶ | 20. ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠵᠦ᠂ ᠵᠢᠯ ᠤᠨ ᠤᠰᠤ ᠠᠷᠪᠢᠯᠠᠬᠤ | ᠬᠡᠮᠵᠢᠶ᠎ᠡ ᠨᠢ 5 ᠲᠦᠮᠡᠨ ᠲᠣᠨ ᠠᠴᠠ ᠳᠡᠭᠡᠭᠰᠢᠬᠢ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ | ᠵᠦᠢᠯ ︵ᠪᠣᠭᠤᠵᠢᠯᠠᠬᠤ ᠲᠥᠷᠥᠯ ᠵᠦᠢᠯ ᠪᠠᠭᠲᠠᠨ᠎ᠠ︶ ᠳᠤ 1 ᠲᠣᠨ ᠤᠰᠤ ᠠᠷᠪᠢᠯᠠᠬᠤ ᠪᠦᠷᠢ ᠳᠤ 10 | ᠲᠥᠭᠦᠷᠢᠭ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠤᠨ ᠨᠥᠬᠦᠪᠦᠷᠢ ᠶᠢ 500 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 21. ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠶᠢ ᠳᠡᠮᠵᠢᠵᠦ᠂ ᠰᠢᠨ᠎ᠡ ᠪᠠᠷ ᠪᠠᠶᠢᠭᠤᠯᠤᠭᠰᠠᠨ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠭᠰᠠᠨ ᠬᠡᠮᠵᠢᠶ᠎ᠡ ᠨᠢ ᠵᠢᠯ ᠳᠤ 1 ᠲᠦᠮᠡᠨ ᠲᠣᠨ | ᠠᠴᠠ ᠳᠡᠭᠡᠭᠰᠢ ᠪᠠᠶᠢᠬᠤ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠬᠡᠷᠡᠭᠯᠡᠨ ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠪᠠ ᠳᠠᠬᠢᠯᠲᠠ ᠡᠬᠢ ᠪᠠᠶᠠᠯᠢᠭ ᠢ ᠳᠡᠭᠡᠳᠦ ᠦᠵᠦᠭᠦᠷᠵᠢᠭᠦᠯᠬᠦ᠂ ᠪᠣᠬᠢᠷᠳᠤᠯ ᠦᠭᠡᠢ | ᠪᠣᠯᠭᠠᠬᠤ᠂ ᠤᠷᠴᠢᠯᠵᠢᠭᠤᠯᠤᠨ ᠠᠰᠢᠭᠯᠠᠬᠤ ᠲᠥᠷᠥᠯ ᠵᠦᠢᠯ ᠳᠤ᠂ 1 ᠲᠣᠨ ᠶᠡᠷᠦᠩᠬᠡᠶᠢᠯᠡᠨ ᠠᠰᠢᠭᠯᠠᠬᠤ ᠪᠦᠷᠢ ᠳᠤ | 10 ᠲᠥᠭᠦᠷᠢᠭ ᠤᠨ ᠨᠥᠬᠦᠪᠦᠷᠢ ᠣᠯᠭᠤᠨ᠎ᠠ︔ ᠳᠠᠬᠢᠯᠲᠠ ᠡᠬᠢ ᠪᠠᠶᠠᠯᠢᠭ ᠤᠨ ᠳᠣᠲᠣᠷᠠᠬᠢ ᠬᠠᠶᠠᠭᠳᠠᠮᠠᠯ ᠰᠦᠯᠢᠶᠥᠦ᠂ | ᠬᠠᠶᠠᠭᠳᠠᠮᠠᠯ ᠴᠠᠭᠠᠰᠤ ᠶᠢ ᠡᠭᠡᠭᠦᠯᠦᠨ ᠬᠤᠷᠢᠶᠠᠵᠤ ᠡᠳ᠋ᠰᠢᠭᠦᠯᠦᠨ ᠠᠰᠢᠭᠯᠠᠬᠤ ᠬᠡᠮᠵᠢᠶ᠎ᠡ ᠨᠢ ᠵᠢᠯ ᠪᠦᠷᠢ 1 ᠮᠢᠩᠭᠠᠨ | ᠲᠣᠨ ᠠᠴᠠ ᠳᠡᠭᠡᠭᠰᠢ ᠪᠠᠶᠢᠬᠤ ᠲᠥᠷᠥᠯ ᠵᠦᠢᠯ ᠲᠤ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠲᠤᠭ᠎ᠠ ᠶᠢᠨ | 10% ᠪᠠᠷ ᠨᠥᠬᠦᠪᠦᠷᠢ ᠥᠭᠭᠦᠨ᠎ᠡ᠃ ᠲᠠᠩ ᠭᠠᠭᠴᠠ ᠲᠥᠷᠥᠯ ᠵᠦᠢᠯ ᠤᠨ ᠨᠥᠬᠦᠪᠦᠷᠢ ᠶᠢ 500 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 22. ᠤᠯᠤᠰ ᠤᠨ ᠲᠠᠰ ᠤᠨ ᠪᠣᠬᠢᠷᠳᠤᠯ ᠦᠭᠡᠢ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ | ᠦᠢᠯᠡᠳᠪᠦᠷᠢ᠂ ᠪᠣᠬᠢᠷᠳᠤᠯ ᠦᠭᠡᠢ ᠦᠢᠯᠡᠳᠬᠦᠨ᠂ ᠪᠣᠬᠢᠷᠳᠤᠯ ᠦᠭᠡᠢ ᠬᠠᠩᠭᠠᠯᠭ᠎ᠠ ᠶᠢᠨ ᠬᠡᠯᠬᠢᠶ᠎ᠡ᠂ ᠡᠨᠧᠷᠭᠢ ᠶᠢᠨ | ᠠᠰᠢᠭᠯᠠᠮᠵᠢ ᠶᠢᠨ ᠳᠠᠭᠠᠭᠤᠯᠤᠭᠴᠢ᠂ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠭᠡᠵᠦ ᠰᠢᠨ᠎ᠡ ᠪᠠᠷ | ᠦᠨᠡᠮᠰᠢᠭᠰᠡᠳ ᠲᠤ ᠨᠢᠭᠡ ᠤᠳᠠᠭ᠎ᠠ ᠶᠢᠨ ᠴᠢᠨᠠᠷᠲᠠᠢ 100 ᠲᠦᠮᠡᠨ ᠲᠥᠭᠦᠷᠢᠭ ᠤᠨ ᠱᠠᠩᠨᠠᠯ ᠣᠯᠭᠤᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠳᠤᠯ ᠦᠭᠡᠢ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ | ᠦᠢᠯᠡᠳᠪᠦᠷᠢ᠂ ᠪᠣᠬᠢᠷᠳᠤᠯ ᠦᠭᠡᠢ ᠦᠢᠯᠡᠳᠬᠦᠨ᠂ ᠪᠣᠬᠢᠷᠳᠤᠯ ᠦᠭᠡᠢ ᠬᠠᠩᠭᠠᠯᠭ᠎ᠠ ᠶᠢᠨ ᠬᠡᠯᠬᠢᠶ᠎ᠡ᠂ ᠤᠰᠤ | ᠠᠷᠪᠢᠯᠠᠬᠤ ᠬᠡᠪ ᠳᠠᠭᠤᠷᠢᠶᠠᠯ ᠢᠶᠠᠷ ᠰᠢᠨ᠎ᠡ ᠪᠠᠷ ᠦᠨᠡᠮᠰᠢᠭᠰᠡᠳ ᠲᠤ ᠨᠢᠭᠡ ᠤᠳᠠᠭ᠎ᠠ ᠶᠢᠨ ᠴᠢᠨᠠᠷᠲᠠᠢ 50 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ︶ | 23. 5G ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ | ᠦᠢᠯᠡᠳᠪᠦᠷᠢ ᠶᠢᠨ ᠬᠦᠷᠢᠶᠡᠨ ᠳᠠᠬᠢ ᠨᠡᠶᠢᠲᠡᠯᠢᠭ ᠬᠡᠷᠡᠭᠯᠡᠭᠡᠨ ᠤ ᠲᠠᠯᠠᠪᠤᠷ ᠤᠨ ᠲᠥᠷᠥᠯ ᠵᠦᠢᠯ ᠳᠤ᠂ ᠪᠣᠳᠠᠲᠠᠢ | ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠣᠭᠠᠨ ᠤ 20% ᠶᠣᠰᠣᠭᠠᠷ᠂ ᠲᠠᠩ ᠭᠠᠭᠴᠠ ᠲᠥᠷᠥᠯ ᠵᠦᠢᠯ ᠢ | ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠪᠠᠷ ᠱᠠᠩᠨᠠᠵᠤ ᠨᠥᠬᠦᠪᠦᠷᠢᠯᠡᠨ᠎ᠡ | ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 24. ᠣᠯᠠᠨ ᠤᠯᠤᠰ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠶᠢ ᠲᠣᠭᠲᠠᠭᠠᠬᠤ ᠪᠠᠷ | ᠭᠤᠣᠯᠯᠠᠭᠤᠯᠤᠭᠰᠠᠨ ᠠᠵᠤ ᠠᠬᠤᠶᠢᠯᠠᠯ ᠳᠤ ᠪᠠᠷᠢᠮᠵᠢᠶ᠎ᠠ ᠨᠢᠭᠡᠪᠦᠷᠢ ᠳᠤ ᠲᠣᠰ ᠲᠣᠰ 30 ᠲᠦᠮᠡᠨ ᠲᠥᠭᠦᠷᠢᠭ᠂ 20 | ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ︔ᠣᠯᠠᠨ ᠤᠯᠤᠰ᠂ ᠤᠯᠤᠰ ︵ᠠᠵᠢᠯ | ᠲᠥᠷᠥᠯ︶ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠭᠰᠠᠨ ᠠᠵᠤ ᠠᠬᠤᠶᠢᠯᠠᠯ ᠳᠤ ᠲᠣᠰ ᠲᠣᠰ 20 ᠲᠦᠮᠡᠨ | ᠲᠥᠭᠦᠷᠢᠭ᠂ 10 ᠲᠦᠮᠡᠨ ᠲᠥᠭᠦᠷᠢᠭ ᠨᠢᠭᠡᠪᠦᠷᠢ ᠳᠤ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ︔ | ᠭᠠᠭᠴᠠ ᠠᠵᠤ ᠠᠬᠤᠶᠢᠯᠠᠯ ᠢᠶᠠᠷ ᠭᠤᠣᠯᠯᠠᠭᠤᠯᠬᠤ ᠪᠤᠶᠤ ᠣᠷᠤᠯᠴᠠᠬᠤ ᠪᠠᠷᠢᠮᠵᠢᠶ᠎ᠠ ᠶᠢ ᠲᠣᠭᠲᠠᠭᠠᠬᠤ ᠳᠤ ᠵᠢᠯ | ᠪᠦᠷᠢ ᠶᠢᠨ ᠱᠠᠩᠨᠠᠯ ᠤᠨ ᠪᠡᠯᠡ ᠮᠥᠩᠭᠦ ᠶᠢ 50 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ︶ | 25. ᠤᠯᠤᠰ ᠤᠨ ︽ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ︾ | ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠪᠠᠷ ᠪᠠᠷᠢᠮᠵᠢᠶ᠎ᠠ ᠳᠤ ᠲᠤᠤᠱᠯᠠᠭᠤᠯᠤᠨ ᠦᠨᠡᠯᠡᠨ ᠲᠣᠭᠲᠠᠭᠠᠭᠰᠠᠨ | ᠠᠵᠤ ᠠᠬᠤᠶᠢᠯᠠᠯ ᠳᠤ 5A ᠲᠠᠰ᠂ 4A ᠲᠠᠰ᠂ 3A ᠲᠠᠰ᠂ 2A ᠲᠠᠰ᠂ A ᠲᠠᠰ ᠲᠤ ᠬᠦᠷᠦᠭᠰᠡᠨ ᠪᠠᠶᠢᠪᠠᠯ | ᠲᠣᠰ ᠲᠣᠰ 300 ᠲᠦᠮᠡᠨ ᠲᠥᠭᠦᠷᠢᠭ᠂ 200 ᠲᠦᠮᠡᠨ ᠲᠥᠭᠦᠷᠢᠭ᠂ 100 ᠲᠦᠮᠡᠨ ᠲᠥᠭᠦᠷᠢᠭ᠂ 50 | ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠪᠠᠷ ᠱᠠᠩᠨᠠᠨ᠎ᠠ᠃︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ︶ | 26. ᠰᠢᠨ᠎ᠡ ᠬᠢᠮᠢ ᠶᠢᠨ ᠡᠮ ᠤᠨ ᠵᠦᠢᠯ ᠤᠨ ᠳᠠᠩᠰᠠᠯᠠᠯᠲᠠ ᠶᠢᠨ ᠶᠣᠰᠣᠭᠠᠷ ᠲᠥᠷᠥᠯ ᠬᠤᠪᠢᠶᠠᠨ | ᠮᠡᠳᠡᠭᠦᠯᠵᠦ ᠬᠢᠨᠠᠨ ᠵᠥᠪᠰᠢᠶᠡᠷᠡᠭᠦᠯᠬᠦ ᠪᠤᠶᠤ ᠳᠠᠭᠤᠷᠢᠶᠠᠮᠠᠯ ᠡᠮ ᠤᠨ ᠨᠢᠭᠡᠳᠦᠯᠲᠦ ᠴᠢᠨᠠᠷ ᠤᠨ ᠦᠨᠡᠯᠡᠯᠲᠡ ᠶᠢ | ᠡᠬᠢᠯᠡᠭᠦᠯᠦᠭᠰᠡᠨ ᠡᠮ ᠤᠨ ᠵᠦᠢᠯ ᠤᠨ ᠲᠥᠷᠥᠯ ᠵᠦᠢᠯ ᠳᠤ ᠨᠥᠬᠦᠪᠦᠷᠢ ᠣᠯᠭᠤᠨ᠎ᠠ᠃ ᠬᠢᠮᠢ ᠶᠢᠨ ᠡᠮ ᠤᠨ ᠵᠦᠢᠯ ᠤᠨ | ᠳᠠᠩᠰᠠᠯᠠᠯᠲᠠ ᠶᠢᠨ ᠶᠣᠰᠣᠭᠠᠷ ᠲᠥᠷᠥᠯ ᠬᠤᠪᠢᠶᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ ᠡᠮ ᠤᠨ ᠵᠦᠢᠯ ᠤᠨ | ᠲᠥᠷᠥᠯ ᠵᠦᠢᠯ ᠳᠤ᠂ ᠳᠠᠩᠰᠠᠯᠠᠭᠤᠯᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠪᠤᠶᠤ ᠡᠮ ᠤᠨ | ᠡᠮᠴᠢᠯᠡᠭᠡᠨ ᠤ ᠲᠤᠷᠰᠢᠯᠲᠠ ᠬᠢᠬᠦ ᠶᠢ ᠵᠥᠪᠰᠢᠶᠡᠷᠡᠬᠦ ᠪᠠᠷ ᠵᠠᠩᠭᠢᠯᠠᠭ᠎ᠠ ᠴᠡᠭ ᠪᠣᠯᠭᠠᠨ᠎ᠠ︔ ᠳᠠᠭᠤᠷᠢᠶᠠᠮᠠᠯ ᠡᠮ ᠤᠨ | ᠨᠢᠭᠡᠳᠦᠯᠲᠦ ᠴᠢᠨᠠᠷ ᠤᠨ ᠦᠨᠡᠯᠡᠯᠲᠡ ᠶᠢ ᠡᠬᠢᠯᠡᠭᠦᠯᠦᠭᠰᠡᠨ ᠡᠮ ᠤᠨ ᠲᠥᠷᠥᠯ ᠵᠦᠢᠯ ᠳᠤ ᠳᠠᠭᠤᠷᠢᠶᠠᠮᠠᠯ ᠡᠮ ᠤᠨ | ᠨᠢᠭᠡᠳᠦᠯᠲᠦ ᠴᠢᠨᠠᠷ ᠤᠨ ᠦᠨᠡᠯᠡᠯᠲᠡ ᠶᠢᠨ ᠭᠤᠶᠤᠴᠢᠯᠠᠯ ᠢ ᠭᠥᠯᠢᠶᠡᠨ ᠠᠪᠬᠤ ᠪᠤᠶᠤ ᠡᠮᠴᠢᠯᠡᠭᠡᠨ ᠤ ᠲᠤᠷᠰᠢᠯᠲᠠ ᠶᠢ | ᠳᠠᠩᠰᠠᠯᠠᠭᠤᠯᠬᠤ ᠪᠠᠷ ᠵᠠᠩᠭᠢᠯᠠᠭ᠎ᠠ ᠶᠢᠨ ᠴᠡᠭ ᠪᠣᠯᠭᠠᠵᠤ᠂ ᠤᠷᠢᠳᠠᠪᠠᠷ 30 ᠲᠦᠮᠡᠨ ᠲᠥᠭᠦᠷᠢᠭ ᠨᠥᠬᠦᠪᠦᠷᠢᠯᠡᠵᠦ᠂ | ᠰᠢᠨ᠎ᠡ ᠬᠢᠮᠢ ᠶᠢᠨ ᠡᠮ ᠤᠨ ᠵᠦᠢᠯ ᠤᠨ ᠳᠠᠩᠰᠠᠯᠠᠯᠲᠠ ᠪᠠᠷ ᠲᠥᠷᠥᠯ ᠬᠤᠪᠢᠶᠠᠨ ᠳᠠᠩᠰᠠᠯᠠᠭᠤᠯᠬᠤ ᠪᠠᠷ | ᠭᠤᠶᠤᠴᠢᠯᠠᠭᠠᠳ ᠵᠥᠪᠰᠢᠶᠡᠷᠡᠭᠳᠡᠭᠰᠡᠨ ᠪᠤᠶᠤ ᠨᠢᠭᠡᠳᠦᠯᠲᠡᠢ ᠦᠨᠡᠯᠡᠯᠲᠡ ᠶᠢ ᠥᠩᠭᠡᠷᠡᠭᠡᠭᠰᠡᠨ ᠲᠥᠷᠥᠯ ᠵᠦᠢᠯ ᠳᠤ | ᠳᠠᠬᠢᠨ ᠶᠡᠷᠦᠩᠬᠡᠢ ᠣᠷᠣᠭᠤᠯᠤᠯᠲᠠ ᠶᠢᠨ 20% ᠠᠴᠠ ᠳᠣᠣᠷ᠎ᠠ ᠦᠭᠡᠢ ᠵᠠᠯᠭᠠᠮᠵᠢ ᠨᠥᠬᠦᠪᠦᠷᠢ ᠣᠯᠭᠤᠵᠤ᠂ ᠵᠠᠷᠴᠢᠮ | ᠳᠡᠭᠡᠷ᠎ᠡ ᠪᠠᠨ ᠲᠠᠩ ᠭᠠᠭᠴᠠ ᠲᠥᠷᠥᠯ ᠵᠦᠢᠯ ᠤᠨ ᠨᠥᠬᠦᠪᠦᠷᠢ ᠶᠢᠨ ᠶᠡᠷᠦᠩᠬᠡᠢ ᠲᠤᠭ᠎ᠠ ᠶᠢ 300 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ᠂ ᠭᠡᠪᠡᠴᠦ ᠰᠢᠨ᠎ᠡ ᠶᠢ ᠡᠭᠦᠳᠦᠭᠰᠡᠨ ᠡᠮ ᠤᠨ ᠵᠥᠪᠰᠢᠶᠡᠷᠡᠯ ᠤᠨ ᠪᠢᠴᠢᠭ ᠤᠨ | ᠳ᠋ᠤᠭᠠᠷ ᠢ ᠣᠯᠣᠭᠰᠠᠨ ᠡᠮ ᠤᠨ ᠵᠦᠢᠯ ᠳᠤ ᠨᠥᠬᠦᠪᠦᠷᠢ ᠮᠥᠩᠭᠦ ᠶᠢᠨ ᠲᠤᠭ᠎ᠠ ᠶᠢ ᠵᠣᠬᠢᠬᠤ ᠬᠡᠮᠵᠢᠶ᠎ᠡ ᠪᠠᠷ | ᠨᠡᠮᠡᠭᠳᠡᠭᠦᠯᠵᠦ ᠪᠣᠯᠣᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠢᠩᠬᠢᠮ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 27. ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ | ᠪᠣᠶᠢᠵᠢᠭᠤᠯᠵᠤ᠂ ᠰᠢᠨ᠎ᠡ ᠪᠠᠷ ᠦᠨᠡᠮᠰᠢᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠ ᠵᠢᠵᠢᠭ ᠠᠵᠤ | ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠰᠦᠷᠦᠭᠵᠢᠯ ᠪᠠ ᠤᠯᠤᠰ ᠤᠨ ᠲᠠᠰ ᠤᠨ ᠳᠤᠮᠳᠠ ᠵᠢᠵᠢᠭ ᠠᠵᠤ | ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠰᠦᠷᠦᠭᠵᠢᠯ ᠳᠤ ᠲᠣᠰ ᠲᠣᠰ 300 ᠲᠦᠮᠡᠨ ᠲᠥᠭᠦᠷᠢᠭ᠂ | 500 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠪᠡᠯᠡ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | | ︵ᠬᠤᠶᠠᠷ︶ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠢ ᠶᠢᠨ ᠠᠵᠢᠯ ᠢ ᠰᠠᠶᠢᠲᠤᠷ | ᠬᠢᠬᠦ ᠬᠡᠷᠡᠭᠲᠡᠢ᠃ | 28. ᠨᠡᠭᠦᠷᠡᠰᠦᠨ ᠤ ᠴᠢᠨᠠᠷ ᠰᠠᠶᠢᠲᠠᠢ ᠦᠢᠯᠡᠳᠪᠦᠷᠢᠯᠡᠬᠦ ᠴᠢᠳᠠᠪᠤᠷᠢ ᠶᠢ ᠢᠯᠭᠠᠷᠠᠭᠤᠯᠬᠤ ᠶᠢ ᠳᠡᠮᠵᠢᠵᠦ᠂ | ᠴᠠᠬᠢᠯᠭᠠᠨ ᠭᠠᠷᠭᠠᠵᠤ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦᠨ ᠤ ᠳᠤᠮᠳᠠ ᠣᠷᠳᠣ ᠬᠤᠭᠤᠴᠠᠭᠠᠨ ᠤ ᠭᠡᠷ᠎ᠡ ᠶᠢᠨ | ᠭᠡᠷ᠎ᠡ ᠪᠠᠨ ᠭᠦᠢᠴᠡᠳᠬᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠠᠬᠢᠯᠭᠠᠨ ᠤ ᠦᠨ᠎ᠡ ᠶᠢᠨ ᠲᠦᠷᠦ ᠶᠢᠨ | ᠪᠣᠳᠣᠯᠭ᠎ᠠ ᠶᠢ ᠰᠢᠯᠢᠳᠡᠭᠵᠢᠭᠦᠯᠵᠦ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ ᠴᠠᠬᠢᠯᠭᠠᠨ ᠭᠠᠷᠭᠠᠬᠤ | ᠬᠦᠴᠦᠨ ᠢᠶᠠᠨ ᠳᠡᠭᠡᠭᠰᠢᠯᠡᠭᠦᠯᠬᠦ ᠶᠢ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︶ | 29. ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠡᠭᠦᠰᠬᠡᠭᠴᠢ ᠵᠢᠴᠢ | ᠢᠵᠢ ᠪᠦᠷᠢᠳᠦᠭᠦᠯᠦᠨ ᠬᠦᠷᠭᠡᠵᠦ ᠭᠠᠷᠭᠠᠬᠤ ᠢᠨᠵᠧᠨᠧᠷᠢᠩ ᠢ ᠪᠠᠶᠢᠭᠤᠯᠵᠤ ᠳᠠᠭᠤᠰᠪᠠᠯ ᠳᠠᠷᠤᠢ ᠲᠣᠣᠷ ᠰᠦᠯᠵᠢᠶ᠎ᠡ | ᠳᠤ ᠨᠡᠶᠢᠯᠡᠭᠦᠯᠬᠦ ᠶᠢ ᠳᠡᠮᠵᠢᠵᠦ᠂ ᠬᠠᠮᠢᠶ᠎ᠠ ᠪᠦᠬᠦᠢ ᠲᠥᠯᠦᠪᠵᠢᠭᠦᠯᠭᠡ ᠳᠤ ᠣᠷᠣᠭᠤᠯᠤᠭᠰᠠᠨ ᠰᠢᠨ᠎ᠡ ᠡᠨᠧᠷᠭᠢ ᠶᠢᠨ | ᠰᠤᠷᠪᠤᠯᠵᠢ ᠶᠢᠨ ᠢᠵᠢ ᠪᠦᠷᠢᠳᠦᠭᠦᠯᠦᠨ ᠬᠦᠷᠭᠡᠵᠦ ᠭᠠᠷᠭᠠᠬᠤ ᠢᠨᠵᠧᠨᠧᠷᠢᠩ ᠤᠨ ᠲᠥᠷᠥᠯ ᠵᠦᠢᠯ ᠳᠤ ᠪᠣᠬᠢᠷᠳᠤᠯ | ᠦᠭᠡᠢ ᠬᠢᠨᠠᠨ ᠵᠥᠪᠰᠢᠶᠡᠷᠡᠬᠦ ᠵᠠᠮ ᠨᠡᠭᠡᠭᠡᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ | ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ | ᠴᠠᠬᠢᠯᠭᠠᠨ ᠲᠣᠣᠷ ᠰᠦᠯᠵᠢᠶ᠎ᠡ ᠶᠢᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | 30. ᠰᠢᠨ᠎ᠡ ᠪᠠᠷ ᠨᠡᠮᠡᠭᠳᠡᠭᠰᠡᠨ ᠡᠬᠢ ᠰᠤᠷᠪᠤᠯᠵᠢ ᠶᠢᠨ ᠲᠣᠣᠷ ᠰᠦᠯᠵᠢᠶ᠎ᠡ ᠶᠢᠨ ᠴᠡᠨᠡᠭ ᠨᠥᠭᠡᠴᠡᠯᠡᠬᠦ ᠶᠢ | ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠬᠡᠪᠴᠢᠶ᠎ᠡ ᠶᠢ | ᠨᠡᠮᠡᠭᠳᠡᠭᠦᠯᠦᠨ ᠲᠣᠬᠢᠷᠠᠭᠤᠯᠬᠤ ᠶᠢ ᠳᠡᠮᠵᠢᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠡᠭᠦᠷᠡᠰᠦ | ᠰᠢᠲᠠᠭᠠᠬᠤ ᠥᠪᠡᠰᠦᠪᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ | ᠰᠤᠷᠪᠤᠯᠵᠢ ᠶᠢ ᠣᠷᠣᠯᠠᠭᠤᠯᠬᠤ ᠶᠢ ᠳᠡᠮᠵᠢᠵᠦ᠂ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢᠨ ᠠᠮᠢᠳᠤᠯᠢᠭ | ᠴᠢᠨᠠᠷᠲᠠᠢ ᠪᠠᠷ ᠥᠭᠡᠷᠡᠴᠢᠯᠡᠬᠦ ᠶᠢ ᠵᠣᠷᠢᠭᠵᠢᠭᠤᠯᠵᠤ᠂ ᠥᠪᠡᠷ ᠢᠶᠠᠨ ᠪᠠᠶᠢᠭᠤᠯᠬᠤ᠂ ᠡᠨᠧᠷᠭᠢ ᠬᠠᠳᠠᠭᠠᠯᠠᠬᠤ ᠪᠤᠶᠤ | ᠣᠷᠭᠢᠯ ᠦᠶ᠎ᠡ ᠶᠢ ᠲᠣᠬᠢᠷᠠᠭᠤᠯᠬᠤ ᠴᠢᠳᠠᠪᠤᠷᠢ ᠶᠢ ᠬᠤᠳᠠᠯᠳᠤᠨ ᠠᠪᠴᠤ ᠰᠢᠨ᠎ᠡ ᠡᠨᠧᠷᠭᠢ ᠶᠢᠨ ᠰᠤᠷᠪᠤᠯᠵᠢ ᠶᠢᠨ | ᠲᠥᠷᠥᠯ ᠵᠦᠢᠯ ᠢ ᠲᠣᠬᠢᠷᠠᠭᠤᠯᠤᠨ ᠪᠠᠶᠢᠭᠤᠯᠬᠤ ᠶᠢ ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ | ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ | ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | 31. ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ | ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ᠂ ᠠᠵᠤ ᠦᠢᠯᠡᠰ ᠤᠨ ᠬᠡᠯᠬᠢᠶ᠎ᠡ ᠶᠢ ᠢᠵᠢ ᠪᠦᠷᠢᠳᠦᠭᠦᠯᠦᠭᠰᠡᠨ | ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ᠂ ᠨᠡᠭᠦᠷᠡᠰᠦ | ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠢ ᠵᠠᠰᠠᠬᠤ᠂ ᠠᠭᠤᠷᠬᠠᠢ ᠶᠢᠨ ᠣᠷᠣᠨ ᠢ ᠵᠠᠰᠠᠬᠤ ᠵᠡᠷᠭᠡ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ᠂ ᠤᠯᠤᠰ ᠤᠨ ᠲᠤᠷᠰᠢᠯᠲᠠ ᠶᠢᠨ ᠴᠡᠭ ᠤᠨ ᠵᠢᠱᠢᠶ᠎ᠡ | ᠦᠵᠡᠭᠦᠯᠬᠦ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠥᠷᠥᠯ ᠵᠦᠢᠯ ᠳᠤ ᠵᠣᠬᠢᠬᠤ | ᠬᠡᠪᠴᠢᠶᠡᠨ ᠤ ᠪᠠᠲᠤᠯᠠᠭ᠎ᠠ ᠶᠢᠨ ᠴᠢᠨᠠᠷᠲᠠᠢ ᠰᠢᠨ᠎ᠡ ᠡᠨᠧᠷᠭᠢ ᠶᠢᠨ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ | ᠳᠡᠮᠵᠢᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ | ᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠮᠧᠩ ᠳ᠋ᠦᠩ ᠴᠠᠬᠢᠯᠭᠠᠨ ᠬᠦᠴᠦᠨ ᠤ ᠺᠣᠮᠫᠠᠨᠢ︶ | 32. ᠵᠢᠱᠢᠶ᠎ᠡ ᠦᠵᠡᠭᠦᠯᠬᠦ ᠳᠤ ᠣᠷᠣᠭᠤᠯᠤᠭᠰᠠᠨ ᠥᠩᠭᠡ ᠦᠵᠡᠮᠵᠢ ᠪᠠᠷ ᠤᠰᠤᠲᠥ᠋ᠷᠥᠭᠴᠢ | ᠦᠶᠯᠡᠳᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ ᠳᠤ᠂ ᠤᠰᠤᠲᠥ᠋ᠷᠥᠭᠴᠢ ᠦᠶᠯᠡᠳᠬᠦ ᠳᠤ ᠬᠡᠷᠡᠭᠰᠡᠬᠦ | ᠴᠠᠬᠢᠯᠭᠠᠨ ᠤ ᠬᠡᠮᠵᠢᠶ᠎ᠡ ᠶᠢᠨ ᠶᠣᠰᠣᠭᠠᠷ ᠰᠢᠨ᠎ᠡ ᠡᠨᠧᠷᠭᠢ ᠶᠢᠨ ᠬᠡᠪᠴᠢᠶ᠎ᠡ ᠶᠢ ᠵᠦᠢ ᠵᠣᠬᠢᠰᠲᠠᠢ ᠲᠣᠬᠢᠷᠠᠭᠤᠯᠤᠨ᠎ᠠ᠃ | ᠤᠰᠤᠲᠥ᠋ᠷᠥᠭᠴᠢ ᠲᠦᠯᠡᠰᠢᠨ ᠳ᠋ᠢᠶᠠᠨ ᡂᠢ ᠶᠢᠨ ᠮᠠᠰᠢᠨ ᠲᠡᠷᠭᠡᠨ ᠳᠤ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ | ᠮᠠᠰᠢᠨ ᠲᠡᠷᠭᠡᠨ ᠤ ᠨᠣᠮᠧᠷ ᠤᠨ ᠫᠠᠶᠢᠰᠠ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ | ᠣᠷᠣᠨ ᠤ ᠡᠨᠧᠷᠭᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ︶ | 33. ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠬᠢᠭᠡᠳ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠶᠯᠡᠳᠬᠦ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠳᠡᠮᠵᠢᠵᠦ᠂ ︽ | ᠣᠷᠣᠨ ᠵᠠᠢ ᠶᠢ ᠰᠠᠯᠭᠠᠬᠤ᠂ ᠴᠠᠭ ᠬᠤᠭᠤᠴᠠᠭ᠎ᠠ ᠶᠢ ᠵᠡᠷᠭᠡ ᠳᠤᠨᠢ ᠪᠠᠶᠢᠯᠭᠠᠬᠤ︾ ᠵᠠᠷᠴᠢᠮ ᠶᠣᠰᠣᠭᠠᠷ᠂ ᠰᠢᠨ᠎ᠡ | ᠡᠨᠧᠷᠭᠢ ᠶᠢᠨ ᠨᠡᠭᠡᠭᠡᠨ ᠬᠥᠭᠵᠢᠭᠦᠯᠦᠯᠲᠡ ᠬᠢᠭᠡᠳ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠶᠯᠡᠳᠬᠦ ᠶᠢ | ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠤᠷᠢᠳᠠᠪᠠᠷ ᠳᠡᠮᠵᠢᠨ᠎ᠡ᠃︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ︶ | 34. ᠠᠷᠢᠭᠤᠨ ᠴᠡᠪᠡᠷ ᠢᠶᠠᠷ ᠳᠤᠯᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠠᠭᠠᠷ | ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠳᠡᠮᠵᠢᠨ᠎ᠡ᠃︽ᠬᠠᠩᠭᠠᠯᠭ᠎ᠠ ᠪᠠᠷ | ᠥᠭᠡᠷᠡᠴᠢᠯᠡᠯᠲᠡ ᠶᠢ ᠲᠣᠭᠲᠠᠭᠠᠬᠤ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠢᠶᠠᠷ | ᠢᠯᠴᠢ ᠬᠠᠩᠭᠠᠬᠤ ᠣᠨ ᠤ ᠵᠠᠯᠭᠠᠨ ᠣᠷᠣᠭᠤᠯᠬᠤ ᠬᠡᠪᠴᠢᠶ᠎ᠡ ᠶᠢ ᠨᠢᠭᠡᠳᠦᠯᠲᠡᠢ ᠲᠥᠯᠥᠪᠵᠢᠭᠦᠯᠬᠦ ᠪᠠ ᠵᠠᠯᠭᠠᠨ | ᠣᠷᠣᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ | ᠲᠣᠭᠤᠷᠢᠨ ᠤ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ | ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ | ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ︶ | ︵ᠭᠤᠷᠪᠠ︶ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠢ ᠲᠦᠷᠭᠡᠳᠬᠡᠨ | ᠬᠥᠭᠵᠢᠭᠦᠯᠦᠨ᠎ᠡ᠃ | 35. ᠤᠯᠤᠰ ᠤᠨ Ⅲ ᠠᠴᠠ ᠳᠣᠷᠣᠭᠰᠢᠬᠢ ᠴᠠᠶᠢᠶ᠋ᠢᠦ ᠲᠣᠰᠣᠨ ᠤ ᠬᠠᠭᠤᠴᠢᠨ ᠮᠠᠰᠢᠨ ᠲᠡᠷᠭᠡ ᠶᠢ | ᠡᠮᠬᠢ ᠵᠢᠷᠤᠮ ᠲᠠᠢ ᠪᠠᠷ ᠰᠢᠭᠰᠢᠭᠳᠡᠭᠦᠯᠵᠦ᠂ ᠰᠢᠨ᠎ᠡ ᠪᠠᠷ ᠨᠡᠮᠡᠭᠳᠡᠬᠦ ᠪᠠ ᠰᠢᠨᠡᠳᠬᠡᠬᠦ ᠮᠠᠰᠢᠨ ᠲᠡᠷᠭᠡ ᠶᠢᠨ ᠰᠢᠨ᠎ᠡ | ᠡᠨᠧᠷᠭᠢ ᠶᠢᠨ ᠰᠤᠷᠪᠤᠯᠵᠢ ᠶᠢᠨ ᠬᠦᠨᠳᠦ ᠺᠠᠷᠲ ᠬᠡᠷᠡᠭᠯᠡᠬᠦ ᠶᠢ ᠬᠥᠲᠥᠯᠥᠨ ᠵᠢᠯᠤᠭᠤᠳᠴᠤ ᠳᠡᠯᠭᠡᠷᠡᠭᠦᠯᠦᠨ᠂ | ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡ ᠰᠢᠨ᠎ᠡ ᠪᠠᠷ ᠨᠡᠮᠡᠭᠳᠡᠬᠦ ᠪᠠ ᠰᠢᠨᠡᠳᠬᠡᠬᠦ ᠰᠢᠨ᠎ᠡ | ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡ ᠶᠢᠨ ᠡᠵᠡᠯᠡᠬᠦ ᠬᠠᠷᠢᠴᠠᠯ ᠢ 85% ᠠᠴᠠ ᠳᠣᠣᠷ᠎ᠠ ᠪᠠᠶᠢᠯᠭᠠᠬᠤ ᠦᠭᠡᠢ | ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ ᠶᠢ 1600 | ᠠᠴᠠ ᠳᠣᠣᠷ᠎ᠠ ᠪᠠᠶᠢᠯᠭᠠᠬᠤ ᠦᠭᠡᠢ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠢᠨ᠎ᠡ ᠪᠠᠷ ᠨᠡᠮᠡᠭᠳᠡᠭᠰᠡᠨ | ᠪᠠ ᠰᠢᠨᠡᠳᠬᠡᠭᠰᠡᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ︵ᠬᠠᠤᠯᠢ | ᠬᠡᠷᠡᠭᠵᠢᠭᠦᠯᠬᠦ ᠡᠭᠦᠷᠭᠡ ᠭᠦᠢᠴᠡᠳᠬᠡᠬᠦ ᠳᠤ ᠬᠡᠷᠡᠭᠯᠡᠬᠦ ᠲᠡᠷᠭᠡ ᠪᠠ ᠣᠨᠴᠠ ᠲᠥᠷᠥᠯ ᠤᠨ ᠲᠤᠰᠬᠠᠢ ᠮᠡᠷᠭᠡᠵᠢᠯ ᠳᠤ | ᠬᠡᠷᠡᠭᠯᠡᠬᠦ ᠲᠡᠷᠭᠡ ᠪᠠᠭᠲᠠᠬᠤ ᠦᠭᠡᠢ︶ ᠶᠢᠨ ᠳᠣᠲᠣᠷᠠᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠷᠢᠴᠠᠯ ᠢ | 40% ᠠᠴᠠ ᠳᠡᠭᠡᠭᠰᠢ ᠳᠤ ᠬᠦᠷᠦᠭᠦᠯᠵᠦ᠂ ᠠᠶᠢᠮᠠᠭ ᠬᠤᠲᠠ ᠶᠢᠨ ᠰᠢᠨ᠎ᠡ ᠪᠠᠷ ᠨᠡᠮᠡᠭᠳᠡᠭᠰᠡᠨ ᠪᠠ ᠰᠢᠨᠡᠳᠬᠡᠭᠰᠡᠨ ᠨᠠᠮ | ᠵᠠᠰᠠᠭ ᠤᠨ ᠪᠠᠶᠢᠭᠤᠯᠭ᠎ᠠ ᠶᠢᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ︵ᠬᠠᠤᠯᠢ ᠬᠡᠷᠡᠭᠵᠢᠭᠦᠯᠬᠦ ᠡᠭᠦᠷᠭᠡ | ᠭᠦᠢᠴᠡᠳᠬᠡᠬᠦ ᠳᠤ ᠬᠡᠷᠡᠭᠯᠡᠬᠦ ᠲᠡᠷᠭᠡ ᠪᠠ ᠣᠨᠴᠠ ᠲᠥᠷᠥᠯ ᠤᠨ ᠲᠤᠰᠬᠠᠢ ᠮᠡᠷᠭᠡᠵᠢᠯ ᠳᠤ ᠬᠡᠷᠡᠭᠯᠡᠬᠦ ᠲᠡᠷᠭᠡ ᠪᠠᠭᠲᠠᠬᠤ | ᠦᠭᠡᠢ︶ ᠶᠢᠨ ᠳᠣᠲᠣᠷᠠᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠷᠢᠴᠠᠯ ᠢ ᠳᠤᠮᠳᠠᠴᠢ ᠪᠠᠷ 30% ᠳᠤ | ᠬᠦᠷᠦᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ | ᠲᠢᠩᠬᠢᠮ᠂ ᠡᠨᠧᠷᠭᠢ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ | ᠤᠯᠤᠰ ᠤᠨ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ | ᠲᠣᠪᠴᠢᠶ᠎ᠠ︶ | 36. ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠰᠢᠨ᠎ᠡ ᠡᠨᠧᠷᠭᠢ ᠶᠢᠨ ᠮᠠᠰᠢᠨ ᠲᠡᠷᠭᠡ | ᠵᠢᠴᠢ ᠢᠵᠢ ᠪᠦᠷᠢᠳᠦᠭᠦᠯᠬᠦ ᠰᠡᠯᠪᠢᠭ ᠲᠣᠨᠤᠭ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠵᠢᠭᠡᠯᠡᠯᠭᠡ ᠶᠢᠨ ᠳᠠᠮ | ᠬᠦᠦ ᠶᠢᠨ ᠨᠥᠬᠦᠪᠦᠷᠢ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 37. ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠢᠵᠢ ᠪᠦᠷᠢᠳᠦᠭᠦᠯᠦᠨ ᠪᠦᠲᠦᠭᠡᠨ | ᠪᠠᠶᠢᠭᠤᠯᠤᠭᠰᠠᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠲᠡᠷᠭᠡᠨ ᠵᠣᠭᠰᠣᠭᠠᠯ ᠤᠨ ᠶᠡᠷᠦᠩᠬᠡᠢ ᠲᠡᠷᠭᠡᠨ | ᠵᠣᠭᠰᠣᠭᠠᠯ ᠳᠠᠬᠢ ᠡᠵᠡᠯᠡᠬᠦ ᠬᠠᠷᠢᠴᠠᠯ ᠢ 10% ᠠᠴᠠ ᠳᠡᠭᠡᠭᠰᠢ ᠳᠤ ᠬᠦᠷᠦᠭᠦᠯᠦᠨ᠎ᠡ᠃ ᠰᠢᠨ᠎ᠡ ᠪᠠᠷ ᠪᠠᠶᠢᠭᠤᠯᠤᠭᠰᠠᠨ | ᠰᠠᠭᠤᠭᠠᠯᠢ ᠠᠷᠠᠳ ᠤᠨ ᠵᠢᠵᠢᠭ ᠲᠣᠭᠤᠷᠢᠭ ᠤᠨ ᠢᠵᠢ ᠪᠦᠷᠢᠳᠦᠭᠰᠡᠨ ᠮᠠᠰᠢᠨᠲᠤ ᠲᠡᠷᠭᠡᠨ ᠤ ᠲᠡᠷᠭᠡ ᠵᠣᠭᠰᠤᠭᠠᠬᠤ | ᠪᠠᠶᠢᠷᠢ ᠶᠢ 100% ᠪᠠᠷ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ | ᠪᠡᠯᠡᠳᠬᠡᠮᠵᠢ ᠶᠢ ᠪᠦᠲᠦᠭᠡᠨ ᠪᠠᠶᠢᠭᠤᠯᠬᠤ ᠪᠤᠶᠤ ᠪᠦᠲᠦᠭᠡᠨ ᠪᠠᠶᠢᠭᠤᠯᠵᠤ ᠤᠭᠰᠠᠷᠠᠬᠤ ᠨᠥᠬᠦᠴᠡᠯ ᠢ ᠤᠷᠢᠳᠴᠢᠯᠠᠨ | ᠦᠯᠡᠳᠡᠭᠡᠵᠦ᠂ ᠭᠤᠣᠯ ᠴᠣᠭᠴᠠᠲᠤ ᠪᠠᠷᠢᠯᠭ᠎ᠠ ᠯᠤᠭ᠎ᠠ ᠵᠡᠷᠭᠡ ᠳᠤᠨᠢ ᠵᠢᠷᠤᠭᠯᠠᠨ ᠲᠥᠯᠥᠪᠯᠡᠵᠦ᠂ ᠪᠠᠷᠢᠯᠭ᠎ᠠ ᠪᠠᠷᠢᠵᠤ᠂ | ᠰᠢᠯᠭᠠᠨ ᠠᠪᠤᠨ᠎ᠠ᠃ ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ ᠢ ᠥᠭᠡᠷᠡᠴᠢᠯᠡᠬᠦ ᠳᠤ᠂ ᠨᠥᠬᠦᠴᠡᠯ | ᠪᠦᠷᠢᠳᠦᠭᠰᠡᠨ ᠵᠢᠵᠢᠭ ᠲᠣᠭᠤᠷᠢᠭ ᠲᠤ ᠲᠡᠷᠭᠡ ᠵᠣᠭᠰᠤᠭᠠᠬᠤ ᠪᠠᠶᠢᠷᠢ ᠨᠡᠮᠡᠵᠦ᠂ ᠴᠠᠬᠢᠯᠭᠠᠨ ᠴᠡᠨᠡᠭᠯᠡᠬᠦ ᠱᠣᠩ | ᠪᠠᠶᠢᠭᠤᠯᠤᠨ᠎ᠠ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ 2 | ᠳ᠋ᠦᠩᠰᠢᠭᠤᠷ ᠲᠥᠭᠦᠷᠢᠭ ᠤᠨ ᠲᠤᠰᠬᠠᠢ ᠵᠦᠢᠯ ᠤᠨ ᠥᠷᠢ ᠥᠭᠴᠡᠭᠡ ᠶᠢ ᠲᠣᠬᠢᠷᠠᠭᠤᠯᠤᠨ᠂ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠥᠷᠲᠡᠭᠡ ︵ᠱᠣᠩ︶᠂ ᠲᠦᠯᠡᠰᠢᠨ ᠳ᠋ᠢᠶᠠᠨ ᡂᠢ ᠶᠢᠨ ᠤᠰᠤᠲᠥ᠋ᠷᠥᠭᠴᠢ | ᠨᠡᠮᠡᠬᠦ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠲᠤᠰᠠᠭᠠᠷ ᠭᠠᠵᠠᠷ ᠡᠵᠡᠯᠡᠭᠰᠡᠨ ᠤᠯᠠᠨ | ᠨᠡᠶᠢᠲᠡ ᠶᠢᠨ ᠴᠠᠬᠢᠯᠭᠠᠨ ᠦᠷᠳᠡᠭᠡ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠨᠠᠷᠢᠨ | ᠲᠥᠯᠦᠪᠵᠢᠭᠦᠯᠭᠡ ᠳᠤ ᠣᠷᠣᠭᠤᠯᠤᠨ᠎ᠠ︔ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠡᠵᠡᠩᠨᠡᠯᠲᠡ ᠶᠢᠨ ᠲᠣᠣᠷ | ᠴᠢᠭ᠋ ᠤᠨ ᠬᠡᠷᠡᠭᠯᠡᠬᠦ ᠭᠠᠵᠠᠷ ᠰᠢᠷᠣᠢ ᠶᠢᠨ ᠶᠣᠰᠣᠭᠠᠷ ᠭᠠᠵᠠᠷ ᠰᠢᠷᠣᠢ ᠬᠠᠩᠭᠠᠬᠤ ᠠᠷᠭ᠎ᠠ ᠮᠠᠶ᠋ᠢᠭ ᠪᠠ ᠴᠤᠪᠤᠷᠠᠯ ᠢ | ᠲᠣᠳᠣᠷᠬᠠᠶᠢᠯᠠᠵᠤ᠂ ᠲᠦᠷᠢᠶᠡᠰᠦᠯᠡᠬᠦ ᠭᠠᠵᠠᠷ ᠰᠢᠷᠣᠢ ᠶᠢᠨ ᠠᠷᠭ᠎ᠠ ᠮᠠᠶ᠋ᠢᠭ ᠢ ᠬᠡᠷᠡᠭᠯᠡᠨ ᠣᠯᠠᠨ ᠨᠡᠶᠢᠲᠡ ᠶᠢᠨ | ᠴᠡᠨᠡᠭᠯᠡᠵᠦ ᠰᠣᠯᠢᠬᠤ ᠴᠠᠬᠢᠯᠭᠠᠨ ᠥᠷᠲᠡᠭᠡ ᠪᠠᠶᠢᠭᠤᠯᠬᠤ ᠶᠢ ᠳᠡᠮᠵᠢᠬᠦ ᠬᠡᠷᠡᠭᠲᠡᠢ᠃︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ | ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠮᠧᠩ ᠳ᠋ᠦᠩ | ᠴᠠᠬᠢᠯᠭᠠᠨ ᠬᠦᠴᠦᠨ ᠤ ᠺᠣᠮᠫᠠᠨᠢ︶ | 38. ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠴᠠᠬᠢᠯᠭᠠᠨ ᠴᠡᠨᠡᠭᠯᠡᠬᠦ ᠱᠣᠩ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ᠵᠠᠰᠠᠮᠠᠯ ᠵᠠᠮ ᠤᠨ ᠦᠢᠯᠡᠴᠢᠯᠡᠭᠡᠨ ᠤ | ᠲᠣᠭᠤᠷᠢᠭ ᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠥᠨᠳᠥᠷ ᠬᠦᠢᠲᠡᠨ ᠲᠡᠯᠡᠶ ᠶᠢᠨ ᠲᠦᠪᠰᠢᠨ ᠠᠴᠠ ᠪᠤᠰᠤᠳ ᠣᠷᠣᠨ ᠪᠦᠰᠡ ᠶᠢᠨ ᠳᠡᠭᠡᠳᠦ ᠬᠤᠷᠳᠤ ᠶᠢᠨ ᠵᠠᠰᠠᠮᠠᠯ | ᠵᠠᠮ ᠤᠨ ᠦᠢᠯᠡᠴᠢᠯᠡᠭᠡᠨ ᠤ ᠲᠣᠭᠤᠷᠢᠭ ᠪᠠ ᠨᠥᠬᠦᠴᠡᠯ ᠪᠦᠷᠢᠳᠦᠭᠰᠡᠨ ᠡᠩ ᠤᠨ ᠤᠯᠤᠰ ᠮᠤᠵᠢ ᠶᠢᠨ ᠭᠤᠣᠯ | ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠴᠠᠬᠢᠯᠭᠠᠨ ᠴᠡᠨᠡᠭᠯᠡᠬᠦ ᠦᠨᠳᠦᠰᠦᠨ ᠦᠢᠯᠡᠴᠢᠯᠡᠭᠡ | ᠬᠠᠩᠭᠠᠬᠤ ᠶᠢ ᠴᠢᠷᠮᠠᠶᠢᠨ ᠪᠡᠶᠡᠯᠡᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ | ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠮᠧᠩ ᠳ᠋ᠦᠩ ᠴᠠᠬᠢᠯᠭᠠᠨ ᠬᠦᠴᠦᠨ ᠤ ᠺᠣᠮᠫᠠᠨᠢ︶ | ︵ᠳᠥᠷᠪᠡ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢᠶᠠᠨ | ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠳᠡᠮᠵᠢᠨ᠎ᠡ᠃ | 39. ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠ ᠨᠡᠭᠦᠷᠡᠰᠦᠲᠥ᠋ᠷᠥᠭᠴᠢ ᠦᠭᠡᠢ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠥᠪᠡᠷᠲᠡᠭᠡᠨ ᠵᠠᠰᠠᠬᠤ | ᠣᠷᠣᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ᠂ ᠰᠢᠨ᠎ᠡ ᠪᠠᠷ | ᠨᠡᠮᠡᠭᠳᠡᠭᠰᠡᠨ ᠳᠠᠬᠢᠨ ᠡᠭᠦᠰᠴᠦ ᠪᠣᠯᠬᠤ ᠡᠨᠧᠷᠭᠢ ᠶᠢᠨ ᠰᠢᠩᠭᠡᠬᠡᠨ ᠠᠪᠬᠤ ᠶᠢᠨ ᠬᠠᠷᠠᠭᠠᠯᠵᠠᠭᠰᠠᠨ ᠡᠨᠧᠷᠭᠢ ᠶᠢᠨ | ᠬᠤᠷᠣᠭᠳᠠᠯ ᠤᠨ ᠬᠡᠮᠵᠢᠶ᠎ᠡ ᠶᠢ ᠦᠨᠳᠦᠰᠦᠯᠡᠨ ᠱᠠᠩᠨᠠᠵᠤ ᠨᠥᠬᠦᠪᠦᠷᠢᠯᠡᠨ᠎ᠡ᠃︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ︶ | 40. ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠥᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠲᠣᠬᠢᠷᠠᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠶ᠂ | ᠲᠥᠪᠯᠡᠷᠡᠭᠦᠯᠦᠨ ᠢᠯᠴᠢ ᠬᠠᠩᠭᠠᠬᠤ᠂ ᠬᠤᠭᠤᠯᠠᠢ ᠲᠣᠣᠷ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ | ᠪᠠᠶᠢᠰᠢᠩ ᠵᠡᠷᠭᠡ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠲᠥᠷᠥᠯ ᠤᠨ ᠲᠥᠷᠥᠯ ᠵᠦᠢᠯ ᠢ | ᠳᠡᠮᠵᠢᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | | 41. ᠴᠢᠨᠠᠷ ᠰᠠᠶᠢᠲᠠᠢ ᠬᠥᠭᠵᠢᠯᠲᠡ ᠶᠢᠨ ᠤᠳᠤᠷᠢᠳᠤᠮᠵᠢ ᠶᠢ ᠳᠣᠪᠤᠶᠢᠯᠭᠠᠵᠤ᠂ ᠵᠢᠯ ᠢᠶᠠᠷ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠢᠨᠠᠨ ᠰᠢᠯᠭᠠᠵᠤ ᠦᠨᠡᠯᠡᠯᠲᠡ ᠬᠢᠵᠦ᠂ ᠶᠡᠷᠦᠩᠬᠡᠶᠢᠯᠡᠭᠰᠡᠨ ᠪᠣᠳᠠᠲᠤ | ᠬᠦᠴᠦᠨ ᠤ ᠬᠢᠨᠠᠨ ᠰᠢᠯᠭᠠᠵᠤ ᠦᠨᠡᠯᠡᠬᠦ ᠠᠴᠠ ᠡᠮᠦᠨᠡᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ | ᠨᠢᠭᠡ ᠤᠳᠠᠭ᠎ᠠ ᠶᠢᠨ ᠴᠢᠨᠠᠷᠲᠠᠢ ᠪᠠᠷ 3000 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ︔ᠲᠡᠷᠢᠭᠦᠨ ᠳᠤ | ᠣᠷᠣᠬᠤ ᠪᠠᠷ ᠴᠢᠷᠮᠠᠶᠢᠬᠤ᠂ ᠮᠦ ᠪᠦᠷᠢ ᠶᠢᠨ ᠳᠤᠮᠳᠠᠴᠢ ᠦᠷ᠎ᠡ ᠠᠰᠢᠭ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠵᠡᠷᠭᠡ ᠲᠠᠩ ᠵᠦᠢᠯ ᠤᠨ ᠭᠦᠢᠴᠡᠳᠬᠡᠯ ᠲᠤᠭ᠎ᠠ ᠶᠢ ᠰᠢᠯᠭᠠᠨ ᠦᠨᠡᠯᠡᠬᠦ ᠠᠴᠠ ᠡᠮᠦᠨᠡᠬᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠨᠢᠭᠡ ᠤᠳᠠᠭ᠎ᠠ ᠶᠢᠨ ᠴᠢᠨᠠᠷᠲᠠᠢ ᠪᠠᠷ 500 ᠲᠦᠮᠡᠨ | ᠲᠥᠭᠦᠷᠢᠭ ᠤᠨ ᠳᠡᠮᠵᠢᠯᠭᠡ ᠦᠵᠡᠭᠦᠯᠦᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠨᠢᠭᠡ ᠤᠳᠠᠭ᠎ᠠ ᠶᠢᠨ ᠴᠢᠨᠠᠷᠲᠠᠢ ᠪᠠᠷ | ᠬᠠᠮᠤᠭ ᠤᠨ ᠥᠨᠳᠥᠷ ᠲᠡᠭᠡᠨ 2000 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ | ᠦᠵᠡᠭᠦᠯᠵᠦ᠂ ᠪᠥᠬᠦ ᠤᠯᠤᠰ ᠤᠨ ᠡᠮᠦᠨ᠎ᠡ 60 ᠨᠡᠷᠡᠰ ᠲᠤ ᠵᠢᠭᠰᠠᠭᠠᠭᠳᠠᠭᠰᠠᠨ᠂ ᠵᠢᠯ ᠤᠨ ᠨᠡᠷᠡᠰ ᠤᠨ | ᠵᠢᠭᠰᠠᠭᠠᠯᠲᠠ ᠶᠢ 5 ᠠᠴᠠ ᠳᠡᠭᠡᠭᠰᠢ ᠳᠡᠭᠡᠭᠰᠢᠯᠡᠭᠦᠯᠦᠭᠰᠡᠨ ᠵᠢᠴᠢ ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ | ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ | ᠨᠢᠭᠡ ᠤᠳᠠᠭ᠎ᠠ ᠶᠢᠨ ᠴᠢᠨᠠᠷᠲᠠᠢ ᠪᠠᠷ 1000 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ | ᠦᠵᠡᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | ︵ᠲᠠᠪᠤ︶ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠨ᠎ᠠ᠃ | 42. ᠤᠯᠤᠰ ᠤᠨ ᠲᠠᠰ ᠤᠨ ᠦᠶᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ 1000 | ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠨᠥᠬᠦᠪᠦᠷᠢ ᠣᠯᠭᠤᠨ᠎ᠠ᠃ᠥᠪᠡᠷᠲᠡᠭᠡᠨ ᠵᠠᠰᠠᠬᠤ | ᠣᠷᠣᠨ ᠤ ᠦᠶᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠪᠣᠯᠭᠠᠨ ᠰᠢᠨ᠎ᠡ ᠪᠠᠷ ᠪᠠᠶᠢᠭᠤᠯᠤᠭᠰᠠᠨ ᠪᠠᠶᠢᠪᠠᠯ | 500 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠰᠤᠳᠤᠯᠤᠨ ᠨᠡᠭᠡᠭᠡᠬᠦ ᠵᠠᠷᠤᠳᠠᠯ ᠤᠨ ᠨᠥᠬᠦᠪᠦᠷᠢ | ᠣᠯᠭᠤᠨ᠎ᠠ᠃ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠵᠢᠷᠤᠭ | ᠲᠥᠯᠥᠪᠯᠡᠭᠡ ᠶᠢᠨ ᠲᠥᠪ ᠢᠶᠠᠷ ᠰᠢᠨ᠎ᠡ ᠪᠠᠷ ᠦᠨᠡᠮᠰᠢᠭᠰᠡᠨ ᠪᠠᠶᠢᠪᠠᠯ᠂ ᠲᠣᠰ ᠲᠣᠰ 100 ᠲᠦᠮᠡᠨ ᠲᠥᠭᠦᠷᠢᠭ᠂ | 50 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠰᠤᠳᠤᠯᠤᠨ ᠨᠡᠭᠡᠭᠡᠬᠦ ᠵᠠᠷᠤᠳᠠᠯ ᠤᠨ ᠨᠥᠬᠦᠪᠦᠷᠢ | ᠣᠯᠭᠤᠨ᠎ᠠ᠃ ᠰᠢᠨ᠎ᠡ ᠪᠠᠷ ᠦᠨᠡᠮᠰᠢᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ | ᠮᠡᠷᠭᠡᠵᠢᠯ ᠤᠨ ᠲᠥᠪ ᠲᠤ 50 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠰᠤᠳᠤᠯᠤᠨ ᠨᠡᠭᠡᠭᠡᠬᠦ | ᠵᠠᠷᠤᠳᠠᠯ ᠤᠨ ᠨᠥᠬᠦᠪᠦᠷᠢ ᠣᠯᠭᠤᠨ᠎ᠠ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠪᠥᠬᠦ ᠤᠯᠤᠰ ᠤᠨ ︽ᠶᠠᠰᠤ ᠴᠢᠨᠠᠷ ᠤᠨ ᠬᠡᠪ | ᠳᠠᠭᠤᠷᠢᠶᠠᠯ︾ ᠤᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ | ᠰᠤᠳᠤᠯᠤᠨ ᠨᠡᠭᠡᠭᠡᠬᠦ ᠵᠠᠷᠤᠳᠠᠯ ᠤᠨ ᠨᠥᠬᠦᠪᠦᠷᠢ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ | ᠲᠢᠩᠬᠢᠮ᠂ ᠡᠳ᠋ ᠤᠨ ᠵᠠᠰᠠᠭ ᠤᠨ ᠲᠢᠩᠬᠢᠮ︶ | 43. ᠢᠳᠡᠰᠢᠨ ᠤ ᠳᠠᠪᠤᠰᠤᠨ ᠤ ᠡᠯᠧᠺᠲᠷᠣᠨ ᠢᠶᠠᠷ ᠬᠠᠭᠤᠷᠮᠠᠭ ᠢ ᠰᠡᠷᠭᠡᠶᠢᠯᠡᠬᠦ ᠶᠢ ᠮᠥᠷᠳᠡᠬᠦ | ᠰᠢᠰᠲ᠋ᠧᠮ ᠤᠨ ᠪᠠᠶᠢᠭᠤᠯᠤᠯᠲᠠ ᠶᠢ ᠳᠡᠮᠵᠢᠨ᠎ᠡ᠃ ᠢᠳᠡᠰᠢᠨ ᠤ ᠳᠠᠪᠤᠰᠤᠨ ᠤ ᠡᠯᠧᠺᠲᠷᠣᠨ ᠢᠶᠠᠷ ᠬᠠᠭᠤᠷᠮᠠᠭ ᠢ | ᠰᠡᠷᠭᠡᠶᠢᠯᠡᠬᠦ ᠶᠢᠨ ᠮᠥᠷᠳᠡᠨ ᠤᠬᠤᠴᠢᠯᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ | ᠮᠥᠷᠲᠡᠭᠡᠨ ᠤᠯᠤᠰ ᠤᠨ ᠢᠳᠡᠰᠢᠨ ᠤ ᠳᠠᠪᠤᠰᠤᠨ ᠤ ᠡᠯᠧᠺᠲᠷᠣᠨ ᠢᠶᠠᠷ ᠬᠠᠭᠤᠷᠮᠠᠭ ᠢ ᠰᠡᠷᠭᠡᠶᠢᠯᠡᠬᠦ ᠶᠢᠨ ᠮᠥᠷᠳᠡᠨ | ᠤᠬᠤᠴᠢᠯᠠᠬᠤ ᠲᠠᠪᠴᠠᠩ ᠳᠤ ᠵᠠᠯᠭᠠᠵᠤ ᠣᠷᠣᠭᠤᠯᠤᠭᠰᠠᠨ ᠢᠳᠡᠰᠢᠨ ᠤ ᠳᠠᠪᠤᠰᠤᠨ ᠤ ᠴᠡᠭ ᠲᠣᠭᠲᠠᠭᠠᠨ | ᠦᠢᠯᠡᠳᠪᠦᠷᠢᠯᠡᠬᠦ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠤᠨ︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ︶ | 44. ᠰᠢᠨ᠎ᠡ ᠪᠠᠷ ᠡᠭᠦᠳᠦᠨ ᠪᠠᠶᠢᠭᠤᠯᠤᠭᠰᠠᠨ ᠣᠷᠣᠨ ᠪᠦᠰᠡ ᠶᠢᠨ ᠲᠠᠰ᠂ ᠠᠵᠢᠯ ᠲᠥᠷᠥᠯ ᠤᠨ ᠲᠠᠰ᠂ | ᠠᠵᠤ ᠠᠬᠤᠶᠢᠯᠠᠯ ᠤᠨ ᠲᠠᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠳᠤ᠂ ᠪᠣᠳᠠᠲᠠᠢ | ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠶᠢᠨ 20% ᠪᠠᠷ᠂ ᠲᠠᠩ ᠭᠠᠭᠴᠠ ᠲᠥᠷᠥᠯ ᠵᠦᠢᠯ ᠢ | ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ᠂ 400 ᠲᠦᠮᠡᠨ ᠲᠥᠭᠦᠷᠢᠭ᠂ 300 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ ᠪᠠᠷ ᠱᠠᠩᠨᠠᠵᠤ ᠨᠥᠬᠦᠪᠦᠷᠢᠯᠡᠨ᠎ᠡ᠃ ᠰᠢᠨ᠎ᠡ ᠪᠠᠷ ᠪᠠᠶᠢᠭᠤᠯᠤᠭᠰᠠᠨ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠡᠷᠬᠡᠶᠢᠯᠡᠯ ᠤᠨ ᠵᠠᠳᠠᠯᠤᠯᠲᠠ ᠶᠢᠨ ᠬᠤᠶᠠᠳᠤᠭᠠᠷ ᠳᠡᠰ ᠤᠨ | ᠵᠠᠩᠭᠢᠯᠠᠭ᠎ᠠ ᠶᠢᠨ ᠴᠡᠭ ᠲᠠᠢ ᠪᠥᠭᠡᠳ ᠤᠯᠤᠰ ᠤᠨ ᠳᠡᠭᠡᠳᠦ ᠲᠠᠰ ᠤᠨ ᠵᠠᠩᠭᠢᠯᠠᠭ᠎ᠠ ᠶᠢᠨ ᠴᠡᠭ ᠲᠠᠢ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 500 ᠲᠦᠮᠡᠨ | ᠲᠥᠭᠦᠷᠢᠭ ᠤᠨ ᠨᠢᠭᠡ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠢᠯᠡᠳᠬᠡᠮᠵᠢ ᠶᠢᠨ ᠵᠠᠳᠠᠯᠤᠯᠲᠠ ᠬᠢᠵᠦ | ᠰᠢᠨ᠎ᠡ ᠶᠢ ᠡᠭᠦᠳᠦᠨ ᠬᠡᠷᠡᠭᠯᠡᠬᠦ ᠶᠢ ᠥᠷᠨᠢᠭᠦᠯᠦᠭᠰᠡᠨ ᠠᠵᠤ ᠠᠬᠤᠶᠢᠯᠠᠯ ᠳᠤ᠂ ᠬᠡᠷᠡᠭᠯᠡᠭᠡᠨ ᠤ ᠦᠷ᠎ᠡ ᠪᠦᠲᠦᠮᠵᠢ ᠶᠢ | ᠦᠨᠳᠦᠰᠦᠯᠡᠨ ᠨᠥᠬᠦᠪᠦᠷᠢ ᠣᠯᠭᠤᠵᠤ᠂ ᠭᠠᠭᠴᠠ ᠠᠵᠤ ᠠᠬᠤᠶᠢᠯᠠᠯ ᠢ ᠬᠠᠮᠤᠭ ᠤᠨ ᠥᠨᠳᠥᠷ ᠲᠡᠭᠡᠨ 300 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 45. ᠣᠷᠣᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠠᠮᠢ ᠠᠬᠤᠢ ᠶᠢᠨ | ᠣᠷᠴᠢᠨ ᠲᠣᠭᠤᠷᠢᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠷᠰᠢᠯᠲᠠ ᠶᠢᠨ | ᠲᠠᠰᠤᠭ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠲᠡᠭᠦᠯᠳᠡᠷᠵᠢᠭᠦᠯᠬᠦ᠂ ᠲᠣᠬᠢᠷᠠᠭᠤᠯᠬᠤ᠂ ᠡᠮᠬᠢᠯᠡᠨ ᠨᠡᠶᠢᠯᠡᠭᠦᠯᠬᠦ᠂ | ᠬᠦᠴᠦᠨ ᠦᠭᠡᠢ ᠪᠣᠯᠭᠠᠬᠤ᠂ ᠰᠢᠨ᠎ᠡ ᠪᠠᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠷᠰᠢᠯᠲᠠ ᠶᠢᠨ | ᠲᠠᠰᠤᠭ ᠢ ᠰᠢᠯᠢᠳᠡᠭᠵᠢᠭᠦᠯᠦᠨ ᠳᠠᠬᠢᠨ ᠵᠣᠬᠢᠶᠠᠨ ᠪᠠᠶᠢᠭᠤᠯᠵᠤ᠂ ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ᠂ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ᠂ ᠡᠳ᠋ ᠤᠨ ᠵᠠᠰᠠᠭ ᠤᠨ | ᠲᠢᠩᠬᠢᠮ︶ | 46. ᠠᠵᠤ ᠠᠬᠤᠶᠢᠯᠠᠯ ᠤᠨ ᠲᠣᠭᠠᠵᠢᠭᠤᠯᠬᠤ ᠥᠭᠡᠷᠡᠴᠢᠯᠡᠯᠲᠡ ᠬᠢᠬᠦ ᠶᠢ ᠳᠡᠮᠵᠢᠵᠦ᠂ ᠥᠪᠡᠷᠲᠡᠭᠡᠨ | ᠵᠠᠰᠠᠬᠤ ᠣᠷᠣᠨ ᠤ ᠲᠠᠰ ᠠᠴᠠ ᠳᠡᠭᠡᠭᠰᠢᠬᠢ ᠲᠣᠭᠠᠵᠢᠭᠤᠯᠬᠤ ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠦᠵᠡᠭᠦᠯᠬᠦ ᠬᠡᠪ | ᠳᠠᠭᠤᠷᠢᠶᠠᠯ ᠤᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 100 ᠲᠦᠮᠡᠨ ᠲᠥᠭᠦᠷᠢᠭ ᠤᠨ ᠱᠠᠩᠨᠠᠯ | ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | ︵ᠵᠢᠷᠭᠤᠭ᠎ᠠ︶ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠡᠷᠴᠢᠮ ᠢ | ᠴᠢᠩᠭᠠᠷᠠᠭᠤᠯᠤᠨ᠎ᠠ᠃ | 47. ᠮᠡᠷᠭᠡᠵᠢᠯ ᠲᠣᠨᠣᠭᠯᠠᠯ ᠤᠨ ᠠᠩᠬᠠᠨ ᠤ ᠢᠵᠢ᠂ ᠵᠠᠩᠭᠢᠯᠠᠭ᠎ᠠ ᠶᠢᠨ ᠰᠡᠯᠪᠢᠭ ᠲᠣᠨᠤᠭ ᠵᠢᠴᠢ ᠰᠢᠨ᠎ᠡ | ᠮᠠᠲ᠋ᠧᠷᠢᠶᠠᠯ ᠤᠨ ᠠᠩᠬᠠᠨ ᠤ ᠪᠦᠯᠦᠭ ᠤᠳᠠᠭ᠎ᠠ ᠶᠢᠨ ᠳᠠᠭᠠᠳᠬᠠᠯ ᠤᠨ ᠨᠥᠬᠦᠪᠦᠷᠢ ᠶᠢᠨ ᠲᠤᠷᠰᠢᠯᠲᠠ ᠶᠢ | ᠦᠷᠭᠦᠯᠵᠢᠯᠡᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠲᠣᠨᠣᠭᠯᠠᠯ ᠤᠨ ᠠᠩᠬᠠᠨ ᠤ ᠢᠵᠢ ︵ | ᠢᠵᠢ︶᠂ ᠵᠠᠩᠭᠢᠯᠠᠭ᠎ᠠ ᠶᠢᠨ ᠰᠡᠯᠪᠢᠭ ᠲᠣᠨᠣᠭᠯᠠᠯ ᠤᠨ ᠠᠩᠬᠠᠨ ᠤ ᠪᠦᠯᠦᠭ ︵ᠤᠳᠠᠭ᠎ᠠ︶᠂ ᠰᠢᠨ᠎ᠡ ᠮᠠᠲ᠋ᠧᠷᠢᠶᠠᠯ ᠤᠨ | ᠠᠩᠬᠠᠨ ᠤ ᠪᠦᠯᠦᠭ ︵ᠤᠳᠠᠭ᠎ᠠ︶ ᠢᠶᠠᠷ ᠦᠨᠡᠮᠰᠢᠭᠰᠡᠨ ᠦᠢᠯᠡᠳᠬᠦᠨ ᠳᠤ ᠳᠠᠭᠠᠳᠬᠠᠯ ᠤᠨ ᠵᠠᠷᠤᠳᠠᠯ ᠤᠨ | 80% ᠪᠠᠷ ᠨᠥᠬᠦᠪᠦᠷᠢ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 48. 2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠴᠢᠬᠤᠯᠠ ᠶᠡᠭᠡ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠳᠡᠮᠵᠢᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ | ᠴᠢᠨᠠᠷ ᠰᠠᠶᠢᠲᠠᠢ ᠬᠥᠭᠵᠢᠯᠲᠡ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠲᠣᠭᠠᠴᠢᠯᠠᠭᠰᠠᠨ ᠠᠵᠤ ᠠᠬᠤᠢ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ | ᠤᠯᠠᠷᠢᠭᠤᠯᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠬᠤᠣᠰ ᠨᠡᠭᠦᠷᠡᠰᠦᠲᠥ᠋ᠷᠥᠭᠴᠢ︾᠂ | ᠬᠤᠪᠣᠷ ᠰᠢᠷᠣᠢ ᠵᠡᠷᠭᠡ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ | ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠲᠦᠷᠦᠭᠦᠯᠡᠨ ᠰᠢᠨ᠎ᠡ ᠶᠢ ᠡᠭᠦᠳᠬᠦ | ᠬᠤᠯᠪᠣᠭᠠᠲᠤ ᠴᠣᠭᠴᠠ ᠪᠠᠶᠢᠭᠤᠯᠬᠤ ᠶᠢ ᠳᠡᠮᠵᠢᠵᠦ᠂ ︽ᠵᠠᠷᠯᠠᠨ ᠮᠠᠩᠯᠠᠶᠢᠯᠠᠭᠤᠯᠬᠤ︾ ᠲᠥᠷᠥᠯ ᠵᠦᠢᠯ ᠢ ᠡᠭᠦᠷᠭᠡᠯᠡᠨ᠎ᠡ | ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ︶ | 49. ᠰᠤᠳᠤᠯᠤᠨ ᠨᠡᠭᠡᠭᠡᠬᠦ ᠣᠷᠣᠭᠤᠯᠤᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ ᠶᠢ | ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠳᠡᠭᠡᠷ᠎ᠡ ᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ | ᠬᠦᠴᠦᠯᠡᠴᠡ ᠵᠢᠴᠢ ᠨᠡᠮᠡᠭᠳᠡᠯ ᠤᠨ ᠬᠡᠮᠵᠢᠶ᠎ᠡ ᠶᠢᠨ ᠨᠡᠮᠡᠭᠳᠡᠯ ᠤᠨ ᠬᠡᠮᠵᠢᠶ᠎ᠡ ᠪᠠᠷ ᠱᠠᠩᠨᠠᠨ ᠨᠥᠬᠦᠪᠦᠷᠢᠯᠡᠵᠦ᠂ ᠭᠠᠭᠴᠠ | ᠭᠠᠭᠴᠠ ᠠᠵᠤ ᠠᠬᠤᠶᠢᠯᠠᠯ ᠳᠤ ᠵᠢᠯ ᠪᠦᠷᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ ᠱᠠᠩᠨᠠᠨ | ᠨᠥᠬᠦᠪᠦᠷᠢᠯᠡᠨ᠎ᠡ᠃ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠠᠭᠤᠷᠢ ᠮᠥᠩᠭᠦ ᠶᠢᠨ ᠣᠷᠣᠭᠤᠯᠤᠯᠲᠠ ᠪᠠᠨ | ᠨᠡᠮᠡᠭᠳᠡᠭᠦᠯᠵᠦ᠂ ᠣᠶᠤᠨᠴᠢ ᠦᠶᠯᠡᠳᠬᠦ ᠬᠦᠷᠢᠶ᠎ᠡ ᠴᠠᠷᠠᠭ᠎ᠠ ᠳᠤ ᠰᠠᠭᠤᠷᠢ ᠣᠨᠣᠯ ᠤᠨ ᠰᠤᠳᠤᠯᠭᠠᠨ ᠪᠠ ᠬᠡᠷᠡᠭᠯᠡᠭᠡᠨ ᠤ | ᠰᠠᠭᠤᠷᠢ ᠰᠤᠳᠤᠯᠭᠠᠨ ᠥᠷᠨᠢᠭᠦᠯᠬᠦ ᠶᠢ ᠦᠷᠭᠦᠯᠵᠢᠯᠡᠨ ᠳᠡᠮᠵᠢᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 50᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ | ᠭᠥᠷᠳᠡᠭᠰᠡᠨ ᠨᠢᠭᠡᠳᠦᠭᠡᠷ ᠪᠡᠶᠡᠯᠡᠭᠦᠯᠦᠭᠰᠡᠨ ᠨᠢᠭᠡᠴᠡ ᠵᠢᠴᠢ ᠬᠠᠮᠢᠶ᠎ᠠ ᠪᠦᠬᠦᠢ ᠬᠥᠮᠥᠰ ᠲᠤ᠂ ᠤᠯᠤᠰ ᠤᠨ ᠱᠠᠩᠨᠠᠯ ᠤᠨ | ᠮᠥᠩᠭᠦ ᠶᠢᠨ ᠲᠤᠭ᠎ᠠ ᠬᠡᠮᠵᠢᠶ᠎ᠡ ᠶᠢᠨ 5 ᠳᠠᠬᠢᠨ ᠢᠶᠠᠷ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ | ᠳᠡᠮᠵᠢᠯᠭᠡ ᠪᠠ ᠱᠠᠩᠨᠠᠯ ᠣᠯᠭᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠳ ᠲᠤ ᠰᠲ᠋ᠣᠺ ᠤᠨ ᠡᠷᠬᠡ᠂ ᠬᠤᠭᠤᠴᠠᠭᠠᠲᠤ ᠡᠷᠬᠡ ᠪᠠ ᠠᠰᠢᠭ ᠬᠤᠪᠢᠶᠠᠬᠤ ᠤᠷᠮᠠᠰᠢᠭᠤᠯᠤᠯ ᠢ | ᠬᠡᠷᠡᠭᠵᠢᠭᠦᠯᠬᠦ ᠶᠢ ᠵᠣᠷᠢᠭᠵᠢᠭᠤᠯᠵᠤ᠂ ᠤᠯᠤᠰ ᠤᠨ ᠲᠣᠭᠲᠠᠭᠠᠯ ᠶᠣᠰᠣᠭᠠᠷ ᠲᠥᠷᠥᠯ ᠵᠦᠢᠯ ᠤᠨ ᠠᠰᠢᠭ ᠣᠷᠣᠯᠭ᠎ᠠ | ᠬᠤᠪᠢᠶᠠᠬᠤ᠂ ᠠᠵᠢᠯ ᠤᠨ ᠪᠠᠶᠢᠷᠢ ᠶᠢᠨ ᠠᠰᠢᠭ ᠣᠷᠣᠯᠭ᠎ᠠ ᠬᠤᠪᠢᠶᠠᠬᠤ ᠵᠡᠷᠭᠡ ᠤᠷᠲᠤᠪᠲᠤᠷ ᠪᠠ ᠣᠷᠳᠣ | ᠬᠤᠭᠤᠴᠠᠭᠠᠨ ᠤ ᠤᠷᠮᠠᠰᠢᠭᠤᠯᠤᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢᠨ ᠠᠰᠢᠭ ᠣᠷᠣᠯᠭ᠎ᠠ ᠣᠯᠬᠤ ᠶᠢ ᠬᠡᠷᠡᠭᠵᠢᠭᠦᠯᠦᠭᠰᠡᠨ ᠤᠯᠤᠰ ᠤᠨ ᠥᠮᠴᠢᠯᠡᠯᠲᠦ ᠠᠵᠤ | ᠠᠬᠤᠶᠢᠯᠠᠯ ᠳᠤ ᠣᠯᠭᠤᠭᠰᠠᠨ ᠤᠷᠮᠠᠰᠢᠭᠤᠯᠤᠯ ᠤᠨ ᠣᠷᠣᠯᠭ᠎ᠠ ᠶᠢ ᠪᠣᠳᠠᠲᠠᠢ ᠪᠠᠷ ᠴᠠᠯᠢᠩ ᠤᠨ ᠶᠡᠷᠦᠩᠬᠡᠢ ᠲᠣᠭᠠᠨ ᠳᠤ | ᠪᠤᠳᠤᠵᠤ ᠣᠷᠣᠭᠤᠯᠤᠨ᠎ᠠ᠂ ᠴᠠᠯᠢᠩ ᠤᠨ ᠶᠡᠷᠦᠩᠬᠡᠢ ᠲᠣᠭᠠᠨ ᠤ ᠲᠥᠰᠥᠪ ᠤᠨ ᠰᠠᠭᠤᠷᠢ ᠲᠤᠭ᠎ᠠ ᠪᠣᠯᠭᠠᠬᠤ ᠦᠭᠡᠢ᠃ | ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ | ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠵᠥᠪᠯᠡᠯ︶ | 51. 5200 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠳᠣᠬᠢᠭᠤᠷ ᠲᠤᠯᠤᠭᠠᠨ ᠣᠲᠣ | ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠳᠡᠮᠵᠢᠨ᠎ᠡ᠃︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ | ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 52. ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢᠨ ᠭᠠᠷᠴᠠᠭ︾ ᠢ ᠳᠡᠮᠵᠢᠬᠦ ᠲᠥᠯᠥᠪᠯᠡᠭᠡ ᠳᠤ ᠣᠷᠣᠭᠤᠯᠤᠨ᠎ᠠ᠃ ᠮᠡᠷᠭᠡᠵᠢᠯ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠶᠢᠯᠡᠰᠵᠢᠭᠦᠯᠦᠨ ᠬᠡᠷᠡᠭᠯᠡᠬᠦ ᠶᠢ ᠳᠡᠮᠵᠢᠵᠦ᠂ ᠰᠢᠨ᠎ᠡ | ᠮᠡᠷᠭᠡᠵᠢᠯ ᠤᠨ ᠠᠵᠤ ᠦᠶᠢᠯᠡᠰᠵᠢᠭᠦᠯᠦᠨ ᠬᠡᠷᠡᠭᠯᠡᠬᠦ ᠶᠢᠨ ᠵᠢᠯᠤᠭᠤᠳᠬᠤ ᠭᠠᠷᠴᠠᠭ ᠢ ᠨᠡᠶᠢᠲᠡᠯᠡᠵᠦ᠂ ᠭᠠᠷᠴᠠᠭ ᠲᠤ | ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠣᠷᠣᠨ ᠤ | ᠳᠣᠲᠣᠷ᠎ᠠ ᠤᠯᠠᠷᠢᠭᠤᠯᠤᠨ ᠬᠡᠷᠡᠭᠯᠡᠬᠦ ᠶᠢ ᠪᠡᠶᠡᠯᠡᠭᠦᠯᠦᠭᠰᠡᠨ ᠲᠥᠷᠥᠯ ᠵᠦᠢᠯ ᠳᠤ ᠪᠣᠳᠠᠲᠠᠢ ᠪᠡᠶᠡᠯᠡᠭᠦᠯᠦᠭᠰᠡᠨ ᠪᠡᠯᠡ | ᠣᠷᠣᠭᠤᠯᠤᠯᠲᠠ ᠶᠢᠨ ᠲᠤᠭ᠎ᠠ ᠶᠢᠨ 20% ᠪᠠᠷ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠵᠤ᠂ ᠲᠠᠩ | ᠭᠠᠭᠴᠠ ᠲᠥᠷᠥᠯ ᠵᠦᠢᠯ ᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ | ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ︶ | ︵ᠲᠤᠯᠤᠭ᠎ᠠ︶ ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠬᠦ ᠶᠢ ᠠᠬᠢᠭᠤᠯᠤᠨ᠎ᠠ᠃ | 53. ᠲᠡᠷᠢᠭᠦᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠦᠨᠡᠯᠡᠬᠦ ᠠᠵᠢᠯᠯᠠᠭ᠎ᠠ ᠶᠢ | ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠡᠯᠡᠨ ᠲᠣᠭᠲᠠᠭᠠᠭᠰᠠᠨ ᠠᠵᠤ ᠦᠢᠯᠡᠳᠪᠦᠷᠢ ᠶᠢᠨ ᠮᠡᠷᠭᠡᠵᠢᠯ ᠤᠨ | ᠥᠭᠡᠷᠡᠴᠢᠯᠡᠯᠲᠡ ᠳᠤ ᠪᠡᠯᠡ ᠣᠷᠣᠭᠤᠯᠤᠭᠰᠠᠨ ᠲᠡᠷᠢᠭᠦᠨ ᠤ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠦᠭᠰᠡᠨ ᠲᠡᠷᠢᠭᠦᠨ ᠤ ᠠᠵᠤ ᠠᠬᠤᠶᠢᠯᠠᠯ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠭᠰᠠᠨ | ᠲᠡᠷᠢᠭᠦᠨ ᠤ ᠠᠵᠤ ᠠᠬᠤᠶᠢᠯᠠᠯ᠂ ᠲᠣᠭᠠᠴᠢᠯᠠᠭᠰᠠᠨ ᠬᠡᠷᠡᠭᠯᠡᠭᠡᠨ ᠤ ᠲᠡᠷᠢᠭᠦᠨ ᠤ ᠠᠵᠤ ᠠᠬᠤᠶᠢᠯᠠᠯ᠂ ︽ᠲᠤᠰᠬᠠᠢ | ᠨᠠᠷᠢᠯᠢᠭ ᠣᠨᠴᠠ ᠰᠢᠨ᠎ᠡ︾ ᠲᠡᠷᠢᠭᠦᠨ ᠤ ᠠᠵᠤ ᠠᠬᠤᠶᠢᠯᠠᠯ ᠳᠤ ᠡᠷᠦᠬᠡ ᠪᠦᠷᠢ ᠳᠤ ᠨᠢᠭᠡ ᠤᠳᠠᠭ᠎ᠠ ᠶᠢᠨ | ᠴᠢᠨᠠᠷᠲᠠᠢ ᠪᠠᠷ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ︶ | 54. ᠥᠪᠡᠷᠲᠡᠭᠡᠨ ᠵᠠᠰᠠᠬᠤ ᠣᠷᠣᠨ ᠠᠴᠠ ᠮᠠᠭᠠᠳᠯᠠᠨ ᠲᠣᠭᠲᠠᠭᠠᠭᠰᠠᠨ ᠰᠢᠨ᠎ᠡ ᠶᠢ ᠡᠭᠦᠳᠬᠦ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ | ᠠᠬᠤᠶᠢᠯᠠᠯ ᠪᠠ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ ᠳᠤ ᠲᠣᠰ ᠲᠣᠰ 20 ᠲᠦᠮᠡᠨ ᠲᠥᠭᠦᠷᠢᠭ᠂ | 50 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ︶ | 55. ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ | ᠱᠠᠲᠤᠯᠠᠨ ᠪᠣᠶᠢᠵᠢᠭᠤᠯᠬᠤ ᠲᠣᠭᠲᠠᠴᠠ ᠶᠢ ᠪᠠᠶᠢᠭᠤᠯᠵᠤ᠂ ᠠᠩᠬ᠎ᠠ ᠤᠳᠠᠭ᠎ᠠ ᠮᠠᠭᠠᠳᠯᠠᠨ ᠲᠣᠭᠲᠠᠭᠠᠭᠰᠠᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 30 ᠲᠦᠮᠡᠨ ᠲᠥᠭᠦᠷᠢᠭ ᠤᠨ | ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠣᠯᠭᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠳᠦᠷᠢᠮ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ ᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 56. ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠪᠠ ᠦᠶᠯᠡᠳᠬᠦ | ᠦᠢᠯᠡᠰ ᠤᠨ ᠭᠠᠭᠴᠠ ᠵᠦᠢᠯ ᠤᠨ ᠮᠠᠩᠯᠠᠢ ᠳᠤ ᠰᠢᠯᠭᠠᠷᠠᠭᠰᠠᠨ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ | ᠴᠢᠳᠠᠪᠤᠷᠢᠲᠠᠨ ᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠮᠡᠷᠭᠡᠵᠢᠯ ᠤᠨ ᠰᠢᠨ᠎ᠡ ᠶᠢ ᠡᠭᠦᠳᠬᠦ | ᠂ ᠲᠤᠰᠬᠠᠢ ᠠᠰᠢᠭ ᠤᠨ ᠡᠭᠦᠳᠦᠯᠲᠡ᠂ ᠦᠷ᠎ᠡ ᠪᠦᠲᠦᠭᠡᠯ ᠢ ᠬᠤᠪᠢᠷᠠᠭᠤᠯᠬᠤ᠂ ᠮᠡᠷᠭᠡᠵᠢᠯ ᠳᠡᠯᠭᠡᠷᠡᠭᠦᠯᠬᠦ᠂ ᠪᠠᠷᠢᠮᠵᠢᠶ᠎ᠠ | ᠲᠣᠭᠲᠠᠭᠠᠬᠤ ᠵᠡᠷᠭᠡ ᠲᠠᠯ᠎ᠠ ᠪᠠᠷ ᠣᠯᠣᠭᠰᠠᠨ ᠠᠵᠢᠯ ᠤᠨ ᠠᠮᠵᠢᠯᠲᠠ ᠪᠦᠲᠦᠮᠵᠢ᠂ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠲᠡᠳᠡᠨ ᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠶᠢᠨ ᠴᠢᠬᠤᠯᠠ ᠯᠠᠪᠯᠠᠯᠲᠠ ᠪᠣᠯᠭᠠᠨ᠎ᠠ᠃︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ︶ | 57. ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ | ᠲᠤᠷᠰᠢᠯᠲᠠ ᠶᠢᠨ ᠠᠵᠢᠯ ᠢ ᠥᠷᠨᠢᠭᠦᠯᠦᠨ᠎ᠡ᠃ ᠲᠤᠷᠰᠢᠯᠲᠠ ᠳᠤ ᠣᠷᠣᠯᠴᠠᠭᠰᠠᠨ ᠲᠣᠭᠠᠵᠢᠭᠤᠯᠤᠭᠰᠠᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ︵ᠲᠣᠭᠠᠵᠢᠭᠤᠯᠤᠭᠰᠠᠨ ᠬᠡᠯᠪᠡᠷᠢ ᠪᠠᠨ ᠬᠤᠪᠢᠷᠠᠭᠤᠯᠬᠤ ᠦᠢᠯᠡᠴᠢᠯᠡᠭᠡᠨ ᠤ | ᠬᠤᠳᠠᠯᠳᠤᠭᠠᠴᠢᠨ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠵᠡᠷᠭᠡ ᠪᠠᠭᠲᠠᠨ᠎ᠠ︶ ᠳᠤ ᠨᠢᠭᠡ | ᠤᠳᠠᠭ᠎ᠠ ᠶᠢᠨ ᠴᠢᠨᠠᠷᠲᠠᠢ ᠱᠠᠩᠨᠠᠯ ᠨᠥᠬᠦᠪᠦᠷᠢ ᠶᠢᠨ ᠳᠡᠮᠵᠢᠯᠭᠡ ᠦᠵᠡᠭᠦᠯᠦᠨ᠎ᠡ᠃ ᠦᠢᠯᠡᠴᠢᠯᠡᠭᠡᠨ ᠤ ᠲᠤᠷᠰᠢᠯᠲᠠ ᠶᠢᠨ | ᠴᠡᠭ ᠤᠨ ᠠᠵᠤ ᠠᠬᠤᠶᠢᠯᠠᠯ ᠨᠢᠭᠡᠪᠦᠷᠢ ᠶᠢᠨ ᠪᠣᠳᠠᠲᠠᠢ ᠥᠭᠡᠷᠡᠴᠢᠯᠡᠬᠦ ᠥᠪᠡᠷ ᠤᠨ ᠥᠷᠲᠡᠭ ᠤᠨ 20% ᠠᠴᠠ | ᠳᠠᠪᠠᠭᠤᠯᠬᠤ ᠦᠭᠡᠢ ᠮᠥᠷᠲᠡᠭᠡᠨ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ ᠬᠠᠮᠤᠭ ᠤᠨ ᠥᠨᠳᠥᠷ ᠲᠡᠭᠡᠨ 20 | ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠪᠠᠷ ᠲᠥᠰᠥᠭᠡᠯᠡᠨ ᠪᠤᠳᠤᠵᠤ᠂ ᠦᠢᠯᠡᠴᠢᠯᠡᠭᠡᠨ ᠤ ᠲᠠᠪᠴᠠᠩ | ᠨᠢᠭᠡᠪᠦᠷᠢ ᠶᠢᠨ ᠬᠠᠮᠤᠭ ᠤᠨ ᠥᠨᠳᠥᠷ ᠲᠡᠭᠡᠨ ᠱᠠᠩᠨᠠᠵᠤ ᠨᠥᠬᠦᠪᠦᠷᠢᠯᠡᠬᠦ ᠶᠢ 200 ᠲᠦᠮᠡᠨ ᠲᠥᠭᠦᠷᠢᠭ ᠠᠴᠠ | ᠳᠠᠪᠠᠭᠤᠯᠬᠤ ᠦᠭᠡᠢ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 58. ᠳᠤᠮᠳᠠ ᠵᠢᠵᠢᠭ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠨᠢᠭᠡ ᠪᠦᠯᠦᠭ ᠴᠢᠨᠠᠷ ᠰᠠᠶᠢᠲᠠᠢ ᠳᠤᠮᠳᠠ ᠵᠢᠵᠢᠭ ᠠᠵᠤ | ᠠᠬᠤᠶᠢᠯᠠᠯ ᠤᠨ ᠶᠠᠰᠤ ᠴᠢᠨᠠᠷ ᠤᠨ ᠲᠦᠷᠦᠭᠦᠸ ᠲᠤᠰᠢᠶᠠᠯᠲᠠᠨ ᠤ ᠳᠦᠷᠢᠮ ᠢᠶᠠᠨ ᠪᠦᠷᠢᠨᠰᠢᠭᠦᠯᠬᠦ ᠶᠢ ᠳᠡᠮᠵᠢᠵᠦ᠂ ᠠᠵᠤ | ᠠᠬᠤᠶᠢᠯᠠᠯ ᠢ ᠬᠠᠪᠰᠤᠷᠤᠨ ᠬᠥᠲᠥᠯᠥᠨ ᠵᠢᠯᠤᠭᠤᠳᠴᠤ ᠪᠠᠶᠢᠭᠠᠳ ᠶᠠᠰᠤ ᠴᠢᠨᠠᠷ ᠤᠨ︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 59. 3000 ᠲᠦᠮᠡᠨ ᠲᠥᠭᠦᠷᠢᠭ ᠤᠨ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠤᠰᠬᠠᠢ | ᠵᠦᠢᠯ ᠤᠨ ᠪᠡᠯᠡ ᠮᠥᠩᠭᠦ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠬᠥᠭᠵᠢᠯᠲᠡ ᠶᠢ ᠳᠡᠮᠵᠢᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠡᠮᠵᠢᠬᠦ᠂ ᠠᠵᠤ ᠦᠢᠯᠡᠰ ᠤᠨ | ᠲᠣᠭᠠᠴᠢᠯᠠᠯᠲᠠ ᠶᠢᠨ ᠬᠥᠭᠵᠢᠯᠲᠡ ᠶᠢ ᠠᠬᠢᠭᠤᠯᠬᠤ ᠢᠳᠡᠪᠬᠢ ᠦᠢᠯᠡᠳᠦᠯ ᠢ ᠪᠠᠳᠠᠷᠠᠭᠤᠯᠵᠤ᠂ ᠭᠠᠳᠠᠭᠠᠳᠤ | ᠠᠷᠠᠯᠵᠢᠶ᠎ᠠ ᠶᠢᠨ ᠰᠢᠯᠢᠳᠡᠭᠵᠢᠨ ᠲᠠᠰ ᠳᠡᠪᠰᠢᠬᠦ ᠶᠢ ᠠᠬᠢᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ | 60. 2000 ᠲᠦᠮᠡᠨ ᠲᠥᠭᠦᠷᠢᠭ ᠤᠨ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠤᠰᠬᠠᠢ | ᠵᠦᠢᠯ ᠤᠨ ᠪᠡᠯᠡ ᠮᠥᠩᠭᠦ ᠲᠣᠬᠢᠷᠠᠭᠤᠯᠵᠤ᠂ ᠰᠢᠶᠠᠨ ᠤ ᠬᠡᠪᠴᠢᠶ᠎ᠡ ᠠᠴᠠ ᠭᠠᠳᠠᠨᠠᠬᠢ ᠠᠵᠤ ᠠᠬᠤᠢ ᠠᠷᠠᠯᠵᠢᠶ᠎ᠠ ᠶᠢᠨ | ᠲᠡᠭ ᠨᠡᠮᠡᠭᠳᠡᠯ ᠤᠨ ᠬᠡᠮᠵᠢᠶ᠎ᠡ ᠶᠢ ᠳᠠᠪᠠᠭᠰᠠᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠂ ᠦᠨᠡᠮᠰᠢᠭᠰᠡᠨ ᠰᠢᠶᠠᠨ ᠤ | ᠬᠡᠪᠴᠢᠶ᠎ᠡ ᠠᠴᠠ ᠭᠠᠳᠠᠨᠠᠬᠢ ᠠᠵᠤ ᠠᠬᠤᠢ ᠠᠷᠠᠯᠵᠢᠶ᠎ᠠ ᠶᠢᠨ ᠲᠡᠭ ᠨᠡᠮᠡᠭᠳᠡᠯ ᠤᠨ ᠬᠡᠮᠵᠢᠶ᠎ᠡ ᠶᠢ ᠳᠠᠪᠠᠭᠰᠠᠨ ᠵᠢᠱᠢᠶ᠎ᠡ | ᠦᠵᠡᠭᠦᠯᠬᠦ ᠭᠠᠵᠠᠷ ᠣᠷᠣᠨ ᠳᠤ ᠳᠡᠮᠵᠢᠯᠭᠡ ᠦᠵᠡᠭᠦᠯᠵᠦ᠂ ᠨᠢᠭᠡ ᠪᠦᠯᠦᠭ ᠭᠠᠳᠠᠭᠠᠳᠤ ᠠᠵᠤ ᠠᠬᠤᠢ ᠠᠷᠠᠯᠵᠢᠶ᠎ᠠ ᠶᠢᠨ | ᠲᠡᠭ ᠨᠡᠮᠡᠭᠳᠡᠯ ᠤᠨ ᠬᠡᠮᠵᠢᠶ᠎ᠡ ᠶᠢ ᠳᠠᠪᠠᠭᠰᠠᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠢ | ᠦᠷᠭᠦᠯᠵᠢᠯᠡᠨ ᠰᠢᠯᠢᠳᠡᠭᠴᠢᠯᠡᠨ ᠰᠣᠩᠭᠤᠬᠤ ᠪᠠᠷ ᠳᠡᠮᠵᠢᠨ ᠲᠡᠳᠬᠦᠵᠦ᠂ ᠣᠲᠣ ᠶᠢᠨ ᠳᠠᠪᠠᠭᠤᠯᠢᠭ ᠲᠠᠭᠠᠨ | ᠰᠠᠭᠤᠷᠢᠯᠠᠨ ᠭᠠᠳᠠᠭᠰᠢ ᠴᠢᠭᠯᠡᠭᠦᠯᠦᠭᠰᠡᠨ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠦᠨ᠎ᠡ᠃︵ᠬᠠᠷᠢᠭᠤᠴᠠᠯᠭᠠᠲᠤ | ᠨᠢᠭᠡᠴᠡ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ | 61. 2000 ᠲᠦᠮᠡᠨ ᠲᠥᠭᠦᠷᠢᠭ ᠤᠨ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠤᠰᠬᠠᠢ ᠪᠡᠯᠡ | ᠮᠥᠩᠭᠦ ᠲᠣᠬᠢᠷᠠᠭᠤᠯᠤᠨ᠂ ᠣᠯᠠᠨ ᠨᠡᠶᠢᠲᠡ ᠶᠢᠨ ᠭᠠᠳᠠᠭᠠᠳᠤ ᠳᠠᠬᠢ ᠬᠥᠮᠥᠷᠭᠡ ᠶᠢ ᠪᠣᠶᠢᠵᠢᠭᠤᠯᠬᠤ ᠠᠵᠢᠯ ᠢ | ᠥᠷᠨᠢᠭᠦᠯᠵᠦ᠂ ᠲᠥᠷᠥᠯ ᠵᠦᠢᠯ ᠤᠨ ᠬᠠᠤᠯᠢ ᠪᠠᠷ ᠳᠡᠮᠵᠢᠯᠭᠡ ᠦᠵᠡᠭᠦᠯᠵᠦ᠂ ᠬᠤᠶᠠᠷ ᠵᠢᠯ ᠤᠨ ᠪᠣᠶᠢᠵᠢᠭᠤᠯᠤᠯᠲᠠ᠂ | ᠨᠢᠭᠡ ᠵᠢᠯ ᠤᠨ ᠳᠡᠮᠵᠢᠯᠭᠡ ᠪᠠᠷ ᠳᠡᠮᠵᠢᠨ᠂ RCEP ᠶᠢᠨ ᠪᠦᠷᠢᠯᠳᠦᠭᠦᠨ ᠤᠯᠤᠰ᠂ ︽ᠨᠢᠭᠡ ᠪᠦᠰᠡ ᠨᠢᠭᠡ ᠵᠠᠮ︾ | ᠳᠠᠭᠠᠤ ᠶᠢᠨ ᠭᠤᠣᠯᠳᠠᠯᠭ᠎ᠠ ᠲᠠᠢ ᠤᠯᠤᠰ ᠪᠠ ᠭᠠᠵᠠᠷ ᠣᠷᠣᠨ ᠳᠤ ᠨᠢᠭᠡ ᠪᠦᠯᠦᠭ ᠣᠯᠠᠨ ᠨᠡᠶᠢᠲᠡ ᠶᠢᠨ | ᠭᠠᠳᠠᠭᠠᠳᠤ ᠳᠠᠬᠢ ᠬᠥᠮᠥᠷᠭᠡ ᠶᠢ ᠭᠤᠣᠯᠳᠠᠯᠭ᠎ᠠ ᠲᠠᠢ ᠪᠠᠷ ᠪᠦᠲᠦᠭᠡᠨ ᠪᠠᠶᠢᠭᠤᠯᠤᠨ᠎ᠠ᠃︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ | ᠭᠤᠷᠪᠠ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ | ᠲᠡᠭᠡᠭᠰᠢᠯᠡᠭᠦᠯᠭᠦ ᠶᠢ ᠠᠬᠢᠭᠤᠯᠤᠨ᠎ᠡ | ︵ᠨᠢᠭᠡ︶ ᠰᠢᠨ᠎ᠡ ᠪᠠᠷ ᠪᠣᠶ ᠪᠣᠯᠤᠭᠰᠠᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠪᠣᠶᠢᠵᠢᠭᠤᠯᠤᠨ᠎ᠠ᠃ | | 62. ᠮᠡᠷᠭᠡᠵᠢᠯ ᠤᠨ ᠵᠠᠭᠤᠴᠢᠯᠠᠬᠤ ᠦᠢᠯᠡᠴᠢᠯᠡᠭᠡᠨ ᠤ ᠠᠵᠢᠯ ᠲᠥᠷᠥᠯ ᠤᠨ ᠬᠥᠭᠵᠢᠯᠲᠡ ᠪᠠᠨ | ᠲᠦᠷᠭᠡᠳᠬᠡᠬᠦ ᠶᠢ ᠳᠡᠮᠵᠢᠵᠦ᠂ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠮᠡᠷᠭᠡᠵᠢᠯ ᠢ ᠰᠢᠯᠵᠢᠭᠦᠯᠬᠦ | ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ ᠲᠤ ᠨᠢᠭᠡ ᠤᠳᠠᠭ᠎ᠠ ᠶᠢᠨ ᠴᠢᠨᠠᠷᠲᠠᠢ 100 ᠲᠦᠮᠡᠨ | ᠲᠥᠭᠦᠷᠢᠭ ᠤᠨ ᠳᠠᠷᠠᠭᠠᠬᠢ ᠨᠥᠬᠦᠪᠦᠷᠢ ᠳᠡᠮᠵᠢᠯᠭᠡ ᠣᠯᠭᠤᠨ᠎ᠠ︔ᠮᠡᠷᠭᠡᠵᠢᠯ ᠤᠨ ᠵᠠᠭᠤᠴᠢᠯᠠᠭᠴᠢ/ᠡᠵᠡᠩᠨᠡᠨ | ᠬᠠᠮᠢᠶᠠᠷᠤᠭᠴᠢ ᠶᠢᠨ ᠵᠢᠯ ᠤᠨ ᠳᠣᠲᠣᠷᠠᠬᠢ ᠮᠡᠷᠭᠡᠵᠢᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠭᠰᠠᠨ | ᠠᠷᠠᠯᠵᠢᠶ᠎ᠠ ᠶᠢᠨ ᠨᠡᠶᠢᠲᠡ ᠵᠣᠭᠤᠰ ᠤᠨ ᠲᠤᠭ᠎ᠠ ᠨᠢ 100 ᠲᠦᠮᠡᠨ ᠲᠥᠭᠦᠷᠢᠭ ᠢ ᠳᠠᠪᠠᠭᠰᠠᠨ ᠪᠠᠶᠢᠪᠠᠯ᠂ | ᠮᠡᠷᠭᠡᠵᠢᠯ ᠤᠨ ᠠᠷᠠᠯᠵᠢᠶ᠎ᠠ ᠶᠢᠨ ᠭᠡᠷ᠎ᠡ ᠶᠢᠨ ᠪᠣᠳᠠᠲᠠᠢ ᠠᠷᠠᠯᠵᠢᠶ᠎ᠠ ᠪᠦᠲᠦᠭᠰᠡᠨ ᠲᠣᠭᠠᠨ ᠤ 2% ᠤᠨ ᠶᠣᠰᠣᠭᠠᠷ᠂ | ᠬᠠᠮᠤᠭ ᠥᠨᠳᠥᠷ ᠲᠡᠭᠡᠨ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 63᠂ ᠬᠤᠳᠠᠯᠳᠤᠭᠠᠨ ᠤ ᠶᠠᠪᠤᠳᠠᠯ ᠤᠨ ᠬᠠᠮ ᠦᠵᠡᠰᠬᠦᠯᠡᠩ ᠤᠨ ᠦᠢᠯᠡᠰ ᠤᠨ ᠬᠥᠭᠵᠢᠯᠲᠡ ᠶᠢ | ᠳᠡᠮᠵᠢᠵᠦ᠂ ᠳᠤᠮᠳᠠᠳᠤ ᠤᠯᠤᠰ ︱ ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ ᠵᠡᠷᠭᠡ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠤᠯᠤᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠵᠢᠴᠢ ᠲᠡᠭᠦᠨ ᠠᠴᠠ ᠳᠡᠭᠡᠭᠰᠢᠬᠢ ᠲᠠᠰ ᠳᠠᠪᠬᠤᠷᠭ᠎ᠠ ᠶᠢᠨ ᠨᠡᠷ᠎ᠡ ᠪᠠᠷ ᠭᠤᠣᠯᠯᠠᠨ ᠡᠷᠭᠢᠯᠡᠭᠰᠡᠨ ᠬᠤᠳᠠᠯᠳᠤᠭᠠᠨ ᠤ | ᠶᠠᠪᠤᠳᠠᠯ ᠤᠨ ᠬᠠᠮ ᠦᠵᠡᠰᠬᠦᠯᠡᠩ ᠤᠨ ᠠᠵᠢᠯᠯᠠᠭ᠎ᠠ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ | ᠪᠡᠯᠡ ᠮᠥᠩᠭᠦ ᠶᠢᠨ ᠨᠥᠬᠦᠪᠦᠷᠢ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠠᠷᠠᠯᠵᠢᠶ᠎ᠠ ᠶᠢ | ᠠᠬᠢᠭᠤᠯᠬᠤ ᠡᠪᠯᠡᠯ︶ | 64. ᠠᠩᠬᠠᠨ ᠤ ᠬᠡᠪᠯᠡᠯ ᠤᠨ ᠵᠥᠭᠡᠯᠡᠨ ᠲᠣᠨᠤᠭ ᠤᠨ ᠣᠯᠣᠭᠰᠠᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠪᠤᠶᠤ ᠦᠨᠡᠮᠯᠡᠯ ᠤᠨ ᠲᠣᠭᠲᠠᠭᠰᠠᠨ ᠬᠤᠭᠤᠴᠠᠭᠠᠨ ᠳᠤ ᠭᠤᠶᠤᠴᠢᠯᠠᠬᠤ ᠪᠣᠯᠲᠠᠯᠠᠬᠢ ᠪᠣᠳᠠᠲᠠᠢ | ᠪᠣᠷᠣᠯᠠᠭᠤᠯᠤᠭᠰᠠᠨ ᠶᠡᠷᠦᠩᠬᠡᠢ ᠲᠣᠭᠠᠨ ᠤ 20% ᠪᠠᠷ ᠨᠥᠬᠦᠪᠦᠷᠢ ᠣᠯᠭᠤᠵᠤ᠂ ᠭᠠᠭᠴᠠ ᠭᠠᠭᠴᠠ ᠠᠵᠤ | ᠠᠬᠤᠶᠢᠯᠠᠯ ᠤᠨ ᠨᠥᠬᠦᠪᠦᠷᠢ ᠮᠥᠩᠭᠦ ᠶᠢᠨ ᠲᠤᠭ᠎ᠠ ᠶᠢ ᠬᠠᠮᠤᠭ ᠥᠨᠳᠥᠷ ᠲᠡᠭᠡᠨ 300 ᠲᠦᠮᠡᠨ ᠲᠥᠭᠦᠷᠢᠭ ᠠᠴᠠ | ᠬᠡᠲᠦᠷᠡᠭᠦᠯᠬᠦ ᠦᠭᠡᠢ᠃ ᠠᠵᠤ ᠠᠬᠤᠶᠢᠯᠠᠯ ᠤᠨ ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠠᠵᠤ ᠦᠢᠯᠡᠳᠪᠦᠷᠢ ᠶᠢᠨ | ᠵᠥᠭᠡᠯᠡᠨ ᠲᠣᠨᠤᠭ ︵ᠠᠵᠤ ᠦᠢᠯᠡᠳᠪᠦᠷᠢ ᠶᠢᠨ APP︶ ᠲᠤ ᠲᠣᠰ ᠦᠢᠯᠡᠳᠬᠦᠨ ᠢ ᠰᠤᠳᠤᠯᠤᠨ ᠨᠡᠭᠡᠭᠡᠬᠦ ᠳᠤ | ᠪᠣᠳᠠᠲᠠᠢ ᠣᠷᠣᠭᠤᠯᠤᠭᠰᠠᠨ ᠵᠣᠭᠤᠰ ᠤᠨ ᠲᠤᠭ᠎ᠠ ᠶᠢᠨ 20% ᠪᠠᠷ ᠨᠥᠬᠦᠪᠦᠷᠢ ᠣᠯᠭᠤᠵᠤ᠂ ᠭᠠᠭᠴᠠ ᠭᠠᠭᠴᠠ | ᠠᠵᠤ ᠠᠬᠤᠶᠢᠯᠠᠯ ᠳᠤ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ︶ | 65. ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ᠂ ᠡᠯ᠎ᠡ ᠠᠶᠢᠮᠠᠭ ᠬᠤᠲᠠ ᠶᠢᠨ ᠲᠤᠬᠠᠢ ᠶᠢᠨ | ᠭᠠᠵᠠᠷ ᠤᠨ ᠳᠠᠪᠠᠭᠤᠯᠢᠭ ᠠᠵᠤ ᠦᠢᠯᠡᠰ᠂ ᠣᠨᠴᠠᠯᠢᠭᠲᠤ ᠲᠠᠸᠠᠷ ᠲᠤ ᠴᠢᠭᠯᠡᠭᠦᠯᠦᠨ ᠡᠯᠧᠺᠲᠷᠣᠨ ᠬᠤᠳᠠᠯᠳᠤᠭᠠᠨ ᠤ | ᠥᠭᠡᠷᠡᠴᠢᠯᠡᠯᠲᠡ ᠬᠢᠬᠦ ᠶᠢ ᠵᠣᠷᠢᠭᠵᠢᠭᠤᠯᠵᠤ᠂ ︽ᠵᠢᠵᠢᠭ ᠮᠥᠷᠲᠡᠭᠡᠨ ᠭᠤᠶᠣ︾ ᠰᠦᠯᠵᠢᠶᠡᠨ ᠤ ᠨᠠᠷᠠᠲᠤ ᠲᠥᠷᠥᠯ | ᠲᠡᠮᠳᠡᠭᠲᠦ ᠶᠢ ᠪᠣᠶᠢᠵᠢᠭᠤᠯᠤᠨ᠂ ᠰᠦᠯᠵᠢᠶᠡᠨ ᠳᠡᠭᠡᠷᠡᠬᠢ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠎ᠡ᠃ | ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠤᠨ ᠨᠥᠬᠦᠴᠡᠯ ᠪᠦᠷᠢᠳᠦᠭᠰᠡᠨ ᠠᠶᠢᠮᠠᠭ ᠬᠤᠲᠠ᠂ ᠬᠤᠰᠢᠭᠤ ᠰᠢᠶᠠᠨ | ︵ᠬᠤᠲᠠ᠂ ᠲᠣᠭᠤᠷᠢᠭ︶ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠮᠲᠤᠪᠠᠷ ᠭᠥᠷᠳᠡᠬᠦ ᠡᠭᠦᠯᠡᠨ | ᠬᠥᠮᠥᠷᠭᠡ ᠶᠢᠨ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠶᠢ ᠳᠡᠮᠵᠢᠵᠦ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ | ᠳᠤᠮᠳᠠ ᠵᠢᠵᠢᠭ ᠬᠡᠯᠪᠡᠷᠢ ᠶᠢᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠯᠲᠡ ᠶᠢ ᠳᠠᠶᠢᠴᠢᠯᠠᠨ᠎ᠠ᠃ | ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ | 66. ᠦᠷᠭᠦᠯᠵᠢᠯᠡᠨ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠬᠥᠭᠵᠢᠯᠲᠡ ᠶᠢᠨ ᠲᠤᠰᠬᠠᠢ | ᠵᠦᠢᠯ ᠢᠶᠠᠷ ᠳᠠᠮᠵᠢᠭᠤᠯᠤᠨ᠂ ᠪᠥᠬᠦ ᠣᠷᠣᠨ ᠤ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠯ᠎ᠡ ᠪᠣᠭᠤᠮᠲᠠ ᠶᠢᠨ | ᠦᠢᠯᠡᠴᠢᠯᠡᠭᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠵᠣᠷᠢᠭᠵᠢᠭᠤᠯᠤᠨ᠂ ᠪᠣᠭᠤᠮᠲᠠ ᠪᠠᠷ ᠥᠩᠭᠡᠷᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ | ᠪᠣᠭᠤᠮᠲᠠ ᠶᠢᠨ ᠠᠯᠪᠠᠨ ᠭᠡᠷ︶ | ︵ᠬᠤᠶᠠᠷ︶ ᠡᠳ᠋ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠲᠦᠷᠭᠡᠳᠬᠡᠨ | ᠬᠥᠭᠵᠢᠭᠦᠯᠦᠨ᠎ᠡ᠃ | 67. ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠠᠷᠠᠯᠵᠢᠶ᠎ᠠ ᠶᠢᠨ ᠭᠦᠢᠯᠭᠡᠭᠡᠨ ᠤ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠪᠠᠷ ᠳᠠᠮᠵᠢᠭᠤᠯᠤᠨ᠂ ᠬᠥᠬᠡᠬᠤᠲᠠ᠂ ᠤᠯᠠᠭᠠᠨᠴᠠᠪ ᠬᠤᠲᠠ᠂ | ᠣᠷᠳᠣᠰ ᠬᠤᠲᠠ ᠶᠢᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ ᠲᠤᠷᠰᠢᠯᠲᠠ ᠥᠷᠨᠢᠭᠦᠯᠬᠦ ᠶᠢ | ᠦᠷᠭᠦᠯᠵᠢᠯᠡᠨ ᠳᠡᠮᠵᠢᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | 68. ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠪᠠᠷᠠᠭᠠᠨ ᠤ ᠲᠡᠭᠡᠭᠡᠪᠦᠷᠢ ᠰᠢᠤᠳᠠᠨ | ᠲᠦᠷᠭᠡᠨ ᠬᠦᠷᠭᠡᠯᠲᠡ ᠶᠢᠨ ᠠᠭᠤᠰᠤᠯᠴᠠᠨ ᠬᠥᠭᠵᠢᠬᠦ ᠶᠢ ᠵᠣᠷᠢᠭᠵᠢᠭᠤᠯᠵᠤ᠂ ᠤᠯᠤᠰ ᠤᠨ ᠬᠤᠲᠠ ᠬᠥᠳᠡᠭᠡ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ ᠳᠤ ᠪᠡᠯᠡ | ᠣᠷᠣᠭᠤᠯᠤᠯᠲᠠ ᠶᠢᠨ ᠨᠥᠬᠦᠪᠦᠷᠢ 200 ᠲᠦᠮᠡᠨ ᠲᠥᠭᠦᠷᠢᠭ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠤ | ᠠᠶᠠᠨᠴᠢᠳ ᠤᠨ ᠲᠡᠭᠡᠭᠡᠪᠦᠷᠢ ᠶᠢᠨ ᠴᠢᠳᠠᠮᠵᠢ ᠶᠢ ᠡᠭᠦᠷᠭᠡᠯᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠣᠨ ᠤ ᠡᠵᠡᠩᠨᠡᠯᠲᠡ ᠶᠢᠨ ᠨᠥᠬᠦᠪᠦᠷᠢ 20 ᠲᠦᠮᠡᠨ ᠲᠥᠭᠦᠷᠢᠭ | ᠣᠯᠭᠤᠵᠤ᠂ ᠡᠵᠡᠩᠨᠡᠯᠲᠡ ᠳᠤ ᠣᠷᠣᠭᠤᠯᠤᠭᠰᠠᠨ ᠰᠤᠮᠤ ᠰᠢᠶᠠᠩ ᠪᠠᠯᠭᠠᠰᠤ ᠶᠢᠨ ᠠᠶᠠᠨᠴᠢᠳ ᠤᠨ ᠲᠡᠭᠡᠭᠡᠪᠦᠷᠢ ᠶᠢᠨ | ᠥᠷᠲᠡᠭᠡ ᠳᠤ ᠵᠢᠯ ᠤᠨ ᠡᠵᠡᠩᠨᠡᠯᠲᠡ ᠶᠢᠨ ᠨᠥᠬᠦᠪᠦᠷᠢ 3 ᠲᠦᠮᠡᠨ ᠲᠥᠭᠦᠷᠢᠭ ᠣᠯᠭᠤᠵᠤ᠂ ᠮᠠᠯᠴᠢᠨ | ᠲᠠᠷᠢᠶᠠᠴᠢᠳ ᠤᠨ ᠶᠠᠪᠤᠵᠤ ᠰᠠᠭᠤᠬᠤ ᠬᠡᠷᠡᠭᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶ | 69. ᠰᠢᠨ᠎ᠡ ᠪᠠᠷ ᠨᠡᠷᠡᠶᠢᠳᠦᠭᠰᠡᠨ ᠪᠥᠬᠦ ᠤᠯᠤᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ | ᠵᠠᠮ︾ ᠤᠨ ᠵᠢᠱᠢᠶ᠎ᠡ ᠦᠵᠡᠭᠦᠯᠬᠦ ᠰᠢᠶᠠᠨ ᠳᠤ 1000 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ | ᠤᠷᠮᠠᠰᠢᠭᠤᠯᠬᠤ ᠪᠡᠯᠡ ᠮᠥᠩᠭᠦ ᠣᠯᠭᠤᠨ᠎ᠠ︔ ᠰᠢᠨ᠎ᠡ ᠪᠠᠷ ᠨᠡᠷᠡᠶᠢᠳᠦᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ | ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠳᠤ 500 | ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠤᠷᠮᠠᠰᠢᠭᠤᠯᠬᠤ ᠪᠡᠯᠡ ᠮᠥᠩᠭᠦ ᠣᠯᠭᠤᠨ᠎ᠠ᠃ | ᠤᠷᠮᠠᠰᠢᠭᠤᠯᠬᠤ ᠪᠡᠯᠡ ᠮᠥᠩᠭᠦ ᠶᠢ ᠭᠤᠣᠯᠳᠠᠭᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ | ᠪᠠ ᠠᠷᠠᠴᠢᠯᠠᠨ ᠬᠠᠮᠠᠭᠠᠯᠠᠯᠲᠠ ᠳᠤ ᠬᠡᠷᠡᠭᠯᠡᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠥᠪᠥᠷ ᠮᠣᠩᠭᠤᠯ ᠤᠨ ᠰᠢᠤᠳᠠᠨ ᠤ | ᠬᠠᠮᠢᠶᠠᠷᠤᠯᠲᠠ ᠶᠢᠨ ᠲᠣᠪᠴᠢᠶ᠎ᠠ︶ | 70᠂ ᠨᠥᠬᠦᠪᠦᠷᠢ ᠥᠭᠭᠦᠭᠰᠡᠨ ᠤ ᠳᠠᠷᠠᠭᠠᠬᠢ ᠣᠷᠣᠨ ᠪᠦᠰᠡ ᠶᠢᠨ ᠳᠣᠲᠣᠷᠠᠬᠢ ᠲᠤᠬᠠᠶᠢᠯᠠᠭᠰᠠᠨ | ᠠᠵᠢᠯ ᠤᠨ ᠶᠡᠷᠦᠩᠬᠡᠢ ᠳᠡᠭᠡᠨ ᠣᠯᠵᠤ ᠠᠯᠳᠠᠬᠤ ᠶᠢ ᠲᠡᠩᠴᠡᠭᠦᠷᠢᠲᠡᠢ ᠪᠠᠶᠢᠯᠭᠠᠬᠤ ᠪᠠ ᠪᠡᠶ᠎ᠡ ᠪᠠᠨ ᠳᠠᠭᠠᠭᠠᠵᠤ | ᠦᠷᠭᠦᠯᠵᠢᠯᠡᠨ ᠡᠵᠡᠩᠨᠡᠬᠦ ᠵᠡᠷᠭᠡ ᠵᠠᠷᠴᠢᠮ ᠶᠣᠰᠣᠭᠠᠷ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠲᠠᠩ | ᠬᠡᠮᠵᠢᠶ᠎ᠡ᠂ ᠲᠠᠩ ᠵᠦᠢᠯ ᠤᠨ ᠥᠪᠡᠷ ᠤᠨ ᠥᠷᠲᠡᠭ᠂ ᠲᠣᠮᠢᠯᠠᠨ ᠬᠦᠷᠭᠡᠬᠦ ᠵᠠᠢ ᠪᠠ ᠦᠢᠯᠡᠴᠢᠯᠡᠭᠡ ᠡᠭᠦᠰᠦᠭᠰᠡᠨ | ᠣᠷᠣᠨ ᠪᠦᠰᠡ ᠵᠡᠷᠭᠡ ᠪᠠᠷ ᠦᠨᠳᠦᠰᠦᠯᠡᠯ ᠪᠣᠯᠭᠠᠵᠤ᠂ ᠪᠣᠳᠠᠲᠠᠢ ᠡᠭᠦᠰᠦᠭᠰᠡᠨ ᠲᠦᠷᠭᠡᠨ ᠬᠦᠷᠭᠡᠯᠲᠡ ᠶᠢ | ᠲᠣᠰᠬᠤᠨ ᠳᠤ ᠣᠷᠣᠭᠤᠯᠬᠤ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠳᠤ᠂ ᠬᠠᠭᠤᠳᠠᠰᠤ ᠨᠢᠭᠡᠪᠦᠷᠢ ᠶᠢ 0.3 | ᠲᠥᠭᠦᠷᠢᠭ ᠠᠴᠠ ᠬᠡᠲᠦᠷᠡᠭᠦᠯᠬᠦ ᠦᠭᠡᠢ ᠪᠠᠶᠢᠬᠤ ᠶᠣᠰᠣᠭᠠᠷ᠂ ᠡᠯ᠎ᠡ ᠠᠶᠢᠮᠠᠭ ᠬᠤᠲᠠ ᠠᠴᠠ ᠵᠦᠷᠢᠶᠡᠵᠢᠬᠦᠯᠦᠭᠰᠡᠨ ᠤ | ᠳᠠᠷᠠᠭᠠᠬᠢ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠦᠨ᠎ᠡ᠃︵ᠬᠠᠷᠢᠭᠤᠴᠠᠯᠭᠠᠲᠤ | ᠨᠢᠭᠡᠴᠡ᠄ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶ | 71. ᠤᠯᠤᠰ ᠤᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠵᠢᠱᠢᠶ᠎ᠡ ᠦᠵᠡᠭᠦᠯᠬᠦ | ᠢᠨᠵᠧᠨᠧᠷᠢᠩ ᠳᠤ ᠵᠢᠭᠰᠠᠭᠠᠭᠳᠠᠭᠰᠠᠨ ᠮᠥᠷᠲᠡᠭᠡᠨ ᠰᠢᠯᠭᠠᠨ ᠠᠪᠬᠤ ᠳᠤ ᠬᠢᠷᠢ ᠲᠡᠩᠴᠡᠭᠰᠡᠨ ᠲᠥᠷᠥᠯ ᠵᠦᠢᠯ ᠳᠤ | 1000 ᠲᠦᠮᠡᠨ ᠲᠥᠭᠦᠷᠢᠭ ᠤᠨ ᠪᠡᠯᠡ ᠮᠥᠩᠭᠦ ᠶᠢᠨ ᠱᠠᠩᠨᠠᠯ ᠨᠥᠬᠦᠪᠦᠷᠢ ᠣᠯᠭᠤᠨ᠎ᠠ᠃ᠣᠯᠠᠨ ᠬᠡᠯᠪᠡᠷᠢ ᠶᠢᠨ | ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠬᠠᠭᠤᠳᠠᠰᠤ ᠶᠢᠨ ᠳᠦᠷᠢᠮ︾ ᠤᠨ ᠲᠤᠷᠰᠢᠯᠲᠠ ᠶᠢᠨ ᠴᠢᠭ᠋ ᠤᠨ | ᠢᠨᠵᠧᠨᠧᠷᠢᠩ ᠢ ᠥᠷᠨᠢᠭᠦᠯᠦᠭᠰᠡᠨ ᠠᠵᠤ ᠠᠬᠤᠶᠢᠯᠠᠯ ᠤᠨ ᠱᠠᠩᠨᠠᠯ ᠢ ᠦᠷᠭᠦᠯᠵᠢᠯᠡᠭᠦᠯᠵᠦ᠂ ᠬᠢᠨᠠᠨ | ᠰᠢᠯᠭᠠᠷᠠᠭᠤᠯᠤᠯᠲᠠ ᠳᠤ ᠬᠢᠷᠢ ᠲᠡᠩᠴᠡᠭᠰᠡᠨ ᠮᠥᠷᠲᠡᠭᠡᠨ ᠡᠮᠦᠨ᠎ᠡ ᠲᠠᠪᠤᠨ ᠨᠡᠷᠡᠰ ᠲᠤ ᠵᠢᠭᠰᠠᠭᠠᠭᠳᠠᠭᠰᠠᠨ ᠠᠵᠤ | ᠠᠬᠤᠶᠢᠯᠠᠯ ᠳᠤ ᠵᠢᠯ ᠪᠦᠷᠢ 300 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠨᠥᠬᠦᠪᠦᠷᠢ | ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ︶ | 72. ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ETC | ᠠᠶᠠᠨᠴᠢᠳ ᠤᠨ ᠪᠠ ᠪᠠᠷᠠᠭᠠᠨ ᠤ ᠲᠡᠷᠭᠡ ᠪᠠᠷ ᠨᠡᠪᠲᠡᠷᠡᠬᠦ ᠳᠤ ᠦᠷᠭᠦᠯᠵᠢᠯᠡᠨ 5% ᠶᠢᠨ ᠵᠠᠮ ᠤᠨ ᠰᠦᠢᠳᠬᠡᠯ ᠤᠨ | ᠬᠢᠮᠳᠠᠷᠠᠯ ᠤᠨ ᠬᠠᠷᠠᠭᠠᠯᠵᠠᠯ ᠦᠵᠡᠭᠦᠯᠵᠦ᠂ ᠣᠷᠳᠣ ᠬᠤᠭᠤᠴᠠᠭ᠎ᠠ ᠪᠠᠷ ᠬᠡᠷᠡᠭᠵᠢᠭᠦᠯᠦᠨ᠎ᠡ᠃ ᠳᠡᠭᠡᠳᠦ ᠬᠤᠷᠳᠤ ᠶᠢᠨ | ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠤᠷᠰᠢᠯᠲᠠ ᠶᠢ ᠦᠷᠭᠦᠯᠵᠢᠯᠡᠨ ᠬᠡᠷᠡᠭᠵᠢᠭᠦᠯᠵᠦ᠂ | ᠳᠡᠭᠡᠳᠦ ᠬᠤᠷᠳᠤ ᠶᠢᠨ ᠵᠠᠰᠠᠮᠠᠯ ᠵᠠᠮ ᠤᠨ ᠥᠷᠢ ᠳᠥᠯᠥᠬᠦ ᠴᠢᠳᠠᠪᠤᠷᠢ ᠶᠢ ᠪᠠᠭᠤᠷᠠᠭᠤᠯᠬᠤ ᠦᠭᠡᠢ ᠰᠠᠭᠤᠷᠢᠨ ᠳᠡᠭᠡᠷ᠎ᠡ᠂ | ᠲᠣᠰ ᠭᠠᠵᠠᠷ ᠣᠷᠣᠨ ᠤ ᠣᠨᠴᠠᠯᠢᠭ ᠲᠤ ᠲᠣᠬᠢᠷᠠᠭᠰᠠᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠵᠠᠭᠪᠤᠷ ᠪᠠ | ᠲᠥᠬᠦᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠦᠨ᠎ᠡ᠃ ᠲᠦᠷᠭᠡᠨ ᠳᠠᠪᠬᠢᠬᠤ | ᠵᠠᠰᠠᠮᠠᠯ ᠵᠠᠮ ᠤᠨ ᠶᠠᠪᠤᠵᠤ ᠰᠠᠭᠤᠬᠤ ᠥᠪᠡᠷ ᠤᠨ ᠥᠷᠲᠡᠭ ᠢ ᠪᠠᠭᠤᠷᠠᠭᠤᠯᠵᠤ᠂ ᠪᠠᠷᠠᠭᠠᠨ ᠤ ᠭᠦᠢᠯᠭᠡᠭᠡᠨ ᠤ | ᠦᠢᠯᠡᠰ ᠤᠨ ᠥᠪᠡᠷ ᠤᠨ ᠥᠷᠲᠡᠭ ᠢ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ︶ | ︵ᠭᠤᠷᠪᠠ︶ ᠬᠦᠷᠦᠯᠴᠡᠬᠦ ᠴᠢᠨᠠᠷᠲᠠᠢ ᠦᠢᠯᠡᠴᠢᠯᠡᠭᠡᠨ ᠤ ᠦᠢᠯᠡᠰ ᠢ ᠲᠦᠷᠭᠡᠳᠬᠡᠨ ᠰᠡᠷᠭᠦᠭᠡᠬᠦ ᠬᠡᠷᠡᠭᠲᠡᠢ᠃ | | 73. ᠬᠤᠲᠠ ᠶᠢᠨ ᠨᠢᠭᠡ ᠮᠥᠴᠡ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ | ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠥᠷᠨᠢᠭᠦᠯᠵᠦ᠂ ᠤᠯᠤᠰ ᠤᠨ ᠲᠠᠰ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠲᠤᠷᠰᠢᠯᠲᠠ ᠳᠤ ᠲᠣᠰ ᠲᠣᠰ 300 ᠲᠦᠮᠡᠨ ᠲᠥᠭᠦᠷᠢᠭ᠂ 200 ᠲᠦᠮᠡᠨ ᠲᠥᠭᠦᠷᠢᠭ ᠤᠨ | ᠱᠠᠩᠨᠠᠯ ᠨᠥᠬᠦᠪᠦᠷᠢ ᠣᠯᠭᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠨᠥᠯᠥᠭᠡᠯᠡᠬᠦ ᠬᠦᠴᠦᠨ ᠲᠠᠢ᠂ | ᠲᠥᠯᠥᠭᠡᠯᠡᠬᠦ ᠴᠢᠨᠠᠷᠲᠠᠢ ᠨᠠᠷᠠᠲᠤ ᠲᠥᠷᠥᠯ ᠲᠡᠮᠳᠡᠭᠲᠦ ᠶᠢᠨ ᠠᠩᠬᠠᠨ ᠤ ᠳᠡᠯᠭᠡᠭᠦᠷ ᠨᠡᠭᠡᠭᠡᠬᠦ᠂ ᠠᠩᠬ᠎ᠠ ᠲᠠᠷᠬᠠᠭᠠᠬᠤ | ᠠᠵᠢᠯᠯᠠᠭ᠎ᠠ ᠡᠷᠭᠢᠯᠡᠬᠦ ᠶᠢ ᠳᠡᠮᠵᠢᠵᠦ᠂ ᠠᠵᠢᠯᠯᠠᠭ᠎ᠠ ᠶᠢᠨ ᠤᠬᠠᠭᠤᠯᠤᠨ ᠳᠡᠯᠭᠡᠷᠡᠭᠦᠯᠬᠦ᠂ ᠲᠠᠯᠠᠪᠤᠷ ᠤᠨ ᠲᠦᠷᠢᠶᠡᠰᠦ ᠪᠠ | ᠳᠡᠯᠭᠡᠨ ᠦᠵᠡᠭᠦᠯᠬᠦ ᠲᠠᠯᠠᠪᠠᠶ ᠪᠠᠶᠢᠭᠤᠯᠬᠤ ᠶᠡᠷᠦᠩᠬᠡᠢ ᠵᠠᠷᠤᠳᠠᠯ ᠤᠨ 50% ᠶᠢᠨ ᠶᠣᠰᠣᠭᠠᠷ᠂ ᠬᠠᠮᠤᠭ | ᠥᠨᠳᠥᠷ ᠲᠡᠭᠡᠨ 100 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃ ᠬᠤᠳᠠᠯᠳᠤᠭᠠᠨ ᠤ ᠶᠡᠷᠦᠩᠬᠡᠶᠢᠯᠡᠭᠰᠡᠨ | ᠴᠣᠭᠴᠠ ᠵᠡᠷᠭᠡ ᠠᠵᠤ ᠠᠬᠤᠶᠢᠯᠠᠯ ᠤᠨ ᠠᠩᠬᠠᠨ ᠤ ᠳᠡᠯᠭᠡᠭᠦᠷ ᠲᠤ ᠣᠷᠣᠵᠤ ᠰᠠᠭᠤᠬᠤ ᠶᠢ ᠳᠡᠮᠵᠢᠵᠦ᠂ ᠣᠯᠠᠨ | ᠤᠯᠤᠰ ᠤᠨ ᠨᠠᠷᠠᠲᠤ ᠲᠥᠷᠥᠯ ᠲᠡᠮᠳᠡᠭᠲᠦ ᠶᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠬᠤ ᠳᠤ ᠲᠣᠰ ᠪᠦᠷᠢ 10 | ᠲᠦᠮᠡᠨ ᠲᠥᠭᠦᠷᠢᠭ ᠤᠨ ᠨᠥᠬᠦᠪᠦᠷᠢ ᠥᠭᠴᠦ᠂ ᠤᠯᠤᠰ ᠤᠨ ᠳᠣᠲᠣᠭᠠᠳᠤ ᠶᠢᠨ ᠨᠠᠷᠠᠲᠤ ᠲᠥᠷᠥᠯ ᠲᠡᠮᠳᠡᠭᠲᠦ ᠶᠢ | ᠣᠷᠣᠭᠤᠯᠤᠨ ᠠᠪᠴᠢᠷᠠᠬᠤ ᠳᠤ ᠲᠣᠰ ᠪᠦᠷᠢ 5 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃ ᠥᠪᠥᠷ | ᠮᠣᠩᠭᠤᠯ ᠳᠤ ᠡᠷᠦᠬᠡ ᠠᠮᠠ ᠣᠷᠣᠭᠰᠠᠨ ᠠᠩᠬᠠᠨ ᠤ ᠳᠡᠯᠭᠡᠭᠦᠷ ᠨᠢ ᠡᠷᠦᠬᠡ ᠠᠮᠠ ᠣᠷᠣᠬᠤ᠂ ᠵᠠᠰᠠᠵᠤ ᠴᠢᠮᠡᠭᠯᠡᠬᠦ᠂ | ᠭᠡᠷ ᠲᠦᠷᠢᠶᠡᠰᠦᠯᠡᠬᠦ ᠵᠡᠷᠭᠡ ᠭᠤᠷᠪᠠᠨ ᠵᠦᠢᠯ ᠤᠨ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠶᠢ ᠰᠣᠩᠭᠤᠵᠤ ᠪᠣᠯᠣᠨ᠎ᠠ᠂ | ᠱᠠᠩᠨᠠᠵᠤ ᠨᠥᠬᠦᠪᠦᠷᠢᠯᠡᠬᠦ ᠵᠣᠭᠤᠰ ᠤᠨ ᠲᠤᠭ᠎ᠠ ᠨᠢ 5 ᠲᠦᠮᠡᠨ ᠲᠥᠭᠦᠷᠢᠭ ᠠᠴᠠ 300 ᠲᠦᠮᠡᠨ ᠲᠥᠭᠦᠷᠢᠭ | ᠬᠦᠷᠲᠡᠯ᠎ᠡ ᠠᠳᠠᠯᠢ ᠦᠭᠡᠢ ᠪᠠᠶᠢᠳᠠᠭ᠃ ᠠᠶᠢᠮᠠᠭ ᠬᠤᠲᠠ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ | ᠵᠣᠷᠢᠭᠵᠢᠭᠤᠯᠵᠤ᠂ ᠬᠡᠷᠡᠭᠯᠡᠭᠡ ᠶᠢᠨ ᠲᠤᠯᠭᠠᠨ ᠬᠡᠷᠡᠭᠯᠡᠬᠦ ᠲᠡᠮᠳᠡᠭᠲᠦ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 74. ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ᠂ ᠭᠤᠣᠯᠳᠠᠯᠭ᠎ᠠ ᠲᠠᠢ ᠵᠢᠭᠤᠯᠴᠢᠯᠠᠯ | ᠰᠡᠯᠡᠭᠦᠴᠡᠯ ᠤᠨ ᠬᠤᠲᠠ᠂ ᠨᠠᠷᠠᠲᠤ ᠲᠡᠮᠳᠡᠭᠲᠦ ᠵᠢᠭᠤᠯᠴᠢᠯᠠᠯ ᠤᠨ ᠦᠵᠡᠮᠵᠢ ᠶᠢᠨ ᠣᠷᠣᠨ᠂ ᠠᠮᠠᠷᠠᠯᠲᠠ ᠶᠢᠨ ᠣᠷᠣᠨ᠂ | ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠳᠡᠮᠵᠢᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠣᠭᠲᠠᠮᠠᠯ ᠬᠥᠷᠥᠩᠭᠡ ᠶᠢᠨ ᠵᠢᠭᠡᠯᠡᠯᠭᠡ ᠶᠢᠨ ᠳᠠᠮ ᠬᠦᠦ ᠶᠢ | ᠳᠡᠮᠵᠢᠵᠦ᠂ ᠴᠢᠬᠤᠯᠠ ᠶᠡᠭᠡ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠶᠢ ᠳᠡᠮᠵᠢᠨ᠎ᠡ᠃︵ᠬᠠᠷᠢᠭᠤᠴᠠᠯᠭᠠᠲᠤ | ᠨᠢᠭᠡᠴᠡ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ︶ | 75. 2 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠬᠥᠭᠵᠢᠯᠲᠡ ᠶᠢᠨ ᠪᠡᠯᠡ ᠮᠥᠩᠭᠦ | ᠲᠣᠬᠢᠷᠠᠭᠤᠯᠵᠤ᠂ 5A ᠵᠢᠭᠤᠯᠴᠢᠯᠠᠯ ᠤᠨ ᠦᠵᠡᠮᠵᠢ ᠶᠢᠨ ᠣᠷᠣᠨ᠂ ᠤᠯᠤᠰ ᠤᠨ ᠲᠠᠰ ᠤᠨ ᠵᠢᠭᠤᠯᠴᠢᠯᠠᠯ ᠤᠨ | ᠠᠮᠠᠷᠠᠯᠲᠠ ᠶᠢᠨ ᠣᠷᠣᠨ᠂ ᠤᠯᠤᠰ ᠤᠨ ᠲᠠᠰ ᠤᠨ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ | ᠭᠠᠵᠠᠷ᠂ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠤᠯᠤᠰ ᠤᠨ ᠲᠠᠰ ᠤᠨ ᠠᠵᠤ | ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ᠤᠨ ᠬᠤᠪᠢᠰᠬᠠᠯ ᠤᠨ | ᠳᠤᠷᠠᠰᠬᠠᠯᠲᠤ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠵᠢᠴᠢ ᠤᠯᠤᠰ ᠤᠨ 5C᠂ 4C | ᠲᠠᠰ ᠤᠨ ᠬᠤᠪᠢ ᠶᠢᠨ ᠮᠠᠰᠢᠨ ᠲᠡᠷᠭᠡᠨ ᠤ ᠵᠢᠭᠤᠯᠴᠢᠯᠠᠯ ᠤᠨ ᠣᠷᠣᠨ ᠰᠠᠭᠤᠴᠠ ᠪᠠ ᠬᠤᠸᠠᠷᠠᠨ ᠢ ᠡᠭᠦᠳᠦᠨ | ᠪᠠᠶᠢᠭᠤᠯᠬᠤ ᠵᠡᠷᠭᠡ ᠲᠥᠷᠥᠯ ᠵᠦᠢᠯ ᠳᠤ ᠱᠠᠩᠨᠠᠯ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠵᠢᠭᠤᠯᠴᠢᠯᠠᠯ ᠤᠨ ᠲᠥᠷᠥᠯ ᠵᠦᠢᠯ ᠳᠤ ᠳᠡᠮᠵᠢᠯᠭᠡ ᠦᠵᠡᠭᠦᠯᠦᠨ᠎ᠡ︔ ᠳᠡᠯᠡᠬᠡᠢ ᠶᠢᠨ ᠪᠠ ᠤᠯᠤᠰ ᠤᠨ | ᠳᠣᠲᠣᠭᠠᠳᠤ ᠶᠢᠨ ᠨᠥᠯᠥᠭᠡᠯᠡᠬᠦ ᠬᠦᠴᠦᠨ ᠢ ᠪᠣᠶ ᠪᠣᠯᠭᠠᠬᠤ ᠭᠤᠣᠯᠳᠠᠯᠭ᠎ᠠ ᠲᠠᠢ ᠰᠣᠶᠣᠯ ᠤᠨ ᠵᠢᠭᠤᠯᠴᠢᠯᠠᠯ ᠤᠨ | ᠨᠠᠷᠠᠲᠤ ᠲᠥᠷᠥᠯ ᠲᠡᠮᠳᠡᠭᠲᠦ ᠶᠢᠨ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 76. 4000 ᠲᠦᠮᠡᠨ ᠲᠥᠭᠦᠷᠢᠭ ᠤᠨ ᠰᠣᠶᠣᠯ ᠵᠢᠭᠤᠯᠴᠢᠯᠠᠯ ᠤᠨ ᠲᠠᠸᠠᠷ ᠢ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠬᠦ ᠲᠤᠰᠬᠠᠢ ᠪᠡᠯᠡ ᠮᠥᠩᠭᠦ ᠲᠣᠬᠢᠷᠠᠭᠤᠯᠵᠤ᠂ ︽ᠥᠪᠥᠷ ᠮᠣᠩᠭᠤᠯ ᠤᠨ ᠪᠡᠯᠡᠭ︾ | ᠰᠣᠶᠣᠯ ᠤᠨ ᠵᠢᠭᠤᠯᠴᠢᠯᠠᠯ ᠤᠨ ᠲᠠᠸᠠᠷ ᠤᠨ ᠪᠣᠳᠠᠲᠤ ᠴᠣᠭᠴᠠᠲᠤ ᠳᠡᠯᠭᠡᠭᠦᠷ᠂ ᠰᠣᠶᠣᠯ ᠤᠨ ᠵᠢᠭᠤᠯᠴᠢᠯᠠᠯ ᠤᠨ | ᠲᠠᠸᠠᠷ ᠢ ᠨᠡᠭᠡᠭᠡᠨ ᠬᠥᠭᠵᠢᠭᠦᠯᠬᠦ᠂ ᠵᠢᠪᠪᠦᠮᠡᠯ ᠮᠠᠶ᠋ᠢᠭ ᠤᠨ ᠲᠣᠭᠯᠠᠯᠲᠠ ᠶᠢᠨ ᠤᠷᠠᠯᠢᠭ ᠵᠡᠷᠭᠡ ᠲᠥᠷᠥᠯ ᠵᠦᠢᠯ ᠢ | ᠳᠡᠮᠵᠢᠵᠦ᠂ ᠰᠣᠶᠣᠯ ᠤᠨ ᠵᠢᠭᠤᠯᠴᠢᠯᠠᠯ ᠤᠨ ᠲᠠᠸᠠᠷ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ | ᠠᠬᠢᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ᠂ ᠡᠳ᠋ ᠤᠨ ᠵᠠᠰᠠᠭ ᠤᠨ ᠲᠢᠩᠬᠢᠮ︶ | 77᠂ ᠪᠣᠬᠢᠷᠳᠤᠯ ᠦᠭᠡᠢ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠶᠢ ᠢᠳᠡᠪᠬᠢᠲᠡᠢ ᠪᠠᠷ | ᠠᠬᠢᠭᠤᠯᠵᠤ᠂ ᠬᠠᠶᠠᠭᠳᠠᠮᠠᠯ ᠬᠠᠭᠤᠴᠢᠨ ᠡᠳ᠋ ᠪᠠᠷᠠᠭ᠎ᠠ ᠶᠢ ᠡᠷᠭᠢᠯᠳᠦᠭᠦᠯᠦᠨ ᠠᠰᠢᠭᠯᠠᠬᠤ ᠰᠢᠰᠲ᠋ᠧᠮᠵᠢ ᠶᠢ | ᠪᠦᠷᠢᠨᠰᠢᠭᠦᠯᠵᠦ᠂ ᠦᠨᠡᠮᠰᠢᠯ ᠢ ᠣᠯᠣᠭᠰᠠᠨ ᠪᠣᠬᠢᠷᠳᠤᠯ ᠦᠭᠡᠢ ᠬᠤᠳᠠᠯᠳᠤᠭᠠᠨ ᠤ ᠲᠠᠯᠠᠪᠤᠷ ᠲᠤ ᠪᠡᠯᠡ ᠮᠥᠩᠭᠦ ᠶᠢᠨ | ᠳᠡᠮᠵᠢᠯᠭᠡ ᠦᠵᠡᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ︶ | ︵ᠳᠥᠷᠪᠡ︶ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠢ ᠲᠦᠷᠭᠡᠳᠬᠡᠨ ᠳᠡᠭᠡᠭᠰᠢᠯᠡᠭᠦᠯᠦᠨ᠎ᠡ᠃ | 78. 50 ᠳ᠋ᠦᠩᠰᠢᠭᠤᠷ ᠲᠥᠭᠦᠷᠢᠭ ᠠᠴᠠ ᠳᠣᠣᠷ᠎ᠠ ᠦᠭᠡᠢ ᠪᠡᠯᠡ ᠮᠥᠩᠭᠦ ᠲᠣᠬᠢᠷᠠᠭᠤᠯᠵᠤ᠂ ᠣᠯᠠᠨ | ᠨᠡᠶᠢᠲᠡ ᠶᠢᠨ ᠦᠢᠯᠡᠴᠢᠯᠡᠭᠡᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠡᠷᠴᠢᠮ ᠢ | ᠴᠢᠩᠭᠠᠷᠠᠭᠤᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠤᠯᠲᠠ᠂ ᠬᠥᠮᠥᠨ ᠠᠮᠠ ᠶᠢᠨ ᠨᠠᠰᠤᠵᠢᠯᠲᠠ ᠶᠢ ᠠᠷᠭᠠᠴᠠᠬᠤ ᠪᠠ ᠨᠠᠶᠢᠳᠠᠨ | ᠬᠥᠮᠥᠵᠢᠭᠦᠯᠬᠦ᠂ ᠰᠣᠶᠣᠯ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠵᠢᠴᠢ ᠨᠡᠶᠢᠭᠡᠮ ᠤᠨ ᠦᠢᠯᠡᠴᠢᠯᠡᠭᠡ ᠪᠠᠷ | ᠦᠨᠳᠦᠰᠦᠨ ᠵᠦᠢᠯ ᠢ ᠪᠠᠲᠤᠯᠠᠬᠤ ᠵᠡᠷᠭᠡ ᠴᠢᠬᠤᠯᠠ ᠶᠡᠭᠡ ᠣᠯᠠᠨ ᠨᠡᠶᠢᠲᠡ ᠶᠢᠨ ᠦᠢᠯᠡᠴᠢᠯᠡᠭᠡᠨ ᠤ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠪᠡᠶ᠎ᠡ ᠶᠢᠨ ᠲᠠᠮᠢᠷ ᠤᠨ ᠲᠣᠪᠴᠢᠶ᠎ᠠ︶ | 79. ᠲᠦᠭᠡᠮᠡᠯ ᠬᠠᠷᠠᠭᠠᠯᠵᠠᠯᠲᠤ ᠨᠠᠰᠤᠵᠢᠯ ᠤᠨ ᠬᠤᠲᠠ ᠶᠢᠨ ᠠᠵᠤ ᠠᠬᠤᠶᠢᠯᠠᠯ ᠤᠨ ᠬᠤᠯᠪᠤᠭᠠᠯᠠᠨ | ᠬᠥᠳᠡᠯᠦᠯᠴᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠨᠠᠮ ᠵᠠᠰᠠᠭ ᠤᠨ ᠪᠠᠶᠢᠭᠤᠯᠤᠯᠭ᠎ᠠ ᠪᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠪᠤᠰᠤᠳ ᠨᠡᠶᠢᠭᠡᠮ ᠤᠨ ᠬᠦᠴᠦᠨ ᠤ ᠲᠦᠭᠡᠮᠡᠯ | ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠬᠠᠩᠭᠠᠯᠭ᠎ᠠ ᠶᠢ ᠨᠡᠮᠡᠭᠳᠡᠭᠦᠯᠬᠦ ᠶᠢ ᠳᠡᠮᠵᠢᠵᠦ᠂ ᠤᠯᠤᠰ ᠤᠨ ᠲᠦᠭᠡᠮᠡᠯ | ᠬᠠᠷᠠᠭᠠᠯᠵᠠᠯᠲᠤ ᠨᠠᠰᠤᠵᠢᠯ ᠤᠨ ᠬᠤᠲᠠ ᠶᠢᠨ ᠠᠵᠤ ᠠᠬᠤᠶᠢᠯᠠᠯ ᠤᠨ ᠬᠠᠮᠲᠤᠷᠠᠨ ᠬᠥᠳᠡᠯᠦᠯᠴᠡᠬᠦ ᠲᠤᠰᠬᠠᠢ | ᠠᠵᠢᠯᠯᠠᠭ᠎ᠠ ᠳᠤ ᠵᠢᠭᠰᠠᠭᠠᠨ ᠣᠷᠣᠭᠤᠯᠤᠭᠰᠠᠨ ᠲᠥᠷᠥᠯ ᠵᠦᠢᠯ ᠳᠤ᠂ ᠭᠡᠷ ᠲᠡᠭᠡᠨ ᠰᠠᠭᠤᠵᠤ ᠨᠡᠶᠢᠭᠡᠮ ᠲᠣᠭᠤᠷᠢᠭ ᠤᠨ | ᠬᠡᠯᠪᠡᠷᠢ ᠪᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠬᠡᠯᠪᠡᠷᠢ ᠳᠤ ᠣᠷᠣ ᠪᠦᠷᠢ ᠳᠤ 2 ᠲᠦᠮᠡᠨ | ᠲᠥᠭᠦᠷᠢᠭ ᠤᠨ ᠳᠡᠮᠵᠢᠯᠭᠡ ᠦᠵᠡᠭᠦᠯᠵᠦ᠂ ᠵᠢᠭᠤᠯᠴᠢᠯᠠᠨ ᠰᠠᠭᠤᠬᠤ ᠬᠡᠯᠪᠡᠷᠢ ᠳᠤ ᠣᠷᠣ ᠪᠦᠷᠢ ᠳᠤ 1 ᠲᠦᠮᠡᠨ | ᠲᠥᠭᠦᠷᠢᠭ ᠤᠨ ᠳᠡᠮᠵᠢᠯᠭᠡ ᠦᠵᠡᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ | 80. ᠲᠦᠭᠡᠮᠡᠯ ᠬᠦᠷᠲᠡᠭᠡᠮᠵᠢ ᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠤᠰᠬᠠᠢ ᠵᠦᠢᠯ ᠤᠨ | ᠢᠨᠵᠧᠨᠧᠷᠢᠩ ᠢ ᠥᠷᠨᠢᠭᠦᠯᠵᠦ᠂ ᠠᠯᠪᠠᠨ ᠠᠴᠠ ᠡᠷᠭᠢᠯᠡᠭᠰᠡᠨ ᠪᠠᠶᠢᠭᠤᠯᠤᠮᠵᠢ ᠪᠠ ᠨᠡᠶᠢᠭᠡᠮ ᠤᠨ ᠬᠦᠴᠦᠨ ᠤ ᠨᠡᠶᠢᠭᠡᠮ | ᠲᠣᠭᠤᠷᠢᠭ᠂ ᠬᠡᠦᠬᠡᠳ ᠤᠨ ᠴᠡᠴᠡᠷᠯᠢᠭ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠵᠡᠷᠭᠡ ᠳᠤ ᠲᠦᠰᠢᠭᠯᠡᠨ | ᠰᠢᠭᠢᠳᠬᠡᠭᠰᠡᠨ ᠮᠠᠶ᠋ᠢᠭ ᠤᠨ᠂ ᠲᠠᠷᠬᠠᠮᠠᠯ ᠮᠠᠶ᠋ᠢᠭ ᠤᠨ᠂ ᠬᠡᠯᠬᠢᠶᠡᠵᠢᠭᠰᠡᠨ᠂ ᠲᠤᠰᠬᠠᠶᠢᠵᠢᠭᠰᠠᠨ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠪᠡᠯᠡᠳᠬᠡᠮᠵᠢ ᠪᠠᠶᠢᠭᠤᠯᠬᠤ ᠶᠢ ᠳᠡᠮᠵᠢᠵᠦ᠂ ᠡᠳᠦᠷ ᠰᠠᠭᠠᠲᠠᠭᠤᠯᠬᠤ᠂ ᠴᠠᠭ ᠢᠶᠠᠷ ᠪᠤᠳᠤᠬᠤ ᠬᠡᠦᠬᠡᠳ | ᠰᠠᠭᠠᠲᠠᠭᠤᠯᠬᠤ ᠵᠡᠷᠭᠡ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠢ ᠬᠠᠩᠭᠠᠵᠤ᠂ | ᠤᠯᠤᠰ ᠤᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠲᠤᠰᠬᠠᠢ ᠵᠦᠢᠯ ᠳᠤ ᠵᠢᠭᠰᠠᠭᠠᠨ ᠣᠷᠣᠭᠤᠯᠤᠭᠰᠠᠨ | ᠲᠥᠷᠥᠯ ᠵᠦᠢᠯ ᠳᠤ ᠪᠠᠶᠢᠷᠢ ᠨᠢᠭᠡᠪᠦᠷᠢ ᠳᠤ 1 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠪᠡᠯᠡ ᠮᠥᠩᠭᠦ ᠶᠢᠨ | ᠨᠥᠬᠦᠪᠦᠷᠢ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ | ᠲᠢᠩᠬᠢᠮ︶ | 81. ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠠᠷᠢᠭᠤᠨ ᠴᠡᠪᠡᠷ᠂ ᠰᠡᠯᠪᠢᠨ ᠵᠠᠰᠠᠬᠤ᠂ | ᠠᠮᠢᠳᠤᠷᠠᠯ ᠤᠨ ᠲᠣᠬᠢᠷᠠᠭᠤᠯᠤᠨ ᠬᠦᠷᠭᠡᠬᠦ ᠵᠡᠷᠭᠡ ᠭᠡᠷ ᠤᠨ ᠶᠠᠪᠤᠳᠠᠯ ᠤᠨ ᠦᠢᠯᠡᠴᠢᠯᠡᠭᠡᠨ ᠤ ᠲᠥᠷᠥᠯ ᠵᠦᠢᠯ ᠢ | ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠳᠤ ᠣᠷᠣᠭᠤᠯᠤᠨ᠎ᠠ᠃ ᠭᠡᠷ | ᠠᠬᠤᠢ ᠶᠢᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠬᠡᠪᠴᠢᠶ᠎ᠡ᠂ ᠠᠵᠢᠯ ᠣᠯᠭᠤᠯᠲᠠ ᠶᠢ | ᠳᠠᠶᠢᠴᠢᠯᠠᠬᠤ ᠲᠤᠭ᠎ᠠ ᠬᠡᠮᠵᠢᠶ᠎ᠡ᠂ ᠦᠢᠯᠡᠴᠢᠯᠡᠭᠡᠨ ᠤ ᠶᠠᠰᠤ ᠴᠢᠨᠠᠷ᠂ ᠡᠵᠡᠩᠨᠡᠯᠲᠡ ᠶᠢᠨ ᠵᠢᠷᠤᠮᠵᠢᠯ ᠤᠨ ᠬᠡᠮᠵᠢᠶ᠎ᠡ | ᠪᠣᠯᠣᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠢᠷᠠᠭᠤ ᠠᠯᠳᠠᠷ ᠤᠨ ᠴᠣᠯᠠ ᠭᠥᠷᠳᠡᠭᠰᠡᠨ ᠵᠡᠷᠭᠡ | ᠪᠠᠶᠢᠳᠠᠯ ᠢ ᠦᠨᠳᠦᠰᠦᠯᠡᠨ᠂ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠲᠠᠰ ᠬᠤᠪᠢᠶᠠᠨ | ᠰᠢᠯᠭᠠᠨ ᠬᠢᠨᠠᠬᠤ ᠶᠢᠨ ᠬᠠᠮᠲᠤ 30 ᠲᠦᠮᠡᠨ ᠲᠥᠭᠦᠷᠢᠭ᠂ 20 ᠲᠦᠮᠡᠨ ᠲᠥᠭᠦᠷᠢᠭ᠂ 10 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 82. ᠲᠤᠬᠠᠢ ᠶᠢᠨ ᠵᠢᠯ ᠳᠤ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ᠂ ᠳᠤᠮᠳᠠᠳᠤ | ᠤᠯᠤᠰ ᠤᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠰᠠᠨ ᠱᠠᠩᠨᠠᠯ ᠢ ᠰᠢᠨ᠎ᠡ ᠪᠠᠷ ᠣᠯᠣᠭᠰᠠᠨ ᠨᠢᠭᠡᠴᠡ ᠶᠢ | ᠲᠣᠰ ᠲᠣᠰ 500 ᠲᠦᠮᠡᠨ ᠲᠥᠭᠦᠷᠢᠭ᠂ 200 ᠲᠦᠮᠡᠨ ᠲᠥᠭᠦᠷᠢᠭ ᠢᠶᠠᠷ ᠱᠠᠩᠨᠠᠵᠤ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠰᠢᠨ᠎ᠡ ᠪᠠᠷ ᠣᠯᠣᠭᠰᠠᠨ ᠦᠢᠯᠡᠴᠢᠯᠡᠭᠡᠨ ᠤ ᠦᠢᠯᠡᠰ ᠤᠨ | ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠣᠯᠭᠤᠨ᠎ᠠ︔ | ᠳᠤᠮᠳᠠᠳᠤ ᠶᠢᠨ ᠬᠠᠭᠤᠴᠢᠨ ᠨᠠᠷᠠᠲᠤ ᠠᠵᠤ ᠠᠬᠤᠶᠢᠯᠠᠯ᠂ ᠥᠪᠥᠷ ᠮᠣᠩᠭᠤᠯ ᠤᠨ ᠬᠠᠭᠤᠴᠢᠨ ᠨᠠᠷᠠᠲᠤ ᠠᠵᠤ | ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠢᠩᠬᠢᠮ︶ | ᠳᠥᠷᠪᠡ᠂ ᠬᠦᠴᠦᠨ ᠵᠦᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ | ︵ᠨᠢᠭᠡ︶ ᠭᠠᠵᠠᠷ ᠰᠢᠷᠣᠢ ᠶᠢᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ | 83. ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠴᠣᠬᠤᠯᠠᠪᠤᠷᠢᠯᠠᠨ ᠬᠠᠷᠢᠭᠤᠯᠬᠤ ᠠᠴᠠ ᠡᠮᠦᠨ᠎ᠡ᠂ ︽ | ᠭᠤᠷᠪᠠᠨ ᠣᠷᠣᠨ ᠭᠤᠷᠪᠠᠨ ᠱᠤᠭᠤᠮ︾ ᠢ ᠬᠤᠪᠢᠶᠠᠷᠢᠯᠠᠨ ᠲᠣᠭᠲᠠᠭᠠᠭᠰᠠᠨ ᠦᠷ᠎ᠡ ᠪᠦᠲᠦᠭᠡᠯ ᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠡᠪᠬᠡᠮᠡᠯ ᠪᠠᠶᠢᠭᠤᠯᠵᠤ ᠮᠡᠳᠡᠭᠦᠯᠦᠨ ᠵᠥᠪᠰᠢᠶᠡᠷᠡᠭᠦᠯᠬᠦ | ᠦᠨᠳᠦᠰᠦᠯᠡᠯ ᠪᠣᠯᠭᠠᠵᠤ᠂ ︽ᠭᠤᠷᠪᠠᠨ ᠣᠷᠣᠨ ᠭᠤᠷᠪᠠᠨ ᠱᠤᠭᠤᠮ︾ ᠵᠡᠷᠭᠡ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠦᠯᠬᠦ ᠶᠢᠨ | ᠬᠠᠮᠲᠤ᠂ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠵᠢᠴᠢ ᠬᠡᠪᠴᠢᠶ᠎ᠡ ᠶᠢ ᠨᠢᠭᠡᠳᠦᠯᠲᠡᠢ | ᠲᠥᠯᠥᠪᠯᠡᠬᠦ ᠶᠢ ᠣᠷᠣᠨ ᠲᠣᠭᠠᠨ ᠳᠤ ᠪᠠᠶᠢᠭ᠎ᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ᠵᠢᠴᠢ ︽ᠨᠢᠭᠡ ᠬᠠᠭᠤᠳᠠᠰᠤ ᠵᠢᠷᠤᠭ︾ ᠲᠤ ᠣᠷᠣᠭᠤᠯᠬᠤ ᠬᠡᠷᠡᠭᠲᠡᠢ ︵ᠬᠡᠷᠡᠭᠯᠡᠬᠦ ᠭᠠᠵᠠᠷ | ᠭᠤᠶᠤᠴᠢᠯᠠᠨ ᠮᠡᠳᠡᠭᠦᠯᠬᠦ ᠦᠶ᠎ᠡ ᠳᠤ ᠲᠥᠷᠥᠯ ᠵᠦᠢᠯ ᠤᠨ ᠪᠠᠶᠢᠭ᠎ᠠ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠠᠴᠠ ᠳᠠᠭᠠᠯᠲᠠ ᠵᠢᠷᠤᠭ ᠢᠶᠠᠷ ᠠᠮᠠᠯᠠᠨ᠎ᠠ︶᠃︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ | ᠡᠨᠧᠷᠭᠢ ᠶᠢᠨ ᠲᠣᠪᠴᠢᠶ᠎ᠠ︶ | 84. ᠪᠥᠬᠦ ᠣᠷᠣᠨ ᠤ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠤ ︽ᠣᠷᠣᠨ ᠪᠦᠰᠡ ᠶᠢᠨ | ᠦᠨᠡᠯᠡᠨ ᠵᠢᠱᠢᠯᠲᠡ + ᠪᠠᠷᠢᠮᠵᠢᠶᠠᠲᠤ ᠭᠠᠵᠠᠷ︾ ᠤᠨ ᠵᠠᠭᠪᠤᠷ ᠢ ᠬᠡᠷᠡᠭᠵᠢᠭᠦᠯᠵᠦ᠂ 2023 ᠣᠨ ᠤ ᠵᠢᠯ ᠤᠨ | ᠰᠡᠭᠦᠯᠴᠢ ᠠᠴᠠ ᠡᠮᠦᠨ᠎ᠡ ︽ᠪᠠᠷᠢᠮᠵᠢᠶᠠᠲᠤ ᠭᠠᠵᠠᠷ︾ ᠤᠨ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ | ᠬᠡᠷᠡᠭᠯᠡᠬᠦ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠳᠤ ᠡᠵᠡᠯᠡᠬᠦ ᠬᠠᠷᠢᠴᠠᠯ ᠢ 30% ᠳᠤ ᠬᠦᠷᠦᠭᠦᠯᠬᠦ ᠶᠢ | ᠦᠨᠡᠨᠬᠦ ᠪᠠᠲᠤᠯᠠᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ︶ | 85. ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ | ᠡᠷᠬᠡ ᠶᠢ ᠨᠢᠭᠡᠨᠲᠡ ᠣᠯᠣᠭᠰᠠᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠨᠢ ᠲᠥᠯᠦᠪᠵᠢᠭᠦᠯᠭᠡ ᠳᠤ ᠨᠡᠶᠢᠴᠡᠵᠦ᠂ | ᠬᠡᠷᠡᠭᠴᠡᠭᠡ ᠶᠢ ᠨᠢ ᠬᠤᠪᠢᠷᠠᠭᠤᠯᠬᠤ ᠦᠭᠡᠢ ᠪᠠᠶᠢᠬᠤ ᠤᠷᠢᠲᠠᠯ ᠤᠨ ᠳᠣᠣᠷ᠎ᠠ᠂ ᠭᠠᠵᠠᠷ ᠰᠢᠷᠣᠢ ᠶᠢᠨ ᠠᠰᠢᠭᠯᠠᠯᠲᠠ ᠶᠢᠨ | ᠨᠤᠷᠮ᠎ᠠ ᠶᠢ ᠳᠡᠭᠡᠭᠰᠢᠯᠡᠭᠦᠯᠦᠭᠰᠡᠨ ᠪᠠ ᠪᠠᠭᠲᠠᠭᠠᠮᠵᠢ ᠶᠢᠨ ᠨᠤᠷᠮ᠎ᠠ ᠶᠢ ᠨᠡᠮᠡᠭᠳᠡᠭᠦᠯᠦᠭᠰᠡᠨ ᠪᠠᠶᠢᠪᠠᠯ᠂ ᠭᠠᠵᠠᠷ ᠰᠢᠷᠣᠢ ᠶᠢᠨ | ᠦᠨ᠎ᠡ ᠶᠢᠨ ᠵᠣᠭᠤᠰ ᠤᠨ ᠣᠷᠣᠯᠭ᠎ᠠ ᠶᠢ ᠲᠠᠬᠢᠵᠦ ᠨᠡᠮᠡᠭᠳᠡᠭᠦᠯᠬᠦ ᠦᠭᠡᠢ᠃︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 86. ᠬᠥᠭᠵᠢᠯᠲᠡ ᠶᠢᠨ ᠲᠥᠯᠦᠪᠵᠢᠭᠦᠯᠭᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ | ᠪᠠᠷᠢᠮᠵᠢᠶ᠎ᠠ ᠶᠢᠨ ᠵᠢᠷᠤᠮᠵᠢᠯ᠂ ᠪᠡᠯᠡ ᠣᠷᠣᠭᠤᠯᠤᠯᠲᠠ ᠶᠢᠨ ᠡᠷᠴᠢᠮ᠂ ᠦᠢᠯᠡᠳᠪᠦᠷᠢ ᠶᠢᠨ ᠪᠠᠶᠢᠰᠢᠩ ᠤᠨ | ᠪᠦᠲᠦᠴᠡ ᠶᠢᠨ ᠠᠮᠤᠷ ᠲᠦᠪᠰᠢᠨ ᠳᠤ ᠨᠡᠶᠢᠴᠡᠭᠰᠡᠨ᠂ ᠠᠵᠤ ᠦᠢᠯᠡᠳᠪᠦᠷᠢ ᠶᠢᠨ ᠬᠡᠷᠡᠭᠴᠡᠭᠡ ᠶᠢ ᠥᠯᠥ | ᠬᠤᠪᠢᠷᠠᠭᠤᠯᠤᠭᠰᠠᠨ ᠤᠷᠢᠲᠠᠯ ᠳᠣᠣᠷ᠎ᠠ᠂ ᠭᠤᠣᠯᠳᠠᠯᠭ᠎ᠠ ᠲᠠᠢ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ | ᠵᠦᠢᠯ ᠤᠨ ᠪᠠᠭᠲᠠᠭᠠᠮᠵᠢ ᠶᠢᠨ ᠨᠣᠷᠮ᠎ᠠ ᠶᠢ 2.0 ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ ᠪᠣᠯᠣᠨ᠎ᠠ᠃ ᠣᠨᠴᠣᠭᠤᠢ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠠᠴᠠ ᠭᠠᠳᠠᠨ᠎ᠠ ᠤᠯᠤᠰ ᠤᠨ ᠭᠠᠯ ᠤᠨᠲᠠᠷᠠᠭᠠᠬᠤ ᠮᠡᠷᠭᠡᠵᠢᠯ ᠤᠨ | ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠵᠢᠷᠤᠭ ᠲᠥᠯᠥᠪᠯᠡᠭᠡ ᠬᠢᠬᠦ ᠴᠢᠬᠤᠯᠠ ᠲᠠᠢ ︽ᠨᠡᠮᠡᠭᠳᠡᠯ ᠦᠭᠡᠢ ᠭᠠᠵᠠᠷ︾ | ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠤᠷᠢᠳᠠᠪᠠᠷ ᠪᠠᠶᠢᠭᠤᠯᠵᠤ ᠲᠠᠷᠠᠭ᠎ᠠ ᠨᠢ ᠰᠢᠯᠭᠠᠨ | ᠪᠠᠶᠢᠴᠠᠭᠠᠵᠤ᠂ ᠬᠠᠤᠯᠢ ᠲᠣᠭᠲᠠᠭᠠᠯ ᠶᠣᠰᠣᠭᠠᠷ ᠮᠡᠳᠡᠭᠦᠯᠦᠨ ᠬᠢᠨᠠᠭᠤᠯᠬᠤ ᠶᠢ ᠵᠥᠪᠰᠢᠶᠡᠷᠡᠨ᠎ᠡ᠃︵ᠬᠠᠷᠢᠭᠤᠴᠠᠯᠭᠠᠲᠤ | ᠨᠢᠭᠡᠴᠡ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ︶ | 87. ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠨᠡᠶᠢᠴᠡᠬᠦ ᠵᠡᠷᠭᠡ | ᠤᠷᠢᠲᠠᠯ ᠳᠣᠣᠷ᠎ᠠ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠤᠨ ᠲᠥᠷᠥᠯ ᠵᠦᠢᠯ ᠳᠤ | ᠠᠰᠢᠭᠯᠠᠭᠠᠳᠤᠢ ᠭᠠᠵᠠᠷ ᠰᠢᠷᠣᠢ ᠶᠢ ᠬᠡᠷᠡᠭᠯᠡᠬᠦ ᠶᠢ ᠳᠡᠮᠵᠢᠵᠦ᠂ ᠭᠤᠪᠢ᠂ ᠡᠯᠡᠰᠦᠨ ᠴᠥᠯ ᠵᠡᠷᠭᠡ ᠠᠰᠢᠭᠯᠠᠭᠠᠳᠤᠢ | ᠭᠠᠵᠠᠷ ᠰᠢᠷᠣᠢ ᠶᠢ ᠬᠡᠷᠡᠭᠯᠡᠭᠰᠡᠨ ᠪᠠᠶᠢᠪᠠᠯ᠂ ᠭᠠᠵᠠᠷ ᠰᠢᠷᠣᠢ ᠶᠢ ᠡᠵᠡᠯᠡᠨ ᠳᠠᠷᠤᠬᠤ ᠦᠭᠡᠢ᠂ ᠭᠠᠵᠠᠷ ᠤᠨ | ᠭᠠᠳᠠᠷᠭᠤ ᠶᠢᠨ ᠬᠡᠯᠪᠡᠷᠢ ᠪᠠᠶᠢᠳᠠᠯ ᠢ ᠬᠤᠪᠢᠷᠠᠭᠤᠯᠬᠤ ᠦᠭᠡᠢ ᠪᠠᠶᠢᠪᠠᠯ᠂ ᠤᠤᠯ ᠭᠠᠵᠠᠷ ᠤᠨ ᠲᠥᠷᠥᠯ ᠢᠶᠠᠷ ᠮᠠᠭᠠᠳᠯᠠᠨ | ᠲᠣᠭᠲᠠᠭᠠᠨ᠎ᠠ᠃ ᠲᠥᠷᠥᠯ ᠵᠦᠢᠯ ᠤᠨ ᠥᠨᠢᠳᠡ ᠶᠢᠨ ᠴᠢᠨᠠᠷᠲᠠᠢ ᠪᠠᠷᠢᠯᠭ᠎ᠠ ᠳᠤ ᠬᠡᠷᠡᠭᠯᠡᠬᠦ ᠭᠠᠵᠠᠷ ᠤᠨ ᠬᠡᠰᠡᠭ ᠲᠤ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠬᠦ ᠬᠡᠷᠡᠭᠲᠡᠢ᠃︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ | ᠴᠠᠬᠢᠯᠭᠠᠨ ᠲᠣᠣᠷ ᠤᠨ ᠮᠧᠩ ᠳ᠋ᠦᠩ ᠴᠠᠬᠢᠯᠭᠠᠨ ᠬᠦᠴᠦᠨ ᠤ ᠺᠣᠮᠫᠠᠨᠢ︶ | 88. ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠤᠨ ᠲᠥᠷᠥᠯ ᠵᠦᠢᠯ ᠤᠨ ᠵᠠᠳᠠᠭᠠᠢ | ᠠᠭᠤᠷᠬᠠᠢ ᠶᠢᠨ ᠰᠢᠷᠣᠢ ᠭᠠᠷᠭᠠᠬᠤ ᠲᠠᠯᠠᠪᠠᠶ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ | ᠣᠷᠣᠨ ᠤ ᠭᠠᠵᠠᠷ ᠰᠢᠷᠣᠢ ᠶᠢ ᠠᠰᠢᠭᠯᠠᠬᠤ ᠶᠢ ᠵᠣᠷᠢᠭᠵᠢᠭᠤᠯᠤᠨ᠎ᠠ᠃ ᠨᠡᠭᠦᠷᠡᠰᠦ ᠮᠠᠯᠲᠠᠭᠰᠠᠨ ᠠᠴᠠ ᠪᠣᠯᠵᠤ | ᠳᠣᠭᠤᠭᠰᠢ ᠰᠠᠭᠤᠭᠳᠠᠭᠠᠳ ᠰᠡᠷᠭᠦᠭᠡᠬᠦ ᠶᠢᠨ ᠠᠷᠭ᠎ᠠ ᠦᠬᠡᠢ ᠪᠣᠯᠤᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠢ | ᠬᠤᠪᠢᠷᠠᠭᠤᠯᠬᠤ ᠪᠠᠶᠢᠴᠠᠭᠠᠯᠲᠠ ᠶᠢᠨ ᠮᠡᠷᠭᠡᠵᠢᠯ ᠤᠨ ᠲᠤᠶᠢᠷᠢᠮ ᠤᠨ ᠪᠠᠷᠢᠮᠵᠢᠶ᠎ᠠ ᠶᠢ ᠦᠨᠳᠦᠰᠦᠯᠡᠨ ᠬᠤᠪᠢᠷᠠᠭᠤᠯᠬᠤ | ᠨᠥᠬᠦᠴᠡᠯ ᠳᠤ ᠨᠡᠶᠢᠴᠡᠭᠰᠡᠨ ᠪᠠᠶᠢᠪᠠᠯ᠂ ᠣᠳᠣᠬᠢ ᠪᠠᠶᠢᠳᠠᠯ ᠢ ᠦᠨᠳᠦᠰᠦᠯᠡᠨ ᠪᠠᠶᠢᠴᠠᠭᠠᠵᠤ᠂ ᠤᠯᠤᠰ ᠲᠤ ᠮᠡᠳᠡᠭᠦᠯᠦᠨ | ᠬᠤᠪᠢᠷᠠᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠡᠨᠧᠷᠭᠢ ᠶᠢᠨ ᠲᠣᠪᠴᠢᠶ᠎ᠠ︶ | 89. ᠴᠢᠬᠤᠯᠠ ᠶᠡᠭᠡ ᠲᠥᠯᠦᠪᠵᠢᠭᠦᠯᠭᠡ ᠳᠤ ᠨᠡᠶᠢᠴᠡᠭᠰᠡᠨ ᠤᠷᠢᠲᠠᠯ ᠳᠣᠣᠷ᠎ᠠ᠂ ᠵᠥᠪᠰᠢᠶᠡᠷᠡᠯ ᠢᠶᠠᠷ | ᠳᠡᠮᠵᠢᠨ ᠣᠲᠣ ᠶᠢᠨ ᠪᠠᠶᠢᠭ᠎ᠠ ᠭᠡᠷ ᠪᠠᠶᠢᠰᠢᠩ ᠪᠠ ᠭᠠᠵᠠᠷ ᠰᠢᠷᠣᠢ ᠶᠢ ᠠᠰᠢᠭᠯᠠᠨ ︽ᠢᠨᠲ᠋ᠧᠷ ᠰᠦᠯᠵᠢᠶ᠎ᠡ +︾᠂ | ᠰᠣᠶᠣᠯ ᠤᠨ ᠪᠦᠲᠦᠭᠡᠯᠴᠢ ᠰᠡᠳᠬᠢᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠠᠵᠤ | ᠦᠢᠯᠡᠳᠪᠦᠷᠢ ᠶᠢᠨ ᠵᠢᠭᠤᠯᠴᠢᠯᠠᠯ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠵᠡᠷᠭᠡ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠡᠷᠭᠢᠯᠡᠭᠰᠡᠨ ᠪᠠᠶᠢᠪᠠᠯ᠂ ᠤᠤᠯ ᠤᠨ ᠬᠡᠷᠡᠭᠴᠡᠭᠡ ᠪᠠ ᠭᠠᠵᠠᠷ ᠰᠢᠷᠣᠢ ᠶᠢᠨ | ᠡᠷᠬᠡ ᠶᠢᠨ ᠲᠥᠷᠥᠯ ᠬᠡᠯᠪᠡᠷᠢ ᠪᠠᠷ ᠭᠠᠵᠠᠷ ᠰᠢᠷᠣᠢ ᠶᠢ 5 ᠵᠢᠯ ᠤᠨ ᠬᠤᠭᠤᠴᠠᠭ᠎ᠠ ᠲᠠᠢ ᠬᠡᠷᠡᠭᠯᠡᠬᠦ ᠰᠢᠯᠵᠢᠯᠲᠡ ᠶᠢᠨ | ᠬᠤᠭᠤᠴᠠᠭᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ︶ | ︵ᠬᠤᠶᠠᠷ︶ ᠡᠨᠧᠷᠬᠢ ᠶᠢᠨ ᠬᠤᠷᠣᠭᠳᠠᠭᠤᠯᠭ᠎ᠠ ᠶᠢᠨ ᠭᠦᠢᠴᠡᠳᠬᠡᠬᠦ ᠲᠤᠭ᠎ᠠ ᠶᠢ ᠨᠢᠭᠡᠳᠦᠯᠲᠡᠢ | ᠲᠥᠯᠥᠪᠯᠡᠬᠦ ᠶᠢ ᠴᠢᠩᠭᠠᠳᠬᠠᠬᠤ ᠬᠡᠷᠡᠭᠲᠡᠢ᠃ | 90. ᠰᠢᠨ᠎ᠡ ᠪᠠᠷ ᠨᠡᠮᠡᠭᠳᠡᠭᠰᠡᠨ ᠲᠦᠭᠦᠬᠡᠢ ᠮᠠᠲ᠋ᠧᠷᠢᠶᠠᠯ ᠤᠨ ᠡᠨᠧᠷᠭᠢ ᠬᠡᠷᠡᠭᠯᠡᠬᠦ ᠪᠠ ᠳᠠᠬᠢᠨ ᠡᠭᠦᠰᠴᠦ | ᠪᠣᠯᠬᠤ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠶᠢ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ | ᠬᠦᠴᠦᠯᠡᠴᠡ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠳᠤ ᠣᠷᠣᠭᠤᠯᠬᠤ ᠦᠭᠡᠢ᠂ ᠴᠢᠯᠠᠭᠤᠵᠢᠮᠠᠯ ᠤᠨ ᠡᠨᠧᠷᠭᠢ ᠶᠢᠨ | ᠰᠤᠷᠪᠤᠯᠵᠢ ᠪᠠ ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ᠂ ᠲᠦᠯᠡᠰᠢ ᠶᠢᠨ ᠬᠥᠳᠡᠯᠭᠡᠭᠴᠢ ᠬᠦᠴᠦᠨ ᠤ | ᠡᠨᠧᠷᠭᠢ ᠬᠡᠷᠡᠭᠯᠡᠬᠦ ᠪᠠ ᠲᠦᠭᠦᠬᠡᠢ ᠮᠠᠲ᠋ᠧᠷᠢᠶᠠᠯ ᠤᠨ ᠡᠨᠧᠷᠭᠢ ᠬᠡᠷᠡᠭᠯᠡᠬᠦ ᠳᠤ ᠡᠨᠧᠷᠭᠢ ᠶᠢᠨ ᠰᠤᠷᠪᠤᠯᠵᠢ ᠶᠢᠨ ᠵᠥᠷᠢᠶᠡᠲᠦ | ᠬᠢᠨᠠᠨ ᠪᠠᠶᠢᠴᠠᠭᠠᠯᠲᠠ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠵᠦᠢᠯᠡᠰ ᠤᠨ ᠡᠨᠧᠷᠭᠢ ᠶᠢᠨ ᠬᠤᠷᠣᠭᠳᠠᠯ ᠤᠨ | ᠬᠦᠴᠦᠯᠡᠴᠡ ᠶᠢᠨ ᠨᠥᠯᠥᠭᠡ ᠶᠢ ᠦᠨᠡᠯᠡᠨ ᠵᠢᠱᠢᠬᠦ ᠳᠤᠮᠳᠠ᠂ ᠵᠦᠢᠯᠡᠰ ᠤᠨ ᠲᠦᠭᠦᠬᠡᠢ ᠮᠠᠲ᠋ᠧᠷᠢᠶᠠᠯ ᠤᠨ ᠡᠨᠧᠷᠭᠢ | ᠬᠡᠷᠡᠭᠯᠡᠬᠦ ᠪᠠ ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠬᠡᠮᠵᠢᠶ᠎ᠡ ᠶᠢ ᠬᠢᠨᠠᠨ ᠬᠠᠰᠤᠨ᠎ᠠ᠃ | ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠨᠧᠷᠭᠢ ᠶᠢᠨ ᠲᠣᠪᠴᠢᠶ᠎ᠠ︶ | 91. ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠡᠨᠧᠷᠭᠢ ᠶᠢᠨ | ᠬᠤᠷᠣᠭᠳᠠᠭᠤᠯᠤᠯ ᠤᠨ ᠬᠦᠴᠦᠯᠡᠴᠡ ᠶᠢᠨ ᠬᠡᠪ ᠳᠠᠭᠤᠷᠢᠶᠠᠯ ᠤᠨ ᠬᠡᠮᠵᠢᠭᠳᠡᠯ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠶᠢᠨ ᠤᠳᠤᠷᠢᠳᠤᠮᠵᠢ ᠶᠢ ᠲᠣᠪᠤᠶᠢᠯᠭᠠᠨ᠂ | ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠪᠠᠷ ᠪᠠᠭ᠎ᠠ ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠭᠦᠢᠴᠡᠳ ᠪᠠᠲᠤᠯᠠᠵᠤ᠂ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠪᠠᠷ ᠶᠡᠭᠡ ᠲᠥᠷᠥᠯ | ᠵᠦᠢᠯ ᠤᠨ ᠨᠥᠯᠥᠭᠡ ᠶᠢ ᠪᠦᠲᠦᠮᠵᠢᠲᠡᠶ ᠠᠷᠢᠯᠭᠠᠵᠤ᠂ ᠡᠨᠧᠷᠭᠢ ᠶᠢᠨ ᠬᠤᠷᠣᠭᠳᠠᠭᠤᠯᠤᠯ ᠤᠨ ᠬᠦᠴᠦᠨ ᠵᠦᠢᠯ ᠢ | ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠶᠢᠨ ᠬᠤᠷᠣᠭᠳᠠᠭᠤᠯᠤᠯ ᠢᠶᠠᠷ ᠪᠠᠭ᠎ᠠ᠂ ᠨᠡᠮᠡᠯᠲᠡ ᠥᠷᠲᠡᠭ︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 92. ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ | ᠬᠤᠷᠣᠭᠳᠠᠭᠤᠯᠤᠯ ᠢ ᠠᠰ ᠲᠤᠨᠢ ᠵᠢᠭᠰᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠨᠧᠷᠭᠢ ᠶᠢᠨ | ᠬᠤᠷᠣᠭᠳᠠᠭᠤᠯᠤᠯ ᠤᠨ ᠭᠦᠢᠴᠡᠳᠬᠡᠯ ᠲᠤᠭ᠎ᠠ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠴᠢᠬᠤᠯᠠ ᠶᠡᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ︶ | 93. ᠪᠥᠬᠦ ᠣᠷᠣᠨ ᠤ ᠬᠤᠲᠠ ᠪᠠᠯᠭᠠᠰᠤ ᠶᠢᠨ ᠶᠡᠷᠦᠩᠬᠡᠢ ᠲᠥᠯᠦᠪᠵᠢᠭᠦᠯᠭᠡ ᠶᠢᠨ ᠣᠷᠣᠨ ᠤ ᠳᠣᠲᠣᠷ᠎ᠠ | ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ2023 ᠣᠨ ᠤ | ᠰᠡᠭᠦᠯᠴᠢ ᠪᠣᠯᠬᠤ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠤᠭᠰᠠᠷᠠᠮᠠᠯ ᠮᠠᠶ᠋ᠢᠭ ᠤᠨ | ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ 20% ᠳᠤ ᠬᠦᠷᠦᠭᠦᠯᠬᠦ ᠪᠠᠷ ᠴᠢᠷᠮᠠᠶᠢᠨ᠎ᠠ᠃︵ᠬᠠᠷᠢᠭᠤᠴᠠᠯᠭᠠᠲᠤ | ᠨᠢᠭᠡᠴᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ︶ | ︵ᠭᠤᠷᠪᠠ︶ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 94. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ | ᠳᠠᠭᠠᠭᠠᠯᠲᠠ ᠶᠢᠨ ᠪᠠᠶᠢᠭᠤᠯᠤᠮᠵᠢ ᠨᠢ ᠭᠠᠭᠴᠠ ᠡᠷᠦᠬᠡ ᠶᠢᠨ ᠳᠠᠭᠠᠭᠠᠯᠲᠠ ᠶᠢᠨ ᠵᠣᠭᠤᠰ ᠤᠨ ᠲᠤᠭ᠎ᠠ ᠨᠢ 1000 | ᠲᠦᠮᠡᠨ ᠲᠥᠭᠦᠷᠢᠭ ᠵᠢᠴᠢ ᠲᠡᠭᠦᠨ ᠠᠴᠠ ᠳᠣᠷᠣᠭᠰᠢᠬᠢ ᠵᠢᠵᠢᠭ ᠪᠢᠴᠢᠯ ᠠᠵᠤ ᠠᠬᠤᠶᠢᠯᠠᠯ ᠪᠣᠯᠣᠨ ︽ᠮᠠᠯ ᠠᠵᠤ | ᠠᠬᠤᠢ ᠲᠠᠷᠢᠶᠠᠯᠠᠬᠤ ᠮᠠᠯᠵᠢᠬᠤ ᠣᠷᠣᠨ ᠮᠠᠯᠴᠢᠨ ᠲᠠᠷᠢᠶᠠᠴᠢᠨ︾ ᠤ ᠭᠤᠣᠯ ᠴᠣᠭᠴᠠ ᠶᠢ ᠭᠤᠣᠯᠳᠠᠯᠭ᠎ᠠ ᠲᠠᠢ | ᠳᠡᠮᠵᠢᠵᠦ᠂ ᠳᠠᠭᠠᠭᠠᠯᠲᠠ ᠶᠢᠨ ᠰᠦᠢᠳᠬᠡᠯ ᠤᠨ ᠨᠣᠷᠮ᠎ᠠ ᠶᠢ ᠵᠠᠷᠴᠢᠮ ᠳᠡᠭᠡᠷ᠎ᠡ ᠪᠠᠨ ᠭᠠᠭᠴᠠ ᠡᠷᠦᠬᠡ ᠶᠢᠨ | ᠳᠠᠭᠠᠭᠠᠯᠲᠠ ᠶᠢᠨ ᠵᠣᠭᠤᠰ ᠤᠨ ᠲᠤᠭ᠎ᠠ ᠨᠢ 500 ᠲᠦᠮᠡᠨ ᠲᠥᠭᠦᠷᠢᠭ ᠵᠢᠴᠢ ᠲᠡᠭᠦᠨ ᠠᠴᠠ ᠳᠣᠷᠣᠭᠰᠢ 1% | ᠠᠴᠠ ᠬᠡᠲᠦᠷᠡᠵᠦ ᠪᠣᠯᠬᠤ ᠦᠭᠡᠢ᠂ 500 ᠲᠦᠮᠡᠨ ᠲᠥᠭᠦᠷᠢᠭ ᠠᠴᠠ ᠳᠡᠭᠡᠭᠰᠢ ᠪᠣᠯ 1.5% ᠠᠴᠠ ᠬᠡᠲᠦᠷᠡᠵᠦ | ᠪᠣᠯᠬᠤ ᠦᠭᠡᠢ᠃ ᠲᠤᠬᠠᠢ ᠶᠢᠨ ᠵᠢᠯ ᠳᠤ ᠰᠢᠨ᠎ᠡ ᠪᠠᠷ ᠨᠡᠮᠡᠭᠳᠡᠭᠰᠡᠨ ᠵᠢᠵᠢᠭ ᠪᠢᠴᠢᠯ ᠠᠵᠤ ᠠᠬᠤᠶᠢᠯᠠᠯ ᠪᠠ ᠲᠠᠷᠢᠶᠠᠯᠠᠩ | ᠬᠥᠳᠡᠭᠡ ᠲᠣᠰᠬᠤᠨ ᠲᠠᠷᠢᠶᠠᠴᠢᠨ ᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ︵ᠳᠠᠬᠢᠨ ᠳᠠᠭᠠᠭᠠᠯᠲᠠ︶ ᠶᠢᠨ | ᠵᠣᠭᠤᠰ ᠤᠨ ᠲᠤᠭ᠎ᠠ ᠨᠢ ᠵᠣᠬᠢᠬᠤ ᠡᠵᠡᠯᠡᠬᠦ ᠬᠠᠷᠢᠴᠠᠯ ᠳᠤ ᠬᠦᠷᠦᠭᠰᠡᠨ ᠪᠠᠶᠢᠪᠠᠯ᠂ ᠲᠤᠬᠠᠢ ᠶᠢᠨ ᠵᠢᠯ ᠤᠨ ᠰᠢᠨ᠎ᠡ ᠪᠠᠷ | ᠨᠡᠮᠡᠭᠳᠡᠭᠰᠡᠨ ᠳᠠᠭᠠᠭᠠᠯᠲᠠ ᠶᠢᠨ ᠲᠤᠭ᠎ᠠ ᠶᠢᠨ 1% ᠪᠠᠷ ᠲᠦᠭᠰᠢᠭᠦᠷᠢ ᠶᠢᠨ ᠨᠥᠬᠦᠪᠦᠷᠢ ᠣᠯᠭᠤᠨ᠎ᠠ᠃ ᠲᠤᠬᠠᠢ ᠶᠢᠨ | ᠵᠢᠯ ᠤᠨ ᠬᠤᠷᠢᠶᠠᠭᠰᠠᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ | 1% ︵ᠪᠠᠭᠲᠠᠨ᠎ᠠ︶ ᠠᠴᠠ ᠳᠣᠷᠣᠭᠰᠢ ᠪᠣᠯᠭᠠᠭᠰᠠᠨ ᠪᠠᠶᠢᠪᠠᠯ᠂ ᠲᠤᠬᠠᠢ ᠶᠢᠨ ᠵᠢᠯ ᠤᠨ ᠳᠠᠭᠠᠳᠬᠠᠯ ᠤᠨ | ᠰᠦᠢᠳᠬᠡᠯ ᠤᠨ ᠣᠷᠣᠯᠭ᠎ᠠ ᠶᠢᠨ 10% ᠪᠠᠷ ᠳᠠᠭᠠᠳᠬᠠᠯ ᠤᠨᠭᠠᠭᠴᠠ ᠡᠷᠦᠬᠡ ᠶᠢᠨ ᠵᠢᠯ ᠪᠦᠷᠢ ᠶᠢᠨ ᠬᠠᠮᠤᠭ | ᠥᠨᠳᠥᠷ ᠲᠡᠭᠡᠨ 1000 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠦᠭᠡᠢ᠃ ︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ | 95. ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠡᠯᠡ | ᠲᠣᠬᠢᠷᠠᠭᠤᠯᠭ᠎ᠠ ᠶᠢ ᠳᠡᠮᠵᠢᠵᠦ᠂ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠬᠠᠮᠤᠭ ᠤᠨ ᠥᠨᠳᠥᠷ ᠲᠡᠭᠡᠨ | 8% ᠠᠴᠠ ᠥᠯᠥ ᠳᠠᠪᠠᠭᠤᠯᠬᠤ ᠪᠠᠷᠢᠮᠵᠢᠶ᠎ᠠ ᠶᠣᠰᠣᠭᠠᠷ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠳᠠᠷᠢᠵᠤ | ᠲᠡᠵᠢᠭᠡᠬᠦ ᠲᠣᠮᠣ ᠡᠷᠦᠬᠡ᠂ ᠮᠠᠯᠴᠢᠨ ᠲᠠᠷᠢᠶᠠᠴᠢᠨ ᠤ ᠬᠤᠷᠰᠢᠶ᠎ᠠ ᠵᠡᠷᠭᠡ ᠵᠣᠬᠢᠬᠤ ᠬᠡᠪᠴᠢᠶᠡᠲᠦ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠣᠯ ᠴᠣᠭᠴᠠ ᠳᠤ 10 ᠲᠦᠮᠡ ᠠᠴᠠ 1000 ᠲᠦᠮᠡᠨ ᠲᠥᠭᠦᠷᠢᠭ ᠤᠨ ᠳᠠᠭᠠᠭᠠᠯᠲᠠ ᠶᠢᠨ | ᠵᠢᠭᠡᠯᠡᠯᠭᠡ ᠬᠠᠩᠭᠠᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ | ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 96. ᠲᠠᠷᠢᠶᠠᠯᠠᠩ ᠤᠨ ᠳᠠᠭᠠᠳᠬᠠᠯ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠮᠤ | ᠪᠤᠳᠠᠭᠠᠨ ᠤ ᠭᠠᠷᠤᠯᠲᠠ ᠶᠡᠬᠡᠲᠡᠢ ᠰᠢᠶᠠᠨ ᠳᠤ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ | ᠥᠷᠲᠡᠭ ᠤᠨ ᠳᠠᠭᠠᠳᠬᠠᠯ ᠪᠤᠶᠤ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠢ ᠬᠡᠷᠡᠭᠵᠢᠭᠦᠯᠵᠦ᠂ ᠲᠥᠪ ᠪᠠ | ᠥᠪᠡᠷᠲᠡᠭᠡᠨ ᠵᠠᠰᠠᠬᠤ ᠣᠷᠣᠨ ᠲᠣᠰ ᠲᠣᠰ 45% ᠪᠠ 30% ᠶᠢᠨ ᠳᠠᠭᠠᠳᠬᠠᠯ ᠤᠨ ᠵᠠᠷᠤᠳᠠᠯ ᠤᠨ ᠨᠥᠬᠦᠪᠦᠷᠢ ᠶᠢ | ᠡᠭᠦᠷᠭᠡᠯᠡᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | 97. ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠶᠢᠨ | ᠢᠲᠡᠭᠡᠮᠵᠢ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ | ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠠᠮᠤ ᠪᠤᠳᠠᠭᠠᠨ ᠤ ᠠᠵᠤ ᠠᠬᠤᠶᠢᠯᠠᠯ ᠤᠨ ᠵᠠᠬ᠎ᠠ | ᠳᠡᠯᠭᠡᠭᠦᠷᠴᠢᠯᠡᠨ ᠠᠮᠤ ᠪᠤᠳᠠᠭ᠎ᠠ ᠬᠤᠳᠠᠯᠳᠤᠨ ᠠᠪᠬᠤ ᠳᠤ ᠨᠠᠩ ᠶᠡᠭᠡ ᠬᠡᠪᠴᠢᠶᠡᠨ ᠤ ᠪᠡᠯᠡ ᠲᠣᠬᠢᠷᠠᠭᠤᠯᠭ᠎ᠠ ᠶᠢᠨ | ᠢᠲᠡᠭᠡᠮᠵᠢ ᠶᠢ ᠨᠡᠮᠡᠭᠳᠡᠭᠦᠯᠬᠦ ᠶᠢ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ | ᠨᠥᠭᠡᠴᠡᠯᠡᠬᠦ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ | ᠮᠣᠩᠭᠤᠯ ᠳᠠᠬᠢ ᠬᠤᠪᠢᠶᠠᠷᠢ ᠪᠠᠩᠬᠢ︶ | 98. ᠠᠵᠤ ᠦᠢᠯᠡᠰ ᠤᠨ ᠰᠠᠭᠤᠷᠢ ᠮᠥᠩᠭᠦ ᠶᠢᠨ ᠭᠤᠣᠯᠳᠠᠯᠭ᠎ᠠ ᠲᠠᠢ ᠠᠵᠤ ᠦᠢᠯᠡᠰ ᠤᠨ | ᠬᠥᠭᠵᠢᠯᠲᠡ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ 2023 ᠣᠨ ᠳᠤ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠬᠥᠲᠥᠯᠥᠨ ᠵᠢᠯᠤᠭᠤᠳᠬᠤ ᠰᠠᠭᠤᠷᠢ ᠮᠥᠩᠭᠦ ᠶᠢ 4 | ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠲᠡᠷᠢᠭᠦᠨ ᠤ ᠦᠶᠯᠡᠳᠬᠦ | ᠦᠢᠯᠡᠰ ᠤᠨ ᠴᠤᠭᠯᠠᠷᠠᠯ ᠪᠠ ᠠᠵᠤ ᠦᠢᠯᠡᠰ ᠤᠨ ᠬᠡᠯᠬᠢᠶᠡᠰᠦ ᠶᠢᠨ ᠴᠢᠬᠤᠯᠠ ᠶᠡᠭᠡ ᠲᠥᠷᠥᠯ ᠵᠦᠢᠯ ᠢ ᠳᠡᠮᠵᠢᠵᠦ᠂ | ᠠᠵᠤ ᠦᠢᠯᠡᠰ ᠤᠨ ᠰᠠᠭᠤᠷᠢ ᠮᠥᠩᠭᠦ ᠶᠢᠨ ᠬᠡᠪᠴᠢᠶ᠎ᠡ ᠶᠢ 13 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ | ᠰᠠᠭᠤᠷᠢ ᠮᠥᠩᠭᠦ ᠶᠢ ᠳᠠᠭᠠᠭᠠᠨ ᠲᠤᠰᠢᠶᠠᠵᠤ ᠪᠣᠳᠠᠲᠠᠶᠢᠵᠢᠭᠤᠯᠬᠤ ᠶᠢ ᠲᠦᠷᠭᠡᠪᠴᠢᠯᠡᠨ ᠠᠬᠢᠭᠤᠯᠵᠤ᠂ ᠰᠢᠨ᠎ᠡ | ᠡᠨᠧᠷᠭᠢ ᠶᠢᠨ ᠰᠤᠷᠪᠤᠯᠵᠢ ᠶᠢᠨ ᠲᠣᠨᠣᠭᠯᠠᠯ ᠦᠢᠯᠡᠳᠬᠦ ᠴᠢᠬᠤᠯᠠ ᠶᠡᠭᠡ ᠵᠦᠢᠯᠡᠰ ᠤᠨ ᠪᠦᠲᠦᠭᠡᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠪᠠᠷ ᠲᠡᠮᠵᠢᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ︶ | 99. ᠬᠥᠳᠡᠯᠦᠩᠭᠦᠢ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠪᠠ | ᠬᠦᠴᠢᠷᠳᠡᠯ ᠢ ᠲᠠᠶᠢᠯᠬᠤ ᠰᠠᠭᠤᠷᠢ ᠮᠥᠩᠭᠦ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠠᠵᠤ ᠠᠬᠤᠶᠢᠯᠠᠯ ᠢ | ᠳᠡᠮᠵᠢᠨ ᠬᠦᠴᠢᠷᠳᠡᠯ ᠢ ᠲᠠᠶᠢᠯᠬᠤ ᠡᠷᠴᠢᠮ ᠢ ᠴᠢᠩᠭᠠᠷᠠᠭᠤᠯᠤᠨ᠂ ᠠᠵᠤ ᠠᠬᠤᠶᠢᠯᠠᠯ ᠤᠨ ᠲᠦᠭᠰᠢᠭᠦᠷᠢ ᠶᠢ ᠵᠠᠶᠢᠯᠠᠰᠢ | ᠦᠭᠡᠢ ᠣᠯᠭᠤᠬᠤ ᠶᠠᠪᠤᠳᠠᠯ ᠢ ᠨᠠᠮᠳᠠᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | 100. ᠶᠡᠭᠡ ᠬᠡᠮᠵᠢᠶᠡᠨ ᠤ ᠲᠠᠸᠠᠷ ᠤᠨ ᠦᠨ᠎ᠡ ᠬᠠᠩᠰᠢ ᠶᠢᠨ ᠬᠡᠯᠪᠡᠯᠵᠡᠯ ᠢ ᠪᠦᠲᠦᠮᠵᠢᠲᠡᠶ ᠠᠷᠭᠠᠴᠠᠵᠤ᠂ | ᠭᠤᠪᠢᠭᠤᠯᠭ᠎ᠠ ᠶᠢᠨ ᠨᠣᠷᠮ᠎ᠠ ᠶᠢᠨ ᠲᠦᠭᠰᠢᠭᠦᠷᠢ ᠠᠴᠠ ᠵᠠᠶᠢᠯᠠᠬᠤ ᠲᠥᠷᠥ ᠶᠢᠨ ᠪᠣᠳᠣᠯᠭ᠎ᠠ ᠵᠢᠴᠢ ᠭᠤᠪᠢᠭᠤᠯᠭ᠎ᠠ ᠶᠢᠨ | ᠨᠣᠷᠮ᠎ᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠦᠢᠯᠡᠳᠬᠦᠨ ᠢ ᠳᠡᠮᠵᠢᠨ ᠳᠡᠯᠭᠡᠷᠡᠭᠦᠯᠵᠦ᠂ ᠪᠠᠩᠬᠢ ᠶᠢᠨ | ᠰᠦᠢᠳᠬᠡᠯ ᠢᠶᠠᠨ ᠪᠠᠭᠠᠰᠬᠠᠵᠤ ᠠᠰᠢᠭ ᠣᠯᠭᠤᠬᠤ ᠶᠢ ᠵᠣᠷᠢᠭᠵᠢᠭᠤᠯᠤᠨ᠂ ᠭᠠᠳᠠᠭᠠᠳᠤ ᠳᠤ ᠬᠤᠯᠪᠣᠭᠳᠠᠬᠤ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠦᠭᠰᠢᠭᠦᠷᠢ ᠶᠢᠨ ᠰᠠᠭᠠᠷᠮᠠᠭ ᠴᠢᠨᠠᠷ ᠤᠨ ᠦᠵᠡᠯ ᠤᠬᠠᠮᠰᠠᠷ ᠢ | ᠪᠣᠶ ᠪᠣᠯᠭᠠᠵᠤ᠂ ᠠᠵᠤ ᠠᠬᠤᠶᠢᠯᠠᠯ ᠤᠨ ᠭᠤᠪᠢᠭᠤᠯᠭ᠎ᠠ ᠵᠢᠨᠵᠢᠵᠢᠭ ᠪᠢᠴᠢᠯ ᠠᠵᠤ ᠠᠬᠤᠶᠢᠯᠠᠯ ᠤᠨ ᠭᠤᠪᠢᠭᠤᠯᠭ᠎ᠠ ᠶᠢᠨ | ᠨᠤᠷᠮ᠎ᠠ ᠶᠢᠨ ᠠᠶᠤᠯ ᠠᠴᠠ ᠵᠠᠶᠢᠯᠠᠬᠤ ᠲᠦᠷᠦ ᠶᠢᠨ ᠪᠣᠳᠣᠯᠭ᠎ᠠ ᠶᠢᠨ ᠴᠢᠨᠠᠷᠲᠠᠢ ᠳᠠᠭᠠᠭᠠᠯᠲᠠ ᠶᠢᠨ︵ᠬᠠᠷᠢᠭᠤᠴᠠᠯᠭᠠᠲᠤ | ᠨᠢᠭᠡᠴᠡ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ | ᠲᠥᠪ ᠰᠠᠯᠪᠤᠷᠢ ᠪᠠᠩᠬᠢ︶ | 101. ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢᠶᠠᠨ ᠪᠠᠭᠤᠷᠠᠭᠤᠯᠬᠤ ᠶᠢ ᠵᠣᠷᠢᠭᠵᠢᠭᠤᠯᠵᠤ᠂ ᠬᠠᠷᠢᠶ᠎ᠠ ᠳᠣᠲᠣᠷ᠎ᠠ | ᠭᠠᠵᠠᠷ ᠤᠨ ᠠᠷᠭ᠎ᠠ ᠶᠢᠨ ᠬᠥᠮᠥᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ | ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵LPR︶ ᠶᠢ ᠳᠣᠲᠣᠭᠠᠳᠤ ᠶᠢᠨ ᠪᠡᠯᠡ ᠮᠥᠩᠭᠦ ᠪᠠᠨ | ᠰᠢᠯᠵᠢᠭᠦᠯᠦᠨ ᠦᠨ᠎ᠡ ᠲᠣᠭᠲᠠᠭᠠᠬᠤ ︵FTP︶ ᠳᠤ ᠰᠢᠭᠢᠳᠬᠡᠨ ᠣᠷᠣᠭᠤᠯᠬᠤ ᠶᠢ ᠳᠡᠮᠵᠢᠵᠦ᠂ ᠵᠢᠭᠡᠯᠡᠯᠭᠡ | ᠲᠠᠯᠪᠢᠬᠤ ᠪᠠᠶᠢᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠵᠢᠭᠡᠯᠡᠯᠭᠡ ᠶᠢᠨ ᠣᠨ ᠤ ᠬᠦᠦ ᠶᠢᠨ ᠨᠣᠷᠮ᠎ᠠ ᠶᠢ ᠲᠣᠳᠣᠷᠬᠠᠢ | ᠢᠯᠡᠳᠬᠡᠬᠦ ᠳᠤ ᠦᠷᠭᠦᠯᠵᠢᠯᠡᠨ ᠬᠢᠨᠠᠯᠲᠠ︵ᠬᠠᠷᠢᠭᠤᠴᠠᠯᠭᠠᠲᠤ ᠨᠢᠭᠡᠴᠡ᠄ ᠠᠷᠠᠳ ᠤᠨ ᠪᠠᠩᠬᠢ ᠶᠢᠨ ᠬᠥᠬᠡᠬᠤᠲᠠ | ᠭᠤᠣᠯ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ︶ | 102. ᠨᠠᠩ ᠣᠯᠠᠨ ᠴᠢᠨᠠᠷ ᠰᠠᠶᠢᠲᠠᠢ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠵᠦ ᠵᠠᠬ᠎ᠠ | ᠳᠡᠯᠭᠡᠭᠦᠷ ᠲᠤ ᠭᠠᠷᠬᠤ ᠶᠢ ᠵᠣᠷᠢᠭᠵᠢᠭᠤᠯᠤᠨ᠎ᠠ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠳᠤ ᠵᠠᠬ᠎ᠠ ᠳᠡᠯᠭᠡᠭᠦᠷ ᠲᠤ ᠭᠠᠷᠭᠠᠬᠤ ᠶᠢ ᠬᠠᠪᠰᠤᠷᠤᠨ ᠵᠢᠯᠤᠭᠤᠳᠴᠤ ᠳᠠᠩᠰᠠᠯᠠᠭᠤᠯᠬᠤ ᠶᠢ | ᠭᠦᠢᠴᠡᠳᠬᠡᠭᠰᠡᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ︔ | ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠱᠠᠩᠬᠠᠢ ᠂ ᠱᠧᠨ ᠵᠧᠨ᠂ | ᠪᠡᠭᠡᠵᠢᠩ ᠤᠨ ᠠᠷᠠᠯᠵᠢᠶᠠᠨ ᠤ ᠭᠠᠵᠠᠷ ᠲᠤ ᠵᠠᠬ᠎ᠠ ᠳᠡᠯᠭᠡᠭᠦᠷ ᠲᠤ ᠭᠠᠷᠭᠠᠬᠤ ᠮᠡᠳᠡᠭᠦᠯᠦᠯᠲᠡ ᠶᠢᠨ ᠮᠠᠲ᠋ᠧᠷᠢᠶᠠᠯ ᠢᠶᠠᠨ | ᠲᠤᠰᠢᠶᠠᠭᠰᠠᠨ ᠪᠥᠭᠡᠳ ᠭᠥᠯᠢᠶᠡᠨ ᠠᠪᠴᠤ ᠰᠢᠢᠳᠪᠦᠷᠢᠯᠡᠭᠰᠡᠨ ᠠᠵᠤ ᠠᠬᠤᠶᠢᠯᠠᠯ ᠳᠤ 200 ᠲᠦᠮᠡᠨ | ᠲᠥᠭᠦᠷᠢᠭ ᠦᠨᠱᠠᠩᠬᠠᠢ ᠂ ᠱᠧᠨ ᠵᠧᠨ᠂ ᠪᠡᠭᠡᠵᠢᠩ ᠤᠨ ᠠᠷᠠᠯᠵᠢᠶᠠᠨ ᠤ ᠭᠠᠵᠠᠷ ᠲᠤ ᠠᠩᠬ᠎ᠠ ᠤᠳᠠᠭ᠎ᠠ ᠵᠠᠬ᠎ᠠ | ᠳᠡᠯᠭᠡᠭᠦᠷ ᠲᠤ ᠭᠠᠷᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 1000 ᠲᠦᠮᠡᠨ ᠲᠥᠭᠦᠷᠢᠭ ᠤᠨ ᠱᠠᠩᠨᠠᠯ | ᠨᠥᠬᠦᠪᠦᠷᠢ ᠣᠯᠭᠤᠨ᠎ᠠ; ᠬᠢᠯᠢ ᠶᠢᠨ ᠭᠠᠳᠠᠨ᠎ᠠ ︵ᠰᠢᠶᠠᠩᠭᠠᠩ᠂ ᠨᠢᠦ᠋ ᠶᠣᠷᠺ᠂ ᠨᠠᠰᠳᠠᠺ ᠤᠨ ᠦᠨᠡᠲᠦ ᠲᠡᠮᠳᠡᠭᠲᠦ ᠶᠢᠨ | ᠠᠷᠠᠯᠵᠢᠶᠠᠨ ᠤ ᠭᠠᠵᠠᠷ︶ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠢ 500 ᠲᠦᠮᠡᠨ ᠲᠥᠭᠦᠷᠢᠭ ᠢᠶᠠᠷ | ᠱᠠᠩᠨᠠᠵᠤ ᠨᠥᠬᠦᠪᠦᠷᠢᠯᠡᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠥᠪᠥᠷ | ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠳᠥᠷᠪᠡ︶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ | 103. ᠴᠢᠳᠠᠪᠤᠷᠢᠲᠠᠨ ᠤ ᠡᠷᠦᠬᠡ ᠠᠮᠠ ᠣᠷᠣᠬᠤ ᠪᠠ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ | ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠴᠢᠳᠠᠪᠤᠷᠢᠲᠠᠨ ᠤ ᠡᠷᠦᠬᠡ ᠠᠮᠠ ᠣᠷᠣᠬᠤ ᠶᠢᠨ ᠰᠠᠭᠠᠳ ᠦᠭᠡᠢ | ᠨᠡᠪᠲᠡᠷᠡᠬᠦ ᠵᠠᠮ ᠵᠢᠴᠢ ᠦᠢᠯᠡᠴᠢᠯᠡᠭᠡᠨ ᠤ ᠲᠤᠰᠬᠠᠢ ᠲᠤᠰᠢᠶᠠᠯᠲᠠᠨ ᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠥᠪᠥᠷ ᠮᠣᠩᠭᠤᠯ ᠳᠤ ᠢᠷᠡᠵᠦ ᠪᠡᠯᠡ ᠣᠷᠣᠭᠤᠯᠤᠨ ᠦᠢᠯᠡᠰ ᠬᠥᠭᠵᠢᠭᠦᠯᠦᠭᠰᠡᠨ ᠠᠵᠤ | ᠠᠬᠤᠶᠢᠯᠠᠯᠲᠠᠨ ᠪᠠ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠷ᠎ᠡ ᠬᠡᠦᠬᠡᠳ ᠢ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠣᠶᠢᠷ᠎ᠠ ᠬᠠᠪᠢ ᠳᠠᠭᠠᠨ ᠳᠠᠷᠤᠢ ᠳᠥᠪᠬᠢᠨᠡᠭᠦᠯᠦᠨ | ᠰᠤᠷᠭᠠᠭᠤᠯᠢ ᠳᠤ ᠣᠷᠣᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ︶ | 104. ᠠᠶᠢᠮᠠᠭ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ | ᠲᠦᠷᠭᠡᠳᠬᠡᠨ ᠬᠥᠭᠵᠢᠭᠦᠯᠬᠦ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠰᠢᠨ᠎ᠡ ᠬᠤᠲᠠ ᠶᠢᠨ ᠠᠷᠠᠳ᠂ | ᠵᠠᠯᠠᠭᠤᠴᠤᠳ ᠤᠨ ᠣᠷᠣᠨ ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ | ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠬᠤᠳᠠ | ᠪᠠᠯᠭᠠᠰᠤᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠦᠨᠳᠦᠰᠦᠨ ᠳᠡᠭᠡᠨ ᠪᠡᠶᠡᠯᠡᠭᠦᠯᠵᠦ᠂ ᠣᠷᠣᠯᠭ᠎ᠠ | ᠪᠠᠭᠠᠲᠠᠢ ᠪᠥᠭᠡᠳ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ ᠭᠡᠷ ᠪᠦᠯᠢ ᠶᠢᠨ ᠭᠤᠶᠤᠴᠢᠯᠠᠯ ᠶᠣᠰᠣᠭᠠᠷ | ᠪᠠᠲᠤᠯᠠᠬᠤ ᠶᠣᠰᠣᠲᠠᠢ ᠶᠢ ᠡᠯ᠎ᠡ ᠭᠠᠵᠠᠷ ᠣᠷᠣᠨ ᠨᠤᠭᠤᠳ ᠲᠤᠬᠠᠢ ᠶᠢᠨ ᠭᠠᠵᠠᠷ ᠤᠨ ᠴᠢᠳᠠᠪᠤᠷᠢᠲᠠᠨ ᠣᠷᠣᠭᠤᠯᠵᠤ | ᠢᠷᠡᠬᠦ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠠᠳᠠᠯᠢ ᠪᠤᠰᠤ ᠲᠡᠰ ᠳᠠᠪᠬᠤᠷᠭ᠎ᠠ ᠶᠢᠨ ᠴᠢᠳᠠᠪᠤᠷᠢᠲᠠᠨ ᠲᠤ | ᠴᠢᠭᠯᠡᠭᠦᠯᠦᠨ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠣᠳᠠᠲᠠᠢ ᠪᠠᠲᠤᠯᠠᠭ᠎ᠠ ᠶᠢᠨ ᠬᠡᠪᠴᠢᠶ᠎ᠡ᠂ | ᠪᠠᠲᠤᠯᠠᠭ᠎ᠠ ᠶᠢᠨ ᠪᠠᠷᠢᠮᠵᠢᠶ᠎ᠠ ᠪᠣᠯᠣᠨ ᠪᠠᠲᠤᠯᠠᠭ᠎ᠠ ᠶᠢᠨ ᠠᠷᠭ᠎ᠠ ᠮᠠᠶ᠋ᠢᠭ ᠢ ᠲᠣᠭᠲᠠᠭᠠᠵᠤ ᠪᠣᠯᠣᠨ᠎ᠠ᠃ᠲᠦᠬᠦᠮ | ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ | 2023 ᠣᠨ ᠳᠤ 1 ᠲᠦᠮᠡᠨ ᠢᠵᠢ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ | ᠥᠭᠡᠷᠡᠴᠢᠯᠡᠯᠲᠡ ᠶᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃2023 ᠣᠨ ᠳᠤ 1 ᠲᠦᠮᠡᠨ ᠢᠵᠢ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠵᠤ ᠪᠦᠲᠦᠭᠡᠨ ᠪᠠᠶᠢᠭᠤᠯᠬᠤ ᠪᠠᠷ | ᠲᠥᠯᠥᠪᠯᠡᠵᠦ ᠪᠠᠶᠢᠨ᠎ᠠ᠃ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠲᠦᠷᠭᠡᠳᠬᠡᠨ | ᠠᠬᠢᠭᠤᠯᠵᠤ᠂ 2023 ᠣᠨ ᠳᠤ ᠬᠤᠲᠠ ᠪᠠᠯᠭᠠᠰᠤ ᠶᠢᠨ 1602 ᠬᠠᠭᠤᠴᠢᠨ ᠪᠠ ᠬᠠᠭᠤᠴᠢᠷᠠᠭᠰᠠᠨ ᠵᠢᠵᠢᠭ | ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠪᠠᠷ ᠲᠥᠯᠥᠪᠯᠡᠵᠦ᠂ 21.03 ᠲᠦᠮᠡᠨ ᠡᠷᠦᠬᠡ ᠳᠤ | ᠬᠦᠷᠦᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠶᠢ | ᠦᠷᠭᠦᠯᠵᠢᠯᠡᠨ ᠬᠡᠷᠡᠭᠵᠢᠭᠦᠯᠵᠦ᠂ ᠣᠷᠣᠨ ᠰᠠᠭᠤᠴᠠ ᠶᠢᠨ ᠬᠦᠴᠢᠷᠳᠡᠯᠲᠡᠢ ᠣᠯᠠᠨ ᠲᠦᠮᠡᠨ ᠤ ᠣᠷᠣᠨ ᠰᠠᠭᠤᠴᠠ ᠶᠢᠨ | ᠨᠥᠬᠦᠴᠡᠯ ᠪᠣᠯᠣᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠤᠨ᠎ᠠ᠃︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠥᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ | 105. ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠤᠰᠢᠭᠤᠴᠢ ᠴᠢᠳᠠᠪᠤᠷᠢᠲᠠᠨ ᠢ ᠱᠠᠩᠨᠠᠬᠤ | ᠳᠦᠷᠢᠮ ᠢ ᠬᠡᠷᠡᠭᠵᠢᠭᠦᠯᠵᠦ᠂ ᠠᠩᠬᠠᠳᠠᠭᠴᠢ ᠪᠦᠯᠦᠭ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠣᠶ | ᠪᠣᠯᠭᠠᠬᠤ ᠳᠤᠮᠳᠠ᠂ ᠵᠢᠯ ᠤᠨ ᠰᠤᠳᠤᠯᠤᠨ ᠨᠡᠭᠡᠭᠡᠬᠦ ᠵᠠᠷᠤᠳᠠᠯ ᠨᠢ 500 ᠲᠦᠮᠡᠨ ᠲᠥᠭᠦᠷᠢᠭ ᠠᠴᠠ ᠳᠣᠣᠷ᠎ᠠ | ᠦᠭᠡᠢ ᠮᠥᠷᠲᠡᠭᠡᠨ ᠨᠡᠮᠡᠭᠳᠡᠯ ᠤᠨ ᠬᠡᠮᠵᠢᠶ᠎ᠡ ᠨᠢ 10% ᠠᠴᠠ ᠳᠡᠭᠡᠭᠰᠢ ᠳᠤ ᠬᠦᠷᠦᠭᠰᠡᠨ ᠭᠤᠣᠯᠳᠠᠯᠭ᠎ᠠ ᠲᠠᠢ ᠠᠵᠤ | ᠠᠬᠤᠶᠢᠯᠠᠯ ᠤᠨ ᠳᠣᠲᠣᠷ᠎ᠠ᠂ ᠵᠢᠯ ᠤᠨ ᠴᠠᠯᠢᠩ ᠨᠢ 100 ᠲᠦᠮᠡᠨ ᠲᠥᠭᠦᠷᠢᠭ ᠠᠴᠠ ᠥᠨᠳᠥᠷ ᠪᠠᠶᠢᠭ᠎ᠠ | ᠰᠤᠳᠤᠯᠤᠨ ᠨᠡᠭᠡᠭᠡᠬᠦ ᠨᠢᠭᠡᠳᠦᠭᠡᠷ ᠹᠷᠣᠨᠲ ᠤᠨ ᠬᠥᠮᠥᠰ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ ᠨᠢᠭᠡᠳᠦᠯᠲᠡᠢ ᠰᠠᠶᠢᠰᠢᠶᠠᠨ ᠬᠥᠬᠢᠭᠦᠯᠵᠦ᠂ ᠲᠡᠭᠦᠨ ᠤ ᠪᠣᠳᠠᠲᠠᠢ ᠲᠤᠰᠢᠶᠠᠭᠰᠠᠨ ᠬᠤᠪᠢ ᠬᠥᠮᠥᠨ ᠤ | ᠣᠯᠵᠠᠪᠤᠷᠢ ᠶᠢᠨ ᠭᠠᠶᠢᠯᠢ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠤᠪᠢᠳᠠᠨ ᠦᠯᠡᠳᠡᠭᠡᠬᠦ ᠬᠡᠰᠡᠭ ᠢ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠲᠤᠭ᠎ᠠ ᠪᠠᠷ | ᠱᠠᠩᠨᠠᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ︶ | 106. ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠰᠢᠨ᠎ᠡ | ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠲᠤᠰᠬᠠᠢ | ᠣᠷᠣᠨ ᠲᠤᠭ᠎ᠠ ᠪᠠᠷ ᠪᠠᠲᠤᠯᠠᠵᠤ ᠪᠣᠯᠣᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠨᠢ | ᠰᠢᠨ᠎ᠡ ᠶᠢ ᠡᠭᠦᠳᠬᠦ ᠦᠨ᠎ᠡ ᠥᠷᠲᠡᠭ ᠲᠠᠢ᠂ ᠴᠢᠳᠠᠪᠤᠷᠢ ᠲᠠᠢ ᠪᠠ ᠬᠤᠪᠢ ᠨᠡᠮᠡᠷᠢ ᠪᠠᠷ ᠨᠡᠯᠢᠶᠡᠳ ᠲᠣᠪᠣᠶᠢᠮ᠎ᠠ | ᠥᠨᠳᠥᠷ ᠲᠠᠰ ᠳᠠᠪᠬᠤᠷᠭ᠎ᠠ ᠶᠢᠨ ᠴᠢᠳᠠᠪᠤᠷᠢᠲᠠᠨ ᠳᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ | ᠰᠤᠳᠤᠯᠤᠨ ᠨᠡᠭᠡᠭᠡᠬᠦ ᠪᠠᠶᠢᠭᠤᠯᠤᠮᠵᠢ ᠯᠤᠭ᠎ᠠ 3 ᠵᠢᠯ ᠠᠴᠠ ᠳᠡᠭᠡᠭᠰᠢ ᠬᠥᠳᠡᠯᠮᠦᠷᠢ ︵ᠤᠷᠢᠨ ᠬᠡᠷᠡᠭᠯᠡᠬᠦ︶ ᠶᠢᠨ ᠭᠡᠷ᠎ᠡ | ᠲᠣᠭᠲᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠠᠴᠠ 15 ᠲᠦᠮᠡᠨ ᠲᠥᠭᠦᠷᠢᠭ ᠨᠥᠬᠦᠪᠦᠷᠢᠯᠡᠨ᠎ᠡ᠃︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ | ᠭᠡᠷ᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠬᠥᠮᠥᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | 107. ︽ᠲᠣᠮᠣ ᠤᠯᠤᠰ ᠤᠨ ᠤᠷᠠᠨ ᠳᠠᠷᠬᠠᠳ︾ ︽ᠤᠮᠠᠷᠠᠲᠤ ᠬᠢᠯᠢ ᠶᠢᠨ ᠤᠷᠠᠨ ᠳᠠᠷᠬᠠᠳ︾ ᠢ | ᠲᠣᠰ ᠲᠣᠰ ᠬᠥᠮᠥᠨ ᠪᠦᠷᠢ ᠵᠢᠯ ᠳᠤ 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠪᠠᠷᠢᠮᠵᠢᠶ᠎ᠠ ᠪᠠᠷ | ᠨᠢᠭᠡ ᠤᠳᠠᠭ᠎ᠠ ᠶᠢᠨ ᠴᠢᠨᠠᠷᠲᠠᠢ ᠪᠠᠷ ᠱᠠᠩᠨᠠᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ︶ | 108. ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ︽ᠮᠤᠵᠢ ᠠᠯᠤᠰᠯᠠᠨ | ᠨᠡᠶᠢᠳᠡᠮ ᠭᠦᠢᠴᠡᠳᠬᠡᠬᠦ︾ ᠶᠢ ᠠᠬᠢᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ︶ | ᠲᠠᠪᠤ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ | ︵ᠨᠢᠭᠡ︶ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ | 109. ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠤᠮᠳᠠ ᠵᠢᠵᠢᠭ ᠠᠵᠤ | ᠠᠬᠤᠶᠢᠯᠠᠯ ᠳᠤ ᠵᠥᠷᠢᠯᠳᠦᠭᠡᠨ ᠦᠭᠡᠢ ᠲᠠᠩᠰᠠᠨ ᠵᠣᠭᠤᠰ ᠢ ᠪᠦᠬᠦᠨ ᠢ ᠲᠥᠯᠥᠵᠦ ᠳᠠᠭᠤᠰᠬᠠᠨ᠂ ᠥᠷᠢᠲᠦᠵᠦ | ᠪᠠᠶᠢᠭ᠎ᠠ ᠵᠣᠭᠤᠰ ᠢ ᠬᠥᠳᠡᠯᠦᠩᠭᠦᠢ ᠪᠠᠷ ᠲᠡᠭ ᠪᠣᠯᠭᠠᠬᠤ ᠶᠢ ᠦᠨᠡᠨᠬᠦ ᠪᠠᠲᠤᠯᠠᠨ᠎ᠠ᠃︵ᠬᠠᠷᠢᠭᠤᠴᠠᠯᠭᠠᠲᠤ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ︶ | 110. 2021 ᠣᠨ ᠤ 1 ᠰᠠᠷ᠎ᠠ ᠶᠢᠨ 1 ᠤ ᠡᠳᠦᠷ ᠠᠴᠠ 2025 ᠣᠨ ᠤ 12 ᠰᠠᠷ᠎ᠠ ᠶᠢᠨ | 31 ᠤ ᠡᠳᠦᠷ ᠪᠣᠯᠲᠠᠯ᠎ᠠ᠂ ᠵᠢᠯ ᠤᠨ ᠭᠠᠶᠢᠯᠢ ᠲᠤᠰᠢᠶᠠᠬᠤ ᠶᠣᠰᠣᠲᠠᠢ ᠠᠰᠢᠭ ᠣᠷᠣᠯᠭ᠎ᠠ ᠶᠢᠨ ᠲᠤᠭ᠎ᠠ ᠨᠢ 100 | ᠲᠦᠮᠡᠨ ᠲᠥᠭᠦᠷᠢᠭ ︵100 ᠲᠦᠮᠡᠨ ᠲᠥᠭᠦᠷᠢᠭ ᠪᠠᠭᠲᠠᠨ᠎ᠠ︶ ᠠᠴᠠ ᠳᠣᠣᠷ᠎ᠠ ᠪᠠᠶᠢᠭ᠎ᠠ ᠵᠢᠵᠢᠭ ᠬᠡᠯᠪᠡᠷᠢ ᠶᠢᠨ | ᠥᠴᠥᠬᠡᠨ ᠠᠰᠢᠭ ᠬᠤᠨᠵᠢᠪᠤᠷᠢ ᠲᠠᠢ ᠠᠵᠤ ᠠᠬᠤᠶᠢᠯᠠᠯ ᠠᠴᠠ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ | ᠭᠠᠶᠢᠯᠢ ᠶᠢᠨ ᠣᠷᠣᠨ ᠨᠤᠲᠤᠭ ᠤᠨ ᠬᠤᠪᠢᠳᠠᠨ ᠭᠥᠷᠳᠡᠬᠦ ᠬᠡᠰᠡᠭ ᠢ ᠬᠡᠯᠲᠦᠷᠢᠭᠦᠯᠦᠨ᠎ᠡ᠃ᠰᠠᠷ᠎ᠠ ᠶᠢᠨ | ᠪᠣᠷᠣᠯᠠᠭᠤᠯᠤᠯᠲᠠ ᠶᠢᠨ ᠨᠣᠷᠮ᠎ᠠ ᠨᠢ 3 ᠲᠦᠮᠡᠨ ᠲᠥᠭᠦᠷᠢᠭ ︵ᠤᠯᠠᠷᠢᠯ ᠢᠶᠠᠷ 9 ᠲᠦᠮᠡᠨ ᠲᠥᠭᠦᠷᠢᠭ︶ ᠠᠴᠠ | ᠬᠡᠲᠦᠷᠡᠭᠰᠡᠨ ᠦᠭᠡᠢ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠠᠴᠠ ᠭᠡᠷ ᠬᠥᠷᠥᠩᠭᠡ ᠶᠢᠨ ᠭᠠᠶᠢᠯᠢ᠂ ᠬᠤᠲᠠ | ᠪᠠᠯᠭᠠᠰᠤ ᠶᠢᠨ ᠭᠠᠵᠠᠷ ᠰᠢᠷᠣᠢ ᠶᠢᠨ ᠬᠡᠷᠡᠭᠯᠡᠭᠡᠨ ᠤ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃ ᠪᠠᠷᠠᠭᠠᠨ ᠤ | ᠲᠡᠷᠭᠡ᠂ ᠴᠢᠷᠭᠡᠦᠯ ᠲᠡᠷᠭᠡ᠂ ᠲᠤᠰᠬᠠᠢ ᠬᠡᠷᠡᠭᠯᠡᠬᠦ ᠠᠵᠢᠯᠯᠠᠭᠠᠨ ᠤ ᠲᠡᠷᠭᠡ᠂ ᠬᠦᠷᠳᠦᠲᠦ ᠲᠤᠰᠬᠠᠢ ᠬᠡᠷᠡᠭᠯᠡᠭᠡᠨ ᠤ | ᠮᠠᠰᠢᠨ ᠲᠡᠷᠭᠡᠨ ᠤ ᠲᠡᠷᠭᠡ ᠣᠩᠭᠤᠴᠠ ᠶᠢᠨ ᠭᠠᠶᠢᠯᠢ ᠳᠤ ᠲᠣᠬᠢᠷᠠᠬᠤ ᠭᠠᠶᠢᠯᠢ ᠶᠢᠨ ᠲᠤᠭ᠎ᠠ ᠶᠢ ᠣᠲᠣ ᠶᠢᠨ | ᠬᠡᠷᠡᠭᠵᠢᠭᠦᠯᠵᠦ ᠪᠠᠶᠢᠭ᠎ᠠ ᠲᠡᠷᠭᠡ ᠣᠩᠭᠤᠴᠠ ᠶᠢᠨ ᠭᠠᠶᠢᠯᠢ ᠳᠤ ᠲᠣᠬᠢᠷᠠᠬᠤ ᠭᠠᠶᠢᠯᠢ ᠶᠢᠨ ᠲᠤᠭ᠎ᠠ ᠶᠢᠨ 50% ᠪᠠᠷ | ᠲᠠᠲᠠᠪᠤᠷᠢᠯᠠᠨ᠎ᠠ᠃︵ᠬᠠᠷᠢᠭᠤᠴᠠᠯᠭᠠᠲᠤ ᠨᠢᠭᠡᠴᠡ᠄ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ︶ | 111. ᠬᠤᠲᠠ ᠶᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠶᠢᠨ ᠨᠡᠪᠲᠡᠷᠡᠬᠦ ᠳᠤ ᠲᠥᠬᠦᠮ | ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ᠂ | ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ᠂ ᠬᠥᠯᠳᠡᠭᠡᠵᠦ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ | ᠪᠦᠲᠦᠭᠡᠭᠳᠡᠬᠦᠨ᠂ ᠰᠢᠤᠳᠠᠨ ᠢᠶᠠᠷ ᠢᠯᠡᠭᠡᠬᠦ ᠵᠡᠷᠭᠡ ᠠᠷᠠᠳ ᠤᠨ ᠠᠮᠢᠳᠤᠷᠠᠯ ᠳᠤ ᠬᠤᠯᠪᠣᠭᠳᠠᠬᠤ ᠡᠳ᠋ ᠪᠠᠷᠠᠭ᠎ᠠ ᠶᠢ | ᠲᠡᠭᠡᠭᠡᠪᠦᠷᠢᠯᠡᠬᠦ ᠰᠢᠨ᠎ᠡ ᠡᠨᠧᠷᠭᠢ ᠪᠠ ᠴᠡᠪᠡᠷ ᠡᠨᠧᠷᠭᠢ ᠶᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠳᠤ ᠤᠷᠢᠳᠠᠪᠠᠷ | ᠨᠡᠪᠲᠡᠷᠡᠬᠦ ᠡᠷᠬᠡ ᠣᠯᠭᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶ | ︵ᠬᠤᠶᠠᠷ︶ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ | 112. ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠪᠠᠶᠢᠳᠠᠯ ᠳᠣᠣᠷ᠎ᠠ᠂ ᠠᠵᠤ ᠠᠬᠤᠶᠢᠯᠠᠯ ᠤᠨ ᠬᠠᠷᠢᠶ᠎ᠠ | ᠭᠠᠵᠠᠷ ᠤᠨ ᠪᠣᠭᠤᠮᠲᠠ ᠳᠤ ︽ᠮᠡᠳᠡᠭᠦᠯᠬᠦ᠂ ᠪᠠᠶᠢᠴᠠᠭᠠᠨ ᠰᠢᠯᠭᠠᠬᠤ᠂ ᠲᠠᠯᠪᠢᠵᠤ ᠶᠠᠪᠤᠭᠤᠯᠬᠤ︾ ᠶᠢ ᠪᠡᠶᠡᠯᠡᠭᠦᠯᠵᠦ᠂ | ᠠᠭᠠᠷ ᠤᠨ ᠲᠡᠭᠡᠭᠡᠪᠦᠷᠢ ᠶᠢᠨ ᠲᠦᠷᠭᠡᠨ ᠬᠦᠷᠭᠡᠬᠦ ᠵᠦᠢᠯ ᠤᠨ RCEP ︽6 ᠴᠠᠭ ᠤᠨ ᠪᠣᠭᠤᠮᠲᠠ ᠪᠠᠷ ᠥᠩᠭᠡᠷᠡᠬᠦ | ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠬᠥᠬᠡᠬᠤᠲᠠ ᠪᠣᠭᠤᠮᠲᠠ︶ | 113. ᠤᠯᠤᠰ ᠤᠨ ᠲᠡᠮᠦᠷ ᠵᠠᠮ ᠤᠨ ᠪᠦᠯᠦᠭᠯᠡᠯ ᠤᠨ ᠥᠪᠥᠷ ᠮᠣᠩᠭᠤᠯ ᠤᠨ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠲᠥᠯᠥᠪᠯᠡᠭᠡ ᠶᠢ ᠨᠡᠮᠡᠭᠳᠡᠭᠦᠯᠬᠦ ᠪᠠᠷ ᠢᠳᠡᠪᠬᠢᠲᠡᠢ | ᠴᠢᠷᠮᠠᠶᠢᠵᠤ᠂ ᠠᠶᠠᠯᠠᠯ ᠤᠨ ᠵᠠᠮ ᠱᠤᠭᠤᠮ ᠢ ᠨᠡᠮᠡᠭᠳᠡᠭᠦᠯᠬᠦ ᠶᠢ ᠵᠣᠷᠢᠭᠵᠢᠭᠤᠯᠤᠨ ᠳᠡᠮᠵᠢᠨ᠎ᠡ᠃ᠪᠣᠭᠤᠮᠲᠠ ᠪᠠᠷ | ᠥᠩᠭᠡᠷᠡᠬᠦ᠂ ᠲᠡᠮᠦᠷ ᠵᠠᠮ ᠢᠶᠠᠷ ᠠᠵᠢᠯᠯᠠᠬᠤ ᠵᠡᠷᠭᠡ ᠲᠠᠯ᠎ᠠ ᠪᠠᠷ ᠵᠠᠮ ᠤᠨ ᠠᠵᠤ ᠠᠬᠤᠶᠢᠯᠠᠯ ᠤᠨ ᠬᠠᠮᠵᠢᠯᠴᠠᠬᠤ | ᠲᠣᠭᠲᠠᠴᠠ ᠶᠢ ᠪᠠᠶᠢᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠳᠤᠮᠳᠠᠳᠤ ᠤᠯᠤᠰ ᠤᠨ ᠲᠡᠮᠦᠷ ᠵᠠᠮ ᠤᠨ | ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠣᠭᠤᠮᠲᠠ ᠶᠢᠨ ᠠᠯᠪᠠᠨ ᠭᠡᠷ᠂ ᠬᠥᠬᠡᠬᠤᠲᠠ ᠪᠣᠭᠤᠮᠲᠠ᠂ | ᠮᠠᠨᠵᠤᠤᠷ ᠪᠣᠭᠤᠮᠲᠠ︶ | 114. ︽ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ | ᠠᠬᠢᠭᠤᠯᠬᠤ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠨ᠎ᠡ᠃︽ᠮᠦᠩᠭᠡ ᠰᠤᠪᠠᠭ ᠤᠨ ᠲᠦᠷᠪᠡᠨ | ᠭᠦᠢᠴᠡᠳᠭᠡᠬᠦ ᠭᠠᠵᠠᠷ︾ ᠤᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃︽ᠨᠢᠭᠡ ᠰᠦᠯᠵᠢᠶ᠎ᠡ ᠪᠠᠷ ᠨᠡᠶᠢᠳᠡᠮ | ᠰᠢᠢᠳᠪᠦᠷᠢᠯᠡᠬᠦ︾ 2.0 ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠠᠵᠤ ᠠᠬᠤᠶᠢᠯᠠᠯ ᠨᠡᠭᠡᠭᠡᠨ ᠡᠷᠬᠢᠯᠡᠬᠦ᠂ | ᠡᠵᠡᠩᠨᠡᠯᠲᠡ ᠶᠢᠨ ᠵᠥᠪᠰᠢᠶᠡᠷᠡᠯ ᠵᠡᠷᠭᠡ ᠥᠨᠳᠥᠷ ᠳᠠᠪᠲᠠᠮᠵᠢᠲᠤ ᠵᠦᠢᠯᠡᠰ ᠢ ︽ᠨᠢᠭᠡ ᠯᠡ ᠤᠳᠠᠭ᠎ᠠ ᠳᠤ ᠰᠢᠢᠳᠪᠦᠷᠢᠯᠡᠬᠦ︾ | ᠂ ︽ᠠᠯᠠᠭᠠᠨ ᠳᠡᠭᠡᠷ᠎ᠡ ᠠᠴᠠ ᠰᠢᠢᠳᠪᠦᠷᠢᠯᠡᠬᠦ︾᠂ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 115. ᠭᠤᠣᠯᠳᠠᠯᠭ᠎ᠠ ᠲᠠᠢ ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ | ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠠᠵᠤ ᠠᠬᠤᠶᠢᠯᠠᠯ ᠳᠤ ᠨᠠᠷᠢᠯᠢᠭ ᠣᠨᠣᠴᠠᠲᠠᠢ ᠪᠠᠷ ᠣᠷᠣᠯᠠᠨ ᠭᠦᠢᠴᠡᠳᠬᠡᠬᠦ | ᠂ ᠳᠣᠲᠣᠨᠣ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | 116. ᠳᠠᠶᠢᠴᠢᠯᠠᠬᠤ ᠬᠦᠴᠦᠨ ᠢᠶᠠᠷ ᠴᠢᠩᠭ᠎ᠠ ᠭᠤᠣᠯᠳᠠᠯᠭ᠎ᠠ ᠲᠠᠢ ᠠᠵᠤ ᠠᠬᠤᠶᠢᠯᠠᠯ ᠳᠤ | ᠬᠡᠮᠵᠢᠯᠲᠡ ᠶᠢᠨ ᠮᠡᠷᠭᠡᠵᠢᠯ ᠤᠨ ᠰᠤᠳᠤᠯᠭᠠᠨ᠂ ᠪᠠᠷᠢᠮᠵᠢᠶ᠎ᠠ ᠲᠣᠭᠲᠠᠭᠠᠵᠤ ᠵᠠᠰᠠᠪᠤᠷᠢ ᠣᠷᠣᠭᠤᠯᠬᠤ᠂ ᠰᠢᠯᠭᠠᠨ | ᠪᠠᠶᠢᠴᠠᠭᠠᠵᠤ ᠪᠠᠶᠢᠴᠠᠭᠠᠨ ᠰᠢᠨᠵᠢᠬᠦ᠂ ᠶᠠᠰᠤ ᠴᠢᠨᠠᠷ ᠤᠨ ᠪᠣᠭᠤᠮᠲᠠ ᠰᠢᠪᠲᠤᠯᠬᠤ᠂ ᠰᠢᠨ᠎ᠡ ᠶᠢ ᠡᠭᠦᠳᠦᠨ ᠰᠤᠳᠤᠯᠤᠨ | ᠨᠡᠭᠡᠭᠡᠬᠦ ᠵᠡᠷᠭᠡ ᠶᠠᠰᠤ ᠴᠢᠨᠠᠷ ᠢ ᠳᠡᠭᠡᠭᠰᠢᠯᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠢ ᠥᠷᠨᠢᠭᠦᠯᠦᠨ᠎ᠡ᠃ ︽ | ᠮᠣᠩᠭᠤᠯ ᠤᠨ ᠪᠠᠶᠢᠴᠠᠭᠠᠯᠲᠠ ᠶᠢᠨ ᠰᠦᠯᠵᠢᠶᠡᠨ ᠳᠡᠭᠡᠷᠡᠬᠢ︾ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠵᠦ᠂ | ᠡᠵᠡᠩᠨᠡᠯᠲᠡ ᠶᠢᠨ ᠦᠨᠡᠮᠯᠡᠯ ᠤᠨ ︽ᠨᠢᠭᠡ ᠦᠨᠡᠮᠯᠡᠯ ᠳᠤ ᠨᠡᠪᠲᠡᠷᠡᠬᠦ︾ ᠶᠢ ᠤᠬᠠᠭᠤᠯᠤᠨ ᠳᠡᠯᠭᠡᠷᠡᠭᠦᠯᠬᠦ ᠶᠢ | ᠴᠢᠩᠭᠠᠳᠬᠠᠨ᠂ ᠠᠵᠤ ᠠᠬᠤᠶᠢᠯᠠᠯ ᠤᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠪᠠ ᠦᠨᠡᠨ ᠨᠡᠷ᠎ᠡ ᠪᠠᠷ ᠢᠶᠠᠨ | ᠭᠡᠷᠡᠴᠢᠯᠡᠬᠦ ᠶᠢ ᠪᠡᠶᠡᠯᠡᠭᠦᠯᠵᠦ᠂ ᠡᠯᠧᠺᠲᠷᠣᠨ ᠪᠡᠶ᠎ᠡ ᠶᠢᠨ ᠭᠠᠷᠤᠯ ᠤᠨ ᠭᠡᠷᠡᠴᠢᠯᠡᠯ ᠪᠠ ᠡᠯᠧᠺᠲᠷᠣᠨ ᠲᠠᠮᠠᠭ᠎ᠠ ᠶᠢ ᠪᠥᠬᠦ | ᠲᠠᠯ᠎ᠠ ᠪᠠᠷ ᠬᠡᠷᠡᠭᠯᠡᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 117. ᠠᠵᠤ ᠠᠬᠤᠶᠢᠯᠠᠯ ᠳᠤ ᠬᠤᠯᠪᠣᠭᠳᠠᠬᠤ ᠲᠣᠭᠲᠠᠭᠠᠯ ᠠᠴᠠ ᠵᠥᠷᠢᠴᠡᠨ ᠰᠦᠢᠳᠬᠡᠯ | ᠬᠤᠷᠢᠶᠠᠬᠤ ᠶᠢ ᠲᠤᠰᠬᠠᠶᠢᠯᠠᠨ ᠵᠠᠰᠠᠬᠤ ᠠᠵᠢᠯ ᠢ ᠥᠷᠨᠢᠭᠦᠯᠦᠨ᠎ᠡ᠃ᠠᠵᠢᠯ ᠲᠥᠷᠥᠯ ᠤᠨ ᠨᠡᠶᠢᠭᠡᠮᠯᠢᠭ ᠲᠤ | ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠵᠠᠰᠠᠭ | ᠵᠠᠬᠢᠷᠭᠠᠨ ᠤ ᠨᠠᠶᠢᠳᠠᠯᠭ᠎ᠠ ᠶᠢᠨ ᠵᠦᠢᠯᠡᠰ ᠢ ᠠᠰᠢᠭᠯᠠᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ᠂ ᠠᠵᠢᠯ | ᠲᠥᠷᠥᠯ ᠤᠨ ᠣᠨᠴᠠᠭᠠᠶ ᠪᠠᠶᠢᠷᠢ ᠰᠠᠭᠤᠷᠢ ᠶᠢ ᠠᠰᠢᠭᠯᠠᠨ ᠠᠯᠪᠠᠳᠠᠯᠭ᠎ᠠ ᠪᠠᠷ ᠰᠦᠢᠳᠬᠡᠯ ᠬᠤᠷᠢᠶᠠᠬᠤ ᠵᠡᠷᠭᠡ | ᠦᠶᠯᠡᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤ ᠴᠠᠬᠢᠯᠭᠠᠨ | ᠬᠡᠢ ᠳᠤᠯᠠᠭᠠᠯᠠᠭ᠎ᠠ ᠶᠢᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ | ᠤᠰᠤ ᠴᠠᠬᠢᠯᠭᠠᠨ ᠬᠠᠩᠭᠠᠬᠤ ᠬᠡᠢ ᠬᠠᠩᠭᠠᠬᠤ ᠳᠤᠯᠠᠭᠠᠯᠠᠭ᠎ᠠ ᠶᠢᠨ ᠢᠨᠵᠧᠨᠧᠷᠢᠩ ᠤᠨ ᠤᠭᠰᠠᠷᠠᠯᠲᠠ᠂ ᠰᠡᠯᠪᠢᠨ ᠵᠠᠰᠠᠬᠤ | ᠬᠦᠷᠢᠶᠡᠨ ᠤ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ | ᠲᠣᠭᠲᠠᠭᠠᠭᠰᠠᠨ ᠦᠨ᠎ᠡ ᠬᠠᠩᠰᠢ ᠪᠤᠶᠤ ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ ᠦᠨ᠎ᠡ ᠶᠢ ᠬᠡᠷᠡᠭᠵᠢᠭᠦᠯᠬᠦ | ᠦᠭᠡᠢ᠂ ᠵᠦᠢ ᠵᠣᠬᠢᠰ ᠦᠭᠡᠢ ᠰᠦᠢᠳᠬᠡᠯ ᠬᠤᠷᠢᠶᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠵᠦ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠨ ᠳᠠᠬᠢ ᠰᠦᠢᠳᠬᠡᠯ | ᠬᠤᠷᠢᠶᠠᠯᠲᠠ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠨᠢᠰᠬᠡᠯ ᠤᠨ ᠪᠠᠭᠤᠳᠠᠯ᠂ ᠵᠠᠰᠠᠮᠠᠯ ᠵᠠᠮ ᠤᠨ | ᠵᠠᠰᠠᠭ ᠤᠨ ᠣᠷᠳᠣᠨ ᠤ ᠵᠢᠯᠤᠭᠤᠳᠬᠤ ᠦᠨ᠎ᠡ ᠶᠢᠨ ᠬᠢᠵᠠᠭᠠᠷᠯᠠᠭᠰᠠᠨ ᠬᠡᠮᠵᠢᠶ᠎ᠡ ᠠᠴᠠ ᠬᠡᠲᠦᠷᠡᠭᠰᠡᠨ᠂ ᠰᠦᠢᠳᠬᠡᠯ | ᠪᠠᠭᠤᠷᠠᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠥᠯᠥ ᠨᠠᠶᠢᠳᠠᠪᠤᠷᠢᠵᠢᠭᠤᠯᠤᠭᠰᠠᠨ | ᠂ ᠠᠭᠤᠯᠤᠭᠳᠠᠬᠤᠨ ᠳᠤ ᠲᠥᠷᠥᠯ ᠵᠦᠢᠯ ᠤᠨ ᠳᠠᠪᠬᠤᠷ ᠰᠦᠢᠳᠬᠡᠯ ᠬᠤᠷᠢᠶᠠᠬᠤ ᠵᠡᠷᠭᠡ ᠦᠶᠯᠡ ᠠᠵᠢᠯᠯᠠᠭ᠎ᠠ ᠶᠢ | ᠪᠠᠶᠢᠴᠠᠭᠠᠨᠮᠥ᠋ᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠲᠣᠬᠢᠷᠠᠭᠤᠯᠭ᠎ᠠ ᠶᠢᠨ ᠭᠤᠭᠴᠤᠭ᠎ᠠ ᠪᠠ ᠲᠣᠭᠠᠴᠠᠭ᠎ᠠ | ᠬᠢᠬᠦ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠡᠯᠡᠯᠭᠡ ᠶᠢ ᠨᠡᠶᠢᠯᠡᠭᠦᠯᠦᠨ ᠠᠯᠪᠠᠳᠠᠯᠭ᠎ᠠ ᠪᠠᠷ ᠰᠦᠢᠳᠬᠡᠯ | ᠬᠤᠷᠢᠶᠠᠬᠤ᠂ ᠵᠠᠪᠰᠠᠷ ᠤᠨ ᠲᠤᠬᠠᠶᠢᠯᠠᠭᠰᠠᠨ ᠠᠵᠢᠯ ᠳᠤ ᠵᠥᠪᠬᠡᠨ ᠰᠦᠢᠳᠬᠡᠯ ᠬᠤᠷᠢᠶᠠᠬᠤ ᠠᠴᠠ ᠪᠢᠰᠢ ᠦᠢᠯᠡᠴᠢᠯᠡᠬᠦ | ᠦᠭᠡᠢ᠂ ᠲᠣᠭᠠᠴᠠᠭ᠎ᠠ ᠬᠢᠬᠦ ᠭᠠᠷ ᠭᠦᠢᠴᠡᠳᠬᠡᠯ ᠤᠨ ᠰᠦᠢᠳᠬᠡᠯ ᠢ ᠬᠠᠰᠤᠵᠤ ᠬᠡᠯᠲᠦᠷᠢᠭᠦᠯᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠦᠭᠡᠢ ᠵᠡᠷᠭᠡ ᠦᠶᠯᠡ ᠠᠵᠢᠯᠯᠠᠭ᠎ᠠ ᠶᠢ ᠭᠤᠣᠯᠳᠠᠯᠭ᠎ᠠ ᠲᠠᠢ︵ᠬᠠᠷᠢᠭᠤᠴᠠᠯᠭᠠᠲᠤ | ᠨᠢᠭᠡᠴᠡ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 118. ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠷᠠᠭᠤᠯᠤᠨ᠎ᠠ᠃ ᠵᠠᠬ᠎ᠠ | ᠳᠡᠯᠭᠡᠭᠦᠷ ᠤᠨ ᠠᠵᠤ ᠠᠬᠤᠢ ᠶᠢᠨ ᠠᠵᠢᠯᠯᠠᠭ᠎ᠠ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠷᠤᠯᠴᠠᠬᠤ ᠶᠢ | ᠭᠠᠳᠠᠭᠤᠷᠴᠢᠯᠠᠬᠤ᠂ ᠬᠠᠷᠰᠢᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠢᠯᠭᠠᠷᠠᠭᠤᠯᠤᠨ ᠬᠦᠴᠦᠨ | ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠬᠠᠮᠢᠶ᠎ᠠ | ᠪᠦᠬᠦᠢ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠭᠤᠥᠯᠴᠢ ᠥᠷᠢᠰᠦᠯᠳᠦᠭᠡᠨ ᠤ ᠬᠢᠨᠠᠨ | ᠪᠠᠶᠢᠴᠠᠭᠠᠯᠲᠠ ᠶᠢᠨ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︵ | ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ︶ | ︵ᠭᠤᠷᠪᠠ︶ ᠣᠷᠣᠨ ᠨᠤᠲᠤᠭ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | 119. ᠡᠯ᠎ᠡ ᠭᠠᠵᠠᠷ ᠣᠷᠣᠨ ᠤ ᠰᠲ᠋ᠣᠺ ᠤᠨ ᠡᠷᠬᠡ ᠶᠢᠨ ᠬᠤᠪᠢᠶᠠᠷᠢᠯᠠᠯᠲᠠ᠂ ᠭᠠᠶᠢᠯᠢ ᠲᠠᠲᠠᠪᠤᠷᠢ ᠶᠢᠨ | ᠬᠤᠪᠢᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠬᠤᠯᠠ ᠶᠡᠭᠡ ᠲᠥᠷᠥᠯ ᠵᠦᠢᠯ ᠢ ᠬᠠᠮᠲᠤᠷᠠᠨ ᠬᠠᠮᠲᠤᠪᠠᠷ | ᠪᠠᠶᠢᠭᠤᠯᠬᠤ ᠶᠢ ᠵᠣᠷᠢᠭᠵᠢᠭᠤᠯᠵᠤ᠂ ︽ᠨᠢᠰᠦᠭᠡ ᠭᠠᠵᠠᠷ ᠤᠨ ᠠᠵᠤ ᠠᠬᠤᠢ︾ ᠶᠢᠨ ᠬᠥᠭᠵᠢᠯᠲᠡ ᠶᠢ ᠳᠡᠮᠵᠢᠵᠦ᠂ | ᠬᠤᠳᠠᠯᠳᠤᠨ ᠠᠪᠬᠤ ᠬᠡᠪᠴᠢᠶ᠎ᠡ ᠶᠣᠰᠣᠭᠠᠷ᠂ ᠦᠢᠯᠡᠳᠬᠦᠨ ᠤ ᠥᠷᠲᠡᠭ᠂ ᠪᠡᠯᠡ ᠣᠷᠣᠭᠤᠯᠤᠯᠲᠠ᠂ ᠭᠠᠶᠢᠯᠢ | ᠲᠠᠲᠠᠪᠤᠷᠢ ᠵᠡᠷᠭᠡ ᠠᠵᠤ ᠠᠬᠤᠢ ᠶᠢᠨ ᠭᠦᠢᠴᠡᠳᠬᠡᠯ ᠲᠤᠭ᠎ᠠ ᠳᠤ ᠦᠢᠯᠡᠳᠪᠦᠷᠢᠯᠡᠯ ᠪᠣᠷᠤᠯᠠᠭᠤᠯᠭ᠎ᠠ ᠬᠤᠶᠠᠷ ᠭᠠᠵᠠᠷ ᠲᠤ | ᠬᠤᠪᠢᠳᠠᠨ ᠲᠣᠭᠠᠴᠠᠭ᠎ᠠ ᠬᠢᠨ᠎ᠡ᠃ ᠲᠡᠷᠢᠭᠦᠨ ᠤ ᠦᠶᠯᠡᠳᠬᠦ ᠦᠢᠯᠡᠰ ᠲᠥᠪᠯᠡᠷᠡᠭᠰᠡᠨ ᠣᠷᠣᠨ ᠳᠤ ᠬᠤᠴᠣᠷᠤᠭᠰᠠᠨ | ᠲᠥᠷᠥᠯ ᠵᠦᠢᠯ ᠳᠤ ᠲᠥᠪᠯᠡᠷᠡᠭᠰᠡᠨ ᠣᠷᠣᠨ ᠤ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠲᠥᠰᠥᠯ ᠪᠠ | ᠲᠥᠷᠥ ᠶᠢᠨ ᠪᠣᠳᠣᠯᠭ᠎ᠠ ᠶᠢᠨ ᠶᠣᠰᠣᠭᠠᠷ ᠨᠠᠶᠢᠳᠠᠪᠤᠷᠢᠵᠢᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ | ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ︶ | 120. ᠡᠯ᠎ᠡ ᠠᠶᠢᠮᠠᠭ ᠬᠤᠲᠠ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠦᠨᠡᠯᠡᠨ ᠵᠢᠱᠢᠬᠦ ᠶᠢ | ᠰᠢᠯᠢᠳᠡᠭᠵᠢᠭᠦᠯᠬᠦ ᠪᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠪᠠᠶᠢᠳᠠᠯ ᠢ | ᠦᠨᠳᠦᠰᠦᠯᠡᠨ᠂ ᠡᠮᠦᠨ᠎ᠡ ᠵᠢᠭᠰᠠᠭᠠᠭᠳᠠᠭᠰᠠᠨ ᠠᠶᠢᠮᠠᠭ ᠬᠤᠲᠠ ᠳᠤ ᠥᠪᠡᠷᠲᠡᠭᠡᠨ ᠵᠠᠰᠠᠬᠤ ᠣᠷᠣᠨ ᠤ ᠦᠨᠳᠦᠰᠦᠨ | ᠪᠦᠲᠦᠭᠡᠨ ᠪᠠᠶᠢᠭᠤᠯᠤᠯᠲᠠ ᠶᠢᠨ ᠲᠥᠰᠥᠪ ᠤᠨ ᠪᠡᠯᠡ ᠮᠥᠩᠭᠦ ᠶᠢ ᠲᠣᠬᠢᠷᠠᠭᠤᠯᠬᠤ ᠦᠶ᠎ᠡ ᠳᠤ ᠬᠠᠷᠠᠭᠠᠯᠵᠠᠯ | ᠦᠵᠡᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︶ |