ᠰᠢᠨ᠎ᠡ ᠮᠡᠷᠭᠡᠵᠢᠯ ᠨᠢ ᠬᠤᠰᠢᠭ᠎ᠠ ᠶᠢᠨ ᠲᠣᠰᠣ ᠶᠢ ︽ᠤᠷᠭᠤᠮᠠᠯ ᠤᠨ ᠰᠢᠷ᠎ᠠ ᠲᠣᠰᠣ︾ ᠪᠣᠯᠭᠠᠪᠠ
ᠨᠡᠶᠢᠲᠡᠯᠡᠭᠰᠡᠨ ᠴᠠᠭ᠄
2023/5/12
         ᠬᠤᠰᠢᠭ᠎ᠠ ᠶᠢᠨ ᠲᠣᠰᠣᠨ ᠳᠤ ᠬᠠᠨᠤᠮᠠᠯ ᠪᠤᠰᠤ ᠥᠭᠡᠬᠦᠨ ᠬᠦᠴᠢᠯ ᠡᠯᠪᠡᠭ ᠠᠭᠤᠯᠤᠭᠳᠠᠳᠠᠭ ᠪᠣᠯᠪᠠᠴᠤ ᠠᠮᠠᠷᠬᠠᠨ ᠢᠰᠦᠯᠳᠦᠳᠡᠭ᠂ ᠬᠠᠳᠠᠭᠠᠯᠠᠬᠤ ᠴᠠᠭ ᠨᠢ ᠣᠬᠤᠷ ᠪᠣᠯᠬᠤᠷ ᠬᠡᠷᠡᠭᠯᠡᠬᠦ ᠶᠢ ᠬᠢᠵᠠᠭᠠᠷᠯᠠᠳᠠᠭ᠃ ᠰᠤᠷᠪᠤᠯᠵᠢᠯᠠᠭᠴᠢ 9 ᠤ ᠡᠳᠦᠷ ᠶᠦᠨᠨᠠᠨ ᠤ ᠲᠠᠷᠢᠶᠠᠯᠠᠩ ᠤᠨ ᠶᠡᠭᠡ ᠰᠤᠷᠭᠠᠭᠤᠯᠢ ᠠᠴᠠ ᠣᠶᠢᠯᠠᠭᠠᠭᠰᠠᠨ ᠢᠶᠠᠷ᠂ ᠲᠣᠰ ᠰᠤᠷᠭᠠᠭᠤᠯᠢ ᠶᠢᠨ ᠱᠧᠩ ᠵᠢᠶᠦ᠋ᠨ ᠫᠷᠣᠹᠧᠰᠰᠣᠷ᠂ ᠲᠢᠶᠠᠨ ᠶᠠᠩ ᠫᠷᠣᠹᠧᠰᠰᠣᠷ ᠤᠨ ᠪᠦᠯᠬᠦᠮ ᠤᠨ ᠬᠢᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠱᠤᠸᠠᠩᠪᠠᠨᠨᠠ ᠬᠠᠯᠠᠭᠤᠨ ᠪᠦᠰᠡᠨ ᠤ ᠤᠷᠭᠤᠮᠠᠯ ᠤᠨ ᠬᠦᠷᠢᠶᠡᠯᠡᠩ ᠤᠨ ᠳᠡᠳ᠋ ᠰᠤᠳᠤᠯᠤᠭᠴᠢ ᠯᠥᠸᠧ ᠵᠢᠶᠠ ᠵᠡᠷᠭᠡ ᠬᠥᠮᠥᠰ ᠲᠠᠢ ᠬᠠᠮᠲᠤᠷᠠᠵᠤ᠂ ᠥᠳᠬᠡᠷᠡᠭᠦᠯᠦᠭᠴᠢ ᠡᠳ᠋ ᠨᠡᠮᠡᠬᠦ ᠦᠭᠡᠢ ᠪᠠᠶᠢᠳᠠᠯ ᠳᠣᠣᠷ᠎ᠠ᠂ ᠢᠳᠡᠰᠢᠨ ᠲᠣᠰᠣᠨ ᠤ ᠴᠠᠷᠴᠠᠮᠠᠯ ᠴᠠᠪᠠᠤ ᠶᠢ ᠠᠮᠵᠢᠯᠲᠠᠲᠠᠢ ᠦᠢᠯᠡᠳᠴᠦ ᠭᠠᠷᠭᠠᠭᠠᠳ᠂ ᠬᠤᠰᠢᠭ᠎ᠠ ᠶᠢᠨ ᠲᠣᠰᠣ ᠶᠢ ᠬᠠᠲᠠᠭᠤ ᠪᠡᠶᠡᠲᠦ ︽ᠤᠷᠭᠤᠮᠠᠯ ᠤᠨ ᠰᠢᠷ᠎ᠠ ᠲᠣᠰᠣ︾ ᠪᠣᠯᠭᠠᠭᠰᠠᠨ ᠪᠠᠶᠢᠨ᠎ᠠ᠃ ᠣᠯᠠᠨ ᠤᠯᠤᠰ ᠤᠨ ᠬᠤᠭᠤᠴᠠᠭᠠᠲᠤ ᠰᠡᠳᠬᠦᠯ ︽ᠢᠳᠡᠭᠡᠨ ᠤ ᠴᠠᠷᠴᠠᠮᠠᠯ ᠴᠠᠪᠠᠤ︾ ᠳᠤ ᠬᠤᠯᠪᠣᠭᠳᠠᠯ ᠪᠦᠬᠦᠢ ᠦᠷ᠎ᠡ ᠪᠦᠲᠦᠭᠡᠯ ᠢ ᠰᠦᠯᠵᠢᠶᠡᠨ ᠳᠡᠭᠡᠷ᠎ᠡ ᠨᠡᠶᠢᠲᠡᠯᠡᠵᠡᠢ᠃          ᠮᠠᠨ ᠤ ᠤᠯᠤᠰ ᠤᠨ ᠬᠤᠰᠢᠭ᠎ᠠ ᠳᠠᠷᠢᠬᠤ ᠲᠠᠯᠠᠪᠠᠶ ᠪᠠ ᠭᠠᠷᠤᠯᠲᠠ ᠴᠥᠮ ᠳᠡᠯᠡᠬᠡᠢ ᠶᠢᠨ ᠨᠢᠭᠡᠳᠦᠭᠡᠷ ᠲᠤ ᠣᠷᠣᠵᠤ᠂ ᠶᠦᠨᠨᠠᠨ ᠮᠤᠵᠢ ᠶᠢᠨ ᠬᠤᠰᠢᠭ᠎ᠠ ᠳᠠᠷᠢᠬᠤ ᠲᠠᠯᠠᠪᠠᠶ ᠪᠥᠬᠦ ᠤᠯᠤᠰ ᠤᠨ ᠲᠡᠷᠢᠭᠦᠨ ᠳᠤ ᠣᠷᠣᠨ᠎ᠠ᠃ 2022 ᠣᠨ ᠳᠤ᠂ ᠶᠦᠨᠨᠠᠨ ᠤ ᠬᠤᠰᠢᠭ᠎ᠠ ᠶᠢᠨ ᠭᠠᠷᠤᠯᠲᠠ 191 ᠲᠦᠮᠡᠨ ᠲᠣᠨ ᠳᠤ ᠬᠦᠷᠴᠡᠢ᠃ ᠬᠤᠰᠢᠭ᠎ᠠ ᠶᠢᠨ ᠲᠣᠰᠣᠨ ᠤ ᠠᠭᠤᠯᠤᠭᠳᠠᠴᠠ ᠨᠢ ᠪᠠᠷᠤᠭ 65% ᠪᠠᠶᠢᠵᠤ᠂ ᠬᠤᠰᠢᠭ᠎ᠠ ᠶᠢᠨ ᠲᠣᠰᠣᠨ ᠤ ᠳᠣᠲᠣᠷᠠᠬᠢ ᠴᠢᠨᠠᠷ ᠰᠠᠶᠢᠲᠠᠢ ᠬᠠᠨᠤᠮᠠᠯ ᠪᠤᠰᠤ ᠥᠭᠡᠬᠦᠨ ᠬᠦᠴᠢᠯ ᠡᠯᠪᠡᠭ ᠪᠠᠶᠢᠵᠤ᠂ ᠳᠤᠲᠠᠭᠤ ᠲᠣᠰᠣᠨ ᠬᠦᠴᠢᠯ ᠨᠢ ᠪᠠᠷᠤᠭ 60%  ᠶᠢ ᠡᠵᠡᠯᠡᠵᠦ᠂ α ᠶᠠᠮᠠ ᠶᠢᠨ ᠬᠦᠴᠢᠯ ᠨᠢ ᠪᠠᠷᠤᠭ 10%  ᠶᠢ ᠡᠵᠡᠯᠡᠨ᠎ᠡ᠃ ᠣᠳᠣᠬᠠᠨ ᠳᠤ᠂ ᠡᠷᠡᠭᠦᠯ ᠮᠡᠨᠳᠦ ᠠᠮᠢᠳᠤᠷᠠᠯ ᠨᠢ ᠬᠠᠨᠤᠮᠠᠯ ᠪᠤᠰᠤ ᠥᠭᠡᠬᠦᠨ ᠬᠦᠴᠢᠯ ᠤᠨ ᠰᠢᠩᠭᠡᠭᠡᠯᠲᠡ ᠶᠢ ᠨᠡᠮᠡᠭᠳᠡᠭᠦᠯᠬᠦ ᠶᠢᠨ ᠬᠠᠮᠲᠤ ᠠᠮᠢᠲᠠᠨ ᠤ ᠢᠷᠡᠯᠲᠡ ᠶᠢᠨ ᠬᠠᠨᠤᠮᠠᠯ ᠥᠭᠡᠬᠦᠨ ᠬᠦᠴᠢᠯ ᠤᠨ ᠰᠢᠩᠭᠡᠭᠡᠯᠲᠡ ᠶᠢ ᠪᠠᠭᠤᠷᠠᠭᠤᠯᠵᠤ᠂ ᠡᠰᠡᠷᠭᠦ ᠬᠡᠯᠪᠡᠷᠢ ᠶᠢᠨ ᠥᠭᠡᠬᠦᠨ ᠬᠦᠴᠢᠯ ᠢ ᠠᠷᠢᠯᠭᠠᠬᠤ ᠶᠢ ᠰᠠᠨᠠᠭᠠᠴᠢᠯᠠᠳᠠᠭ᠃ 【ᠡᠶᠢᠮᠦ ᠠᠴᠠ ᠬᠤᠰᠢᠭ᠎ᠠ ᠶᠢᠨ ᠲᠣᠰᠣᠨ ᠤ ᠴᠠᠷᠴᠠᠮᠠᠯ ᠴᠠᠪᠠᠤᠵᠢᠯᠲᠠ ᠪᠠᠷ ᠤᠯᠠᠮᠵᠢᠯᠠᠯᠲᠤ ᠬᠡᠪᠰᠢᠮᠡᠬᠡᠢ ᠥᠭᠡᠬᠦ ᠶᠢ ᠣᠷᠣᠯᠠᠭᠤᠯᠬᠤ ᠪᠣᠯ ᠬᠤᠰᠢᠭ᠎ᠠ ᠶᠢᠨ ᠲᠣᠰᠣᠨ ᠤ ᠠᠰᠢᠭᠯᠠᠯᠲᠠ ᠶᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠠᠬᠢᠭᠤᠯᠬᠤ ᠨᠢᠭᠡ ᠵᠦᠢᠯ ᠤᠨ ᠪᠦᠲᠦᠮᠵᠢᠲᠡᠢ ᠠᠷᠭ᠎ᠠ ᠵᠠᠮ ᠮᠥᠨ᠃】 ᠱᠧᠩ ᠵᠢᠶᠦ᠋ᠨ ᠲᠠᠨᠢᠯᠴᠠᠭᠤᠯᠪᠠ᠃          ᠰᠤᠳᠤᠯᠭᠠᠨ ᠤ ᠪᠦᠯᠬᠦᠮ ᠨᠢ ᠣᠨᠴᠠᠭᠠᠶ ᠪᠦᠲᠦᠴᠡ ᠲᠠᠢ ᠪᠥᠭᠡᠳ ᠠᠮᠢᠳᠤ ᠪᠣᠳᠠᠰ ᠤᠨ ᠵᠠᠳᠠᠷᠠᠯᠲᠠ ᠶᠢᠨ ᠴᠢᠨᠠᠷᠲᠠᠢ᠂ ᠮᠧᠬᠠᠨᠢᠭ ᠴᠢᠨᠠᠷ ᠢᠶᠠᠷ ᠳᠠᠪᠠᠭᠤᠯᠢᠭ᠂ ᠥᠩᠭᠡᠨ ᠲᠠᠯ᠎ᠠ ᠶᠢᠨ ᠢᠳᠡᠪᠬᠢ ᠴᠢᠨᠠᠷ ᠢᠶᠠᠷ ᠴᠢᠩᠭ᠎ᠠ ᠢᠳᠡᠰᠢᠨ ᠤ ᠨᠠᠨᠦᠮᠧᠲᠷ ᠤᠨ ᠰᠢᠷᠬᠡᠭᠯᠢᠭ ᠡᠳ᠋ ᠢᠶᠠᠷ ᠴᠣᠷ ᠤᠨ ᠭᠠᠭᠴᠠ ᠴᠠᠷᠴᠠᠮᠠᠯ ᠴᠠᠪᠠᠤ ᠶᠢᠨ ᠡᠯᠧᠮᠧᠨ᠋ᠲ ᠪᠣᠯᠭᠠᠵᠤ᠂ ᠬᠤᠰᠢᠭ᠎ᠠ ᠶᠢᠨ ᠲᠣᠰᠣ ᠪᠠᠷ ᠠᠴᠢᠶᠠᠯᠠᠭᠴᠢ ᠪᠣᠯᠭᠠᠨ᠂ ᠰᠦᠨ ᠰᠢᠩᠭᠡᠨ ᠤ ᠬᠡᠪ ᠬᠠᠪᠲᠠᠰᠤ ᠶᠢᠨ ᠠᠷᠭ᠎ᠠ ᠪᠠᠷ ᠴᠢᠨᠠᠷ ᠰᠠᠶᠢᠲᠠᠢ ᠬᠤᠰᠢᠭ᠎ᠠ ᠶᠢᠨ ᠲᠣᠰᠣᠨ ᠤ ᠴᠠᠷᠴᠠᠮᠠᠯ ᠴᠠᠪᠠᠤ ᠶᠢ ᠠᠮᠵᠢᠯᠲᠠᠲᠠᠢ ᠪᠦᠲᠦᠭᠡᠵᠦ᠂ ᠬᠤᠰᠢᠭ᠎ᠠ ᠶᠢᠨ ᠲᠣᠰᠣ ᠶᠢ ︽ᠤᠷᠭᠤᠮᠠᠯ ᠤᠨ ᠰᠢᠷ᠎ᠠ ᠲᠣᠰᠣ︾ ᠪᠣᠯᠭᠠᠨ ᠬᠤᠪᠢᠷᠠᠭᠤᠯᠪᠠ᠃          ᠰᠦᠨ ᠰᠢᠩᠭᠡᠨ ᠤ ᠬᠤᠭᠤᠴᠠᠭᠠᠨ ᠳᠤ᠂ ᠨᠠᠨᠦᠮᠧᠲᠷ ᠤᠨ ᠰᠢᠷᠬᠡᠭᠯᠢᠭ ᠡᠳ᠋ ᠢ ᠢᠳᠡᠬᠦ ᠳᠡᠭᠡᠨ ᠬᠤᠰᠢᠭ᠎ᠠ ᠶᠢᠨ ᠲᠤᠰᠤᠨ ᠳᠤᠰᠤᠯ ᠤᠨ ᠭᠠᠳᠠᠷᠭᠤ ᠳᠤ ᠰᠣᠷᠣᠨ ᠨᠠᠭᠠᠯᠳᠤᠭᠤᠯᠬᠤ ᠶᠢᠨ ᠬᠠᠮᠲᠤ ᠨᠢᠭᠲᠠ ᠪᠠᠭᠯᠠᠵᠤ᠂ ᠵᠢᠭᠳᠡ ᠪᠤᠰᠤ ᠨᠢᠭᠲᠠ ᠲᠣᠣᠷᠯᠢᠭ ᠪᠦᠲᠦᠴᠡ ᠶᠢ ᠪᠦᠷᠢᠯᠳᠦᠭᠦᠯᠵᠦ᠂ ᠰᠢᠩᠭᠡᠨ ᠳᠤᠰᠤᠯ ᠤᠨ ᠪᠥᠭᠡᠮᠨᠡᠷᠡᠯ ᠢ ᠪᠠᠭᠤᠷᠠᠭᠤᠯᠤᠨ᠎ᠠ; ᠬᠥᠯᠳᠡᠭᠡᠨ ᠬᠠᠲᠠᠭᠠᠭᠰᠠᠨ ᠤ ᠳᠠᠷᠠᠭ᠎ᠠ᠂ ᠲᠡᠭᠦᠨ ᠤ ᠪᠦᠲᠦᠴᠡ ᠨᠢ ᠳᠦᠷᠰᠦᠨ ᠬᠤᠪᠢᠷᠠᠯᠲᠠ ᠭᠠᠷᠴᠤ᠂ ᠲᠣᠰᠣ ᠨᠡᠶᠢᠯᠡᠬᠦ ᠴᠢᠳᠠᠪᠤᠷᠢ  ᠪᠠᠷ ᠴᠢᠩᠭ᠎ᠠ᠂ ᠴᠠᠷᠴᠠᠮᠠᠯ ᠴᠠᠪᠠᠤ ᠶᠢᠨ ᠬᠦᠴᠦᠯᠡᠴᠡ ᠶᠡᠭᠡ᠂ ᠲᠣᠭᠲᠠᠪᠤᠷᠢᠲᠤ ᠴᠢᠨᠠᠷ ᠢᠶᠠᠷ ᠰᠠᠶᠢᠨ ᠬᠤᠰᠢᠭ᠎ᠠ ᠶᠢᠨ ᠲᠣᠰᠣᠨ ᠤ ᠴᠠᠷᠴᠠᠮᠠᠯ ᠴᠠᠪᠠᠤ ᠶᠢ ᠣᠯᠳᠠᠭ᠃ᠨᠠᠨᠦᠮᠧᠲᠷ ᠣᠨ ᠰᠢᠷᠬᠡᠭᠯᠢᠭ ᠡᠳ᠋ ᠢ ᠬᠠᠨᠳᠤᠯᠭ᠎ᠠ ᠲᠠᠢ ᠪᠠᠷ ︽ᠡᠰᠬᠡᠵᠦ︾ ᠪᠣᠯᠬᠤ ᠤᠴᠢᠷ ᠠᠴᠠ ᠠᠳᠠᠯᠢ ᠪᠤᠰᠤ ᠰᠢᠨᠵᠢ ᠴᠢᠨᠠᠷ ᠲᠠᠢ ᠤᠯᠠᠨ ᠬᠠᠨᠤᠮᠠᠯ ᠪᠤᠰᠤ ᠲᠤᠰᠤᠨ ᠴᠠᠷᠴᠠᠮᠠᠯ ᠴᠠᠪᠠᠤ ᠶᠢ ᠪᠦᠲᠦᠭᠡᠵᠦ ᠪᠣᠯᠣᠨ᠎ᠠ᠂ ᠡᠨᠡ ᠨᠢ ᠬᠤᠰᠢᠭ᠎ᠠ ᠶᠢᠨ ᠲᠣᠰᠣ ᠶᠢ ᠤᠯᠠᠨ ᠡᠰᠢᠵᠢᠭᠦᠯᠦᠨ ᠠᠰᠢᠭᠯᠠᠬᠤ ᠵᠢᠴᠢ ᠢᠳᠡᠰᠢᠨ ᠤ ᠨᠠᠨᠦᠮᠧᠲᠷ ᠣᠨ ᠰᠢᠷᠬᠡᠭᠯᠢᠭ ᠡᠳ᠋ ᠤᠨ ᠴᠠᠷᠴᠠᠮᠠᠯ ᠴᠠᠪᠠᠤ ᠶᠢ ᠲᠣᠬᠢᠷᠠᠭᠤᠯᠤᠨ ᠬᠡᠷᠡᠭᠯᠡᠬᠦ ᠳᠤ ᠰᠢᠨ᠎ᠡ ᠠᠷᠭ᠎ᠠ ᠵᠠᠮ ᠢ ᠬᠠᠩᠭᠠᠵᠤ ᠥᠭᠭᠦᠭᠰᠡᠨ ᠪᠠᠶᠢᠨ᠎ᠠ᠃ ᠡᠨᠡ ᠨᠢ ᠬᠤᠰᠢᠭ᠎ᠠ ᠶᠢᠨ ᠲᠣᠰᠣ ᠶᠢ ᠤᠯᠠᠨ ᠡᠰᠢᠵᠢᠭᠦᠯᠦᠨ ᠠᠰᠢᠭᠯᠠᠬᠤ ᠵᠢᠴᠢ ᠢᠳᠡᠰᠢᠨ ᠤ ᠨᠠᠨᠦᠮᠧᠲᠷ ᠣᠨ ᠰᠢᠷᠬᠡᠭᠯᠢᠭ ᠡᠳ᠋ ᠤᠨ ᠲᠤᠰᠤᠨ ᠴᠠᠷᠴᠠᠮᠠᠯ ᠴᠠᠪᠠᠤ ᠶᠢ ᠲᠣᠬᠢᠷᠠᠭᠤᠯᠤᠨ ᠬᠡᠷᠡᠭᠯᠡᠬᠦ ᠳᠤ ᠰᠢᠨ᠎ᠡ ᠠᠷᠭ᠎ᠠ ᠵᠠᠮ ᠢ ᠬᠠᠩᠭᠠᠭᠰᠠᠨ ᠪᠠᠶᠢᠨ᠎ᠠ᠃          ︽ᠡᠨᠡᠬᠦ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠦᠭᠰᠡᠨ ᠪᠠ ᠰᠢᠪᠲᠤᠯᠤᠯᠲᠠ ᠭᠠᠷᠭᠠᠭᠰᠠᠨ ᠶᠠᠪᠤᠳᠠᠯ  ᠨᠢ ᠬᠤᠰᠢᠭ᠎ᠠ ᠶᠢᠨ ᠲᠣᠰᠣᠨ ᠤ ᠴᠢᠨᠠᠷ ᠢ ᠪᠠᠲᠤᠯᠠᠬᠤ ᠬᠤᠭᠤᠴᠠᠭ᠎ᠠ ᠶᠢ ᠤᠷᠲᠤᠳᠬᠠᠵᠤ᠂ ᠬᠤᠰᠢᠭ᠎ᠠ ᠶᠢᠨ ᠲᠣᠰᠣᠨ ᠤ ᠢᠳᠡᠭᠡᠨ ᠤ ᠬᠡᠪᠴᠢᠶ᠎ᠡ ᠪᠣᠯᠣᠨ ᠬᠡᠷᠡᠭᠯᠡᠭᠡᠨ ᠤ ᠲᠠᠯᠠᠪᠤᠷ ᠢ ᠨᠡᠮᠡᠭᠳᠡᠭᠦᠯᠵᠦ᠂ ᠬᠤᠰᠢᠭ᠎ᠠ ᠶᠢ ᠨᠠᠷᠢᠯᠢᠭ ᠪᠣᠯᠪᠠᠰᠤᠷᠠᠭᠤᠯᠬᠤ ᠲᠠᠯ᠎ᠠ ᠪᠠᠷ ᠰᠢᠨ᠎ᠡ ᠲᠥᠷᠥᠯ ᠵᠦᠢᠯ ᠢ ᠨᠡᠮᠡᠭᠳᠡᠭᠦᠯᠵᠦ᠂ ᠬᠤᠰᠢᠭ᠎ᠠ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠵᠤ ᠦᠢᠯᠡᠰ ᠤᠨ ᠡᠪᠡᠷᠰᠢᠶᠡᠯ ᠢ ᠰᠢᠪᠲᠤᠯᠤᠭᠰᠠᠨ ᠪᠠᠶᠢᠨ᠎ᠠ︾᠃ ᠥᠭᠦᠯᠡᠯ ᠤᠨ ᠬᠠᠮᠲᠤ ᠶᠢᠨ ᠨᠢᠭᠡᠳᠦᠭᠡᠷ ᠵᠣᠬᠢᠶᠠᠭᠴᠢ᠂ ᠶᠦᠨᠨᠠᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠳ᠋ᠣᠺᠲ᠋ᠣᠷ ᠯᠢ ᠰᠢᠸ ᠹᠧᠨ ᠬᠡᠯᠡᠬᠦ ᠳᠡᠭᠡᠨ᠂ ᠬᠤᠯᠪᠣᠭᠳᠠᠯ ᠪᠦᠬᠦᠢ ᠦᠷ᠎ᠡ ᠪᠦᠲᠦᠭᠡᠯ ᠨᠢ ᠢᠳᠡᠭᠡᠨ ᠤ ᠲᠣᠰᠣᠨ ᠤ ᠴᠠᠷᠴᠠᠮᠠᠯ ᠴᠠᠪᠠᠥᠵᠢᠯᠲᠠ ᠶᠢ ᠨᠠᠩ ᠰᠠᠶᠢᠨ ᠣᠶᠢᠯᠠᠭᠠᠵᠤ᠂ ᠬᠤᠰᠢᠭ᠎ᠠ ᠶᠢᠨ ᠲᠣᠰᠣ ᠪᠠᠷ ᠬᠡᠷᠡᠭᠴᠡᠭᠡ ᠪᠠᠨ ᠦᠨᠳᠦᠰᠦᠯᠡᠨ ᠴᠢᠳᠠᠮᠵᠢ ᠶᠢᠨ ᠴᠢᠨᠠᠷᠲᠠᠢ ᠲᠣᠰᠣᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠳᠤ ᠠᠰᠢᠭᠲᠠᠢ ᠶᠤᠮ ᠭᠡᠵᠡᠢ᠃          ︽ᠬᠠᠷᠢᠭᠤᠴᠠᠯᠭᠠᠲᠤ ᠨᠠᠶᠢᠷᠠᠭᠤᠯᠤᠭᠴᠢ᠄ ᠮᠠᠨ ᠰᠢᠦᠢ ᠷᠦᠢ︾
 
ᠢᠷᠡᠯᠲᠡ᠄ ᠰᠢᠨᠵᠢᠯᠡᠬᠦ ᠤᠬᠠᠭᠠᠨ ᠮᠡᠷᠭᠡᠵᠢᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号