ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠡ ᠳᠤ᠄ | ︽ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠲᠥᠰᠥᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 4 ᠰᠠᠷ᠎ᠠ ᠶᠢᠨ 14 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠲᠦᠰᠤᠯ | ︽ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ﹇2022﹈ 14 ᠳ᠋ᠤᠭᠡᠷ ᠲᠣᠭᠠᠲᠤ | ︶᠂ ︽ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠵᠦᠭᠯᠡᠭᠦᠷ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇2022﹈ 102 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠪᠠᠷᠢᠮᠵᠢᠶ᠎ᠠ ᠨᠢ ᠨᠢᠭᠡᠳᠦᠯᠲᠡᠢ᠂ ᠪᠠᠶᠢᠷᠢᠰᠢᠯ ᠨᠢ | ᠵᠦᠢ ᠵᠣᠬᠢᠰᠲᠠᠢ᠂ ᠬᠠᠮᠢᠶᠠᠷᠤᠯᠲᠠ ᠨᠢ ᠬᠠᠮᠵᠢᠯᠴᠠᠭᠰᠠᠨ᠂ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠪᠥᠬᠦ | ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮᠵᠢ ᠶᠢ ᠡᠮᠬᠢᠯᠡᠨ | ᠨᠡᠶᠢᠯᠡᠭᠦᠯᠵᠦ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ | ᠲᠥᠰᠥᠯ ᠢ ᠲᠣᠭᠲᠠᠭᠠᠨ᠎ᠠ᠃ | ᠨᠢᠭᠡ᠂ ᠨᠢᠭᠡᠳᠦᠯᠲᠡᠢ ᠲᠥᠯᠥᠪᠯᠡᠨ ᠬᠠᠮᠢᠶᠠᠷᠬᠤ ᠶᠢ ᠨᠢᠭᠡ ᠴᠣᠭᠴᠠᠵᠢᠭᠤᠯᠬᠤ ᠶᠢ ᠲᠦᠯᠬᠢᠨ ᠠᠬᠢᠭᠤᠯᠤᠨ᠎ᠠ | ︵ᠨᠢᠭᠡ︶ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ | ᠶᠠᠪᠤᠳᠠᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠡᠳ᠋ᠰᠢᠭᠦᠯᠬᠦ᠂ ᠬᠠᠮᠲᠤᠪᠠᠷ ᠭᠥᠷᠳᠡᠬᠦ᠂ ᠨᠡᠭᠡᠭᠡᠬᠦ᠂ ᠬᠡᠷᠡᠭᠯᠡᠬᠦ᠂ | ᠠᠮᠤᠷ ᠲᠦᠪᠰᠢᠨ᠂ ᠬᠠᠳᠠᠭᠠᠯᠠᠬᠤ᠂ ᠲᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ᠂ | ᠵᠢᠯᠤᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠨ᠎ᠠ᠃︵ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠣᠰ ᠰᠠᠯᠠᠭ᠎ᠠ ᠮᠥᠴᠢᠷ᠂ ᠲᠣᠰ ᠠᠵᠢᠯ ᠲᠥᠷᠥᠯ ᠤᠨ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠶᠢ ᠬᠠᠷᠢᠭᠤᠴᠠᠨ᠎ᠠ᠃ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠲᠣᠳᠣᠷᠬᠠᠢ | ᠣᠶᠢᠯᠠᠭᠠᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠲᠤᠭ᠎ᠠ ᠪᠠᠷᠢᠮᠲᠠ ᠶᠢᠨ ᠲᠠᠪᠴᠠᠩ ᠳᠤ ᠲᠦᠰᠢᠭᠯᠡᠨ | ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠬᠡᠷᠡᠭᠯᠡᠬᠦ ᠶᠢ | ᠥᠷᠨᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠰᠣᠯᠢᠯᠴᠠᠬᠤ | ᠨᠡᠪᠲᠡᠷᠡᠬᠦ ᠵᠠᠮ ᠢ ᠠᠰᠲᠠᠭᠠᠨ ᠪᠠᠶᠢᠭᠤᠯᠵᠤ ᠪᠣᠯᠬᠤ ᠦᠭᠡᠢ᠂ ᠨᠢᠭᠡᠨᠲᠡ ᠪᠠᠶᠢᠭ᠎ᠠ ᠨᠡᠪᠲᠡᠷᠡᠬᠦ ᠵᠠᠮ ᠢ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠲᠤᠭ᠎ᠠ ᠪᠠᠷᠢᠮᠲᠠ ᠶᠢᠨ ᠲᠠᠪᠴᠠᠩ ᠤᠨ ᠬᠠᠮᠲᠤᠪᠠᠷ ᠭᠥᠷᠳᠡᠵᠦ | ᠰᠣᠯᠢᠯᠴᠠᠬᠤ ᠰᠢᠰᠲ᠋ᠧᠮ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ ᠡᠯ᠎ᠡ ᠠᠶᠢᠮᠠᠭ ᠤᠨ ᠬᠤᠲᠠ ᠶᠢᠨ ᠶᠠᠪᠤᠳᠠᠯ ᠤᠨ ᠲᠤᠭ᠎ᠠ | ᠪᠠᠷᠢᠮᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠵᠠᠰᠠᠭ ᠤᠨ ᠶᠠᠪᠤᠳᠠᠯ ᠤᠨ | ᠲᠤᠭ᠎ᠠ ᠪᠠᠷᠢᠮᠲᠠ ᠶᠢᠨ ᠭᠠᠷᠴᠠᠭ ᠢ ᠲᠠᠨᠢᠵᠤ ᠠᠪᠬᠤ ᠪᠠ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠢ | ᠲᠥᠯᠥᠪᠯᠡᠬᠦ ᠶᠢ ᠬᠠᠷᠢᠭᠤᠴᠠᠵᠤ᠂ ᠬᠡᠷᠡᠭᠴᠡᠭᠡ ᠶᠣᠰᠣᠭᠠᠷ ᠲᠣᠰ ᠭᠠᠵᠠᠷ ᠣᠷᠣᠨ ᠤ ᠲᠤᠭ᠎ᠠ ᠪᠠᠷᠢᠮᠲᠠ ᠶᠢ | ᠴᠤᠭᠯᠠᠭᠤᠯᠵᠤ᠂ ᠣᠷᠣᠨ ᠪᠦᠰᠡ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠲᠤᠭ᠎ᠠ ᠪᠠᠷᠢᠮᠲᠠ ᠶᠢ | ᠬᠠᠮᠲᠤᠪᠠᠷ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠴᠢᠩᠭᠠᠳᠬᠠᠬᠤ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠬᠤᠶᠠᠷ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤᠪᠠᠷ ᠭᠥᠷᠳᠡᠬᠦ ᠶᠢ ᠵᠣᠬᠢᠴᠠᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ | ᠣᠷᠣᠨ ᠤ ᠵᠠᠰᠠᠭ ᠤᠨ ᠶᠠᠪᠤᠳᠠᠯ ᠤᠨ ᠲᠤᠭ᠎ᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠵᠠᠰᠠᠭ ᠤᠨ | ᠶᠠᠪᠤᠳᠠᠯ ᠤᠨ ᠳ᠋ᠠᠶᠢᠲ᠋ᠠ ᠶᠢ ᠬᠠᠮᠲᠤᠪᠠᠷ ᠭᠥᠷᠳᠡᠬᠦ ᠴᠢᠬᠤᠯᠠ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ | ᠰᠤᠳᠤᠯᠤᠨ ᠲᠣᠭᠲᠠᠭᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠬᠠᠤᠯᠢ ᠲᠣᠭᠲᠠᠭᠠᠯ ᠤᠨ ᠳᠦᠷᠢᠮ᠂ | ᠪᠠᠷᠢᠮᠵᠢᠶ᠎ᠠ ᠶᠢᠨ ᠵᠢᠷᠤᠮᠵᠢᠯ᠂ ᠠᠮᠤᠷ ᠲᠦᠪᠰᠢᠨ ᠤ ᠲᠣᠭᠲᠠᠴᠠ ᠶᠢᠨ ᠪᠠᠶᠢᠭᠤᠯᠤᠯᠲᠠ ᠪᠠ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠲᠣᠮᠣ ᠳ᠋ᠠᠶᠢᠲ᠋ᠠ ᠶᠢᠨ ᠰᠢᠰᠲ᠋ᠧᠮᠵᠢ ᠪᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠣᠭᠠᠴᠢᠯᠠᠭᠰᠠᠨ ᠵᠠᠰᠠᠭ ᠤᠨ | ᠣᠷᠳᠣᠨ ᠤ ᠪᠠᠶᠢᠭᠤᠯᠤᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃︵ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ ᠡᠯ᠎ᠡ | ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠳ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ | ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤᠪᠠᠷ ᠭᠥᠷᠳᠡᠬᠦ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠬᠠᠮᠢᠶᠠᠷᠤᠯᠲᠠ ᠶᠢᠨ ᠪᠠᠶᠢᠭᠤᠯᠤᠮᠵᠢ ᠪᠠ ᠭᠤᠣᠯ ᠪᠣᠯᠬᠤ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤᠪᠠᠷ ᠭᠥᠷᠳᠡᠬᠦ ᠶᠢ ᠵᠣᠬᠢᠴᠠᠭᠤᠯᠬᠤ ᠨᠢ ᠬᠦᠴᠦᠲᠡᠢ᠂ | ᠡᠭᠦᠷᠭᠡ ᠬᠠᠷᠢᠭᠤᠴᠠᠯᠭ᠎ᠠ ᠨᠢ ᠲᠣᠳᠣᠷᠬᠠᠢ᠂ ᠠᠵᠢᠯᠯᠠᠭᠠᠨ ᠨᠢ ᠤᠷᠤᠭᠰᠢᠲᠠᠢ᠂ ᠬᠠᠮᠢᠶᠠᠷᠤᠯᠲᠠ ᠨᠢ ᠵᠢᠷᠤᠮᠵᠢᠯ ᠲᠠᠢ᠂ | ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ ᠰᠢᠰᠲ᠋ᠧᠮ ᠤᠨ ᠦᠵᠡᠯᠲᠡ ᠶᠢ | ᠪᠠᠷᠢᠮᠲᠠᠯᠠᠵᠤ᠂ ᠨᠢᠭᠡ ᠴᠣᠭᠴᠠᠵᠢᠭᠤᠯᠤᠨ ᠪᠠᠶᠢᠷᠢᠰᠢᠭᠤᠯᠵᠤ᠂ ᠪᠦᠬᠦᠯᠢ ᠴᠣᠭᠴᠠ ᠶᠢᠨ ᠴᠢᠨᠠᠷᠲᠠᠢ ᠪᠠᠷ ᠠᠬᠢᠭᠤᠯᠵᠤ᠂ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠡᠳ᠋ᠰᠢᠭᠦᠯᠬᠦ᠂ ᠬᠠᠮᠲᠤᠪᠠᠷ ᠭᠥᠷᠳᠡᠬᠦ᠂ ᠨᠡᠭᠡᠭᠡᠯᠲᠡ | ᠬᠢᠬᠦ᠂ ᠬᠡᠷᠡᠭᠯᠡᠬᠦ᠂ ᠠᠮᠤᠷ ᠲᠦᠪᠰᠢᠨ᠂ ᠬᠠᠳᠠᠭᠠᠯᠠᠬᠤ᠂ ᠲᠠᠩᠰᠠ ᠡᠪᠬᠡᠮᠡᠯ ᠳᠤ ᠣᠷᠣᠭᠤᠯᠬᠤ ᠡᠯ᠎ᠡ ᠭᠤᠭᠴᠣᠭᠠᠨ ᠤ | ᠪᠥᠬᠦ ᠶᠠᠪᠤᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷᠴᠠᠭ ᠤᠨ ᠬᠠᠮᠢᠶᠠᠷᠤᠯᠲᠠ᠂ ᠲᠤᠭ᠎ᠠ ᠪᠠᠷᠢᠮᠲᠠ ᠶᠢ | ᠴᠤᠭᠯᠠᠭᠤᠯᠬᠤ᠂ ᠲᠤᠭ᠎ᠠ ᠪᠠᠷᠢᠮᠲᠠ ᠶᠢ ᠵᠠᠰᠠᠬᠤ᠂ ᠲᠣᠮᠣ ᠲᠤᠭ᠎ᠠ ᠪᠠᠷᠢᠮᠲᠠ ᠶᠢ ᠵᠠᠳᠠᠯᠬᠤ᠂ ᠠᠮᠤᠷ ᠲᠦᠪᠰᠢᠨ ᠢ | ᠰᠡᠷᠭᠡᠶᠢᠯᠡᠨ ᠬᠠᠮᠠᠭᠠᠯᠠᠬᠤ ᠵᠡᠷᠭᠡ ᠴᠢᠳᠠᠪᠤᠷᠢ ᠶᠢ ᠦᠨᠳᠦᠰᠦᠨ ᠳᠡᠭᠡᠨ ᠪᠦᠷᠢᠯᠳᠦᠭᠦᠯᠦᠭᠰᠡᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠲᠣᠮᠣ ᠲᠤᠭ᠎ᠠ ᠪᠠᠷᠢᠮᠲᠠ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠠᠴᠠ ᠬᠠᠷᠢᠭᠤᠴᠠᠵᠤ᠂ 2023 ᠣᠨ ᠤ ᠵᠢᠯ ᠤᠨ | ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ᠬᠤᠶᠠᠷ᠂ ᠲᠤᠭ᠎ᠠ ᠪᠠᠷᠢᠮᠲᠠ ᠶᠢᠨ ᠭᠠᠷᠴᠠᠭ ᠢ ᠨᠢᠭᠡ ᠴᠣᠭᠴᠠᠵᠢᠭᠤᠯᠬᠤ ᠶᠢ ᠠᠬᠢᠭᠤᠯᠤᠨ᠎ᠠ | ︵ᠭᠤᠷᠪᠠ︶ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠭᠠᠷᠴᠠᠭ ᠢ ᠪᠥᠬᠦ ᠬᠡᠮᠵᠢᠶ᠎ᠡ ᠪᠠᠷ | ᠨᠠᠶᠢᠷᠠᠭᠤᠯᠤᠨ ᠵᠣᠬᠢᠶᠠᠨ᠎ᠠ᠃ ᠪᠦᠬᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠶᠢᠨ ᠭᠠᠷᠴᠠᠭ ᠤᠨ ᠰᠢᠰᠲ᠋ᠧᠮ ᠢ ᠪᠦᠬᠦ ᠣᠷᠣᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ | ᠭᠠᠷᠴᠠᠭ ᠢ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠪᠦᠬᠦ ᠲᠠᠯ᠎ᠠ | ᠪᠠᠷ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ — ᠠᠶᠢᠮᠠᠭ ᠬᠤᠲᠠ — ᠬᠤᠰᠢᠭᠤ ᠰᠢᠶᠠᠨ ︵ᠬᠤᠲᠠ᠂ | ᠲᠣᠭᠤᠷᠢᠭ︶ — ᠰᠤᠮᠤ ᠰᠢᠶᠠᠩ ᠪᠠᠯᠭᠠᠰᠤ ᠵᠡᠷᠭᠡ ᠳᠡᠰ ᠳᠠᠪᠬᠤᠷᠭ᠎ᠠ ᠶᠢ ᠬᠠᠮᠤᠷᠤᠭᠰᠠᠨ ᠪᠦᠬᠦ ᠣᠷᠣᠨ ᠤ ᠨᠢᠭᠡ | ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠭᠠᠷᠴᠠᠭ ᠢ ᠪᠠᠶᠢᠭᠤᠯᠵᠤ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ | ᠠᠵᠢᠯ ᠤᠨ ᠵᠢᠷᠤᠮᠵᠢᠭᠰᠠᠨ ᠪᠣᠯᠪᠠᠰᠤᠷᠠᠭᠤᠯᠤᠯ ᠢ ᠴᠢᠩᠭᠠᠳᠬᠠᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠶᠢᠨ ︽ᠨᠢᠭᠡ ᠲᠠᠩᠰᠠ︾ ᠶᠢ ᠪᠣᠶ ᠪᠣᠯᠭᠠᠵᠤ᠂ ᠱᠠᠲᠤ ᠲᠠᠰ ᠠᠯᠤᠰᠯᠠᠭᠰᠠᠨ᠂ ᠣᠷᠣᠨ ᠪᠦᠰᠡ | ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ ᠠᠵᠢᠯ | ᠠᠯᠤᠰᠯᠠᠭᠰᠠᠨ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠭᠦᠢᠯᠭᠡᠭᠡᠬᠦ ᠪᠠ ᠬᠠᠮᠲᠤᠪᠠᠷ ᠭᠥᠷᠳᠡᠵᠦ ᠬᠡᠷᠡᠭᠯᠡᠬᠦ ᠶᠢ | ᠲᠤᠯᠭᠠᠭᠤᠷᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠠᠴᠠ ᠬᠠᠷᠢᠭᠤᠴᠠᠵᠤ᠂ | 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ ᠡᠯ᠎ᠡ ᠠᠶᠢᠮᠠᠭ ᠤᠨ ᠬᠤᠲᠠ ᠶᠢᠨ | ᠶᠠᠪᠤᠳᠠᠯ ᠤᠨ ᠳ᠋ᠠᠶᠢᠲ᠋ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠬᠢᠨᠠᠨ ᠬᠠᠷᠭᠤᠭᠤᠯᠬᠤ᠂ ᠬᠤᠷᠢᠶᠠᠩᠭᠤᠶᠢᠯᠠᠬᠤ᠂ ᠮᠡᠳᠡᠭᠦᠯᠦᠨ ᠬᠦᠷᠭᠡᠬᠦ ᠪᠠ | ᠨᠡᠶᠢᠲᠡᠯᠡᠬᠦ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠤᠨ ᠣᠷᠣᠯᠠᠬᠤ ᠨᠣᠮᠧᠷ ᠤᠨ | ᠳᠦᠷᠢᠮ᠂ ᠳ᠋ᠠᠶᠢᠲ᠋ᠠ ᠶᠢᠨ ᠡᠬᠢ ᠪᠠᠶᠠᠯᠢᠭ ᠢ ᠳ᠋ᠤᠭᠠᠷᠯᠠᠬᠤ ᠳᠦᠷᠢᠮ᠂ ᠠᠩᠬᠠᠨ ᠤ ᠳ᠋ᠠᠶᠢᠲ᠋ᠠ ᠶᠢᠨ ᠵᠢᠷᠤᠮᠵᠢᠯ ᠵᠡᠷᠭᠡ | ᠱᠠᠭᠠᠷᠳᠠᠯᠭ᠎ᠠ ᠶᠢ ᠦᠨᠳᠦᠰᠦᠯᠡᠨ᠂ ᠲᠣᠰ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ | ᠨᠠᠶᠢᠷᠠᠭᠤᠯᠤᠨ ᠵᠣᠬᠢᠶᠠᠬᠤ ᠶᠢᠨ ᠬᠢᠨᠠᠨ ᠬᠠᠷᠭᠤᠭᠤᠯᠬᠤ ᠶᠢ ᠴᠢᠩᠭᠠᠳᠬᠠᠬᠤ ᠬᠡᠷᠡᠭᠲᠡᠢ᠃ ︵ᠡᠯ᠎ᠡ ᠠᠶᠢᠮᠠᠭ ᠤᠨ | ᠬᠤᠲᠠ ᠶᠢᠨ ᠶᠠᠪᠤᠳᠠᠯ ᠤᠨ ᠲᠤᠭ᠎ᠠ ᠪᠠᠷᠢᠮᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ | 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ ᠥᠪᠡᠷᠲᠡᠭᠡᠨ ᠵᠠᠰᠠᠬᠤ ᠣᠷᠣᠨ ᠤ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠲᠣᠰ ᠠᠵᠢᠯ ᠲᠥᠷᠥᠯ ᠤᠨ ᠢᠶᠠᠨ ᠵᠠᠰᠠᠭ ᠤᠨ | ᠶᠠᠪᠤᠳᠠᠯ ᠤᠨ ᠲᠤᠭ᠎ᠠ ᠪᠠᠷᠢᠮᠲᠠ ᠶᠢᠨ ᠭᠠᠷᠴᠠᠭ ᠢ ᠡᠮᠬᠢᠯᠡᠬᠦ᠂ ᠤᠷᠢᠳᠴᠢᠯᠠᠨ ᠨᠠᠶᠢᠷᠠᠭᠤᠯᠬᠤ ᠶᠢ ᠬᠠᠷᠢᠭᠤᠴᠠᠨ᠎ᠠ᠃ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ︽ᠭᠤᠷᠪᠠ ᠶᠢ ᠲᠣᠭᠲᠠᠭᠠᠬᠤ︾ ᠲᠥᠰᠥᠯ ᠤᠨ | ᠶᠣᠰᠣᠭᠠᠷ ᠲᠤᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠪᠠ ᠭᠤᠣᠯ ᠪᠣᠯᠬᠤ | ᠲᠤᠬᠠᠶᠢᠯᠠᠭᠰᠠᠨ ᠠᠵᠢᠯ ᠢ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ ᠪᠣᠶ ᠪᠣᠯᠤᠭᠰᠠᠨ᠂ ᠴᠤᠭᠯᠠᠭᠤᠯᠤᠭᠰᠠᠨ ᠪᠠ ᠬᠠᠮᠢᠶᠠᠷᠤᠭᠰᠠᠨ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠭᠠᠷᠴᠠᠭ ᠤᠨ | ᠠᠭᠤᠯᠭ᠎ᠠ᠂ ᠲᠥᠷᠥᠯ ᠬᠤᠪᠢᠶᠠᠨ ᠲᠠᠰ ᠬᠤᠪᠢᠶᠠᠬᠤ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠶᠢᠨ ᠱᠠᠭᠠᠷᠳᠠᠯᠭ᠎ᠠ | ᠶᠣᠰᠣᠭᠠᠷ ᠪᠥᠬᠦ ᠬᠡᠮᠵᠢᠶ᠎ᠡ ᠪᠠᠷ ᠭᠠᠷᠴᠠᠭᠯᠠᠵᠤ᠂ ᠭᠠᠷᠴᠠᠭ ᠲᠠᠬᠢ ᠭᠤᠣᠯ ᠲᠤᠭ᠎ᠠ ᠪᠠᠷᠢᠮᠲᠠ᠂ ᠰᠡᠷᠭᠡᠭ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠳᠦᠷᠢᠮ ᠢ ᠲᠣᠳᠣᠷᠬᠠᠶᠢᠯᠠᠨ᠂ ᠠᠳᠠᠯᠢ ᠨᠢᠭᠡᠨ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠶᠢᠨ ᠭᠠᠷᠴᠠᠭ ᠬᠢᠭᠡᠳ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠲᠤᠭ᠎ᠠ | ᠪᠠᠷᠢᠮᠲᠠ ᠶᠢᠨ ᠭᠠᠷᠴᠠᠭ ᠲᠤ ᠠᠭᠤᠯᠤᠭᠳᠠᠵᠤ ᠪᠠᠶᠢᠭ᠎ᠠ ᠮᠡᠳᠡᠭᠡ ᠵᠠᠩᠭᠢ ᠶᠢ ᠦᠨᠳᠦᠰᠦᠨ ᠳᠡᠭᠡᠨ ᠨᠢᠭᠡᠳᠦᠯᠲᠡᠢ | ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ︵ᠳᠥᠷᠪᠡ︶ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠭᠠᠷᠴᠠᠭ ᠢ ᠵᠢᠷᠤᠮᠵᠢᠭᠤᠯᠤᠨ | ᠨᠠᠶᠢᠷᠠᠭᠤᠯᠤᠨ ᠵᠣᠬᠢᠶᠠᠨ᠎ᠠ᠃ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠭᠠᠷᠴᠠᠭ ᠢ ᠵᠠᠰᠠᠬᠤ ᠲᠤᠷᠰᠢᠯᠲᠠ ᠶᠢᠨ | ᠴᠡᠭ ᠤᠨ ᠠᠵᠢᠯ ᠢ ᠥᠷᠨᠢᠭᠦᠯᠵᠦ᠂ ᠤᠯᠤᠰ ᠠᠴᠠ ᠪᠠᠭᠤᠯᠭᠠᠭᠰᠠᠨ ᠲᠤᠷᠰᠢᠯᠲᠠ ᠶᠢᠨ ᠴᠡᠭ ᠤᠨ ᠡᠭᠦᠷᠭᠡ ᠶᠢ | ᠪᠡᠶᠡᠯᠡᠭᠦᠯᠦᠨ᠂ ᠲᠤᠭ᠎ᠠ ᠪᠠᠷᠢᠮᠲᠠ ᠶᠢᠨ ᠢᠷᠡᠯᠲᠡ ᠶᠢ ᠢᠯᠭᠠᠨ ᠲᠣᠳᠣᠯᠠᠬᠤ᠂ ᠲᠤᠭ᠎ᠠ ᠪᠠᠷᠢᠮᠲᠠ ᠶᠢ ᠲᠥᠷᠥᠯ | ᠬᠤᠪᠢᠶᠠᠨ ᠲᠠᠰ ᠬᠤᠪᠢᠶᠠᠬᠤ᠂ ︽ᠨᠢᠭᠡ ᠲᠤᠭ᠎ᠠ ᠨᠢᠭᠡ ᠢᠷᠡᠯᠲᠡ︾ ︽ᠭᠠᠷᠴᠠᠭ — ᠲᠤᠭ᠎ᠠ ᠪᠠᠷᠢᠮᠲᠠ︾ ᠶᠢ | ᠬᠤᠯᠪᠣᠭᠳᠠᠭᠤᠯᠬᠤ᠂ ︽ᠲᠤᠭ᠎ᠠ ᠪᠠᠷᠢᠮᠲᠠ — ᠰᠢᠰᠲ᠋ᠧᠮ︾ ᠢ ᠬᠤᠯᠪᠣᠭᠳᠠᠭᠤᠯᠬᠤ ᠵᠡᠷᠭᠡ ᠱᠠᠭᠠᠷᠳᠠᠯᠭ᠎ᠠ ᠶᠢᠨ | ᠪᠣᠳᠠᠲᠠᠢ ᠬᠡᠷᠡᠭᠵᠢᠭᠦᠯᠬᠦ ᠠᠷᠭ᠎ᠠ ᠵᠠᠮ ᠢ ᠰᠦᠪᠡᠭᠴᠢᠯᠡᠨ᠎ᠡ᠃︵ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠠᠮᠢ | ᠠᠬᠤᠢ ᠶᠢᠨ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠲᠣᠮᠣ | ᠳ᠋ᠠᠶᠢᠲ᠋ᠠ ᠶᠢᠨ ᠲᠥᠪ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠰᠠᠯᠠᠭ᠎ᠠ ᠮᠥᠴᠢᠷ ᠤᠳ ᠭᠠᠷᠴᠠᠭ ᠤᠨ ᠨᠠᠷᠢᠨ ᠬᠠᠭᠤᠳᠠᠰᠤᠴᠢᠯᠠᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ | ᠶᠣᠰᠣᠭᠠᠷ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠪᠣᠶ ᠪᠣᠯᠭᠠᠭᠰᠠᠨ ᠤ ᠳᠠᠷᠠᠭ᠎ᠠ ᠲᠤᠭ᠎ᠠ ᠪᠠᠷᠢᠮᠲᠠ ᠶᠢᠨ ᠡᠬᠢ | ᠰᠤᠷᠪᠤᠯᠵᠢ ᠶᠢ ᠢᠯᠭᠠᠨ ᠲᠣᠳᠣᠯᠠᠬᠤ᠂ ᠲᠤᠭ᠎ᠠ ᠪᠠᠷᠢᠮᠲᠠ ᠶᠢ ᠲᠥᠷᠥᠯ ᠬᠤᠪᠢᠶᠠᠨ ᠲᠠᠰ ᠬᠤᠪᠢᠶᠠᠬᠤ ᠵᠢᠴᠢ | ᠲᠣᠭᠲᠠᠭᠠᠯ ᠳᠤ ᠨᠡᠶᠢᠴᠡᠬᠦ ᠴᠢᠨᠠᠷ᠂ ᠠᠮᠤᠷ ᠲᠦᠪᠰᠢᠨ ᠴᠢᠨᠠᠷ᠂ ᠬᠡᠷᠡᠭᠯᠡᠵᠦ ᠪᠣᠯᠬᠤᠶᠢᠴᠠ ᠴᠢᠨᠠᠷ ᠢ ᠥᠪᠡᠰᠦᠪᠡᠨ | ᠪᠠᠶᠢᠴᠠᠭᠠᠬᠤ ᠶᠢ ᠥᠷᠨᠢᠭᠦᠯᠦᠨ᠎ᠡ᠃ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠳᠠᠩᠰᠠᠯᠠᠬᠤ ᠶᠢ ᠪᠡᠶᠡᠯᠡᠭᠦᠯᠵᠦ᠂ ︽ | ᠭᠠᠷᠴᠠᠭ — ᠲᠤᠭ᠎ᠠ ᠪᠠᠷᠢᠮᠲᠠ︾ ︽ᠲᠤᠭ᠎ᠠ ᠪᠠᠷᠢᠮᠲᠠ — ᠰᠢᠰᠲ᠋ᠧᠮ︾ ᠤᠨ ᠬᠤᠯᠪᠣᠭᠳᠠᠬᠤ ᠬᠠᠷᠢᠴᠠᠭ᠎ᠠ ᠶᠢ | ᠪᠠᠶᠢᠭᠤᠯᠤᠨ᠂ ᠲᠤᠭ᠎ᠠ ᠪᠠᠷᠢᠮᠲᠠ ᠶᠢᠨ ᠢᠷᠡᠯᠲᠡ ᠶᠢ ᠲᠣᠳᠣᠷᠬᠠᠶᠢᠯᠠᠵᠤ᠂ ᠲᠤᠭ᠎ᠠ ᠪᠠᠷᠢᠮᠲᠠ ᠶᠢ ᠳᠠᠬᠢᠨ ᠳᠠᠪᠲᠠᠨ | ᠴᠤᠭᠯᠠᠭᠤᠯᠬᠤ ᠠᠴᠠ ᠵᠠᠶᠢᠯᠠᠰᠬᠢᠵᠦ᠂ ᠲᠤᠭ᠎ᠠ ᠪᠠᠷᠢᠮᠲᠠ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠳᠤ ᠲᠥᠬᠦᠮ | ᠦᠵᠡᠭᠦᠯᠦᠨ᠂ ︽ᠨᠢᠭᠡ ᠲᠤᠭ᠎ᠠ ᠨᠢᠭᠡ ᠢᠷᠡᠯᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠨ | ᠬᠠᠷᠭᠤᠭᠤᠯᠤᠭᠠᠳ ᠬᠢᠷᠢ ᠲᠡᠩᠴᠡᠭᠰᠡᠨ ᠦᠭᠡᠢ ᠭᠠᠷᠴᠠᠭ ᠢ ᠪᠤᠴᠠᠭᠠᠨ ᠵᠠᠯᠠᠷᠠᠭᠤᠯᠵᠤ᠂ ᠭᠠᠷᠴᠠᠭ ᠢ ᠨᠠᠶᠢᠷᠠᠭᠤᠯᠤᠨ | ᠵᠣᠬᠢᠶᠠᠬᠤ ᠶᠢ ᠦᠨᠡᠨᠬᠦ ᠵᠢᠷᠤᠮᠵᠢᠭᠤᠯᠤᠨ᠎ᠠ᠃︵ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ︵ᠲᠠᠪᠤ︶ ᠭᠠᠷᠴᠠᠭ ᠢ ᠵᠡᠷᠭᠡᠪᠡᠷ ᠰᠢᠨᠡᠳᠬᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠭᠠᠷᠴᠠᠭ ᠢ ᠵᠡᠷᠭᠡ | ᠳᠤᠨᠢ ᠰᠢᠨᠡᠳᠬᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠰᠠᠯᠠᠭ᠎ᠠ ᠮᠥᠴᠢᠷ ᠤᠳ ᠳ᠋ᠠᠶᠢᠲ᠋ᠠ ᠶᠢᠨ ᠭᠠᠷᠴᠠᠭ ᠲᠤ ᠲᠣᠬᠢᠷᠠᠭᠤᠯᠤᠯᠲᠠ ᠬᠢᠬᠦ ᠳᠡᠭᠡᠨ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠴᠠᠭ ᠲᠤᠬᠠᠢ ᠳᠤᠨᠢ ᠵᠡᠷᠭᠡ ᠳᠤᠨᠢ | ᠰᠢᠨᠡᠳᠬᠡᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠪᠢᠷᠠᠯᠲᠠ | ᠭᠠᠷᠪᠠᠯ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠭᠠᠷᠴᠠᠭ ᠲᠤ ᠴᠠᠭ ᠲᠤᠬᠠᠢ ᠳᠤᠨᠢ ᠨᠢᠭᠡᠨᠲᠡ | ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠴᠠᠭ ᠲᠤᠬᠠᠢ ᠳᠤᠨᠢ ᠰᠢᠨᠡᠳᠬᠡᠬᠦ ᠶᠢᠨ ᠬᠠᠮᠲᠤ᠂ ︽ | ᠲᠤᠭ᠎ᠠ ᠪᠠᠷᠢᠮᠲᠠ — ᠰᠢᠰᠲ᠋ᠧᠮ︾ ᠤᠨ ᠬᠤᠯᠪᠣᠭᠳᠠᠬᠤ ᠬᠠᠷᠢᠴᠠᠭ᠎ᠠ ᠶᠢ ᠵᠡᠷᠭᠡᠪᠡᠷ ᠰᠢᠨᠡᠳᠬᠡᠬᠦ ᠬᠡᠷᠡᠭᠲᠡᠢ᠃ ᠵᠠᠷᠴᠢᠮ | ᠳᠡᠭᠡᠷ᠎ᠡ ᠪᠠᠨ᠂ ᠭᠠᠷᠴᠠᠭ ᠲᠤ ᠰᠢᠨ᠎ᠡ ᠪᠠᠷ ᠨᠡᠮᠡᠭᠳᠡᠭᠰᠡᠨ ᠬᠤᠯᠪᠣᠭᠳᠠᠯ ᠪᠦᠬᠦᠢ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠶᠢᠨ ᠡᠬᠢ ᠪᠠᠶᠠᠯᠢᠭ ᠲᠠᠢ ᠪᠠᠶᠢᠪᠠᠯ᠂ 20 ᠠᠵᠢᠯᠯᠠᠬᠤ ᠡᠳᠦᠷ ᠤᠨ ᠳᠣᠲᠣᠷ᠎ᠠ ᠳᠡᠩᠰᠡᠯᠡᠵᠦ ᠳᠠᠭᠤᠰᠬᠠᠬᠤ | ᠬᠡᠷᠡᠭᠲᠡᠢ︔ ᠭᠠᠷᠴᠠᠭ ᠤᠨ ᠮᠡᠳᠡᠭᠡ ᠵᠠᠩᠭᠢ ᠳᠤ ᠬᠤᠪᠢᠷᠠᠯᠲᠠ ᠭᠠᠷᠪᠠᠯ᠂ 20 ᠠᠵᠢᠯᠯᠠᠬᠤ ᠡᠳᠦᠷ ᠤᠨ ᠳᠣᠲᠣᠷ᠎ᠠ | ᠰᠢᠨᠡᠳᠬᠡᠬᠦ ᠬᠡᠷᠡᠭᠲᠡᠢ᠃︵ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ | ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ | ᠠᠬᠢᠭᠤᠯᠤᠨ᠎ᠠ︶ | ᠭᠤᠷᠪᠠ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠨᠢᠭᠡ ᠴᠣᠭᠴᠠᠵᠢᠯᠲᠠ ᠶᠢ ᠴᠢᠩᠭᠠᠷᠠᠭᠤᠯᠬᠤ | ︵ᠵᠢᠷᠭᠤᠭ᠎ᠠ︶ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠴᠤᠭᠯᠠᠭᠤᠯᠬᠤ ᠶᠢ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢᠶᠠᠷ ᠰᠠᠭᠤᠷᠢ ᠪᠣᠯᠭᠠᠵᠤ᠂ ᠳ᠋ᠠᠶᠢᠲ᠋ᠠ ᠶᠢᠨ ᠡᠬᠢ ᠪᠠᠶᠠᠯᠢᠭ ᠢ ︽ | ᠬᠡᠷᠡᠭᠴᠡᠭᠡ ᠶᠣᠰᠣᠭᠠᠷ ᠴᠤᠭᠯᠠᠭᠤᠯᠬᠤ᠂ ᠬᠠᠷᠢᠶᠠᠯᠠᠭᠤᠯᠪᠠᠰᠤ ᠵᠣᠬᠢᠬᠤ ᠶᠢ ᠨᠢ ᠪᠦᠬᠦᠨ ᠢ ᠬᠠᠷᠢᠶᠠᠯᠠᠭᠤᠯᠬᠤ︾ ᠶᠢ | ᠲᠦᠯᠬᠢᠨ ᠠᠬᠢᠭᠤᠯᠵᠤ᠂ ᠯᠣᠭᠢᠭ ᠢᠶᠠᠷ ᠵᠠᠯᠭᠠᠨ ᠣᠷᠣᠭᠤᠯᠬᠤ ᠠᠷᠭ᠎ᠠ ᠮᠠᠶ᠋ᠢᠭ ᠪᠠ ᠹᠢᠽᠢᠺ ᠢᠶᠠᠷ ᠬᠤᠷᠠᠮᠳᠤᠭᠤᠯᠬᠤ | ᠠᠷᠭ᠎ᠠ ᠮᠠᠶ᠋ᠢᠭ ᠢᠶᠠᠷ ᠪᠥᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠬᠤ ᠶᠢᠨ | ᠬᠠᠮᠲᠤ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ᠃ ᠯᠣᠭᠢᠭ ᠤᠨ ᠲᠠᠯ᠎ᠠ ᠪᠠᠷ ᠪᠥᠬᠦ ᠬᠡᠮᠵᠢᠶ᠎ᠡ ᠶᠢ ᠡᠯ᠎ᠡ ᠠᠶᠢᠮᠠᠭ | ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳ᠋ᠠᠶᠢᠲ᠋ᠠ ᠶᠢᠨ ᠡᠬᠢ | ᠪᠠᠶᠠᠯᠢᠭ ᠤᠨ ᠬᠥᠮᠥᠷᠭᠡ ᠳᠤ ᠵᠠᠯᠭᠠᠨ ᠣᠷᠣᠭᠤᠯᠤᠨ᠎ᠠ︔ ᠹᠢᠽᠢᠺ ᠤᠨ ᠲᠠᠯ᠎ᠠ ᠪᠠᠷ ᠬᠡᠷᠡᠭᠴᠡᠭᠡ ᠶᠣᠰᠣᠭᠠᠷ ᠬᠥᠮᠥᠨ | ᠠᠮᠠ᠂ ᠬᠠᠤᠯᠢ ᠶᠢᠨ ᠡᠷᠬᠡᠲᠡᠨ᠂ ᠢᠲᠡᠭᠡᠮᠵᠢ ᠶᠢᠨ ᠮᠡᠳᠡᠭᠡ ᠵᠠᠩᠭᠢ᠂ ᠡᠯᠧᠺᠲᠷᠣᠨ ᠭᠡᠷᠡᠴᠢ ᠦᠨᠡᠮᠯᠡᠯ ᠵᠡᠷᠭᠡ ᠰᠠᠭᠤᠷᠢ | ᠬᠥᠮᠥᠷᠭᠡ ᠶᠢ ᠴᠤᠭᠯᠠᠭᠤᠯᠤᠨ᠎ᠠ᠃ ᠬᠡᠷᠡᠭᠴᠡᠭᠡ ᠶᠣᠰᠣᠭᠠᠷ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠪᠠᠶᠢᠭᠤᠯᠤᠮᠵᠢ ᠶᠢᠨ ᠲᠤᠭ᠎ᠠ ᠪᠠᠷᠢᠮᠲᠠ ᠵᠢᠴᠢ ᠣᠯᠠᠨ | ᠨᠡᠶᠢᠲᠡ ᠶᠢᠨ ᠲᠤᠭ᠎ᠠ ᠪᠠᠷᠢᠮᠲᠠ ᠪᠠ ᠨᠡᠶᠢᠭᠡᠮ ᠤᠨ ᠲᠤᠭ᠎ᠠ ᠪᠠᠷᠢᠮᠲᠠ ᠶᠢ ᠵᠠᠯᠭᠠᠨ ᠣᠷᠣᠭᠤᠯᠵᠤ᠂ ᠲᠤᠭ᠎ᠠ | ᠪᠠᠷᠢᠮᠲᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃︵ | ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠠᠴᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | ᠦᠷᠭᠦᠯᠵᠢᠯᠡᠨ ᠠᠬᠢᠭᠤᠯᠤᠨ᠎ᠠ︶ ᠥᠪᠡᠷᠲᠡᠭᠡᠨ ᠵᠠᠰᠠᠬᠤ ᠣᠷᠣᠨ ᠤ ᠪᠣᠳᠠᠲᠠᠢ ᠪᠠᠷ ᠪᠠᠶᠢᠭᠤᠯᠬᠤ ᠰᠢᠰᠲ᠋ᠧᠮ ᠤᠨ | ᠳ᠋ᠠᠶᠢᠲ᠋ᠠ ᠶᠢ ᠦᠨᠳᠦᠰᠦᠨ ᠱᠠᠲᠤᠨ ᠳᠤ ᠪᠤᠴᠠᠭᠠᠬᠤ ᠶᠢ ᠴᠢᠩᠭᠠᠳᠬᠠᠨ᠎ᠠ᠃ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠲᠠᠪᠴᠠᠩ᠂ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ᠂ ᠥᠪᠡᠷᠲᠡᠭᠡᠨ | ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ | ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠭᠦᠢᠴᠡᠳᠬᠡᠬᠦ ᠲᠠᠪᠴᠠᠩ ᠵᠡᠷᠭᠡ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮ ᠨᠢ ᠬᠡᠷᠡᠭᠴᠡᠭᠡ ᠶᠣᠰᠣᠭᠠᠷ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤᠪᠠᠷ | ᠭᠥᠷᠳᠡᠵᠦ᠂ ᠬᠤᠣᠰ ᠴᠢᠭᠯᠡᠯ ᠤᠨ ᠲᠤᠭ᠎ᠠ ᠪᠠᠷᠢᠮᠲᠠ ᠶᠢᠨ ᠵᠠᠯᠭᠠᠰᠤ ᠶᠢ ᠨᠠᠷᠢᠯᠢᠭ ᠣᠨᠣᠴᠠᠲᠠᠢ ᠪᠠᠷ ᠨᠡᠶᠢᠲᠡᠯᠡᠵᠦ᠂ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ | ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠪᠥᠬᠦ ᠴᠤᠪᠤᠷᠠᠯ ᠤᠨ | ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠲᠤᠯᠭᠠᠭᠤᠷᠢᠯᠠᠨ᠎ᠠ᠃︵ᠥᠪᠡᠷᠲᠡᠭᠡᠨ ᠵᠠᠰᠠᠬᠤ ᠣᠷᠣᠨ ᠤ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠳᠣᠯᠤᠭ᠎ᠠ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠵᠠᠰᠠᠯᠲᠠ ᠶᠢ ᠴᠢᠩᠭᠠᠳᠬᠠᠨ᠎ᠠ᠃ ᠲᠤᠭ᠎ᠠ | ᠪᠠᠷᠢᠮᠲᠠ ᠶᠢ ᠴᠤᠭᠯᠠᠭᠤᠯᠬᠤ᠂ ᠪᠣᠯᠪᠠᠰᠤᠷᠠᠭᠤᠯᠬᠤ᠂ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠬᠦ᠂ ᠬᠡᠷᠡᠭᠯᠡᠬᠦ᠂ ᠠᠮᠤᠷ | ᠲᠦᠪᠰᠢᠨ᠂ ᠬᠠᠳᠠᠭᠠᠯᠠᠬᠤ᠂ ᠲᠠᠩᠰᠠ ᠡᠪᠬᠡᠮᠡᠯ ᠳᠤ ᠣᠷᠣᠭᠤᠯᠬᠤ ᠵᠡᠷᠭᠡ ᠡᠯ᠎ᠡ ᠭᠤᠭᠴᠤᠭ᠎ᠠ ᠶᠢ ᠬᠠᠮᠤᠷᠤᠭᠰᠠᠨ | ᠲᠤᠭ᠎ᠠ ᠪᠠᠷᠢᠮᠲᠠ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠲᠤᠭ᠎ᠠ ᠪᠠᠷᠢᠮᠲᠠ ᠶᠢᠨ ᠵᠠᠰᠠᠯᠲᠠ ᠶᠢᠨ ᠳᠦᠷᠢᠮ ᠢ | ᠲᠣᠳᠣᠷᠬᠠᠶᠢᠯᠠᠵᠤ᠂ ᠴᠤᠭᠯᠠᠭᠤᠯᠤᠭᠰᠠᠨ ᠲᠤᠭ᠎ᠠ ᠪᠠᠷᠢᠮᠲᠠ ᠳᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ | ᠵᠢᠷᠤᠮᠵᠢᠭᠰᠠᠨ ᠵᠠᠰᠠᠯᠲᠠ ᠬᠢᠨ᠎ᠡ᠃ ︽ᠬᠡᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠬᠠᠩᠭᠠᠪᠠᠯ ᠬᠡᠨ ᠬᠠᠷᠢᠭᠤᠴᠠᠬᠤ | ᠂ ᠬᠡᠨ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠷᠢᠭᠤ | ᠲᠤᠰᠬᠠᠯ ᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠲᠣᠭᠲᠠᠴᠠ ᠪᠠ ᠤᠷᠮᠠᠰᠢᠭᠤᠯᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠡᠷᠡᠭ ᠤᠨ ᠡᠮᠦᠨ᠎ᠡ᠂ ᠬᠡᠷᠡᠭ ᠤᠨ ᠳᠤᠮᠳᠠ | ᠪᠠ ᠬᠡᠷᠡᠭ ᠤᠨ ᠳᠠᠷᠠᠭ᠎ᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠠᠰᠠᠭᠤᠳᠠᠯ ᠤᠨ ᠲᠤᠭ᠎ᠠ ᠪᠠᠷᠢᠮᠲᠠ ᠶᠢ | ᠬᠠᠷᠢᠭᠤ ᠲᠤᠰᠬᠠᠵᠤ ᠪᠣᠯᠬᠤ᠂ ᠬᠠᠮᠲᠤᠪᠠᠷ ᠭᠥᠷᠳᠡᠬᠦ ᠶᠠᠪᠤᠴᠠ ᠶᠢ ᠨᠡᠬᠡᠮᠵᠢᠯᠡᠵᠦ ᠪᠣᠯᠬᠤ᠂ ᠲᠤᠭ᠎ᠠ ᠪᠠᠷᠢᠮᠲᠠ ᠶᠢᠨ | ᠶᠠᠰᠤ ᠴᠢᠨᠠᠷ ᠤᠨ ᠠᠰᠠᠭᠤᠳᠠᠯ ᠤᠨ ᠬᠠᠷᠢᠭᠤᠴᠠᠯᠭ᠎ᠠ ᠶᠢ ᠲᠣᠭᠲᠠᠭᠠᠵᠤ ᠪᠣᠯᠬᠤ ᠶᠢ ᠪᠡᠶᠡᠯᠡᠭᠦᠯᠵᠦ᠂ ᠲᠤᠭ᠎ᠠ | ᠪᠠᠷᠢᠮᠲᠠ ᠶᠢᠨ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠶᠢ ᠠᠬᠢᠭᠤᠯᠤᠨ᠎ᠠ᠃ᠵᠠᠰᠠᠭ ᠤᠨ | ᠶᠠᠪᠤᠳᠠᠯ ᠤᠨ ᠲᠤᠭ᠎ᠠ ᠪᠠᠷᠢᠮᠲᠠ ᠶᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ | ᠲᠤᠬᠠᠶᠢᠯᠠᠭᠰᠠᠨ ᠠᠵᠢᠯ ᠤᠨ ᠬᠠᠷᠢᠶᠠᠲᠤ ᠴᠢᠨᠠᠷ᠂ ᠢᠷᠡᠯᠲᠡ ᠶᠢᠨ ᠬᠠᠷᠢᠶᠠᠲᠤ ᠴᠢᠨᠠᠷ᠂ ᠬᠠᠮᠲᠤᠪᠠᠷ ᠭᠥᠷᠳᠡᠬᠦ | ᠬᠠᠷᠢᠶᠠᠲᠤ ᠴᠢᠨᠠᠷ᠂ ᠨᠡᠭᠡᠭᠡᠯᠲᠡ ᠶᠢᠨ ᠬᠠᠷᠢᠶᠠᠲᠤ ᠴᠢᠨᠠᠷ ᠵᠡᠷᠭᠡ ᠶᠢ ᠵᠢᠷᠤᠮᠵᠢᠭᠤᠯᠤᠨ᠎ᠠ᠃ ᠣᠯᠠᠨ ᠡᠬᠢᠲᠦ | ᠬᠠᠷᠢᠴᠠᠭᠤᠯᠤᠯ᠂ ᠴᠢᠰᠤᠨ ᠤᠳᠤᠮ ᠤᠨ ᠵᠠᠳᠠᠯᠤᠯᠲᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠤᠨ ᠠᠷᠭ᠎ᠠ | ᠪᠠᠷᠢᠯ ᠢ ᠬᠡᠷᠡᠭᠯᠡᠨ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠣᠯᠠᠨ ᠡᠬᠢᠲᠦ ᠬᠠᠷᠭᠤᠭᠤᠯᠤᠨ ᠬᠢᠨᠠᠬᠤ ᠪᠠ | ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠷᠨᠢᠭᠦᠯᠵᠦ᠂ ᠬᠦᠴᠦᠨ ᠦᠭᠡᠢ ᠲᠤᠭ᠎ᠠ ᠪᠠᠷᠢᠮᠲᠠ᠂ | ᠪᠤᠷᠤᠭᠤ ᠲᠤᠭ᠎ᠠ ᠪᠠᠷᠢᠮᠲᠠ ᠶᠢ ᠪᠠᠭᠠᠰᠬᠠᠨ᠂ ᠳᠠᠬᠢᠨ ᠳᠠᠪᠲᠠᠨ ᠴᠤᠭᠯᠠᠭᠤᠯᠤᠭᠰᠠᠨ ᠲᠤᠭ᠎ᠠ ᠪᠠᠷᠢᠮᠲᠠ ᠶᠢ ᠢᠯᠭᠠᠨ | ᠲᠠᠨᠢᠵᠤ᠂ ᠡᠷᠬᠡ ᠰᠦᠷᠲᠦ ᠲᠤᠭ᠎ᠠ ᠪᠠᠷᠢᠮᠲᠠ ᠶᠢᠨ ᠢᠷᠡᠯᠲᠡ ᠶᠢ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠤᠨ | ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠪᠠ ᠨᠢᠭᠡᠳᠦᠯᠲᠦ ᠴᠢᠨᠠᠷ ᠢ ᠳᠡᠭᠡᠭᠰᠢᠯᠡᠭᠦᠯᠦᠨ᠎ᠡ | ᠃︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠠᠴᠠ ᠬᠠᠷᠢᠭᠤᠴᠠᠵᠤ᠂ ᠦᠷᠭᠦᠯᠵᠢᠯᠡᠨ | ᠠᠬᠢᠭᠤᠯᠤᠨ᠎ᠠ︶ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠬᠤᠯᠪᠣᠭᠳᠠᠯ ᠪᠦᠬᠦᠢ ᠪᠠᠷᠢᠮᠵᠢᠶ᠎ᠠ ᠶᠢᠨ ᠵᠢᠷᠤᠮᠵᠢᠯ ᠶᠣᠰᠣᠭᠠᠷ᠂ ᠲᠤᠭ᠎ᠠ ᠪᠠᠷᠢᠮᠲᠠ ᠶᠢᠨ ᠵᠠᠰᠠᠯᠲᠠ ᠶᠢᠨ | ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠲᠤᠭ᠎ᠠ ᠪᠠᠷᠢᠮᠲᠠ ᠬᠠᠩᠭᠠᠬᠤ ᠰᠠᠯᠠᠭ᠎ᠠ ᠮᠥᠴᠢᠷ ᠤᠳ ᠬᠠᠤᠯᠢ | ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠪᠠᠷᠢᠮᠵᠢᠶ᠎ᠠ ᠶᠢᠨ ᠵᠢᠷᠤᠮᠵᠢᠯ ᠶᠣᠰᠣᠭᠠᠷ᠂ ᠲᠤᠭ᠎ᠠ ᠪᠠᠷᠢᠮᠲᠠ ᠶᠢ | ᠴᠤᠭᠯᠠᠭᠤᠯᠬᠤ᠂ ᠪᠣᠯᠪᠠᠰᠤᠷᠠᠭᠤᠯᠬᠤ᠂ ᠬᠠᠮᠲᠤᠪᠠᠷ ᠭᠥᠷᠳᠡᠬᠦ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ | ᠭᠦᠢᠴᠡᠳᠬᠡᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠬᠡᠷᠡᠭᠯᠡᠵᠦ ᠪᠣᠯᠬᠤ᠂ ᠪᠦᠲᠦᠮᠵᠢᠲᠡᠢ ᠬᠠᠮᠲᠤᠪᠠᠷ | ᠭᠥᠷᠳᠡᠬᠦ ᠶᠢ ᠦᠨᠡᠨᠬᠦ ᠪᠠᠲᠤᠯᠠᠬᠤ ᠬᠡᠷᠡᠭᠲᠡᠢ︔ ᠲᠤᠭ᠎ᠠ ᠪᠠᠷᠢᠮᠲᠠ ᠬᠡᠷᠡᠭᠯᠡᠬᠦ ᠰᠠᠯᠠᠭ᠎ᠠ ᠮᠥᠴᠢᠷ ᠤᠳ ᠲᠣᠭᠲᠠᠭᠠᠯ ᠳᠤ | ᠨᠡᠶᠢᠴᠡᠭᠦᠯᠦᠨ᠂ ᠲᠤᠭ᠎ᠠ ᠪᠠᠷᠢᠮᠲᠠ ᠶᠢ ᠵᠥᠪ ᠣᠨᠣᠪᠴᠢᠲᠠᠢ ᠬᠡᠷᠡᠭᠯᠡᠵᠦ᠂ ᠲᠤᠭ᠎ᠠ ᠪᠠᠷᠢᠮᠲᠠ ᠶᠢ ᠪᠦᠲᠦᠮᠵᠢᠲᠡᠢ | ᠠᠰᠢᠭᠯᠠᠬᠤ᠂ ᠠᠮᠤᠷ ᠲᠦᠪᠰᠢᠨ ᠢᠶᠠᠷ ᠬᠠᠳᠠᠭᠠᠯᠠᠬᠤ᠂ ᠪᠥᠬᠦ ᠲᠠᠯ᠎ᠠ ᠪᠠᠷ ᠲᠠᠩᠰᠠ ᠡᠪᠬᠡᠮᠡᠯ ᠳᠤ ᠣᠷᠣᠭᠤᠯᠬᠤ ᠶᠢ | ᠦᠨᠡᠨᠬᠦ ᠪᠠᠲᠤᠯᠠᠬᠤ ᠬᠡᠷᠡᠭᠲᠡᠢ︔ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠭ᠎ᠠ | ᠪᠠᠷᠢᠮᠲᠠ ᠬᠠᠩᠭᠠᠬᠤ᠂ ᠬᠡᠷᠡᠭᠯᠡᠬᠦ ᠰᠠᠯᠠᠭ᠎ᠠ ᠮᠥᠴᠢᠷ ᠲᠠᠢ ᠬᠠᠮᠲᠤᠷᠠᠨ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ᠂ | ᠲᠤᠭ᠎ᠠ ᠪᠠᠷᠢᠮᠲᠠ ᠶᠢᠨ ᠵᠠᠰᠠᠯᠲᠠ ᠶᠢᠨ ᠲᠤᠬᠠᠶᠢᠯᠠᠭᠰᠠᠨ ᠠᠵᠢᠯ ᠤᠨ ᠴᠤᠪᠤᠷᠠᠯ ᠢ ᠨᠠᠷᠢᠯᠢᠭᠵᠢᠭᠤᠯᠵᠤ᠂ ᠲᠤᠭ᠎ᠠ | ᠪᠠᠷᠢᠮᠲᠠ ᠶᠢ ᠬᠠᠮᠲᠤᠪᠠᠷ ᠭᠥᠷᠳᠡᠵᠦ ᠬᠡᠷᠡᠭᠯᠡᠬᠦ ᠶᠠᠪᠤᠴᠠ ᠳᠤ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠨᠠᠢᠮᠠ︶ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ | ᠃ ᠬᠥᠮᠥᠨ ᠠᠮᠠ᠂ ᠪᠠᠶᠢᠭᠠᠯᠢ ᠶᠢᠨ ᠡᠬᠢ ᠪᠠᠶᠠᠯᠢᠭ᠂ ᠠᠵᠤ ᠠᠬᠤᠢ ᠵᠡᠷᠭᠡ ᠶᠢᠨ ᠰᠠᠭᠤᠷᠢ ᠬᠥᠮᠥᠷᠭᠡ ᠶᠢ | ᠦᠷᠭᠦᠯᠵᠢᠯᠡᠨ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡ ᠡᠷᠡᠭᠦᠯ ᠮᠡᠨᠳᠦ᠂ ᠨᠡᠶᠢᠭᠡᠮ ᠤᠨ ᠪᠠᠲᠤᠯᠠᠭ᠎ᠠ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠢᠲᠡᠭᠡᠮᠵᠢ ᠶᠢᠨ ᠰᠢᠰᠲ᠋ᠧᠮᠵᠢ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠤᠯᠤᠰ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠭᠤᠣᠯ ᠰᠡᠳᠦᠪᠲᠦ ᠬᠥᠮᠥᠷᠭᠡ ᠶᠢ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠥᠬᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ | ᠳ᠋ᠠᠶᠢᠲ᠋ᠠ ᠶᠢᠨ ᠰᠢᠰᠲ᠋ᠧᠮᠵᠢ ᠶᠢᠨ ᠬᠠᠮᠢᠶᠠᠷᠤᠯᠲᠠ ᠳᠤ ᠨᠢᠭᠡᠳᠦᠯᠲᠡᠢ ᠣᠷᠣᠭᠤᠯᠤᠨ᠎ᠠ᠃︵ᠥᠪᠡᠷᠲᠡᠭᠡᠨ ᠵᠠᠰᠠᠬᠤ | ᠣᠷᠣᠨ ᠤ ᠲᠣᠮᠣ ᠳ᠋ᠠᠶᠢᠲ᠋ᠠ ᠶᠢᠨ ᠲᠥᠪ ᠠᠴᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ | ᠠᠬᠢᠭᠤᠯᠤᠨ᠎ᠠ︶ ᠡᠯᠧᠺᠲᠷᠣᠨ ᠦᠨᠡᠮᠯᠡᠯ ᠤᠨ ᠬᠥᠮᠥᠷᠭᠡ᠂ ᠬᠠᠤᠯᠢ ᠶᠢᠨ ᠡᠷᠬᠡᠲᠡᠨ ᠤ ᠬᠠᠮᠲᠤᠪᠠᠷ ᠭᠥᠷᠳᠡᠬᠦ ᠮᠡᠳᠡᠭᠡ | ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠣᠯ ᠰᠡᠳᠦᠪᠲᠦ | ᠬᠥᠮᠥᠷᠭᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠲᠡᠭᠦᠯᠳᠡᠷᠵᠢᠭᠦᠯᠦᠨ᠎ᠡ᠃ ᠬᠡᠷᠡᠭᠴᠡᠭᠡ ᠶᠣᠰᠣᠭᠠᠷ ᠰᠠᠭᠤᠷᠢ | ᠲᠤᠭ᠎ᠠ ᠪᠠᠷᠢᠮᠲᠠ ᠪᠠ ᠭᠤᠣᠯ ᠰᠡᠳᠦᠪᠲᠦ ᠲᠤᠭ᠎ᠠ ᠪᠠᠷᠢᠮᠲᠠ ᠶᠢ ᠬᠤᠷᠠᠮᠳᠤᠭᠤᠯᠵᠤ᠂ ᠪᠥᠬᠦ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠴᠢ ᠶᠢ ᠬᠠᠮᠤᠷᠤᠭᠰᠠᠨ ︽ᠨᠢᠭᠡ ᠬᠥᠮᠥᠨ ᠳᠤ ᠨᠢᠭᠡ ᠲᠠᠩᠰᠠ ᠡᠪᠬᠡᠮᠡᠯ︾ ︽ | ᠨᠢᠭᠡ ᠠᠵᠤ ᠠᠬᠤᠶᠢᠯᠠᠯ ᠳᠤ ᠨᠢᠭᠡ ᠲᠠᠩᠰᠠ ᠡᠪᠬᠡᠮᠡᠯ︾ ᠤᠨ ᠭᠤᠣᠯ ᠰᠡᠳᠦᠪᠲᠦ ᠲᠤᠭ᠎ᠠ ᠪᠠᠷᠢᠮᠲᠠ ᠶᠢᠨ | ᠬᠥᠮᠥᠷᠭᠡ ᠶᠢ ᠪᠦᠷᠢᠯᠳᠦᠭᠦᠯᠵᠦ᠂ ᠪᠥᠬᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠲᠤᠭ᠎ᠠ | ᠪᠠᠷᠢᠮᠲᠠ ᠶᠢᠨ ᠰᠢᠰᠲ᠋ᠧᠮᠵᠢ ᠳᠤ ᠨᠢᠭᠡᠳᠦᠯᠲᠡᠢ ᠣᠷᠣᠭᠤᠯᠤᠨ᠂ ᠠᠵᠤ ᠠᠬᠤᠶᠢᠯᠠᠯ ᠪᠠ ᠬᠤᠪᠢ ᠬᠥᠮᠥᠨ ᠤ ᠲᠤᠰᠬᠠᠢ | ᠬᠠᠷᠢᠶᠠᠯᠠᠭᠳᠠᠬᠤ ᠣᠷᠣᠨ ᠵᠠᠢ ᠶᠢᠨ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠶᠢ ᠲᠤᠯᠭᠠᠭᠤᠷᠢᠯᠠᠨ᠎ᠠ᠃︵ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ | ᠡᠮᠦᠨ᠎ᠡ ᠪᠡᠶᠡᠯᠡᠭᠦᠯᠦᠨ᠎ᠡ︶ | ᠳᠥᠷᠪᠡ᠂ ᠬᠠᠮᠲᠤᠪᠠᠷ ᠭᠥᠷᠳᠡᠬᠦ ᠰᠣᠯᠢᠯᠴᠠᠭ᠎ᠠ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠎ᠠ | ︵ᠶᠢᠰᠦ︶ ᠨᠢᠭᠡᠳᠦᠯᠲᠡᠢ ᠬᠠᠮᠲᠤᠪᠠᠷ ᠭᠥᠷᠳᠡᠬᠦ ᠰᠣᠯᠢᠯᠴᠠᠭᠠᠨ ᠤ ᠰᠢᠰᠲ᠋ᠧᠮᠵᠢ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠪᠦᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠪᠣᠯᠣᠨ ᠤᠯᠤᠰ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠵᠦ ᠰᠣᠯᠢᠯᠴᠠᠬᠤ ᠲᠠᠪᠴᠠᠩ ᠳᠤ ᠲᠦᠰᠢᠭᠯᠡᠨ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠳ᠋ᠠᠶᠢᠲ᠋ᠠ ᠶᠢ | ᠬᠠᠮᠲᠤᠪᠠᠷ ᠭᠥᠷᠳᠡᠬᠦ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠠᠮᠲᠤᠪᠠᠷ ᠭᠥᠷᠳᠡᠬᠦ ᠭᠤᠶᠤᠴᠢᠯᠠᠯ ᠢ | ᠨᠢᠭᠡᠳᠦᠯᠲᠡᠢ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠦᠢᠯᠡᠴᠢᠯᠡᠭᠡ ᠬᠠᠩᠭᠠᠵᠤ᠂ ᠥᠪᠡᠷᠲᠡᠭᠡᠨ ᠵᠠᠰᠠᠬᠤ | ᠣᠷᠣᠨ — ᠠᠶᠢᠮᠠᠭ ᠬᠤᠲᠠ — ᠬᠤᠰᠢᠭᠤ ᠰᠢᠶᠠᠨ ︵ᠬᠤᠲᠠ᠂ ᠲᠣᠭᠤᠷᠢᠭ︶ ᠵᠡᠷᠭᠡ ᠲᠠᠰ ᠳᠠᠪᠬᠤᠷᠭ᠎ᠠ ᠶᠢ | ᠬᠠᠮᠤᠷᠤᠭᠰᠠᠨ ᠪᠥᠬᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤᠪᠠᠷ ᠭᠥᠷᠳᠡᠵᠦ | ᠰᠣᠯᠢᠯᠴᠠᠬᠤ ᠰᠢᠰᠲ᠋ᠧᠮᠵᠢ ᠶᠢ ᠪᠣᠶ ᠪᠣᠯᠭᠠᠵᠤ᠂ ᠬᠡᠷᠡᠭᠴᠡᠭᠡ ᠶᠣᠰᠣᠭᠠᠷ ᠰᠢᠶᠠᠩ ᠪᠠᠯᠭᠠᠰᠤ ᠰᠤᠮᠤ ᠳᠠᠰᠢ ᠤᠷᠲᠤᠳᠬᠠᠨ | ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠳ᠋ᠠᠶᠢᠲ᠋ᠠ ᠶᠢ ᠬᠠᠮᠲᠤᠪᠠᠷ ᠭᠥᠷᠳᠡᠬᠦ ᠬᠡᠷᠡᠭᠴᠡᠭᠡ | ᠱᠠᠭᠠᠷᠳᠠᠯᠭ᠎ᠠ ᠶᠢ ᠥᠨᠳᠥᠷ ᠦᠷ᠎ᠡ ᠪᠦᠲᠦᠮᠵᠢᠲᠡᠢ ᠪᠠᠷ ᠬᠠᠩᠭᠠᠨ᠎ᠠ᠃︵ᠥᠪᠡᠷᠲᠡᠭᠡᠨ ᠵᠠᠰᠠᠬᠤ ᠣᠷᠣᠨ ᠤ ᠲᠣᠮᠣ | ᠳ᠋ᠠᠶᠢᠲ᠋ᠠ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ | ᠠᠬᠢᠭᠤᠯᠤᠨ᠎ᠠ︶ ᠡᠯ᠎ᠡ ᠠᠶᠢᠮᠠᠭ ᠤᠨ ᠬᠤᠲᠠ ᠶᠢᠨ ᠶᠠᠪᠤᠳᠠᠯ ᠤᠨ ᠳ᠋ᠠᠶᠢᠲ᠋ᠠ ᠶᠢᠨ ᠲᠠᠪᠴᠠᠩ ᠢ ᠪᠥᠬᠦ ᠣᠷᠣᠨ ᠤ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮᠵᠢ ᠳᠤ ᠨᠢᠭᠡᠳᠦᠯᠲᠡᠢ ᠣᠷᠣᠭᠤᠯᠵᠤ᠂ | ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠠᠯᠠᠭ᠎ᠠ ᠮᠥᠴᠢᠷ ᠤᠨ ᠬᠤᠭᠤᠷᠣᠨᠳᠣᠬᠢ᠂ ᠭᠠᠵᠠᠷ ᠣᠷᠣᠨ ᠤ | ᠬᠤᠭᠤᠷᠣᠨᠳᠣᠬᠢ ᠳ᠋ᠠᠶᠢᠲ᠋ᠠ ᠶᠢᠨ ᠭᠦᠢᠯᠭᠡᠭᠡᠨ ᠪᠠ ᠬᠠᠮᠲᠤᠪᠠᠷ ᠭᠥᠷᠳᠡᠬᠦ ᠶᠢ ᠲᠤᠯᠭᠠᠭᠤᠷᠢᠯᠠᠵᠤ᠂ ᠬᠡᠷᠡᠭᠯᠡᠭᠡ ᠪᠠᠷ | ᠬᠥᠲᠥᠯᠥᠮᠵᠢ ᠪᠣᠯᠭᠠᠨ᠂ ᠳ᠋ᠠᠶᠢᠲ᠋ᠠ ᠶᠢ ᠬᠠᠮᠲᠤᠪᠠᠷ ᠭᠥᠷᠳᠡᠬᠦ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃︵ᠡᠯ᠎ᠡ ᠠᠶᠢᠮᠠᠭ ᠤᠨ ᠬᠤᠲᠠ ᠶᠢᠨ ᠶᠠᠪᠤᠳᠠᠯ ᠤᠨ ᠲᠤᠭ᠎ᠠ ᠪᠠᠷᠢᠮᠲᠠ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ | ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠰᠣᠯᠢᠯᠴᠠᠬᠤ ᠰᠢᠰᠲ᠋ᠧᠮ ᠢ | ᠲᠥᠯᠥᠪᠵᠢᠭᠦᠯᠦᠨ ᠲᠥᠯᠥᠪᠯᠡᠵᠦ᠂ ᠪᠦᠬᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ | ᠳ᠋ᠠᠶᠢᠲ᠋ᠠ ᠶᠢᠨ ᠰᠢᠰᠲ᠋ᠧᠮ ᠳᠤ ᠨᠢᠭᠡᠳᠦᠯᠲᠡᠢ ᠣᠷᠣᠭᠤᠯᠵᠤ᠂ ᠶᠡᠭᠡ ᠬᠡᠮᠵᠢᠶᠡᠨ ᠤ ᠲᠤᠭ᠎ᠠ ᠪᠠᠷᠢᠮᠲᠠ ᠶᠢ ᠳᠡᠭᠡᠳᠦ | ᠬᠤᠷᠳᠤᠴᠠ ᠪᠠᠷ ᠳᠠᠮᠵᠢᠭᠤᠯᠬᠤ ᠶᠢ ᠳᠡᠮᠵᠢᠵᠦ᠂ ᠲᠤᠭ᠎ᠠ ᠪᠠᠷᠢᠮᠲᠠ ᠶᠢᠨ ᠮᠢᠨᠦ᠋ᠲ ᠤᠨ ᠲᠠᠰ ᠢᠶᠠᠷ ᠬᠠᠮᠲᠤᠪᠠᠷ ᠭᠥᠷᠳᠡᠬᠦ | ᠂ ᠲᠤᠭ᠎ᠠ ᠪᠠᠷᠢᠮᠲᠠ ᠶᠢ ᠬᠤᠣᠰ ᠴᠢᠭᠯᠡᠯ ᠢᠶᠠᠷ ᠭᠦᠢᠯᠭᠡᠭᠡᠨ ᠳᠤ ᠣᠷᠣᠭᠤᠯᠬᠤ ᠶᠢ ᠪᠡᠶᠡᠯᠡᠭᠦᠯᠦᠨ᠂ ᠠᠮᠤᠷ ᠲᠦᠪᠰᠢᠨ | ᠲᠣᠭᠲᠠᠭᠤᠨ᠂ ᠠᠵᠢᠯᠯᠠᠭᠠᠨ ᠥᠨᠳᠥᠷ ᠦᠷ᠎ᠡ ᠪᠦᠲᠦᠮᠵᠢᠲᠡᠢ ᠲᠤᠭ᠎ᠠ ᠪᠠᠷᠢᠮᠲᠠ ᠶᠢᠨ ᠬᠠᠩᠭᠠᠯᠭ᠎ᠠ ᠶᠢᠨ ᠬᠡᠯᠬᠢᠶᠡᠰᠦ ᠶᠢ | ᠪᠣᠶ ᠪᠣᠯᠭᠠᠵᠤ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠲᠠᠰ ᠳᠠᠪᠬᠤᠷᠭ᠎ᠠ | ᠠᠯᠤᠰᠯᠠᠭᠰᠠᠨ ᠲᠤᠭ᠎ᠠ ᠪᠠᠷᠢᠮᠲᠠ ᠶᠢ ᠪᠦᠲᠦᠮᠵᠢᠲᠡᠢ ᠭᠦᠢᠯᠭᠡᠭᠡᠨ ᠳᠤ ᠣᠷᠣᠭᠤᠯᠬᠤ ᠪᠠ ᠭᠦᠢᠴᠡᠳ ᠬᠠᠮᠲᠤᠪᠠᠷ | ᠭᠥᠷᠳᠡᠬᠦ ᠵᠢᠴᠢ ᠡᠯ᠎ᠡ ᠱᠠᠲᠤᠨ ᠤ ᠰᠠᠯᠠᠭ᠎ᠠ ᠮᠥᠴᠢᠷ ᠤᠨ ᠰᠢᠭᠤᠳ ᠬᠠᠮᠢᠶᠠᠷᠬᠤ ᠲᠤᠬᠠᠶᠢᠯᠠᠭᠰᠠᠨ ᠠᠵᠢᠯ ᠤᠨ | ᠰᠢᠰᠲ᠋ᠧᠮ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠣᠰ ᠱᠠᠲᠤᠨ ᠤ ᠵᠣᠯᠭᠠᠭᠤᠯᠬᠤ ᠵᠡᠷᠭᠡ | ᠠᠵᠢᠯ ᠢ ᠲᠤᠯᠭᠠᠭᠤᠷᠢᠯᠠᠨ᠎ᠠ᠃︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠬᠠᠷᠢᠭᠤᠴᠠᠵᠤ᠂ 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ︵ᠠᠷᠪᠠ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠵᠢᠯᠴᠠᠨ ᠬᠠᠮᠲᠤᠪᠠᠷ ᠡᠳ᠋ᠯᠡᠬᠦ ᠶᠢ ᠭᠦᠨᠵᠡᠭᠡᠢ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠢ | ᠳᠡᠭᠡᠭᠰᠢ ᠤᠯᠤᠰ ᠤᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠵᠠᠯᠭᠠᠨ ᠣᠷᠣᠭᠤᠯᠵᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠠᠯᠠᠭ᠎ᠠ ᠮᠥᠴᠢᠷ ᠤᠨ | ᠬᠤᠭᠤᠷᠣᠨᠳᠣᠬᠢ᠂ ᠭᠠᠵᠠᠷ ᠣᠷᠣᠨ ᠤ ᠬᠤᠭᠤᠷᠣᠨᠳᠣᠬᠢ ᠳ᠋ᠠᠶᠢᠲ᠋ᠠ ᠶᠢᠨ ᠭᠦᠢᠯᠭᠡᠭᠡ ᠪᠠ ᠬᠠᠮᠲᠤᠪᠠᠷ ᠭᠥᠷᠳᠡᠬᠦ ᠶᠢ | ᠬᠡᠷᠡᠭᠯᠡᠭᠡ ᠪᠠᠷ ᠬᠥᠲᠥᠯᠥᠮᠵᠢ ᠪᠣᠯᠭᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠪᠠ ᠨᠡᠶᠢᠭᠡᠮ ᠤᠨ ᠲᠤᠭ᠎ᠠ | ᠪᠠᠷᠢᠮᠲᠠ ᠶᠢ ᠬᠠᠮᠲᠤᠪᠠᠷ ᠭᠥᠷᠳᠡᠬᠦ ᠶᠢ ᠬᠠᠮᠵᠢᠯᠴᠠᠨ ᠠᠬᠢᠭᠤᠯᠵᠤ᠂ ᠨᠡᠶᠢᠭᠡᠮ ᠤᠨ ᠲᠤᠭ᠎ᠠ ᠪᠠᠷᠢᠮᠲᠠ ᠶᠢ ︽ | ᠨᠢᠭᠡᠳᠦᠯᠲᠡᠢ ᠴᠤᠭᠯᠠᠭᠤᠯᠵᠤ ᠬᠠᠮᠲᠤᠪᠠᠷ ᠬᠡᠷᠡᠭᠯᠡᠬᠦ︾ ᠶᠢ ᠬᠠᠶᠢᠨ ᠰᠦᠪᠡᠭᠴᠢᠯᠡᠵᠦ᠂ ᠵᠠᠰᠠᠭ ᠤᠨ ᠣᠷᠳᠣᠨ ᠤ | ᠬᠠᠮᠲᠤᠪᠠᠷ ᠭᠥᠷᠳᠡᠬᠦ ᠨᠡᠶᠢᠭᠡᠮ ᠤᠨ ᠲᠤᠭ᠎ᠠ ᠪᠠᠷᠢᠮᠲᠠ ᠶᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠨ᠂ ᠤᠯᠤᠰ᠂ | ᠣᠷᠣᠨ ᠨᠤᠲᠤᠭ᠂ ᠰᠠᠯᠠᠭ᠎ᠠ ᠮᠥᠴᠢᠷ᠂ ᠠᠵᠤ ᠠᠬᠤᠶᠢᠯᠠᠯ ᠵᠡᠷᠭᠡ ᠠᠳᠠᠯᠢ ᠪᠤᠰᠤ ᠲᠠᠰ ᠳᠠᠪᠬᠤᠷᠭ᠎ᠠ ᠶᠢᠨ ᠲᠤᠭ᠎ᠠ | ᠪᠠᠷᠢᠮᠲᠠ ᠶᠢ ᠬᠠᠮᠵᠢᠯᠴᠠᠨ ᠬᠠᠮᠲᠤᠪᠠᠷ ᠭᠥᠷᠳᠡᠬᠦ ᠲᠣᠭᠲᠠᠴᠠ ᠶᠢ ᠪᠣᠶ ᠪᠣᠯᠭᠠᠵᠤ᠂ ᠲᠤᠭ᠎ᠠ ᠪᠠᠷᠢᠮᠲᠠ ᠶᠢᠨ ᠡᠬᠢ | ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃︵ᠥᠪᠡᠷᠲᠡᠭᠡᠨ ᠵᠠᠰᠠᠬᠤ ᠣᠷᠣᠨ ᠤ ᠲᠣᠮᠣ | ᠳ᠋ᠠᠶᠢᠲ᠋ᠠ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠲᠦᠷᠦᠭᠦᠯᠡᠵᠦ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ᠲᠠᠪᠤ᠂ ᠳ᠋ᠠᠶᠢᠲ᠋ᠠ ᠶᠢᠨ ᠦᠢᠯᠡᠴᠢᠯᠡᠭᠡᠨ ᠤ ᠨᠢᠭᠡ ᠴᠣᠭᠴᠠᠵᠢᠯᠲᠠ ᠶᠢ ᠠᠬᠢᠭᠤᠯᠤᠨ᠎ᠠ | ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ | ᠦᠢᠯᠡᠴᠢᠯᠡᠭᠡᠨ ᠤ ᠡᠭᠦᠳᠡᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠢ ᠬᠠᠮᠲᠤᠪᠠᠷ ᠡᠳ᠋ᠯᠡᠬᠦ ᠲᠠᠪᠴᠠᠩ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠨᠡᠭᠡᠭᠡᠯᠲᠡ ᠶᠢᠨ ᠲᠠᠪᠴᠠᠩ | ᠪᠣᠯᠣᠨ ᠪᠦᠬᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠲᠤᠭ᠎ᠠ ᠪᠠᠷᠢᠮᠲᠠ ᠶᠢᠨ ᠭᠠᠷᠴᠠᠭ ᠤᠨ | ᠬᠠᠮᠢᠶᠠᠷᠤᠯᠲᠠ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠡᠬᠢ ᠪᠠᠶᠠᠯᠢᠭ ᠤᠨ ᠬᠠᠮᠢᠶᠠᠷᠤᠯᠲᠠ᠂ ᠲᠤᠭ᠎ᠠ | ᠪᠠᠷᠢᠮᠲᠠ ᠶᠢ ᠬᠠᠮᠲᠤᠪᠠᠷ ᠡᠳ᠋ᠯᠡᠬᠦ᠂ ᠲᠤᠭ᠎ᠠ ᠪᠠᠷᠢᠮᠲᠠ ᠶᠢ ᠴᠢᠯᠦᠭᠡᠲᠡᠢ ᠪᠣᠯᠭᠠᠬᠤ᠂ ᠵᠠᠳᠠᠯᠤᠨ ᠰᠢᠢᠳᠪᠦᠷᠢᠯᠡᠬᠦ ᠵᠡᠷᠭᠡ | ᠴᠢᠳᠠᠮᠵᠢ ᠶᠢ ᠡᠮᠬᠢᠯᠡᠨ ᠨᠡᠶᠢᠯᠡᠭᠦᠯᠵᠦ᠂ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ | ᠵᠣᠬᠢᠶᠠᠬᠤ᠂ ᠡᠬᠢ ᠪᠠᠶᠠᠯᠢᠭ ᠢ ᠴᠤᠭᠯᠠᠭᠤᠯᠬᠤ᠂ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ | ᠬᠠᠷᠭᠤᠭᠤᠯᠵᠤ ᠡᠷᠬᠡ ᠣᠯᠭᠤᠬᠤ᠂ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠪᠦᠷᠢᠳᠬᠡᠨ ᠵᠠᠳᠠᠯᠬᠤ᠂ ᠦᠵᠡᠭᠳᠡᠮᠡᠯ | ᠦᠵᠡᠭᠦᠯᠦᠯᠭᠡ ᠪᠠ ᠡᠵᠡᠩᠨᠡᠯᠲᠡ ᠬᠠᠮᠢᠶᠠᠷᠤᠯᠲᠠ ᠵᠡᠷᠭᠡ ᠦᠢᠯᠡᠴᠢᠯᠡᠭᠡ ᠶᠢ ᠬᠠᠩᠭᠠᠨ᠎ᠠ᠃ ᠡᠯ᠎ᠡ ᠠᠶᠢᠮᠠᠭ ᠬᠤᠲᠠ᠂ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ | ᠲᠤᠭ᠎ᠠ ᠪᠠᠷᠢᠮᠲᠠ ᠶᠢᠨ ︽ᠨᠢᠭᠡ ᠲᠠᠩᠰᠠ︾ ᠶᠢ ᠳᠡᠯᠭᠡᠨ ᠦᠵᠡᠭᠦᠯᠬᠦ᠂ ︽ᠨᠢᠭᠡ ᠥᠷᠲᠡᠭᠡ ᠮᠠᠶ᠋ᠢᠭ︾ ᠤᠨ | ᠭᠤᠶᠤᠴᠢᠯᠠᠯ ᠭᠠᠷᠭᠠᠬᠤ᠂ ︽ᠨᠢᠭᠡ ᠲᠠᠪᠴᠠᠩ︾ ᠢᠶᠠᠷ ᠲᠣᠬᠢᠷᠠᠭᠤᠯᠬᠤ ᠶᠢ ᠪᠡᠶᠡᠯᠡᠭᠦᠯᠵᠦ᠂ ᠡᠯ᠎ᠡ ᠠᠶᠢᠮᠠᠭ | ᠬᠤᠲᠠ ᠶᠢᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠭᠠᠵᠠᠷ ᠣᠷᠣᠨ | ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠬᠠᠷᠢᠯᠴᠠᠨ ᠮᠡᠳᠡᠷᠡᠵᠦ | ᠬᠠᠮᠲᠤᠪᠠᠷ ᠭᠥᠷᠳᠡᠬᠦ ᠶᠢ ᠲᠤᠯᠭᠠᠭᠤᠷᠢᠯᠠᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠥᠨᠳᠥᠷ ᠦᠷ᠎ᠡ | ᠪᠦᠲᠦᠮᠵᠢᠲᠡᠢ ᠪᠠᠷ ᠲᠣᠬᠢᠷᠠᠭᠤᠯᠬᠤ᠂ ᠴᠢᠨᠠᠷ ᠰᠠᠶᠢᠲᠠᠢ ᠬᠠᠩᠭᠠᠬᠤ ᠶᠢ ᠪᠡᠶᠡᠯᠡᠭᠦᠯᠬᠦ ᠶᠢ ᠠᠬᠢᠭᠤᠯᠤᠨ᠎ᠠ᠃︵ | ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠬᠠᠷᠢᠭᠤᠴᠠᠵᠤ᠂ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ︵ᠠᠷᠪᠠᠨ ᠬᠤᠶᠠᠷ︶ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠠᠭᠤᠷᠢ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠲᠤᠭ᠎ᠠ ᠪᠠᠷᠢᠮᠲᠠ ᠶᠢ ᠪᠤᠳᠤᠬᠤ᠂ ᠣᠷᠣᠨ ᠪᠦᠰᠡ ᠬᠤᠪᠢᠶᠠᠨ ᠲᠠᠰ | ᠬᠤᠪᠢᠶᠠᠭᠰᠠᠨ ᠬᠡᠷᠡᠭᠯᠡᠭᠴᠢ ᠶᠢᠨ ᠬᠠᠮᠢᠶᠠᠷᠤᠯᠲᠠ ᠪᠠ ᠲᠤᠭ᠎ᠠ ᠪᠠᠷᠢᠮᠲᠠ ᠶᠢᠨ ᠡᠯᠡᠰᠦᠨ ᠬᠠᠶᠢᠷᠴᠠᠭ ᠤᠨ ᠵᠠᠭᠪᠤᠷ ᠢ | ᠨᠡᠭᠡᠭᠡᠨ ᠬᠥᠭᠵᠢᠭᠦᠯᠬᠦ ᠵᠡᠷᠭᠡ ᠴᠢᠳᠠᠪᠤᠷᠢ ᠲᠠᠢ ᠲᠣᠮᠣ ᠲᠤᠭ᠎ᠠ ᠪᠠᠷᠢᠮᠲᠠ ᠶᠢ ᠰᠢᠢᠳᠪᠦᠷᠢᠯᠡᠨ ᠵᠠᠳᠠᠯᠬᠤ ᠰᠢᠰᠲ᠋ᠧᠮ ᠢ | ᠪᠠᠶᠢᠭᠤᠯᠵᠤ᠂ ᠣᠯᠠᠨ ᠡᠰᠢᠲᠦ᠂ ᠣᠨᠳᠣᠣ ᠪᠦᠲᠦᠴᠡ ᠲᠠᠢ᠂ ᠶᠡᠭᠡ ᠬᠡᠮᠵᠢᠶᠡᠨ ᠤ ᠲᠤᠭ᠎ᠠ ᠪᠠᠷᠢᠮᠲᠠ ᠶᠢ | ᠠᠭᠤᠰᠤᠯᠴᠠᠭᠤᠯᠤᠨ ᠬᠡᠷᠡᠭᠯᠡᠬᠦ ᠳᠤ ᠰᠢᠨ᠎ᠡ ᠶᠢ ᠡᠭᠦᠳᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠲᠣᠮᠣ | ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠬᠤᠷᠠᠮᠠᠯ | ᠪᠠᠶᠢᠭᠠᠯᠢ ᠶᠢᠨ ᠬᠡᠯᠡ ᠶᠢ ᠰᠢᠢᠳᠪᠦᠷᠢᠯᠡᠬᠦ᠂ ᠬᠠᠷᠠᠭᠠᠨ ᠳᠠᠪᠲᠠᠮᠵᠢ ᠶᠢᠨ ᠵᠢᠷᠤᠭ ᠳᠦᠷᠰᠦ ᠶᠢ ᠵᠠᠳᠠᠯᠬᠤ᠂ ᠣᠶᠤᠨᠴᠢ | ᠠᠰᠠᠭᠤᠯᠲᠠ ᠬᠠᠷᠢᠭᠤᠯᠲᠠ᠂ ᠮᠠᠰᠢᠨ ᠣᠷᠴᠢᠭᠤᠯᠭ᠎ᠠ᠂ ᠲᠤᠭ᠎ᠠ ᠪᠠᠷᠢᠮᠲᠠ ᠶᠢ ᠠᠭᠤᠳᠠᠯᠤᠨ ᠵᠠᠳᠠᠯᠬᠤ᠂ ᠲᠤᠭ᠎ᠠ | ᠪᠠᠷᠢᠮᠲᠠ ᠶᠢ ᠦᠵᠡᠭᠳᠡᠬᠦᠶᠢᠴᠡ ᠪᠣᠯᠭᠠᠬᠤ᠂ ᠲᠤᠭ᠎ᠠ ᠪᠠᠷᠢᠮᠲᠠ ᠶᠢ ᠴᠢᠯᠦᠭᠡᠲᠡᠢ ᠪᠣᠯᠭᠠᠵᠤ ᠡᠷᠬᠡ ᠣᠯᠭᠤᠬᠤ᠂ ᠲᠤᠭ᠎ᠠ | ᠪᠠᠷᠢᠮᠲᠠ ᠶᠢ ᠠᠭᠤᠰᠤᠯᠴᠠᠭᠤᠯᠤᠨ ᠪᠤᠳᠤᠬᠤ ᠵᠡᠷᠭᠡ ᠴᠢᠳᠠᠮᠵᠢ ᠲᠠᠢ ᠨᠡᠶᠢᠳᠡᠮ ᠬᠡᠷᠡᠭᠯᠡᠬᠦ ᠪᠤᠳᠤᠬᠤ ᠠᠷᠭ᠎ᠠ ᠶᠢᠨ ᠵᠠᠭᠪᠤᠷ | ᠪᠠ ᠡᠵᠡᠮᠰᠢᠭᠦᠷ ᠤᠨ ᠬᠥᠮᠥᠷᠭᠡ ᠶᠢ ᠪᠠᠶᠢᠭᠤᠯᠵᠤ᠂ ᠪᠠᠷᠢᠮᠵᠢᠶᠠᠵᠢᠭᠰᠠᠨ᠂ ᠣᠶᠤᠨᠴᠢᠯᠠᠭᠰᠠᠨ ᠲᠤᠭ᠎ᠠ ᠪᠠᠷᠢᠮᠲᠠ ᠶᠢᠨ | ᠦᠢᠯᠡᠴᠢᠯᠡᠭᠡ ᠶᠢ ᠬᠠᠩᠭᠠᠨ᠎ᠠ᠃︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠠᠴᠠ | ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠠᠷᠪᠠᠨ ᠭᠤᠷᠪᠠ︶ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠢᠨ᠎ᠡ ᠶᠢ | ᠡᠭᠦᠳᠬᠦ ᠡᠷᠴᠢᠮ ᠢ ᠴᠢᠩᠭᠠᠷᠠᠭᠤᠯᠤᠨ᠎ᠠ ᠬᠤᠲᠠ ᠶᠢᠨ ᠵᠠᠰᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠢᠳᠡᠭᠡᠨ ᠤ ᠠᠮᠤᠷ ᠲᠦᠪᠰᠢᠨ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠠᠵᠤ ᠠᠬᠤᠢ ᠶᠢᠨ ᠠᠵᠢᠯᠯᠠᠭᠠᠨ | ᠵᠡᠷᠭᠡ ᠬᠡᠷᠡᠭᠯᠡᠭᠡᠨ ᠤ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠶᠢ ᠬᠡᠷᠡᠭᠯᠡᠬᠦ ᠳᠤ ᠨᠢᠭᠡ ᠲᠣᠭᠠᠨ ᠤ | ᠬᠥᠮᠥᠷᠭᠡ︾ ᠶᠢᠨ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮᠵᠢ ᠳᠤ ᠲᠦᠰᠢᠭᠯᠡᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠥᠮᠥᠷᠭᠡ | ᠪᠠᠶᠢᠭᠤᠯᠬᠤ ᠶᠢ ᠠᠬᠢᠭᠤᠯᠵᠤ᠂ ᠣᠯᠠᠨ ᠠᠵᠢᠯ ᠲᠥᠷᠥᠯ ᠪᠠ ᠣᠯᠠᠨ ᠲᠠᠯᠠᠪᠤᠷ ᠠᠯᠤᠰᠯᠠᠭᠰᠠᠨ ᠬᠡᠷᠡᠭᠯᠡᠭᠡᠨ ᠳᠤ ᠣᠯᠠᠨ | ᠶᠠᠩᠵᠤ ᠶᠢᠨ ᠬᠠᠮᠲᠤᠪᠠᠷ ᠭᠥᠷᠳᠡᠬᠦ ᠦᠢᠯᠡᠴᠢᠯᠡᠭᠡ ᠬᠠᠩᠭᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ | ᠠᠬᠢᠭᠤᠯᠤᠨ᠎ᠠ︶ | ︵ᠠᠷᠪᠠᠨ ᠳᠥᠷᠪᠡ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠠᠬᠢᠭᠤᠯᠤᠨ᠎ᠠ ᠪᠦᠬᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ | ᠳ᠋ᠠᠶᠢᠲ᠋ᠠ ᠶᠢᠨ ᠰᠢᠰᠲ᠋ᠧᠮ ᠳᠤ ᠰᠠᠭᠤᠷᠢᠯᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠨᠡᠭᠡᠭᠡᠯᠲᠡ ᠶᠢᠨ ᠥᠪᠡᠷᠲᠡᠭᠡᠨ | ᠵᠠᠰᠠᠬᠤ ᠣᠷᠣᠨ ᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠨᠡᠭᠡᠭᠡᠯᠲᠡ ᠶᠢᠨ ᠲᠠᠪᠴᠠᠩ ᠪᠠ | ᠡᠯ᠎ᠡ ᠠᠶᠢᠮᠠᠭ ᠬᠤᠲᠠ ᠶᠢᠨ ᠲᠤᠭ᠎ᠠ ᠪᠠᠷᠢᠮᠲᠠ ᠶᠢᠨ ᠨᠡᠭᠡᠭᠡᠯᠲᠡ ᠶᠢᠨ ᠲᠠᠪᠴᠠᠩ ᠢᠶᠠᠷ ᠳᠠᠮᠵᠢᠭᠤᠯᠤᠨ᠂ ᠲᠤᠭ᠎ᠠ | ᠪᠠᠷᠢᠮᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠨᠡᠭᠡᠭᠡᠯᠲᠡ ᠶᠢ ᠠᠬᠢᠭᠤᠯᠵᠤ᠂ ᠪᠡᠶ᠎ᠡ ᠶᠢᠨ ᠭᠠᠷᠤᠯ ᠢ ᠭᠡᠷᠡᠴᠢᠯᠡᠨ | ᠡᠷᠬᠡ ᠣᠯᠭᠤᠬᠤ᠂ ᠲᠤᠭ᠎ᠠ ᠪᠠᠷᠢᠮᠲᠠ ᠶᠢᠨ ᠡᠯᠡᠰᠦᠨ ᠬᠠᠶᠢᠷᠴᠠᠭ᠂ ᠠᠮᠤᠷ ᠲᠦᠪᠰᠢᠨ ᠢ ᠣᠯᠠᠨ ᠲᠠᠯ᠎ᠠ ᠪᠠᠷ ᠪᠤᠳᠤᠬᠤ | ᠵᠡᠷᠭᠡ ᠮᠡᠷᠭᠡᠵᠢᠯ ᠤᠨ ᠠᠷᠭ᠎ᠠ ᠪᠠᠷᠢᠯ ᠢ ᠰᠦᠪᠡᠭᠴᠢᠯᠡᠨ ᠠᠰᠢᠭᠯᠠᠵᠤ᠂ ᠲᠤᠭ᠎ᠠ ᠪᠠᠷᠢᠮᠲᠠ ᠶᠢ ︽ᠬᠡᠷᠡᠭᠯᠡᠵᠦ ᠪᠣᠯᠬᠤ ᠳᠤ | ᠥᠯᠥ ᠦᠵᠡᠭᠳᠡᠬᠦ︾ ᠶᠢ ᠪᠡᠶᠡᠯᠡᠭᠦᠯᠦᠨ᠂ ᠲᠤᠭ᠎ᠠ ᠪᠠᠷᠢᠮᠲᠠ ᠶᠢᠨ ᠨᠡᠭᠡᠭᠡᠯᠲᠡ ᠶᠢᠨ ᠰᠢᠨ᠎ᠡ ᠶᠢ ᠡᠭᠦᠳᠬᠦ ᠲᠣᠭᠲᠠᠴᠠ ᠶᠢ | ᠠᠯᠬᠤᠮ ᠠᠯᠬᠤᠮ ᠢᠶᠠᠷ ᠪᠠᠶᠢᠭᠤᠯᠤᠨ᠎ᠠ᠃︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠠᠴᠠ | ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠵᠠᠰᠠᠭ ᠤᠨ | ᠶᠠᠪᠤᠳᠠᠯ ᠤᠨ ᠳ᠋ᠠᠶᠢᠲ᠋ᠠ ᠶᠢ ᠨᠡᠭᠡᠭᠡᠨ ᠠᠰᠢᠭᠯᠠᠬᠤ ᠲᠣᠭᠲᠠᠭᠠᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠡᠷᠡᠭᠴᠡᠭᠡ ᠶᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠨ ᠤ ᠵᠠᠰᠠᠭ ᠤᠨ | ᠶᠠᠪᠤᠳᠠᠯ ᠤᠨ ᠲᠤᠭ᠎ᠠ ᠪᠠᠷᠢᠮᠲᠠ ᠶᠢ ᠴᠢᠯᠦᠭᠡᠲᠡᠢ ᠪᠣᠯᠭᠠᠬᠤ ᠭᠤᠣᠯᠳᠠᠯᠭ᠎ᠠ ᠲᠠᠢ ᠨᠠᠷᠢᠨ ᠳᠠᠩᠰᠠ ᠶᠢ ᠲᠣᠭᠲᠠᠭᠠᠵᠤ᠂ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠲᠦᠭᠰᠢᠭᠦᠷᠢ ᠶᠢ ᠡᠵᠡᠮᠳᠡᠵᠦ ᠪᠣᠯᠬᠤ ᠵᠠᠷᠴᠢᠮ ᠳᠣᠣᠷ᠎ᠠ ᠠᠯᠢ | ᠴᠢᠳᠠᠬᠤ ᠪᠠᠷ ᠨᠡᠭᠡᠭᠡᠯᠲᠡ ᠬᠢᠬᠦ ᠶᠢ ᠠᠬᠢᠭᠤᠯᠵᠤ᠂ ᠲᠤᠭ᠎ᠠ ᠪᠠᠷᠢᠮᠲᠠ ᠶᠢ ᠨᠡᠭᠡᠭᠡᠯᠲᠡ ᠬᠢᠬᠦ ᠡᠷᠬᠡ ᠪᠠ ᠡᠭᠦᠷᠭᠡ ᠶᠢ | ᠲᠣᠳᠣᠷᠬᠠᠢ ᠪᠣᠯᠭᠠᠵᠤ᠂ ᠲᠤᠭ᠎ᠠ ᠪᠠᠷᠢᠮᠲᠠ ᠶᠢ ᠨᠡᠭᠡᠭᠡᠯᠲᠡ ᠬᠢᠬᠦ ᠬᠡᠪᠴᠢᠶ᠎ᠡ ᠪᠠ ᠬᠠᠷᠢᠭᠤᠴᠠᠯᠭ᠎ᠠ ᠶᠢ ᠵᠠᠭᠠᠭᠯᠠᠨ | ᠲᠣᠭᠲᠠᠭᠠᠵᠤ᠂ ᠲᠤᠭ᠎ᠠ ᠪᠠᠷᠢᠮᠲᠠ ᠶᠢ ᠨᠡᠭᠡᠭᠡᠯᠲᠡ ᠬᠢᠬᠦ ᠶᠢᠨ ᠠᠮᠤᠷ ᠲᠦᠪᠰᠢᠨ ᠤ ᠬᠠᠮᠢᠶᠠᠷᠤᠨ ᠡᠵᠡᠮᠳᠡᠬᠦ | ᠱᠠᠭᠠᠷᠳᠠᠯᠭ᠎ᠠ ᠶᠢ ᠲᠣᠳᠣᠷᠬᠠᠶᠢᠯᠠᠨ᠂ ᠠᠷᠠᠳ ᠤᠨ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ᠂ ᠨᠡᠶᠢᠭᠡᠮ ᠤᠨ | ᠲᠤᠯᠭᠠᠮ᠎ᠠ ᠬᠡᠷᠡᠭᠴᠡᠭᠡ ᠪᠦᠬᠦᠢ᠂ ᠠᠵᠢᠯ ᠲᠥᠷᠥᠯ ᠤᠨ ᠥᠷᠲᠡᠭ ᠨᠡᠮᠡᠭᠳᠡᠯ ᠤᠨ ᠳᠠᠯᠳᠠ ᠬᠦᠴᠦᠨ ᠢᠶᠠᠷ ᠢᠯᠡᠷᠬᠡᠢ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠤᠷᠢᠳᠠᠪᠠᠷ ᠨᠡᠭᠡᠭᠡᠯᠲᠡ ᠬᠢᠨ᠎ᠡ᠃︵ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | ᠦᠷᠭᠦᠯᠵᠢᠯᠡᠨ ᠠᠬᠢᠭᠤᠯᠤᠨ᠎ᠠ︶ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠷᠬᠡ ᠣᠯᠭᠤᠨ ᠠᠵᠢᠯᠯᠠᠭᠤᠯᠬᠤ ᠶᠢ | ᠬᠠᠤᠯᠢ ᠲᠣᠭᠲᠠᠭᠠᠯ ᠶᠣᠰᠣᠭᠠᠷ ᠥᠷᠨᠢᠭᠦᠯᠬᠦ ᠶᠢ ᠵᠣᠷᠢᠭᠵᠢᠭᠤᠯᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠲᠤᠭ᠎ᠠ ᠪᠠᠷᠢᠮᠲᠠ ᠶᠢᠨ ᠬᠦᠴᠦᠨ ᠵᠦᠢᠯ ᠤᠨ ᠵᠠᠬ᠎ᠠ ᠳᠡᠯᠭᠡᠭᠦᠷ ᠢ | ᠪᠣᠶᠢᠵᠢᠭᠤᠯᠤᠨ᠂ ᠪᠦᠲᠦᠮᠵᠢᠲᠡᠢ ᠬᠠᠩᠭᠠᠬᠤ᠂ ᠡᠮᠬᠢ ᠵᠢᠷᠤᠮ ᠲᠠᠢ ᠨᠡᠭᠡᠭᠡᠨ ᠠᠰᠢᠭᠯᠠᠬᠤ ᠰᠠᠶᠢᠨ ᠰᠠᠶᠢᠬᠠᠨ ᠠᠮᠢ | ᠠᠬᠤᠢ ᠶᠢ ᠪᠣᠶ ᠪᠣᠯᠭᠠᠨ᠎ᠠ᠃︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠠᠴᠠ ᠲᠦᠷᠦᠭᠦᠯᠡᠵᠦ᠂ | ᠡᠯ᠎ᠡ ᠠᠶᠢᠮᠠᠭ ᠤᠨ ᠬᠤᠲᠠ ᠶᠢᠨ ᠶᠠᠪᠤᠳᠠᠯ ᠤᠨ ᠳ᠋ᠠᠶᠢᠲ᠋ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠠᠵᠢᠯ ᠬᠤᠪᠢᠶᠠᠷᠢᠯᠠᠨ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ᠵᠢᠷᠭᠤᠭ᠎ᠠ᠂ ᠪᠣᠳᠣᠯᠭ᠎ᠠ ᠶᠢᠨ ᠬᠦᠴᠦᠨ ᠤ ᠪᠡᠯᠡᠳᠬᠡᠮᠵᠢ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠎ᠠ | ︵ᠠᠷᠪᠠᠨ ᠲᠠᠪᠤ︶ ᠪᠤᠳᠤᠬᠤ ᠬᠦᠴᠦᠨ ᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ᠪᠥᠬᠦ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠪᠤᠳᠤᠬᠤ ᠴᠢᠳᠠᠪᠤᠷᠢ ᠶᠢᠨ ᠡᠬᠢ ᠪᠠᠶᠠᠯᠢᠭ ᠤᠨ | ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠢᠯᠭᠠᠷᠠᠭᠤᠯᠤᠨ ᠪᠤᠳᠤᠬᠤ ᠴᠢᠳᠠᠪᠤᠷᠢ ᠶᠢᠨ ᠶᠡᠷᠦᠩᠬᠡᠢ ᠬᠡᠮᠵᠢᠶ᠎ᠡ᠂ | ᠪᠤᠳᠤᠬᠤ ᠴᠢᠳᠠᠪᠤᠷᠢ ᠶᠢᠨ ᠲᠠᠷᠬᠠᠯᠲᠠ᠂ ᠪᠤᠳᠤᠬᠤ ᠴᠢᠳᠠᠪᠤᠷᠢ ᠶᠢᠨ ᠪᠦᠷᠢᠯᠳᠦᠯ ᠪᠠ ᠮᠡᠷᠭᠡᠵᠢᠯ ᠤᠨ ᠬᠡᠯᠪᠡᠷᠢ | ᠰᠣᠩᠭᠤᠯᠲᠠ ᠵᠡᠷᠭᠡ ᠶᠢ ᠣᠶᠢᠯᠠᠭᠠᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠪᠤᠳᠤᠬᠤ | ᠴᠢᠳᠠᠪᠤᠷᠢ ᠶᠢᠨ ︽ᠨᠢᠭᠡ ᠲᠠᠩᠰᠠ︾ ᠶᠢ ᠪᠦᠷᠢᠯᠳᠦᠭᠦᠯᠦᠨ᠎ᠡ᠃︵ᠥᠪᠡᠷᠲᠡᠭᠡᠨ ᠵᠠᠰᠠᠬᠤ ᠣᠷᠣᠨ ᠤ ᠲᠣᠮᠣ | ᠳ᠋ᠠᠶᠢᠲ᠋ᠠ ᠶᠢᠨ ᠲᠥᠪ᠂ ᠡᠯ᠎ᠡ ᠠᠶᠢᠮᠠᠭ ᠤᠨ ᠬᠤᠲᠠ ᠶᠢᠨ ᠶᠠᠪᠤᠳᠠᠯ ᠤᠨ ᠲᠤᠭ᠎ᠠ ᠪᠠᠷᠢᠮᠲᠠ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠵᠤ᠂ 2023 ᠣᠨ ᠤ 9 ᠰᠠᠷ᠎ᠠ ᠶᠢᠨ ᠰᠡᠭᠦᠯᠴᠢ ᠠᠴᠠ ᠡᠮᠦᠨ᠎ᠡ | ᠪᠡᠶᠡᠯᠡᠭᠦᠯᠦᠨ᠎ᠡ︶ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠡᠭᠦᠯᠡᠨ | ᠰᠢᠨᠵᠢᠯᠡᠯᠲᠡ ᠶᠢᠨ ᠵᠠᠳᠠᠯᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠪᠥᠬᠦ ᠣᠷᠣᠨ ᠤ ᠵᠠᠰᠠᠭ ᠤᠨ ᠶᠠᠪᠤᠳᠠᠯ ᠤᠨ | ᠡᠭᠦᠯᠡᠨ ᠰᠢᠨᠵᠢᠯᠡᠯᠲᠡ ᠶᠢᠨ ᠵᠠᠳᠠᠯᠤᠯᠲᠠ ᠶᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ ᠶᠢᠨ ᠡᠭᠦᠯᠡᠨ ᠡᠬᠢ ᠪᠠᠶᠠᠯᠢᠭ ᠤᠨ ᠠᠰᠢᠭᠯᠠᠯᠲᠠ᠂ ᠲᠤᠬᠠᠶᠢᠯᠠᠭᠰᠠᠨ ᠠᠵᠢᠯ ᠤᠨ ᠴᠢᠳᠠᠮᠵᠢ ᠵᠡᠷᠭᠡ ᠲᠤᠭ᠎ᠠ | ᠪᠠᠷᠢᠮᠲᠠ ᠶᠢ ᠬᠤᠷᠠᠮᠳᠤᠭᠤᠯᠤᠨ᠂ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠤᠨ ᠬᠡᠷᠡᠭᠯᠡᠯᠲᠡ ᠶᠢᠨ ᠪᠠᠶᠢᠳᠠᠯ ᠢ | ᠡᠵᠡᠮᠰᠢᠨ᠂ ᠡᠭᠦᠯᠡᠨ ᠡᠬᠢ ᠪᠠᠶᠠᠯᠢᠭ ᠤᠨ ᠵᠠᠳᠠᠯᠤᠯᠲᠠ ᠦᠨᠡᠯᠡᠨ ᠵᠢᠱᠢᠯᠲᠡ ᠶᠢ ᠥᠷᠨᠢᠭᠦᠯᠵᠦ᠂ ᠡᠭᠦᠯᠡᠨ ᠡᠬᠢ | ᠪᠠᠶᠠᠯᠢᠭ ᠤᠨ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ | ᠡᠭᠦᠯᠡᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠬᠠᠮᠢᠶᠠᠷᠬᠤ᠂ ᠥᠨᠳᠥᠷ ᠦᠷ᠎ᠡ ᠪᠦᠲᠦᠮᠵᠢᠲᠡᠢ ᠬᠡᠷᠡᠭᠯᠡᠬᠦ ᠶᠢ | ᠠᠬᠢᠭᠤᠯᠵᠤ᠂ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠢ ᠨᠢᠭᠡᠳᠦᠯᠲᠡᠢ ᠲᠣᠬᠢᠷᠠᠭᠤᠯᠬᠤ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠡᠭᠦᠯᠡᠨ | ᠲᠠᠪᠴᠠᠩ ᠤᠨ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠤᠨ᠎ᠠ᠃︵ᠥᠪᠡᠷᠲᠡᠭᠡᠨ ᠵᠠᠰᠠᠬᠤ ᠣᠷᠣᠨ ᠤ ᠲᠣᠮᠣ | ᠳ᠋ᠠᠶᠢᠲ᠋ᠠ ᠶᠢᠨ ᠲᠥᠪ ᠠᠴᠠ ᠬᠠᠷᠢᠭᠤᠴᠠᠵᠤ᠂ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠭᠤᠣᠯ | ᠪᠡᠯᠡᠳᠬᠡᠯ ᠤᠨ ᠵᠠᠩᠭᠢᠶ᠎ᠠ ᠴᠡᠭ ᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠭᠤᠣᠯ ᠪᠡᠯᠡᠳᠬᠡᠯ | ᠵᠠᠩᠭᠢᠯᠠᠭ᠎ᠠ ᠶᠢᠨ ᠴᠡᠭ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ | ᠥᠨᠳᠥᠷ ᠬᠡᠷᠡᠭᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠵᠢᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠲᠠᠪᠴᠠᠩ ᠤᠨ ᠪᠤᠳᠤᠬᠤ ᠬᠦᠴᠦᠨ ᠤ ᠪᠡᠯᠡᠳᠬᠡᠮᠵᠢ ᠶᠢ ᠰᠢᠯᠢᠳᠡᠭᠵᠢᠭᠦᠯᠵᠦ᠂ ᠡᠭᠦᠯᠡᠨ ᠲᠠᠪᠴᠠᠩ᠂ ᠲᠣᠮᠣ | ᠳ᠋ᠠᠶᠢᠲ᠋ᠠ ᠶᠢᠨ ᠲᠠᠪᠴᠠᠩ ᠤᠨ ᠰᠠᠭᠤᠷᠢ ︽ᠰᠠᠭᠤᠷᠢ︾ ᠶᠢᠨ ᠲᠤᠯᠭᠠᠭᠤᠷᠢᠯᠠᠯ ᠢ ᠴᠢᠩᠭᠠᠷᠠᠭᠤᠯᠤᠨ᠂ ᠳ᠋ᠠᠶᠢᠲ᠋ᠠ ᠶᠢ | ᠬᠤᠷᠠᠮᠳᠤᠭᠤᠯᠬᠤ᠂ ᠬᠠᠳᠠᠭᠠᠯᠠᠬᠤ᠂ ᠪᠤᠳᠤᠬᠤ᠂ ᠵᠠᠰᠠᠬᠤ᠂ ᠵᠠᠳᠠᠯᠬᠤ᠂ ᠦᠢᠯᠡᠴᠢᠯᠡᠬᠦ ᠵᠡᠷᠭᠡ ᠰᠠᠭᠤᠷᠢ ᠴᠢᠳᠠᠮᠵᠢ ᠶᠢ | ᠬᠠᠩᠭᠠᠵᠤ᠂ ᠳ᠋ᠠᠶᠢᠲ᠋ᠠ ᠶᠢᠨ ᠭᠠᠷᠴᠠᠭ᠂ ᠵᠠᠰᠠᠬᠤ᠂ ᠬᠠᠮᠲᠤᠪᠠᠷ ᠭᠥᠷᠳᠡᠬᠦ ᠵᠡᠷᠭᠡ ᠰᠢᠰᠲ᠋ᠧᠮ ᠤᠨ ᠠᠵᠢᠯᠯᠠᠭᠠᠨ ᠢ | ᠠᠴᠢᠶᠠᠯᠠᠨ᠂ ᠬᠡᠷᠡᠭᠴᠡᠭᠡ ᠶᠣᠰᠣᠭᠠᠷ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠬᠤᠷᠠᠮᠳᠤᠭᠤᠯᠤᠨ | ᠨᠡᠶᠢᠯᠡᠭᠦᠯᠵᠦ ᠬᠠᠮᠲᠤᠪᠠᠷ ᠭᠥᠷᠳᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ | ᠳ᠋ᠠᠶᠢᠲ᠋ᠠ ᠶᠢᠨ ᠲᠠᠪᠴᠠᠩ ᠤᠨ ᠠᠵᠢᠯᠯᠠᠭᠠᠨ ᠢ ᠪᠠᠲᠤᠯᠠᠨ᠎ᠠ᠃︽ᠬᠤᠶᠠᠷ ᠭᠠᠵᠠᠷ ᠭᠤᠷᠪᠠᠨ ᠲᠥᠪ︾ ᠤᠨ ᠵᠠᠭᠪᠤᠷ ᠲᠤ | ᠰᠠᠭᠤᠷᠢᠯᠠᠨ ᠲᠣᠰ ᠭᠠᠵᠠᠷ ᠣᠷᠣᠨ᠂ ᠣᠨᠳᠣᠣ ᠭᠠᠵᠠᠷ ᠤᠨ ᠳ᠋ᠠᠶᠢᠲ᠋ᠠ ᠶᠢᠨ ᠭᠠᠮᠰᠢᠭ ᠢ ᠪᠠᠭᠲᠠᠭᠠᠬᠤ ᠪᠡᠯᠡᠳᠬᠡᠯ | ᠲᠥᠪ ᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠦᠷᠭᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ ᠤᠨ | ᠱᠠᠭᠠᠷᠳᠠᠯᠭ᠎ᠠ ᠪᠠᠷ ᠥᠨᠳᠥᠷ ᠵᠠᠩᠭᠢᠯᠠᠭ᠎ᠠ ᠶᠢᠨ ᠲᠤᠬᠠᠶᠢᠯᠠᠭᠰᠠᠨ ᠠᠵᠢᠯ ᠤᠨ ᠲᠣᠰ ᠭᠠᠵᠠᠷ ᠣᠷᠣᠨ ᠤ ︽ᠬᠤᠣᠰ | ᠠᠮᠢᠳᠤᠯᠢᠭ︾ ᠢ ᠠᠬᠢᠭᠤᠯᠵᠤ᠂ ᠴᠢᠬᠤᠯᠠ ᠳ᠋ᠠᠶᠢᠲ᠋ᠠ ᠶᠢᠨ ᠣᠨᠳᠣᠣ ᠭᠠᠵᠠᠷ ᠲᠤ ᠲᠣᠭᠲᠠᠭᠰᠠᠨ ᠴᠠᠭ ᠲᠤ | ᠭᠠᠮᠰᠢᠭ ᠤᠨ ᠪᠡᠯᠡᠳᠬᠡᠯ ᠬᠢᠬᠦ ᠶᠢ ᠪᠠᠲᠤᠯᠠᠨ᠎ᠠ᠃︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ | ᠲᠥᠪ ᠠᠴᠠ ᠬᠠᠷᠢᠭᠤᠴᠠᠵᠤ᠂ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ︵ᠠᠷᠪᠠᠨ ᠳᠣᠯᠤᠭ᠎ᠠ︶ ᠪᠤᠳᠤᠬᠤ ᠴᠢᠳᠠᠪᠤᠷᠢ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ | ᠃ ᠪᠣᠳᠣᠯᠭ᠎ᠠ ᠶᠢᠨ ᠬᠦᠴᠦᠨ ᠤ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ | ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠲᠣᠮᠣ ᠳ᠋ᠠᠶᠢᠲ᠋ᠠ ᠶᠢᠨ ᠡᠭᠦᠯᠡᠨ ᠡᠬᠢ ᠪᠠᠶᠠᠯᠢᠭ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ︽ᠹᠢᠽᠢᠺ ᠢ | ᠲᠠᠷᠠᠬᠠᠢ ᠪᠠᠶᠢᠯᠭᠠᠬᠤ᠂ ᠯᠣᠭᠢᠭ ᠢ ᠲᠥᠪᠯᠡᠷᠡᠭᠦᠯᠬᠦ᠂ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠠᠮᠤᠷ ᠲᠦᠪᠰᠢᠨ ᠢᠶᠠᠷ | ᠡᠵᠡᠮᠳᠡᠵᠦ ᠪᠣᠯᠬᠤ︾ ᠵᠠᠷᠴᠢᠮ ᠶᠣᠰᠣᠭᠠᠷ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠲᠥᠪ ᠢ ᠡᠮᠬᠢᠯᠡᠨ ᠨᠡᠶᠢᠯᠡᠭᠦᠯᠵᠦ | ᠥᠭᠡᠷᠡᠴᠢᠯᠡᠬᠦ ᠶᠢ ᠠᠬᠢᠭᠤᠯᠤᠨ᠎ᠠ᠃ ᠬᠡᠷᠡᠭᠴᠡᠭᠡ ᠶᠣᠰᠣᠭᠠᠷ ᠵᠢᠷᠤᠭ ᠳᠦᠷᠰᠦ ᠦᠵᠡᠭᠦᠯᠬᠦ ᠶᠢ ᠰᠢᠢᠳᠪᠦᠷᠢᠯᠡᠬᠦ ᠮᠠᠰᠢᠨ | ︵GPU︶᠂ ᠲᠤᠰᠬᠠᠢ ᠬᠤᠷᠠᠮᠠᠯ ᠴᠠᠬᠢᠯᠭᠠᠨ ᠬᠡᠯᠬᠢᠶᠡᠨ ᠤ ᠴᠠᠬᠢᠮ ︵ASIC︶ ᠵᠡᠷᠭᠡ ᠣᠨᠳᠣᠣ ᠪᠦᠲᠦᠴᠡ ᠲᠠᠢ | ᠪᠤᠳᠤᠬᠤ ᠴᠢᠳᠠᠪᠤᠷᠢ ᠶᠢ ᠪᠣᠶ ᠪᠣᠯᠭᠠᠵᠤ᠂ ᠬᠠᠳᠠᠭᠠᠯᠠᠬᠤ ᠪᠠ ᠪᠤᠳᠤᠬᠤ ᠶᠢ ᠰᠠᠯᠭᠠᠬᠤ᠂ ᠵᠢᠷᠤᠭ ᠢᠶᠠᠷ ᠪᠤᠳᠤᠬᠤ᠂ | ᠬᠤᠪᠢ ᠶᠢᠨ ᠨᠢᠭᠤᠴᠠ ᠪᠠᠷ ᠪᠤᠳᠤᠬᠤ ᠵᠡᠷᠭᠡ ᠰᠢᠨ᠎ᠡ ᠬᠡᠯᠪᠡᠷᠢ ᠶᠢᠨ ᠲᠤᠭ᠎ᠠ ᠪᠠᠷᠢᠮᠲᠠ ᠶᠢ ᠵᠠᠳᠠᠯᠤᠨ ᠬᠠᠮᠢᠶᠠᠷᠬᠤ | ᠴᠢᠳᠠᠪᠤᠷᠢ ᠶᠢ ᠪᠣᠶ ᠪᠣᠯᠭᠠᠨ᠎ᠠ᠃︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠠᠴᠠ | ᠬᠠᠷᠢᠭᠤᠴᠠᠵᠤ᠂ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ᠳᠣᠯᠤᠭ᠎ᠠ᠂ ᠪᠠᠷᠢᠮᠵᠢᠶ᠎ᠠ ᠵᠢᠷᠤᠮᠵᠢᠯ ᠤᠨ ᠨᠢᠭᠡ ᠴᠣᠭᠴᠠᠵᠢᠯᠲᠠ ᠶᠢ ᠠᠬᠢᠭᠤᠯᠤᠨ᠎ᠠ | ︵ᠠᠷᠪᠠᠨ ᠨᠠᠢᠮᠠ︶ ᠤᠯᠤᠰ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠭᠦᠨᠵᠡᠭᠡᠢ ᠨᠠᠶᠢᠳᠠᠪᠤᠷᠢᠵᠢᠭᠤᠯᠤᠨ᠎ᠠ᠃ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ᠂ ᠮᠡᠷᠭᠡᠵᠢᠯ ᠤᠨ ᠲᠠᠪᠴᠠᠩ ᠤᠨ ᠪᠠᠶᠢᠭᠤᠯᠤᠯᠲᠠ ᠪᠠ | ᠲᠤᠭ᠎ᠠ ᠪᠠᠷᠢᠮᠲᠠ ᠶᠢᠨ ᠬᠡᠷᠡᠭᠯᠡᠭᠡᠨ ᠤ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠲᠠᠯ᠎ᠠ ᠶᠢᠨ ᠲᠣᠭᠤᠷᠢᠨ ᠳᠤ᠂ | ᠤᠯᠤᠰ ᠤᠨ ᠪᠠᠷᠢᠮᠵᠢᠶ᠎ᠠ ᠶᠢ ᠵᠢᠷᠤᠮᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠠᠷᠢᠮᠵᠢᠶ᠎ᠠ ᠶᠢᠨ ᠬᠡᠷᠡᠭᠵᠢᠭᠦᠯᠬᠦ | ᠲᠥᠰᠥᠯ ᠢ ᠲᠣᠭᠲᠠᠭᠠᠨ ᠨᠡᠶᠢᠲᠡᠯᠡᠵᠦ᠂ ᠣᠷᠣᠨ ᠨᠤᠲᠤᠭ ᠤᠨ ᠪᠠᠷᠢᠮᠵᠢᠶ᠎ᠠ ᠶᠢᠨ ᠵᠢᠷᠤᠮᠵᠢᠯ ᠳᠤ ᠵᠠᠰᠠᠪᠤᠷᠢ | ᠣᠷᠣᠭᠤᠯᠤᠨ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ | ᠨᠡᠭᠡᠭᠡᠯᠲᠡ ᠬᠢᠬᠦ ᠦᠢᠯᠡᠴᠢᠯᠡᠭᠡ ᠥᠷᠨᠢᠭᠦᠯᠬᠦ ᠶᠢᠨ ᠪᠠᠷᠢᠮᠵᠢᠶ᠎ᠠ ᠶᠢᠨ ᠦᠨᠳᠦᠰᠦᠯᠡᠯ ᠢ ᠲᠣᠳᠣᠷᠬᠠᠶᠢᠯᠠᠨ᠎ᠠ᠃︵ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ | ᠲᠥᠪ ᠠᠴᠠ ᠬᠠᠷᠢᠭᠤᠴᠠᠵᠤ᠂ ᠤᠯᠤᠰ ᠤᠨ ᠪᠠᠷᠢᠮᠵᠢᠶ᠎ᠠ ᠶᠢᠨ ᠵᠢᠷᠤᠮᠵᠢᠯ ᠢ ᠨᠡᠶᠢᠲᠡᠯᠡᠬᠦ ᠳᠤ 3 ᠰᠠᠷ᠎ᠠ ᠶᠢᠨ ᠳᠣᠲᠣᠷ᠎ᠠ︶ | ︵ᠠᠷᠪᠠ ᠶᠢᠰᠦ︶ ᠣᠷᠣᠨ ᠨᠤᠲᠤᠭ ᠤᠨ ᠪᠠᠷᠢᠮᠵᠢᠶ᠎ᠠ ᠶᠢ ᠰᠤᠳᠤᠯᠤᠨ ᠦᠢᠯᠡᠳᠬᠦ ᠶᠢ ᠲᠦᠷᠭᠡᠳᠬᠡᠨ᠎ᠡ᠃ | ᠤᠯᠤᠰ ᠤᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠣᠷᠣ ᠲᠥᠯᠥᠪ ᠪᠠ | ᠤᠯᠤᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠵᠢᠯ ᠤᠨ | ᠪᠣᠳᠠᠲᠠᠢ ᠳᠤ ᠲᠣᠬᠢᠷᠠᠬᠤ ᠣᠷᠣᠨ ᠨᠤᠲᠤᠭ ᠤᠨᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ᠂ ᠲᠠᠪᠴᠠᠩ ᠤᠨ | ᠮᠡᠷᠭᠡᠵᠢᠯ᠂ ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠬᠠᠮᠢᠶᠠᠷᠤᠯᠲᠠ ᠪᠠ ᠡᠵᠡᠩᠨᠡᠯᠲᠡ᠂ ᠵᠠᠰᠠᠭ ᠤᠨ ᠶᠠᠪᠤᠳᠠᠯ ᠤᠨ | ᠡᠭᠦᠯᠡᠨ ᠪᠠᠶᠢᠭᠤᠯᠤᠯᠲᠠ ᠪᠠ ᠬᠢᠨᠠᠨ ᠬᠡᠮᠵᠢᠬᠦ ᠬᠦᠷᠢᠶ᠎ᠡ ᠴᠠᠷᠠᠭ᠎ᠠ ᠶᠢᠨ ᠪᠠᠷᠢᠮᠵᠢᠶ᠎ᠠ ᠶᠢ ᠭᠤᠣᠯᠳᠠᠯᠭ᠎ᠠ ᠲᠠᠢ ᠰᠤᠳᠤᠯᠤᠨ | ᠦᠢᠯᠡᠳᠦᠨ᠎ᠡ᠃︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ | ᠳ᠋ᠠᠶᠢᠲ᠋ᠠ ᠶᠢᠨ ᠲᠥᠪ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠂ ᠦᠷᠭᠦᠯᠵᠢᠯᠡᠨ ᠠᠬᠢᠭᠤᠯᠤᠨ᠎ᠠ︶ | ︵ᠬᠤᠷᠢ︶ ᠪᠠᠷᠢᠮᠵᠢᠶ᠎ᠠ ᠶᠢᠨ ᠵᠢᠷᠤᠮᠵᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠠᠮᠵᠢᠯᠴᠠᠨ | ᠠᠬᠢᠭᠤᠯᠤᠨ᠎ᠠ᠃ ᠪᠠᠷᠢᠮᠵᠢᠶ᠎ᠠ ᠶᠢ ᠵᠢᠷᠤᠮᠵᠢᠭᠤᠯᠤᠨ ᠨᠠᠶᠢᠳᠠᠪᠤᠷᠢᠵᠢᠭᠤᠯᠤᠨ ᠳᠡᠯᠭᠡᠷᠡᠭᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠬᠠᠮᠢᠶ᠎ᠠ ᠪᠦᠬᠦᠢ ᠤᠯᠤᠰ ᠤᠨ ᠪᠠᠷᠢᠮᠵᠢᠶ᠎ᠠ ᠶᠢᠨ | ᠵᠢᠷᠤᠮᠵᠢᠯ᠂ ᠣᠷᠣᠨ ᠨᠤᠲᠤᠭ ᠤᠨ ᠪᠠᠷᠢᠮᠵᠢᠶ᠎ᠠ ᠶᠢᠨ ᠵᠢᠷᠤᠮᠵᠢᠯ ᠪᠠ ᠠᠵᠢᠯ ᠲᠥᠷᠥᠯ ᠤᠨ ᠪᠠᠷᠢᠮᠵᠢᠶ᠎ᠠ ᠶᠢᠨ ᠵᠠᠰᠠᠭ ᠤᠨ | ᠶᠠᠪᠤᠳᠠᠯ ᠤᠨ ᠲᠤᠭ᠎ᠠ ᠪᠠᠷᠢᠮᠲᠠ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠠᠷᠢᠮᠵᠢᠶ᠎ᠠ ᠶᠢ | ᠬᠡᠷᠡᠭᠵᠢᠭᠦᠯᠦᠭᠰᠡᠨ ᠪᠠᠶᠢᠳᠠᠯ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ ᠪᠠ ᠬᠡᠷᠡᠭᠵᠢᠭᠦᠯᠦᠯᠲᠡ ᠶᠢᠨ ᠠᠵᠢᠯ ᠤᠨ | ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠥᠷᠨᠢᠭᠦᠯᠵᠦ᠂ ᠵᠢᠷᠤᠮᠵᠢᠯ ᠲᠠᠢ ᠨᠢᠭᠡᠳᠦᠯᠲᠡᠢ᠂ ᠥᠨᠳᠥᠷ ᠦᠷ᠎ᠡ | ᠪᠦᠲᠦᠮᠵᠢ ᠲᠠᠢ ᠬᠠᠮᠵᠢᠯᠴᠠᠭᠰᠠᠨ᠂ ᠲᠤᠯᠭᠠᠭᠤᠷᠢᠯᠠᠯ ᠢᠶᠠᠷ ᠬᠦᠴᠦᠲᠡᠢ ᠪᠥᠬᠦ ᠣᠷᠣᠨ ᠤ ᠨᠢᠭᠡ ᠴᠣᠭᠴᠠᠵᠢᠭᠰᠠᠨ | ᠵᠠᠰᠠᠭ ᠤᠨ ᠶᠠᠪᠤᠳᠠᠯ ᠤᠨ ᠲᠣᠮᠣ ᠲᠤᠭ᠎ᠠ ᠪᠠᠷᠢᠮᠲᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠪᠣᠶ ᠪᠣᠯᠭᠠᠬᠤ ᠶᠢ | ᠠᠬᠢᠭᠤᠯᠵᠤ᠂ ᠪᠠᠷᠢᠮᠵᠢᠶ᠎ᠠ ᠶᠢᠨ ᠰᠢᠰᠲ᠋ᠧᠮᠵᠢ ᠶᠢᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃︵ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ | ᠲᠥᠪ ᠠᠴᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ᠨᠠᠢᠮᠠ᠂ ᠠᠮᠤᠷ ᠲᠦᠪᠰᠢᠨ ᠤ ᠪᠠᠲᠤᠯᠠᠭ᠎ᠠ ᠶᠢᠨ ᠨᠢᠭᠡ ᠴᠣᠭᠴᠠᠵᠢᠯᠲᠠ ᠶᠢ ᠲᠦᠷᠭᠡᠳᠬᠡᠨ᠎ᠡ | ︵ᠬᠤᠷᠢᠨ ᠨᠢᠭᠡ︶ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠳᠦᠷᠢᠮ ᠤᠨ ᠵᠢᠷᠤᠮᠵᠢᠯ ᠢ | ᠪᠦᠷᠢᠨᠰᠢᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠠᠷᠢᠮᠲᠠ ᠶᠢᠨ ᠠᠮᠤᠷ | ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠥᠨ ᠤ ᠮᠡᠳᠡᠭᠡ | ᠵᠠᠩᠭᠢ ᠶᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠶᠢ ᠲᠥᠷᠥᠯ ᠬᠤᠪᠢᠶᠠᠵᠤ ᠲᠠᠰ ᠬᠤᠪᠢᠶᠠᠬᠤ᠂ ᠠᠮᠤᠷ ᠲᠦᠪᠰᠢᠨ ᠤ ᠬᠢᠨᠠᠨ | ᠪᠠᠶᠢᠴᠠᠭᠠᠯᠲᠠ ᠵᠡᠷᠭᠡ ᠪᠣᠳᠠᠲᠠᠢ ᠳᠦᠷᠢᠮ ᠪᠠ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠲᠤᠭ᠎ᠠ ᠪᠠᠷᠢᠮᠲᠠ ᠶᠢᠨ ᠠᠮᠤᠷ | ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠬᠡᠨ ᠬᠠᠮᠢᠶᠠᠷᠪᠠᠯ ᠬᠡᠨ | ᠬᠠᠷᠢᠭᠤᠴᠠᠬᠤ︾ ᠪᠠ ︽ᠬᠡᠨ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠭ᠎ᠠ ᠪᠠᠷᠢᠮᠲᠠ ᠶᠢᠨ | ᠡᠷᠭᠢᠯᠲᠡ ᠶᠢᠨ ᠪᠥᠬᠦ ᠶᠠᠪᠤᠴᠠ ᠳᠠᠬᠢ ᠡᠯ᠎ᠡ ᠲᠠᠯ᠎ᠠ ᠶᠢᠨ ᠡᠷᠬᠡ ᠡᠭᠦᠷᠭᠡ ᠪᠠ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠳ᠋ᠠᠶᠢᠲ᠋ᠠ ᠶᠢᠨ ᠪᠥᠬᠦ ᠠᠮᠢ ᠨᠠᠰᠤᠨ ᠤ ᠦᠶᠡᠯᠡᠯ ᠤᠨ | ᠬᠤᠭᠤᠴᠠᠭ᠎ᠠ ᠶᠢᠨ ᠲᠣᠭᠤᠷᠢᠨ ᠳᠤ ᠰᠤᠷᠪᠤᠯᠵᠢᠯᠠᠬᠤ ᠡᠷᠬᠡ ᠮᠡᠳᠡᠯ ᠢ ᠡᠵᠡᠮᠳᠡᠬᠦ᠂ ᠬᠡᠪ ᠤᠨ ᠪᠤᠰᠤ ᠲᠦᠭᠰᠢᠭᠦᠷᠢ ᠶᠢ | ᠢᠯᠭᠠᠨ ᠲᠠᠨᠢᠬᠤ᠂ ᠠᠮᠤᠷ ᠲᠦᠪᠰᠢᠨ ᠤ ᠲᠦᠭᠰᠢᠭᠦᠷᠢ ᠶᠢ ᠰᠢᠢᠳᠪᠦᠷᠢᠯᠡᠬᠦ᠂ ᠦᠶᠯᠡ ᠠᠵᠢᠯᠯᠠᠭ᠎ᠠ ᠶᠢ ᠬᠢᠨᠠᠨ ᠪᠤᠳᠤᠬᠤ | ᠂ ᠳ᠋ᠠᠶᠢᠲ᠋ᠠ ᠶᠢᠨ ᠠᠮᠤᠷ ᠲᠦᠪᠰᠢᠨ ᠢ ᠤᠰᠠᠳᠬᠠᠬᠤ᠂ ᠭᠦᠢᠴᠡᠳᠬᠡᠯ ᠲᠤᠭ᠎ᠠ ᠶᠢ ᠦᠨᠡᠯᠡᠨ ᠵᠢᠱᠢᠬᠦ ᠵᠡᠷᠭᠡ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠤ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠠᠴᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | | ︵ᠬᠤᠷᠢᠨ ᠬᠤᠶᠠᠷ︶ ᠲᠠᠪᠴᠠᠩ ᠤᠨ ᠮᠡᠷᠭᠡᠵᠢᠯ ᠤᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠶᠢᠳᠠᠯ ᠢ ᠮᠡᠳᠡᠷᠡᠬᠦ ᠲᠠᠪᠴᠠᠩ ᠢ ᠪᠠᠶᠢᠭᠤᠯᠵᠤ᠂ | ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠶᠢᠩᠭᠤᠵᠢᠭᠤᠯᠤᠨ ᠪᠠᠶᠢᠴᠠᠭᠠᠨ ᠬᠡᠮᠵᠢᠬᠦ ᠪᠠ ᠮᠡᠷᠭᠡᠵᠢᠯ ᠤᠨ ᠰᠡᠷᠭᠡᠶᠢᠯᠡᠨ | ᠬᠠᠮᠠᠭᠠᠯᠠᠬᠤ ᠶᠢ ᠴᠢᠩᠭᠠᠳᠬᠠᠨ᠂ ᠲᠤᠭ᠎ᠠ ᠪᠠᠷᠢᠮᠲᠠ ᠳᠤ ᠬᠠᠨᠳᠤᠭᠤᠯᠤᠭᠰᠠᠨ ᠮᠡᠳᠡᠭᠡ ᠵᠠᠩᠭᠢ ᠶᠢᠨ ᠠᠮᠤᠷ ᠲᠦᠪᠰᠢᠨ ᠤ | ᠮᠡᠷᠭᠡᠵᠢᠯ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠮᠤᠷ ᠲᠦᠪᠰᠢᠨ ᠤ ᠰᠡᠷᠭᠡᠶᠢᠯᠡᠨ | ᠬᠠᠮᠠᠭᠠᠯᠠᠯᠲᠠ ᠶᠢᠨ ᠬᠢᠨᠠᠨ ᠬᠡᠮᠵᠢᠬᠦ ᠬᠢᠷᠢ ᠬᠡᠮᠵᠢᠶ᠎ᠡ ᠵᠢᠡᠯᠧᠺᠲᠷᠣᠨ ᠢᠶᠠᠷ ᠭᠡᠷᠡᠴᠢᠯᠡᠬᠦ᠂ ᠲᠤᠭ᠎ᠠ ᠪᠠᠷᠢᠮᠲᠠ ᠶᠢ | ᠨᠢᠭᠤᠴᠠᠯᠠᠨ ᠬᠠᠳᠠᠭᠠᠯᠠᠬᠤ᠂ ᠳᠠᠮᠵᠢᠭᠤᠯᠬᠤ ᠪᠠ ᠬᠡᠷᠡᠭᠯᠡᠬᠦ ᠠᠷᠭ᠎ᠠ ᠪᠠᠷᠢᠯ ᠢ ᠭᠦᠢᠴᠡᠳ ᠠᠰᠢᠭᠯᠠᠨ᠂ ᠲᠤᠭ᠎ᠠ | ᠪᠠᠷᠢᠮᠲᠠ ᠶᠢ ᠥᠭᠡᠷᠡᠲᠦᠭᠦᠯᠬᠦ ᠶᠢ ᠰᠡᠷᠭᠡᠶᠢᠯᠡᠨ᠂ ᠲᠤᠭ᠎ᠠ ᠪᠠᠷᠢᠮᠲᠠ ᠶᠢᠨ ᠬᠠᠷᠰᠢᠮᠠᠲᠠᠭᠠᠢ ᠶᠢ ᠲᠠᠶᠢᠯᠤᠨ ᠬᠡᠷᠡᠭᠯᠡᠬᠦ ᠶᠢ | ᠠᠬᠢᠭᠤᠯᠵᠤ᠂ ᠴᠢᠬᠤᠯᠠ ᠲᠤᠭ᠎ᠠ ᠪᠠᠷᠢᠮᠲᠠ ᠪᠠ ᠬᠤᠪᠢ ᠬᠥᠮᠥᠨ ᠤ ᠨᠢᠭᠤᠴᠠ᠂ ᠬᠤᠳᠠᠯᠳᠤᠭᠠᠨ ᠤ ᠨᠢᠭᠤᠴᠠ ᠶᠢᠨ | ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠨ᠂ ᠲᠤᠭ᠎ᠠ ᠪᠠᠷᠢᠮᠲᠠ ᠶᠢ ᠰᠤᠷᠪᠤᠯᠵᠢᠯᠠᠬᠤ ᠦᠶᠯᠡ | ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠶᠠᠪᠤᠴᠠ ᠶᠢᠨ ᠪᠦᠷᠢᠨ ᠲᠡᠮᠳᠡᠭᠯᠡᠯ ᠪᠠ ᠨᠠᠷᠢᠯᠢᠭᠵᠢᠭᠤᠯᠤᠭᠰᠠᠨ | ᠡᠷᠬᠡ ᠮᠡᠳᠡᠯ ᠤᠨ ᠬᠠᠮᠢᠶᠠᠷᠤᠯᠲᠠ ᠶᠢ ᠪᠡᠶᠡᠯᠡᠭᠦᠯᠦᠨ᠎ᠡ᠃︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ | ᠲᠥᠪ ᠲᠦᠷᠦᠭᠦᠯᠡᠨ ᠬᠠᠷᠢᠭᠤᠴᠠᠵᠤ᠂ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ ᠪᠥᠬᠦ | ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠦᠯᠵᠢᠶᠡᠨ ᠤ ᠠᠮᠤᠷ | ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠣᠣᠷ ᠰᠦᠯᠵᠢᠶ᠎ᠡ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠢ | ᠪᠠᠲᠤᠯᠠᠬᠤ ᠴᠢᠳᠠᠪᠤᠷᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠤᠯᠤᠰ ᠤᠨ ᠲᠠᠪᠴᠠᠩ ᠯᠤᠭ᠎ᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠥᠪ ᠢ ᠵᠡᠷᠭᠡᠪᠡᠷ ᠲᠠᠰ ᠳᠡᠪᠰᠢᠭᠦᠯᠬᠦ ᠶᠢᠨ | ᠬᠠᠮᠲᠤ ᠳᠡᠭᠡᠭᠰᠢ ᠤᠯᠤᠰ ᠤᠨ ᠲᠠᠪᠴᠠᠩ ᠳᠤ ᠵᠠᠯᠭᠠᠨ ᠣᠷᠣᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠤᠬᠠᠶᠢᠯᠠᠭᠰᠠᠨ ᠠᠵᠢᠯ ᠢ ᠲᠠᠰᠤᠯᠳᠠᠭᠤᠯᠬᠤ ᠦᠭᠡᠢ᠂ ᠨᠢᠭᠤᠷ ᠨᠢᠭᠤᠷ ᠢ ᠥᠭᠡᠷᠡᠲᠦᠭᠦᠯᠬᠦ ᠦᠭᠡᠢ᠂ ᠲᠤᠭ᠎ᠠ | ᠪᠠᠷᠢᠮᠲᠠ ᠶᠢ ᠵᠠᠳᠠᠷᠠᠭᠤᠯᠬᠤ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠠᠴᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠬᠤᠷᠢᠨ ᠭᠤᠷᠪᠠ︶ ᠲᠤᠭ᠎ᠠ ᠪᠠᠷᠢᠮᠲᠠ ᠶᠢᠨ ᠠᠮᠤᠷ ᠲᠦᠪᠰᠢᠨ ᠠᠵᠢᠯᠯᠠᠭᠠᠨ ᠤ ᠪᠠᠲᠤᠯᠠᠭ᠎ᠠ ᠶᠢ | ᠴᠢᠩᠭᠠᠷᠠᠭᠤᠯᠤᠨ᠎ᠠ᠃ ᠳ᠋ᠠᠶᠢᠲ᠋ᠠ ᠶᠢᠨ ᠠᠮᠤᠷ ᠲᠦᠪᠰᠢᠨ ᠤ ᠠᠵᠢᠯᠯᠠᠭᠤᠯᠵᠤ ᠪᠠᠲᠤᠯᠠᠬᠤ ᠠᠵᠢᠯᠯᠠᠭᠠᠨ ᠤ | ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠨ᠂ | ᠳ᠋ᠠᠶᠢᠲ᠋ᠠ ᠶᠢᠨ ᠠᠮᠤᠷ ᠲᠦᠪᠰᠢᠨ ᠤ ᠲᠦᠭᠰᠢᠭᠦᠷᠢ ᠶᠢᠨ ᠮᠡᠳᠡᠭᠡ ᠵᠠᠩᠭᠢ ᠶᠢ ᠣᠯᠬᠤ᠂ ᠵᠠᠳᠠᠯᠬᠤ᠂ ᠰᠤᠳᠤᠯᠤᠨ | ᠮᠠᠭᠠᠳᠯᠠᠬᠤ᠂ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠬᠡᠷᠡᠭ ᠤᠨ ᠡᠮᠦᠨ᠎ᠡ ᠬᠢᠨᠠᠨ ᠵᠥᠪᠰᠢᠶᠡᠷᠡᠬᠦ ᠶᠢ | ᠬᠠᠮᠢᠶᠠᠷᠬᠤ᠂ ᠬᠡᠷᠡᠭ ᠤᠨ ᠳᠤᠮᠳᠠ ᠪᠦᠬᠦᠨ ᠢ ᠦᠯᠡᠳᠡᠭᠡᠬᠦ᠂ ᠬᠡᠷᠡᠭ ᠤᠨ ᠳᠠᠷᠠᠭ᠎ᠠ ᠨᠡᠬᠡᠮᠵᠢᠯᠡᠵᠦ ᠪᠣᠯᠬᠤ ᠲᠤᠭ᠎ᠠ | ᠪᠠᠷᠢᠮᠲᠠ ᠶᠢᠨ ᠠᠮᠤᠷ ᠲᠦᠪᠰᠢᠨ ᠠᠵᠢᠯᠯᠠᠭᠠᠨ ᠤ ᠬᠢᠨᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠲᠤᠭ᠎ᠠ ᠪᠠᠷᠢᠮᠲᠠ ᠰᠣᠯᠢᠯᠴᠠᠬᠤ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ | ᠲᠤᠭ᠎ᠠ ᠪᠠᠷᠢᠮᠲᠠ ᠶᠢᠨ ᠬᠡᠷᠡᠭᠯᠡᠯᠲᠡ ᠶᠢᠨ ᠭᠤᠶᠤᠴᠢᠯᠠᠯ ᠤᠨ ᠲᠣᠭᠲᠠᠭᠠᠯ ᠳᠤ ᠨᠡᠶᠢᠴᠡᠬᠦ ᠴᠢᠨᠠᠷᠲᠠᠢ ᠬᠢᠨᠠᠨ | ᠪᠠᠶᠢᠴᠠᠭᠠᠯᠲᠠ ᠪᠠ ᠲᠤᠭ᠎ᠠ ᠪᠠᠷᠢᠮᠲᠠ ᠶᠢ ᠣᠯᠣᠭᠰᠠᠨ ᠤ ᠳᠠᠷᠠᠭ᠎ᠠ ᠬᠡᠷᠡᠭᠯᠡᠬᠦ ᠴᠠᠭᠠᠨ ᠲᠠᠩᠰᠠ ᠶᠢᠨ ᠡᠵᠡᠮᠳᠡᠯ ᠢ | ᠴᠢᠩᠭᠠᠳᠬᠠᠵᠤ᠂ ᠲᠤᠭ᠎ᠠ ᠪᠠᠷᠢᠮᠲᠠ ᠶᠢᠨ ᠬᠡᠪ ᠤᠨ ᠪᠤᠰᠤ ᠬᠡᠷᠡᠭᠯᠡᠯᠲᠡ ᠶᠢᠨ ᠦᠶᠯᠡ ᠠᠵᠢᠯᠯᠠᠭ᠎ᠠ ᠶᠢ ᠢᠯᠡᠷᠡᠭᠦᠯᠬᠦ᠂ | ᠮᠥᠷᠳᠡᠬᠦ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠪᠢᠲᠡᠭᠦᠦ ᠴᠠᠭᠠᠷᠢᠭ ᠢ ᠪᠣᠶ ᠪᠣᠯᠭᠠᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ | ᠲᠥᠪ ᠠᠴᠠ ᠬᠠᠷᠢᠭᠤᠴᠠᠵᠤ᠂ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ᠶᠢᠰᠦ᠂ ᠰᠢᠪᠠᠳᠠᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠪᠣᠳᠠᠲᠠᠢ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠤᠨ᠎ᠠ | ︵ᠬᠤᠷᠢᠨ ᠳᠥᠷᠪᠡ︶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠳᠬᠠᠨ᠎ᠠ᠃ | ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠪᠠ | ᠬᠡᠷᠡᠭᠯᠡᠭᠡᠨ ᠤ ᠦᠨᠡᠯᠡᠨ ᠵᠢᠱᠢᠵᠦ ᠦᠨᠡᠯᠡᠬᠦ ᠰᠢᠰᠲ᠋ᠧᠮᠵᠢ ᠶᠢ ᠰᠤᠳᠤᠯᠤᠨ ᠲᠣᠭᠲᠠᠭᠠᠨ᠎ᠠ᠃ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠢ ᠵᠢᠯᠣᠭᠤᠳᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠪᠠ | ᠬᠡᠷᠡᠭᠯᠡᠯᠲᠡ ᠶᠢ ᠴᠢᠩᠭᠠᠳᠬᠠᠵᠤ᠂ ᠡᠯ᠎ᠡ ᠭᠠᠵᠠᠷ ᠣᠷᠣᠨ ᠢ ᠰᠢᠮᠳᠠᠭᠤᠯᠵᠤ ᠪᠠᠶᠢᠭᠠᠳ ᠬᠠᠮᠢᠶ᠎ᠠ ᠪᠦᠬᠦᠢ ᠠᠵᠢᠯ ᠢ | ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠬᠤ ᠶᠢᠨ ᠬᠠᠮᠲᠤ᠂ | ᠱᠠᠭᠠᠷᠳᠠᠯᠭ᠎ᠠ ᠶᠣᠰᠣᠭᠠᠷ ᠡᠭᠦᠷᠭᠡ ᠪᠠᠨ ᠪᠡᠶᠡᠯᠡᠭᠦᠯᠦᠭᠰᠡᠨ ᠦᠭᠡᠢ ᠶᠢ ᠨᠢ ᠭᠤᠣᠯᠳᠠᠯᠭ᠎ᠠ ᠲᠠᠢ ᠰᠢᠮᠳᠠᠭᠤᠯᠤᠨ | ᠪᠠᠶᠢᠴᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠬᠤᠷᠢᠨ ᠲᠠᠪᠤ︶ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃ ᠡᠯ᠎ᠡ ᠠᠶᠢᠮᠠᠭ | ᠬᠤᠲᠠ᠂ ᠡᠯ᠎ᠡ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ | ᠶᠠᠪᠤᠳᠠᠯ ᠤᠨ ᠲᠣᠮᠣ ᠳ᠋ᠠᠶᠢᠲ᠋ᠠ ᠶᠢᠨ ᠠᠵᠢᠯ ᠳᠤ ᠬᠢᠨᠠᠯᠲᠠ ᠲᠠᠯᠪᠢᠵᠤ ᠦᠨᠡᠯᠡᠨ ᠵᠢᠱᠢᠬᠦ ᠠᠷᠭ᠎ᠠ ᠶᠢ ᠰᠤᠳᠤᠯᠤᠨ | ᠲᠣᠭᠲᠠᠭᠠᠨ᠎ᠠ᠃ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ᠂ ᠲᠤᠰᠬᠠᠢ ᠪᠠᠶᠢᠭᠤᠯᠤᠮᠵᠢ ᠶᠢᠨ ᠦᠨᠡᠯᠡᠨ | ᠲᠣᠭᠲᠠᠭᠠᠬᠤ᠂ ᠬᠡᠷᠡᠭᠯᠡᠭᠴᠢ ᠶᠢᠨ ᠬᠠᠨᠤᠮᠵᠢ ᠶᠢᠨ ᠬᠡᠮᠵᠢᠶ᠎ᠡ ᠶᠢ ᠦᠨᠡᠯᠡᠬᠦ ᠵᠡᠷᠭᠡ ᠠᠷᠭ᠎ᠠ ᠮᠠᠶ᠋ᠢᠭ ᠢ ᠢᠳᠡᠪᠬᠢᠲᠡᠢ ᠪᠠᠷ | ᠬᠡᠷᠡᠭᠯᠡᠨ ᠦᠨᠡᠯᠡᠨ ᠵᠢᠱᠢᠵᠦ ᠦᠨᠡᠯᠡᠬᠦ ᠶᠢ ᠥᠷᠨᠢᠭᠦᠯᠦᠨ᠎ᠡ᠃︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ | ᠠᠬᠢᠭᠤᠯᠤᠨ᠎ᠠ︶ | ︵ᠬᠤᠷᠢᠨ ᠵᠢᠷᠭᠤᠭ᠎ᠠ︶ ᠵᠠᠷᠤᠳᠠᠯ ᠤᠨ ᠬᠠᠮᠢᠶᠠᠷᠤᠯᠲᠠ ᠶᠢ ᠴᠢᠩᠳᠠᠯᠠᠨ᠎ᠠ᠃ ᠪᠥᠬᠦ ᠣᠷᠣᠨ ᠤ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢᠨ ᠠᠵᠢᠯᠯᠠᠭᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠦᠬᠦᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠡᠯ᠎ᠡ ᠱᠠᠲᠤᠨ ᠤ ᠵᠠᠰᠠᠭ ᠤᠨ ᠣᠷᠳᠣᠨ ᠤ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠪᠡᠯᠡ ᠣᠷᠤᠭᠤᠯᠤᠯᠲᠠ ᠳᠤ ᠣᠷᠣᠭᠤᠯᠵᠤ᠂ ᠬᠠᠮᠢᠶ᠎ᠠ ᠪᠦᠬᠦᠢ ᠠᠵᠢᠯ ᠤᠨ ᠵᠠᠷᠤᠳᠠᠯ ᠢ ᠡᠯ᠎ᠡ | ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠦᠨᠬᠠᠮᠢᠶᠠ ᠪᠦᠬᠦᠢ ᠵᠠᠷᠤᠳᠠᠯ ᠤᠨ ᠪᠥᠬᠦ ᠶᠠᠪᠤᠴᠠ ᠶᠢᠨ | ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠢᠯ ᠤᠨ ᠠᠮᠵᠢᠯᠲᠠ | ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ | ᠬᠠᠮᠢᠶᠠᠷᠤᠯᠲᠠ ᠶᠢ ᠰᠠᠶᠢᠵᠢᠷᠠᠭᠤᠯᠬᠤ ᠪᠠ ᠲᠥᠰᠥᠪ ᠢ ᠲᠣᠬᠢᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠵᠤ᠂ | ᠪᠥᠬᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠬᠦ ᠦᠭᠡᠢ᠂ ᠠᠵᠢᠯᠯᠠᠭᠤᠯᠵᠤ ᠬᠠᠮᠠᠭᠠᠯᠠᠬᠤ ᠡᠵᠡᠩᠨᠡᠯᠲᠡ ᠶᠢᠨ ᠵᠠᠷᠤᠳᠠᠯ ᠢ ᠲᠣᠬᠢᠷᠠᠭᠤᠯᠬᠤ | ᠦᠭᠡᠢ᠃︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ ᠠᠴᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ |