ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ ᠬᠠᠮᠢᠶ᠎ᠠ | ᠪᠦᠬᠦᠢ ᠨᠢᠭᠡᠴᠡ ᠳᠤ᠄ | ᠪᠥᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ | ᠂ ᠠᠮᠢ ᠠᠬᠤᠢ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠬᠠᠮᠠᠭᠠᠯᠠᠬᠤ ᠶᠢᠨ ᠲᠤᠰᠠᠳᠠ᠂ ᠤᠯᠠᠭᠠᠨᠴᠠᠪ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠤ | ᠴᠢᠩᠭ᠎ᠠ ᠰᠡᠷᠭᠡᠶᠢᠯᠡᠯᠲᠡ ᠶᠠᠪᠤᠭᠤᠯᠵᠤ ᠭᠠᠯ ᠰᠡᠷᠭᠡᠶᠢᠯᠡᠬᠦ ᠵᠠᠷᠯᠢᠭ ᠢ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ | ᠬᠤᠰᠢᠭᠤᠨ ᠤ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠬᠤ ᠪᠠᠷ ᠳᠡᠮᠵᠢᠨ᠂ ᠪᠥᠬᠦ ᠬᠤᠰᠢᠭᠤᠨ ᠤ ᠣᠶ | ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠣᠷᠣᠨ ᠳᠤ ᠴᠢᠩᠭ᠎ᠠ ᠰᠡᠷᠭᠡᠶᠢᠯᠡᠯᠲᠡ ᠶᠠᠪᠤᠭᠤᠯᠵᠤ ᠭᠠᠯ | ᠰᠡᠷᠭᠡᠶᠢᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠨᠴᠠᠭᠠᠶᠢᠯᠠᠨ ᠳᠣᠣᠷᠠᠬᠢ ᠮᠡᠲᠦ ᠵᠠᠷᠯᠢᠭ ᠨᠡᠶᠢᠲᠡᠯᠡᠪᠡ᠄ | ᠨᠢᠭᠡ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ | 2023 ᠣᠨ ᠤ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ᠂ 9 ᠰᠠᠷ᠎ᠠ ᠶᠢᠨ | 15 ᠤ ᠡᠳᠦᠷ ᠠᠴᠠ ᠳᠠᠷᠠᠭ᠎ᠠ ᠵᠢᠯ ᠤᠨ 3ᠰᠠᠷ᠎ᠠ ᠶᠢᠨ 15 ᠤ ᠡᠳᠦᠷ | ᠬᠤᠶᠠᠷ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ | ︵ᠨᠢᠭᠡ︶ ᠪᠥᠬᠦ ᠬᠤᠰᠢᠭᠤᠨ ᠤ ᠭᠤᠣᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠪᠦᠰᠡ᠄ ᠬᠤᠨᠢᠨ | ᠳᠠᠯᠠᠢ ᠶᠢᠨ ᠠᠮᠢ ᠠᠬᠤᠢ ᠶᠢᠨ ᠬᠦᠷᠢᠶᠡᠯᠡᠩ᠂ ᠪᠠᠶᠠᠨᠠᠭᠤᠯᠠ ᠶᠢᠨ ᠠᠮᠢ ᠠᠬᠤᠢ ᠶᠢᠨ ᠬᠦᠷᠢᠶᠡᠯᠡᠩ᠂ ᠤᠪᠤᠲᠤ ᠶᠢᠨ | ᠰᠠᠪᠠ ᠭᠠᠵᠠᠷ᠂ ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ | ᠠᠷᠠᠰᠤ ᠨᠣᠣᠰᠣ ᠨᠣᠯᠤᠤᠷ ᠮᠢᠬᠠᠨ ᠤ ᠬᠦᠷᠢᠶᠡᠯᠡᠩ ᠲᠣᠭᠤᠷᠢᠭ᠂ ᠠᠯᠲᠠᠨ ᠨᠡᠷᠡᠨ ᠠᠮᠢ ᠠᠬᠤᠢ ᠶᠢᠨ ᠣᠷᠣᠨ | ᠲᠣᠭᠤᠷᠢᠭ᠂ ᠠᠭᠤᠢ ᠶᠢᠨ ᠰᠦᠮ᠎ᠡ ᠶᠢᠨ ᠡᠷᠬᠢᠨ ᠲᠣᠭᠤᠷᠢᠨ᠂ ᠪᠠᠷᠠᠭᠤᠨ ᠠᠭᠤᠯᠠ ᠶᠢᠨ ᠪᠤᠩᠬᠤᠨ ᠤ ᠬᠦᠷᠢᠶᠡᠯᠡᠩ᠂ | ᠲᠡᠮᠤᠷᠲᠠᠢ ᠶᠢᠨ ᠣᠶ ᠰᠢᠭᠤᠢ ᠶᠢᠨ ᠲᠠᠯᠠᠪᠠᠶ᠂ ᠳ᠋ᠠ ᠯᠢᠦ ᠬᠤᠣ ᠵᠤᠯᠵᠠᠭ᠎ᠠ ᠮᠣᠳᠣᠨ ᠤ ᠬᠦᠷᠢᠶᠡᠯᠡᠩ᠂ ᠴᠠᠭᠠᠨ | ᠬᠠᠰᠢᠶᠠᠨ ᠤ ᠬᠦᠷᠢᠶᠡᠯᠡᠩ ᠤᠨ ᠭᠤᠣᠯᠳᠠᠯᠭ᠎ᠠ ᠲᠠᠢ ᠨᠣᠭᠤᠭᠠᠷᠠᠭᠤᠯᠤᠯᠲᠠ ᠶᠢᠨ ᠣᠷᠣᠨ ᠪᠦᠰᠡ᠂ ᠤᠯᠤᠰ ᠤᠨ ᠵᠠᠮ᠂ | ᠲᠦᠷᠭᠡᠨ ᠳᠠᠪᠬᠢᠬᠤ ᠵᠠᠰᠠᠮᠠᠯ ᠵᠠᠮ᠂ ᠲᠡᠮᠦᠷ ᠵᠠᠮ ᠳᠠᠭᠠᠤ ᠶᠢᠨ ᠨᠣᠭᠤᠭᠠᠷᠠᠭᠤᠯᠤᠯᠲᠠ ᠶᠢᠨ ᠪᠦᠰᠡ ᠶᠢᠨ ᠱᠤᠭᠤᠮ | ᠵᠡᠷᠭᠡ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠲᠣᠭᠤᠷᠢᠭ᠃ | ︵ᠬᠤᠶᠠᠷ︶ ᠭᠠᠯ ᠰᠡᠷᠭᠡᠶᠢᠯᠡᠬᠦ ᠪᠤᠰᠤᠳ ᠣᠷᠣᠨ᠃ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠨᠤᠭᠤᠳ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠢᠶᠠᠨ ᠦᠨᠳᠦᠰᠦᠯᠡᠨ ᠬᠤᠪᠢᠶᠠᠷᠢᠯᠠᠵᠤ᠂ | ᠡᠯ᠎ᠡ ᠬᠠᠷᠢᠶ᠎ᠠ ᠨᠢᠭᠡᠴᠡ ᠨᠦᠭᠦᠳ ᠭᠠᠯ ᠰᠡᠷᠭᠡᠶᠢᠯᠡᠯᠲᠡ ᠶᠢᠨ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠲᠤ | ᠤᠷᠢᠳᠴᠢᠯᠠᠨ ᠣᠷᠣᠬᠤ ᠪᠤᠶᠤ ᠬᠤᠶᠢᠰᠢᠯᠠᠭᠤᠯᠤᠨ ᠳᠠᠭᠤᠰᠬᠠᠵᠤ ᠪᠣᠯᠣᠨ᠎ᠠ᠃ | ᠭᠤᠷᠪᠠ᠂ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠠᠬᠢ ᠣᠶ ᠰᠢᠭᠤᠢ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠪᠣᠳᠠᠲᠠᠢ ᠠᠷᠭ᠎ᠠ ᠬᠡᠮᠵᠢᠶ᠎ᠡ | 1. ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠣᠷᠣᠨ ᠳᠤ ᠠᠲᠠᠷ | ᠬᠠᠭᠠᠯᠪᠤᠷᠢᠯᠠᠬᠤ᠂ ᠭᠤᠤᠷᠰᠤ ᠰᠢᠲᠠᠭᠠᠬᠤ᠂ ᠭᠠᠯ ᠨᠣᠴᠣᠭᠠᠵᠤ ᠳᠤᠯᠠᠭᠠᠯᠠᠬᠤ᠂ ᠪᠤᠯᠠᠰᠢᠨ ᠳᠤ ᠭᠠᠷᠭᠠᠵᠤ ᠴᠠᠭᠠᠰᠤ | ᠰᠢᠲᠠᠭᠠᠬᠤ᠂ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ ᠵᠢᠴᠢ ᠬᠤᠸᠠᠷ ᠫᠤᠤᠵᠢᠩ ᠲᠠᠯᠪᠢᠬᠤ ᠵᠡᠷᠭᠡ ᠭᠠᠯ ᠬᠡᠷᠡᠭᠯᠡᠬᠦ | ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠶᠡᠬᠡᠲᠡᠢ ᠣᠷᠣᠨ ᠤ ᠰᠠᠭᠤᠭᠠᠯᠢ ᠠᠷᠠᠳ ᠤᠨ | ᠭᠠᠯ ᠢ ᠰᠡᠷᠭᠡᠶᠢᠯᠡᠵᠦ ᠭᠠᠯ ᠬᠡᠷᠡᠭᠯᠡᠬᠦ ᠵᠢᠴᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠵᠢᠭᠤᠯᠴᠢᠯᠠᠯ ᠤᠨ | ᠦᠵᠡᠮᠵᠢ ᠶᠢᠨ ᠣᠷᠣᠨ ᠤ ᠭᠠᠯ ᠬᠡᠷᠡᠭᠯᠡᠬᠦ ᠠᠮᠤᠷ ᠲᠦᠪᠰᠢᠨ ᠤ ᠠᠵᠢᠯ ᠢ ᠰᠠᠶᠢᠲᠤᠷ ᠬᠢᠨ᠎ᠡ᠃ᠤᠷᠢᠳᠤ ᠶᠢᠨ ᠬᠥᠮᠥᠰ | ᠢᠶᠠᠨ ᠳᠠᠭᠢᠵᠤ᠂ ᠮᠣᠳᠣ ᠳᠠᠷᠢᠬᠤ᠂ ᠴᠡᠴᠡᠭ ᠬᠦᠷᠭᠡᠬᠦ ᠵᠡᠷᠭᠡ ᠪᠣᠯᠪᠠᠰᠤᠨ ᠬᠡᠯᠪᠡᠷᠢ ᠪᠠᠷ ᠳᠠᠭᠢᠵᠤ᠂ ᠤᠯᠠᠮᠵᠢᠯᠠᠯᠲᠤ | ᠳᠠᠬᠢᠯᠭ᠎ᠠ ᠶᠢᠨ ᠮᠠᠭᠤ ᠳᠠᠳᠬᠠᠯ ᠢ ᠲᠠᠶᠠᠭᠳᠠᠳᠠᠭ᠃ | 2. ᠤᠬᠠᠭᠤᠯᠬᠤ ᠰᠠᠯᠠᠭ᠎ᠠ ᠮᠥᠴᠢᠷ᠂ ᠰᠣᠨᠢᠨ ᠮᠡᠳᠡᠭᠡᠨ ᠤ ᠵᠠᠭᠤᠴᠢᠯᠠᠭᠤᠷ᠂ ᠴᠢᠮᠡᠭᠡ ᠬᠤᠯᠪᠣᠭᠠᠨ ᠤ | ᠺᠣᠮᠫᠠᠨᠢ᠂ ᠰᠤᠷᠭᠠᠨ ᠬᠥᠮᠦᠵᠢᠯ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠵᠡᠷᠭᠡ ᠰᠠᠯᠠᠭ᠎ᠠ ᠮᠥᠴᠢᠷ ᠤᠳ ᠰᠠᠯᠠᠭ᠎ᠠ | ᠮᠥᠴᠢᠷ ᠤᠨ ᠢᠶᠠᠨ ᠳᠠᠪᠠᠭᠤᠯᠢᠭ ᠢ ᠪᠠᠳᠠᠷᠠᠭᠤᠯᠵᠤ᠂ ᠲᠤᠰᠬᠠᠢ ᠰᠡᠳᠦᠪᠲᠦ ᠫᠷᠣᠭ᠍ᠷᠠᠮ ᠡᠷᠭᠢᠯᠡᠬᠦ ᠠᠷᠭ᠎ᠠ ᠬᠡᠮᠵᠢᠶ᠎ᠡ | ᠠᠪᠴᠤ᠂ ᠤᠬᠠᠭᠤᠯᠭ᠎ᠠ ᠶᠢᠨ ᠲᠤᠰᠬᠠᠢ ᠪᠤᠯᠤᠩ ᠵᠣᠬᠢᠶᠠᠬᠤ᠂ ᠰᠡᠷᠡᠮᠵᠢᠯᠡᠭᠦᠯᠬᠦ ᠤᠷᠢᠶ᠎ᠠ ᠨᠠᠭᠠᠬᠤ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠪᠠ ᠭᠠᠯ ᠰᠡᠷᠭᠡᠶᠢᠯᠡᠬᠦ ᠬᠢᠴᠢᠶᠡᠯ ᠣᠷᠣᠬᠤ ᠵᠡᠷᠭᠡ ᠣᠯᠠᠨ ᠵᠦᠢᠯ ᠤᠨ ᠬᠡᠯᠪᠡᠷᠢ ᠪᠠᠷ ︽ᠣᠶ | ᠰᠢᠭᠤᠢ ᠶᠢᠨ ᠬᠠᠤᠯᠢ︾᠂ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾᠂ ︽ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠳᠦᠷᠢᠮ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵ᠰᠢᠨ᠎ᠡ ᠬᠡᠪᠯᠡᠯ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ | ᠪᠣᠯᠣᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠮᠡᠳᠡᠯᠭᠡ ᠶᠢ ᠶᠡᠭᠡ ᠪᠠᠷ ᠤᠬᠠᠭᠤᠯᠤᠨ ᠲᠦᠭᠡᠮᠡᠯᠵᠢᠭᠦᠯᠦᠨ᠎ᠡ᠃ ᠭᠠᠯ | ᠰᠡᠷᠭᠡᠶᠢᠯᠡᠬᠦ ᠤᠬᠠᠭᠤᠯᠭ᠎ᠠ ᠶᠢ ᠴᠥᠬᠦᠷᠡᠰᠢ ᠦᠭᠡᠢ ᠪᠠᠶᠢᠩᠭᠤ ᠠᠳᠬᠤᠵᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ | ᠠᠵᠢᠯᠯᠠᠭ᠎ᠠ ᠶᠢ ᠪᠠᠶᠢᠩᠭᠤᠵᠢᠭᠤᠯᠬᠤ ᠬᠡᠷᠡᠭᠲᠡᠢ᠃ ᠡᠭᠦᠨ ᠤ ᠵᠡᠷᠭᠡᠴᠡᠭᠡᠪᠡᠷ ᠨᠡᠶᠢᠲᠡᠯᠢᠭ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ᠂ ᠬᠡᠷᠡᠭ ᠤᠨ ᠵᠢᠱᠢᠶ᠎ᠡ ᠪᠠᠷ ᠬᠠᠤᠯᠢ ᠶᠢ ᠶᠠᠷᠢᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ | ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠰᠡᠷᠡᠮᠵᠢ ᠶᠢᠨ ᠬᠤᠩᠬᠤ ᠶᠢ ᠬᠡᠵᠢᠶᠡᠳᠡ ᠳᠤᠤᠭᠠᠷᠭᠠᠬᠤ ᠬᠡᠷᠡᠭᠲᠡᠢ᠃ | 3. ᠡᠯ᠎ᠡ ᠰᠤᠮᠤ ᠰᠢᠶᠠᠩ ᠪᠠᠯᠭᠠᠰᠤ᠂ ᠠᠵᠢᠯ ᠲᠥᠷᠥᠯ ᠤᠨ ᠰᠠᠯᠠᠭ᠎ᠠ ᠮᠥᠴᠢᠷ ᠤᠳ ᠤᠬᠠᠭᠤᠯᠭ᠎ᠠ | ᠬᠥᠮᠦᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠨᠢᠭᠡᠴᠡ᠂ ᠦᠢᠯᠡᠳᠪᠦᠷᠢ | ᠠᠭᠤᠷᠬᠠᠢ ᠶᠢᠨ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠠᠵᠢᠯᠲᠠᠨ ᠠᠵᠢᠯᠴᠢᠨ ᠢ | ᠬᠠᠷᠢᠭᠤᠴᠠᠭᠤᠯᠵᠤ᠂ ᠰᠤᠷᠭᠠᠭᠤᠯᠢ ᠪᠠᠷ ᠰᠣᠷᠣᠭᠴᠢ ᠶᠢ ᠬᠠᠷᠢᠭᠤᠴᠠᠭᠤᠯᠵᠤ᠂ ᠡᠯ᠎ᠡ ᠰᠤᠮᠤ ᠰᠢᠶᠠᠩ ᠪᠠᠯᠭᠠᠰᠤ ︵ | ᠬᠦᠷᠢᠶᠡᠯᠡᠩ ᠲᠣᠭᠤᠷᠢᠭ︶ ᠪᠠᠷ ᠲᠣᠰᠬᠤᠨ ᠤ ᠠᠷᠠᠳ ᠢ ᠬᠠᠷᠢᠭᠤᠴᠠᠭᠤᠯᠵᠤ᠂ ᠭᠠᠯ ᠰᠡᠷᠭᠡᠶᠢᠯᠡᠬᠦ ᠮᠡᠳᠡᠯᠭᠡ ᠶᠢ | ᠤᠬᠠᠭᠤᠯᠤᠨ ᠲᠦᠭᠡᠮᠡᠯᠵᠢᠭᠦᠯᠵᠦ᠂ ᠭᠠᠯ ᠰᠡᠷᠭᠡᠶᠢᠯᠡᠬᠦ ᠤᠬᠠᠭᠤᠯᠭ᠎ᠠ ᠶᠢ ᠨᠢᠭᠡᠴᠡ᠂ ᠨᠡᠶᠢᠭᠡᠮ ᠲᠣᠭᠤᠷᠢᠭ᠂ ᠬᠥᠳᠡᠭᠡ | ᠲᠣᠰᠬᠤᠨ᠂ ᠰᠤᠷᠭᠠᠭᠤᠯᠢ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢ ᠶᠢᠨ | ᠣᠷᠣᠨ ᠳᠤ ᠣᠷᠣᠭᠤᠯᠵᠤ᠂ ᠠᠷᠠᠳ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ | 4. ᠨᠠᠰᠤᠨ ᠳᠤ ᠥᠯᠥ ᠭᠦᠷᠦᠭᠰᠡᠳ ᠪᠠ ᠲᠡᠨᠡᠭ ᠮᠤᠩᠬᠠᠭ ᠬᠥᠮᠥᠰ ᠤᠨ ᠳᠠᠭᠠᠳᠬᠠᠯ ᠢ ᠳᠠᠭᠠᠭᠠᠴᠢᠯᠠᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠴᠠ | ᠪᠣᠯᠤᠭᠰᠠᠨ ᠬᠢᠨᠠᠨ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃ | 5. ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠣᠷᠣᠨ ᠤ ᠡᠯ᠎ᠡ ᠰᠤᠮᠤ ᠰᠢᠶᠠᠩ | ᠪᠠᠯᠭᠠᠰᠤ ︵ᠬᠦᠷᠢᠶᠡᠯᠡᠩ ᠲᠣᠭᠤᠷᠢᠭ︶᠂ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ᠂ ᠵᠤᠯᠵᠠᠭ᠎ᠠ | ᠮᠣᠳᠣᠨ ᠤ ᠬᠦᠷᠢᠶᠡᠯᠡᠩ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠭᠤᠣᠯᠳᠠᠯᠭ᠎ᠠ ᠲᠠᠢ ᠣᠷᠣᠨ | ᠪᠦᠰᠡ ᠶᠢᠨ ᠨᠣᠭᠤᠭᠠᠷᠠᠭᠤᠯᠤᠯᠲᠠ ᠶᠢᠨ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠳᠤ ︽ᠬᠡᠨ | ᠬᠠᠷᠢᠶᠠᠯᠠᠪᠠᠯ ᠲᠡᠷᠡ ᠬᠠᠷᠢᠭᠤᠴᠠᠬᠤ︾ ᠵᠠᠷᠴᠢᠮ ᠢ ᠬᠡᠷᠡᠭᠵᠢᠭᠦᠯᠦᠨ᠎ᠡ᠃ ᠴᠢᠬᠤᠯᠠ ᠲᠠᠢ ᠦᠶ᠎ᠡ ᠳᠤ ᠡᠯ᠎ᠡ ᠭᠤᠣᠯ | ᠵᠠᠮ ᠤᠨ ᠠᠭᠤᠯᠵᠠᠷ ᠲᠤ ᠲᠦᠷ ᠴᠠᠭ ᠤᠨ ᠪᠠᠶᠢᠴᠠᠭᠠᠬᠤ ᠦᠷᠳᠡᠭᠡ ᠪᠠᠶᠢᠭᠤᠯᠵᠤ ᠠᠭᠤᠯᠠ ᠶᠢ ᠪᠢᠲᠡᠭᠦᠮᠵᠢᠯᠡᠨ ᠭᠠᠯ ᠢ | ᠰᠡᠷᠭᠡᠶᠢᠯᠡᠬᠦ ᠶᠢ ᠬᠡᠷᠡᠭᠵᠢᠭᠦᠯᠵᠦ᠂ ᠰᠢᠭᠤᠶᠢᠲᠤ ᠣᠷᠣᠨ ᠳᠤ ᠣᠷᠣᠬᠤ ᠬᠥᠮᠥᠰ ᠪᠠ ᠲᠡᠷᠭᠡ ᠬᠥᠰᠬᠡ ᠶᠢ ᠴᠢᠩᠭ᠎ᠠ | ᠪᠠᠶᠢᠴᠠᠭᠠᠨ ᠳᠠᠩᠰᠠᠯᠠᠵᠤ᠂ ᠭᠠᠯ ᠤᠨ ᠲᠦᠷᠦᠯ ᠢ ᠰᠢᠭᠤᠶᠢᠲᠤ ᠣᠷᠣᠨ ᠳᠤ ᠠᠪᠴᠤ ᠣᠷᠣᠬᠤ ᠶᠢ ᠴᠢᠩᠭ᠎ᠠ | ᠴᠠᠭᠠᠵᠠᠯᠠᠬᠤ ᠶᠢᠨ ᠬᠠᠮᠲᠤ ᠰᠢᠭᠤᠶᠢᠲᠤ ᠣᠷᠣᠨ ᠳᠤ ᠣᠷᠣᠬᠤ ᠵᠠᠮ ᠤᠨ ᠠᠭᠤᠯᠵᠠᠷ ᠲᠤ ᠥᠨᠢᠳᠡ ᠶᠢᠨ ᠴᠢᠨᠠᠷᠲᠠᠢ | ᠰᠠᠨᠠᠭᠤᠯᠤᠮᠵᠢ ᠶᠢᠨ ᠫᠠᠶᠢᠰᠠ᠂ ᠰᠡᠷᠡᠮᠵᠢ ᠶᠢᠨ ᠫᠠᠶᠢᠰᠠ ᠭᠠᠷᠭᠠᠬᠤ ᠬᠡᠷᠡᠭᠲᠡᠢ᠃ ︽ᠠᠭᠤᠯᠠ ᠶᠢ ᠴᠡᠪᠡᠷᠯᠡᠬᠦ᠂ ᠭᠤᠤ | ᠰᠤᠪᠠᠭ ᠢ ᠴᠡᠪᠡᠷᠯᠡᠬᠦ᠂ ᠤᠢ ᠰᠢᠭᠤᠢ ᠶᠢ ᠴᠡᠪᠡᠷᠯᠡᠬᠦ︾ ᠠᠵᠢᠯᠯᠠᠭ᠎ᠠ ᠶᠢ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ | ᠭᠠᠯ ᠤᠨ ᠠᠶᠤᠯ ᠤᠨ ᠳᠠᠯᠳᠠ ᠭᠡᠮ ᠪᠦᠬᠦᠨ ᠢ ᠪᠦᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠢ᠃ ᠭᠠᠯ ᠲᠦᠢᠮᠡᠷ | ᠭᠠᠷᠤᠭᠰᠠᠨ ᠦᠶ᠎ᠡ ᠳᠤ᠂ ᠡᠯ᠎ᠡ ᠬᠠᠷᠢᠶᠠᠯᠠᠯ᠂ ᠡᠵᠡᠩᠨᠡᠯᠲᠡ ᠶᠢᠨ ᠨᠢᠭᠡᠴᠡ ᠶᠢᠨ ᠭᠤᠣᠯ ᠤᠳᠤᠷᠢᠳᠤᠯᠭ᠎ᠠ ᠨᠠᠷ | ᠲᠤᠬᠠᠢ ᠶᠢᠨ ᠲᠠᠯᠠᠪᠠᠢ ᠳᠤ ᠪᠡᠶ᠎ᠡ ᠪᠠᠷ ᠢᠶᠠᠨ ᠬᠦᠷᠴᠦ ᠭᠠᠯ ᠤᠨᠲᠠᠷᠠᠭᠠᠬᠤ ᠶᠢ ᠵᠢᠯᠤᠭᠤᠳᠬᠤ ᠬᠡᠷᠡᠭᠲᠡᠢ᠃ ᠬᠥᠭᠰᠢᠨ | ᠪᠠᠭᠤᠷᠠᠢ ᠡᠪᠡᠳᠴᠢᠨ ᠲᠠᠢ ᠵᠡᠮᠳᠡᠭ ᠵᠢᠷᠮᠦᠰᠦᠨ ᠪᠠ ᠨᠠᠰᠤᠨ ᠳᠤ ᠤᠶᠢᠯᠦ ᠬᠦᠷᠦᠭᠰᠡᠦᠠ ᠢ ᠲᠡᠶᠢᠴᠢᠯᠡᠵᠦ ᠭᠠᠯ | ᠤᠨᠲᠠᠷᠠᠭᠠᠬᠤ ᠳᠤ ᠣᠷᠣᠯᠴᠠᠭᠤᠯᠬᠤ ᠶᠢ ᠴᠠᠭᠠᠵᠠᠯᠠᠨ᠎ᠠ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ | ᠂ ᠣᠶ ᠰᠢᠭᠤᠢ ᠶᠢᠨ ᠲᠠᠯᠠᠪᠠᠶ᠂ ᠵᠤᠯᠵᠠᠭ᠎ᠠ ᠮᠣᠳᠣᠨ ᠤ ᠬᠦᠷᠢᠶᠡᠯᠡᠩ᠂ ᠦᠢᠯᠡᠳᠪᠦᠷᠢ ᠠᠭᠤᠷᠬᠠᠢ ᠶᠢᠨ ᠠᠵᠤ | ᠠᠬᠤᠶᠢᠯᠠᠯ ᠤᠳ ᠲᠤᠰᠬᠠᠢ ᠮᠡᠷᠭᠡᠵᠢᠯ ᠪᠤᠶᠤ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠡᠩᠨᠡᠭᠡ ᠶᠢ | ᠵᠣᠬᠢᠶᠠᠨ ᠪᠠᠶᠢᠭᠤᠯᠬᠤ ᠬᠡᠷᠡᠭᠲᠡᠢ᠃ | ᠭᠠᠯ ᠤᠨ ᠠᠶᠤᠯ ᠤᠨ ᠠᠶᠤᠯ ᠤᠨ ᠣᠷᠣᠨ ᠳᠤ ᠣᠷᠣᠭᠰᠠᠨ ᠨᠢᠭᠡᠴᠡ ᠪᠣᠯᠣᠨ ᠬᠤᠪᠢ ᠬᠥᠮᠥᠨ᠂ | ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠵᠥᠪᠰᠢᠶᠡᠷᠡᠭᠰᠡᠨ ᠴᠠᠭ᠂ ᠭᠠᠵᠠᠷ᠂ | ᠬᠦᠷᠢᠶ᠎ᠡ ᠬᠡᠪᠴᠢᠶ᠎ᠡ ᠶᠢ ᠴᠢᠩᠭ᠎ᠠ ᠵᠢᠷᠤᠮᠯᠠᠨ ᠠᠵᠢᠯᠯᠠᠭ᠎ᠠ ᠬᠢᠬᠦ ᠶᠢᠨ ᠬᠠᠮᠲᠤ ᠬᠤᠰᠢᠭᠤᠨ ᠤ ᠣᠶ ᠰᠢᠭᠤᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠶᠢᠨ ᠬᠠᠮᠲᠤ ᠴᠢᠬᠤᠯᠠ | ᠪᠦᠬᠦᠢ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ︔ ᠭᠠᠯ ᠤᠨ ᠠᠶᠤᠯ ᠶᠡᠬᠡᠲᠡᠢ ᠣᠷᠣᠨ ᠳᠤ ᠣᠷᠣᠬᠤ | ᠮᠠᠰᠢᠨ ᠲᠡᠷᠭᠡᠨ ᠳᠤ ᠲᠣᠭᠲᠠᠭᠠᠯ ᠶᠣᠰᠣᠭᠠᠷ ᠭᠠᠯ ᠰᠡᠷᠭᠡᠶᠢᠯᠡᠬᠦ ᠲᠣᠨᠣᠭᠯᠠᠯ ᠤᠭᠰᠠᠷᠠᠵᠤ᠂ ᠭᠠᠯ ᠤᠨᠲᠠᠷᠠᠭᠠᠬᠤ | ᠬᠡᠷᠡᠭᠰᠡᠯ ᠢ ᠲᠥᠬᠦᠷᠵᠢᠭᠦᠯᠬᠦ ᠬᠡᠷᠡᠭᠲᠡᠢ;ᠭᠠᠯ ᠰᠡᠷᠭᠡᠶᠢᠯᠡᠯᠲᠡ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠬᠢᠨᠠᠯᠲᠠ | ᠪᠠᠶᠢᠴᠠᠭᠠᠯᠲᠠ ᠶᠢ ᠡᠷᠬᠡᠪᠰᠢ ᠨᠥᠬᠦᠴᠡᠯ ᠦᠭᠡᠢ ᠪᠠᠷ ᠬᠦᠯᠢᠶᠡᠬᠦ ᠬᠡᠷᠡᠭᠲᠡᠢ᠃ | 6. ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠲᠤ᠂ ᠵᠢᠭᠤᠯᠴᠢᠯᠠᠯ ᠤᠨ ᠲᠡᠷᠭᠡ ᠬᠥᠰᠬᠡ ᠪᠣᠯᠣᠨ | ᠵᠢᠭᠤᠯᠴᠢᠯᠠᠭᠴᠢᠳ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠲᠤ ᠣᠷᠣᠵᠤ ᠵᠢᠭᠤᠯᠴᠢᠯᠠᠬᠤ᠂ | ᠲᠡᠷᠭᠡᠨ ᠳᠤ ᠰᠠᠭᠤᠬᠤ ᠶᠢ ᠴᠢᠩᠭ᠎ᠠ ᠴᠠᠭᠠᠵᠠᠯᠠᠨ᠎ᠠ᠃ | 7. ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ᠂ ᠣᠶ ᠰᠢᠭᠤᠢ ᠶᠢᠨ ᠲᠠᠯᠠᠪᠠᠶ᠂ ᠵᠤᠯᠵᠠᠭ᠎ᠠ ᠮᠣᠳᠣᠨ ᠤ ᠬᠦᠷᠢᠶᠡᠯᠡᠩ᠂ ᠦᠢᠯᠡᠳᠪᠦᠷᠢ | ᠠᠭᠤᠷᠬᠠᠢ ᠶᠢᠨ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠭᠠᠯ ᠰᠡᠷᠭᠡᠶᠢᠯᠡᠬᠦ ᠰᠠᠯᠠᠭ᠎ᠠ | ᠮᠥᠴᠢᠷ ᠤᠳ ᠤᠳᠤᠷᠢᠳᠤᠯᠭ᠎ᠠ ᠶᠢᠨ ᠡᠭᠡᠯᠵᠢ ᠳᠠᠭᠠᠭᠤᠯᠬᠤ ᠪᠠ ᠠᠵᠢᠯᠲᠠᠨ ᠠᠵᠢᠯᠴᠢᠨ ᠤ 24 ᠴᠠᠭ ᠢᠶᠠᠷ | ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ | ᠳᠥᠷᠪᠡ᠂ ᠵᠥᠪᠰᠢᠶᠡᠷᠡᠯ ᠣᠯᠣᠭᠰᠠᠨ ᠦᠭᠡᠢ ᠪᠠᠷ ᠤᠢ ᠰᠢᠭᠤᠢ ᠶᠢᠨ ᠭᠠᠯ ᠰᠡᠷᠭᠡᠶᠢᠯᠡᠬᠦ ᠴᠢᠩᠭ᠎ᠠ | ᠰᠡᠷᠭᠡᠶᠢᠯᠡᠯᠲᠡ ᠶᠢᠨ ᠣᠷᠣᠨ ᠲᠤ ᠳᠤᠷ᠎ᠠ ᠪᠠᠷ ᠢᠶᠠᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ | ᠬᠡᠷᠡᠭᠲᠡᠢ | ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ᠤᠨ ᠲᠠᠪᠢᠳᠤᠭᠠᠷ ᠵᠦᠢᠯ ᠤᠨ ᠲᠣᠭᠲᠠᠭᠠᠯ ᠢ | ᠦᠨᠳᠦᠰᠦᠯᠡᠪᠡᠯ᠂ ᠵᠥᠪᠰᠢᠶᠡᠷᠡᠯ ᠣᠯᠣᠭᠰᠠᠨ ᠦᠭᠡᠢ ᠪᠠᠷ ᠳᠤᠷ᠎ᠠ ᠪᠠᠷ ᠢᠶᠠᠨ ᠣᠶ ᠰᠢᠭᠤᠢ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠠᠶᠢᠪᠠᠯ᠂ | ᠰᠢᠶᠠᠨ ᠤ ᠱᠠᠲᠤ ︵ᠬᠤᠰᠢᠭᠤᠨ ᠱᠠᠲᠤ︶ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠶᠢ ᠨᠢ ᠵᠣᠭᠰᠣᠭᠠᠵᠤ᠂ ᠰᠡᠷᠡᠮᠵᠢ ᠥᠭᠴᠦ᠂ ᠬᠤᠪᠢ ᠬᠥᠮᠥᠨ ᠢ 200 ᠲᠥᠭᠦᠷᠢᠭ ᠠᠴᠠ ᠳᠡᠭᠡᠭᠰᠢ | 3000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠭᠡᠵᠦ᠂ ᠨᠢᠭᠡᠴᠡ ᠶᠢ 1 | ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠨᠡᠶᠢᠯᠡᠭᠦᠯᠦᠨ ᠰᠢᠳᠬᠡᠨ᠎ᠡ᠃ ᠠᠳᠡᠯ ᠠᠴᠠ ᠪᠣᠯᠵᠤ ᠤᠢ ᠰᠢᠭᠤᠢ ᠳᠤ ᠭᠠᠯ ᠤᠨ ᠠᠶᠤᠯ ᠤᠴᠠᠷᠠᠭᠤᠯᠤᠭᠰᠠᠨ᠂ | ᠬᠡᠲᠦᠷᠡᠭᠦᠯᠦᠭᠰᠡᠨ ᠣᠶᠢᠲᠤ ᠭᠠᠵᠠᠷ ᠤᠨ ᠲᠠᠯᠠᠪᠠᠢ ᠨᠢ 2 ᠾᠧᠺᠲ᠋ᠠᠷ ᠠᠴᠠ ᠳᠡᠭᠡᠭᠰᠢ ᠪᠤᠶᠤ ᠬᠡᠲᠦᠷᠡᠭᠦᠯᠦᠭᠰᠡᠨ | ᠰᠡᠶᠢᠷᠡᠭ ᠣᠶᠢᠲᠤ ᠭᠠᠵᠠᠷ᠂ ᠪᠤᠳᠠ ᠮᠣᠳᠣᠨ ᠤ ᠣᠶᠢᠲᠤ ᠭᠠᠵᠠᠷ᠂ ᠪᠣᠶᠢᠵᠢᠭᠠᠳᠤᠢ ᠣᠶᠢᠵᠢᠭᠤᠯᠤᠭᠰᠠᠨ ᠭᠠᠵᠠᠷ ᠨᠢ 4 | ᠾᠧᠺᠲ᠋ᠠᠷ ᠠᠴᠠ ᠳᠡᠭᠡᠭᠰᠢ ᠪᠠᠶᠢᠪᠠᠯ᠂ ᠡᠷᠡᠭᠦᠦ ᠶᠢᠨ ᠬᠠᠤᠯᠢ ᠶᠢᠨ 115 ᠳ᠋ᠤᠭᠠᠷ ᠵᠦᠢᠯ ᠤᠨ 2 ᠳ᠋ᠤᠭᠠᠷ ᠪᠠᠳᠠᠭ ᠤᠨ | ᠲᠣᠭᠲᠠᠭᠠᠯ ᠢ ᠦᠨᠳᠦᠰᠦᠯᠡᠨ ᠲᠡᠭᠦᠨ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠰᠡᠷᠡᠮᠵᠢ ᠶᠢᠨ ᠳᠣᠬᠢᠶᠠᠨ ᠤ ᠤᠲᠠᠰᠤ᠄ | 12119 | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2023 ᠣᠨ ᠤ 3 ᠰᠠᠷ᠎ᠠ ᠶᠢᠨ 7 ᠤ ᠡᠳᠤᠷ |