︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ︾ ᠬᠤᠩᠬᠢᠯᠲᠦ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/3/27
         ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠴᠢᠨᠠᠭᠰᠢᠳᠠ ᠭᠦᠨᠵᠡᠭᠡᠶᠢᠷᠡᠭᠦᠯᠦᠨ ᠥᠷᠭᠡᠳᠬᠡᠬᠦ ᠶᠢᠨ ᠲᠥᠯᠥᠭᠡ᠂︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ 3 ᠰᠠᠷ᠎ᠠ ᠶᠢᠨ 23 ᠤ ᠡᠳᠦᠷ᠂ ᠬᠤᠩᠬᠢᠯᠲᠦ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠪᠣᠯᠪᠠᠰᠤᠷᠠᠭᠤᠯᠤᠯ ᠤᠨ ᠬᠤᠷᠠᠯ ᠬᠢᠪᠡ᠃ ᠬᠤᠷᠠᠯ ᠢ ᠪᠠᠯᠭᠠᠰᠤᠨ ᠤ ᠤᠬᠠᠭᠤᠯᠬᠤ ᠭᠡᠰᠢᠭᠦᠨ ᠡᠷᠭᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠲᠣᠰᠬᠤᠨ ᠤ ᠨᠠᠮ ᠤᠨ ᠡᠭᠦᠷ ᠤᠨ ᠱᠦᠵᠢ ᠵᠢᠴᠢ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠵᠠᠢ᠃
         ᠪᠣᠯᠪᠠᠰᠤᠷᠠᠯ ᠤᠨ ᠬᠤᠷᠠᠯ ᠳᠡᠭᠡᠷ᠎ᠡ᠂ ᠰᠠᠶᠢᠨ ᠳᠤᠷ᠎ᠠ ᠶᠢᠨ ᠠᠵᠢᠯᠯᠠᠭᠴᠢ ᠶᠢᠨ ᠤᠬᠠᠭᠳᠠᠬᠤᠨ᠂ ᠰᠠᠶᠢᠨ ᠳᠤᠷ᠎ᠠ ᠶᠢᠨ ᠠᠵᠢᠯᠯᠠᠭᠴᠢ ᠶᠢᠨ ᠵᠣᠷᠢᠭ ᠰᠠᠨᠠᠭ᠎ᠠ᠂ ᠰᠠᠶᠢᠨ ᠳᠤᠷ᠎ᠠ ᠶᠢᠨ ᠠᠵᠢᠯᠯᠠᠭᠴᠢ ᠶᠢᠨ ᠪᠦᠷᠢᠯᠳᠦᠭᠦᠯᠪᠡᠰᠦ ᠵᠣᠬᠢᠬᠤ ᠬᠡᠪ ᠴᠢᠨᠠᠷ᠂ ᠰᠠᠶᠢᠨ ᠳᠤᠷ᠎ᠠ ᠶᠢᠨ ᠠᠵᠢᠯᠯᠠᠭᠴᠢ ᠶᠢᠨ ᠪᠣᠯᠪᠠᠰᠤᠨ ᠢ ᠡᠭᠦᠳᠦᠨ ᠪᠠᠶᠢᠭᠤᠯᠬᠤ ᠶᠠᠪᠤᠴᠠ ᠳᠠᠬᠢ ᠦᠢᠯᠡᠳᠦᠯ ᠵᠡᠷᠭᠡ ᠶᠢᠨ ᠲᠣᠭᠤᠷᠢᠨ ᠳᠤ ᠭᠦᠨᠵᠡᠭᠡᠢ ᠨᠠᠷᠢᠨ ᠲᠠᠶᠢᠯᠪᠤᠷᠢᠯᠠᠯᠲᠠ ᠬᠢᠭᠰᠡᠨ ᠪᠥᠭᠡᠳ ᠣᠳᠣᠬᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠶᠡᠭᠡ ᠬᠡᠮᠵᠢᠶᠡᠨ ᠤ ᠪᠣᠳᠠᠲᠤ ᠵᠢᠱᠢᠶ᠎ᠡ ᠶᠢ ᠡᠰᠢᠯᠡᠨ ᠬᠡᠷᠡᠭᠯᠡᠵᠦ᠂ ᠰᠠᠶᠢᠨ ᠳᠤᠷ᠎ᠠ ᠶᠢᠨ ᠠᠵᠢᠯᠯᠠᠭᠴᠢ ᠶᠢᠨ ᠨᠡᠶᠢᠭᠡᠮ ᠤᠨ ᠦᠢᠯᠡᠴᠢᠯᠡᠭᠡ ᠳᠠᠬᠢ ᠪᠠᠶᠢᠷᠢ ᠰᠠᠭᠤᠷᠢ ᠪᠠ ᠦᠢᠯᠡᠳᠦᠯ ᠢ ᠶᠠᠷᠢᠵᠤ᠂ ᠰᠠᠶᠢᠨ ᠳᠤᠷ᠎ᠠ ᠶᠢᠨ ᠠᠵᠢᠯᠯᠠᠭᠴᠢ ᠶᠢᠨ ᠲᠠᠨᠢᠨ ᠮᠡᠳᠡᠷᠡᠬᠦᠢ ᠪᠠ ᠣᠮᠣᠭᠰᠢᠯᠲᠤ ᠰᠡᠳᠬᠢᠯᠭᠡ ᠶᠢ ᠨᠡᠮᠡᠭᠳᠡᠭᠦᠯᠵᠡᠢ᠃ ᠡᠭᠦᠨ ᠤ ᠬᠠᠮᠲᠤ᠂ ᠥᠷᠭᠡᠨ ᠤᠯᠠᠨ ᠲᠣᠰᠬᠤᠨ ᠤ ᠠᠷᠠᠳ ᠤᠨ ᠰᠠᠶᠢᠨ ᠳᠤᠷ᠎ᠠ ᠶᠢᠨ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠤᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠤᠯᠠᠮ ᠴᠢᠨᠠᠭᠰᠢᠳᠠ ᠬᠥᠭᠵᠢᠭᠡᠵᠦ᠂ 40 ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ ᠳᠤ ᠢᠷᠠᠭᠤ ᠠᠯᠳᠠᠷ ᠤᠨ ᠦᠨᠡᠮᠯᠡᠯ ᠣᠯᠭᠤᠨ᠎ᠠ᠃
         ᠬᠤᠷᠠᠯ ᠠᠴᠠ ᠴᠢᠬᠤᠯᠠᠴᠢᠯᠠᠭᠰᠠᠨ ᠨᠢ᠂ ᠰᠠᠶᠢᠨ ᠳᠤᠷ᠎ᠠ ᠶᠢᠨ ᠦᠢᠯᠡᠴᠢᠯᠡᠭᠡ ᠪᠣᠯ ᠣᠳᠣ ᠦᠶ᠎ᠡ ᠶᠢᠨ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢᠨ ᠴᠢᠬᠤᠯᠠ ᠪᠡᠯᠭᠡ ᠲᠡᠮᠳᠡᠭ ᠮᠥᠨ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠬᠦ ᠶᠢᠨ ᠴᠢᠬᠤᠯᠠ ᠠᠭᠤᠯᠭ᠎ᠠ ᠮᠥᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠴᠢᠬᠤᠯᠠ ᠴᠢᠨᠠᠷ ᠪᠠ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠳᠠᠷᠤᠢ ᠲᠦᠷᠭᠡᠨ ᠬᠥᠳᠡᠯᠦᠯᠴᠡᠵᠦ᠂ ᠤᠳᠤ ᠪᠠᠶᠢᠭ᠎ᠠ ᠡᠬᠢ ᠪᠠᠶᠠᠯᠢᠭ ᠢᠶᠠᠨ ᠨᠡᠶᠢᠳᠬᠡᠵᠦ᠂ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠠᠮᠢᠳᠤᠯᠢᠭ ᠡᠬᠢ ᠪᠠᠶᠠᠯᠢᠭ ᠢ ᠬᠡᠷᠡᠭᠯᠡᠵᠦ᠂ ᠲᠤᠰ ᠪᠡᠶ᠎ᠡ ᠶᠢᠨ ᠣᠨᠴᠠᠯᠢᠭ ᠲᠠᠢ ᠪᠠᠨ ᠤᠶᠠᠯᠳᠤᠭᠤᠯᠵᠤ᠂ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠪᠣᠳᠠᠲᠠᠢ ᠨᠠᠷᠢᠯᠢᠭ ᠬᠢᠵᠦ᠂ ᠭᠦᠨᠵᠡᠭᠡᠢ ᠪᠣᠳᠠᠲᠠᠢ ᠬᠢᠬᠦ ᠶᠢ ᠪᠠᠲᠤᠯᠠᠬᠤ ᠬᠡᠷᠡᠭᠲᠡᠢ᠃          ᠲᠠᠷᠠᠭᠠᠴᠢ ᠶᠢᠨ ᠠᠯᠬᠤᠮ ᠳᠤ᠂ ᠬᠤᠩᠬᠢᠯᠲᠦ ᠪᠠᠯᠭᠠᠰᠤ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠪᠠᠨ ᠲᠠᠰᠤᠷᠠᠯᠲᠠ ᠦᠭᠡᠢ ᠥᠷᠭᠡᠳᠬᠡᠵᠦ᠂ ᠵᠠᠰᠠᠭ ᠤᠨ ᠣᠷᠳᠣᠨ ᠤ ᠡᠮᠬᠢ ᠵᠢᠷᠤᠮ ᠲᠠᠢ ᠵᠢᠯᠣᠭᠤᠳᠤᠯᠭ᠎ᠠ ᠳᠣᠣᠷ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠴᠠ ᠶᠢ ᠦᠷᠭᠦᠯᠵᠢᠯᠡᠨ ᠪᠠᠶᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠪᠠ ᠤᠷ᠎ᠠ ᠴᠢᠳᠠᠪᠤᠷᠢ ᠶᠢ ᠴᠢᠩᠭᠠᠳᠬᠠᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃                                       ᠤᠷᠴᠢᠭᠤᠯᠤᠭᠴᠢ᠄ ᠰᠤᠷᠤᠨ᠎ᠠ                                       ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠩᠬᠢᠯᠲᠦ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号