ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/13
         3 ᠰᠠᠷ᠎ᠠ ᠶᠢᠨ 10 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠬᠢᠵᠦ᠂ ᠳᠡᠳ᠋ ᠬᠤᠰᠢᠭᠤᠨ ᠳᠠᠷᠤᠭ᠎ᠠ ᠴᠢᠦᠢ ᠯᠢ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠴᠠᠬᠢᠯᠭᠠᠨ ᠬᠦᠴᠦᠨ ᠤ ᠺᠣᠮᠫᠠᠨᠢ᠂ ᠶᠦᠨ ᠸᠧᠢ ᠺᠣᠮᠫᠠᠨᠢ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤ ᠶᠢᠨ ᠳᠠᠷᠤᠭ᠎ᠠ ᠬᠤᠷᠠᠯ ᠳᠤ ᠣᠷᠣᠯᠴᠠᠵᠠᠢ᠃
         ᠬᠤᠷᠠᠯ ᠠᠴᠠ ᠵᠢᠭᠠᠵᠤ ᠭᠠᠷᠭᠠᠭᠰᠠᠨ ᠨᠢ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ  ᠶᠢ ᠪᠦᠬᠦ ᠲᠠᠯ᠎ᠠ  ᠪᠠᠷ ᠠᠬᠢᠭᠤᠯᠵᠤ᠂ ᠰᠢ ᠶᠢᠨ ᠫᠢᠩ  ᠤ ᠶᠡᠷᠦᠩᠬᠡᠢ ᠱᠦᠵᠢ ᠶᠢᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ᠤᠰᠤ ᠵᠠᠰᠠᠬᠤ ᠰᠡᠳᠬᠢᠴᠡ ᠶᠢ ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠂ ᠮᠥᠨᠴᠦ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠤᠰᠤᠨ ᠤ ᠡᠬᠢ ᠪᠠᠶᠠᠯᠢᠭ ᠤᠨ ᠳᠠᠭᠠᠭᠠᠴᠠ ᠶᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠵᠠᠮ ᠪᠣᠯᠣᠨ᠎ᠠ᠂ ᠨᠡᠩ ᠴᠤ ᠦᠨ᠎ᠡ ᠬᠠᠩᠰᠢ ᠶᠢᠨ ᠬᠥᠰᠢᠭᠦᠷᠭᠡ ᠶᠢ ᠠᠰᠢᠭᠯᠠᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠥᠪᠡᠷ ᠤᠨ ᠦᠷᠳᠡᠭ ᠢ ᠠᠵᠤ ᠠᠬᠤᠢ ᠶᠢᠨ ᠠᠵᠢᠯᠯᠠᠭᠠᠨ ᠤ ᠥᠪᠡᠷ ᠤᠨ ᠦᠷᠳᠡᠭ ᠲᠤ ᠣᠷᠣᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠡᠯ᠎ᠡ ᠰᠤᠮᠤ ᠰᠢᠶᠠᠩ ᠪᠠᠯᠭᠠᠰᠤ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ᠪᠣᠳᠠᠲᠠᠢ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃          ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠰᠢᠶᠠᠩ ᠪᠠᠯᠭᠠᠰᠤ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠤᠣᠯᠳᠠᠯᠭ᠎ᠠ ᠲᠠᠢ ᠪᠠᠷ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠬᠡᠷᠬᠢᠨ ᠬᠠᠮᠢᠶᠠᠷᠬᠤ᠂ ᠬᠡᠨ ᠬᠠᠮᠢᠶᠠᠷᠬᠤ ᠠᠰᠠᠭᠤᠳᠠᠯ ᠤᠨ ᠲᠣᠭᠤᠷᠢᠨ ᠳᠤ᠂ ᠲᠤᠰᠬᠠᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠤᠰᠬᠠᠢ ᠬᠥᠮᠥᠨ ᠲᠣᠬᠢᠷᠠᠭᠤᠯᠵᠤ᠂ ᠲᠤᠰᠬᠠᠢ ᠵᠣᠭᠤᠰ ᠢ ᠴᠢᠩᠭ᠎ᠠ ᠬᠠᠮᠢᠶᠠᠷᠴᠤ᠂ ᠪᠥᠬᠦ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠴᠢᠨᠠᠷ ᠴᠢᠨᠰᠠᠭ᠎ᠠ ᠶᠢ ᠪᠠᠲᠤᠯᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠠᠮᠵᠢᠯᠴᠠᠨ ᠬᠠᠮᠵᠢᠯᠴᠠᠬᠤ ᠶᠢ ᠴᠢᠩᠭᠠᠷᠠᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ᠃ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ᠡᠯ᠎ᠡ ᠰᠤᠮᠤ ᠰᠢᠶᠠᠩ ᠪᠠᠯᠭᠠᠰᠤ ᠨᠤᠭᠤᠳ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠤᠰᠤ ᠬᠡᠷᠡᠭᠯᠡᠬᠦ ᠡᠷᠦᠬᠡ ᠳᠤ ᠥᠭᠡᠷᠡᠴᠢᠯᠡᠯᠲᠡ ᠶᠢᠨ ᠠᠭᠤᠯᠭ᠎ᠠ ᠶᠢ ᠭᠦᠢᠴᠡᠳ ᠣᠶᠢᠯᠠᠭᠠᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠣᠶᠢᠯᠠᠭᠠᠭᠤᠯᠵᠤ᠂ ᠥᠭᠡᠷᠡᠴᠢᠯᠡᠯᠲᠡ ᠶᠢᠨ ᠠᠵᠢᠯ ᠢ ᠬᠦᠷᠢᠶᠡᠯᠡᠨ ᠳᠡᠮᠵᠢᠵᠦ᠂ ᠥᠭᠡᠷᠡᠴᠢᠯᠡᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠪᠠᠶᠢᠴᠠᠭᠠᠨ ᠵᠢᠯᠤᠭᠤᠳᠬᠤ ᠪᠠᠨ ᠴᠢᠩᠭᠠᠳᠬᠠᠵᠤ᠂ ᠬᠤᠰᠢᠭᠤᠨ ᠤᠰᠤᠨ ᠠᠰᠢᠭᠯᠠᠯᠲᠠ ᠶᠢᠨ ᠲᠣᠪᠴᠢᠶ᠎ᠠ ᠬᠢᠨᠠᠨ ᠵᠢᠯᠤᠭᠤᠳᠴᠤ ᠵᠢᠯᠤᠭᠤᠳᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠡᠯ᠎ᠡ ᠰᠤᠮᠤ ᠰᠢᠶᠠᠩ ᠪᠠᠯᠭᠠᠰᠤ ᠲᠠᠢ ᠬᠠᠮᠲᠤᠷᠠᠨ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠲᠣᠭᠲᠠᠴᠠ᠂ ᠨᠠᠷᠢᠯᠢᠭ ᠣᠨᠣᠴᠠᠲᠠᠢ ᠪᠠᠷ ᠨᠥᠬᠦᠪᠦᠷᠢ ᠥᠭᠬᠦ ᠪᠠ ᠤᠰᠤ ᠠᠷᠪᠢᠯᠠᠬᠤ ᠶᠢ ᠱᠠᠩᠨᠠᠬᠤ ᠲᠣᠭᠲᠠᠴᠠ ᠵᠢᠴᠢ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号