| ᠭᠦᠨᠳᠤᠳᠦ ᠵᠤᠴᠢᠨ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠵᠢᠶᠦ᠋ᠨ ᡁᠢ | ᠲᠣᠪᠴᠢᠯᠠᠯ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠬᠢᠨ ᠨᠠᠮ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ | ᠦᠨᠡᠨ ᠬᠦ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠨᠢᠭᠡ ᠪᠦᠯᠦᠭ ᠳᠠᠷᠤᠭᠳᠠᠭᠰᠠᠨ ᠬᠡᠷᠡᠭ᠂ ᠳᠠᠪᠬᠤᠷᠳᠠᠭᠰᠠᠨ ᠬᠡᠷᠡᠭ ᠢ ᠰᠢᠢᠳᠪᠦᠷᠢᠯᠡᠵᠦ᠂ ᠣᠯᠠᠨ | ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠪᠥᠬᠦ | ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠦᠷᠭᠦᠯᠵᠢᠯᠡᠨ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ | ᠡᠶ᠎ᠡ ᠵᠣᠬᠢᠴᠠᠯ ᠲᠠᠢ ᠲᠣᠭᠲᠠᠭᠤᠨ ᠪᠠᠶᠢᠨ᠎ᠠ᠃ 2021 ᠣᠨ᠂ 2022 ᠣᠨ ᠳᠤ ᠵᠠᠯᠭᠠᠭ᠎ᠠ ᠪᠠᠷ ᠬᠤᠶᠠᠷ ᠵᠢᠯ ᠪᠤᠶᠤ | ︽ᠪᠥᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾ ᠤ ᠢᠷᠠᠭᠤ | ᠠᠯᠳᠠᠷ ᠤᠨ ᠴᠣᠯᠠ ᠶᠢ ᠬᠦᠷᠲᠡᠵᠦ᠂ ᠪᠥᠬᠦ ᠣᠷᠣᠨ ᠤ ᠴᠣᠷ ᠤᠨ ᠭᠠᠭᠴᠠ ᠲᠣᠰ ᠢᠷᠠᠭᠤ ᠠᠯᠳᠠᠷ ᠢ ᠵᠠᠯᠭᠠᠭ᠎ᠠ ᠪᠠᠷ | ᠭᠥᠷᠳᠡᠭᠰᠡᠨ ᠬᠤᠰᠢᠭᠤ ᠰᠢᠶᠠᠨ ᠪᠣᠯᠣᠨ᠎ᠠ᠃ | ︽ᠬᠥᠲᠥᠯᠥᠭᠴᠢ︾ ᠥᠨᠥᠳᠥᠷ ᠤᠨ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠪᠤᠯᠤᠩ ᠳᠤ | ᠤᠷᠢᠵᠤ ᠢᠷᠡᠭᠰᠡᠨ ᠵᠣᠴᠢᠨ ᠪᠣᠯ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠯᠢ | ᠵᠢᠶᠦ᠋ᠨ ᡁᠢ ᠪᠣᠯᠣᠨ᠎ᠠ᠃ ᠯᠢ ᠲᠣᠪᠴᠢᠶᠠᠨ ᠳᠠᠷᠤᠭ᠎ᠠ ᠲᠠ ᠰᠠᠶᠢᠨ ᠤᠤ᠂ ᠮᠠᠨ ᠤ ᠫᠷᠦᠭᠷᠡᠮ ᠳᠤ ᠣᠷᠣᠯᠴᠠᠭᠰᠠᠨ ᠳᠤ | ᠴᠢᠨᠢ ᠪᠠᠶᠠᠷᠯᠠᠨ ᠤᠭᠲᠤᠵᠤ ᠪᠠᠶᠢᠨ᠎ᠡ᠃2022 ᠣᠨ ᠳᠤ ᠮᠠᠨ ᠤ ᠬᠤᠰᠢᠭᠤ ᠳᠠᠬᠢᠨᠲᠠ ︽ᠪᠥᠬᠦ ᠤᠯᠤᠰ ᠤᠨ | ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾ ᠤ ᠢᠷᠠᠭᠤ ᠠᠯᠳᠠᠷ ᠤᠨ ᠴᠣᠯᠠ ᠭᠥᠷᠳᠡᠪᠡ | ᠂ ᠥᠪᠡᠷ ᠤᠨ ᠲᠥᠷᠥᠭᠳᠡᠯ ᠢᠶᠠᠨ ᠶᠠᠷᠢᠭᠠᠷᠠᠢ᠃ | ︽ᠯᠢ ᠵᠢᠶᠦ᠋ᠨ ᡁᠢ︾ ᠶᠢᠨ ᠬᠥᠲᠥᠯᠥᠭᠴᠢ ᠰᠠᠶᠢᠨ ᠪᠠᠶᠢᠨ᠎ᠠ ᠤᠤ᠂ ᠤᠯᠠᠨ ᠢᠶᠠᠷ ᠢᠶᠠᠨ ᠰᠠᠶᠢᠨ ᠪᠠᠶᠢᠨ᠎ᠠ ᠤᠤ᠂ | ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠪᠤᠯᠤᠩ ᠤᠨ ᠰᠢᠭᠤᠳ ᠨᠡᠪᠲᠡᠷᠡᠭᠦᠯᠭᠡ ᠶᠢᠨ ᠳᠠᠰᠤᠭ ᠲᠤ ᠢᠷᠡᠵᠤ᠂ | ᠥᠷᠭᠡᠨ ᠤᠯᠠᠨ ᠲᠠᠢ ᠰᠠᠨᠠᠯ ᠢᠶᠠᠨ ᠰᠣᠯᠢᠯᠴᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ 2022 ᠣᠨ ᠳᠤ᠂ ᠮᠠᠨ ᠤ | ᠬᠤᠰᠢᠭᠤ ︽ᠪᠥᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾ ᠢ | ᠠᠮᠵᠢᠯᠲᠠ ᠲᠠᠢ ᠡᠭᠦᠳᠦᠨ ᠪᠠᠶᠢᠭᠤᠯᠵᠤ᠂ ᠪᠥᠬᠦ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠬᠤᠶᠠᠷ ᠵᠢᠯ | ᠳᠠᠷᠠᠭᠠᠯᠠᠨ ᠲᠣᠰ ᠢᠷᠠᠭᠤ ᠠᠯᠳᠠᠷ ᠢ ᠭᠥᠷᠳᠡᠭᠰᠡᠨ ᠬᠤᠰᠢᠭᠤ ᠰᠢᠶᠠᠨ ᠪᠣᠯᠤᠭᠰᠠᠨ ᠪᠠᠶᠢᠨ᠎ᠠ᠃ ᠡᠨᠡ ᠬᠦ ᠢᠷᠠᠭᠤ | ᠠᠯᠳᠠᠷ ᠤᠨ ᠴᠣᠯᠠ ᠨᠢ ᠬᠢᠯᠪᠠᠷ ᠪᠤᠰᠤ ᠪᠠᠷ ᠢᠷᠡᠭᠰᠡᠨ ᠶᠤᠮ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠣᠯᠠᠨ ᠲᠦᠮᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠤ ᠦᠷ᠎ᠡ ᠳ᠋ᠦᠩ ᠮᠥᠨ᠂ ᠪᠥᠬᠦ | ᠬᠤᠰᠢᠭᠤᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠬᠠᠮᠲᠤ ᠶᠢᠨ ᠴᠢᠷᠮᠠᠶᠢᠯᠭ᠎ᠠ ᠶᠢᠨ ᠦᠷ᠎ᠡ ᠳ᠋ᠦᠩ ᠮᠥᠨ | ᠂ ᠮᠥᠨ ᠴᠦ ᠪᠥᠬᠦ ᠬᠤᠰᠢᠭᠤᠨ ᠤ ᠠᠷᠠᠳ ᠲᠦᠮᠡᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ | ᠳᠡᠭᠡᠳᠦ ᠬᠡᠮᠵᠢᠶ᠎ᠡ ᠪᠠᠷ ᠢᠲᠡᠭᠡᠭᠰᠡᠨ ᠤ ᠦᠷ᠎ᠡ ᠳ᠋ᠦᠩ ᠮᠥᠨ᠂ ᠠᠳᠡ ᠪᠢ ᠵᠠᠬᠢᠳᠠᠯ ᠰᠣᠷᠪᠤᠯᠵᠢᠯᠠᠭ᠎ᠠ ᠶᠢᠨ | ᠲᠣᠪᠴᠢᠶ᠎ᠠ ᠶᠢ ᠲᠥᠯᠥᠭᠡᠯᠡᠨ ᠮᠠᠨ ᠤ ᠲᠣᠪᠴᠢᠶ᠎ᠠ ᠶᠢᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ | ᠤᠳᠤᠷᠢᠳᠤᠯᠭ᠎ᠠ ᠵᠢᠴᠢ ᠡᠯ᠎ᠡ ᠡᠲᠡᠭᠡᠳ ᠤᠨ ᠣᠯᠠᠨ ᠲᠦᠮᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ | ᠪᠠᠶᠢᠨ᠎ᠠ᠂ ᠲᠠ ᠪᠦᠬᠦᠨ ᠳᠤ ᠲᠠᠯᠠᠷᠬᠠᠵᠤ ᠪᠠᠶᠢᠨ᠎ᠠ︕ | ︽ᠬᠥᠲᠥᠯᠥᠭᠴᠢ︾ 2022 ᠣᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠶ︖ ᠡᠭᠦᠨ ᠳᠤ ᠶᠠᠮᠠᠷ ᠶᠠᠮᠠᠷ | ᠲᠤᠷᠰᠢᠯᠭ᠎ᠠ ᠪᠠᠶᠢᠬᠤ ᠪᠤᠢ︖ | ︽ᠯᠢ ᠵᠢᠶᠦ᠋ᠨ ᡁᠢ︾ ᠣᠶᠢᠷ᠎ᠠ ᠶᠢᠨ ᠵᠢᠯ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠱᠠᠲᠤ | ᠱᠠᠲᠤ ᠪᠠᠷ ᠨᠠᠶᠢᠳᠠᠪᠤᠷᠢᠵᠢᠭᠤᠯᠵᠤ᠂ ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢ ᠵᠠᠰᠠᠬᠤ᠂ ᠵᠠᠬᠢᠳᠠᠯ | ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠢ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠵᠠᠬᠢᠳᠠᠯ ᠰᠣᠷᠪᠤᠯᠵᠢᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠠᠬᠢᠳᠠᠯ | ᠰᠣᠷᠪᠤᠯᠵᠢᠯᠠᠭ᠎ᠠ ᠶᠢᠨ ᠵᠥᠷᠢᠴᠡᠯ ᠢ ᠡᠬᠢ ᠡᠭᠦᠰᠦᠯ ᠠᠴᠠ ᠨᠢ ᠵᠠᠰᠠᠬᠤ ᠶᠢ ᠴᠢᠩᠭ᠎ᠠ ᠠᠳᠬᠤᠨ᠂ ︽ᠤᠴᠢᠷ | ᠶᠠᠪᠤᠳᠠᠯ ᠢ ᠰᠢᠢᠳᠪᠦᠷᠢᠯᠡᠬᠦ︾ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠢᠯᠡᠳᠲᠡ ᠦᠷ᠎ᠡ ᠪᠦᠲᠦᠮᠵᠢ | ᠣᠯᠵᠤ᠂ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠳᠤ ᠮᠠᠰᠢ ᠰᠠᠶᠢᠨ ᠪᠠᠶᠢᠳᠠᠯ ᠢᠯᠡᠷᠡᠵᠡᠢ᠃ | 2022 ᠣᠨ ᠳᠤ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠪᠥᠬᠦ ᠵᠢᠯ ᠳᠤ ᠳᠡᠭᠡᠭᠰᠢ | ᠰᠤᠷᠪᠤᠯᠵᠢᠯᠠᠭᠰᠠᠨ ᠣᠯᠠᠨ ᠲᠦᠮᠡᠨ ᠢ ᠨᠡᠶᠢᠲᠡ 318 ᠪᠦᠯᠦᠭ 4006 ᠬᠥᠮᠥᠨ ᠤᠳᠠᠭ᠎ᠠ ᠭᠥᠯᠢᠶᠡᠨ ᠠᠪᠴᠤ᠂ | ᠬᠥᠮᠥᠨ ᠤᠳᠠᠭ᠎ᠠ ᠶᠢᠨ ᠰᠢᠢᠳᠪᠦᠷᠢᠯᠡᠭᠰᠡᠨ ᠨᠣᠷᠮ᠎ᠠ ᠨᠢ 91% ᠪᠠᠶᠢᠵᠤ᠂ ᠪᠡᠭᠡᠵᠢᠩ ᠳᠤ ᠬᠦᠷᠴᠦ | ᠰᠤᠷᠪᠤᠯᠵᠢᠯᠠᠭᠰᠠᠨ ᠶᠠᠪᠤᠳᠠᠯ ᠭᠠᠷᠤᠭᠰᠠᠨ ᠦᠭᠡᠢ︔ ᠣᠷᠣᠨ ᠳᠤ ᠬᠦᠷᠴᠦ ᠰᠤᠷᠪᠤᠯᠵᠢᠯᠠᠭᠰᠠᠨ 6 ᠪᠦᠯᠦᠭ 7 | ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ ᠪᠦᠯᠦᠭ ᠤᠳᠠᠭ᠎ᠠ᠂ ᠬᠥᠮᠥᠨ | ᠤᠳᠠᠭ᠎ᠠ ᠲᠣᠰ ᠲᠣᠰ 51% ᠪᠠ 69% ᠪᠠᠷ ᠪᠠᠭᠤᠷᠠᠪᠠ︔ ᠬᠤᠳᠠ ᠳᠤ ᠬᠦᠷᠴᠦ ᠰᠤᠷᠪᠤᠯᠵᠢᠯᠠᠭᠰᠠᠨ 20 | ᠪᠦᠯᠦᠭ 39 ᠬᠥᠮᠥᠨ ᠤᠳᠠᠭ᠎ᠠ ᠳᠤ ᠬᠦᠷᠴᠦ᠂ ᠬᠤᠳᠠ ᠳᠤ ᠬᠦᠷᠴᠦ ᠰᠤᠷᠪᠤᠯᠵᠢᠯᠠᠭᠰᠠᠨ 2021 ᠣᠨ ᠤ ᠠᠳᠠᠯᠢ | ᠬᠤᠭᠤᠴᠠᠭᠠᠨ ᠤ ᠬᠢ ᠠᠴᠠ ᠪᠦᠯᠦᠭ ᠤᠳᠠᠭ᠎ᠠ ᠳᠤ ᠬᠦᠷᠴᠦ᠂ ᠬᠥᠮᠥᠨ ᠤᠳᠠᠭ᠎ᠠ ᠶᠢᠨ ᠬᠡᠮᠵᠢᠶ᠎ᠡ ᠲᠤᠰ ᠲᠤᠰ 21% | ᠪᠠ 82% ᠢᠶᠠᠷ ᠪᠠᠭᠤᠷᠠᠪᠠ︔ ᠬᠤᠰᠢᠭᠤᠨ ᠳᠤ ᠰᠤᠷᠪᠤᠯᠵᠢᠯᠠᠬᠤ ᠪᠠᠷ ᠢᠷᠡᠭᠰᠡᠨ ᠪᠦᠯᠦᠭ ᠤᠳᠠᠭ᠎ᠠ᠂ ᠬᠥᠮᠥᠨ | ᠤᠳᠠᠭ᠎ᠠ ᠶᠢᠨ ᠲᠤᠭ᠎ᠠ ᠲᠣᠰ ᠲᠣᠰ 27% ᠪᠠ 34% ᠪᠠᠷ ᠳᠡᠭᠡᠭᠰᠢᠯᠡᠪᠡ᠃ ᠣᠯᠠᠨ ᠲᠦᠮᠡᠨ ᠤ ᠰᠦᠯᠵᠢᠶᠡᠨ | ᠳᠡᠭᠡᠷᠡᠬᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠨᠡᠶᠢᠲᠡ 149 ᠬᠤᠪᠢ ᠭᠥᠯᠢᠶᠡᠨ ᠠᠪᠴᠤ ᠰᠢᠢᠳᠪᠦᠷᠢᠯᠡᠵᠡᠢ᠂ | ᠬᠤᠭᠤᠴᠠᠭ᠎ᠠ ᠶᠣᠰᠣᠭᠠᠷ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 100% ᠳᠤ ᠬᠦᠷᠴᠦ᠂ ᠵᠠᠬᠢᠳᠠᠯ | ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠣᠯᠠᠨ ᠲᠦᠮᠡᠨ ᠤ ᠰᠢᠯᠭᠠᠷᠠᠭᠤᠯᠤᠯᠲᠠ ᠳᠤ ᠣᠷᠣᠯᠴᠠᠭᠰᠠᠨ ᠨᠣᠷᠮ᠎ᠠ᠂ | ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠨᠢ ᠴᠥᠮ 98.86% ᠪᠠᠶᠢᠵᠤ᠂ ᠬᠠᠷᠢᠭᠤᠴᠠᠯᠭᠠᠲᠤ ᠨᠢᠭᠡᠴᠢ ᠶᠢᠨ ᠣᠯᠠᠨ | ᠲᠦᠮᠡᠨ ᠤ ᠰᠢᠯᠭᠠᠷᠠᠭᠤᠯᠤᠯᠲᠠ ᠳᠤ ᠣᠷᠣᠯᠴᠠᠭᠰᠠᠨ ᠨᠣᠷᠮ᠎ᠠ᠂ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠨᠢ ᠴᠥᠮ | 98.34% ᠪᠠᠶᠢᠪᠠ᠃ ᠪᠦᠬᠦ ᠬᠤᠳᠠ ᠳᠤ ᠶᠡᠷᠦᠩᠬᠡᠶᠢᠯᠡᠨ ᠰᠢᠯᠭᠠᠨ ᠦᠨᠡᠯᠡᠭᠰᠡᠨ ᠤ ᠲᠠᠷᠠᠭ᠎ᠠ᠂ ᠪᠦᠬᠦ ᠬᠤᠳᠠ ᠳᠤ | ᠬᠤᠶᠠᠳᠤᠭᠠᠷ ᠲᠤ ᠣᠷᠣᠭᠰᠠᠨ ᠰᠠᠶᠢᠨ ᠬᠢᠷᠢ ᠪᠦᠲᠦᠮᠵᠢ ᠶᠢ ᠣᠯᠵᠤ ᠮᠡᠳᠡᠨ᠎ᠠ᠃ | ︽ᠶᠠᠰᠤᠨ ᠤ ᠬᠡᠷᠡᠭ︾ ︽ᠬᠠᠳᠠᠭᠠᠰᠤᠨ ᠤ ᠬᠡᠷᠡᠭ︾ ᠢ ᠰᠢᠢᠳᠪᠦᠷᠢᠯᠡᠬᠦ ᠶᠢ ᠬᠦᠴᠦᠯᠡᠨ | ᠠᠬᠢᠭᠤᠯᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠳᠤᠷᠢᠳᠤᠯᠭ᠎ᠠ ᠬᠡᠷᠡᠭ ᠢ | ᠳᠠᠭᠠᠭᠠᠨ ᠰᠣᠷᠪᠤᠯᠵᠢᠯᠠᠭ᠎ᠠ ᠶᠢ ᠭᠥᠯᠢᠶᠡᠨ ᠠᠪᠬᠤ ᠳᠦᠷᠢᠮ ᠢ ᠬᠡᠷᠡᠭᠵᠢᠭᠦᠯᠵᠦ᠂ ᠭᠤᠣᠯᠳᠠᠯᠭ᠎ᠠ ᠲᠠᠢ ᠬᠡᠷᠡᠭ ᠢ | ᠪᠦᠬᠦᠨ ᠢ ᠬᠤᠰᠢᠭᠤᠨ ᠱᠠᠲᠤᠨ ᠤ ᠤᠳᠤᠷᠢᠳᠤᠯᠭ᠎ᠠ ᠳᠤ ᠨᠠᠶᠢᠳᠠᠪᠤᠷᠢᠵᠢᠭᠤᠯᠬᠤ ᠶᠢᠨ ᠬᠠᠮᠲᠤ ᠰᠢᠢᠳᠪᠦᠷᠢᠯᠡᠬᠦ ᠭᠤᠣᠯ | ᠴᠣᠭᠴᠠ ᠶᠢ ᠲᠣᠳᠣᠷᠬᠠᠶᠢᠯᠠᠪᠠ᠃ ︽ᠡᠳᠦᠷ ᠢᠶᠠᠷ ᠲᠣᠭᠤᠷᠢᠨ ᠪᠠᠶᠢᠴᠠᠭᠠᠬᠤ᠂ ᠭᠠᠷᠠᠭ ᠢᠶᠠᠷ ᠬᠤᠷᠢᠶᠠᠩᠭᠤᠶᠢᠯᠠᠬᠤ᠂ | ᠰᠠᠷ᠎ᠠ ᠪᠠᠷ ᠲᠣᠬᠢᠷᠠᠭᠤᠯᠬᠤ᠂ ᠤᠯᠠᠷᠢᠯ ᠢᠶᠠᠷ ᠵᠠᠷᠯᠠᠨ ᠮᠡᠳᠡᠭᠳᠡᠬᠦ᠂ ᠵᠢᠯ ᠢᠶᠠᠷ ᠬᠢᠨᠠᠨ ᠰᠢᠯᠭᠠᠬᠤ︾ ᠵᠡᠷᠭᠡ ᠠᠵᠢᠯ ᠤᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠬᠤᠶᠠᠷ ᠢ ᠳᠠᠭᠠᠭᠠᠴᠢᠯᠠᠬᠤ ᠬᠡᠷᠡᠭ︾᠂ ᠲᠡᠰ ᠳᠡᠪᠰᠢᠭᠦᠯᠦᠨ | ᠬᠡᠷᠡᠭ ᠢ ᠳᠠᠭᠠᠭᠠᠴᠢᠯᠠᠬᠤ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠳᠠᠷᠤᠭᠳᠠᠮᠠᠯ ᠬᠡᠷᠡᠭ ᠤᠨ ᠪᠡᠷᠬᠡ | ᠰᠡᠳᠦᠪ ᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠪᠠ᠃ ᠵᠠᠬᠢᠳᠠᠯ ᠰᠣᠷᠪᠤᠯᠵᠢᠯᠠᠭ᠎ᠠ ᠶᠢᠨ | ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠵᠢᠷᠤᠮᠵᠢᠭᠤᠯᠵᠤ᠂ ᠴᠠᠭ ᠲᠤᠬᠠᠢ ᠳᠤᠨᠢ ᠭᠥᠯᠢᠶᠡᠨ ᠠᠪᠴᠤ | ᠰᠢᠢᠳᠪᠦᠷᠢᠯᠡᠬᠦ ᠨᠤᠷᠮ᠎ᠠ᠂ ᠬᠤᠭᠤᠴᠠᠭ᠎ᠠ ᠶᠣᠰᠣᠭᠠᠷ ᠰᠢᠢᠳᠪᠦᠷᠢᠯᠡᠵᠦ ᠳᠠᠭᠤᠰᠬᠠᠬᠤ ᠨᠤᠷᠮ᠎ᠠ᠂ ᠤᠯᠠᠨ ᠲᠦᠮᠡᠨ ᠤ | ᠰᠡᠳᠬᠢᠯ ᠬᠠᠨᠤᠮᠵᠢᠲᠠᠶ ᠪᠠᠶᠢᠬᠤ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ︽ᠬᠥᠲᠥᠯᠥᠭᠴᠢ︾ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠪᠣᠯᠤᠭᠰᠠᠨ ᠤ | ᠬᠤᠪᠢ ᠳᠤ᠂ ᠲᠠ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠤᠬᠠᠢ ᠶᠠᠮᠠᠷ ᠪᠣᠳᠣᠯᠬᠢᠯᠠᠯ ᠪᠠᠶᠢᠬᠤ ᠪᠣᠶ︖ ᠲᠣᠰ | ᠪᠡᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠬᠡᠷᠬᠢᠨ ᠭᠦᠢᠴᠡᠳᠬᠡᠬᠦ ᠪᠣᠶ︖ | ︽ᠯᠢ ᠵᠢᠶᠦ᠋ᠨ ᡁᠢ︾ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯ ᠨᠠᠮ ᠤᠨ ᠤᠯᠠᠨ ᠲᠦᠮᠡᠨ ᠤ | ᠠᠵᠢᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ | ᠴᠢᠬᠤᠯᠠ ᠴᠣᠩᠬᠤ ᠮᠥᠨ᠂ ᠲᠡᠷᠡ ᠨᠢ ᠢᠯᠡ ᠲᠣᠳᠣ ᠤᠯᠤᠰ ᠲᠥᠷᠥᠴᠢ ᠴᠢᠨᠠᠷ ᠪᠠ ᠠᠷᠠᠳᠴᠢ ᠴᠢᠨᠠᠷ ᠲᠠᠢ ᠪᠠᠶᠢᠵᠤ᠂ | ᠤᠯᠤᠰ ᠲᠦᠷᠦ ᠳᠤ ᠣᠷᠤᠯᠴᠠᠬᠤ᠂ ᠡᠷᠬᠡ ᠶᠢ ᠪᠠᠲᠤᠯᠠᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠴᠢᠬᠤᠯᠠ | ᠴᠢᠳᠠᠮᠵᠢ ᠶᠢ ᠡᠭᠦᠷᠭᠡᠯᠡᠵᠦ ᠪᠠᠶᠢᠳᠠᠭ᠃ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠳᠠᠷᠤᠭ᠎ᠠ ᠪᠣᠯᠤᠭᠰᠠᠨ ᠤ | ᠬᠤᠪᠢ ᠳᠤ᠂ ᠪᠢ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠥᠩᠭᠡ ᠭᠡᠷᠡᠯᠲᠡᠢ ᠭᠡᠳᠡᠭ ᠢ ᠭᠦᠨᠵᠡᠭᠡᠢ ᠣᠶᠢᠯᠠᠭᠠᠵᠤ | ᠪᠠᠶᠢᠨ᠎ᠠ᠃ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ | ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠵᠤ᠂ | ᠠᠷᠠᠳ ᠤᠨ ᠲᠥᠯᠥᠭᠡ ᠬᠦᠴᠢᠷᠳᠡᠯ ᠢ ᠰᠢᠢᠳᠪᠦᠷᠢᠯᠡᠨ ᠥᠭᠴᠦ᠂ ᠨᠠᠮ ᠤᠨ ᠲᠥᠯᠥᠭᠡ ᠬᠦᠴᠢᠷ ᠵᠣᠪᠠᠭᠤᠷᠢ ᠶᠢ | ᠰᠢᠢᠳᠪᠦᠷᠢᠯᠡᠬᠦ ᠪᠣᠳᠠᠲᠤ ᠶᠠᠪᠤᠳᠠᠯ ᠤᠨ ᠪᠣᠳᠠᠲᠤ ᠦᠷ᠎ᠡ ᠪᠦᠲᠦᠮᠵᠢ ᠪᠠᠷ ᠨᠠᠮ ᠪᠠ ᠠᠷᠠᠳ ᠲᠦᠮᠡᠨ ᠤ ᠬᠦᠨᠳᠦ | ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃ | ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯ | ᠤᠯᠤᠰ ᠲᠦᠷᠦ ᠶᠢᠨ ᠠᠵᠢᠯ ᠮᠥᠨ᠂ ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠪᠣᠯ ᠤᠯᠤᠰ ᠲᠦᠷᠦ ᠶᠢᠨ | ᠪᠠᠶᠢᠭᠤᠯᠭ᠎ᠠ ᠮᠥᠨ᠂ ᠵᠠᠬᠢᠳᠠᠯ ᠰᠣᠷᠪᠤᠯᠵᠢᠯᠠᠭ᠎ᠠ ᠶᠢᠨ ᠺᠠᠳ᠋ᠷ ᠪᠣᠯ ᠤᠯᠤᠰ ᠲᠦᠷᠦ ᠶᠢᠨ ᠺᠠᠳ᠋ᠷ ᠮᠥᠨ ᠭᠡᠬᠦ ᠤᠬᠠᠮᠰᠠᠷ ᠢ | ᠪᠠᠲᠤ ᠪᠠᠬᠢ ᠪᠤᠢ ᠪᠣᠯᠭᠠᠵᠤ᠂ ᠤᠯᠤᠰ ᠲᠦᠷᠦ ᠪᠠ ᠪᠦᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠵᠠᠬᠢᠳᠠᠯ | ᠰᠣᠷᠪᠤᠯᠵᠢᠯᠠᠭ᠎ᠠ ᠶᠢᠨ ᠠᠵᠢᠯ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ᠂ ᠵᠠᠬᠢᠳᠠᠯ ᠰᠣᠷᠪᠤᠯᠵᠢᠯᠠᠭ᠎ᠠ ᠶᠢᠨ | ᠦᠵᠡᠭᠳᠡᠯ ᠳᠤ ᠬᠠᠨᠳᠤᠬᠤ ᠶᠢ ᠪᠠᠷᠢᠮᠲᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ | ᠶᠠᠪᠤᠴᠠ ᠶᠢ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠬᠦ᠂ ᠤᠯᠠᠨ ᠲᠦᠮᠡᠨ ᠤ ᠠᠵᠢᠯ ᠢ ᠰᠠᠶᠢᠲᠤᠷ | ᠬᠢᠬᠦ ᠶᠠᠪᠤᠴᠠ ᠪᠣᠯᠭᠠᠬᠤ ᠬᠡᠷᠡᠭᠲᠡᠢ᠃ ᠡᠭᠦᠷᠭᠡ ᠴᠢᠳᠠᠪᠤᠷᠢ ᠪᠠᠨ ᠪᠠᠳᠠᠷᠠᠭᠤᠯᠬᠤ ᠶᠢ ᠴᠢᠩᠭᠠᠳᠬᠠᠵᠤ᠂ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠢ ᠤᠬᠠᠮᠰᠠᠷ ᠠᠴᠠ ᠪᠠᠨ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ | ᠪᠠᠶᠢᠯᠭᠠᠬᠤ ᠶᠢᠨ ᠶᠡᠭᠡ ᠲᠠᠯ᠎ᠠ ᠳᠤ ᠲᠠᠯᠪᠢᠵᠤ ᠰᠡᠳᠬᠢᠨ ᠪᠣᠳᠣᠯᠬᠢᠯᠠᠬᠤ᠂ ᠠᠷᠭ᠎ᠠ ᠰᠦᠪᠡᠭᠴᠢᠯᠡᠬᠦ ᠪᠠ ᠲᠦᠯᠬᠢᠨ | ᠠᠬᠢᠭᠤᠯᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ | ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ | ᠵᠣᠬᠢᠴᠠᠭᠤᠯᠬᠤ᠂ ᠵᠢᠯᠤᠭᠤᠳᠬᠤ᠂ ᠬᠢᠨᠠᠯᠲᠠ ᠲᠠᠯᠪᠢᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠤ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠢ ᠠᠷᠢᠯᠭᠠᠬᠤ᠂ ᠨᠡᠶᠢᠭᠡᠮ ᠤᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠡᠭᠦᠷᠭᠡ ᠬᠠᠷᠢᠭᠤᠴᠠᠯᠭ᠎ᠠ ᠪᠠᠨ ᠪᠦᠲᠦᠮᠵᠢᠲᠡᠶ ᠪᠠᠷ ᠭᠦᠢᠴᠡᠳᠬᠡᠨ᠎ᠡ᠃ | ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ | ᠮᠠᠶ᠋ᠢᠭ ᠢ ᠴᠢᠳᠠᠮᠠᠭᠠᠢ ᠬᠡᠷᠡᠭᠯᠡᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠥᠷᠨᠢᠭᠦᠯᠵᠦ᠂ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠪᠠᠶᠢᠷᠢᠰᠢᠯ ᠪᠠ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ | ᠰᠢᠯᠢᠳᠡᠭᠵᠢᠭᠦᠯᠬᠦ ᠶᠢ ᠲᠦᠯᠬᠢᠨ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ | ᠬᠤᠷᠠᠯᠳᠤᠭᠠᠨ ᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠩᠬᠠᠨ ᠤ ᠵᠠᠬᠢᠳᠠᠯ ᠠᠩᠬᠠᠨ ᠤ | ᠰᠣᠷᠪᠤᠯᠵᠢᠯᠠᠭ᠎ᠠ ᠶᠢ ᠴᠠᠭ ᠲᠤᠬᠠᠢ ᠳᠤᠨᠢ ᠰᠢᠢᠳᠪᠦᠷᠢᠯᠡᠬᠦ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠬᠡᠪ ᠤᠨ ᠪᠠᠶᠢᠳᠠᠯ ᠢᠶᠠᠷ ᠠᠷᠢᠯᠭᠠᠬᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠤᠨ ᠰᠤᠳᠤᠯᠤᠨ | ᠮᠠᠭᠠᠳᠯᠠᠬᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ | ᠦᠨᠡᠯᠡᠬᠦ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠢᠨ᠎ᠡ | ᠪᠠᠶᠢᠳᠠᠯ ᠰᠢᠨ᠎ᠡ ᠡᠭᠦᠷᠭᠡ ᠳᠤ ᠨᠡᠩ ᠰᠠᠶᠢᠲᠤᠷ ᠵᠣᠬᠢᠴᠠᠭᠤᠯᠤᠨ᠎ᠠ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠨᠠᠮ ᠳᠠᠭᠠᠨ ᠦᠨᠡᠨᠴᠢ ᠨᠠᠶᠢᠳᠠᠪᠤᠷᠢᠲᠠᠢ᠂ ᠠᠷᠠᠳ ᠤᠨ ᠲᠥᠯᠥᠭᠡ ᠵᠢᠳᠬᠦᠬᠦ ᠬᠠᠷᠢᠭᠤᠴᠠᠯᠭ᠎ᠠ ᠶᠢ ᠬᠢᠴᠢᠶᠡᠩᠭᠦᠶᠢᠯᠡᠨ | ᠵᠢᠷᠤᠮᠯᠠᠬᠤ᠂ ᠤᠯᠠᠨ ᠲᠦᠮᠡᠨ ᠤ ᠠᠵᠢᠯ ᠢ ᠰᠠᠶᠢᠲᠤᠷ ᠬᠢᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ | ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | ︽ᠬᠥᠲᠥᠯᠥᠭᠴᠢ︾ ᠲᠠᠷᠠᠭᠠᠴᠢ ᠶᠢᠨ ᠠᠯᠬᠤᠮ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠬᠢᠨ 2023 ᠣᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠡᠷᠬᠢᠨ ᠨᠠᠶᠢᠳᠠᠪᠤᠷᠢᠵᠢᠭᠤᠯᠬᠤ ᠪᠣᠶ︖ | ︽ᠯᠢ ᠵᠢᠶᠦ᠋ᠨ ᡁᠢ︾ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ︽ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠬᠢᠨᠠᠮᠠᠭᠠᠢ ᠰᠠᠶᠢᠲᠤᠷ ᠬᠢᠵᠦ᠂ ᠨᠠᠮ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠳᠠᠬᠢ ᠪᠥᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ᠂ ᠠᠷᠠᠳ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢ ᠠᠷᠠᠳ ᠲᠦᠮᠡᠨ ᠤ ᠲᠥᠯᠥᠭᠡ | ᠬᠢᠬᠦ ᠶᠢ ᠪᠠᠷᠢᠮᠲᠠᠯᠠᠵᠤ᠂ ᠰᠢᠨ᠎ᠡ ᠶᠢ ᠡᠵᠡᠮᠳᠡᠨ ᠬᠠᠭᠤᠴᠢᠨ ᠢ ᠵᠠᠰᠠᠬᠤ᠂ ᠥᠩᠭᠡᠨ ᠲᠠᠯ᠎ᠠ ᠪᠠ ᠦᠨᠳᠦᠰᠦ ᠠᠴᠠ ᠨᠢ | ᠵᠠᠰᠠᠬᠤ ᠶᠢ ᠪᠠᠷᠢᠮᠲᠠᠯᠠᠵᠤ᠂ ᠳᠦᠷᠢᠮ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠮᠤᠷ | ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃ ᠳᠣᠣᠷᠠᠬᠢ ᠭᠤᠷᠪᠠᠨ ᠲᠠᠯ᠎ᠠ ᠪᠠᠷ | ᠬᠦᠴᠦ ᠲᠠᠯᠪᠢᠨ᠎ᠠ᠄ | ᠨᠢᠭᠡ ᠳᠤ᠂ ᠡᠬᠢ ᠡᠭᠦᠰᠦᠯ ᠠᠴᠠ ᠨᠢ ᠵᠠᠰᠠᠵᠤ ᠨᠡᠮᠡᠭᠳᠡᠯ ᠢ ᠬᠢᠵᠠᠭᠠᠷᠯᠠᠨ᠎ᠠ᠃ ᠰᠢᠨ᠎ᠡ ᠴᠠᠭ | ᠦᠶ᠎ᠡ ᠶᠢᠨ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠣᠷᠪᠤᠯᠵᠢᠯᠠᠭ᠎ᠠ ᠶᠢᠨ ᠵᠠᠰᠠᠯᠲᠠ ᠶᠢ | ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠨᠡᠶᠢᠭᠡᠮ ᠤᠨ ᠵᠠᠰᠠᠯᠲᠠ ᠶᠢᠨ ᠰᠢᠰᠲ᠋ᠧᠮ ᠳᠤ | ᠠᠭᠤᠰᠤᠯᠴᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠳᠦᠷᠢᠮ ᠤᠨ ᠳᠠᠪᠠᠭᠤᠯᠢᠭ ᠢ ᠨᠡᠶᠢᠭᠡᠮ ᠤᠨ ᠵᠠᠰᠠᠯᠲᠠ ᠶᠢᠨ | ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ ᠵᠥᠷᠢᠴᠡᠯ ᠢ ᠣᠯᠠᠨ ᠡᠰᠢᠵᠢᠭᠦᠯᠦᠨ ᠤᠷᠢᠳᠴᠢᠯᠠᠨ ᠰᠡᠷᠭᠡᠶᠢᠯᠡᠵᠦ | ᠨᠠᠮᠳᠠᠭᠤᠯᠬᠤ ᠶᠢ ᠪᠠᠷᠢᠮᠲᠠᠯᠠᠵᠤ᠂ ᠨᠡᠶᠢᠭᠡᠮ ᠤᠨ ᠭᠤᠷᠪᠠᠳᠠᠭᠢ ᠡᠲᠡᠭᠡᠳ ᠤᠨ ᠳᠠᠪᠠᠭᠤᠯᠢᠭ ᠢ ᠪᠠᠳᠠᠷᠠᠭᠤᠯᠤᠨ᠂ | ᠰᠤᠷᠪᠤᠯᠵᠢᠯᠠᠬᠤ ᠪᠠ ᠡᠶᠡᠳᠡᠭᠦᠯᠬᠦ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠵᠦ᠂ ︽ᠲᠣᠥᠷᠵᠢᠭᠤᠯᠬᠤ + | ᠨᠠᠮ ᠤᠨ ᠭᠡᠰᠢᠭᠦᠨ ᠡᠷᠦᠬᠡ ᠬᠤᠯᠪᠣᠭᠠᠯᠠᠬᠤ︾ ᠶᠢ ᠬᠡᠷᠡᠭᠵᠢᠭᠦᠯᠦᠨ᠂ ᠵᠥᠷᠢᠴᠡᠯ ᠢ ᠪᠥᠬᠦ ᠶᠠᠪᠤᠴᠠ ᠳᠤ ᠳᠠᠭᠠᠵᠤ | ᠰᠢᠢᠳᠪᠦᠷᠢᠯᠡᠨ᠂ ᠦᠨᠳᠦᠰᠦᠨ ᠱᠠᠲᠤᠨ ᠤ ᠵᠥᠷᠢᠴᠡᠯ ᠢ ᠨᠠᠮᠳᠠᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠯ᠎ᠡ | ᠲᠥᠷᠥᠯ ᠤᠨ ᠵᠥᠷᠢᠴᠡᠯ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠰᠣᠶᠣᠭᠠᠯᠠᠯ ᠤᠨ ᠪᠠᠶᠢᠳᠠᠯ | ᠳᠤᠨᠢ ᠰᠢᠢᠳᠪᠦᠷᠢᠯᠡᠨ᠂ ︽ᠪᠠᠭ᠎ᠠ ᠶᠠᠪᠤᠳᠠᠯ ᠢ ᠲᠣᠰᠬᠤᠨ ᠳᠤ ᠭᠠᠷᠭᠠᠬᠤ ᠦᠭᠡᠢ᠂ ᠶᠡᠭᠡ ᠶᠠᠪᠤᠳᠠᠯ ᠢ ᠰᠤᠮᠤ ᠰᠢᠶᠠᠩ | ᠪᠠᠯᠭᠠᠰᠤ ᠳᠤ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠪᠡᠶᠡᠯᠡᠭᠦᠯᠦᠨ᠎ᠡ᠃ | ᠬᠤᠶᠠᠷ ᠲᠤ᠂ ᠪᠡᠷᠬᠡ ᠰᠡᠳᠦᠪ ᠢ ᠲᠥᠪᠯᠡᠷᠡᠭᠦᠯᠦᠨ ᠰᠢᠢᠳᠪᠦᠷᠢᠯᠡᠵᠦ ᠬᠠᠳᠠᠭᠠᠯᠠᠯᠲᠠ ᠶᠢᠨ ᠬᠡᠮᠵᠢᠶ᠎ᠡ ᠶᠢ | ᠪᠠᠭᠠᠰᠬᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠳᠠᠪᠬᠤᠷᠳᠠᠭᠰᠠᠨ ᠳᠠᠷᠤᠭᠳᠠᠮᠠᠯ ᠬᠡᠷᠡᠭ ᠢ ᠲᠣᠭᠲᠠᠮᠠᠯ | ᠬᠤᠭᠤᠴᠠᠭ᠎ᠠ ᠲᠠᠢ ᠪᠠᠷ ᠶᠡᠭᠡ ᠪᠠᠷ ᠰᠢᠢᠳᠪᠦᠷᠢᠯᠡᠨ᠂ ᠲᠠᠩᠰᠠ ᠡᠪᠬᠡᠮᠡᠯ ᠢ ᠡᠮᠬᠢᠯᠡᠨ ᠲᠢᠭᠯᠡᠵᠦ᠂ ᠬᠠᠳᠠᠭᠠᠰᠤ ᠬᠠᠳᠠᠬᠤ | ᠵᠣᠷᠢᠭ ᠰᠠᠨᠠᠭ᠎ᠠ ᠶᠢ ᠪᠠᠳᠠᠷᠠᠭᠤᠯᠤᠨ᠂ ᠲᠤᠰᠬᠠᠢ ᠵᠦᠢᠯ ᠢᠶᠠᠷ ᠵᠠᠰᠠᠵᠤ᠂ ᠪᠡᠷᠬᠡ ᠰᠡᠳᠦᠪ ᠢ ᠲᠥᠪᠯᠡᠷᠡᠭᠦᠯᠦᠨ | ᠰᠢᠢᠳᠪᠦᠷᠢᠯᠡᠨ᠎ᠡ᠃ ᠬᠠᠶᠢᠷ᠎ᠠ ᠰᠡᠳᠬᠢᠯᠭᠡ ᠲᠠᠢ ᠪᠠᠶᠢᠬᠤ᠂ ᠬᠠᠤᠯᠢ ᠲᠣᠭᠲᠠᠭᠠᠯ ᠢ ᠵᠢᠷᠤᠮᠯᠠᠬᠤ᠂ ᠰᠢᠰᠲ᠋ᠧᠮ ᠲᠠᠢ ᠪᠠᠷ | ᠲᠦᠷᠦᠯ ᠬᠤᠪᠢᠶᠠᠬᠤ᠂ ᠤᠨᠢᠨ ᠳᠡᠭᠡᠷ᠎ᠡ ᠨᠢ ᠰᠢᠢᠳᠪᠦᠷᠢᠯᠡᠬᠦ ᠶᠢ ᠪᠠᠷᠢᠮᠲᠠᠯᠠᠵᠤ᠂ ︽ᠭᠤᠷᠪᠠ ᠶᠢ ᠪᠣᠳᠠᠲᠠᠶᠢᠵᠢᠭᠤᠯᠵᠤ | ᠨᠢᠭᠡ ᠶᠢ ᠰᠢᠢᠳᠪᠦᠷᠢᠯᠡᠬᠦ︾ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ | ᠵᠠᠭᠤᠨ ᠤ ᠨᠢᠭᠡ ᠶᠢᠨ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶᠢ ᠠᠷᠭ᠎ᠠ ᠪᠦᠬᠦᠨ ᠢ ᠰᠦᠪᠡᠭᠴᠢᠯᠡᠨ ᠰᠢᠢᠳᠪᠦᠷᠢᠯᠡᠬᠦ | ᠬᠡᠷᠡᠭᠲᠡᠢ︔ ᠶᠣᠰᠣ ᠪᠤᠰᠤ ᠬᠦᠰᠡᠯ ᠱᠠᠭᠠᠷᠳᠠᠯᠭ᠎ᠠ ᠳᠤ ᠬᠠᠨᠳᠤᠬᠤ ᠳᠠᠭᠠᠨ᠂ ᠪᠠᠶᠢᠷᠢ ᠰᠣᠯᠢᠵᠤ ᠰᠡᠳᠬᠢᠨ ᠪᠣᠳᠣᠯᠬᠢᠯᠠᠵᠤ | ᠂ ᠬᠠᠶᠢᠷ᠎ᠠ ᠰᠡᠳᠬᠢᠯᠭᠡ ᠲᠠᠢ ᠪᠠᠶᠢᠵᠤ᠂ ︽ᠰᠡᠳᠬᠢᠯ ᠤᠨ ᠵᠠᠩᠭᠢᠷᠠᠭ᠎ᠠ︾ ᠪᠠᠨ ᠨᠡᠭᠡᠭᠡᠵᠦ᠂ ᠤᠴᠢᠷ ᠶᠠᠪᠤᠳᠠᠯ ᠤᠨ | ᠰᠡᠳᠬᠢᠯ ᠢ ᠬᠤᠶᠠᠷ ᠲᠠᠯ᠎ᠠ ᠪᠠᠷ ᠣᠶᠢᠯᠠᠭᠠᠬᠤ ᠬᠡᠷᠡᠭᠲᠡᠢ︔ ᠠᠮᠢᠳᠤᠷᠠᠯ ᠨᠢ ᠬᠦᠴᠢᠷᠳᠡᠯ ᠲᠠᠢ ᠵᠠᠬᠢᠳᠠᠯ ᠰᠣᠷᠪᠤᠯᠵᠢᠯᠠᠭ᠎ᠠ | ᠬᠢᠭᠰᠡᠳ ᠢ ᠤᠯᠠᠨ ᠲᠠᠯ᠎ᠠ ᠠᠴᠠ ᠬᠠᠪᠰᠤᠷᠤᠨ ᠲᠡᠳᠬᠦᠵᠦ ᠠᠪᠤᠷᠠᠨ ᠲᠤᠰᠠᠯᠠᠵᠤ᠂ ᠲᠡᠳᠡᠨ ᠳᠤ ᠨᠠᠮ ᠪᠠ ᠵᠠᠰᠠᠭ ᠤᠨ | ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠨ᠎ᠡ︔ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ | ᠰᠢᠢᠳᠪᠦᠷᠢᠯᠡᠵᠦ᠂ ︽ᠶᠣᠰᠣ ᠲᠠᠢ ᠮᠥᠷᠲᠡᠭᠡᠨ ᠪᠠᠰᠠ ᠬᠠᠤᠯᠢ ᠶᠣᠰᠣᠭᠠᠷ ᠵᠠᠬᠢᠳᠠᠯ ᠰᠣᠷᠪᠤᠯᠵᠢᠯᠠᠭ᠎ᠠ ᠬᠢᠬᠦ︾ ᠢᠯᠡ | ᠲᠣᠳᠣᠷᠬᠠᠢ ᠤᠳᠤᠷᠢᠳᠤᠮᠵᠢ ᠶᠢ ᠪᠤᠢ ᠪᠣᠯᠭᠠᠪᠠ᠃ ︽ᠡᠳᠦᠷ ᠢᠶᠠᠷ ᠬᠢᠨᠠᠨ ᠬᠡᠮᠵᠢᠵᠦ᠂ ᠭᠠᠷᠠᠭ ᠢᠶᠠᠷ | ᠬᠤᠷᠢᠶᠠᠩᠭᠤᠶᠢᠯᠠᠵᠤ᠂ ᠰᠠᠷ᠎ᠠ ᠪᠠᠷ ᠵᠠᠷᠯᠠᠨ ᠮᠡᠳᠡᠭᠳᠡᠬᠦ︾ ᠶᠢ ᠬᠡᠷᠡᠭᠵᠢᠭᠦᠯᠵᠦ᠂ ᠠᠷᠢᠯᠭᠠᠬᠤ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ | ᠭᠤᠷᠪᠠ ᠳᠤ᠂ ᠬᠠᠷᠢᠭᠤᠴᠠᠯᠭ᠎ᠠ ᠶᠢᠨ ᠬᠤᠪᠢᠷᠠᠯᠲᠠ ᠶᠢ ᠰᠡᠷᠭᠡᠶᠢᠯᠡᠬᠦ ᠬᠡᠮᠵᠢᠶ᠎ᠡ ᠶᠢ ᠪᠠᠲᠤᠳᠬᠠᠨ᠎ᠠ᠃ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠵᠣᠬᠢᠴᠠᠭᠤᠯᠬᠤ ᠡᠭᠦᠷᠭᠡ ᠴᠢᠳᠠᠪᠤᠷᠢ ᠶᠢ | ᠭᠦᠢᠴᠡᠳ ᠪᠠᠳᠠᠷᠠᠭᠤᠯᠬᠤ ᠪᠠᠷ ᠭᠠᠷᠳᠠᠴᠠ ᠪᠣᠯᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠡᠶᠢᠳᠡᠮ ᠪᠦᠷᠬᠦᠭᠦᠯᠬᠦ ᠶᠢ ᠲᠦᠯᠬᠢᠨ ᠠᠬᠢᠭᠤᠯᠵᠤ᠂ ᠠᠵᠢᠯ | ᠶᠠᠪᠤᠳᠠᠯ ᠤᠨ ᠡᠷᠬᠡ ᠶᠢ ᠴᠢᠩᠭᠠᠷᠠᠭᠤᠯᠤᠨ᠂ ᠰᠢᠰᠲ᠋ᠧᠮ ᠪᠠ ᠬᠡᠰᠡᠭ ᠢ ᠤᠶᠠᠯᠳᠤᠭᠤᠯᠵᠤ᠂ ᠬᠠᠷᠢᠭᠤᠴᠠᠯᠭ᠎ᠠ ᠶᠢ ᠬᠥᠮᠥᠨ | ᠳᠤᠨᠢ ᠲᠣᠳᠣᠷᠬᠠᠢ ᠪᠣᠯᠭᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠬᠦ ᠦᠭᠡᠢ ᠪᠤᠶᠤ ᠵᠥᠪ ᠣᠨᠣᠪᠴᠢᠲᠠᠶ ᠬᠡᠷᠡᠭᠵᠢᠭᠦᠯᠵᠦ ᠴᠢᠳᠠᠭᠰᠠᠨ ᠦᠭᠡᠢ ᠶᠢ ᠨᠢ ᠵᠠᠷᠯᠠᠨ ᠮᠡᠳᠡᠭᠳᠡᠬᠦ᠂ | ᠫᠠᠶᠢᠰᠠ ᠡᠯᠭᠦᠨ ᠰᠢᠮᠳᠠᠭᠤᠯᠤᠨ ᠰᠢᠢᠳᠪᠦᠷᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ | ︽ᠬᠥᠲᠥᠯᠥᠭᠴᠢ︾ ᠯᠢ ᠲᠣᠪᠴᠢᠶᠠᠨ ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠳᠤ ᠲᠠᠯᠠᠷᠬᠠᠯ᠎ᠠ᠂ | ᠥᠨᠥᠳᠥᠷ ᠤᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠴᠠᠭ ᠤᠳᠠᠯ ᠦᠭᠡᠢ ᠳᠠᠭᠤᠰᠬᠤ ᠪᠣᠯᠣᠯ᠎ᠠ᠂ ᠮᠠᠨ ᠤ | ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠦᠢᠯᠡᠰ ᠤᠨ ᠨᠠᠩ ᠰᠠᠶᠢᠨ᠂ ᠨᠠᠩ ᠰᠢᠯᠢᠳᠡᠭ ᠲᠠᠪᠰᠢᠯᠳᠠ ᠲᠠᠢ | ᠪᠣᠯᠬᠤ ᠶᠢ ᠢᠷᠦᠭᠡᠶ᠎ᠡ︕ | ︽ᠯᠢ ᠵᠢᠶᠦ᠋ᠨ ᡁᠢ︾ ᠲᠠᠯᠠᠷᠬᠠᠯ᠎ᠠ︕ᠨᠡᠶᠢᠭᠡᠮ ᠤᠨ ᠡᠯ᠎ᠡ ᠡᠲᠡᠭᠡᠳ᠂ ᠥᠷᠭᠡᠨ ᠤᠯᠠᠨ ᠨᠡᠶᠢᠲᠡ ᠶᠢᠨ | ᠨᠠᠶᠢᠵᠠ ᠨᠠᠷ ᠤᠨ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠬᠦᠰᠡᠵᠦ ᠪᠠᠶᠢᠨ᠎ᠠ᠃ |