| ᠭᠦᠨᠳᠤᠳᠦ ᠵᠤᠴᠢᠨ᠄ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠢᠨ ᠳ᠋ᠦᠩ ᠼᠠᠢ | ᠲᠤᠪᠴᠢᠯᠠᠯ᠄ | | ᠡ᠊ᠨᠡ ᠵᠢᠯ ᠠᠴᠠ ᠨᠠᠰᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠣᠶᠣᠯ ᠪᠠ | ᠵᠢᠭᠤᠯᠴᠢᠯᠠᠯ ᠤᠨ ᠲᠣᠪᠴᠢᠶ᠎ᠠ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ | ᠤᠳᠤᠷᠢᠳᠤᠯᠭ᠎ᠠ᠂ ᠳᠡᠭᠡᠳᠦ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠠᠯᠠᠮᠵᠢᠯᠠᠯ ᠪᠠ ᠳᠡᠮᠵᠢᠯᠭᠡ | ᠳᠣᠣᠷ᠎ᠠ᠂ ᠨᠠᠮ ᠤᠨ ᠡᠯ᠎ᠡ ᠵᠦᠢᠯ ᠤᠨ ᠰᠣᠶᠣᠯ ᠤᠨ ᠲᠥᠷᠥ ᠶᠢᠨ ᠪᠣᠳᠣᠯᠭ᠎ᠠ ᠪᠠ ᠰᠢ ᠶᠢᠨ ᠫᠢᠩ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠠᠢ᠃ ᠪᠥᠬᠦ ᠬᠤᠰᠢᠭᠤᠨ ᠤ ᠭᠤᠣᠯ ᠠᠵᠢᠯ ᠤᠨ ᠲᠣᠭᠤᠷᠢᠨ ᠳᠤ᠂ ᠠᠵᠢᠯ ᠤᠨ | ᠰᠡᠳᠬᠢᠮᠵᠢ ᠪᠠᠨ ᠢᠳᠡᠪᠬᠢᠲᠡᠢ ᠥᠷᠭᠡᠳᠬᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠰᠢᠨ᠎ᠡ ᠪᠠᠷ ᠡᠭᠦᠳᠴᠦ᠂ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠠᠶᠢᠵᠢᠷᠠᠯᠲᠠ᠂ ᠰᠣᠶᠣᠯ ᠵᠢᠭᠤᠯᠴᠢᠯᠠᠯ ᠤᠨ ᠠᠵᠤ ᠠᠬᠤᠢ ᠶᠢᠨ | ᠰᠡᠷᠭᠦᠯᠲᠡ ᠶᠢ ᠴᠢᠷᠮᠠᠶᠢᠨ ᠠᠬᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠦᠨ᠎ᠡ᠃ | | ᠰᠤᠷᠪᠦᠯᠵᠢᠯᠠᠭ᠎ᠠ ᠶᠢᠨ ᠪᠤᠳᠠᠲᠦ ᠲᠡᠮᠳᠡᠭᠯᠡᠯ᠄ | | ᠰᠤᠷᠪᠤᠯᠵᠢᠯᠠᠭᠴᠢ᠄ ᠡᠨᠡ ᠵᠢᠯ ᠠᠴᠠ ᠨᠠᠰᠢ ᠮᠠᠨ ᠤ ᠬᠤᠰᠢᠭᠤᠨ ᠤ ᠰᠣᠶᠣᠯ ᠪᠠ ᠵᠤᠭᠠᠴᠠᠯ ᠤᠨ | ᠲᠠᠯ᠎ᠠ ᠪᠠᠷ ᠶᠠᠮᠠᠷ ᠶᠠᠮᠠᠷ ᠠᠮᠵᠢᠯᠲᠠ ᠣᠯᠣᠭᠰᠠᠨ ᠪᠤᠢ︖ | ᠴᠢᠨ ᠳ᠋ᠦᠩ ᠼᠠᠢ᠄ ᠡᠨᠡ ᠵᠢᠯ ᠠᠴᠠ ᠨᠠᠰᠢ ᠮᠠᠨ ᠤ ᠲᠣᠪᠴᠢᠶ᠎ᠠ ᠰᠣᠶᠣᠯ ᠵᠤᠭᠠᠴᠠᠯ ᠤᠨ ᠵᠠᠬ᠎ᠠ | ᠳᠡᠯᠭᠡᠭᠦᠷ ᠤᠨ ᠬᠥᠭᠵᠢᠯᠲᠡ ᠶᠢ ᠴᠢᠷᠮᠠᠶᠢᠨ ᠠᠬᠢᠭᠤᠯᠵᠤ᠂ ᠤᠯᠠᠭᠠᠨᠮᠥ᠋ᠴᠢᠷ ᠤᠨ ᠤᠯᠠᠨ ᠲᠦᠷᠦᠯ ᠤᠨ ᠤᠳᠬ᠎ᠠ | ᠤᠷᠠᠯᠢᠭ ᠤᠨ ᠰᠢᠯᠭᠠᠷᠠᠭᠤᠯᠤᠯᠲᠠ ᠶᠢᠨ ᠤᠷᠤᠯᠳᠤᠭᠠᠨ ᠳᠤ ᠣᠷᠣᠯᠴᠠᠵᠤ᠂ ᠤᠯᠠᠨ ᠤ ᠠᠩᠬᠠᠷᠤᠯ ᠢ ᠲᠠᠲᠠᠮ᠎ᠠ ᠠᠮᠵᠢᠯᠲᠠ | ᠣᠯᠵᠤ᠂ ᠨᠠᠶᠢᠷᠠᠭᠤᠯᠤᠨ ᠵᠣᠬᠢᠶᠠᠭᠰᠠᠨ ︽ᠲᠦᠮᠤᠰᠦ︾︔︽ᠨᠠᠢᠮᠠᠨ ᠰᠢᠷᠭ᠎ᠠ︾᠂ ︽ᠵᠣᠯ ᠵᠢᠷᠭᠠᠯᠲᠤ ᠭᠡᠷ ᠣᠷᠣᠨ︾ | ᠨᠢ ᠤᠯᠠᠭᠠᠨᠴᠠᠪ ᠬᠤᠲᠠ ᠶᠢᠨ ᠶᠢᠰᠦᠳᠦᠭᠡᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ | ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ ᠢ ᠭᠥᠷᠳᠡᠪᠡ︔ᠠᠩᠭᠢ ᠶᠢᠨ ᠭᠡᠰᠢᠭᠦᠳ ︽︿ᠠᠷᠪᠠᠨ | ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠤ ᠭᠠᠪᠢᠶ᠎ᠠ ᠪᠠᠶᠢᠭᠤᠯᠵᠤ ᠡᠷᠡᠯᠬᠡᠭᠯᠡᠨ ᠤᠷᠤᠭᠰᠢᠯᠠᠬᠤ ᠰᠢᠨ᠎ᠡ | ᠠᠶᠠᠨ︾ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷᠡᠯᠲᠦᠭᠦᠯᠦᠭᠴᠢ ᠶᠢᠨ ︵ | ᠲᠠᠶᠢᠰᠠ︶ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ︽ᠨᠢᠭᠡᠳᠦᠭᠡᠷ ᠨᠡᠷᠡᠰ︾ ᠢ ᠢᠷᠠᠭᠤ | ᠠᠯᠳᠠᠷᠲᠠᠢ ᠪᠠᠷ ᠭᠥᠷᠳᠡᠪᠡ︔ ᠶᠢᠰᠦᠳᠦᠭᠡᠷ ᠬᠤᠭᠤᠴᠠᠭᠠᠨ ᠤ ᠰᠢ ᠬᠤ᠋ ᠨᠠᠭᠤᠷ ᠤᠨ ᠨᠠᠶᠢᠷᠠᠯ ᠳᠠᠭᠤᠤ ᠶᠢᠨ ᠨᠠᠶᠢᠷ | ᠵᠢᠴᠢ ᠠᠩᠬᠠᠳᠤᠭᠠᠷ ᠬᠤᠭᠤᠴᠠᠭᠠᠨ ᠤ ᠶᠡᠭᠡ ᠲᠠᠲᠠᠮᠠᠯ ᠭᠤᠣᠯ ᠤᠨ ᠭᠡᠷ ᠳᠣᠲᠣᠷᠠᠬᠢ ᠨᠠᠶᠢᠷᠠᠯ ᠳᠠᠭᠤᠤ ᠶᠢᠨ ᠨᠠᠶᠢᠷ ᠤᠨ | ᠶᠡᠭᠡ ᠱᠠᠩᠨᠠᠯ ᠢ ᠭᠥᠷᠳᠡᠪᠡ︔︽ᠵᠣᠯ ᠵᠢᠷᠭᠠᠯᠲᠤ ᠭᠡᠷ ᠣᠷᠣᠨ︾ ᠨᠢ ᠵᠢᠷᠭᠤᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠪᠥᠵᠢᠭ ᠤᠨ ᠤᠷᠤᠯᠳᠤᠭᠠᠨ ᠤ ᠵᠣᠬᠢᠶᠠᠨ ᠪᠦᠲᠦᠭᠡᠯᠭᠡ ᠶᠢᠨ ︽ᠨᠢᠭᠡᠳᠦᠭᠡᠷ ᠳᠡᠰ ᠤᠨ ᠱᠠᠩᠨᠠᠯ︾᠂ | ᠲᠣᠭᠯᠠᠯᠲᠠ ᠶᠢᠨ ︽ᠨᠢᠭᠡᠳᠦᠭᠡᠷ ᠳᠡᠰ ᠤᠨ ᠱᠠᠩᠨᠠᠯ︾ ᠢ ᠭᠥᠷᠳᠡᠪᠡ︔︽ᠨᠠᠢᠮᠠᠨ ᠰᠢᠷᠭ᠎ᠠ︾ ᠨᠢ ᠵᠢᠷᠭᠤᠳᠤᠭᠠᠷ | ᠬᠤᠭᠤᠴᠠᠭᠠᠨ ᠤ ᠥᠪᠥᠷ ᠮᠣᠩᠭᠤᠯ ᠤᠨ ᠪᠥᠵᠢᠭ ᠤᠨ ᠤᠷᠤᠯᠳᠤᠭᠠᠨ ᠤ ᠵᠣᠬᠢᠶᠠᠨ ᠪᠦᠲᠦᠭᠡᠯᠭᠡ ᠶᠢᠨ ︽ᠬᠤᠶᠠᠳᠤᠭᠠᠷ | ᠳᠡᠰ ᠤᠨ ᠱᠠᠩᠨᠠᠯ︾᠂ ᠲᠣᠭᠯᠠᠯᠲᠠ ᠶᠢᠨ ︽ᠬᠤᠶᠠᠳᠤᠭᠠᠷ ᠳᠡᠰ ᠤᠨ ᠱᠠᠩᠨᠠᠯ︾ ᠢ ᠭᠥᠷᠳᠡᠪᠡ᠃ ᠵᠢᠭᠤᠯᠴᠢᠯᠠᠯ ᠤᠨ | ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠵᠦ᠂ ᠮᠠᠨ ᠤ ᠬᠤᠰᠢᠭᠤᠨ ᠤ ᠰᠣᠶᠣᠯ ᠤᠨ ᠵᠢᠭᠤᠯᠴᠢᠯᠠᠯ ᠤᠨ | ᠨᠠᠷᠠᠲᠤ ᠲᠡᠮᠳᠡᠭᠲᠦ ᠶᠢᠨ ᠤᠬᠠᠭᠤᠯᠭ᠎ᠠ ᠶᠢ ᠴᠢᠩᠭᠠᠳᠬᠠᠬᠤ ᠶᠢᠨ ᠲᠥᠯᠥᠭᠡ᠂ ᠮᠠᠨ ᠤ ᠲᠣᠪᠴᠢᠶ᠎ᠠ ᠱᠧᠨᠵᠧᠨ ᠳᠤ | ᠬᠦᠷᠴᠦ 2023 ᠣᠨ ᠤ ᠤᠯᠠᠭᠠᠨᠴᠠᠪ ᠬᠤᠲᠠ ᠶᠢᠨ ᠰᠣᠶᠣᠯ ᠤᠨ ᠵᠢᠭᠤᠯᠴᠢᠯᠠᠯ ᠤᠨ ᠲᠠᠮᠢᠷ ᠤᠨ ᠭᠤᠸᠠᠩᠳᠦ᠋ᠩ | ᠰᠢᠶᠠᠩᠭᠠᠩ ᠣᠣᠮᠧᠨ ᠤ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠵᠤ᠂ ᠣᠶᠢᠷ᠎ᠠ | ᠵᠠᠢ ᠠᠴᠠ ᠱᠧᠨᠵᠧᠨ ᠤ ᠬᠤᠲᠠ ᠶᠢᠨ ᠠᠷᠠᠳ ᠲᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠵᠢᠭᠤᠯᠴᠢᠯᠠᠯ ᠤᠨ ᠡᠬᠢ ᠪᠠᠶᠠᠯᠢᠭ ᠪᠠ ᠬᠤᠳᠠᠯᠳᠤᠭᠠᠴᠢᠨ ᠤᠷᠢᠬᠤ ᠲᠥᠷᠥᠯ ᠵᠦᠢᠯ ᠢ ᠲᠠᠨᠢᠯᠴᠠᠭᠤᠯᠪᠠ᠃ᠨᠡᠩ ᠤᠯᠠᠨ | ᠵᠤᠭᠠᠴᠠᠭᠴᠢ ᠵᠢᠴᠢ ᠪᠡᠯᠡ ᠣᠷᠣᠭᠤᠯᠤᠭᠴᠢᠳ ᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠲᠠᠲᠠᠵᠤ | ᠠᠪᠴᠢᠷᠠᠪᠠ᠃ | ᠰᠤᠷᠪᠤᠯᠵᠢᠯᠠᠭᠴᠢ᠄ ᠣᠶᠢᠷ᠎ᠠ ᠶᠢᠨ ᠵᠢᠯ ᠤᠳ ᠲᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠷᠠᠳ ᠤᠨ ᠣᠷᠣᠨ ᠰᠠᠭᠤᠴᠠ ᠶᠢᠨ ᠣᠨᠴᠠᠯᠢᠭᠲᠤ ᠵᠢᠭᠤᠯᠴᠢᠯᠠᠯ ᠤᠨ | ᠠᠵᠤ ᠦᠢᠯᠡᠰ ᠢ ᠶᠡᠭᠡ ᠪᠠᠷ ᠬᠥᠭᠵᠢᠭᠦᠯᠬᠦ ᠶᠢ ᠤᠯᠠᠭᠠᠨᠴᠠᠪ ᠬᠤᠲᠠ ᠶᠢᠨ ︽ᠲᠠᠪᠤᠨ ᠶᠡᠭᠡ ᠠᠵᠤ ᠠᠬᠤᠢ︾ ᠶᠢ | ᠨᠠᠶᠢᠳᠠᠪᠤᠷᠢᠵᠢᠭᠤᠯᠬᠤ ᠶᠢᠨ ᠲᠥᠯᠥᠭᠡ᠂ ᠰᠣᠶᠣᠯ ᠵᠢᠭᠤᠯᠴᠢᠯᠠᠯ ᠤᠨ ᠲᠣᠪᠴᠢᠶ᠎ᠠ ᠠᠷᠠᠳ ᠤᠨ ᠣᠷᠣᠨ ᠰᠠᠭᠤᠴᠠ ᠶᠢᠨ | ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | ᠴᠢᠨ ᠳ᠋ᠦᠩ ᠼᠠᠢ᠄ ᠵᠤᠭᠠᠴᠠᠯ ᠤᠨ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢ ᠴᠢᠨᠠᠭᠰᠢᠳᠠ | ᠳᠦᠷᠢᠮᠵᠢᠭᠦᠯᠬᠦ ᠶᠢᠨ ᠲᠥᠯᠥᠭᠡ᠂ ᠬᠤᠰᠢᠭᠤᠨ ᠤ ᠰᠣᠶᠣᠯ ᠵᠤᠭᠠᠴᠠᠯ ᠤᠨ ᠲᠣᠪᠴᠢᠶ᠎ᠠ ᠠᠴᠠ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠠᠷᠠᠳ ᠤᠨ ᠣᠷᠣᠨ ᠰᠠᠭᠤᠴᠠ ᠶᠢᠨ ᠨᠡᠶᠢᠭᠡᠮᠯᠢᠭ ᠢ ᠲᠦᠷᠦᠭᠦᠯᠡᠨ ᠪᠠᠶᠢᠭᠤᠯᠵᠤ᠂ | ᠠᠷᠠᠳ ᠤᠨ ᠣᠷᠣᠨ ᠰᠠᠭᠤᠴᠠ ᠶᠢᠨ ᠡᠵᠡᠩᠨᠡᠯᠲᠡ ᠶᠢᠨ ᠠᠵᠢᠯᠯᠠᠭ᠎ᠠ ᠶᠢ ᠴᠢᠨᠠᠭᠰᠢᠳᠠ ᠳᠦᠷᠢᠮᠵᠢᠭᠦᠯᠵᠦ᠂ ᠪᠦᠬᠦ | ᠬᠤᠰᠢᠭᠤᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠬᠥᠭᠵᠢᠯᠲᠡ ᠶᠢᠨ ᠠᠵᠠ | ᠲᠣᠬᠢᠶᠠᠯ ᠣᠯᠭᠤᠵᠠᠢ︔ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠢ ᠳᠡᠭᠡᠭᠰᠢᠯᠡᠭᠦᠯᠬᠦ ᠪᠠ ᠦᠷᠭᠦᠯᠵᠢᠯᠡᠬᠦ | ᠴᠢᠨᠠᠷᠲᠠᠢ ᠬᠥᠭᠵᠢᠯᠲᠡ ᠶᠢᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠤᠯᠤᠰ ᠤᠨ ᠳᠣᠲᠣᠭᠠᠳᠤ ᠶᠢᠨ ᠨᠡᠷᠡᠳᠦ | ᠵᠤᠭᠠᠴᠠᠯ ᠤᠨ ᠪᠠᠭᠤᠳᠠᠯ ᠪᠣᠯᠣᠨ ᠠᠷᠠᠳ ᠤᠨ ᠣᠷᠣᠨ ᠰᠠᠭᠤᠴᠠ ᠶᠢᠨ ᠲᠤᠰᠬᠠᠢ ᠮᠡᠷᠭᠡᠵᠢᠯᠲᠡᠨ ᠢ ᠤᠷᠢᠵᠤ | ᠠᠷᠠᠳ ᠤᠨ ᠣᠷᠣᠨ ᠰᠠᠭᠤᠴᠠ ᠶᠢᠨ ᠪᠡᠯᠡ ᠣᠷᠣᠭᠤᠯᠤᠯᠲᠠ ᠪᠣᠯᠣᠨ ᠡᠵᠡᠩᠨᠡᠯᠲᠡ ᠬᠠᠮᠢᠶᠠᠷᠤᠯᠲᠠ᠂ ᠵᠤᠭᠠᠴᠠᠯ ᠤᠨ | ᠠᠷᠠᠳ ᠤᠨ ᠣᠷᠣᠨ ᠰᠠᠭᠤᠴᠠ ᠶᠢᠨ ᠠᠮᠵᠢᠯᠲᠠ ᠲᠠᠢ ᠬᠡᠷᠡᠭ ᠤᠨ ᠵᠢᠱᠢᠶ᠎ᠡ ᠶᠢ ᠵᠠᠳᠠᠯᠬᠤ᠂ ᠲᠤᠷᠰᠢᠯᠭ᠎ᠠ ᠪᠠᠨ | ᠬᠤᠪᠢᠶᠠᠯᠴᠠᠨ ᠡᠳ᠋ᠯᠡᠬᠦ ᠲᠠᠯ᠎ᠠ ᠪᠠᠷ ᠪᠣᠯᠪᠠᠰᠤᠷᠠᠯ ᠥᠷᠨᠢᠭᠦᠯᠬᠦ ᠶᠢᠨ ᠬᠠᠮᠲᠤ ᠪᠦᠬᠦ ᠤᠯᠤᠰ ᠤᠨ ᠠᠷᠠᠳ ᠤᠨ ᠣᠷᠣᠨ | ᠰᠠᠭᠤᠴᠠ ᠶᠢᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠠᠷᠠᠳ ᠤᠨ ᠣᠷᠣᠨ ᠰᠠᠭᠤᠴᠠ ᠶᠢᠨ ᠦᠢᠯᠡᠰ ᠤᠨ | ᠡᠵᠡᠩᠨᠡᠯᠲᠡ ᠪᠣᠷᠣᠯᠠᠭᠤᠯᠤᠯᠲᠠ᠂ ᠪᠡᠯᠡ ᠣᠷᠣᠭᠤᠯᠤᠯᠲᠠ ᠪᠠᠷ ᠲᠣᠯᠢ ᠪᠣᠯᠭᠠᠬᠤ ᠲᠠᠯ᠎ᠠ ᠪᠠᠷ ᠬᠢᠴᠢᠶᠡᠯᠯᠡᠪᠡ︔ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠳᠤ ᠤᠯᠠᠭᠠᠨᠬᠠᠳᠠ ᠶᠢᠨ ᠭᠠᠯᠲᠤ ᠠᠭᠤᠯᠠ ᠶᠢᠨ ᠲᠠᠯ᠎ᠠ ᠨᠤᠲᠤᠭ ᠤᠨ | ᠣᠳᠣᠨ ᠣᠭᠲᠠᠷᠭᠤᠢ ᠶᠢᠨ ᠰᠣᠶᠣᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠭᠠᠯᠲᠤ | ᠠᠭᠤᠯᠠ ᠶᠢᠨ ᠣᠳᠣᠨ ᠣᠭᠲᠠᠷᠭᠤᠢ ᠭᠡᠬᠦ ᠡᠨᠡ ᠬᠦ ᠰᠣᠶᠣᠯ ᠤᠨ ᠡᠬᠢ ᠪᠠᠶᠠᠯᠢᠭ ᠢ ᠪᠦᠲᠦᠮᠵᠢᠲᠡᠶ ᠨᠡᠭᠡᠭᠡᠨ | ᠠᠰᠢᠭᠯᠠᠵᠤ᠂ ᠰᠣᠶᠣᠯ ᠤᠨ ᠦᠨ᠎ᠡ ᠥᠷᠲᠡᠭ ᠢ ᠪᠦᠲᠦᠮᠵᠢᠲᠡᠶ ᠪᠠᠳᠠᠷᠠᠭᠤᠯᠪᠠ᠃ ᠲᠠᠷᠠᠭᠠᠴᠢ ᠶᠢᠨ ᠱᠠᠲᠤᠨ ᠳᠤ ᠮᠠᠨ ᠤ | ᠲᠣᠪᠴᠢᠶ᠎ᠠ ᠬᠤᠰᠢᠭᠤᠨ ᠤ ᠠᠷᠠᠳ ᠤᠨ ᠣᠷᠣᠨ ᠰᠠᠭᠤᠴᠠ ᠶᠢᠨ ᠨᠡᠶᠢᠭᠡᠮᠯᠢᠭ ᠲᠠᠢ ᠭᠠᠷ ᠬᠤᠯᠪᠣᠯᠴᠠᠨ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠤᠬᠠᠭᠤᠯᠤᠨ | ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠷ ᠮᠡᠳᠡᠭᠡ ᠲᠠᠯᠪᠢᠬᠤ᠂ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ | ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠠᠶᠠᠨᠴᠢᠳ ᠢ ᠲᠠᠲᠠᠵᠤ ᠠᠪᠴᠢᠷᠠᠨ᠎ᠠ᠃ᠡᠭᠦᠨ ᠤ ᠬᠠᠮᠲᠤ᠂ | ᠠᠷᠠᠳ ᠤᠨ ᠣᠷᠣᠨ ᠰᠠᠭᠤᠴᠠ ᠶᠢᠨ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ | A ᠲᠠᠰ ᠤᠨ ᠦᠵᠡᠮᠵᠢ ᠶᠢᠨ ᠣᠷᠣᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢ | ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ᠠᠷᠠᠳ ᠤᠨ ᠣᠷᠣᠨ ᠰᠠᠭᠤᠴᠠ ᠲᠥᠪᠯᠡᠷᠡᠭᠰᠡᠨ ᠲᠣᠰᠬᠤᠨ ᠳᠠᠰᠢ | ᠭᠤᠣᠯᠳᠠᠯᠭ᠎ᠠ ᠲᠠᠢ ᠬᠡᠯᠪᠡᠶᠢᠯᠭᠡᠬᠦ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ᠂ ᠠᠷᠠᠳ ᠤᠨ ᠣᠷᠣᠨ ᠰᠠᠭᠤᠴᠠ ᠶᠢᠨ | ᠡᠷᠬᠢᠨ ᠲᠣᠭᠤᠷᠢᠨ ᠤ ᠣᠯᠠᠨ ᠨᠡᠶᠢᠲᠡ ᠶᠢᠨ ᠢᠵᠢ ᠪᠦᠷᠢᠳᠦᠭᠦᠯᠬᠦ ᠠᠷᠠᠳ ᠤᠨ ᠣᠷᠣᠨ ᠰᠠᠭᠤᠴᠠ ᠶᠢᠨ ᠣᠷᠣᠨ | ᠨᠤᠲᠤᠭ ᠤᠨ ᠰᠣᠶᠣᠯ ᠤᠨ ᠣᠨᠴᠠᠯᠢᠭ ᠲᠤ ᠢᠳᠡᠪᠬᠢᠲᠡᠢ ᠠᠭᠤᠰᠤᠯᠴᠠᠬᠤ ᠶᠢ ᠵᠣᠷᠢᠭᠵᠢᠭᠤᠯᠵᠤ᠂ ᠲᠤᠬᠠᠢ ᠶᠢᠨ | ᠭᠠᠵᠠᠷ ᠤᠨ ᠰᠣᠶᠣᠯ᠂ ᠰᠣᠶᠣᠯ ᠤᠨ ᠪᠤᠰᠤ ᠰᠣᠶᠣᠯ ᠤᠨ ᠥᠪ ᠤᠨ ᠰᠣᠶᠣᠯ᠂ ᠣᠷᠣᠨ ᠨᠤᠲᠤᠭ ᠤᠨ ᠠᠮᠲᠠᠲᠤ | ᠢᠳᠡᠭᠡᠨ ᠵᠡᠷᠭᠡ ᠲᠠᠢ ᠤᠶᠠᠯᠳᠤᠭᠤᠯᠤᠨ᠂ ︽ᠠᠷᠠᠳ ᠤᠨ ᠣᠷᠣᠨ ᠰᠠᠭᠤᠴᠠ ᠶᠢᠨ ᠣᠨᠴᠠᠯᠢᠭ + ᠠᠷᠠᠳ ᠤᠨ ᠵᠠᠩ | ᠳᠠᠳᠬᠠᠯ ᠢ ᠣᠶᠢᠯᠠᠭᠠᠬᠤ︾ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠳᠡᠮᠵᠢᠨ ᠬᠥᠭᠵᠢᠭᠦᠯᠵᠦ | ᠂ ︽ᠠᠷᠠᠳ ᠤᠨ ᠣᠷᠣᠨ ᠰᠠᠭᠤᠴᠠ ᠶᠢᠨ ᠠᠵᠤ ᠠᠬᠤᠢ ᠶᠢᠨ ᠬᠦᠷᠢᠶ᠎ᠡ︾ ᠪᠠᠷ ᠬᠥᠭᠵᠢᠯᠲᠡ ᠶᠢᠨ ᠭᠤᠣᠯᠳᠠᠯᠭ᠎ᠠ | ᠪᠣᠯᠭᠠᠨ᠂ ᠠᠷᠠᠳ ᠤᠨ ᠣᠷᠣᠨ ᠰᠠᠭᠤᠴᠠ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠠᠵᠠ ᠲᠣᠬᠢᠶᠠᠯ ᠢ ᠠᠮᠵᠢᠨ᠂ ᠠᠷᠠᠳ ᠤᠨ ᠣᠷᠣᠨ ᠰᠠᠭᠤᠴᠠ ᠶᠢᠨ ᠠᠵᠤ ᠠᠬᠤᠢ ᠶᠢ ᠮᠠᠨ ᠤ ᠬᠤᠰᠢᠭᠤᠨ ᠤ | ᠣᠨᠴᠠᠯᠢᠭᠲᠤ ᠳᠠᠪᠠᠭᠤᠯᠢᠭ ᠠᠵᠤ ᠦᠢᠯᠡᠰ ᠪᠠ ᠠᠷᠠᠳ ᠢ ᠪᠠᠶᠠᠵᠢᠭᠤᠯᠤᠨ ᠠᠷᠠᠳ ᠲᠤ ᠠᠰᠢᠭ ᠬᠦᠷᠲᠡᠭᠡᠬᠦ ᠠᠵᠤ | ᠦᠢᠯᠡᠰ ᠪᠣᠯᠭᠠᠨ ᠪᠦᠲᠦᠭᠡᠨ ᠪᠠᠶᠢᠭᠤᠯᠬᠤ ᠶᠢ ᠲᠦᠷᠭᠡᠳᠬᠡᠨ᠎ᠡ᠃ | ᠰᠤᠷᠪᠤᠯᠵᠢᠯᠠᠭᠴᠢ᠄ ᠬᠠᠭᠤᠴᠢ ᠰᠤᠳᠤᠯᠤᠯ ᠤᠨ ᠦᠯᠡᠳᠡᠭᠳᠡᠯ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ | ᠪᠣᠯ ᠲᠡᠦᠬᠡ ᠶᠢᠨ ᠭᠡᠷᠡᠴᠢ ᠮᠥᠨ᠂ ᠡᠷᠬᠡᠪᠰᠢ ᠰᠠᠶᠢᠲᠤᠷ ᠬᠠᠮᠠᠭᠠᠯᠠᠵᠤ᠂ ᠰᠠᠶᠢᠲᠤᠷ ᠠᠰᠢᠭᠯᠠᠬᠤ ᠬᠡᠷᠡᠭᠲᠡᠢ᠃ ᠮᠠᠨ ᠤ | ᠬᠤᠰᠢᠭᠤ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ︖ | | ᠴᠢᠨ ᠳ᠋ᠦᠩ ᠼᠠᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠡᠯᠪᠡᠭ ᠪᠠᠶᠠᠯᠢᠭ ᠰᠣᠶᠣᠯ ᠤᠨ | ᠥᠪ ᠪᠣᠯᠣᠨ ᠲᠡᠦᠬᠡ ᠶᠢᠨ ᠳᠤᠷᠠᠰᠬᠠᠯᠲᠤ ᠵᠦᠢᠯ ᠲᠠᠢ᠂ ᠤᠳᠤ ᠪᠣᠯᠲᠠᠯ᠎ᠠ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠨᠢᠭᠡᠴᠡ ᠶᠢᠨ ᠶᠢᠨ ᠵᠢᠶᠧ ᠬᠤᠤ ᠪᠣᠯᠣᠨ ᠣᠷᠣᠨ ᠤ ᠪᠠᠲᠤᠯᠠᠨ ᠬᠠᠮᠠᠭᠠᠯᠠᠯᠲᠠ ᠶᠢᠨ ᠨᠢᠭᠡᠴᠡ ᠶᠢᠨ ᠴᠠᠭᠠᠨ | ᠪᠤᠯᠠᠩ ᠤᠨ ᠡᠷᠲᠡᠨ ᠤ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠠᠶᠤᠯ ᠠᠴᠠ ᠠᠪᠤᠷᠠᠬᠤ ᠢᠨᠵᠧᠨᠧᠷᠢᠩ ᠢ | ᠪᠡᠶᠡᠯᠡᠭᠦᠯᠵᠡᠢ︔ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠬᠠᠭᠤᠴᠢ ᠰᠤᠳᠤᠯᠤᠯ ᠤᠨ ᠬᠠᠶᠢᠨ | ᠰᠢᠨᠵᠢᠯᠡᠯᠲᠡ ᠶᠢᠨ ᠠᠵᠢᠯ ᠢ ᠬᠠᠮᠵᠢᠯᠴᠠᠨ ᠪᠡᠶᠡᠯᠡᠭᠦᠯᠵᠡᠢ︔ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ ᠨᠢᠭᠡᠴᠢ ᠳᠤ ᠲᠡᠦᠬᠡ ᠶᠢᠨ ᠳᠤᠷᠠᠰᠬᠠᠯᠲᠤ ᠵᠦᠢᠯ ᠤᠨ ᠠᠶᠤᠯᠭᠦᠢ ᠶᠢᠨ ᠬᠠᠷᠢᠭᠤᠴᠠᠯᠭ᠎ᠠ ᠶᠢᠨ ᠵᠠᠷᠯᠠᠯ ᠤᠨ | ᠫᠠᠶᠢᠰᠠ ᠪᠣᠰᠬᠠᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠣᠭᠲᠠᠴᠠ ᠶᠢ ᠤᠯᠠᠮ ᠨᠢᠭᠡ | ᠠᠯᠬᠤᠮᠪᠦ᠋ᠲᠦᠭᠡᠨ ᠪᠠᠶᠢᠭᠤᠯᠬᠤ ᠨᠢᠭᠡᠴᠡ ᠲᠠᠢ ᠢᠳᠡᠪᠬᠢᠲᠡᠢ ᠬᠠᠮᠵᠢᠯᠴᠠᠨ ᠲᠥᠷᠥᠯ ᠵᠦᠢᠯ ᠤᠨ ᠡᠵᠡᠯᠡᠭᠰᠡᠨ | ᠭᠠᠵᠠᠷ ᠤᠨ ᠬᠡᠪᠴᠢᠶᠡᠨ ᠳᠠᠬᠢ ᠡᠷᠲᠡᠨ ᠤ ᠰᠣᠶᠣᠯ ᠤᠨ ᠪᠠᠭᠤᠷᠢ ᠳᠤ ᠪᠠᠶᠢᠴᠠᠭᠠᠯᠲᠠ ᠬᠢᠨ᠎ᠡ︔ ᠥᠪᠡᠷᠲᠡᠭᠡᠨ ᠵᠠᠰᠠᠬᠤ | ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠣᠳᠠᠰ ᠤᠨ | ᠪᠤᠰᠤ ᠰᠣᠶᠣᠯ ᠤᠨ ᠥᠪ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠵᠦ᠂ ︽ᠴᠠᠬᠠᠷ ᠤᠨ ᠬᠠᠳᠬᠤᠮᠠᠯ︾ | ᠢ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠷᠥᠯ ᠵᠦᠢᠯ ᠢᠶᠠᠷ | ᠠᠮᠵᠢᠯᠲᠠ ᠲᠠᠢ ᠭᠤᠶᠤᠴᠢᠯᠠᠨ ᠮᠡᠳᠡᠭᠦᠯᠦᠭᠰᠡᠨ ᠪᠥᠭᠡᠳ ︽ᠴᠠᠬᠠᠷ ᠤᠨ ᠬᠠᠳᠬᠤᠮᠠᠯ︾ ᠤᠨ ᠪᠣᠯᠪᠠᠰᠤᠷᠠᠯ ᠤᠨ ᠠᠩᠭᠢ | ᠪᠠᠶᠢᠭᠤᠯᠵᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠥᠭᠵᠢᠭᠦᠯᠬᠦ ᠳᠤ ᠬᠦᠴᠦᠨ ᠨᠡᠮᠡᠷᠢᠯᠡᠪᠡ︔︽ | ᠴᠠᠬᠠᠷ ᠤᠨ ᠬᠤᠪᠴᠠᠰᠤ ᠵᠠᠰᠠᠯ︾ ᠤᠨ ᠬᠠᠮᠠᠭᠠᠯᠠᠯᠲᠠ ᠶᠢᠨ ᠨᠢᠭᠡᠴᠡ ᠬᠤᠰᠢᠭᠤᠨ ᠤ ᠰᠣᠶᠣᠯ ᠤᠨ ᠣᠷᠳᠣᠨ ᠢ | ᠥᠪᠡᠷᠲᠡᠭᠡᠨ ᠵᠠᠰᠠᠬᠤ ᠣᠷᠣᠨ ᠤ ᠰᠣᠶᠣᠯ ᠵᠤᠭᠠᠴᠠᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ | ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠬᠤᠪᠢᠶᠠᠷᠢ ᠥᠷᠲᠡᠭᠡ ᠪᠠᠷ ᠵᠢᠭᠰᠠᠭᠠᠪᠠ︔ | ᠴᠠᠬᠠᠷ ᠤᠨ ᠰᠣᠶᠣᠯ ᠤᠨ ᠮᠦᠽᠧᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ ᠥᠭᠡᠷᠡᠴᠢᠯᠡᠬᠦ ᠶᠢᠨ ᠬᠠᠮᠲᠤ | ᠰᠢᠨᠵᠢᠶᠠᠩ ᠤᠨ ᠪᠥᠸᠧ ᠵᠧᠦ ᠲᠠᠢ ᠴᠠᠬᠠᠷ ᠤᠨ ᠰᠣᠶᠣᠯ ᠤᠨ ᠰᠤᠳᠤᠯᠭᠠᠨ ᠤ ᠬᠦᠷᠢᠶᠡᠨ ᠤ ᠲᠤᠬᠠᠢ ᠰᠣᠯᠢᠯᠴᠠᠭ᠎ᠠ ᠪᠠ | ᠬᠠᠮᠲᠤᠷᠠᠯᠴᠠᠭ᠎ᠠ ᠬᠢᠵᠦ᠂ ᠮᠦᠽᠧᠢ ᠳᠤ ᠬᠠᠳᠠᠭᠠᠯᠠᠵᠤ ᠪᠠᠶᠢᠭ᠎ᠠ ᠡᠬᠢ ᠪᠠᠶᠠᠯᠢᠭ ᠢ ᠬᠠᠮᠲᠤᠪᠠᠷ ᠡᠳ᠋ᠯᠡᠬᠦ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠦᠷᠭᠦᠯᠵᠢᠯᠡᠬᠦ ᠬᠥᠭᠵᠢᠯᠲᠡ ᠶᠢᠨ ᠬᠠᠮᠲᠤᠷᠠᠯᠴᠠᠭᠠᠨ ᠤ ᠵᠠᠭᠪᠤᠷ ᠢ ᠪᠠᠶᠢᠭᠤᠯᠵᠤ᠂ | ᠴᠠᠬᠠᠷ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠢ ᠬᠠᠮᠲᠤᠪᠠᠷ ᠠᠬᠢᠭᠤᠯᠪᠠ᠃ | ᠰᠤᠷᠪᠤᠯᠵᠢᠯᠠᠭᠴᠢ᠄ ᠬᠤᠶᠢᠰᠢᠳᠠ ᠶᠢᠨ ᠰᠣᠶᠣᠯ ᠤᠨ ᠪᠠᠶᠢᠭᠤᠯᠤᠯᠲᠠ ᠪᠣᠯᠣᠨ ᠵᠤᠭᠠᠴᠠᠯ ᠤᠨ | ᠬᠥᠭᠵᠢᠯᠲᠡ ᠶᠢᠨ ᠲᠠᠯ᠎ᠠ ᠪᠠᠷ ᠶᠠᠮᠠᠷ ᠶᠠᠮᠠᠷ ᠲᠥᠯᠦᠪᠵᠢᠭᠦᠯᠭᠡ ᠲᠠᠢ ᠪᠤᠢ︖ | ᠴᠢᠨ ᠳ᠋ᠦᠩ ᠼᠠᠢ᠄ ᠨᠢᠭᠡ ᠳᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠦᠢᠯᠡᠳᠦᠯ | ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠣᠶᠣᠯ ᠤᠨ ᠣᠷᠳᠣᠨ᠂ ᠨᠣᠮ ᠤᠨ ᠰᠠᠩ᠂ ᠶᠡᠷᠦᠩᠬᠡᠶᠢᠯᠡᠭᠰᠡᠨ ᠰᠣᠶᠣᠯ ᠤᠨ | ᠥᠷᠲᠡᠭᠡ ᠵᠡᠷᠭᠡ ᠣᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤᠪᠠᠷ ᠡᠳ᠋ᠯᠡᠵᠦ | ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠮᠠᠨ ᠤ ᠬᠤᠰᠢᠭᠤᠨ ᠤ ᠣᠯᠠᠨ ᠲᠦᠮᠡᠨ ᠤ ᠦᠨᠳᠦᠰᠦᠨ | ᠰᠣᠶᠣᠯ ᠤᠨ ᠡᠷᠬᠡ ᠠᠰᠢᠭ ᠢ ᠪᠠᠲᠤᠯᠠᠨ᠎ᠠ᠃ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠣᠨᠴᠠᠯᠢᠭ ᠲᠠᠢ ᠰᠣᠶᠣᠯ ᠤᠨ ᠰᠣᠳᠣᠨ ᠪᠦᠲᠦᠭᠡᠯ ᠢ ᠦᠷᠭᠦᠯᠵᠢᠯᠡᠨ ᠡᠭᠦᠳᠬᠦ ᠬᠡᠷᠡᠭᠲᠡᠢ᠃ | ᠪᠠᠶᠠᠯᠢᠭ ᠰᠠᠶᠢᠬᠠᠨ ᠤᠯᠠᠨ ᠲᠦᠮᠡᠨᠴᠢ ᠰᠣᠶᠣᠯ ᠤᠨ ᠠᠵᠢᠯᠯᠠᠭ᠎ᠠ ᠨᠤᠭᠤᠳ ᠢ ᠥᠷᠨᠢᠭᠦᠯᠦᠨ᠎ᠡ᠃ ᠬᠥᠳᠡᠭᠡ ᠪᠠᠭᠤᠵᠤ | ᠵᠦᠴᠤᠭᠡ ᠲᠣᠭᠯᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠨ᠎ᠠ᠃ᠰᠢᠯᠢᠳᠡᠭ | ᠵᠣᠬᠢᠶᠠᠯ ᠪᠦᠲᠦᠭᠡᠯ ᠢ ᠵᠣᠬᠢᠶᠠᠨ ᠪᠦᠲᠦᠭᠡᠵᠦ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠡᠷᠬᠢᠯᠡᠭᠰᠡᠨ ᠤᠯᠠᠨ | ᠲᠦᠮᠡᠨᠴᠢ ᠰᠣᠶᠣᠯ ᠤᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠨ᠎ᠠ᠃ᠡᠯ᠎ᠡ ᠨᠢᠭᠡᠴᠡ᠂ ᠡᠯ᠎ᠡ ᠰᠢᠶᠠᠩ | ᠪᠠᠯᠭᠠᠰᠤ ᠰᠤᠮᠤ ᠶᠢ ᠵᠢᠯᠣᠭᠤᠳᠤᠨ ᠬᠠᠪᠰᠤᠷᠴᠤ ᠪᠠᠶᠢᠭᠠᠳ ᠡᠯ᠎ᠡ ᠲᠥᠷᠥᠯ ᠤᠨ ᠣᠯᠠᠨ ᠲᠦᠮᠡᠨ ᠤ ᠰᠣᠶᠣᠯ ᠤᠨ | ᠠᠵᠢᠯᠯᠠᠭ᠎ᠠ ᠶᠢ ᠥᠷᠨᠢᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ | ᠬᠢᠭᠰᠡᠨ ᠰᠠᠭᠤᠷᠢᠨ ᠳᠡᠭᠡᠷ᠎ᠡ᠂ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠠᠵᠢᠯ ᠢ ᠰᠠᠶᠢᠲᠤᠷ ᠬᠢᠨ᠎ᠡ᠃ | ᠰᠣᠶᠣᠯ ᠤᠨ ᠣᠷᠳᠣᠨ᠂ ᠨᠣᠮ ᠤᠨ ᠰᠠᠩ ᠤᠨ ᠲᠣᠭᠠᠴᠢᠯᠠᠯᠲᠠ᠂ ᠶᠡᠷᠦᠩᠬᠡᠢ ᠬᠤᠪᠢᠶᠠᠷᠢ ᠨᠣᠮ ᠤᠨ ᠰᠠᠩ ᠤᠨ | ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠬᠤᠶᠠᠷ ᠲᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠪᠠ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ᠃ᠰᠣᠶᠣᠯ ᠤᠨ ᠳᠠᠭᠠᠳᠬᠠᠯ ᠤᠨ | ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠪᠠᠶᠢᠭᠤᠯᠵᠤ ᠪᠠᠶᠢᠭ᠎ᠠ ᠵᠦᠢᠯᠡᠰ ᠤᠨ ᠬᠡᠷᠡᠭᠵᠢᠭᠦᠯᠦᠯᠲᠡ ᠶᠢ ᠲᠦᠯᠬᠢᠨ | ᠠᠬᠢᠭᠤᠯᠬᠤ︔ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ | ︽ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠮᠡᠳᠡᠯᠭᠡ ᠶᠢᠨ ᠲᠠᠶᠢᠯᠤᠮᠵᠢ︾ ᠶᠢ ᠡᠷᠭᠢᠯᠡᠨ᠎ᠡ᠄ ᠲᠡᠦᠬᠡ ᠶᠢᠨ | ᠳᠤᠷᠠᠰᠬᠠᠯᠲᠤ ᠵᠦᠢᠯ ᠤᠨ ᠭᠠᠯ ᠤᠨᠲᠠᠷᠠᠭᠠᠬᠤ ᠠᠮᠤᠷ ᠲᠦᠪᠰᠢᠨ ᠪᠠ ᠲᠡᠦᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ ︽ᠲᠠᠪᠤ ᠶᠢ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠨ᠎ᠡ︔ ᠠᠵᠢᠯᠲᠠᠨ ᠤ ᠲᠤᠰᠬᠠᠢ | ᠮᠡᠷᠭᠡᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠢ ᠬᠦᠴᠦᠯᠡᠨ ᠴᠢᠩᠭᠠᠳᠬᠠᠬᠤ ᠬᠡᠷᠡᠭᠲᠡᠢ᠃ ᠪᠥᠬᠦ ᠬᠤᠰᠢᠭᠤᠨ ᠤ | ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠲᠠᠢ ᠢᠳᠡᠪᠬᠢᠲᠡᠢ ᠬᠠᠮᠵᠢᠯᠴᠠᠵᠤ᠂ ᠲᠥᠷᠥᠯ ᠵᠦᠢᠯ ᠤᠨ | ᠨᠢᠭᠡᠴᠡ ᠶᠢ ᠬᠠᠮᠵᠢᠨ ᠪᠠᠷᠢᠯᠭ᠎ᠠ ᠶᠢᠨ ᠭᠠᠵᠠᠷ ᠰᠣᠩᠭᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ | ᠵᠢᠴᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠶᠠᠪᠤᠭᠳᠠᠭᠤᠯᠤᠨ᠎ᠠ᠃ ᠪᠣᠳᠠᠰ ᠤᠨ | ᠪᠤᠰᠤ ᠰᠣᠶᠣᠯ ᠢ ᠤᠯᠠᠮᠵᠢᠯᠠᠨ ᠬᠠᠮᠠᠭᠠᠯᠠᠬᠤ ᠠᠵᠢᠯ ᠢ ᠭᠦᠨᠵᠡᠭᠡᠢ ᠥᠷᠨᠢᠭᠦᠯᠦᠨ᠎ᠡ᠃ | ᠭᠤᠷᠪᠠ ᠳᠤ᠂ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠡᠮᠬᠢ ᠳᠢᠭᠯᠢᠮ ᠲᠠᠢ | ᠪᠠᠶᠢᠬᠤ ᠶᠢ ᠪᠠᠲᠤᠯᠠᠨ᠎ᠠ᠃ ᠰᠣᠶᠣᠯ ᠵᠢᠭᠤᠯᠴᠢᠯᠠᠯ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ | ᠦᠷᠭᠦᠯᠵᠢᠯᠡᠨ ᠴᠢᠩᠭᠠᠳᠬᠠᠨ᠎ᠠ︔ ᠰᠣᠶᠣᠯ ᠵᠤᠭᠠᠴᠠᠯ ᠤᠨ ᠵᠠᠬ᠎ᠠ ᠳᠡᠯᠭᠡᠭᠦᠷ᠂ ᠰᠣᠶᠣᠯ ᠴᠡᠩᠭᠡᠯ ᠤᠨ ᠲᠠᠯᠠᠪᠤᠷ | ᠭᠠᠵᠠᠷ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ | ᠴᠢᠩᠭᠠᠷᠠᠭᠤᠯᠤᠨ᠎ᠠ︔ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠲᠤᠰᠬᠠᠶᠢᠯᠠᠨ | ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠎ᠡ︔ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠦᠨᠳᠦᠰᠦᠨ ᠱᠠᠲᠤᠨ ᠤ ᠠᠵᠢᠯ ᠤᠨ ᠥᠷᠲᠡᠭᠡ ᠶᠢᠨ ᠵᠢᠷᠤᠮᠵᠢᠭᠤᠯᠤᠨ | ᠪᠠᠷᠢᠮᠵᠢᠶᠠᠵᠢᠭᠤᠯᠬᠤ ᠠᠵᠢᠯ ᠢ ᠰᠢᠮᠳᠠᠭᠤᠯᠤᠨ ᠪᠠᠶᠢᠴᠠᠭᠠᠬᠤ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ | ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ︔ ᠬᠠᠤᠯᠢ ᠪᠤᠰᠤ ᠪᠠᠷ ᠭᠠᠵᠠᠷ ᠳᠡᠭᠡᠷᠡᠬᠢ ᠳᠠᠭᠠᠭᠤᠯᠢ ᠣᠲᠣ ᠶᠢ | ᠭᠥᠯᠢᠶᠡᠨ ᠠᠪᠬᠤ ᠪᠡᠯᠡᠳᠬᠡᠮᠵᠢ ᠶᠢ ᠤᠭᠰᠠᠷᠠᠬᠤ ᠵᠢᠴᠢ ᠪᠣᠷᠣᠯᠠᠭᠤᠯᠤᠨ ᠬᠤᠳᠠᠯᠳᠤᠬᠤ ᠶᠢ ᠪᠠᠶᠢᠴᠠᠭᠠᠨ ᠰᠢᠢᠳᠪᠦᠷᠢᠯᠡᠬᠦ | ᠠᠵᠢᠯ ᠢ ᠥᠷᠨᠢᠭᠦᠯᠬᠦ ᠬᠡᠷᠡᠭᠲᠡᠢ︔ ᠰᠣᠶᠣᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ | ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠣᠶᠣᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠮᠠᠨ ᠤ ᠬᠤᠰᠢᠭᠤᠨ ᠤ ᠰᠣᠶᠣᠯ ᠤᠨ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠠᠮᠤᠷ ᠲᠦᠪᠰᠢᠨ᠂ ᠲᠣᠭᠲᠠᠭᠤᠨ᠂ ᠬᠥᠭᠵᠢᠯ ᠪᠠᠳᠠᠷᠠᠯ ᠲᠠᠢ᠂ ᠡᠮᠬᠢ ᠵᠢᠷᠤᠮ ᠲᠠᠢ ᠬᠥᠭᠵᠢᠬᠦ ᠶᠢ | ᠪᠠᠲᠤᠯᠠᠨ᠎ᠠ᠃ | ᠳᠥᠷᠪᠡ ᠳᠤ᠂ ᠪᠦᠬᠦ ᠣᠷᠣᠨ ᠪᠦᠰᠡ ᠶᠢᠨ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ | ᠲᠦᠷᠭᠡᠳᠬᠡᠨ ᠠᠬᠢᠭᠤᠯᠤᠨ᠎ᠠ᠃ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠣᠷᠣᠨ ᠪᠠᠶᠢᠷᠢ᠂ ᠲᠡᠦᠬᠡ ᠰᠣᠶᠣᠯ᠂ | ᠠᠮᠢ ᠠᠬᠤᠢ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠳᠠᠪᠠᠭᠤᠯᠢᠭ ᠢᠶᠠᠨ ᠪᠠᠳᠠᠷᠠᠭᠤᠯᠵᠤ᠂ | ᠤᠯᠠᠭᠠᠨᠬᠠᠳᠠ ᠶᠢᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢ ᠶᠡᠷᠦᠩᠬᠡᠶᠢᠯᠡᠨ ᠨᠡᠭᠡᠭᠡᠨ | ᠬᠥᠭᠵᠢᠭᠦᠯᠬᠦ ᠲᠥᠷᠥᠯ ᠵᠦᠢᠯ ᠢ ᠭᠤᠣᠯᠳᠠᠯᠭ᠎ᠠ ᠲᠠᠢ ᠪᠠᠶᠢᠭᠤᠯᠵᠤ᠂ ᠪᠥᠬᠦ ᠬᠤᠰᠢᠭᠤᠨ ᠤ ᠣᠨᠴᠠᠯᠢᠭᠲᠤ ᠬᠥᠳᠡᠭᠡ | ᠲᠣᠰᠬᠤᠨ ᠤ ᠵᠢᠭᠤᠯᠴᠢᠯᠠᠯ᠂ ᠵᠢᠭᠤᠯᠴᠢᠯᠠᠯ ᠤᠨ ᠲᠠᠸᠠᠷ ᠤᠨ ᠦᠢᠯᠡᠳᠪᠦᠷᠢᠯᠡᠯ ᠪᠣᠷᠤᠯᠠᠭᠤᠯᠭ᠎ᠠ ᠵᠡᠷᠭᠡ ︽ᠢᠳᠡᠬᠦ᠂ | ᠰᠠᠭᠤᠬᠤ᠂ ᠶᠠᠪᠤᠬᠤ᠂ ᠵᠢᠭᠤᠯᠴᠢᠯᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ︾ ᠤᠨ ᠬᠠᠮᠢᠶ᠎ᠠ ᠪᠦᠬᠦᠢ ᠠᠵᠤ | ᠦᠢᠯᠡᠰ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠳᠠᠶᠢᠴᠢᠯᠠᠨ᠎ᠠ︔ᠬᠥᠳᠡᠭᠡ ᠲᠣᠰᠬᠤᠨ ᠤ ᠰᠣᠳᠣᠨ | ᠠᠷᠠᠳ ᠤᠨ ᠣᠷᠣᠨ ᠰᠠᠭᠤᠴᠠ ᠶᠢ ᠴᠣᠭᠴᠠᠯᠠᠵᠤ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ | ᠥᠷᠭᠡᠵᠢᠨ ᠬᠥᠭᠵᠢᠬᠦ ᠶᠢ ᠳᠡᠮᠵᠢᠵᠦ᠂ ︽ᠬᠤᠨᠤᠭ ᠤᠨ ᠠᠵᠤ ᠠᠬᠤᠢ︾ ︽ᠬᠦᠷᠢᠶ᠎ᠡ ᠬᠠᠰᠢᠶ᠎ᠠ ᠶᠢᠨ ᠠᠵᠤ ᠠᠬᠤᠢ︾ | ︽ᠪᠡᠯᠡᠳᠬᠡᠯ ᠠᠪᠳᠠᠷ᠎ᠠ ᠶᠢᠨ ᠠᠵᠤ ᠠᠬᠤᠢ︾ ᠪᠠ ︽ᠠᠷᠠᠳ ᠤᠨ ᠵᠠᠩ ᠦᠶᠯᠡ ᠶᠢᠨ ᠰᠣᠶᠣᠯ ᠤᠨ ᠠᠵᠤ ᠠᠬᠤᠢ︾ | ᠶᠢ ᠬᠥᠭᠵᠢᠭᠦᠯᠵᠦ᠂ ᠴᠢᠨᠠᠷ ᠰᠠᠶᠢᠲᠠᠢ ︽ᠠᠷᠠᠳ ᠤᠨ ᠣᠷᠣᠨ ᠰᠠᠭᠤᠴᠠ ᠶᠢᠨ ᠠᠵᠤ ᠠᠬᠤᠢ ᠶᠢᠨ ᠲᠣᠭᠤᠷᠢᠭ︾ ᠢ | ᠪᠠᠶᠢᠭᠤᠯᠤᠨ᠎ᠠ᠃︽ᠵᠢᠭᠤᠯᠴᠢᠯᠠᠯ +︾ ᠪᠠ ︽+ ᠵᠢᠭᠤᠯᠴᠢᠯᠠᠯ︾ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠯᠠᠪᠳᠠᠭᠤᠨ ᠢᠶᠠᠷ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠵᠢᠭᠤᠯᠴᠢᠯᠠᠯ ᠤᠨ | ᠦᠢᠯᠡᠰ ᠤᠨ ᠠᠬᠢᠭᠤᠯᠬᠤ ᠪᠠ ᠳᠠᠶᠢᠴᠢᠯᠠᠬᠤ ᠦᠢᠯᠡᠳᠦᠯ᠂ ᠦᠢᠯᠡᠴᠢᠯᠡᠭᠡᠨ ᠤ ᠦᠢᠯᠡᠰ ᠲᠠᠬᠢ ᠬᠥᠳᠡᠯᠭᠡᠭᠦᠷ ᠪᠠ | ᠬᠥᠲᠥᠴᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ |