4 ᠰᠠᠷ᠎ᠠ ᠶᠢᠨ 21 ᠤ ᠡᠳᠦᠷ᠂︽ᠡᠷᠡᠭᠦᠯ ᠡᠩᠬᠡ ᠳᠤᠮᠳᠠᠳᠤ ᠤᠯᠤᠰ ᠤᠨ 2023 ᠣᠨ ᠤ ᠭᠤᠣᠯ | ᠰᠡᠳᠦᠪᠲᠦ ᠬᠤᠷᠠᠯ ᠵᠢᠴᠢ ᠡᠷᠡᠭᠦᠯ ᠡᠩᠬᠡ ᠳᠤᠮᠳᠠᠳᠤ ᠤᠯᠤᠰ ᠤᠨ 2022 ᠣᠨ ᠤ ᠬᠥᠮᠥᠰ ᠲᠤ ᠬᠦᠨᠳᠦᠳᠬᠡᠯ | ᠳᠡᠪᠰᠢᠭᠦᠯᠦᠶ᠎ᠡ︾ᠭᠡᠬᠦ ᠦᠪᠡᠳᠡᠭᠰᠢ ᠶᠣᠰᠣᠯᠠᠯ ᠪᠡᠭᠡᠵᠢᠩ ᠳᠤ ᠶᠠᠪᠤᠭᠳᠠᠪᠠ᠃ᠲᠤᠬᠠᠢ ᠶᠢᠨ ᠲᠠᠯᠠᠪᠠᠢ ᠳᠤ︽ᠡᠷᠡᠭᠦᠯ ᠡᠩᠬᠡ | ᠳᠤᠮᠳᠠᠳᠤ ᠤᠯᠤᠰ ᠤᠨ 2022 ᠣᠨ ᠤ ᠬᠥᠮᠥᠰ︾᠂︽ᠡᠷᠡᠭᠦᠯ ᠡᠩᠬᠡ ᠳᠤᠮᠳᠠᠳᠤ ᠤᠯᠤᠰ ᠤᠨ 2022 ᠣᠨ ᠤ | ᠬᠠᠮᠤᠭ ᠤᠨ ᠭᠤᠶᠤ ᠦᠢᠯᠡᠳᠦᠯᠭᠡᠵᠢᠭᠦᠯᠦᠭᠴᠢ︾ᠵᠢᠴᠢ ︽ᠡᠷᠡᠭᠦᠯ ᠡᠩᠬᠡ ᠳᠤᠮᠳᠠᠳᠤ ᠤᠯᠤᠰ ᠤᠨ 2022 ᠣᠨ ᠤ | ᠠᠵᠤ ᠦᠢᠯᠡᠰ ᠤᠨ ᠬᠥᠮᠥᠰ︾ ᠢ ᠨᠡᠶᠢᠲᠡᠯᠡᠪᠡ᠃ | | ︽ᠪᠥᠬᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾ ᠬᠦᠷᠲᠡᠭᠴᠢ᠂ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠥᠩ ᠨᠠᠨ ᠱᠠᠨ᠂ ︽ᠠᠷᠠᠳ ᠤᠨ ᠪᠠᠭᠠᠲᠤᠷ︾ ᠤᠯᠤᠰ ᠤᠨ | ᠢᠷᠠᠭᠤ ᠠᠯᠳᠠᠷ ᠤᠨ ᠴᠣᠯᠠ ᠬᠦᠷᠲᠡᠭᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ | ᠵᠠᠩ ᠪᠥᠸᠧ ᠯᠢ᠂ ᠬᠤᠪᠧᠢ ᠮᠤᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠵᠠᠩ ᠳ᠋ᠢᠩ ᠢᠦᠢ᠂ ᠲᠥᠪ ᠤᠨ ᠲᠧᠯᠸᠢᠰ ᠬᠤᠷᠢᠶᠠᠨ ᠤ ᠬᠥᠲᠥᠯᠥᠭᠴᠢ ᠪᠠᠢ ᠶᠠᠨ ᠰᠥᠩ ᠵᠡᠷᠭᠡ 9 ᠬᠥᠮᠥᠨ ︽ | ᠡᠷᠡᠭᠦᠯ ᠡᠩᠬᠡ ᠳᠤᠮᠳᠠᠳᠤ ᠤᠯᠤᠰ ᠤᠨ 2022 ᠣᠨ ᠤ ᠬᠥᠮᠥᠨ︾ ᠢ ᠢᠷᠠᠭᠤ ᠠᠯᠳᠠᠷᠲᠠᠢ ᠪᠠᠷ ᠭᠥᠷᠳᠡᠪᠡ︔ᠵᠧᠨ | ᠤᠣ ᠱᠤᠸᠠᠩ ᠳ᠋ᠢ ᠠᠵᠢᠯ ᠦᠢᠯᠡᠰ ᠤᠨ ᠡᠭᠦᠳᠦᠨ ᠪᠠᠶᠢᠭᠤᠯᠤᠭᠴᠢ᠂ ᠨᠡᠷ᠎ᠡ ᠬᠦᠨᠳᠦᠲᠦ ᠬᠡᠷᠡᠭ ᠮᠡᠳᠡᠭᠴᠢᠳ ᠤᠨ | ᠳᠠᠷᠤᠭ᠎ᠠ ᠴᠧᠨ ᠢᠦᠢ ᠰᠥᠩ᠂ ᠳᠤᠮᠳᠠᠳᠤ ᠤᠯᠤᠰ ᠤᠨ ᠳᠠᠪᠤᠰᠤᠨ ᠤ ᠦᠢᠯᠡᠰ ᠤᠨ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠶᠣᠣ ᠴᠢᠶᠠᠩ ᠵᠡᠷᠭᠡ 4 | ᠬᠥᠮᠥᠨ ︽ᠡᠷᠡᠭᠦᠯ ᠡᠩᠬᠡ ᠳᠤᠮᠳᠠᠳᠤ ᠤᠯᠤᠰ ᠤᠨ 2022 ᠣᠨ ᠤ ᠠᠵᠤ ᠦᠢᠯᠡᠰ ᠤᠨ ᠬᠥᠮᠥᠨ︾ ᠢ ᠢᠷᠠᠭᠤ | ᠠᠯᠳᠠᠷᠲᠠᠢ ᠪᠠᠷ ᠭᠥᠷᠳᠡᠪᠡ︔ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ | ᠫᠷᠤᠹᠥᠰᠰᠤᠷ ᠡᡁᠦᠶᠢᠸ᠋ᠸ ᠶᠦᠩ᠂ ᠲᠢᠶᠠᠨᠵᠢᠨ ᠬᠤᠳᠠ ᠶᠢᠨ ᠪᠢᠨᠬᠠᠢ ᠰᠢᠨ᠎ᠡ ᠲᠣᠭᠤᠷᠢᠭ ᠤᠨ ᠬᠠᠨᠬᠦ᠋ ᠵᠡᠭᠡᠯᠢ ᠶᠢᠨ | ᠰᠢᠶᠣᠣ ᠮᠠ ᠰᠢᠶᠠ ᠬᠦ᠋ ᠲᠣᠰᠬᠤᠨ ᠤ ᠠᠷᠠᠳ ᠤᠨ ᠵᠥᠪᠯᠡᠯ ᠤᠨ ᠨᠠᠮ ᠤᠨ ᠡᠭᠦᠷ ᠤᠨ ᠱᠦᠵᠢ ᠯᠢ ᠰᠢᠶᠣᠣ ᠳ᠋ᠢᠶᠠᠨ | ᠵᠡᠷᠭᠡ 29 ᠬᠥᠮᠥᠨ︽ᠡᠷᠡᠭᠦᠯ ᠡᠩᠬᠡ ᠳᠤᠮᠳᠠᠳᠤ ᠤᠯᠤᠰ ᠤᠨ 2022 ᠣᠨ ᠤ ᠬᠠᠮᠤᠭ ᠤᠨ ᠭᠤᠶᠤ | ᠦᠢᠯᠡᠳᠦᠯᠭᠡᠵᠢᠭᠦᠯᠦᠭᠴᠢ︾ ᠶᠢ ᠬᠦᠷᠲᠡᠵᠡᠢ᠃ | | ᠣᠶᠢᠯᠠᠭᠠᠭᠰᠠᠨ ᠢᠶᠠᠷ᠂ ᠡᠷᠡᠭᠦᠯ ᠡᠩᠬᠡ ᠳᠤᠮᠳᠠᠳᠤ ᠤᠯᠤᠰ ᠤᠨ 2022 ᠣᠨ ᠤ ᠬᠥᠮᠥᠰ ᠲᠤ | ᠬᠦᠨᠳᠦᠳᠬᠡᠯ ᠳᠡᠪᠰᠢᠭᠦᠯᠬᠦ ᠦᠪᠡᠳᠡᠭᠰᠢ ᠶᠣᠰᠣᠯᠠᠯ ᠡᠷᠭᠢᠯᠡᠵᠦ᠂ ︽︿ᠡᠷᠡᠭᠦᠯ ᠡᠩᠬᠡ ᠳᠤᠮᠳᠠᠳᠤ ᠤᠯᠤᠰ 2030﹀ | ᠲᠥᠯᠦᠪᠵᠢᠭᠦᠯᠭᠡ ᠶᠢᠨ ᠬᠥᠲᠥᠯᠪᠦᠷᠢ︾ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019 — | 2030 ᠣᠨ︶︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠷᠡᠭᠦᠯ ᠡᠩᠬᠡ ᠳᠤᠮᠳᠠᠳᠤ ᠤᠯᠤᠰ ᠤᠨ ᠬᠦᠷᠢᠶᠡᠨ ᠳᠠᠬᠢ ᠲᠡᠷᠢᠭᠦᠨ ᠤ ᠬᠥᠮᠥᠰ ᠪᠣᠯᠣᠨ | ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠤᠬᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢ ᠭᠦᠨᠵᠡᠭᠡᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ | ᠦᠯᠢᠭᠡᠷ ᠳᠠᠭᠤᠷᠢᠶᠠᠯ ᠤᠨ ᠬᠦᠴᠦᠨ ᠢᠶᠠᠷ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢ ᠭᠦᠨᠵᠡᠭᠡᠢ | ᠠᠬᠢᠭᠤᠯᠵᠤ᠂ ᠰᠢᠨ᠎ᠡ ᠴᠠᠭ ᠦᠶ᠎ᠡ ᠳᠤ ᠡᠷᠡᠭᠦᠯ ᠡᠩᠬᠡ ᠳᠤᠮᠳᠠᠳᠤ ᠤᠯᠤᠰ ᠤᠨ ᠪᠠᠶᠢᠭᠤᠯᠤᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ︽ᠬᠠᠷᠢᠭᠤᠴᠠᠯᠭᠠᠲᠤ ᠨᠠᠶᠢᠷᠠᠭᠤᠯᠤᠭᠴᠢ᠄ ᠯᠢ ᠨᠠᠨ︾ | |