ᠵᠠᠰᠠᠭ ᠤᠨ ᠣᠷᠳᠣᠨ ᠤ ᠠᠵᠢᠯ ᠤᠨ ᠢᠯᠡᠳᠬᠡᠯ | | — 2023 ᠣᠨ ᠤ 1 ᠰᠠᠷ᠎ᠠ ᠶᠢᠨ 15 ᠤ ᠡᠳᠦᠷ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯᠳᠤᠭᠠᠨ ᠲᠡᠭᠡᠷ᠎ᠡ | ᠬᠤᠰᠢᠭᠤᠨ ᠳᠠᠷᠤᠭ᠎ᠠ ᠵᠠᠩ ᠵᠢᠶᠠᠨ ᠪᠢᠨ | ᠲᠥᠯᠥᠭᠡᠯᠡᠭᠴᠢᠳ ᠠ᠋᠄ | ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠤᠭᠡᠯᠡᠵᠤ᠂ ᠶᠡᠭᠡ ᠬᠤᠷᠠᠯ ᠳᠤ | ᠠᠵᠢᠯ ᠤᠨ ᠢᠯᠡᠳᠭᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠲᠦᠷᠦ ᠶᠢᠨ | ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2022 ᠣᠨ ᠪᠣᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠲᠤᠶᠢᠯ ᠤᠨ ᠶᠡᠭᠡ ᠰᠢᠯᠭᠠᠯᠲᠠ ᠲᠠᠢ᠂ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠣᠨ᠎ᠠ᠃ ᠠᠵᠤ ᠠᠬᠤᠢ ᠶᠢᠨ | ᠪᠠᠭᠤᠷᠠᠯᠲᠠ᠂ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ᠂ ᠭᠠᠩ ᠬᠠᠭᠰᠠᠷᠠᠭᠠᠨ ᠤ ᠪᠠᠶᠢᠳᠠᠯ ᠭᠠᠩ | ᠬᠠᠭᠰᠠᠷᠠᠭᠠᠨ ᠤ ᠭᠠᠮᠰᠢᠭ ᠵᠡᠷᠭᠡ ᠠᠯᠢ ᠣᠯᠠᠨ ᠬᠦᠴᠢᠷᠳᠡᠯ ᠪᠠ ᠥᠷᠢᠰᠦᠯᠳᠦᠭᠡᠨ ᠤ ᠡᠮᠦᠨ᠎ᠡ᠂ ᠪᠢᠳᠡ ᠲᠥᠪ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠰᠢᠭᠤᠨ ᠤ | ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ | ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ | ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠦᠴᠢᠷ ᠢ ᠲᠤᠭᠤᠯᠤᠨ | ᠬᠦᠴᠢᠷ ᠢ ᠳᠠᠪᠠᠵᠤ᠂ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠳᠤ ᠰᠠᠶᠢᠨ ᠰᠠᠶᠢᠬᠠᠨ ᠪᠠᠶᠢᠳᠠᠯ ᠢᠯᠡᠷᠡᠵᠡᠢ᠃ | ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠪᠠᠲᠤᠯᠠᠪᠠ᠃ ᠪᠦᠲᠦᠮᠵᠢᠲᠡᠶ ᠪᠡᠯᠡ ᠣᠷᠣᠭᠤᠯᠤᠯᠲᠠ ᠶᠢ | ᠢᠳᠡᠪᠬᠢᠲᠡᠢ ᠪᠠᠷ ᠥᠷᠭᠡᠳᠬᠡᠵᠦ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠪᠦᠬᠦ | ᠵᠢᠯ ᠳᠤ 26 ᠴᠢᠬᠤᠯᠠ ᠶᠡᠭᠡ ᠵᠦᠢᠯᠡᠰ ᠢ ᠬᠡᠷᠡᠭᠵᠢᠭᠦᠯᠵᠦ᠂ ᠵᠢᠯ ᠤᠨ ᠪᠡᠯᠡ ᠣᠷᠣᠭᠤᠯᠤᠯᠲᠠ ᠶᠢᠨ ᠡᠭᠦᠷᠭᠡ ᠶᠢᠨ | 118% ᠶᠢ ᠪᠡᠶᠡᠯᠡᠭᠦᠯᠪᠡ᠃ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠵᠢᠭᠤᠯᠴᠢᠯᠠᠯ ᠤᠨ ᠦᠢᠯᠡᠰ᠂ ᠲᠠᠷᠢᠶᠠᠯᠠᠩ | ᠮᠠᠯ ᠠᠵᠤ ᠠᠬᠤᠢ ᠶᠢᠨ ᠲᠥᠷᠥᠯ ᠵᠦᠢᠯ ᠤᠨ ᠳᠠᠶᠢᠴᠢᠯᠠᠬᠤ ᠪᠡᠯᠡ ᠣᠷᠣᠭᠤᠯᠤᠯᠲᠠ ᠶᠢᠨ ᠬᠤᠪᠢ ᠶᠢᠨ ᠲᠤᠭ᠎ᠠ ᠶᠢ | 75% ᠬᠦᠷᠦᠭᠦᠯᠦᠨ᠎ᠡ᠃ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ | ᠵᠢᠱᠢᠯᠲᠡ ᠪᠠᠷ 82.89 ᠳ᠋ᠦᠩᠰᠢᠭᠤᠷ ᠲᠥᠭᠦᠷᠢᠭ ᠲᠤ ᠬᠦᠷᠴᠦ᠂ 9.5% ᠪᠠᠷ ᠨᠡᠮᠡᠭᠳᠡᠨ᠎ᠡ︔ ᠲᠣᠭᠲᠠᠮᠠᠯ | ᠭᠦᠷᠤᠩᠭᠡ ᠶᠢᠨ ᠪᠡᠯᠡ ᠣᠷᠣᠭᠤᠯᠤᠯᠲᠠ ᠶᠢ 30%ᠲᠣᠭᠲᠠᠭᠠᠯ ᠳᠠᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ | ᠵᠢᠱᠢᠯᠲᠡ ᠪᠠᠷ 18% ᠪᠠᠷ ᠨᠡᠮᠡᠭᠳᠡᠨ᠎ᠡ︔ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ | ᠵᠢᠱᠢᠯᠲᠡ ᠪᠠᠷ 3.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠠᠶᠢᠭᠠᠯᠢ ᠶᠢᠨ ᠪᠠᠷᠢᠮᠵᠢᠶ᠎ᠠ ᠠᠳᠠᠯᠢ ᠬᠤᠭᠤᠴᠠᠭᠠᠨ ᠤ | ᠬᠢ ᠠᠴᠠ 26.2% ᠨᠡᠮᠡᠭᠳᠡᠪᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠲᠤᠰ ᠲᠤᠰ 36848 ᠲᠥᠭᠦᠷᠢᠭ ᠪᠠ 16538 ᠲᠥᠭᠦᠷᠢᠭ ᠲᠤ ᠬᠦᠷᠴᠦ᠂ 6. | 1% ᠪᠠ 8.05% ᠪᠠᠷ ᠨᠡᠮᠡᠭᠳᠡᠪᠡ᠃7 ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ | ᠨᠡᠮᠡᠭᠳᠡᠯ ᠤᠨ ᠬᠤᠷᠳᠤᠴᠠ ᠶᠢᠨ 5 ᠵᠦᠢᠯ ᠨᠢ ᠪᠦᠬᠦ ᠬᠤᠳᠠ ᠶᠢᠨ ᠡᠮᠦᠨ᠎ᠡ ᠭᠤᠷᠪᠠ ᠳᠤ ᠣᠷᠣᠪᠠ᠃ | ᠠᠵᠤ ᠦᠢᠯᠡᠰ ᠤᠨ ᠪᠦᠲᠦᠴᠡ ᠶᠢᠨ ᠲᠡᠰ ᠲᠠᠷᠢᠶᠠᠯᠠᠩ ᠮᠠᠯ ᠠᠵᠤ ᠠᠬᠤᠢ ᠶᠢᠨ ᠤᠨᠠᠯᠲᠠ ᠶᠢ | ᠲᠣᠭᠲᠠᠪᠤᠷᠢᠵᠢᠭᠤᠯᠤᠨ ᠶᠠᠰᠤ ᠴᠢᠨᠠᠷ ᠢ ᠭᠠᠩ ᠢ ᠡᠰᠡᠷᠭᠦᠴᠡᠨ ᠭᠠᠮᠰᠢᠭ ᠠᠴᠠ ᠠᠪᠤᠷᠠᠬᠤ 17 ᠵᠦᠢᠯ ᠤᠨ ᠠᠷᠭ᠎ᠠ | ᠬᠡᠮᠵᠢᠶ᠎ᠡ ᠶᠢ ᠲᠣᠭᠲᠠᠭᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠦᠷᠢ ᠪᠡᠯᠡ ᠮᠥᠩᠭᠦ ᠶᠢ 1. | 3 ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠢᠶᠠᠨ ᠭᠠᠵᠠᠷ ᠢ ᠠᠲᠠᠷᠰᠢᠭᠤᠯᠬᠤ ᠶᠢ ᠪᠦᠲᠦᠮᠵᠢᠲᠡᠶ ᠪᠠᠷ ᠰᠡᠷᠭᠡᠶᠢᠯᠡᠪᠡ᠃ | 7.4 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 11.6 ᠲᠦᠮᠡᠨ ᠮᠦ | ᠲᠠᠷᠢᠶᠠᠯᠠᠩ ᠤᠨ ᠮᠠᠰᠢᠨ ᠢ ᠭᠦᠨ ᠰᠤᠯᠠᠷᠠᠭᠤᠯᠬᠤ ᠵᠦᠢᠯᠡᠰ ᠢ ᠬᠡᠷᠡᠭᠵᠢᠭᠦᠯᠵᠦ᠂ ᠵᠢᠯ ᠤᠨ ᠠᠮᠤ ᠪᠤᠳᠠᠭ᠎ᠠ ᠲᠠᠷᠢᠬᠤ | ᠡᠭᠦᠷᠭᠡ ᠪᠠ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠤᠨ ᠦᠷ᠎ᠡ ᠶᠢ ᠥᠷᠭᠡᠳᠬᠡᠬᠦ ᠡᠭᠦᠷᠭᠡ ᠶᠢ ᠳᠠᠪᠠᠭᠤᠯᠤᠨ | ᠪᠡᠶᠡᠯᠡᠭᠦᠯᠪᠡ᠃12.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ 3 ᠲᠦᠮᠡᠨ ᠲᠣᠯᠣᠭᠠᠢ ᠪᠠ 1.2 ᠲᠦᠮᠡᠨ | ᠲᠣᠯᠣᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠦᠷᠦᠯ ᠵᠦᠢᠯ ᠠᠮᠵᠢᠯᠲᠠ ᠲᠠᠢ ᠪᠠᠷ ᠵᠥᠪᠰᠢᠶᠡᠷᠡᠭᠳᠡᠵᠦ᠂ | ︽ᠪᠢᠰᠢᠯᠠᠭ ᠤᠨ ᠵᠢᠵᠢᠭ ᠪᠠᠯᠭᠠᠰᠤ︾ ᠶᠢᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠭᠤᠣᠯ ᠴᠣᠭᠴᠠ ᠠᠵᠢᠯ | ᠳᠠᠭᠤᠰᠴᠤ᠂︽ᠰᠠᠭᠠᠯᠢ ᠶᠢᠨ ᠦᠢᠯᠡᠰ ᠢ ᠬᠥᠭᠵᠢᠭᠦᠯᠬᠦ︾ ᠠᠵᠢᠯ ᠴᠢᠬᠤᠯᠠ ᠶᠡᠭᠡ ᠦᠷ᠎ᠡ ᠪᠦᠲᠦᠮᠵᠢ ᠣᠯᠪᠠ᠃ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠠᠵᠢᠯ ᠢ ᠡᠮᠬᠢ ᠵᠢᠷᠤᠮ ᠲᠠᠢ | ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠤᠯᠤᠰ ᠤᠨ ᠬᠠᠪᠤᠷ ᠤᠨ ᠰᠡᠷᠭᠡᠶᠢᠯᠡᠯᠲᠡ ᠶᠢᠨ | ᠪᠠᠶᠢᠴᠠᠭᠠᠯᠲᠠ ᠶᠢ ᠳᠤᠯᠤᠭᠠᠨᠬᠤᠳᠳᠤᠭ ᠰᠤᠮᠤ ᠤᠯᠤᠰ ᠤᠨ ᠳᠡᠰ ᠤᠨ ᠲᠠᠷᠢᠶᠠᠯᠠᠩ ᠤᠨ ᠠᠵᠤ ᠦᠢᠯᠡᠰ ᠤᠨ | ᠬᠦᠴᠦᠷᠬᠡᠭ ᠪᠠᠯᠭᠠᠰᠤ ᠪᠠᠷ ᠵᠥᠪᠰᠢᠶᠡᠷᠡᠭᠳᠡᠪᠡ᠃ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠴᠢᠩᠭᠠᠷᠠᠪᠠ᠃ | 3000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ | 12 ᠬᠡᠷᠡᠭᠵᠢᠭᠦᠯᠪᠡ᠃ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 8 ᠰᠢᠨ᠎ᠡ ᠪᠠᠷ | ᠨᠡᠮᠡᠭᠳᠡᠭᠦᠯᠵᠦ᠂ ᠶᠡᠷᠦᠩᠬᠡᠢ ᠬᠡᠮᠵᠢᠶ᠎ᠡ ᠶᠢ 31 ᠪᠣᠯᠭᠠᠨ᠎ᠠ᠃ ᠮᠧᠩ ᠸᠧᠢ᠂ ᠮᠧᠩ ᠵᠢᠢ ᠰᠢᠨ᠂ ᠺᠧᠮᠠ᠂ ᠰᠢᠨ ᠶᠤᠸᠠᠨ | ᠵᠡᠷᠭᠡ 4 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠦᠢᠯᠡᠳᠪᠦᠷᠢ ᠪᠠᠷ ᠮᠠᠭᠠᠳᠯᠠᠨ | ᠲᠣᠭᠲᠠᠭᠠᠵᠤ᠂ ᠮᠧᠩ ᠸᠧᠢ᠂ ᠪᠠᠢ ᠶᠠᠨ ᠬᠤ᠋᠂ ᠬᠤᠸᠠ ᠱᠦᠨ ᠵᠡᠷᠭᠡ 3 ᠠᠵᠤ ᠠᠬᠤᠶᠢᠯᠠᠯ ᠮᠠᠰᠢᠨ ᠢᠶᠠᠷ ᠬᠥᠮᠥᠨ | ᠰᠣᠯᠢᠬᠤ ᠠᠵᠢᠯ ᠢ ᠪᠡᠶᠡᠯᠡᠭᠦᠯᠵᠡᠢ᠃ ᠣᠳᠣᠨ ᠪᠥᠮᠪᠥᠷᠴᠡᠭ ᠤᠨ ᠺᠣᠮᠫᠠᠨᠢ ᠶᠢᠨ ᠵᠢᠯ ᠳᠤ 2 ᠲᠦᠮᠡᠨ ᠲᠣᠨ ᠣᠨᠴᠠ | ᠲᠥᠷᠥᠯ ᠤᠨ ᠪᠠᠯ ᠴᠢᠯᠠᠭᠤ ᠦᠢᠯᠡᠳᠪᠦᠷᠢᠯᠡᠬᠦ ᠲᠥᠷᠥᠯ ᠵᠦᠢᠯ᠂ ᠰᠢᠨ ᠶᠤᠸᠠᠨ ᠺᠣᠮᠫᠠᠨᠢ ᠶᠢᠨ ᠵᠢᠯ ᠳᠤ 4 ᠲᠦᠮᠡᠨ | ᠲᠣᠨ ᠯᠢᠲ᠋ᠢ ᠴᠠᠬᠢᠯᠭᠠᠨ ᠴᠡᠨᠡᠭ ᠤᠨ ᠪᠢᠯᠢᠭ ᠲᠤᠶᠢᠯ ᠤᠨ ᠮᠠᠲ᠋ᠧᠷᠢᠶᠠᠯ ᠦᠢᠯᠡᠳᠪᠦᠷᠢᠯᠡᠬᠦ ᠪᠥᠬᠦ ᠠᠵᠤ ᠦᠢᠯᠡᠰ ᠤᠨ | ᠬᠡᠯᠬᠢᠶᠡᠨ ᠤ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠥᠪᠥᠷ | ᠮᠣᠩᠭᠤᠯ ᠤᠨ ᠠᠩᠬᠠᠳᠠᠭᠴᠢ ᠴᠠᠬᠢᠯᠭᠠᠨ ᠲᠣᠣᠷ ᠤᠨ ᠬᠠᠵᠠᠭᠤ ᠶᠢᠨ ᠲᠤᠰᠠᠭᠠᠷ ᠡᠨᠧᠷᠭᠢ ᠬᠠᠳᠠᠭᠠᠯᠠᠬᠤ ᠲᠦᠷᠦᠯ | ᠵᠦᠢᠯ ᠢ ᠪᠠᠶᠢᠭᠤᠯᠤᠨ ᠪᠦᠲᠦᠭᠡᠵᠦ ᠲᠣᠣᠷ ᠲᠤ ᠨᠡᠶᠢᠯᠡᠭᠦᠯᠦᠨ᠂ ᠳ᠋ᠧ ᠱᠧᠩ᠂ ᠭᠦᠸᠧ ᠾᠧ ᠺᠣᠮᠫᠠᠨᠢ ᠶᠢᠨ ᠲᠠᠷᠠᠬᠠᠢ | ᠪᠤᠲᠠᠷᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠪᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠬᠦᠴᠦᠨ ᠢᠶᠠᠨ ᠬᠤᠷᠠᠮᠳᠤᠭᠤᠯᠤᠨᠭᠠᠯᠲᠤ | ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠰᠠᠭᠤᠷᠢ ᠲᠥᠬᠦᠭᠡᠷᠦᠮᠵᠢ ᠶᠢᠨ ᠵᠦᠢᠯᠡᠰ ᠢ ᠤᠷᠤᠭᠰᠢᠲᠠᠢ ᠪᠠᠷ | ᠲᠦᠯᠬᠢᠨ ᠠᠬᠢᠭᠤᠯᠵᠤ᠂ ᠡᠮᠦᠨᠡᠲᠦ ᠤᠮᠠᠷᠠᠲᠤ ᠶᠢᠨ ᠲᠡᠷᠭᠡᠨ ᠵᠣᠭᠰᠣᠭᠠᠯ ᠢ ᠬᠡᠷᠡᠭᠯᠡᠬᠦ ᠠᠷᠠᠳ ᠤᠨ ᠪᠠᠶᠢᠷᠢ ᠶᠢᠨ ᠠᠵᠤ | ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ᠂ | ᠮᠥᠩᠭᠦᠨ ᠭᠦᠢᠯᠭᠡᠭᠡᠨ ᠢᠶᠠᠷ ᠠᠷᠠᠳ ᠤᠨ ᠪᠠᠶᠢᠷᠢ ᠶᠢᠨ ᠬᠥᠭᠵᠢᠯᠲᠡ ᠶᠢ ᠲᠡᠳᠬᠦᠬᠦ ᠠᠷᠭ᠎ᠠ᠂ ᠠᠷᠠᠳ ᠤᠨ ᠪᠠᠶᠢᠷᠢ ᠶᠢᠨ | ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠦᠨ ᠱᠠᠩᠨᠠᠬᠤ ᠠᠷᠭ᠎ᠠ ᠶᠢ ᠨᠡᠶᠢᠲᠡᠯᠡᠵᠦ᠂ ᠠᠷᠠᠳ ᠤᠨ ᠪᠠᠶᠢᠷᠢ ᠶᠢᠨ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠠᠷᠠᠳ ᠤᠨ | ᠣᠷᠣᠨ ᠰᠠᠭᠤᠴᠠ 20 ᠪᠠᠶᠢᠵᠤ᠂ ᠶᠡᠷᠦᠩᠬᠡᠢ ᠲᠤᠭ᠎ᠠ ᠨᠢ 34 ᠪᠣᠯᠵᠤ᠂ ᠪᠥᠬᠦ ᠬᠤᠲᠠ ᠳᠤ ᠨᠢᠭᠡᠳᠦᠭᠡᠷ ᠲᠤ | ᠣᠷᠣᠪᠠ᠃ ᠸᠠᠩ ᠱᠠᠨ ᠤ ᠠᠷᠠᠳ ᠤᠨ ᠣᠷᠣᠨ ᠰᠠᠭᠤᠴᠠ ᠨᠢ ᠤᠯᠤᠰ ᠤᠨ ᠬᠥᠬᠡ ᠳᠡᠰ ᠤᠨ ᠠᠩᠬᠠᠨ ᠤ | ᠰᠢᠯᠭᠠᠷᠠᠭᠤᠯᠤᠯᠲᠠ ᠳᠤ ᠬᠢᠷᠢ ᠲᠡᠩᠴᠡᠵᠦ᠂ ᠪᠦᠬᠦ ᠬᠤᠲᠠ ᠶᠢᠨ ᠠᠩᠬᠠᠳᠠᠭᠴᠢ ᠣᠷᠣᠨ ᠰᠠᠭᠤᠴᠠ ᠪᠣᠯᠤᠭᠰᠠᠨ | ᠪᠠᠶᠢᠨ᠎ᠠ᠃ ᠭᠠᠯᠲᠤ ᠠᠭᠤᠯᠠ ᠶᠢᠨ ᠲᠠᠯ᠎ᠠ ᠨᠤᠲᠤᠭ ᠤᠨ ᠬᠤᠪᠢ ᠶᠢᠨ ᠮᠠᠰᠢᠨ ᠲᠡᠷᠭᠡᠨ ᠤ ᠬᠤᠸᠠᠷᠠᠨ ᠨᠢ ︽4C | ᠲᠠᠰ ᠤᠨ ᠬᠤᠪᠢ ᠶᠢᠨ ᠮᠠᠰᠢᠨ ᠲᠡᠷᠭᠡᠨ ᠤ ᠠᠶᠠᠨᠴᠢᠳ ᠤᠨ ᠪᠠᠭᠤᠳᠠᠯ ᠤᠨ ᠭᠠᠵᠠᠷ︾ ᠢᠶᠠᠷ ᠦᠨᠡᠯᠡᠭᠳᠡᠪᠡ᠃ | ᠤᠯᠠᠭᠠᠨᠬᠠᠳᠠ ᠰᠤᠮᠤ ᠶᠢᠨ ᠴᠢᠶᠠᠨ ᠶᠢᠨ ᠲᠣᠰᠬᠤᠨ ᠢ ︽ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ | ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ︾ ᠢᠶᠠᠷ ᠮᠠᠭᠠᠳᠯᠠᠨ ᠲᠣᠭᠲᠠᠭᠠᠪᠠ᠃ ᠲᠦᠷᠭᠡᠨ ᠬᠦᠷᠭᠡᠯᠲᠡ ᠶᠢᠨ | 14 ᠺᠣᠮᠫᠠᠨᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠰᠤᠮᠤ ᠰᠢᠶᠠᠩ ᠪᠠᠯᠭᠠᠰᠤ ᠶᠢᠨ | ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠳᠠᠮᠵᠢᠭᠤᠯᠬᠤ ᠥᠷᠲᠡᠭᠡ ᠶᠢ ᠪᠠᠶᠢᠭᠤᠯᠵᠤ᠂ ᠡᠯᠧᠺᠲᠷᠣᠨ | ᠬᠤᠳᠠᠯᠳᠤᠭᠠᠨ ᠤ ᠨᠢᠭᠡ ᠡᠳᠦᠷ ᠲᠤ ᠳᠤᠮᠳᠠᠴᠢ ᠪᠠᠷ 3000 ᠬᠠᠭᠤᠳᠠᠰᠤ ᠶᠢ ᠳᠠᠪᠠᠵᠤ᠂ ᠵᠢᠯ ᠤᠨ ᠠᠷᠠᠯᠵᠢᠶᠠᠨ ᠤ | ᠲᠤᠭ᠎ᠠ 1.15 ᠳ᠋ᠦᠩᠰᠢᠭᠤᠷ ᠲᠥᠭᠦᠷᠢᠭ ᠲᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠲᠦᠷᠭᠡᠨ | ᠬᠦᠷᠭᠡᠯᠲᠡ ᠶᠢᠨ ᠦᠨ᠎ᠡ ᠶᠢ 15% ᠣᠷᠴᠢᠮ ᠢᠶᠠᠷ ᠪᠠᠭᠤᠷᠠᠭᠤᠯᠤᠨ᠎ᠠ᠃ | ᠬᠤᠳᠠ ᠬᠥᠳᠡᠭᠡ ᠣᠷᠣᠨ ᠪᠦᠰᠡ ᠶᠢ ᠵᠣᠬᠢᠴᠠᠯᠳᠤᠭᠤᠯᠤᠨ ᠬᠥᠭᠵᠢᠭᠦᠯᠪᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠭᠦᠨᠵᠡᠭᠡᠢ ᠠᠬᠢᠭᠤᠯᠪᠠ᠃1.84 ᠳ᠋ᠦᠩᠰᠢᠭᠤᠷ ᠲᠥᠭᠦᠷᠢᠭ ᠣᠷᠣᠭᠤᠯᠵᠤ᠂ | ᠵᠣᠯᠭᠠᠭᠤᠯᠬᠤ ᠪᠡᠯᠡ ᠮᠥᠩᠭᠦ ᠶᠢᠨ ᠲᠥᠷᠥᠯ ᠵᠦᠢᠯ ᠢ 36᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ | ᠲᠥᠷᠥᠯ ᠵᠦᠢᠯ ᠢ 14 ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠨᠡᠶᠢᠲᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠶᠢ 4000 ᠭᠠᠷᠤᠢ ᠲᠣᠬᠢᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ 13366 ᠲᠥᠭᠦᠷᠢᠭ ᠲᠤ ᠬᠦᠷᠴᠦ᠂ ᠨᠡᠮᠡᠭᠳᠡᠯ ᠤᠨ ᠬᠡᠮᠵᠢᠶ᠎ᠡ | ᠨᠢ 11.3% ᠪᠠᠶᠢᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ 3 ᠵᠠᠭᠤᠨ ᠤ ᠨᠢᠭᠡᠴᠢ ᠥᠨᠳᠥᠷ ᠪᠣᠯᠪᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ 3 ᠲᠣᠰᠬᠤᠨ ᠢ ᠥᠨᠳᠥᠷ ᠪᠠᠷᠢᠮᠵᠢᠶ᠎ᠠ ᠪᠠᠷ | ᠪᠠᠶᠢᠭᠤᠯᠵᠤ᠂ 605 ᠡᠷᠦᠬᠡ ᠶᠢᠨ 1252 ᠬᠢᠨᠠᠨ ᠪᠠᠶᠢᠴᠠᠭᠠᠭᠳᠠᠬᠤ ᠡᠲᠡᠭᠡᠳ ᠤᠨ ᠲᠠᠬᠢᠨ ᠶᠠᠳᠠᠭᠤᠷᠠᠵᠤ | ᠶᠠᠳᠠᠭᠤᠷᠠᠬᠤ ᠲᠦᠭᠰᠢᠭᠦᠷᠢ ᠶᠢ ᠠᠷᠢᠯᠭᠠᠵᠤ᠂ 87 ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ | ᠣᠷᠣᠯᠭ᠎ᠠ ᠪᠦᠬᠦᠨ ᠢᠶᠠᠷ ᠢᠶᠠᠨ 10 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠡᠭᠦᠨ ᠳᠤ 58 ᠨᠢ 20 | ᠲᠦᠮᠡᠨ ᠲᠥᠭᠦᠷᠢᠭ ᠢ ᠳᠠᠪᠠᠵᠠᠢ᠃ᠤᠯᠠᠭᠠᠨᠬᠠᠳᠠ ᠰᠤᠮᠤ ᠶᠢᠨ ᠴᠢᠶᠠᠨ ᠶᠢᠨ ᠲᠣᠰᠬᠤᠨ ᠢ ︽ᠬᠤᠶᠠᠳᠤᠭᠠᠷ ᠪᠦᠯᠦᠭ ᠤᠨ | ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ︾ ᠢᠶᠠᠷ ᠮᠠᠭᠠᠳᠯᠠᠨ | ᠲᠣᠭᠲᠠᠭᠠᠪᠠ᠃ ᠲᠡᠮᠤᠷᠲᠠᠢ ᠪᠠᠯᠭᠠᠰᠤ ᠶᠢᠨ ᠰᠢᠨ ᠵᠢᠶᠠᠨ ᠲᠣᠰᠬᠤᠨ ︽ᠥᠪᠡᠷᠲᠡᠭᠡᠨ ᠵᠠᠰᠠᠬᠤ ᠣᠷᠣᠨ ᠤ ᠨᠠᠮ ᠤᠨ | ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠤᠭᠰᠠᠨ ᠲᠡᠷᠢᠭᠦᠨ ᠤ ᠬᠠᠮᠲᠤ︾ ᠶᠢ | ᠢᠷᠠᠭᠤ ᠠᠯᠳᠠᠷᠲᠠᠢ ᠪᠠᠷ ᠭᠥᠷᠳᠡᠪᠡ᠃ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠲᠦᠷᠭᠡᠨ ᠢᠶᠠᠷ ᠠᠬᠢᠪᠠ᠃ | ᠪᠠᠢ ᠵᠧᠨ ᠬᠤᠲᠠ ᠶᠢᠨ ᠲᠣᠭᠤᠷᠢᠭ ᠲᠤ ᠪᠠᠷᠤᠭᠰᠢᠨ ᠵᠠᠮ ᠤᠨ ᠭᠠᠳᠠᠷᠭᠤ ᠶᠢ 26.3 ᠲᠦᠮᠡᠨ ᠲᠡᠭᠰᠢ ᠳᠥᠷᠪᠡᠯᠵᠢᠨ | ᠮᠧᠲᠷ ᠳᠡᠪᠢᠰᠴᠦ᠂ ᠪᠣᠬᠢᠷ ᠤᠰᠤᠨ ᠤ ᠬᠤᠭᠤᠯᠠᠢ ᠶᠢᠨ ᠲᠣᠣᠷ ᠢ 4 ᠺᠢᠯᠣᠮᠧᠲᠷ ᠪᠠᠶᠢᠭᠤᠯᠵᠤ᠂ ᠤᠰᠤ ᠬᠠᠩᠭᠠᠬᠤ | ᠵᠢᠴᠢ ᠪᠣᠷᠣᠭᠠᠨ ᠤ ᠤᠰᠤᠨ ᠤ ᠬᠤᠭᠤᠯᠠᠢ ᠶᠢᠨ ᠲᠣᠣᠷ ᠢ 2.3 ᠺᠢᠯᠣᠮᠧᠲᠷ ᠪᠠᠶᠢᠭᠤᠯᠵᠤ᠂ ᠢᠯᠴᠢ ᠬᠠᠩᠭᠠᠬᠤ | ᠬᠤᠭᠤᠯᠠᠢ ᠶᠢᠨ ᠲᠣᠣᠷ ᠢ 13.6 ᠺᠢᠯᠣᠮᠧᠲᠷ ᠰᠢᠨ᠎ᠡ ᠪᠠᠷ ᠪᠠᠶᠢᠭᠤᠯᠵᠤ᠂ ᠢᠯᠴᠢ ᠴᠠᠬᠢᠯᠭᠠᠨ ᠤ ᠬᠤᠯᠪᠤᠭᠠᠯᠠᠨ | ᠦᠢᠯᠡᠳᠪᠦᠷᠢᠯᠡᠬᠦ ᠲᠥᠷᠥᠯ ᠵᠦᠢᠯ ᠤᠨ ᠠᠩᠬᠠᠨ ᠤ ᠥᠷᠲᠡᠭᠡ ᠶᠢᠨ ᠭᠤᠣᠯ ᠴᠣᠭᠴᠠ ᠶᠢ ᠪᠠᠶᠢᠭᠤᠯᠵᠤ ᠳᠠᠭᠤᠰᠬᠠᠪᠠ᠃ | ᠣᠨᠳᠣᠣ ᠭᠠᠵᠠᠷ ᠲᠤ ᠲᠦᠬᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠨᠤᠷᠠᠭᠠᠵᠤ ᠨᠡᠭᠦᠯᠭᠡᠬᠦ 257 | ᠡᠷᠤᠭᠡ ᠶᠢ ᠲᠥᠪᠬᠢᠨᠡᠭᠦᠯᠵᠦ᠂ 137 ᠡᠷᠤᠭᠡ ᠶᠢᠨ 2 ᠲᠦᠮᠡ ᠭᠠᠷᠤᠢ ᠲᠡᠭᠰᠢ ᠳᠥᠷᠪᠡᠯᠵᠢᠨ ᠮᠧᠲᠷ ᠢ ᠰᠢᠨ᠎ᠡ ᠪᠠᠷ | ᠨᠤᠷᠠᠭᠠᠨ ᠨᠡᠭᠦᠯᠭᠡᠵᠦ᠂ 16 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ 670 | ᠭᠠᠷᠤᠢ ᠡᠷᠤᠭᠡ ᠳᠤ ᠠᠰᠢᠭ ᠬᠦᠷᠲᠡᠭᠡᠪᠡ᠃ ᠠᠶᠢᠯ ᠲᠣᠰᠬᠤᠨ ᠳᠤ 65.6 ᠺᠢᠯᠣᠮᠧᠲᠷ ᠬᠠᠲᠠᠭᠤᠷᠠᠭᠤᠯᠤᠭᠰᠠᠨ ᠵᠠᠮ | ᠨᠡᠪᠲᠡᠷᠡᠭᠦᠯᠬᠦ ᠶᠢ ᠪᠡᠶᠡᠯᠡᠭᠦᠯᠵᠦ᠂ G208 ᠠᠴᠠ ᠤᠯᠠᠭᠠᠨᠬᠠᠳᠠ ᠬᠦᠷᠬᠦ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ | ᠂ G5511 ᠪᠠᠶᠠᠨᠴᠠᠭᠠᠨ ᠠᠴᠠ ᠠᠨ ᠶᠧ ᠬᠦᠷᠬᠦ ᠵᠠᠰᠠᠮᠠᠯ ᠵᠠᠮ ᠤᠨ ᠭᠤᠣᠯ ᠱᠤᠭᠤᠮ ᠢ ᠨᠡᠪᠲᠡᠷᠡᠭᠦᠯᠪᠡ᠃ ᠬᠤᠲᠠ | ᠪᠠᠯᠭᠠᠰᠤ ᠶᠢᠨ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠤᠪᠢᠶᠠᠷᠢᠯᠠᠨ ᠲᠣᠭᠲᠠᠭᠠᠬᠤ ᠳᠤ ᠥᠪᠡᠷᠲᠡᠭᠡᠨ ᠵᠠᠰᠠᠬᠤ | ᠣᠷᠣᠨ ᠤ 71 ᠠᠶᠢᠯ ᠲᠣᠰᠬᠤᠨ ᠤ ᠲᠥᠯᠦᠪᠵᠢᠭᠦᠯᠭᠡ ᠶᠢ ᠡᠮᠬᠢᠯᠡᠨ ᠨᠡᠶᠢᠯᠡᠭᠦᠯᠵᠦ ᠨᠠᠶᠢᠷᠠᠭᠤᠯᠤᠨ ᠵᠣᠬᠢᠶᠠᠪᠠ᠃ | ᠮᠠᠯᠵᠢᠬᠤ ᠲᠠᠷᠢᠶᠠᠯᠠᠬᠤ ᠣᠷᠣᠨ ᠤ 3 ᠵᠦᠢᠯ ᠤᠨ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠨᠣᠷᠮ᠎ᠠ ᠶᠢ 100% ᠳᠤ | ᠬᠦᠷᠦᠭᠦᠯᠦᠨ᠎ᠡ᠃ 2461 ᠡᠷᠦᠬᠡ ᠶᠢᠨ ᠤᠰᠤᠨ ᠵᠣᠷᠯᠣᠩ ᠢ ᠪᠠᠶᠢᠭᠤᠯᠵᠤ᠂ 3 ᠭᠠᠴᠠᠭ᠎ᠠ ᠲᠣᠰᠬᠤᠨ ᠳᠤ | ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ | ᠲᠡᠮᠤᠷᠲᠠᠢ ᠶᠢᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ ᠠᠵᠢᠯᠯᠠᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ | ᠪᠦᠷᠬᠦᠴᠡ ᠶᠢᠨ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠪᠡ᠃ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠨᠠᠩ ᠬᠦᠴᠦᠲᠡᠢ ᠪᠣᠯᠪᠠ᠃ᠣᠷᠴᠢᠨ ᠲᠣᠭᠤᠷᠢᠨ ᠤ ᠶᠠᠰᠤ | ᠴᠢᠨᠠᠷ ᠶᠡᠷᠦᠩᠬᠡᠢ ᠳᠡᠭᠡᠨ ᠦᠷᠭᠦᠯᠵᠢᠯᠡᠨ ᠰᠠᠶᠢᠵᠢᠷᠠᠪᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠪᠣᠬᠢᠷᠳᠤᠯ ᠢ ᠵᠠᠰᠠᠬᠤ᠂ ᠡᠰᠢ ᠰᠦᠷᠡᠯ ᠢ ᠰᠢᠲᠠᠭᠠᠵᠤ ᠴᠡᠭᠴᠡᠯᠡᠨ ᠵᠠᠰᠠᠬᠤ ᠵᠡᠷᠭᠡ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠶᠡᠷᠦᠩᠬᠡᠶᠢᠯᠡᠨ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ | ᠰᠠᠶᠢᠨ ᠨᠣᠷᠮ᠎ᠠ ᠶᠢ 92% ᠲᠤ ᠬᠦᠷᠦᠭᠦᠯᠵᠦ᠂ ︽ᠡᠪᠦᠯ ᠦᠨ ᠣᠯᠧᠮᠫᠢᠺ ᠴᠤᠭᠯᠠᠭᠠᠨ︾ ︽ᠡᠪᠦᠯ ᠤᠨ | ᠵᠡᠮᠳᠡᠭᠴᠦᠳ ᠦᠨ ᠣᠯᠠᠮᠫᠢᠺ ᠶᠢᠨ ᠴᠤᠭᠯᠠᠭᠠᠨ︾ ᠶᠢᠨ ᠠᠭᠠᠷ ᠤᠨ ᠶᠠᠰᠤ ᠴᠢᠨᠠᠷ ᠢ ᠪᠠᠲᠤᠯᠠᠬᠤ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠪᠡ᠃ ᠠᠮᠢ ᠠᠬᠤᠢ ᠶᠢ ᠵᠠᠰᠠᠨ ᠰᠡᠷᠭᠦᠭᠡᠬᠦ ᠠᠵᠢᠯ ᠢᠳᠡᠪᠬᠢᠲᠡᠢ ᠠᠬᠢᠴᠠ ᠲᠠᠢ ᠪᠣᠯᠪᠠ᠃ | ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ 2 | ᠲᠦᠮᠡᠨ ᠮᠦ ᠳᠤ ᠬᠡᠷᠡᠭᠵᠢᠭᠦᠯᠵᠦ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ | ᠢᠨᠵᠧᠨᠧᠷᠢᠩ ᠢ 1 ᠲᠦᠮᠡᠨ ᠮᠦ ᠳᠤ ᠪᠡᠶᠡᠯᠡᠭᠦᠯᠵᠦ᠂ ᠣᠶᠢᠵᠢᠭᠤᠯᠤᠯᠲᠠ ᠶᠢᠨ ᠨᠥᠬᠦᠪᠦᠷᠢ ᠶᠢᠨ ᠲᠥᠷᠥᠯ ᠵᠦᠢᠯ ᠢ 3 | ᠲᠦᠮᠡᠨ ᠮᠦ ᠳᠤ ᠪᠡᠶᠡᠯᠡᠭᠦᠯᠦᠨ᠎ᠡ᠃ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠨᠳᠦᠰᠦᠨ | ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠵᠤ ᠲᠣᠬᠢᠷᠠᠭᠤᠯᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠪᠠ᠃ ᠠᠮᠢ ᠠᠬᠤᠢ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠴᠢᠩᠭᠠᠳᠬᠠᠪᠠ᠃ ᠬᠤᠶᠠᠳᠤᠭᠠᠷ | ᠡᠭᠡᠯᠵᠢ ᠶᠢᠨ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠠᠴᠠ ᠰᠢᠯᠵᠢᠭᠦᠯᠦᠨ | ᠰᠢᠢᠳᠪᠦᠷᠢᠯᠡᠭᠦᠯᠬᠦ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢᠬᠤᠭᠤᠴᠠᠭᠠᠨ ᠳᠤ ᠪᠠᠶᠢᠭ᠎ᠠ 22 ᠠᠭᠤᠷᠬᠠᠢ ᠳᠤ | ᠰᠡᠷᠭᠦᠭᠡᠨ ᠵᠠᠰᠠᠬᠤ ᠲᠥᠰᠥᠯ ᠢ ᠪᠦᠬᠦᠨ ᠢᠶᠠᠷ ᠨᠢ ᠨᠠᠶᠢᠷᠠᠭᠤᠯᠤᠨ ᠵᠣᠬᠢᠶᠠᠵᠤ᠂ 88.5 ᠾᠧᠺᠲ᠋ᠠᠷ ᠲᠠᠯᠠᠪᠠᠶ ᠶᠢ | ᠵᠠᠰᠠᠵᠤ ᠳᠠᠭᠤᠰᠬᠠᠪᠠ᠃ ᠱᠠᠩᠳᠤ ᠠᠴᠠ ᠬᠤᠶᠢᠲᠤ ᠬᠤᠰᠢᠭᠤ ᠬᠦᠷᠬᠦ ᠳᠤᠮᠳᠠ ᠬᠤᠰᠢᠭᠤᠨ ᠤ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠪᠦᠬᠦ ᠱᠤᠭᠤᠮ ᠢ ᠨᠡᠪᠲᠡᠷᠡᠭᠦᠯᠪᠡ᠃ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 85% ᠳᠤ ᠬᠦᠷᠦᠭᠦᠯᠵᠦ᠂ ᠳᠤᠮᠳᠠᠬᠢ ᠤᠰᠤᠨ ᠤ | ᠠᠰᠢᠭᠯᠠᠯᠲᠠ ᠶᠢᠨ ᠨᠣᠷᠮ᠎ᠠ ᠶᠢ 93% ᠳᠤ ᠬᠦᠷᠦᠭᠦᠯᠵᠦ᠂ ᠲᠠᠷᠢᠶᠠᠯᠠᠩ ᠤᠨ ᠵᠤᠯᠤᠮ᠎ᠠ ᠪᠦᠷᠬᠦᠭᠦᠯ ᠤᠨ ᠪᠤᠴᠠᠭᠠᠨ | ᠬᠤᠷᠢᠶᠠᠬᠤ ᠨᠣᠷᠮ᠎ᠠ ᠶᠢ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠶᠠᠪᠤᠳᠠᠯ ᠢ ᠪᠦᠬᠦ ᠲᠠᠯ᠎ᠠ ᠪᠠᠷ ᠲᠦᠯᠬᠢᠨ | ᠠᠬᠢᠭᠤᠯᠪᠠ᠃ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ᠂ᠭᠠᠵᠠᠷ ᠰᠢᠷᠣᠢ ᠶᠢᠨ ᠨᠡᠮᠡᠭᠳᠡᠯ | ᠬᠠᠰᠤᠭᠳᠠᠯ ᠢ ᠬᠤᠯᠪᠣᠭᠳᠠᠭᠤᠯᠤᠨ ᠮᠤᠵᠢ ᠠᠯᠤᠰᠯᠠᠨ 390 ᠮᠦ ᠠᠷᠠᠯᠵᠢᠶ᠎ᠠ ᠬᠢᠵᠦ᠂ ᠡᠳ᠋ ᠤᠨ ᠵᠠᠰᠠᠭ ᠤᠨ | ᠣᠷᠣᠯᠭ᠎ᠠ 1.17 ᠳ᠋ᠦᠩᠰᠢᠭᠤᠷ ᠲᠥᠭᠦᠷᠢᠭ ᠨᠡᠮᠡᠭᠳᠡᠪᠡ᠃ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ | ᠦᠨ᠎ᠡ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠤᠰᠤ ᠠᠷᠪᠢᠯᠠᠬᠤ | ᠤᠰᠤᠯᠠᠯᠲᠠ ᠶᠢᠨ ᠬᠡᠮᠵᠢᠯᠲᠡ ᠶᠢᠨ ᠲᠥᠬᠦᠭᠡᠷᠦᠮᠵᠢ ᠶᠢ 2052 ᠢᠵᠢ ᠤᠭᠰᠠᠷᠠᠵᠤ᠂ ᠤᠰᠤᠨ ᠤ ᠡᠷᠬᠡ ᠶᠢ | ᠡᠷᠦᠬᠡ ᠳᠤ ᠬᠦᠷᠭᠡᠬᠦ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃︽ᠲᠠᠪᠤᠨ ᠦᠨᠳᠦᠰᠦᠨ ᠵᠦᠢᠯ ᠢ ᠶᠡᠭᠡ ᠪᠠᠷ | ᠡᠬᠢᠯᠡᠭᠦᠯᠬᠦ︾ ᠠᠵᠢᠯᠯᠠᠭ᠎ᠠ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠭᠡᠯ ᠣᠯᠪᠠ᠃17 ︽ᠵᠥᠪᠰᠢᠶᠡᠷᠡᠭᠦᠯᠬᠦ ᠪᠠᠷ | ᠪᠠᠶᠢᠭ᠎ᠠ ᠵᠦᠢᠯᠡᠰ︾ ᠤᠨ 29 ᠵᠦᠢᠯ ᠤᠨ ᠭᠠᠷ ᠭᠦᠢᠴᠡᠳᠬᠡᠯ ᠢ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠵᠦ | ᠳᠠᠭᠤᠰᠬᠠᠪᠠ᠃3812 ᠲᠦᠮᠡᠨ ᠲᠥᠭᠦᠷᠢᠭ ᠤᠨ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠢᠯᠭᠠᠷᠠᠭᠤᠯᠤᠨ | ᠲᠤᠰᠢᠶᠠᠵᠠᠢ᠃ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠨᠢ 67 ᠾᠧᠺᠲ᠋ᠠᠷ᠂ ᠰᠤᠯᠠ | ᠲᠠᠯᠪᠢᠭᠰᠠᠨ ᠭᠠᠵᠠᠷ ᠰᠢᠷᠣᠢ ᠨᠢ 27.6 ᠾᠧᠺᠲ᠋ᠠᠷ ᠪᠠᠶᠢᠪᠠ᠃ | ᠥᠭᠡᠷᠡᠴᠢᠯᠡᠯᠲᠡ ᠨᠡᠭᠡᠭᠡᠯᠲᠡ ᠢᠯᠡᠳᠲᠡ ᠦᠷ᠎ᠡ ᠪᠦᠲᠦᠮᠵᠢ ᠣᠯᠪᠠ᠃︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ | ᠶᠠᠪᠤᠳᠠᠯ ᠭᠦᠢᠴᠡᠳᠬᠡᠬᠦ ᠴᠠᠭ ᠬᠤᠭᠤᠴᠠᠭ᠎ᠠ᠂ ᠮᠠᠲ᠋ᠧᠷᠢᠶᠠᠯ᠂ ᠭᠤᠭᠴᠤᠭ᠎ᠠ ᠶᠢ ᠲᠣᠰ ᠲᠣᠰ 21%᠂ 15% ᠪᠠ | 22% ᠬᠠᠰᠤᠪᠠ᠃ ᠬᠠᠷᠢᠴᠠᠩᠭᠤᠢ ᠪᠠᠷ ᠲᠥᠪᠯᠡᠷᠡᠭᠦᠯᠦᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ | ᠥᠭᠡᠷᠡᠴᠢᠯᠡᠯᠲᠡ ᠶᠢ ᠡᠬᠢᠯᠡᠨ ᠬᠡᠷᠡᠭᠵᠢᠭᠦᠯᠵᠦ᠂ ︽ᠤᠷᠢᠳᠴᠢᠯᠠᠨ ᠪᠣᠯᠵᠣᠵᠤ ᠬᠤᠶᠢᠰᠢᠯᠠᠭᠤᠯᠬᠤ ᠦᠢᠯᠡᠴᠢᠯᠡᠭᠡ︾ ᠨᠢ | ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠪᠠ᠃ 411 ᠵᠦᠢᠯ ᠤᠨ ᠠᠵᠤ ᠠᠬᠤᠶᠢᠯᠠᠯ ᠳᠤ ᠠᠰᠢᠭ ᠬᠦᠷᠲᠡᠭᠡᠵᠦ | ᠠᠷᠠᠳ ᠲᠤ ᠳᠦᠬᠦᠮ ᠦᠵᠡᠭᠦᠯᠬᠦ ᠦᠢᠯᠡᠴᠢᠯᠡᠭᠡ ᠶᠢ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ | 258 ᠵᠦᠢᠯ ᠤᠨ ᠤᠴᠢᠷ ᠶᠠᠪᠤᠳᠠᠯ ᠢ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠶᠢ ᠪᠡᠶᠡᠯᠡᠭᠦᠯᠵᠦ᠂ 97 | ᠵᠦᠢᠯ ᠤᠨ ᠤᠴᠢᠷ ᠶᠠᠪᠤᠳᠠᠯ ᠢ ︽ᠪᠦᠬᠦ ᠬᠤᠳᠠ ᠳᠤ ᠨᠡᠶᠢᠳᠡᠮ ᠰᠢᠢᠳᠪᠦᠷᠢᠯᠡᠬᠦ︾ ᠶᠢ ᠪᠡᠶᠡᠯᠡᠭᠦᠯᠪᠡ᠃ ᠡᠵᠡᠩᠨᠡᠯᠲᠡ ᠶᠢᠨ | ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ︽ᠲᠠᠨ ᠳᠤ ᠬᠠᠪᠰᠤᠷᠤᠨ ᠡᠷᠭᠢᠯᠡᠬᠦ︾ ᠴᠣᠩᠬᠤ | ᠭᠠᠷᠭᠠᠵᠤ᠂ ︽ᠠᠵᠤ ᠠᠬᠤᠶᠢᠯᠠᠯ ᠲᠣᠮᠣ ᠪᠡᠯᠡᠭ︾ ᠭᠠᠷᠭᠠᠵᠤ᠂ ᠰᠢᠨ᠎ᠡ ᠪᠠᠷ ᠡᠷᠭᠢᠯᠡᠬᠦ ᠠᠵᠤ ᠠᠬᠤᠶᠢᠯᠠᠯ ᠳᠤ ︽ | ᠥᠪᠡᠷ ᠤᠨ ᠥᠷᠲᠡᠭ ᠦᠭᠡᠢ︾ ᠪᠠᠶᠢᠬᠤ ᠶᠢ ᠪᠡᠶᠡᠯᠡᠭᠦᠯᠦᠨ᠂ ᠪᠥᠬᠦ ᠵᠢᠯ ᠳᠤ ︽ᠠᠵᠤ ᠠᠬᠤᠶᠢᠯᠠᠯ ᠲᠣᠮᠣ ᠪᠡᠯᠡᠭ︾ | 124 ᠬᠦᠷᠭᠡᠨ᠎ᠡ᠃ ᠭᠤᠣᠯᠳᠠᠯᠭ᠎ᠠ ᠲᠠᠢ ᠠᠵᠤ ᠠᠬᠤᠶᠢᠯᠠᠯ ᠳᠤ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ | ᠪᠣᠳᠣᠯᠭ᠎ᠠ ᠶᠢᠨ ︽ᠦᠢᠯᠡᠴᠢᠯᠡᠭᠡᠨ ᠤ ᠳᠠᠭᠠᠭᠠᠴᠢᠯᠠᠯᠲᠠ︾ ᠶᠢᠨ ᠳᠦᠷᠢᠮ ᠢ ᠬᠡᠷᠡᠭᠵᠢᠭᠦᠯᠵᠦ᠂ ᠨᠡᠶᠢᠲᠡᠯᠢᠭ ᠠᠷᠭ᠎ᠠ | ᠬᠢᠳᠡᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠳᠤ ᠨᠤᠲᠠᠯᠠᠨ | ᠳᠡᠯᠭᠡᠷᠡᠭᠦᠯᠪᠡ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠭᠠᠶᠢᠯᠢ ᠶᠢᠨ ᠰᠦᠢᠳᠬᠡᠯ ᠢ 4.4 ᠳ᠋ᠦᠩᠰᠢᠭᠤᠷ ᠲᠥᠭᠦᠷᠢᠭ ᠬᠥᠩᠭᠡᠷᠡᠭᠦᠯᠦᠨ ᠬᠡᠯᠲᠦᠷᠢᠭᠦᠯᠵᠦ᠂ | ᠨᠡᠶᠢᠳᠡ 2.06 ᠳ᠋ᠦᠩᠰᠢᠭᠤᠷ ᠲᠥᠭᠦᠷᠢᠭ ᠤᠨ ︽ᠳᠠᠭᠠᠳᠬᠠᠯ ᠳᠤ ᠲᠤᠰᠠᠯᠠᠬᠤ ᠵᠢᠭᠡᠯᠡᠯᠭᠡ︾ ᠶᠢ ᠲᠠᠯᠪᠢᠪᠠ᠃ᠪᠥᠬᠦ | ᠵᠢᠯ ᠳᠤ 65 ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠪᠡᠶᠡᠯᠡᠭᠦᠯᠪᠡ᠃ ᠭᠠᠳᠠᠭᠠᠳᠤ | ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 3500 ᠲᠦᠮᠡᠨ ᠳ᠋ᠣᠯᠯᠠᠷ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 180% ᠢᠶᠠᠷ ᠨᠡᠮᠡᠭᠳᠡᠪᠡ᠃ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠪᠥᠬᠦ ᠬᠤᠲᠠ ᠳᠤ ᠬᠤᠶᠠᠳᠤᠭᠠᠷ ᠲᠤ ᠣᠷᠣᠨ᠎ᠠ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠲᠠᠰᠤᠷᠠᠯᠲᠠ ᠦᠭᠡᠢ ᠰᠠᠶᠢᠵᠢᠷᠠᠪᠠ᠃ ᠡᠩ ᠤᠨ ᠴᠢᠨᠠᠷᠲᠠᠢ | ᠵᠠᠷᠤᠯᠭ᠎ᠠ ᠶᠢ 7% ᠪᠠᠷ ᠪᠠᠭᠠᠰᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠠᠳᠠᠯᠢ | ᠬᠤᠭᠤᠴᠠᠭᠠᠨ ᠤ ᠬᠢ ᠠᠴᠠ 10% ᠪᠠᠷ ᠪᠠᠭᠤᠷᠠᠭᠤᠯᠵᠤ᠂ ᠠᠷᠪᠢᠯᠠᠭᠰᠠᠨ ᠪᠡᠯᠡ ᠮᠥᠩᠭᠦ ᠶᠢ ᠠᠷᠠᠳ ᠤᠨ ᠦᠨᠳᠦᠰᠦᠨ | ᠠᠮᠢᠳᠤᠷᠠᠯ ᠢ ᠪᠠᠲᠤᠯᠠᠬᠤ ᠳᠤ ᠭᠤᠣᠯᠳᠠᠯᠭ᠎ᠠ ᠲᠠᠢ ᠪᠠᠷ ᠬᠡᠷᠡᠭᠯᠡᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ | ᠬᠤᠪᠢ ᠶᠢᠨ ᠵᠢᠩ ᠢ 85.8% ᠳᠤ ᠬᠦᠷᠭᠡᠵᠡᠢ᠃ ᠨᠡᠶᠢᠭᠡᠮ ᠤᠨ ᠪᠠᠲᠤᠯᠠᠭ᠎ᠠ ᠦᠷᠭᠦᠯᠵᠢᠯᠡᠨ ᠴᠢᠩᠭᠠᠷᠠᠪᠠ᠃ ᠳᠡᠭᠡᠳᠦ | ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ 67 ᠪᠠᠭᠰᠢ | ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ 92 ᠬᠥᠮᠥᠨ᠂ ᠨᠡᠶᠢᠭᠡᠮ ᠲᠣᠭᠤᠷᠢᠭ ᠤᠨ ᠠᠵᠢᠯᠲᠠᠨ 82 | ᠬᠥᠮᠥᠨ ᠢ ᠰᠢᠨ᠎ᠡ ᠪᠠᠷ ᠤᠷᠢᠨ ᠬᠡᠷᠡᠭᠯᠡᠵᠦ᠂ ᠲᠤᠰᠬᠠᠢ ᠮᠡᠷᠭᠡᠵᠢᠯ ᠤᠨ ᠠᠵᠢᠯᠲᠠᠨ ᠢ ᠤᠷᠢᠨ ᠲᠣᠮᠢᠯᠠᠬᠤ ᠠᠵᠢᠯ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ | 2.4% ᠳᠤ ᠬᠢᠵᠠᠭᠠᠷᠯᠠᠪᠠ᠃ ᠨᠡᠶᠢᠭᠡᠮ ᠤᠨ ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ ᠥᠷᠭᠡᠳᠬᠡᠬᠦ ᠡᠭᠦᠷᠭᠡ ᠶᠢ | ᠳᠠᠪᠠᠭᠤᠯᠤᠨ ᠪᠡᠶᠡᠯᠡᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠢ ᠲᠥᠯᠥᠪᠯᠡᠬᠦ ᠶᠢ ᠪᠡᠶᠡᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ | ᠨᠥᠬᠦᠪᠦᠷᠢ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ | ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠵᠢᠪᠥ᠋ᠬᠦ ᠬᠤᠰᠢᠭᠤᠨ ᠤ ᠬᠤᠲᠠ ᠬᠥᠳᠡᠭᠡ ᠶᠢᠨ 4.1 ᠲᠦᠮᠡᠨ | ᠭᠤᠣᠯᠳᠠᠯᠭ᠎ᠠ ᠲᠠᠢ ᠬᠦᠴᠢᠷᠳᠡᠯ ᠲᠠᠢ ᠬᠥᠮᠥᠰ ᠲᠤ ︽ᠾᠦᠢ ᠮᠧᠩ ᠪᠦᠦ︾ ᠬᠠᠶᠢᠷ᠎ᠠ ᠬᠠᠯᠠᠮᠵᠢ ᠶᠢᠨ ᠳᠠᠭᠠᠳᠬᠠᠯ ᠤᠨ | ᠬᠠᠭᠤᠳᠠᠰᠤ ᠬᠤᠳᠠᠯᠳᠤᠨ ᠠᠪᠴᠤ᠂ ᠣᠨᠴᠠᠭᠠᠶ ᠬᠦᠴᠢᠷᠳᠡᠯ ᠲᠠᠢ ᠬᠥᠮᠥᠰ ᠤᠨ ᠡᠷᠡᠭᠦᠯ ᠮᠡᠨᠳᠦ ᠶᠢᠨ ᠬᠠᠯᠬᠠᠪᠴᠢ ᠶᠢ | ᠤᠯᠠᠮ ᠨᠢᠭᠡ ᠠᠯᠬᠤᠮ ᠪᠠᠬᠢᠵᠢᠭᠦᠯᠪᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ | ᠬᠤᠰᠢᠭᠤᠨ ᠤ ᠣᠷᠣᠰᠢᠭᠤᠯᠭ᠎ᠠ ᠶᠢᠨ ᠭᠠᠵᠠᠷ ᠤᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠲᠤᠷᠰᠢᠨ | ᠠᠵᠢᠯᠯᠠᠭᠤᠯᠵᠤ᠂ ᠲᠣᠭᠲᠠᠭᠠᠯ ᠠᠴᠠ ᠵᠥᠷᠢᠴᠡᠨ ᠪᠤᠩᠬᠤᠨ ᠤ ᠭᠠᠵᠠᠷ ᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ | ᠪᠦᠲᠦᠮᠵᠢ ᠣᠯᠪᠠ᠃ 6.7 ᠲᠦᠮᠡᠨ ᠲᠣᠨ ︽ᠵᠢᠷᠦᠬᠡ ᠳᠤᠯᠠᠭᠠᠯᠠᠬᠤ ᠨᠡᠭᠦᠷᠡᠰᠦ︾ ᠶᠢ ᠲᠠᠷᠬᠠᠭᠠᠵᠤ᠂ ᠬᠤᠲᠠ | ᠪᠠᠯᠭᠠᠰᠤ ᠶᠢᠨ ᠡᠩ ᠤᠨ ᠦᠨ᠎ᠡ ᠪᠠᠷ ᠬᠠᠩᠭᠠᠬᠤ ᠪᠠ ᠬᠠᠩᠭᠠᠬᠤ ᠨᠡᠭᠦᠷᠡᠰᠦ ᠶᠢ 12 ᠲᠦᠮᠡᠨ ᠲᠣᠨ ᠬᠤᠳᠠᠯᠳᠤᠨ | ᠠᠪᠴᠤ᠂ 5 ᠠᠵᠤ ᠠᠬᠤᠶᠢᠯᠠᠯ ᠤᠨ 6 ᠢᠯᠴᠢ ᠶᠢᠨ ᠢᠷᠡᠯᠲᠡ ᠶᠢᠨ ᠴᠡᠭ ᠢ ᠨᠢᠭᠡᠳᠦᠯᠲᠡᠢ ᠡᠵᠡᠩᠨᠡᠨ ᠬᠠᠮᠢᠶᠠᠷᠬᠤ ᠶᠢ | ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ | ᠪᠠᠲᠤᠯᠠᠪᠠ᠃ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠪᠠ᠃ ᠬᠤᠰᠢᠭᠤᠨ ᠤ ᠬᠡᠦᠬᠡᠳ ᠤᠨ ᠴᠡᠴᠡᠷᠯᠢᠭ ᠤᠨ | ᠡᠮᠦᠨ᠎ᠡ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ | ᠴᠡᠴᠡᠷᠯᠢᠭ ᠦᠨᠠᠨᠠᠷ ᠤᠨ ᠦᠷ᠎ᠡ ᠶᠢᠨ ᠰᠤᠷᠭᠠᠭᠤᠯᠢ ᠶᠢᠨ ᠢᠨᠵᠧᠨᠧᠷᠢᠩ ᠤᠨ ᠭᠤᠣᠯ ᠴᠣᠭᠴᠠ ᠪᠠᠷᠢᠯᠭ᠎ᠠ ᠳᠠᠭᠤᠰᠪᠠ᠃ | ᠥᠨᠳᠥᠷ ᠳᠤᠮᠳᠠᠳᠤ ᠶᠢᠨ ᠰᠢᠯᠭᠠᠯᠲᠠ ᠶᠢᠨ ᠬᠢᠷᠢ ᠪᠦᠲᠦᠮᠵᠢ 6 ᠵᠢᠯ ᠳᠠᠷᠠᠭᠠᠯᠠᠨ ᠪᠥᠬᠦ ᠬᠤᠲᠠ ᠶᠢᠨ ᠡᠮᠦᠨ᠎ᠡ | ᠡᠩᠨᠡᠭᠡᠨ ᠳᠤ ᠣᠷᠣᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠶᠢᠨ | ᠰᠦᠯᠵᠢᠶᠡᠨ ᠳᠤ ᠣᠷᠣᠭᠰᠠᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 5︽ᠣᠶᠤᠨᠲᠤ︾ ᠡᠮᠨᠡᠯᠭᠡ ᠶᠢᠨ | ᠬᠤᠷᠢᠶ᠎ᠠ ᠶᠢ ᠲᠦᠷᠭᠡᠳᠬᠡᠨ ᠪᠠᠶᠢᠭᠤᠯᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ | ᠲᠥᠬᠦᠭᠡᠷᠦᠮᠵᠢ ᠬᠤᠳᠠᠯᠳᠤᠨ ᠠᠪᠬᠤ ᠵᠢᠴᠢ ᠰᠢᠰᠲ᠋ᠧᠮ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠢ ᠡᠬᠢᠯᠡᠨ | ᠬᠡᠷᠡᠭᠵᠢᠭᠦᠯᠵᠦ᠂ ᠡᠭᠦᠳᠡᠨ ᠡᠮᠨᠡᠯᠭᠡ ᠶᠢᠨ ᠠᠰᠠᠷ ᠢ ᠥᠷᠭᠡᠳᠬᠡᠨ ᠪᠠᠶᠢᠭᠤᠯᠬᠤ ᠪᠠ ᠬᠠᠯᠳᠠᠪᠤᠷᠢᠲᠤ ᠡᠪᠡᠳᠴᠢᠨ ᠤ | ᠠᠰᠠᠷ ᠤᠨ ᠲᠥᠷᠥᠯ ᠵᠦᠢᠯ ᠢ ᠦᠨᠳᠦᠰᠦᠨ ᠳᠡᠭᠡᠨ ᠳᠠᠭᠤᠰᠬᠠᠵᠤ᠂ ᠳᠤᠮᠳᠠᠳᠤ ᠮᠣᠩᠭᠤᠯ ᠤᠨ ᠡᠮᠨᠡᠯᠭᠡ ᠶᠢᠨ | ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠮᠵᠢᠯᠲᠠ ᠲᠠᠢ ᠮᠡᠳᠡᠭᠦᠯᠪᠡ᠃ ᠬᠤᠨᠢᠨ ᠳᠠᠯᠠᠢ ᠶᠢᠨ | ᠨᠡᠶᠢᠭᠡᠮ ᠲᠣᠭᠤᠷᠢᠭ ᠢ ᠪᠦᠬᠦ ᠤᠯᠤᠰ ᠤᠨ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠥᠬᠦᠷᠰᠡᠭ | ᠬᠡᠯᠪᠡᠷᠢ ᠶᠢᠨ ᠨᠡᠶᠢᠭᠡᠮ ᠲᠣᠭᠤᠷᠢᠭ ᠢᠶᠠᠷ ᠦᠨᠡᠯᠡᠪᠡ᠃ ᠬᠤᠯᠪᠦᠭ᠎ᠠ ᠶᠢᠨ︽ᠰᠢᠨ᠎ᠡ ᠴᠠᠭ ᠦᠶ᠎ᠡ ᠶᠢ ᠮᠠᠭᠲᠠᠨ ᠰᠠᠶᠢᠰᠢᠶᠠᠬᠤ︾ | ᠨᠢ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠳᠠᠭᠤᠷᠢᠯᠢᠭ ᠤᠨ | ᠦᠵᠡᠭᠦᠯᠦᠯᠭᠡ ᠶᠢᠨ ᠰᠢᠯᠢᠳᠡᠭ ᠲᠣᠭᠯᠠᠯᠲᠠ ᠶᠢᠨ ᠱᠠᠩᠨᠠᠯ ᠢ ᠬᠦᠷᠲᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠪᠡᠯᠡᠭ ᠬᠦᠷᠭᠡᠭᠰᠡᠨ ᠳᠠᠭᠤᠤ ᠬᠥᠭᠵᠢᠮᠲᠦ ᠵᠦᠴᠦᠭᠡ︽ᠠᠷᠠᠳ ᠤᠨ ᠦᠯᠢᠬᠡᠷ ᠳᠠᠭᠤᠷᠢᠶᠠᠯ ᠳ᠋ᠦ᠋ᠬᠦᠶᠢᠮᠠ︾ ᠶᠢ ᠪᠠᠶᠠᠷᠯᠠᠨ | ᠤᠭᠲᠤᠵᠤ ᠬᠤᠰᠢᠭᠤᠨ ᠳᠤ ᠠᠩᠬ᠎ᠠ ᠲᠣᠭᠯᠠᠪᠠ᠃ ᠬᠤᠰᠢᠭᠤᠨ ᠤ ᠰᠣᠶᠣᠯ ᠤᠨ ᠣᠷᠳᠣᠨ ᠨᠢ ᠤᠯᠤᠰ ᠤᠨ | ᠭᠤᠷᠪᠠᠳᠤᠭᠠᠷ ᠳᠡᠰ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠰᠢᠯᠢᠳᠡᠭ ᠰᠣᠶᠣᠯ ᠤᠨ ᠣᠷᠳᠣᠨ︾ | ᠢᠶᠠᠷ ᠦᠨᠡᠯᠡᠭᠳᠡᠪᠡ᠃ ᠨᠡᠶᠢᠭᠡᠮ ᠤᠨ ᠵᠠᠰᠠᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠪᠥᠬᠦ ᠬᠤᠰᠢᠭᠤᠨ ᠤ | ᠬᠦᠴᠦᠨ ᠢᠶᠠᠷ ᠪᠥᠬᠦ ᠬᠤᠰᠢᠭᠤᠨ ᠤ ᠣᠶᠤᠨ ᠤᠬᠠᠭᠠᠨ ᠢ ᠲᠥᠪᠯᠡᠷᠡᠭᠦᠯᠦᠨ ᠭᠡᠨᠡᠳᠲᠡ ᠶᠢᠨ ᠬᠢᠵᠢᠭ ᠤᠨ ᠪᠠᠶᠢᠳᠠᠯ ᠢ | ᠪᠦᠲᠦᠮᠵᠢᠲᠡᠶ ᠰᠢᠢᠳᠪᠦᠷᠢᠯᠡᠵᠦ᠂ ᠬᠥᠬᠡᠬᠤᠲᠠ ᠳᠤ ᠰᠠᠭᠤᠭ᠎ᠠ᠂ ᠬᠤᠲᠠ ᠳᠤ ᠰᠠᠭᠤᠭ᠎ᠠ 5165 ᠳᠡᠭᠡᠳᠦ | ᠰᠤᠷᠭᠠᠭᠤᠯᠢ ᠶᠢᠨ ᠰᠣᠷᠣᠭᠴᠢ ᠶᠢ ᠰᠢᠯᠵᠢᠭᠦᠯᠦᠨ ᠵᠥᠭᠡᠭᠡᠪᠦᠷᠢᠯᠡᠬᠦ ᠲᠤᠰᠠᠭᠠᠷᠯᠠᠯ ᠢ ᠭᠥᠯᠢᠶᠡᠨ ᠠᠪᠴᠤ᠂ ᠠᠷᠠᠳ | ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ | ᠬᠡᠮᠵᠢᠶ᠎ᠡ ᠪᠠᠷ ᠬᠠᠮᠠᠭᠠᠯᠠᠪᠠ᠃ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠠᠷᠢᠯᠭᠠᠬᠤ ᠵᠢᠯ ᠤᠨ ᠡᠭᠦᠷᠭᠡ ᠶᠢ | ᠪᠡᠶᠡᠯᠡᠭᠦᠯᠦᠨ᠎ᠡ᠃ᠨᠠᠮ ᠤᠨ ᠬᠤᠷᠢᠳᠤᠭᠠᠷ ᠶᠡᠭᠡ ᠬᠤᠷᠠᠯ᠂ ︽ᠡᠪᠦᠯ ᠦᠨ ᠣᠯᠧᠮᠫᠢᠺ ᠴᠤᠭᠯᠠᠭᠠᠨ︾᠂ ︽ᠡᠪᠦᠯ ᠤᠨ | ᠵᠡᠮᠳᠡᠭᠴᠦᠳ ᠦᠨ ᠣᠯᠠᠮᠫᠢᠺ ᠶᠢᠨ ᠴᠤᠭᠯᠠᠭᠠᠨ︾ ᠵᠡᠷᠭᠡ ᠴᠢᠬᠤᠯᠠ ᠴᠠᠭ ᠦᠶ᠎ᠡ ᠶᠢᠨ ᠵᠠᠬᠢᠳᠠᠯ ᠰᠣᠷᠪᠤᠯᠵᠢᠯᠠᠭ᠎ᠠ ᠪᠠ | ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠥᠬᠦ ᠵᠢᠯ ᠳᠤ | ᠪᠡᠭᠡᠵᠢᠩ ᠳᠤ ᠬᠦᠷᠴᠦ ᠰᠤᠷᠪᠤᠯᠵᠢᠯᠠᠭᠰᠠᠨ ᠦᠭᠡᠢ᠂ ᠲᠣᠭᠤᠷᠢᠭ ᠲᠤ ᠬᠦᠷᠴᠦ᠂ ᠬᠤᠲᠠ ᠳᠤ ᠬᠦᠷᠴᠦ | ᠰᠤᠷᠪᠤᠯᠵᠢᠯᠠᠭᠰᠠᠨ ᠦᠭᠡᠢ ᠨᠢ ᠴᠥᠮ ᠠᠳᠠᠯᠢ ᠬᠤᠭᠤᠴᠠᠭᠠᠨ ᠤ ᠬᠢ ᠠᠴᠠ 50% ᠠᠴᠠ ᠳᠡᠭᠡᠭᠰᠢ ᠪᠠᠭᠤᠷᠠᠵᠤ᠂ | ᠪᠠᠭᠤᠷᠠᠭᠰᠠᠨ ᠨᠣᠷᠮ᠎ᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠨᠠᠶᠢᠭᠡᠮ ᠤᠨ ᠠᠮᠤᠷ ᠲᠦᠪᠰᠢᠨ ᠤ | ᠲᠠᠯ᠎ᠠ ᠪᠠᠷ ᠬᠢ ᠬᠠᠤᠯᠢ ᠶᠢ ᠵᠥᠷᠢᠴᠡᠵᠦ ᠶᠠᠯ᠎ᠠ ᠬᠢᠭᠰᠡᠨ ᠲᠤᠪᠦᠶᠢᠮ᠎ᠡ ᠠᠰᠠᠭᠤᠳᠠᠯ ᠢ ᠬᠦᠴᠦᠲᠡᠢ ᠴᠡᠭᠴᠡᠯᠡᠨ ᠵᠠᠰᠠᠵᠤ᠂ | ᠠᠮᠤᠷ ᠠᠮᠤᠭᠤᠯᠠᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠦᠲᠦᠭᠡᠨ ᠪᠠᠢᠭᠤᠯᠤᠯᠲᠠ ᠢᠯᠡᠳᠲᠡ ᠦᠷ᠎ᠡ | ᠪᠦᠲᠦᠮᠵᠢ ᠣᠯᠵᠠᠢ᠃ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ | ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠨᠢ | ᠥᠪᠡᠷᠲᠡᠭᠡᠨ ᠵᠠᠰᠠᠬᠤ ᠣᠷᠣᠨ ᠤ ᠠᠩᠬᠠᠨ ᠤ ᠰᠢᠯᠭᠠᠷᠠᠭᠤᠯᠤᠯᠲᠠ ᠳᠤ ᠬᠢᠷᠢ ᠲᠡᠩᠴᠡᠪᠡ᠃ᠠᠮᠤᠷ ᠠᠮᠤᠭᠤᠯᠠᠩ ᠥᠪᠥᠷ | ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ᠂ ᠪᠥᠬᠦ ᠣᠷᠣᠨ ᠤ ᠬᠤᠶᠠᠷ ᠢ | ᠬᠦᠷᠢᠶᠡᠯᠡᠭᠰᠡᠨ ᠵᠢᠱᠢᠶᠡᠴᠢ ᠬᠤᠰᠢᠭᠤ ᠵᠡᠷᠭᠡ ᠢᠷᠠᠭᠤ ᠠᠯᠳᠠᠷ ᠤᠨ ᠴᠣᠯᠠ ᠶᠢ ᠢᠷᠠᠭᠤ ᠠᠯᠳᠠᠷᠲᠠᠢ ᠪᠠᠷ ᠭᠥᠷᠳᠡᠪᠡ᠃ | ᠥᠪᠡᠷ ᠢᠶᠠᠨ ᠭᠡᠷ ᠪᠠᠶᠢᠰᠢᠩ ᠪᠠᠷᠢᠬᠤ᠂ ᠰᠢᠲᠠᠮᠠᠬᠠᠢ ᠬᠡᠢ᠂ ᠠᠶᠤᠯᠲᠠᠢ ᠬᠢᠮᠢ ᠶᠢᠨ ᠪᠣᠳᠠᠰ ᠵᠡᠷᠭᠡ ᠬᠦᠷᠢᠶᠡᠨ ᠳᠠᠬᠢ | ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠡᠯ᠎ᠡ ᠵᠦᠢᠯ ᠤᠨ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ | ᠭᠠᠢ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠨᠢ ᠤᠯᠤᠰ ᠤᠨ ᠰᠢᠯᠭᠠᠨ | ᠪᠠᠶᠢᠴᠠᠭᠠᠯᠲᠠ ᠳᠤ ᠬᠢᠷᠢ ᠲᠡᠩᠴᠡᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠲᠠᠰᠤᠷᠠᠯᠲᠠ | ᠦᠭᠡᠢ ᠳᠡᠭᠡᠭᠰᠢᠯᠡᠪᠡ᠃ | ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠦᠷᠭᠦᠯᠵᠢᠯᠡᠨ | ᠴᠢᠩᠭᠠᠷᠠᠪᠠ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠬᠤᠷᠢᠳᠤᠭᠠᠷ | ᠶᠡᠭᠡ ᠬᠤᠷᠠᠯ ᠤᠨ ᠤᠯᠤᠰ ᠲᠦᠷᠦ᠂ ᠤᠨᠤᠯ᠂ ᠦᠢᠯᠡᠳᠦᠯᠭᠡ ᠶᠢᠨ ᠲᠠᠯ᠎ᠠ ᠪᠠᠷ ᠣᠯᠣᠭᠰᠠᠨ ᠠᠯᠢ ᠤᠯᠠᠨ ᠴᠢᠬᠤᠯᠠ ᠶᠡᠭᠡ | ᠦᠷ᠎ᠡ ᠪᠦᠲᠦᠭᠡᠯ ᠢ ᠪᠦᠷᠢᠨ ᠪᠦᠲᠦᠨ ᠵᠥᠪ ᠣᠨᠣᠪᠴᠢᠲᠠᠢ ᠪᠠᠷ ᠪᠦᠬᠦ ᠲᠠᠯ᠎ᠠ ᠪᠠᠷ ᠣᠶᠢᠯᠠᠭᠠᠨ ᠡᠵᠡᠮᠰᠢᠵᠦ᠂ | ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ | ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ᠶᠢ ᠢᠮᠠᠭᠲᠠ ᠠᠵᠢᠯ ᠬᠢᠵᠦ ᠦᠢᠯᠡᠰ ᠪᠣᠰᠬᠠᠬᠤ ᠶᠢᠨ ᠰᠠᠭᠤᠷᠢ | ᠪᠣᠯᠭᠠᠵᠤ᠂ ᠪᠦᠬᠦ ᠵᠢᠯ ᠳᠤ ᠲᠤᠰ ᠲᠤᠰ 9.6%᠂ ᠬᠤᠷᠠᠯ ᠢ 13.2% ᠢᠶᠠᠷ ᠪᠠᠭᠠᠰᠬᠠᠵᠤ᠂ ᠪᠣᠳᠠᠲᠠᠢ ᠠᠵᠢᠯᠯᠠᠬᠤ ᠳᠤ | ᠴᠠᠭ ᠢ ᠰᠢᠬᠠᠨ ᠣᠷᠣᠨ ᠵᠠᠢ ᠰᠤᠯᠠᠯᠠᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾︾ ᠤ | ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠣᠯᠣᠨ ᠲᠤᠰᠬᠠᠯ ᠴᠢᠩᠭ᠎ᠠ | ᠲᠣᠪᠣᠶᠢᠮ᠎ᠠ ᠠᠰᠠᠭᠤᠳᠠᠯ ᠢ ᠢᠮᠠᠭᠲᠠ ᠪᠣᠳᠠᠲᠠᠢ ᠶᠢ ᠡᠷᠬᠢᠮᠯᠡᠨ ᠰᠢᠢᠳᠪᠦᠷᠢᠯᠡᠵᠦ᠂ ᠪᠦᠬᠦ ᠬᠤᠳᠠ ᠶᠢᠨ ᠠᠩᠬᠠᠳᠠᠭᠴᠢ | ︽12345︾ ᠠᠷᠠᠳ ᠤᠨ ᠠᠮᠢᠳᠤᠷᠠᠯ ᠤᠨ ᠰᠢᠭᠤᠳ ᠨᠡᠪᠲᠡᠷᠡᠬᠦ ᠰᠣᠨᠢᠨ ᠮᠡᠳᠡᠭᠡᠨ ᠤ ᠪᠤᠯᠤᠩ ᠢ ᠨᠠᠪᠲᠠᠷᠡᠭᠦᠯᠵᠦ᠂ | ︽12345︾ ᠬᠠᠯᠠᠮᠰᠢᠯ ᠤᠲᠠᠰᠤ ᠶᠢ ᠰᠢᠯᠵᠢᠭᠦᠯᠦᠨ ᠡᠷᠬᠢᠯᠡᠬᠦ ᠠᠵᠢᠯ ᠤᠨ ᠬᠠᠭᠤᠳᠠᠰᠤ ᠶᠢᠨ︽ᠭᠤᠷᠪᠠᠨ ᠨᠤᠷᠮ᠎ᠠ︾ ᠶᠢ | ᠦᠷᠭᠦᠯᠵᠢᠯᠡᠨ ᠳᠡᠭᠡᠭᠰᠢᠯᠡᠭᠦᠯᠵᠦ᠂ ᠶᠡᠷᠦᠩᠬᠡᠢ ᠨᠡᠷᠡᠰ ᠤᠨ ᠵᠢᠭᠰᠠᠭᠠᠯᠲᠠ ᠨᠢ ᠪᠦᠬᠦ ᠬᠤᠳᠠ ᠶᠢᠨ ᠡᠮᠦᠨ᠎ᠡ ᠡᠩᠨᠡᠭᠡᠨ ᠳᠤ | ᠣᠷᠣᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠢᠮᠠᠭᠲᠠ ᠵᠠᠰᠠᠭ ᠤᠨ ᠣᠷᠳᠣᠨ ᠤ | ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠶᠢ ᠦᠷᠭᠦᠯᠵᠢᠯᠡᠨ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ | ᠪᠠ ᠡᠯ᠎ᠡ ᠠᠷᠠᠳ ᠤᠨ ᠪᠦᠯᠬᠦᠮ ᠤᠨ ᠰᠠᠨᠠᠯ ᠢ ᠬᠢᠨᠠᠮᠠᠭᠠᠢ ᠰᠣᠨᠣᠰᠴᠤ᠂ ᠪᠦᠬᠦ ᠵᠢᠯ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 57 ᠬᠤᠪᠢ ᠰᠠᠨᠠᠭᠤᠯᠭ᠎ᠠ᠂ ᠤᠯᠤᠰ ᠲᠦᠷᠦ ᠶᠢᠨ | ᠵᠥᠪᠯᠡᠯᠭᠡᠨ ᠤ 90 ᠬᠤᠪᠢ ᠰᠠᠨᠠᠯ ᠵᠥᠪᠯᠡᠯᠭᠡ ᠶᠢ ᠰᠢᠢᠳᠪᠦᠷᠢᠯᠡᠪᠡ᠃ ᠨᠠᠮ ᠢ ᠬᠠᠮᠢᠶᠠᠷᠴᠤ ᠨᠠᠮ ᠢ ᠵᠠᠰᠠᠬᠤ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ | ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ | ᠭᠦᠢᠴᠡᠳᠬᠡᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ ᠤᠨ ᠳᠠᠭᠠᠭᠠᠴᠢᠯᠠᠯᠲᠠ ᠵᠠᠷᠯᠠᠬᠤ | ᠲᠣᠭᠲᠠᠭᠠᠯ ᠢ ᠲᠣᠭᠲᠠᠭᠠᠨ ᠵᠢᠷᠤᠮᠵᠢᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠲᠤ ᠬᠠᠮᠲᠤ ᠶᠢᠨ | ᠰᠢᠢᠳᠪᠦᠷᠢᠲᠦ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠪᠠ᠃ | ᠨᠢᠭᠡ ᠵᠢᠯ ᠤᠨ ᠲᠤᠷᠰᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠦᠨᠳᠦᠰᠦᠲᠡᠨ | ᠱᠠᠰᠢᠨ ᠰᠤᠷᠲᠠᠬᠤᠨ᠂ ᠬᠤᠶᠠᠷ ᠢ ᠬᠦᠷᠢᠶᠡᠯᠡᠨ ᠬᠠᠷᠠᠭᠠᠯᠵᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ | ᠴᠥᠮ ᠰᠢᠨ᠎ᠡ ᠠᠮᠵᠢᠯᠲᠠ ᠣᠯᠵᠤ᠂ ᠭᠠᠳᠠᠭᠠᠳᠤ ᠶᠠᠪᠤᠳᠠᠯ᠂ ᠲᠤᠭ᠎ᠠ ᠪᠦᠷᠢᠳᠬᠡᠯ᠂ ᠬᠠᠩᠭᠠᠨ ᠪᠣᠷᠤᠯᠠᠭᠤᠯᠭ᠎ᠠ᠂ ᠰᠣᠨᠢᠨ | ᠮᠡᠳᠡᠭᠡ ᠷᠠᠳᠢᠣ᠋ ᠲᠧᠯᠸᠢᠰ᠂ ᠭᠠᠵᠠᠷ ᠬᠥᠳᠡᠯᠦᠯᠲᠡ ᠴᠠᠭ ᠠᠭᠤᠷ ᠵᠡᠷᠭᠡ ᠠᠵᠢᠯ ᠦᠢᠯᠡᠰ ᠴᠥᠮ ᠰᠢᠨ᠎ᠡ ᠠᠮᠵᠢᠯᠲᠠ | ᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ | ᠴᠥᠮ ᠰᠢᠨ᠎ᠡ ᠳᠦᠷᠰᠦ ᠪᠠᠶᠢᠳᠠᠯ ᠲᠠᠢ ᠪᠣᠯᠪᠠ᠃ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠳᠤ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ | ᠣᠷᠳᠣᠨ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠤᠷᠬᠢᠯ ᠤᠨ ᠬᠤᠭᠤᠴᠠᠭ᠎ᠠ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠣᠭᠤᠮᠲᠠ ᠰᠢᠪᠲᠤᠯᠬᠤ ᠬᠤᠭᠤᠴᠠᠭ᠎ᠠ᠂ ᠲᠡᠦᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠢ ᠬᠤᠷᠠᠮᠳᠤᠭᠤᠯᠬᠤ ᠬᠤᠭᠤᠴᠠᠭ᠎ᠠ ᠳᠤ ᠲᠤᠯᠭᠠᠷᠠᠪᠠ᠃ ᠪᠢᠳᠡ ᠬᠥᠭᠵᠢᠯᠲᠡ ᠶᠢᠨ | ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ︽ᠤᠷᠤᠭᠰᠢᠯᠠᠬᠤ ᠦᠭᠡᠢ ᠪᠣᠯ ᠤᠬᠤᠷᠢᠬᠤ︾ᠰᠣᠨᠣᠷ ᠰᠡᠷᠡᠮᠵᠢ ᠪᠠᠷ | ᠰᠥᠷᠭᠡᠦ ᠣᠷᠴᠢᠨ ᠳᠤ ᠡᠷᠭᠢᠯᠳᠦᠵᠦ᠂ ᠬᠦᠴᠢᠷᠳᠡᠯ ᠤᠨ ᠳᠤᠮᠳᠠ ᠪᠦᠰᠡᠯᠡᠯᠲᠡ ᠶᠢ ᠰᠢᠪᠲᠤᠯᠵᠤ᠂ ᠠᠵᠤ ᠠᠬᠤᠢ ᠶᠢᠨ | ᠨᠡᠮᠡᠭᠳᠡᠯ ᠤᠨ ᠬᠤᠷᠳᠤᠴᠠ ᠶᠢ ᠪᠦᠬᠦ ᠬᠤᠳᠠ ᠶᠢᠨ︽ᠨᠢᠭᠡᠳᠦᠭᠡᠷ ᠵᠢᠭᠰᠠᠭᠠᠯ︾ ᠳᠤ ᠲᠣᠭᠲᠠᠭᠠᠵᠤ᠂ ᠴᠢᠯᠠᠭᠤ | ᠥᠩᠬᠦᠷᠢᠭᠦᠯᠦᠨ ᠠᠭᠤᠯᠠᠨ ᠳᠤ ᠭᠠᠷᠬᠤ ᠰᠥᠰᠥ ᠵᠣᠷᠢᠭ ᠢᠶᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠰᠢᠨ᠎ᠡ ᠳᠦᠷᠰᠦ ᠪᠠᠶᠢᠳᠠᠯ ᠢ ᠪᠤᠢ ᠪᠣᠯᠭᠠᠵᠠᠢ︕︵ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 15 ᠤ | ᠴᠠᠬᠢᠯᠭᠠᠨ ᠮᠡᠳᠡᠭᠡ ᠠᠴᠠ︶ᠡᠯ᠎ᠡ ᠱᠠᠲᠤᠨ ᠤ ᠺᠠᠳ᠋ᠷᠴᠤᠳ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠡᠳᠬᠢᠯ | ᠲᠠᠯᠪᠢᠨ ᠤᠴᠢᠷ ᠶᠠᠪᠤᠳᠠᠯ ᠢ ᠪᠣᠳᠣᠯᠬᠢᠯᠠᠵᠤ᠂ ᠣᠷᠭᠢᠯᠤᠮ᠎ᠠ ᠰᠡᠳᠬᠢᠯᠭᠡ ᠪᠠᠷ ᠠᠵᠢᠯ ᠬᠢᠵᠦ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠨᠢᠭᠡᠳᠦᠭᠡᠷ ᠹᠷᠣᠨᠲ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠳᠦᠭᠡᠷ ᠹᠷᠣᠨᠲ ᠲᠤ ᠡᠷᠡᠯᠬᠡᠭᠯᠡᠨ ᠲᠡᠮᠡᠴᠡᠵᠦ᠂ ᠣᠮᠤᠭ | ᠲᠡᠭᠦᠯᠳᠡᠷ ᠢᠶᠠᠷ ᠤᠷᠤᠭᠰᠢᠯᠠᠨ ᠳᠠᠪᠰᠢᠵᠤ᠂ ᠵᠣᠷᠢᠭᠲᠠᠢ ᠪᠠᠷ ᠨᠢᠭᠡᠳᠦᠭᠡᠷ ᠠᠯᠬᠤᠮ ᠢ ᠠᠯᠬᠤᠬᠤ ᠭᠠᠪᠰᠢᠭᠠᠶᠢᠯᠠᠬᠤ | ᠵᠣᠷᠢᠭ ᠢᠶᠠᠷ ᠠᠯᠬᠤᠮ ᠪᠦᠷᠢ ᠶᠢᠨ ᠡᠷᠴᠢ ᠵᠣᠷᠢᠭ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠨᠡᠭᠡᠭᠡᠵᠡᠢ︕ | ᠢᠯᠠᠩᠭᠤᠶ᠎ᠠ 8 ᠰᠠᠷ᠎ᠠ ᠶᠢᠨ 2 ᠤᠨ ᠡᠳᠦᠷ ᠲᠣᠰ ᠭᠠᠵᠠᠷ ᠣᠷᠣᠨ ᠤ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ | ᠪᠥᠬᠦ ᠬᠤᠰᠢᠭᠤᠨ ᠤ ᠥᠷᠭᠡᠨ ᠣᠯᠠᠨ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ | ᠨᠠᠮ ᠤᠨ ᠭᠡᠰᠢᠭᠦᠨ ᠺᠠᠳ᠋ᠷᠴᠤᠳ ᠡᠮᠦᠨ᠎ᠡ ᠹᠷᠣᠨᠲ ᠲᠤ ᠭᠠᠪᠰᠢᠭᠠᠶᠢᠯᠠᠨ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ᠂ | ᠰᠠᠭᠤᠭᠠᠯᠢ ᠠᠷᠠᠳ ᠣᠯᠠᠨ᠂ ᠬᠤᠰᠢᠭᠤᠨ ᠳᠤ ᠰᠠᠭᠤᠭ᠎ᠠ ᠠᠵᠤ ᠠᠬᠤᠶᠢᠯᠠᠯ᠂ ᠰᠠᠶᠢᠨ ᠳᠤᠷ᠎ᠠ ᠶᠢᠨ ᠠᠵᠢᠯᠯᠠᠭᠴᠢᠳ | ᠡᠯ᠎ᠡ ᠵᠦᠢᠯ ᠤᠨ ᠬᠡᠯᠪᠡᠷᠢ ᠪᠠᠷ ᠬᠢᠵᠢᠭ ᠢ ᠰᠡᠷᠭᠡᠶᠢᠯᠡᠬᠦ ᠠᠵᠢᠯ ᠳᠤ ᠢᠳᠡᠪᠬᠢᠲᠡᠢ ᠣᠷᠣᠯᠴᠠᠨ ᠳᠡᠮᠵᠢᠵᠦ᠂ ᠬᠢᠵᠢᠭ ᠢ | ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦᠶ᠎ᠡ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠪᠣᠭᠤᠮᠲᠠ ᠪᠦᠷᠢ ᠶᠢ ᠳᠠᠪᠠᠵᠤ ᠭᠠᠷᠤᠭᠰᠠᠨ ᠤ ᠳᠠᠷᠠᠭ᠎ᠠ ᠠᠯᠬᠤᠮ ᠪᠦᠷᠢ ᠶᠢ ᠨᠢ | ᠳᠠᠪᠰᠢᠯᠲᠠ ᠲᠠᠢ ᠪᠣᠯᠭᠠᠵᠠᠢ᠃ ᠴᠥᠮ ᠪᠡᠭᠡᠵᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠠᠨᠳᠤᠯᠭ᠎ᠠ ᠲᠠᠢ ᠵᠠᠮᠴᠢᠯᠠᠯ ᠠᠴᠠ ᠰᠠᠯᠵᠤ ᠴᠢᠳᠠᠬᠤ ᠦᠭᠡᠢ | ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠵᠥᠪ | ᠣᠨᠣᠪᠴᠢᠲᠠᠶ ᠤᠳᠤᠷᠢᠳᠤᠯᠭ᠎ᠠ ᠠᠴᠠ ᠰᠠᠯᠵᠤ ᠴᠢᠳᠠᠬᠤ ᠦᠭᠡᠢ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠰᠢ ᠶᠢᠨ ᠫᠢᠩ ᠬᠤᠲᠠ ᠶᠢᠨ ᠴᠣᠣᠶᠠᠩ ᠲᠣᠭᠤᠷᠢᠭ ᠵᠢᠴᠢ ᠣᠷᠣᠨ ᠤ | ᠰᠢᠭᠤᠳ ᠬᠠᠷᠢᠶ᠎ᠠ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠬᠦᠴᠦᠲᠡᠢ ᠳᠡᠮᠵᠢᠯᠭᠡ ᠠᠴᠠ ᠰᠠᠯᠵᠤ | ᠴᠢᠳᠠᠬᠤ ᠦᠭᠡᠢ᠂ ᠪᠥᠬᠦ ᠬᠤᠰᠢᠭᠤᠨ ᠤ ᠠᠷᠠᠳ ᠲᠦᠮᠡᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠠᠴᠠ ᠰᠠᠯᠵᠤ ᠴᠢᠳᠠᠬᠤ ᠦᠭᠡᠢ ᠶᠤᠮ᠃ ᠠᠳᠡ᠂ ᠪᠢ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ | ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠵᠢᠴᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠭᠵᠢᠯᠲᠡ ᠳᠤ ᠣᠷᠣᠯᠴᠠᠭᠰᠠᠨ᠂ | ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ | ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠳᠠᠭᠠᠤ ᠳᠤ᠂ ᠣᠳᠣᠬᠠᠨ ᠳᠤ ᠪᠦᠭᠦ ᠬᠤᠰᠢᠭᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠳᠤᠮᠳᠠ ᠪᠠᠰᠠ ᠵᠠᠷᠢᠮ ᠠᠰᠠᠭᠤᠳᠠᠯ ᠪᠠ ᠬᠦᠴᠢᠷᠳᠡᠯ ᠣᠷᠣᠰᠢᠵᠤ ᠪᠠᠶᠢᠬᠤ ᠶᠢ ᠪᠢᠳᠡ | ᠰᠡᠷᠭᠡᠭ ᠢᠶᠠᠷ ᠣᠯᠵᠤ ᠬᠠᠷᠠᠨ᠎ᠠ᠃ ᠡᠭᠦᠨ ᠤ ᠭᠤᠣᠯ ᠢᠯᠡᠷᠡᠯ ᠭᠡᠪᠡᠯ᠄ ᠨᠢᠭᠡ ᠳᠤ ᠠᠵᠤ ᠦᠢᠯᠡᠰ ᠤᠨ ᠬᠡᠯᠬᠢᠶ᠎ᠡ ᠶᠢᠨ | ᠣᠳᠣᠬᠢᠴᠢᠯᠠᠯᠲᠠ ᠶᠢᠨ ᠬᠢᠷᠢ ᠬᠡᠮᠵᠢᠶ᠎ᠡ ᠥᠨᠳᠥᠷ ᠪᠢᠰᠢ᠂ ᠰᠢᠨ᠎ᠡ ᠶᠢ ᠡᠭᠦᠳᠦᠨ ᠬᠥᠭᠵᠢᠬᠦ ᠴᠢᠳᠠᠪᠤᠷᠢ ᠴᠢᠩᠭ᠎ᠠ ᠪᠢᠰᠢ᠂ | ᠠᠵᠤ ᠦᠢᠯᠡᠳᠪᠦᠷᠢ ᠶᠢᠨ ᠠᠵᠤ ᠠᠬᠤᠢ ᠶᠢᠨ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠡᠰᠡᠷᠭᠦᠴᠡᠨ | ᠬᠤᠷᠢᠭᠯᠠᠬᠤ ᠴᠢᠳᠠᠪᠤᠷᠢ ᠬᠦᠷᠦᠯᠴᠡᠬᠦ ᠦᠭᠡᠢ ᠪᠠᠶᠢᠨ᠎ᠠ᠃ ᠬᠤᠶᠠᠷ ᠲᠤ ᠨᠡᠶᠢᠭᠡᠮ ᠤᠨ ᠬᠦᠷᠢᠶᠡᠨ ᠳᠠᠬᠢ ᠤᠯᠠᠨ | ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠬᠦᠷᠦᠯᠴᠡᠬᠦ ᠦᠭᠡᠢ᠂ ᠬᠤᠳᠠ ᠪᠠᠯᠭᠠᠰᠤᠨ ᠤ ᠲᠥᠯᠦᠪᠵᠢᠭᠦᠯᠭᠡ | ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠨᠠᠷᠢᠯᠢᠭ ᠪᠢᠰᠢ᠂ ᠠᠮᠢ ᠠᠬᠤᠢ ᠶᠢᠨ ᠣᠷᠴᠢᠨ ᠨᠥᠬᠦᠴᠡᠯ ᠨᠢ ᠤᠯᠠᠨ | ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠵᠥᠷᠢᠶ᠎ᠡ ᠲᠠᠢ ᠪᠠᠶᠢᠨ᠎ᠠ᠃ ᠭᠤᠷᠪᠠ ᠳᠤ ᠴᠥᠭᠡᠨ ᠲᠣᠭᠠᠨ ᠤ ᠺᠠᠳ᠋ᠷ ᠤᠨ | ᠬᠠᠷᠢᠭᠤᠴᠠᠯᠭ᠎ᠠ ᠡᠭᠦᠷᠭᠡᠯᠡᠵᠦ ᠠᠵᠢᠯ ᠶᠠᠪᠤᠳᠠᠯ ᠬᠢᠬᠦ ᠤᠬᠠᠮᠰᠠᠷ ᠪᠠᠰᠠ ᠲᠡᠶᠢᠮᠦ ᠴᠢᠩᠭ᠎ᠠ ᠪᠢᠰᠢ᠂ ︽ᠭᠤᠷᠪᠠᠨ ᠤᠯᠠᠨ᠂ | ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠪᠠ ︽ᠲᠤᠯᠤᠭᠠᠨ ᠲᠠᠯ᠎ᠠ ᠪᠠᠷ ᠴᠠᠭ ᠤᠨ ᠪᠠᠶᠢᠳᠠᠯ ᠳᠤ | ᠨᠡᠶᠢᠴᠡᠬᠦ ᠦᠭᠡᠢ︾ ᠭᠡᠬᠦ ᠦᠵᠡᠯᠲᠡ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠪᠠᠰᠠ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠪᠠᠶᠢᠬᠤ ᠵᠡᠷᠭᠡ ᠠᠰᠠᠭᠤᠳᠠᠯ ᠣᠷᠣᠰᠢᠵᠤ | ᠪᠠᠶᠢᠨ᠎ᠠ᠃ᠡᠭᠦᠨ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠨᠠᠷᠢᠨ ᠬᠢᠨᠠᠮᠠᠭᠠᠢ ᠰᠢᠢᠳᠪᠦᠷᠢᠯᠡᠵᠦ᠂ ᠪᠦᠭᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠢ | ᠶᠠᠭᠠᠬᠢᠭᠰᠠᠨ ᠴᠤ ᠬᠥᠰᠡᠷᠳᠡᠭᠦᠯᠬᠦ ᠦᠭᠡᠢ᠃ | ᠬᠤᠶᠠᠷ᠂ 2023 ᠣᠨ ᠤ ᠬᠠᠷᠠᠯᠲᠠ ᠶᠢᠨ ᠡᠭᠦᠷᠭᠡ ᠪᠠ ᠭᠤᠣᠯᠳᠠᠯᠭ᠎ᠠ ᠲᠠᠢ ᠠᠵᠢᠯ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ | ᠵᠠᠩᠭᠢᠯᠠᠭ᠎ᠠ ᠶᠢᠨ ᠵᠢᠯ ᠮᠥᠨ᠃ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠪᠢᠳᠡᠨ ᠤ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠬᠤᠰᠢᠭᠤᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ | ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠶᠡᠷᠦᠩᠬᠡᠢ ᠲᠣᠬᠢᠷᠠᠭᠤᠯᠤᠯᠲᠠ | ᠶᠣᠰᠣᠭᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠠᠭᠤᠤ ᠶᠡᠭᠡ ᠲᠤᠭ ᠢ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ | ᠡᠵᠡᠮᠰᠢᠵᠦ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠵᠦ᠂ ᠴᠠᠭ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ | ᠲᠥᠯᠥᠪᠯᠡᠵᠦ᠂ ︽ᠲᠠᠪᠤᠨ ᠶᠡᠭᠡ ᠡᠭᠦᠷᠭᠡ︾ ︽ᠲᠠᠪᠤᠨ ᠶᠡᠭᠡ ᠠᠵᠤ ᠠᠬᠤᠢ︾ ᠶᠢᠨ ᠪᠠᠷᠢᠮᠵᠢᠶ᠎ᠠ ᠪᠠᠷ | ᠪᠠᠷᠢᠮᠵᠢᠶᠠᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠠᠵᠤ ᠠᠬᠤᠢ ᠶᠢᠨ | ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠪᠥᠬᠦ | ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ | ᠲᠦᠯᠬᠢᠨ ᠠᠬᠢᠭᠤᠯᠬᠤ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠢ᠃ | ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠣᠷᠴᠢᠮ ᠨᠡᠮᠡᠭᠳᠡᠭᠦᠯᠦᠨ᠎ᠡ︔ ᠲᠣᠭᠲᠠᠮᠠᠯ | ᠭᠦᠷᠤᠩᠭᠡ ᠶᠢᠨ ᠪᠡᠯᠡ ᠣᠷᠣᠭᠤᠯᠤᠯᠲᠠ ᠶᠢ 15%ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ ᠢ 8.5% ᠣᠷᠴᠢᠮ ᠢᠶᠠᠷ ᠨᠡᠮᠡᠭᠳᠡᠭᠦᠯᠦᠨ᠎ᠡ;ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠪᠦᠬᠦ ᠲᠤᠭ᠎ᠠ ᠶᠢ 5% ᠣᠷᠴᠢᠮ ᠵᠶ᠋ᠠᠷᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% ᠪᠠ 8% ᠣᠷᠴᠢᠮ ᠢᠶᠠᠷ ᠨᠡᠮᠡᠭᠳᠡᠭᠦᠯᠦᠨ᠎ᠡ; | ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 9.7% ᠨᠡᠮᠡᠭᠳᠡᠪᠡ︔ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠭᠤᠯᠭᠠᠭᠰᠠᠨ ᠪᠤᠰᠤᠳ ᠬᠢᠵᠠᠭᠠᠷᠯᠠᠬᠤ ᠴᠢᠨᠠᠷᠲᠠᠢ ᠭᠦᠢᠴᠡᠳᠬᠡᠬᠦ | ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠭᠲᠠᠭᠠᠭᠰᠠᠨ | ᠵᠢᠱᠢᠭᠰᠡᠨ ᠬᠠᠷᠠᠯᠲᠠ ᠲᠠᠢ ᠵᠣᠯᠭᠠᠭᠤᠯᠵᠤ᠂ ᠣᠨᠴᠠ ᠵᠠᠷᠢᠮ ᠭᠦᠢᠴᠡᠳᠬᠡᠯ ᠲᠤᠭ᠎ᠠ ᠨᠢ ᠵᠢᠭᠠᠬᠠᠨ ᠥᠨᠳᠥᠷ ᠪᠠᠶᠢᠵᠤ᠂ | ︽ᠲᠡᠷᠢᠭᠦᠨ ᠳᠤ ᠣᠷᠣᠬᠤ ᠪᠠᠷ ᠴᠢᠷᠮᠠᠶᠢᠬᠤ︾ ᠶᠢ ᠢᠯᠡᠷᠡᠭᠦᠯᠵᠦ᠂ ︽ᠳᠠᠪᠰᠢᠬᠤ︾ ᠱᠠᠭᠠᠷᠳᠠᠯᠭ᠎ᠠ ᠶᠢ | ᠳᠣᠪᠤᠶᠢᠯᠭᠠᠭᠰᠠᠨ ᠪᠠᠶᠢᠨ᠎ᠠ᠃ ᠡᠭᠦᠨ ᠤ ᠬᠠᠮᠲᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠬᠥᠭᠵᠢᠯᠲᠡ ᠶᠢᠨ ᠪᠣᠳᠠᠲᠠᠢ ᠪᠠᠶᠢᠳᠠᠯ ᠢ ᠭᠦᠢᠴᠡᠳ ᠪᠣᠳᠣᠯᠬᠢᠯᠠᠨ᠂ 2022 ᠣᠨ ᠤ ᠡᠯ᠎ᠡ ᠵᠦᠢᠯ ᠤᠨ ᠭᠦᠢᠴᠡᠳᠬᠡᠯ | ᠲᠤᠭ᠎ᠠ ᠶᠢᠨ ᠰᠠᠭᠤᠷᠢᠨ ᠳᠡᠭᠡᠷ᠎ᠡ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ᠂ ︽ᠲᠣᠭᠲᠠᠭᠤᠨ︾ ᠤ ᠬᠤᠷᠢᠭ᠎ᠠ | ᠱᠤᠭᠤᠮ ᠢ ᠳᠣᠪᠤᠶᠢᠯᠭᠠᠭᠰᠠᠨ ᠪᠠᠶᠢᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠮᠡᠲᠦ ᠲᠤᠯᠤᠭᠠᠨ ᠲᠠᠯ᠎ᠠ ᠶᠢᠨ | ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠪᠣᠳᠠᠲᠤ ᠴᠣᠭᠴᠠ ᠶᠢᠨ ᠠᠵᠤ ᠠᠬᠤᠢ ᠶᠢ ᠪᠣᠶᠢᠵᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠠᠷᠭ᠎ᠠ ᠪᠦᠬᠦᠨ ᠢ ᠰᠦᠪᠡᠭᠴᠢᠯᠡᠨ ᠥᠷᠭᠡᠳᠬᠡᠨ᠎ᠡ᠃︽ | ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠲᠥᠷᠥᠯ ᠵᠦᠢᠯ ᠢᠶᠠᠷ ᠭᠤᠣᠯ ᠪᠣᠯᠭᠠᠬᠤ︾ ᠶᠢ ᠪᠠᠷᠢᠮᠲᠠᠯᠠᠨ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠵᠡᠷᠭᠡ ᠭᠤᠷᠪᠠᠨ ᠵᠦᠢᠯ ᠤᠨ ᠢᠨᠵᠧᠨᠧᠷᠢᠩ ᠢ ᠴᠢᠩᠭ᠎ᠠ ᠠᠳᠬᠤᠵᠤ᠂ ᠪᠡᠯᠡ ᠣᠷᠣᠭᠤᠯᠤᠯᠲᠠ ᠶᠢ | ᠥᠷᠭᠡᠳᠬᠡᠬᠦ᠂ ᠨᠡᠮᠡᠭᠳᠡᠯ ᠢ ᠲᠣᠭᠲᠠᠪᠤᠷᠢᠵᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠬᠤᠨ᠎ᠠ᠃ ᠪᠥᠬᠦ ᠬᠤᠰᠢᠭᠤᠨ ᠤ ᠬᠦᠴᠦᠨ ᠢᠶᠠᠨ | ᠲᠥᠪᠯᠡᠷᠡᠭᠦᠯᠦᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶᠢᠵᠢᠭᠤᠯᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ | ᠃ ᠭᠡᠷ᠎ᠡ ᠲᠣᠭᠲᠠᠭᠰᠠᠨ ᠲᠥᠷᠥᠯ ᠵᠦᠢᠯ ᠳᠤ ᠠᠵᠢᠯ ᠡᠬᠢᠯᠡᠭᠦᠯᠬᠦ ᠶᠢ ᠠᠳᠬᠤᠬᠤ᠂ ᠠᠵᠢᠯ ᠡᠬᠢᠯᠡᠭᠦᠯᠬᠦ ᠲᠥᠷᠥᠯ | ᠵᠦᠢᠯ ᠳᠤ ᠪᠦᠲᠦᠭᠡᠨ ᠪᠠᠶᠢᠭᠤᠯᠤᠯᠲᠠ ᠶᠢ ᠠᠳᠬᠤᠬᠤ᠂ ᠪᠦᠲᠦᠭᠡᠨ ᠪᠠᠶᠢᠭᠤᠯᠬᠤ ᠲᠥᠷᠥᠯ ᠵᠦᠢᠯ ᠳᠤ | ᠠᠰᠢᠭᠯᠠᠯᠲᠠ ᠳᠤ ᠣᠷᠣᠭᠤᠯᠬᠤ ᠶᠢ ᠠᠳᠬᠤᠬᠤ ᠶᠢ ᠪᠠᠷᠢᠮᠲᠠᠯᠠᠵᠤ᠂ ᠲᠤᠰᠬᠠᠢ ᠬᠥᠮᠥᠨ ᠢ ᠵᠣᠬᠢᠶᠠᠨ ᠪᠠᠶᠢᠭᠤᠯᠤᠨ ᠭᠡᠷ᠎ᠡ | ᠲᠣᠭᠲᠠᠭᠰᠠᠨ ᠲᠥᠷᠥᠯ ᠵᠦᠢᠯ ᠢ ᠵᠣᠯᠭᠠᠭᠤᠯᠵᠤ᠂ ᠦᠢᠯᠡᠴᠢᠯᠡᠭᠡ ᠶᠢ ᠳᠠᠭᠠᠵᠤ᠂ ᠭᠠᠷᠳᠠᠮ ᠭᠦᠢᠴᠡᠳᠬᠡᠬᠦ᠂ ᠭᠠᠵᠠᠷ | ᠰᠢᠷᠣᠢ ᠬᠠᠩᠭᠠᠬᠤ᠂ ᠠᠵᠢᠯ ᠡᠬᠢᠯᠡᠭᠦᠯᠦᠨ ᠴᠠᠬᠢᠯᠭᠠᠨ ᠬᠦᠷᠭᠡᠬᠦ᠂ ᠠᠵᠢᠯ ᠳᠠᠭᠤᠰᠤᠭᠰᠠᠨ ᠢ ᠰᠢᠯᠭᠠᠨ ᠠᠪᠬᠤ ᠵᠡᠷᠭᠡ | ᠠᠵᠢᠯ ᠤᠨ ᠠᠬᠢᠴᠠ ᠶᠢ ᠲᠦᠷᠭᠡᠳᠬᠡᠵᠦ᠂ ᠡᠯ᠎ᠡ ᠲᠥᠷᠥᠯ ᠤᠨ ᠠᠰᠠᠭᠤᠳᠠᠯ ᠢ ᠪᠥᠬᠦ ᠶᠠᠪᠤᠴᠠ ᠪᠠᠷ ᠬᠠᠪᠰᠤᠷᠤᠨ | ᠰᠢᠢᠳᠪᠦᠷᠢᠯᠡᠵᠦ᠂ ᠲᠥᠷᠥᠯ ᠵᠦᠢᠯ ᠤᠨ ᠭᠡᠷ᠎ᠡ ᠶᠢ ᠭᠦᠢᠴᠡᠳᠬᠡᠬᠦ ᠨᠣᠷᠮ᠎ᠠ᠂ ᠪᠡᠯᠡ ᠮᠥᠩᠭᠦ ᠶᠢ ᠪᠣᠳᠠᠲᠠᠶᠢᠵᠢᠭᠤᠯᠬᠤ | ᠨᠣᠷᠮ᠎ᠠ ᠪᠠ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠪᠥᠬᠦ ᠵᠢᠯ ᠳᠤ | ᠬᠡᠷᠡᠭᠵᠢᠭᠦᠯᠦᠭᠰᠡᠨ 29 ᠴᠢᠬᠤᠯᠠ ᠶᠡᠭᠡ ᠲᠥᠷᠥᠯ ᠵᠦᠢᠯ ᠳᠤ᠂ 3 ᠳ᠋ᠤᠭᠠᠷ ᠰᠠᠷ᠎ᠠ ᠶᠢᠨ ᠳᠤᠮᠳᠠᠴᠢ ᠪᠠᠷ ᠡᠯ᠎ᠡ | ᠲᠥᠷᠥᠯ ᠤᠨ ᠭᠠᠷᠳᠠᠮ ᠢ ᠪᠦᠬᠦᠨ ᠢ ᠭᠦᠢᠴᠡᠳᠬᠡᠵᠦ ᠳᠠᠭᠤᠰᠬᠠᠬᠤ ᠪᠠᠷ ᠴᠢᠷᠮᠠᠶᠢᠵᠤ᠂ 25.14 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠳᠬᠤᠨ᠎ᠠ᠃ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠯᠠᠮᠵᠢᠯᠠᠯᠲᠤ ᠠᠵᠤ ᠦᠢᠯᠡᠰ ᠤᠨ | ᠮᠡᠷᠭᠡᠵᠢᠯ ᠤᠨ ᠥᠭᠡᠷᠡᠴᠢᠯᠡᠯᠲᠡ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠠᠴᠠ ᠰᠠᠭᠤᠷᠢ | ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠵᠣᠬᠢᠰᠲᠠᠢ ᠤᠷᠢᠳᠴᠢᠯᠠᠨ ᠥᠷᠨᠢᠭᠦᠯᠬᠦ ᠠᠵᠠ ᠲᠣᠬᠢᠶᠠᠯ ᠢ ᠠᠮᠵᠢᠵᠤ᠂ | ᠲᠦᠷᠦᠯ ᠵᠦᠢᠯ ᠢ ᠲᠥᠰᠥᠪᠯᠡᠬᠦ ᠪᠠ ᠪᠣᠭᠤᠳᠠᠯᠯᠠᠬᠤ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠢ ᠲᠦᠷᠦᠯ | ᠵᠦᠢᠯ ᠤᠨ ᠨᠥᠭᠡᠴᠡ ᠶᠢᠨ ᠬᠥᠮᠥᠷᠭᠡ ᠶᠢ ᠪᠠᠶᠢᠭᠤᠯᠵᠤ᠂ ᠨᠡᠩ ᠤᠯᠠᠨ ᠲᠦᠷᠦᠯ ᠵᠦᠢᠯ ᠢ ᠤᠯᠤᠰ᠂ ᠥᠪᠡᠷᠲᠡᠭᠡᠨ | ᠵᠠᠰᠠᠬᠤ ᠣᠷᠣᠨ ᠳᠤ ᠣᠷᠣᠭᠤᠯᠬᠤ ᠶᠢ ᠠᠬᠢᠭᠤᠯᠤᠨ᠎ᠠ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ᠂ ᠰᠣᠶᠣᠯ ᠵᠢᠭᠤᠯᠴᠢᠯᠠᠯ | ᠡᠷᠡᠭᠦᠯᠵᠢᠯ ᠰᠤᠪᠢᠯᠠᠯᠲᠠ᠂ ᠴᠠᠬᠢᠯᠠᠭᠤᠷ ᠴᠢᠯᠠᠭᠤ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ | ᠵᠡᠷᠭᠡ ᠶᠢᠨ ᠲᠣᠭᠤᠷᠢᠨ ᠳᠤ ᠲᠤᠰᠬᠠᠢ ᠮᠡᠷᠭᠡᠵᠢᠯ ᠤᠨ ᠬᠤᠳᠠᠯᠳᠤᠭᠠᠴᠢᠨ ᠤᠷᠢᠬᠤ ᠪᠠᠶᠢᠭᠤᠯᠤᠮᠵᠢ ᠶᠢ ᠵᠣᠬᠢᠶᠠᠨ | ᠪᠠᠶᠢᠭᠤᠯᠵᠤ᠂ ᠲᠣᠰ ᠭᠠᠵᠠᠷ ᠤᠨ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠬᠤ ᠦᠢᠯᠡᠳᠦᠯ ᠢ ᠭᠦᠢᠴᠡᠳ | ᠪᠠᠳᠠᠷᠠᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ | ᠥᠷᠭᠡᠨ ᠢᠶᠠᠷ ᠣᠷᠤᠯᠴᠠᠬᠤ ᠶᠢ ᠵᠣᠷᠢᠭᠵᠢᠭᠤᠯᠵᠤ᠂ ᠪᠥᠬᠦ ᠵᠢᠯ ᠳᠤ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠲᠥᠷᠥᠯ | ᠵᠦᠢᠯ ᠢ 85 ᠡᠲᠡᠭᠡᠳ ᠠᠴᠠ ᠳᠡᠭᠡᠭᠰᠢ ᠳᠤ ᠬᠦᠷᠦᠭᠦᠯᠵᠦ᠂ ᠪᠣᠳᠠᠲᠠᠢ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ | 15% ᠠᠴᠠ ᠳᠡᠭᠡᠭᠰᠢ ᠪᠠᠷ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠠᠳᠬᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ | ︽ᠠᠵᠤ ᠠᠬᠤᠢ ᠶᠢ ᠲᠣᠭᠲᠠᠪᠤᠷᠢᠵᠢᠭᠤᠯᠬᠤ︾ ᠬᠠᠮ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠳᠤᠯᠠᠭᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠭᠠᠶᠢᠯᠢ | ᠬᠥᠩᠭᠡᠯᠡᠵᠦ ᠰᠦᠢᠳᠬᠡᠯ ᠪᠠᠭᠤᠷᠠᠭᠤᠯᠬᠤ ᠰᠢᠨ᠎ᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ | ᠳᠡᠯᠭᠡᠭᠦᠷ ᠤᠨ ᠪᠡᠶᠡᠴᠢ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠠᠷᠤᠭᠠᠰᠤ ᠶᠢ ᠬᠥᠩᠭᠡᠯᠡᠨ ᠬᠦᠴᠢᠷᠳᠡᠯ ᠢ ᠨᠢ ᠰᠢᠢᠳᠪᠦᠷᠢᠯᠡᠵᠦ᠂ | ᠬᠦᠴᠦ ᠲᠠᠮᠢᠷ ᠢ ᠨᠢ ᠰᠡᠷᠭᠦᠭᠡᠬᠦ ᠳᠤᠨᠢ ᠬᠠᠪᠰᠤᠷᠤᠨ᠎ᠠ᠃ ᠭᠤᠣᠯᠳᠠᠯᠭ᠎ᠠ ᠲᠠᠢ ᠲᠥᠷᠥᠯ ᠵᠦᠢᠯ ᠳᠤ ︽ᠦᠢᠯᠡᠴᠢᠯᠡᠭᠡᠨ ᠤ | ᠳᠠᠭᠠᠭᠠᠴᠢᠯᠠᠯᠲᠠ︾ ᠶᠢ ᠡᠴᠦᠰ ᠲᠤᠨᠢ ᠲᠤᠯᠲᠠᠯ᠎ᠠ ᠳᠠᠭᠠᠭᠠᠴᠢᠯᠠᠬᠤ ᠲᠣᠭᠲᠠᠴᠠ ᠶᠢ ᠬᠡᠷᠡᠭᠵᠢᠭᠦᠯᠵᠦ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠴᠠ ᠠᠰᠢᠭᠯᠠᠯᠲᠠ ᠳᠤ ᠣᠷᠣᠭᠤᠯᠵᠤ ᠠᠵᠢᠯᠯᠠᠭᠤᠯᠬᠤ ᠬᠦᠷᠲᠡᠯᠡᠬᠢ | ᠪᠥᠬᠦ ᠶᠠᠪᠤᠴᠠ ᠳᠤ ᠠᠵᠤ ᠠᠬᠤᠶᠢᠯᠠᠯ ᠤᠨ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ᠂ ᠲᠣᠭᠲᠠᠭᠤᠨ ᠢᠶᠠᠷ | ᠠᠵᠢᠯᠯᠠᠭᠤᠯᠬᠤ ᠬᠦᠷᠲᠡᠯ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠶᠠᠰᠤ ᠴᠢᠨᠠᠷ ᠢᠶᠠᠷ ᠬᠤᠰᠢᠭᠤ ᠪᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ︽ᠨᠢᠭᠡ ᠲᠠᠮᠠᠭ᠎ᠠ ᠪᠠᠷ ᠬᠢᠨᠠᠨ | ᠵᠥᠪᠰᠢᠶᠡᠷᠡᠬᠦ ᠶᠢ ᠬᠠᠮᠢᠶᠠᠷᠬᠤ︾ ᠶᠢ ᠡᠮᠬᠢ ᠵᠢᠷᠤᠮ ᠲᠠᠢ ᠠᠬᠢᠭᠤᠯᠤᠨ᠂ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠢ 29 ᠠᠵᠢᠯ ᠤᠨ ᠡᠳᠦᠷ ᠪᠣᠯᠭᠠᠨ ᠪᠠᠭᠠᠰᠬᠠᠵᠤ᠂ | ᠠᠵᠤ ᠠᠬᠤᠶᠢᠯᠠᠯ ᠨᠡᠭᠡᠭᠡᠨ ᠡᠷᠭᠢᠯᠡᠬᠦ ᠶᠢ 0.5 ᠠᠵᠢᠯ ᠤᠨ ᠡᠳᠦᠷ ᠪᠣᠯᠭᠠᠨ ᠪᠠᠭᠠᠰᠬᠠᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠶᠢ 98% ᠠᠴᠠ ᠳᠡᠭᠡᠭᠰᠢ ᠳᠤ | ᠬᠦᠷᠦᠭᠦᠯᠵᠦ᠂ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠵᠦᠢᠯᠡᠰ ᠤᠨ ᠬᠠᠷᠢᠴᠠᠯ ᠤᠨ | ᠨᠣᠷᠮ᠎ᠠ ᠵᠢᠠᠵᠤ ᠠᠬᠤᠶᠢᠯᠠᠯ ᠪᠣᠯᠣᠨ ᠤᠯᠠᠨ ᠲᠦᠮᠡᠨ ᠳᠤ ᠣᠷᠴᠢᠨ ᠲᠣᠭᠤᠷᠢᠨ ᠬᠤᠪᠢᠷᠠᠵᠤ᠂ ᠦᠢᠯᠡᠴᠢᠯᠡᠭᠡ | ᠰᠢᠯᠢᠳᠡᠭᠵᠢᠵᠦ ᠪᠠᠶᠢᠬᠤ ᠶᠢ ᠦᠨᠡᠨᠬᠦ ᠮᠡᠳᠡᠷᠡᠭᠦᠯᠦᠨ᠎ᠡ᠃ | ︵ᠬᠤᠶᠠᠷ︶ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ ᠤᠷᠢᠳᠠᠪᠠᠷ | ᠬᠥᠭᠵᠢᠭᠦᠯᠬᠦ ᠶᠢ ᠠᠬᠢᠭᠤᠯᠤᠨ᠎ᠠ᠃ ᠬᠡᠳᠦᠨ ᠵᠢᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠠᠷ ᠳᠡᠮᠵᠢᠨ | ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠳᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ | ᠭᠠᠷᠤᠭᠰᠠᠨ ᠪᠣᠯᠪᠠᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠱᠠᠭᠠᠷᠳᠠᠯᠭ᠎ᠠ ᠪᠠ ᠣᠯᠠᠨ ᠲᠦᠮᠡᠨ ᠤ | ᠬᠦᠰᠡᠯ ᠡᠷᠡᠮᠡᠯᠵᠡᠯ ᠯᠦᠭᠡ ᠮᠥᠨ ᠬᠦ ᠵᠥᠷᠢᠶ᠎ᠡ ᠲᠠᠢ ᠪᠠᠶᠢᠭᠰᠠᠭᠠᠷ᠃ ᠲᠠᠷᠢᠶᠠᠯᠠᠩ ᠮᠠᠯ ᠠᠵᠤ ᠠᠬᠤᠢ ᠮᠠᠯᠵᠢᠬᠤ | ᠲᠠᠷᠢᠶᠠᠯᠠᠬᠤ ᠣᠷᠣᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ | ᠶᠡᠭᠡ ᠳᠤᠲᠠᠭᠤᠳᠠᠯ ᠢ ᠲᠦᠷᠭᠡᠨ ᠨᠥᠬᠦᠪᠦᠷᠢᠯᠡᠨ᠎ᠡ᠃ | ︽ᠬᠤᠶᠠᠷ ᠬᠤᠷᠢᠭ᠎ᠠ ᠱᠤᠭᠤᠮ︾ ᠢ ᠪᠠᠲᠤ ᠰᠠᠬᠢᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠪᠠ | ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠲᠠᠷᠰᠢᠭᠤᠯᠤᠭᠰᠠᠨ ᠭᠠᠵᠠᠷ ᠢ | ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾᠂ | ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠰᠡᠷᠭᠡᠶᠢᠯᠡᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ | 58 ᠲᠦᠮᠡᠨ ᠮᠦ ᠠᠴᠠ ᠳᠡᠭᠡᠭᠰᠢ ᠲᠣᠭᠲᠠᠪᠤᠷᠢᠵᠢᠭᠤᠯᠬᠤ᠂ ᠠᠮᠤ ᠪᠤᠳᠠᠭᠠᠨ ᠤ ᠤᠨᠠᠯᠲᠠ ᠶᠢ 2.4 ᠳ᠋ᠦᠩᠰᠢᠭᠤᠷ | ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠬᠡᠪᠴᠢᠶᠡᠵᠢᠯ ᠤᠨ ᠴᠢᠨᠠᠷᠲᠠᠢ | ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠵᠤ᠂ ᠣᠷᠣᠯᠭ᠎ᠠ ᠪᠠᠭᠠᠲᠠᠢ ᠬᠥᠮᠥᠨ ᠠᠮᠠ ᠵᠢᠴᠢ ︽ᠠᠷᠪᠠᠨ | ᠲᠥᠷᠥᠯ︾ ᠤᠨ ᠭᠤᠣᠯᠳᠠᠯᠭ᠎ᠠ ᠲᠠᠢ ᠬᠥᠮᠥᠰ ᠢ ᠴᠢᠩᠭ᠎ᠠ ᠠᠩᠬᠠᠷᠴᠤ᠂ ︽ᠭᠤᠷᠪᠠ ᠶᠢ ᠪᠠᠲᠤᠯᠠᠬᠤ︾ ᠵᠢᠴᠢ | ᠤᠤᠭᠤᠬᠤ ᠤᠰᠤᠨ ᠤ ᠠᠮᠤᠷ ᠲᠦᠪᠰᠢᠨ ᠢ ᠭᠤᠣᠯᠳᠠᠯᠭ᠎ᠠ ᠲᠠᠢ ᠠᠩᠬᠠᠷᠴᠤ᠂ ᠬᠥᠳᠡᠯᠦᠩᠭᠦᠢ ᠪᠠᠷ ᠬᠢᠨᠠᠨ ᠬᠡᠮᠵᠢᠵᠦ | ᠬᠠᠪᠰᠤᠷᠤᠨ ᠲᠡᠳᠬᠦᠬᠦ ᠲᠣᠭᠲᠠᠴᠠ ᠪᠠ ᠣᠷᠣᠯᠭ᠎ᠠ ᠶᠢᠨ ᠨᠡᠮᠡᠭᠳᠡᠯ ᠤᠨ ᠲᠣᠭᠲᠠᠴᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠡᠷᠲᠡ ᠠᠴᠠ ᠢᠯᠡᠷᠡᠭᠦᠯᠵᠦ᠂ ᠡᠷᠲᠡ ᠠᠴᠠ ᠭᠠᠷ ᠳᠦᠷᠦᠵᠦ᠂ ᠡᠷᠲᠡ ᠠᠴᠠ ᠬᠠᠪᠰᠤᠷᠤᠨ | ᠲᠡᠳᠬᠦᠬᠦ ᠶᠢ ᠪᠡᠶᠡᠯᠡᠭᠦᠯᠵᠦ᠂ ᠬᠥᠳᠡᠯᠦᠩᠭᠦᠢ ᠪᠠᠷ ᠴᠡᠪᠡᠷᠯᠡᠬᠦ ᠶᠢ ᠪᠡᠶᠡᠯᠡᠭᠦᠯᠦᠨ᠎ᠡ᠃ ᠣᠨᠳᠣᠣ ᠭᠠᠵᠠᠷ ᠨᠡᠭᠦᠯᠭᠡᠨ | ᠶᠠᠳᠠᠭᠤ ᠶᠢ ᠲᠡᠳᠬᠦᠬᠦ ᠵᠠᠯᠭᠠᠮᠵᠢ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠤ | ᠪᠤᠳᠠᠭᠠᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠶᠢᠯᠡᠭᠰᠡᠨ ᠠᠰᠠᠷ ᠪᠠ | ᠪᠠᠶᠠᠨᠴᠠᠭᠠᠨ ᠪᠠᠯᠭᠠᠰᠤᠨ ᠤ ᠬᠦᠢᠲᠡᠨ ᠰᠣᠷᠭᠤᠭ ᠢᠳᠡᠭᠡᠨ ᠤ ᠬᠥᠮᠥᠷᠭᠡ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ | ᠡᠳ᠋ ᠤᠨ ᠵᠠᠰᠠᠭ ᠤᠨ ᠵᠣᠯᠭᠠᠭᠤᠯᠬᠤ ᠪᠡᠯᠡ ᠮᠥᠩᠭᠦ ᠶᠢᠨ 65% ᠠᠴᠠ ᠳᠡᠭᠡᠭᠰᠢᠬᠢ ᠶᠢ ᠠᠵᠤ ᠦᠢᠯᠡᠰ ᠤᠨ | ᠬᠥᠭᠵᠢᠯᠲᠡ ᠳᠤ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠳᠠᠷᠢᠵᠤ ᠲᠡᠵᠢᠭᠡᠬᠦ | ᠦᠢᠯᠡᠰ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠬᠥᠳᠡᠭᠡ ᠲᠣᠰᠬᠤᠨ ᠤ | ᠣᠨᠴᠠᠯᠢᠭᠲᠤ ᠠᠷᠠᠳ ᠤᠨ ᠣᠷᠣᠨ ᠰᠠᠭᠤᠴᠠ ᠵᠡᠷᠭᠡ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠵᠦ᠂ | ᠨᠠᠩ ᠣᠯᠠᠨ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ ᠠᠵᠢᠯ ᠬᠢᠵᠦ ᠠᠵᠢᠯ ᠣᠯᠵᠤ ᠣᠷᠣᠯᠭ᠎ᠠ ᠪᠠᠨ | ᠨᠡᠮᠡᠭᠳᠡᠭᠦᠯᠬᠦ ᠶᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠴᠢᠭ᠋ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ | ᠴᠢᠳᠠᠪᠤᠷᠢᠲᠠᠨ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠤ ᠦᠢᠯᠡᠰ ᠵᠡᠷᠭᠡ ᠬᠦᠷᠢᠶᠡᠨ ᠳᠠᠬᠢ ᠨᠠᠩ ᠭᠦᠨ ᠲᠠᠰ | ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃ | ︽ᠵᠢᠷᠭᠤᠭᠠᠨ ᠶᠡᠭᠡ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠪᠡ᠃ ᠠᠵᠤ ᠦᠢᠯᠡᠳᠪᠦᠷᠢᠵᠢᠯᠲᠡ ᠶᠢᠨ | ᠣᠶᠢᠯᠠᠭᠠᠭᠳᠠᠬᠤᠨ ᠢᠶᠠᠷ ᠲᠠᠷᠢᠶᠠᠯᠠᠩ ᠮᠠᠯ ᠠᠵᠤ ᠠᠬᠤᠢ ᠶᠢ ᠲᠥᠯᠥᠪᠵᠢᠭᠦᠯᠬᠦ ᠶᠢ ᠪᠠᠷᠢᠮᠲᠠᠯᠠᠵᠤ᠂ ᠪᠦᠭᠦ ᠠᠵᠤ | ᠦᠢᠯᠡᠰ ᠤᠨ ᠬᠡᠯᠬᠢᠶ᠎ᠡ ᠶᠢᠨ ᠰᠡᠳᠬᠢᠬᠦᠢ ᠪᠠᠷ ᠲᠠᠷᠢᠶᠠᠯᠠᠩ ᠮᠠᠯ ᠠᠵᠤ ᠠᠬᠤᠢ ᠶᠢᠨ ᠨᠡᠮᠡᠯᠲᠡ ᠦᠷᠲᠡᠭ ᠢ | ᠳᠡᠭᠡᠭᠰᠢᠯᠡᠭᠦᠯᠵᠦ᠂ ᠤᠲᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮ ᠢ | ᠲᠦᠷᠭᠡᠪᠴᠢᠯᠡᠨ ᠪᠠᠶᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠬᠦᠴᠦᠨ ᠴᠢᠳᠠᠯ ᠢᠶᠠᠨ | ︽ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ | ᠂ 3 ᠲᠦᠮᠡᠨ ᠲᠣᠯᠣᠭᠠᠢ ᠪᠠ 1.2 ᠲᠦᠮᠡᠨ ᠲᠣᠯᠣᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠣᠷᠣᠨ ᠤ | ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠬᠡᠷᠡᠭᠵᠢᠭᠦᠯᠵᠦ᠂ ᠳᠠᠷᠢᠬᠤ | ᠪᠦᠲᠦᠴᠡ ᠶᠢ ᠠᠯᠬᠤᠮ ᠠᠯᠬᠤᠮ ᠢᠶᠠᠷ ᠲᠣᠬᠢᠷᠠᠭᠤᠯᠤᠨ᠂ ᠨᠣᠭᠤᠭᠠᠨ ᠪᠣᠷᠳᠤᠭ᠎ᠠ ᠪᠠᠷ ᠳᠠᠷᠤᠰᠢᠭᠤᠯᠬᠤ ᠲᠡᠵᠢᠭᠡᠯ | ᠡᠪᠡᠰᠦ ᠪᠣᠷᠳᠣᠭᠠᠨ ᠤ ᠳᠠᠷᠢᠬᠤ ᠲᠠᠯᠠᠪᠠᠶ ᠶᠢ ᠨᠡᠮᠡᠭᠳᠡᠭᠦᠯᠵᠦ᠂ ᠣᠨᠴᠠᠯᠢᠭᠲᠤ ᠴᠠᠭᠠᠨ ᠢᠳᠡᠭᠡᠨ᠂ ᠳᠡᠭᠡᠳᠦ ᠲᠠᠰ ᠤᠨ | ᠴᠠᠭᠠᠨ ᠢᠳᠡᠭᠡᠨ ᠵᠡᠷᠭᠡ ᠵᠠᠯᠭᠠᠮᠵᠢ ᠠᠵᠤ ᠦᠢᠯᠡᠰ ᠢ ᠥᠷᠭᠡᠳᠬᠡᠨ᠎ᠡ᠃︽ᠪᠢᠰᠢᠯᠠᠭ ᠤᠨ ᠵᠢᠵᠢᠭ ᠪᠠᠯᠭᠠᠰᠤ︾ ᠶᠢ | ᠲᠦᠷᠭᠡᠳᠬᠡᠨ ᠪᠠᠶᠢᠭᠤᠯᠵᠤ᠂ ᠴᠠᠭᠠᠨ ᠢᠳᠡᠭᠡ ᠡᠳ᠋ᠰᠢᠭᠦᠯᠬᠦ ᠠᠵᠤ ᠠᠬᠤᠶᠢᠯᠠᠯ ᠢ ᠨᠡᠶᠢᠳᠬᠡᠨ ᠲᠡᠳᠡᠨ ᠣᠷᠣᠭᠤᠯᠵᠤ᠂ | ᠪᠥᠬᠦ ᠬᠤᠲᠠ ᠶᠢᠨ ᠰᠦ᠋ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠤᠨ᠎ᠠ᠃ | ︽ᠠᠯᠠᠰᠢᠨ ᠦᠬᠡᠷ ᠤᠨ ᠰᠦᠷᠦᠭ ᠢᠶᠠᠨ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠮᠠᠯ ᠤᠨ ᠡᠭᠦᠯᠳᠡᠷ ᠢᠶᠠᠨ ᠰᠠᠶᠢᠵᠢᠷᠠᠭᠤᠯᠬᠤ ᠶᠢ | ᠬᠥᠲᠥᠯᠥᠨ ᠵᠢᠯᠤᠭᠤᠳᠴᠤ᠂ ᠲᠡᠵᠢᠭᠡᠨ ᠦᠷᠡᠵᠢᠭᠦᠯᠬᠦ ᠲᠤᠭ᠎ᠠ ᠬᠡᠮᠵᠢᠶ᠎ᠡ ᠪᠠᠨ ᠨᠡᠮᠡᠭᠳᠡᠭᠦᠯᠦᠨ᠎ᠡ᠃ ᠰᠢᠶᠦ᠋ᠩ ᠲᠧ | ᠵᠡᠷᠭᠡ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠳᠤ | ᠣᠷᠣᠭᠤᠯᠤᠨ ᠰᠠᠭᠤᠯᠭᠠᠵᠤ᠂ ᠠᠩᠭᠧᠰ᠂ ᠰᠢᠮᠧᠨ᠋ᠲ᠋ᠠᠷ ᠢᠶᠠᠷ ᠭᠤᠣᠯ ᠪᠣᠯᠭᠠᠭᠰᠠᠨ ᠴᠢᠨᠠᠷ ᠰᠠᠶᠢᠲᠠᠢ ᠠᠯᠠᠰᠢᠨ ᠦᠬᠡᠷ | ᠲᠡᠵᠢᠭᠡᠨ ᠦᠷᠡᠵᠢᠭᠦᠯᠬᠦ ᠶᠢ ᠳᠡᠯᠭᠡᠷᠡᠭᠦᠯᠦᠨ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠣᠶ ᠪᠣᠯᠭᠠᠵᠤ᠂ | ᠪᠥᠬᠦ ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠵᠢᠯ ᠤᠨ ᠳᠣᠲᠣᠷ᠎ᠠ 10 ᠲᠦᠮᠡ ᠳᠤ ᠬᠦᠷᠭᠡᠵᠦ᠂ | ᠪᠥᠬᠦ ᠬᠤᠲᠠ ᠶᠢᠨ ᠠᠯᠠᠰᠢᠨ ᠦᠬᠡᠷ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠤᠨ᠎ᠠ᠃ | ︽ᠠᠯᠠᠰᠢᠨ ᠬᠤᠨᠢᠨ ᠤ ᠶᠠᠰᠤ ᠴᠢᠨᠠᠷ ᠢ ᠳᠡᠭᠡᠭᠰᠢᠯᠡᠭᠦᠯᠦᠨ ᠰᠠᠶᠢᠵᠢᠷᠠᠭᠤᠯᠬᠤ︾ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ︽ᠲᠤᠭ᠎ᠠ ᠬᠡᠮᠵᠢᠶ᠎ᠡ ᠶᠢ ᠲᠣᠭᠲᠠᠪᠤᠷᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ | ᠦᠷ᠎ᠡ ᠠᠰᠢᠭ ᠢ ᠨᠡᠮᠡᠭᠳᠡᠭᠦᠯᠬᠦ︾ ᠶᠢ ᠪᠠᠷᠢᠮᠲᠠᠯᠠᠵᠤ᠂ ᠨᠠᠷᠢᠯᠢᠭ ᠠᠷᠠᠴᠢᠯᠠᠵᠤ ᠬᠠᠰᠢᠶᠠᠯᠠᠨ ᠲᠡᠵᠢᠭᠡᠬᠦ᠂ ᠡᠭᠦᠯᠳᠡᠷ | ᠰᠠᠶᠢᠵᠢᠷᠠᠭᠤᠯᠬᠤ ᠵᠠᠮ ᠢᠶᠠᠷ ᠵᠠᠮᠨᠠᠵᠤ᠂ ᠰᠠᠶᠢᠨ ᠦᠷᠡᠵᠢᠯ ᠤᠨ ᠰᠢᠰᠲ᠋ᠧᠮ ᠤᠨ ᠪᠠᠶᠢᠭᠤᠯᠤᠯᠲᠠ᠂ ᠪᠠᠷᠢᠮᠵᠢᠶᠠᠵᠢᠭᠰᠠᠨ | ᠲᠡᠵᠢᠭᠡᠨ ᠦᠷᠡᠵᠢᠭᠦᠯᠬᠦ᠂ ᠪᠣᠷᠳᠣᠵᠤ ᠨᠢᠲᠤᠯᠵᠤ ᠡᠳ᠋ᠰᠢᠭᠦᠯᠬᠦ ᠵᠡᠷᠭᠡ ᠶᠢ ᠭᠤᠣᠯᠳᠠᠯᠭ᠎ᠠ ᠲᠠᠢ ᠠᠬᠢᠭᠤᠯᠵᠤ᠂ ᠭᠠᠯᠲᠤ | ᠠᠭᠤᠯᠠ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠢᠵᠢ | ᠪᠦᠷᠢᠳᠦᠭᠦᠯᠦᠨ ᠲᠡᠳᠬᠦᠬᠦ ᠲᠥᠷᠥ ᠶᠢᠨ ᠪᠣᠳᠣᠯᠭ᠎ᠠ ᠶᠢ ᠰᠤᠳᠤᠯᠤᠨ ᠨᠡᠶᠢᠲᠡᠯᠡᠵᠦ᠂ ᠲᠡᠵᠢᠭᠡᠨ ᠦᠷᠡᠵᠢᠭᠦᠯᠬᠦ | ᠡᠷᠦᠬᠡ ᠶᠢᠨ ᠡᠭᠦᠯᠳᠡᠷ ᠰᠠᠶᠢᠵᠢᠷᠠᠭᠤᠯᠬᠤ ᠪᠠ ᠬᠠᠰᠢᠶ᠎ᠠ ᠰᠠᠷᠠᠪᠴᠢ ᠵᠡᠷᠭᠡ ᠰᠠᠭᠤᠷᠢ ᠪᠡᠯᠡᠳᠬᠡᠮᠵᠢ ᠶᠢ ᠥᠭᠡᠷᠡᠴᠢᠯᠡᠨ | ᠳᠡᠭᠡᠭᠰᠢᠯᠡᠭᠦᠯᠬᠦ ᠶᠢ ᠵᠣᠷᠢᠭᠵᠢᠭᠤᠯᠤᠨ᠂ ᠪᠠᠶᠠᠨᠴᠠᠭᠠᠨ ᠪᠠᠯᠭᠠᠰᠤ ᠪᠠ ᠤᠯᠠᠭᠠᠨᠬᠠᠳᠠ ᠲᠤ ᠤᠷᠢᠳᠠᠪᠠᠷ ᠬᠡᠷᠡᠭᠵᠢᠭᠦᠯᠵᠦ | ᠤᠷᠢᠳᠠᠪᠠᠷ ᠲᠤᠷᠰᠢᠨ᠂ ᠯᠠᠪᠳᠠᠭᠤᠨ ᠢᠶᠠᠷ ᠠᠬᠢᠭᠤᠯᠵᠤ᠂ ᠴᠠᠭᠠᠵᠠᠯᠠᠬᠤ ᠪᠠᠷ ᠲᠡᠵᠢᠭᠡᠬᠦ ᠶᠢ ᠠᠬᠢᠭᠤᠯᠬᠤ᠂ ᠬᠠᠰᠢᠶᠠᠯᠠᠨ | ᠲᠡᠵᠢᠭᠡᠵᠦ ᠨᠠᠷᠢᠯᠢᠭ ᠠᠷᠠᠴᠢᠯᠠᠬᠤ ᠳᠤ ᠬᠦᠷᠦᠭᠦᠯᠵᠦ᠂ ᠪᠥᠬᠦ ᠬᠤᠲᠠ ᠶᠢᠨ ᠠᠯᠠᠰᠢᠨ ᠬᠤᠨᠢᠨ ᠤ ᠠᠵᠤ ᠦᠢᠯᠡᠰ ᠤᠨ | ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ | ︽ᠲᠥᠮᠥᠰᠥᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ︾ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠲᠥᠮᠥᠰᠥ ᠶᠢᠨ ᠦᠷ᠎ᠡ ᠶᠢᠨ ᠢᠨᠵᠧᠨᠧᠷᠢᠩ ᠢ ᠨᠢᠭᠡ ᠵᠦᠢᠯ ᠤᠨ | ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠨ ᠠᠳᠬᠤᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠪᠠ ᠬᠤᠷᠰᠢᠭᠰᠠᠨ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠰᠠᠶᠢᠨ ᠡᠭᠦᠯᠳᠡᠷ ᠢ | ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠲᠥᠮᠥᠰᠥ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠡᠵᠡᠩᠨᠡᠯᠲᠡ ᠳᠤ ᠣᠷᠣᠭᠤᠯᠬᠤ ᠶᠢ | ᠠᠬᠢᠭᠤᠯᠵᠤ᠂ ᠲᠥᠮᠥᠰᠥ ᠶᠢᠨ ᠦᠷ᠎ᠡ ᠲᠥᠮᠥᠰᠥ ᠦᠷᠡᠵᠢᠭᠦᠯᠦᠨ ᠪᠣᠶᠢᠵᠢᠭᠤᠯᠬᠤ᠂ ᠲᠠᠸᠠᠷ ᠤᠨ ᠲᠥᠮᠥᠰᠥ | ᠦᠢᠯᠡᠳᠪᠦᠷᠢᠯᠡᠬᠦ᠂ ᠡᠳ᠋ᠰᠢᠭᠦᠯᠬᠦ᠂ ᠨᠥᠭᠡᠴᠡᠯᠡᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠥᠬᠦ ᠠᠵᠤ | ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠲᠥᠮᠥᠰᠥ ᠶᠢᠨ ᠰᠣᠳᠣᠨ ᠲᠠᠷᠢᠮᠠᠯ ᠤᠨ ᠲᠠᠯᠠᠪᠠᠶ ᠶᠢ 10 ᠲᠦᠮᠡᠨ ᠮᠦ ᠳᠤ | ᠲᠣᠭᠲᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ︽ᠬᠤᠶᠢᠲᠤ ᠬᠤᠰᠢᠭᠤᠨ ᠤ ᠤᠯᠠᠭᠠᠨ ᠲᠥᠮᠥᠰᠥ︾ ᠲᠥᠮᠥᠰᠥ | ᠳᠠᠷᠢᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ︽ᠬᠤᠶᠢᠲᠤ ᠬᠤᠰᠢᠭᠤᠨ ᠤ ᠤᠯᠠᠭᠠᠨᠲ᠋ᠥ᠋ᠮᠥᠰᠥ︾ ᠨᠠᠷᠠᠲᠤ | ᠲᠡᠮᠳᠡᠭᠲᠦ ᠶᠢ ᠥᠪᠡᠷ ᠤᠨ ᠭᠠᠷ ᠲᠠᠭᠠᠨ ᠡᠵᠡᠮᠰᠢᠬᠦ ᠶᠢ ᠪᠠᠲᠤᠯᠠᠵᠤ᠂ ᠪᠥᠬᠦ ᠬᠤᠲᠠ ᠶᠢᠨ ᠣᠲᠣ ᠦᠶ᠎ᠡ ᠶᠢᠨ | ᠲᠥᠮᠥᠰᠥ ᠶᠢᠨ ᠦᠢᠯᠡᠰ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ | ︽ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠪᠡᠭᠡᠵᠢᠩ ᠬᠤᠲᠠ ᠶᠢᠨ ᠴᠣᠣᠶᠠᠩ ᠲᠣᠭᠤᠷᠢᠭ ᠤᠨ ᠬᠠᠪᠰᠤᠷᠤᠨ ᠲᠡᠳᠬᠦᠬᠦ ᠬᠦᠴᠦᠨ ᠢ ᠭᠦᠢᠴᠡᠳ ᠠᠰᠢᠭᠯᠠᠨ᠂ | ᠡᠯᠧᠺᠲᠷᠣᠨ ᠬᠤᠳᠠᠯᠳᠤᠭᠠᠨ ᠤ ᠡᠵᠡᠩᠨᠡᠯᠲᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠢᠷᠡᠯᠲᠡ ᠶᠢ ᠡᠷᠢᠵᠦ ᠭᠡᠷᠡᠴᠢᠯᠡᠬᠦ᠂ ᠨᠠᠷᠠᠲᠤ ᠲᠥᠷᠥᠯ ᠲᠡᠮᠳᠡᠭᠲᠦ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠵᠡᠷᠭᠡ | ᠭᠤᠭᠴᠤᠭ᠎ᠠ ᠶᠢ ᠦᠷᠭᠦᠯᠵᠢᠯᠡᠨ ᠵᠢᠷᠤᠮᠵᠢᠭᠤᠯᠵᠤ᠂ ᠨᠠᠩ ᠣᠯᠠᠨ ᠪᠦᠲᠦᠭᠡᠭᠳᠡᠬᠦᠨ ᠢ ︽ᠤᠤᠯ ᠤᠨ ᠤᠯᠠᠭᠠᠨᠴᠠᠪ︾ | ᠤᠨ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠳᠤ ᠣᠷᠣᠭᠤᠯᠬᠤ ᠶᠢ ᠠᠬᠢᠭᠤᠯᠤᠨ᠂ | ᠨᠢᠭᠡᠳᠦᠯᠲᠡᠢ ᠲᠠᠨᠢᠯᠴᠠᠭᠤᠯᠬᠤ᠂ ᠨᠢᠭᠡᠳᠦᠯᠲᠡᠢ ᠡᠵᠡᠩᠨᠡᠨ ᠪᠣᠷᠣᠯᠠᠭᠤᠯᠬᠤ ᠶᠢ ᠠᠬᠢᠭᠤᠯᠵᠤ᠂ ︽ᠤᠤᠯ ᠤᠨ ᠤᠯᠠᠭᠠᠨᠴᠠᠪ | ︾ ᠤᠨ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠬᠡᠷᠡᠭᠯᠡᠭᠡᠨ ᠤ ᠵᠢᠱᠢᠶ᠎ᠡ | ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ | ︽ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠦᠨ | ᠳᠡᠭᠡᠭᠰᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠣᠲᠣ ᠶᠢᠨ ᠪᠠᠶᠢᠭ᠎ᠠ ᠤᠤᠯ ᠠᠮᠢ ᠠᠬᠤᠢ ᠶᠢᠨ | ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠪᠠᠭᠤᠯᠢᠭ ᠲᠤ ᠲᠦᠰᠢᠭᠯᠡᠨ᠂ | ᠶᠡᠭᠡ ᠤᠮᠠᠷᠠᠲᠤ ᠶᠢᠨ ᠲᠠᠷᠢᠶᠠᠯᠠᠩ᠂ ᠤᠮᠠᠷᠠᠲᠤ ᠶᠡᠭᠡ ᠠᠲᠠᠷ ᠭᠠᠵᠠᠷ᠂ ᠲᠠᠷᠢᠶᠠᠨ ᠭᠠᠵᠠᠷ ᠮᠠᠯ ᠠᠵᠤ ᠠᠬᠤᠢ ᠵᠡᠷᠭᠡ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠦᠨ ᠪᠣᠯᠪᠠᠰᠤᠷᠠᠭᠤᠯᠬᠤ | ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠨ | ᠂ ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ | ᠨᠣᠷᠮ᠎ᠠ ᠶᠢ 72% ᠠᠴᠠ ᠳᠡᠭᠡᠭᠰᠢ ᠳᠤ ᠬᠦᠷᠦᠭᠦᠯᠬᠦ ᠶᠢ ᠠᠬᠢᠭᠤᠯᠤᠨ᠎ᠠ᠃ | ︽ᠬᠤᠶᠠᠷ ᠶᠡᠭᠡ ᠢᠨᠵᠧᠨᠧᠷᠢᠩ︾ ᠢ ᠲᠦᠷᠭᠡᠪᠴᠢᠯᠡᠨ ᠬᠡᠷᠡᠭᠵᠢᠭᠦᠯᠦᠨ᠎ᠡ᠃︽ᠬᠥᠳᠡᠭᠡ ᠲᠣᠰᠬᠤᠨ ᠤ ᠵᠠᠩ | ᠰᠤᠷᠲᠠᠯ ᠤᠨ ᠪᠣᠯᠪᠠᠰᠤᠨ︾ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠷᠠᠭᠤᠯᠤᠨ᠂ ᠬᠥᠳᠡᠭᠡ ᠲᠣᠰᠬᠤᠨ ᠤ ᠤᠷᠠᠨ ᠳᠠᠷᠬᠠᠨ᠂ ᠨᠤᠲᠤᠭ ᠤᠨ | ᠴᠢᠳᠠᠪᠤᠷᠢᠲᠠᠨ ᠢ ᠬᠥᠮᠥᠵᠢᠭᠦᠯᠦᠨ᠎ᠡ᠃ ᠲᠣᠰᠬᠤᠨ ᠤ ᠳᠦᠷᠢᠮ ᠠᠷᠠᠳ ᠤᠨ ᠭᠡᠷ᠎ᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠤ ᠵᠠᠰᠠᠯᠲᠠ ᠶᠢᠨ︽ᠬᠤᠪᠢ ᠬᠤᠷᠠᠮᠳᠤᠭᠤᠯᠬᠤ ᠳᠦᠷᠢᠮ︾᠂︽ᠤᠯᠠᠭᠠᠨ ᠬᠠᠷ᠎ᠠ | ᠳᠠᠩᠰᠠ︾ ᠶᠢ ᠳᠡᠯᠭᠡᠷᠡᠭᠦᠯᠵᠦ᠂ ᠥᠨᠳᠥᠷ ᠦᠨ᠎ᠡ ᠲᠠᠢ ᠪᠣᠭᠲᠣᠯᠠᠬᠤ ᠪᠡᠯᠡᠭ᠂ ᠶᠡᠬᠡᠪᠡᠷ ᠪᠠᠵᠠᠭᠠᠵᠤ ᠶᠡᠬᠡᠪᠡᠷ ᠡᠷᠬᠢᠯᠡᠬᠦ | ᠵᠡᠷᠭᠡ ᠪᠣᠯᠬᠢ ᠳᠠᠳᠬᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠪᠣᠯᠪᠠᠰᠤᠨ ᠣᠷᠣᠰᠢᠭᠤᠯᠭ᠎ᠠ ᠶᠢ ᠰᠠᠨᠠᠭᠠᠴᠢᠯᠠᠵᠤ᠂ | ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ᠂ ᠰᠠᠶᠢᠨ ᠰᠠᠶᠢᠬᠠᠨ | ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠣᠶᠢᠵᠢᠭᠤᠯᠤᠨ᠎ᠠ᠃︽ᠬᠥᠳᠡᠭᠡ ᠲᠣᠰᠬᠤᠨ ᠤ | ᠰᠠᠭᠤᠷᠢ ᠪᠡᠯᠡᠳᠬᠡᠮᠵᠢ︾ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ | ᠭᠦᠨᠵᠡᠭᠡᠢ ᠥᠷᠨᠢᠭᠦᠯᠦᠨ᠂ 471 ᠡᠷᠦᠬᠡ ᠮᠠᠯᠵᠢᠬᠤ ᠲᠠᠷᠢᠶᠠᠯᠠᠬᠤ ᠣᠷᠣᠨ ᠤ ᠤᠰᠤᠨ ᠵᠣᠷᠯᠣᠩ ᠢ ᠰᠢᠨ᠎ᠡ ᠪᠠᠷ | ᠪᠠᠶᠢᠭᠤᠯᠵᠤ᠂ ᠪᠤᠩᠬᠤᠨ᠂ ᠳ᠋ᠠ ᠯᠢᠦ ᠬᠤᠣ᠂ ᠬᠤᠩᠬᠢᠯᠲᠦ 3 ᠪᠠᠶᠢᠭᠤᠯᠤᠯᠲᠠᠲᠤ ᠪᠠᠯᠭᠠᠰᠤ ᠪᠠ 6 ᠵᠠᠰᠠᠭ | ᠵᠠᠬᠢᠷᠭᠠᠨ ᠤ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠲᠥᠷᠥᠯ ᠵᠦᠢᠯ ᠢ ᠬᠡᠷᠡᠭᠵᠢᠭᠦᠯᠦᠨ᠂ | ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠠᠷᠭ᠎ᠠ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢᠨ ᠦᠷᠭᠦᠯᠵᠢᠯᠡᠨ ᠠᠵᠢᠯᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠨᠡᠯᠢᠶᠡᠳ ᠶᠡᠭᠡ ᠪᠠᠶᠢᠭᠠᠯᠢ ᠶᠢᠨ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠵᠢᠴᠢ ᠵᠠᠰᠠᠭ ᠵᠠᠬᠢᠷᠭᠠᠨ ᠤ | ᠲᠣᠰᠬᠤᠨ ᠳᠤ ᠬᠤᠣᠰ ᠲᠡᠷᠭᠡᠨ ᠵᠠᠮ ᠨᠡᠪᠲᠡᠷᠡᠭᠦᠯᠬᠦ ᠢᠨᠵᠧᠨᠧᠷᠢᠩ ᠢ 81 ᠺᠢᠯᠣᠮᠧᠲᠷ ᠬᠡᠷᠡᠭᠵᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠵᠣᠯ ᠵᠢᠷᠭᠠᠯ ᠤᠨ ᠬᠦᠷᠢᠶᠡᠯᠡᠩ ᠤᠨ ᠬᠠᠭᠤᠴᠢᠷᠠᠬᠤ ᠳᠤ ᠲᠣᠬᠢᠷᠠᠬᠤ ᠥᠭᠡᠷᠡᠴᠢᠯᠡᠯᠲᠡ ᠶᠢ | ᠲᠦᠷᠭᠡᠳᠬᠡᠨ᠎ᠡ᠃ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠵᠣᠬᠢᠬᠤ ᠬᠡᠮᠵᠢᠶ᠎ᠡ ᠪᠠᠷ ᠲᠡᠮᠤᠷᠲᠠᠢ ᠪᠠᠯᠭᠠᠰᠤ ᠳᠠᠰᠢ | ᠬᠡᠯᠪᠡᠶᠢᠯᠭᠡᠵᠦ᠂ ᠲᠡᠮᠤᠷᠲᠠᠢ ᠪᠠᠯᠭᠠᠰᠤ ᠶᠢᠨ ᠬᠥᠮᠥᠰ ᠤᠨ ᠠᠩᠬᠠᠷᠤᠯ ᠢ ᠲᠥᠪᠯᠡᠷᠡᠭᠦᠯᠦᠨ᠂ ᠠᠵᠤ ᠦᠢᠯᠡᠰ ᠢ | ᠬᠥᠭᠵᠢᠭᠦᠯᠬᠦ ᠶᠢ ᠠᠬᠢᠭᠤᠯᠤᠨ᠎ᠠ᠃ | ︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ | ᠪᠠᠬᠢᠵᠢᠭᠦᠯᠦᠨ᠎ᠡ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠪᠦᠬᠦ | ᠲᠠᠯ᠎ᠠ ᠪᠠᠷ ᠠᠬᠢᠭᠤᠯᠬᠤ ᠶᠢᠨ ᠴᠢᠬᠤᠯᠠ ᠠᠴᠠ ᠴᠢᠬᠤᠯᠠ ᠶᠠᠪᠤᠳᠠᠯ ᠪᠣᠯᠣᠨ᠎ᠠ᠃ ᠭᠠᠯᠲᠤ ᠠᠭᠤᠯᠠ ᠶᠢᠨ ᠲᠠᠯ᠎ᠠ | ᠨᠤᠲᠤᠭ ᠤᠨ ᠰᠤᠳᠤᠯᠤᠨ ᠰᠤᠷᠤᠯᠴᠠᠬᠤ ᠡᠷᠡᠭᠦᠯᠵᠢᠯ ᠰᠤᠪᠢᠯᠠᠯᠲᠠ ᠰᠡᠯᠡᠭᠦᠴᠡᠯ ᠤᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠠᠭᠤᠰᠤᠯᠴᠠᠨ | ᠬᠥᠭᠵᠢᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠠᠵᠤ | ᠦᠢᠯᠡᠰ ᠤᠨ ᠪᠥᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠰᠠᠭᠤᠷᠢ ᠲᠠᠯᠪᠢᠵᠤ ᠥᠭᠭᠦᠨ᠎ᠡ᠃ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ᠎ᠡ᠃ ᠡᠨᠧᠷᠭᠢ ᠶᠢᠨ ᠬᠤᠷᠣᠭᠳᠠᠯ ᠤᠨ ᠬᠡᠮᠵᠢᠶ᠎ᠡ ᠶᠢ | ᠪᠠᠭᠠᠰᠬᠠᠬᠤ᠂ ᠬᠡᠯᠬᠢᠶᠡᠰᠦ ᠶᠢ ᠤᠷᠲᠤᠳᠬᠠᠬᠤ᠂ ᠣᠷᠴᠢᠯᠳᠤᠭᠤᠯᠤᠨ ᠠᠰᠢᠭᠯᠠᠬᠤ ᠪᠠᠷ ᠴᠢᠭᠯᠡᠯ ᠪᠣᠯᠭᠠᠨ᠂ ᠤᠯᠠᠮᠵᠢᠯᠠᠯᠲᠤ | ᠠᠵᠤ ᠦᠢᠯᠡᠰ ᠤᠨ ᠲᠣᠭᠠᠵᠢᠭᠤᠯᠬᠤ ᠥᠭᠡᠷᠡᠴᠢᠯᠡᠯᠲᠡ ᠶᠢ ᠲᠦᠷᠭᠡᠳᠬᠡᠵᠦ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠡᠷᠭᠢᠯᠲᠡᠲᠦ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠡᠨᠧᠷᠭᠢ ᠠᠷᠪᠢᠯᠠᠵᠤ ᠬᠤᠷᠣᠭᠳᠠᠯ ᠢ | ᠪᠠᠭᠠᠰᠬᠠᠬᠤ ᠠᠵᠢᠯ ᠢ ᠰᠠᠶᠢᠲᠤᠷ ᠬᠢᠨ᠎ᠡ᠃ ᠴᠠᠬᠢᠯᠠᠭᠤᠷ ᠴᠢᠯᠠᠭᠤ ᠶᠢᠨ ᠬᠢᠮᠢ ᠶᠢᠨ ᠠᠵᠤ ᠦᠢᠯᠡᠳᠪᠦᠷᠢ᠂ ᠱᠦᠢᠨᠢ | ᠪᠠᠷᠢᠯᠭ᠎ᠠ ᠶᠢᠨ ᠮᠠᠲ᠋ᠧᠷᠢᠶᠠᠯ ᠵᠡᠷᠭᠡ ᠰᠠᠭᠤᠷᠢ ᠲᠦᠭᠦᠬᠡᠢ ᠮᠠᠲ᠋ᠧᠷᠢᠶᠠᠯ ᠤᠨ ᠠᠵᠤ ᠦᠢᠯᠡᠰ ᠤᠨ ᠮᠡᠷᠭᠡᠵᠢᠯ ᠤᠨ | ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠮᠧᠩ ᠸᠧᠢ᠂ ᠪᠠᠢ ᠶᠠᠨ ᠬᠤ᠋᠂ ᠵᠥᠩ ᠯᠢᠶᠠᠨ ᠵᠡᠷᠭᠡ | ᠨᠢᠷᠤᠭᠤᠪᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ | ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠵᠢᠱᠢᠶ᠎ᠡ ᠦᠵᠡᠭᠦᠯᠬᠦ ᠴᠢᠨᠠᠷᠲᠠᠢ ᠥᠭᠡᠷᠡᠴᠢᠯᠡᠯᠲᠡ ᠶᠢ | ᠥᠷᠨᠢᠭᠦᠯᠵᠦ᠂ ᠡᠨᠧᠷᠭᠢ ᠶᠢᠨ ᠠᠰᠢᠭᠯᠠᠮᠵᠢ ᠶᠢᠨ ᠰᠠᠭᠤᠷᠢ ᠪᠠᠷᠢᠮᠵᠢᠶ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠬᠡᠪ ᠳᠠᠭᠤᠷᠢᠶᠠᠯ ᠤᠨ ᠬᠢᠷᠢ ᠬᠡᠮᠵᠢᠶ᠎ᠡ ᠳᠤ ᠬᠦᠷᠦᠭᠦᠯᠬᠦ ᠪᠠᠷ ᠴᠢᠷᠮᠠᠶᠢᠵᠤ᠂ ᠡᠨᠧᠷᠭᠢ ᠠᠷᠪᠢᠯᠠᠨ ᠬᠤᠷᠣᠭᠳᠠᠯ ᠢ | ᠪᠠᠭᠤᠷᠠᠭᠤᠯᠬᠤ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠶ ᠪᠣᠯᠭᠠᠨ᠎ᠠ᠃ ᠬᠡᠯᠬᠢᠶᠡᠰᠦ ᠶᠢ ᠤᠷᠲᠤᠳᠬᠠᠨ | ᠬᠡᠯᠬᠢᠶᠡᠰᠦ ᠶᠢ ᠨᠥᠬᠦᠬᠦ ᠠᠵᠢᠯ ᠢ ᠰᠠᠶᠢᠲᠤᠷ ᠬᠢᠨ᠎ᠡ᠃ ᠴᠠᠬᠢᠯᠠᠭᠤᠷ ᠴᠢᠯᠠᠭᠤ ᠶᠢᠨ ᠬᠢᠮᠢ ᠶᠢᠨ ᠠᠵᠤ ᠦᠢᠯᠡᠳᠪᠦᠷᠢ᠂ | ᠱᠦᠢᠨᠢ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠳᠡᠭᠡᠳᠦ ᠲᠠᠰ ᠤᠨ ᠦᠢᠯᠡᠳᠬᠦᠨ᠂ ᠳᠣᠣᠷᠠᠳᠤ | ᠤᠷᠤᠰᠬᠠᠯ ᠤᠨ ᠦᠢᠯᠡᠳᠬᠦᠨ ᠢ ᠰᠤᠳᠤᠯᠤᠨ ᠨᠡᠭᠡᠭᠡᠬᠦ ᠠᠴᠠ ᠭᠠᠷᠳᠠᠬᠤ ᠶᠢ ᠠᠬᠢᠭᠤᠯᠵᠤ᠂ ᠠᠵᠤ ᠦᠢᠯᠡᠰ ᠤᠨ | ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠨ᠂ ᠣᠨᠴᠠ ᠲᠥᠷᠥᠯ ᠤᠨ ᠰᠢᠷᠬᠡᠭ ᠵᠡᠷᠭᠡ ᠰᠢᠨ᠎ᠡ ᠬᠡᠯᠪᠡᠷᠢ ᠶᠢᠨ | ᠮᠠᠲ᠋ᠧᠷᠢᠶᠠᠯ ᠤᠨ ᠦᠢᠯᠡᠳᠬᠦᠨ ᠢ ᠬᠥᠭᠵᠢᠭᠦᠯᠵᠦ᠂ ᠴᠣᠬᠤᠢ ᠶᠢᠨ ᠴᠢᠯᠠᠭᠤ ᠶᠢᠨ ᠡᠬᠢ ᠪᠠᠶᠠᠯᠢᠭ ᠤᠨ ᠥᠷᠲᠡᠭ | ᠨᠡᠮᠡᠭᠳᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠤᠮᠳᠠᠳᠤ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ | ᠪᠤᠯᠭᠤᠭᠰᠠᠨ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠤᠨ ᠮᠡᠷᠭᠡᠵᠢᠯ ᠤᠨ ᠥᠭᠡᠷᠡᠴᠢᠯᠡᠯᠲᠡ᠂ ᠰᠢᠨᠳᠠᠮᠠ | ᠺᠣᠮᠫᠠᠨᠢ ᠶᠢᠨ ᠵᠢᠯ ᠳᠤ 2 ᠲᠦᠮᠡᠨ ᠲᠣᠨ ᠴᠢᠨᠠᠷ ᠥᠭᠡᠷᠡᠴᠢᠯᠡᠬᠦ ᠴᠢᠨᠠᠷᠲᠠᠢ PVA ᠳᠠᠪᠠᠷᠬᠠᠢ ᠦᠢᠯᠡᠳᠪᠦᠷᠢᠯᠡᠬᠦ | ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ᠣᠷᠴᠢᠯᠳᠤᠭᠤᠯᠤᠨ ᠠᠰᠢᠭᠯᠠᠬᠤ ᠠᠵᠢᠯ ᠢ ᠰᠠᠶᠢᠲᠤᠷ ᠬᠢᠨ᠎ᠡ᠃ | ᠬᠦᠷᠢᠶᠡᠯᠡᠩ ᠲᠣᠭᠤᠷᠢᠭ ᠤᠨ ᠦᠯᠡᠳᠡᠭᠳᠡᠯ ᠢᠯᠴᠢ᠂ ᠦᠯᠡᠳᠡᠭᠳᠡᠯ ᠬᠡᠢ᠂ ᠬᠠᠶᠠᠭᠳᠠᠮᠠᠯ ᠤᠰᠤ ᠶᠢ ᠡᠭᠡᠭᠦᠯᠦᠨ ᠬᠤᠷᠢᠶᠠᠵᠤ | ᠲᠠᠬᠢᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ︽ᠡᠷᠭᠢᠯᠲᠡ︾ ᠠᠵᠤ ᠠᠬᠤᠢ ᠶᠢ ᠶᠡᠬᠡᠪᠡᠷ ᠬᠥᠭᠵᠢᠭᠦᠯᠵᠦ᠂ | ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ ᠶᠢ ᠪᠡᠶᠡᠯᠡᠭᠦᠯᠦᠨ᠎ᠡ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠰᠢᠨ᠎ᠡ ᠡᠨᠧᠷᠭᠢ ᠰᠢᠨ᠎ᠡ | ᠮᠠᠲ᠋ᠧᠷᠢᠶᠠᠯ ᠤᠨ ᠠᠵᠤ ᠦᠢᠯᠡᠰ ᠢ ᠬᠡᠪᠴᠢᠶᠡᠵᠢᠭᠦᠯᠦᠨ ᠪᠥᠭᠡᠮᠨᠡᠷᠡᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠬᠥᠲᠥᠴᠢ | ᠨᠢᠷᠤᠭᠤᠪᠴᠢ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ ᠲᠦᠷᠭᠡᠳᠬᠡᠨ | ᠪᠣᠶᠢᠵᠢᠭᠤᠯᠵᠤ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠬᠡᠪᠴᠢᠶᠡᠵᠢᠭᠦᠯᠦᠨ ᠬᠡᠯᠬᠢᠶᠡᠵᠢᠭᠦᠯᠵᠦ᠂ | ᠪᠥᠭᠡᠮᠨᠡᠷᠡᠭᠦᠯᠬᠦ ᠶᠢ ᠠᠬᠢᠭᠤᠯᠤᠨ᠎ᠠ᠃ᠳ᠋ᠠ ᠱᠢ ᠰᠢᠨ᠎ᠡ ᠮᠠᠲ᠋ᠧᠷᠢᠶᠠᠯ ᠤᠨ ᠵᠢᠯ ᠳᠤ 20 ᠲᠦᠮᠡᠨ ᠲᠣᠨ ᠦᠢᠯᠡᠳᠪᠦᠷᠢᠯᠡᠬᠦ | ᠂ ᠰᠢᠨ ᠶᠤᠸᠠᠨ ᠺᠣᠮᠫᠠᠨᠢ ᠶᠢᠨ ᠵᠢᠯ ᠳᠤ 10 ᠲᠦᠮᠡᠨ ᠲᠣᠨ ᠦᠢᠯᠡᠳᠪᠦᠷᠢᠯᠡᠬᠦ᠂ ᠮᠧᠩ ᠵᠢᠢ ᠰᠢᠨ ᠺᠣᠮᠫᠠᠨᠢ ᠶᠢᠨ | ᠵᠢᠯ ᠳᠤ 8 ᠲᠦᠮᠡᠨ ᠲᠣᠨ ᠦᠢᠯᠡᠳᠪᠦᠷᠢᠯᠡᠬᠦ᠂ ᠶᠢᠨ ᠢ ᠺᠣᠮᠫᠠᠨᠢ ᠶᠢᠨ ᠵᠢᠯ ᠳᠤ 2 ᠲᠦᠮᠡᠨ ᠲᠣᠨ ᠯᠢᠲ᠋ᠢ ᠴᠠᠬᠢᠯᠭᠠᠨ | ᠴᠡᠨᠡᠭ ᠤᠨ ᠪᠢᠯᠢᠭ ᠲᠤᠶᠢᠯ ᠤᠨ ᠮᠠᠲ᠋ᠧᠷᠢᠶᠠᠯ ᠤᠨ ᠲᠥᠷᠥᠯ ᠵᠦᠢᠯ ᠦᠢᠯᠡᠳᠪᠦᠷᠢᠯᠡᠬᠦ᠂ ᠯᠢ ᠴᠧᠩ ᠺᠣᠮᠫᠠᠨᠢ ᠶᠢᠨ | ᠵᠢᠯ ᠳᠤ 2 ᠲᠦᠮᠡᠨ ᠲᠣᠨ ᠬᠡᠲᠦ ᠥᠨᠳᠥᠷ ᠴᠢᠳᠠᠮᠵᠢᠲᠤ ᠪᠠᠯ ᠴᠢᠯᠠᠭᠤᠨ ᠴᠠᠬᠢᠯᠭᠠᠨ ᠲᠤᠶᠢᠯ ᠦᠢᠯᠡᠳᠪᠦᠷᠢᠯᠡᠬᠦ ᠵᠡᠷᠭᠡ | ᠲᠥᠷᠥᠯ ᠵᠦᠢᠯ ᠢ ᠬᠡᠷᠡᠭᠵᠢᠭᠦᠯᠦᠨ᠎ᠡ᠃ ᠤᠯᠠᠭᠠᠨᠴᠠᠪ ᠬᠤᠲᠠ ᠶᠢᠨ ᠮᠢᠩᠭᠠᠨ ᠲᠦᠮᠡᠨ ᠺᠢᠯᠣᠸᠠᠲ ᠤᠨ ᠲᠠᠰ ᠤᠨ | ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ | ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷᠲᠠᠢ ᠥᠭᠡᠷᠡᠴᠢᠯᠡᠯᠲᠡ᠂ ᠴᠠᠬᠢᠯᠭᠠᠨ ᠤ ᠲᠣᠣᠷ ᠤᠨ ᠬᠠᠵᠠᠭᠤ ᠶᠢᠨ | ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ ᠪᠠ 3 5 ᠲᠦᠮᠡᠨ ᠺᠢᠯᠣᠸᠠᠲ᠂ 1 2 ᠲᠦᠮᠡᠨ | ᠺᠢᠯᠣᠸᠠᠲ ᠤᠨ ᠲᠠᠷᠠᠬᠠᠢ ᠪᠤᠲᠠᠷᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ | ᠬᠡᠷᠡᠭᠵᠢᠭᠦᠯᠦᠨ᠎ᠡ᠃ ᠪᠣᠬᠢᠷᠳᠤᠯ ᠦᠭᠡᠢ ᠡᠨᠧᠷᠭᠢ ᠪᠠᠷ ᠣᠷᠣᠯᠠᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠰᠢᠨ᠎ᠡ ᠡᠨᠧᠷᠭᠢ ᠶᠢᠨ ᠰᠤᠷᠪᠤᠯᠵᠢ ᠶᠢᠨ ᠲᠣᠣᠷ ᠴᠡᠨᠡᠭ ᠨᠥᠭᠡᠴᠡᠯᠡᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠠᠬᠢᠭᠤᠯᠤᠨ᠂ ᠠᠵᠤ ᠦᠢᠯᠡᠳᠪᠦᠷᠢ ᠶᠢᠨ ᠡᠨᠧᠷᠭᠢ ᠬᠡᠷᠡᠭᠯᠡᠬᠦ ᠳᠤᠮᠳᠠᠬᠢ ᠰᠢᠨ᠎ᠡ ᠡᠨᠧᠷᠭᠢ ᠶᠢᠨ ᠡᠵᠡᠯᠡᠬᠦ ᠬᠠᠷᠢᠴᠠᠯ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠬᠢᠷᠳᠤᠯ ᠦᠭᠡᠢ ᠡᠨᠧᠷᠭᠢ ᠶᠢᠨ ᠬᠦᠷᠢᠶᠡᠯᠡᠩ ᠲᠣᠭᠤᠷᠢᠭ ᠢ ᠪᠦᠲᠦᠭᠡᠨ | ᠪᠠᠶᠢᠭᠤᠯᠤᠨ᠎ᠠ᠃ ᠠᠯᠤᠰ ᠬᠡᠲᠦ ᠶᠢᠨ ᠺᠣᠮᠫᠠᠨᠢ ᠶᠢᠨ ᠡᠬᠢ ᠰᠤᠷᠪᠤᠯᠵᠢ ᠶᠢᠨ ᠰᠦᠯᠵᠢᠶᠡᠨ ᠤ ᠴᠡᠨᠡᠭ ᠬᠠᠳᠠᠭᠠᠯᠠᠬᠤ | ᠲᠣᠮᠣ ᠳ᠋ᠠᠶᠢᠲ᠋ᠠ ᠶᠢᠨ ᠲᠥᠪ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠤᠨ ᠳᠣᠲᠣᠷ᠎ᠠ ᠰᠦᠯᠵᠢᠶᠡᠨ ᠳᠤ | ᠣᠷᠣᠭᠤᠯᠤᠨ᠎ᠠ | ᠵᠢᠭᠤᠯᠴᠢᠯᠠᠯ ᠤᠨ ᠠᠵᠤ ᠦᠢᠯᠡᠰ ᠢ ᠰᠢᠯᠢᠳᠡᠭᠵᠢᠭᠦᠯᠦᠨ᠎ᠡ᠃ ᠵᠢᠭᠤᠯᠴᠢᠯᠠᠯ ᠤᠨ ᠦᠢᠯᠡᠰ ᠤᠨ ᠬᠡᠯᠪᠡᠷᠢ | ᠪᠠᠶᠢᠳᠠᠯ ᠢ ᠲᠠᠰᠤᠷᠠᠯᠲᠠ︽ᠪᠥᠬᠦ ᠴᠠᠷᠠᠭᠠᠨ ᠤ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ︾ ᠤᠨ | ᠬᠥᠭᠵᠢᠯᠲᠡ ᠶᠢᠨ ᠪᠠᠶᠢᠷᠢᠰᠢᠯ ᠶᠣᠰᠣᠭᠠᠷ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠭᠠᠯᠲᠤ | ᠠᠭᠤᠯᠠ ᠶᠢᠨ ᠲᠠᠯ᠎ᠠ ᠨᠤᠲᠤᠭ ᠤᠨ ᠤᠤᠯ ᠳᠦᠷᠰᠦ ᠪᠠᠶᠢᠳᠠᠯ ᠢ ᠪᠠᠶᠢᠭᠠᠯᠢ ᠶᠢᠨ ᠥᠩᠭᠡᠷᠡᠭᠡᠯᠲᠡ ᠪᠠᠷ ᠭᠤᠣᠯ ᠪᠣᠯᠭᠠᠵᠤ | ᠂ ᠬᠠᠲᠠᠨ ᠥᠰᠥᠭ ᠬᠠᠲᠠᠨ ᠵᠢᠷᠤᠭ᠂ ᠬᠠᠴᠢᠨ ᠰᠣᠨᠢᠨ ᠠᠭᠤᠯᠠ ᠬᠠᠴᠢᠨ ᠴᠢᠯᠠᠭᠤ᠂ ᠬᠤᠨᠳᠣ ᠨᠠᠭᠤᠷ᠂ ᠮᠢᠩᠭᠠᠨ | ᠣᠨ ᠤ ᠡᠷᠲᠡᠨ ᠤ ᠬᠠᠶᠢᠯᠠᠰᠤ ᠵᠡᠷᠭᠡ ᠳᠠᠪᠠᠭᠤᠯᠢᠭ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ | ᠂ ᠭᠦᠨ ᠲᠠᠰ ᠳᠠᠪᠬᠤᠷᠭ᠎ᠠ ᠶᠢᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠵᠢᠭᠤᠯᠴᠢᠯᠠᠯ ᠤᠨ ᠪᠦᠲᠦᠭᠡᠭᠳᠡᠬᠦᠨ ᠢ | ᠬᠠᠶᠢᠨ ᠰᠦᠪᠡᠭᠴᠢᠯᠡᠵᠦ᠂ ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ ᠶᠢ ᠠᠯᠬᠤᠮ ᠠᠯᠬᠤᠮ ᠢᠶᠠᠷ | ᠲᠡᠭᠦᠯᠳᠡᠷᠵᠢᠭᠦᠯᠦᠨ᠂ ᠵᠢᠭᠤᠯᠴᠢᠯᠠᠯ ᠤᠨ ᠠᠵᠤ ᠦᠢᠯᠡᠰ ᠤᠨ ᠲᠠᠰ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠭᠠᠯᠲᠤ ᠠᠭᠤᠯᠠ ᠶᠢᠨ ᠲᠠᠯ᠎ᠠ ᠨᠤᠲᠤᠭ ᠤᠨ ᠠᠮᠢ ᠠᠬᠤᠢ ᠶᠢᠨ ᠵᠢᠭᠤᠯᠴᠢᠯᠠᠯ ᠤᠨ ᠵᠣᠷᠢᠭᠰᠠᠨ ᠭᠠᠵᠠᠷ᠂ ᠭᠠᠷᠠᠭ ᠤᠨ | ᠰᠡᠭᠦᠯᠴᠢ ᠶᠢᠨ ᠰᠡᠯᠡᠭᠦᠴᠡᠯ ᠤᠨ ᠵᠢᠭᠤᠯᠴᠢᠯᠠᠯ ᠤᠨ ᠵᠣᠷᠢᠭᠰᠠᠨ ᠭᠠᠵᠠᠷ᠂ ᠡᠷᠡᠭᠦᠯᠵᠢᠯ ᠰᠤᠪᠢᠯᠠᠯᠲᠠ ᠠᠮᠠᠷᠠᠯᠲᠠ ᠶᠢᠨ | ᠵᠢᠭᠤᠯᠴᠢᠯᠠᠯ ᠤᠨ ᠵᠣᠷᠢᠭᠰᠠᠨ ᠭᠠᠵᠠᠷ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠣᠷᠢᠭᠰᠠᠨ ᠭᠠᠵᠠᠷ ᠢ | ᠪᠦᠲᠦᠭᠡᠨ ᠪᠠᠶᠢᠭᠤᠯᠤᠨ᠎ᠠ᠃ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠢ ᠴᠢᠨᠠᠷ ᠰᠠᠶᠢᠲᠠᠢ ᠬᠥᠭᠵᠢᠭᠦᠯᠵᠦ᠂ | ᠵᠡᠷᠭᠡ ᠳᠡᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢ | ᠲᠦᠷᠭᠡᠳᠬᠡᠨ ᠪᠣᠶᠢᠵᠢᠭᠤᠯᠵᠤ᠂ ᠵᠢᠯ ᠤᠨ ᠳᠣᠲᠣᠷ᠎ᠠ ᠬᠥᠬᠡ ᠲᠠᠰ ᠤᠨ ᠠᠷᠠᠳ ᠤᠨ ᠣᠷᠣᠨ ᠰᠠᠭᠤᠴᠠ 2᠂ | ᠬᠥᠬᠡᠭᠴᠢᠨ ᠲᠠᠰ ᠤᠨ ᠠᠷᠠᠳ ᠤᠨ ᠣᠷᠣᠨ ᠰᠠᠭᠤᠴᠠ 3 ᠶᠢ ᠰᠢᠨ᠎ᠡ ᠪᠠᠷ ᠭᠤᠶᠤᠴᠢᠯᠠᠨ ᠮᠡᠳᠡᠭᠦᠯᠦᠨ᠎ᠡ᠃ | ᠨᠥᠬᠦᠴᠡᠯ ᠲᠠᠢ ᠭᠠᠴᠠᠭ᠎ᠠ ᠲᠣᠰᠬᠤᠨ ᠤ ᠪᠦᠬᠦᠯᠢ ᠲᠣᠰᠬᠤᠨ ᠤ ᠠᠷᠠᠳ ᠤᠨ ᠪᠠᠶᠢᠷᠢ ᠶᠢᠨ ᠥᠭᠡᠷᠡᠴᠢᠯᠡᠯᠲᠡ ᠶᠢ | ᠠᠬᠢᠭᠤᠯᠵᠤ᠂ ᠣᠲᠣ ᠶᠢᠨ ᠪᠠᠶᠢᠭ᠎ᠠ ᠠᠷᠠᠳ ᠤᠨ ᠪᠠᠶᠢᠷᠢ ᠶᠢᠨ ᠥᠭᠡᠷᠡᠴᠢᠯᠡᠯᠲᠡ ᠶᠢ ᠲᠡᠭᠦᠯᠳᠡᠷᠵᠢᠭᠦᠯᠦᠨ | ᠳᠡᠭᠡᠭᠰᠢᠯᠡᠭᠦᠯᠵᠦ᠂ ᠠᠷᠠᠳ ᠤᠨ ᠪᠠᠶᠢᠷᠢ ᠶᠢᠨ ᠠᠵᠤ ᠦᠢᠯᠡᠰ ᠢ ᠲᠤᠭ᠎ᠠ ᠬᠡᠮᠵᠢᠶ᠎ᠡ ᠶᠢᠨ ᠥᠷᠭᠡᠳᠬᠡᠯ ᠠᠴᠠ ᠶᠠᠰᠤ | ᠴᠢᠨᠠᠷ ᠤᠨ ᠳᠡᠭᠡᠭᠰᠢᠯᠡᠯᠲᠡ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠥᠪᠡᠷᠮᠢᠴᠡ ᠣᠨᠴᠠᠯᠢᠭ ᠲᠠᠢ ᠢᠳᠡᠭᠡᠨ | ᠤᠮᠳᠠᠭᠠᠨ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ᠂ ᠰᠡᠯᠡᠭᠦᠴᠡᠯ ᠵᠤᠭ᠎ᠠ ᠴᠡᠩᠭᠡᠯ᠂ ᠭᠡᠷ ᠲᠡᠷᠭᠡ | ᠬᠡᠭᠡᠷ᠎ᠡ ᠪᠠᠭᠤᠳᠠᠯᠯᠠᠬᠤ ᠵᠡᠷᠭᠡ ᠠᠷᠠᠳ ᠤᠨ ᠣᠷᠣᠨ ᠰᠠᠭᠤᠴᠠ ᠶᠢᠨ ᠪᠦᠲᠦᠭᠡᠭᠳᠡᠬᠦᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠤ ︽ᠬᠤᠨᠤᠭ ᠤᠨ ᠠᠵᠤ ᠠᠬᠤᠢ︾ ︽ᠬᠦᠷᠢᠶ᠎ᠡ ᠬᠠᠰᠢᠶ᠎ᠠ ᠶᠢᠨ ᠠᠵᠤ | ᠠᠬᠤᠢ︾ ︽ᠪᠡᠯᠡᠳᠬᠡᠯ ᠠᠪᠳᠠᠷ᠎ᠠ ᠶᠢᠨ ᠠᠵᠤ ᠠᠬᠤᠢ︾ ᠪᠠ ︽ᠠᠷᠠᠳ ᠤᠨ ᠵᠠᠩ ᠦᠶᠯᠡ ᠶᠢᠨ ᠰᠣᠶᠣᠯ ᠤᠨ ᠠᠵᠤ | ᠠᠬᠤᠢ︾ ᠶᠢᠨ ᠭᠦᠨᠵᠡᠭᠡᠶᠢᠷᠡᠨ ᠬᠥᠭᠵᠢᠬᠦ ᠶᠢ ᠳᠠᠶᠢᠴᠢᠯᠠᠨ᠂ ︽ᠢᠳᠡᠬᠦ᠂ ᠬᠤᠨᠣᠬᠤ᠂ ᠵᠤᠭᠠᠴᠠᠬᠤ᠂ ᠬᠤᠳᠠᠯᠳᠤᠨ | ᠠᠪᠬᠤ᠂ ᠵᠤᠭ᠎ᠠ ᠴᠡᠩᠭᠡᠯ᠂ ᠲᠡᠵᠢᠭᠡᠬᠦ᠂ ᠰᠡᠳᠬᠢᠯᠭᠡ︾ ᠶᠢ ᠨᠢᠭᠡ ᠴᠣᠭᠴᠠᠵᠢᠭᠤᠯᠤᠭᠰᠠᠨ ︽ᠠᠷᠠᠳ ᠤᠨ ᠣᠷᠣᠨ | ᠰᠠᠭᠤᠴᠠ ᠶᠢᠨ ᠠᠵᠤ ᠠᠬᠤᠢ ᠶᠢᠨ ᠬᠦᠷᠢᠶ᠎ᠡ︾ ᠶᠢ ᠠᠯᠬᠤᠮ ᠠᠯᠬᠤᠮ ᠢᠶᠠᠷ ᠪᠣᠶ ᠪᠣᠯᠭᠠᠨ᠎ᠠ᠃ ᠵᠢᠭᠤᠯᠴᠢᠯᠠᠯ ᠤᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ | ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠨ᠂ ᠠᠵᠢᠯ ᠡᠷᠬᠢᠯᠡᠭᠰᠡᠳ ᠤᠨ ᠶᠡᠷᠦᠩᠬᠡᠶᠢᠯᠡᠭᠰᠡᠨ ᠬᠡᠪ ᠴᠢᠨᠠᠷ ᠢ | ᠳᠡᠭᠡᠭᠰᠢᠯᠡᠭᠦᠯᠵᠦ᠂ ᠵᠢᠷᠤᠮᠵᠢᠭᠰᠠᠨ ᠬᠠᠮᠢᠶᠠᠷᠤᠯᠲᠠ᠂ ᠪᠠᠷᠢᠮᠵᠢᠶᠠᠵᠢᠭᠰᠠᠨ ᠦᠢᠯᠡᠴᠢᠯᠡᠭᠡ ᠶᠢ ᠠᠬᠢᠭᠤᠯᠤᠨ᠂ | ᠵᠢᠭᠤᠯᠴᠢᠯᠠᠭᠴᠢᠳ ᠢ ᠪᠠᠶᠠᠷ ᠬᠥᠷ ᠲᠠᠢ ᠨᠠᠭᠠᠳᠤᠭᠤᠯᠵᠤ᠂ ᠰᠠᠨᠠᠭ᠎ᠠ ᠠᠮᠤᠷ ᠢᠳᠡᠭᠦᠯᠵᠦ᠂ ᠲᠠᠭᠠᠯᠠᠮᠵᠢᠲᠠᠢ | ᠰᠠᠭᠤᠯᠭᠠᠨ᠎ᠠ᠃ | ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠭᠦᠴᠤᠷᠭᠡᠭᠵᠢᠭᠦᠯᠤᠨᠡ᠃ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠣᠰ ᠣᠷᠴᠢᠯ ᠳᠤ ᠦᠢᠯᠡᠴᠢᠯᠡᠬᠦ ᠭᠠᠷᠳᠠᠬᠤ ᠴᠡᠭ ᠢ ᠣᠨᠣᠪᠴᠢᠲᠠᠶ ᠡᠷᠢᠵᠦ᠂ ᠪᠠᠷᠠᠭᠠᠨ ᠤ | ᠭᠦᠢᠯᠭᠡᠭᠡᠨ ᠤ ᠠᠵᠤ ᠦᠢᠯᠡᠰ ᠤᠨ ᠲᠠᠰ ᠳᠡᠭᠡᠭᠰᠢᠯᠡᠭᠦᠯᠦᠨ ᠴᠢᠳᠠᠪᠤᠷᠢ ᠪᠠᠨ ᠥᠷᠭᠡᠳᠬᠡᠬᠦ ᠶᠢ ᠠᠬᠢᠭᠤᠯᠵᠤ᠂ | ᠪᠠᠷᠠᠭᠠᠨ ᠤ ᠭᠦᠢᠯᠭᠡᠭᠡᠨ ᠢᠶᠠᠷ ᠠᠷᠠᠯᠵᠢᠶ᠎ᠠ ᠬᠤᠳᠠᠯᠳᠤᠭ᠎ᠠ ᠶᠢ ᠠᠬᠢᠭᠤᠯᠬᠤ᠂ ᠠᠷᠠᠯᠵᠢᠶ᠎ᠠ ᠬᠤᠳᠠᠯᠳᠤᠭ᠎ᠠ ᠪᠠᠷ ᠠᠵᠤ | ᠦᠢᠯᠡᠰ ᠢ ᠬᠥᠭᠵᠢᠭᠦᠯᠬᠦ ᠰᠠᠶᠢᠨ ᠣᠷᠴᠢᠯ ᠢ ᠪᠡᠶᠡᠯᠡᠭᠦᠯᠦᠨ᠎ᠡ᠃ ᠪᠠᠷᠠᠭᠠᠨ ᠤ ᠲᠡᠭᠡᠭᠡᠪᠦᠷᠢ ᠶᠢᠨ ᠲᠠᠪᠴᠠᠩ ᠢ | ᠬᠥᠭᠵᠢᠭᠦᠯᠵᠦ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠲᠣᠰ ᠭᠠᠵᠠᠷ ᠲᠠᠭᠠᠨ ᠺᠣᠮᠫᠠᠨᠢ | ᠳᠠᠩᠰᠠᠯᠠᠭᠤᠯᠬᠤ ᠶᠢ ᠳᠡᠮᠵᠢᠵᠦ᠂ ᠪᠠᠷᠠᠭᠠᠨ ᠤ ᠲᠡᠭᠡᠭᠡᠪᠦᠷᠢ ᠶᠢᠨ ᠠᠵᠤ ᠠᠬᠤᠢ ᠶᠢ ᠬᠥᠭᠵᠢᠭᠦᠯᠵᠦ᠂ ᠨᠠᠩ ᠣᠯᠠᠨ | ᠪᠠᠷᠠᠭᠠᠨ ᠤ ᠭᠦᠢᠯᠭᠡᠭᠡᠨ ᠤ ᠦᠢᠯᠡᠰ ᠤᠨ ᠭᠠᠶᠢᠯᠢ ᠭᠠᠳᠠᠭᠠᠳᠤ ᠠᠷᠠᠯᠵᠢᠶ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠪᠦᠲᠦᠭᠡᠨ | ᠪᠠᠶᠢᠭᠤᠯᠤᠯᠲᠠ ᠪᠠ ᠪᠣᠭᠤᠮᠲᠠ ᠶᠢᠨ ᠥᠷᠥᠴᠡ ᠭᠠᠵᠠᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠳᠤ ᠲᠦᠷᠭᠡᠳᠬᠡᠨ | ᠠᠭᠤᠰᠤᠯᠴᠠᠭᠤᠯᠵᠤ᠂ ᠵᠢᠨᠢᠩ ᠠᠴᠠ ᠡᠷᠢᠶᠡᠨ ᠭᠦᠷᠲᠡᠯ᠎ᠡ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ | ᠥᠭᠡᠷᠡᠴᠢᠯᠡᠯᠲᠡ ᠶᠢᠨ ᠢᠨᠵᠧᠨᠧᠷᠢᠩ ᠪᠠ ᠪᠠᠢ ᠶᠦᠩ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠢ | ᠬᠠᠮᠵᠢᠯᠴᠠᠨ ᠰᠠᠶᠢᠲᠤᠷ ᠬᠢᠨ᠎ᠡ᠃ ᠮᠧᠩ ᠸᠧᠢ᠂ ᠰᠢᠨ ᠶᠤᠸᠠᠨ᠂ ᠰᠢᠨ ᠳ᠋ᠧ ᠮᠠ ᠵᠡᠷᠭᠡ ᠠᠵᠤ ᠠᠬᠤᠶᠢᠯᠠᠯ ᠤᠨ ᠠᠵᠤ | ᠦᠢᠯᠡᠳᠪᠦᠷᠢ ᠶᠢᠨ ᠦᠢᠯᠡᠳᠬᠦᠨ ᠤ ᠭᠠᠳᠠᠭᠠᠳᠤ ᠳᠤ ᠭᠠᠷᠭᠠᠬᠤ ᠬᠡᠮᠵᠢᠶ᠎ᠡ ᠪᠠᠨ ᠥᠷᠭᠡᠳᠬᠡᠬᠦ ᠶᠢ ᠳᠡᠮᠵᠢᠵᠦ᠂ ᠪᠥᠬᠦ | ᠵᠢᠯ ᠤᠨ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢ | 5000 ᠲᠦᠮᠡᠨ ᠳ᠋ᠣᠯᠯᠠᠷ ᠲᠤ ᠬᠦᠷᠦᠭᠦᠯᠬᠦ ᠪᠠᠷ ᠴᠢᠷᠮᠠᠶᠢᠨ᠎ᠠ᠃ | ᠬᠦᠷᠢᠶᠡᠯᠡᠩ ᠲᠣᠭᠤᠷᠢᠭ ᠤᠨ ᠲᠠᠪᠴᠠᠩ ᠢ ᠨᠠᠷᠢᠯᠢᠭᠵᠢᠭᠤᠯᠤᠨ᠎ᠠ᠃︽ᠣᠶᠤᠨᠲᠤ ᠬᠦᠷᠢᠶᠡᠯᠡᠩ ᠲᠣᠭᠤᠷᠢᠭ | ︾ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠦᠷᠢᠶᠡᠯᠡᠩ ᠲᠣᠭᠤᠷᠢᠭ ᠤᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠤᠨ᠂ ᠠᠵᠤ ᠦᠢᠯᠡᠰ ᠤᠨ ᠵᠥᠪᠰᠢᠶᠡᠷᠡᠯ ᠤᠨ ᠨᠥᠬᠦᠴᠡᠯ ᠳᠤ | ᠨᠡᠶᠢᠴᠡᠬᠦ ᠦᠭᠡᠢ᠂ ᠠᠮᠤᠷ ᠲᠦᠪᠰᠢᠨ ᠤ ᠲᠠᠰ ᠤᠨ ᠱᠠᠭᠠᠷᠳᠠᠯᠭ᠎ᠠ ᠳᠤ ᠨᠡᠶᠢᠴᠡᠬᠦ ᠦᠭᠡᠢ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠵᠥᠪᠰᠢᠶᠡᠷᠡᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠲᠥᠷᠥᠯ ᠵᠦᠢᠯ ᠢ ᠰᠢᠨ᠎ᠡ ᠪᠠᠷ | ᠣᠷᠣᠭᠤᠯᠤᠨ ᠠᠪᠴᠢᠷᠠᠬᠤ ᠶᠢ ᠴᠢᠩᠭ᠎ᠠ ᠴᠠᠭᠠᠵᠠᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠥᠬᠦ | ᠶᠠᠪᠤᠴᠠ ᠳᠤ ᠠᠮᠤᠷ ᠲᠦᠪᠰᠢᠨ ᠤ ᠤᠷᠢᠳᠴᠢᠯᠠᠨ ᠰᠡᠷᠡᠮᠵᠢᠯᠡᠭᠦᠯᠬᠦ ᠣᠶᠤᠨᠴᠢ ᠲᠣᠨᠣᠭᠯᠠᠯ ᠤᠭᠰᠠᠷᠠᠬᠤ ᠶᠢ | ᠠᠬᠢᠭᠤᠯᠵᠤ᠂ ᠲᠣᠭᠠᠴᠢᠯᠠᠭᠰᠠᠨ᠂ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠪᠠᠷ ᠠᠵᠤ ᠠᠬᠤᠶᠢᠯᠠᠯ ᠤᠨ ᠠᠮᠤᠷ | ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠦᠷᠢᠶᠡᠯᠡᠩ | ᠲᠣᠭᠤᠷᠢᠭ ᠤᠨ ᠭᠠᠯ ᠤᠨᠲᠠᠷᠠᠭᠠᠬᠤ ᠥᠷᠲᠡᠭᠡ᠂ ᠪᠠᠶᠢᠭᠠᠯᠢ ᠶᠢᠨ ᠰᠢᠲᠠᠮᠠᠬᠠᠢ ᠬᠡᠢ᠂ ᠠᠶᠤᠯ ᠲᠠᠢ ᠬᠢᠮᠢ ᠶᠢᠨ ᠮᠠᠰᠢᠨ | ᠲᠡᠷᠭᠡᠨ ᠤ ᠵᠣᠭᠰᠣᠭᠠᠯ᠂ ᠳᠤᠮᠳᠠᠬᠢ ᠤᠰᠤᠨ ᠤ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠢᠨᠵᠧᠨᠧᠷᠢᠩ ᠢ ᠪᠠᠶᠢᠭᠤᠯᠤᠨ | ᠳᠠᠭᠤᠰᠬᠠᠵᠤ ᠠᠵᠢᠯᠯᠠᠭᠤᠯᠬᠤ ᠶᠢ ᠠᠬᠢᠭᠤᠯᠵᠤ᠂ ᠲᠡᠮᠤᠷᠲᠠᠢ ᠶᠢᠨ 110 ᠺᠢᠯᠣᠸᠠᠲ ᠤᠨ ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠎ᠠ᠃ | ︵ᠳᠥᠷᠪᠡ︶ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢ ᠤᠷᠢᠳᠠᠪᠠᠷ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ | ᠵᠠᠮᠨᠠᠬᠤ ᠶᠢ ᠪᠠᠷᠢᠮᠲᠠᠯᠠᠨ᠎ᠠ᠃ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠂ ᠪᠢᠳᠡ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ | ᠪᠠᠲᠤᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ | ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠭᠦᠨᠵᠡᠭᠡᠢ ᠰᠠᠶᠢᠲᠤᠷ | ᠬᠢᠨ᠎ᠡ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠠᠬᠢᠭᠤᠯᠵᠤ᠂ | 2023 ᠣᠨ ᠤ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠵᠤ ᠪᠠᠶᠢᠴᠠᠭᠠᠬᠤ ᠠᠵᠢᠯ ᠢ ᠬᠦᠬᠡ ᠲᠡᠭᠷᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ | ᠦᠷᠭᠦᠯᠵᠢᠯᠡᠨ ᠰᠠᠶᠢᠲᠤᠷ ᠬᠢᠨ᠎ᠡ᠃ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠶᠢ ᠬᠦᠴᠦᠲᠡᠢ ᠲᠦᠯᠬᠢᠨ | ᠠᠬᠢᠭᠤᠯᠵᠤ᠂ ᠠᠵᠤ ᠦᠢᠯᠡᠳᠪᠦᠷᠢ ᠶᠢᠨ ᠪᠣᠬᠢᠷᠳᠤᠯ ᠢ ᠭᠦᠨᠵᠡᠭᠡᠢ ᠵᠠᠰᠠᠬᠤ ᠶᠢ ᠬᠡᠷᠡᠭᠵᠢᠭᠦᠯᠦᠨ᠂ ᠠᠷᠢᠭᠤᠨ | ᠴᠡᠪᠡᠷ ᠢᠶᠠᠷ ᠳᠤᠯᠠᠭᠠᠯᠠᠬᠤ ᠶᠢ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠡᠭᠦᠷᠡᠰᠦ ᠶᠢ | ᠴᠠᠬᠢᠯᠭᠠᠨ ᠪᠣᠯᠭᠠᠵᠤ ᠢᠯᠴᠢ ᠬᠠᠩᠭᠠᠬᠤ ᠲᠥᠷᠥᠯ ᠵᠦᠢᠯ ᠢ ᠬᠡᠷᠡᠭᠵᠢᠭᠦᠯᠦᠨ᠂ ᠠᠭᠠᠷ ᠤᠨ ᠰᠢᠯᠢᠳᠡᠭ ᠰᠠᠶᠢᠨ ᠤ | ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠤᠰᠤᠨ ᠤ ᠪᠣᠬᠢᠷᠳᠤᠯ ᠢ ᠵᠠᠰᠠᠬᠤ ᠠᠵᠢᠯ ᠢ ᠨᠠᠷᠢᠯᠢᠭ | ᠣᠨᠣᠴᠠᠲᠠᠢ ᠪᠠᠷ ᠬᠡᠷᠡᠭᠵᠢᠭᠦᠯᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠪᠠ | ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠶᠠᠳᠤᠭᠠᠷ ᠤᠰᠤᠨ ᠰᠤᠷᠪᠤᠯᠵᠢ ᠶᠢᠨ ᠭᠠᠵᠠᠷ ᠤᠨ | ᠬᠠᠶᠢᠨ ᠪᠠᠶᠢᠴᠠᠭᠠᠯᠲᠠ ᠶᠢ ᠡᠬᠢᠯᠡᠭᠦᠯᠦᠨ ᠬᠡᠷᠡᠭᠵᠢᠭᠦᠯᠵᠦ᠂ ᠪᠣᠷᠣᠭᠠᠨ ᠪᠠ ᠪᠣᠬᠢᠷᠳᠤᠯ ᠢ ᠰᠠᠯᠭᠠᠬᠤ ᠠᠵᠢᠯ ᠢ ᠲᠦᠯᠬᠢᠨ | ᠠᠬᠢᠭᠤᠯᠵᠤ᠂ ᠤᠰᠤᠨ ᠤ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠶᠢ ᠠᠬᠢᠭᠤᠯᠤᠨ᠎ᠠ᠃ ᠬᠥᠷᠥᠰᠥ | ᠰᠢᠷᠣᠢ ᠶᠢᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠬᠦᠴᠦᠲᠡᠢ ᠲᠦᠯᠬᠢᠨ ᠠᠬᠢᠭᠤᠯᠵᠤ᠂ ᠲᠠᠷᠢᠶᠠᠯᠠᠩ ᠳᠤ | ᠬᠡᠷᠡᠭᠯᠡᠬᠦ ᠭᠠᠵᠠᠷ ᠤᠨ ᠬᠦᠨᠳᠦ ᠲᠡᠮᠦᠷᠯᠢᠭ ᠤᠨ ᠪᠣᠬᠢᠷᠳᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠬᠤ ᠠᠵᠢᠯ ᠢ | ᠥᠷᠨᠢᠭᠦᠯᠵᠦ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠪᠠ | ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠡᠷᠴᠢᠮ ᠢ ᠴᠢᠩᠭᠠᠷᠠᠭᠤᠯᠵᠤ᠂ ᠬᠤᠭ ᠨᠣᠪᠰᠢ ᠶᠢ | ᠲᠦᠷᠦᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠬᠡᠷᠡᠭᠵᠢᠭᠦᠯᠦᠨ᠎ᠡ᠃ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠪᠠ᠃ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠴᠢᠩᠭᠠᠳᠬᠠᠵᠤ᠂ ︽ᠭᠤᠷᠪᠠᠨ | ᠱᠤᠭᠤᠮ ᠨᠢᠭᠡ ᠲᠠᠩᠰᠠ︾ ᠶᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠰᠠᠬᠢᠨ᠎ᠠ᠃ ᠭᠤᠣᠯ ︵ᠨᠠᠭᠤᠷ︶ ᠤᠷᠲᠦ ᠬᠤᠭᠤᠴᠠᠭᠠᠲᠦ ᠳᠦᠷᠢᠮ | ᠪᠣᠯᠣᠨ ᠤᠢ ︵ᠡᠪᠡᠰᠦ︶ ᠤᠷᠲᠦ ᠬᠤᠭᠤᠴᠠᠭᠠᠲᠦ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ | ᠪᠡᠯᠴᠢᠭᠡᠷ ᠪᠣᠯᠣᠨ ᠤᠢ ᠰᠢᠭᠤᠢ ᠶᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠨ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ᠂ ᠥᠨᠵᠢᠭᠦᠯᠦᠨ ᠮᠠᠯᠵᠢᠬᠤ ᠳᠦᠷᠢᠮ ᠢ ᠴᠢᠩᠭ᠎ᠠ | ᠬᠡᠷᠡᠭᠵᠢᠭᠦᠯᠵᠦ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠦᠯᠬᠢᠨ | ᠠᠬᠢᠭᠤᠯᠵᠤ᠂ 2.95 ᠲᠦᠮᠡᠨ ᠮᠦ ᠰᠢᠷ᠎ᠠ ᠬᠠᠷᠭᠠᠨᠠᠲ᠋ᠠᠷᠢᠬᠤ ᠶᠢ ᠪᠡᠶᠡᠯᠡᠭᠦᠯᠦᠨ᠎ᠡ᠃ ᠬᠤᠰᠢᠭᠤᠨ ᠳᠣᠲᠣᠷᠠᠬᠢ ᠴᠠᠭᠠᠨ | ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠲᠣᠪᠣᠶᠢᠮ᠎ᠠ ᠰᠠᠶᠢᠲᠤᠷ ᠠᠳᠬᠤᠨ᠎ᠠ᠃ ᠠᠭᠤᠷᠬᠠᠢ ᠶᠢᠨ ᠠᠮᠢ | ᠠᠬᠤᠢ ᠶᠢ ᠰᠡᠷᠭᠦᠭᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠳᠤᠷ᠎ᠠ ᠪᠠᠷ ᠢᠶᠠᠨ ᠮᠠᠯᠲᠠᠵᠤ ᠳᠤᠷ᠎ᠠ ᠪᠠᠷ ᠢᠶᠠᠨ | ᠮᠠᠯᠲᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠭᠤᠷᠬᠠᠢ ᠶᠢᠨ ᠠᠮᠢ ᠠᠬᠤᠢ ᠶᠢ 40 ᠾᠧᠺᠲ᠋ᠠᠷ | ᠰᠡᠷᠭᠦᠭᠡᠨ ᠵᠠᠰᠠᠬᠤ ᠶᠢ ᠪᠡᠶᠡᠯᠡᠭᠦᠯᠦᠨ᠎ᠡ᠃ | ᠠᠷᠪᠢᠲᠠᠢ ᠡᠷᠴᠢᠮᠯᠢᠭ ᠡᠷᠭᠢᠯᠲᠡᠲᠦ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠶᠢ ᠴᠢᠩᠭ᠎ᠠ ᠬᠢᠵᠠᠭᠠᠷᠯᠠᠬᠤ᠂ ᠶᠡᠷᠦᠩᠬᠡᠢ ᠬᠡᠮᠵᠢᠶ᠎ᠡ ᠶᠢ ᠤᠶᠠᠨ ᠬᠠᠳᠠᠨ ᠴᠢᠨᠠᠷᠲᠠᠢ ᠪᠠᠷ | ᠬᠠᠮᠢᠶᠠᠷᠬᠤ ᠶᠢ ᠦᠷᠭᠦᠯᠵᠢᠯᠡᠨ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ | ᠵᠦᠢᠯᠡᠰ ᠤᠨ ᠳᠣᠣᠷ᠎ᠠ ᠲᠦᠪᠰᠢᠨ ᠳᠤ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠵᠤ᠂ ᠰᠢᠨ᠎ᠡ ᠪᠠᠷ | ᠪᠠᠶᠢᠭᠤᠯᠬᠤ ᠵᠦᠢᠯᠡᠰ ᠤᠨ ᠡᠨᠧᠷᠭᠢ ᠶᠢᠨ ᠠᠰᠢᠭᠯᠠᠮᠵᠢ ᠶᠢ ᠡᠷᠬᠡᠪᠰᠢ ᠤᠯᠤᠰ ᠤᠨ ᠲᠡᠷᠢᠭᠦᠨ ᠤ | ᠬᠡᠮᠵᠢᠭᠳᠡᠯ ᠳᠤ︽ᠲᠦᠷᠪᠡᠨ ᠤᠰᠤ ᠶᠢ ᠳᠥᠷᠪᠡ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠨ᠂ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠳᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ | ᠪᠦᠬᠦ ᠲᠠᠯ᠎ᠠ ᠪᠠᠷ ᠴᠢᠩᠭᠠᠳᠬᠠᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ | ᠲᠦᠷᠭᠡᠪᠴᠢᠯᠡᠨ ᠠᠬᠢᠭᠤᠯᠤᠨ᠎ᠠ᠃ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠮᠤᠵᠢ ᠠᠯᠤᠰᠯᠠᠨ 1000 | ᠮᠦ ᠣᠷᠴᠢᠮ ᠠᠷᠠᠯᠵᠢᠶ᠎ᠠ ᠬᠢᠬᠦ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ︽ᠦᠬᠦᠰᠢᠷᠡᠮᠡᠯ ᠠᠵᠤ ᠠᠬᠤᠶᠢᠯᠠᠯ︾ | ᠢ ᠦᠷᠭᠦᠯᠵᠢᠯᠡᠨ ᠠᠮᠢᠯᠠᠭᠤᠯᠵᠤ᠂ ᠭᠠᠵᠠᠷ ᠰᠢᠷᠣᠢ ᠶᠢ ᠰᠤᠯᠠ ᠪᠠᠶᠢᠯᠭᠠᠨ᠎ᠠ᠃ ᠭᠠᠵᠠᠷ ᠰᠢᠷᠣᠢ ᠡᠵᠡᠩᠨᠡᠬᠦ ᠠᠵᠢᠯ ᠢ | ᠰᠠᠶᠢᠲᠤᠷ ᠬᠢᠵᠦ᠂ ᠭᠠᠵᠠᠷ ᠰᠢᠷᠣᠢ ᠵᠢᠴᠢ ᠪᠤᠰᠤᠳ ᠡᠳ᠋ ᠬᠥᠷᠥᠩᠭᠡ ᠪᠠᠷ ᠬᠤᠪᠢ ᠣᠷᠣᠭᠤᠯᠬᠤ ᠠᠷᠭ᠎ᠠ ᠮᠠᠶ᠋ᠢᠭ ᠢ | ᠰᠦᠪᠡᠭᠴᠢᠯᠡᠨ᠂ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠠᠰᠢᠭ ᠢ | ᠳᠡᠭᠡᠭᠰᠢᠯᠡᠭᠦᠯᠦᠨ᠎ᠡ᠃ | ︵ᠲᠠᠪᠤ︶ ᠬᠤᠲᠠ ᠪᠠᠯᠭᠠᠰᠤ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠳᠣᠬᠢᠴᠢᠯᠠᠭᠰᠠᠨ ᠣᠶᠢᠯᠠᠭᠠᠭᠳᠠᠬᠤᠨ ᠢᠶᠠᠷ ᠬᠤᠲᠠ ᠪᠠᠯᠭᠠᠰᠤ ᠶᠢ | ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ ᠶᠢ ᠪᠠᠷᠢᠮᠲᠠᠯᠠᠵᠤ᠂ ᠬᠥᠮᠥᠨ ᠢᠶᠠᠷ ᠭᠤᠣᠯ ᠪᠣᠯᠭᠠᠭᠰᠠᠨ ᠰᠢᠨ᠎ᠡ | ᠮᠠᠶ᠋ᠢᠭ ᠤᠨ ᠬᠤᠲᠠ ᠪᠠᠯᠭᠠᠰᠤᠵᠢᠯᠲᠠ ᠶᠢ ᠲᠦᠷᠭᠡᠳᠬᠡᠨ ᠠᠬᠢᠭᠤᠯᠤᠨ᠎ᠠ᠃ | ᠬᠤᠲᠠ ᠪᠠᠯᠭᠠᠰᠤ ᠶᠢ ᠨᠠᠷᠢᠨ ᠨᠢᠮᠪᠠᠢ ᠲᠥᠯᠥᠪᠵᠢᠭᠦᠯᠦᠨ᠎ᠡ᠃ ᠣᠷᠣᠰᠢᠨ ᠰᠠᠭᠤᠬᠤ ᠳᠤ ᠲᠣᠬᠢᠷᠠᠮᠵᠢᠲᠠᠢ | ᠠᠵᠢᠯ ᠦᠢᠯᠡᠰ ᠤᠨ ᠲᠣᠭᠤᠷᠢᠨ ᠳᠤ ᠪᠠᠶᠠᠨᠴᠠᠭᠠᠨ ᠪᠠᠯᠭᠠᠰᠤ ᠶᠢᠨ ᠭᠤᠣᠯ ᠬᠤᠲᠠ ᠶᠢᠨ ᠲᠣᠭᠤᠷᠢᠭ ᠤᠨ ᠡᠵᠡᠮᠳᠡᠯ ᠤᠨ | ᠴᠢᠨᠠᠷᠲᠠᠢ ᠲᠥᠯᠦᠪᠵᠢᠭᠦᠯᠭᠡ ᠵᠢᠴᠢ ᠬᠤᠲᠠ ᠶᠢᠨ ᠲᠣᠭᠤᠷᠢᠭ ᠤᠨ ᠵᠠᠮ᠂ ᠵᠦᠯᠭᠡ ᠭᠠᠵᠠᠷ᠂ ᠭᠠᠵᠠᠷ ᠳᠣᠣᠷᠠᠬᠢ | ᠬᠤᠭᠤᠯᠠᠢ ᠲᠣᠣᠷ ᠤᠨ ᠲᠤᠰᠬᠠᠢ ᠵᠦᠢᠯ ᠤᠨ ᠲᠥᠯᠦᠪᠵᠢᠭᠦᠯᠭᠡ ᠶᠢ ᠵᠠᠰᠠᠨ ᠨᠠᠶᠢᠷᠠᠭᠤᠯᠵᠤ᠂ ᠬᠤᠲᠠ ᠪᠠᠯᠭᠠᠰᠤ ᠶᠢᠨ | ᠬᠥᠭᠵᠢᠯᠲᠡ ᠶᠢᠨ ᠬᠡᠪᠴᠢᠶ᠎ᠡ᠂ ᠵᠦᠢ ᠵᠣᠬᠢᠰᠲᠠᠢ ᠵᠠᠭᠠᠭ ᠬᠢᠵᠠᠭᠠᠷ ᠪᠠ ᠴᠢᠳᠠᠮᠵᠢ ᠶᠢᠨ ᠪᠠᠶᠢᠷᠢ ᠲᠣᠭᠲᠠᠭᠠᠯᠲᠠ ᠶᠢ | ᠲᠣᠳᠣᠷᠬᠠᠶᠢᠯᠠᠨ᠂ ᠲᠥᠯᠦᠪᠵᠢᠭᠦᠯᠭᠡ ᠪᠠᠷ ᠪᠠᠢ ᠵᠧᠨ ᠬᠤᠲᠠ ᠶᠢᠨ ᠲᠣᠭᠤᠷᠢᠭ ᠤᠨ ᠨᠠᠷᠢᠯᠢᠭᠵᠢᠭᠤᠯᠤᠭᠰᠠᠨ | ᠬᠥᠭᠵᠢᠯᠲᠡ ᠶᠢ ᠬᠥᠲᠥᠯᠥᠨ ᠳᠠᠭᠠᠭᠤᠯᠵᠤ᠂ ᠲᠥᠯᠦᠪᠵᠢᠭᠦᠯᠭᠡ ᠶᠢᠨ ᠬᠠᠲᠠᠭᠤ ᠬᠢᠵᠠᠭᠠᠷᠯᠠᠯ ᠢ ᠴᠢᠩᠭᠠᠷᠠᠭᠤᠯᠤᠨ᠂ ︽ | ᠨᠢᠭᠡ ᠵᠢᠷᠤᠭ ᠲᠥᠰᠥᠪ︾ ᠢᠶᠠᠷ ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠎ᠡ᠃ | ᠬᠤᠲᠠ ᠪᠠᠯᠭᠠᠰᠤ ᠶᠢ ᠨᠠᠷᠢᠯᠢᠭ ᠪᠦᠲᠦᠭᠡᠨ ᠪᠠᠶᠢᠭᠤᠯᠤᠨ᠎ᠠ᠃ ᠭᠠᠵᠠᠷ ᠳᠡᠭᠡᠷᠡᠬᠢ ᠪᠠ ᠭᠠᠵᠠᠷ ᠳᠣᠣᠷ᠎ᠠ | ᠵᠡᠷᠭᠡ ᠳᠤᠨᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠢᠯᠴᠢ ᠬᠠᠩᠭᠠᠬᠤ ᠬᠠᠭᠤᠴᠢᠨ ᠬᠤᠭᠤᠯᠠᠢ ᠶᠢᠨ ᠲᠣᠣᠷ ᠢ | ᠰᠢᠨᠡᠳᠬᠡᠬᠦ᠂ ᠬᠤᠲᠠ ᠶᠢᠨ ᠲᠣᠭᠤᠷᠢᠭ ᠤᠨ ᠲᠦᠭᠡᠭᠡᠯ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠬᠦ᠂ | ᠬᠤᠲᠠ ᠶᠢᠨ ᠶᠠᠪᠤᠳᠠᠯ ᠤᠨ ᠵᠠᠮ ᠢ ᠰᠡᠯᠪᠢᠨ ᠵᠠᠰᠠᠵᠤ ᠲᠡᠭᠦᠯᠳᠡᠷᠵᠢᠭᠦᠯᠬᠦ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ | ᠰᠠᠶᠢᠲᠤᠷ ᠬᠡᠷᠡᠭᠵᠢᠭᠦᠯᠦᠨ᠎ᠡ᠃ ᠢᠯᠴᠢ ᠴᠠᠬᠢᠯᠭᠠᠨ ᠤ ᠬᠠᠮᠲᠤᠷᠠᠨ ᠦᠢᠯᠡᠳᠪᠦᠷᠢᠯᠡᠬᠦ ᠲᠦᠷᠦᠯ ᠵᠦᠢᠯ ᠢ ᠬᠠᠪᠤᠷ ᠤᠨ | ᠤᠯᠠᠷᠢᠯ ᠤᠨ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠳᠡᠭᠡᠷ᠎ᠡ ᠪᠦᠬᠦ ᠲᠠᠯ᠎ᠠ ᠪᠠᠷ ᠠᠵᠢᠯ ᠡᠬᠢᠯᠡᠭᠦᠯᠵᠦ᠂ | ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ᠎ᠠ᠃ 8 ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ ᠢ | ᠥᠭᠡᠷᠡᠴᠢᠯᠡᠨ ᠪᠠᠶᠢᠭᠤᠯᠵᠤ᠂ 240 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ | ᠪᠦᠲᠦᠭᠡᠨ ᠪᠠᠶᠢᠭᠤᠯᠵᠤ᠂ ᠪᠠᠶᠢᠰᠢᠩ ᠭᠡᠷ ᠤᠨ ᠲᠣᠭᠤᠷᠢᠭ ᠲᠤ 317 ᠡᠷᠤᠭᠡ ᠶᠢᠨ ᠢᠵᠢ ᠪᠤᠰᠤ ᠭᠡᠷ ᠪᠠᠶᠢᠰᠢᠩ ᠢ | ᠥᠭᠡᠷᠡᠴᠢᠯᠡᠨ ᠵᠠᠰᠠᠬᠤ ᠶᠢ ᠬᠡᠷᠡᠭᠵᠢᠭᠦᠯᠵᠦ᠂ 4 ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠵᠢᠵᠢᠭ | ᠲᠣᠭᠤᠷᠢᠭ ᠲᠤ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠪᠡ᠃ ᠭᠡᠷ | ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ︽ | ᠭᠤᠷᠪᠠᠨ ᠪᠡᠷᠬᠡ︾ ᠶᠢᠨ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠵᠦ᠂ ︽ᠦᠨᠡᠮᠯᠡᠯ ᠠᠪᠬᠤ ᠳᠤ ᠪᠡᠷᠬᠡ︾ ᠶᠢ | ᠵᠢᠯ ᠤᠨ ᠳᠣᠲᠣᠷ᠎ᠠ ᠪᠦᠬᠦᠨ ᠢ ᠰᠢᠢᠳᠪᠦᠷᠢᠯᠡᠨ᠎ᠡ᠃ ᠣᠶᠤᠨᠲᠤ ᠲᠡᠷᠭᠡᠨ ᠵᠣᠭᠰᠣᠭᠠᠯ ᠤᠨ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠭ ᠨᠣᠪᠰᠢ ᠶᠢ ᠲᠥᠷᠥᠯ ᠬᠤᠪᠢᠶᠠᠨ ᠵᠠᠰᠠᠬᠤ ᠲᠤᠰᠬᠠᠢ | ᠠᠵᠢᠯᠯᠠᠭ᠎ᠠ ᠶᠢ ᠥᠷᠨᠢᠭᠦᠯᠵᠦ᠂ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢ ᠬᠤᠣᠷ ᠦᠭᠡᠢ ᠪᠣᠯᠭᠠᠨ | ᠰᠢᠢᠳᠪᠦᠷᠢᠯᠡᠬᠦ ᠪᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠯᠵᠢᠭᠦᠯᠦᠨ ᠲᠡᠭᠡᠭᠡᠪᠦᠷᠢᠯᠡᠬᠦ | ᠥᠷᠲᠡᠭᠡ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠨᠢᠭᠡ ᠵᠠᠮ ᠤᠨ ᠲᠥᠯᠦᠪᠵᠢᠭᠦᠯᠭᠡ ᠶᠢ ᠪᠠᠶᠢᠭᠤᠯᠤᠨ | ᠳᠠᠭᠤᠰᠬᠠᠵᠤ ᠲᠡᠷᠭᠡ ᠨᠡᠪᠲᠡᠷᠡᠭᠦᠯᠬᠦ ᠶᠢ ᠲᠦᠯᠬᠢᠨ ᠠᠬᠢᠭᠤᠯᠤᠨ᠎ᠠ᠃ | ᠬᠤᠲᠠ ᠪᠠᠯᠭᠠᠰᠤ ᠶᠢ ᠨᠠᠷᠢᠯᠢᠭ ᠬᠠᠮᠢᠶᠠᠷᠤᠨ᠎ᠠ᠃ ᠬᠤᠲᠠ ᠶᠢᠨ ᠳᠦᠷᠰᠦ ᠪᠠᠶᠢᠳᠠᠯ ᠪᠠ ᠵᠠᠮ | ᠬᠠᠷᠢᠯᠴᠠᠭᠠᠨ ᠤ ᠡᠮᠬᠢ ᠵᠢᠷᠤᠮ ᠭᠡᠬᠦ ᠬᠤᠶᠠᠷ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ᠬᠤᠲᠠ ᠪᠠᠯᠭᠠᠰᠤ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ | ᠴᠢᠩᠭᠠᠷᠠᠭᠤᠯᠤᠨ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠠᠯᠠᠵᠤ | ᠨᠢᠲᠤᠯᠬᠤ᠂ ᠬᠥᠮᠥᠨ ᠮᠠᠯ ᠨᠣᠭᠤᠭᠠᠷᠠᠭᠤᠯᠤᠯᠲᠠ ᠶᠢ ᠡᠪᠳᠡᠬᠦ ᠵᠡᠷᠭᠡ ᠬᠤᠲᠠ ᠪᠠᠯᠭᠠᠰᠤ ᠶᠢᠨ ︽ᠠᠷᠬᠠᠭ︾᠂ ︽ | ᠤᠲᠠᠰᠤ︾ ᠪᠠᠷ ᠴᠠᠬᠢᠯᠭᠠᠨ ᠴᠡᠨᠡᠭᠯᠡᠬᠦ᠂ ᠠᠲᠠᠷ ᠬᠠᠭᠠᠯᠪᠤᠷᠢᠯᠠᠨ ᠨᠣᠭᠤᠭ᠎ᠠ ᠳᠠᠷᠢᠬᠤ᠂ ᠬᠡᠷᠡᠮ ᠤᠨ ︽ᠦᠬᠡᠷ ᠢᠯᠢᠳᠦ | ︾ ᠵᠡᠷᠭᠡ ᠵᠢᠵᠢᠭ ᠲᠣᠭᠤᠷᠢᠭ ᠤᠨ ︽ᠠᠷᠬᠠᠭ︾ ᠢ ᠭᠤᠣᠯᠳᠠᠯᠭ᠎ᠠ ᠲᠠᠢ ᠵᠠᠰᠠᠨ᠎ᠠ᠃ | ︵ᠵᠢᠷᠭᠤᠭ᠎ᠠ︶ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ ᠳᠡᠭᠡᠷ᠎ᠡ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠤᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠠᠰᠢᠭ | ᠲᠤᠰᠠ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠵᠣᠪᠠᠨᠢᠯ ᠢ ᠢᠯᠡᠭᠦᠬᠡᠨ ᠰᠢᠢᠳᠪᠦᠷᠢᠯᠡᠵᠦ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠬᠠᠮᠲᠤᠪᠠᠷ ᠴᠢᠨᠡᠭᠡᠯᠢᠭᠵᠢᠬᠦ ᠶᠢ | ᠯᠠᠪᠳᠠᠭᠤᠨ ᠪᠠᠲᠤᠲᠠᠢ ᠠᠬᠢᠭᠤᠯᠤᠨ᠎ᠠ᠃ | ᠭᠦᠢᠴᠡᠳ ᠠᠵᠢᠯ ᠣᠯᠭᠤᠯᠲᠠ ᠶᠢ ᠢᠳᠡᠪᠬᠢᠲᠡᠢ ᠪᠠᠷ ᠠᠬᠢᠭᠤᠯᠤᠨ᠎ᠠ᠃ ᠠᠵᠢᠯ ᠣᠯᠭᠤᠯᠲᠠ ᠶᠢ | ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠶᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠡᠪ ᠤᠨ | ᠡᠵᠡᠩᠨᠡᠯᠲᠡ ᠪᠠᠨ ᠰᠡᠷᠭᠦᠭᠡᠬᠦ ᠶᠢ ᠠᠬᠢᠭᠤᠯᠬᠤ ᠲᠠᠢ ᠤᠶᠠᠯᠳᠤᠭᠤᠯᠵᠤ᠂ ᠬᠡᠷᠡᠭᠯᠡᠭᠡ ᠶᠢ ᠬᠥᠭᠵᠢᠭᠡᠬᠦ ᠰᠢᠷᠢᠰ | ᠠᠵᠢᠯᠯᠠᠭ᠎ᠠ ᠶᠢ ᠰᠢᠨ᠎ᠡ ᠪᠠᠷ ᠡᠭᠦᠳᠦᠨ ᠥᠷᠨᠢᠭᠦᠯᠵᠦ᠂ ᠡᠷᠲᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ᠂ | ᠬᠤᠳᠠᠯᠳᠤᠭᠠᠨ ᠤ ᠫᠦᠰᠡ᠂ ᠳᠡᠯᠭᠡᠭᠦᠷ ᠢ ᠨᠡᠭᠡᠭᠡᠨ ᠬᠥᠭᠵᠢᠭᠦᠯᠦᠨ᠎ᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠠᠵᠢᠯ ᠣᠯᠭᠤᠬᠤ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠦᠢᠯᠡᠰ ᠴᠣᠭᠴᠠᠯᠠᠬᠤ | ᠲᠠᠭᠠᠭᠠᠯᠳᠠᠳᠤ ᠵᠢᠭᠡᠯᠡᠯᠭᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠠᠵᠢᠯ ᠣᠯᠭᠤᠯᠲᠠ ᠶᠢ ᠳᠠᠶᠢᠴᠢᠯᠠᠬᠤ ᠳᠠᠪᠠᠭᠤᠯᠢᠭ ᠢ ᠪᠠᠳᠠᠷᠠᠭᠤᠯᠤᠨ᠎ᠠ᠃ ︽ᠬᠠᠪᠤᠷ ᠤᠨ ᠰᠠᠯᠬᠢᠨ ᠤ | ᠠᠵᠢᠯᠯᠠᠭ᠎ᠠ︾᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢᠨ ᠲᠤᠰᠬᠠᠢ | ᠲᠥᠷᠥᠯ ᠤᠨ ᠤᠷᠢᠬᠤ ᠴᠤᠭᠯᠠᠭᠠᠨ ᠢ ᠭᠦᠨᠵᠡᠭᠡᠢ ᠥᠷᠨᠢᠭᠦᠯᠵᠦ᠂ ᠬᠥᠳᠡᠯᠮᠦᠷᠢ ᠦᠢᠯᠡᠴᠢᠯᠡᠭᠡ ᠶᠢ ᠭᠠᠳᠠᠭᠰᠢ ᠭᠠᠷᠭᠠᠬᠤ | ᠠᠵᠢᠯ ᠢ ᠰᠠᠶᠢᠲᠤᠷ ᠬᠢᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠠᠵᠢᠯᠴᠢᠨ᠂ ᠴᠡᠷᠢᠭ ᠠᠴᠠ | ᠬᠠᠯᠠᠭᠳᠠᠭᠰᠠᠳ᠂ ᠬᠤᠲᠠ ᠪᠠᠯᠭᠠᠰᠤ ᠶᠢᠨ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠭᠤᠣᠯᠳᠠᠯᠭ᠎ᠠ ᠲᠠᠢ | ᠬᠠᠮᠲᠤᠯᠢᠭ ᠤᠨ ᠲᠣᠭᠲᠠᠭᠤᠨ ᠢᠶᠠᠷ ᠠᠵᠢᠯ ᠣᠯᠬᠤ ᠶᠢ ᠪᠠᠲᠤᠯᠠᠵᠤ᠂ ᠨᠢᠭᠡ ᠴᠦ ᠠᠵᠢᠯ ᠣᠯᠣᠭᠰᠠᠨ ᠦᠭᠡᠢ ᠭᠡᠷ | ᠪᠦᠯᠢ ᠶᠢ ᠬᠥᠳᠡᠯᠦᠩᠭᠦᠢ ᠪᠠᠷ ᠴᠡᠪᠡᠷᠯᠡᠬᠦ ᠶᠢ ᠦᠨᠡᠨᠬᠦ ᠪᠠᠲᠤᠯᠠᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠣᠷᠮ᠎ᠠ ᠶᠢ 3.5% ᠶᠢᠨ ᠳᠣᠲᠣᠷ᠎ᠠ ᠬᠢᠵᠠᠭᠠᠷᠯᠠᠨ᠎ᠠ᠃ ᠴᠠᠯᠢᠩ ᠥᠷᠢᠲᠦᠬᠦ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠥᠯᠥᠰᠦᠨ ᠠᠵᠢᠯᠴᠢᠨ ᠤ ᠬᠠᠤᠯᠢ ᠶᠣᠰᠣᠨ ᠤ | ᠡᠷᠬᠡ ᠠᠰᠢᠭ ᠢ ᠪᠠᠳᠤᠯᠠᠬᠤ ᠬᠡᠷᠡᠭᠲᠠᠢ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠯᠪᠠᠨ ᠠᠴᠠ ᠡᠷᠭᠢᠯᠡᠭᠰᠡᠨ ᠡᠬᠢ ᠪᠠᠶᠠᠯᠢᠭ ᠤᠨ ᠬᠠᠩᠭᠠᠯᠭ᠎ᠠ ᠶᠢ | ᠰᠢᠯᠢᠳᠡᠭᠵᠢᠭᠦᠯᠵᠦ᠂ ᠬᠤᠰᠢᠭᠤᠨ ᠤ ᠬᠡᠦᠬᠡᠳ ᠤᠨ ᠴᠡᠴᠡᠷᠯᠢᠭ ᠤᠨ ᠡᠮᠦᠨ᠎ᠡ ᠴᠡᠴᠡᠷᠯᠢᠭ ᠢ ᠪᠠᠶᠢᠭᠤᠯᠤᠨ ᠬᠡᠷᠡᠭᠯᠡᠵᠦ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠴᠡᠴᠡᠷᠯᠢᠭ ᠢᠶᠠᠷ ᠮᠡᠳᠡᠭᠦᠯᠬᠦ ᠪᠠᠷ ᠴᠢᠷᠮᠠᠶᠢᠨ᠎ᠠ᠃︽ | ᠬᠤᠶᠠᠷ ᠢ ᠪᠠᠭᠠᠰᠬᠠᠬᠤ︾ ᠠᠵᠢᠯ ᠢ ᠭᠦᠨᠵᠡᠭᠡᠢ ᠠᠬᠢᠭᠤᠯᠵᠤ᠂ ᠪᠠᠶᠠᠨᠴᠠᠭᠠᠨ ᠪᠠᠯᠭᠠᠰᠤᠨ ᠤ ᠨᠢᠭᠡᠳᠦᠭᠡᠷ ᠪᠠᠭ᠎ᠠ | ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠪᠠ ᠮᠢᠩ ᠳ᠋ᠧ ᠪᠠᠭ᠎ᠠ ᠰᠤᠷᠭᠠᠭᠤᠯᠢ ᠶᠢ ᠬᠤᠲᠠ ᠶᠢᠨ ᠲᠠᠰ ᠤᠨ ︽ | ᠬᠤᠶᠠᠷ ᠢ ᠪᠠᠭᠠᠰᠬᠠᠬᠤ︾ ᠵᠢᠱᠢᠶ᠎ᠡ ᠦᠵᠡᠭᠦᠯᠬᠦ ᠰᠤᠷᠭᠠᠭᠤᠯᠢ ᠪᠣᠯᠭᠠᠨ ᠡᠭᠦᠳᠦᠨ ᠪᠠᠶᠢᠭᠤᠯᠤᠨ᠎ᠠ᠃ ᠤᠯᠤᠰ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢᠨ | ᠬᠤᠰᠢᠭᠤ ᠰᠢᠶᠠᠨ ᠢ ᠦᠨᠡᠯᠡᠨ ᠵᠢᠱᠢᠵᠦ ᠰᠢᠯᠭᠠᠨ ᠠᠪᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ | ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠵᠦ᠂ ᠠᠨᠠᠷ ᠤᠨ ᠦᠷ᠎ᠡ ᠶᠢᠨ ᠰᠤᠷᠭᠠᠭᠤᠯᠢ ᠶᠢ | ᠪᠠᠶᠢᠭᠤᠯᠤᠨ ᠬᠡᠷᠡᠭᠯᠡᠬᠦ ᠶᠢ ᠲᠦᠯᠬᠢᠨ ᠠᠬᠢᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ ᠤᠨ ︽ᠰᠢᠶᠠᠨ ᠤ ᠳᠤᠮᠳᠠ ᠨᠠᠶᠢᠳᠠᠨ ᠬᠠᠮᠢᠶᠠᠷᠤᠭᠤᠯᠬᠤ︾ ᠵᠠᠭᠪᠤᠷ ᠢ ᠢᠳᠡᠪᠬᠢᠲᠡᠢ ᠪᠠᠷ ᠬᠠᠶᠢᠨ | ᠰᠦᠪᠡᠭᠴᠢᠯᠡᠵᠦ᠂ ᠵᠢᠩᠬᠢᠨᠢ ᠠᠩᠭᠢ ᠶᠢᠨ ᠰᠤᠷᠭᠠᠭᠤᠯᠢ ᠳᠡᠪᠰᠢᠬᠦ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ | ᠨᠠᠩ ᠣᠯᠠᠨ ᠬᠡᠦᠬᠡᠳ ᠲᠤ ᠨᠠᠩ ᠰᠠᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠳ᠋ᠯᠡᠭᠦᠯᠦᠨ᠎ᠡ᠃ ᠠᠵᠢᠯ | ᠮᠡᠷᠭᠡᠵᠢᠯ ᠤᠨ ᠳᠤᠮᠳᠠᠳᠤ ᠰᠤᠷᠭᠠᠭᠤᠯᠢ ᠬᠢᠭᠡᠳ ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠬᠠᠮᠲᠤᠷᠠᠨ ᠰᠤᠷᠭᠠᠭᠤᠯᠢ ᠡᠷᠭᠢᠯᠡᠬᠦ ᠶᠢ ᠠᠬᠢᠭᠤᠯᠵᠤ᠂ ᠨᠠᠩ ᠣᠯᠠᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ | ᠲᠤᠰᠬᠠᠢ ᠮᠡᠷᠭᠡᠵᠢᠯ ᠢ ᠨᠡᠮᠡᠨ ᠪᠠᠶᠢᠭᠤᠯᠵᠤ᠂ ᠨᠡᠶᠢᠭᠡᠮ ᠤᠨ ᠡᠯ᠎ᠡ ᠬᠦᠷᠢᠶᠡᠨ ᠳᠤ ᠨᠠᠩ ᠣᠯᠠᠨ ᠮᠡᠷᠭᠡᠵᠢᠯ | ᠴᠢᠳᠠᠪᠤᠷᠢ ᠶᠢᠨ ᠴᠢᠳᠠᠪᠤᠷᠢᠲᠠᠨ ᠢ | ᠡᠷᠡᠭᠦᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠴᠣᠭᠴᠠᠯᠠᠨ ᠪᠠᠶᠢᠭᠤᠯᠤᠨ᠎ᠠ᠃ ᠰᠢᠨ᠎ᠡ | ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠶᠢ ᠰᠠᠶᠢᠲᠤᠷ ᠪᠠᠲᠤᠯᠠᠵᠤ᠂ 65 | ᠨᠠᠰᠤᠨ ᠠᠴᠠ ᠳᠡᠭᠡᠭᠰᠢᠬᠢ ᠭᠤᠣᠯᠳᠠᠯᠭ᠎ᠠ ᠲᠠᠢ ᠬᠥᠮᠥᠰ ᠲᠤ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠠ ᠠᠪᠤᠷᠠᠨ | ᠵᠠᠰᠠᠬᠤ ᠠᠵᠢᠯ ᠢ ᠰᠠᠶᠢᠲᠤᠷ ᠠᠳᠬᠤᠵᠤ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠬᠠᠷᠢᠴᠠᠯ ᠢ | ᠳᠡᠭᠡᠭᠰᠢᠯᠡᠭᠦᠯᠦᠨ᠂ ᠡᠷᠡᠭᠦᠯ ᠮᠡᠨᠳᠦ ᠶᠢ ᠬᠦᠴᠦᠯᠡᠨ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠨ᠎ᠡ᠃ ᠣᠯᠠᠨ | ᠨᠡᠶᠢᠲᠡ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠠᠰᠠᠷ᠂ ᠡᠭᠦᠳᠡᠨ | ᠡᠮᠨᠡᠯᠭᠡ ᠶᠢᠨ ᠠᠰᠠᠷ ᠢ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠢᠲᠠᠳ | ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠲᠥᠷᠥᠯ ᠵᠦᠢᠯ ᠢ ᠬᠡᠷᠡᠭᠵᠢᠭᠦᠯᠦᠨ᠂ 2—3 ᠣᠨᠴᠠᠯᠢᠭᠲᠤ ᠲᠤᠰᠬᠠᠢ | ᠰᠠᠯᠠᠭ᠎ᠠ ᠶᠢ ᠭᠤᠣᠯᠳᠠᠯᠭ᠎ᠠ ᠲᠠᠢ ᠪᠠᠶᠢᠭᠤᠯᠵᠤ᠂ ᠣᠨᠴᠠᠯᠢᠭᠲᠤ ᠬᠢᠲᠠᠳ ᠮᠣᠩᠭᠤᠯ ᠡᠮᠨᠡᠯᠭᠡ ᠬᠢᠭᠡᠳ ᠡᠮᠴᠢᠯᠡᠭᠡ | ᠰᠤᠪᠢᠯᠠᠯᠲᠠ᠂ ᠡᠷᠡᠭᠦᠯᠵᠢᠯ ᠰᠤᠪᠢᠯᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ︽ᠪᠠᠭ᠎ᠠ | ᠡᠪᠡᠳᠴᠢᠨ ᠢ ᠨᠤᠲᠤᠭ ᠲᠠᠭᠠᠨ ᠭᠠᠷᠭᠠᠬᠤ ᠦᠭᠡᠢ᠂ ᠬᠦᠨᠳᠦ ᠡᠪᠡᠳᠴᠢᠨ ᠢ ᠬᠤᠰᠢᠭᠤᠨ ᠳᠠᠭᠠᠨ ᠭᠠᠷᠭᠠᠬᠤ ᠦᠭᠡᠢ︾ | ᠪᠠᠶᠢᠬᠤ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ | ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠪᠥᠬᠦ ᠬᠤᠰᠢᠭᠤᠨ ᠤ ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠢᠷᠢ ᠲᠦᠪᠰᠢᠨ ᠢ ᠰᠢᠯᠢᠳᠡᠭᠵᠢᠭᠦᠯᠤᠨ ᠳᠡᠭᠡᠭᠰᠢᠯᠡᠭᠦᠯᠤᠨ᠎ᠡ᠃ | ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠠᠷᠠᠳ ᠢᠷᠭᠡᠳ ᠤᠨ ᠶᠣᠰᠣ ᠮᠣᠷᠠᠯ ᠤᠨ | ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠶᠣᠰᠣ ᠮᠣᠷᠠᠯ ᠤᠨ ᠵᠢᠱᠢᠶᠡᠴᠢ᠂ ᠰᠢᠨ᠎ᠡ ᠴᠠᠭ ᠦᠶ᠎ᠡ ᠶᠢᠨ | ᠰᠠᠶᠢᠨ ᠪᠠᠭᠠᠴᠤᠳ᠂ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ ᠶᠢ ᠰᠣᠩᠭᠤᠨ ᠪᠣᠶᠢᠵᠢᠭᠤᠯᠬᠤ ᠵᠢᠴᠢ ︽ᠲᠠᠪᠤᠨ | ᠶᠡᠭᠡ ᠪᠣᠯᠪᠠᠰᠤᠨ︾ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠵᠤ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ | ᠴᠢᠩᠭᠠᠳᠬᠠᠵᠤ᠂ ᠲᠡᠦᠬᠡ ᠰᠣᠶᠣᠯ᠂ ᠬᠤᠪᠢᠰᠬᠠᠯ ᠤᠨ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ ᠢ ᠭᠦᠨᠵᠡᠭᠡᠢ | ᠠᠭᠤᠳᠠᠯᠵᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠢᠩᠭᠠᠳᠬᠠᠵᠤ᠂ ᠨᠢᠭᠡ ᠪᠦᠯᠦᠭ ᠰᠣᠶᠣᠯ ᠤᠨ | ᠰᠤᠳᠤᠯᠭᠠᠨ ᠤ ᠦᠷ᠎ᠡ ᠪᠦᠲᠦᠭᠡᠯ ᠪᠠ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠡᠭᠦᠳᠦᠨ ᠪᠦᠲᠦᠭᠡᠨ᠎ᠡ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠥᠷᠨᠢᠭᠦᠯᠵᠦ᠂ ᠠᠷᠠᠳ ᠲᠤ ᠠᠰᠢᠭ | ᠬᠦᠷᠲᠡᠭᠡᠬᠦ ᠲᠣᠭᠯᠠᠯᠲᠠ ᠶᠢ ᠰᠠᠶᠢᠲᠤᠷ ᠥᠷᠨᠢᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠠᠰᠤᠵᠢᠯ ᠤᠨ ᠦᠨᠳᠦᠰᠦᠨ | ᠠᠰᠠᠷᠠᠮᠵᠢ ᠶᠢᠨ ᠮᠥᠩᠭᠦ ᠶᠢ ᠵᠦᠢ ᠵᠣᠬᠢᠰᠲᠠᠢ ᠲᠣᠬᠢᠷᠠᠭᠤᠯᠬᠤ ᠲᠣᠭᠲᠠᠴᠠ᠂ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠨᠥᠬᠦᠪᠦᠷᠢᠯᠡᠬᠦ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ | ᠨᠠᠶᠢᠳᠠᠪᠤᠷᠢᠵᠢᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠤᠵᠢ ᠠᠯᠤᠰᠯᠠᠨ ᠣᠨᠳᠣᠣ | ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠠᠰᠤᠯᠤᠨ ᠪᠤᠳᠤᠬᠤ ᠶᠢ ᠲᠦᠯᠬᠢᠨ ᠠᠬᠢᠭᠤᠯᠵᠤ᠂ ᠠᠵᠢᠯ ᠦᠢᠯᠡᠰ ᠤᠨ | ᠨᠢᠭᠡᠴᠢ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠳᠡᠪᠰᠢᠭᠦᠯᠬᠦ ᠱᠠᠲᠤ ᠬᠤᠪᠢᠶᠠᠨ ᠤᠷᠢᠵᠤ | ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ᠂ | ᠨᠡᠶᠢᠭᠡᠮ ᠤᠨ ᠠᠰᠠᠷᠠᠮᠵᠢ᠂ ᠬᠠᠷᠠᠭᠠᠯᠵᠠᠨ ᠲᠥᠪᠬᠢᠨᠡᠭᠦᠯᠬᠦ ᠵᠡᠷᠭᠡ ᠳᠦᠷᠢᠮ ᠢ ᠲᠡᠭᠦᠯᠳᠡᠷᠵᠢᠭᠦᠯᠵᠦ᠂ ᠦᠨᠳᠦᠰᠦᠨ ᠵᠦᠢᠯ ᠢ | ᠪᠠᠲᠤᠯᠠᠬᠤ ᠪᠠᠲᠤᠯᠠᠭ᠎ᠠ ᠶᠢ ᠴᠢᠩᠭᠠᠳᠬᠠᠨ᠎ᠠ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠪᠠ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡᠨ ᠤ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠶᠢ ᠨᠡᠶᠢᠳᠡᠮ ᠬᠡᠷᠡᠭᠵᠢᠭᠦᠯᠬᠦ ᠶᠢ ᠠᠬᠢᠭᠤᠯᠤᠨ᠂ ᠣᠨᠳᠣᠣ | ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠨᠣᠷᠮ᠎ᠠ ᠶᠢ ᠤᠯᠠᠮ ᠨᠢᠭᠡ ᠠᠯᠬᠤᠮ︽ᠨᠢᠭᠡ | ᠨᠠᠰᠤᠲᠠᠨ ᠨᠢᠭᠡ ᠪᠠᠭᠠᠴᠤᠳ︾ ᠲᠠᠢ ᠨᠢᠭᠲᠠ ᠤᠶᠠᠯᠳᠤᠭᠤᠯᠤᠨ᠂ ᠬᠤᠳᠠ ᠪᠠᠯᠭᠠᠰᠤᠨ ᠤ ᠭᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠢ ᠠᠰᠠᠷᠠᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠵᠤ | ᠨᠠᠰᠤᠲᠠᠶᠢᠴᠤᠳ ᠢ ᠠᠰᠠᠷᠠᠬᠤ ᠶᠠᠪᠤᠳᠠᠯ ᠢ ᠶᠡᠬᠡᠪᠡᠷ ᠬᠥᠭᠵᠢᠭᠦᠯᠵᠦ᠂ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ | ᠵᠦᠢᠯᠡᠰ ᠢ ᠢᠳᠡᠪᠬᠢᠲᠡᠢ ᠪᠠᠷ ᠲᠡᠮᠡᠴᠡᠨ ᠣᠯᠬᠤ ᠬᠡᠷᠡᠭᠲᠡᠢ᠃︽ᠥᠲᠡᠯᠪᠡᠯ ᠲᠦᠰᠢᠭ ᠲᠤᠯᠭᠠᠭᠤᠷᠢ ᠲᠠᠢ᠂ ᠨᠢᠯᠬ᠎ᠠ | ᠬᠡᠦᠬᠡᠳ ᠢ ᠠᠰᠠᠷᠠᠨ ᠲᠡᠵᠢᠭᠡᠬᠦ ᠭᠠᠵᠠᠷ ᠲᠠᠢ︾ ᠪᠠᠶᠢᠬᠤ ᠶᠢ ᠪᠡᠶᠡᠯᠡᠭᠦᠯᠦᠨ᠎ᠡ᠃ | ᠲᠥᠯᠥᠭᠡᠯᠡᠭᠴᠢᠳ ᠠ᠋︕ ᠣᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠠᠷᠠᠳ ᠤᠨ | ᠠᠮᠢᠳᠤᠷᠠᠯ ᠤᠨ ᠠᠰᠠᠭᠤᠳᠠᠯ ᠤᠨ ᠲᠣᠭᠤᠷᠢᠨ ᠳᠤ᠂ ᠬᠤᠰᠢᠭᠤᠨ ᠵᠠᠰᠠᠭ ᠤᠨ ᠣᠷᠳᠣᠨ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠵᠢᠱᠢᠭᠳᠡᠭᠴᠢ ᠶᠢᠨ 11 ᠲᠥᠷᠥᠯ ᠵᠦᠢᠯ ᠢ ᠥᠷᠭᠡᠨ ᠢᠶᠠᠷ ᠡᠯᠰᠡᠨ ᠰᠣᠩᠭᠤᠵᠤ᠂ ᠪᠢᠴᠢᠭ ᠤᠨ | ᠬᠡᠯᠪᠡᠷᠢ ᠶᠢᠨ ᠮᠡᠳᠡᠭᠦᠯᠦᠯᠲᠡ ᠭᠠᠷᠭᠠᠪᠠ᠂ ᠲᠥᠯᠥᠭᠡᠯᠡᠭᠴᠢᠳ ᠬᠢᠨᠠᠨ ᠵᠥᠪᠯᠡᠬᠦ ᠶᠢᠨ ᠬᠠᠮᠲᠤ ᠪᠢᠯᠧᠲ ᠢᠶᠠᠷ ᠰᠣᠩᠭᠤᠨ | ᠲᠣᠭᠲᠠᠭᠠᠬᠤ ᠶᠢ ᠬᠦᠰᠡᠵᠦ ᠪᠠᠶᠢᠨ᠎ᠠ᠃ ᠪᠢᠳᠡ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ | ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ︵ᠲᠤᠯᠤᠭ᠎ᠠ︶ ᠠᠮᠤᠷ ᠲᠦᠪᠰᠢᠨ ᠲᠣᠭᠲᠠᠭᠤᠨ ᠢᠶᠠᠷ ᠬᠥᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠴᠢᠨᠠᠷ ᠰᠠᠶᠢᠲᠠᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠬᠢᠵᠢᠭᠦᠯᠦᠨ᠎ᠡ᠃ ᠤᠯᠤᠰ ᠤᠨ ᠶᠡᠷᠦᠩᠬᠡᠢ ᠠᠮᠤᠷ | ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ ᠲᠤᠤᠱᠯᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠠᠩ | ᠰᠠᠶᠢᠲᠤᠷ ᠨᠢᠭᠡᠳᠦᠯᠲᠡᠢ ᠲᠥᠯᠥᠪᠯᠡᠨ᠂ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠠᠮᠤᠷ | ᠲᠦᠪᠰᠢᠨ ᠢᠶᠠᠷ ᠬᠥᠭᠵᠢᠭᠦᠯᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ | ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠨ᠎ᠠ᠃ ᠳᠦᠷᠦ ᠶᠢᠨ ᠶᠠᠪᠤᠳᠠᠯ ᠤᠨ ᠬᠤᠷᠢᠶᠠᠨ | ᠤᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠤᠷᠪᠤᠰ︾ ᠤᠨ ᠠᠵᠢᠯ ᠤᠨ ᠠᠷᠭ᠎ᠠ ᠬᠡᠮᠵᠢᠶ᠎ᠡ ᠪᠣᠯᠣᠨ | ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠠᠮᠤᠷ | ᠲᠦᠪᠰᠢᠨ ᠤ ᠲᠤᠰᠬᠠᠢ ᠮᠡᠷᠭᠡᠵᠢᠯᠲᠡᠨ ᠠᠵᠤ ᠠᠬᠤᠶᠢᠯᠠᠯ ᠳᠤ ᠭᠦᠨᠵᠡᠭᠡᠶᠢᠷᠡᠨ ︽ᠰᠤᠳᠠᠯ ᠪᠠᠷᠢᠵᠤ ᠬᠠᠮᠲᠤᠷᠠᠨ | ᠣᠨᠣᠰᠢᠯᠠᠬᠤ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ | ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ | ᠲᠥᠬᠦᠭᠡᠷᠦᠮᠵᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠠᠵᠢᠯ ᠲᠦᠷᠦᠯ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠪᠠ ᠡᠳ᠋ ᠪᠣᠳᠠᠰ ᠨᠥᠭᠡᠴᠡᠯᠡᠬᠦ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠭᠠᠵᠠᠷ ᠤᠨ ᠭᠠᠢ ᠭᠠᠮᠰᠢᠭ᠂ ᠭᠠᠯ ᠰᠡᠷᠭᠡᠶᠢᠯᠡᠨ ᠤᠨᠲᠠᠷᠠᠭᠠᠬᠤ ᠠᠮᠤᠷ | ᠲᠦᠪᠰᠢᠨ᠂ ᠤᠢ ᠰᠢᠭᠤᠢ ᠶᠢᠨ ᠭᠠᠯ ᠰᠡᠷᠭᠡᠶᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ | ᠢᠳᠡᠭᠡᠨ᠂ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠥᠭᠡᠷᠡᠴᠢᠯᠡᠯᠲᠡ ᠶᠢᠨ ᠢᠨᠵᠧᠨᠧᠷᠢᠩ ᠢ | ᠬᠡᠷᠡᠭᠵᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢ | ᠳᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ︽12345︾ ᠬᠠᠯᠠᠭᠤᠨ ᠤᠲᠠᠰᠤᠨ ᠤ | ᠣᠶᠤᠨᠴᠢᠯᠠᠯᠲᠠ ᠪᠠ ᠮᠡᠳᠡᠭᠡ ᠵᠠᠩᠭᠢᠵᠢᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠭᠠᠯᠳᠤᠯᠭ᠎ᠠ ᠶᠢ | ᠭᠥᠯᠢᠶᠡᠨ ᠠᠪᠤᠪᠠᠯ ᠳᠠᠷᠤᠢ ᠳᠤᠨᠢ ᠰᠢᠢᠳᠪᠦᠷᠢᠯᠡᠬᠦ︽ᠰᠠᠷ᠎ᠠ ᠪᠦᠷᠢ ᠨᠢᠭᠡ ᠰᠡᠳᠦᠪ︾ ᠤᠨ ᠲᠣᠭᠲᠠᠴᠠ ᠶᠢ ᠪᠠᠶᠢᠭᠤᠯᠵᠤ᠂ | ᠤᠯᠠᠨ ᠲᠦᠮᠡᠨ ᠤ ᠲᠤᠰᠬᠠᠭᠰᠠᠨ ᠥᠨᠳᠥᠷ ᠳᠠᠪᠲᠠᠮᠵᠢ ᠲᠠᠢ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠪᠡ᠃ ᠰᠢᠨ᠎ᠡ | ᠴᠠᠭ ᠦᠶ᠎ᠡ ᠶᠢᠨ︽ᠹᠧᠩ ᠴᠢᠶᠤᠦ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ | ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠤᠯᠠᠨ ᠲᠦᠮᠡᠨ ᠤ ᠭᠤᠮᠣᠳᠠᠯ | ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠠᠷᠭ᠎ᠠ ᠵᠠᠮ ᠢ | ᠰᠢᠯᠤᠭᠤᠳᠬᠠᠨ ᠵᠢᠷᠤᠮᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠲᠣᠪᠣᠶᠢᠮ᠎ᠠ ᠠᠰᠠᠭᠤᠳᠠᠯ ᠢ | ᠰᠢᠢᠳᠪᠦᠷᠢᠯᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠶᠢᠷᠡᠭᠦᠯᠦᠨ᠎ᠡ᠃ ︽ᠭᠡᠭᠡᠨ ᠰᠠᠷᠠᠭᠤᠯ ᠢᠨᠵᠧᠨᠧᠷᠢᠩ︾ | ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ | ᠪᠠᠶᠢᠩᠭᠤᠵᠢᠭᠤᠯᠤᠨ ᠠᠬᠢᠭᠤᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ | ᠶᠣᠰᠣᠭᠠᠷ ᠴᠢᠩᠭ᠎ᠠ ᠰᠢᠳᠬᠡᠨ᠎ᠡ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ ᠵᠠᠰᠠᠭ ᠤᠨ ᠣᠷᠳᠣᠨ ᠤ ᠴᠢᠨᠠᠷᠲᠠᠢ ᠥᠷᠢ | ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠣᠷᠣᠯᠭ᠎ᠠ ᠪᠠᠨ ᠨᠡᠮᠡᠭᠳᠡᠭᠦᠯᠦᠨ | ᠵᠠᠷᠤᠯᠭ᠎ᠠ ᠪᠠᠨ ᠠᠷᠪᠢᠯᠠᠵᠤ᠂ ᠡᠳ᠋ ᠤᠨ ᠬᠦᠴᠦᠨ ᠢᠶᠠᠨ ᠨᠡᠮᠡᠭᠳᠡᠭᠦᠯᠦᠨ᠂ ᠦᠯᠡᠳᠡᠵᠦ ᠪᠠᠶᠢᠭ᠎ᠠ ᠥᠷᠢ ᠥᠭᠴᠡᠭᠡ ᠶᠢ | ᠲᠣᠬᠢᠲᠠᠢ ᠰᠢᠢᠳᠪᠦᠷᠢᠯᠡᠨ ᠠᠷᠢᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠦᠨᠡᠨ ᠬᠦ | ᠰᠡᠷᠭᠡᠶᠢᠯᠡᠨ᠎ᠡ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠦᠷᠭᠦᠯᠵᠢᠯᠡᠨ | ᠴᠢᠩᠭᠠᠳᠬᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ | ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠦᠨ᠎ᠡ᠃ ᠰᠢ ᠶᠢᠨ ᠫᠢᠩ ᠶᠡᠷᠦᠩᠬᠡᠢ ᠱᠦᠵᠢ ᠶᠢᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ | ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠪᠠᠷ ᠳᠠᠪᠰᠢᠬᠤ +︾ ᠶᠢᠨ ᠠᠵᠢᠯᠯᠠᠭ᠎ᠠ ᠶᠢ ᠥᠷᠨᠢᠭᠦᠯᠵᠦ᠂ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ | ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠦᠷᠭᠦᠯᠵᠢᠯᠡᠨ ᠠᠬᠢᠭᠤᠯᠵᠤ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠴᠡᠭᠴᠡᠯᠡᠨ ᠵᠠᠰᠠᠬᠤ ᠶᠢ | ᠴᠢᠩᠭᠠᠳᠬᠠᠵᠤ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ | ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠨᠠᠷᠢᠨ | ᠨᠢᠮᠪᠠᠢ ᠵᠣᠬᠢᠶᠠᠨ ᠪᠠᠶᠢᠭᠤᠯᠵᠤᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠬᠦ᠂ | ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠡᠮᠡᠭᠲᠡᠶᠢᠴᠦᠳ᠂ ᠬᠡᠦᠬᠡᠳ᠂ | ᠨᠠᠰᠤᠲᠠᠶᠢᠴᠤᠳ᠂ ᠵᠡᠮᠳᠡᠭᠴᠦᠳ ᠪᠠ ᠤᠯᠠᠭᠠᠨ ᠵᠠᠭᠠᠯᠮᠠᠶᠢᠳᠠᠨ ᠵᠡᠷᠭᠡ ᠦᠢᠯᠡᠰ ᠢ ᠶᠡᠬᠡᠪᠡᠷ ᠬᠥᠭᠵᠢᠭᠦᠯᠵᠦ᠂ ᠬᠠᠩᠭᠠᠨ | ᠪᠣᠷᠣᠯᠠᠭᠤᠯᠬᠤ᠂ ᠴᠠᠭ ᠠᠭᠤᠷ᠂ ᠭᠠᠵᠠᠷ ᠬᠥᠳᠡᠯᠦᠯᠲᠡ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠡᠯ᠎ᠡ ᠵᠦᠢᠯ ᠤᠨ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠲᠥᠯᠥᠭᠡᠯᠡᠭᠴᠢᠳ ᠠ᠋︕ ᠥᠭᠡᠷᠡᠴᠢᠯᠡᠯᠲᠡ ᠬᠥᠭᠵᠢᠭᠦᠯᠦᠯᠲᠡ ᠶᠢᠨ ᠪᠡᠷᠬᠡ ᠬᠠᠲᠠᠭᠤᠵᠢᠯᠲᠠᠢ ᠪᠥᠭᠡᠳ | ᠨᠦᠰᠡᠷ ᠬᠦᠨᠳᠦ ᠡᠭᠦᠷᠭᠡ ᠶᠢᠨ ᠡᠮᠦᠨ᠎ᠡ᠂ ᠪᠢᠳᠡ ᠠᠷᠠᠳ ᠤᠨ ᠵᠠᠰᠠᠭ ᠤᠨ ᠣᠷᠳᠣᠨ ᠤ ᠠᠷᠠᠳ ᠲᠦᠮᠡᠨ ᠤ ᠲᠥᠯᠥᠭᠡ | ᠦᠢᠯᠡᠴᠢᠯᠡᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠵᠦ᠂ | ᠰᠢᠷᠭᠠᠭᠤ ᠬᠠᠲᠠᠭᠤᠵᠢᠯᠲᠠᠢ ᠠᠵᠢᠯᠯᠠᠵᠤ᠂ ᠰᠢᠨ᠎ᠡ ᠠᠶᠠᠨ ᠵᠠᠮ ᠳᠠᠭᠠᠨ ᠰᠢᠯᠢᠳᠡᠭ ᠰᠢᠯᠭᠠᠯᠲᠠ ᠶᠢᠨ ᠬᠠᠭᠤᠳᠠᠰᠤ ᠶᠢ | ᠲᠤᠰᠢᠶᠠᠨ᠎ᠠ᠃ | ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ | ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠠᠯᠢᠪᠠ ᠠᠵᠢᠯ ᠢ ᠤᠯᠤᠰ | ᠲᠦᠷᠦ ᠶᠢᠨ ᠲᠠᠯ᠎ᠠ ᠠᠴᠠ ᠪᠣᠳᠣᠯᠬᠢᠯᠠᠬᠤ᠂ ᠶᠡᠭᠡ ᠲᠠᠯ᠎ᠠ ᠶᠢᠨ ᠳᠣᠣᠷ᠎ᠠ ᠠᠵᠢᠯᠯᠠᠬᠤ ᠶᠢ ᠪᠠᠷᠢᠮᠲᠠᠯᠠᠵᠤ᠂ ᠨᠠᠮ ᠤᠨ ᠲᠥᠪ | ᠬᠤᠷᠢᠶᠠᠨ ᠤ ᠵᠣᠷᠢᠭ ᠰᠠᠨᠠᠭ᠎ᠠ ᠶᠢ ᠨᠡᠪᠲᠡᠷᠬᠡᠢ ᠣᠶᠢᠯᠠᠭᠠᠭᠰᠠᠨ ᠤᠷᠢᠲᠠᠯ ᠳᠣᠣᠷ᠎ᠠ ᠠᠵᠢᠯ ᠢᠶᠠᠨ ᠥᠷᠨᠢᠭᠦᠯᠬᠦ | ᠳᠠᠳᠬᠠᠯ ᠢ ᠤᠬᠠᠮᠰᠠᠷ ᠠᠴᠠ ᠪᠠᠨ ᠪᠤᠢ ᠪᠣᠯᠭᠠᠵᠤ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ᠂ ᠵᠠᠷᠯᠢᠭ | ᠴᠠᠭᠠᠵᠠ ᠶᠢ ᠲᠠᠭᠠᠬᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠴᠢᠩᠭᠠᠳᠬᠠᠨ᠎ᠠ᠃ ᠪᠢᠳᠡ ᠳᠡᠭᠡᠳᠦ ᠳᠣᠣᠷᠠᠳᠤ | ᠱᠠᠲᠤ ᠪᠠᠷ ᠢᠶᠠᠨ ᠰᠡᠳᠬᠢᠯ ᠢᠶᠠᠨ ᠨᠢᠭᠡᠳᠬᠡᠵᠦ᠂ ᠪᠦᠬᠦ ᠬᠦᠴᠦᠨ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ | ︽ᠳᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠠᠷᠭ᠎ᠠ ᠪᠤᠳᠤᠵᠦ᠂ ᠪᠣᠳᠠᠲᠠᠢ ᠠᠷᠭ᠎ᠠ ᠬᠡᠮᠵᠢᠶ᠎ᠡ ᠠᠪᠴᠤ | ᠪᠠᠶᠢᠭᠠᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ | ᠠᠵᠢᠯᠯᠠᠬᠤ ᠶᠢ ᠢᠯᠡ ᠲᠣᠳᠣ ᠰᠠᠭᠤᠷᠢ ᠥᠩᠭᠡ ᠪᠣᠯᠭᠠᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ | ᠤᠳᠠᠭᠠᠨ︾ ᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ | ᠲᠥᠰᠥᠪ ᠪᠠ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠠᠷᠢᠨ ᠨᠢᠭᠲᠠ ᠲᠥᠯᠥᠪᠯᠡᠨ ᠪᠤᠳᠤᠵᠤ᠂ ᠠᠷᠪᠢᠯᠠᠨ ᠭᠠᠮᠨᠠᠵᠤ ᠠᠷᠠᠳ ᠢ | ᠪᠠᠶᠠᠵᠢᠭᠤᠯᠵᠤ᠂ ᠠᠷᠠᠳ ᠤᠨ ᠵᠠᠰᠠᠭ ᠤᠨ ᠣᠷᠳᠣᠨ ᠤ ︽ᠭᠠᠮᠲᠠᠢ ᠠᠮᠢᠳᠤᠷᠠᠯ︾ ᠢᠶᠠᠷ ᠠᠷᠠᠳ ᠤᠯᠠᠨ ᠤ ︽ᠰᠠᠶᠢᠨ | ᠠᠮᠢᠳᠤᠷᠠᠯ︾ ᠢ ᠰᠣᠯᠢᠵᠤ ᠠᠪᠴᠢᠷᠠᠨ᠎ᠠ᠃ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠪᠠ᠃ ᠰᠢ ᠶᠢᠨ ᠫᠢᠩ | ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠪᠣᠯᠣᠨ | ᠲᠡᠰ ᠳᠠᠷᠠᠭᠠᠯᠠᠯ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠭᠦᠨᠵᠡᠭᠡᠶᠢᠷᠡᠭᠦᠯᠵᠦ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠡᠷᠬᠡ ᠶᠢᠨ ᠲᠣᠳᠣᠷᠬᠠᠢ ᠬᠠᠭᠤᠳᠠᠰᠤ᠂ | ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠬᠠᠤᠯᠢ ᠶᠣᠰᠣᠭᠠᠷ ᠪᠦᠬᠦ ᠲᠠᠯ᠎ᠠ ᠪᠠᠷ ᠢᠯᠡ ᠪᠣᠯᠭᠠᠵᠤ᠂ ᠡᠷᠬᠡ ᠶᠢᠨ | ᠠᠵᠢᠯᠯᠠᠭᠠᠨ ᠢ ᠢᠯᠡ ᠪᠠᠷ ᠶᠠᠪᠤᠭᠳᠠᠭᠤᠯᠤᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠴᠢᠩᠭᠠᠳᠬᠠᠨ᠎ᠠ᠃ ᠠᠵᠢᠯ ᠤᠨ ᠪᠦᠲᠦᠮᠵᠢ ᠶᠢᠨ ᠲᠤᠬᠠᠢ | ᠵᠥᠪ ᠦᠵᠡᠯᠲᠡ ᠪᠠ ᠡᠷᠬᠡ ᠶᠢᠨ ᠲᠤᠬᠠᠢ ᠦᠵᠡᠯᠲᠡ ᠶᠢ ᠪᠤᠢ ᠪᠣᠯᠭᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠨᠢᠭᠡ ᠮᠥᠴᠡ ᠴᠦ | ᠵᠣᠭᠰᠣᠯ ᠦᠭᠡᠢ ᠲᠦᠯᠬᠢᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ | ᠪᠤᠢ ᠪᠣᠯᠭᠠᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠡᠳ᠋ ᠤᠨ | ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠬᠢᠨᠠᠨ ᠪᠣᠳᠣᠯᠲᠠ ᠶᠢ ᠨᠡᠶᠢᠳᠡᠮ ᠪᠦᠷᠬᠦᠭᠦᠯᠬᠦ ᠶᠢᠨ | ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ | ᠲᠥᠯᠥᠭᠡᠯᠡᠭᠴᠢᠳ ᠠ᠋᠂ ᠡᠭᠦᠷᠭᠡ ᠬᠠᠷᠢᠭᠤᠴᠠᠯᠭ᠎ᠠ ᠪᠠᠷ ᠬᠥᠲᠥᠯᠥᠨ ᠤᠷᠤᠭᠰᠢᠯᠠᠭᠤᠯᠵᠤ᠂ ᠲᠡᠮᠡᠴᠡᠯ ᠢᠶᠠᠷ | ᠢᠷᠡᠭᠡᠳᠦᠢ ᠪᠠᠨ ᠡᠭᠦᠳᠦᠨ ᠨᠡᠭᠡᠭᠡᠶ᠎ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠣᠳᠣᠬᠢᠴᠢᠯᠠᠭᠰᠠᠨ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠪᠦᠭᠦ ᠲᠠᠯ᠎ᠠ ᠪᠠᠷ ᠪᠠᠶᠢᠭᠤᠯᠬᠤ ᠶᠢᠨ ᠲᠥᠯᠥᠭᠡ ᠴᠢᠷᠮᠠᠶᠢᠨ | ᠲᠡᠮᠡᠴᠡᠵᠡᠭᠡᠶ᠎ᠡ︕ | |