ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ | ᠲᠤᠤᠱᠯᠠᠭᠤᠯᠬᠤ ᠶᠢᠨ ᠲᠥᠯᠥᠭᠡ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠲᠤᠰ ᠪᠡᠶ᠎ᠡ ᠶᠢᠨ ᠪᠤᠶᠢᠵᠢᠯᠲᠠ ᠪᠠ | ᠬᠥᠭᠵᠢᠯᠲᠡ ᠪᠠᠨ ᠬᠥᠲᠥᠯᠥᠨ ᠳᠠᠭᠠᠭᠤᠯᠵᠤ᠂ 3 ᠰᠠᠷ᠎ᠠ ᠶᠢᠨ 1 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠰᠢᠯᠢ ᠰᠤᠮᠤᠨᠳᠤ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠰᠢᠯᠢ ᠰᠤᠮᠤᠨ ᠤ ᠤᠬᠠᠭᠤᠯᠤᠨ ᠲᠠᠶᠢᠯᠪᠤᠷᠢᠯᠠᠬᠤ | ᠬᠤᠷᠠᠯ ᠬᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠠᠭᠰᠢ ᠢ ᠹᠧᠩ ᠴᠢᠨ ᠰᠢᠯᠢ ᠰᠤᠮᠤᠨ ᠤ | ᠪᠥᠬᠦ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠤᠬᠠᠭᠤᠯᠤᠨ ᠲᠠᠶᠢᠯᠪᠤᠷᠢᠯᠠᠪᠠ᠃ | | ᠢ ᠹᠧᠩ ᠴᠢᠨ ᠪᠠᠭᠰᠢ ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ ᠨᠠᠮ ᠤᠨ ᠬᠤᠷᠢᠳᠤᠭᠠᠷ ᠶᠡᠭᠡ | ᠬᠤᠷᠠᠯ ᠢᠶᠠᠷ ᠭᠤᠣᠯ ᠰᠡᠳᠦᠪ ᠪᠣᠯᠭᠠᠵᠤ᠂ ᠭᠤᠣᠯ ᠦᠷ᠎ᠡ ᠪᠦᠲᠦᠭᠡᠯ᠂ ᠥᠩᠭᠡᠷᠡᠭᠰᠡᠨ 5 ᠵᠢᠯ ᠤᠨ ᠠᠵᠢᠯ ᠪᠣᠯᠣᠨ | ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ ᠬᠤᠪᠢᠰᠤᠯᠲᠠ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠴᠠᠭ ᠦᠶᠡᠴᠢᠯᠡᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ᠂ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠠᠶᠤᠯ ᠲᠦᠭᠰᠢᠭᠦᠷᠢ | ᠥᠷᠢᠰᠦᠯᠳᠦᠭᠡᠨ ᠢ ᠠᠷᠭᠠᠴᠠᠬᠤ ᠵᠡᠷᠭᠡ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠤ ᠲᠠᠶᠢᠯᠪᠤᠷᠢᠯᠠᠨ᠎ᠠ᠃ᠪᠦᠬᠦ | ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ | ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ︽ᠬᠤᠶᠠᠷ ᠢ | ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠬᠦ᠂︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠲᠠᠯ᠎ᠠ ᠪᠠᠷ ᠨᠡᠩ ᠲᠤᠭ | ᠲᠡᠮᠳᠡᠭ ᠲᠣᠳᠣᠷᠬᠠᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ ᠲᠠᠯ᠎ᠠ ᠪᠠᠷ ᠨᠡᠩ ᠢᠯᠡᠭᠦᠦ ᠰᠡᠳᠬᠢᠯ ᠰᠠᠨᠠᠭ᠎ᠠ ᠪᠠᠨ ᠲᠥᠪᠯᠡᠷᠡᠭᠦᠯᠵᠦ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠥᠪᠥᠷ ᠮᠣᠩᠭᠤᠯ ᠢ ᠪᠠᠷᠢᠮᠲᠠᠯᠠᠨ | ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ | ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠬᠤᠷᠠᠯ ᠠᠴᠠ᠂ ᠲᠡᠦᠬᠡ ᠶᠢᠨ ᠣᠷᠣᠨ ᠪᠠᠶᠢᠷᠢ ᠶᠢ ᠭᠦᠨᠵᠡᠭᠡᠢ ᠲᠣᠳᠣᠷᠬᠠᠶᠢᠯᠠᠵᠤ᠂ ᠤᠳᠤ ᠦᠶ᠎ᠡ ᠶᠢᠨ | ᠳᠤᠮᠳᠠᠳᠤ ᠤᠯᠤᠰ ᠤᠨ ᠬᠥᠭᠵᠢᠯᠲᠡ ᠶᠢᠨ ᠣᠨᠴᠠᠯᠢᠭ ᠪᠣᠯᠣᠨ ᠴᠠᠭ ᠦᠶ᠎ᠡ ᠶᠢᠨ ᠣᠷᠴᠢᠨ ᠲᠣᠭᠤᠷᠢᠨ ᠢ ᠨᠡᠩ | ᠲᠣᠳᠣᠷᠬᠠᠢ ᠲᠠᠨᠢᠬᠤ ᠬᠡᠷᠡᠭᠲᠡᠢ︔ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠵᠤ᠂ | ᠲᠡᠦᠬᠡ ᠶᠢᠨ ᠬᠡᠪ ᠪᠣᠯᠪᠠᠰᠤᠷᠠᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠲᠡᠦᠬᠡ ᠶᠢᠨ ᠬᠠᠷᠢᠭᠤᠴᠠᠯᠭ᠎ᠠ ᠪᠠᠨ | ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠶᠢᠨ ᠬᠥᠮᠥᠨ ᠪᠣᠯᠬᠤ ᠰᠥᠰᠥ ᠵᠣᠷᠢᠭ᠂ ᠰᠥᠰᠥ ᠵᠣᠷᠢᠭ᠂ ᠢᠳᠡ | ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ︔ᠨᠠᠮ ᠤᠨ ᠬᠤᠷᠢᠳᠤᠭᠠᠷ ᠶᠡᠭᠡ ᠬᠤᠷᠠᠯ ᠤᠨ | ᠢᠯᠡᠳᠬᠡᠯ ᠳᠤ ᠴᠢᠬᠤᠯᠠᠴᠢᠯᠠᠭᠰᠠᠨ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠪᠠᠲᠤ | ᠡᠵᠡᠮᠰᠢᠵᠦ᠂ ᠲᠡᠦᠬᠡ ᠶᠢᠨ ᠣᠷᠣᠨ ᠪᠠᠶᠢᠷᠢ ᠶᠢ ᠲᠣᠳᠣᠷᠬᠠᠶᠢᠯᠠᠵᠤ᠂ ᠲᠡᠦᠬᠡ ᠶᠢᠨ ᠤᠬᠠᠮᠰᠠᠷ ᠢ ᠭᠦᠨᠵᠡᠭᠡᠶᠢᠷᠡᠭᠦᠯᠦᠭᠰᠡᠨ | ᠰᠠᠭᠤᠷᠢᠨ ᠳᠡᠭᠡᠷ᠎ᠡ᠂ ᠪᠡᠶᠡᠴᠢ ᠴᠢᠳᠠᠮᠠᠭᠠᠢ ᠴᠢᠨᠠᠷ ᠬᠢᠭᠡᠳ ᠪᠤᠰᠤᠳᠴᠢ ᠵᠢᠮ᠎ᠡ ᠶᠣᠰᠣᠴᠢ ᠴᠢᠨᠠᠷ ᠤᠨ ᠨᠢᠭᠡᠳᠦᠯ ᠢ | ᠲᠠᠰᠤᠷᠠᠯᠳᠠ ᠦᠭᠡᠢ ᠪᠠᠷᠢᠮᠲᠠᠯᠠᠵᠤ᠂ ᠲᠡᠦᠬᠡ ᠶᠢᠨ ᠬᠤᠷᠴᠠ ᠴᠢᠩᠭ᠎ᠠ ᠡᠭᠦᠷᠭᠡᠯᠡᠯ ᠢᠶᠠᠷ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠴᠣ᠋ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ᠃ | ᠬᠠᠮᠤᠭ ᠰᠡᠭᠦᠯ ᠳᠤ᠂ ᠢ ᠹᠧᠩ ᠴᠢᠨ ᠪᠠᠭᠰᠢ ᠪᠠᠰᠠ ᠮᠦᠷᠤᠭ᠍ᠴᠡᠭᠡ ᠶᠢᠨ ᠰᠦᠮ᠎ᠡ ᠶᠢᠨ ᠭᠠᠴᠠᠭ᠎ᠠ ᠳᠤ | ᠬᠦᠷᠴᠦ᠂ ᠲᠣᠰᠬᠤᠨ ᠤ ᠨᠠᠮ ᠤᠨ ᠬᠤᠷᠢᠶᠠᠨ ᠤ ᠬᠤᠶᠠᠷ ᠵᠥᠪᠯᠡᠯ ᠤᠨ ᠺᠠᠳ᠋ᠷ ᠪᠣᠯᠣᠨ ᠬᠡᠰᠡᠭ ᠲᠣᠰᠬᠤᠨ ᠤ | ᠠᠷᠠᠳ ᠲᠤ ᠬᠢᠯᠪᠠᠷ ᠣᠶᠢᠯᠠᠭᠠᠮᠵᠢᠲᠠᠢ ᠦᠭᠡ ᠬᠡᠯᠡ᠂ ᠨᠠᠷᠢᠨ ᠪᠣᠳᠠᠲᠠᠢ ᠮᠠᠲ᠋ᠧᠷᠢᠶᠠᠯ ᠢᠶᠠᠷ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭᠠᠨ ᠤ ᠠᠭᠤᠯᠭ᠎ᠠ ᠶᠢ ᠲᠠᠶᠢᠯᠪᠤᠷᠢᠯᠠᠵᠤ ᠥᠭᠪᠡ᠃ ᠬᠤᠷᠠᠯ ᠤᠨ ᠲᠠᠷᠠᠭ᠎ᠠ᠂ ᠬᠤᠷᠠᠯ ᠳᠤ | ᠣᠷᠣᠯᠴᠠᠭᠰᠠᠨ ᠬᠥᠮᠥᠰ᠂ ᠤᠬᠠᠭᠤᠯᠤᠨ ᠲᠠᠶᠢᠯᠪᠤᠷᠢᠯᠠᠬᠤ ᠪᠠᠷ ᠲᠠᠮᠵᠢᠨ ᠪᠢᠳᠡ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠨᠡᠩ ᠭᠦᠨᠵᠡᠭᠡᠢ ᠣᠶᠢᠯᠠᠭᠠᠵᠤ᠂ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ | ᠡᠵᠡᠮᠰᠢᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠢᠯᠡᠳᠬᠡᠵᠡᠭᠡᠪᠡ᠃ |