ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ 3.15 ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/16
         ᠬᠡᠷᠡᠭᠯᠡᠭᠴᠢᠳ ᠤᠨ ᠡᠷᠬᠡ ᠠᠰᠢᠭ ᠢ ᠦᠨᠡᠨ ᠬᠦ ᠬᠠᠮᠠᠭᠠᠯᠠᠵᠤ᠂ ᠬᠠᠭᠤᠷᠮᠠᠭ ᠮᠠᠭᠤ ᠲᠠᠷᠢᠶᠠᠯᠠᠩ ᠤᠨ ᠬᠡᠷᠡᠭᠰᠡᠯ᠂ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠴᠦ ᠪᠣᠷᠣᠯᠠᠭᠤᠯᠬᠤ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠷᠭᠡᠨ ᠣᠯᠠᠨ ᠠᠷᠠᠳ ᠲᠦᠮᠡᠨ ᠤ ᠶᠠᠰᠤ ᠴᠢᠨᠠᠷ ᠤᠨ ᠤᠬᠠᠮᠰᠠᠷ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ 3.15 ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠲᠠᠢ ᠤᠶᠠᠯᠳᠤᠭᠤᠯᠤᠨ᠂ ᠬᠠᠤᠯᠢ ᠬᠡᠷᠡᠭᠵᠢᠭᠦᠯᠦᠨ ᠬᠠᠭᠤᠷᠮᠠᠭ ᠲᠠᠸᠠᠷ ᠲᠤ ᠴᠣᠬᠢᠯᠲᠠ ᠥᠭᠬᠦ᠂ ᠶᠠᠰᠤ ᠴᠢᠨᠠᠷ ᠤᠨ ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠬᠤ᠂ ᠬᠠᠤᠯᠢ ᠳᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
         ᠲᠣᠰ ᠤᠳᠠᠭᠠᠨ ᠤ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠠᠵᠢᠯᠲᠠᠨ 19 ᠬᠥᠮᠥᠨ᠂ ᠬᠠᠤᠯᠢ ᠬᠡᠷᠡᠭᠵᠢᠭᠦᠯᠬᠦ ᠲᠡᠷᠭᠡ 1 ᠶᠢ ᠬᠥᠳᠡᠯᠭᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ 2᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ 6᠂ ᠲᠠᠷᠢᠶᠠᠯᠠᠩ ᠤᠨ ᠮᠠᠰᠢᠨ ᠤ ᠬᠤᠷᠰᠢᠶ᠎ᠠ 1᠂ ᠲᠠᠷᠢᠶᠠᠯᠠᠩ ᠤᠨ ᠲᠠᠷᠢᠮᠠᠯ ᠤᠨ ᠲᠣᠮᠣ ᠡᠷᠦᠬᠡ 1 ᠶᠢ ᠪᠠᠶᠢᠴᠠᠭᠠᠵᠤ᠂ 1 ᠭᠠᠵᠠᠷ ᠢ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠵᠤ᠂ 200 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠠᠢ᠃
         ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠥᠷᠭᠡᠨ ᠣᠯᠠᠨ ᠠᠷᠠᠳ ᠲᠦᠮᠡᠨ ᠤ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠬᠤᠣᠷ ᠬᠥᠨᠥᠭᠡᠯ ᠤᠨ ᠲᠤᠬᠠᠢ ᠲᠠᠨᠢᠯᠲᠠ ᠪᠠ ᠰᠡᠷᠭᠡᠶᠢᠯᠡᠬᠦ ᠤᠬᠠᠮᠰᠠᠷ ᠢ ᠲᠤᠶᠢᠯ ᠤᠨ ᠶᠡᠭᠡ ᠪᠠᠷ ᠴᠢᠩᠭᠠᠷᠠᠭᠤᠯᠪᠠ᠃
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号