ᠤᠭ ᠰᠠᠨᠠᠭ᠎ᠠ ᠪᠠᠨ ᠪᠠᠲᠤ ᠰᠠᠬᠢᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠡᠮ ᠡᠮᠨᠡᠯᠭᠡ ᠶᠢᠨ ᠪᠠᠲᠤᠯᠠᠪᠤᠷᠢ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠤᠨ᠎ᠡ
ᠨᠡᠶᠢᠲᠡᠯᠡᠭᠰᠡᠨ ᠴᠠᠭ᠄
2023/5/8
ᠵᠣᠴᠢᠨ᠄          ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠦᠢ ᠬᠤᠩ ᠶᠧᠲᠣᠪᠴᠢᠯᠠᠯ᠄          ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠠᠮ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠢ᠂ ᠡᠪᠡᠳᠴᠢᠨ ᠦᠵᠡᠭᠦᠯᠬᠦ ᠳᠤ ᠦᠨᠡᠲᠡᠢ︾ ᠪᠠᠶᠢᠬᠤ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠪᠥᠬᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠠᠵᠢᠯᠯᠠᠭᠠᠨ ᠲᠣᠭᠲᠠᠭᠤᠨ ᠪᠠᠶᠢᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠠᠮᠤᠷ ᠲᠦᠪᠰᠢᠨ ᠦᠷᠭᠦᠯᠵᠢᠯᠡᠵᠦ᠂ ᠬᠠᠮᠢᠶ᠎ᠠ ᠪᠦᠬᠦᠢ ᠬᠠᠷᠠᠭᠠᠯᠵᠠᠯ ᠲᠣᠭᠲᠠᠭᠤᠨ ᠢᠶᠠᠷ ᠳᠡᠭᠡᠭᠰᠢᠯᠡᠪᠡ᠃ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ          ︽ᠬᠥᠲᠥᠯᠥᠭᠴᠢ︾᠄ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨ᠎ᠠ ᠤᠤ︕ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠪᠤᠯᠤᠩ ᠳᠤ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠡᠮ ᠡᠮᠨᠡᠯᠭᠡ ᠶᠢᠨ ᠪᠠᠲᠤᠯᠠᠭ᠎ᠠ ᠪᠣᠯ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠨᠠᠮ ᠪᠠ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠵᠢᠯ ᠮᠥᠨ᠂ ᠪᠠᠰᠠ ᠴᠤ ᠠᠷᠠᠳ ᠤᠯᠠᠨ ᠤ ᠠᠩᠬᠠᠷᠤᠯ ᠤᠨ ᠲᠥᠪ ᠮᠥᠨ᠃ᠥᠨᠥᠳᠥᠷ᠂ ᠪᠢᠳᠡ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠦᠢ ᠬᠤᠩ ᠶᠧ ᠨᠥᠬᠦᠷ ᠢ ᠤᠷᠢᠵᠤ ᠥᠷᠭᠡᠨ ᠣᠯᠠᠨ ᠰᠦᠯᠵᠢᠶᠡᠨ ᠤ ᠢᠷᠭᠡᠳ ᠲᠠᠢ ᠶᠠᠷᠢᠯᠴᠠᠭᠤᠯᠪᠠ᠃          ︽ᠰᠢᠦᠢ ᠬᠤᠩ ᠶᠧ︾᠄ ᠬᠥᠲᠥᠯᠥᠭᠴᠢ ᠰᠠᠶᠢᠨ ᠤᠤ︕ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ᠡᠶᠢᠮᠦ ᠬᠡᠯᠪᠡᠷᠢ ᠪᠠᠷ ᠤᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 2019 ᠣᠨ ᠤ 3 ᠰᠠᠷ᠎ᠠ ᠳᠤ ᠪᠠᠶᠢᠭᠤᠯᠤᠭᠳᠠᠭᠰᠠᠨ ᠠᠴᠠ ᠨᠠᠰᠢ᠂ ᠪᠢᠳᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ ᠢᠯᠭᠠᠨ ᠲᠣᠳᠣᠷᠬᠠᠶᠢᠯᠠᠵᠤ᠂ ᠡᠷᠬᠡ ᠶᠢᠨ ᠠᠵᠢᠯᠯᠠᠭ᠎ᠠ ᠶᠢ ᠵᠢᠷᠤᠮᠵᠢᠭᠤᠯᠬᠤ ᠪᠠᠷ ᠴᠢᠷᠮᠠᠶᠢᠵᠤ᠂ ᠬᠡᠳᠦᠶᠢᠪᠡᠷ ᠶᠡᠭᠡ ᠬᠡᠮᠵᠢᠶᠡᠨ ᠤ ᠠᠵᠢᠯ ᠬᠢᠭᠰᠡᠨ ᠪᠣᠯᠪᠠᠴᠤ ᠬᠦᠷᠦᠯᠴᠡᠬᠦ ᠦᠭᠡᠢ ᠲᠠᠯ᠎ᠠ ᠪᠠ ᠠᠯᠳᠠᠭ᠎ᠠ ᠳᠤᠲᠠᠭᠳᠠᠯ ᠣᠷᠣᠰᠢᠵᠤ ᠪᠠᠶᠢᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ᠂ ᠪᠢᠳᠡᠨ ᠳᠤ ᠬᠢᠨᠠᠯᠲᠠ ᠲᠠᠯᠪᠢᠵᠤ ᠠᠷᠠᠳ ᠤᠯᠠᠨ ᠳᠤ ᠨᠡᠩ ᠰᠠᠶᠢᠨ ᠦᠢᠯᠡᠴᠢᠯᠡᠭᠦᠯᠬᠦ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠨ᠎ᠠ᠃          ︽ᠬᠥᠲᠥᠯᠥᠭᠴᠢ︾᠄ ᠰᠢᠦᠢ ᠲᠣᠪᠴᠢᠶᠠᠨ ᠳᠠᠷᠤᠭ᠎ᠠ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ  ᠨᠢ ᠮᠠᠨ ᠤ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠤᠮᠳᠠ ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠮᠠᠨ ᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠨᠢ ᠶᠠᠭᠤ ᠪᠣᠶ︖ᠡᠭᠦᠨ ᠳᠤ ᠶᠠᠮᠠᠷ ᠶᠠᠮᠠᠷ ᠳᠣᠲᠣᠭᠠᠳᠤ ᠶᠢᠨ ᠪᠠᠶᠢᠭᠤᠯᠤᠮᠵᠢ ᠪᠠᠭᠲᠠᠬᠤ ᠪᠤᠢ︖          ︽ᠰᠢᠦᠢ ᠬᠤᠩ ᠶᠧ︾᠄ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ᠲᠣᠰ ᠤᠳᠠᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠤᠮᠳᠠ ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠲᠡᠭᠦᠨ ᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠭᠤᠣᠯᠳᠠᠭᠤ ᠭᠤᠷᠪᠠᠨ ᠬᠡᠰᠡᠭ ᠢᠶᠠᠷ ᠨᠡᠶᠢᠯᠡᠭᠦᠯᠦᠨ ᠪᠦᠷᠢᠯᠳᠦᠭᠦᠯᠦᠨ᠎ᠡ᠃ ᠨᠢᠭᠡ ᠳᠤ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠲᠥᠪ ᠪᠣᠯᠤᠭᠰᠠᠨ ᠤ ᠬᠤᠪᠢ ᠳᠤ᠂ ᠪᠦᠬᠦᠯᠢ ᠴᠣᠭᠴᠠ ᠶᠢᠨ ᠡᠭᠦᠷᠭᠡ ᠬᠠᠷᠢᠭᠤᠴᠠᠯᠭ᠎ᠠ ᠶᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠠᠴᠠ ᠬᠤᠪᠢᠶᠠᠷᠢᠯᠡᠨ ᠰᠢᠯᠵᠢᠭᠦᠯᠵᠤ ᠡᠮ ᠡᠮᠨᠠᠯᠭᠡ ᠶᠢᠨ ᠪᠠᠳᠤᠯᠠᠪᠦᠷᠢ ᠶᠢᠨ ᠲᠤᠪᠴᠢᠶ᠎ᠡ ᠪᠤᠯᠭᠠᠪᠡ︔ ᠬᠤᠶᠠᠷ ᠲᠤ ᠡᠮ ᠤᠨ ᠵᠦᠢᠯ ᠪᠠ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠤᠪᠢᠶᠠᠷᠢᠯᠠᠨ ᠰᠢᠯᠵᠢᠭᠦᠯᠦᠨ᠎ᠡ︔ ᠭᠤᠷᠪᠠ ᠳᠤ ᠡᠮ ᠡᠮᠨᠡᠯᠭᠡ ᠶᠢᠨ ᠠᠪᠤᠷᠠᠨ ᠲᠤᠰᠠᠯᠠᠬᠤ ᠡᠭᠦᠷᠭᠡ ᠬᠠᠷᠢᠭᠤᠴᠠᠯᠭ᠎ᠠ ᠶᠢ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠤᠪᠢᠶᠠᠷᠢᠯᠠᠨ ᠰᠢᠯᠵᠢᠭᠦᠯᠦᠨ᠎ᠡ᠃ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠨᠠᠩ ᠲᠣᠳᠣᠷᠬᠠᠢ ᠪᠣᠯᠪᠠ᠃ ᠬᠤᠰᠢᠭᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠳᠣᠲᠣᠭᠠᠳᠤ ᠳᠤ ᠨᠢᠭᠡ ᠲᠠᠰᠤᠭ ᠭᠤᠷᠪᠠᠨ ᠬᠤᠪᠢ ᠨᠢᠭᠡ ᠲᠥᠪ ᠲᠠᠢ᠂ ᠲᠤᠬᠠᠶᠢᠯᠠᠪᠠᠯ ᠠᠯᠪᠠᠨ ᠭᠡᠷ᠂ ᠲᠥᠯᠦᠪᠵᠢᠭᠦᠯᠭᠡ ᠶᠢᠨ ᠡᠳ᠋ ᠤᠨ ᠶᠠᠪᠤᠳᠠᠯ ᠤᠨ ᠲᠠᠰᠤᠭ᠂ ᠣᠯᠭᠤᠮᠵᠢ ᠶᠢᠨ ᠲᠣᠭᠠᠴᠠᠭ᠎ᠠ ᠬᠢᠭᠡᠳ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ᠂ ᠰᠠᠭᠤᠷᠢ ᠮᠥᠩᠭᠦᠨ ᠤ ᠬᠢᠨᠠᠨ ᠬᠠᠮᠢᠶᠠᠷᠤᠯᠲᠠ ᠶᠢᠨ ᠲᠠᠰᠤᠭ ᠲᠠᠢ᠂ ᠳᠣᠣᠷ᠎ᠠ ᠨᠢ ᠬᠤᠰᠢᠭᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠲᠠᠢ᠃ ᠰᠢᠨ᠎ᠡ ᠪᠠᠶᠢᠭᠤᠯᠤᠮᠵᠢ ᠶᠢ ᠪᠠᠶᠢᠭᠤᠯᠤᠭᠰᠠᠨ ᠠᠴᠠ ᠨᠠᠰᠢ᠂ ᠪᠢᠳᠡ︽ᠰᠠᠭᠤᠷᠢ ᠮᠥᠩᠭᠦᠨ ᠤ ᠠᠮᠤᠷ ᠲᠦᠪᠰᠢᠨ ᠢ ᠪᠠᠲᠤᠯᠠᠬᠤ᠂ ᠦᠨᠳᠦᠰᠦᠨ ᠡᠮ ᠡᠮᠨᠡᠯᠭᠡ ᠶᠢ ᠪᠠᠲᠤᠯᠠᠬᠤ᠂ ᠦᠷᠭᠦᠯᠵᠢᠯᠡᠬᠦ ᠬᠥᠭᠵᠢᠯᠲᠡ ᠶᠢ ᠪᠠᠲᠤᠯᠠᠬᠤ︾ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠡᠮ ᠡᠮᠨᠡᠯᠭᠡ ᠶᠢᠨ ᠳᠠᠭᠠᠳᠬᠠᠯ ᠤᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢ ᠨᠡᠶᠢᠳᠬᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠮ ᠡᠮᠨᠡᠯᠭᠡ ᠶᠢᠨ ᠪᠠᠲᠤᠯᠠᠪᠤᠷᠢ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠵᠠᠢ᠃         ︽ᠬᠥᠲᠥᠯᠥᠭᠴᠢ︾᠄ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠠᠶᠢᠭᠤᠯᠤᠭᠳᠠᠭᠰᠠᠨ ᠤ ᠲᠠᠷᠠᠭ᠎ᠠ᠂ ᠭᠤᠣᠯᠳᠠᠭᠤ ᠶᠠᠮᠠᠷ ᠶᠠᠮᠠᠷ ᠠᠵᠢᠯ ᠢ ᠠᠬᠢᠭᠤᠯᠤᠭᠰᠠᠨ ᠪᠠ ᠪᠡᠶᠡᠯᠡᠭᠦᠯᠦᠭᠰᠡᠨ ᠪᠤᠢ︖          ︽ᠰᠢᠦᠢ ᠬᠤᠩ ᠶᠧ︾᠄ ᠮᠠᠨ ᠤ ᠲᠣᠪᠴᠢᠶ᠎ᠠ ᠭᠤᠣᠯᠳᠠᠭᠤ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠪᠡᠶᠡᠯᠡᠭᠦᠯᠵᠡᠢ᠃ᠨᠢᠭᠡ ᠳᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠵᠦ᠂ ᠲᠤᠬᠠᠶᠢᠯᠠᠭᠰᠠᠨ ᠠᠵᠢᠯ ᠢ ᠡᠮᠬᠢ ᠵᠢᠷᠤᠮ ᠲᠠᠢ ᠵᠣᠯᠭᠠᠭᠤᠯᠬᠤ ᠶᠢ ᠤᠷᠤᠭᠰᠢᠲᠠᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠢ ᠬᠡᠪ ᠤᠨ ᠶᠣᠰᠣᠭᠠᠷ ᠶᠠᠪᠤᠭᠳᠠᠭᠤᠯᠪᠠ︔ ᠬᠤᠶᠠᠷ ᠲᠤ᠂ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠨᠠᠮ ᠤᠨ ᠡᠭᠦᠷ ᠢ ᠵᠥᠪᠰᠢᠶᠡᠷᠡᠨ ᠪᠠᠶᠢᠭᠤᠯᠵᠤ᠂ ᠪᠢᠳᠡ ᠰᠤᠷᠤᠯᠴᠠᠯᠭ᠎ᠠ ᠶᠢ ᠨᠠᠷᠢᠨ ᠬᠢᠨᠠᠮᠠᠭᠠᠢ ᠠᠳᠬᠤᠵᠤ᠂ ᠴᠢᠩᠭ᠎ᠠ ᠬᠠᠮᠢᠶᠠᠷᠤᠨ ᠳᠦᠷᠢᠮ ᠢ ᠠᠳᠬᠤᠵᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ︔ ᠭᠤᠷᠪᠠ ᠳᠤ᠂ ᠡᠮ ᠡᠮᠨᠡᠯᠭᠡ ᠶᠢᠨ ᠪᠠᠲᠤᠯᠠᠪᠤᠷᠢ ᠶᠢᠨ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠶᠠᠨ ᠤ ᠬᠡᠪᠴᠢᠶᠡᠨ ᠳᠠᠬᠢ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ︽ᠨᠢᠭᠡ ᠦᠷᠳᠡᠭᠡ ᠶᠢᠨ ᠬᠡᠯᠪᠡᠷᠢ︾ ᠪᠠᠷ ᠳ᠋ᠦᠩᠨᠡᠨ ᠪᠤᠳᠤᠬᠤ᠂︽ᠤᠷᠢᠳᠠᠪᠠᠷ ᠡᠮᠨᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ︾ᠵᠡᠷᠭᠡ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠶᠠᠳᠠᠭᠤ ᠬᠦᠴᠢᠷᠳᠡᠯᠲᠡᠢ ᠬᠥᠮᠥᠰ ᠤᠨ ᠡᠪᠡᠳᠴᠢᠨ ᠠᠴᠠ ᠪᠣᠯᠵᠤ ᠶᠠᠳᠠᠭᠤᠷᠠᠬᠤ᠂ ᠡᠪᠡᠳᠴᠢᠨ ᠠᠴᠠ ᠪᠣᠯᠵᠤ ᠲᠠᠬᠢᠨ ᠶᠠᠳᠠᠭᠤᠷᠠᠬᠤ ᠶᠢ ᠪᠦᠲᠦᠮᠵᠢᠲᠡᠢ ᠰᠡᠷᠭᠡᠶᠢᠯᠡᠨ᠎ᠡ︔ ᠳᠥᠷᠪᠡ ᠳᠤ ᠡᠮ ᠡᠮᠨᠡᠯᠭᠡ ᠶᠢᠨ ᠳᠠᠭᠠᠳᠬᠠᠯ ᠤᠨ ᠮᠥᠩᠭᠦ ᠲᠥᠯᠥᠬᠦ ᠠᠷᠭ᠎ᠠ ᠮᠠᠶ᠋ᠢᠭ ︵DIP︶ ᠤᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠡᠪᠡᠳᠴᠢᠨ ᠤ ᠲᠥᠷᠥᠯ ᠢᠶᠠᠷ ᠮᠥᠩᠭᠦ ᠲᠥᠯᠥᠬᠦ ᠵᠡᠷᠭᠡ ᠠᠷᠭ᠎ᠠ ᠮᠠᠶ᠋ᠢᠭ ᠢ ᠴᠢᠩᠳᠠᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨ ᠬᠦ ᠪᠠᠳᠤᠯᠠᠬᠤ ᠬᠡᠷᠡᠭᠲᠠᠢ︔ ᠲᠠᠪᠤ ᠳᠤ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠯᠡᠯᠴᠡᠭᠡᠷ ᠤᠨ ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠪᠠᠲᠤᠯᠠᠪᠤᠷᠢ ᠶᠢᠨ ᠰᠠᠭᠤᠷᠢ ᠮᠥᠩᠭᠦ ᠶᠢ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠮᠡᠬᠡᠯᠡᠨ ᠠᠪᠬᠤ ᠪᠠ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠬᠦ ᠰᠦᠷ ᠬᠦᠴᠦᠲᠦ ᠪᠠᠶᠢᠳᠠᠯ ᠢ ᠪᠤᠢ ᠪᠣᠯᠭᠠᠵᠤ᠂ ᠰᠠᠭᠤᠷᠢ ᠮᠥᠩᠭᠦᠨ ᠤ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ︽ᠵᠠᠰᠠᠭ ᠤᠨ ᠣᠷᠳᠣᠨ ᠠᠷᠠᠳ ᠤᠨ ᠰᠡᠳᠬᠢᠯ ᠢ ᠣᠯᠵᠤ᠂ ᠤᠯᠠᠨ ᠲᠦᠮᠡᠨ ᠪᠣᠳᠠᠲᠠᠢ ᠠᠰᠢᠭ ᠬᠦᠷᠳᠡᠬᠦ︾ᠰᠠᠶᠢᠨ ᠰᠠᠶᠢᠬᠠᠨ ᠪᠠᠶᠢᠳᠠᠯ ᠢ ᠪᠡᠶᠡᠯᠡᠭᠦᠯᠵᠡᠢ︔ ᠵᠢᠷᠭᠤᠭ᠎ᠠ ᠳᠤ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠦᠨᠡᠮᠯᠡᠯ ᠢ ᠬᠠᠰᠤᠵᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠥᠷᠨᠢᠭᠦᠯᠬᠦ ᠪᠠᠷ ᠳᠠᠮᠵᠢᠭᠤᠯᠤᠨ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠳᠤ ᠠᠷᠪᠢᠲᠠᠢ ᠭᠦᠶᠦᠯᠭᠡᠵᠦ᠂ ᠡᠮᠴᠢᠯᠡᠭᠡᠨ ᠤ ᠳᠠᠭᠠᠳᠬᠠᠯ ᠤᠨ ᠴᠣᠩᠬᠤᠨ ᠳᠤ ︽ᠤᠷᠢᠳᠠᠪᠠᠷ ᠠᠰᠠᠭᠤᠬᠤ ᠬᠠᠷᠢᠭᠤᠴᠠᠯᠭ᠎ᠠ ᠶᠢᠨ ᠳᠦᠷᠢᠮ︾᠂ ︽ᠨᠢᠭᠡ ᠯᠡ ᠤᠳᠠᠭ᠎ᠠ ᠳᠤ ᠮᠡᠳᠡᠭᠳᠡᠬᠦ︾ ᠶᠢ ᠬᠡᠷᠡᠭᠵᠢᠭᠦᠯᠵᠦ᠂ ᠴᠢᠬᠤᠯᠠ ᠪᠤᠰᠤ ᠭᠡᠷᠡᠴᠢᠯᠡᠬᠦ ᠵᠦᠢᠯᠡᠰ ᠤᠨ ᠨᠠᠷᠢᠨ ᠲᠠᠩᠰᠠ ᠶᠢ ᠬᠠᠰᠤᠵᠤ ᠬᠡᠯᠲᠦᠷᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠦᠨ᠎ᠡ︔ ᠲᠤᠯᠤᠭ᠎ᠠ ᠳᠤ᠂ ᠡᠭᠦᠳᠡᠨ ᠡᠮᠨᠡᠯᠭᠡ ᠶᠢ ᠬᠠᠮᠲᠤᠪᠠᠷ ᠲᠡᠳᠬᠦᠵᠦ ᠥᠷᠭᠡᠨ ᠤᠯᠠᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠨ᠎ᠡ᠃2022 ᠣᠨ ᠤ 10 ᠰᠠᠷ᠎ᠠ ᠶᠢᠨ 1 ᠤ ᠡᠳᠦᠷ᠂ ᠤᠯᠠᠭᠠᠨᠴᠠᠪ ᠬᠤᠲᠠ ᠶᠢᠨ ᠬᠢᠨ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠪᠢ ᠬᠥᠮᠥᠨ ᠤ ᠲᠠᠩᠰᠠᠨ ᠡᠷᠦᠬᠡ ᠪᠠ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ ᠪᠦᠲᠦᠴᠡ ᠶᠢᠨ ᠲᠣᠬᠢᠷᠠᠭᠤᠯᠤᠯᠲᠠ ᠪᠠᠷ ᠳᠡᠮᠵᠢᠨ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠴᠢᠳᠠᠮᠵᠢ ᠶᠢ ᠴᠢᠩᠭᠠᠷᠠᠭᠤᠯᠵᠤ᠂ ᠬᠤᠪᠢ ᠬᠥᠮᠥᠨ ᠤ ᠲᠠᠩᠰᠠᠨ ᠡᠷᠦᠬᠡ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠨ᠂ ᠨᠠᠩ ᠣᠯᠠᠨ ᠡᠭᠦᠳᠡᠨ ᠡᠮᠨᠡᠯᠭᠡ ᠶᠢᠨ ᠵᠠᠷᠤᠳᠠᠯ ᠢ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠳᠤ ᠣᠷᠣᠭᠤᠯᠵᠤ᠂ ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠬᠥᠩᠭᠡᠷᠡᠭᠦᠯᠪᠡ᠃ ᠣᠲᠣ ᠪᠣᠯᠲᠠᠯ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠡᠶᠢᠲᠡ 10 ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠨᠢᠭᠡᠨᠲᠡ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢ ᠨᠡᠭᠡᠭᠡᠵᠡᠢ︔ 2023 ᠣᠨ ᠤ 1 ᠰᠠᠷ᠎ᠠ ᠠᠴᠠ 4 ᠰᠠᠷ᠎ᠠ ᠶᠢᠨ 13 ᠤ ᠡᠳᠦᠷ ᠪᠣᠯᠲᠠᠯ᠎ᠠ ᠨᠡᠶᠢᠲᠡ 675 ᠬᠥᠮᠥᠨ ᠤᠳᠠᠭ᠎ᠠ ᠡᠮᠴᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ 13.52 ᠲᠦᠮᠡᠨ ᠲᠥᠭᠦᠷᠢᠭ ᠲᠥᠯᠥᠵᠡᠢ᠃          ︽ᠬᠥᠲᠥᠯᠥᠭᠴᠢ︾᠄ 2023 ᠣᠨ ᠳᠤ᠂ ᠮᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠳᠤ ᠶᠠᠮᠠᠷ ᠶᠠᠮᠠᠷ ᠭᠤᠣᠯᠳᠠᠯᠭ᠎ᠠ ᠲᠠᠢ ᠠᠵᠢᠯ ᠪᠠᠶᠢᠬᠤ ᠪᠣᠶ︖         ︽ᠰᠢᠦᠢ ᠬᠤᠩ ᠶᠧ︾᠄ 2023 ᠣᠨ ᠳᠤ᠂ ᠮᠠᠨ ᠤ ᠲᠣᠪᠴᠢᠶ᠎ᠠ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ᠭᠡᠬᠦ ᠭᠤᠣᠯ ᠰᠡᠳᠦᠪᠲᠦ ᠬᠥᠮᠦᠵᠢᠯ ᠠᠴᠠ ᠪᠤᠢ ᠪᠣᠯᠤᠭᠰᠠᠨ ᠠᠵᠢᠯ ᠤᠨ ᠡᠷᠴᠢ ᠵᠣᠷᠢᠭ ᠪᠣᠯᠣᠨ ᠲᠡᠮᠡᠴᠡᠯ ᠤᠨ ᠵᠣᠷᠢᠭ ᠰᠠᠨᠠᠭ᠎ᠠ ᠶᠢ ᠡᠮ ᠡᠮᠨᠡᠯᠭᠡ ᠶᠢᠨ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠢᠨᠠᠨ ᠬᠠᠮᠢᠶᠠᠷᠬᠤ ᠵᠡᠷᠭᠡ ᠠᠵᠢᠯ ᠢ ᠤᠯᠠᠮ ᠨᠢᠭᠡ ᠠᠯᠬᠤᠮ ᠭᠦᠨᠵᠡᠭᠡᠢ ᠥᠷᠨᠢᠭᠦᠯᠵᠦ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠤᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠤᠨ᠎ᠠ᠃ ᠪᠣᠳᠠᠲᠠᠢ ᠪᠠᠷ ᠬᠡᠯᠡᠪᠡᠯ ᠲᠠᠪᠤᠨ ᠲᠠᠯ᠎ᠠ ᠶᠢᠨ ᠠᠵᠢᠯ ᠢ ᠰᠠᠶᠢᠨ ᠬᠢᠬᠦ ᠬᠡᠷᠡᠭᠲᠡᠢ᠃ ᠨᠢᠭᠡ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠨ ᠲᠠᠲᠠᠪᠤᠷᠢᠯᠠᠨ ᠲᠤᠰᠢᠶᠠᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠪᠠᠷ ᠳᠡᠮᠵᠢᠨ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ᠂ ᠲᠠᠲᠠᠪᠤᠷᠢᠯᠠᠨ ᠲᠤᠰᠢᠶᠠᠬᠤ ᠡᠷᠴᠢᠮ ᠢ ᠴᠢᠩᠭᠠᠷᠠᠭᠤᠯᠤᠨ᠂ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠴᠠᠬᠤ ᠶᠣᠰᠣᠲᠠᠢ ᠶᠢ  ᠨᠢ ᠪᠦᠬᠦᠨ ᠢ ᠪᠠᠲᠤᠯᠠᠵᠤ᠂ ᠣᠯᠭᠤᠮᠵᠢ ᠶᠢᠨ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠨ᠎ᠠ᠃ ᠬᠤᠶᠠᠷ ᠲᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠵᠢ‌ᠡᠮ ᠡᠮᠨᠡᠯᠭᠡ ᠶᠢᠨ ᠳᠠᠭᠠᠳᠬᠠᠯ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠪᠠᠶᠢᠵᠤ᠂ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠨ᠎ᠡ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯ ᠤᠨ ᠲᠥᠯᠥᠪᠯᠡᠭᠡ ᠶᠣᠰᠣᠭᠠᠷ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ᠂ ᠬᠥᠨᠳᠡᠯᠡᠨ ᠪᠢᠴᠢᠭᠡᠰᠦ ᠶᠢ ᠳᠠᠷᠤᠮᠠᠯᠯᠠᠬᠤ ᠪᠠᠷ ᠳᠠᠮᠵᠢᠭᠤᠯᠤᠨ ᠡᠯ᠎ᠡ ᠰᠢᠶᠠᠩ ᠪᠠᠯᠭᠠᠰᠤ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠳᠤ ᠲᠠᠷᠬᠠᠭᠠᠨ᠎ᠠ︔ ᠡᠯ᠎ᠡ ᠰᠢᠶᠠᠩ ᠪᠠᠯᠭᠠᠰᠤ ᠵᠢᠴᠢ ᠡᠯ᠎ᠡ ᠲᠣᠰᠬᠤᠨ ︵ᠨᠡᠶᠢᠭᠡᠮ ᠲᠣᠭᠤᠷᠢᠭ︶ ᠳᠤ ᠬᠦᠷᠴᠦ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠤᠬᠠᠭᠤᠯᠤᠨ ᠪᠣᠯᠪᠠᠰᠤᠷᠠᠭᠤᠯᠬᠤ ᠠᠵᠢᠯ ᠢ ᠤᠯᠠᠮ ᠨᠢᠭᠡ ᠠᠯᠬᠤᠮ ᠭᠦᠨᠵᠡᠭᠡᠢ ᠥᠷᠨᠢᠭᠦᠯᠦᠨ᠂ ᠡᠩ ᠤᠨ ᠰᠠᠭᠤᠭᠠᠯᠢ ᠠᠷᠠᠳ ᠵᠢᠴᠢ ᠶᠠᠳᠠᠭᠤ ᠬᠦᠴᠢᠷᠳᠡᠯᠲᠡᠢ ᠬᠥᠮᠥᠰ ᠤᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠭᠤᠷᠪᠠ ᠳᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠡᠬᠡᠯᠡᠨ ᠬᠢᠬᠠᠬᠤ ᠳᠠᠭᠠᠳᠬᠠᠯ ᠢ ᠮᠡᠬᠡᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠮᠡᠬᠡᠯᠡᠨ ᠬᠢᠬᠠᠬᠤ ᠪᠠ ᠳᠠᠭᠠᠳᠬᠠᠯ ᠢ ᠮᠡᠬᠡᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠢ ᠬᠠᠮᠠᠭᠠᠯᠠᠬᠤ ᠪᠣᠯ ᠮᠠᠨ ᠤ ᠲᠣᠪᠴᠢᠶᠠᠨ ᠤ ᠡᠨᠡ ᠵᠢᠯ ᠤᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠃ ᠳᠥᠷᠪᠡ ᠳᠤ ᠡᠮ ᠡᠮᠨᠡᠯᠭᠡ ᠶᠢᠨ ᠳᠠᠭᠠᠳᠬᠠᠯ ᠢᠶᠠᠷ ᠶᠠᠳᠠᠭᠤ ᠶᠢ ᠲᠡᠳᠬᠦᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠲᠣᠭᠲᠠᠮᠠᠯ ᠬᠤᠭᠤᠴᠠᠭ᠎ᠠ ᠲᠠᠢ ᠪᠠᠷ ᠰᠢᠰᠲ᠋ᠧᠮ ᠤᠨ ᠬᠠᠷᠢᠴᠠᠭᠤᠯᠤᠯ ᠬᠢᠵᠦ᠂ ᠤᠯᠤᠰ ᠤᠨ ᠲᠡᠳᠬᠦᠮᠵᠢ ᠶᠢᠨ ᠰᠢᠰᠲ᠋ᠧᠮ ᠤᠨ ᠠᠵᠢᠯᠲᠠᠨ ᠬᠤᠪᠢᠷᠠᠯᠲᠠ ᠲᠠᠢ ᠦᠶ᠎ᠡ ᠳᠤ᠂ ᠡᠮᠴᠢᠯᠡᠭᠡᠨ ᠤ ᠳᠠᠭᠠᠳᠬᠠᠯ ᠤᠨ ᠰᠢᠰᠲ᠋ᠧᠮ ᠬᠢᠭᠡᠳ ᠤᠯᠤᠰ ᠤᠨ ᠲᠡᠳᠬᠦᠮᠵᠢ ᠶᠢᠨ ᠰᠢᠰᠲ᠋ᠧᠮ ᠤᠨ ᠬᠠᠷᠢᠴᠠᠭᠤᠯᠤᠯ ᠬᠢᠬᠦ ᠠᠵᠢᠯ ᠢ ᠴᠠᠭ ᠲᠤᠬᠠᠢ ᠳᠤᠨᠢ ᠬᠢᠵᠦ᠂ ᠤᠯᠤᠰ ᠤᠨ ᠲᠡᠳᠬᠦᠮᠵᠢ ᠶᠢᠨ ᠰᠢᠰᠲ᠋ᠧᠮ ᠤᠨ ᠳᠣᠲᠣᠷᠠᠬᠢ ᠳᠠᠭᠠᠳᠬᠠᠯ ᠳᠤ ᠣᠷᠣᠯᠴᠠᠬᠤ ᠶᠣᠰᠣᠲᠠᠢ ᠶᠠᠳᠠᠭᠤ ᠬᠦᠴᠢᠷᠳᠡᠯᠲᠡᠢ ᠬᠥᠮᠥᠰ ᠤᠨ 100% ᠪᠠᠷ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠦᠨᠡᠨ ᠬᠦ ᠪᠠᠲᠤᠯᠠᠨ᠎ᠠ︔ ᠲᠠᠪᠤ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ︽ᠨᠠᠮ ᠳᠠᠭᠠᠨ ᠦᠨᠡᠨᠴᠢ᠂ ᠪᠠᠷᠢᠮᠵᠢᠶ᠎ᠠ ᠪᠠᠷ ᠥᠨᠳᠥᠷ᠂ ᠳᠦᠷᠢᠮ ᠢᠶᠠᠷ ᠴᠢᠩᠭ᠎ᠠ᠂ ᠠᠷᠭ᠎ᠠ ᠬᠡᠮᠵᠢᠶ᠎ᠡ ᠪᠠᠷ ᠴᠢᠩᠭ᠎ᠠ᠂ ᠠᠵᠢᠯ ᠳᠠᠭᠠᠨ ᠪᠣᠳᠠᠲᠠᠢ᠂ ᠥᠪᠡᠷ ᠢᠶᠠᠨ ᠲᠣᠳᠣᠷᠬᠠᠢ︾ ᠡᠮᠴᠢᠯᠡᠭᠡᠨ ᠤ ᠪᠠᠲᠤᠯᠠᠭ᠎ᠠ ᠶᠢᠨ ᠡᠩᠨᠡᠭᠡ ᠶᠢ ᠴᠢᠷᠮᠠᠶᠢᠨ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠮᠠᠨ ᠤ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠶᠢ ᠰᠠᠶᠢᠲᠤᠷ ᠬᠢᠬᠦ ᠬᠡᠷᠡᠭᠲᠡᠢ᠃          ︽ᠬᠥᠲᠥᠯᠥᠭᠴᠢ︾᠄ ᠵᠠ᠂ ᠰᠠᠶ᠋ᠢᠬᠠᠨ ᠰᠢᠦᠢ ᠲᠣᠪᠴᠢᠶᠠᠨ ᠳᠠᠷᠤᠭ᠎ᠠ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠭᠤᠣᠯ ᠲᠤᠰᠢᠶᠠᠯ ᠬᠠᠷᠢᠭᠤᠴᠠᠯᠭ᠎ᠠ᠂ ᠡᠮ ᠡᠮᠨᠡᠯᠭᠡ ᠶᠢᠨ ᠪᠠᠲᠤᠯᠠᠭ᠎ᠠ ᠶᠢᠨ ᠬᠤᠶᠢᠰᠢᠳᠠ ᠶᠢᠨ ᠭᠤᠣᠯᠳᠠᠯᠭ᠎ᠠ ᠲᠠᠢ ᠠᠵᠢᠯ ᠤᠨ ᠲᠤᠬᠠᠢ ᠰᠦᠯᠵᠢᠶᠡᠨ ᠤ ᠨᠠᠶᠢᠵᠠ ᠨᠠᠷ ᠲᠠᠢ ᠰᠠᠨᠠᠯ ᠢᠶᠠᠨ ᠰᠣᠯᠢᠯᠴᠠᠪᠠ᠃ ᠲᠣᠪᠴᠢᠶᠠᠨ ᠳᠠᠷᠤᠭ᠎ᠠ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠳᠤ ᠬᠦᠷᠴᠦ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠳᠤ ᠣᠷᠣᠯᠴᠠᠭᠰᠠᠨ ᠳᠤ ᠲᠤᠶᠢᠯ ᠢᠶᠠᠷ ᠪᠠᠶᠠᠷᠯᠠᠵᠤ ᠪᠠᠶᠢᠨ᠎ᠠ᠂ ᠡᠭᠦᠨ ᠤ ᠵᠡᠷᠭᠡ ᠳᠤ ᠰᠦᠯᠵᠢᠶᠡᠨ ᠠᠨᠳᠠ ᠨᠠᠷ ᠤᠨ ᠬᠠᠯᠠᠭᠤᠨ ᠰᠡᠳᠬᠢᠯ ᠢᠶᠠᠷ ᠣᠷᠣᠯᠴᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠲᠣᠰ ᠤᠳᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠷᠠᠭᠠᠴᠢ ᠶᠢᠨ ᠬᠤᠭᠤᠴᠠᠭᠠᠨ ᠤ ᠫᠷᠣᠭ᠍ᠷᠠᠮ ᠳᠤ ᠪᠠᠶᠠᠷᠲᠠᠢ ᠵᠣᠯᠭᠠᠶ᠎ᠠ᠃
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号